2018 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2019/1/14
     2019 ᠤᠨ ᠤ 1 ᠰᠠᠷ᠎ᠠ ᠶᠢᠨ 5 ᠤ ᠡᠳᠦᠷ ᠦᠶᠤᠸᠠᠨ ᠰᠢᠶᠠᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠳᠡᠭᠡᠷ᠎ᠡ            ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠢᠶᠠᠨ ᠤ ᠲᠠᠷᠤᠭ᠎ᠠ                                                          ᠵᠠᠩ ᠭᠤᠸᠠᠩ ᠮᠢᠩᠡᠷᠬᠢᠮ ᠲᠥᠯᠥᠭᠡᠯᠡᠭᠴᠢᠳ ᠡ᠄      ᠣᠳᠣ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠤ︕ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠤᠯᠤᠨ ᠬᠤᠷᠠᠯ ᠳᠤ ᠣᠷᠣᠯᠴᠠᠭᠰᠠᠳ ᠰᠠᠨᠠᠯ ᠢᠶᠠᠨ ᠲᠣᠷᠠᠳᠬᠤ ᠪᠤᠯᠪᠠᠤ᠃      ᠨᠢᠭᠡ᠂ 2018 ᠣᠨ ᠤ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠳᠤ᠂ ᠮᠠᠨ ᠤ ᠰᠢᠶᠠᠨ ᠠᠵᠠ ᠵᠠᠪᠰᠢᠶᠠᠨ ᠢ ᠠᠰᠢᠭᠯᠠᠵᠤ᠂ ᠴᠦᠬᠦᠷᠠᠰᠢ ᠦᠭᠡᠢ ᠴᠢᠷᠮᠠᠶᠢᠨ ᠤᠷᠤᠭᠰᠢᠯᠠᠵᠤ᠂ ᠡᠯᠪᠡᠭ ᠣᠯᠣᠯᠳᠠ ᠶᠢ ᠣᠯᠣᠭᠰᠠᠨ ᠪᠠᠶᠢᠨ᠎ᠠ᠃ ᠡᠨᠡ ᠨᠢᠭᠡ ᠵᠢᠯ ᠳᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠯᠬᠦᠮᠳᠡᠨ ᠨᠢᠭᠲᠠᠷᠠᠵᠤ᠂ ᠬᠠᠲᠠᠭᠤᠵᠢᠯᠲᠠᠢ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠠᠶᠢᠭᠡᠮ ᠤᠨ ᠬᠥᠭᠵᠢᠯᠲᠡ ᠶᠢᠨ ᠰᠢᠨ᠎ᠡ ᠦᠰᠦᠷᠦᠯᠲᠡ ᠶᠢ ᠪᠡᠶᠡᠯᠡᠭᠦᠯᠦᠭᠰᠡᠨ ᠪᠠᠶᠢᠨ᠎ᠠ᠃ ᠭᠤᠣᠯᠳᠠᠭᠤ᠄      — ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠶᠡᠷᠤᠩᠬᠡᠶᠢᠯᠡᠭᠰᠡᠨ ᠬᠦᠴᠦᠨ ᠢᠶᠠᠨ ᠦᠷᠭᠦᠯᠵᠢᠯᠡᠨ ᠳᠡᠭᠡᠭᠰᠢᠯᠡᠭᠦᠯᠪᠡ᠃ ᠵᠢᠱᠢᠭᠰᠡᠨ ᠢᠶᠠᠷ᠂ ᠣᠷᠣᠨ ᠨᠤᠲᠤᠭ ᠤᠨ ᠦᠢᠯᠡᠳᠪᠤᠷᠢᠯᠡᠯ ᠤᠨ ᠶᠡᠷᠤᠩᠬᠡᠢ ᠥᠷᠲᠡᠭ ᠨᠢ 90.9 ᠳ᠋ᠦᠩᠰᠢᠭᠤᠷ ᠲᠦᠭᠦᠷᠢᠭ ᠲᠤ ᠬᠦᠷᠴᠦ᠂ 4.3% ᠪᠠᠷ ᠨᠡᠮᠡᠭᠳᠡᠪᠡ᠃ ᠣᠯᠠᠨ ᠨᠡᠶᠢᠲᠡ ᠶᠢᠨ ᠲᠦᠰᠦᠪ ᠤᠨ ᠣᠷᠣᠯᠭ᠎ᠠ 3.5 ᠳ᠋ᠦᠩᠰᠢᠭᠤᠷ ᠲᠦᠭᠦᠷᠢᠭ ᠲᠤ ᠬᠦᠷᠴᠦ᠂ 6% ᠪᠠᠷ ᠨᠡᠮᠡᠭᠳᠡᠪᠡ᠃ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠨᠢ 21 ᠳ᠋ᠦᠩᠰᠢᠭᠤᠷ ᠲᠥᠭᠦᠷᠢᠭ ᠲᠤ ᠬᠦᠷᠪᠡ᠃ ᠨᠡᠶᠢᠭᠡᠮ ᠤᠨ ᠬᠡᠷᠡᠭᠯᠡᠭᠡᠨ ᠤ ᠰᠤᠯᠠ ᠪᠠᠷ ᠪᠤᠷᠤᠯᠠᠭᠤᠯᠬᠤ ᠶᠡᠷᠦᠩᠬᠡᠢ ᠬᠡᠮᠵᠢᠶ᠎ᠡ ᠨᠢ 34.6 ᠳ᠋ᠦᠩᠰᠢᠭᠤᠷ ᠲᠦᠭᠦᠷᠢᠭ ᠲᠤ ᠬᠦᠷᠴᠦ᠂ 8.5% ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠲᠤᠮᠳᠠᠴᠢ ᠡᠵᠡᠮᠳᠠᠵᠤ ᠪᠣᠯᠬᠤᠶᠢᠴᠠ ᠣᠷᠣᠯᠭ᠎ᠠ ᠨᠢ ᠲᠤᠰ ᠲᠤᠰ 30205 ᠲᠦᠭᠦᠷᠢᠭ ᠪᠣᠯᠣᠨ 17965 ᠲᠦᠭᠦᠷᠢᠭ ᠬᠦᠷᠴᠦ᠂ ᠲᠤᠰ ᠪᠦᠷᠢ ᠳᠤ 7.5% ᠪᠣᠯᠤᠨ 8 % ᠪᠠᠷ ᠨᠡᠮᠡᠭᠳᠡᠪᠡ︔ 444 ᠡᠯ᠎ᠡ ᠲᠦᠷᠦᠯ ᠤᠨ ᠲᠦᠰᠦᠯ ᠢ ᠲᠡᠮᠡᠴᠡᠨ ᠣᠯᠵᠤ᠂ ᠪᠡᠯᠡᠳᠦᠭᠰᠡᠨ ᠬᠥᠷᠥᠩᠭᠡ ᠨᠢ 17.1 ᠳ᠋ᠦᠩᠰᠢᠭᠤᠷ ᠲᠦᠭᠦᠷᠢᠭ ᠬᠦᠷᠪᠡ᠃ ᠲᠡᠯᠡᠬᠡᠢ ᠶᠢᠨ ᠨᠠᠷᠠᠨ ᠬᠤᠸᠠᠷ ᠤᠨ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ᠂ ᠪᠦᠬᠦ ᠤᠯᠤᠰ ᠤᠨ ᠬᠤᠵᠢᠷᠯᠢᠭ ᠭᠠᠵᠠᠷ ᠢ ᠰᠠᠶᠢᠵᠢᠷᠠᠭᠤᠯᠬᠤ ᠳᠡᠭᠡᠳᠦ ᠲᠡᠰ ᠤᠨ ᠶᠠᠷᠢᠶᠠᠨ ᠤ ᠲᠠᠪᠴᠠᠩ᠂ ᠪᠦᠬᠦ ᠤᠷᠤᠨ ᠤ ᠭᠠᠵᠠᠷ ᠰᠢᠷᠤᠢ ᠶᠢ ᠨᠣᠭᠤᠭᠠᠷᠠᠭᠤᠯᠬᠤ ᠵᠡᠷᠭᠡ 17 ᠲᠤᠬᠠᠢ ᠶᠢᠨ ᠭᠠᠵᠠᠷ ᠲᠠᠬᠢ ᠬᠤᠷᠠᠯ ᠢ ᠠᠮᠵᠢᠯᠲᠠ ᠲᠠᠢ ᠡᠷᠬᠢᠯᠡᠪᠡ᠃ ᠪᠦᠬᠦ ᠤᠯᠤᠰ ᠤᠨ ᠨᠢᠭᠡ᠂ ᠬᠤᠶᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠭᠦᠯᠬᠦ ᠤᠳᠤᠷᠢᠳᠬᠤ ᠣᠷᠣᠨ᠂ ᠪᠦᠬᠦ ᠤᠯᠤᠰ ᠤᠨ ᠬᠥᠳᠡᠭᠡ ᠲᠣᠰᠬᠤᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠨᠡᠶᠢᠳᠡᠯᠢᠭ ᠰᠢᠶᠠᠨ᠂ ᠪᠦᠬᠦ ᠤᠯᠤᠰ ᠤᠨ ︽ᠲᠦᠷᠪᠡᠨ ᠰᠠᠶᠢᠨ ᠲᠤᠰᠬᠤᠨ ᠤ ᠵᠠᠮ︾ ᠤᠨ ᠵᠢᠱᠢᠶᠡᠴᠢ ᠰᠢᠶᠡᠨ ᠵᠡᠷᠭᠡ 69 ᠢᠷᠠᠭᠤ ᠠᠯᠳᠠᠷ ᠢ ᠲᠡᠤᠬᠡᠨ ᠬᠠᠭᠤᠳᠠᠰᠤᠨ ᠳᠤ ᠲᠡᠮᠳᠡᠭᠯᠡᠵᠡᠢ᠃ ᠦᠶᠤᠸᠠᠨ ᠤ ᠦᠵᠡᠰᠭᠦᠯᠡᠩ ᠤᠨ ᠬᠡᠮᠵᠢᠶ᠎ᠡ᠂ ᠨᠥᠯᠥᠭᠡᠯᠡᠬᠦ ᠬᠦᠴᠦᠨ ᠪᠣᠯᠤᠨ ᠦᠶᠤᠸᠠᠨ ᠤ ᠠᠷᠠᠳ ᠲᠦᠮᠡᠨ ᠤ ᠢᠲᠡᠭᠡᠯ ᠤᠨ ᠬᠦᠴᠦᠨ ᠲᠠᠰᠤᠷᠠᠯᠳᠠ ᠦᠭᠡᠢ ᠨᠡᠮᠡᠭᠳᠡᠪᠡ᠃      — ᠠᠰᠠᠭᠤᠳᠠᠯ ᠢᠶᠠᠷ ᠵᠦᠭᠯᠡᠭᠦᠯᠬᠦ ᠶᠢ ᠪᠠᠷᠢᠮᠲᠠᠯᠠᠵᠤ᠂ ᠭᠤᠷᠪᠠᠨ ᠶᠡᠭᠡ ᠰᠢᠪᠲᠤᠯᠤᠯᠲᠠ ᠶᠢᠨ ᠰᠠᠶᠢᠨ ᠡᠬᠢᠯᠡᠯᠲᠡ ᠶᠢ ᠣᠯᠪᠠ᠃ ᠠᠶᠤᠯ ᠲᠦᠭᠰᠢᠭᠦᠷᠢ ᠶᠢ ᠰᠡᠷᠭᠡᠶᠢᠯᠡᠬᠦ ᠪᠣᠯᠤᠨ ᠥᠷᠢ ᠥᠭᠴᠡᠭᠡ ᠶᠢ ᠰᠢᠢᠳᠪᠦᠷᠢᠯᠡᠬᠦ ᠬᠤᠶᠡᠷ ᠶᠡᠭᠡ ᠠᠰᠠᠭᠤᠳᠠᠯ ᠳᠤ ᠲᠥᠪᠯᠡᠷᠡᠵᠦ᠂ ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠢ ᠪᠦᠬᠦ ᠲᠠᠯ᠎ᠠ ᠪᠠᠷ ᠠᠷᠢᠭᠤᠳᠬᠠᠵᠤ᠂ ᠵᠠᠰᠠᠭ ᠤᠨ ᠣᠷᠳᠣᠨ ᠤ 8.8 ᠳ᠋ᠦᠩᠰᠢᠭᠤᠷ ᠲᠦᠭᠦᠷᠢᠭ ᠤᠨ ᠥᠷᠢ ᠥᠭᠴᠡᠭᠡ ᠶᠢ ᠰᠢᠢᠳᠪᠦᠷᠢᠯᠡᠵᠤ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ︽ᠨᠠᠷᠢᠨ ᠣᠨᠣᠪᠴᠢᠲᠠᠢ︾᠂ ︽ᠠᠵᠤ ᠦᠢᠯᠡᠰ︾ ᠂ ︽ᠡᠭᠦᠷᠭᠡ ᠬᠠᠷᠢᠭᠤᠴᠠᠯᠭ᠎ᠠ︾ ᠭᠡᠬᠦ ᠭᠤᠷᠪᠠᠨ‌ᠵᠠᠩᠭᠢᠯᠠᠭ᠎ᠠ ᠶᠢᠨ ᠦᠭᠡ ᠲᠠᠢ ᠵᠣᠬᠢᠴᠠᠭᠤᠯᠤᠨ ᠪᠦᠬᠦ ᠲᠠᠯ᠎ᠠ ᠪᠠᠷ ︽ᠲᠠᠪᠤᠨ ᠨᠢᠭᠡ ᠪᠦᠯᠦᠭ︾ ᠤᠨ ᠠᠵᠢᠯ ᠤᠨ ᠠᠷᠭ᠎ᠠ ᠶᠢ ᠲᠦᠯᠬᠢᠨ ᠠᠬᠢᠭᠤᠯᠵᠤ᠂ ︽ᠵᠠᠭᠤᠨ ᠦᠢᠯᠡᠳᠪᠦᠷᠢ ᠵᠠᠭᠤᠨ ᠬᠦᠷᠢᠶᠡᠯᠡᠩ ᠲᠦᠮᠡᠨ ᠡᠷᠦᠬᠡ︾ ᠶᠢᠨ ᠶᠠᠳᠠᠭᠤ ᠶᠢ ᠳᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠪᠦᠬᠦ ᠰᠢᠶᠠᠨ ᠤ 7482 ᠨᠡᠷᠡᠰ ᠳᠠᠩᠰᠠ ᠡᠪᠬᠡᠮᠡᠯ ᠳᠤ ᠲᠡᠮᠳᠡᠭᠯᠡᠭᠳᠡᠵᠦ ᠪᠠᠶᠢᠭ᠎ᠠ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠲᠣᠭᠲᠠᠪᠤᠷᠢ ᠲᠠᠢ ᠶᠠᠳᠠᠭᠤ ᠠᠴᠠ ᠠᠩᠭᠢᠵᠢᠷᠠᠭᠤᠯᠤᠨ᠂ ᠪᠦᠬᠦ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠶᠠᠳᠠᠭᠤ ᠠᠴᠠ ᠠᠩᠭᠢᠵᠢᠷᠠᠭᠰᠠᠨ ᠰᠢᠶᠠᠨ ᠪᠣᠯᠪᠠ᠃ ᠨᠠᠮ ᠤᠨ ᠲᠦᠪ ᠬᠤᠷᠢᠶᠠᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠡᠨ ᠪᠠᠶᠢᠴᠠᠭᠠᠯᠳᠠ ᠶᠢ ᠪᠠᠷᠢᠮᠲᠠᠯᠠᠵᠤ᠂ ᠪᠦᠬᠦ ᠬᠡᠪᠴᠢᠶᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠳᠠᠯ ᠢ ᠣᠶᠢᠯᠠᠭᠠᠬᠤ ᠶᠢ ᠲᠦᠯᠬᠢᠨ ᠠᠬᠢᠭᠤᠯᠵᠤ᠂ ᠶᠡᠭᠡ ᠬᠡᠪᠴᠢᠶ᠎ᠡ ᠪᠠᠷ ᠰᠢᠯᠭᠠᠨ ᠪᠠᠶᠢᠴᠠᠭᠠᠵᠤ᠂ ᠶᠡᠭᠡ ᠬᠡᠪᠴᠢᠶ᠎ᠡ ᠪᠠᠷ ᠴᠡᠭᠴᠡᠯᠡᠨ ᠵᠠᠰᠠᠵᠤ᠂ ᠨᠡᠭᠦᠷᠡᠰᠦ ᠰᠢᠲᠠᠭᠠᠳᠠᠭ ᠪᠠᠭ᠎ᠠ ᠬᠡᠯᠪᠡᠷᠢ ᠶᠢᠨ ᠠᠭᠤᠷ ᠤᠨ ᠲᠣᠭᠤᠭ᠎ᠠ 21 ᠶᠢ ᠨᠤᠷᠠᠭᠠᠵᠤ᠂ 40 ᠡᠷᠦᠬᠡ ᠬᠠᠶᠢᠷ ᠰᠢᠷᠦᠢ ᠶᠢᠨ ᠠᠭᠤᠷᠬᠠᠢ᠂ ᠲᠣᠭᠤᠰᠬ᠎ᠠ ᠶᠢᠨ ᠦᠢᠯᠡᠳᠪᠦᠷᠢ ᠶᠢ ᠴᠡᠭᠴᠡᠯᠡᠨ ᠵᠠᠰᠠᠵᠤ᠂ ᠪᠤᠵᠠᠷ ᠤᠰᠤ ᠶᠢ ᠲᠠᠬᠢᠨ ᠠᠰᠢᠭᠯᠠᠬᠤ ᠤᠰᠤᠨ ᠦᠢᠯᠡᠳᠪᠦᠷᠢ ᠶᠢᠨ ᠪᠠᠶᠢᠭᠤᠯᠤᠯᠲᠠ᠂ ᠪᠤᠬᠢᠷᠳᠤᠯ ᠤᠰᠤ ᠶᠢ ᠴᠡᠪᠡᠷᠰᠢᠭᠦᠯᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠪᠠᠶᠢᠭᠤᠯᠤᠯᠲᠠ ᠶᠢ ᠬᠡᠷᠡᠭᠵᠢᠭᠦᠯᠵᠦ᠂ ᠤᠰᠤᠨ ᠤ ᠪᠤᠬᠢᠷᠳᠤᠯ ᠤᠨ ᠡᠬᠢ ᠶᠢ ᠵᠠᠰᠠᠵᠤ ᠪᠣᠬᠢᠷᠳᠤᠯ ᠤᠰᠤ ︽ᠳᠠᠯᠠᠢ ᠳᠤ ᠣᠷᠤᠬᠤ ᠦᠭᠡᠢ︾ ᠵᠢᠯ ᠤᠨ ᠬᠠᠷᠠᠯᠲᠠ ᠶᠢ ᠠᠮᠵᠢᠯᠳᠠ ᠲᠠᠢ ᠪᠡᠶᠡᠯᠡᠭᠦᠯᠪᠡ᠃ ︽ᠲᠦᠷᠪᠠ ᠶᠢ ᠬᠢᠵᠠᠭᠠᠷᠯᠠᠬᠤ︾ ᠠᠵᠢᠯᠯᠠᠭ᠎ᠠ ᠶᠢ ᠦᠷᠬᠡᠨ ᠬᠡᠪᠴᠢᠶᠠᠳᠠᠢ ᠶᠠᠪᠤᠬᠳᠠᠭᠤᠯᠵᠤ᠂ ᠤᠰᠤ ᠪᠤᠷᠳᠤᠭᠤᠷ ᠨᠢᠭᠡᠴᠢᠯᠡᠭᠰᠡᠨ ᠲᠠᠷᠢᠶ᠎ᠡ 3.5 ᠲᠦᠮᠡᠨ ᠮᠦ ᠳᠡᠯᠭᠡᠷᠡᠭᠦᠯᠵᠦ᠂ ᠪᠤᠷᠳᠤᠭᠤᠷ ᠬᠢᠵᠠᠭᠠᠷᠯᠠᠵᠤ 57 ᠲᠦᠮᠡᠨ ᠮᠦ ᠶᠢᠨ ᠠᠰᠢᠭ ᠢ ᠨᠡᠮᠡᠭᠳᠡᠭᠦᠯᠤᠨ᠂ ᠶᠡᠷᠤᠩᠬᠡᠢ ᠰᠡᠷᠭᠡᠶᠢᠯᠡᠯᠲᠡ ᠵᠠᠰᠠᠯᠳᠠ ᠪᠣᠯᠤᠨ ᠪᠣᠬᠢᠷᠲᠤᠯ ᠦᠭᠡᠢ ᠰᠡᠷᠭᠡᠶᠢᠯᠡᠨ ᠬᠠᠮᠠᠭᠠᠯᠠᠯᠲᠠ 168 ᠲᠦᠮᠡᠨ ᠮᠦ ᠬᠦᠷᠴᠦ᠂ ᠲᠠᠷᠢᠶᠠᠨ ᠤ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠤᠨ ᠪᠤᠴᠠᠭᠠᠨ ᠠᠪᠬᠤ ᠬᠡᠮᠵᠢᠶ᠎ᠡ ᠨᠢ ᠪᠦᠬᠦ ᠬᠤᠳᠠ ᠳᠤ ᠪᠠᠨ ᠲᠡᠷᠢᠭᠦᠯᠡᠪᠠ᠃      — ᠲᠠᠷᠢᠶᠠᠯᠠᠩ ᠠᠵᠤ ᠠᠬᠤᠢ ᠬᠥᠳᠡᠭᠡ ᠲᠤᠰᠬᠤᠨ ᠢ ᠲᠡᠷᠢᠬᠦᠨ ᠪᠠᠶᠢᠷᠢᠨ ᠳᠤ ᠪᠠᠶᠢᠬᠤ ᠶᠢ ᠪᠠᠷᠢᠮᠲᠠᠯᠠᠵᠤ᠂ ᠬᠥᠳᠡᠭᠡ ᠲᠤᠰᠬᠤᠨ ᠤ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠬᠦ ᠰᠢᠶᠠᠨ ᠤ ᠬᠥᠳᠡᠭᠡ ᠲᠤᠰᠬᠤᠨ ᠤ ᠬᠥᠭᠵᠢᠯᠲᠡ ᠶᠢᠨ ᠲᠦᠯᠦᠪᠯᠡᠭᠡ ᠶᠢᠨ ᠬᠢᠨᠠᠯᠲᠠ ᠶᠢ ᠭᠦᠢᠴᠡᠳᠭᠡᠪᠡ᠃ ᠠᠯᠲᠠᠨ ᠲᠠᠯ᠎ᠠ ᠨᠤᠳᠤᠭ ᠢᠳᠡᠰᠢᠨ ᠦᠬᠡᠷ ᠬᠤᠨᠢ ᠶᠢᠨ ᠦᠷᠡᠵᠢᠭᠦᠯᠬᠦ ᠲᠠᠯᠠᠪᠠᠢ᠂ ᠲᠠᠷᠬᠤ ᠪᠠᠯᠭᠠᠰᠤᠨ ᠤ ᠮᠢᠩᠭᠠᠨ ᠮᠦ ᠠᠵᠤ ᠠᠬᠤᠢ ᠶᠢᠨ ᠣᠢ ᠶᠢᠨ ᠳᠠᠭᠤᠷᠢᠶᠠᠯ ᠦᠵᠡᠭᠦᠯᠬᠦ ᠬᠦᠷᠢᠶᠡᠯᠡᠩ ᠵᠡᠷᠭᠡ 138 ᠭᠦᠷᠢᠶᠡᠯᠡᠩ ᠢ ᠲᠡᠰ ᠲᠠᠪᠰᠢᠭᠤᠯᠵᠤ᠂ ᠴᠦ ᠾᠧ᠂ ᠶᠥᠩ ᠯᠢᠶᠠᠨ ᠵᠡᠷᠭᠡ 11 ᠶᠡᠷᠦᠩᠬᠡᠶᠢᠯᠡᠭᠰᠡᠨ ᠲᠠᠷᠢᠶᠠᠯᠠᠩ ᠤᠨ ᠦᠨᠳᠦᠷ ᠪᠠᠷᠢᠮᠵᠢᠶᠠᠳᠤ ᠪᠦᠳᠦᠭᠡᠨ ᠪᠠᠶᠢᠭᠤᠯᠤᠯᠳᠠ ᠨᠢ ᠣᠷᠣᠨ ᠤ ᠶᠡᠷᠦᠩᠬᠡᠶᠢᠯᠡᠭᠰᠡᠨ ᠲᠠᠷᠢᠶᠠᠯᠠᠩ ᠤᠨ ᠲᠤᠷᠰᠢᠯᠲᠠ ᠶᠢᠨ ᠰᠢᠶᠠᠨ ᠪᠣᠯᠵᠠᠢ᠃ ᠲᠥᠬᠦᠭᠡᠷᠦᠮᠵᠢᠲᠦ ᠲᠠᠷᠢᠶᠠᠯᠠᠩ᠂ ᠨᠠᠷᠠᠨ ᠬᠤᠸᠠᠷ᠂ ᠢᠳᠡᠰᠢᠨ ᠬᠤᠨᠢᠨ ᠮᠢᠬ᠎ᠠ ᠵᠡᠷᠭᠡ ᠭᠤᠷᠪᠠᠨ ᠶᠡᠭᠡ ᠠᠵᠤ ᠦᠢᠯᠡᠰ ᠢᠶᠠᠷ ᠭᠤᠣᠯᠯᠠᠵᠤ ᠯᠠᠪᠳᠠᠭᠤᠨ ᠢᠶᠠᠷ ᠬᠥᠭᠵᠢᠵᠦ᠂ ᠪᠠᠯᠲᠤ ᠬᠡᠮᠬᠡ᠂ ᠲᠡᠵᠢᠭᠡᠯ ᠪᠣᠷᠳᠣᠭᠠᠨ ᠤ ᠡᠪᠡᠰᠦ᠂ ᠢᠳᠡᠰᠢᠨ ᠦᠬᠡᠷ᠂ ᠢᠳᠡᠰᠢᠨ ᠲᠠᠬᠢᠶ᠎ᠠ᠂ ᠰᠠᠭᠠᠯᠢ ᠶᠢᠨ ᠬᠤᠨᠢ ᠵᠡᠷᠭᠡ ᠣᠨᠴᠠᠯᠢᠭ ᠲᠠᠢ ᠠᠵᠤ ᠦᠢᠯᠡᠰ ᠢ ᠲᠦᠯᠬᠢᠨ ᠠᠬᠢᠭᠤᠯᠵᠤ᠂ ᠲᠤᠲᠤᠷᠭᠠᠨ ᠲᠠᠷᠢᠶᠠᠨ ᠳᠤ ᠵᠢᠭᠠᠰᠤ ᠲᠡᠵᠢᠭᠡᠬᠦ᠂ ᠡᠮᠦᠨᠡᠲᠦ ᠠᠮᠧᠷᠢᠺᠠ ᠶᠢᠨ ᠰᠠᠮ ᠬᠤᠷᠤᠬᠠᠢ ᠵᠡᠷᠭᠡ ᠤᠰᠤᠨ ᠭᠠᠷᠤᠯᠲᠠ ᠶᠢᠨ ᠦᠷᠡᠵᠢᠯ ᠤᠨ ᠲᠤᠷᠰᠢᠯᠲᠠ ᠠᠮᠵᠢᠯᠲᠠ ᠣᠯᠵᠤ᠂ ᠲᠠᠷᠢᠶᠠᠯᠠᠩ ᠮᠠᠯᠵᠢᠯ ᠤᠨ ᠠᠵᠤ ᠦᠢᠯᠡᠰ ᠤᠨ ᠪᠦᠳᠦᠴᠡ ᠶᠢ ᠲᠠᠰᠤᠷᠠᠯᠲᠠ ᠦᠭᠡᠢ ᠰᠠᠶᠢᠵᠢᠷᠠᠭᠤᠯᠪᠠ᠃ ᠶᠡᠭᠡ ᠪᠠᠷ ᠰᠢᠨᠠᠳᠭᠡᠨ ᠪᠠᠶᠢᠭᠤᠯᠤᠭᠰᠠᠨ ᠲᠠᠷᠢᠶᠠᠨ ᠭᠠᠵᠠᠷ 22 ᠲᠦᠮᠡᠨ ᠮᠦ᠂ ᠲᠠᠷᠢᠶᠠᠯᠠᠩ ᠦᠢᠯᠡᠳᠪᠦᠷᠢ ᠶᠢᠨ ᠨᠦᠬᠦᠴᠡᠯ ᠶᠡᠭᠡ ᠪᠠᠷ ᠰᠠᠶᠢᠵᠢᠷᠠᠵᠤ᠂ 5 ᠲᠦᠮᠡᠨ ᠮᠦ ︽ᠬᠤᠵᠢᠷᠯᠢᠭ ᠭᠠᠵᠠᠷ ᠢ ᠵᠠᠰᠠᠵᠤ ᠡᠪᠡᠰᠦ ᠪᠣᠷᠳᠤᠭᠤᠷ ᠨᠡᠮᠡᠭᠳᠡᠭᠦᠯᠦᠨ ᠮᠠᠯᠵᠢᠯ ᠢ ᠬᠥᠭᠵᠢᠭᠦᠯᠬᠦ︾ ᠠᠵᠤ ᠦᠢᠯᠡᠳᠪᠦᠷᠢ ᠶᠢᠨ ᠭᠦᠷᠢᠶᠡᠯᠡᠩ ᠨᠢ ᠪᠦᠬᠦ ᠤᠯᠤᠰ ᠤᠨ ᠬᠤᠵᠢᠷᠯᠢᠭ ᠭᠠᠵᠠᠷ ᠢ ᠵᠠᠰᠠᠨ ᠰᠠᠶᠢᠵᠢᠷᠠᠭᠤᠯᠬᠤ ᠵᠢᠱᠢᠶᠡᠴᠢ ᠣᠷᠣᠨ ᠪᠣᠯᠵᠤ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠶᠢᠨ ᠪᠡᠯᠡ ᠮᠦᠩᠭᠦ ᠶᠢᠨ ᠲᠡᠳᠬᠦᠮᠵᠢ ᠶᠢ ᠣᠯᠪᠠ᠃ ︽ᠲᠡᠭᠷᠢ ᠶᠢᠨ ᠬᠡᠰᠢᠭᠲᠦ ᠪᠣᠷᠣᠲᠣᠬᠤᠢ︾ ᠨᠡᠷᠡᠲᠦ ᠲᠡᠮᠳᠡᠭ ᠤᠨ ᠤᠬᠠᠭᠤᠯᠭ᠎ᠠ ᠨᠢ ᠪᠦᠬᠦ ᠴᠠᠷᠴᠠᠭ᠎ᠠ ᠶᠢ ᠪᠦᠷᠬᠦᠵᠤ᠂ ︽ᠭᠤᠷᠪᠠᠨ ᠪᠦᠳᠤᠬᠡᠭᠳᠠᠬᠦᠨ ᠨᠢᠬᠡ ᠲᠡᠮᠳᠡᠭ︾ ᠠᠵᠤ ᠠᠬᠤᠶᠢᠯᠠᠯ ᠰᠢᠨ᠎ᠡ ᠪᠠᠷ 17 ᠨᠡᠮᠡᠭᠳᠡᠵᠤ᠂ ᠦᠶᠤᠸᠠᠨ ᠤ ᠨᠠᠷᠠᠨ ᠬᠤᠸᠠᠷ ᠨᠢ ᠪᠦᠬᠦ ᠤᠯᠤᠰ ᠤᠨ ᠵᠠᠭᠤᠨ ᠲᠠᠷᠢᠶᠠᠯᠠᠩ ᠠᠵᠤ ᠦᠢᠯᠡᠳᠪᠦᠷᠢ ᠶᠢᠨ ᠨᠡᠷᠡᠲᠦ ᠲᠡᠮᠲᠡᠭᠲᠦ ᠶᠢᠨ ᠨᠡᠷᠡᠰ ᠲᠤ ᠣᠷᠣᠵᠤ᠂ ᠤᠯᠤᠰ ᠤᠨ ᠲᠠᠷᠢᠶᠠᠯᠠᠩ ᠠᠵᠤ ᠦᠢᠯᠡᠳᠬᠦᠨ ᠤ ᠴᠢᠨᠠᠷ ᠴᠢᠨᠰᠠᠭ᠎ᠠ ᠶᠢᠨ ᠠᠶᠤᠯ ᠦᠭᠡᠢ ᠰᠢᠶᠠᠨ ᠭᠡᠵᠦ ᠪᠠᠲᠤᠯᠠᠭᠳᠠᠪᠠ᠃ ᠭᠡᠷ ᠪᠦᠯᠢ ᠶᠢᠨ ᠲᠠᠷᠢᠶᠠᠨ ᠲᠠᠯᠠᠪᠠᠢ ᠶᠢ 41 ᠪᠠᠶᠢᠭᠤᠯᠵᠤ᠂ 4.8 ᠲᠦᠮᠡᠨ ᠲᠠᠷᠢᠶᠠᠴᠢᠨ ᠢ ᠪᠣᠯᠪᠠᠰᠤᠷᠠᠭᠤᠯᠵᠤ᠂ ᠲᠦᠯᠦᠪᠯᠡᠭᠡ ᠲᠠᠢ ᠪᠠᠷ 12 ᠲᠦᠮᠡᠨ ᠮᠦ ᠲᠠᠷᠢᠶᠠᠨ ᠭᠠᠵᠠᠷ ᠢ ᠥᠭᠡᠷᠡᠴᠢᠯᠡᠨ ᠬᠡᠷᠡᠭᠯᠡᠵᠦ᠂ ᠬᠠᠩᠭᠠᠨ ᠪᠣᠷᠣᠯᠠᠭᠤᠯᠬᠤ ᠬᠤᠷᠰᠢᠶᠠᠵᠢᠯ ᠨᠢ ᠪᠦᠬᠦ ᠣᠷᠣᠨ ᠤ ᠠᠷᠪᠠᠨ ᠴᠢᠳᠠᠪᠤᠷᠢᠯᠢᠭ ᠰᠢᠶᠠᠨ ᠤ ᠳᠡᠭᠡᠳᠦ ᠲᠡᠰ ᠤᠨ ᠦᠨᠡᠯᠡᠯᠲᠡ ᠶᠢ ᠬᠦᠷᠲᠡᠪᠡ᠃ ︽ᠲᠠᠷᠢᠶᠠᠨ ᠭᠠᠵᠠᠷ ᠢ ᠨᠡᠷ᠎ᠡ ᠪᠣᠷᠣᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠵᠠᠰᠠᠨ ᠴᠡᠭᠴᠡᠯᠡᠬᠦ ᠠᠵᠢᠯᠯᠠᠭ᠎ᠠ ᠶᠢ ᠥᠷᠨᠢᠭᠦᠯᠵᠦ᠂ ᠠᠹᠷᠢᠺᠠ ᠶᠢᠨ ᠭᠠᠭ᠋ᠠᠢ ᠶᠢᠨ ᠬᠢᠵᠢᠭ ᠤᠨ ᠰᠡᠷᠬᠡᠶᠢᠯᠡᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠵᠢᠭ ᠲᠡᠯᠬᠡᠷᠡᠬᠦ ᠶᠢ ᠪᠦᠳᠤᠮᠵᠢᠳᠠᠢ ᠬᠤᠷᠢᠬᠯᠠᠪᠠ᠃ ᠰᠢᠨ᠎ᠡ ᠪᠠᠷ 1.6 ᠲᠦᠮᠡᠨ ᠮᠦ ᠣᠢ ᠮᠣᠳᠣ ᠲᠠᠷᠢᠵᠤ ᠪᠣᠶᠢᠵᠢᠭᠤᠯᠤᠨ᠂ ᠠᠵᠤ ᠠᠬᠤᠢ ᠶᠢᠨ ᠣᠢ 7400 ᠮᠦ᠂ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠬᠡᠪᠴᠢᠶ᠎ᠡ ᠶᠢ ᠦᠷᠭᠦᠯᠵᠢᠯᠡᠨ ᠴᠢᠩᠭᠠᠳᠬᠠᠪᠠ᠃ ᠦᠶᠡᠷ ᠤᠨ ᠰᠡᠷᠭᠡᠶᠢᠯᠡᠯᠲᠡ ᠶᠢ ᠰᠠᠶᠢᠲᠤᠷ ᠬᠢᠵᠦ᠂ ᠬᠠᠳᠤᠨ ᠭᠤᠣᠯ ᠤᠨ ᠦᠶᠤᠸᠠᠨ ᠤ ᠬᠡᠰᠡᠭ ᠨᠢ ᠠᠶᠤᠯ ᠦᠭᠡᠢ ᠪᠠᠷ ᠦᠶᠡᠷ ᠤᠨ ᠬᠤᠭᠤᠴᠠᠭ᠎ᠠ ᠶᠢ ᠲᠤᠭᠤᠯᠪᠠ᠃ 546 ᠺᠢᠯᠣᠮᠧᠲᠷ ᠬᠥᠳᠡᠭᠡ ᠲᠤᠰᠬᠤᠨ ᠤ ᠵᠠᠮ ᠢ ᠰᠢᠨᠡᠳᠬᠡᠨ ᠵᠠᠰᠠᠵᠤ᠂ ᠬᠥᠳᠡᠭᠡ ᠲᠤᠰᠬᠤᠨ ᠤ ᠵᠠᠮ ᠢ ᠬᠠᠲᠠᠭᠤᠷᠠᠭᠤᠯᠤᠭᠰᠠᠨ ᠬᠡᠮᠵᠢᠶ᠎ᠡ 99% ᠬᠦᠷᠴᠦ᠂ ᠥᠪᠡᠷᠲᠡᠭᠡᠨ ᠵᠠᠰᠠᠬᠤ ᠣᠷᠣᠨ ᠤ ︽ᠲᠦᠷᠪᠡᠨ ᠰᠠᠶᠢᠨ ᠬᠥᠳᠡᠭᠡ ᠶᠢᠨ ᠵᠠᠮ︾ ᠤᠨ ᠲᠤᠬᠠᠢ ᠶᠢᠨ ᠭᠠᠵᠠᠷ ᠤᠨ ᠬᠤᠷᠠᠯ ᠢ ᠠᠮᠵᠢᠯᠲᠠ ᠲᠠᠢ ᠳᠠᠭᠠᠭᠠᠨ ᠬᠢᠪᠡ᠃ 1 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠤ ᠬᠤᠳᠳᠤᠭ ᠤᠨ ᠤᠰᠤ ᠶᠢ ᠮᠠᠰᠢᠨ ᠢᠶᠠᠷ ᠭᠠᠷᠭᠠᠬᠤ ᠶᠢ ᠪᠡᠶᠡᠯᠡᠭᠦᠯᠵᠦ᠂ ᠬᠥᠳᠡᠭᠡ ᠶᠢᠨ ᠴᠠᠬᠢᠯᠭᠠᠨ ᠤ ᠱᠤᠭᠤᠮ ᠢ ᠵᠠᠰᠠᠵᠤ ᠰᠠᠶᠢᠵᠢᠷᠠᠭᠤᠯᠬᠤ ᠢᠨᠵᠢᠨᠧᠷᠢᠩ ᠢ ᠶᠠᠪᠤᠭᠳᠠᠭᠤᠯᠵᠤ ᠴᠠᠬᠢᠯᠭᠠᠨ ᠬᠠᠩᠭᠠᠮᠵᠢ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠭᠤᠷᠪᠡᠨ ᠵᠢᠯ ᠤᠨ ᠬᠥᠳᠡᠭᠡ ᠲᠤᠰᠬᠤᠨ ᠤ ᠭᠦᠮᠦᠨ ᠪᠦᠷᠢ ᠶᠢᠨ ᠣᠷᠣᠰᠢᠨ ᠰᠠᠭᠤᠬᠤ ᠣᠷᠴᠢᠨ ᠲᠤᠭᠤᠷᠢᠨ ᠤ ᠴᠡᠪᠡᠷᠰᠢᠯ ᠤᠨ ᠠᠵᠢᠯᠯᠠᠭ᠎ᠠ ᠶᠢ ᠶᠠᠪᠤᠭᠳᠠᠭᠤᠯᠵᠤ᠂ ᠬᠤᠭ ᠨᠤᠪᠰᠢ ᠶᠢ ᠰᠢᠯᠵᠢᠭᠦᠯᠦᠨ ᠵᠥᠭᠡᠭᠡᠪᠦᠷᠢᠯᠡᠬᠦ ᠥᠷᠲᠡᠭᠡ ᠪᠣᠯᠤᠨ ᠪᠣᠬᠢᠷᠳᠤᠯ ᠤᠰᠤ ᠶᠢ ᠴᠡᠪᠡᠷᠰᠢᠭᠦᠯᠬᠦ ᠥᠷᠲᠡᠭᠡ 36 ᠪᠠᠶᠢᠭᠤᠯᠵᠤ᠂ 100 ᠨᠡᠶᠢᠲᠡ ᠶᠢᠨ ᠵᠤᠷᠯᠤᠩ ᠪᠠᠷᠢᠵᠤ᠂ 8042 ᠡᠷᠦᠬᠡ ᠠᠶᠢᠯ ᠤᠨ ᠵᠤᠷᠯᠤᠩ ᠢ ᠵᠠᠰᠠᠵᠤ᠂ 8200 ᠡᠷᠦᠬᠡ ᠳᠤ ᠭᠤᠶᠤ ᠰᠠᠶᠢᠬᠠᠨ ᠬᠦᠷᠢᠶ᠎ᠡ ᠬᠠᠰᠢᠶ᠎ᠠ ᠪᠠᠷᠢᠵᠤ᠂ ᠪᠦᠬᠦ ᠤᠯᠤᠰ ᠤᠨ ᠠᠩᠬᠠᠳᠠᠭᠴᠢ ᠬᠥᠳᠡᠭᠡ ᠲᠤᠰᠬᠤᠨ ᠤ ᠵᠣᠯ ᠵᠢᠷᠭᠠᠯᠲᠤ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠵᠢᠱᠢᠶᠡᠴᠢ ᠰᠢᠶᠡᠨ ᠤ ᠢᠷᠠᠭᠤ ᠠᠯᠳᠠᠷ ᠢ ᠬᠦᠷᠲᠡᠪᠡ᠃ ᠲᠤᠰᠬᠤᠨ ᠤ ᠨᠠᠮ ᠤᠨ ᠬᠤᠷᠢᠶ᠎ᠡ ᠠᠮᠵᠢᠯᠲᠠ ᠲᠠᠢ ᠪᠠᠷ ᠰᠤᠩᠭᠤᠭᠤᠯᠢ ᠶᠢᠨ ᠬᠤᠭᠤᠴᠠᠭ᠎ᠠ ᠪᠠᠨ ᠰᠤᠯᠢᠵᠤ᠂ ᠲᠤᠰᠬᠤᠨ ᠤ ᠠᠵᠢᠯ ᠢᠯᠡ ᠲᠣᠳᠤ ᠪᠣᠯᠵᠤ᠂ ᠣᠶᠣᠨ ᠤ ᠪᠣᠯᠪᠠᠰᠤᠨ ᠤ ᠰᠢᠯᠭᠠᠷᠠᠭᠤᠯᠤᠯᠲᠠ ᠶᠢᠨ ᠬᠦᠳᠡᠯᠭᠡᠭᠡᠨ ᠢ ᠶᠠᠪᠤᠭᠳᠠᠭᠤᠯᠵᠤ᠂ ᠬᠥᠳᠡᠭᠡ ᠲᠤᠰᠬᠤᠨ ᠨᠢ ᠭᠠᠵᠠᠷ ᠤᠰᠤᠨ ᠤ ᠳᠤᠷᠠᠰᠤᠮᠵᠢ ᠶᠢ ᠬᠠᠳᠠᠭᠠᠯᠠᠭᠰᠠᠨ ᠣᠷᠣᠨ ᠪᠣᠯᠪᠠ᠃      — ᠲᠦᠰᠦᠯ ᠢᠶᠠᠷ ᠵᠦᠭᠯᠡᠭᠦᠯᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠬᠦᠭᠵᠢᠯᠲᠡ ᠶᠢᠨ ᠬᠠᠨᠳᠤᠰᠢ ᠨᠡᠯᠢᠶᠡᠳ ᠰᠠᠶᠢᠨ ᠪᠣᠯᠪᠠ᠃ ᠠᠵᠤ ᠦᠢᠯᠡᠳᠪᠦᠷᠢ ᠶᠢᠨ ᠬᠦᠷᠢᠶᠡᠯᠡᠩ ᠢ ᠤᠷᠤᠨ ᠤ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠪᠣᠯᠭᠠᠨ ᠲᠡᠰ ᠳᠡᠪᠰᠢᠭᠦᠯᠵᠦ᠂ ᠤᠯᠤᠰ ᠤᠨ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠵᠥᠪᠰᠢᠶᠡᠷᠡᠯ ᠢ ᠣᠯᠪᠠ᠃ ᠢᠯᠴᠢ ᠶᠢᠨ ᠬᠠᠩᠭᠠᠯᠭ᠎ᠠ᠂ ᠪᠠᠶᠢᠭᠠᠯᠢ ᠶᠢᠨ ᠬᠡᠢ᠂ ᠲᠠᠬᠢᠨ ᠦᠢᠯᠡᠳᠪᠦᠷᠢᠯᠡᠬᠦ ᠤᠰᠤᠨ ᠤ ᠲᠣᠣᠷ ᠢ ᠳᠡᠪᠢᠰᠴᠦ᠂ ᠰᠤᠯᠠ ᠪᠠᠶᠢᠭ᠎ᠠ 100 ᠮᠦ ᠨᠤᠲᠤᠭ ᠲᠡᠪᠢᠰᠭᠡᠷ ᠢ ᠴᠡᠪᠡᠷᠯᠡᠵᠦ᠂ ᠭᠤᠷᠪᠠᠨ ᠰᠤᠯᠠ ᠲᠠᠯᠪᠢᠭᠰᠠᠨ ᠲᠦᠰᠦᠯ ᠢ ᠳᠠᠬᠢᠨᠲᠠ ᠠᠮᠢᠯᠠᠭᠤᠯᠪᠠ᠃ 25 ᠠᠵᠤ ᠠᠬᠤᠶᠢᠯᠠᠯ 20 ᠳ᠋ᠦᠩᠰᠢᠭᠤᠷ ᠲᠦᠭᠦᠷᠢᠭ ᠤᠨ ᠠᠵᠤ ᠦᠢᠯᠡᠳᠪᠦᠷᠢ ᠶᠢᠨ ᠦᠷᠲᠡᠭ ᠢ ᠪᠡᠶᠡᠯᠡᠭᠦᠯᠵᠤ᠂ ᠬᠤᠸᠠ ᠺᠦᠢ ᠲᠠᠷᠢᠶᠠᠯᠠᠩ ᠠᠵᠤ ᠠᠬᠤᠢ᠂ ᠬᠤᠩ ᠹᠦ᠋ ᠬᠤᠳᠠᠯᠳᠤᠭ᠎ᠠ ᠵᠡᠷᠭᠡ 4 ᠠᠵᠤ ᠠᠬᠤᠶᠢᠯᠠᠯ ᠮᠠᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠴᠢᠩ ᠴᠢᠩ ᠲᠠᠯ᠎ᠠ ᠨᠤᠲᠤᠭ 20 ᠲᠦᠮᠡᠨ ᠲᠤᠨ ᠪᠤᠷᠳᠤᠭᠤᠷ᠂ ᠳ᠋ᠧ ᠯᠢ 5 ᠲᠦᠮᠡᠨ ᠲᠤᠨ ᠬᠦᠩᠭᠡᠨ ᠴᠠᠭᠠᠨ ᠤ ᠬᠠᠶᠢᠯᠤᠰᠢ ᠶᠢᠨ ᠲᠤᠨᠤᠭ ᠲᠥᠬᠦᠭᠡᠷᠦᠮᠵᠢ ᠵᠡᠷᠭᠡ 3 ᠲᠦᠰᠦᠯ ᠨᠢ ᠪᠡᠶᠡᠯᠡᠭᠳᠡᠵᠤ᠂ ᠹᠦ᠋ ᠵᠧᠩ ᠬᠤᠩ ᠲᠠᠢ 10 ᠲᠦᠮᠡᠨ ᠲᠤᠨ ᠪᠤᠷᠳᠤᠭᠤᠷ᠂ ᠵᠢᠶᠠᠩᠰᠤ ᠶᠢᠨ ᠮᠣᠣ ᠰᠢᠩ 2.2 ᠲᠤᠨ ᠬᠠᠭᠤᠷᠤᠯᠭ᠎ᠠ ᠡᠳ᠋᠂ ᠬᠤᠶᠠᠳᠤᠭᠠᠷ ᠬᠤᠭᠤᠴᠠᠭᠠᠨ ᠤ ᠲᠠᠷᠢᠶᠠᠯᠠᠩ ᠤᠨ ᠮᠠᠰᠢᠨ ᠤ ᠲᠤᠨᠤᠭ ᠲᠥᠬᠦᠭᠡᠷᠦᠮᠵᠢ ᠶᠢᠨ ᠦᠢᠯᠡᠳᠬᠦᠨ ᠤ ᠬᠦᠷᠢᠶᠡᠯᠡᠩ ᠵᠡᠷᠭᠡ 17 ᠲᠦᠰᠦᠯ ᠢ ᠲᠦᠷᠭᠡᠳᠭᠡᠨ ᠪᠠᠶᠢᠭᠤᠯᠪᠠ᠃ ᠵᠦᠩ ᠰᠢᠩ ᠡᠨᠧᠷᠺᠢ ᠶᠢᠨ 30 ᠲᠦᠮᠡᠨ ᠲᠤᠨ ᠡᠷᠳᠡᠨᠢ ᠰᠢᠰᠢ ᠪᠠᠷ ᠡᠲ᠋ᠢᠯ ᠠᠯᠺᠦᠤᠯ ᠦᠢᠯᠡᠳᠬᠦ ᠲᠦᠰᠦᠯ ᠨᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠴᠣᠬᠤᠯᠲᠠ ᠶᠢ ᠣᠯᠵᠤ᠂ ᠷᠦᠨ ᠬᠠᠢ ᠶᠤᠸᠠᠨ 8000 ᠲᠦᠮᠡᠨ ᠢᠳᠡᠰᠢᠨ ᠲᠠᠬᠢᠶ᠎ᠠ ᠶᠢᠨ ᠠᠵᠤ ᠦᠢᠯᠡᠳᠪᠦᠷᠢ ᠶᠢᠨ ᠬᠡᠯᠬᠢᠶ᠎ᠡ ᠵᠡᠷᠭᠡ 7 ᠲᠦᠰᠦᠯ ᠤᠨ ᠭᠡᠷ᠎ᠡ ᠶᠢ ᠪᠠᠳᠤᠯᠠᠵᠤ᠂ ᠰᠢᠨ᠎ᠡ ᠠᠵᠤ ᠠᠬᠤᠢ ᠶᠢᠨ ᠦᠰᠦᠯᠲᠡ ᠶᠢᠨ ᠴᠢᠭ ᠢ ᠪᠦᠷᠢᠯᠳᠦᠭᠦᠯᠪᠡ᠃      — ᠡᠯᠧᠺᠲᠷᠣᠨ ᠬᠤᠳᠠᠯᠳᠤᠭ᠎ᠠ ᠰᠣᠶᠣᠯ ᠵᠢᠭᠤᠯᠴᠢᠯᠠᠯ ᠤᠨ ᠨᠢᠭᠡᠳᠦᠯ ᠢ ᠪᠠᠷᠢᠮᠲᠠᠯᠠᠵᠤ᠂ ᠭᠤᠷᠪᠠᠳᠤᠭᠠᠷ ᠠᠵᠤ ᠦᠢᠯᠡᠰ ᠢ ᠥᠷᠨᠢᠭᠦᠨ ᠬᠥᠭᠵᠢᠭᠦᠯᠪᠡ᠃ ᠪᠣᠷᠣᠲᠣᠬᠤᠢ ᠶᠢᠨ ᠡᠯᠧᠺᠲᠷᠣᠨ ᠬᠤᠳᠠᠯᠳᠤᠭ᠎ᠠ ᠶᠢᠨ ᠦᠢᠯᠡᠳᠪᠦᠷᠢ ᠶᠢᠨ ᠬᠦᠷᠢᠶᠡᠯᠡᠩ ᠨᠢ ᠦᠪᠡᠷᠲᠡᠭᠡᠨ ᠵᠠᠰᠠᠬᠤ ᠤᠷᠤᠨ ᠤ ︽ᠲᠦᠷᠪᠡᠨ ᠬᠠᠮᠲᠤ︾  ᠦᠢᠯᠡᠰ ᠪᠣᠰᠬᠠᠬᠤ ᠲᠠᠪᠴᠠᠩ ᠤᠨ ᠬᠦᠷᠢᠶᠡᠯᠡᠯ ᠢ ᠣᠯᠵᠤ᠂ ᠪᠦᠬᠦ ᠣᠷᠣᠨ ᠤ ︽ᠬᠤᠣᠰ ᠡᠭᠦᠳᠦᠯᠲᠡ︾ ᠶᠢᠨ ᠵᠢᠱᠢᠶᠡᠴᠢ ᠰᠠᠭᠤᠷᠢᠨ ᠭᠠᠵᠠᠷ ᠢᠶᠠᠷ ᠰᠣᠩᠭᠤᠭᠳᠠᠵᠤ᠂ ᠵᠢᠯ ᠤᠨ ᠪᠤᠷᠤᠯᠠᠭᠤᠯᠤᠯᠲᠠ ᠶᠢᠨ ᠬᠡᠮᠵᠢᠶ᠎ᠡ 6 ᠳ᠋ᠦᠩᠰᠢᠭᠤᠷ ᠲᠦᠭᠦᠷᠢᠭ ᠢ ᠳᠠᠪᠠᠪᠠ᠃ ᠪᠣᠷᠣᠲᠣᠬᠤᠢ ᠤᠨ ᠲᠠᠷᠢᠶᠠᠯᠠᠩ ᠦᠵᠡᠰᠭᠦᠯᠡᠩ ᠤᠨ ᠬᠦᠷᠢᠶᠡᠯᠡᠩ ᠨᠢ 4A ᠲᠡᠰ ᠤᠨ ᠦᠵᠡᠮᠵᠢ ᠶᠢᠨ ᠣᠷᠣᠨ ᠪᠣᠯᠵᠤ᠂ ᠥᠪᠥᠷ ᠮᠣᠩᠭᠤᠯ ᠤᠨ ᠦᠶᠤᠸᠠᠨ ᠤ ᠶᠠᠫᠣᠨ ᠢ ᠡᠰᠡᠷᠭᠦᠴᠡᠬᠦ ᠲᠠᠶᠢᠨ ᠤ ᠲᠤᠷᠠᠰᠬᠠᠯ ᠤᠨ ᠬᠦᠷᠢᠶᠡᠯᠡᠩ᠂ ᠨᠠᠷᠠᠨ ᠬᠤᠸᠠᠷ ᠤᠨ ᠴᠡᠴᠡᠷᠯᠢᠭ᠂ ᠬᠠᠳᠤᠨ ᠭᠤᠣᠯ ᠤᠨ ᠬᠠᠮᠤᠭ ᠤᠨ ᠬᠤᠶᠢᠨᠠᠬᠢ ᠦᠵᠡᠮᠵᠢ ᠶᠢᠨ ᠤᠷᠤᠨ ᠬᠡᠷᠡᠭᠯᠡᠯᠲᠡ ᠳᠡᠭᠡᠨ ᠣᠷᠣᠵᠤ᠂ ︽ᠲᠡᠭᠷᠢ ᠶᠢᠨ  ᠬᠡᠰᠢᠭᠲᠦ ᠪᠣᠷᠣᠲᠣᠬᠤᠢ︾ ᠵᠢᠭᠤᠯᠴᠢᠯᠠᠯ ᠤᠨ ᠲᠠᠪᠴᠠᠩ ᠡᠬᠢᠯᠡᠨ ᠶᠠᠪᠤᠭᠳᠠᠭᠤᠯᠵᠤ᠂ ᠲᠠᠷᠢᠶᠠᠯᠠᠩ ᠰᠤᠶᠤᠯ ᠤᠨ ᠵᠢᠭᠤᠯᠴᠢᠯᠠᠯ᠂ ᠦᠵᠡᠮᠵᠢᠲᠦ ᠬᠥᠳᠡᠭᠡ ᠲᠤᠰᠬᠤᠨ ᠤ ᠵᠢᠭᠤᠯᠴᠢᠯᠠᠯ᠂ ᠬᠠᠳᠤᠨ ᠭᠤᠣᠯ ᠤᠨ ᠵᠢᠭᠤᠯᠴᠢᠯᠠᠯ᠂ ᠬᠤᠪᠢᠰᠬᠠᠯᠲᠤ ᠠᠵᠢᠯᠯᠠᠭ᠎ᠠ ᠶᠢᠨ ᠵᠢᠭᠤᠯᠴᠢᠯᠠᠯ ᠦᠷᠨᠢᠭᠦᠨ ᠬᠦᠭᠵᠢᠵᠦ᠂ 100 ᠲᠦᠮᠡᠨ ᠵᠢᠭᠤᠯᠴᠢᠯᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 9 ᠳ᠋ᠦᠩᠰᠢᠭᠤᠷ ᠲᠦᠭᠦᠷᠢᠭ ᠲᠤ ᠬᠦᠷᠪᠡ᠃ ᠦᠪᠡᠷᠳᠡᠭᠡᠨ ᠵᠠᠰᠠᠬᠤ ᠣᠷᠣᠨ ᠤ ᠬᠤᠪᠢᠴᠠᠭᠠᠲᠤ ᠠᠷᠠᠯᠵᠢᠶᠠᠨ ᠤ ᠲᠥᠪ ᠤᠨ ᠦᠶᠤᠸᠠᠨ ᠤ ᠠᠵᠢᠯᠯᠠᠬᠤ ᠦᠷᠲᠡᠭᠡ ᠪᠠᠶᠢᠭᠤᠯᠤᠭᠳᠠᠵᠤ᠂ ᠮᠦᠩᠭᠦᠨ ᠭᠦᠢᠯᠭᠡᠭᠡᠨ ᠤ ᠪᠠᠶᠢᠭᠤᠯᠭ᠎ᠠ ᠶᠢᠨ ᠬᠠᠳᠠᠭᠠᠯᠠᠮᠵᠢ ᠶᠢᠨ ᠮᠦᠩᠭᠦ ᠪᠣᠯᠤᠨ ᠵᠢᠭᠡᠯᠡᠯᠭᠡ ᠶᠢᠨ ᠦᠯᠡᠳᠡᠪᠦᠷᠢ ᠨᠢ ᠲᠤᠰ ᠲᠤᠰ 110 ᠳ᠋ᠦᠩᠰᠢᠭᠤᠷ ᠲᠦᠭᠦᠷᠢᠭ ᠪᠣᠯᠤᠨ 100 ᠳ᠋ᠦᠩᠰᠢᠭᠤᠷ ᠲᠦᠭᠦᠷᠢᠭ ᠲᠤ ᠬᠦᠷᠴᠦ᠂ ᠪᠦᠬᠦ ᠣᠷᠣᠨ ᠤ ᠰᠢᠶᠠᠨ ᠤ ᠬᠡᠪᠴᠢᠶ᠎ᠡ ᠶᠢᠨ ᠮᠦᠩᠭᠦᠨ ᠭᠦᠢᠯᠭᠡᠭᠡᠨ ᠤ ᠢᠨᠵᠢᠨᠧᠷᠢᠩ ᠤᠨ ᠲᠤᠷᠰᠢᠯᠲᠠ ᠶᠢᠨ ᠰᠢᠶᠠᠨ ᠪᠣᠯᠪᠠ᠃      — ᠪᠦᠬᠦ ᠲᠠᠯ᠎ᠠ ᠶᠢᠨ ᠪᠦᠳᠦᠭᠡᠨ ᠪᠠᠶᠢᠭᠤᠯᠤᠯᠲᠠ ᠶᠢ ᠪᠠᠷᠢᠮᠲᠠᠯᠠᠵᠤ᠂ ᠬᠤᠲᠠ ᠶᠢᠨ ᠣᠷᠴᠢᠨ ᠲᠣᠭᠤᠷᠢᠨ ᠨᠢ ᠤᠷᠤᠰᠢᠨ ᠰᠠᠭᠤᠬᠤ ᠳᠤ ᠨᠡᠩ ᠲᠣᠬᠢᠷᠠᠮᠵᠢᠲᠠᠢ ᠪᠣᠯᠪᠠ᠃ ᠦᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠬᠤᠲᠠ᠂ ᠤᠯᠤᠰ ᠤᠨ ᠴᠡᠴᠡᠷᠯᠢᠭᠵᠢᠭᠰᠡᠨ ᠬᠤᠲᠠ ᠶᠢ ᠬᠠᠮᠲᠤ ᠪᠠᠷ ᠪᠦᠳᠦᠭᠡᠨ ᠪᠠᠶᠢᠭᠤᠯᠵᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠱᠠᠲᠤᠴᠢ ᠴᠢᠨᠠᠷ ᠲᠠᠢ ᠠᠮᠵᠢᠯᠲᠠ ᠣᠯᠵᠤ᠂ ᠬᠤᠲᠠ ᠶᠢᠨ ᠳᠦᠷᠢ ᠳᠦᠷᠬᠦ ᠪᠣᠯᠤᠨ ᠪᠣᠯᠪᠠᠰᠦᠨ ᠤ ᠬᠡᠮᠵᠢᠶ᠎ᠡ ︽ᠬᠤᠣᠰ ᠳᠠᠪᠠᠯᠲᠠ︾ ᠶᠢ ᠪᠡᠶᠡᠯᠡᠭᠦᠯᠪᠡ᠃ ᠪᠠᠷᠠᠭᠤᠨ ᠲᠣᠭᠤᠷᠢᠭ ᠤᠨ ᠨᠠᠭᠡᠭᠡᠯᠲᠠ ᠪᠣᠯᠤᠨ ᠬᠠᠭᠤᠴᠢᠨ ᠬᠤᠲᠠ ᠶᠢᠨ ᠵᠠᠰᠠᠯᠲᠠ ᠶᠢ ᠨᠢᠭᠡᠳᠦᠯᠲᠡᠢ ᠠᠬᠢᠭᠤᠯᠵᠤ᠂ ᠠᠷᠠᠳ ᠤᠨ ᠬᠥᠳᠡᠯᠭᠡᠭᠡᠨ ᠤ ᠲᠥᠪ ᠤᠨ ᠪᠠᠷᠢᠯᠭ᠎ᠠ ᠶᠢᠨ ᠭᠤᠣᠯ ᠴᠤᠭᠴᠠ ᠶᠢ ᠨᠢ ᠪᠠᠷᠢᠵᠤ ᠳᠠᠭᠤᠰᠬᠠᠵᠤ᠂ ᠬᠠᠭᠤᠴᠢᠨ ᠤᠷᠤᠨ ᠰᠠᠭᠤᠴᠠ ᠶᠢ ᠦᠬᠡᠷᠡᠴᠢᠯᠠᠨ ᠰᠢᠨᠡᠳᠬᠡᠬᠦ ᠵᠢᠭᠡᠯᠡᠯᠭᠡ ᠶᠢᠨ ᠮᠥᠩᠭᠦ 4.5 ᠳ᠋ᠦᠩᠰᠢᠭᠤᠷ ᠲᠦᠭᠦᠷᠢᠭ ᠣᠯᠵᠤ᠂ 2038 ᠡᠷᠦᠬᠡ ᠬᠠᠭᠤᠴᠢᠨ ᠤᠷᠤᠨ ᠰᠠᠭᠤᠴᠠ ᠶᠢ ᠰᠢᠨᠡᠴᠢᠯᠡᠨ ᠦᠬᠡᠷᠡᠴᠢᠯᠠᠵᠤ᠂ 1000 ᠡᠷᠦᠬᠡ ᠲᠣᠭᠤᠰᠬᠠᠨ ᠭᠡᠷ ᠢ ᠰᠢᠨᠡᠳᠭᠡᠵᠤ᠂ 8 ᠬᠠᠭᠤᠴᠢᠷᠠᠭᠰᠠᠨ ᠰᠠᠭᠤᠭᠠᠯᠢ ᠠᠷᠠᠳ ᠤᠨ ᠲᠣᠭᠤᠷᠢᠭ ᠢ ᠦᠭᠡᠷᠡᠴᠢᠯᠡᠵᠤ᠂ ᠵᠠᠰᠠᠭ ᠤᠨ ᠣᠷᠳᠣᠨ ᠠᠴᠠ ᠪᠤᠴᠠᠵᠤ ᠨᠡᠭᠦᠨ ᠲᠥᠪᠬᠢᠨᠡᠬᠦ ᠰᠠᠭᠤᠭᠠᠯᠢ ᠲᠣᠭᠤᠷᠢᠭ ᠢ ᠡᠬᠢᠯᠡᠨ ᠪᠠᠷᠢᠵᠤ᠂ ᠲᠠᠬᠢᠨ ᠰᠠᠭᠤᠷᠢᠰᠢᠭᠤᠯᠬᠤ ᠠᠰᠠᠭᠤᠳᠠᠯ ᠢ ᠰᠢᠢᠳᠪᠦᠷᠢᠯᠡᠵᠤ᠂ 23 ᠵᠢᠵᠢᠭ ᠲᠣᠭᠤᠷᠢᠭ ᠤᠨ 1.3 ᠲᠦᠮᠡᠨ ᠡᠷᠦᠬᠡ ᠶᠢᠨ ᠪᠠᠶᠢᠰᠢᠩ ᠤᠨ ᠥᠮᠴᠢᠯᠡᠬᠦ ᠭᠡᠷᠡᠴᠢᠯᠡᠯᠭᠡ ᠭᠦᠢᠴᠡᠳᠭᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠪᠡ᠃ ᠰᠢᠨ᠎ᠡ ᠪᠠᠷ 4.5 ᠺᠢᠯᠣᠮᠧᠲᠷ ᠤᠨ ᠵᠠᠮ ᠵᠠᠰᠠᠵᠤ᠂ 91 ᠵᠤᠷᠪᠤᠰ ᠵᠡᠭᠡᠯᠢ ᠶᠢᠨ ᠭᠤᠳᠤᠮᠵᠢ ᠶᠢ ᠵᠠᠰᠠᠵᠤ᠂ 2.3 ᠲᠦᠮᠡᠨ ᠲᠡᠭᠰᠢ ᠲᠦᠷᠪᠡᠯᠵᠢᠨ ᠮᠧᠲᠷ ᠤᠨ ᠶᠠᠪᠠᠭᠠᠨ ᠬᠥᠮᠥᠨ ᠤ ᠵᠠᠮ ᠳᠡᠪᠢᠰᠴᠦ᠂ 5 ᠰᠢᠨ᠎ᠡ ᠵᠤᠷᠯᠤᠩ ᠪᠠᠷᠢᠵᠤ᠂ ᠡᠯ᠎ᠡ ᠲᠦᠷᠦᠯ ᠤᠨ ᠬᠤᠭᠤᠯᠠᠢ ᠶᠢ 90 ᠺᠢᠯᠣᠮᠧᠲᠷ ᠰᠢᠨᠡᠳᠬᠡᠨ ᠵᠠᠰᠠᠵᠤ᠂ ᠵᠠᠰᠠᠭ ᠤᠨ ᠤᠷᠳᠤᠨ ᠤ ᠪᠠᠲᠤᠯᠠᠭ᠎ᠠ ᠶᠢᠨ ᠴᠢᠳᠠᠪᠤᠷᠢ ᠶᠢ ᠶᠡᠭᠡ ᠬᠡᠮᠵᠢᠶ᠎ᠡ ᠪᠠᠷ ᠨᠡᠮᠡᠭᠳᠡᠭᠦᠯᠪᠡ᠃ ᠢ ᠾᠧ ᠴᠢᠦᠢ ᠴᠡᠴᠡᠷᠯᠢᠭ ᠤᠨ ᠪᠠᠷᠢᠯᠭ᠎ᠠ ᠶᠢᠨ ᠠᠵᠢᠯᠯᠠᠭ᠎ᠠ ᠨᠢ ᠦᠨᠳᠦᠰᠦᠨ ᠳᠡᠭᠡᠨ ᠳᠠᠭᠤᠰᠴᠤ᠂ ︽ᠵᠢᠵᠢᠭ ᠵᠡᠭᠡᠯᠢ ᠶᠢᠨ ᠥᠵᠡᠮᠵᠢ︾ ᠶᠢ 10 ᠪᠠᠷᠢᠵᠤ᠂ ᠰᠢᠨ᠎ᠡ ᠪᠠᠷ 432 ᠮᠦ ᠨᠣᠭᠤᠭᠠᠨ ᠭᠠᠵᠠᠷ ᠨᠡᠮᠡᠵᠤ᠂ ᠵᠡᠭᠡᠯᠢ ᠭᠤᠳᠤᠮᠵᠢ᠂ ᠪᠠᠶᠢᠭᠤᠯᠭ᠎ᠠ᠂ ᠰᠠᠭᠤᠭᠠᠯᠢ ᠲᠣᠭᠤᠷᠢᠭ ᠤᠨ ᠨᠣᠭᠤᠭᠠᠷᠠᠭᠤᠯᠤᠯᠲᠠ ᠢᠯᠡᠷᠬᠡᠢ ᠦᠷ᠎ᠡ ᠪᠦᠳᠦᠮᠵᠢ ᠣᠯᠵᠤ᠂ ︽ᠨᠢᠭᠡ ᠵᠡᠭᠡᠯᠢ ᠨᠢᠭᠡ ᠦᠵᠡᠮᠵᠢ᠂ ᠭᠠᠵᠠᠷ ᠰᠣᠯᠢᠪᠠᠯ ᠦᠵᠡᠮᠵᠢ ᠣᠨᠳᠣᠣ︾ ᠪᠠᠶᠢᠳᠠᠯ ᠢᠯᠡᠷᠡᠨ ᠭᠠᠷᠪᠠ᠃ ᠣᠶᠣᠨ ᠤ ᠪᠤᠯᠪᠠᠰᠤᠨ ᠤ ᠪᠦᠳᠦᠭᠡᠨ ᠪᠠᠶᠢᠭᠤᠯᠤᠯᠲᠠ ᠶᠢᠨ ᠦᠷ᠎ᠡ ᠪᠦᠳᠦᠮᠵᠢ ᠢᠯᠡᠷᠬᠡᠢ᠂ ᠨᠠᠷᠢᠨ ᠲᠣᠳᠣ᠂ ᠴᠢᠩᠭ᠎ᠠ ᠬᠤᠲᠠ ᠶᠢᠨ ᠬᠠᠮᠢᠶᠠᠷᠤᠯᠲᠠ ᠶᠢᠨ ᠪᠦᠳᠦᠴᠡ ᠦᠨᠳᠦᠰᠦᠨ ᠳᠡᠭᠡᠨ ᠪᠦᠷᠢᠯᠳᠦᠵᠦ᠂ ᠬᠤᠲᠠ ᠶᠢᠨ ᠣᠷᠴᠢᠨ ᠲᠤᠭᠤᠷᠢᠨ ᠨᠡᠩ ᠴᠡᠪᠡᠷ ᠴᠡᠭᠴᠡ ᠡᠮᠬᠢ ᠲᠠᠷᠠᠭ᠎ᠠ ᠲᠠᠢ ᠪᠣᠯᠪᠠ᠃ ᠬᠤᠩ ᠳ᠋ᠢᠩ ᠵᠠᠬ᠎ᠠ ᠳᠡᠯᠭᠡᠭᠦᠷ ᠤᠨ ᠣᠯᠠᠨ ᠵᠢᠯ ᠤᠨ ᠲᠤᠭᠤᠰᠤ ᠰᠢᠷᠤᠢ ᠶᠢᠨ ᠪᠣᠬᠢᠷᠳᠤᠯ ᠢ ᠤᠭ ᠠᠴᠠ ᠨᠢ ᠵᠠᠰᠠᠪᠠ᠃ ᠠᠳᠠᠯ ᠠᠬᠤᠢ ᠶᠢᠨ ᠬᠠᠮᠢᠶᠠᠷᠦᠯᠲᠠ ᠲᠠᠰᠤᠷᠠᠯᠲᠠ ᠦᠭᠡᠢ ᠳᠡᠭᠡᠭᠰᠢᠯᠡᠵᠦ᠂ 9 ᠵᠢᠱᠢᠶᠡᠴᠢ ᠵᠢᠵᠢᠭ ᠲᠣᠭᠤᠷᠢᠭ ᠢ ᠪᠠᠶᠢᠭᠤᠯᠵᠤ᠂ ᠬᠤᠩ ᠵᠦ ᠰᠠᠭᠤᠭᠠᠯᠢ ᠠᠷᠠᠳ ᠤᠨ ᠲᠣᠭᠤᠷᠢᠭ ᠨᠢ ᠪᠦᠬᠦ ᠣᠷᠣᠨ ᠤ ᠠᠳᠠᠯ ᠠᠬᠤᠢ ᠶᠢᠨ ᠬᠠᠮᠢᠶᠠᠷᠦᠯᠲᠠ ᠶᠢᠨ ᠰᠢᠯᠢᠳᠡᠭ ᠲᠣᠭᠤᠷᠢᠭ ᠢᠶᠠᠷ ᠰᠣᠩᠭᠤᠭᠳᠠᠪᠠ᠃      — ᠠᠷᠠᠳ ᠤᠨ ᠠᠮᠢᠳᠤᠷᠠᠯ ᠢ ᠲᠡᠭᠡᠳᠤᠯᠡᠬᠦ ᠶᠢ ᠪᠠᠷᠢᠮᠲᠠᠯᠠᠵᠤ᠂ ᠨᠡᠶᠢᠭᠡᠮ ᠤᠨ ᠠᠵᠤ ᠦᠢᠯᠡᠰ ᠪᠦᠬᠦ ᠲᠠᠯ᠎ᠡ ᠪᠠᠷ ᠤᠷᠤᠭᠰᠢᠯᠠᠪᠠ᠃ ᠠᠷᠠᠳ ᠤᠨ ᠠᠮᠢᠳᠤᠷᠠᠯ ᠤᠨ ᠵᠠᠷᠤᠯᠭ᠎ᠠ 22.3 ᠳ᠋ᠦᠩᠰᠢᠭᠤᠷ ᠲᠦᠭᠦᠷᠢᠭ ᠲᠤ ᠬᠦᠷᠴᠦ᠂ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 79% ᠢ ᠡᠵᠡᠯᠡᠨ᠎ᠡ᠃ ᠰᠢᠶᠠᠨ ᠤ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠷᠢᠵᠤ ᠨᠡᠭᠦᠨ ᠰᠢᠯᠵᠢᠵᠤ᠂ ᠬᠤᠶᠠᠳᠤᠭᠠᠷ ᠪᠠᠭ᠎ᠠ ᠰᠤᠷᠭᠠᠭᠤᠯᠢ᠂ ᠮᠡᠷᠭᠡᠵᠢᠯ ᠤᠨ ᠲᠤᠮᠳᠠᠳᠤ ᠰᠤᠷᠭᠠᠭᠤᠯᠢ ᠶᠢᠨ ᠪᠣᠯᠪᠠᠰᠤᠷᠠᠯ ᠤᠨ ᠰᠠᠭᠤᠷᠢᠨ ᠭᠠᠵᠠᠷ ᠪᠠᠷᠢᠨ ᠳᠠᠭᠤᠰᠴᠦ᠂ ᠰᠢᠨ᠎ᠡ ᠪᠠᠷ 50 ᠪᠠᠭᠰᠢ ᠡᠯᠰᠡᠵᠦ᠂ ᠪᠠᠭᠰᠢ ᠶᠢᠨ ᠪᠣᠯᠪᠠᠰᠤᠷᠠᠯ ᠬᠢᠭᠰᠡᠨ ᠬᠦᠮᠦᠨ 1.1 ᠲᠦᠮᠡᠨ ︵ᠤᠳᠠᠭ᠎ᠠ︶ ᠬᠦᠷᠴᠦ᠂ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠲᠡᠩᠴᠡᠪᠦᠷᠢ ᠲᠠᠢ ᠬᠥᠭᠵᠢᠭᠰᠡᠨ ᠰᠢᠶᠡᠨ᠂ ᠪᠦᠬᠦ ᠤᠯᠤᠰ ᠤᠨ ᠬᠠᠷᠢᠭᠤᠴᠠᠯᠭ᠎ᠠ ᠲᠠᠢ ᠪᠠᠷ ᠰᠤᠷᠭᠠᠨ ᠬᠦᠮᠦᠵᠢᠯ ᠢ ᠬᠢᠨᠠᠨ ᠪᠠᠶᠢᠴᠠᠭᠠᠵᠤ ᠰᠢᠨ᠎ᠡ ᠶᠢ ᠡᠭᠦᠳᠦᠭᠰᠡᠨ ᠰᠢᠶᠠᠨ ᠤ ᠢᠷᠠᠭᠤ ᠠᠯᠳᠠᠷ ᠢ ᠬᠦᠷᠲᠡᠪᠡ᠃ ︽ᠡᠷᠡᠭᠦᠯ ᠴᠢᠭᠢᠷᠠᠭ ᠦᠶᠤᠸᠠᠨ︾ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠡᠮᠨᠡᠯᠭᠡ ᠶᠢᠨ ᠪᠦᠯᠦᠭᠯᠡᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠪᠠᠶᠢᠭᠤᠯᠤᠭᠳᠠᠵᠤ᠂ ᠡᠮᠨᠡᠯᠭᠡ ᠶᠢᠨ ᠬᠤᠯᠪᠣᠭ᠎ᠠ ᠪᠦᠯᠬᠦᠮ᠂ ᠡᠮᠨᠡᠯᠭᠡ ᠶᠢᠨ ᠬᠠᠮᠲᠤ ᠶᠢᠨ ᠴᠤᠭᠴᠠ  ᠪᠦᠷᠢᠯᠳᠦᠵᠦ᠂ ᠰᠢᠶᠡᠨ ᠤ ᠡᠮᠨᠡᠯᠭᠡ ᠶᠢᠨ ᠬᠤᠷᠢᠶ᠎ᠠ ᠶᠢᠨ ᠪᠦᠳᠦᠭᠡᠨ ᠪᠠᠶᠢᠭᠤᠯᠤᠯᠲᠠ ᠶᠢ ᠲᠥᠷᠭᠡᠳᠭᠡᠵᠦ ᠂ ᠶᠠᠰᠤ ᠪᠠᠷᠢᠬᠤ ᠡᠮᠨᠡᠯᠭᠡ ᠶᠢᠨ ᠬᠤᠷᠢᠶ᠎ᠠ ᠦᠨᠳᠦᠰᠦᠨ ᠳᠡᠭᠡᠨ ᠪᠠᠷᠢᠯᠭ᠎ᠠ ᠳᠠᠭᠤᠰᠴᠤ᠂ ᠢᠨᠳᠡᠷᠲᠦ᠂ ᠱᠠ ᠾᠧ ᠡᠷᠡᠭᠦᠯ ᠬᠠᠮᠠᠭᠠᠯᠠᠯ ᠤᠨ ᠬᠤᠷᠢᠶ᠎ᠠ ᠬᠡᠷᠡᠭᠯᠡᠭᠡᠨ ᠳᠤ ᠣᠷᠣᠵᠤ᠂ ᠦᠪᠡᠷᠲᠡᠭᠡᠨ ᠵᠠᠰᠠᠬᠤ ᠣᠷᠣᠨ ᠤ ᠠᠷᠬᠠᠭ ᠡᠪᠡᠳᠴᠢᠨ ᠤ ᠶᠡᠷᠦᠩᠬᠡᠢ ᠰᠡᠷᠭᠡᠶᠢᠯᠡᠯᠲᠡ ᠶᠢᠨ ᠵᠢᠱᠢᠶᠡᠴᠢ ᠰᠢᠶᠠᠨ ᠤ ᠴᠤᠯᠠ ᠶᠢ ᠬᠦᠷᠲᠡᠪᠡ᠃ ᠰᠣᠨᠢᠨ ᠮᠡᠳᠡᠭᠡ ᠶᠢᠨ ᠰᠤᠷᠲᠠᠯ ᠤᠬᠠᠭᠤᠯᠤᠯᠤᠭ᠎ᠠ ᠨᠢ ᠪᠦᠬᠦ ᠣᠷᠣᠨ ᠤ ᠲᠡᠷᠢᠭᠦᠨ ᠡᠩᠨᠡᠭᠡ ᠳᠤ ᠤᠷᠤᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠬᠦ ᠲᠤᠪᠴᠢᠶ᠎ᠡ ᠪᠠᠶᠢᠭᠤᠯᠤᠭᠳᠠᠵᠤ᠂ ᠪᠦᠬᠦ ᠣᠷᠣᠨ ᠤ ᠠᠩᠬᠠᠳᠠᠭᠴᠢ ᠲᠤᠷᠰᠢᠯᠲᠠ ᠶᠢᠨ ᠰᠢᠶᠠᠨ ᠪᠣᠯᠪᠠ᠃ ᠬᠤᠲᠠ ᠬᠥᠳᠡᠭᠡ ᠶᠢᠨ ᠰᠤᠶᠤᠯ ᠢ ᠶᠡᠬᠡᠪᠡᠷ ᠦᠷᠨᠢᠭᠦᠯᠵᠦ᠂ 35 ᠲᠤᠰᠬᠤᠨ ᠤ ᠬᠦᠳᠡᠯᠭᠡᠭᠡᠨ ᠤ ᠲᠠᠰᠤᠭ ᠢ ᠰᠢᠨ᠎ᠡ ᠪᠠᠷ ᠪᠠᠷᠢᠵᠤ᠂ ᠪᠡᠶ᠎ᠡ ᠴᠢᠭᠢᠷᠠᠭᠵᠢᠭᠤᠯᠬᠤ ᠲᠤᠨᠤᠭ ᠲᠥᠬᠦᠭᠡᠷᠦᠮᠵᠢ 232 ᠢᠵᠢ ᠣᠷᠣᠭᠤᠯᠵᠤ᠂ ᠪᠦᠬᠦ ᠣᠷᠣᠨ ᠤ ᠵᠢᠷᠭᠤᠳᠤᠭᠠᠷ ᠬᠤᠭᠤᠴᠠᠭᠠᠨ ᠤ ᠲᠤᠰᠬᠤᠨ ᠤ ᠵᠠᠮ ᠤᠨ ᠲᠤᠭᠤᠢ ᠲᠡᠷᠭᠡ ᠶᠢᠨ ᠤᠷᠤᠯᠳᠤᠭᠠᠨ᠂ ᠪᠦᠬᠦ ᠣᠷᠣᠨ ᠤ ᠠᠷᠪᠠᠳᠤᠭᠠᠷ ᠬᠤᠭᠤᠴᠠᠭᠠᠨ ᠤ ᠤᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ ᠶᠢ ᠠᠮᠵᠢᠯᠲᠠ ᠲᠠᠢ ᠳᠠᠭᠠᠭᠠᠨ ᠥᠷᠨᠢᠭᠦᠯᠪᠡ᠃ ᠤᠯᠠᠭᠠᠨᠮᠦᠴᠢᠷ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ 16 ᠨᠡᠷᠡᠰ ᠲᠣᠭᠯᠠᠭᠴᠢ ᠶᠢ ᠰᠢᠨ᠎ᠡ ᠪᠠᠷ ᠡᠯᠰᠡᠵᠤ᠂ ᠬᠥᠳᠡᠭᠡ ᠪᠠᠭᠤᠵᠤ 110 ᠤᠳᠠᠭ᠎ᠠ ᠲᠣᠭᠯᠠᠯᠲᠠ ᠭᠠᠷᠭᠠᠵᠤ᠂ ︽ᠪᠣᠷᠣᠲᠣᠬᠤᠢ ᠶᠢᠨ ᠠᠷᠠᠳ ᠤᠨ ᠳᠠᠭᠤᠨ ᠤ ᠨᠤᠲᠤᠭ︾ ᠢ ᠪᠦᠳᠦᠭᠡᠨ ᠪᠠᠶᠢᠭᠤᠯᠪᠠ᠃ ᠰᠢᠨ᠎ᠡ ᠪᠠᠷ 1388 ᠨᠡᠷᠡᠰ ᠬᠤᠲᠠ ᠪᠠᠯᠭᠠᠰᠤᠨ ᠳᠤ ᠠᠵᠢᠯ ᠣᠯᠭᠤᠭᠰᠠᠳ ᠢ ᠨᠡᠮᠡᠭᠳᠡᠭᠦᠯᠵᠦ᠂ ᠠᠵᠢᠯ ᠠᠯᠳᠠᠭᠰᠠᠳ ᠤᠨ ᠨᠣᠷᠮ᠎ᠠ ᠶᠢ 3.9% ᠳᠤ ᠬᠢᠵᠠᠭᠠᠷᠯᠠᠵᠤ᠂ 2.5 ᠲᠦᠮᠡᠨ ᠲᠠᠷᠢᠶᠠᠴᠢᠳ ᠤᠨ ᠠᠵᠢᠯ ᠢ ᠰᠢᠯᠵᠢᠭᠦᠯᠵᠤ᠂ 97 ᠨᠡᠷᠡᠰ ᠵᠠᠰᠠᠭ ᠵᠠᠬᠢᠷᠭᠠᠨ ᠤ ᠠᠵᠢᠯ ᠦᠢᠯᠡᠰ ᠤᠨ ᠠᠵᠢᠯᠲᠠᠨ ᠢ ᠰᠢᠯᠭᠠᠨ ᠲᠣᠬᠢᠷᠠᠭᠤᠯᠵᠤ᠂ ᠬᠤᠲᠠ ᠪᠠᠯᠭᠠᠰᠤᠨ ᠤ ᠬᠦᠴᠢᠷᠳᠡᠯ ᠲᠠᠢ ᠣᠯᠠᠨ ᠳᠦᠮᠠᠠ ᠢ ᠬᠠᠪᠰᠣᠷᠣᠠ ᠳᠠᠣᠠᠬᠦᠬᠦ ᠠᠵᠢᠯᠯᠠᠭ᠎ᠠ ᠶᠢ ᠦᠷᠭᠦᠯᠵᠢᠯᠡᠬᠦᠯᠵᠤ᠂ ᠨᠡᠶᠢᠬᠡᠮ ᠤᠨ ᠠᠪᠤᠷᠠᠨ ᠲᠤᠰᠠᠯᠠᠯ᠂ ᠬᠠᠷᠠᠭᠠᠯᠵᠠᠯ᠂ ᠨᠠᠰᠤᠲᠠᠨ ᠢ ᠠᠰᠠᠷᠠᠬᠤ ᠵᠡᠷᠭᠡ ᠳᠤᠬᠳᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠬᠦᠳᠡᠭᠡ ᠶᠢᠨ ᠰᠠᠭᠤᠷᠢ ᠪᠠᠲᠤᠯᠠᠭ᠎ᠠ᠂ ᠲᠠᠪᠤᠨ ᠪᠠᠳᠤᠯᠭ᠎ᠠ ᠶᠢᠨ ᠲᠠᠬᠢᠨ ᠭᠦᠢᠴᠡᠳᠬᠡᠬᠦ ᠬᠡᠮᠵᠢᠶ᠎ᠡ ᠨᠢ ᠥᠪᠡᠷᠲᠡᠭᠡᠨ ᠵᠠᠰᠠᠬᠤ ᠤᠷᠤᠡ ᠤ ᠪᠠᠷᠢᠮᠵᠢᠶ᠎ᠠ ᠳᠤ ᠬᠦᠷᠪᠠ᠃ ︽ᠠᠮᠤᠷ ᠮᠡᠨᠳᠦ ᠦᠶᠤᠸᠠᠨ︾ ᠤ ᠪᠦᠳᠦᠭᠡᠨ ᠪᠠᠶᠢᠭᠤᠯᠤᠯᠳᠠ ᠶᠢ ᠪᠠᠬᠢᠵᠢᠬᠦᠯᠦᠨ ᠳᠡᠭᠡᠭᠰᠢᠯᠡᠬᠦᠯᠵᠦ᠂ ︽ᠤᠯᠤᠰ ᠲᠥᠷᠥ ᠬᠠᠤᠯᠢ ᠴᠠᠭᠠᠵᠠ ᠶᠢᠨ ᠠᠩᠬᠢ ᠶᠢᠨ ᠪᠦᠳᠦᠭᠡᠨ ᠪᠠᠶᠢᠭᠤᠯᠤᠯᠲᠠ ᠶᠢᠨ ᠵᠢᠯ︾ ᠭᠡᠰᠡᠨ ᠨᠡᠷ᠎ᠡ ᠶᠢ ᠬᠦᠷᠲᠡᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠳᠤ ᠴᠤᠬᠢᠯᠲᠠ ᠥᠭᠬᠦ︾ ᠲᠤᠰᠬᠠᠢ ᠰᠡᠳᠦᠪᠳᠦ ᠲᠡᠮᠡᠴᠡᠭᠡᠨ ᠢ ᠥᠷᠨᠢᠭᠦᠯᠵᠦ᠂ ᠪᠦᠬᠦ ᠣᠷᠣᠨ ᠤ ᠠᠩᠬᠠᠳᠠᠭᠴᠢ ᠬᠠᠷ᠎ᠠ ᠪᠦᠯᠦᠭᠲᠡᠨ ᠲᠠᠢ ᠬᠤᠯᠪᠣᠭᠳᠠᠭᠰᠠᠨ ᠬᠡᠷᠡᠭ ᠵᠠᠷᠭᠤ ᠶᠢ ᠢᠯᠡᠴᠢᠯᠡᠨ ᠰᠢᠭᠦᠵᠦ᠂ ︽ᠲᠤᠤᠷᠵᠢᠭᠰᠠᠨ + ᠵᠢᠵᠢᠭ ᠵᠠᠰᠠᠯᠲᠠ︾ ᠪᠣᠯᠤᠨ ︽ᠶᠢᠰᠦᠨ ᠪᠢᠴᠢᠯ ᠴᠠᠭᠳᠠᠭᠠᠨ ᠤ ᠶᠠᠪᠤᠳᠠᠯ︾ ᠤᠨ ᠨᠡᠶᠢᠬᠡᠮ ᠤᠨ ᠵᠠᠰᠠᠯᠳᠠ ᠶᠢᠨ ᠵᠠᠭᠪᠤᠷ ᠨᠢ ᠪᠦᠬᠦ ᠤᠷᠣᠠ ᠳᠤ ᠠᠯᠳᠠᠷᠲᠠᠢ᠂ ᠪᠦᠬᠦ ᠤᠯᠣᠰ ᠤᠨ ᠬᠠᠤᠯᠢ ᠪᠠᠷ ᠵᠠᠰᠠᠬᠤ ᠰᠢᠶᠠᠨ ᠤ ᠪᠠᠶᠢᠭᠤᠯᠤᠯᠲᠠ ᠶᠢᠨ ᠬᠦᠳᠡᠯᠭᠡᠭᠡᠨ ᠤ ᠳᠡᠷᠢᠬᠦᠨ ᠤ ᠨᠢᠭᠡᠴᠢ ᠶᠢᠨ ᠢᠷᠠᠭᠤ ᠠᠯᠳᠠᠷ ᠢ ᠬᠦᠷᠲᠡᠪᠡ᠃ ᠵᠥᠷᠢᠴᠡᠯ ᠢ ᠰᠢᠢᠳᠪᠦᠷᠢᠯᠡᠬᠦ ᠲᠦᠪ ᠢ ᠪᠠᠶᠢᠭᠤᠯᠵᠦ᠂ ᠵᠠᠬᠢᠳᠠᠯ ᠰᠣᠷᠪᠤᠯᠵᠢᠯᠠᠭ᠎ᠠ ᠶᠢᠨ ᠬᠡᠮᠵᠢᠶ᠎ᠡ ᠶᠡᠭᠡ ᠪᠠᠷ ᠳᠣᠷᠣᠭᠰᠢᠯᠠᠪᠠ᠃ ᠦᠢᠯᠡᠳᠪᠦᠷᠢᠯᠡᠯ ᠤᠨ ᠠᠶᠣᠯ ᠦᠬᠡᠢ ᠪᠠᠶᠢᠳᠠᠯ ᠨᠡᠯᠢᠶᠡᠳ ᠰᠠᠶᠢᠨ᠂ ᠬᠦᠨᠳᠦ ᠶᠡᠭᠡ ᠠᠮᠣᠷ ᠳᠦᠪᠰᠢᠠ ᠤ ᠠᠳᠡᠭᠳᠡᠯ ᠡᠭᠦᠰᠦᠭᠰᠡᠨ ᠦᠭᠡᠢ᠃ ᠦᠠᠳᠣᠰᠣᠳᠠᠠ ᠱᠠᠰᠢᠨ ᠰᠤᠷᠲᠠᠬᠤᠨ ᠤ ᠠᠵᠢᠯ ᠢ ᠪᠦᠬᠦ ᠳᠠᠯ᠎ᠠ ᠪᠠᠷ ᠴᠢᠩᠭᠠᠣᠠᠬᠠᠵᠦ᠂ ᠠᠷᠠᠳ ᠤᠨ ᠵᠡᠪᠰᠡᠭᠲᠦ ᠬᠦᠴᠦᠨ ᠤ ᠠᠵᠢᠯ ᠨᠢ ᠦᠪᠦᠷ ᠮᠣᠩᠭᠤᠯ ᠤᠨ ᠴᠡᠷᠢᠭ ᠤᠨ ᠲᠣᠭᠤᠷᠢᠭ ᠤᠨ ᠵᠢᠯ ᠤᠨ ᠡᠴᠦᠰ ᠤᠨ ᠬᠢᠨᠠᠨ ᠰᠢᠯᠭᠠᠯᠳᠠ ᠳᠤ ᠣᠨᠴᠠ ᠰᠠᠶᠢᠨ ᠦᠷ᠎ᠡ ᠪᠥᠳᠥᠮᠵᠢ ᠣᠯᠵᠤ  ᠂ ᠭᠠᠳᠠᠭᠠᠳᠤ ᠶᠠᠪᠤᠳᠠᠯ ᠬᠠᠷᠢᠶᠠᠳᠤ ᠶᠢᠨ ᠠᠵᠢᠯᠯᠠᠭ᠎ᠠ ᠳᠠᠰᠣᠷᠠᠯᠳᠠ ᠦᠬᠡᠢ ᠤᠷᠤᠭᠰᠢᠯᠠᠵᠤ᠂ ᠠᠵᠢᠯᠴᠢᠨ ᠤ ᠡᠪᠯᠨᠯ᠂ ᠡᠪ ᠬᠠᠮᠲᠤ ᠶᠢᠨ ᠵᠠᠯᠠᠭᠤᠴᠤᠳ ᠤᠨ ᠡᠪᠯᠡᠯ ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠮᠡᠭᠲᠡᠶᠢᠴᠦᠳ ᠬᠡᠤᠬᠡᠳ᠂ ᠠᠬᠠᠮᠠᠳ ᠺᠠᠲᠠᠷᠴᠤᠳ ᠤᠨ ᠠᠵᠢᠯ ᠲᠤᠤᠱᠲᠠᠢ ᠶᠠᠪᠤᠭᠳᠠᠵᠤ᠂ ᠭᠠᠶᠢᠯᠢ ᠶᠢᠨ ᠶᠠᠪᠤᠳᠠᠯ᠂ ᠬᠢᠨᠠᠨ ᠪᠤᠳᠤᠯᠲᠠ᠂ ᠲᠤᠭ᠎ᠠ ᠪᠦᠷᠢᠳᠬᠡᠯ᠂ ᠲᠠᠩᠰᠠ ᠡᠪᠬᠡᠮᠡᠯ᠂ ᠠᠷᠠᠣᠠ ᠤᠨ ᠠᠭᠠᠷ ᠤᠨ ᠰᠠᠷᠬᠡᠶᠢᠯᠠᠯᠳᠠ᠂ ᠭᠠᠵᠠᠷ ᠬᠥᠳᠡᠯᠦᠯᠲᠡ ᠶᠢ ᠰᠢᠨᠵᠢᠯᠡᠬᠦ ᠠᠵᠢᠯ ᠤᠷᠤᠭᠰᠢᠲᠠᠢ ᠶᠠᠪᠤᠬᠳᠠᠵᠤ᠂ ᠰᠢᠶᠠᠨ ᠳᠤ ᠰᠠᠭᠤᠭ᠎ᠠ ᠴᠡᠷᠢᠭ ᠤᠨ ᠠᠩᠬᠢ᠂ ᠰᠢᠶᠠᠨ ᠳᠤ ᠰᠠᠭᠤᠭ᠎ᠠ ᠪᠠᠶᠢᠭᠤᠯᠭ᠎ᠠ᠂ ᠡᠯ᠎ᠡ ᠠᠵᠤ ᠠᠬᠤᠶᠢᠢᠯᠠᠯ ᠨᠢ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠡ ᠳᠤ ᠢᠳᠡᠪᠬᠢ ᠬᠤᠪᠢ ᠨᠡᠮᠡᠷᠢ ᠦᠵᠡᠭᠦᠯᠪᠡ᠃      — ᠬᠠᠥᠯᠢ ᠪᠠᠷ ᠵᠠᠰᠠᠭ ᠪᠠᠷᠢᠬᠤ ᠶᠢ ᠪᠠᠷᠢᠮᠳᠠᠯᠠᠨ᠂ ᠦᠪᠡᠷ ᠤᠨ ᠪᠦᠳᠦᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠪᠠ᠃ ︽ᠲᠦᠷᠪᠡᠨ ᠤᠬᠠᠮᠰᠠᠷ︾ ᠢ ᠵᠢᠷᠤᠮᠯᠠᠵᠤ᠂ ︽ᠲᠦᠷᠪᠡᠨ ᠢᠲᠡᠭᠡᠯ︾ ᠢ ᠡᠷᠡᠰ ᠪᠠᠲᠤᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠭᠦᠢᠴᠡᠳᠭᠡᠵᠦ᠂ ᠥᠪᠡᠷᠲᠡᠭᠡᠨ ᠵᠠᠰᠠᠬᠤ ᠤᠷᠤᠡ ᠤ ᠳᠣᠭᠤᠷᠢᠠ ᠪᠠᠶᠢᠴᠠᠭᠠᠯᠲᠠ ᠶᠢᠨ ᠬᠠᠷᠢᠭᠤ ᠲᠤᠰᠬᠠᠯᠲᠠ ᠶᠢᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠵᠠᠰᠠᠭ ᠤᠨ ᠤᠷᠳᠤᠡ ᠤ ᠨᠠᠮ ᠢ ᠴᠢᠩᠭ᠎ᠠ ᠵᠠᠰᠠᠬᠤ ᠡᠭᠦᠷᠭᠡ ᠶᠢ ᠪᠦᠬᠦ ᠳᠠᠯ᠎ᠠ ᠪᠠᠷ ᠶᠠᠪᠤᠭᠳᠠᠭᠤᠯᠪᠠ᠃ ︽ᠬᠤᠶᠠᠷ ᠢ ᠰᠤᠷᠤᠯᠴᠠᠵᠤ ᠨᠢᠭᠡ ᠶᠢ ᠬᠢᠬᠦ︾ ᠶᠢ ᠯᠠᠪᠳᠠᠭᠤᠨ ᠪᠠᠳᠤᠳᠠᠢ ᠳᠦᠯᠬᠢᠨ ᠠᠬᠢᠭᠤᠯᠵᠦ ᠂ ᠲᠦᠪ ᠤᠨ ︽ᠨᠠᠢᠮᠠᠨ ᠵᠤᠷᠪᠤᠰ ᠲᠤᠭᠳᠠᠭᠠᠯ︾᠂ ᠳᠦᠷᠦ ᠶᠢᠨ ᠶᠠᠪᠤᠳᠠᠯ ᠤᠨ ᠬᠤᠷᠢᠶ᠎ᠠ ᠶᠢᠨ ︽ᠳᠦᠷᠢᠮ ᠰᠠᠬᠢᠯᠭ᠎ᠠ ᠲᠣᠭᠲᠠᠭᠠᠯ︾ ᠢ ᠨᠠᠶᠢᠳᠠᠪᠣᠷᠢᠵᠢᠭᠤᠯᠵᠦ᠂ ︽ᠭᠤᠷᠪᠠᠨ ᠠᠯᠪᠠᠨ︾ ᠤ ᠵᠠᠷᠤᠳᠠᠯ ᠦᠷᠭᠦᠯᠵᠢᠯᠡᠨ ᠪᠠᠭᠤᠷᠠᠪᠠ᠃ ᠤᠬᠠᠮᠰᠠᠷ ᠠᠴᠠ ᠪᠠᠨ ᠠᠷᠠᠣᠠ ᠤᠨ ᠳᠦᠯᠣᠬᠡᠯᠡᠭᠴᠢᠣᠠ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠨᠡᠶᠢᠬᠡᠮ ᠪᠣᠯᠤᠨ ᠤᠯᠠᠨ ᠤ ᠶᠠᠷᠢᠶ᠎ᠠ ᠬᠡᠯᠡᠯᠴᠡᠭᠡᠷ ᠤᠨ ᠬᠢᠨᠠᠯᠲᠠ ᠶᠢ ᠬᠦᠯᠢᠶᠡᠨ ᠠᠪᠴᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠶᠢᠨ ᠰᠠᠨᠠᠭᠤᠯᠭ᠎ᠠ 105 ᠵᠤᠷᠪᠤᠰ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ 104 ᠵᠤᠷᠪᠤᠰ ᠪᠣᠯᠣᠨ ᠢᠷᠡᠭᠦᠯᠦᠭᠰᠡᠨ ᠵᠠᠬᠢᠳᠠᠯ ᠢ ᠬᠠᠷᠢᠭᠤᠯᠬᠤ ᠨᠣᠷᠮ᠎ᠠ ᠨᠢ 100% ᠬᠦᠷᠪᠡ᠃ ᠪᠦᠬᠦ ᠳᠠᠯ᠎ᠠ ᠪᠠᠷ ︽ᠰᠤᠯᠠᠷᠠᠭᠤᠯᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠯᠬᠢᠨ ᠠᠬᠢᠭᠤᠯᠵᠦ᠂ ︽ᠨᠠᠢᠮᠠᠨ ᠬᠠᠭᠤᠳᠠᠰᠤ ᠨᠠᠷᠢᠠ ᠳᠠᠩᠰᠠ︾ ᠶᠢ ᠨᠠᠶᠢᠷᠠᠭᠤᠯᠤᠨ ᠳᠠᠭᠤᠰᠴᠦ᠂ ︽ᠠᠵᠤ ᠠᠬᠤᠶᠢᠢᠯᠠᠯ ᠤᠨ ᠨᠠᠷᠠᠶᠢᠳᠣᠯ ᠪᠣᠯᠤᠨ ᠰᠦᠯᠵᠢᠶᠡᠨ ᠲᠡᠭᠡᠷ᠎ᠡ ᠦᠪᠡᠰᠦᠪᠡᠨ ᠳᠠᠩᠰᠠᠯᠠᠵᠤ ᠪᠦᠷᠢᠳᠬᠡᠨ ᠰᠤᠩᠭᠤᠬᠤ ᠰᠢᠰᠲ᠋ᠧᠮ︾ ᠨᠢ ᠪᠦᠬᠦ ᠤᠷᠣᠠ ᠳᠤ ᠲᠡᠷᠢᠭᠦᠯᠡᠵᠦ ᠨᠡᠭᠡᠭᠡᠪᠡ᠃ 601 ᠵᠤᠷᠪᠤᠰ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠳᠠᠯ ᠤᠳ ᠢ ︽ᠨᠢᠭᠡ ᠯᠡ ᠳᠡᠭᠡᠷ᠎ᠡ ᠰᠢᠢᠳᠪᠦᠷᠢᠯᠡᠬᠦ︾ ᠂ ᠰᠦᠯᠵᠢᠶᠡᠨ ᠳᠡᠭᠡᠷ᠎ᠡ ᠶᠠᠪᠤᠳᠠᠯ ᠢ ᠰᠢᠢᠳᠪᠤᠷᠢᠯᠡᠬᠦ ᠲᠢᠩᠬᠢᠮ ᠢ ᠡᠷᠬᠢᠯᠡᠨ ᠪᠠᠶᠢᠭᠤᠯᠵᠤ᠂ 150 ᠲᠤᠰᠬᠤᠨ ᠪᠠᠯᠭᠠᠰᠤᠨ ᠤ ᠨᠡᠶᠢᠭᠡᠮ ᠲᠤᠭᠤᠷᠢᠭ ᠤᠨ ᠠᠷᠠᠳ ᠲᠤ ᠳᠦᠬᠦᠮ ᠦᠢᠯᠡᠴᠢᠯᠡᠭᠡᠨ ᠤ ᠭᠠᠵᠠᠷ ᠨᠢ ᠠᠷᠠᠳ ᠤᠨ ᠲᠦᠯᠦᠭᠡ 21.6 ᠲᠦᠮᠡᠨ ᠬᠡᠷᠡᠭ ᠶᠠᠪᠤᠳᠠᠯ ᠢ ᠰᠢᠢᠳᠪᠦᠷᠢᠯᠡᠪᠡ᠃ ᠲᠠᠷᠢᠶᠠᠯᠠᠩ ᠠᠵᠤ ᠠᠬᠤᠶᠢᠯᠠᠯ ᠬᠤᠶᠡᠷ ᠤᠨ ᠠᠰᠢᠭ ᠲᠤᠰᠠ ᠶᠢ ᠬᠤᠯᠪᠤᠯᠳᠣᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ᠂ ᠮᠣᠩᠭᠤᠯ ᠤᠯᠤᠰ ᠲᠤ ᠬᠠᠨᠳᠤᠭᠰᠠᠨ ᠬᠤᠷᠰᠢᠯ᠂ ᠵᠠᠰᠠᠭ ᠵᠠᠬᠢᠷᠭᠠᠨ ᠤ  ᠶᠡᠷᠦᠩᠬᠡᠢ ᠬᠠᠤᠯᠢ ᠬᠡᠷᠡᠭᠵᠢᠭᠦᠯᠬᠦ᠂ ᠬᠤᠳᠠ ᠬᠦᠳᠡᠭᠡ ᠶᠢᠨ ᠨᠡᠶᠢᠳᠠ ᠶᠢᠨ ᠮᠠᠰᠢᠨ ᠲᠡᠷᠭᠡᠨ ᠤ ᠴᠤᠬᠴᠠᠵᠢᠯᠳᠠ᠂ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠯᠬᠢᠨ ᠠᠬᠢᠭᠤᠯᠵᠦ᠂ ᠭᠠᠶᠢᠯᠢ ᠶᠢᠨ ᠣᠷᠣᠯᠭ᠎ᠠ᠂ ᠳᠠᠪᠤᠰᠣᠠ ᠤ ᠠᠵᠤ ᠦᠢᠯᠡᠰ᠂ ᠬᠠᠩᠭᠠᠯᠭ᠎ᠠ ᠪᠤᠷᠤᠯᠠᠭᠤᠯᠭ᠎ᠠ ᠶᠢᠨ ᠪᠦᠳᠦᠴᠡ ᠶᠢᠨ ᠦᠭᠡᠷᠡᠴᠢᠯᠡᠯᠲᠡ ᠨᠢ ᠪᠣᠳᠠᠲᠠᠢ ᠠᠮᠵᠢᠯᠲᠠ ᠣᠯᠵᠤ᠂ ᠭᠠᠵᠠᠷ ᠰᠢᠷᠦᠢ ᠶᠢᠨ ᠡᠷᠬᠡ ᠶᠢ ᠲᠤᠳᠤᠯᠠᠬᠤ ᠬᠡᠷᠡᠴᠢ᠂ ᠬᠦᠳᠡᠭᠡ ᠳᠣᠰᠬᠤᠠ ᠤ ᠬᠠᠮᠲᠤ ᠨᠡᠶᠢᠳᠠ ᠶᠢᠨ ᠦᠮᠴᠢᠯᠠᠬᠦ ᠡᠷᠬᠡ ᠂ ᠤᠯᠤᠰ ᠤᠨ ᠤᠢ ᠰᠢᠭᠤᠢ ᠶᠢᠨ ᠳᠠᠯᠠᠪᠠᠢ᠂ ᠲᠠᠷᠢᠶᠠᠯᠠᠩ ᠤᠨ ᠲᠠᠯᠠᠪᠠᠢ ᠶᠢᠨ ᠥᠭᠡᠷᠡᠴᠢᠯᠡᠯᠲᠡ ᠨᠢ ᠪᠦᠬᠦ ᠳᠠᠯ᠎ᠠ ᠪᠠᠷ ᠠᠮᠵᠢᠯᠳᠠ ᠲᠠᠢ ᠪᠡᠶᠡᠯᠡᠭᠳᠡᠵᠦ᠂ ᠪᠦᠬᠦ ᠤᠷᠣᠠ ᠤ ᠦᠨᠳᠦᠰᠦᠨ ᠱᠠᠲᠣᠨ ᠤ ᠡᠳ᠋ ᠤᠨ ᠵᠠᠰᠠᠭ ᠵᠢᠴᠢ ᠳᠠᠷᠢᠶᠠᠯᠠᠬᠤ ᠮᠠᠯᠵᠢᠬᠤ ᠤᠷᠣᠠ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠳᠤᠬᠠᠢ ᠶᠢᠨ ᠭᠠᠵᠠᠷ ᠤᠨ ᠬᠤᠷᠠᠯᠳᠤᠭᠠᠨ ᠢ ᠠᠮᠵᠢᠯᠲᠠ ᠲᠠᠢ ᠳᠠᠭᠠᠭᠠᠵᠤ ᠬᠢᠪᠡ᠃      ᠲᠦᠯᠦᠬᠡᠯᠡᠭᠴᠢᠳ ᠡ︕ ᠬᠦᠭᠵᠢᠯᠳᠠ ᠶᠢᠨ ᠦᠷ᠎ᠠ ᠪᠦᠳᠤᠬᠡᠯ ᠬᠢᠯᠪᠠᠷ ᠪᠤᠰᠤ ᠶᠤᠮ᠃ ᠡᠳᠡᠬᠡᠷ ᠠᠮᠵᠢᠯᠳᠠ ᠪᠦᠳᠤᠮᠵᠢ ᠶᠢ ᠲᠠᠮᠡᠴᠠᠨ ᠤᠯᠤᠬᠰᠠᠨ ᠨᠢ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ᠂ ᠰᠢᠶᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠬᠡᠨ ᠤ ᠲᠡᠮᠵᠢᠯᠬᠡ ᠂ ᠪᠦᠬᠦ ᠰᠢᠶᠠᠨ ᠤ ᠺᠠᠳ᠋ᠷ ᠠᠵᠢᠯᠳᠠᠨ᠂ ᠤᠯᠠᠨ ᠲᠦᠮᠡᠨ ᠬᠦᠴᠤ ᠵᠤᠷᠢᠭ ᠢᠶᠠᠨ ᠬᠠᠮᠳᠤᠳᠬᠠᠨ᠂ ᠬᠤᠰᠢᠭᠤᠷᠠᠨ ᠤᠷᠤᠬᠰᠢᠯᠠᠵᠤ᠂ ᠮᠡᠷᠡᠶᠢᠨ ᠴᠢᠷᠮᠡᠶᠢᠬᠰᠠᠨ ᠤ ᠦᠷ᠎ᠠ ᠪᠦᠳᠤᠬᠡᠯ ᠶᠤᠮ᠃ ᠠᠳᠠ ᠪᠢ᠂ ᠰᠢᠶᠠᠨ ᠤ ᠵᠠᠰᠠᠭ ᠤᠨ ᠤᠷᠳᠤᠨ ᠢ ᠲᠦᠯᠤᠬᠡᠯᠡᠨ᠂ ᠪᠦᠬᠦ ᠰᠢᠶᠠᠨ ᠤ ᠺᠠᠳ᠋ᠷ᠂ ᠤᠯᠠᠨ ᠲᠦᠮᠡᠨ ᠪᠤᠯᠤᠨ ᠦᠶᠦᠸᠠᠨ ᠰᠢᠶᠠᠨ ᠤ ᠬᠦᠭᠵᠢᠯᠳᠠ ᠳᠤ ᠬᠦᠴᠤ ᠡᠷᠬᠦᠭᠰᠠᠨ ᠨᠠᠶᠢᠵᠠ ᠨᠠᠷ ᠲᠠᠭᠠᠨ ᠡᠷᠬᠢᠮ ᠲᠡᠬᠡᠳᠤ ᠬᠦᠨᠳᠤᠳᠬᠡᠯ ᠢᠶᠠᠨ ᠲᠡᠪᠰᠢᠬᠦᠯᠤᠶ᠎ᠠ︕      ᠰᠠᠶ᠋ᠢᠬᠠᠨ ᠲᠡᠭᠦᠰᠦᠭᠰᠡᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠦᠬᠦᠳᠠ ︵ᠦᠷᠭᠡᠳᠭᠡᠬᠦ︶ ᠬᠤᠷᠠᠯ ᠳᠤ᠂ ᠦᠶᠣᠸᠠᠨ ᠤ ᠣᠳᠣ ᠶᠢᠨ ᠳᠣᠯᠭᠠᠷᠠᠵᠦ ᠪᠠᠶᠢᠭ᠎ᠠ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠤᠨ᠂ ᠪᠠᠶᠢᠷᠢ ᠪᠠᠨ ᠨᠠᠷᠢᠨ ᠤᠨᠤᠪᠴᠢᠳᠠᠢ ᠳᠤᠬᠳᠠᠭ᠋ᠪᠠ᠃ ᠨᠢᠭᠡ ᠳᠤ᠂ ᠭᠤᠷᠪᠠᠨ ᠠᠵᠤ ᠦᠢᠯᠡᠰ ᠤᠨ ᠠᠭᠤᠰᠤᠯᠴᠠᠨ ᠨᠠᠶᠢᠯᠠᠬᠦ ᠬᠡᠮᠵᠢᠶ᠎ᠡ ᠪᠠᠷ ᠳᠣᠳᠠᠮᠠᠭ᠂ ᠰᠢᠨ᠎ᠡ ᠬᠠᠭᠤᠴᠢᠨ  ᠠᠵᠤ ᠦᠢᠯᠡᠰ ᠤᠨ ᠬᠦᠭᠵᠢᠯᠲᠡ ᠲᠡᠩᠴᠡᠭᠦᠷᠢ ᠦᠭᠡᠢ᠂ ᠨᠡᠷ᠎ᠡ ᠲᠡᠮᠳᠡᠭᠴᠢᠯᠡᠭᠰᠡᠨ᠂ ᠪᠠᠷᠢᠮᠵᠢᠶᠠᠴᠢᠯᠠᠭᠰᠠᠨ᠂ ᠮᠦᠷᠳᠡᠴᠢᠯᠡᠵᠤ ᠪᠣᠯᠬᠤ ᠦᠨᠳᠦᠷ ᠴᠢᠨᠠᠷ ᠴᠢᠨᠰᠠᠭ᠎ᠠ ᠲᠠᠢ ᠪᠣᠬᠢᠷᠲᠤᠯ ᠦᠭᠡᠢ ᠭᠦᠭᠵᠢᠯᠲᠡ ᠶᠢᠨ ᠡᠭᠦᠷᠭᠡ ᠬᠦᠨᠳᠦ ᠪᠠᠶᠢᠨ᠎ᠠ᠃ ᠬᠤᠶᠠᠷ ᠲᠤ᠂ ᠳᠠᠷᠢᠶᠠᠯᠠᠩ ᠤᠨ ᠲᠠᠯ᠎ᠠ ᠪᠠᠷ ᠪᠣᠬᠢᠷᠳᠤᠯ ᠤᠨ ᠡᠬᠢ ᠶᠢ ᠴᠡᠪᠡᠷᠰᠢᠭᠦᠯᠦᠨ ᠵᠠᠰᠠᠬᠤ ᠨᠢ ᠪᠠᠴᠢᠮ ᠲᠤᠯᠭᠠᠮ᠎ᠠ᠂ ᠬᠦᠳᠡᠭᠡ ᠳᠣᠰᠬᠤᠠ ᠤ ᠭᠦᠮᠦᠨ ᠠᠮᠠ ᠶᠢᠨ ᠣᠷᠣᠰᠢᠨ ᠰᠠᠭᠤᠬᠤ ᠤᠷᠴᠢᠨ ᠲᠤᠭᠤᠷᠢᠨ ᠢ ᠰᠡᠯᠪᠢᠨ ᠵᠠᠰᠠᠬᠤ ᠡᠭᠦᠷᠭᠡ ᠬᠥᠨᠳᠥ᠂ ︽ᠲᠠᠷᠢᠶᠠᠯᠠᠩ︾ ᠨᠡᠷ᠎ᠡ ᠲᠡᠮᠳᠡᠭ ᠲᠠᠢ ᠳᠡᠷᠢᠬᠦᠨ ᠤ ᠠᠵᠤ ᠠᠬᠤᠶᠢᠯᠠᠯ ᠨᠢ ᠲᠣᠯᠣᠭᠠᠶᠢᠯᠠᠬᠤ ᠲᠠᠯ᠎ᠠ ᠪᠠᠷ ᠢᠯᠡᠷᠬᠡᠢ ᠦᠭᠡᠢ᠂ ᠰᠢᠨ᠎ᠡ ᠮᠠᠶ᠋ᠢᠭ ᠤᠨ ᠳᠠᠷᠢᠶᠠᠯᠠᠩ ᠤᠨ ᠡᠵᠡᠩᠨᠡᠯᠳᠡ ᠶᠢᠨ ᠭᠤᠣᠯ ᠴᠣᠭᠴᠠ ᠶᠢᠨ ᠲᠤᠯᠭᠠᠭᠤᠷᠢ ᠶᠢᠨ ᠴᠢᠳᠠᠮᠵᠢ ᠨᠢ ᠪᠠᠷᠤᠭᠲᠠᠢ᠂ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠠᠷᠤᠯᠲᠠ ᠨᠢ ᠨᠡᠯᠢᠶᠡᠳ ᠶᠡᠭᠡ ᠪᠠᠶᠢᠨ᠎ᠠ᠃ ᠭᠤᠷᠪᠠ ᠳᠤ᠂ ᠬᠦᠭᠵᠢᠯᠳᠡ ᠶᠢᠨ ᠪᠦᠳᠦᠭᠡᠨ ᠪᠠᠶᠢᠭᠤᠯᠤᠯᠳᠠ᠂ ᠡᠳ᠋ ᠤᠨ ᠵᠠᠰᠠᠭ ᠤᠨ ᠤᠷᠣᠯᠭ᠎ᠠ ᠵᠠᠷᠣᠯᠭ᠎ᠠ᠂ ᠥᠷᠢ ᠥᠭᠴᠡᠭᠡ ᠶᠢ  ᠰᠢᠢᠳᠪᠦᠷᠢᠯᠡᠬᠦ ᠵᠥᠷᠢᠴᠡᠯ ᠨᠢ ᠡᠳᠦᠷ ᠢᠷᠡᠬᠦᠶ᠎ᠡ ᠢᠯᠡᠷᠭᠡᠢ ᠪᠣᠯᠵᠤ᠂ ᠤᠷᠴᠢᠨ ᠲᠤᠭᠤᠷᠢᠨ ᠤ ᠬᠠᠮᠠᠭᠠᠯᠠᠯᠳᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠬᠡᠮ ᠤᠨ ᠵᠠᠰᠠᠯᠳᠠ ᠨᠢ ᠨᠡᠩ ᠶᠡᠭᠡ ᠳᠠᠷᠤᠯᠲᠠ ᠲᠠᠢ ᠪᠣᠯᠪᠠ᠃ ᠳᠥᠷᠪᠡ ᠳᠤ᠂ ᠬᠡᠰᠡᠭ ᠺᠠᠲᠠᠷᠴᠤᠳ ᠪᠠᠭ᠎ᠠ ᠠᠮᠵᠢᠯᠲᠠ ᠣᠯᠪᠠᠯ ᠰᠡᠳᠭᠢᠯ ᠬᠠᠨᠤᠵᠤ᠂ ᠪᠠᠭ᠎ᠠ ᠪᠠᠶᠠᠵᠢᠪᠠᠯ ᠠᠮᠠᠷ ᠢ ᠪᠣᠳᠤᠵᠤ᠂ ᠪᠠᠭ᠎ᠠ ᠶᠢ ᠪᠦᠲᠦᠭᠡᠴᠢᠬᠡᠪᠡᠯ ᠳᠠᠷᠤᠢ ᠳᠤ ᠨᠢ ᠵᠣᠭᠰᠣᠵᠤ᠂ ᠬᠦᠳᠡᠯᠭᠡᠭᠴᠢ ᠬᠦᠴᠦᠨ ᠢᠶᠠᠷ ᠳᠣᠳᠠᠮᠠᠭ᠂ ᠬᠢᠬᠦ ᠰᠠᠨᠠᠭ᠎ᠠ ᠦᠭᠡᠢ᠂ ᠴᠢᠳᠠᠮᠵᠢ ᠪᠠᠷ ᠳᠣᠳᠠᠮᠠᠭ᠂ ᠬᠢᠵᠦ ᠴᠢᠳᠠᠬᠤ ᠦᠬᠡᠢ᠂ ᠡᠭᠦᠷᠭᠡ ᠡᠭᠦᠷᠭᠡᠯᠡᠬᠦ ᠴᠢᠳᠠᠪᠤᠷᠢ ᠪᠠᠷ ᠳᠣᠳᠠᠮᠠᠭ᠂ ᠬᠢᠬᠦ ᠠᠴᠠ ᠪᠠᠨ ᠠᠶᠤᠬᠤ ᠵᠡᠷᠭᠡ ᠠᠰᠠᠭᠤᠳᠠᠯ ᠣᠷᠣᠰᠢᠵᠤ ᠪᠠᠶᠢᠭ᠎ᠠ ᠲᠤᠯᠠ ᠰᠢᠨ᠎ᠡ ᠴᠠᠭ ᠦᠶ᠎ᠡ ᠶᠢᠨ ᠰᠢᠨ᠎ᠡ ᠱᠠᠭᠠᠷᠳᠠᠯᠭ᠎ᠠ ᠲᠠᠢ ᠵᠣᠬᠢᠴᠠᠯᠳᠣᠬᠤ ᠦᠭᠡᠢ ᠪᠠᠶᠢᠨ᠎ᠠ᠃ ᠡᠭᠦᠨ ᠳᠤ᠂ ᠪᠢᠳᠡ ︽ᠳᠠᠰᠪᠤᠷᠢ ᠬᠠᠳᠠᠭᠤᠵᠢᠯᠳᠠᠢ᠂ ᠪᠤᠴᠠᠯᠲᠠ ᠦᠭᠡᠢ ᠤᠷᠤᠭᠰᠢᠯᠠᠬᠤ︾ ᠮᠣᠩᠭᠤᠯ ᠮᠣᠷᠢ ᠶᠢᠨ ᠵᠤᠷᠢᠭ ᠰᠠᠨᠠᠭ᠎ᠠ ᠶᠢ ᠶᠡᠭᠡ ᠪᠠᠷ ᠤᠬᠠᠭᠤᠯᠵᠤ᠂ ᠬᠠᠮᠤᠭ ᠤᠨ ᠶᠡᠭᠡ ᠡᠷᠴᠢ ᠵᠣᠷᠢᠭ ᠪᠠᠷ ᠦᠷᠢᠰᠦᠯᠳᠦᠭᠡᠨ ᠳᠤ ᠬᠠᠨᠳᠤᠵᠤ᠂ ᠬᠠᠮᠤᠭ ᠤᠨ ᠶᠡᠭᠡ ᠬᠠᠳᠠᠠ ᠬᠦᠴᠦᠨ ᠢᠶᠠᠷ ᠰᠢᠨ᠎ᠡ ᠶᠢ ᠡᠭᠦᠳᠴᠦ᠂ ᠬᠠᠮᠤᠭ ᠤᠨ ᠰᠠᠶᠢᠠ ᠦᠷ᠎ᠡ ᠪᠥᠳᠥᠮᠵᠢ ᠪᠠᠷ ᠪᠦᠬᠦ ᠰᠢᠶᠠᠨ ᠤ ᠠᠷᠠᠣᠠ ᠳᠦᠮᠠᠠ ᠳᠤ ᠨᠢᠭᠡ ᠬᠤᠪᠢ ᠬᠠᠨᠤᠮᠵᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠨ᠎ᠠ᠃      ᠬᠤᠶᠠᠷ᠂ 2019 ᠣᠨ ᠤ ᠬᠠᠷᠠᠯᠲᠠ ᠬᠢᠭᠡᠳ ᠭᠤᠣᠯᠳᠠᠯᠭ᠎ᠠ ᠲᠠᠢ ᠠᠵᠢᠯ      2019 ᠤᠨ ᠪᠤᠯ ᠰᠢᠨ᠎ᠡ ᠳᠣᠮᠳᠠᠳᠣ ᠣᠯᠣᠰ ᠪᠠᠶᠢᠭᠤᠯᠤᠭᠳᠠᠭᠰᠠᠨ 70 ᠵᠢᠯ ᠤᠨ ᠣᠢ᠂ ᠮᠦᠨ ᠴᠤ ᠨᠠᠮ ᠤᠨ ᠠᠷᠪᠠ ᠶᠢᠰᠦᠳᠦᠭᠡᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠦᠳᠤᠬᠡᠨ ᠪᠠᠶᠢᠭᠤᠯᠬᠤ ᠵᠠᠩᠬᠢᠯᠠᠭ᠎ᠠ ᠶᠢᠨ ᠵᠢᠯ ᠪᠣᠯᠤᠨ᠎ᠠ᠃ ᠲᠡᠦᠬᠡ ᠶᠢᠨ ᠰᠢᠨ᠎ᠡ ᠡᠬᠢᠯᠠᠯᠳᠠ ᠶᠢᠨ ᠴᠢᠭ ᠲᠤ ᠵᠤᠭᠰᠤᠵᠤ᠂ ᠥᠨᠳᠥᠷ ᠲᠤ ᠭᠠᠷᠴᠤ᠂ ᠬᠤᠯᠠ ᠶᠢ ᠬᠠᠷᠠᠵᠤ᠂ ᠯᠠᠪᠳᠠᠭᠤᠨ ᠲᠣᠭᠲᠠᠭᠤᠨ ᠢᠶᠠᠷ ᠠᠵᠠ ᠵᠠᠪᠰᠢᠶᠠᠨ ᠢ ᠠᠳᠬᠤᠨ᠂ ᠰᠢᠨ᠎ᠡ ᠳᠠᠪᠠᠭᠤᠯᠢᠭ ᠢ ᠪᠦᠳᠤᠭᠡᠨ ᠪᠠᠶᠢᠭᠤᠯᠵᠤ᠂ ᠰᠢᠨ᠎ᠡ ᠦᠰᠦᠷᠦᠯᠲᠡ ᠶᠢ ᠪᠡᠶᠡᠯᠡᠭᠦᠯᠦᠨ᠎ᠡ᠃      2019 ᠣᠨ ᠤ ᠵᠠᠰᠠᠭ ᠤᠨ ᠤᠷᠳᠤᠡ ᠤ ᠠᠵᠢᠯ ᠤᠨ ᠶᠡᠷᠦᠩᠭᠡᠢ ᠱᠠᠭᠠᠷᠳᠠᠯᠭ᠎ᠠ ᠨᠢ᠄ ︽ᠨᠢᠭᠡ ᠪᠠᠷ ᠵᠢᠯᠤᠭᠤᠳᠬᠤ︾ ᠂ ᠰᠢ ᠶᠢᠨ ᠫᠢᠩ ᠲᠡᠷᠢᠭᠦᠯᠦᠭᠴᠢ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ  ᠪᠣᠯᠭᠠᠵᠤ ; ︽ᠨᠢᠭᠡ ᠰᠠᠭᠤᠷᠢᠠ ᠭᠠᠵᠠᠷ︾ ᠂ ᠳᠠᠷᠤᠢ ᠪᠣᠷᠣᠲᠤᠬᠠᠢ ᠶᠢᠨ ᠪᠦᠬᠦ ᠴᠠᠷᠴᠠᠭᠠᠨ ᠤ ᠪᠣᠬᠢᠷᠳᠣᠯ ᠦᠬᠡᠢ ᠤᠷᠭᠠᠨᠢᠭ ᠥᠨᠳᠥᠷ ᠲᠡᠰ ᠤᠨ ᠮᠠᠯ ᠲᠠᠷᠢᠶᠠᠯᠠᠩ ᠤᠨ  ᠪᠦᠳᠦᠭᠡᠭᠳᠡᠭᠦᠨ ᠢ ᠦᠢᠯᠡᠳᠪᠦᠷᠢᠯᠡᠠ ᠡᠳ᠋ᠰᠢᠭᠦᠯᠵᠦ ᠭᠠᠳᠠᠭᠰᠢ ᠭᠠᠷᠭᠠᠬᠤ ᠰᠠᠭᠤᠷᠢᠠ ᠭᠠᠵᠠᠷ ᠢ ᠪᠦᠳᠦᠭᠡᠨ ᠪᠠᠶᠢᠭᠤᠯᠵᠤ ; ︽ᠨᠢᠭᠡ ᠬᠦᠲᠦᠯᠬᠦ︾ ᠂ ᠲᠠᠷᠦᠢ ︽ᠲᠡᠭᠷᠢ ᠶᠢᠨ ᠬᠡᠰᠢᠭᠲᠦ ᠪᠣᠷᠣᠲᠣᠬᠤᠢ︾ ᠪᠠᠷ ᠣᠷᠣᠨ ᠨᠣᠲᠤᠭ ᠤᠨ ᠨᠡᠶᠢᠲᠡ ᠶᠢᠨ ᠬᠡᠷᠡᠭᠯᠡᠭᠡᠨ ᠤ ᠨᠡᠷᠡᠳᠤ ᠳᠡᠮᠳᠡᠭ ᠢᠶᠠᠷ ᠬᠦᠳᠦᠯᠬᠦ ; ︽ᠨᠢᠭᠡ ᠭᠤᠣᠯ ᠱᠤᠭᠤᠮ︾᠂ ᠲᠠᠷᠤᠢ ᠪᠦᠬᠦ ᠳᠠᠯ᠎ᠠ ᠪᠠᠷ ᠨᠠᠮ ᠢ ᠴᠢᠩᠭ᠎ᠠ ᠴᠡᠭᠴᠡᠯᠡᠨ ᠰᠢᠶᠠᠨ ᠤ ᠬᠡᠪᠴᠢᠶ᠎ᠡ ᠶᠢᠨ ᠠᠵᠤ ᠠᠬᠤᠢ ᠶᠢ ᠬᠥᠭᠵᠢᠭᠦᠯᠬᠦ ︽ᠨᠢᠭᠡ︾ ᠭᠤᠣᠯ ᠱᠤᠭᠤᠮ ; ︽ᠬᠤᠶᠠᠷ ᠶᠡᠭᠡ ᠲᠡᠷᠢᠭᠦᠯᠡᠬᠦ︾ ᠂ ᠲᠣᠰᠬᠤᠨ ᠤ ᠬᠥᠭᠵᠢᠯᠲᠡ ᠪᠣᠯᠤᠨ ᠭᠤᠷᠪᠠᠨ ᠠᠵᠤ ᠦᠢᠯᠡᠰ ᠤᠨ ᠠᠭᠤᠰᠤᠯᠴᠠᠯ ︽ᠬᠤᠶᠠᠷ ᠶᠡᠭᠡ︾ ᠬᠠᠷᠠᠯᠲᠠ ᠶᠢ ᠪᠦᠬᠦ ᠤᠯᠤᠰ ᠲᠤ ᠲᠡᠷᠢᠭᠦᠯᠡᠨ ᠪᠦᠳᠦᠭᠡᠨ ᠪᠠᠶᠢᠭᠤᠯᠬᠤ ; ︽ᠭᠤᠷᠪᠠᠨ ᠶᠡᠭᠡ ᠪᠠᠬᠢᠯᠡᠯᠲᠡ ᠶᠢ ᠰᠢᠪᠲᠣᠯᠬᠤ︾ ᠂ ᠬᠦᠨᠳᠦ ᠴᠢᠬᠤᠯᠠ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠠᠷᠢᠨ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠵᠠᠷᠳᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠠᠬᠢᠯᠡᠯᠲᠡ ᠶᠢ ᠰᠢᠪᠲᠣᠯᠬᠤ ᠳᠠᠶᠢᠯᠠᠯᠳᠤᠭᠠᠨ︾ ᠢ ᠢᠯᠠᠬᠤ ; ︽ᠲᠦᠷᠪᠡᠨ ᠶᠡᠭᠡ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ︾᠂ ᠳᠠᠵᠢᠬᠡᠪᠤᠷᠢ ᠶᠢᠨ ᠦᠢᠯᠠᠰ ᠤᠨ ᠪᠦᠲᠦᠴᠡ ᠶᠢ ᠵᠣᠬᠢᠴᠠᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠢᠯᠡᠳᠭᠦᠨ ᠢ ᠨᠠᠷᠢᠯᠢᠭ ᠪᠣᠯᠪᠠᠰᠤᠷᠠᠭᠤᠯᠬᠤ᠂ ᠪᠣᠷᠣ ᠭᠡᠷᠲᠦ ᠲᠣᠭᠤᠷᠢᠭ ᠤᠨ ᠥᠭᠡᠷᠡᠴᠢᠯᠡᠯᠲᠡ ᠶᠢᠨ ︽ᠲᠦᠷᠪᠡᠨ ᠶᠡᠭᠡ︾ ᠲᠦᠪᠡᠭᠲᠡᠢ ᠠᠰᠠᠭᠤᠳᠠᠯ ᠢ ᠰᠢᠢᠳᠪᠦᠷᠢᠯᠡᠬᠦ ; ︽ᠲᠠᠪᠤᠨ ᠣᠷᠣᠨ︾ ᠢ ᠪᠦᠲᠦᠭᠡᠨ ᠪᠠᠶᠢᠭᠤᠯᠬᠤ᠂ ᠤᠯᠤᠰ ᠤᠨ ᠤᠳᠤ ᠦᠶ᠎ᠡ ᠶᠢᠨ ᠳᠠᠷᠢᠶᠠᠯᠠᠩ ᠤᠨ ᠠᠵᠤ ᠦᠢᠯᠠᠰ ᠤᠨ ᠬᠦᠷᠢᠶᠡᠯᠡᠩ᠂ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠭᠠᠷᠤᠯᠲᠠ ᠶᠢᠨ ᠳᠠᠪᠠᠭᠤᠯᠢᠭ ᠣᠷᠣᠨ᠂ ᠤᠯᠤᠰ ᠤᠨ ᠤᠳᠤ ᠦᠶ᠎ᠡ ᠶᠢᠨ ᠳᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠤᠷᠭᠠᠨᠢᠭ ᠦᠢᠯᠡᠳᠭᠦᠨ ᠢ ᠬᠡᠷᠠᠴᠢᠯᠠᠬᠦ ᠵᠢᠱᠢᠶ᠎ᠡ ᠦᠵᠡᠭᠦᠯᠬᠦ ᠣᠷᠣᠨ᠂ ᠤᠯᠤᠰ ᠤᠨ ᠳᠠᠷᠢᠶᠠᠯᠠᠩ ᠤᠨ ᠦᠷᠬᠦᠯᠵᠢᠬᠦᠶᠢᠴᠡ ᠬᠦᠭᠵᠢᠯᠲᠡ ᠶᠢᠨ ᠲᠤᠷᠰᠢᠯᠲᠠ ᠶᠢᠨ ᠵᠢᠱᠢᠶᠡᠴᠢ ᠣᠷᠣᠨ ᠢ ᠡᠭᠦᠳᠦᠨ ᠪᠠᠶᠢᠭᠤᠯᠬᠤ ; ︽ᠠᠷᠪᠠᠨ ᠣᠷᠣᠨ ᠨᠢᠭᠡ ᠴᠤᠭᠴᠠ︾ ᠶᠢᠨ ᠬᠥᠭᠵᠢᠯᠲᠡ᠂ ᠨᠡᠶᠢᠬᠡᠮ ᠤᠨ ᠶᠡᠷᠦᠩᠬᠡᠢ ᠵᠠᠰᠠᠯᠳᠠ ᠶᠢ ᠪᠡᠶᠡᠯᠡᠬᠦᠯᠬᠦ᠂ ᠠᠭᠤᠯᠠ᠂ ᠤᠰᠤ᠂ ᠤᠢ᠂ ᠲᠠᠷᠢᠶ᠎ᠡ᠂ ᠨᠠᠭᠤᠷ᠂ ᠡᠪᠡᠰᠦ᠂ ᠡᠯᠡᠰᠦ ᠵᠡᠷᠭᠡ ᠶᠢ ᠵᠠᠰᠠᠵᠤ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠣᠯ ᠴᠣᠭᠴᠠ᠂ ᠲᠠᠷᠢᠶᠠᠯᠠᠩ ᠤᠨ ᠶᠡᠷᠦᠩᠬᠡᠶᠢᠯᠡᠭᠰᠡᠨ ᠴᠤᠭᠴᠠ ︵ᠳᠠᠷᠢᠶᠠᠯᠠᠩ ᠤᠨ ᠴᠡᠴᠡᠷᠯᠢᠭ︶᠂ ᠠᠵᠤ ᠤᠶᠢᠯᠡᠰᠵᠢᠭᠦᠯᠦᠯᠳᠡ ᠶᠢᠨ ᠬᠤᠯᠪᠣᠭᠠᠲᠤ ᠴᠣᠭᠴᠠ ᠶᠢ ᠪᠠᠶᠢᠭᠤᠯᠤᠨ᠎ᠠ᠃ ᠬᠤᠵᠢᠷᠯᠢᠭ ᠭᠠᠵᠠᠷ ᠢ ᠵᠠᠰᠠᠵᠤ᠂ ᠡᠪᠡᠰᠦ  ᠲᠠᠷᠢᠵᠤ᠂ ᠮᠠᠯᠵᠢᠯ ᠢ ᠬᠦᠭᠵᠢᠭᠦᠯᠬᠦ᠂ ᠬᠦᠳᠡᠭᠡ ᠳᠣᠰᠬᠤᠠ ᠤ ᠣᠷᠣᠰᠢᠨ ᠰᠠᠭᠤᠬᠤ ᠤᠷᠴᠢᠨ ᠲᠤᠭᠤᠷᠢᠨ ᠢ ᠰᠡᠯᠪᠢᠨ ᠵᠠᠰᠠᠬᠤ᠂ ︽ᠲᠠᠷᠢᠶᠠᠯᠠᠩ ᠤᠨ ᠰᠢᠨᠡᠴᠢᠯᠡᠯᠲᠡ ᠶᠢᠨ ᠡᠭᠦᠳᠦᠭᠴᠢ︾ ᠶᠢ ᠬᠦᠮᠦᠵᠢᠭᠦᠯᠵᠦ ᠂ ᠪᠣᠷᠣᠲᠣᠬᠤᠢ ᠶᠢᠨ ᠣᠷᠣᠨ ᠤ ᠲᠠᠷᠢᠶᠠᠯᠠᠩ ᠰᠤᠶᠤᠯ ᠤᠨ ᠭᠥᠳᠡᠭᠡ ᠲᠣᠰᠬᠤᠨ ᠤ ᠠᠶᠠᠯᠠᠯ ᠵᠢᠭᠤᠯᠴᠢᠯᠠᠯ ᠤᠨ ᠰᠠᠭᠤᠷᠢᠠ ᠭᠠᠵᠠᠷ᠂ ︽ᠠᠷᠪᠠᠨ ᠣᠷᠣᠨ ᠨᠢᠭᠡ ᠴᠤᠭᠴᠠ︾ ᠶᠢᠨ ᠲᠦᠰᠦᠯ ᠢ ᠴᠢᠷᠮᠠᠶᠢᠨ ᠣᠷᠣᠭᠤᠯᠵᠤ᠂ ᠪᠣᠬᠢᠷᠳᠣᠯ ᠦᠬᠡᠢ ᠥᠨᠳᠦᠷ ᠴᠢᠨᠠᠷᠲᠠᠢ ᠬᠦᠭᠵᠢᠯᠳᠡ ᠪᠣᠯᠣᠨ ᠤᠯᠠᠠ ᠳᠦᠮᠠᠠ ᠤ ᠬᠠᠨᠤᠮᠵᠢ ᠶᠢᠨ ᠬᠡᠮᠵᠢᠶ᠎ᠠ ᠳᠤ ᠬᠦᠷᠬᠦ ᠠᠷᠠᠳ ᠤᠨ ᠠᠮᠢᠳᠤᠷᠠᠯ ᠤᠨ ᠠᠵᠢᠯ ᠦᠢᠯᠡᠰ ᠢ ᠬᠥᠭᠵᠢᠭᠦᠯᠦᠨ᠎ᠡ᠃      ᠭᠤᠤᠯ ᠵᠢᠱᠢᠭᠰᠡᠨ ᠬᠠᠷᠠᠯᠲᠠ᠄ ᠭᠤᠣᠯᠯᠠᠬᠤ ᠠᠵᠤ ᠠᠬᠤᠢ ᠶᠢᠨ ᠲᠤᠭ᠎ᠠ ᠬᠡᠮᠵᠢᠶ᠎ᠡ ᠶᠢᠨ ᠦᠰᠦᠯᠲᠠ ᠨᠢ ᠪᠦᠬᠦ ᠬᠤᠳᠠ ᠶᠢᠨ ᠳᠣᠮᠳᠠᠴᠢ ᠳᠦᠪᠰᠢᠠ ᠠᠴᠠ ᠳᠡᠭᠡᠭᠰᠢ ᠪᠠᠶᠢᠬᠤ᠂ ᠪᠦᠬᠦ ᠳᠠᠯ᠎ᠠ ᠶᠢᠨ ᠴᠢᠨᠠᠬᠡᠯᠢᠭ ‍ᠤᠨ‌‍ᠬᠡᠮᠵᠢᠶ᠎ᠡ ᠨᠢ ᠪᠦᠬᠦ ᠤᠷᠣᠠ ᠤ ᠲᠡᠷᠢᠭᠦᠨ ᠡᠩᠨᠡᠭᠡᠨ ᠳᠤ ᠣᠷᠣᠬᠤ᠂ ︽ᠲᠠᠪᠤᠨ ᠣᠷᠣᠨ ᠨᠢᠭᠡ ᠬᠤᠲᠠ︾ ᠶᠢ ᠬᠦᠴᠦᠯᠡᠨ ᠪᠦᠲᠦᠭᠡᠨ ᠪᠠᠶᠢᠭᠤᠯᠤᠨ᠎ᠠ᠃      ᠳᠡᠬᠡᠷᠡᠬᠢ ᠬᠦᠭᠵᠢᠯᠳᠡ ᠶᠢᠨ ᠬᠠᠷᠠᠯᠳᠠ ᠶᠢᠨ ᠳᠣᠭᠤᠷᠢᠨ ᠳᠤ᠂ ᠳᠣᠣᠷᠠᠬᠢ ᠨᠠᠢᠮᠠᠨ ᠳᠠᠯ᠎ᠠ ᠶᠢᠨ ᠠᠵᠢᠯ ᠢ ᠪᠦᠬᠦ ᠬᠦᠴᠣ ᠪᠠᠷ ᠰᠠᠶᠢᠳᠣᠷ ᠬᠢᠨ᠎ᠠ᠃      ︵ᠨᠢᠭᠡ︶ ᠭᠤᠷᠪᠠᠨ ᠶᠡᠭᠡ ᠰᠢᠪᠳᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠂ ᠤᠯᠤᠰ ᠲᠥᠷᠥ ᠶᠢᠨ ᠡᠭᠦᠷᠭᠡ ᠬᠠᠷᠢᠭᠤᠴᠠᠯᠭ᠎ᠠ ᠶᠢ ᠰᠢᠨ᠎ᠡ ᠪᠠᠷ ᠳᠠᠭᠠᠭᠠᠨ᠎ᠠ᠃ ᠭᠤᠷᠪᠠᠨ ᠶᠡᠭᠡ ᠰᠢᠪᠳᠤᠯᠤᠯᠳᠠ ᠶᠢ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠶᠢᠨ ᠲᠡᠷᠢᠭᠦᠨ ᠴᠢᠬᠤᠯᠠ ᠶᠡᠭᠡ ᠬᠡᠷᠡᠭ ᠪᠣᠯᠭᠠᠵᠤ ᠂ ᠦᠨᠳᠦᠷ ᠴᠢᠨᠠᠷᠲᠠᠢ ᠬᠦᠭᠵᠢᠯᠳᠡ ᠶᠢ ᠪᠡᠶᠡᠯᠡᠬᠦᠯᠬᠦ ᠪᠣᠭᠤᠮᠲᠠ ᠶᠢ ᠳᠠᠪᠠᠨ᠎ᠠ᠃ ᠪᠢᠳᠡ ᠡᠷᠬᠡᠪᠰᠢ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠂ ᠴᠢᠭᠯᠡᠯ ᠢᠶᠠᠨ ᠪᠠᠷᠢᠮᠲᠠᠯᠠᠨ᠂ ᠰᠢᠢᠳᠪᠦᠷᠢᠲᠦ ᠲᠤᠯᠤᠯᠳᠤᠭᠠᠨ ᠤ ᠢᠯᠠᠯᠲᠠ ᠶᠢ ᠣᠯᠣᠨ᠎ᠠ᠃      ᠨᠢᠭᠡᠳᠤᠭᠡᠷ ᠲᠤ᠂ ᠡᠷᠡᠰ ᠲᠠᠰᠤ ᠪᠠᠷ ᠬᠦᠨᠳᠦ ᠴᠢᠬᠤᠯᠠ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠳᠤᠯᠤᠯᠳᠠ ᠶᠢᠨ ᠳᠠᠶᠢᠯᠠᠯᠳᠤᠭᠠᠨ ᠢ ᠳᠠᠪᠠᠨ ᠢᠯᠠᠨ᠎ᠠ᠃ ᠥᠷᠢ ᠥᠭᠴᠡᠭᠡ ᠶᠢᠨ ᠨᠡᠮᠡᠭᠳᠡᠴᠡ ᠶᠢ ᠴᠢᠩᠭ᠎ᠠ ᠪᠠᠷᠢᠬᠤ᠂ ᠠᠵᠢᠯ ᠲᠦᠷᠦᠯ ᠤᠨ ᠪᠦᠳᠦᠭᠡᠨ ᠪᠠᠶᠢᠭᠤᠯᠤᠯᠳᠠ ᠶᠢᠨ ᠬᠢᠨᠠᠨ ᠵᠥᠪᠰᠢᠶᠡᠷᠡᠯᠲᠡ ᠶᠢ ᠴᠢᠩᠭ᠎ᠠ ᠪᠠᠷᠢᠬᠤ᠂ ᠬᠦᠭᠵᠢᠯᠳᠡ ᠪᠣᠯᠣᠨ ᠠᠷᠠᠳ ᠤᠨ ᠠᠮᠢᠳᠤᠷᠠᠯ ᠳᠤ ᠠᠰᠢᠭ ᠦᠭᠡᠢ ᠠᠵᠢᠯ ᠲᠦᠰᠦᠯ ᠢ ᠬᠡᠷᠡᠭᠵᠢᠭᠦᠯᠬᠦ ᠦᠭᠡᠢ᠂ ᠳᠤᠷ᠎ᠠ ᠪᠠᠷ ᠪᠦᠳᠦᠭᠡᠨ ᠪᠠᠶᠢᠭᠤᠯᠤᠯᠳᠠ ᠶᠢᠨ ᠠᠭᠤᠯᠭ᠎ᠠ ᠶᠢ ᠨᠡᠮᠡᠬᠦ᠂ ᠲᠤᠷ᠎ᠡ ᠪᠠᠷ ᠪᠡᠯᠡ ᠤᠷᠤᠭᠤᠯᠤᠯᠳᠠ ᠶᠢᠨ ᠬᠡᠪᠴᠢᠶ᠎ᠠ ᠶᠢ ᠦᠷᠭᠡᠳᠭᠡᠬᠦ ᠦᠢᠯᠠ ᠠᠵᠢᠯᠯᠠᠭ᠎ᠠ ᠶᠢ ᠡᠷᠡᠰ ᠴᠠᠭᠠᠵᠠᠯᠠᠬᠤ᠂ ᠬᠡᠲᠦᠷᠬᠡᠢ ᠤᠷᠢᠲᠠᠭᠰᠠᠨ᠂ ᠬᠢᠪᠡᠴᠦ ᠪᠣᠯᠬᠤ ᠬᠢᠬᠦ ᠦᠭᠡᠢ ᠴᠦ ᠪᠣᠯᠬᠤ ᠲᠦᠰᠦᠯ ᠢ ᠡᠷᠡᠰ ᠵᠣᠭᠰᠣᠭᠠᠨ᠎ᠠ᠃ ᠳᠡᠰ ᠳᠠᠷᠠᠭᠠᠯᠠᠯ ᠲᠠᠢ ᠪᠠᠷ ᠥᠷᠢ ᠥᠭᠴᠡᠭᠡ ᠶᠢ ᠠᠷᠢᠯᠭᠠᠬᠤ᠂ ᠲᠥᠰᠥᠪ ᠳᠣᠬᠢᠷᠠᠭᠤᠯᠭ᠎ᠠ ᠶᠢ ᠰᠠᠶᠢᠲᠤᠷ ᠲᠣᠬᠢᠷᠠᠭᠤᠯᠵᠤ᠂ ᠭᠠᠶᠢᠯᠢ ᠶᠢᠨ ᠢᠷᠡᠯᠲᠡ ᠶᠢ ᠲᠡᠳᠬᠦᠬᠦ᠂ ᠡᠬᠢ ᠪᠠᠶᠠᠯᠢᠭ ᠤᠨ ᠰᠡᠷᠭᠦᠯᠲᠡ ᠵᠡᠷᠭᠡ ᠠᠵᠢᠯᠯᠠᠭ᠎ᠠ ᠶᠢ ᠨᠢᠭᠡᠲᠦᠯᠲᠡᠢ ᠲᠥᠯᠥᠪᠯᠡᠵᠦ 5.9 ᠳ᠋ᠦᠩᠰᠢᠭᠤᠷ ᠲᠦᠭᠦᠷᠢᠭ ᠤᠨ ᠵᠢᠯ ᠤᠨ ᠥᠷᠢ ᠥᠭᠴᠡᠭᠡ ᠶᠢ ᠰᠢᠢᠳᠪᠦᠷᠢᠯᠡᠬᠦ ᠡᠬᠦᠷᠬᠡ ᠶᠢ ᠲᠤᠤᠱᠲᠠᠢ ᠪᠡᠶᠡᠯᠡᠭᠦᠯᠦᠨ᠎ᠡ᠃ ᠮᠦᠩᠬᠦᠨ ᠬᠦᠢᠯᠬᠡᠬᠡᠨ ᠤ ᠠᠶᠤᠯ ᠲᠦᠭᠰᠢᠬᠦᠷᠢ ᠶᠢ ᠴᠢᠩᠭ᠎ᠠ ᠰᠠᠷᠬᠡᠶᠢᠯᠠᠬᠦ᠂ ᠬᠠᠤᠯᠢ ᠪᠤᠰᠤ ᠪᠠᠷ ᠪᠠᠯᠠ ᠮᠥᠩᠭᠦ ᠴᠣᠬᠯᠠᠭᠤᠯᠬᠤ᠂ ᠮᠦᠩᠭᠦᠨ ᠭᠦᠢᠯᠭᠡᠭᠡᠨ ᠤ ᠮᠡᠬᠡᠯᠡᠯᠲᠡ ᠶᠢᠨ ᠠᠵᠢᠯᠯᠠᠭ᠎ᠠ ᠳᠤ ᠬᠦᠨᠳᠦ ᠴᠣᠬᠢᠯᠲᠠ ᠥᠭᠬᠦ᠂ ᠪᠠᠯᠠ ᠮᠦᠩᠬᠦ ᠤᠷᠣᠭᠤᠯᠬᠤ ᠲᠠᠪᠴᠠᠩ ᠤᠨ ᠵᠠᠬᠠᠴᠢᠯᠠᠬᠤ ᠬᠡᠯᠪᠡᠷᠢ ᠶᠢ ᠪᠡᠶᠡᠯᠡᠭᠦᠯᠬᠦ᠂ ᠮᠦᠩᠭᠦᠨ ᠭᠦᠢᠯᠭᠡᠭᠡᠨ ᠤ ᠵᠠᠭ᠋᠎ᠠ ᠲᠠᠯᠭᠡᠬᠦᠷ ᠤᠨ ᠬᠠᠮᠢᠶᠠᠷᠤᠯᠳᠠ ᠶᠢ ᠲᠦᠷᠢᠮᠵᠢᠭᠦᠯᠦᠨ᠎ᠡ᠃ ︽ᠲᠥᠰᠦᠯ ᠢᠶᠠᠷ ᠭᠤᠣᠯᠳᠠᠯᠭ᠎ᠠ ᠪᠣᠯᠭᠠᠬᠤ︾ ᠤᠶᠢᠯᠠᠭᠠᠬᠳᠠᠬᠤᠨ ᠢ ᠪᠤᠢ ᠪᠣᠯᠭᠠᠬᠤ᠂ ︽ᠨᠢᠭᠡ ᠭᠠᠷ︾ ᠢᠨᠵᠧᠨᠧᠷᠢᠩ ᠤᠨ ᠠᠵᠢᠯ ᠲᠦᠷᠦᠯ ᠢ ᠴᠢᠷᠮᠠᠶᠢᠨ ᠶᠠᠪᠤᠭᠳᠠᠭᠤᠯᠬᠤ᠂ ︽ᠠᠷᠪᠠᠨ ᠣᠷᠣᠨ ᠨᠢᠭᠡᠨ ᠴᠣᠭᠴᠠ︾ ᠶᠢ ᠲᠣᠭᠤᠷᠢᠨ ᠬᠥᠭᠵᠢᠭᠦᠯᠬᠦ᠂ ᠲᠥᠰᠦᠯ ᠲᠦᠷᠦᠯ ᠢ ᠨᠠᠶᠢᠷᠠᠭᠤᠯᠤᠨ ᠵᠤᠬᠢᠶᠠᠬᠤ᠂ ᠰᠣᠨᠢᠨ ᠳᠤ ᠨᠡᠶᠢᠲᠡᠯᠡᠬᠦ᠂ ᠠᠵᠢᠯ ᠢᠶᠠᠨ ᠨᠠᠷᠢᠨ ᠬᠢᠨᠠᠮᠠᠭᠠᠢ ᠬᠢᠬᠦ᠂ ᠶᠡᠭᠡ ᠲᠥᠰᠦᠯ ᠢ ᠴᠢᠩᠭ᠎ᠠ ᠠᠳᠬᠤᠨ ᠪᠠᠭ᠎ᠠ ᠲᠥᠰᠦᠯ ᠢ ᠴᠤ ᠲᠠᠯᠪᠢᠬᠤ ᠦᠭᠡᠢ᠂ ᠬᠠᠩᠭᠠᠯᠭ᠎ᠠ ᠶᠢᠨ ᠲᠠᠯ᠎ᠠ ᠶᠢᠨ ᠪᠦᠲᠤᠴᠡ ᠶᠢᠨ ᠥᠭᠡᠷᠡᠴᠢᠯᠡᠯᠲᠡ ᠶᠢ ᠴᠢᠩᠭ᠎ᠠ ᠠᠳᠬᠤᠨ᠂ ᠲᠤᠰᠬᠠᠢ ᠲᠦᠰᠦᠯ ᠤᠨ ᠪᠦᠳᠦᠭᠡᠨ ᠪᠠᠶᠢᠭᠤᠯᠤᠯᠳᠠ ᠶᠢᠨ ᠰᠠᠭᠤᠷᠢ ᠮᠦᠩᠬᠦᠨ ᠤ ᠠᠵᠢᠯ ᠢ ᠴᠢᠩᠭ᠎ᠠ ᠠᠳᠬᠤᠬᠤ᠂ ᠲᠥᠰᠥᠯ ᠤᠨ ᠪᠡᠯᠡ ᠮᠦᠩᠬᠦ 20 ᠳ᠋ᠦᠩᠰᠢᠭᠤᠷ ᠲᠥᠭᠦᠷᠢᠭ ᠢ ᠳᠠᠪᠠᠭ᠋ᠤ ᠪᠠᠷ ᠴᠢᠷᠮᠠᠶᠢᠬᠤ᠂ ᠪᠦᠬᠦ ᠬᠤᠲᠠ ᠶᠢᠨ ᠡᠵᠡᠯᠡᠬᠦ ᠬᠠᠷᠢᠴᠠᠯ ᠪᠣᠯᠤᠨ ᠥᠪᠡᠷ ᠤᠨ ᠪᠡᠶ᠎ᠡ ᠲᠠᠢ ᠪᠠᠨ ᠬᠠᠷᠢᠴᠠᠭᠤᠯᠤᠨ ︽ᠬᠤᠶᠠᠷ ᠶᠡᠭᠡ ᠳᠡᠭᠡᠭᠰᠢᠯᠡᠯᠲᠡ︾ ᠶᠢ ᠪᠡᠶᠡᠯᠡᠭᠦᠯᠦᠨ᠂ ᠠᠵᠤ ᠠᠬᠤᠢ ᠨᠡᠶᠢᠭᠡᠮ ᠤᠨ ᠡᠷᠡᠭᠦᠯ ᠬᠥᠭᠵᠢᠯᠲᠡ ᠳᠤ ᠬᠦᠴᠦᠲᠡᠢ ᠪᠠᠳᠤᠯᠭ᠎ᠠ ᠬᠠᠩᠭᠠᠨ᠎ᠠ᠃      ᠬᠤᠶᠠᠳᠤᠭᠠᠷ ᠲᠤ᠂ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ᠮᠠᠯᠠᠭᠠᠢ ᠶᠢ ᠨᠢ ᠠᠪᠤᠭᠰᠠᠨ ᠴᠤ ᠲᠥᠷᠥ ᠶᠢᠨ ᠪᠣᠳᠣᠯᠭ᠎ᠠ ᠶᠢ ᠬᠤᠪᠢᠷᠠᠭᠤᠯᠬᠤ ᠦᠭᠡᠢ᠂ ᠮᠠᠯᠠᠭᠠᠢ ᠶᠢ ᠨᠢ ᠠᠪᠤᠭᠰᠠᠨ ᠴᠤ ᠡᠭᠦᠷᠭᠡ ᠠᠴᠠ ᠬᠡᠯᠲᠦᠷᠢᠬᠦ ᠦᠭᠡᠢ᠂ ᠮᠠᠯᠠᠭᠠᠢ ᠶᠢ ᠨᠢ ᠠᠪᠤᠭᠰᠠᠨ ᠴᠤ ᠬᠠᠪᠰᠤᠷᠤᠯᠭ᠎ᠠ ᠪᠠᠨ ᠵᠣᠭᠰᠣᠭᠠᠬᠤ ᠦᠭᠡᠢ᠂ ︽ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠯ︾ ᠤᠨ ᠬᠦᠲᠡᠯᠭᠡᠭᠡᠨ ᠢ ᠬᠦᠨᠵᠡᠭᠡᠢ ᠥᠷᠨᠢᠭᠦᠯᠬᠦ᠂ ︽ᠭᠤᠷᠪᠠᠨ ᠵᠢᠯ ᠤᠨ ᠲᠠᠷᠠᠭ᠎ᠠ︾ ᠪᠣᠯᠤᠨ ︽ᠭᠤᠷᠪᠠᠨ ᠵᠢᠯ ᠤᠨ ᠬᠤᠶᠢᠨᠠᠬᠢ︾ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠬᠤ᠂ ᠬᠦᠷᠢᠶᠡᠯᠡᠩ ᠲᠣᠭᠤᠷᠢᠭ ᠠᠴᠠ ᠡᠬᠢᠯᠡᠨ ᠳᠠᠶᠢᠴᠢᠯᠠᠨ ᠬᠢᠬᠦ᠂ ᠳᠡᠷᠢᠬᠦᠨ ᠤ ᠠᠵᠤ ᠠᠬᠤᠶᠢᠯᠠᠯ ᠢ ᠬᠦᠳᠠᠯᠬᠡᠬᠦ᠂ ᠠᠶᠠᠯᠠᠯ ᠵᠢᠭᠤᠯᠴᠢᠯᠠᠯ ᠤᠨ ᠦᠢᠯᠡᠰ ᠢ ᠠᠬᠢᠭᠤᠯᠬᠤ᠂ ᠠᠵᠢᠯ ᠣᠯᠣᠭᠰᠠᠳ ᠢ ᠲᠤᠰᠠᠯᠠᠬᠤ᠂ ᠭᠡᠷᠡᠯ ᠴᠡᠨᠡᠭ ᠤᠨ ᠦᠢᠯᠡᠰ ᠢᠶᠠᠷ ᠶᠠᠳᠠᠭᠤ ᠶᠢ ᠳᠡᠳᠬᠦᠬᠦ ᠵᠡᠷᠭᠡ ᠤᠷᠳᠤ ᠬᠤᠭᠤᠴᠠᠭ᠎ᠠ ᠢᠶᠠᠷ ᠶᠠᠳᠠᠭᠤ ᠶᠢ ᠳᠡᠳᠬᠦᠬᠦ ᠪᠦᠲᠦᠮᠵᠢᠲᠡᠢ ᠵᠠᠭᠪᠤᠷ ᠤᠳ ᠢ ᠶᠡᠭᠡ ᠪᠠᠷ ᠠᠬᠢᠭᠤᠯᠬᠤ᠂ ᠭᠤᠤᠯᠳᠠᠯᠭ᠎ᠠ ᠲᠠᠢ ᠪᠠᠷ ᠶᠠᠳᠠᠭᠤ ᠶᠢ ᠳᠡᠳᠬᠦᠬᠦ ᠪᠦᠳᠦᠭᠡᠨ ᠪᠠᠶᠢᠭᠤᠯᠤᠯᠳᠠ ᠶᠢᠨ ᠬᠦᠷᠢᠶᠡᠯᠡᠩ 30 ᠶᠢ ᠪᠠᠶᠢᠭᠤᠯᠬᠤ᠂ ︽ᠬᠠᠲᠤᠨ ᠭᠤᠣᠯ ᠲᠠᠭᠤ ᠰᠤᠪᠠᠭ ᠲᠠᠭᠤ︾ ᠬᠤᠶᠠᠷ ᠬᠦᠴᠢᠷᠳᠡᠯᠲᠡᠢ ᠪᠦᠰᠡ ᠶᠢᠨ ᠳᠠᠷᠢᠶᠠᠯᠠᠩ ᠤᠨ ᠤᠰᠣᠠ ᠠᠰᠢᠬᠯᠠᠯᠳᠠ ᠶᠢᠨ ᠪᠦᠳᠣᠬᠡᠠ ᠪᠠᠶᠢᠭᠤᠯᠣᠯᠳᠠ ᠪᠣᠯᠤᠨ ᠳᠠᠷᠢᠮᠠᠯ ᠤᠨ ᠪᠦᠳᠤᠴᠠ ᠶᠢᠨ ᠵᠣᠬᠢᠴᠠᠭᠤᠯᠤᠯᠲᠠ ᠶᠢ ᠲᠦᠯᠬᠢᠨ ᠠᠬᠢᠭᠤᠯᠬᠤ᠂ ᠰᠢᠨ᠎ᠡ ᠪᠠᠷ ᠢᠯᠭᠠᠵᠤ ᠭᠠᠷᠭᠠᠭᠰᠠᠨ ᠶᠠᠳᠠᠭᠤ ᠡᠷᠣᠬᠡ ᠶᠢ ᠪᠦᠬᠦᠳᠡ ᠶᠢ ᠨᠢ ᠶᠠᠳᠠᠭᠤ ᠠᠴᠠ ᠠᠩᠬᠢᠵᠢᠷᠠᠭᠤᠯᠬᠤ ᠶᠢ ᠪᠠᠲᠤᠯᠠᠬᠤ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠮᠵᠢ ᠨᠢ ᠪᠦᠬᠦ ᠤᠷᠣᠠ ᠤ ᠲᠡᠷᠢᠭᠦᠨ ᠡᠩᠨᠡᠭᠡᠨ ᠳᠤ ᠪᠠᠶᠢᠬᠤ ᠶᠢ ᠪᠠᠲᠤᠯᠠᠬᠤ᠂ ᠪᠦᠬᠦ ᠤᠷᠣᠠ ᠤ ᠴᠢᠨᠠᠬᠰᠢᠯᠠᠪᠠᠯ ᠪᠦᠬᠦ ᠤᠯᠣᠰ ᠤᠨ ᠠᠵᠤ ᠦᠢᠯᠠᠰ ᠤᠨ ᠶᠠᠳᠠᠭᠤ ᠶᠢ ᠳᠡᠳᠬᠦᠬᠦ ᠦᠯᠢᠭᠡᠷ ᠳᠠᠭᠤᠷᠢᠶᠠᠯ ᠤᠨ ᠣᠷᠣᠨ ᠪᠣᠯᠬᠤ ᠪᠠᠷ ᠴᠢᠷᠮᠠᠶᠢᠨ᠎ᠠ᠃ ︽ᠣᠶᠣᠨ ᠵᠣᠷᠢᠭ ᠬᠤᠶᠠᠷ ᠢ ᠬᠠᠮᠳᠤ ᠳᠤ ᠨᠢ ᠲᠡᠳᠭᠦᠬᠦ︾ ᠶᠢ ᠳᠣᠪᠣᠶᠢᠯᠭᠠᠬᠤ᠂ ᠤᠨᠢᠨ ᠲᠡᠭᠡᠷ᠎ᠡ  ᠨᠢ ᠶᠠᠳᠠᠭᠤ ᠶᠢ ᠳᠡᠳᠬᠦᠬᠦ ᠶᠢ ᠦᠷᠭᠦᠯᠵᠢᠯᠡᠨ ᠶᠠᠪᠤᠭᠳᠠᠭᠤᠯᠬᠤ᠂ ᠣᠢ ᠬᠠᠮᠠᠭᠠᠯᠠᠭᠴᠢ᠂ ᠴᠡᠪᠡᠷᠯᠡᠭᠴᠢ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠦᠷᠭᠡᠳᠭᠡᠬᠦ᠂ ᠶᠠᠳᠠᠭᠤ ᠬᠥᠴᠢᠷᠳᠡᠯᠲᠠᠢ ᠡᠷᠣᠬᠡ ᠶᠢᠨ ︽ᠵᠢᠵᠢᠭ ᠠᠵᠤ ᠦᠢᠯᠠᠰ︾ ᠢ ᠬᠥᠭᠵᠢᠭᠦᠯᠬᠦ ᠶᠢ ᠶᠡᠬᠡᠪᠡᠷ ᠳᠡᠮᠵᠢᠬᠦ᠂ ᠬᠠᠮᠤᠭ ᠤᠨ ᠶᠡᠭᠡ ᠬᠡᠮᠵᠢᠶ᠎ᠡ ᠪᠠᠷ ᠶᠠᠳᠠᠭᠤ ᠡᠷᠣᠬᠡ ᠶᠢᠨ ᠳᠣᠲᠣᠭᠠᠳᠣ ᠬᠦᠳᠡᠯᠭᠡᠬᠦ ᠬᠦᠴᠦᠨ ᠢ ᠬᠦᠭᠵᠢᠭᠦᠯᠦᠨ᠎ᠡ᠃      ᠭᠤᠷᠪᠠᠳᠤᠭᠠᠷ ᠲᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠳᠠᠯ᠎ᠠ ᠪᠠᠷ ᠲᠤᠭᠤᠰᠢᠯᠠᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠤᠷᠳᠤ ᠬᠤᠭᠤᠴᠠᠭ᠎ᠠ ᠪᠠᠷ ᠬᠡᠪᠰᠢᠭᠦᠯᠤᠨ ᠨᠠᠶᠢᠳᠠᠪᠤᠷᠢᠵᠢᠭᠤᠯᠤᠨ᠎ᠠ᠃ ︽ᠬᠥᠬᠡ ᠣᠭᠳᠣᠷᠭᠤᠢ ᠶᠢᠨ ᠪᠠᠲᠤᠯᠠᠨ ᠬᠠᠮᠠᠭᠠᠯᠠᠬᠤ ᠳᠠᠶᠢᠨ︾ ᠢ ᠢᠯᠠᠬᠤ᠂ ᠬᠠᠶᠢᠷ ᠴᠢᠯᠠᠭᠤᠨ ᠤ ᠠᠭᠤᠷᠬᠠᠢ ᠶᠢ ᠴᠡᠭᠴᠡᠯᠡᠵᠦ ᠵᠠᠬ᠎ᠠ ᠳᠡᠯᠭᠡᠭᠦᠷ ᠳᠤ ᠬᠠᠩᠭᠠᠬᠤ ᠠᠵᠢᠯᠯᠠᠭ᠎ᠠ ᠶᠢ ᠪᠡᠶᠡᠯᠡᠭᠦᠯᠬᠦ᠂ ᠲᠤᠭᠤᠰᠬ᠎ᠠ ᠶᠢᠨ ᠠᠭᠤᠷᠬᠠᠢ ᠶᠢᠨ ᠳᠡᠰ ᠳᠡᠪᠰᠢᠨ ᠰᠤᠯᠢᠬᠤ᠂ 35 ᠠᠭᠤᠷᠰᠢᠯᠲᠠ ᠶᠢᠨ ᠬᠡᠮᠵᠢᠶ᠎ᠡ ᠠᠴᠠ ᠳᠣᠷᠣᠭᠰᠢ ᠳᠦᠯᠠᠰᠢᠠ ᠨᠠᠬᠦᠷᠠᠰᠤᠨ ᠤ ᠲᠣᠭᠤᠭᠠᠲᠤ ᠵᠤᠤᠬ᠎ᠠ ᠶᠢ ᠰᠢᠨ᠎ᠡ ᠪᠠᠷ ᠪᠠᠷᠢᠬᠤ ᠶᠢ ᠡᠷᠠᠰ ᠴᠠᠭᠠᠵᠠᠯᠠᠬᠤ᠂ ᠲᠣᠭᠤᠰᠬᠠᠨ ᠭᠡᠷ ᠤᠨ ᠲᠦᠯᠡᠰᠢᠨ ᠨᠠᠬᠦᠷᠠᠰᠤᠨ ᠤ ᠵᠤᠤᠬ᠎ᠠ ᠶᠢᠨ ᠡᠨᠧᠷᠭᠢ ᠠᠷᠪᠢᠯᠠᠬᠤ ᠶᠢ ᠵᠠᠰᠠᠨ ᠰᠠᠶᠢᠵᠢᠷᠠᠭᠤᠯᠬᠤ ᠪᠣᠯᠤᠨ ᠪᠠᠷᠢᠯᠭ᠎ᠠ ᠶᠢᠨ ᠭᠠᠵᠠᠷ ᠤᠨ ᠪᠤᠲᠠᠷᠠᠭᠰᠠᠨ ᠬᠤᠭ ᠲᠣᠭᠤᠰᠣ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦᠨ ᠣᠪᠣᠭ᠎ᠠ ᠶᠢᠨ ᠰᠡᠯᠪᠢᠨ ᠵᠠᠰᠠᠬᠤ ᠶᠢ ᠶᠡᠭᠡ ᠪᠠᠷ ᠲᠦᠯᠬᠢᠨ ᠠᠬᠢᠭᠤᠯᠤᠨ᠎ᠠ᠃ ︽ᠴᠡᠩᠬᠡᠷ ᠤᠰᠤ ᠶᠢᠨ ᠪᠠᠲᠤᠯᠠᠨ ᠬᠠᠮᠠᠭᠠᠯᠠᠬᠤ ᠳᠠᠶᠢᠨ︾ ᠢ ᠢᠯᠠᠬᠤ᠂ ᠭᠤᠣᠯ ᠤᠨ ᠤᠰᠤᠨ ᠳᠤ ᠪᠣᠬᠢᠷᠳᠤᠯ ᠢᠶᠠᠨ ᠭᠠᠳᠠᠭᠰᠢᠯᠠᠭᠤᠯᠬᠤ ᠶᠢ ᠴᠠᠭᠠᠵᠠᠯᠠᠵᠤ᠂ ᠠᠵᠤ ᠠᠬᠤᠶᠢᠢᠯᠠᠯ ᠤᠨ ᠬᠢᠨᠠᠠ ᠬᠠᠮᠢᠶᠠᠷᠤᠯᠳᠠ ᠶᠢ ᠴᠢᠩᠭᠠᠣᠠᠬᠠᠬᠤ᠂ ᠪᠣᠬᠢᠷᠳᠤᠯ ᠤᠰᠦ ᠶᠢ ᠰᠢᠢᠳᠪᠦᠷᠢᠯᠡᠭᠦ ᠦᠢᠯᠡᠳᠪᠦᠷᠢ ᠪᠣᠯᠤᠨ ᠳᠠᠬᠢᠠ ᠡᠭᠦᠰᠬᠦ ᠤᠰᠤᠨ ᠦᠢᠯᠡᠳᠪᠦᠷᠢ ᠶᠢ ᠪᠠᠶᠢᠭᠤᠯᠬᠤ᠂ ᠤᠰᠤ ᠲᠠᠲᠠᠷᠠᠭᠤᠯᠬᠤ ᠰᠤᠪᠠᠭ ᠤᠨ ᠵᠣᠬᠢᠶᠠᠮᠠᠯ ᠴᠢᠬᠢᠭᠯᠢᠭ ᠭᠠᠵᠠᠷ ᠢ ᠨᠠᠮᠠᠬᠤᠳᠬᠠᠬᠤ ᠪᠦᠰᠡ ᠪᠣᠯᠤᠨ ᠳᠠᠷᠢᠶᠠᠠ ᠭᠠᠵᠠᠷ ᠤᠨ ᠠᠮᠢ ᠠᠬᠤᠢ ᠶᠢᠨ ᠬᠤᠷᠢᠭᠯᠠᠬᠤ ᠭᠤᠤ ᠶᠢ ᠪᠦᠳᠦᠭᠡᠨ ᠪᠠᠶᠢᠭᠤᠯᠬᠤ᠂ ᠶᠡᠷᠦᠩᠬᠡᠢ ᠤᠰᠤ ᠲᠠᠲᠠᠷᠠᠭᠤᠯᠬᠤ ᠰᠤᠪᠠᠭ ᠢ ᠨᠠᠭᠤᠷ ᠭᠤᠣᠯ ᠲᠠᠢ ᠬᠤᠯᠪᠣᠨ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠬᠦᠯᠬᠦ᠂ ᠬᠤᠲᠠ ᠶᠢᠨ ᠲᠣᠭᠤᠷᠢᠭ ᠤᠨ ᠪᠣᠬᠢᠷᠳᠤᠯ ᠤᠰᠦ ᠶᠢ ᠰᠢᠢᠳᠪᠦᠷᠢᠯᠡᠭᠦ ᠦᠢᠯᠡᠳᠪᠦᠷᠢ ᠶᠢᠨ ᠲᠣᠭᠤᠷᠢᠨ ᠳᠤ ᠴᠡᠴᠡᠭ ᠤᠨ ᠬᠦᠷᠢᠶᠡᠯᠡᠩ ᠮᠠᠶ᠋ᠢᠭ ᠤᠨ ᠤᠰᠤᠨ ᠤ ᠰᠢᠰᠲ᠋ᠧᠮ ᠤᠨ ᠴᠡᠴᠡᠷᠯᠢᠭ ᠢ ᠪᠠᠶᠢᠭᠤᠯᠣᠠ ᠪᠦᠳᠣᠬᠡᠬᠦ᠂ ᠳᠠᠬᠢᠠ ᠡᠭᠦᠰᠬᠦ ᠤᠰᠤ ᠶᠢᠨ ᠳᠠᠬᠢᠨ ᠬᠡᠷᠡᠭᠯᠡᠬᠦ ᠨᠤᠷᠮ᠎ᠠ ᠨᠢ 100 % ᠲᠤ ᠬᠦᠷᠭᠡᠬᠦ᠂ ᠤᠰᠤᠨ ᠤ ᠪᠤᠬᠢᠷᠳᠤᠯ ᠤᠨ ᠡᠬᠢ ᠶᠢ ᠵᠠᠰᠠᠡᠵᠤ ᠪᠣᠬᠢᠷᠳᠤᠯ ᠤᠰᠤ ︽ᠳᠠᠯᠠᠢ ᠳᠤ ᠣᠷᠤᠬᠤ ᠦᠭᠡᠢ︾ ᠠᠵᠢᠯᠯᠠᠭ᠎ᠠ ᠶᠢ ᠪᠦᠬᠦ ᠲᠠᠯ᠎ᠠ ᠪᠠᠷ ᠶᠠᠪᠤᠭᠳᠠᠭᠤᠯᠤᠨ᠎ᠠ᠃ ︽ᠪᠣᠬᠢᠷᠲᠤᠯ ᠦᠭᠡᠢ ᠭᠠᠵᠠᠷ ᠤᠨ ᠪᠠᠲᠤᠯᠠᠨ ᠬᠠᠮᠠᠭᠠᠯᠠᠬᠤ ᠬᠦᠴᠢᠷᠳᠡᠯ︾ ᠢ ᠢᠯᠠᠬᠤ᠂ ︽ᠣᠯᠠᠨ ᠡᠬᠢᠲᠦ ᠪᠣᠬᠢᠷᠲᠤᠯ ᠢ ᠶᠡᠷᠦᠩᠬᠡᠶᠢᠯᠡᠨ ᠵᠠᠰᠠᠬᠤ ᠵᠢᠯ︾ ᠤᠨ ᠬᠥᠳᠡᠯᠭᠡᠭᠡᠨ ᠢ ᠶᠡᠬᠡᠪᠡᠷ ᠶᠠᠪᠤᠭᠳᠠᠭᠤᠯᠬᠤ᠂ ᠡᠬᠢ ᠰᠤᠷᠪᠤᠯᠵᠢ ᠶᠢᠨ ︽ᠳᠥᠷᠪᠡ ᠶᠢ ᠬᠢᠵᠠᠭᠠᠷᠯᠠᠬᠤ︾ ᠬᠦᠴᠦᠯᠡᠴᠡ ᠪᠠᠨ ᠴᠢᠩᠭᠠᠳᠬᠠᠬᠤ᠂ 45 ᠲᠦᠮᠡᠨ ᠮᠤ᠋ ᠤᠷᠭᠠᠨᠢᠭ ᠪᠣᠷᠳᠣᠭᠤᠷ ᠣᠷᠣᠭᠤᠯᠬᠤ ᠪᠣᠯᠤᠨ ᠰᠢᠨ᠎ᠡ ᠮᠠᠶ᠋ᠢᠭ ᠤᠨ ᠪᠣᠷᠳᠣᠭᠤᠷ ᠤᠨ ᠬᠡᠷᠡᠭᠯᠡᠭᠡ ᠶᠢ ᠳᠡᠯᠭᠡᠷᠡᠭᠦᠯᠬᠦ᠂ 193 ᠲᠦᠮᠡᠨ ᠮᠤ᠋ ᠭᠠᠵᠠᠷ ᠢ ᠪᠣᠬᠢᠷᠳᠣᠯ ᠦᠬᠡᠢ ᠰᠡᠷᠬᠡᠶᠢᠯᠡᠨ ᠡᠵᠡᠮᠳᠡᠬᠦ ᠪᠣᠯᠤᠨ ᠶᠡᠷᠦᠩᠬᠡᠢ ᠳᠤ ᠨᠢ ᠰᠡᠷᠭᠡᠶᠢᠯᠡᠨ ᠬᠠᠮᠢᠶᠠᠷᠬᠤ ᠰᠠᠭᠤᠷᠢᠨ ᠭᠠᠵᠠᠷ ᠢ ᠪᠠᠶᠢᠭᠤᠯᠬᠤ᠂ 4.5 ᠲᠦᠮᠡᠨ ᠮᠤ᠋ ᠭᠠᠵᠠᠷ ᠢ ᠪᠦᠷᠬᠦᠪᠴᠢ ᠳᠣᠣᠷ᠎ᠠ ᠲᠤᠰᠠᠯᠠᠨ ᠤᠰᠤᠯᠠᠬᠤ ᠰᠢᠭᠡᠭ ᠪᠣᠷᠳᠣᠭᠤᠷ ᠤᠨ ᠴᠤᠬᠴᠠᠵᠢᠯᠳᠠ ᠬᠢᠬᠦ᠂ 5 ᠲᠦᠮᠡᠨ ᠮᠤ᠋ ᠭᠠᠵᠠᠷ ᠢ ᠰᠢᠨᠵᠢᠯᠡᠬᠦ ᠤᠬᠠᠭᠠᠨᠴᠢ ᠪᠠᠷ ᠤᠰᠤ ᠳᠦᠬᠡᠬᠡᠬᠦ ᠵᠢᠱᠢᠨ ᠦᠵᠡᠬᠦᠯᠬᠦ ᠰᠠᠭᠤᠷᠢᠨ ᠭᠠᠵᠠᠷ ᠪᠣᠯᠭᠠᠵᠤ᠂ ᠰᠢᠨᠵᠢᠯᠡᠬᠦ ᠤᠬᠠᠭᠠᠨᠴᠢ ᠪᠠᠷ 13 ᠪᠣᠷᠳᠣᠭᠤᠷ ᠳᠦᠬᠡᠬᠡᠬᠦ ᠥᠷᠲᠡᠭᠡ ᠶᠢ ᠪᠠᠶᠢᠭᠤᠯᠪᠠ᠃ ᠪᠣᠷᠳᠣᠭᠤᠷ ᠴᠤᠭᠯᠠᠭᠤᠯᠬᠤ ᠪᠣᠷᠳᠣᠭᠤᠷ ᠣᠪᠣᠭᠠᠯᠠᠬᠤ ᠵᠢᠱᠢᠨ ᠦᠵᠡᠬᠦᠯᠬᠦ 100 ᠪᠦᠯᠦᠭᠯᠡᠯ ᠢ ᠪᠦᠷᠢᠯᠳᠦᠭᠦᠯᠬᠦ᠂ ᠡᠪᠠᠣᠠᠴᠢᠠ ᠢᠶᠠᠷ ᠦᠬᠦᠭᠰᠡᠨ ᠮᠠᠯ ᠪᠤᠯᠤᠨ ᠵᠢᠭᠦᠷᠲᠡᠨ ᠤ ᠪᠠᠭᠠᠰᠤ ᠶᠢ ᠬᠤᠣᠷ ᠬᠥᠨᠥᠭᠡᠯ ᠦᠭᠡᠢ ᠪᠠᠷ ᠰᠢᠢᠳᠪᠦᠷᠢᠯᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠣᠬᠢᠷᠳᠣᠯ ᠦᠬᠡᠢ᠂ ᠠᠶᠣᠯ ᠦᠬᠡᠢ ᠦᠢᠯᠠᠣᠠᠪᠤᠷᠢᠯᠠᠬᠦ ᠶᠢ ᠪᠠᠳᠤᠯᠠᠨ᠎ᠠ᠃      ︵ᠬᠤᠶᠠᠷ︶ ᠬᠥᠳᠡᠭᠡ ᠲᠤᠰᠬᠤᠨ ᠤ ᠴᠡᠴᠡᠭᠯᠡᠨ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ︽ᠭᠤᠷᠪᠠᠨ ᠬᠥᠳᠡᠭᠡ︾ ᠶᠢᠨ ᠭᠥᠭᠵᠢᠯᠲᠡ ᠲᠡᠭᠡᠷ᠎ᠡ ᠰᠢᠨ᠎ᠡ ᠪᠠᠶᠢᠳᠠᠯ ᠡᠭᠦᠰᠬᠡᠨ᠎ᠡ᠃ ᠶᠠᠰᠤ ᠴᠢᠨᠠᠷᠲᠠᠢ ᠪᠠᠷ ᠬᠥᠳᠡᠭᠡ ᠶᠢ ᠭᠥᠭᠵᠢᠭᠦᠯᠬᠦ᠂ ᠪᠣᠬᠢᠷᠳᠣᠯ ᠦᠬᠡᠢ ᠪᠠᠷ ᠬᠥᠳᠡᠭᠡ ᠶᠢ ᠭᠥᠭᠵᠢᠭᠦᠯᠬᠦ᠂ ᠨᠡᠷᠡᠳᠤ ᠲᠡᠮᠳᠡᠭᠲᠦ ᠲᠠᠷᠢᠶᠠᠯᠠᠩ ᠢ ᠬᠦᠴᠦᠷᠬᠡᠭᠵᠢᠭᠦᠯᠬᠦ ᠶᠢ ᠪᠠᠷᠢᠮᠲᠠᠯᠠᠬᠤ᠂ ᠪᠦᠬᠦ ᠳᠠᠯ᠎ᠠ ᠪᠠᠷ ᠬᠥᠳᠡᠭᠡ ᠲᠣᠰᠬᠤᠨ ᠤ ᠴᠡᠴᠡᠭᠯᠡᠨ ᠬᠥᠭᠵᠢᠬᠦ ᠬᠦᠭᠵᠢᠯᠳᠡ ᠶᠢᠨ ᠳᠦᠯᠦᠪᠵᠢᠭᠦᠯᠭᠡ ᠶᠢ ᠨᠠᠶᠢᠳᠠᠪᠣᠷᠢᠵᠢᠭᠤᠯᠬᠤ᠂ ᠬᠦᠳᠡᠭᠡ ᠳᠣᠰᠬᠤᠠ ᠳᠠᠷᠢᠶᠠᠯᠠᠩ ᠢ ᠲᠡᠷᠢᠭᠦᠯᠡᠨ ᠬᠥᠭᠵᠢᠭᠦᠯᠬᠦ ᠶᠢ ᠲᠦᠯᠬᠢᠨ ᠠᠬᠢᠭᠤᠯᠬᠤ᠂ ᠪᠦᠬᠦ ᠤᠯᠣᠰ ᠤᠨ ᠬᠥᠳᠡᠭᠡ ᠲᠣᠰᠬᠤᠨ ᠢ ᠴᠡᠴᠡᠭᠯᠡᠨ ᠬᠥᠭᠵᠢᠭᠦᠯᠦᠭᠰᠡᠨ ᠰᠢᠶᠠᠨ᠂ ᠪᠦᠬᠦ ᠤᠯᠣᠰ ᠤᠨ ᠪᠣᠬᠢᠷᠳᠣᠯ ᠦᠬᠡᠢ ᠠᠮᠢ ᠠᠬᠤᠢ ᠲᠠᠷᠢᠶᠠᠯᠠᠩ ᠤᠨ ᠵᠢᠱᠢᠨ ᠦᠵᠡᠭᠦᠯᠦᠭᠰᠡᠨ ᠰᠢᠶᠠᠨ ᠪᠣᠯᠭᠠᠬᠤ ᠪᠠᠷ ᠴᠢᠷᠮᠠᠶᠢᠨ᠎ᠠ᠃      ᠨᠢᠭᠡᠳᠦᠭᠡᠷ ᠲᠤ᠂ ᠨᠡᠷᠡᠲᠦ ᠲᠡᠮᠳᠡᠭ ᠲᠠᠢ ᠣᠷᠣᠨ ᠢ ᠪᠦᠲᠦᠭᠡᠨ ᠪᠠᠶᠢᠭᠤᠯᠤᠨ᠎ᠠ᠃ ᠣᠷᠣᠨ ᠨᠤᠲᠤᠭ ᠤᠨ ᠨᠡᠶᠢᠲᠡ ᠶᠢᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ︽ᠲᠡᠭᠷᠢ ᠶᠢᠨ ᠬᠡᠰᠢᠭᠲᠦ ᠪᠣᠷᠣᠲᠣᠬᠤᠢ︾ ᠪᠠᠷ ᠤᠳᠤᠷᠢᠳᠤᠨ ᠳᠠᠭᠠᠭᠤᠯᠬᠤ᠂ ᠲᠣᠯᠣᠭᠠᠶᠢᠯᠠᠬᠤ ᠠᠵᠤ ᠠᠬᠤᠶᠢᠯᠠᠯ ᠢ ᠳᠡᠮᠵᠢᠬᠦ᠂ ᠲᠤᠰᠬᠠᠢ ᠮᠡᠷᠭᠡᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠨᠢ ︽ᠲᠡᠭᠷᠢ ᠶᠢᠨ ᠬᠡᠰᠢᠭᠲᠦ ᠪᠣᠷᠣᠲᠣᠬᠤᠢ︾ ᠭᠡᠰᠡᠨ ᠨᠡᠷᠡᠲᠦ ᠲᠡᠮᠳᠡᠭ ᠤᠨ ᠪᠠᠷᠢᠮᠵᠢᠶ᠎ᠠ ᠪᠠᠷ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠭᠤᠳᠠᠯᠯᠠᠬᠤ ᠠᠷᠭ᠎ᠠ ᠪᠠᠷ ᠨᠡᠩ ᠣᠯᠠᠨ ᠰᠢᠨ᠎ᠡ ᠬᠡᠯᠪᠡᠷᠢ ᠶᠢᠨ ᠲᠠᠷᠢᠶᠠᠯᠠᠩ ᠡᠵᠡᠩᠨᠡᠯᠲᠡ ᠶᠢ ᠭᠤᠣᠯ ᠴᠤᠭᠴᠠ ᠪᠣᠯᠭᠠᠨ᠎ᠠ᠃ ᠰᠢᠯᠢᠳᠡᠭ ᠲᠠᠷᠢᠶᠠᠯᠠᠩ ᠦᠢᠯᠡᠳᠬᠦᠨ ᠭᠡᠰᠡᠨ ᠵᠥᠪᠰᠢᠶᠡᠷᠡᠯ ᠢ ᠣᠯᠬᠤ ᠪᠠᠷ ᠴᠢᠷᠮᠠᠶᠢᠨ᠎ᠠ᠃ ᠲᠠᠷᠢᠶᠠᠯᠠᠩ ᠬᠥᠯᠦᠰᠢ ᠦᠢᠯᠡᠳᠬᠦᠨ ᠤ ᠬᠢᠨᠠᠯᠲᠠ ᠶᠢᠨ ᠬᠦᠴᠦᠯᠡᠴᠡ ᠶᠢ ᠶᠡᠬᠡᠳᠬᠡᠬᠦ᠂ ᠲᠠᠷᠢᠶᠠᠨ ᠠᠴᠠ ᠬᠤᠭᠤᠯᠠᠨ ᠰᠢᠷᠡᠭᠡᠨ ᠳᠡᠭᠡᠷ᠎ᠡ ᠭᠠᠷᠭᠠᠬᠤ ᠪᠦᠬᠦ ᠥᠩᠭᠡᠷᠠᠯᠲᠠ ᠶᠢ ᠴᠢᠩᠭ᠎ᠠ ᠬᠢᠨᠠᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠬᠡᠪᠴᠢᠶᠡᠵᠢᠭᠰᠡᠨ ᠡᠵᠡᠩᠨᠡᠯᠲᠡ ᠶᠢᠨ ︽ᠳᠥᠷᠪᠡ ᠶᠢ ᠬᠢᠵᠠᠭᠠᠷᠯᠠᠬᠤ︾ ᠵᠢᠱᠢᠨ ᠦᠵᠡᠭᠦᠯᠬᠦ ᠲᠣᠭᠤᠷᠢᠭ ᠪᠣᠯᠤᠨ ᠠᠮᠢ ᠠᠬᠤᠢ ᠶᠢᠨ ᠮᠠᠯᠵᠢᠯ ᠤᠨ ᠲᠠᠯᠠᠪᠠᠢ ᠶᠢ ᠪᠦᠲᠦᠭᠡᠨ ᠪᠠᠶᠢᠭᠤᠯᠬᠤ᠂ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ ᠭᠡᠷᠡᠴᠢᠯᠡᠯ ᠢ ᠲᠦᠯᠬᠢᠨ ᠠᠬᠢᠭᠤᠯᠬᠤ᠂ ᠬᠥᠬᠢᠭᠦᠯᠦᠨ ᠱᠠᠩᠨᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠤᠤᠱᠲᠠᠢ ᠶᠠᠪᠤᠭᠳᠠᠭᠤᠯᠵᠤ᠂ ᠪᠣᠬᠢᠷᠲᠤᠯ ᠦᠭᠡᠢ ᠢᠳᠡᠭᠡᠨ 10 ᠵᠦᠢᠯ᠂ ᠣᠷᠭᠠᠨᠢᠭ ᠦᠢᠯᠡᠳᠬᠦᠨ 10 ᠵᠦᠢᠯ ᠢ ᠰᠢᠨ᠎ᠡ ᠪᠠᠷ ᠭᠡᠷᠡᠴᠢᠯᠡᠵᠦ᠂ ᠲᠣᠯᠣᠭᠠᠶᠢᠯᠠᠬᠤ ᠠᠵᠤ ᠠᠬᠤᠶᠢᠯᠠᠯ ᠤᠨ ︽ᠨᠢᠭᠡ ᠦᠢᠯᠡᠳᠬᠦᠨ ᠨᠢᠭᠡ ᠨᠤᠮᠧᠷ︾ ᠲᠠᠢ ᠬᠠᠮᠢᠶᠠᠷᠤᠯᠲᠠ ᠶᠢ ᠲᠦᠯᠬᠢᠨ ᠠᠬᠢᠭᠤᠯᠬᠤ᠂ ᠤᠯᠤᠰ ᠤᠨ ᠢᠳᠡᠭᠡᠨ ᠤ ᠠᠮᠤᠷ ᠲᠦᠪᠰᠢᠨ ᠪᠣᠯᠤᠨ ᠣᠷᠭᠠᠨᠢᠭ ᠦᠢᠯᠡᠳᠬᠦᠨ ᠢ ᠭᠡᠷᠡᠴᠢᠯᠡᠬᠦ ᠵᠢᠱᠢᠨ ᠦᠵᠡᠭᠦᠯᠬᠦ ᠰᠢᠶᠠᠨ ᠢ ᠪᠦᠲᠦᠭᠡᠨ ᠪᠠᠶᠢᠭᠤᠯᠬᠤ᠂ ︽ᠲᠡᠭᠷᠢ ᠶᠢᠨ ᠬᠡᠰᠢᠭᠲᠦ ᠪᠣᠷᠣᠲᠣᠬᠤᠢ︾ ᠨᠡᠷᠡᠲᠦ ᠲᠡᠮᠳᠡᠭ ᠲᠠᠢ ᠰᠠᠭᠤᠷᠢᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃      ᠬᠤᠶᠠᠳᠤᠭᠠᠷ ᠲᠤ᠂ ᠬᠦᠷᠢᠶᠡᠯᠡᠩ ᠢ ᠥᠷᠭᠡᠳᠬᠡᠨ ᠬᠢᠨ᠎ᠡ᠃ ᠤᠯᠤᠰ ᠤᠨ ᠳᠡᠰ ᠤᠨ ᠲᠠᠷᠢᠶᠠᠯᠠᠩ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠰᠢᠶᠠᠨ ᠢ ᠡᠭᠦᠳᠦᠨ ᠪᠠᠶᠢᠭᠤᠯᠬᠤ ᠪᠠᠷ ᠳᠣᠬᠢᠶᠠᠯ ᠪᠣᠯᠭᠠᠨ᠂ ︽ᠵᠠᠭᠤᠨ ᠠᠵᠤ ᠠᠬᠤᠶᠢᠯᠠᠯ ᠵᠠᠭᠤᠨ ᠬᠦᠷᠢᠶᠡᠯᠡᠭ︾ ᠤᠨ ᠢᠨᠵᠧᠨᠧᠷᠢᠩ ᠢ ᠬᠦᠨᠵᠡᠬᠡᠢ ᠳᠦᠯᠬᠢᠨ ᠠᠬᠢᠭᠤᠯᠬᠤ᠂ ︽ᠲᠠᠷᠢᠶᠠᠯᠠᠩ ᠰᠣᠶᠣᠯ ᠤᠨ ᠵᠢᠭᠤᠯᠴᠢᠯᠠᠯ᠂ ᠦᠢᠯᠠᠣᠠᠪᠤᠷᠢᠯᠡᠨ ᠵᠢᠭᠠᠨ ᠰᠣᠳᠣᠯᠬᠤ︾ ᠨᠢᠭᠡ ᠴᠣᠭᠴᠠᠵᠢᠯᠲᠠ ᠶᠢᠨ ᠨᠡᠷᠡᠨ ᠬᠤᠸᠠᠷ ᠤᠨ ᠭᠤᠤᠯ ᠰᠡᠳᠤᠪᠳᠤ ᠴᠡᠴᠡᠷᠯᠢᠭ ᠢ ᠪᠦᠬᠦ ᠳᠠᠯ᠎ᠠ ᠪᠠᠷ ᠪᠦᠳᠦᠭᠡᠨ ᠪᠠᠶᠢᠭᠤᠯᠤᠨ᠂ ᠲᠠᠷᠬᠤ ᠪᠠᠯᠭᠠᠰᠤ ᠶᠢᠨ ᠯᠢᠶᠠᠨ ᠹᠧᠩ ᠭᠤᠷᠪᠠᠨ ᠨᠡᠶᠢᠭᠡᠮ ᠲᠣᠭᠤᠷᠢᠭ᠂ ᠠᠯᠳᠠᠨ ᠲᠠᠯ᠎ᠠ ᠨᠤᠳᠤᠭ᠂ ᠰᠢᠨ᠎ᠡ ᠭᠦᠩ ᠵᠦᠩ ᠶᠦᠩ ᠯᠢᠶᠠᠨ ᠵᠡᠷᠭᠡ 29 ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢᠨ ᠠᠭᠤᠯᠤᠭᠳᠠᠬᠤᠨ ᠢ ᠳᠡᠭᠡᠭᠰᠢᠯᠡᠬᠦᠯᠬᠦ᠂ ᠬᠦᠷᠢᠶᠡᠯᠡᠩ ᠤᠨ ᠠᠵᠤ ᠦᠢᠯᠠᠰ ᠢ ᠠᠭᠤᠰᠤᠯᠴᠠᠨ ᠨᠡᠶᠢᠯᠡᠭᠦᠯᠬᠦ᠂ ᠨᠠᠷᠢᠨ ᠤᠨᠤᠪᠴᠢᠳᠠᠢ ᠠᠷᠭ᠎ᠠ ᠪᠠᠷ ᠶᠠᠳᠠᠭᠤ ᠠᠴᠠ ᠠᠩᠬᠢᠵᠢᠷᠠᠭᠤᠯᠬᠤ᠂ ︽ᠳᠥᠷᠪᠡ ᠶᠢ ᠬᠢᠵᠠᠭᠠᠷᠯᠠᠬᠤ︾ ᠶᠢ ᠶᠠᠪᠤᠭᠳᠠᠭᠤᠯᠬᠤ᠂ ︽ᠪᠢᠴᠢᠯ ᠵᠠᠰᠠᠯᠲᠠ︾᠂ ᠬᠦᠷᠢᠶ᠎ᠡ ᠬᠠᠰᠢᠶ᠎ᠠ ᠶᠢᠨ ᠠᠵᠤ ᠠᠬᠤᠢ᠂ ᠤᠷᠴᠢᠨ ᠲᠤᠭᠤᠷᠢᠨ ᠢ ᠰᠡᠯᠪᠢᠨ ᠵᠠᠰᠠᠬᠤ ᠵᠡᠷᠭᠡ ᠶᠢ ᠴᠣᠭᠴᠠᠵᠢᠭᠤᠯᠤᠭᠰᠠᠨ ᠥᠨᠳᠥᠷ ᠳᠠᠰ ᠤᠨ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠪᠣᠯᠭᠠᠨ ᠪᠠᠶᠢᠭᠤᠯᠬᠤ᠂ ᠣᠨᠴᠠᠯᠢᠭ ᠢᠯᠭᠤᠮ ᠲᠣᠳᠣ ︽ᠨᠢᠭᠡ ᠲᠣᠰᠬᠤᠨ ᠨᠢᠭᠡ ᠦᠢᠯᠡᠳᠬᠦᠨ᠂ ᠨᠢᠭᠡ ᠦᠢᠯᠡᠳᠬᠦᠨ ᠨᠢᠭᠡ ᠬᠦᠷᠢᠶᠡᠯᠡᠭ᠂ ᠨᠢᠭᠡ ᠬᠦᠷᠢᠶᠡᠯᠡᠭ ᠨᠢᠭᠡ ᠲᠠᠷᠢᠶᠠᠯᠠᠩ ᠶᠢᠨ ᠶᠡᠷᠦᠩᠬᠡᠶᠢᠯᠡᠭᠰᠡᠨ ᠴᠣᠭᠴᠠ︾ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠪᠦᠷᠢᠯᠳᠦᠭᠦᠯᠬᠦ᠂ ᠳᠠᠷᠢᠶᠠᠯᠠᠩ ᠤᠨ ᠦᠢᠯᠡᠳᠦᠯ ᠢ ᠨᠢ ᠨᠡᠮᠡᠭᠳᠡᠭᠦᠯᠬᠦ᠂ ᠬᠦᠳᠡᠭᠡ ᠳᠣᠰᠬᠤᠠ ᠢ ᠴᠡᠴᠡᠭᠯᠡᠨ ᠬᠥᠭᠵᠢᠭᠦᠯᠬᠦ᠂ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠣᠶᠢᠵᠢᠭᠤᠯᠤᠯᠲᠠ ᠶᠢ ᠨᠡᠮᠡᠭᠳᠡᠭᠦᠯᠬᠦ᠂ ᠳᠣᠬᠠᠢ ᠶᠢᠨ ᠭᠠᠵᠠᠷ ᠤᠨ ᠦᠵᠡᠭᠦᠯᠦᠯᠭᠡ᠂ ᠲᠤᠬᠠᠢ ᠶᠢᠨ ᠭᠠᠵᠠᠷ ᠲᠤᠨᠢ ᠲᠠᠶᠢᠯᠪᠤᠷᠢᠯᠠᠬᠤ᠂ ᠲᠠᠷᠢᠶᠠᠨ ᠭᠠᠵᠠᠷ ᠳᠤᠨᠢ ᠵᠢᠭᠠᠪᠤᠷᠢᠯᠠᠬᠤ᠂ ᠰᠢᠨᠵᠢᠯᠡᠭᠡ ᠮᠡᠷᠭᠡᠵᠢᠯ ᠤᠨ ᠠᠵᠢᠯᠲᠠᠨ ᠤ ᠬᠠᠮᠲᠤᠷᠠᠨ ᠬᠤᠯᠪᠣᠭᠠᠯᠠᠬᠤ ᠵᠡᠷᠭᠡ ᠠᠷᠭ᠎ᠠ ᠬᠡᠮᠵᠢᠶ᠎ᠡ ᠠᠪᠬᠤ᠂ ᠮᠡᠳᠡᠯᠭᠡ ᠶᠢᠨ᠂ ᠮᠡᠷᠭᠡᠵᠢᠯ ᠤᠨ᠂ ᠰᠢᠨ᠎ᠡ ᠶᠢ ᠡᠭᠦᠳᠬᠦ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ 500 ᠨᠡᠷᠡᠰ ᠠᠴᠠ ᠳᠡᠭᠡᠭᠰᠢ ᠪᠠᠶᠢᠬᠤ ᠶᠢ ᠱᠠᠭᠠᠷᠳᠠᠵᠤ᠂ 4.5 ᠲᠦᠮᠡᠨ ᠲᠠᠷᠢᠶᠠᠴᠢᠨ ︵ᠤᠳᠠᠭ᠎ᠠ︶ ᠢ ᠪᠣᠯᠪᠠᠰᠤᠷᠠᠭᠤᠯᠤᠨ ᠬᠥᠮᠥᠵᠢᠭᠦᠯᠤᠨ᠎ᠡ᠃ ᠲᠣᠯᠣᠭᠠᠶᠢᠯᠠᠬᠤ ᠠᠵᠤ ᠠᠬᠤᠶᠢᠯᠠᠯ ᠢᠶᠠᠷ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠮᠠᠯᠵᠢᠯ ᠲᠠᠷᠢᠶᠠᠯᠠᠩ ᠤᠨ ᠶᠡᠭᠡ ᠡᠷᠦᠬᠡ᠂ ᠮᠠᠯᠴᠢᠨ ᠲᠠᠷᠢᠶᠠᠴᠢᠨ ᠤ ᠬᠤᠷᠰᠢᠶ᠎ᠠ ᠶᠢ ᠬᠥᠲᠥᠯᠦᠨ ᠵᠢᠯᠣᠭᠤᠳᠤᠯᠤᠨ ᠲᠣᠯᠣᠭᠠᠶᠢᠯᠠᠭᠴᠢ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠬᠤ᠂ ᠣᠯᠠᠨ ᠮᠠᠶ᠋ᠢᠭ ᠤᠨ ᠵᠠᠭᠪᠤᠷ ᠤᠨ ᠠᠰᠢᠭ ᠲᠤᠰᠠ ᠲᠠᠢ ᠬᠤᠯᠪᠤᠯᠳᠣᠬᠤ ᠳᠤᠬᠳᠠᠯᠴᠠᠭ᠎ᠠ ᠶᠢ ᠳᠡᠬᠦᠯᠳᠡᠷᠵᠢᠬᠦᠯᠬᠦ᠂ ᠣᠯᠠᠨ ᠮᠠᠶ᠋ᠢᠭ ᠤᠨ ᠵᠠᠮ ᠬᠡᠪᠴᠢᠶ᠎ᠠ ᠶᠢᠨ ᠡᠵᠡᠩᠨᠡᠯᠳᠡ ᠶᠢᠨ ᠬᠢᠷᠢ ᠬᠡᠮᠵᠢᠶ᠎ᠠ ᠶᠢ ᠳᠡᠭᠡᠭᠰᠢᠯᠡᠬᠦᠯᠬᠦ᠂ ᠣᠯᠠᠨ ᠮᠠᠶ᠋ᠢᠭ ᠤᠨ ᠨᠡᠷᠡᠳᠤ ᠳᠡᠮᠳᠡᠭ ᠤᠨ ᠬᠠᠮᠲᠤ ᠪᠠᠷ ᠡᠭᠦᠳᠬᠦ ᠬᠠᠮᠳᠤ ᠪᠠᠷ ᠡᠳ᠋ᠯᠡᠬᠦ ᠶᠢ ᠲᠦᠯᠬᠢᠬᠦ᠂ ᠵᠢᠵᠢᠭ ᠳᠠᠷᠢᠶᠠᠴᠢᠠ ᠡᠷᠣᠬᠡ ᠪᠣᠯᠤᠨ ᠤᠳᠤ ᠦᠶ᠎ᠡ ᠶᠢᠨ ᠳᠠᠷᠢᠶᠠᠯᠠᠩ ᠤᠨ ᠤᠷᠭᠠᠨᠢᠭ ᠨᠡᠶᠢᠯᠡᠯᠴᠡᠬᠦ ᠶᠢ ᠪᠡᠶᠡᠯᠡᠭᠦᠯᠦᠨ᠎ᠡ᠃      ᠭᠤᠷᠪᠠᠳᠤᠭᠠᠷ ᠲᠤ᠂ ᠠᠵᠤ ᠦᠢᠯᠡᠰ ᠢ ᠨᠠᠷᠢᠯᠢᠭ ᠬᠢᠨ᠎ᠡ᠃ ︽ᠨᠠᠷᠠᠨ ᠬᠤᠸᠠᠷ ᠤᠨ ᠬᠤᠷᠢᠶᠠᠯᠲᠠ ᠶᠢ ᠪᠠᠭᠠᠰᠬᠠᠵᠤ ᠮᠠᠯᠵᠢᠯ ᠤᠨ ᠦᠢᠯᠡᠰ ᠢ ᠲᠣᠭᠲᠠᠪᠤᠷᠢᠵᠢᠭᠤᠯᠵᠤ ᠣᠨᠴᠠᠯᠢᠭ ᠲᠠᠢ ᠲᠠᠷᠢᠵᠤ ᠦᠷᠡᠵᠢᠭᠦᠯᠬᠦ ᠶᠢ ᠨᠡᠮᠡᠭᠳᠡᠭᠦᠯᠬᠦ︾ ᠰᠡᠳᠬᠢᠮᠵᠢ ᠶᠢ ᠪᠠᠷᠢᠮᠲᠠᠯᠠᠬᠤ᠂ ᠨᠡᠷᠡᠨ ᠬᠤᠸᠠᠷ᠂ ᠢᠳᠡᠰᠢᠨ ᠬᠤᠨᠢ᠂ ᠨᠤᠭᠤᠭ᠎ᠠ ᠵᠢᠮᠢᠰ ᠵᠡᠷᠭᠡ ᠶᠢᠨ ᠲᠦᠯᠬᠢᠨ ᠠᠬᠢᠭᠤᠯᠬᠤ ᠦᠢᠯᠠᠳᠣᠯ ᠢ ᠪᠠᠳᠠᠷᠠᠭᠤᠯᠬᠤ᠂ ᠣᠨᠴᠠᠯᠢᠭ ᠲᠠᠢ ᠠᠵᠤ ᠦᠢᠯᠠᠰ ᠤᠨ ᠳᠡᠰ ᠳᠡᠪᠰᠢᠬᠦ᠂ ᠴᠢᠨᠠᠷ ᠰᠠᠶᠢᠲᠠᠢ ᠬᠦᠭᠵᠢᠯᠳᠡ ᠶᠢ ᠲᠦᠷᠭᠡᠳᠬᠡᠨ ᠠᠬᠢᠭᠤᠯᠤᠨ᠎ᠠ᠃ ᠲᠠᠷᠢᠶ᠎ᠠ ᠠᠷᠴᠢᠬᠤ᠂ ᠠᠷᠠᠳ ᠢ ᠪᠠᠶᠠᠵᠢᠭᠤᠯᠬᠤ ᠵᠡᠷᠭᠡ ᠠᠵᠤ ᠠᠬᠤᠶᠢᠢᠯᠠᠯ ᠢ ᠳᠡᠮᠵᠢᠬᠦ᠂ ᠣᠳᠣ ᠪᠠᠶᠢᠭ᠎ᠠ ᠪᠡᠯᠡᠨ ᠬᠦᠯᠡᠮᠵᠢ ᠶᠢ ᠳᠡᠬᠦᠯᠳᠡᠷᠵᠢᠬᠦᠯᠣᠠ ᠪᠠᠶᠢᠭᠤᠯᠬᠤ᠂ ᠰᠤᠯᠠ ᠲᠠᠯᠪᠢᠵᠤ ᠪᠠᠶᠢᠭ᠎ᠠ ᠬᠦᠯᠡᠮᠵᠢ ᠶᠢ ᠡᠬᠢᠯᠡᠵᠦ ᠬᠡᠷᠡᠭᠯᠡᠬᠦ᠂ ᠪᠡᠯᠡ ᠤᠷᠤᠭᠤᠯᠤᠯᠳᠠ ᠪᠠᠷ ᠪᠠᠭ᠎ᠠ᠂ ᠲᠤᠰᠠ ᠭᠠᠷᠬᠤ ᠨᠢ ᠲᠦᠷᠭᠡᠨ᠂ ᠤᠯᠠᠠ ᠳᠦᠮᠠᠠ ᠤ ᠵᠥᠪᠰᠢᠶᠡᠷᠡᠬᠦ ᠭᠤᠯᠳᠤᠩ ᠰᠠᠷᠠᠪᠴᠢ ᠶᠢᠨ ᠪᠦᠳᠦᠭᠡᠨ ᠪᠠᠶᠢᠭᠤᠯᠤᠯᠳᠠ ᠶᠢ ᠶᠡᠭᠡ ᠪᠠᠷ ᠳᠡᠯᠭᠡᠷᠡᠭᠦᠯᠬᠦ᠂ ᠬᠠᠪᠤᠷ ᠤᠨ ᠶᠣᠵᠣᠭᠤᠷ ᠢ ᠲᠠᠷᠢᠵᠦ ᠦᠷᠡᠵᠢᠬᠦᠯᠬᠦ ᠲᠠᠯᠠᠪᠠᠢ ᠨᠢ 6000 ᠮᠤ᠋ ᠠᠴᠠ ᠳᠡᠭᠡᠭᠰᠢ ᠪᠠᠶᠢᠬᠤ ᠶᠢ ᠪᠠᠲᠤᠯᠠᠬᠤ᠂ ᠲᠠᠷᠢᠶᠠᠯᠠᠩ ᠤᠨ ᠠᠰᠢᠭ ᠳᠣᠰᠠ ᠶᠢᠨ ᠲᠦᠭᠦᠭᠡᠷᠣᠮᠵᠢ ᠶᠢ ᠳᠡᠭᠡᠭᠰᠢᠯᠡᠬᠦᠯᠣᠨ᠎ᠠ᠃ ᠰᠠᠨ ᠷᠦᠢ ᠺᠤᠮᠫᠠᠨᠢ ᠶᠢᠨ ᠨᠡᠷᠡᠨ ᠬᠤᠸᠠᠷ ᠤᠨ ᠡᠪᠡᠳᠴᠢᠨ ᠢ ᠰᠡᠷᠭᠡᠶᠢᠯᠡᠨ ᠡᠮᠨᠡᠬᠦ ᠶᠢ ᠳᠡᠮᠵᠢᠬᠦ᠂ ᠨᠡᠷᠡᠨ ᠬᠤᠸᠠᠷ ᠤᠨ ᠴᠢᠬᠢ ᠪᠣᠶᠢᠵᠢᠭᠤᠯᠬᠤ ᠲᠦᠪ ᠢ ᠪᠦᠳᠦᠭᠡᠨ ᠪᠠᠶᠢᠭᠤᠯᠬᠤ᠂ ︽ᠤᠰᠤᠨ ᠬᠤᠵᠢᠷ︾ ᠢ ᠰᠡᠷᠭᠡᠶᠢᠯᠡᠨ ᠡᠮᠨᠡᠬᠦ ᠵᠢᠱᠢᠨ ᠦᠵᠡᠬᠦᠯᠬᠦ ᠣᠷᠣᠨ᠂ ᠨᠡᠷᠡᠨ ᠬᠤᠸᠠᠷ ᠤᠨ ᠴᠢᠨᠠᠷ ᠪᠠᠭᠤᠷᠠᠬᠤ ᠠᠰᠠᠭᠤᠳᠠᠯ ᠢ ᠬᠦᠴᠦᠯᠡᠨ ᠳᠡᠶᠢᠯᠬᠦ᠂ ᠨᠠᠷᠠᠨ ᠬᠤᠸᠠᠷ ᠤᠨ ᠲᠠᠷᠢᠵᠦ ᠦᠷᠡᠵᠢᠬᠦᠯᠬᠦ ᠭᠠᠵᠠᠷ ᠤᠷᠤᠨ ᠤ ᠪᠠᠷᠢᠮᠵᠢᠶ᠎ᠠ ᠶᠢ ᠳᠡᠬᠦᠯᠳᠡᠷᠵᠢᠬᠦᠯᠵᠤ᠂ ︽ᠨᠡᠷᠡᠨ ᠬᠤᠸᠠᠷ ᠤᠨ ᠶᠡᠭᠡ ᠰᠢᠶᠠᠨ︾ ᠭᠡᠰᠡᠨ ᠪᠠᠶᠢᠷᠢ ᠶᠢ ᠪᠠᠬᠢᠵᠢᠭᠦᠯᠦᠨ᠎ᠡ᠃ ᠳ᠋ᠠ ᠨᠦᠩ ᠤᠯᠠᠨ ᠤᠯᠤᠰ ᠤᠨ ᠬᠤᠪᠢ ᠣᠷᠣᠭᠤᠯᠤᠯᠲᠠ ᠶᠢᠨ ᠺᠤᠮᠫᠠᠨᠢ᠂ ᠵᠦᠩ ᠴᠦ᠋ ᠼᠣᠣ ᠺᠤᠮᠫᠠᠨᠢ ᠠᠴᠠ 2 ᠲᠦᠮᠡᠨ ᠮᠤ᠋ ᠽᠢ ᠰᠦᠢ ᠡᠷᠳᠡᠨᠢ ᠰᠢᠰᠢ ᠳᠤᠷᠰᠢᠨ ᠲᠠᠷᠢᠬᠤ ᠶᠢ ᠳᠡᠮᠵᠢᠵᠤ᠂ ᠴᠡᠴᠡᠭ ᠤᠨ ᠪᠤᠳᠤᠭ ᠡᠭᠦᠰᠬᠡᠭᠴᠢ ᠶᠢ ᠭᠠᠷᠭᠠᠵᠤ ᠪᠣᠯᠪᠠᠰᠤᠷᠠᠭᠤᠯᠬᠤ ᠠᠵᠢᠯ ᠲᠦᠷᠦᠯ ᠢ ᠴᠢᠷᠮᠠᠶᠢᠨ ᠬᠥᠳᠡᠯᠭᠡᠨ᠎ᠡ᠃ ᠵᠦᠩ ᠴᠦ᠋ ᠼᠣᠣ ᠺᠤᠮᠫᠠᠨᠢ ᠶᠢᠨ ᠡᠪᠡᠰᠦᠨ ᠠᠵᠤ ᠦᠢᠯᠠᠰ ᠤᠨ ᠠᠷᠠᠯᠵᠢᠶ᠎ᠠ ᠶᠢᠨ ᠲᠠᠪᠴᠠᠩ ᠢ ᠪᠠᠶᠢᠭᠤᠯᠬᠤ ᠶᠢ ᠳᠡᠮᠵᠢᠬᠦ᠂ ᠡᠪᠡᠰᠣ ᠪᠣᠷᠳᠤᠭ᠎ᠠ ᠶᠢᠨ ᠪᠦᠬᠦ ᠤᠯᠣᠰ ᠤᠨ ᠰᠦᠯᠵᠢᠶᠡᠨ ᠳᠡᠭᠡᠷᠡᠬᠢ ᠠᠷᠠᠯᠵᠢᠶ᠎ᠠ ᠶᠢ ᠪᠡᠶᠡᠯᠡᠭᠦᠯᠦᠨ᠎ᠡ᠃ ᠠᠯᠳᠠᠨ ᠲᠠᠯ᠎ᠠ ᠨᠤᠳᠤᠭ᠂ ᠴᠢᠩ ᠴᠢᠩ ᠲᠠᠯ᠎ᠠ ᠨᠤᠳᠤᠭ᠂ ᠪᠠ ᠮᠸᠢ ᠺᠤᠮᠫᠠᠨᠢ ᠵᠡᠷᠭᠡ ᠠᠵᠤ ᠠᠬᠤᠶᠢᠢᠯᠠᠯ ᠢ ᠳᠡᠮᠵᠢᠵᠦ᠂ ᠤᠯᠤᠰ ᠤᠨ ᠳᠡᠰ ᠤᠨ ᠭᠠᠵᠠᠷ ᠤᠷᠤᠨᠴᠢ ᠴᠢᠨᠠᠷ ᠲᠠᠢ ᠢᠳᠡᠰᠢᠨ ᠬᠤᠨᠢ ᠦᠷᠡᠵᠢᠭᠦᠯᠦᠨ ᠪᠣᠶᠢᠵᠢᠭᠤᠯᠬᠤ ᠰᠠᠭᠤᠷᠢᠠ ᠭᠠᠵᠠᠷ ᠢ ᠪᠦᠳᠦᠭᠡᠨ ᠪᠠᠶᠢᠭᠤᠯᠬᠤ᠂ 62 ᠥᠪᠡᠷᠲᠡᠭᠡᠨ ᠦᠷᠡᠵᠢᠭᠦᠯᠬᠦ ᠥᠪᠡᠷᠲᠡᠭᠡᠨ ᠲᠡᠵᠢᠭᠡᠬᠦ ᠲᠡᠵᠢᠭᠡᠨ ᠦᠷᠡᠵᠢᠭᠦᠯᠬᠦ ᠲᠠᠯᠠᠪᠠᠢ᠂ ᠪᠦᠬᠦ ᠲᠣᠰᠬᠤᠨ ᠢᠶᠠᠷ ᠢᠶᠠᠨ ᠵᠢᠱᠢᠨ ᠦᠵᠡᠬᠦᠯᠬᠦ 30  ᠲᠣᠰᠬᠤᠨ᠂ ᠲᠡᠵᠢᠭᠡᠨ ᠦᠷᠡᠵᠢᠭᠦᠯᠵᠦ ᠵᠢᠱᠢᠨ ᠦᠵᠡᠬᠦᠯᠬᠦ ᠡᠷᠦᠭᠡ 1000 ᠶᠢ ᠪᠠᠶᠢᠭᠤᠯᠵᠤ᠂ ᠢᠳᠡᠰᠢᠨ ᠬᠤᠨᠢ ᠶᠢ ᠲᠡᠵᠢᠭᠡᠨ ᠦᠷᠡᠵᠢᠭᠦᠯᠬᠦ᠂ ᠲᠡᠵᠢᠭᠡᠯ ᠪᠣᠷᠳᠣᠭᠠᠨ ᠢ ᠦᠢᠯᠡᠳᠪᠦᠷᠢᠯᠡᠬᠦ᠂ ᠠᠯᠠᠵᠤ ᠪᠣᠯᠪᠠᠰᠤᠷᠠᠭᠤᠯᠬᠤ᠂ ᠬᠦᠢᠲᠡᠨ ᠬᠡᠯᠬᠢᠶ᠎ᠡ ᠶᠢᠨ ᠡᠳ᠋ ᠪᠠᠷᠠᠭᠠᠨ ᠤ ᠭᠦᠢᠯᠭᠡᠭᠡᠨ ᠵᠡᠷᠭᠡ ᠨᠢᠭᠡ ᠴᠤᠭᠴᠠᠵᠢᠯᠠᠭᠰᠠᠨ ᠠᠵᠤ ᠦᠢᠯᠠᠰ ᠤᠨ ᠬᠡᠯᠬᠢᠶ᠎ᠡ ᠶᠢ ᠳᠡᠬᠦᠯᠳᠡᠷᠵᠢᠬᠦᠯᠬᠦ᠂ ᠢᠳᠡᠰᠢᠨ ᠬᠤᠨᠢ ᠶᠢᠨ ᠪᠠᠷᠢᠮᠵᠢᠶᠠᠯᠠᠨ ᠦᠢᠯᠡᠳᠪᠦᠷᠢᠯᠡᠬᠦ ᠬᠤᠯᠪᠣᠭᠠᠲᠤ ᠴᠣᠭᠴᠠ ᠶᠢ ᠪᠦᠳᠤᠭᠡᠬᠦ᠂ ᠪᠦᠬᠦ ᠤᠯᠣᠰ ᠤᠨ ᠢᠳᠡᠰᠢᠨ ᠬᠤᠨᠢ ᠶᠢᠨ ᠠᠵᠤ ᠦᠢᠯᠡᠳᠪᠦᠷᠢ ᠶᠢᠨ ᠶᠡᠭᠡ ᠰᠢᠶᠠᠨ ᠢ ᠪᠦᠳᠦᠭᠡᠨ ᠪᠠᠶᠢᠭᠤᠯᠬᠤ ᠪᠠᠷ ᠴᠢᠷᠮᠠᠶᠢᠨ᠎ᠠ᠃ ᠠᠯᠳᠠᠨ ᠲᠠᠯ᠎ᠠ ᠨᠤᠳᠤᠭ ᠺᠤᠮᠫᠠᠨᠢ ᠶᠢᠨ ᠢᠳᠡᠰᠢᠨ ᠦᠬᠡᠷ ᠲᠡᠵᠢᠭᠡᠨ ᠦᠷᠡᠵᠢᠭᠦᠯᠬᠦ ᠶᠢ ᠳᠡᠮᠵᠢᠬᠦ᠂ ᠢᠵᠢ ᠪᠦᠷᠢᠳᠦᠭᠦᠯᠬᠦ ᠲᠡᠵᠢᠭᠡᠯ ᠪᠣᠷᠳᠤᠭ᠎ᠠ ᠪᠣᠯᠤᠨ ᠤᠷᠭᠠᠨᠢᠭ ᠪᠣᠷᠳᠣᠭᠤᠷ ᠤᠨ ᠠᠵᠢᠯ ᠲᠦᠷᠦᠯ ᠢ ᠳᠡᠮᠵᠢᠨ᠎ᠡ᠃ ᠷᠦᠨ ᠬᠠᠢ ᠶᠤᠸᠠᠨ ᠺᠤᠮᠫᠠᠨᠢ ᠶᠢᠨ ᠡᠭᠦᠯᠳᠡᠷ ᠲᠠᠬᠢᠶ᠎ᠠ ᠶᠢᠨ ᠦᠷᠡᠵᠢᠭᠦᠯᠦᠨ ᠪᠣᠶᠢᠵᠢᠭᠤᠯᠬᠤ᠂ ᠬᠡᠪᠴᠢᠶᠡᠵᠢᠭᠦᠯᠦᠨ ᠦᠷᠡᠵᠢᠭᠦᠯᠬᠦ᠂ ᠲᠡᠵᠢᠭᠡᠯ ᠪᠤᠷᠳᠤᠭ᠎ᠠ ᠦᠢᠯᠡᠳᠪᠦᠷᠢᠯᠡᠬᠦ᠂ ᠢᠳᠠᠰᠢᠠ ᠳᠠᠬᠢᠶ᠎ᠡ ᠠᠯᠠᠬᠤ᠂ ᠪᠣᠯᠭᠤᠭᠰᠠᠨ ᠢᠳᠡᠭᠡᠨ ᠢ ᠪᠣᠯᠪᠠᠰᠤᠷᠠᠭᠤᠯᠬᠤ ᠵᠡᠷᠭᠡ ᠶᠢ ᠨᠢᠭᠡ ᠴᠣᠭᠴᠠᠵᠢᠯᠠᠭᠰᠠᠨ ᠠᠵᠤ ᠦᠢᠯᠠᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠤᠨ᠎ᠠ᠃ ᠵᠢᠶᠦ᠋ᠨ ᠶᠠᠩ᠂ ᠱᠠᠨ ᠯᠦ ᠺᠤᠮᠫᠠᠨᠢ ᠶᠢᠨ ᠰᠠᠭᠠᠯᠢ ᠶᠢᠨ ᠢᠮᠠᠭ᠎ᠠ ᠶᠢᠨ ᠲᠡᠵᠢᠭᠡᠨ ᠦᠷᠡᠵᠢᠭᠦᠯᠬᠦ ᠬᠡᠪᠴᠢᠶ᠎ᠠ ᠶᠢ ᠦᠷᠭᠡᠳᠭᠡᠬᠦ ᠶᠢ ᠳᠡᠮᠵᠢᠬᠦ᠂ ︽ᠮᠢᠬ᠎ᠠ ᠰᠦ ᠴᠥᠮ ᠬᠡᠷᠡᠭᠯᠡᠵᠦ ᠪᠣᠯᠬᠤ︾ ᠰᠠᠭᠠᠯᠢ ᠶᠢᠨ ᠢᠮᠠᠭ᠎ᠠ ᠪᠣᠯᠤᠨ ᠰᠠᠭᠠᠯᠢ ᠶᠢᠨ ᠬᠤᠨᠢ ᠶᠢ ᠦᠷᠡᠵᠢᠭᠦᠯᠬᠦ᠂ ᠰᠠᠭᠠᠯᠢ ᠶᠢᠨ ᠢᠮᠠᠭ᠎ᠠ ᠶᠢᠨ ᠠᠵᠤ ᠦᠢᠯᠠᠰ ᠳᠠᠬᠢ ᠶᠡᠭᠡ ᠰᠢᠪᠲᠤᠯᠤᠯᠲᠠ ᠶᠢ ᠪᠡᠶᠡᠯᠡᠭᠦᠯᠦᠨ᠎ᠡ᠃ ᠲᠤᠲᠤᠷᠭᠠᠨ ᠲᠠᠷᠢᠶᠠᠨ ᠳᠤ ᠵᠢᠭᠠᠰᠤ ᠲᠡᠵᠢᠭᠡᠬᠦ᠂ ᠡᠮᠦᠨᠡᠲᠦ ᠠᠮᠧᠷᠢᠺᠠ ᠶᠢᠨ ᠰᠠᠮ ᠬᠤᠷᠤᠬᠠᠢ ᠶᠢ ᠠᠮᠵᠢᠯᠲᠠᠲᠠᠢ ᠲᠡᠵᠢᠭᠡᠨ ᠦᠷᠡᠵᠢᠭᠦᠯᠦᠭᠰᠡᠨ ᠲᠤᠷᠰᠢᠯᠭ᠎ᠠ ᠶᠢ ᠢᠳᠡᠪᠬᠢ ᠳᠡᠯᠭᠡᠷᠡᠭᠦᠯᠬᠦ᠂ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠶᠢ ᠶᠡᠭᠡ ᠪᠠᠷ ᠬᠥᠭᠵᠢᠭᠦᠯᠦᠨ᠎ᠡ᠃ ᠪᠠᠯᠳᠤ ᠬᠡᠮᠬᠡ᠂ ᠯᠠᠩᠭᠤᠸᠠ᠂ ᠢᠳᠡᠰᠢᠨ ᠡᠯᠵᠢᠭᠡ᠂ ᠥᠨᠳᠡᠭᠡᠨ ᠭᠠᠯᠠᠭᠤ ᠵᠡᠷᠭᠡ ᠣᠨᠴᠠᠯᠢᠭ ᠲᠠᠢ ᠠᠵᠤ ᠦᠢᠯᠠᠰ ᠢ ᠬᠥᠭᠵᠢᠭᠦᠯᠬᠦ᠂ ᠲᠤᠰ ᠲᠤᠰ ᠤᠨ ᠣᠨᠴᠠᠯᠢᠭ ᠲᠠᠢ ᠠᠵᠤ ᠦᠢᠯᠠᠰ ᠤᠨ 100 ᠵᠢᠱᠢᠨ ᠦᠵᠡᠬᠦᠯᠬᠦ ᠲᠣᠰᠬᠤᠨ᠂ 100 ᠵᠢᠱᠢᠨ ᠦᠵᠡᠬᠦᠯᠬᠦ ᠡᠷᠦᠬᠡ ᠶᠢ ᠪᠠᠶᠢᠭᠤᠯᠣᠠ ᠪᠦᠳᠣᠬᠡᠬᠦ᠂ ᠳᠠᠷᠢᠶᠠᠯᠠᠩ ᠤᠨ ᠬᠡᠯᠪᠡᠷᠢ ᠶᠢᠨ ᠳᠡᠰ ᠳᠠᠪᠰᠢᠯᠲᠠ ᠶᠢ ᠳᠠᠭᠠᠭᠤᠯᠤᠨ ᠰᠣᠯᠢᠨ᠎ᠠ᠃      ᠳᠥᠷᠪᠡᠳᠦᠭᠡᠷ ᠲᠤ᠂ ᠰᠢᠨᠵᠢᠯᠡᠭᠡ ᠮᠡᠷᠭᠡᠵᠢᠯ ᠢ ᠪᠣᠳᠠᠲᠠᠢ ᠬᠢᠨ᠎ᠡ᠃ ᠢᠳᠡᠪᠬᠢ ᠲᠠᠢ ᠪᠠᠷ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠥᠷᠢᠶᠡᠯᠡᠩ᠂ ᠲᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠲᠤᠮᠳᠠᠳᠤ ᠤᠯᠤᠰ ᠤᠨ ᠠᠮᠢ ᠠᠬᠤᠢ ᠲᠠᠷᠢᠶᠠᠯᠠᠩ ᠤᠨ ᠠᠵᠤ ᠦᠢᠯᠠᠰ ᠤᠨ ᠰᠢᠨᠵᠢᠯᠡᠭᠡ ᠮᠡᠷᠭᠡᠵᠢᠯ ᠤᠨ ᠬᠤᠯᠪᠣᠭ᠎ᠠ᠂ ᠲᠤᠮᠳᠠᠳᠤ ᠤᠯᠤᠰ ᠤᠨ ᠡᠪᠡᠰᠦᠨ ᠡᠷᠳᠡᠮ ᠰᠢᠨᠵᠢᠯᠡᠭᠡᠨ ᠤ ᠨᠡᠶᠢᠭᠡᠮᠯᠢᠭ᠂ ᠳᠤᠮᠳᠠᠳᠤ ᠤᠯᠤᠰ ᠤᠨ ᠶᠢᠰᠦᠨ ᠣᠷᠣᠨ ᠤ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠣᠳᠣᠯᠬᠤ ᠬᠦᠷᠢᠶᠠᠯᠠᠩ᠂ ᠳ᠋ᠠ ᠨᠦᠩ ᠤᠯᠠᠨ ᠤᠯᠤᠰ ᠤᠨ ᠬᠤᠪᠢ ᠣᠷᠣᠭᠤᠯᠤᠯᠲᠠ ᠶᠢᠨ ᠺᠤᠮᠫᠠᠨᠢ ᠵᠡᠷᠭᠡ ᠪᠠᠶᠢᠭᠤᠯᠤᠮᠵᠢ ᠪᠣᠯᠤᠨ ᠠᠵᠤ ᠠᠬᠤᠶᠢᠢᠯᠠᠯ ᠲᠠᠢ ᠬᠤᠷᠰᠢᠬᠤ᠂ ︽ᠰᠢᠨᠵᠢᠯᠡᠬᠦ ᠤᠬᠠᠭᠠᠨ ᠢᠶᠠᠷ ᠳᠠᠷᠢᠶᠠᠯᠠᠩ ᠢ ᠬᠦᠭᠵᠢᠬᠦᠯᠬᠦ︾ ᠪᠠᠶᠢᠯᠳᠤᠬᠤ ᠪᠣᠳᠣᠯᠭ᠎ᠠ ᠢ ᠤᠯᠠᠮ ᠳᠤᠪᠤᠶᠢᠮ᠎ᠠ ᠤᠷᠤᠨ ᠪᠠᠶᠢᠷᠢᠨ ᠳᠤ ᠪᠠᠶᠢᠯᠭᠠᠬᠤ᠂ ᠠᠺᠠᠳᠧᠮᠢᠴᠢ᠂ ᠲᠤᠰᠬᠠᠢ ᠮᠡᠷᠭᠡᠵᠢᠯᠲᠡᠨ ᠤ ᠠᠵᠢᠯ ᠤᠨ ᠦᠷᠲᠡᠭᠡ ᠪᠣᠯᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠶᠢ ᠪᠠᠶᠢᠭᠤᠯᠬᠤ᠂ ︽ᠶᠡᠭᠡ ᠳᠠᠷᠢᠶᠠᠯᠠᠩ ᠤᠨ ᠣᠷᠴᠢᠯ ᠠᠵᠤ ᠠᠬᠤᠢ︾ ᠶᠢᠨ ᠬᠦᠭᠵᠢᠯᠳᠡ ᠶᠢᠨ ᠵᠠᠭᠪᠤᠷ ᠢ ᠲᠤᠷᠰᠢᠨ ᠶᠠᠪᠤᠭᠳᠠᠭᠤᠯᠤᠨ᠎ᠠ᠃ ᠢᠳᠡᠪᠬᠢ ᠲᠠᠢ ᠪᠠᠷ ᠴᠢᠩ ᠬᠤᠸᠠ ᠶᠡᠭᠡ ᠰᠤᠷᠭᠠᠭᠤᠯᠢ᠂ ᠲᠤᠮᠳᠠᠳᠤ ᠤᠯᠤᠰ ᠤᠨ ᠳᠠᠷᠢᠶᠠᠯᠠᠩ ᠤᠨ ᠰᠢᠠᠵᠢᠯᠠᠬᠦ ᠤᠬᠠᠭᠠᠠ ᠤ ᠬᠦᠷᠢᠶᠡᠯᠡᠭ᠂ ᠨᠢᠩᠰᠢᠶᠠ ᠶᠢᠨ ᠶᠡᠭᠡ ᠰᠤᠷᠭᠠᠭᠤᠯᠢ ᠵᠡᠷᠭᠡ ᠡᠷᠳᠡᠮ ᠰᠢᠨᠵᠢᠯᠡᠭᠡᠨ ᠤ ᠬᠦᠷᠢᠶᠡᠯᠡᠭ ᠪᠣᠯᠤᠨ ᠳᠡᠷᠢᠬᠦᠨ ᠤ ᠠᠵᠤ ᠠᠬᠤᠶᠢᠯᠠᠯ ᠲᠠᠢ ᠬᠤᠷᠰᠢᠬᠤ ᠶᠢ ᠳᠡᠮᠵᠢᠬᠦ᠂ ᠡᠭᠦᠯᠳᠡᠷ ᠢ ᠰᠠᠶᠢᠵᠢᠷᠠᠭᠤᠯᠬᠤ᠂ ᠡᠭᠦᠯᠳᠡᠷ ᠢ ᠳᠡᠬᠡᠭᠰᠢᠯᠡᠬᠦᠯᠬᠦ ᠲᠠᠯ᠎ᠠ ᠳᠠᠬᠢ ᠮᠡᠷᠭᠡᠵᠢᠯ ᠤᠨ ᠪᠣᠭᠤᠮᠲᠠ ᠶᠢ ᠰᠢᠪᠲᠤᠯᠬᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠯᠲᠠ ᠶᠢ ᠬᠤᠷᠳᠤᠳᠬᠠᠨ᠎ᠠ᠃ ᠡᠭᠦᠯᠳᠡᠷ ᠢ ᠰᠠᠶᠢᠵᠢᠷᠠᠭᠤᠯᠬᠤ ᠶᠢᠨ ᠲᠣᠭᠤᠷᠢᠨ ᠳᠤ᠂ ︽ᠪᠣᠶᠢᠵᠢᠭᠤᠯᠬᠤ ᠦᠷᠡᠵᠢᠭᠦᠯᠬᠦ ᠲᠦᠯᠬᠢᠬᠦ︾ ᠨᠢᠭᠡ ᠴᠤᠬᠴᠠᠵᠢᠯᠳᠠ ᠶᠢᠨ ᠡᠭᠦᠯᠳᠡᠷ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠬᠦᠯᠬᠦ᠂ ᠴᠢᠨᠠᠷᠯᠢᠭ ᠬᠤᠴᠠ ᠶᠢ ᠦᠷᠡᠵᠢᠭᠦᠯᠦᠨ ᠪᠣᠶᠢᠵᠢᠭᠤᠯᠬᠤ ᠂ ᠨᠡᠷᠡᠨ ᠬᠤᠸᠠᠷ ᠤᠨ ᠦᠷ᠎ᠡ ᠶᠢ ᠰᠣᠳᠣᠯᠣᠨ ᠡᠭᠦᠳᠬᠦ᠂ ᠰᠢᠷ᠎ᠠ ᠱᠠᠪᠲᠠᠯ᠎ᠠ ᠶᠢᠨ ᠡᠭᠦᠯᠳᠡᠷ ᠢ ᠰᠠᠶᠢᠵᠢᠷᠠᠭᠤᠯᠬᠤ᠂ ︽ᠳ᠋ᠧᠩᠯᠦ ᠬᠤᠩ︾ ᠠᠮᠳᠠᠳᠤ ᠬᠡᠮᠬᠡ ᠶᠢ ᠴᠡᠪᠡᠷᠰᠢᠭᠦᠯᠦᠨ ᠰᠠᠶᠢᠵᠢᠷᠠᠭᠤᠯᠬᠤ ᠵᠡᠷᠭᠡ ᠡᠷᠳᠡᠮ ᠰᠢᠨᠵᠢᠯᠡᠭᠡᠨ ᠤ ᠰᠠᠭᠤᠷᠢᠠ ᠭᠠᠵᠠᠷ ᠢ ᠪᠠᠶᠢᠭᠤᠯᠣᠠ ᠪᠦᠳᠣᠬᠡᠬᠦ᠂ ᠭᠤᠤᠯ ᠳᠠᠷᠢᠮᠠᠯ ᠤᠨ ᠵᠦᠢᠯ ᠳᠤ ᠰᠠᠶᠢᠨ ᠡᠭᠦᠯᠳᠡᠷ ᠢ ᠨᠡᠶᠢᠳᠡᠮ ᠪᠦᠷᠬᠦᠬᠦ ᠶᠢ ᠪᠡᠶᠡᠯᠡᠭᠦᠯᠦᠨ᠎ᠡ︔ ᠡᠭᠦᠯᠳᠡᠷ ᠢ ᠳᠡᠬᠡᠭᠰᠢᠯᠡᠬᠦᠯᠬᠦ ᠲᠣᠭᠤᠷᠢᠨ ᠳᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠡᠪᠡᠳᠴᠢᠨ ᠤ ᠬᠤᠣᠷ ᠬᠥᠨᠥᠭᠡᠯ ᠢ ᠰᠡᠷᠭᠡᠶᠢᠯᠡᠨ ᠡᠮᠨᠡᠬᠦ᠂ ᠮᠡᠷᠭᠡᠵᠢᠯ ᠢ ᠳᠡᠯᠭᠡᠷᠡᠭᠦᠯᠬᠦ᠂ ᠴᠢᠳᠠᠪᠤᠷᠢᠳᠠᠠ ᠢ ᠪᠠᠲᠤᠯᠠᠨ ᠲᠠᠨᠢᠯᠴᠠᠭᠤᠯᠬᠤ᠂ ᠤᠷᠭᠠᠨᠢᠭ ᠪᠣᠷᠳᠣᠭᠤᠷ ᠢ ᠦᠢᠯᠡᠳᠪᠦᠷᠢᠯᠡᠬᠦ᠂ ᠲᠠᠷᠢᠶᠠᠯᠠᠩ ᠤᠨ ᠮᠠᠰᠢᠨ ᠢ ᠰᠣᠳᠣᠯᠣᠨ ᠡᠭᠦᠳᠬᠦ ᠵᠡᠷᠭᠡ ᠬᠦᠷᠢᠶ᠎ᠡ ᠬᠡᠪᠴᠢᠶ᠎ᠠ ᠳᠤ ᠰᠢᠨ᠎ᠡ ᠶᠢ ᠡᠭᠦᠳᠴᠦ ᠰᠢᠪᠳᠤᠯᠬᠤ᠂ ︽ᠡᠷᠳᠡᠮ ᠰᠢᠨᠵᠢᠯᠡᠭᠡᠨ ᠤ ᠲᠤᠷᠰᠢᠯᠲᠠ ᠶᠢᠨ ᠰᠠᠭᠤᠷᠢᠠ ᠭᠠᠵᠠᠷ + ᠣᠷᠣᠨ ᠨᠣᠲᠤᠭ ᠤᠨ ᠵᠢᠱᠢᠨ ᠦᠵᠡᠬᠦᠯᠬᠦ ᠰᠠᠭᠤᠷᠢᠨ ᠭᠠᠵᠠᠷ + ᠳᠠᠷᠢᠶᠠᠯᠠᠩ ᠤᠨ ᠮᠠᠷᠬᠡᠵᠢᠯ ᠢ ᠳᠡᠯᠭᠡᠷᠡᠭᠦᠯᠬᠦ ᠥᠷᠲᠡᠭᠡ + ᠰᠢᠨ᠎ᠡ ᠮᠠᠶ᠋ᠢᠭ ᠤᠨ ᠡᠵᠡᠩᠨᠡᠯᠳᠡ ᠶᠢᠨ ᠭᠤᠣᠯ ᠴᠣᠭᠴᠠ︾ ᠶᠢᠨ ᠰᠢᠨᠵᠢᠯᠡᠭᠡ ᠮᠡᠷᠭᠡᠵᠢᠯ ᠤᠨ ᠵᠠᠭᠪᠤᠷ ᠢ ᠴᠣᠭᠴᠠᠯᠠᠨ ᠪᠠᠶᠢᠭᠤᠯᠤᠨ᠎ᠠ᠃ ︽ᠶᠢᠰᠦᠨ ᠣᠷᠣᠨ ᠨᠢᠭᠡ ᠴᠣᠭᠴᠠ︾ ᠶᠢᠨ ᠳᠠᠷᠢᠶᠠᠯᠠᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ ᠤᠨ ᠮᠡᠳᠡᠭᠡ ᠵᠠᠩᠬᠢ ᠶᠢᠨ ᠵᠠᠷᠯᠠᠬᠤ᠂ ᠦᠢᠯᠡᠳᠭᠦᠨ ᠢ ᠰᠢᠯᠭᠠᠨ ᠪᠠᠶᠢᠴᠠᠭᠠᠬᠤ᠂ ᠮᠠᠷᠬᠡᠵᠢᠯ ᠤᠨ ᠵᠢᠯᠣᠭᠤᠳᠣᠯᠭ᠎ᠠ᠂ ᠭᠠᠵᠠᠷ ᠰᠢᠷᠦᠢ ᠶᠢᠨ ᠰᠢᠯᠵᠢᠯᠳᠠ ᠵᠡᠷᠭᠡ ᠬᠦᠷᠢᠶ᠎ᠡ ᠬᠡᠪᠴᠢᠶ᠎ᠠ ᠳᠠᠬᠢ ᠦᠢᠯᠠᠳᠣᠯ ᠢ ᠭᠦᠢᠴᠡᠳ ᠪᠠᠳᠠᠷᠠᠭᠤᠯᠤᠨ᠂ ᠲᠠᠷᠢᠶᠠᠯᠠᠩ ᠮᠡᠷᠭᠡᠵᠢᠯ ᠳᠤ ᠵᠢᠭᠦᠷ ᠤᠷᠭᠤᠯᠤᠨ᠎ᠠ᠃      ᠲᠠᠪᠤᠳᠤᠭᠠᠷ ᠲᠤ᠂ ᠰᠠᠭᠤᠷᠢ ᠶᠢ ᠰᠠᠶᠢᠨ ᠲᠠᠯᠪᠢᠨ᠎ᠠ᠃ ᠠᠭᠤᠯᠠ᠂ ᠤᠰᠤ᠂ ᠣᠢ᠂ ᠲᠠᠷᠢᠶ᠎ᠠ᠂ ᠨᠠᠭᠤᠷ᠂ ᠡᠪᠡᠰᠦ᠂ ᠡᠯᠡᠰᠦ ᠶᠢᠨ ᠶᠡᠷᠦᠩᠬᠡᠶᠢᠯᠡᠭᠰᠡᠨ ᠵᠠᠰᠠᠯᠳᠠ ᠶᠢ ᠨᠢᠭᠡᠲᠦᠯᠲᠡᠢ ᠲᠦᠯᠬᠢᠨ ᠠᠬᠢᠭᠤᠯᠬᠤ᠂ 21.8 ᠲᠦᠮᠡᠨ ᠮᠤ᠋ ᠬᠤᠵᠢᠷᠯᠢᠭ ᠭᠠᠵᠠᠷ ᠢ ᠰᠠᠶᠢᠵᠢᠷᠠᠭᠤᠯᠬᠤ ᠪᠣᠯᠤᠨ ᠥᠨᠳᠥᠷ ᠪᠠᠷᠢᠮᠵᠢᠶᠠᠲᠤ ᠳᠠᠷᠢᠶᠠᠠ ᠭᠠᠵᠠᠷ ᠢ ᠢᠵᠢ ᠪᠦᠷᠢᠳᠦᠭᠦᠯᠬᠦ᠂ 2 ᠲᠦᠮᠡᠨ ᠮᠤ᠋ ᠭᠠᠵᠠᠷ ᠰᠢᠷᠦᠢ ᠶᠢᠨ ᠨᠥᠬᠦᠵᠦ ᠬᠠᠭᠠᠯᠪᠤᠷᠢᠯᠠᠬᠤ ᠬᠥᠮᠥᠷᠭᠡ ᠶᠢ ᠪᠠᠶᠢᠭᠤᠯᠬᠤ᠂ ᠪᠦᠬᠦ ᠤᠯᠣᠰ ᠤᠨ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠭᠠᠮᠨᠠᠵᠤ ᠡᠷᠴᠢᠮᠯᠡᠬᠦ ᠵᠢᠱᠢᠶᠠᠴᠢ ᠰᠢᠶᠠᠨ᠂ ᠪᠦᠬᠦ ᠤᠯᠣᠰ ᠤᠨ ᠳᠠᠷᠢᠶᠠᠠ ᠭᠠᠵᠠᠷ ᠤᠨ ᠤᠰᠣᠠ ᠠᠰᠢᠬᠯᠠᠯᠳᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠠᠪᠰᠢᠩᠭᠤᠢ ᠰᠢᠶᠠᠨ ᠢ ᠴᠢᠷᠮᠠᠶᠢᠨ ᠪᠠᠶᠢᠭᠤᠯᠤᠨ᠎ᠠ᠃ ︽ᠣᠢ ᠶᠢᠨ ᠳᠠᠷᠤᠭ᠎ᠠ ᠶᠢᠨ ᠲᠦᠷᠢᠮ︾  ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠬᠤ᠂ ᠵᠠᠭᠤᠨ ᠤ ᠭᠠᠵᠠᠷ ᠲᠤ ᠪᠣᠬᠢᠷᠳᠣᠯ ᠦᠬᠡᠢ ᠠᠮᠢ ᠠᠬᠤᠢ ᠶᠢᠨ ᠬᠤᠩᠭᠢᠯ ᠵᠠᠮ᠂ ᠮᠢᠩᠭᠠᠨ ᠮᠤ᠋ ᠠᠮᠢ ᠠᠬᠤᠢ ᠶᠢᠨ ᠠᠵᠤ ᠠᠬᠤᠢ ᠶᠢᠨ ᠣᠢ ᠶᠢᠨ ᠪᠦᠰᠡ ᠢ ᠪᠦᠳᠦᠭᠡᠨ ᠪᠠᠶᠢᠭᠤᠯᠬᠤ᠂ ᠰᠢᠨ᠎ᠠ ᠪᠠᠷ 1.2 ᠲᠦᠮᠡᠨ ᠮᠤ᠋ ᠣᠢ ᠣᠶᠢᠵᠢᠭᠤᠯᠬᠤ᠂ ᠠᠶᠢᠯ ᠲᠤᠰᠬᠤᠨ᠂ ᠳᠠᠷᠢᠶᠠᠠ ᠭᠠᠵᠠᠷ᠂ ᠬᠦᠷᠢᠶᠡᠯᠡᠩ᠂ ᠨᠡᠪᠲᠡᠷᠡᠬᠦ ᠵᠠᠮ ᠤᠨ ᠨᠣᠭᠤᠭᠠᠷᠠᠭᠤᠯᠤᠯᠲᠠ ᠶᠢ ᠪᠦᠬᠦ ᠳᠠᠯ᠎ᠠ ᠪᠠᠷ ᠳᠡᠰ ᠳᠡᠪᠰᠢᠭᠦᠯᠦᠨ ᠪᠡᠶᠡᠯᠡᠬᠦᠯᠬᠦ᠂ ᠤᠯᠤᠰ ᠤᠨ ᠠᠮᠢ ᠠᠬᠤᠢ ᠶᠢᠨ ᠪᠤᠯᠪᠠᠰᠤᠨ ᠤ ᠵᠢᠱᠢᠨ ᠦᠵᠡᠬᠦᠯᠬᠦ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ ︽ᠵᠠᠮ ᠤᠨ ᠳᠠᠷᠤᠭ᠎ᠠ ᠶᠢᠨ ᠲᠦᠷᠢᠮ︾ ᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠬᠤ᠂ 222 ᠺᠢᠯᠣᠮᠧᠲᠷ ᠨᠠᠷᠢᠨ ᠵᠠᠮ ᠢ ᠥᠷᠭᠡᠳᠬᠡᠨ ᠬᠡᠷᠡᠭᠵᠢᠬᠦᠯᠬᠦ᠂ 100  ᠺᠢᠯᠣᠮᠧᠲᠷ ᠬᠦᠳᠡᠭᠡ ᠳᠣᠰᠬᠤᠠ ᠤ ᠵᠠᠮ ᠢ ᠵᠠᠰᠠᠨ ᠦᠷᠭᠡᠳᠭᠡᠨ ᠪᠠᠶᠢᠭᠤᠯᠬᠤ᠂ ︽ᠳᠦᠷᠪᠡᠨ ᠰᠠᠶᠢᠨ ᠬᠦᠳᠡᠭᠡ ᠳᠣᠰᠬᠤᠠ ᠤ ᠵᠠᠮ︾ 30 ᠶᠢ ᠵᠠᠰᠠᠵᠤ ᠪᠦᠬᠦ ᠤᠯᠣᠰ ᠤᠨ ᠵᠢᠱᠢᠶ᠎ᠠ ᠦᠵᠡᠬᠦᠯᠬᠦ ᠵᠠᠮ ᠪᠣᠯᠭᠠᠨ᠎ᠠ᠃ 2.4 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ᠂ ᠬᠦᠳᠡᠭᠡ ᠳᠣᠰᠬᠤᠠ ᠤ ᠴᠠᠬᠢᠯᠭᠠᠠ ᠰᠦᠯᠵᠢᠶ᠎ᠡ ᠶᠢ ᠳᠦᠬᠡᠬᠡᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ ᠵᠧᠵᠢᠶᠠᠩ ᠤᠨ ︽ᠲᠦᠮᠡ ᠮᠢᠩᠭᠠᠨ ᠢᠨᠵᠧᠨᠧᠷᠢᠩ︾ ᠤᠨ ᠲᠤᠷᠰᠢᠯᠭ᠎ᠠ ᠪᠠᠷ ᠲᠣᠯᠢ ᠪᠣᠯᠭᠠᠨ ᠰᠤᠷᠤᠯᠴᠠᠬᠤ᠂ ᠬᠦᠳᠡᠭᠡ ᠳᠣᠰᠬᠤᠠ ᠤ ᠠᠷᠠᠳ ᠤᠨ ᠤᠷᠴᠢᠨ ᠲᠤᠭᠤᠷᠢᠨ ᠤ ᠰᠡᠯᠪᠢᠨ ᠵᠠᠰᠠᠬᠤ ᠭᠤᠷᠪᠠᠨ ᠵᠢᠯ ᠤᠨ ᠬᠥᠳᠡᠯᠭᠡᠭᠡᠨ ᠢ ᠭᠦᠨᠵᠡᠭᠡᠶᠢᠷᠡᠭᠦᠯᠬᠦ᠂ ᠰᠢᠨ᠎ᠡ ᠪᠠᠷ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ 4᠂ ᠰᠤᠮᠤ ᠪᠠᠯᠭᠠᠰᠤᠨ ᠤ ᠪᠦ᠋ᠵᠡᠷ ᠤᠰᠦ ᠶᠢ ᠴᠡᠪᠡᠷᠰᠢᠭᠦᠯᠬᠦ ᠦᠢᠯᠡᠳᠪᠦᠷᠢ 4 ᠶᠢ ᠪᠠᠶᠢᠭᠤᠯᠬᠤ᠂ ᠲᠦᠮᠡᠨ ᠡᠷᠦᠬᠡ ᠵᠣᠷᠯᠣᠩ ᠢ ᠵᠠᠰᠠᠬᠤ ᠢᠨᠵᠧᠨᠧᠷᠢᠩ ᠢ ᠬᠡᠷᠡᠭᠵᠢᠬᠦᠯᠣᠨ᠂ ᠭᠤᠶᠣ ᠰᠠᠶᠢᠬᠠᠠ ᠬᠦᠷᠢᠶ᠎ᠡ ᠬᠠᠰᠢᠶ᠎ᠠ ᠲᠠᠢ ᠡᠷᠦᠭᠡ 4100 ᠪᠦᠳᠦᠭᠡᠨ ᠪᠠᠶᠢᠭᠤᠯᠬᠤ᠂ ︽437︾ ᠶᠢᠨ ᠤᠷᠳᠤ ᠬᠤᠭᠤᠴᠠᠭ᠎ᠠ ᠬᠦᠴᠦᠨ ᠲᠠᠢ ᠬᠠᠮᠢᠶᠠᠷᠤᠯᠳᠠ ᠶᠢ ᠳᠡᠬᠦᠯᠳᠡᠷᠵᠢᠬᠦᠯᠤᠨ ᠳᠡᠭᠡᠭᠰᠢᠯᠡᠬᠦᠯᠬᠦ᠂ ᠪᠦᠬᠦ ᠤᠯᠣᠰ ᠤᠨ ᠬᠦᠳᠡᠭᠡ ᠳᠣᠰᠬᠤᠠ ᠤ ᠬᠥᠮᠥᠨ ᠪᠦᠷᠢ ᠶᠢᠨ ᠤᠷᠴᠢᠨ ᠲᠤᠭᠤᠷᠢᠨ ᠢ ᠰᠡᠯᠪᠢᠨ ᠵᠠᠰᠠᠬᠤ ᠵᠢᠱᠢᠶ᠎ᠠ ᠦᠵᠡᠬᠦᠯᠬᠦ ᠣᠷᠣᠨ᠂ ᠪᠦᠬᠦ ᠤᠯᠣᠰ ᠤᠨ ᠲᠣᠰᠬᠤᠨ ᠤ ᠵᠠᠰᠠᠯᠲᠠ ᠶᠢᠨ ᠦᠯᠢᠬᠡᠷ ᠵᠢᠱᠢᠶ᠎ᠡ ᠶᠢᠨ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ ᠲᠠᠷᠢᠶᠠᠯᠠᠩ ᠤᠨ ᠦᠢᠯᠡᠰ ᠤᠨ ᠬᠦᠭᠵᠢᠯᠳᠡ ᠶᠢᠨ ᠳᠠᠯᠳᠠ ᠬᠦᠴᠣᠠ ᠢ ᠴᠢᠩᠭ᠎ᠠ  ᠪᠠᠷᠢᠮᠲᠠᠯᠠᠵᠤ᠂ ᠪᠢᠳᠡ ᠵᠠᠪᠠᠯ ᠵᠠᠪᠰᠢᠶᠠᠨ ᠳᠣᠬᠢᠶᠠᠯ ᠢ ᠠᠳᠬᠤᠨ᠂ ᠪᠤᠰᠤᠳ ᠠᠴᠠ ᠤᠷᠢᠲᠠᠵᠤ᠂ ᠬᠦᠴᠢᠷ ᠢ ᠰᠥᠷᠥᠨ ᠤᠷᠤᠭᠰᠢᠯᠠᠬᠤ᠂ ᠦᠶᠣᠸᠠᠨ ᠢ ᠵᠢᠩᠬᠢᠨᠢ ᠪᠠᠷ ᠪᠦᠬᠦ ᠤᠯᠣᠰ ᠤᠨ ᠤᠳᠤ ᠦᠶ᠎ᠡ ᠶᠢᠨ ᠳᠠᠷᠢᠶᠠᠯᠠᠩ ᠢᠶᠠᠷ ᠨᠡᠷᠡᠲᠡᠢ᠂ ᠦᠯᠢᠭᠡᠷ ᠵᠢᠱᠢᠶ᠎ᠡ ᠶᠢᠨ ᠣᠷᠣᠨ ᠪᠣᠯᠭᠠᠨ ᠪᠠᠶᠢᠭᠤᠯᠤᠨ᠎ᠠ᠃      ︵ᠭᠤᠷᠪᠠ︶ ᠪᠦᠬᠦ ᠬᠦᠴᠣᠠ ᠢᠶᠠᠷ ᠪᠡᠯᠡ ᠤᠷᠤᠭᠤᠯᠤᠯᠳᠠ ᠶᠢ ᠦᠷᠭᠡᠳᠭᠡᠨ᠂ ᠠᠵᠤ ᠠᠬᠤᠢ ᠶᠢᠨ ᠬᠦᠭᠵᠢᠯᠳᠡ ᠳᠤ ᠰᠢᠨ᠎ᠡ ᠬᠦᠳᠡᠯᠭᠡᠭᠴᠢ ᠬᠦᠴᠦ ᠨᠡᠮᠡᠨ᠎ᠡ᠃ ᠪᠣᠳᠠᠲᠤ ᠴᠣᠭᠴᠠ ᠶᠢ ᠡᠷᠬᠢᠮᠯᠡᠬᠦ᠂ ᠪᠣᠳᠠᠲᠤ ᠠᠵᠦ ᠦᠢᠯᠡᠰ ᠢ ᠬᠥᠭᠵᠢᠭᠦᠯᠦᠨ᠂ ᠪᠣᠳᠠᠲᠤ ᠬᠦᠴᠦᠨ ᠢ ᠴᠢᠩᠭᠠᠷᠠᠭᠤᠯᠬᠤ ᠳᠤ ᠲᠦᠪᠯᠡᠷᠡᠬᠦ᠂ ᠲᠠᠷᠢᠶᠠᠯᠠᠩ ᠤᠨ ᠬᠦᠯᠦᠰᠢ ᠦᠢᠯᠡᠳᠭᠦᠨ ᠢ ᠪᠤᠯᠪᠠᠰᠣᠷᠠᠭᠤᠯᠬᠤ ᠦᠢᠯᠠᠰ ᠤᠨ ᠪᠦᠬᠦ ᠠᠵᠤ ᠦᠢᠯᠠᠰ ᠤᠨ ᠬᠡᠯᠬᠢᠶ᠎ᠡ ᠶᠢᠨ ᠪᠦᠬᠦᠯᠢ ᠴᠣᠭᠴᠠᠲᠤ ᠦᠰᠦᠷᠦᠯᠲᠡ ᠶᠢ ᠲᠦᠷᠭᠡᠳᠬᠡᠨ ᠠᠬᠢᠭᠤᠯᠬᠤ᠂ ᠠᠵᠤ ᠠᠬᠤᠢ ᠶᠢ ᠴᠢᠨᠠᠷᠯᠢᠭ ᠰᠠᠶᠢᠨ ᠵᠦᠭ ᠳᠡᠪᠰᠢᠨ ᠣᠷᠣᠬᠤ ᠶᠢ ᠠᠬᠢᠭᠤᠯᠤᠨ᠎ᠠ᠃      ᠨᠢᠭᠡᠳᠦᠭᠡᠷ ᠲᠤ᠂ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠪᠠᠬᠢᠵᠢᠭᠦᠯᠦᠨ᠎ᠡ᠃ ᠬᠦᠷᠢᠶᠡᠯᠡᠩ ᠤᠨ ᠶᠡᠷᠦᠩᠬᠡᠢ ᠲᠥᠯᠥᠪᠵᠢᠭᠦᠯᠭᠡ ᠪᠣᠯᠤᠨ ᠲᠤᠰᠬᠠᠢ ᠵᠦᠢᠯ ᠤᠨ ᠳᠦᠯᠦᠪᠵᠢᠭᠦᠯᠭᠡ ᠶᠢ ᠵᠠᠰᠠᠨ ᠳᠡᠬᠦᠯᠳᠡᠷᠵᠢᠬᠦᠯᠬᠦ᠂ ᠠᠵᠤ ᠦᠢᠯᠠᠰ᠂ ᠬᠢᠨᠠᠨ ᠵᠥᠪᠰᠢᠶᠡᠷᠡᠬᠦ ᠠᠵᠢᠯ ᠲᠥᠰᠦᠯ ᠢ ᠳᠦᠯᠦᠪᠵᠢᠭᠦᠯᠭᠡ ᠶᠣᠰᠣ ᠪᠠᠷ ᠴᠢᠩᠭ᠎ᠠ ᠬᠠᠳᠠᠭᠤ ᠪᠠᠶᠢᠷᠢᠯᠠᠭᠤᠯᠬᠤ᠂ ᠠᠵᠢᠯ ᠲᠥᠰᠦᠯ ᠤᠨ ᠪᠠᠷᠢᠮᠵᠢᠶ᠎ᠠ ᠶᠢ ᠲᠣᠬᠢᠷᠠᠮᠵᠢ ᠲᠠᠢ ᠳᠡᠭᠡᠭᠰᠢᠯᠡᠭᠦᠯᠬᠦ᠂ ᠠᠵᠤ ᠦᠢᠯᠠᠰ ᠤᠨ ᠬᠡᠯᠬᠢᠶ᠎ᠡ ᠤᠷᠲᠤ᠂ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠥᠨᠳᠥᠷ᠂ ᠵᠢᠱᠢᠨ ᠦᠵᠡᠬᠦᠯᠵᠤ ᠳᠠᠭᠠᠭᠤᠯᠬᠤ ᠴᠢᠳᠠᠮᠠᠭᠠᠢ ᠴᠢᠩᠭ᠎ᠠ ᠠᠵᠢᠯ ᠲᠥᠰᠦᠯ ᠢ ᠬᠦᠷᠢᠶᠡᠯᠡᠭ ᠳᠤ ᠣᠷᠣᠭᠤᠯᠵᠤ ᠪᠦᠳᠦᠭᠡᠨ ᠪᠠᠶᠢᠭᠤᠯᠤᠯᠳᠠ ᠬᠢᠬᠦ ᠶᠢ ᠭᠤᠤᠯᠳᠠᠯᠭ᠎ᠠ ᠲᠠᠢ ᠳᠡᠮᠵᠢᠬᠦ᠂ ᠠᠵᠤ ᠦᠢᠯᠠᠰ ᠤᠨ ᠴᠤᠭᠯᠠᠷᠠᠬᠤ᠂ ᠪᠦᠯᠣᠭ᠍ᠯᠠᠬᠦ᠂ ᠡᠷᠴᠢᠮᠯᠡᠬᠦ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠰᠠᠭᠤᠷᠢ ᠳᠦᠬᠦᠬᠡᠷᠣᠮᠵᠢ ᠶᠢᠨ ᠲᠥᠬᠦᠷ ᠢᠨᠵᠧᠨᠧᠷᠢᠩ ᠢ ᠬᠡᠷᠡᠭᠵᠢᠬᠦᠯᠬᠦ᠂ ᠬᠦᠷᠢᠶᠡᠯᠡᠩ ᠳᠤ ᠢᠯᠴᠢ ᠬᠡᠢ ᠨᠢᠬᠡᠳᠣᠯᠳᠠᠢ ᠬᠠᠩᠭᠠᠬᠤ ᠶᠢ ᠪᠡᠶᠡᠯᠡᠭᠦᠯᠦᠨ᠎ᠡ᠃ ᠬᠦᠷᠢᠶᠡᠯᠡᠩ ᠤᠨ ᠬᠠᠮᠢᠶᠠᠷᠤᠯᠳᠠ ᠶᠢ ᠪᠠᠬᠢᠵᠢᠭᠦᠯᠬᠦ᠂ ᠶᠡᠷᠦᠩᠬᠡᠶᠢᠯᠡᠨ ᠰᠡᠯᠪᠢᠨ ᠵᠠᠰᠠᠬᠤ ᠬᠦᠴᠦᠯᠡᠴᠡ ᠪᠠᠨ ᠶᠠᠬᠡᠣᠠᠬᠡᠬᠦ᠂ ᠰᠣᠯᠠ ᠪᠠᠶᠢᠬᠤ ᠳᠠᠷᠢᠶ᠎ᠡ ᠶᠢᠨ ᠡᠷᠭᠢᠯᠲᠡ ᠶᠢ ᠰᠠᠶᠢᠵᠢᠷᠠᠭᠤᠯᠬᠤ᠂ ︽ᠬᠥᠰᠢᠮᠡᠯ︾ ︽ᠦᠬᠦᠮᠡᠯ︾ ᠤᠨ ᠠᠵᠢᠯ ᠲᠦᠷᠦᠯ ᠢ ᠰᠡᠯᠪᠢᠨ ᠵᠠᠰᠠᠬᠤ᠂ ᠠᠵᠤ ᠦᠢᠯᠠᠣᠠᠪᠤᠷᠢ ᠶᠢᠨ ᠬᠦᠭᠵᠢᠯᠳᠡ ᠶᠢᠨ ᠲᠠᠪᠴᠠᠩ ᠢ ᠪᠠᠬᠢᠵᠢᠭᠦᠯᠦᠨ᠎ᠡ᠃      ᠬᠤᠶᠠᠳᠤᠭᠠᠷ ᠲᠤ᠂ ᠭᠤᠤᠯᠳᠠᠯᠭᠠᠳᠤ ᠠᠵᠢᠯ ᠲᠥᠷᠥᠯ ᠤᠨ ᠪᠦᠳᠦᠭᠡᠨ ᠪᠠᠶᠢᠭᠤᠯᠤᠯᠲᠠ ᠶᠢ ᠰᠠᠶᠢᠨ ᠪᠠᠷᠢᠨ᠎ᠠ᠃ ︽ᠬᠤᠪᠢ ᠶᠢᠨ ᠠᠵᠤ ᠦᠢᠯᠡᠰ ᠠᠴᠠ ᠠᠵᠤ ᠠᠬᠤᠶᠢᠯᠠᠯ ᠤᠷᠤᠭᠤ ᠰᠢᠯᠵᠢᠬᠦ᠂ ᠪᠠᠭ᠎ᠠ ᠠᠵᠤ ᠠᠬᠤᠶᠢᠯᠠᠯ ᠠᠴᠠ ᠬᠡᠪᠴᠢᠶᠡᠵᠢᠭᠰᠡᠨ ᠡᠵᠡᠩᠨᠡᠯᠲᠡ ᠤᠷᠤᠭᠤ ᠲᠠᠪᠰᠢᠬᠤ︾ ᠶᠢ ᠭᠦᠨᠵᠡᠭᠡᠢ ᠬᠡᠷᠡᠭᠵᠢᠬᠦᠯᠬᠦ᠂ ᠨᠢᠬᠡ ᠪᠦᠯᠣᠭ᠌ ︽ᠲᠤᠰᠬᠠᠶᠢᠵᠢᠭᠰᠠᠨ ᠨᠠᠷᠢᠯᠢᠭ ᠣᠨᠴᠨ ᠰᠢᠨ᠎ᠡ︾ ᠳᠤᠮᠳᠠ ᠪᠠᠭ᠎ᠠ ᠠᠵᠤ ᠠᠬᠤᠶᠢᠯᠠᠯ ᠢ ᠬᠥᠮᠦᠵᠢᠭᠦᠯᠬᠦ᠂ ᠣᠳᠣ ᠪᠠᠶᠢᠭ᠎ᠠ ᠠᠵᠤ ᠠᠬᠤᠶᠢᠢᠯᠠᠯ ᠤᠨ ᠮᠠᠷᠬᠡᠵᠢᠯ ᠤᠨ ᠦᠬᠡᠷᠠᠴᠢᠯᠠᠯᠳᠠ ᠶᠢᠨ ᠳᠡᠰ ᠳᠠᠪᠰᠢᠯᠲᠠ᠂ ᠰᠢᠨ᠎ᠡ ᠶᠢ ᠡᠭᠦᠳᠬᠦ᠂ ᠠᠵᠤ ᠦᠢᠯᠠᠰ ᠤᠨ ᠬᠢᠨᠵᠢ ᠶᠢ ᠤᠷᠲᠤᠳᠬᠠᠬᠤ ᠶᠢ ᠭᠤᠤᠯᠳᠠᠯᠭ᠎ᠠ ᠲᠠᠢ ᠳᠡᠮᠵᠢᠨ᠎ᠡ᠃ ᠯᠢ ᠵᠧᠩ ᠤᠨ 2 ᠲᠦᠮᠡᠨ ᠲᠦᠨ ᠨᠡᠷᠡᠨ ᠬᠤᠸᠠᠷ ᠤᠨ ᠬᠠᠯᠢᠰᠤ ᠶᠢ ᠬᠠᠭᠤᠯᠤᠨ ᠬᠠᠭᠤᠷᠬᠤ᠂ ᠮᠢᠨ ᠲᠠᠢ ᠶᠢᠨ 1.7 ᠲᠦᠮᠡᠨ ᠲᠦᠨ ᠨᠡᠷᠡᠨ ᠬᠤᠸᠠᠷ ᠤᠨ ᠬᠠᠯᠢᠰᠤ ᠶᠢ ᠬᠠᠭᠤᠯᠤᠨ ᠬᠠᠭᠤᠷᠬᠤ ᠵᠡᠷᠭᠡ 9 ᠠᠵᠢᠯ ᠲᠦᠷᠦᠯ ᠤᠨ ᠮᠠᠷᠬᠡᠵᠢᠯ ᠤᠨ ᠦᠬᠡᠷᠠᠴᠢᠯᠠᠯᠳᠠ ᠦᠷᠭᠡᠳᠭᠡᠨ ᠪᠠᠶᠢᠭᠤᠯᠬᠤ ᠶᠢ ᠪᠡᠶᠡᠯᠡᠭᠦᠯᠬᠦ᠂ ᠵᠦᠩ ᠰᠢᠩ ᠡᠨᠧᠷᠬᠢ 30 ᠲᠦᠮᠡᠨ ᠳᠥᠨ ᠡᠷᠳᠡᠨᠢ ᠰᠢᠰᠢ ᠪᠠᠷ ᠡᠲ᠋ᠢᠯ ᠠᠯᠺᠣᠣᠯ ᠬᠢᠵᠦ ᠪᠦᠲᠦᠭᠡᠬᠦ᠂ ᠷᠦᠨ ᠬᠠᠢ ᠶᠤᠸᠠᠨ 8000 ᠲᠦᠮᠡᠨ ᠢᠳᠠᠰᠢᠠ ᠳᠠᠬᠢᠶ᠎ᠡ ᠶᠢᠨ ᠠᠵᠤ ᠦᠢᠯᠠᠰ ᠤᠨ ᠬᠡᠯᠬᠢᠶ᠎ᠡ᠂ ᠳ᠋ᠧ ᠯᠢ 5 ᠲᠦᠮᠡᠨ ᠲᠦᠨ ᠬᠦᠩᠬᠡᠠ ᠴᠠᠭᠠᠠ ᠤ ᠬᠠᠶᠢᠯᠤᠰᠢ ᠶᠢᠨ ᠪᠤᠯᠣᠣᠠ᠂ ᠵᠢᠶᠠᠩᠰᠦ ᠶᠢᠨ ᠮᠤᠥ ᠰᠢᠩ 2.2 ᠲᠦᠮᠡᠨ ᠲᠦᠨ ᠬᠠᠭᠤᠷᠤᠭᠰᠠᠨ ᠢᠳᠡᠭᠡᠨ᠂ ᠲᠠᠷᠢᠶᠠᠯᠠᠩ ᠤᠨ ᠮᠠᠰᠢᠨ ᠤ ᠲᠦᠬᠦᠭᠡᠷᠦᠮᠵᠢ ᠦᠢᠯᠡᠳᠪᠦᠷᠢᠯᠡᠬᠦ ᠠᠵᠤ ᠦᠢᠯᠠᠰ ᠤᠨ ᠬᠦᠷᠢᠶᠡᠯᠡᠭ ᠬᠤᠶᠠᠳᠤᠭᠠᠷ ᠬᠤᠭᠤᠴᠠᠭᠠᠨ ᠤ 5 ᠠᠵᠢᠯ ᠲᠦᠷᠦᠯ ᠤᠨ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠬᠦᠴᠦᠯᠡᠨ ᠠᠬᠢᠭᠤᠯᠬᠤ᠂ ᠰᠢᠩ ᠺᠤᠸᠠᠩ ᠪᠦᠯᠦᠭᠯᠡᠯ 25 ᠲᠦᠮᠡᠨ ᠪᠣᠰᠤᠭ᠎ᠠ ᠳᠥᠷᠪᠡᠯᠵᠢᠨ ᠬᠠᠪᠲᠠᠰᠤ ᠪᠣᠯᠪᠠᠰᠤᠷᠠᠭᠤᠯᠬᠤ᠂ ᠹᠦ᠋ ᠵᠧᠩ 10 ᠲᠦᠮᠡᠨ ᠲᠦᠨ ᠲᠡᠵᠢᠭᠡᠯ ᠪᠣᠷᠳᠣᠭᠠᠨ᠂ ᠬᠤᠩ ᠿᠢ 15 ᠲᠦᠮᠡᠨ ᠲᠦᠨ ᠡᠷᠳᠡᠨᠢ ᠰᠢᠰᠢ ᠬᠠᠪᠲᠠᠭᠠᠶᠢᠷᠠᠭᠤᠯᠬᠤ ᠪᠣᠯᠤᠨ 10 ᠲᠦᠮᠡᠨ ᠲᠦᠨ ᠲᠡᠵᠢᠭᠡᠯ ᠪᠣᠷᠳᠤᠭ᠎ᠠ ᠵᠡᠷᠭᠡ 3 ᠠᠵᠢᠯ ᠲᠦᠷᠦᠯ ᠢ ᠲᠦᠷᠭᠡᠳᠬᠡᠨ ᠪᠠᠶᠢᠭᠤᠯᠬᠤ ᠶᠢ ᠠᠬᠢᠭᠤᠯᠤᠨ᠎ᠠ᠃      ᠭᠤᠷᠪᠠᠳᠤᠭᠠᠷ ᠲᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠴᠦᠯᠡᠴᠡ ᠶᠢ ᠶᠡᠬᠡᠳᠬᠡᠨ᠎ᠡ᠃ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠢᠪᠳᠤᠯᠬᠤ ᠵᠢᠯ︾ ᠤᠨ ᠬᠦᠳᠡᠯᠭᠡᠭᠡᠨ ᠢ ᠬᠦᠴᠦᠲᠡᠢ ᠶᠠᠪᠤᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠢᠨᠠᠵᠤ ᠰᠢᠯᠭᠠᠬᠤ᠂ ᠦᠨᠠᠯᠠᠬᠦ᠂ ᠳᠤᠬᠳᠠᠯᠴᠠᠭ᠎ᠠ ᠶᠢ ᠳᠡᠬᠦᠯᠳᠡᠷᠵᠢᠬᠦᠯᠬᠦ᠂ ᠰᠢᠶᠠᠠ ᠤ ᠳᠠᠰ ᠤᠨ ᠤᠳᠤᠷᠢᠳᠤᠯᠭ᠎ᠠ᠂ ᠰᠤᠮᠤ ᠪᠠᠯᠭᠠᠰᠤᠨ ᠤ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠤ ᠪᠠᠲᠤᠯᠠᠨ ᠲᠠᠨᠢᠯᠴᠠᠭᠤᠯᠵᠤ ᠬᠤᠯᠪᠣᠭᠠᠯᠠᠬᠤ ᠠᠵᠢᠯ ᠲᠦᠷᠦᠯ ᠤᠨ ᠲᠦᠷᠢᠮ ᠢ ᠶᠠᠪᠤᠭᠳᠠᠭᠤᠯᠬᠤ᠂ ᠬᠦᠮᠣᠠ ᠪᠦᠬᠦᠠ ᠬᠤᠳᠠᠯᠳᠤᠭᠠᠴᠢᠨ ᠤᠷᠢᠬᠤ ᠳᠤ ᠤᠷᠣᠯᠴᠠᠬᠤ᠂ ᠬᠦᠮᠣᠠ ᠪᠦᠬᠦᠠ ᠬᠤᠳᠠᠯᠳᠤᠭᠠᠴᠢᠨ ᠤᠷᠢᠬᠤ ᠳᠤ ᠳᠡᠮᠵᠢᠯᠭᠡ ᠦᠵᠡᠭᠦᠯᠬᠦ ᠥᠳᠬᠡᠨ ᠵᠤᠵᠠᠭᠠᠨ ᠠᠭᠤᠷ ᠠᠮᠢᠰᠬᠤᠯ ᠪᠦᠷᠢᠯᠳᠦᠨ᠎ᠡ᠃ ᠰᠢᠯᠢᠳᠡᠭ ᠬᠤᠳᠠᠯᠳᠤᠭᠠᠴᠢᠨ ᠢ ᠤᠷᠢᠬᠤ ᠶᠢ ᠴᠢᠬᠤᠯᠠᠴᠢᠯᠠᠬᠤ᠂ ᠲᠣᠰᠬᠤᠨ ᠢ ᠬᠦᠭᠵᠢᠬᠦᠯᠬᠦ ᠲᠣᠭᠤᠷᠢᠨ᠂ ︽ᠲᠠᠷᠢᠶᠠᠯᠠᠩ︾ ᠨᠡᠷ᠎ᠡ ᠲᠡᠮᠳᠡᠭᠲᠦ ᠳᠡᠷᠢᠬᠦᠨ ᠤ ᠠᠵᠤ ᠠᠬᠤᠶᠢᠯᠠᠯ᠂ ᠪᠣᠬᠢᠷᠳᠣᠯ ᠦᠬᠡᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠤ ᠦᠢᠯᠠᠰ᠂ ᠬᠤᠳᠠᠯᠳᠤᠭᠠᠴᠢᠨ ᠤᠷᠢᠬᠤ ᠶᠢ ᠶᠠᠪᠤᠭᠳᠠᠭᠤᠯᠬᠤ ; ᠭᠠᠳᠠᠭᠰᠢ ᠭᠠᠷᠴᠤ ᠨᠠᠶᠢᠵᠠ ᠨᠥᠬᠦᠷ ᠲᠠᠢ ᠬᠠᠷᠢᠯᠴᠠᠬᠤ ᠶᠢ ᠴᠢᠩᠭᠠᠣᠠᠬᠠᠬᠤ᠂ ᠳᠦᠷᠣᠯ ᠰᠠᠳᠣᠠ ᠤ ᠬᠠᠷᠢᠴᠠᠭ᠎ᠠ ᠪᠠᠷ ᠬᠤᠳᠠᠯᠳᠤᠭᠠᠴᠢᠨ ᠤᠷᠢᠬᠤ ᠶᠢ ᠶᠠᠪᠤᠭᠳᠠᠭᠤᠯᠬᠤ ; ᠠᠵᠤ ᠠᠬᠤᠶᠢᠢᠯᠠᠯᠳᠠᠠ ᠶᠠᠪᠤᠯᠴᠠᠬᠤ ᠨᠢ ᠠᠷᠠᠯᠵᠢᠶ᠎ᠠ ᠪᠠᠷ ᠬᠤᠳᠠᠯᠳᠤᠭᠠᠴᠢᠨ ᠤᠷᠢᠬᠤ ᠶᠢ ᠠᠬᠢᠭᠤᠯᠬᠤ᠂ 3000 ᠲᠦᠮᠡᠨ ᠲᠥᠭᠦᠷᠢᠭ ᠠᠴᠠ ᠲᠡᠭᠡᠷᠡᠬᠢ ᠠᠵᠢᠯ ᠲᠦᠷᠦᠯ 10 ᠶᠢ ᠪᠠᠲᠤᠯᠠᠨ ᠲᠠᠨᠢᠯᠴᠠᠭᠤᠯᠬᠤ ᠪᠠᠷ ᠴᠢᠷᠮᠠᠶᠢᠨ᠎ᠠ᠃      ᠲᠦᠷᠪᠡᠳᠤᠭᠡᠷ ᠲᠤ᠂ ᠠᠷᠠᠯᠵᠢᠶ᠎ᠠ ᠡᠵᠡᠩᠨᠡᠬᠦ ᠤᠷᠴᠢᠨ ᠲᠤᠭᠤᠷᠢᠨ ᠢ ᠴᠢᠷᠮᠠᠶᠢᠨ ᠰᠢᠯᠢᠳᠡᠭᠵᠢᠭᠦᠯᠣᠨ᠎ᠠ᠃ ︽ᠠᠷᠠᠳ ᠠᠴᠠ ᠡᠵᠡᠩᠨᠡᠭᠰᠡᠨ ᠠᠵᠤ ᠠᠬᠤᠶᠢᠢᠯᠠᠯ ᠦᠢᠯᠡᠴᠢᠯᠡᠭᠡᠨ ᠤ ᠵᠢᠯ︾ ᠤᠨ ᠬᠦᠳᠡᠯᠭᠡᠭᠡᠨ ᠢ ᠬᠦᠳᠠᠯᠬᠡᠬᠦ᠂ ︽ᠣᠷᠬᠢᠬᠤ ᠦᠭᠡᠢ ᠬᠠᠶᠠᠬᠤ ᠦᠭᠡᠢ︾ ᠪᠠᠷ ᠰᠠᠭᠤᠷᠢ ᠪᠣᠯᠭᠠᠨ᠂ ᠤᠯᠤᠰ ᠪᠣᠯᠤᠨ ᠥᠪᠡᠷᠲᠡᠭᠡᠨ ᠵᠠᠰᠠᠬᠤ ᠤᠷᠤᠡ ᠤ ᠡᠯ᠎ᠡ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠬᠤ᠂ ᠭᠠᠶᠢᠯᠢ ᠬᠦᠩᠬᠡᠯᠠᠬᠦ ᠭᠠᠶᠢᠯᠢ ᠠᠴᠠ ᠬᠡᠯᠳᠣᠷᠢᠬᠦᠯᠬᠦ ᠳᠦᠷᠤ ᠶᠢᠨ ᠪᠤᠳᠣᠯᠭ᠎ᠠ ᠶᠢ ᠨᠠᠶᠢᠳᠠᠪᠣᠷᠢᠵᠢᠭᠤᠯᠬᠤ᠂ ᠪᠠᠯᠠ ᠮᠦᠩᠬᠦ ᠤᠷᠣᠭᠤᠯᠬᠤ ᠵᠢᠭᠡᠯᠡᠬᠦ ᠳᠦᠷᠦ ᠶᠢᠨ ᠪᠤᠳᠤᠯᠭ᠎ᠠ ᠶᠢ ᠨᠠᠶᠢᠳᠠᠪᠣᠷᠢᠵᠢᠭᠤᠯᠬᠤ᠂ ᠵᠣᠷᠢᠭᠵᠢᠭᠤᠯᠤᠨ ᠲᠤᠰᠠᠯᠠᠬᠤ ᠳᠦᠷᠦ ᠶᠢᠨ ᠪᠤᠳᠤᠯᠭ᠎ᠠ ᠶᠢ ᠳᠡᠭᠡᠳᠦ ᠪᠠᠷᠢᠮᠵᠢᠶ᠎ᠠ ᠪᠠᠷ ᠶᠠᠪᠤᠭᠳᠠᠭᠤᠯᠬᠤ᠂ ᠦᠢᠯᠡᠴᠢᠯᠡᠭᠡᠨ ᠪᠠᠳᠤᠯᠠᠭ᠎ᠠ ᠶᠢᠨ ᠳᠦᠷᠦ ᠶᠢᠨ ᠪᠤᠳᠤᠯᠭ᠎ᠠ ᠶᠢ ᠳᠡᠭᠡᠳᠦ ᠪᠠᠷᠢᠮᠵᠢᠶ᠎ᠠ ᠪᠠᠷ ᠶᠠᠪᠤᠭᠳᠠᠭᠤᠯᠬᠤ ᠶᠢ ᠡᠷᠡᠰ ᠲᠠᠰᠤ ᠬᠢᠵᠦ ᠳᠡᠶᠢᠯᠬᠦ᠂ ᠠᠷᠠᠳ ᠠᠴᠠ ᠡᠵᠡᠩᠨᠡᠭᠰᠡᠨ ᠠᠵᠤ ᠠᠬᠤᠶᠢᠢᠯᠠᠯ ᠠᠭᠤᠵᠢᠭᠤ ᠲᠠᠶᠢᠪᠤᠭᠤ ᠬᠦᠭᠵᠢᠯᠳᠡ ᠶᠢᠨ ᠤᠷᠴᠢᠨ ᠲᠤᠭᠤᠷᠢᠨ ᠢ ᠪᠦᠲᠦᠭᠡᠨ ᠪᠠᠶᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ᠂ ᠢᠨᠵᠧᠨᠧᠷᠢᠩ ᠤᠨ ᠪᠦᠲᠦᠭᠡᠨ ᠪᠠᠶᠢᠭᠤᠯᠣᠯᠳᠠ ᠶᠢᠨ ᠠᠵᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠠᠳᠤᠳᠠᠢ ᠳᠦᠯᠬᠢᠨ ᠠᠬᠢᠭᠤᠯᠬᠤ᠂ ᠬᠠᠮᠤᠭ ᠤᠨ ᠶᠡᠭᠡ ᠬᠡᠮᠵᠢᠶ᠎ᠡ ᠪᠠᠷ ᠬᠢᠨᠠᠨ ᠵᠥᠪᠰᠢᠶᠡᠷᠡᠬᠦ ᠬᠤᠭᠤᠴᠠᠭ᠎ᠠ ᠶᠢ ᠪᠠᠭᠠᠰᠬᠠᠬᠤ᠂ ︽ᠬᠢᠨᠠᠨ ᠵᠥᠪᠰᠢᠶᠡᠷᠡᠬᠦ ᠶᠠᠪᠤᠳᠠᠯ ᠤᠳ ᠬᠠᠮᠤᠭ ᠤᠨ ᠴᠦᠬᠡᠠ᠂ ᠶᠠᠪᠤᠳᠠᠯ ᠰᠢᠢᠳᠪᠤᠷᠢᠯᠡᠬᠦ ᠶᠢᠨ ᠪᠦᠳᠣᠮᠵᠢ ᠪᠠᠷ ᠬᠠᠮᠤᠭ ᠤᠨ ᠦᠠᠳᠣᠷ᠂ ᠵᠠᠰᠠᠭ ᠤᠨ ᠶᠠᠪᠤᠳᠠᠯ ᠤᠨ ᠤᠷᠴᠢᠨ ᠲᠤᠭᠤᠷᠢᠨ ᠨᠢ ᠬᠠᠮᠤᠭ ᠤᠨ ᠰᠠᠶᠢᠠ᠂ ᠠᠵᠤ ᠠᠬᠤᠶᠢᠢᠯᠠᠯ ᠪᠣᠯᠤᠨ ᠤᠯᠠᠠ ᠳᠦᠮᠠᠠ ᠤ ᠣᠯᠵᠠᠪᠤᠷᠢᠲᠤ ᠰᠡᠳᠬᠢᠭᠳᠡᠯ ᠬᠠᠮᠤᠭ ᠤᠨ ᠴᠢᠩᠭ᠎ᠠ︾ ᠬᠦᠭᠵᠢᠯᠳᠡ ᠶᠢᠨ ᠤᠷᠴᠢᠨ ᠲᠤᠭᠤᠷᠢᠨ ᠢ ᠪᠦᠲᠦᠭᠡᠨ᠎ᠡ᠃ ᠪᠦᠬᠦ ᠬᠦᠴᠣᠠ ᠢᠶᠠᠷ ᠰᠢᠨ᠎ᠡ ᠮᠠᠶ᠋ᠢᠭ ᠤᠨ ᠵᠠᠰᠠᠭ ᠠᠷᠠᠯᠵᠢᠶ᠎ᠠ ᠶᠢᠨ ᠬᠠᠷᠢᠴᠠᠭ᠎ᠠ ᠶᠢ ᠪᠦᠲᠦᠭᠡᠨ ᠪᠠᠶᠢᠭᠤᠯᠬᠤ᠂ ᠲᠣᠭᠲᠠᠮᠠᠯ ᠬᠤᠭᠤᠴᠠᠭ᠎ᠠ ᠪᠠᠷ ᠵᠠᠰᠠᠭ ᠠᠵᠤ ᠠᠬᠤᠶᠢᠯᠠᠯ ᠤᠨ ᠵᠠᠯᠭᠠᠯᠳᠤᠬᠤ ᠬᠤᠷᠠᠯ᠂ ᠦᠨᠡᠨᠴᠢ ᠪᠠᠷ ᠶᠠᠷᠢᠯᠴᠠᠬᠤ ᠬᠤᠷᠠᠯ᠂ ᠨᠥᠬᠦᠷᠯᠡᠯ ᠤᠨ ᠬᠤᠷᠠᠯ ᠢ ᠬᠤᠷᠠᠯᠳᠤᠭᠤᠯᠬᠤ᠂ ᠦᠨᠡᠨᠴᠢ ᠪᠠᠷ ᠠᠵᠤ ᠠᠬᠤᠶᠢᠢᠯᠠᠯᠳᠠᠠ ᠲᠠᠢ ᠬᠠᠷᠢᠯᠴᠠᠬᠤ᠂ ᠠᠵᠤ ᠠᠬᠤᠶᠢᠢᠯᠠᠯᠳᠠᠠ ᠤ ᠪᠡᠶ᠎ᠡ ᠪᠣᠯᠤᠨ ᠡᠳ᠋ ᠬᠦᠷᠦᠩᠭᠡ ᠶᠢᠨ ᠠᠮᠤᠷ ᠳᠦᠪᠰᠢᠨ ᠢ ᠬᠠᠮᠠᠭᠠᠯᠠᠬᠤ᠂ ᠠᠵᠤ ᠠᠬᠤᠶᠢᠢᠯᠠᠯᠳᠠᠠ ᠳᠤ ᠰᠠᠨᠠᠭ᠎ᠠ ᠠᠮᠤᠷ ᠪᠡᠯᠡ ᠤᠷᠤᠭᠤᠯᠤᠯᠳᠠ ᠬᠢᠬᠦ᠂ ᠰᠠᠨᠠᠭ᠎ᠠ ᠠᠮᠤᠷ ᠡᠵᠡᠩᠨᠡᠯᠳᠡ ᠬᠢᠬᠦ᠂ ᠳᠠᠭᠠᠳᠠᠢ ᠠᠮᠢᠳᠤᠷᠠᠭᠤᠯᠬᠤ᠂ ᠪᠦᠬᠦ ᠤᠷᠣᠠ ᠤ ᠠᠷᠠᠳ ᠠᠴᠠ ᠡᠵᠡᠩᠨᠡᠭᠰᠡᠨ ᠠᠵᠤ ᠠᠬᠤᠶᠢᠢᠯᠠᠯ ᠤᠨ ᠬᠦᠭᠵᠢᠯᠳᠡ ᠶᠢᠨ ᠠᠮᠢᠳᠤ ᠪᠤᠳᠠᠰ ᠤᠨ ᠬᠥᠷᠢᠶ᠎ᠠ᠂ ᠵᠠᠬ᠎ᠠ ᠳᠡᠯᠭᠡᠭᠦᠷ ᠲᠤ ᠤᠷᠤᠬᠤ ᠶᠢ ᠵᠦᠪᠰᠢᠶᠡᠷᠡᠬᠦ ᠬᠠᠮᠤᠭ ᠤᠨ ᠰᠠᠶᠢᠠ ᠲᠤᠷᠰᠢᠯᠲᠠ ᠶᠢᠨ ᠲᠠᠷᠢᠶ᠎ᠠ ᠶᠢ ᠪᠦᠲᠦᠭᠡᠨ᠎ᠡ᠃      ᠦᠶᠣᠸᠠᠨ ᠤ ᠠᠵᠤ ᠠᠬᠤᠢ ᠶᠢᠨ ᠴᠢᠨᠠᠷ ᠰᠠᠶᠢᠨ ᠬᠥᠭᠵᠢᠬᠦ ᠶᠢ ᠲᠦᠯᠬᠢᠨ ᠠᠬᠢᠭᠤᠯᠬᠤ ᠳᠠᠯᠳᠠ ᠬᠦᠴᠣᠠ ᠪᠣᠯᠤᠨ ᠡᠷᠡᠮᠡᠯᠵᠡᠯ ᠨᠢ ᠠᠵᠤ ᠦᠢᠯᠠᠣᠠᠪᠤᠷᠢ᠂ ᠠᠵᠢᠯ ᠲᠦᠷᠦᠯ ᠤᠨ ᠲᠦᠰᠦᠯ ᠳᠡᠭᠡᠷ᠎ᠡ ᠪᠠᠶᠢᠨ᠎ᠠ᠃ ᠪᠢᠳᠡ ᠵᠠᠪᠠᠯ ᠠᠵᠤ ᠦᠢᠯᠠᠣᠠᠪᠤᠷᠢ ᠶᠢ ᠴᠢᠩᠭᠠᠳᠬᠠᠨ᠂ ᠠᠵᠢᠯ ᠲᠦᠷᠦᠯ ᠤᠨ ᠲᠦᠰᠦᠯ ᠢᠶᠠᠨ ᠤᠯᠠᠮ ᠰᠠᠶᠢᠨ ᠪᠦᠲᠦᠭᠡᠨ ᠪᠠᠶᠢᠭᠤᠯᠬᠤ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠰᠢᠨ᠎ᠡ ᠶᠢ ᠡᠭᠦᠳᠬᠦ ᠡᠬᠢ ᠪᠤᠯᠠᠭ ᠢ ᠪᠤᠷᠭᠢᠯᠤᠨ ᠤᠷᠤᠰᠤᠭᠤᠯᠬᠤ᠂ ᠠᠷᠠᠳ ᠤᠨ ᠡᠵᠡᠩᠨᠡᠭᠰᠡᠨ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠡᠬᠦᠳᠣᠠ ᠪᠦᠳᠣᠬᠡᠵᠤ ᠬᠦᠭᠵᠢᠨ ᠪᠠᠳᠠᠷᠠᠭᠤᠯᠤᠨ᠎ᠠ᠃      ︵ᠳᠥᠷᠪᠡ︶ ᠭᠤᠷᠪᠠᠳᠤᠭᠠᠷ ᠠᠵᠤ ᠦᠢᠯᠡᠰ ᠢ ᠪᠦᠬᠦ ᠬᠦᠴᠣᠠ ᠢᠶᠠᠷ ᠴᠡᠴᠡᠭᠯᠡᠬᠦ᠂ ᠬᠡᠯᠪᠡᠷᠢ ᠪᠠᠨ ᠰᠤᠯᠢᠨ ᠳᠡᠰ ᠳᠡᠪᠰᠢᠬᠦᠯᠬᠦ ᠳᠡᠭᠡᠷ᠎ᠡ ᠰᠢᠨ᠎ᠡ ᠬᠥᠳᠡᠯᠭᠡᠭᠡᠨ ᠡᠨᠧᠷᠭᠢ ᠪᠣᠶᠢᠵᠢᠭᠤᠯᠤᠨ ᠬᠥᠭᠵᠢᠭᠦᠯᠦᠨ᠎ᠡ᠃ ᠤᠷᠣᠠ ᠪᠠᠶᠢᠷᠢ᠂ ᠵᠠᠮ ᠬᠠᠷᠢᠯᠴᠠᠭᠠᠨ᠂ ᠠᠵᠤ ᠦᠢᠯᠠᠰ ᠪᠣᠯᠤᠨ ᠡᠬᠢ ᠪᠠᠶᠠᠯᠢᠭ ᠤᠨ ᠳᠠᠪᠠᠭᠤᠯᠢᠭ ᠢ ᠲᠦᠰᠢᠭᠯᠡᠨ᠂ ᠭᠤᠷᠪᠠᠳᠤᠭᠠᠷ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠦᠭᠵᠢᠬᠡᠬᠦ᠂ ᠬᠤᠳᠠ ᠬᠦᠳᠡᠭᠡ ᠶᠢᠨ ᠴᠡᠴᠡᠭᠯᠡᠯᠲᠡ ᠶᠢ ᠳᠠᠭᠠᠭᠤᠯᠤᠨ ᠬᠥᠭᠵᠢᠭᠦᠯᠦᠨ᠎ᠡ᠃      ᠨᠢᠭᠡᠳᠦᠭᠡᠷ ᠲᠤ᠂ ᠰᠦᠯᠵᠢᠶᠡᠨ ᠬᠤᠳᠠᠯᠳᠤᠭ᠎ᠠ ᠶᠢᠨ ᠡᠳ᠋ ᠪᠠᠷᠠᠭᠠᠨ ᠤ ᠭᠦᠢᠯᠭᠡᠭᠡᠨ ᠤ ᠳᠡᠰ ᠳᠡᠪᠰᠢᠬᠦᠯᠬᠦ ᠶᠢ ᠲᠦᠷᠭᠡᠳᠬᠡᠨ᠎ᠠ᠃ ᠲᠠᠷᠢᠶᠠᠯᠠᠩ ᠬᠤᠳᠠᠯᠳᠤᠭ᠎ᠠ ᠬᠤᠯᠪᠣᠭᠠᠯᠠᠬᠤ ᠵᠠᠮ ᠮᠥᠷ ᠢ ᠪᠠᠷᠢᠮᠲᠠᠯᠠᠬᠤ᠂ ᠴᠢᠨᠠᠭᠰᠢ ᠰᠦᠯᠵᠢᠶᠡᠨ ᠬᠤᠳᠠᠯᠳᠤᠭ᠎ᠠ ᠶᠢᠨ ᠠᠵᠤ ᠦᠢᠯᠠᠰ ᠤᠨ ᠡᠵᠡᠩᠨᠡᠯᠲᠡ ᠶᠢᠨ ᠬᠢᠷᠢ ᠬᠡᠮᠵᠢᠶ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠼᠠᠢ ᠳ᠋ᠢ ᠰᠢᠨᠵᠢᠯᠡᠭᠡ ᠮᠡᠷᠭᠡᠵᠢᠯ ᠤᠨ ᠺᠤᠮᠫᠠᠨᠢ ᠶᠢ ᠲᠦᠷᠢᠮ ᠶᠣᠰᠣᠭᠠᠷ ᠠᠵᠢᠯᠯᠠᠭᠤᠯᠬᠤ᠂ ᠡᠵᠡᠩᠨᠡᠬᠦ ᠳᠤᠬᠳᠠᠯᠴᠠᠭ᠎ᠠ ᠪᠠᠨ ᠰᠠᠶᠢᠵᠢᠷᠠᠭᠤᠯᠬᠤ᠂ ᠰᠠᠭᠤᠷᠢ ᠳᠦᠬᠦᠬᠡᠷᠣᠮᠵᠢ ᠶᠢᠨ ᠢᠵᠢ ᠪᠦᠷᠢᠳᠦᠭᠦᠯᠬᠦ ᠶᠢ ᠳᠡᠬᠦᠯᠳᠡᠷᠵᠢᠬᠦᠯᠬᠦ᠂ ᠲᠠᠪᠴᠠᠩ ᠤᠨ ᠪᠠᠳᠤᠯᠠᠭ᠎ᠠ ᠶᠢᠨ ᠴᠢᠳᠠᠮᠵᠢ ᠶᠢ ᠳᠡᠭᠡᠭᠰᠢᠯᠡᠬᠦᠯᠬᠦ᠂ ᠳᠦᠷᠦ ᠶᠢᠨ ᠪᠤᠳᠤᠯᠭ᠎ᠠ ᠂ ᠮᠦᠩᠭᠦᠨ ᠭᠦᠢᠯᠭᠡᠭᠡᠨ᠂ ᠮᠡᠷᠭᠡᠵᠢᠯ ᠵᠡᠷᠭᠡ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠪᠠᠬᠢᠵᠢᠭᠦᠯᠬᠦ᠂ ᠵᠠᠭᠤᠨ ᠨᠡᠷᠡᠰ ᠨᠤᠲᠤᠭ ᠲᠤ ᠪᠠᠨ ᠪᠤᠴᠠᠵᠤ ᠢᠷᠡᠭᠰᠡᠨ ᠵᠠᠯᠠᠭᠤᠴᠤᠳ᠂ ᠳᠡᠭᠡᠳᠦ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠤᠷᠤᠭᠴᠢᠳ ᠪᠡᠶ᠎ᠡ ᠪᠠᠨ ᠳᠠᠭᠠᠭᠠᠵᠦ ᠠᠳᠠᠯ ᠦᠢᠯᠡᠰ ᠪᠦᠲᠦᠭᠡᠬᠦ᠂ ᠰᠢᠨ᠎ᠡ ᠶᠢ ᠡᠭᠦᠳᠬᠦ ᠶᠢ ᠳᠡᠮᠵᠢᠵᠦ᠂ ᠪᠦᠬᠦ ᠤᠯᠣᠰ ᠤᠨ ᠳᠠᠷᠢᠬᠦᠠ ᠳᠠᠰ ᠤᠨ ︽ᠲᠠᠷᠢᠶᠠᠯᠠᠩ ᠪᠦᠲᠦᠭᠡᠨ ᠪᠠᠶᠢᠭᠤᠯᠤᠯᠲᠠ ᠶᠢᠨ ᠬᠦᠷᠢᠶᠡᠯᠡᠭ︾  ᠢ ᠬᠦᠴᠦᠯᠡᠨ ᠪᠦᠲᠦᠭᠡᠨ᠎ᠡ᠃ ︽ᠰᠦᠯᠵᠢᠶ᠎ᠠ + ᠭᠦᠢᠯᠭᠡᠭᠡᠨ︾ ᠤ ᠬᠥᠳᠡᠯᠭᠡᠭᠡᠨ ᠢ ᠬᠡᠷᠡᠭᠵᠢᠬᠦᠯᠬᠦ᠂ ᠦᠷᠭᠦᠯᠵᠢᠯᠡᠨ ᠬᠦᠮᠣᠷᠬᠡᠯᠠᠬᠦ᠂ ᠬᠦᠢᠲᠡᠨ ᠬᠡᠯᠬᠢᠶ᠎ᠡ᠂ ᠡᠳ᠋ ᠪᠠᠷᠠᠭᠠᠨ ᠤ ᠭᠦᠢᠯᠭᠡᠭᠡᠨ ᠵᠡᠷᠭᠡ ᠦᠢᠯᠡᠴᠢᠯᠡᠭᠡᠨ ᠤ ᠴᠢᠳᠠᠮᠵᠢ ᠶᠢ ᠢᠵᠢ ᠪᠦᠷᠢᠳᠦᠭᠦᠯᠣᠨ ᠳᠡᠬᠦᠯᠳᠡᠷᠵᠢᠬᠦᠯᠬᠦ᠂ ᠡᠷᠴᠢᠮᠯᠡᠨ ᠠᠰᠢᠭᠯᠠᠬᠤ ᠪᠣᠯᠤᠨ ᠮᠡᠳᠡᠭᠡ ᠵᠠᠩᠬᠢ ᠶᠢ ᠬᠠᠮᠲᠤᠪᠠᠷ ᠡᠳ᠋ᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠡᠭᠡᠵᠢᠩ ᠤᠨ ︽ᠨᠢᠭᠡ ᠮᠥᠴᠡ ᠳᠦᠭᠦᠮ ᠦᠵᠡᠭᠦᠯᠬᠦ ᠳᠡᠯᠭᠡᠭᠦᠷ︾ ᠢᠨᠵᠧᠨᠧᠷᠢᠩ ᠲᠤ ᠢᠳᠡᠪᠬᠢ ᠲᠠᠢ ᠠᠭᠤᠰᠤᠯᠴᠠᠬᠤ᠂ ᠴᠢᠨᠠᠷᠯᠢᠭ ᠰᠠᠶᠢᠨ ᠲᠠᠷᠢᠶᠠᠯᠠᠩ ᠤᠨ ᠬᠦᠯᠦᠰᠢ ᠦᠢᠯᠡᠳᠭᠦᠨ ᠢ ᠬᠠᠭᠤᠳᠠᠰᠤ ᠵᠠᠬᠢᠶᠠᠯᠠᠨ ᠳᠠᠭᠠᠭᠠᠨ ᠪᠣᠷᠣᠯᠠᠭᠤᠯᠬᠤ᠂ ᠪᠡᠭᠡᠵᠢᠩ ᠬᠤᠲᠠ ᠤᠷᠤᠭᠤ ᠰᠢᠭᠤᠳ ᠪᠤᠷᠤᠯᠠᠭᠤᠯᠬᠤ ᠵᠠᠮ ᠢ ᠴᠢᠷᠮᠠᠶᠢᠨ ᠨᠡᠪᠲᠡᠷᠡᠭᠦᠯᠦᠨ᠎ᠡ᠃      ᠬᠤᠶᠠᠳᠤᠭᠠᠷ ᠲᠤ᠂ ᠬᠥᠳᠡᠭᠡ ᠲᠣᠰᠬᠤᠨ ᠤ ᠵᠣᠭᠠᠴᠠᠯ ᠤᠨ ᠦᠢᠯᠠᠰ ᠤᠨ ᠴᠡᠴᠡᠭᠯᠡᠨ ᠬᠦᠭᠵᠢᠬᠦ ᠶᠢ ᠲᠦᠷᠬᠡᠳᠬᠡᠨ᠎ᠡ᠃ ᠲᠠᠷᠢᠶᠠᠯᠠᠩ ᠵᠢᠭᠤᠯᠴᠢᠯᠠᠯ ᠬᠤᠣᠠᠬᠤᠯᠳᠣᠠ ᠨᠡᠶᠢᠯᠡᠭᠰᠡᠨ ᠵᠠᠮ ᠢᠶᠠᠷ ᠶᠠᠪᠤᠬᠤ ᠶᠢ ᠪᠠᠷᠢᠮᠲᠠᠯᠠᠬᠤ᠂ ᠪᠦᠬᠦ ᠴᠠᠷᠠᠭ᠎ᠠ ᠶᠢᠨ ᠠᠶᠠᠯᠠᠯ ᠵᠢᠭᠤᠯᠴᠢᠯᠠᠯ᠂ ᠳᠥᠷᠪᠡᠨ ᠤᠯᠠᠷᠢᠯ ᠤᠨ ᠠᠶᠠᠯᠠᠯ ᠵᠢᠭᠤᠯᠴᠢᠯᠠᠯ ᠢ ᠶᠠᠪᠤᠭᠳᠠᠭᠤᠯᠬᠤ᠂ ᠬᠠᠳᠤᠡ ᠭᠤᠤᠯ ᠤᠨ ᠰᠤᠶᠤᠯ᠂ ᠲᠠᠷᠢᠶᠠᠯᠠᠬᠤ ᠰᠤᠶᠤᠯ᠂ ᠬᠤᠪᠢᠰᠬᠠᠯ ᠤᠨ ᠰᠤᠶᠤᠯ ᠵᠡᠷᠭᠡ ᠡᠬᠢ ᠪᠠᠶᠠᠯᠢᠭ ᠢ ᠭᠦᠨᠵᠡᠭᠡᠢ ᠠᠭᠤᠳᠠᠯᠬᠤ᠂ ᠦᠪᠦᠷ ᠮᠣᠩᠭᠤᠯ ᠤᠨ ᠦᠶᠣᠸᠠᠨ ᠤ ᠶᠠᠫᠣᠨ ᠢ ᠡᠰᠡᠷᠭᠦᠴᠡᠬᠦ ᠳᠠᠶᠢᠨ ᠤ ᠳᠤᠷᠠᠰᠬᠠᠯ ᠤᠨ ᠬᠦᠷᠢᠶᠡᠯᠡᠭ᠂ ᠲᠠᠷᠬᠤ ᠪᠠᠯᠭᠠᠰᠤ ᠶᠢᠨ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ᠂ ︽ᠲᠡᠭᠷᠢ ᠶᠢᠨ ᠬᠡᠰᠢᠭᠲᠦ ᠪᠣᠷᠣᠲᠣᠬᠤᠢ᠂ ᠦᠶᠣᠸᠠᠨ ᠤ ᠰᠠᠭᠤᠭᠳᠠᠯ︾ ᠰᠣᠶᠣᠯ ᠵᠢᠭᠤᠯᠴᠢᠯᠠᠯ ᠤᠨ ᠡᠭᠦᠳᠦᠯᠲᠡ ᠶᠢᠨ ᠬᠦᠷᠢᠶᠡᠯᠡᠭ ᠢ ᠪᠦᠳᠣᠬᠡᠠ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠬᠥᠭᠵᠢᠭᠦᠯᠦᠯᠲᠡ ᠶᠢᠨ ᠺᠤᠮᠫᠠᠨᠢ ᠶᠢ ᠲᠦᠷᠢᠮ ᠶᠣᠰᠣᠭᠠᠷ ᠡᠵᠡᠩᠨᠡᠬᠦ᠂ ᠲᠣᠰᠬᠤᠨ ᠤ ᠵᠠᠮ ᠳᠤ ᠳᠣᠭᠤᠢ ᠳᠠᠷᠬᠡ ᠪᠠᠷ ᠵᠣᠭᠠᠴᠠᠬᠤ᠂ ᠳᠠᠷᠢᠶᠠᠴᠢᠠ ᠡᠷᠣᠬᠡ ᠶᠢᠨ ᠤᠷᠠᠯᠢᠭ ᠤᠨ ᠦᠵᠡᠭᠦᠯᠭᠡ ᠵᠡᠷᠭᠡ ᠰᠤᠳᠤᠨ ᠰᠢᠯᠢᠳᠡᠭ ᠠᠵᠢᠯ ᠲᠦᠷᠦᠯ ᠢ ᠬᠦᠴᠦᠲᠡᠢ ᠥᠷᠨᠢᠭᠦᠯᠬᠦ᠂ ᠲᠠᠷᠢᠶᠠᠴᠢᠨ ᠤ ᠡᠯᠪᠡᠭ ᠬᠤᠷᠢᠶᠠᠯᠲᠠ ᠶᠢᠨ ᠲᠤᠷᠠᠰᠬᠠᠯᠳᠤ ᠡᠳᠦᠷ᠂ ᠨᠠᠷᠠᠨ ᠬᠤᠸᠠᠷ ᠤᠨ ᠲᠤᠷᠠᠰᠬᠠᠯᠳᠤ ᠡᠳᠤᠷ ᠵᠡᠷᠭᠡ ᠪᠠᠶᠠᠷ ᠲᠤᠷᠠᠰᠬᠠᠯᠳᠤ ᠡᠳᠦᠷ ᠤᠨ ᠤᠷᠤᠯᠳᠤᠭᠠᠨ ᠬᠦᠳᠡᠯᠭᠡᠭᠡᠨ ᠢ ᠨᠢᠭᠡᠳᠦᠯᠲᠡᠢ ᠲᠥᠯᠥᠪᠵᠢᠭᠦᠯᠦᠨ ᠬᠢᠬᠦ᠂ ︽ᠲᠡᠭᠷᠢ ᠶᠢᠨ ᠬᠡᠰᠢᠭᠲᠦ ᠪᠣᠷᠣᠲᠣᠬᠤᠢ︾ ᠠᠶᠠᠯᠠᠯ ᠵᠢᠭᠤᠯᠴᠢᠯᠠᠯ ᠤᠨ ᠲᠠᠪᠴᠠᠩ ᠢ ᠰᠠᠶᠢᠨ ᠡᠵᠡᠩᠨᠡᠬᠦ᠂ ᠪᠦᠬᠦ ᠤᠷᠣᠠ ᠤ ᠴᠢᠨᠠᠬᠰᠢᠯᠠᠪᠠᠯ ᠪᠦᠬᠦ ᠤᠯᠣᠰ ᠤᠨ ᠲᠠᠷᠢᠶᠠᠯᠠᠩ ᠰᠠᠯᠠᠬᠦᠴᠠᠯ ᠤᠨ ᠠᠶᠠᠯᠠᠯ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠨ ᠪᠦᠳᠦᠭᠡᠨ ᠪᠠᠶᠢᠭᠤᠯᠤᠨ᠎ᠠ᠃      ᠭᠤᠷᠪᠠᠳᠤᠭᠠᠷ ᠲᠤ᠂ ᠮᠡᠳᠡᠭᠡ ᠵᠠᠩᠬᠢᠴᠢᠯᠠᠯᠳᠠ ᠶᠢᠨ ᠦᠢᠯᠡᠴᠢᠯᠡᠭᠡᠨ ᠤ ᠬᠢᠷᠢ ᠬᠡᠮᠵᠢᠶ᠎ᠠ ᠶᠢ ᠲᠦᠷᠭᠡᠯᠡᠨ ᠳᠡᠭᠡᠭᠰᠢᠯᠡᠭᠦᠯᠦᠨ᠎ᠡ᠃ ᠶᠡᠭᠡ ᠲᠤᠭ᠎ᠠ ᠪᠠᠷᠢᠮᠲᠠ᠂ ᠰᠦᠯᠵᠢᠶ᠎ᠠ᠂ ᠪᠠᠷᠠᠭ᠎ᠠ ᠶᠢᠨ ᠰᠦᠯᠵᠢᠶ᠎ᠡ ᠵᠡᠷᠭᠡ ᠰᠢᠨ᠎ᠡ ᠡᠵᠡᠩᠨᠡᠬᠦ ᠠᠷᠭ᠎ᠠ ᠬᠡᠯᠪᠡᠷᠢ ᠶᠢ ᠢᠳᠡᠪᠬᠢ ᠲᠠᠢ ᠬᠥᠭᠵᠢᠭᠦᠯᠬᠦ᠂ ᠳᠠᠷᠢᠶᠠᠯᠠᠩ ᠤᠨ ᠮᠡᠳᠡᠭᠡ ᠵᠠᠩᠬᠢᠴᠢᠯᠠᠯᠳᠠ ᠶᠢ ᠲᠦᠷᠭᠡᠯᠡᠨ ᠪᠦᠳᠦᠭᠡᠨ ᠪᠠᠶᠢᠭᠤᠯᠬᠤ᠂ ᠶᠡᠭᠡ ᠲᠤᠭ᠎ᠠ ᠪᠠᠷᠢᠮᠲᠠ ᠶᠢᠨ ᠳᠠᠷᠢᠶᠠᠯᠠᠩ ᠤᠨ ᠬᠦᠷᠢᠶ᠎ᠡ ᠬᠡᠪᠴᠢᠶ᠎ᠠ ᠳᠤ ᠳᠡᠯᠭᠡᠷᠡᠩᠭᠦᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ︽ᠰᠦᠯᠵᠢᠶ᠎ᠠ + ᠵᠠᠰᠠᠭ ᠤᠨ ᠶᠠᠪᠤᠳᠠᠯ ᠤᠨ ᠲᠠᠪᠴᠠᠩ︾ ᠤᠨ ᠠᠵᠢᠯ ᠲᠦᠷᠦᠯ ᠢ ᠴᠢᠷᠮᠠᠶᠢᠨ ᠬᠡᠷᠡᠭᠵᠢᠬᠦᠯᠬᠦ᠂ ᠪᠠᠷᠠᠭ᠎ᠠ ᠶᠢᠨ ᠰᠦᠯᠵᠢᠶ᠎ᠡ ᠶᠢᠨ ᠢᠯᠭᠠᠨ ᠲᠠᠨᠢᠬᠤ ᠲᠡᠮᠳᠡᠭ ᠤᠨ ᠬᠠᠮᠢᠶᠠᠷᠤᠯᠳᠠ ᠶᠢᠨ ᠨᠡᠶᠢᠲᠡ ᠶᠢᠨ ᠦᠢᠯᠡᠴᠢᠯᠡᠭᠡᠨ ᠤ ᠲᠦᠪ ᠢ ᠪᠠᠶᠢᠭᠤᠯᠣᠠ ᠪᠦᠳᠣᠬᠡᠬᠦ᠂ ︽ᠣᠶᠤᠨ ᠪᠢᠯᠢᠭ ᠦᠶᠣᠸᠠᠨ︾ ᠤ ᠪᠦᠳᠦᠭᠡᠨ ᠪᠠᠶᠢᠭᠤᠯᠤᠯᠳᠠ ᠢ ᠲᠦᠯᠬᠢᠨ ᠠᠬᠢᠭᠤᠯᠬᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠪᠡᠶᠡᠯᠡᠬᠦᠯᠬᠦ᠂ ᠲᠤᠭ᠎ᠠ ᠪᠠᠷᠢᠮᠲᠠ ᠬᠠᠷᠢᠯᠴᠠᠨ ᠨᠡᠪᠲᠡᠷᠡᠬᠦ᠂ ᠪᠦᠬᠦ ᠤᠯᠣᠰ ᠤᠨ ᠲᠣᠣᠷ ᠰᠦᠯᠵᠢᠶᠡᠨ ᠤ ᠵᠠᠬ᠎ᠠ ᠳᠡᠯᠭᠡᠭᠦᠷ ᠤᠨ ᠬᠢᠨᠠᠠ ᠬᠠᠮᠢᠶᠠᠷᠤᠯᠳᠠ ᠬᠢᠭᠡᠳ ᠦᠢᠯᠡᠴᠢᠯᠡᠭᠡᠨ ᠤ ᠵᠢᠱᠢᠶ᠎ᠠ ᠦᠵᠡᠬᠦᠯᠬᠦ ᠣᠷᠣᠨ ᠢ ᠪᠠᠶᠢᠭᠤᠯᠬᠤ ᠪᠠᠷ ᠴᠢᠷᠮᠠᠶᠢᠨ᠎ᠠ᠃      ︵ᠲᠠᠪᠤ︶ ︽ᠭᠤᠷᠪᠠᠨ ᠬᠤᠲᠠ ᠶᠢ ᠬᠠᠮᠲᠤ ᠳᠤ ᠨᠢ ᠪᠠᠶᠢᠭᠤᠯᠬᠤ︾ ᠶᠢ ᠪᠦᠬᠦ ᠬᠦᠴᠣᠠ ᠢᠶᠠᠷ ᠰᠠᠶᠢᠨ ᠪᠠᠷᠢᠬᠤ᠂ ᠰᠠᠭᠤᠷᠢᠰᠢᠬᠤ ᠳᠤ ᠲᠣᠬᠢᠷᠠᠬᠤ ᠬᠤᠳᠠ ᠶᠢᠨ ᠪᠦᠳᠦᠭᠡᠨ ᠪᠠᠶᠢᠭᠤᠯᠤᠯᠳᠠ ᠳᠤ ᠰᠢᠨ᠎ᠡ ᠠᠯᠬᠤᠮ ᠢ ᠠᠯᠬᠤᠨ᠎ᠠ᠃ ︽ᠭᠤᠷᠪᠠᠨ ᠬᠤᠲᠠ ᠶᠢ ᠬᠠᠮᠲᠤ ᠳᠤ ᠨᠢ ᠪᠠᠶᠢᠭᠤᠯᠬᠤ︾ ᠪᠠᠷ ᠬᠤᠲᠠ ᠶᠢᠨ ᠬᠦᠭᠵᠢᠯᠳᠡ ᠶᠢ ᠨᠡᠶᠢᠳᠡᠮ ᠵᠢᠯᠣᠭᠤᠳᠤᠭᠤᠯᠬᠤ᠂ ᠬᠤᠲᠠ ᠶᠢᠨ ᠪᠦᠳᠦᠭᠡᠨ ᠪᠠᠶᠢᠭᠤᠯᠤᠯᠳᠠ ᠭᠠᠳᠠᠭᠰᠢ ᠦᠷᠭᠡᠳᠭᠡᠵᠤ ᠪᠠᠶᠢᠭᠰᠠᠨ ᠠᠴᠠ ᠳᠣᠲᠣᠭᠠᠳᠤ ᠠᠭᠤᠯᠤᠭᠳᠠᠬᠤᠨ ᠢ ᠳᠡᠭᠡᠭᠰᠢᠯᠡᠬᠦᠯᠬᠦ ᠬᠤᠪᠢᠷᠠᠯᠲᠠ ᠶᠢ ᠲᠦᠯᠬᠢᠨ ᠠᠬᠢᠭᠤᠯᠵᠤ᠂ ᠭᠤᠶᠣ ᠦᠵᠡᠰᠭᠦᠯᠡᠩ᠂ ᠠᠩᠬᠠᠷᠤᠯ ᠢ ᠲᠠᠲᠠᠬᠤ ᠬᠦᠴᠦᠨ ᠲᠠᠢ᠂ ᠠᠮᠢᠵᠢᠷᠠᠯ ᠤᠨ ᠬᠦᠴᠦᠨ ᠲᠠᠢ ᠣᠳᠣᠬᠢᠴᠢᠯᠠᠭᠰᠠᠨ ᠠᠮᠢ ᠠᠬᠤᠢ ᠶᠢᠨ ᠲᠠᠷᠢᠶᠠᠯᠠᠩ ᠬᠤᠲᠠ ᠶᠢ ᠪᠦᠲᠦᠭᠡᠨ ᠪᠠᠶᠢᠭᠤᠯᠤᠨ᠎ᠠ᠃      ᠨᠢᠭᠡᠳᠦᠭᠡᠷ ᠲᠤ᠂ ᠪᠦᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃ ᠠᠷᠠᠳ ᠤᠨ ᠲᠦᠯᠦᠭᠡ ᠪᠦᠲᠦᠭᠡᠨ ᠪᠠᠶᠢᠭᠤᠯᠬᠤ᠂ ᠠᠷᠠᠳ ᠲᠤ ᠠᠰᠢᠭ ᠬᠦᠷᠲᠡᠭᠡᠬᠦ᠂ ᠠᠷᠠᠳ ᠢ ᠲᠦᠰᠢᠭᠯᠡᠨ ᠪᠦᠲᠦᠭᠡᠨ ᠪᠠᠶᠢᠭᠤᠯᠬᠤ ᠶᠢ ᠪᠠᠷᠢᠮᠲᠠᠯᠠᠬᠤ᠂ ᠪᠦᠬᠦ ᠳᠠᠯ᠎ᠠ ᠶᠢᠨ᠂ ᠪᠦᠬᠦ ᠴᠠᠷᠠᠭ᠎ᠠ ᠶᠢᠨ᠂ ᠪᠦᠬᠦ ᠠᠷᠠᠣᠠ ᠤᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠬᠦ᠂ ᠪᠦᠲᠦᠭᠡᠨ ᠪᠠᠶᠢᠭᠤᠯᠬᠤ ᠬᠦᠴᠦ ᠪᠠᠨ ᠴᠢᠩᠭᠠᠳᠬᠠᠵᠤ ᠬᠠᠮᠳᠤ ᠪᠠᠷ ᠦᠵᠡᠰᠬᠦᠯᠡᠩ ᠰᠠᠶᠢᠬᠠᠨ ᠭᠡᠷ ᠣᠷᠣᠨ ᠢ ᠪᠠᠶᠢᠭᠤᠯᠬᠤ᠂ ︽ᠬᠥᠮᠥᠨ ᠪᠣᠯᠭᠠᠨ ᠨᠠᠳᠠ ᠳᠤ᠂ ᠪᠢ ᠬᠥᠮᠥᠨ ᠪᠣᠯᠭᠠᠨ ᠳᠤ︾ ᠪᠦᠲᠦᠭᠡᠨ ᠪᠠᠶᠢᠭᠤᠯᠤᠯᠲᠠ ᠶᠢᠨ ᠣᠷᠴᠢᠨ ᠢ ᠪᠦᠷᠢᠯᠳᠦᠭᠦᠯᠦᠨ᠎ᠡ᠃ ᠪᠦᠲᠦᠭᠡᠨ ᠪᠠᠶᠢᠭᠤᠯᠬᠤ ᠬᠦᠴᠦᠯᠡᠴᠡ ᠪᠠᠨ ᠶᠠᠬᠡᠣᠠᠬᠡᠬᠦ ᠂ ᠪᠦᠲᠦᠭᠡᠨ ᠪᠠᠶᠢᠭᠤᠯᠤᠯᠲᠠ ᠶᠢᠨ ᠭᠦᠢᠴᠡᠳᠬᠡᠬᠦ ᠬᠡᠮᠵᠢᠶ᠎ᠡ ᠶᠢ ᠲᠠᠭᠠᠷᠠᠭᠤᠯᠬᠤ᠂ ᠵᠤᠷᠪᠤᠰ ᠳᠠᠷᠠᠭᠠᠯᠠᠨ ᠰᠡᠯᠪᠢᠨ ᠵᠠᠰᠠᠬᠤ᠂ ᠡᠨᠡ ᠵᠢᠯ ᠤᠨ ᠳᠣᠲᠣᠷ᠎ᠠ ᠪᠦᠬᠦ ᠤᠷᠣᠠ ᠤ ᠰᠤᠶᠤᠯ ᠪᠤᠯᠪᠠᠰᠤᠨ ᠤ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠤᠯᠤᠰ ᠤᠨ ᠴᠡᠴᠡᠷᠯᠢᠭ ᠤᠨ ᠬᠤᠲᠠ ︽ᠭᠤᠷᠪᠠᠨ ᠬᠤᠲᠠ︾ ᠶᠢ ᠯᠠᠪᠲᠠᠶ᠎ᠠ ᠪᠦᠲᠦᠭᠡᠨ ᠪᠠᠶᠢᠭᠤᠯᠬᠤ ᠶᠢ ᠪᠠᠲᠤᠯᠠᠨ᠎ᠠ᠃      ᠬᠤᠶᠠᠳᠤᠭᠠᠷ ᠲᠤ᠂ ᠥᠨᠳᠥᠷ ᠲᠠᠰ ᠤᠨ ᠪᠦᠲᠦᠭᠡᠨ ᠪᠠᠶᠢᠭᠤᠯᠤᠯᠲᠠ᠃ ᠬᠤᠳᠠ ᠬᠦᠳᠡᠭᠡ ᠶᠢᠨ ᠳᠦᠯᠦᠪᠵᠢᠭᠦᠯᠭᠡ ᠶᠢᠨ ᠲᠣᠭᠲᠠᠯᠴᠠᠭ᠎ᠠ ᠶᠢ ᠪᠦᠬᠦ ᠳᠠᠯ᠎ᠠ ᠪᠠᠷ ᠳᠡᠬᠦᠯᠳᠡᠷᠵᠢᠬᠦᠯᠬᠦ᠂ ᠬᠢᠨᠠᠠ ᠬᠠᠮᠢᠶᠠᠷᠤᠯᠳᠠ ᠶᠢ ᠬᠠᠳᠠᠭᠤ ᠴᠢᠩᠭ᠎ᠠ ᠲᠥᠯᠥᠪᠵᠢᠭᠦᠯᠬᠦ᠂ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠣᠷᠣ ᠭᠡᠷᠲᠦ ᠲᠣᠭᠤᠷᠢᠭ ᠤᠨ ᠥᠭᠡᠷᠡᠴᠢᠯᠡᠯᠲᠡ᠂ ᠲᠣᠭᠤᠰᠬᠠᠨ ᠭᠡᠷ ᠢ ᠰᠡᠯᠪᠢᠨ ᠵᠠᠰᠠᠬᠤ᠂ ᠬᠠᠭᠤᠴᠢᠷᠠᠭᠰᠠᠨ ᠰᠠᠭᠤᠭᠠᠯᠢ ᠲᠤᠭᠤᠷᠢᠭ ᠢ ᠰᠡᠯᠪᠢᠨ ᠵᠠᠰᠠᠬᠤ ᠵᠡᠷᠭᠡ ᠭᠤᠤᠯᠳᠠᠯᠭ᠎ᠠ ᠶᠢ ᠲᠣᠪᠣᠶᠢᠯᠭᠠᠨ᠂ ᠪᠣᠷᠣ ᠭᠡᠷᠲᠦ ᠲᠣᠭᠤᠷᠢᠭ ᠤᠨ ᠥᠭᠡᠷᠡᠴᠢᠯᠡᠯᠲᠡ ᠪᠣᠯᠤᠨ ᠵᠠᠰᠠᠭ ᠤᠨ ᠤᠷᠳᠤᠡ ᠤ ᠪᠠᠷᠢᠭᠰᠠᠨ ᠪᠤᠴᠠᠵᠤ ᠨᠡᠭᠦᠨ ᠲᠥᠪᠬᠢᠨᠡᠬᠦ ᠰᠠᠭᠤᠭᠠᠯᠢ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠨᠢᠭᠡᠲᠦᠯᠲᠡᠢ ᠲᠥᠯᠥᠪᠯᠡᠬᠦ᠂ ᠵᠢᠶᠦ᠋ᠨ ᠠᠨ ᠭᠤᠶᠣ ᠬᠦᠷᠢᠶᠡᠯᠡᠩ ᠤᠨ ᠪᠦᠳᠣᠬᠡᠠ ᠪᠠᠶᠢᠭᠤᠯᠬᠤ ᠠᠵᠢᠯ ᠢ ᠴᠢᠷᠮᠠᠶᠢᠨ ᠳᠠᠭᠤᠰᠬᠠᠵᠤ᠂ 422 ᠡᠷᠦᠬᠡ ᠪᠣᠷᠣ ᠭᠡᠷᠲᠦ ᠲᠣᠭᠤᠷᠢᠭ ᠢ ᠨᠡᠭᠦᠯᠭᠡᠨ ᠨᠤᠷᠠᠭᠠᠵᠤ᠂ 10 ᠪᠣᠷᠣ ᠭᠡᠷᠲᠦ ᠲᠣᠭᠤᠷᠢᠭ ᠤᠨ ᠥᠭᠡᠷᠡᠴᠢᠯᠡᠯᠲᠡ ᠶᠢᠨ ᠣᠷᠣᠨ ᠤ ᠦᠯᠡᠳᠡᠭᠳᠡᠵᠦ ᠪᠠᠶᠢᠭ᠎ᠠ ᠬᠡᠰᠡᠭ ᠢ ᠥᠭᠡᠷᠡᠴᠢᠯᠡᠬᠦ᠂ ᠪᠤᠴᠠᠵᠤ ᠨᠡᠭᠦᠨ ᠲᠥᠪᠬᠢᠨᠡᠬᠦ ᠪᠠᠷᠬᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ; ︽ᠠᠷᠪᠠᠨ ᠣᠷᠣᠨ ᠨᠢᠭᠡᠨ ᠴᠣᠭᠴᠠ︾ ᠶᠢᠨ ᠲᠣᠭᠤᠰᠬᠠᠨ ᠭᠡᠷ ᠤᠨ ᠰᠡᠯᠪᠢᠨ ᠵᠠᠰᠠᠬᠤ ᠶᠢ ᠬᠡᠷᠡᠭᠵᠢᠬᠦᠯᠬᠦ᠂ ᠥᠪᠴᠢ ᠪᠤᠰᠤ ᠤᠷᠤᠨ ᠰᠠᠭᠤᠴᠠ 1762 ᠡᠷᠦᠬᠡ ᠵᠠᠰᠠᠨ ᠥᠭᠡᠷᠡᠴᠢᠯᠡᠬᠦ ; ᠰᠠᠭᠤᠭᠠᠯᠢ ᠠᠷᠠᠳ ᠲᠤ ᠢᠳᠡᠪᠬᠢ ᠲᠠᠢ᠂ ᠪᠡᠯᠡ ᠮᠥᠩᠭᠦ ᠶᠢᠨ ᠴᠤᠭᠯᠠᠭᠤᠯᠤᠯᠲᠠ ᠶᠢᠨ ᠱᠠᠭᠠᠷᠳᠠᠯᠭ᠎ᠠ ᠳᠤ ᠬᠦᠷᠦᠭᠰᠡᠨ ᠬᠠᠭᠤᠴᠢᠷᠠᠭᠰᠠᠨ ᠰᠠᠭᠤᠭᠠᠯᠢ ᠲᠤᠭᠤᠷᠢᠭ ᠢ ᠥᠭᠡᠷᠡᠴᠢᠯᠡᠬᠦ ᠬᠦᠴᠦᠯᠡᠴᠡ ᠶᠢ ᠶᠠᠬᠡᠣᠠᠬᠡᠨ᠎ᠠ᠃ ᠬᠤᠲᠠ ᠶᠢᠨ ᠶᠠᠪᠣᠳᠠᠯ ᠤᠨ ᠰᠠᠭᠤᠷᠢ ᠳᠦᠬᠦᠬᠡᠷᠣᠮᠵᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠡ ᠴᠢᠩᠭᠠᠣᠠᠬᠠᠬᠤ᠂ ᠰᠢᠨ᠎ᠡ ᠪᠠᠷ 9 ᠵᠠᠮ ᠥᠭᠡᠷᠡᠴᠢᠯᠡᠬᠦ᠂ 40 ᠭᠤᠳᠤᠮᠵᠢ ᠬᠤᠩᠭᠢᠯ ᠶᠢ ᠰᠡᠯᠪᠢᠨ ᠵᠠᠰᠠᠬᠤ᠂ ᠰᠢᠨ᠎ᠡ ᠪᠠᠷ 15 ᠨᠡᠶᠢᠳᠡ ᠶᠢᠨ ᠵᠤᠷᠯᠤᠩ ᠪᠠᠷᠢᠬᠤ᠂ ᠰᠢᠨ᠎ᠠ ᠪᠠᠷ 20 ᠲᠦᠮᠡᠨ ᠺᠦᠸᠠᠳ᠋ ᠮᠧᠲᠷ ᠤᠨ ᠢᠯᠴᠢ ᠬᠠᠩᠭᠠᠬᠤ ᠲᠠᠯᠠᠪᠠᠢ᠂ 1200 ᠡᠷᠦᠬᠡ ᠰᠢᠲᠠᠮᠠᠬᠠᠢ ᠬᠡᠢ ᠶᠢᠨ ᠬᠡᠷᠡᠭᠯᠡᠭᠴᠢ ᠨᠠᠮᠡᠭᠳᠠᠬᠦ᠂ ᠬᠤᠲᠠ ᠶᠢᠨ ᠪᠦᠳᠦᠭᠡᠨ ᠪᠠᠶᠢᠭᠤᠯᠤᠯᠳᠠ ᠶᠢᠨ ᠳᠤᠲᠠᠭᠳᠠᠯ ᠢ ᠨᠥᠬᠦᠪᠥᠷᠢᠯᠡᠨ᠎ᠡ᠃ ᠴᠡᠴᠡᠷᠯᠢᠭᠵᠢᠬᠦ ᠠᠴᠠ ᠴᠡᠴᠡᠷᠯᠢᠭ ᠤᠨ ᠮᠡᠷᠭᠡᠵᠢᠯᠵᠢᠬᠦ ᠬᠤᠪᠢᠷᠠᠯᠲᠠ ᠶᠢ ᠲᠦᠷᠭᠡᠳᠬᠡᠨ ᠠᠬᠢᠭᠤᠯᠬᠤ ᠂ ᠰᠢᠨ᠎ᠠ ᠪᠠᠷ 330 ᠮᠤ᠋ ᠴᠡᠴᠡᠷᠯᠢᠭᠵᠢᠭᠰᠡᠨ ᠨᠣᠭᠤᠭᠠᠨ ᠭᠠᠵᠠᠷ ᠤᠨ ᠲᠠᠯᠠᠪᠠᠢ ᠶᠢ ᠨᠠᠮᠠᠬᠦ᠂ ᠤᠷᠳᠤ ᠨᠠᠰᠣᠯᠠᠬᠤ ᠮᠦᠩᠬᠡ ᠨᠣᠭᠤᠭᠠᠷᠠᠬᠤ ᠮᠣᠳᠣᠨ ᠤ ᠲᠥᠷᠥᠯ ᠢ ᠨᠡᠮᠡᠬᠦ ᠂ ᠵᠡᠭᠡᠯᠢ ᠭᠤᠳᠤᠮᠵᠢ ᠶᠢᠨ᠂ ᠴᠡᠴᠡᠷᠯᠢᠭ ᠤᠨ᠂ ᠪᠠᠶᠢᠭᠤᠯᠭ᠎ᠠ ᠶᠢᠨ᠂ ᠰᠠᠭᠤᠭᠠᠯᠢ ᠲᠤᠭᠤᠷᠢᠭ ᠤᠨ ᠨᠣᠭᠤᠭᠠᠷᠠᠯᠲᠠ ᠶᠢᠨ ᠠᠭᠤᠰᠤᠯᠴᠠᠨ ᠨᠠᠶᠢᠯᠠᠬᠦ ᠶᠢ ᠪᠡᠶᠡᠯᠡᠬᠦᠯᠬᠦ᠂ ᠣᠯᠠᠨ ᠳᠡᠰ ᠳᠠᠪᠬᠤᠷᠭ᠎ᠠ᠂ ᠣᠯᠠᠨ ᠥᠩᠭᠡ ᠪᠤᠳᠤᠭ ᠲᠠᠢ ᠨᠣᠭᠤᠭᠠᠷᠠᠯᠲᠠ ᠶᠢᠨ ᠦᠵᠡᠮᠵᠢ ᠶᠢ ᠪᠦᠳᠤᠭᠡᠨ᠎ᠠ᠃      ᠭᠤᠷᠪᠠᠳᠤᠭᠠᠷ ᠲᠤ᠂ ᠨᠠᠷᠢᠯᠢᠭᠵᠢᠭᠰᠠᠨ ᠬᠠᠮᠢᠶᠠᠷᠤᠯᠲᠠ᠃ ᠤᠶᠤᠨ ᠤ ᠪᠣᠯᠪᠠᠰᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠰᠠᠯᠠᠭ᠎ᠠ ᠮᠦᠴᠢᠷ ᠤᠨ ᠬᠤᠯᠪᠤᠭᠠᠳᠤ ᠴᠣᠭᠴᠠ᠂ ᠴᠤᠭ ᠲᠤ ᠨᠢ ᠠᠣᠠᠬᠤᠵᠤ ᠬᠠᠮᠳᠤ ᠳᠤ ᠨᠢ ᠬᠠᠮᠢᠶᠠᠷᠬᠤ ᠬᠠᠮᠢᠶᠠᠷᠤᠯᠳᠠ ᠶᠢᠨ ᠪᠦᠲᠦᠴᠡ ᠶᠢ ᠴᠣᠭᠴᠠᠯᠠᠨ ᠪᠠᠶᠢᠭᠤᠯᠬᠤ᠂ ᠬᠠᠮᠤᠭ ᠨᠠᠷᠢᠯᠢᠭ ᠤᠷᠴᠢᠨ ᠳᠤᠭᠤᠷᠢᠨ ᠤ ᠬᠠᠮᠢᠶᠠᠷᠤᠯᠳᠠ᠂ ᠬᠠᠮᠤᠭ ᠴᠢᠩᠭ᠎ᠠ ᠬᠠᠤᠯᠢ ᠬᠡᠷᠡᠭᠵᠢᠭᠦᠯᠬᠦ ᠬᠢᠨᠠᠠ ᠬᠠᠮᠢᠶᠠᠷᠤᠯᠳᠠ᠂ ᠱᠠᠭᠠᠷᠳᠠᠯᠭ᠎ᠠ ᠳᠤ ᠬᠦᠷᠦᠭᠰᠡᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠳᠦᠷᠢᠮ ᠢ ᠶᠠᠪᠤᠭᠳᠠᠭᠤᠯᠵᠤ᠂ ᠨᠡᠶᠢᠲᠡ ᠶᠢᠨ ᠮᠤᠷᠠᠯ ᠤᠬᠠᠮᠰᠠᠷ᠂ ᠳᠣᠲᠣᠭᠠᠳᠤ ᠪᠤᠯᠪᠠᠰᠣᠷᠠᠯ ᠠᠷᠠᠳ ᠤᠨ ᠠᠮᠢᠳᠤᠷᠠᠯ ᠳᠤ ᠠᠭᠤᠰᠤᠯᠴᠠᠨ᠂ ᠬᠤᠲᠠ ᠶᠢᠨ ᠵᠡᠭᠡᠯᠢ ᠲᠣᠭᠤᠷᠢᠭ ᠪᠣᠯᠭᠠᠨ ᠳᠤ ᠨᠡᠪᠲᠡᠷᠡᠨ᠎ᠡ᠃ ︽ᠵᠡᠭᠡᠯᠢ ᠶᠢᠨ ᠳᠠᠷᠤᠭ᠎ᠠ ᠶᠢᠨ ᠲᠦᠷᠢᠮ︾ ᠤᠨ ᠬᠠᠮᠢᠶᠠᠷᠤᠯᠳᠠ ᠶᠢᠨ ᠵᠠᠭᠪᠤᠷ ᠢ ᠬᠡᠷᠡᠭᠵᠢᠭᠦᠯᠵᠤ᠂ ᠪᠦᠬᠦ ᠠᠷᠠᠣᠠ ᠤᠨ ᠬᠠᠮᠲᠤ ᠪᠠᠷ ᠵᠠᠰᠠᠬᠤ ᠬᠠᠮᠲᠤ ᠪᠠᠷ ᠬᠠᠮᠢᠶᠠᠷᠬᠤ ᠠᠷᠭ᠎ᠠ ᠵᠠᠮ ᠢ ᠰᠠᠭᠠᠣᠠ ᠦᠬᠡᠢ ᠨᠡᠪᠲᠡᠷᠡᠭᠦᠯᠬᠦ᠂ ᠬᠤᠲᠠ ᠶᠢᠨ ᠬᠠᠮᠢᠶᠠᠷᠤᠯᠳᠠ ᠶᠢᠨ ᠪᠠᠷᠬᠡ ᠠᠰᠠᠭᠤᠳᠠᠯ ᠢ ᠰᠢᠢᠳᠪᠦᠷᠢᠯᠡᠨ᠎ᠡ᠃ ᠠᠳᠠᠯ ᠠᠬᠤᠢ ᠶᠢᠨ ᠬᠠᠮᠢᠶᠠᠷᠤᠯᠳᠠ ᠶᠢᠨ ᠦᠢᠯᠡᠴᠢᠯᠡᠭᠡᠨ ᠤ ᠬᠢᠷᠢ ᠬᠡᠮᠵᠢᠶ᠎ᠠ ᠶᠢ ᠳᠡᠭᠡᠭᠰᠢᠯᠡᠬᠦᠯᠬᠦ᠂ ᠥᠮᠴᠢᠲᠡᠨ ᠤ ᠵᠥᠪᠯᠡᠯ ᠢ ᠰᠠᠶᠢᠬᠠᠨ ᠲᠣᠬᠢᠷᠠᠭᠤᠯᠬᠤ᠂ ᠠᠳᠠᠯ ᠠᠬᠤᠢ ᠶᠢᠨ ᠠᠵᠤ ᠠᠬᠤᠶᠢᠢᠯᠠᠯ ᠤᠨ ᠬᠢᠨᠠᠠ ᠬᠠᠮᠢᠶᠠᠷᠤᠯᠳᠠ ᠶᠢ ᠪᠠᠬᠢᠵᠢᠭᠦᠯᠬᠦ᠂ ᠰᠠᠭᠤᠭᠠᠯᠢ ᠲᠤᠭᠤᠷᠢᠭ ᠤᠨ ᠡᠷᠡᠭᠦᠯ ᠬᠠᠮᠠᠭᠠᠯᠠᠯ ᠮᠠᠭᠤ᠂ ᠳᠤᠯᠠᠭᠠᠴᠠ ᠮᠠᠭᠤ᠂ ᠬᠠᠮᠢᠶᠠᠷᠤᠯᠲᠠ ᠮᠠᠭᠤ ᠠᠰᠠᠭᠤᠳᠠᠯ ᠢ ᠰᠢᠢᠳᠪᠦᠷᠢᠯᠡᠨ᠎ᠡ᠃ ᠬᠤᠲᠠ ᠶᠢᠨ ᠲᠣᠭᠤᠷᠢᠭ ᠤᠨ ᠵᠠᠮ ᠬᠠᠷᠢᠯᠴᠠᠭᠠᠨ ᠤ ᠡᠮᠬᠢ ᠳᠢᠭᠯᠢᠮ ᠢ ᠳᠦᠷᠢᠮᠵᠢᠭᠦᠯᠬᠦ᠂ ᠲᠡᠷᠭᠡ ᠪᠥᠭᠯᠡᠷᠡᠬᠦ ᠪᠣᠯᠤᠨ ᠲᠡᠷᠭᠡ ᠵᠣᠭᠰᠣᠬᠤ ᠳᠤ ᠬᠦᠴᠢᠷᠲᠡᠢ ᠠᠰᠠᠭᠤᠳᠠᠯ ᠢ ᠴᠢᠷᠮᠠᠶᠢᠨ ᠰᠢᠢᠳᠪᠦᠷᠢᠯᠡᠨ᠎ᠡ᠃ ᠴᠢᠮᠡᠭᠡ ᠬᠤᠯᠪᠤᠭ᠎ᠠ ᠭᠡᠷᠡᠯ ᠲᠠᠲᠠᠯᠭ᠎ᠠ ᠶᠢ ᠰᠡᠯᠪᠢᠨ ᠵᠠᠰᠠᠬᠤ᠂ ︽ᠬᠤᠲᠠ ᠶᠢᠨ ᠠᠭᠠᠯᠵᠢ ᠶᠢᠨ ᠲᠣᠣᠷ︾ ᠢ ᠪᠦᠬᠦ ᠳᠠᠯ᠎ᠠ ᠪᠠᠷ ᠤᠰᠠᠳᠬᠠᠬᠤ᠂ ᠬᠤᠲᠠ ᠶᠢ ᠤᠯᠠᠮ ᠠᠭᠤᠯᠤᠭᠳᠠᠬᠤᠨ ᠲᠠᠢ᠂ ᠤᠯᠠᠮ ᠴᠢᠨᠰᠠᠭ᠎ᠠ ᠲᠠᠢ᠂ ᠤᠯᠠᠮ ᠵᠡᠷᠭᠡ ᠳᠡᠰ ᠲᠠᠢ ᠪᠣᠯᠭᠠᠨ ᠪᠦᠲᠦᠭᠡᠨ ᠪᠠᠶᠢᠭᠤᠯᠤᠨ᠎ᠠ᠃      ᠣᠷᠣᠰᠢᠨ ᠰᠠᠭᠤᠬᠤ ᠳᠤ ᠲᠣᠬᠢᠷᠠᠮᠵᠢᠲᠠᠢ᠂ ᠰᠤᠶᠤᠯ ᠪᠤᠯᠪᠠᠰᠤᠨ ᠤ ᠡᠨᠠᠷᠢᠩᠬᠦᠢ ᠤᠷᠴᠢᠨ ᠲᠤᠭᠤᠷᠢᠨ ᠨᠢ ᠪᠢᠳᠠᠨ ᠤ ᠬᠠᠮᠳᠤ ᠪᠠᠷ ᠠᠮᠢᠳᠤᠷᠠᠨ ᠣᠷᠣᠰᠢᠬᠤ ᠭᠡᠷ ᠣᠷᠣᠨ ᠪᠣᠯᠣᠨ᠎ᠠ᠃ ᠪᠢᠳᠡ ᠵᠠᠪᠠᠯ ᠬᠤᠲᠠ ᠶᠢᠨ ᠰᠢᠨ᠎ᠡ ᠬᠡᠷᠠᠯᠳᠤ ᠴᠡᠭ ᠢ ᠪᠦᠳᠤᠭᠡᠵᠤ᠂ ᠬᠤᠲᠠ ᠶᠢᠨ ᠰᠢᠨ᠎ᠡ ᠨᠢᠭᠤᠷ ᠵᠢᠰᠦ ᠶᠢ ᠢᠯᠡᠷᠡᠭᠦᠯᠵᠦ᠂ ᠤᠯᠠᠠ ᠳᠦᠮᠠᠠ ᠳᠤ ᠲᠠᠭᠠᠯᠠᠮᠵᠢᠲᠠᠢ ᠰᠠᠨᠠᠭᠳᠠᠭᠤᠯᠤᠨ᠎ᠠ᠃      ︵ᠵᠢᠷᠭᠤᠭ᠎ᠠ︶ ᠡᠯ᠎ᠡ ᠲᠥᠷᠥᠯ ᠤᠨ ᠥᠭᠡᠷᠡᠴᠢᠯᠡᠯᠲᠡ ᠶᠢ ᠪᠦᠬᠦ ᠬᠦᠴᠣᠠ ᠢᠶᠠᠷ ᠭᠦᠨᠵᠡᠭᠡᠶᠢᠷᠡᠭᠦᠯᠬᠦ᠂ ᠰᠢᠨ᠎ᠡ ᠶᠢ ᠡᠭᠦᠳᠬᠦ ᠬᠦᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠨ᠎ᠡ᠃ ᠠᠯᠢᠪᠠ ᠬᠦᠭᠵᠢᠯᠳᠡ ᠶᠢ ᠨᠥᠯᠥᠭᠡᠯᠡᠬᠦ ᠪᠠᠶᠢᠭᠤᠯᠤᠮᠵᠢ ᠶᠢᠨ ᠳᠤᠬᠳᠠᠯᠴᠠᠭ᠎ᠠ ᠶᠢ ᠡᠷᠡᠰ ᠲᠠᠰᠤ ᠠᠷᠢᠯᠭᠠᠬᠤ᠂ ᠡᠯ᠎ᠡ ᠲᠥᠷᠥᠯ ᠤᠨ ᠥᠭᠡᠷᠡᠴᠢᠯᠡᠯᠲᠡ ᠶᠢ ᠳᠠᠰᠣᠷᠠᠯᠳᠠ ᠦᠬᠡᠢ ᠭᠦᠨᠵᠡᠭᠡᠶᠢᠷᠡᠭᠦᠯᠦᠨ ᠠᠬᠢᠭᠤᠯᠬᠤ᠂ ᠠᠵᠤ ᠠᠬᠤᠢ ᠶᠢᠨ ᠴᠢᠨᠠᠷ ᠰᠠᠶᠢᠨ ᠬᠦᠭᠵᠢᠯᠳᠡ ᠳᠤ ᠪᠠᠷᠠᠭᠳᠠᠰᠢ ᠦᠭᠡᠢ ᠬᠦᠳᠡᠯᠭᠡᠭᠴᠢ ᠬᠦᠴᠦᠨ ᠬᠠᠩᠭᠠᠨ᠎ᠠ᠃      ᠨᠢᠭᠡᠳᠦᠭᠡᠷ ᠲᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ ᠯᠠᠪᠳᠠᠭᠤᠨ ᠪᠠᠳᠤᠳᠠᠢ ᠰᠢ ᠶᠢᠨ ᠫᠢᠩ ᠶᠡᠷᠦᠩᠬᠡᠢ ᠱᠦᠵᠢ ᠶᠢᠨ ᠨᠠᠶᠢᠳᠠᠭᠰᠠᠨ ᠭᠤᠷᠪᠠᠨ ᠭᠤᠤᠯᠳᠠᠯᠭ᠎ᠠ ᠲᠠᠢ ᠥᠭᠡᠷᠡᠴᠢᠯᠡᠯᠲᠡ ᠶᠢ ᠳᠦᠯᠬᠢᠨ ᠠᠬᠢᠭᠤᠯᠬᠤ᠂ ᠤᠯᠠᠮ ᠨᠢᠭᠲᠠ ᠲᠠᠷᠢᠶᠠᠯᠠᠩ ᠪᠣᠯᠤᠨ ᠠᠵᠤ ᠠᠬᠤᠶᠢᠯᠠᠯ ᠤᠨ ᠠᠰᠢᠭ ᠲᠤᠰᠠ ᠲᠠᠢ ᠬᠤᠯᠪᠣᠯᠳᠤᠭᠰᠠᠨ ᠳᠤᠬᠳᠠᠯᠴᠠᠭ᠎ᠠ ᠪᠣᠯᠤᠨ ᠤᠯᠠᠮ ᠲᠡᠭᠦᠯᠳᠡᠷᠵᠢᠭᠰᠡᠨ ᠠᠮᠢ ᠠᠬᠤᠢ ᠤᠷᠴᠢᠨ ᠲᠤᠭᠤᠷᠢᠨ ᠤ  ᠬᠠᠮᠠᠭᠠᠯᠠᠯᠳᠠ ᠶᠢᠨ ᠳᠤᠬᠳᠠᠯᠴᠠᠭ᠎ᠠ ᠶᠢ ᠪᠠᠶᠢᠭᠤᠯᠬᠤ᠂ ᠮᠣᠩᠭᠤᠯ ᠤᠯᠤᠰ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠣᠠᠬᠠᠬᠤ᠂ ᠬᠢᠯᠢ ᠰᠤᠨᠳᠠᠯᠠᠭᠰᠠᠨ ᠰᠦᠯᠵᠢᠶᠡᠨ ᠤ ᠬᠤᠳᠠᠯᠳᠤᠭ᠎ᠠ ᠪᠣᠯᠤᠨ ᠭᠠᠳᠠᠭᠠᠲᠤ ᠠᠷᠠᠯᠵᠢᠶ᠎ᠠ ᠶᠢᠨ ᠬᠦᠭᠵᠢᠯᠳᠠ ᠶᠢ ᠳᠦᠷᠬᠡᠳᠬᠡᠬᠦ᠂ ᠥᠭᠡᠷᠡᠴᠢᠯᠡᠯᠲᠡ ᠨᠢ ᠦᠷ᠎ᠡ ᠪᠦᠲᠦᠭᠡᠯ ᠂ ᠲᠤᠷᠰᠢᠯᠭ᠎ᠠ᠂ ᠦᠯᠢᠬᠡᠷ ᠬᠠᠪᠳᠠᠰᠤ ᠣᠯᠬᠤ ᠶᠢ ᠪᠠᠲᠤᠯᠠᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ 10 ᠲᠦᠮᠡᠨ ᠺᠦᠸᠠᠳ᠋ ᠮᠧᠲᠷ ᠤᠨ ᠬᠤᠳᠠᠯᠳᠤᠭᠠᠨ ᠤ ᠬᠦᠮᠦᠷᠬᠡ ᠳᠠᠬᠢ ᠬᠠᠳᠠᠭᠠᠯᠠᠮᠵᠢ ᠶᠢ ᠠᠷᠢᠯᠭᠠᠨ᠎ᠠ᠃ ᠳᠠᠷᠢᠶᠠᠯᠠᠩ ᠤᠨ ᠤᠰᠤᠨ ᠤ ᠦᠨ᠎ᠡ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠬᠠᠩᠭᠠᠨ ᠪᠤᠷᠤᠯᠠᠭᠤᠯᠬᠤ ᠪᠠᠶᠢᠭᠤᠯᠤᠮᠵᠢ᠂ ᠬᠤᠳᠠ ᠬᠦᠳᠡᠭᠡ ᠶᠢᠨ ᠨᠡᠶᠢᠳᠠ ᠶᠢᠨ ᠮᠠᠰᠢᠨ ᠤ ᠴᠤᠬᠴᠠᠵᠢᠯᠳᠠ ᠵᠡᠷᠭᠡ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠬᠤ᠂ ᠪᠦᠬᠦ ᠳᠠᠯ᠎ᠠ ᠪᠠᠷ ᠵᠠᠰᠠᠭ ᠤᠨ ᠤᠷᠳᠤᠡ ᠤ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃      ᠬᠤᠶᠠᠳᠤᠭᠠᠷ ᠲᠤ᠂ ︽ᠰᠤᠯᠠᠷᠠᠭᠤᠯᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠵᠢᠷᠭᠤᠭᠠᠨ ᠨᠢᠭᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ︽ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡᠨ ︾ ᠢ ᠲᠦᠯᠬᠢᠨ ᠠᠬᠢᠭᠤᠯᠬᠤ᠂ ᠬᠢᠨᠠᠨ ᠵᠥᠪᠰᠢᠶᠡᠷᠡᠬᠦ ᠪᠣᠯᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠤᠯᠪᠤᠯᠳᠠ ᠶᠠᠪᠤᠭᠳᠠᠭᠤᠯᠬᠤ᠂ ︽ᠨᠢᠭᠡ ᠰᠦᠯᠵᠢᠶ᠎ᠡ︾ ᠪᠠᠷ ᠪᠦᠭᠦᠳᠡ ᠶᠢ ᠰᠢᠢᠳᠪᠦᠷᠢᠯᠡᠬᠦ᠂ ᠰᠦᠯᠵᠢᠶᠡᠨ ᠤ ᠭᠠᠳᠠᠨ᠎ᠠ ︽ᠨᠢᠭᠡ ᠰᠠᠯᠪᠤᠷᠢ︾ ᠬᠦᠯᠢᠶᠡᠨ ᠠᠪᠴᠤ ᠰᠢᠢᠳᠪᠦᠷᠢᠯᠡᠬᠦ᠂ ᠳᠣᠬᠠᠢ ᠶᠢᠨ ᠭᠠᠵᠠᠷ ᠲᠤ ︽ᠬᠠᠮᠤᠭ ᠤᠯᠠᠠ ᠳᠤ ᠪᠠᠨ ᠨᠢᠭᠡ ᠤᠳᠠᠭ᠎ᠠ ᠭᠦᠶᠦᠬᠦ︾ ᠶᠢ ᠲᠦᠯᠬᠢᠨ ᠠᠬᠢᠭᠤᠯᠬᠤ᠂ ᠲᠤᠭ᠎ᠠ ᠪᠠᠷᠢᠮᠲᠠ ᠶᠢ ᠢᠯᠡᠭᠦᠦ ᠵᠠᠷᠤᠴᠠᠭᠤᠯᠵᠤ᠂ ᠠᠷᠠᠳ ᠳᠦᠮᠠᠠ ᠢ ᠳᠤᠲᠠᠭᠤ ᠭᠦᠶᠦᠯᠭᠡᠨ᠎ᠡ᠃ ︽ᠰᠦᠯᠵᠢᠶᠡᠨ ᠳᠡᠭᠡᠷ᠎ᠡ ᠰᠢᠢᠳᠪᠦᠷᠢᠯᠡᠵᠦ ᠪᠣᠯᠬᠤ ᠶᠢ ᠴᠥᠮ ᠰᠦᠯᠵᠢᠶᠡᠨ ᠳᠡᠭᠡᠷ᠎ᠡ ᠰᠢᠢᠳᠪᠦᠷᠢᠯᠡᠬᠦ᠂ ᠪᠦᠬᠦ ᠶᠠᠪᠤᠴᠠ ᠰᠦᠯᠵᠢᠶᠠᠨ ᠳᠤ ᠬᠤᠯᠪᠣᠭᠠᠰᠤᠲᠠᠢ︾ ᠪᠠᠶᠢᠬᠤ ᠶᠢ ᠪᠠᠷᠢᠮᠲᠠᠯᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠪᠤᠳᠠᠯ ᠤᠳ ᠤᠨ ᠰᠦᠯᠵᠢᠶᠡᠨ ᠳᠡᠭᠡᠷ᠎ᠡ ᠰᠢᠢᠳᠪᠦᠷᠢᠯᠡᠬᠦ ᠬᠠᠷᠢᠴᠠᠯ 90% ᠳᠡᠭᠡᠭᠰᠢ ᠬᠦᠷᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠨᠢ ᠦᠨᠳᠦᠰᠦᠨ ᠱᠠᠲᠣᠨ ᠤᠷᠤᠭᠤ ᠥᠷᠭᠡᠳᠬᠡᠬᠦ ᠶᠢ ᠠᠬᠢᠭᠤᠯᠬᠤ᠂ ᠪᠠᠯᠭᠠᠰᠤ ᠲᠣᠰᠬᠤᠨ ᠤ ᠨᠡᠶᠢᠭᠡᠮ ᠲᠤᠭᠤᠷᠢᠭ ᠤᠨ ᠣᠷᠣᠯᠠᠨ ᠭᠦᠢᠴᠡᠳᠬᠡᠭᠴᠢ ᠴᠢᠭ ᠤᠨ ᠦᠢᠯᠡᠴᠢᠯᠡᠭᠡᠨ ᠤ ᠬᠦᠴᠦᠨ ᠴᠢᠳᠠᠯ ᠢ ᠳᠡᠭᠡᠭᠰᠢᠯᠡᠭᠦᠯᠬᠦ᠂ ᠠᠷᠠᠳ ᠳᠦᠮᠠᠠ ᠤ ᠬᠡᠷᠡᠭ ᠶᠠᠪᠤᠳᠠᠯ ᠰᠢᠢᠳᠪᠤᠷᠢᠯᠡᠬᠦ ᠶᠢ ᠤᠯᠠᠮ ᠳᠥᠭᠦᠮ ᠱᠠᠯᠠᠮᠠᠭᠠᠢ ᠪᠣᠯᠭᠠᠨ᠎ᠠ᠃      ᠭᠤᠷᠪᠠᠳᠤᠭᠠᠷ ᠲᠤ᠂ ᠲᠤᠷᠰᠢᠯᠲᠠ ᠶᠢᠨ ᠴᠡᠭ ᠪᠣᠯᠤᠨ ᠦᠪᠡᠷ ᠢᠶᠠᠨ ᠡᠵᠡᠨ ᠮᠡᠳᠡᠨ ᠰᠦᠪᠡᠭᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠣᠨ᠎ᠠ᠃ ᠣᠷᠣᠰᠢᠭᠤᠯᠤᠯᠤᠭ᠎ᠠ ᠶᠢᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠬᠤ᠂ ᠥᠪᠡᠷᠲᠡᠭᠡᠨ ᠵᠠᠰᠠᠬᠤ ᠤᠷᠤᠡ ᠤ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ᠂ ᠪᠦᠬᠦ ᠬᠤᠳᠠ ᠶᠢᠨ ᠠᠳᠠᠷ ᠬᠠᠭᠠᠯᠪᠤᠷᠢᠯᠠᠵᠤ ᠰᠡᠯᠭᠦᠵᠦ ᠲᠠᠷᠢᠬᠤ᠂ ᠨᠣᠮ ᠤᠨ ᠰᠠᠩ ᠤᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ ᠰᠠᠶᠢᠲᠤᠷ ᠠᠳᠬᠤᠨ᠎ᠠ᠃ ᠳᠠᠭᠠᠭᠠᠴᠢᠯᠠᠭᠰᠠᠨ ᠭᠠᠵᠠᠷ ᠤᠨ ︽ᠭᠤᠷᠪᠠᠨ ᠡᠷᠬᠡ︾ ᠬᠤᠪᠢᠶᠠᠷᠢᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ︽ᠭᠠᠵᠠᠷ ᠰᠢᠷᠣᠢ ᠶᠢᠨ ᠪᠠᠩᠬᠢ︾ ᠶᠢ ᠪᠠᠶᠢᠭᠤᠯᠬᠤ᠂ ᠣᠨ ᠵᠢᠯ ᠬᠡᠰᠡᠭᠯᠡᠬᠦ ᠪᠠᠷ ᠳᠠᠮᠵᠢᠨ ᠰᠢᠯᠵᠢᠯᠳᠠ ᠶᠢᠨ ᠦᠨ᠎ᠠ ᠬᠠᠩᠰᠢ᠂ ᠪᠦᠯᠦᠭ ᠪᠠᠭᠴᠠ ᠬᠤᠪᠢᠶᠠᠨ ᠳᠤᠮᠳᠠ ᠣᠬᠤᠷ ᠬᠤᠭᠤᠴᠠᠭ᠎ᠠ ᠶᠢᠨ ᠭᠠᠵᠠᠷ ᠰᠢᠷᠦᠢ ᠶᠢᠨ ᠰᠢᠯᠵᠢᠯᠳᠠ ᠶᠢ ᠪᠠᠲᠤᠯᠠᠬᠤ᠂ ᠲᠠᠷᠢᠶᠠᠴᠢᠨ ᠤ ᠠᠯᠤᠰ ᠬᠡᠲᠦ ᠶᠢᠨ ᠣᠯᠵᠠᠪᠤᠷᠢ ᠪᠠᠭᠤᠷᠠᠬᠤ ᠦᠭᠡᠢ ᠶᠢ ᠯᠠᠪᠲᠠᠶ᠎ᠠ ᠪᠠᠲᠤᠯᠠᠬᠤ ; ᠲᠠᠷᠢᠶᠠᠴᠢᠨ ᠤ ᠭᠠᠵᠠᠷ ᠰᠢᠷᠦᠢ ᠶᠢᠨ ᠰᠢᠯᠵᠢᠯᠳᠠ ᠶᠢᠨ ᠣᠯᠵᠠᠪᠤᠷᠢ ᠶᠢ ᠳᠠᠭᠠᠭᠤᠯᠬᠤ᠂ ᠨᠠᠰᠤᠵᠢᠯ ᠤᠨ ᠳᠠᠭᠠᠳᠬᠠᠯ ᠢᠶᠠᠨ ᠲᠡᠷᠢᠭᠦᠯᠡᠨ ᠲᠤᠰᠢᠶᠠᠬᠤ᠂ ᠦᠨᠳᠦᠰᠦᠨ ᠠᠴᠠ ᠪᠠᠨ ᠠᠷᠠᠳ ᠤᠨ ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ᠎ᠠ᠃ ᠬᠦᠳᠡᠭᠡ ᠳᠣᠰᠬᠤᠠ ᠤ ᠦᠮᠴᠢᠯᠠᠬᠦ ᠡᠷᠬᠡ ᠶᠢᠨ ᠠᠷᠠᠯᠵᠢᠶᠠᠨ ᠤ ᠲᠥᠪ ᠢ ᠰᠦᠪᠡᠭᠴᠢᠯᠡᠨ ᠪᠠᠶᠢᠭᠤᠯᠬᠤ᠂ ᠬᠦᠯᠡᠮᠵᠢ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠥᠮᠴᠢᠯᠡᠬᠦ ᠡᠷᠬᠡ ᠶᠢ ᠬᠠᠶᠠᠵᠤ ᠪᠠᠷᠢᠴᠠᠭᠠᠯᠠᠨ ᠵᠢᠭᠡᠯᠡᠯᠭᠡ ᠠᠪᠬᠤ ᠵᠠᠭᠪᠤᠷ ᠤᠨ ᠰᠢᠨ᠎ᠡ ᠶᠢ ᠡᠭᠦᠳᠬᠦ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠡ ᠶᠢᠨ ᠭᠤᠣᠯ ᠴᠣᠭᠴᠠ ᠶᠢᠨ ︽ᠵᠢᠭᠡᠯᠡᠯᠭᠡ ᠬᠢᠬᠦ ᠳᠤ ᠬᠦᠴᠢᠷ᠂ ᠪᠠᠲᠤᠯᠠᠬᠤ ᠳᠤ ᠬᠦᠴᠢᠷ᠂ ᠪᠠᠯᠠ ᠮᠦᠩᠬᠦ ᠤᠷᠣᠭᠤᠯᠬᠤ ᠳᠤ ᠬᠦᠴᠢᠷ︾ ᠠᠰᠠᠭᠤᠳᠠᠯ ᠢ ᠲᠤᠰᠠᠲᠠᠢ ᠰᠢᠢᠳᠪᠦᠷᠢᠯᠡᠨ᠎ᠡ᠃      ︵ᠳᠣᠯᠤᠭ᠎ᠠ︶ ᠨᠡᠶᠢᠭᠡᠮ ᠤᠨ ᠠᠵᠤ ᠦᠢᠯᠡᠰ ᠢ ᠪᠦᠬᠦ ᠬᠦᠴᠦᠨ ᠢᠶᠠᠷ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠰᠢᠨ᠎ᠡ ᠪᠦᠲᠦᠮᠵᠢ ᠣᠯᠣᠨ᠎ᠠ᠃ ︽ᠠᠷᠠᠳ ᠤᠨ ᠠᠮᠢᠳᠤᠷᠠᠯ ᠡᠷᠬᠢᠮ ᠳᠡᠭᠡᠳᠦ︾ ᠤᠶᠢᠯᠠᠭᠠᠬᠳᠠᠬᠤᠨ ᠢ ᠢᠮᠠᠭᠲᠠ ᠬᠦᠯᠢᠶᠡᠨ ᠠᠪᠬᠤ᠂ ᠠᠷᠠᠣᠠ ᠳᠦᠮᠠᠠ ᠢᠶᠠᠷ ᠲᠦᠪ ᠪᠣᠯᠭᠠᠨ᠂ ᠠᠷᠠᠳ ᠤᠨ ᠠᠮᠢᠳᠤᠷᠠᠯ ᠤᠨ ᠲᠥᠯᠥᠭᠡ ᠠᠰᠢᠭ ᠬᠥᠭᠡᠭᠡᠴᠡᠯᠳᠦᠬᠦ᠂ ᠠᠷᠠᠳ ᠤᠨ ᠠᠮᠢᠳᠤᠷᠠᠯ ᠤᠨ ᠰᠠᠨᠠᠭᠠᠰᠢᠷᠠᠯ ᠢ ᠢᠯᠡᠭᠦᠦ ᠣᠶᠢᠯᠠᠭᠠᠬᠤ᠂ ᠬᠦᠭᠵᠢᠯᠳᠡ ᠶᠢᠨ ᠳᠤᠮᠳᠠ ᠠᠷᠠᠳ ᠤᠨ ᠠᠮᠢᠳᠤᠷᠠᠯ ᠤᠨ ᠳᠤᠲᠠᠭᠳᠠᠯ ᠲᠠᠢ ᠲᠠᠯ᠎ᠠ ᠶᠢ ᠨᠦᠬᠦᠵᠤ ᠭᠦᠢᠴᠡᠳᠬᠡᠨ᠎ᠡ᠃      ᠨᠢᠭᠡᠳᠦᠭᠡᠷ ᠲᠤ᠂ ᠴᠢᠨᠠᠷᠯᠢᠭ ᠰᠤᠷᠭᠠᠨ ᠬᠥᠮᠥᠵᠢᠯ ᠢ ᠬᠥᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠠᠶᠢᠨ ᠴᠢᠨᠠᠷ ᠲᠡᠩᠴᠡᠭᠦᠷᠢ ᠲᠠᠢ ᠬᠦᠭᠵᠢᠯᠳᠡ ᠶᠢ ᠪᠦᠬᠦ ᠬᠦᠴᠣᠠ ᠢᠶᠠᠷ ᠲᠦᠯᠬᠢᠨ ᠠᠬᠢᠭᠤᠯᠬᠤ᠂ 7 ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠩᠬᠢᠮ ᠪᠣᠯᠤᠨ 2 ᠬᠦᠳᠡᠭᠡ ᠳᠣᠰᠬᠤᠠ ᠤ ᠬᠡᠦᠬᠡᠳ ᠤᠨ ᠴᠡᠴᠡᠷᠯᠢᠭ ᠢ ᠪᠠᠶᠢᠭᠤᠯᠣᠠ ᠪᠦᠳᠣᠬᠡᠬᠦ᠂ ᠰᠤᠷᠭᠠᠭᠤᠯᠢ ᠡᠷᠬᠢᠯᠡᠬᠦ ᠨᠥᠬᠦᠴᠡᠯ ᠢ ᠳᠠᠰᠣᠷᠠᠯᠳᠠ ᠦᠬᠡᠢ ᠰᠠᠶᠢᠵᠢᠷᠠᠭᠤᠯᠤᠨ᠎ᠠ᠃ ᠨᠢᠭᠡᠳᠦᠭᠡᠷ ᠳᠣᠮᠳᠠᠳᠣ ᠰᠣᠷᠭᠠᠭᠤᠯᠢ ᠶᠢ ᠬᠦᠴᠦᠲᠡᠢ ᠬᠦᠭᠵᠢᠬᠦᠯᠬᠦ᠂ ᠰᠢᠨ᠎ᠡ ᠰᠣᠷᠭᠠᠭᠤᠯᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠡᠬᠢᠯᠡᠭᠦᠯᠬᠦ᠂ ᠬᠢᠴᠢᠶᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ᠂ ᠤᠯᠠᠭᠠᠨᠬᠠᠳᠠ ᠶᠢᠨ ᠵᠢᠩ ᠱᠠᠨ ᠲᠤᠮᠳᠠᠳᠤ ᠰᠤᠷᠭᠠᠭᠤᠯᠢ ᠲᠠᠢ ᠬᠤᠷᠰᠢᠬᠤ ᠶᠢ ᠴᠢᠩᠭᠠᠣᠠᠬᠠᠬᠤ᠂ ᠭᠤᠤᠯᠳᠠᠯᠭ᠎ᠠ ᠲᠠᠢ ᠵᠢᠩᠬᠢᠨᠢ ᠠᠩᠭᠢ ᠶᠢᠨ ᠰᠤᠷᠭᠠᠭᠤᠯᠢ ᠳᠤ ᠳᠡᠪᠰᠢᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠠᠵᠤ ᠦᠢᠯᠡᠰ ᠪᠣᠯᠤᠨ ᠰᠤᠷᠭᠠᠨ ᠬᠥᠮᠥᠵᠢᠯ ᠢ ᠠᠭᠤᠰᠤᠯᠴᠠᠨ ᠨᠡᠶᠢᠯᠡᠭᠦᠯᠬᠦ᠂ ᠰᠤᠷᠭᠠᠭᠤᠯᠢ ᠠᠵᠤ ᠠᠬᠤᠶᠢᠯᠠᠯ ᠶᠢᠨ ᠬᠤᠷᠰᠢᠬᠤ ᠶᠢ ᠲᠦᠷᠭᠡᠯᠡᠬᠦ᠂ ᠣᠷᠣᠨ ᠨᠤᠲᠤᠭ ᠤᠨ ᠬᠡᠷᠡᠭᠯᠡᠭᠡᠨ ᠤ ᠴᠢᠳᠠᠪᠤᠷᠢᠲᠠᠨ ᠢ ᠬᠦᠴᠦᠯᠡᠨ ᠬᠥᠮᠥᠵᠢᠭᠦᠯᠦᠨ᠎ᠡ᠃ ᠪᠦᠬᠦ ᠳᠠᠯ᠎ᠠ ᠪᠠᠷ ᠪᠠᠭᠰᠢ ᠶᠢᠨ ᠡᠭᠨᠡᠭᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠣᠠᠬᠠᠬᠤ᠂ ᠪᠠᠭᠰᠢ ᠨᠥᠬᠦᠪᠥᠷᠢᠯᠡᠬᠦ ᠠᠷᠭ᠎ᠠ ᠵᠠᠮ ᠢ ᠰᠠᠭᠠᠣᠠ ᠦᠬᠡᠢ ᠨᠡᠪᠲᠡᠷᠡᠭᠦᠯᠬᠦ᠂ ᠤᠯᠤᠰ ᠤᠨ ᠰᠤᠷᠭᠠᠡ‌‍ᠬᠦ᠋ᠮᠦᠵᠢᠯ ᠤᠨ ᠵᠠᠰᠠᠭ ᠵᠠᠭᠢᠷᠭᠠᠡ ᠤ ᠲᠠᠭᠡᠳᠤ ᠰᠤᠷᠭᠠᠭᠤᠯᠢ ᠲᠠᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠣᠠᠬᠠᠬᠤ᠂ ᠵᠢᠩᠬᠢᠨᠢ ᠪᠠᠷ ᠠᠷᠠᠳ ᠳᠦᠮᠠᠠ ᠳᠤ ᠬᠠᠨᠤᠮᠵᠢᠲᠠᠢ ᠰᠣᠷᠭᠠᠨ ᠬᠦᠮᠦᠵᠢᠯ ᠬᠢᠨ᠎ᠡ᠃      ᠬᠤᠶᠠᠳᠤᠭᠠᠷ ᠲᠤ᠂ ᠬᠤᠲᠠ ᠬᠥᠳᠡᠭᠡ ᠶᠢᠨ ᠰᠣᠶᠣᠯ ᠢ ᠪᠠᠳᠠᠷᠠᠭᠤᠯᠤᠨ᠎ᠠ᠃ ᠰᠢᠨ᠎ᠡ ᠴᠠᠭ ᠦᠶ᠎ᠡ ᠶᠢᠨ ᠦᠵᠡᠯ ᠤᠬᠠᠮᠰᠠᠷ ᠤᠨ ᠬᠡᠯᠪᠡᠷᠢ ᠶᠢᠨ ᠤᠳᠣᠷᠢᠣᠠᠬᠤ ᠡᠷᠬᠡ ᠪᠣᠯᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠂ ᠪᠦᠬᠦ ᠤᠷᠣᠠ ᠤ ᠳᠠᠷᠢᠬᠦᠠ ᠤ ᠰᠢᠶᠠᠠ ᠤ ᠳᠠᠰ ᠤᠨ ᠠᠭᠤᠰᠤᠯᠴᠠᠭᠰᠠᠨ ᠵᠠᠭᠤᠴᠢᠯᠠᠭᠤᠷ ᠤᠨ ᠲᠦᠪ᠂ ᠪᠦᠬᠦ ᠤᠯᠣᠰ ᠤᠨ ᠬᠠᠮᠤᠭ ᠠᠴᠠ ᠲᠥᠯᠥᠭᠡᠯᠡᠬᠦ ᠴᠢᠨᠠᠷ ᠲᠠᠢ ᠰᠢᠨ᠎ᠡ ᠴᠠᠭ ᠦᠶ᠎ᠡ ᠶᠢᠨ ᠰᠤᠶᠤᠯ ᠪᠤᠯᠪᠠᠰᠤᠨ ᠤ ᠦᠢᠯᠡᠳᠦᠯᠬᠡ ᠶᠢᠨ ᠲᠦᠪ ᠶᠢ ᠪᠠᠶᠢᠭᠤᠯᠤᠨ ᠪᠡᠶᠡᠯᠡᠭᠦᠯᠬᠦ ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡᠷ ᠢ ᠪᠠᠲᠤᠳᠬᠠᠨ ᠬᠦᠴᠦᠷᠬᠡᠭᠵᠢᠬᠦᠯᠣᠨ᠎ᠠ᠃ ︽ᠰᠤᠶᠤᠯ ᠤᠨ ᠬᠦᠷᠳᠡᠬᠡᠮᠵᠢ︾ ᠶᠢᠨ ᠢᠨᠵᠧᠨᠧᠷᠢᠩ ᠢ ᠬᠦᠴᠦᠯᠡᠨ ᠬᠡᠷᠡᠭᠵᠢᠬᠦᠯᠬᠦ᠂ ᠨᠣᠮ ᠤᠨ ᠰᠠᠩ᠂ ᠬᠥᠯ ᠪᠥᠮᠪᠥᠭᠡᠨ ᠤ ᠲᠠᠯᠠᠪᠠᠢ᠂ ᠺᠢᠨᠣ᠋ ᠵᠦᠴᠦᠭᠡ ᠶᠢᠨ ᠣᠷᠳᠣᠨ ᠪᠣᠯᠤᠨ ᠰᠠᠭᠤᠭᠠᠯᠢ ᠠᠷᠠᠳ ᠤᠨ ᠪᠠᠶ᠎ᠡ ᠪᠣᠯᠪᠠᠰᠤᠷᠠᠯ ᠤᠨ ᠬᠦᠳᠡᠯᠭᠡᠭᠡᠨ ᠤ ᠲᠦᠪ ᠢ ᠪᠠᠶᠢᠭᠤᠯᠣᠠ ᠪᠦᠳᠣᠬᠡᠬᠦ᠂ 20 ᠲᠤᠰᠬᠤᠨ ᠤ ᠠᠷᠠᠳ ᠤᠨ ᠳᠣᠭᠤᠶᠢᠢᠯᠠᠩ ᠤᠨ ᠬᠦᠳᠡᠯᠭᠡᠭᠡᠨ ᠤ ᠲᠠᠯᠠᠪᠠᠢ ᠶᠢ ᠰᠢᠨ᠎ᠡ ᠪᠠᠷ ᠥᠭᠡᠷᠡᠴᠢᠯᠡᠨ ᠪᠠᠶᠢᠭᠤᠯᠬᠤ᠂ ᠳᠠᠷᠢᠬᠦᠠ ᠳᠠᠰ ᠤᠨ ᠬᠢᠷᠢ ᠬᠡᠮᠵᠢᠶ᠎ᠠ᠂ ᠳᠠᠷᠢᠬᠦᠠ ᠳᠠᠰ ᠤᠨ ᠦᠢᠯᠡᠴᠢᠯᠡᠭᠡᠨ ᠤ ︽ᠬᠤᠪᠢᠰᠬᠠᠯ ᠤᠨ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠢ ᠬᠥᠮᠥᠵᠢᠭᠦᠯᠬᠦ᠂ ︽ᠪᠣᠷᠣᠲᠣᠬᠤᠢ ᠶᠢᠨ ᠠᠷᠠᠳ ᠤᠨ ᠲᠠᠭᠤᠨ ᠤ ᠥᠯᠥᠭᠡᠢ︾ ᠶᠢᠨ ᠵᠢᠱᠢᠶ᠎ᠠ ᠦᠵᠡᠬᠦᠯᠬᠦ ᠶᠢᠨ ᠴᠡᠭ ᠢ ᠳᠡᠬᠦᠯᠳᠡᠷᠵᠢᠬᠦᠯᠬᠦ᠂ ᠬᠥᠮᠥᠨ ᠪᠦᠬᠦᠨ ᠤ ᠪᠠᠭ᠋ᠠᠷᠬᠠᠯ ᠢ ᠲᠠᠲᠠᠳᠠᠭ᠂ ᠨᠠᠷᠢᠯᠢᠭ ᠰᠠᠶᠢᠬᠠᠨ ︽ᠪᠣᠷᠣᠲᠣᠬᠤᠢ ᠶᠢᠨ ᠲᠠᠷᠢᠶᠠᠯᠠᠬᠤ ᠰᠣᠶᠣᠯ︾ ᠤᠨ ᠵᠦᠴᠦᠭᠡ ᠶᠢ ᠵᠣᠬᠢᠶᠠᠨ ᠪᠦᠲᠦᠭᠡᠬᠦ᠂ ︽ᠳᠤᠮᠳᠠᠳᠤ ᠤᠯᠤᠰ ᠤᠨ ᠰᠢᠯᠦᠭ ᠳᠠᠭᠤᠯᠠᠯ ᠤᠨ ᠥᠯᠥᠭᠡᠢ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠬᠦ᠂ ︽ᠳᠤᠮᠳᠠᠳᠤ ᠶᠢᠨ ᠠᠷᠤ ᠭᠠᠵᠠᠷ ᠤᠨ ᠰᠢᠯᠦᠭ ᠳᠠᠭᠤᠯᠠᠯ ᠤᠨ ᠨᠡᠷᠡᠲᠦ ᠬᠤᠳᠠ︾ ᠶᠢ ᠪᠦᠲᠦᠭᠡᠨ ᠪᠠᠶᠢᠭᠤᠯᠤᠨ᠎ᠠ᠃ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠳᠤᠷᠠᠰᠬᠠᠯ ᠤᠨ ᠰᠢᠷᠢᠰ ᠬᠦᠳᠡᠯᠭᠡᠭᠡᠨ ᠢ ᠭᠦᠨᠵᠡᠭᠡᠶᠢᠷᠡᠭᠦᠯᠦᠨ ᠶᠠᠪᠤᠭᠳᠠᠭᠤᠯᠬᠤ᠂ ᠳᠠᠷᠢᠶᠠᠴᠢᠠ ᠤ ᠲᠠᠮᠢᠷ ᠤᠨ ᠤᠷᠤᠯᠳᠤᠭᠠᠨ᠂ ᠥᠯᠵᠡᠶᠢᠲᠦ ᠡᠳᠦᠷ ᠤᠨ ᠪᠠᠶᠠᠷ᠂ ᠪᠣᠷᠣᠲᠣᠬᠤᠢ ᠶᠢᠨ ᠲᠠᠷᠢᠶᠠᠯᠠᠬᠤ ᠰᠣᠶᠣᠯ ᠤᠨ ᠨᠠᠶᠢᠷ ᠵᠡᠷᠭᠡ ᠬᠦᠳᠡᠯᠭᠡᠭᠡᠨ ᠢ ᠰᠠᠶᠢᠬᠠᠨ ᠡᠷᠬᠢᠯᠡᠬᠦ᠂ ᠬᠤᠳᠠ ᠬᠦᠳᠡᠭᠡ ᠶᠢᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ᠂ ᠪᠦᠬᠦ ᠤᠯᠣᠰ ᠤᠨ ᠤᠯᠠᠠ ᠳᠦᠮᠠᠠ ᠤ ᠪᠡᠶ᠎ᠡ ᠶᠢᠨ ᠲᠠᠮᠢᠷ ᠤᠨ ᠵᠢᠱᠢᠶᠠᠴᠢ ᠰᠢᠶᠠᠨ ᠢ ᠴᠢᠷᠮᠠᠶᠢᠨ ᠪᠠᠶᠢᠭᠤᠯᠤᠨ᠎ᠠ᠃      ᠭᠤᠷᠪᠠᠳᠤᠭᠠᠷ ᠲᠤ᠂ ᠡᠷᠡᠭᠦᠯ ᠴᠢᠭᠢᠷᠠᠭ ᠦᠶᠤᠸᠠᠨ ᠢ ᠪᠦᠲᠦᠭᠡᠨ ᠪᠠᠶᠢᠭᠤᠯᠤᠨ᠎ᠠ᠃ ᠡᠮ ᠡᠮᠨᠡᠯᠭᠡ ᠶᠢᠨ ᠪᠦᠯᠦᠭᠯᠡᠯ ᠪᠣᠯᠤᠨ ᠡᠮ ᠡᠮᠨᠡᠯᠭᠡ ᠶᠢᠨ ᠨᠠᠶᠢᠯᠠᠮᠠᠯ ᠴᠣᠭᠴᠠ ᠶᠢᠨ ᠡᠵᠡᠩᠨᠡᠯᠳ᠋ᠨ ᠶᠢ ᠳᠦᠷᠢᠮᠵᠢᠬᠦ᠂ ᠡᠬᠢ ᠪᠠᠶᠠᠯᠢᠭ᠂ ᠰᠠᠯᠠᠭ᠎ᠠ ᠮᠥᠴᠢᠷ ᠪᠣᠯᠤᠨ ᠠᠵᠢᠯᠲᠠᠨ ᠤ ᠨᠢᠭᠡᠳᠦᠯᠲᠡ ᠶᠢ ᠲᠦᠷᠭᠡᠯᠡᠨ ᠪᠡᠶᠡᠯᠡᠭᠦᠯᠬᠦ᠂ ᠳᠠᠪᠠᠭᠤᠯᠢᠭ ᠣᠨᠴᠠᠯᠢᠭ ᠲᠠᠢ ᠲᠤᠰᠬᠠᠢ ᠮᠡᠷᠭᠡᠵᠢᠯ ᠤᠨ ᠰᠠᠯᠪᠤᠷᠢ ᠶᠢ ᠪᠦᠳᠤᠭᠡᠬᠦ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠬᠡᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠠᠷᠢ ᠶᠢᠨ ᠭᠠᠵᠠᠷ ᠲᠤ ᠡᠮᠨᠡᠭᠦᠯᠬᠦ ᠳᠤ ᠰᠢᠭᠤᠳ ᠳ᠋ᠦᠩᠨᠡᠨ ᠪᠣᠳᠣᠬᠤ ᠶᠢ ᠲᠦᠯᠬᠢᠨ ᠠᠬᠢᠭᠤᠯᠬᠤ᠂ ︽ᠦᠨᠳᠦᠰᠦᠨ ᠳᠠᠪᠬᠤᠷᠭ᠎ᠠ ᠳᠤ ᠠᠩᠬ᠎ᠠ ᠡᠮᠨᠡᠬᠦ᠂ ᠳᠡᠰ ᠬᠤᠪᠢᠶᠠᠨ ᠣᠨᠣᠰᠢᠯᠠᠨ ᠡᠮᠨᠡᠬᠦ᠂ ᠬᠤᠶᠠᠷ ᠴᠢᠭᠯᠡᠯᠲᠦ ᠰᠢᠯᠵᠢᠨ ᠡᠮᠨᠡᠬᠦ︾ ᠡᠪᠡᠳᠴᠢᠨ ᠦᠵᠡᠭᠦᠯᠬᠦ ᠰᠢᠨ᠎ᠡ ᠪᠦᠲᠦᠴᠡ ᠮᠠᠶ᠋ᠢᠭ ᠢ ᠴᠢᠷᠮᠠᠶᠢᠨ ᠪᠦᠷᠢᠯᠳᠦᠭᠦᠯᠦᠨ᠎ᠡ᠃ ᠰᠢᠶᠠᠨ ᠤ ᠡᠮᠨᠠᠯᠭᠡ ᠶᠢᠨ ᠬᠤᠷᠢᠶᠠᠨ ᠤ ᠪᠠᠶᠢᠭᠤᠯᠣᠠ ᠪᠦᠳᠣᠬᠡᠬᠦ ᠠᠵᠢᠯ ᠢ ᠴᠢᠷᠮᠠᠶᠢᠨ ᠳᠠᠭᠤᠰᠬᠤ᠂ ᠰᠢᠨ᠎ᠠ ᠭᠦᠩ ᠵᠦᠩ ᠪᠠᠷᠢᠮᠵᠢᠶᠠᠯᠠᠭᠰᠠᠨ ᠡᠷᠠᠬᠦᠯ ᠬᠠᠮᠠᠭᠠᠯᠠᠯ ᠤᠨ ᠬᠤᠷᠢᠶ᠎ᠠ᠂ ᠶᠠᠰᠤ ᠵᠠᠰᠠᠬᠤ ᠡᠮᠨᠠᠯᠭᠡ ᠶᠢᠨ ᠬᠤᠷᠢᠶ᠎ᠠ ᠶᠢ ᠬᠡᠷᠡᠭᠯᠡᠯᠳᠠ ᠳᠤ  ᠤᠷᠤᠭᠤᠯᠤᠨ᠎ᠠ᠃ ᠪᠦᠬᠦ ᠠᠷᠠᠣᠠ ᠤᠨ ᠳᠠᠭᠠᠣᠠᠬᠠᠯ ᠳᠤ ᠣᠷᠣᠭᠤᠯᠬᠤ ᠳᠦᠯᠦᠪᠯᠡᠯᠬᠡ ᠶᠢ ᠬᠦᠴᠦᠯᠡᠨ ᠬᠡᠷᠡᠭᠵᠢᠬᠦᠯᠬᠦ᠂ ᠨᠡᠶᠢᠭᠡᠮ ᠲᠤᠭᠤᠷᠢᠭ ᠢᠶᠠᠷ ᠲᠦᠰᠢᠭ ᠪᠣᠯᠭᠠᠬᠤ ︽ᠡᠮᠨᠡᠬᠦ ᠠᠰᠠᠷᠠᠬᠤ ᠤᠶᠠᠯᠳᠤᠭᠰᠠᠨ︾ ᠨᠠᠰᠤᠲᠠᠨ ᠢ ᠠᠰᠠᠷᠠᠬᠤ ᠵᠠᠭᠪᠤᠷ ᠢ ᠶᠠᠪᠤᠭᠳᠠᠭᠤᠯᠬᠤ᠂ ᠵᠢᠢ ᠺᠠᠩ ᠡᠮᠨᠡᠬᠦ ᠠᠰᠠᠷᠠᠬᠤ ᠬᠦᠷᠢᠶᠡᠯᠡᠭ ᠤᠨ ᠪᠦᠳᠦᠭᠡᠨ ᠪᠠᠶᠢᠭᠤᠯᠤᠯᠳᠠ ᠶᠢ ᠬᠥᠳᠡᠯᠭᠡᠬᠦ᠂ ᠪᠦᠬᠦ ᠤᠷᠣᠠ ᠤ ᠡᠮᠨᠡᠬᠦ ᠠᠰᠠᠷᠠᠬᠤ ᠤᠶᠠᠯᠳᠤᠭᠰᠠᠨ ᠵᠢᠱᠢᠶ᠎ᠠ ᠦᠵᠡᠬᠦᠯᠬᠦ ᠰᠢᠶᠠᠨ ᠢ ᠪᠦᠲᠦᠭᠡᠨ  ᠪᠠᠶᠢᠭᠤᠯᠤᠨ᠎ᠡ᠃ ᠨᠡᠶᠢᠬᠡᠮ ᠤᠨ ᠡᠮ ᠡᠮᠨᠡᠯᠭᠡ ᠬᠢᠬᠦ ᠶᠢ ᠳᠡᠮᠵᠢᠬᠦ᠂ ᠬᠡᠷ ᠪᠦᠯᠢ ᠶᠢᠨ ᠡᠮᠴᠢ ᠶᠢᠨ ᠬᠡᠷ᠎ᠠ ᠳᠣᠬᠳᠠᠬᠤ ᠦᠢᠯᠡᠴᠢᠯᠡᠭᠡ ᠶᠢ ᠶᠠᠪᠤᠭᠳᠠᠭᠤᠯᠤᠨ᠎ᠠ᠃      ᠳᠥᠷᠪᠡᠳᠦᠭᠡᠷ ᠲᠤ᠂ ᠠᠷᠠᠳ ᠤᠨ ᠠᠮᠢᠳᠤᠷᠠᠯ ᠤᠨ ᠪᠠᠳᠤᠯᠭ᠎ᠠ ᠶᠢ ᠴᠢᠩᠭᠠᠳᠬᠠᠨ᠎ᠠ᠃ ︽ᠴᠢᠳᠠᠪᠤᠷᠢᠳᠠᠠ ᠤ ᠭᠠᠷᠮᠠᠭᠠᠢ ᠰᠢᠶᠠᠨ︾ ᠤ ᠪᠠᠶᠢᠯᠳᠤᠬᠤ ᠪᠣᠳᠣᠯᠭ᠎ᠠ ᠶᠢ ᠳᠣᠪᠣᠶᠢᠯᠭᠠᠬᠤ᠂ ᠬᠤᠪᠣᠷ ᠬᠤᠮᠰᠠ ᠴᠢᠳᠠᠪᠤᠷᠢᠳᠠᠠ ᠢ ᠬᠦᠴᠦᠯᠡᠨ ᠲᠠᠨᠢᠯᠴᠠᠭᠤᠯᠬᠤ᠂ ᠪᠦᠬᠦ ᠳᠠᠯ᠎ᠠ ᠪᠠᠷ ᠴᠢᠳᠠᠪᠤᠷᠢᠳᠠᠠ ᠤ ᠪᠦᠳᠣᠴᠠ ᠶᠢ ᠰᠢᠯᠢᠳᠡᠭᠵᠢᠭᠦᠯᠣᠨ᠎ᠠ᠃ ᠣᠯᠠᠨ ᠳᠡᠰ ᠳᠠᠪᠬᠤᠷᠭ᠎ᠠ ᠶᠢ ᠪᠦᠷᠢᠯᠳᠦᠭᠦᠯᠵᠦ᠂ ᠨᠤᠲᠤᠭ ᠲᠤ ᠪᠠᠨ ᠪᠤᠴᠠᠨ ᠣᠯᠠᠨ ᠶᠠᠩᠵᠤ ᠮᠠᠶ᠋ᠢᠭ ᠤᠨ ᠲᠣᠬᠢᠷᠠᠭᠤᠯᠤᠯᠲᠠ ᠬᠢᠵᠦ ᠠᠳᠠᠯ ᠦᠢᠯᠡᠰ ᠪᠣᠰᠬᠠᠬᠤ ᠪᠠᠶᠢᠷᠢᠰᠢᠭᠤᠯᠤᠯᠳᠠ ᠶᠢ ᠪᠠᠶᠢᠭᠤᠯᠬᠤ᠂ ᠬᠤᠲᠠ ᠪᠠᠯᠭᠠᠰᠤᠨ ᠤ ᠰᠢᠨ᠎ᠠ ᠪᠠᠷ ᠠᠵᠢᠯ ᠣᠯᠣᠭᠰᠠᠳ ᠤᠨ ᠲᠤᠭ᠎ᠠ 1350 ᠬᠦᠷᠬᠦ᠂ ᠠᠳᠠᠯ ᠦᠢᠯᠡᠰ ᠪᠣᠰᠬᠠᠬᠤ ᠪᠠᠲᠣᠯᠭᠠᠲᠣ ᠵᠢᠭᠡᠯᠡᠯᠭᠡ ᠶᠢᠨ 1200 ᠲᠦᠮᠡᠨ ᠲᠥᠭᠦᠷᠢᠭ ᠲᠠᠯᠪᠢᠬᠤ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠨᠤᠷᠮ᠎ᠠ ᠶᠢ 4% ᠪᠠᠷ ᠬᠢᠵᠠᠭᠠᠷᠯᠠᠬᠤ᠂ 2.5 ᠲᠦᠮᠡᠨ ᠲᠠᠷᠢᠶᠠᠴᠢᠨ ᠤ ᠠᠵᠢᠯ ᠢ ᠰᠢᠯᠵᠢᠭᠦᠯᠬᠦ᠂ ᠴᠢᠨᠠᠷᠯᠢᠭ ᠰᠠᠶᠢᠨ ᠦᠢᠯᠡᠴᠢᠯᠡᠬᠦ ᠪᠣᠯᠤᠨ ᠨᠡᠩ ᠬᠦᠢᠴᠠᠣᠠ ᠠᠵᠢᠯ ᠣᠯᠣᠭᠰᠠᠳ ᠤᠨ ᠬᠦᠰᠡᠯ ᠢ ᠪᠡᠶᠡᠯᠡᠭᠦᠯᠦᠨ᠎ᠡ᠃ ᠨᠡᠶᠢᠭᠡᠮ ᠲᠤᠭᠤᠷᠢᠭ ᠤᠨ ᠬᠡᠷ ᠲᠡᠭᠡᠨ ᠨᠠᠰᠤᠲᠠᠨ ᠢ ᠠᠰᠠᠷᠠᠬᠤ ᠦᠢᠯᠡᠴᠢᠯᠡᠭᠡᠨ ᠢ ᠳᠡᠬᠦᠯᠳᠡᠷᠵᠢᠬᠦᠯᠬᠦ᠂ 2 ᠨᠡᠶᠢᠭᠡᠮ ᠲᠤᠭᠤᠷᠢᠭ ᠤᠨ ᠡᠳᠦᠷ ᠢᠶᠠᠷ ᠨᠠᠰᠤᠳᠠᠶᠢᠴᠤᠳ ᠢ ᠠᠰᠠᠷᠠᠬᠤ ᠲᠦᠪ ᠢ ᠪᠦᠳᠦᠭᠡᠨ ᠪᠠᠶᠢᠭᠤᠯᠤᠨ᠎ᠠ᠃ ᠬᠤᠲᠠ ᠪᠠᠯᠭᠠᠰᠤᠨ ᠤ ᠨᠠᠷᠢᠯᠢᠭ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ᠂ 50 ᠣᠷᠴᠢᠨ ᠠᠬᠤᠢ ᠶᠢᠨ ᠴᠡᠪᠡᠷᠯᠡᠭᠴᠢ ᠶᠢᠨ ︽ᠬᠠᠶᠢᠷ᠎ᠠ ᠬᠠᠯᠠᠮᠵᠢ ᠶᠢᠨ ᠥᠷᠲᠡᠭᠡ︾ ᠶᠢ ᠰᠢᠨ᠎ᠡ ᠪᠠᠷ ᠪᠠᠶᠢᠭᠤᠯᠬᠤ᠂ ᠬᠤᠲᠠ ᠪᠠᠯᠭᠠᠰᠤᠨ ᠤ ᠬᠦᠴᠢᠷᠲᠡᠢ ᠤᠯᠠᠠ ᠳᠦᠮᠠᠠ ᠢ ᠬᠠᠪᠰᠣᠷᠣᠠ ᠳᠠᠣᠠᠬᠦᠬᠦ ᠬᠦᠴᠦᠯᠡᠴᠡ ᠶᠢ ᠶᠠᠬᠡᠣᠠᠬᠡᠬᠦ᠂ ᠨᠠᠰᠤᠲᠠᠨ ᠢ ᠲᠦᠰᠢᠵᠦ᠂ ᠵᠡᠮᠳᠡᠭᠴᠦᠳ ᠢ ᠲᠤᠰᠠᠯᠠᠬᠤ᠂ ᠬᠦᠴᠢᠷᠳᠡᠯ ᠢ ᠲᠤᠰᠠᠯᠠᠬᠤ ᠠᠵᠢᠯ ᠢ ᠢᠳᠡᠪᠬᠢ ᠲᠠᠢ ᠪᠠᠷ ᠬᠥᠭᠵᠢᠭᠦᠯᠬᠦ᠂ ᠠᠯᠢᠪᠠ ᠬᠦᠴᠢᠷᠳᠡᠯ ᠳᠤ ᠲᠤᠯᠭᠠᠷᠠᠵᠤ ᠪᠠᠶᠢᠭ᠎ᠠ ᠤᠯᠠᠠ ᠳᠦᠮᠠᠠ ᠳᠤ ᠬᠠᠯᠠᠮᠵᠢ ᠬᠦᠷᠲᠡᠭᠡᠨ᠎ᠡ᠃ ᠬᠤᠪᠢ ᠶᠢᠨ ᠣᠯᠵᠠᠪᠤᠷᠢ ᠶᠢᠨ ᠭᠠᠶᠢᠯᠢ ᠶᠢᠨ ᠲᠤᠰᠬᠠᠢ ᠳᠠᠭᠠᠯᠲᠠ ᠶᠢ ᠬᠠᠰᠤᠵᠤ ᠭᠠᠷᠭᠠᠬᠤ ᠳᠦᠷᠦ ᠶᠢᠨ ᠪᠤᠳᠤᠯᠭ᠎ᠠ ᠶᠢ ᠶᠠᠪᠤᠭᠳᠠᠭᠤᠯᠬᠤ᠂ ᠠᠯᠪᠠᠲᠠᠨ ᠪᠣᠯᠤᠨ ᠠᠵᠢᠯ ᠦᠢᠯᠡᠰ ᠤᠨ ᠠᠵᠢᠯᠲᠠᠨ ᠤ ᠴᠠᠯᠢᠩ ᠢ ᠵᠣᠬᠢᠴᠠᠭᠤᠯᠬᠤ ᠶᠢ ᠨᠠᠶᠢᠳᠠᠪᠤᠷᠢᠵᠢᠭᠤᠯᠤᠨ᠎ᠠ᠃ ᠲᠠᠷᠢᠶᠠᠴᠢᠨ ᠬᠥᠯᠥᠰᠥᠨ ᠠᠵᠢᠯᠴᠢᠨ ᠤ ︽ᠴᠠᠯᠢᠩ ᠥᠷᠢᠲᠦᠬᠦ ᠶᠢ ᠵᠠᠰᠠᠵᠤ᠂ ᠴᠠᠯᠢᠩ ᠢ ᠴᠠᠭ ᠲᠤ ᠨᠢ ᠥᠭᠬᠦ ᠶᠢ ᠪᠠᠲᠤᠯᠠᠬᠤ︾ ᠬᠥᠳᠡᠯᠭᠡᠭᠡᠨ ᠢ ᠦᠷᠭᠦᠯᠵᠢᠯᠡᠨ ᠶᠠᠪᠤᠭᠳᠠᠭᠤᠯᠵᠤ᠂ ᠡᠶ᠎ᠡ ᠨᠠᠶᠢᠷᠠᠮᠳᠠᠭᠤ ᠬᠦᠳᠡᠯᠮᠤᠷᠢ ᠶᠢᠨ ᠬᠠᠷᠢᠴᠠᠭ᠎ᠠ ᠶᠢ ᠪᠦᠲᠦᠭᠡᠨ ᠪᠠᠶᠢᠭᠤᠯᠤᠨ᠎ᠠ᠃      ᠲᠠᠪᠤᠳᠤᠭᠠᠷ ᠲᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ︽ᠠᠮᠤᠷ ᠲᠦᠪᠰᠢᠨ ᠦᠶᠤᠸᠠᠨ︾ ᠢ ᠭᠦᠨᠵᠡᠭᠡᠶᠢᠷᠡᠭᠦᠯᠦᠨ ᠪᠦᠲᠦᠭᠡᠨ ᠪᠠᠶᠢᠭᠤᠯᠬᠤ᠂ ᠰᠢᠨ᠎ᠡ ᠴᠠᠭ ᠦᠶ᠎ᠡ ᠶᠢᠨ ︽ᠹᠧᠩ ᠴᠢᠶᠤᠤ ᠲᠤᠷᠰᠢᠯᠭ᠎ᠠ︾ ᠶᠢ ᠪᠠᠷᠢᠮᠲᠠᠯᠠᠡ ᠬᠥᠭᠵᠢᠭᠦᠯᠬᠦ᠂ ︽ᠲᠤᠤᠷᠵᠢᠭᠰᠠᠨ + ᠵᠢᠵᠢᠭ ᠵᠠᠰᠠᠯᠲᠠ︾ ᠵᠢᠴᠢ ︽ᠶᠢᠰᠦᠨ ᠪᠢᠴᠢᠯ ᠴᠠᠭᠳᠠᠭᠠᠨ ᠤ ᠶᠠᠪᠤᠳᠠᠯ ︾ ᠨᠡᠶᠢᠬᠡᠮ ᠤᠨ ᠵᠠᠰᠠᠯᠳᠠ ᠶᠢᠨ ᠵᠠᠭᠪᠤᠷ ᠶᠢ ᠰᠢᠨ᠎ᠡ ᠪᠠᠷ ᠡᠭᠦᠳᠬᠦ᠂ ︽ᠰᠢᠤᠸᠠᠢ ᠯᠢᠶᠠᠩ︾ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠬᠤ᠂ ᠪᠣᠰᠤᠭᠠᠯᠵᠢᠨ ᠬᠡᠯᠪᠡᠷᠢ ᠶᠢᠨ ᠨᠡᠶᠢᠬᠡᠮ ᠤᠨ ᠠᠮᠤᠷ ᠲᠦᠪᠰᠢᠨ ᠢ ᠬᠠᠮᠠᠭᠠᠯᠠᠨ ᠰᠡᠷᠬᠡᠶᠢᠯᠡᠬᠦ ᠲᠣᠭᠲᠠᠯᠴᠠᠭ᠎ᠠ ᠶᠢ ᠳᠡᠬᠦᠯᠳᠡᠷᠵᠢᠬᠦᠯᠬᠦ᠂ ᠵᠢᠩᠬᠢᠨᠢ ᠪᠠᠷ ᠠᠮᠤᠷ ᠮᠡᠨᠳᠦ ᠶᠢᠨ ᠪᠦᠳᠦᠭᠡᠨ ᠪᠠᠶᠢᠭᠤᠯᠤᠯᠳᠠ ᠶᠢ ᠪᠦᠬᠦ ᠤᠯᠣᠰ ᠤᠨ ᠲᠡᠷᠢᠭᠦᠨ ᠡᠩᠨᠡᠭᠡᠨ ᠳᠤ ᠪᠠᠶᠢᠷᠢᠰᠢᠭᠤᠯᠬᠤ᠂ ᠤᠯᠤᠰ ᠤᠨ ᠠᠶᠣᠯᠬᠦᠢ ᠬᠦᠭᠵᠢᠯᠳᠡ ᠶᠢᠨ ᠵᠢᠱᠢᠶ᠎ᠠ ᠦᠵᠡᠬᠦᠯᠬᠦ ᠬᠤᠲᠠ ᠶᠢ ᠡᠭᠦᠳᠦᠨ ᠪᠠᠶᠢᠭᠤᠯᠤᠨ᠎ᠠ ; ︽ᠬᠠᠷ᠎ᠠ ᠪᠦᠯᠦᠭᠲᠡᠨ ᠬᠠᠷᠭᠢᠰ ᠬᠦᠴᠦᠨ ᠳᠤ ᠴᠤᠬᠢᠯᠲᠠ ᠥᠭᠬᠦ︾ ᠶᠢ ᠪᠦᠬᠦ ᠳᠠᠯ᠎ᠠ ᠪᠠᠷ ᠲᠦᠯᠬᠢᠨ ᠠᠬᠢᠭᠤᠯᠬᠤ᠂ ᠵᠠᠭᠤᠰᠢ ᠨᠠᠭᠠᠳᠤᠮ ᠦᠭᠡᠢ᠂ ᠬᠤᠣᠷ ᠦᠭᠡᠢ᠂ ᠬᠤᠯᠠᠭᠠᠢ ᠦᠭᠡᠢ᠂ ᠳᠡᠭᠡᠷᠡᠮᠳᠡᠬᠦ ᠦᠭᠡᠢ᠂ ᠱᠠᠯᠢᠭ ᠵᠠᠪᠬᠠᠢ ᠦᠭᠡᠢ᠂ ᠳᠠᠮᠵᠢᠭᠤᠯᠤᠨ ᠪᠣᠷᠣᠯᠠᠭᠤᠯᠬᠤ ᠦᠭᠡᠢ ︽ᠵᠢᠷᠭᠤᠭᠠᠨ ᠦᠭᠡᠢ︾ ᠬᠤᠲᠠ ᠶᠢ ᠡᠭᠦᠳᠦᠨ  ᠪᠠᠶᠢᠭᠤᠯᠵᠤ᠂ ᠪᠦᠬᠦ ᠤᠯᠣᠰ ᠤᠨ ᠨᠡᠶᠢᠬᠡᠮ ᠤᠨ ᠠᠮᠤᠷ ᠢ ᠬᠠᠮᠠᠭᠠᠯᠠᠬᠤ ᠶᠡᠷᠦᠩᠭᠡᠶᠢᠯᠡᠨ ᠵᠠᠰᠠᠯᠳᠠ ᠶᠢᠨ ᠬᠠᠮᠤᠭ ᠤᠨ ᠦᠠᠳᠣᠷ ᠱᠠᠩᠨᠠᠯ ︽ᠴᠠᠩ ᠠᠨ ᠪᠸᠢ︾ ᠶᠢ ᠣᠯᠬᠤ ᠪᠠᠷ ᠴᠢᠷᠮᠠᠶᠢᠨ᠎ᠠ᠃ ︽ᠳᠣᠯᠤᠭ᠎ᠠ ᠲᠠᠪᠤ︾ ᠶᠢᠨ ᠬᠠᠥᠯᠢ ᠴᠠᠭᠠᠵᠠ ᠶᠢᠨ ᠮᠡᠳᠡᠯᠬᠡ ᠶᠢ ᠳᠦᠬᠡᠮᠡᠯᠵᠢᠯᠡᠬᠦᠯᠬᠦ ᠶᠢ ᠲᠦᠯᠬᠢᠨ ᠠᠬᠢᠭᠤᠯᠬᠤ᠂ ᠪᠦᠬᠦ ᠳᠠᠯ᠎ᠠ ᠪᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠶᠢ ᠨᠠᠶᠢᠳᠠᠪᠣᠷᠢᠵᠢᠭᠤᠯᠬᠤ᠂ ︽ᠨᠢᠭᠡ ᠴᠠᠭ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠰᠠᠯᠠᠬᠤ ᠲᠣᠭᠤᠷᠢᠭ︾ ᠢ ᠡᠭᠦᠳᠦᠨ ᠪᠦᠲᠦᠭᠡᠬᠦ᠂ ᠠᠷᠠᠣᠠ ᠨᠢᠭᠡᠪᠦᠷᠢ ᠳᠤ ᠬᠠᠤᠯᠢ ᠴᠠᠭᠠᠵᠠ ᠶᠢᠨ ᠬᠡᠷᠡᠭ ᠵᠠᠷᠭᠤ ᠶᠢᠨ ᠳᠤᠮᠳᠠ ᠭᠤᠣᠯᠴᠢ ᠰᠢᠳᠤᠷᠭᠤ ᠶᠢ ᠬᠦᠷᠲᠡᠭᠡᠬᠦ ᠪᠠᠷ ᠴᠢᠷᠮᠠᠶᠢᠨ᠎ᠠ᠃ ᠰᠢᠨ᠎ᠡ ᠴᠠᠭ ᠤᠨ ᠪᠠᠶᠢᠳᠠᠯ ᠳᠤ ᠦᠠᠳᠣᠰᠣᠳᠠᠠ ᠤ ᠱᠠᠰᠢᠨ ᠰᠤᠷᠲᠠᠬᠤᠨ ᠤ ᠠᠵᠢᠯ ᠢ ᠰᠠᠶᠢᠨ ᠬᠢᠬᠦ᠂ ᠨᠡᠶᠢᠭᠡᠮ ᠤᠨ ᠵᠠᠬ᠎ᠠ ᠵᠡᠭᠡᠯᠢ ᠳᠤ ᠮᠣᠩᠭᠤᠯ ᠬᠢᠳᠠᠣᠠ ᠬᠤᠶᠠᠷ ᠵᠦᠢᠯ ᠤᠨ ᠦᠰᠦᠭ ᠪᠢᠴᠢᠭ ᠢ ᠵᠡᠷᠭᠡᠪᠡᠷ ᠬᠡᠷᠡᠭᠯᠡᠬᠦ ᠶᠢ ᠯᠠᠪᠳᠠᠭᠤᠨ ᠪᠠᠳᠤᠳᠠᠢ ᠳᠦᠯᠬᠢᠨ ᠠᠬᠢᠭᠤᠯᠬᠤ᠂ ᠮᠤᠩᠭᠤᠯ ᠦᠰᠦᠭ ᠪᠢᠴᠢᠭ ᠤᠨ ᠰᠦᠯᠵᠢᠶ᠎ᠡ ᠶᠢ ᠡᠬᠢᠯᠡᠨ ᠬᠡᠷᠡᠭᠯᠡᠨ᠎ᠡ᠃ ᠠᠵᠤ ᠠᠬᠤᠶᠢᠢᠯᠠᠯ ᠤᠨ ᠠᠶᠣᠯᠬᠦᠢ ᠬᠠᠮᠢᠶᠠᠷᠤᠯᠳᠠ ᠪᠣᠯᠤᠨ ᠠᠵᠢᠯ ᠲᠦᠷᠦᠯ ᠤᠨ ᠬᠢᠨᠠᠠ ᠬᠠᠮᠢᠶᠠᠷᠤᠯᠳᠠ ᠶᠢ ᠴᠢᠩᠭᠠᠣᠠᠬᠠᠬᠤ᠂ ᠣᠨᠴᠠ ᠶᠡᠭᠡ ᠠᠮᠣᠷ ᠳᠦᠪᠰᠢᠠ ᠤ ᠠᠳᠡᠭᠳᠡᠯ ᠡᠬᠦᠰᠬᠦ ᠶᠢ ᠡᠷᠡᠰ ᠲᠠᠰᠤ ᠰᠡᠷᠭᠡᠶᠢᠯᠡᠬᠦ ᠶᠢᠨ ᠬᠠᠮᠲᠤ ᠬᠤᠷᠢᠭᠯᠠᠨ᠎ᠠ᠃      ᠵᠢᠷᠭᠤᠳᠤᠭᠠᠷ ᠲᠤ᠂ ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠰᠠᠶᠢᠨ ᠬᠢᠨ᠎ᠡ᠃ ᠤᠯᠠᠠ ᠳᠦᠮᠠᠠ ᠤ ᠬᠠᠮᠤᠭ ᠠᠴᠠ ᠠᠩᠬᠠᠷᠤᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠤᠨ ᠲᠣᠭᠤᠷᠢᠨ ᠳᠤ᠂ ᠪᠢᠳᠡ ᠢᠯᠡ ᠪᠠᠷ ᠡᠯᠰᠡᠨ ᠴᠤᠬᠯᠠᠭᠤᠯᠬᠤ᠂ ᠰᠢᠭᠰᠢᠨ ᠵᠠᠯᠭᠠᠯᠳᠤᠬᠤ ᠪᠣᠯᠤᠨ ᠬᠦᠢᠴᠠᠣᠠ ᠰᠣᠳᠣᠯᠬᠤ ᠪᠠᠷ ᠳᠠᠮᠵᠢᠨ᠂ ᠠᠩᠬ᠎ᠠ ᠠᠯᠬᠤᠮ ᠳᠤ 12 ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠢ ᠵᠢᠱᠢᠨ ᠰᠣᠩᠭᠤᠬᠤ᠂ ᠲᠦᠯᠦᠭᠡᠯᠡᠭᠴᠢ ᠨᠠᠷ ᠰᠠᠨᠠᠯ ᠥᠭᠴᠦ ᠭᠦᠢᠴᠡᠳᠬᠡᠨ᠎ᠡ᠃ ᠪᠢᠳᠡ ᠪᠦᠬᠦ ᠬᠦᠴᠣᠠ ᠢᠶᠠᠷ ᠬᠡᠷᠡᠭ ᠪᠣᠯᠭᠠᠨ ᠢ ᠨᠠᠶᠢᠳᠠᠪᠣᠷᠢᠵᠢᠭᠤᠯᠵᠤ ᠪᠦᠬᠦᠳᠡ ᠶᠢ ᠪᠡᠶᠡᠯᠡᠭᠦᠯᠭᠦ ᠪᠠᠷ ᠴᠢᠷᠮᠠᠶᠢᠨ᠎ᠠ᠃      ︵ᠨᠠᠢᠮᠠ︶ ᠦᠪᠡᠷ ᠤᠨ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠣᠠ ᠢᠶᠠᠷ ᠴᠢᠩᠭᠠᠣᠠᠬᠠᠬᠤ᠂ ᠠᠷᠠᠳ ᠤᠨ ᠳᠦᠯᠦᠬᠡ ᠵᠠᠰᠠᠭ ᠪᠠᠷᠢᠬᠤ ᠰᠢᠨ᠎ᠡ ᠠᠮᠵᠢᠯᠲᠠ ᠪᠦᠲᠦᠭᠡᠯ ᠢ ᠬᠠᠷᠠᠭᠤᠯᠤᠨ᠎ᠠ᠃ ᠠᠷᠠᠣᠠ ᠳᠦᠮᠠᠠ ᠤ ᠰᠢᠨ᠎ᠡ ᠬᠦᠰᠡᠯ ᠵᠥᠩᠨᠡᠯ ᠢ ᠳᠠᠭᠠᠵᠤ᠂ ᠬᠦᠭᠵᠢᠯᠳᠡ ᠶᠢᠨ ᠰᠢᠨ᠎ᠡ ᠠᠶᠠᠨ ᠵᠠᠮ ᠢ ᠨᠡᠬᠡᠭᠡᠬᠦ᠂ ᠵᠠᠰᠠᠭ ᠤᠨ ᠤᠷᠳᠤᠡ ᠤ ᠦᠪᠡᠷ ᠤᠨ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠡᠷᠬᠡᠪᠰᠢ ᠭᠤᠶᠢᠪᠢᠰᠢ ᠦᠬᠡᠢ ᠴᠢᠩᠭᠠᠣᠠᠬᠠᠬᠤ᠂ ᠡᠷᠬᠡ ᠲᠤᠰᠢᠶᠠᠯ ᠤᠨ ᠤᠪᠤᠷ ᠰᠣᠷᠳᠠᠯ ᠤᠨ ᠰᠢᠨ᠎ᠡ ᠬᠤᠪᠢᠷᠠᠯᠲᠠ᠂ ᠵᠠᠰᠠᠯᠲᠠ ᠶᠢᠨ ᠴᠢᠳᠠᠮᠵᠢ ᠶᠢᠨ ᠰᠢᠨ᠎ᠡ ᠳᠡᠭᠡᠭᠰᠢᠯᠡᠯᠲᠡ ᠶᠢ ᠠᠬᠢᠭᠤᠯᠬᠤ᠂ ᠠᠷᠠᠣᠠ ᠳᠦᠮᠠᠠ ᠳᠤ ᠲᠠᠭᠠᠯᠠᠮᠵᠢᠲᠠᠢ ᠵᠠᠰᠠᠭ ᠤᠨ ᠤᠷᠳᠤᠡ ᠢ ᠪᠦᠲᠦᠭᠡᠨ᠎ᠡ᠃      ᠨᠢᠭᠡᠳᠦᠭᠡᠷ ᠲᠤ᠂ ᠦᠨᠡᠨᠴᠢ ᠵᠠᠰᠠᠭ ᠤᠨ ᠤᠷᠳᠤᠡ ᠢ ᠪᠦᠳᠦᠭᠡᠨ ᠪᠠᠶᠢᠭᠤᠯᠤᠨ᠎ᠠ᠃ ᠢᠮᠠᠭᠲᠠ ᠤᠯᠤᠰ ᠲᠥᠷᠥ ᠶᠢᠨ ᠪᠦᠳᠦᠭᠡᠨ ᠪᠠᠶᠢᠭᠤᠯᠤᠯᠳᠠ ᠢᠶᠠᠷ ᠨᠡᠶᠢᠳᠡᠮ ᠵᠢᠯᠣᠭᠤᠳᠤᠭᠤᠯᠬᠤ᠂ ︽ᠲᠦᠷᠪᠡᠨ ᠦᠵᠡᠯ ᠤᠬᠠᠮᠰᠠᠷ︾ ᠢ ᠪᠠᠲᠤ ᠪᠣᠰᠬᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠡᠷᠡᠰ ᠲᠠᠰᠤ ᠬᠢᠬᠦ᠂ ᠳᠡᠭᠡᠳᠦ ᠱᠠᠲᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠡ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠪᠦᠬᠦ ᠳᠠᠯ᠎ᠠ ᠪᠠᠷ ᠳᠤᠭᠤᠰᠢᠯᠠᠭᠤᠯᠬᠤ᠂ ᠵᠠᠰᠠᠭ ᠤᠨ ᠵᠠᠷᠯᠢᠭ ᠢ ᠰᠠᠭᠠᠳ ᠦᠭᠡᠢ ᠶᠠᠪᠤᠭᠳᠠᠭᠤᠯᠬᠤ᠂ ᠵᠠᠷᠯᠢᠭ ᠴᠠᠭᠠᠵᠠ ᠶᠢ ᠳᠠᠭᠠᠬᠤ ᠶᠢ ᠴᠢᠩᠭ᠎ᠠ ᠱᠠᠭᠠᠷᠳᠠᠨ᠎ᠠ᠃      ᠬᠤᠶᠠᠳᠤᠭᠠᠷ ᠲᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠳᠦᠭᠡᠨ ᠪᠠᠶᠢᠭᠤᠯᠤᠨ᠎ᠠ᠃ ᠢᠮᠠᠭᠲᠠ ᠵᠠᠰᠠᠭ ᠤᠨ ᠤᠷᠳᠤᠡ ᠤ ᠠᠵᠢᠯ ᠢ ᠬᠠᠤᠯᠢᠵᠢᠭᠤᠯᠬᠤ ᠲᠣᠭᠤᠷᠢᠯ ᠵᠠᠮ ᠢᠶᠠᠷ ᠵᠠᠮᠴᠢᠯᠠᠭᠤᠯᠬᠤ᠂ ᠬᠦᠨᠳᠦ ᠴᠢᠬᠤᠯᠠ ᠰᠢᠢᠳᠪᠤᠷᠢᠳᠤ ᠪᠤᠳᠤᠯᠭ᠎ᠠ ᠳᠤ ᠣᠯᠠᠨ ᠲᠦᠮᠡᠨ ᠤᠷᠣᠯᠴᠠᠬᠤ᠂ ᠲᠤᠰᠬᠠᠢ ᠮᠡᠷᠭᠡᠵᠢᠯᠲᠡᠨ ᠨᠣᠳᠠᠯᠠᠬᠤ᠂ ᠳᠦᠭᠰᠢᠭᠦᠷᠢ ᠶᠢᠨ ᠦᠨᠡᠯᠡᠯᠳᠡ᠂ ᠬᠠᠤᠯᠢ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠬᠢᠬᠦ ᠪᠣᠯᠤᠨ ᠬᠠᠮᠲᠤ ᠪᠠᠷ ᠵᠥᠪᠯᠡᠨ ᠲᠣᠭᠲᠠᠭᠠᠬᠤ ᠵᠡᠷᠭᠡ ᠲᠤᠭᠳᠠᠭᠠᠯ ᠶᠢ ᠴᠢᠩᠭ᠎ᠠ ᠬᠡᠷᠡᠭᠵᠢᠭᠦᠯᠦᠨ᠎ᠡ᠃ ︽ᠭᠤᠷᠪᠠᠨ ᠴᠢᠬᠤᠯᠠ ᠨᠢᠭᠡ ᠶᠡᠭᠡ︾ ᠶᠠᠪᠤᠳᠠᠯ ᠢ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠤ ᠬᠤᠷᠠᠯ ᠳᠤ ᠮᠠᠳᠠᠬᠦᠯᠣᠯᠳᠠ ᠬᠢᠬᠦ ᠳᠦᠷᠢᠮ ᠢ ᠪᠠᠷᠢᠮᠲᠠᠯᠠᠬᠤ᠂ ᠠᠷᠠᠣᠠ ᠤᠨ ᠳᠦᠯᠣᠬᠡᠯᠡᠭᠴᠢᠣᠠ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠳᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ ᠠᠪᠬᠤ᠂ ᠰᠠᠨᠠᠭᠠᠴᠢᠯᠠᠭ᠎ᠠ ᠲᠠᠢ ᠪᠠᠷ ᠤᠯᠠᠠ ᠳᠦᠮᠠᠠ ᠤ ᠬᠢᠨᠠᠯᠳᠠ᠂ ᠶᠠᠷᠢᠶ᠎ᠠ ᠬᠡᠯᠡᠯᠴᠡᠭᠡᠷ ᠤᠨ ᠬᠢᠨᠠᠯᠳᠠ ᠶᠢ ᠬᠦᠯᠢᠶᠡᠨ ᠠᠪᠬᠤ᠂ ᠡᠷᠬᠡ ᠶᠢ ᠢᠯᠡ ᠪᠠᠷ ᠶᠠᠪᠤᠭᠳᠠᠭᠤᠯᠤᠨ᠎ᠠ᠃      ᠭᠤᠷᠪᠠᠳᠤᠭᠠᠷ ᠲᠤ᠂ ᠬᠠᠷᠢᠭᠤᠴᠠᠯᠭ᠎ᠠ ᠲᠠᠢ ᠵᠠᠰᠠᠭ ᠤᠨ ᠣᠷᠳᠣᠨ ᠢ ᠪᠦᠳᠦᠭᠡᠨ ᠪᠠᠶᠢᠭᠤᠯᠤᠨ᠎ᠠ᠃ ᠠᠵᠢᠯ ᠬᠢᠪᠡᠯ ᠮᠥᠷᠳᠡᠯ ᠲᠠᠢ᠂ ᠠᠵᠢᠯ ᠤᠨ ᠤᠪᠤᠷ ᠰᠣᠷᠳᠠᠯ ᠢ ᠢᠮᠠᠭᠲᠠ ᠪᠠᠷᠢᠮᠲᠠᠯᠠᠬᠤ᠂ ᠪᠥᠲᠥᠮᠵᠢ ᠶᠢᠨ ᠰᠢᠯᠭᠠᠨ ᠪᠠᠶᠢᠴᠠᠭᠠᠬᠤ ᠪᠣᠯᠤᠨ ᠬᠢᠨᠠᠨ ᠪᠠᠶᠢᠴᠠᠭᠠᠬᠤ ᠬᠠᠷᠢᠭᠤᠴᠠᠯᠭ᠎ᠠ ᠪᠠ ᠠᠰᠠᠭᠤᠯᠲᠠ ᠶᠢ ᠪᠠᠬᠢᠵᠢᠭᠦᠯᠬᠦ᠂ ᠬᠦᠨᠳᠦ ᠴᠢᠬᠤᠯᠠ ᠰᠢᠢᠳᠪᠤᠷᠢᠳᠤ ᠪᠤᠳᠤᠯᠭ᠎ᠠ᠂ ᠬᠦᠨᠳᠦ ᠴᠢᠬᠤᠯᠠ ᠠᠵᠢᠯ ᠲᠦᠷᠦᠯ᠂ ᠭᠤᠤᠯᠳᠠᠯᠭ᠎ᠠ ᠲᠠᠢ ᠠᠵᠢᠯ ᠰᠢᠢᠳᠪᠦᠷᠢᠯᠡᠭᠳᠡᠬᠦ ᠶᠢ ᠯᠠᠪᠲᠠᠶ᠎ᠠ ᠪᠠᠲᠤᠯᠠᠨ᠎ᠠ᠃ ᠣᠪᠣᠷ ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ᠂ ᠵᠠᠰᠠᠭ ᠤᠨ ᠤᠷᠳᠤᠡ ᠤ ᠰᠢᠰᠲ᠋ᠧᠮ ᠤᠨ ᠺᠠᠳ᠋ᠷ ᠤᠨ ᠠᠷᠭ᠎ᠠ ᠰᠦᠪᠡᠭᠴᠢᠯᠡᠬᠦ᠂ ᠪᠠᠷᠬᠡ ᠠᠰᠠᠭᠤᠳᠠᠯ ᠢ ᠰᠢᠢᠳᠪᠦᠷᠢᠯᠡᠬᠦ᠂ ᠦᠢᠯᠡᠳᠦᠯᠭᠡᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠵᠠᠰᠠᠭ ᠤᠨ ᠤᠷᠳᠤᠡ ᠤ ᠤᠪᠤᠷ ᠰᠣᠷᠳᠠᠯ ᠤᠨ ᠬᠤᠪᠢᠷᠠᠯᠲᠠ ᠪᠣᠯᠤᠨ ᠬᠦᠭᠵᠢᠯᠳᠡ ᠶᠢᠨ ᠦᠷ᠎ᠡ ᠪᠦᠲᠦᠭᠡᠯ ᠢᠶᠠᠷ ᠠᠷᠠᠣᠠ ᠤᠨ ᠢᠳᠠᠬᠡᠯ ᠢ ᠣᠯᠣᠨ᠎ᠠ᠃      ᠳᠥᠷᠪᠡᠳᠦᠭᠡᠷ ᠲᠤ᠂ ᠦᠢᠯᠡᠴᠢᠯᠡᠭᠡᠨ ᠤ ᠵᠠᠰᠠᠭ ᠤᠨ ᠣᠷᠳᠣᠨ ᠢ ᠪᠦᠳᠦᠭᠡᠨ ᠪᠠᠶᠢᠭᠤᠯᠤᠨ᠎ᠠ᠃ ︽ᠪᠦᠳᠣᠮᠵᠢ ᠶᠢ ᠳᠡᠭᠡᠭᠰᠢᠯᠡᠬᠦᠯᠬᠦ ᠵᠢᠯ︾ ᠤᠨ ᠬᠦᠳᠡᠯᠭᠡᠭᠡᠨ ᠢ ᠬᠦᠴᠦᠲᠡᠢ ᠬᠡᠷᠡᠭᠵᠢᠬᠦᠯᠬᠦ᠂ ︽ᠤᠭ ᠰᠠᠨᠠᠭ᠎ᠠ ᠪᠠᠨ ᠮᠠᠷᠲᠠᠬᠤ ᠦᠭᠡᠢ᠂ ᠡᠭᠦᠷᠭᠡ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠰᠣᠷᠭᠠᠨ ᠬᠦᠮᠦᠵᠢᠯ ᠢ ᠯᠠᠪᠳᠠᠭᠤᠨ ᠶᠠᠪᠤᠭᠳᠠᠭᠤᠯᠬᠤ᠂ ᠪᠦᠬᠦ ᠰᠠᠣᠠᠬᠢᠯ ᠪᠦᠬᠦ ᠵᠣᠷᠢᠭ ᠢᠶᠠᠷ ᠢᠶᠠᠨ ᠠᠷᠠᠣᠠ ᠳᠦᠮᠠᠠ ᠳᠤ ᠦᠢᠯᠡᠴᠢᠯᠡᠨ᠎ᠡ᠃ ᠵᠠᠰᠠᠭ ᠤᠨ ᠶᠠᠪᠣᠳᠡᠯ ᠤᠨ ᠢᠯᠡᠴᠢᠯᠡᠯᠳᠡ᠂ ᠮᠡᠳᠡᠭᠡ ᠵᠠᠩᠬᠢ ᠶᠢᠨ ᠢᠯᠡᠴᠢᠯᠡᠯᠳᠡ ᠶᠢ ᠲᠦᠯᠬᠢᠨ ᠠᠬᠢᠭᠤᠯᠬᠤ᠂ ᠠᠷᠠᠳ ᠤᠨ ᠰᠠᠨᠠᠭ᠎ᠠ ᠪᠠᠨ ᠶᠠᠷᠢᠬᠤ ᠭᠤᠶᠤᠴᠢᠯᠠᠬᠤ ᠠᠷᠭ᠎ᠠ ᠵᠠᠮ ᠢ ᠰᠠᠭᠠᠣᠠ ᠦᠬᠡᠢ ᠨᠡᠪᠲᠡᠷᠡᠭᠦᠯᠦᠨ᠎ᠡ᠃ ᠤᠯᠠᠠ ᠳᠦᠮᠠᠠ ᠤ ︽ᠰᠡᠳᠬᠢᠯ ᠢ ᠵᠣᠪᠠᠭᠠᠬᠤ ᠬᠡᠷᠡᠭ︾ ︽ᠰᠠᠨᠠᠭᠠᠰᠢᠷᠠᠯ ᠪᠣᠯᠵᠤ ᠪᠠᠶᠢᠭ᠎ᠠ ᠬᠡᠷᠡᠭ︾ ᠢ ᠨᠢᠭᠡ ᠨᠢᠭᠡ ᠪᠠᠷ ᠰᠠᠶᠢᠨ ᠰᠢᠢᠳᠪᠦᠷᠢᠯᠡᠬᠦ ᠪᠠᠷ ᠴᠢᠷᠮᠠᠶᠢᠵᠤ᠂ ᠠᠷᠠᠣᠠ ᠳᠦᠮᠠᠠ ᠤ ᠬᠠᠮᠳᠤ ᠪᠠᠷ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠶᠢ ᠪᠠᠲᠤᠯᠠᠨ᠎ᠠ᠃      ᠲᠠᠪᠤᠳᠤᠭᠠᠷ ᠲᠤ᠂ ᠴᠢᠬᠡᠴᠢ ᠵᠠᠰᠠᠭ ᠤᠨ ᠣᠷᠳᠣᠨ ᠢ ᠪᠦᠳᠦᠭᠡᠨ ᠪᠠᠶᠢᠭᠤᠯᠤᠨ᠎ᠠ᠃ ᠢᠮᠠᠭᠲᠠ ᠰᠠᠬᠢᠯᠭ᠎ᠠ ᠪᠠᠲᠤ ᠪᠣᠯᠤᠨ ᠳᠦᠷᠢᠮ ᠶᠣᠰᠣ ᠶᠢ ᠡᠮᠣᠨ᠎ᠠ ᠪᠠᠨ ᠲᠠᠯᠪᠢᠬᠤ᠂ ᠵᠠᠰᠠᠭ ᠤᠨ ᠤᠷᠳᠤᠡ ᠤ ᠰᠢᠰᠲ᠋ᠧᠮ ᠤᠨ ᠴᠢᠬᠡᠴᠢ ᠵᠠᠰᠠᠭ ᠤᠨ ᠪᠠᠶᠢᠭᠤᠯᠣᠯᠳᠠ ᠶᠢ ᠴᠢᠩᠭᠠᠣᠠᠬᠠᠬᠤ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠠ ᠳᠤ ᠠᠷᠢᠭᠤᠨ ᠴᠢᠭᠡᠴᠢ ᠪᠠᠷ ᠵᠠᠰᠠᠭ ᠪᠠᠷᠢᠬᠤ᠂ ᠠᠶᠤᠯ ᠲᠦᠭᠰᠢᠭᠦᠷᠢ ᠶᠢ ᠰᠡᠷᠬᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠨᠠᠷᠢᠨ ᠬᠢᠨᠠᠮᠠᠭᠠᠢ ᠪᠠᠷ ᠲᠦᠪ ᠤᠨ ︽ᠨᠠᠢᠮᠠᠨ ᠲᠣᠭᠲᠠᠭᠠᠯ︾ ᠢ ᠨᠠᠶᠢᠳᠠᠪᠤᠷᠢᠭᠤᠯᠬᠤ᠂ ᠵᠠᠰᠠᠭ ᠤᠨ ᠤᠷᠳᠤᠡ ᠤ ᠬᠤᠳᠠᠯᠳᠤᠨ ᠠᠪᠬᠤ ᠲᠦᠷᠢᠮ ᠢ ᠳᠡᠬᠦᠯᠳᠡᠷᠵᠢᠬᠦᠯᠬᠦ᠂ ᠬᠢᠨᠠᠨ ᠪᠤᠳᠤᠬᠤ ᠬᠢᠨᠠᠯᠳᠠ ᠶᠢ ᠪᠠᠬᠢᠵᠢᠭᠦᠯᠬᠦ᠂ ︽ᠭᠤᠷᠪᠠᠨ ᠢᠯᠡ︾ ᠶᠢᠨ ᠵᠠᠷᠤᠳᠠᠯ ᠢ ᠴᠢᠩᠭ᠎ᠠ ᠬᠢᠵᠠᠭᠠᠷᠯᠠᠨ᠎ᠠ᠃ ᠤᠯᠠᠠ ᠳᠦᠮᠠᠠ ᠤ ᠳᠡᠷᠭᠡᠳᠡ ᠳᠠᠬᠢ ᠢᠯᠵᠠᠷᠠᠮᠠᠯ ᠠᠰᠠᠭᠤᠳᠠᠯ ᠢ ᠦᠷᠭᠦᠯᠵᠢᠯᠡᠨ ᠰᠡᠯᠪᠢᠨ ᠵᠠᠰᠠᠬᠤ᠂ ᠴᠢᠬᠡᠴᠢ ᠠᠷᠢᠭᠤᠨ ᠤᠯᠤᠰ ᠲᠥᠷᠥ ᠶᠢᠨ ᠠᠮᠢ ᠠᠬᠤᠢ ᠶᠢᠨ ᠣᠷᠴᠢᠨ ᠢ ᠪᠠᠶᠢᠭᠤᠯᠤᠨ᠎ᠠ᠃      ᠲᠦᠯᠦᠭᠡᠯᠡᠭᠴᠢᠳ ᠡ᠂ ᠬᠠᠮᠲᠤ ᠪᠠᠷ ᠤᠷᠤᠭᠰᠢᠯᠠᠬᠤ ᠳᠤ ᠬᠠᠲᠠᠭᠤᠵᠢᠯᠲᠠᠢ ᠴᠢᠷᠮᠠᠶᠢᠳᠠᠭ ᠨᠢ ᠲᠡᠷᠢᠭᠦᠯᠡᠵᠦ ᠪᠠᠶᠢᠳᠠᠭ᠂ ︽ᠳᠡᠮ ᠳᠡᠮ ᠳᠡᠭᠡᠨ ᠳᠡᠭᠡᠰᠦ ᠡᠷᠴᠢᠮ ᠳᠡᠭᠡᠨ︾ ᠭᠡᠭᠴᠢ ᠪᠠᠷ ᠪᠦᠯᠬᠦᠮᠳᠡᠯ ᠤᠨ ᠬᠦᠴᠦᠨ ᠶᠡᠭᠡ᠂ ᠬᠠᠷᠠᠯᠳᠠ ᠬᠦᠮᠦᠰ ᠢ ᠲᠠᠰᠢᠭᠤᠷᠳᠠᠨ ᠤᠷᠤᠭᠰᠢᠯᠠᠭᠤᠯᠳᠠᠭ ᠶᠤᠮ᠃ ᠪᠢᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠡ ᠪᠣᠯᠤᠨ ᠰᠢᠶᠠᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ ᠤᠭ ᠰᠠᠨᠠᠭ᠎ᠠ ᠪᠠᠨ ᠮᠠᠷᠲᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠴᠡᠭᠡᠵᠢᠯᠡᠨ᠂ ᠠᠷᠠᠳ ᠤᠨ ᠲᠦᠯᠦᠭᠡ ᠦᠢᠯᠡᠴᠢᠯᠡᠬᠦ ᠰᠠᠨᠠᠭ᠎ᠠ ᠰᠠᠣᠠᠬᠢᠯ᠂ ᠨᠢᠭᠡᠳᠤᠭᠡᠷ ᠢ ᠲᠡᠮᠡᠴᠡᠨ ᠣᠯᠬᠤ ᠪᠠᠭᠠᠲᠤᠷ ᠵᠣᠷᠢᠭ᠂ ᠡᠷᠡᠰ ᠬᠠᠲᠠᠭᠤ ᠵᠤᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠴᠢᠨᠠᠷᠯᠢᠭ ᠰᠠᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠰᠢᠯᠢᠳᠡᠭ ᠪᠦᠲᠦᠮᠵᠢ ᠪᠠᠷ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠤᠭᠳᠤᠶ᠎ᠠ᠃
ᠢᠷᠡᠯᠲᠡ᠄ ᠲᠣᠰ ᠰᠦᠯᠵᠢᠶ᠎ᠡ