ᠲᠠᠪᠤᠨ ᠦᠩᠭᠡ ᠶᠢᠨ ᠮᠢᠷᠠᠯᠵᠠᠭᠠᠨ ᠲᠠᠢ ᠲᠠᠩᠰᠤᠭ ᠪᠠᠶᠠᠨ ᠪᠠᠶᠠᠠᠨᠠᠭᠤᠷ
ᠨᠡᠶᠢᠲᠡᠯᠡᠭᠰᠡᠨ ᠴᠠᠭ᠄
2019/1/7
     ᠭᠤᠪᠢ ᠰᠢᠷᠭᠠᠯᠳᠤᠵᠦ᠂ ᠬᠦᠳᠡᠭᠡ ᠦᠩᠰᠢᠭᠵᠢᠭᠰᠡᠨ ᠠᠯᠳᠠᠨ ᠨᠠᠮᠤᠷ ᠤᠨ ᠪᠤᠷᠤᠳᠤᠬᠤᠢ ᠳᠤ ᠡᠯᠪᠡᠭ ᠬᠤᠷᠢᠶᠠᠯᠳᠠ ᠶᠢᠨ ᠲᠠᠭᠤᠨ ᠬᠠᠩᠬᠢᠨᠡᠵᠦ᠂ ᠤᠯᠠᠭᠠᠨ᠂ ᠨᠤᠭᠤᠭᠠᠨ᠂ ᠬᠦᠬᠡ᠂ ᠰᠢᠷ᠎ᠠ᠂ ᠴᠠᠭᠠᠨ ᠵᠡᠷᠭᠡ ᠲᠠᠪᠤᠨ ᠦᠩᠭᠡ ᠶᠢᠨ ᠮᠢᠷᠠᠯᠵᠠᠭᠠᠨ ᠲᠠᠢ ᠲᠠᠩᠰᠤᠭ ᠪᠠᠶᠠᠨ ᠪᠠᠶᠠᠠᠨᠠᠭᠤᠷ ᠤᠨ ᠡᠬᠡ ᠬᠤᠷᠸ᠎ᠠ ᠳᠤ ᠠᠮᠵᠢᠯᠳᠠ ᠢᠯᠠᠯᠳᠠ ᠶᠢᠨ ᠢᠷᠠᠭᠤ ᠲᠠᠭᠤᠨ ᠴᠤᠤᠷᠢᠶᠠᠳᠤᠨ᠎ᠠ᠃           ᠲᠦᠷᠦ ᠲᠦᠮᠡᠨ ᠳᠡᠭᠡᠨ ᠲᠠᠭᠠᠰᠢᠶᠠᠬᠳᠠᠭᠰᠠᠨ ᠤᠯᠠᠭᠠᠨ ᠯᠤᠤᠯᠢ      ᠬᠦᠮᠦᠰ ᠶᠠᠷᠤ ᠨᠢ ᠤᠯᠠᠭᠠᠨ ᠦᠩᠭᠡ ᠶᠢ ᠮᠠᠠᠳᠤᠨ ᠬᠦᠭᠵᠢᠵᠦ᠂ ᠤᠷᠤᠭᠰᠢ ᠲᠠᠪᠰᠢᠵᠦ ᠪᠠᠶᠢᠬᠤ ᠶᠢᠨ ᠪᠡᠯᠭᠡ ᠲᠡᠮᠳᠡᠭ ᠪᠤᠯᠭᠠᠵᠦ᠂ ᠠᠮᠢᠳᠤᠷᠠᠯ ᠤᠶᠢᠢᠯᠡᠰ ᠤᠨ ᠦᠭᠡᠳᠡ ᠤᠷᠤᠭᠰᠢᠳᠡᠢ ᠪᠤᠯᠬᠤ ᠶᠢ ᠪᠡᠯᠭᠡᠳᠡᠨ ᠵᠦᠩᠨᠡᠵᠦ ᠪᠠᠶᠢᠳᠠᠭ᠃ ᠭᠠᠯ ᠤᠯᠠᠭᠠᠨ ᠵᠢᠰᠤ ᠪᠠᠷ ᠢᠶᠠᠨ ᠬᠡᠷᠡᠭᠯᠡᠭᠴᠢᠳ ᠤᠨ ᠪᠠᠬ᠎ᠠ ᠶᠢ ᠲᠡᠳᠡᠵᠦ᠂ ᠦᠪᠴᠢ ᠪᠡᠶ᠎ᠡ ᠶᠢᠨ ᠰᠢᠮ᠎ᠠ ᠲᠡᠵᠢᠭᠡᠯ ᠢᠶᠠᠷ ᠢᠶᠠᠨ ᠢᠳᠡᠭᠡᠨ ᠤᠮᠳᠠᠭᠠᠨ ᠤ ᠲᠡᠭᠡᠵᠢ ᠪᠤᠯᠵᠦ ᠪᠠᠶᠢᠳᠠᠭ ᠤᠯᠠᠭᠠᠨ ᠯᠤᠤᠯᠢ ᠪᠤᠯ ᠮᠠᠨ ᠤ ᠬᠤᠳᠠ ᠶᠢᠨ ᠲᠠᠷᠢᠶᠠᠯᠠᠩ ᠤᠨ ᠪᠦᠳᠦᠭᠡᠭᠳᠡᠬᠦᠨ ᠤ ᠭᠤᠤᠯ ᠵᠦᠢᠯ ᠪᠠᠶᠢᠵᠦ᠂ ᠪᠦᠬᠦ ᠬᠤᠳᠠ᠂ ᠪᠦᠬᠦ ᠤᠷᠤᠨ᠂ ᠪᠦᠬᠦ ᠤᠯᠤᠰ᠂ ᠴᠢᠨᠠᠭᠰᠢᠯᠠᠨ ᠪᠦᠬᠦ ᠲᠡᠯᠡᠭᠡᠢ ᠲᠡᠭᠡᠷ᠎ᠡ ᠴᠤ ᠨᠡᠷ᠎ᠠ ᠠᠯᠳᠠᠷ ᠲᠠᠢ ᠪᠠᠶᠢᠳᠠᠭ᠃      ᠶᠠᠷᠡᠭᠡᠳ ᠤᠨ ᠠᠴᠠ ᠡᠬᠢᠯᠡᠨ᠂ ᠮᠠᠨ ᠤ ᠬᠤᠳᠠ ᠶᠡᠭᠡ ᠬᠡᠪᠴᠢᠶ᠎ᠡ ᠪᠠᠷ ᠤᠯᠠᠭᠠᠨ ᠯᠤᠤᠯᠢ ᠲᠡᠷᠢᠬᠤ ᠶᠢᠨ ᠬᠠᠮᠳᠤ ᠤᠯᠠᠭᠠᠨ ᠯᠤᠤᠯᠢ ᠶᠢᠨ ᠪᠦᠳᠦᠭᠡᠭᠳᠡᠬᠦᠨ ᠢᠶᠠᠨ ᠭᠠᠳᠠᠭᠰᠢ ᠭᠠᠷᠭᠠᠵᠦ᠂ ︽ᠤᠯᠠᠭᠠᠨ ᠦᠩᠭᠡᠳᠤ ᠠᠵᠤ ᠤᠶᠢᠢᠯᠠᠰ︾ ᠢ ᠶᠡᠭᠡ ᠪᠠᠷ ᠬᠦᠭᠵᠢᠬᠦᠯᠦᠭᠰᠡᠨ ᠠᠴᠠ ᠵᠢᠵᠢᠭᠬᠡᠨ ᠪᠦᠮᠪᠤᠷᠭᠡᠨ ᠤᠯᠠᠭᠠᠨ ᠯᠤᠤᠯᠢ ᠲᠡᠯᠡᠢ ᠲᠨᠩᠬᠢᠰ ᠢ ᠲᠤᠭᠤᠯᠵᠦ᠂ ᠲᠠᠪᠤᠨ ᠲᠢᠪ ᠢᠶᠠᠷ ᠠᠶᠠᠯᠠᠨ᠂ ᠶᠠᠷᠤ ᠪᠤᠰᠤ ᠶᠢᠨ ᠠᠵᠤ ᠠᠬᠤᠢ ᠶᠢᠨ ᠦᠷ᠎ᠠ ᠠᠰᠢᠭ ᠢ ᠡᠬᠦᠳᠦᠭᠰᠡᠨ ᠪᠠᠶᠢᠨ᠎ᠠ᠃ ᠤᠠᠴᠠᠭᠠᠢ ᠠᠭᠤᠷ ᠠᠮᠢᠰᠬᠤᠯ ᠤᠨ ᠤᠷᠴᠢᠨ ᠲᠤᠭᠤᠷᠢᠨ ᠵᠢᠴᠢ ᠡᠯᠪᠡᠭ ᠪᠠᠶᠠᠯᠢᠭ ᠤᠰᠤᠨ ᠤ ᠡᠬᠢ ᠰᠤᠷᠪᠤᠯᠵᠢ᠂ ᠭᠠᠵᠠᠷ ᠰᠢᠷᠤᠢ ᠶᠢᠨ ᠡᠬᠢ ᠰᠤᠷᠪᠤᠯᠵᠢ ᠶᠢᠨ ᠲᠠᠪᠠᠭᠤᠯᠢᠭ ᠪᠤᠯᠤᠨ ᠡᠳᠤᠷ ᠢᠷᠡᠬᠦᠶ᠎ᠡ ᠲᠤᠪᠤᠶᠢᠮ᠎ᠡ ᠪᠤᠯᠵᠦ ᠪᠠᠶᠢᠭ᠎ᠠ ᠤᠷᠤᠨ ᠪᠠᠶᠢᠷᠢᠰᠢᠯ ᠤᠨ ᠲᠠᠪᠠᠭᠤᠯᠢᠭ ᠨᠢ ᠮᠠᠨ ᠤ ᠬᠤᠳᠠ ᠶᠢᠨ ᠤᠯᠠᠭᠠᠨ ᠯᠤᠤᠯᠢ ᠪᠤᠯᠤᠨ ᠤᠠᠴᠠᠯᠢᠭᠳᠤ ᠲᠡᠷᠢᠶᠡᠯᠡᠩ ᠤᠨ ᠪᠦᠳᠦᠭᠡᠭᠳᠡᠬᠦᠨ ᠤ ᠠᠵᠤ ᠤᠶᠢᠢᠯᠠᠰ ᠤᠨ ᠰᠠᠭᠤᠷᠢᠨ ᠢ ᠪᠦᠳᠤᠭᠡᠨ ᠪᠠᠶᠢᠭᠤᠯᠬᠤ ᠤᠷᠳᠤ ᠬᠤᠭᠤᠴᠠᠭᠠᠨ ᠤ ᠲᠤᠭᠳᠠᠪᠤᠷᠢᠳᠠᠢ ᠡᠬᠢ ᠰᠤᠷᠪᠤᠯᠵᠢ ᠶᠢᠨ ᠲᠤᠯᠭᠠᠭᠤᠷᠢ ᠪᠤᠯᠵᠦ ᠲᠡᠯᠡᠬᠡᠢ ᠶᠢᠨ ᠦᠷᠢᠰᠦᠯᠳᠤᠬᠦ ᠬᠦᠴᠦᠨ ᠢ ᠬᠠᠩᠭᠠᠪᠠ᠃ ᠠᠷᠪᠠ ᠭᠠᠷᠤᠢ ᠵᠢᠯ ᠤᠨ ᠲᠤᠷᠰᠢ᠂ ᠮᠠᠨ ᠤ ᠬᠤᠳᠠ ᠶᠢᠨ ᠤᠯᠠᠭᠠᠨ ᠯᠤᠤᠯᠢ ᠶᠢᠨ ᠠᠵᠤ ᠤᠶᠢᠢᠯᠠᠰ ᠨᠢ ᠤᠯᠠᠭᠠᠨ ᠯᠤᠤᠯᠢ ᠶᠢᠨ ᠲᠤᠷᠰᠢᠨ ᠲᠠᠷᠢᠬᠤ ᠴᠢᠭ᠋ ᠠᠴᠠ ᠬᠡᠪᠴᠢᠶᠡᠵᠢᠬᠦᠯᠦᠨ ᠲᠡᠷᠢᠬᠤ᠂ ᠲᠡᠩ ᠴᠤᠯᠭᠤᠢ ᠤᠯᠠᠭᠠᠨ ᠯᠤᠤᠯᠢ ᠶᠢᠨ ᠪᠦᠳᠦᠭᠡᠭᠳᠡᠬᠦᠨ ᠢ ᠦᠢᠯᠡᠳᠪᠦᠷᠢᠯᠡᠬᠦ ᠠᠵᠤ ᠠᠬᠤᠶᠢᠢᠯᠠᠯ ᠠᠴᠠ ᠠᠵᠤ ᠤᠶᠢᠢᠯᠠᠰ ᠢ ᠬᠡᠪᠴᠢᠶᠡᠵᠢᠬᠦᠯᠦᠨ ᠬᠦᠭᠵᠢᠬᠦᠯᠬᠦ᠂ ᠪᠤᠷᠤᠯᠠᠭᠤᠯᠤᠨ ᠪᠤᠯᠪᠠᠰᠤᠷᠠᠭᠤᠯᠬᠤ ᠠᠴᠠ ᠪᠤᠷᠤᠯᠠᠭᠤᠯᠤᠨ ᠪᠤᠯᠪᠠᠰᠤᠷᠠᠭᠤᠯᠵᠦ ᠬᠦᠢᠯᠭᠡᠭᠡ ᠬᠢᠬᠦ ᠶᠢ ᠨᠢᠭᠡ ᠴᠤᠭᠴᠠᠵᠢᠭᠤᠯᠤᠨ ᠬᠦᠭᠵᠢᠬᠦᠯᠬᠦ ᠵᠡᠷᠭᠡ ᠭᠤᠷᠪᠡᠨ ᠱᠠᠳᠤ ᠶᠢ ᠦᠩᠭᠡᠷᠡᠭᠡᠵᠦ᠂ ᠪᠦᠬᠦ ᠬᠤᠳᠠ ᠶᠢᠨ ᠤᠯᠠᠭᠠᠨ ᠯᠤᠤᠯᠢ ᠦᠢᠯᠡᠳᠪᠤᠷᠢᠯᠡᠬᠦ ᠠᠵᠤ ᠠᠬᠤᠶᠢᠢᠯᠠᠯ 50 ᠭᠠᠷᠤᠢ ᠳᠤ ᠭᠦᠷᠴᠤ᠂ ᠤᠯᠠᠭᠠᠨ ᠯᠤᠤᠯᠢ ᠶᠢᠨ ᠵᠢᠶᠡᠩ᠂ ᠤᠯᠠᠭᠠᠨ ᠯᠤᠤᠯᠢ ᠶᠢᠨ ᠤᠮᠳᠠᠭᠠᠨ ᠨᠢ ᠶᠠᠫᠤᠨ᠂ ᠺᠤᠷᠢᠶᠡ᠂ ᠠᠮᠧᠷᠢᠺᠡ᠂ ᠠᠦ᠋ᠰᠳ᠋ᠷᠡᠯᠢᠶ᠎ᠠ ᠵᠡᠷᠭᠡ 20 ᠭᠠᠷᠤᠢ ᠤᠯᠤᠰ ᠢᠶᠠᠷ ᠪᠤᠷᠤᠯᠠᠭᠤᠯᠤᠭᠳᠠᠵᠦ᠂ ︽ᠪᠤᠷᠤᠳᠤᠬᠤᠢ︾ ᠲᠡᠮᠳᠡᠭᠳᠤ ᠨᠡᠷ᠎ᠡ ᠲᠡᠮᠳᠡᠭ ᠢᠶᠠᠨ ᠪᠦᠬᠦ ᠲᠡᠯᠡᠭᠡᠢ ᠳᠤ ᠮᠠᠠᠳᠤᠭᠤᠯᠪᠠ᠃      ᠡᠨᠡ ᠵᠢᠯ ᠬᠤᠳᠠ ᠶᠢᠨ ᠲᠡᠷᠢᠶᠡᠯᠡᠩ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠠᠴᠠ ᠭᠤᠷᠪᠠᠨ ᠲᠦᠷᠦᠯ ᠤᠨ ᠵᠢᠮᠢᠰᠯᠢᠭ ᠤᠯᠠᠭᠠᠨ ᠯᠤᠤᠯᠢ ᠶᠢᠨ ᠦᠷ᠎ᠡ ᠶᠢ ᠤᠷᠤᠭᠤᠯᠵᠦ᠂ ︽ᠲᠠᠯᠠᠰᠳᠤ ᠬᠦᠢᠯᠡᠰᠤ︾᠂ ︽ᠬᠠᠷ᠎ᠡ ᠬᠦᠷᠡᠩ ᠬᠠᠰᠢ︾᠂ ︽ᠨᠤᠭᠤᠭᠠᠨ ᠲᠤᠭᠤᠷ︾ ᠢ ᠭᠠᠵᠠᠷ ᠰᠢᠷᠤᠢ ᠦᠬᠡᠢ ᠤᠷᠴᠢᠨ ᠳᠤ ᠲᠤᠷᠰᠢᠨ ᠲᠠᠷᠢᠭᠠᠳ ᠠᠮᠵᠢᠯᠳᠠ ᠤᠯᠤᠭᠰᠠᠨ ᠪᠠᠶᠢᠨ᠎ᠠ᠃ ᠤᠯᠠᠭᠠᠨ ᠯᠤᠤᠯᠢ ᠶᠢᠨ ᠠᠵᠤ ᠤᠶᠢᠢᠯᠠᠰ ᠪᠤᠯ ᠮᠠᠨ ᠤ ᠬᠤᠳᠠ ᠶᠢᠨ ᠮᠠᠯ ᠲᠡᠷᠢᠶᠡᠯᠡᠩ ᠤᠨ ᠪᠦᠳᠦᠭᠡᠭᠳᠡᠬᠦᠨ ᠢ ᠪᠤᠯᠪᠠᠰᠤᠷᠠᠭᠤᠯᠬᠤ ᠲᠤᠯᠭᠠᠭᠤᠷᠢ ᠠᠵᠤ ᠤᠶᠢᠢᠯᠠᠰ ᠪᠠᠶᠢᠵᠦ᠂ ᠤᠯᠠᠭᠠᠨ ᠯᠤᠤᠯᠢ ᠶᠢᠨ ᠠᠵᠤ ᠤᠶᠢᠢᠯᠠᠰ ᠤᠨ ᠬᠦᠭᠵᠢᠯᠳᠡ ᠨᠢ ᠠᠵᠤ ᠠᠬᠤᠢ ᠶᠢᠨ ᠪᠦᠳᠦᠴᠡ ᠶᠢ ᠰᠢᠯᠢᠳᠡᠭᠵᠢᠬᠦᠯᠭᠦ᠂ ᠲᠡᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ᠂ ᠭᠠᠳᠠᠭᠠᠳᠤ ᠭᠤᠪᠢᠭᠤᠯᠭ᠎ᠠ ᠶᠢ ᠡᠬᠦᠳᠬᠦ᠂ ᠡᠳ᠋ ᠶᠢᠨ ᠵᠠᠰᠠᠭ ᠤᠨ ᠤᠷᠤᠯᠭ᠎ᠠ ᠶᠢ ᠨᠡᠮᠡᠭᠳᠡᠬᠦᠯᠬᠦ ᠳᠤ ᠴᠢᠬᠤᠯᠠ ᠤᠶᠢᠢᠯᠡᠳᠤᠯ ᠢᠶᠠᠨ ᠪᠠᠳᠠᠷᠠᠭᠤᠯᠵᠦ ᠪᠠᠶᠢᠨ᠎ᠠ᠃      ᠨᠤᠭᠤᠭᠠᠨ ᠬᠠᠯᠬᠢᠶᠠᠨ ᠲᠠᠪᠠᠯᠭᠠᠯᠠᠭᠰᠠᠨ ᠤᠰᠤᠯᠠᠯᠳᠠ ᠶᠢᠨ ᠲᠡᠷᠢᠶ᠎ᠡ      ᠨᠤᠭᠤᠭᠠᠨ ᠦᠩᠭᠡ ᠶᠢ ᠬᠦᠮᠦᠰ ᠤᠷᠭᠤᠵᠦ ᠲᠦᠯᠵᠢᠬᠦ᠂ ᠦᠰᠴᠤ ᠪᠤᠶᠢᠵᠢᠬᠤ᠂ ᠲᠡᠯᠭᠡᠷᠡᠨ ᠴᠡᠴᠡᠭᠯᠡᠬᠦ ᠠᠮᠢᠯᠠᠯ ᠤᠨ ᠪᠡᠯᠭᠡᠳᠤ ᠦᠩᠭᠡ ᠢᠶᠠᠷ ᠵᠦᠢᠷᠯᠡᠵᠦ᠂ ᠮᠦᠡᠴᠤ ᠡᠬᠡ ᠪᠠᠶᠢᠭᠠᠯᠢ ᠪᠠᠨ ᠰᠢᠳᠤᠨ ᠬᠠᠶᠢᠷᠠᠯᠠᠬᠤ ᠰᠡᠳᠬᠢᠯᠭᠡ ᠪᠠᠨ ᠢᠯᠡᠳᠭᠡᠵᠦ ᠪᠠᠶᠢᠳᠠᠭ᠃ ︽ᠨᠠᠶᠢᠮᠠᠨ ᠵᠠᠭᠤᠨ ᠭᠠᠵᠠᠷ ᠤᠨ ᠪᠤᠷᠤᠳᠤᠬᠤᠢ︾ ᠶᠢᠨ ᠤᠰᠤᠯᠠᠯᠳᠠ ᠶᠢᠨ ᠲᠡᠷᠢᠶ᠎ᠠ ᠨᠢ ᠨᠤᠭᠤᠭᠠᠨ ᠲᠠᠪᠠᠯᠭᠠᠨ ᠬᠠᠯᠢᠭᠤᠷᠠᠵᠦ᠂ ᠪᠠᠶᠠᠠᠨᠠᠭᠤᠷ ᠤᠨ ᠡᠬᠡ ᠭᠠᠵᠠᠷ ᠤᠨ ᠠᠮᠢᠯᠠᠯ ᠤᠨ ᠬᠦᠴᠦᠨ ᠢ ᠢᠯᠡᠷᠡᠬᠦᠯᠵᠦ ᠴᠢᠳᠠᠬᠤ ᠨᠢ ᠯᠠᠪᠳᠠᠢ᠃ ᠪᠤᠷᠤᠳᠤᠬᠤᠢ ᠶᠢᠨ ᠲᠡᠯ᠎ᠠ ᠭᠠᠵᠠᠷ ᠪᠤᠯ ᠠᠽᠢᠶ᠎ᠠ ᠲᠢᠪ ᠤᠨ ᠬᠠᠮᠤᠭ ᠶᠡᠭᠡ ᠦᠪᠡᠷᠳᠡᠭᠡᠨ ᠰᠤᠪᠠᠭ ᠮᠠᠯᠳᠠᠵᠦ ᠤᠰᠤᠯᠠᠯᠳᠠ ᠬᠢᠳᠡᠭ ᠤᠷᠤᠨ ᠪᠤᠯᠬᠤ ᠪᠦᠭᠡᠳ ᠪᠦᠬᠦ ᠤᠯᠤᠰ ᠤᠨ ᠭᠤᠷᠪᠡᠨ ᠲᠤᠮᠤ ᠶᠡᠭᠡ ᠤᠰᠤᠯᠠᠯᠳᠠ ᠶᠢᠨ ᠤᠷᠤᠨ ᠤ ᠨᠢᠭᠡ ᠨᠢ ᠪᠠᠶᠢᠵᠦ᠂ ᠪᠠᠰᠠᠴᠤ ᠤᠯᠤᠰ᠂ ᠦᠪᠡᠷᠳᠡᠭᠡᠨ ᠵᠠᠰᠠᠬᠤ ᠤᠷᠤᠨ ᠤ ᠴᠢᠬᠤᠯᠠ ᠬᠤᠳᠠᠯᠳᠤᠭᠠᠨ ᠤ ᠠᠮᠤ ᠪᠤᠳᠠᠭ᠎ᠠ᠂ ᠲᠤᠰᠤᠨ ᠤ ᠭᠠᠷᠤᠯᠳᠠ ᠶᠢᠨ ᠰᠠᠭᠤᠷᠢᠨ ᠭᠠᠵᠠᠷ ᠪᠤᠯᠤᠨ᠎ᠠ᠃ ᠪᠤᠷᠤᠳᠤᠬᠤᠢ ᠶᠢᠨ ᠤᠰᠤᠯᠠᠯᠳᠠ ᠶᠢᠨ ᠤᠷᠤᠨ ᠪᠤᠯ ᠮᠠᠨ ᠤ ᠤᠯᠤᠰ ᠤᠨ ᠭᠠᠩ ᠬᠠᠭᠤᠷᠠᠢ ᠪᠠᠷᠠᠭᠤᠨ ᠬᠤᠶᠢᠳᠤ ᠶᠢᠨ ᠦᠡᠳᠦᠷᠯᠢᠭ ᠲᠤ ᠪᠠᠶᠢᠷᠢᠯᠠᠵᠦ᠂ ᠬᠤᠷ᠎ᠠ ᠲᠤᠨᠤᠳᠠᠰᠤ ᠪᠠᠭ᠎ᠠ᠂ ᠠᠭᠤᠷᠰᠢᠯᠳᠠ ᠶᠢᠨ ᠬᠡᠮᠵᠢᠶ᠎ᠠ ᠶᠡᠭᠡ᠂ ᠤᠰᠤ ᠵᠠᠯᠠᠵᠦ ᠤᠰᠤᠯᠠᠯᠳᠠ ᠬᠢᠬᠦ ᠦᠬᠡᠢ ᠪᠤᠯ ᠲᠡᠷᠢᠶᠡᠯᠡᠩ ᠤᠨ ᠤᠶᠢᠢᠯᠠᠰ ᠦᠯᠦ ᠬᠦᠭᠵᠢᠬᠦ ᠭᠠᠵᠠᠷ ᠤᠷᠤᠨ ᠳᠤ ᠪᠠᠭᠳᠠᠵᠦ᠂ ᠤᠰᠤᠯᠠᠯᠳᠠ ᠶᠢᠨ ᠤᠷᠤᠨ ᠨᠢ ᠵᠢᠯ ᠪᠦᠷᠢ 50 ᠳ᠋ᠦᠩᠰᠢᠭᠤᠷ ᠪᠤᠰᠤᠭ᠎ᠠ ᠲᠦᠷᠪᠡᠯᠵᠢᠨ ᠮᠧᠳ᠋ᠷ ᠬᠠᠳᠤᠨ ᠭᠤᠤᠯ ᠤᠨ ᠤᠰᠤ ᠶᠢ ᠲᠠᠳᠠᠨ ᠤᠷᠤᠭᠤᠯᠵᠦ᠂ ᠬᠠᠳᠤᠨ ᠭᠤᠤᠯ ᠤᠨ ᠬᠢᠯᠢ ᠪᠠᠷ ᠤᠷᠤᠰᠤᠨ ᠦᠩᠭᠡᠷᠡᠬᠦ ᠤᠰᠤᠨ ᠤ ᠬᠡᠮᠵᠢᠶ᠎ᠡ ᠶᠢᠨ ᠲᠤᠯᠤᠭᠠᠨ ᠤ ᠨᠢᠭᠡ ᠶᠢ ᠡᠵᠡᠯᠡᠳᠡᠭ᠃ ᠪᠦᠬᠦ ᠬᠤᠳᠠ ᠶᠢᠨ ᠪᠤᠷᠤᠳᠤᠬᠤᠢ ᠶᠢᠨ ᠤᠰᠤᠯᠠᠯᠳᠠ ᠶᠢᠨ ᠤᠷᠤᠨ ᠤ ᠲᠡᠷᠢᠶᠡᠨ ᠭᠠᠵᠠᠷ 1100 ᠭᠠᠷᠤᠢ ᠮᠦ ᠳᠤ ᠬᠦᠷᠴᠤ᠂ ᠪᠤᠭᠤᠳᠠᠢ᠂ ᠡᠷᠳᠡᠨᠢ ᠰᠢᠰᠢ᠂ ᠬᠤᠤᠮᠧᠨ᠂ ᠨᠠᠷᠠᠨ ᠬᠤᠧᠠᠷ ᠪᠠ ᠵᠢᠯ ᠤᠨ ᠲᠦᠷᠪᠡᠨ ᠤᠯᠠᠷᠢᠯ ᠳᠤ ᠲᠤᠳᠠᠭᠳᠠᠵᠦ ᠪᠤᠯᠤᠰᠢ ᠦᠬᠡᠢ ᠡᠯ᠎ᠠ ᠵᠦᠢᠯ ᠤᠨ ᠢᠳᠡᠰᠢᠨ ᠨᠤᠭᠤᠭ᠎ᠠ ᠶᠢ ᠲᠡᠷᠢᠵᠦ᠂ ᠬᠤᠳᠠ ᠬᠦᠳᠡᠭᠡ ᠶᠢᠨ ᠬᠦᠮᠦᠨ ᠠᠷᠠᠳ ᠤᠨ ᠠᠮᠢᠳᠤᠷᠠᠯ ᠢ ᠲᠦᠯᠵᠢᠵᠦ᠂ ᠪᠦᠬᠦ ᠬᠤᠳᠠ ᠶᠢᠨ ᠠᠵᠤ ᠠᠬᠤᠢ ᠶᠢᠨ ᠬᠦᠭᠵᠢᠯᠳᠡ ᠶᠢᠨ ᠭᠤᠤᠯ ᠲᠤᠯᠭᠠᠭᠤᠷᠢ ᠬᠦᠴᠦᠨ ᠪᠤᠯᠳᠠᠭ᠃ ᠬᠠᠳᠤᠨ ᠭᠤᠤᠯ ᠤᠨ ᠤᠰᠤ ᠶᠢ ᠲᠡᠳᠡᠵᠦ ᠤᠷᠤᠭᠤᠯᠬᠤ ᠠᠴᠠ ᠭᠠᠳᠠᠨ᠎ᠠ ᠠᠵᠢᠯᠴᠢ ᠪᠤᠷᠤᠭᠵᠢᠭᠤᠨ ᠪᠤᠷᠤᠳᠤᠬᠤᠢ ᠶᠢᠨ ᠬᠦᠮᠦᠰ ᠨᠠᠭᠤᠷ ᠪᠦᠷᠢᠳᠤ ᠡᠯᠪᠡᠭ ᠨᠤᠳᠤᠭ ᠤᠷᠤᠨ ᠤ ᠪᠠᠨ ᠲᠠᠪᠠᠭᠤᠯᠢᠭ ᠢᠶᠠᠨ ᠠᠰᠢᠭᠯᠠᠨ ᠮᠠᠰᠢ ᠤᠯᠠᠨ ᠲᠠᠳᠠᠷᠠᠭᠤᠯᠬᠤ ᠰᠤᠪᠠᠭ ᠮᠠᠯᠳᠠᠵᠦ᠂ ᠶᠠᠷᠤᠩᠬᠡᠢ ᠤᠰᠤᠯᠠᠯᠳᠠ ᠶᠢᠨ ᠰᠤᠪᠠᠭ ᠤᠨ ᠲᠤᠤᠷ᠎ᠠ ᠨᠢ ᠤᠰᠤᠯᠠᠯᠳᠠ ᠶᠢᠨ ᠰᠤᠪᠠᠭ᠂ ᠰᠠᠯᠪᠤᠷᠢ ᠤᠰᠤᠯᠠᠯᠳᠠ ᠶᠢᠨ ᠰᠤᠪᠠᠭ᠂ ᠰᠠᠯᠪᠤᠷᠢ ᠭᠤᠤ ᠵᠡᠷᠭᠡ ᠶᠢ ᠪᠠᠭᠳᠠᠭᠠᠵᠦ᠂ ᠨᠢᠭᠡᠳᠤᠭᠡᠷ ᠤᠰᠤᠯᠠᠯᠳᠠ ᠶᠢᠨ ᠭᠠᠵᠠᠷ᠂ ᠵᠢᠶᠧ ᠹᠠᠩ ᠬᠠᠰᠢᠯᠭ᠎ᠠ᠂ ᠶᠦᠩ ᠵᠢᠢ᠂ ᠢ ᠴᠡᠩ᠂ ᠤᠷᠠᠳ ᠬᠡᠬᠦ ᠲᠡᠪᠤᠨ ᠬᠠᠮᠢᠶᠠᠷᠤᠯᠳᠠ ᠶᠢᠨ ᠲᠤᠪᠴᠢᠶ᠎ᠠ ᠶᠢ ᠪᠠᠶᠢᠭᠤᠯᠵᠦ᠂ ᠪᠦᠬᠦ ᠬᠤᠳᠠ ᠶᠢᠨ ᠬᠠᠪᠤᠷ᠂ ᠨᠠᠮᠤᠷ᠂ ᠨᠠᠮᠤᠷ ᠤᠨ ᠰᠠᠬᠦᠯᠴᠢ ᠶᠢᠨ ᠭᠤᠷᠪᠡᠨ ᠡᠷᠡᠨ ᠤ ᠤᠰᠤᠯᠠᠯᠳᠠ ᠶᠢᠨ ᠠᠵᠢᠯ ᠢ ᠬᠠᠷᠢᠭᠤᠴᠠᠵᠦ ᠪᠤᠢ᠃ 2008 ᠤᠨ ᠠᠴᠠ 2016 ᠤᠨ ᠪᠤᠯᠳᠠᠯ᠎ᠠ ᠪᠦᠬᠦ ᠬᠤᠳᠠ ᠶᠢᠨ ᠦᠭᠡᠷᠡᠴᠢᠯᠡᠵᠦ ᠰᠢᠨ᠎ᠠ ᠪᠠᠷ ᠨᠡᠮᠡᠭᠳᠡᠬᠦᠯᠦᠭᠰᠡᠨ ᠤᠰᠤᠯᠠᠯᠳᠠ ᠶᠢᠨ ᠲᠡᠷᠢᠶ᠎ᠡ 450 ᠲᠦᠮᠡᠡ ᠮᠦ ᠳᠤ ᠬᠦᠷᠴᠤ᠂ ᠰᠡᠷᠭᠡᠶᠢᠯᠡᠯᠳᠡ ᠶᠢᠨ ᠤᠢ ᠮᠤᠳᠤ ᠶᠢ 1677 ᠲᠦᠮᠡ ᠲᠡᠷᠢᠵᠦ᠂ ᠰᠢᠨ᠎ᠠ ᠮᠡᠷᠭᠡᠵᠢᠯ ᠢ ᠬᠡᠷᠡᠭᠯᠡᠵᠦ ᠲᠠᠷᠢᠭᠰᠠᠨ ᠵᠢᠱᠢᠶ᠎ᠡ ᠦᠵᠡᠬᠦᠯᠬᠦ ᠲᠡᠷᠢᠶ᠎ᠡ 88 · 94 ᠲᠦᠮᠡᠨ ᠮᠦ ᠳᠤ ᠬᠦᠷᠴᠤ᠂ 2017 ᠤᠨ ᠤ ᠡᠬᠢᠨ ᠳᠤ ᠬᠦᠷᠳᠡᠯ᠎ᠠ ᠶᠡᠷᠤᠩᠬᠡᠢ ᠤᠷᠤᠭᠤᠯᠤᠯᠳᠠ ᠨᠢ 50 ᠳ᠋ᠦᠩᠰᠢᠭᠤᠷ ᠲᠦᠬᠦᠷᠢᠭ ᠲᠤ ᠬᠦᠷᠦᠭᠰᠡᠨ ᠪᠤᠷᠤᠳᠤᠬᠤᠢ ᠶᠢᠨ ᠤᠰᠤᠯᠠᠯᠳᠠ ᠶᠢᠨ ᠤᠷᠤᠨ ᠤ 500 ᠲᠦᠮᠡᠨ ᠮᠦ ᠶᠢᠨ ᠲᠡᠷᠢᠶ᠎ᠡ ᠨᠢ ᠪᠦᠬᠦᠨ ᠢᠶᠠᠷ ᠢᠶᠠᠨ ᠦᠬᠡᠷᠡᠴᠢᠯᠡᠭᠳᠡᠵᠦ᠂ 4500 ᠭᠠᠷᠤᠢ ᠲᠦᠮᠡᠨ ᠵᠢᠩ ᠤᠨ ᠡᠯ᠎ᠠ ᠵᠦᠢᠯ ᠤᠨ ᠲᠡᠷᠢᠮᠡᠯ ᠢ ᠲᠡᠷᠢᠬᠤ ᠪᠠᠷ ᠪᠡᠯᠡᠭᠡᠨ ᠪᠤᠯᠤᠭᠠᠳ ᠪᠠᠶᠢᠨ᠎ᠠ᠃      ᠰᠢᠨ᠎ᠠ ᠮᠡᠷᠭᠡᠵᠢᠯ ᠳᠤ ᠲᠦᠰᠢᠭᠯᠡᠭᠰᠡᠨ ᠪᠤᠷᠤᠳᠤᠬᠤᠢ ᠶᠢᠨ ᠤᠰᠤᠯᠠᠯᠳᠠ ᠶᠢᠨ ᠤᠷᠤᠨ ᠨᠢ ᠲᠡᠷᠢᠶᠡᠯᠡᠩ ᠤᠨ ᠦᠷ᠎ᠡ ᠠᠰᠢᠭ ᠢ ᠨᠡᠮᠡᠭᠳᠡᠬᠦᠯᠵᠦ᠂ ᠬᠦᠳᠡᠭᠡ ᠲᠤᠰᠬᠤᠨ ᠳᠤ ᠨᠤᠭᠤᠭᠠᠨ ᠦᠩᠬᠡ ᠨᠡᠮᠡᠷᠢᠯᠡᠵᠦ᠂ ᠲᠡᠷᠢᠶᠡᠴᠢᠨ ᠤ ᠠᠮᠢᠳᠤᠷᠠᠯ ᠢ ᠪᠠᠶᠠᠵᠢᠭᠤᠯᠤᠨ ᠴᠢᠨᠡᠭᠡᠯᠢᠭᠵᠢᠬᠦᠯᠵᠦ ᠪᠤᠢ᠃ ᠤᠳᠤ ᠮᠠᠨ ᠤ ᠬᠤᠳᠠ ᠡᠨᠧᠷᠬᠢ᠂ ᠤᠰᠤ᠂ ᠭᠠᠵᠠᠷ ᠰᠢᠷᠤᠢ ᠪᠠᠨ ᠲᠦᠪᠯᠡᠷᠡᠬᠦᠯᠦᠨ ᠠᠷᠪᠢᠳᠡᠢ ᠭᠠᠮᠳᠠᠢ ᠬᠡᠷᠡᠭᠯᠡᠵᠦ᠂ ᠪᠤᠷᠤᠳᠤᠬᠤᠢ ᠶᠢᠨ ᠤᠰᠤᠯᠠᠯᠳᠠ ᠶᠢᠨ ᠤᠷᠤᠨ ᠢᠶᠠᠨ ᠠᠮᠢ ᠠᠬᠤᠶᠢᠢᠳᠤ ᠠᠮᠤ ᠪᠤᠳᠠᠭᠠᠨ ᠤ ᠬᠦᠮᠦᠷᠭᠡ᠂ ᠨᠤᠭᠤᠭᠠᠨ ᠦᠩᠭᠡᠳᠤ ᠤᠷᠳᠤ ᠬᠤᠩᠬᠢᠯ ᠪᠤᠯᠭᠠᠨ ᠡᠬᠦᠳᠦᠨ ᠪᠦᠳᠦᠭᠡᠬᠦ ᠪᠠᠷ ᠬᠦᠴᠦᠯᠡᠨ ᠴᠢᠷᠮᠡᠶᠢᠵᠦ ᠪᠠᠶᠢᠨ᠎ᠠ᠃        ᠴᠡᠩᠭᠡᠷ ᠬᠠᠳᠠᠭ ᠰᠢᠭ᠋ ᠬᠦᠭᠡᠷᠡᠨ ᠤᠷᠤᠰᠤᠬᠰᠠᠨ ᠬᠠᠳᠤᠨ ᠭᠤᠤᠯ      ᠬᠦᠭᠡᠮᠳᠦᠭ ᠤᠭᠳᠡᠷᠭᠤᠢ ᠳᠤ ᠬᠦᠪᠤᠩ ᠴᠠᠭᠠᠨ ᠡᠬᠦᠯᠡ ᠬᠦᠪᠪᠦᠯᠵᠡᠭᠰᠡᠨ ᠡᠬᠡ ᠪᠠᠶᠢᠭᠠᠯᠢ ᠶᠢ ᠬᠦᠮᠦᠰ ᠴᠦᠮ ᠬᠠᠶᠢᠷᠠᠯᠠᠳᠠᠭ᠃ ᠬᠦᠭᠡ ᠲᠡᠭᠷᠢ ᠪᠠᠨ ᠰᠢᠳᠤᠵᠦ ᠂ ᠬᠦᠭᠡ ᠦᠩᠭᠡ ᠪᠠᠨ ᠲᠡᠭᠡᠳᠤᠯᠡᠳᠡᠭ ᠨᠢ ᠮᠤᠩᠭᠤᠯᠴᠤᠳ ᠤᠨ ᠲᠡᠨᠢᠭᠡᠷ ᠠᠭᠤᠳᠠᠮ ᠡᠬᠡ ᠬᠤᠷ᠊ ᠤᠠ᠋ ᠪᠠᠨ ᠴᠡᠪᠡᠷ ᠠᠷᠢᠭᠤᠨ ᠪᠠᠶᠢᠯᠭᠠᠬᠤ ᠶᠢ ᠬᠦᠰᠡᠨ ᠵᠤᠷᠢᠭᠰᠠᠨ ᠰᠠᠶᠢᠬᠠᠨ ᠪᠡᠯᠭᠡᠳᠡᠯ ᠪᠤᠯᠬᠤ ᠶᠤᠮ᠃ ᠪᠠᠶᠠᠨ ᠲᠠᠩᠰᠤᠭ ᠪᠠᠶᠠᠠᠨᠠᠭᠤᠷ ᠤᠨ ᠡᠬᠡ ᠨᠤᠳᠤᠭ ᠲᠤ ᠬᠦᠬᠡᠷᠡᠨ ᠤᠨᠢᠶᠠᠷᠳᠤᠬᠤ ᠮᠤᠨᠢ ᠠᠭᠤᠯᠠ ᠰᠦᠡᠳᠡᠷᠯᠡᠨ᠂ ᠴᠡᠩᠭᠡᠷᠯᠡᠨ ᠮᠡᠯᠮᠡᠯᠵᠡᠬᠦ ᠤᠯᠢᠶᠠᠰᠤᠳᠠᠢ ᠨᠠᠭᠤᠷ ᠲᠤᠨᠤᠯᠵᠡᠵᠦ᠂ ᠠᠭᠤᠯᠠ ᠲᠠᠢ ᠤᠰᠤ ᠲᠠᠢ ᠭᠠᠩᠭᠠᠩ ᠪᠠᠶᠢᠭᠠᠯᠢ ᠬᠦᠮᠦᠰ ᠤᠨ ᠬᠠᠷᠠᠭ᠎ᠠ ᠶᠢ ᠪᠤᠯᠢᠶᠠᠬᠤ ᠠᠴᠠ ᠭᠠᠳᠠᠨ᠎ᠠ᠂ ︽ᠲᠦᠮᠡᠨ ᠭᠠᠵᠠᠷ ᠮᠤᠷᠤᠯᠵᠠᠨ ᠲᠠᠪᠠᠯᠭᠠᠯᠠᠬᠤ ᠬᠠᠳᠤᠨ ᠭᠤᠤᠯ ᠤᠨ ᠨᠢᠭᠡᠳᠤᠭᠡᠷ ᠬᠠᠰᠢᠯᠭ᠎ᠠ︾ ᠬᠡᠵᠦ ᠠᠯᠳᠠᠷᠰᠢᠭᠰᠠᠨ ᠬᠠᠳᠤᠨ ᠭᠤᠤᠯ ᠤᠨ ᠰᠠᠨ ᠰᠧᠨ ᠬᠦᠩ ᠤᠨ ᠬᠦᠢᠰᠤ ᠪᠠᠷᠢᠯᠭ᠎ᠠ ᠨᠢ ᠲᠦᠷᠪᠡᠨ ᠵᠦᠭ ᠨᠠᠶᠢᠮᠠᠨ ᠵᠤᠪᠬᠢᠰ ᠤᠨ ᠵᠤᠭᠠᠴᠠᠭᠰᠠᠳ ᠤᠨ ᠪᠠᠬ᠎ᠠ ᠶᠢ ᠲᠡᠳᠡᠵᠦ᠂ ᠰᠤᠨᠢᠭᠤᠴᠢ ᠶᠢ ᠬᠦᠳᠡᠯᠭᠡᠨ᠎ᠠ᠃      ︽ᠠᠭᠤᠯᠠ ᠶᠢ ᠲᠦᠰᠢᠪᠠᠯ ᠦᠩᠰᠢᠭᠵᠢᠵᠦ᠂ ᠤᠰᠤ ᠶᠢ ᠪᠠᠷᠠᠳᠠᠪᠠᠯ ᠪᠠᠶᠠᠵᠢᠨ᠎ᠠ︾ ᠬᠡᠳᠡᠭ ᠢᠶᠠᠷ ᠦᠡᠳᠤᠷ ᠮᠤᠨᠢ ᠶᠢ ᠲᠦᠰᠢᠵᠦ᠂ ᠦᠷᠭᠡᠨ ᠬᠠᠳᠤᠨ ᠢ ᠪᠠᠷᠠᠳᠠᠭᠰᠠᠨ ᠬᠡᠰᠢᠭ ᠬᠡᠶᠢᠮᠤᠷᠢᠳᠡᠢ ᠲᠠᠢ ᠪᠠᠶᠠᠠᠨᠠᠭᠤᠷᠴᠤᠳ ︽ᠲᠡᠯ᠎ᠡ ᠨᠤᠳᠤᠭ ᠤᠨ ᠤᠰᠤᠨ ᠬᠤᠳᠠ︾ ᠶᠢ ᠡᠬᠦᠳᠴᠦ᠂ ︽ᠠᠷᠤ ᠭᠠᠵᠠᠷ ᠤᠨ ᠵᠢᠶᠡᠩᠨᠡᠨ︾ ᠨᠤᠳᠤᠭ ᠢ ᠪᠠᠶᠢᠭᠤᠯᠬᠤ ᠪᠠᠷ ᠮᠡᠷᠡᠶᠢᠵᠦ ᠪᠠᠶᠢᠭ᠎ᠠ ᠦᠨᠦᠳᠤᠷ᠂ ᠬᠠᠳᠤᠨ ᠭᠤᠤᠯ ᠤᠨ ᠬᠦᠢᠰᠦ ᠪᠠᠷᠢᠯᠭ᠎ᠠ ᠶᠢᠨ ᠤᠶᠢᠢᠯᠠᠳᠤᠯ ᠢ ᠤᠮᠳᠤᠭᠠᠶᠢᠢᠯᠠᠵᠦ ᠪᠤᠯᠬᠤ ᠦᠬᠡᠢ ᠨᠢ ᠯᠠᠪᠳᠠᠢ᠃ ᠬᠠᠳᠤᠨ ᠭᠤᠤᠯ ᠤᠨ ᠰᠠᠨ ᠰᠧᠨ ᠬᠦᠩ ᠬᠦᠢᠰᠤ ᠪᠠᠷᠢᠯᠭ᠎ᠠ ᠪᠤᠯ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠨᠨ ᠤ ᠲᠡᠷᠠᠭ᠎ᠠ᠂ ᠬᠠᠳᠤᠨ ᠭᠤᠤᠯ ᠤᠨ ᠭᠤᠤᠯ ᠤᠷᠤᠰᠬᠠᠯ ᠤᠨ ᠲᠡᠭᠡᠳᠤ ᠤᠷᠤᠰᠬᠠᠯ ᠳᠤ ᠪᠠᠶᠢᠭᠤᠯᠤᠭᠰᠠᠨ ᠭᠤᠤᠯᠳᠠᠯᠭ᠎ᠠ ᠲᠠᠢ ᠢᠡᠵᠧᠨᠧᠷᠢᠩ ᠤᠨ ᠨᠢᠭᠡ ᠨᠢ ᠪᠦᠭᠡᠳ ᠮᠦᠡᠴᠤ ᠪᠤᠷᠤᠳᠤᠬᠤᠢ ᠤᠰᠤᠯᠠᠯᠳᠠ ᠶᠢᠨ ᠤᠷᠤᠨ ᠤ ᠤᠰᠤ ᠲᠠᠳᠠᠷᠠᠭᠤᠯᠬᠤ ᠲᠤᠯᠤᠭᠠᠶᠢᠢᠯᠠᠭᠴᠢ ᠢᠡᠵᠧᠨᠧᠷᠢᠩ ᠪᠠᠶᠢᠵᠦ᠂ ᠤᠰᠤᠯᠠᠯᠳᠠ ᠶᠢᠨ ᠲᠠᠯᠠᠪᠠᠢ ᠨᠢ 870 ᠲᠦᠮᠡᠨ ᠮᠦ ᠳᠤ ᠬᠦᠷᠴᠤ ᠪᠤᠢ᠃ ᠬᠦᠢᠰᠤ ᠪᠠᠷᠢᠯᠭ᠎ᠠ ᠨᠢ ᠲᠡᠷᠢᠶᠡᠯᠡᠩ ᠤᠨ ᠤᠰᠤᠯᠠᠯᠳᠠ᠂ ᠦᠶᠡᠷ ᠢ ᠰᠡᠷᠭᠡᠶᠢᠯᠡᠬᠦ᠂ ᠠᠵᠤ ᠦᠢᠯᠡᠳᠪᠤᠷᠢᠯᠡᠯ ᠤᠨ ᠤᠰᠤ ᠬᠡᠷᠡᠭᠯᠡᠬᠦ᠂ ᠤᠰᠤᠨ ᠤ ᠬᠦᠴᠦ ᠪᠠᠷ ᠴᠠᠬᠢᠯᠭᠠᠨ ᠭᠠᠷᠭᠠᠬᠤ ᠵᠡᠷᠭᠡ ᠲᠡᠯ᠎ᠠ ᠳᠤ ᠯᠤᠳᠤ ᠶᠡᠭᠡ ᠨᠡᠶᠢᠭᠡᠮ ᠤᠨ ᠪᠡ ᠠᠵᠤ ᠠᠬᠤᠢ ᠶᠢᠨ ᠦᠷ᠎ᠠ ᠠᠰᠢᠭ ᠤᠯᠵᠦ᠂ ᠦᠪᠦᠷ ᠮᠤᠩᠭᠤᠯ ᠤᠨ ᠪᠠᠷᠠᠭᠤᠨ ᠬᠡᠰᠡᠭ ᠤᠷᠤᠨ ᠤ ᠤᠯᠤᠰ ᠠᠷᠠᠳ ᠤᠨ ᠠᠵᠤ ᠠᠬᠤᠢ᠂ ᠨᠡᠶᠢᠭᠡᠮ ᠤᠨ ᠬᠦᠭᠵᠢᠯᠳᠡ ᠵᠢᠴᠢ ᠠᠮᠢ ᠠᠬᠤᠢ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠳᠤ ᠴᠢᠬᠤᠯᠠ ᠤᠶᠢᠢᠯᠠᠳᠤᠯ ᠦᠵᠡᠬᠦᠯᠦᠭᠰᠡᠨ ᠪᠦᠭᠡᠳ ᠤᠰᠤᠨ ᠰᠢᠰᠲ᠋ᠧᠮ ᠤᠨ ᠰᠤᠶᠤᠯ ᠢ ᠪᠠᠶᠠᠯᠢᠭᠵᠢᠭᠤᠯᠵᠦ᠂ ᠰᠢᠡᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠯᠳᠠ ᠶᠢ ᠡᠵᠡᠮᠰᠢᠬᠦ ᠂ ᠠᠵᠤ ᠦᠢᠯᠡᠳᠪᠤᠷᠢᠯᠡᠯ ᠤᠨ ᠲᠤᠭᠤᠷᠢᠨ ᠵᠤᠭᠠᠴᠠᠬᠤ ᠬᠠᠨᠤᠮᠵᠢᠳᠡᠢ ᠭᠠᠵᠠᠷ ᠪᠤᠯᠤᠭᠰᠠᠨ ᠪᠠᠶᠢᠨ᠎ᠠ᠃ ᠬᠠᠳᠤᠨ ᠭᠤᠤᠯ ᠤᠨ ᠰᠠᠨ ᠰᠧᠨ ᠬᠦᠩ ᠬᠦᠢᠰᠤ ᠪᠠᠷᠢᠯᠭ᠎ᠠ ᠶᠢᠨ ᠢᠡᠵᠧᠨᠧᠷᠢᠩ ᠨᠢ ᠬᠠᠳᠤᠨ ᠡᠬᠡ ᠶᠢᠨ ᠰᠢᠮ᠎ᠠ ᠲᠡᠵᠢᠭᠡᠯ ᠢ ᠪᠤᠷᠤᠳᠤᠬᠤᠢ ᠶᠢᠨ ᠠᠷᠠᠳ ᠲᠦᠮᠡᠨ ᠳᠤ ᠬᠦᠷᠳᠡᠭᠡᠵᠦ᠂ ᠤᠰᠤᠨ ᠠᠰᠢᠭᠯᠠᠯᠳᠠ ᠶᠢᠨ ᠰᠤᠶᠤᠯ ᠤᠨ ᠪᠤᠯᠪᠠᠰᠤᠨ ᠲᠡᠤᠬᠡᠨ ᠬᠠᠭᠤᠳᠠᠰᠤ ᠶᠢ ᠪᠢᠴᠢᠭᠯᠡᠭᠰᠡᠨ ᠠᠴᠠ ᠮᠠᠨ ᠤ ᠬᠤᠳᠠ ᠶᠢᠨ ᠵᠤᠭᠠᠴᠠᠯ ᠤᠨ ᠭᠤᠤᠯ ᠤᠷᠤᠨ ᠪᠤᠯᠵᠦ᠂ ᠰᠠᠨ ᠰᠧᠨ ᠬᠦᠩ ᠵᠤᠭ᠎ᠠ ᠴᠡᠩᠭᠡᠯ ᠤᠨ ᠴᠡᠴᠡᠷᠯᠢᠭ᠂ ᠰᠠᠨ ᠰᠧᠨ ᠬᠦᠩ ᠬᠦᠢᠰᠤ ᠪᠠᠷᠢᠯᠭ᠎ᠠ ᠶᠢᠨ ᠢᠡᠵᠧᠨᠧᠷᠢᠩ᠂ ᠪᠤᠷᠤᠳᠤᠬᠤᠢ ᠶᠢᠨ ᠵᠤᠭᠠᠴᠠᠯ ᠤᠨ ᠲᠤᠰᠬᠤᠨ ᠵᠡᠷᠭᠡ ᠭᠤᠷᠪᠡᠨ ᠵᠤᠭᠠᠴᠠᠯ ᠤᠨ ᠭᠠᠵᠠᠷ ᠢᠶᠠᠷ ᠪᠦᠷᠢᠯᠳᠦᠭᠰᠡᠨ ᠡᠳᠡᠭᠡᠳ ᠤᠠᠴᠠᠯᠢᠭ ᠲᠠᠢ ᠬᠠᠳᠤᠨ ᠭᠤᠤᠯ ᠤᠨ ᠵᠠᠩ ᠠᠷᠠᠠᠰᠢᠨ ᠤ ᠵᠤᠭᠠᠴᠠᠯ ᠤᠨ ᠦᠵᠡᠮᠵᠢ ᠶᠢᠨ ᠲᠤᠭᠤᠷᠢᠭ ᠨᠢ ᠵᠢᠯ ᠳᠤ 10 ᠲᠦᠮᠡ ᠭᠠᠷᠤᠢ ᠵᠤᠭᠠᠴᠠᠭᠰᠠᠳ ᠢ ᠤᠭᠳᠤᠵᠦ ᠪᠠᠶᠢᠳᠠᠭ᠃ ᠮᠡᠯᠮᠡᠯᠵᠡᠨ ᠤᠷᠤᠰᠬᠤ ᠤᠯᠢᠶᠠᠰᠤᠳᠠᠢ ᠨᠠᠭᠤᠷ᠂ ᠴᠡᠩᠭᠡᠷᠯᠡᠨ ᠲᠤᠨᠢᠶᠠᠷᠳᠤᠬᠤ ᠲᠤᠯᠢᠨ ᠨᠠᠭᠤᠷ᠂ ᠤᠰᠤ ᠮᠤᠳᠤ ᠠᠭᠤᠰᠤᠯᠴᠠᠭᠰᠠᠨ ᠬᠠᠳᠤᠨ ᠭᠤᠤᠯ ᠤᠨ ᠨᠤᠭᠤ ᠭᠠᠵᠠᠷ ᠤᠨ ᠴᠡᠴᠡᠷᠯᠢᠭ ᠨᠢ ᠮᠠᠨ ᠤ ᠬᠤᠳᠠ ᠶᠢᠨ ᠤᠰᠤᠨ ᠤ ᠦᠵᠡᠮᠵᠢ ᠶᠢᠨ ᠭᠠᠶᠢᠬᠠᠮᠰᠢᠭ ᠪᠠᠶᠢᠭᠠᠯᠢ ᠶᠢᠨ ᠵᠢᠷᠤᠭᠯᠡᠯ ᠪᠤᠯᠵᠦ᠂ ︽ᠲᠡᠯ᠎ᠠ ᠨᠤᠳᠤᠭ ᠤᠨ ᠤᠰᠤᠨ ᠬᠤᠳᠠ︾᠂ ︽ᠠᠷᠤ ᠭᠠᠵᠠᠷ ᠤᠨ ᠵᠢᠶᠡᠩᠨᠠᠨ︾  ᠤ ᠠᠯᠳᠠᠷ ᠴᠤᠯᠡ ᠶᠢ ᠡᠷᠬᠦᠵᠦ ᠶᠠᠪᠤᠨ᠎ᠠ᠃      ᠰᠢᠷᠭᠠᠯ ᠡᠯᠡᠰᠤ ᠨᠤᠭᠤᠭᠠᠨ ᠪᠦᠷᠢᠳᠤ ᠪᠤᠯᠤᠭᠰᠠᠨ ᠤᠯᠠᠭᠠᠠᠪᠤᠬ᠎ᠠ      ᠡᠯᠪᠡᠭ ᠬᠤᠷᠢᠶᠡᠯᠳᠡ ᠶᠢᠨ ᠠᠯᠳᠠᠨ ᠨᠠᠮᠤᠷ ᠲᠤ ᠰᠢᠷᠭᠠᠯ ᠲᠡᠷᠢᠶ᠎ᠡ ᠬᠠᠯᠢᠭᠤᠷᠠᠵᠦ᠂ ᠦᠩᠰᠢᠭ ᠠᠮᠢᠳᠤᠷᠠᠯ ᠤᠨ ᠢᠷᠠᠭᠤ ᠡᠭᠡᠰᠢᠭ ᠬᠠᠩᠬᠢᠨᠡᠳᠠᠭ ᠲᠤᠯᠠ ᠰᠢᠷ᠎ᠠ ᠦᠩᠭᠡ ᠨᠢ ᠪᠠᠶᠠᠨ ᠲᠠᠩᠰᠤᠭ ᠠᠵᠠ ᠵᠢᠷᠭᠠᠯ ᠤᠨ ᠪᠡᠯᠭᠡᠳᠡᠯ ᠪᠤᠯᠵᠦ᠂ ᠬᠦᠮᠦᠨ ᠠᠷᠠᠳ ᠢᠶᠠᠨ ᠪᠠᠶᠠᠰᠬᠠᠳᠠᠭ ᠤᠴᠢᠷᠳᠡᠢ᠃ ᠲᠡᠭᠷᠢ ᠴᠡᠯᠮᠡᠭᠰᠢᠵᠦ᠂ ᠠᠭᠠᠷ ᠨᠢ ᠴᠡᠩᠭᠡᠷᠳᠤᠵᠦ᠂ ᠡᠶᠠᠪᠠᠷᠭᠦ ᠰᠠᠯᠬᠢ ᠬᠠᠴᠠᠷ ᠢ ᠢᠯᠪᠢᠭᠰᠠᠨ ᠨᠠᠮᠤᠷ ᠤᠨ ᠰᠠᠶᠢᠬᠠᠨ ᠤᠯᠠᠷᠢᠯ ᠳᠤ᠂ ᠤᠯᠠᠭᠠᠠᠠᠪᠤᠬ᠎ᠠ ᠶᠢᠨ ᠡᠯᠡᠰᠤᠨ ᠴᠦᠯ ᠳᠤ ᠲᠤᠳᠤᠷᠭ᠎ᠠ ᠬᠠᠯᠢᠭᠤᠷᠠᠵᠦ ᠂ ᠡᠷᠳᠡᠨᠢ ᠰᠢᠰᠢ ᠰᠢᠷᠭᠠᠯᠳᠤᠵᠦ᠂ ᠪᠠᠭᠴᠠ ᠪᠠᠭᠴᠠ ᠦᠵᠦᠮ ᠠᠴᠠ ᠠᠩᠬᠢᠯᠤᠮ᠎ᠠ ᠦᠨᠦᠷ ᠬᠠᠩᠬᠤᠯᠤᠨ᠎ᠠ᠃ ᠰᠢᠷᠭᠠᠯ ᠡᠯᠠᠰᠤ ᠨᠤᠭᠤᠭᠠᠨ ᠪᠦᠷᠢᠳᠤ ᠪᠤᠯᠵᠦ᠂ ᠰᠠᠶᠢᠬᠠᠨ ᠦᠵᠡᠮᠵᠢ ᠬᠦᠮᠦᠰ ᠢ ᠪᠠᠶᠠᠰᠬᠠᠭᠰᠠᠨ ᠡᠨᠡᠬᠦ ᠪᠠᠭ᠋ᠠᠳᠤᠮ᠎ᠠ ᠪᠠᠶᠢᠳᠠᠯ ᠨᠢ ᠳ᠋ᠧᠩᠺᠧᠤ ᠰᠢᠶᠠᠨ ᠤ ︽ᠡᠯᠡᠰᠦᠨ ᠴᠥᠯ ᠢ ᠨᠣᠭᠤᠭᠠᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ︾ ᠡᠷᠭᠢᠯᠲᠡᠲᠦ ᠬᠥᠭᠵᠢᠯᠲᠡ ᠶᠢᠨ ᠵᠠᠮ ᠢᠶᠠᠷ ᠵᠠᠮᠨᠠᠭᠠᠳ ᠠᠮᠵᠢᠯᠳᠠ ᠤᠯᠤᠭᠰᠠᠨ ᠤ ᠬᠡᠷᠡᠴᠢᠯᠡᠯ ᠪᠤᠯᠤᠨ᠎ᠠ᠃      ᠤᠯᠠᠭᠠᠨᠪᠤᠬ᠎ᠠ ᠶᠢᠨ ᠡᠯᠡᠰᠦᠨ ᠴᠦᠯ ᠪᠣᠯ ᠮᠠᠨ ᠤ ᠤᠯᠤᠰ ᠤᠨ ᠨᠠᠶᠢᠮᠠᠳᠤᠭᠠᠷ ᠶᠡᠭᠡ ᠡᠯᠡᠰᠦᠨ ᠴᠦᠯ ᠪᠠᠶᠢᠵᠤ᠂ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠴᠢᠬᠤᠯᠠ ᠰᠤᠷᠪᠤᠯᠵᠢ ᠭᠠᠵᠠᠷ ᠪᠣᠯᠣᠨ᠎ᠠ᠃ 1950 ᠣᠨ ᠠᠴᠠ ᠨᠠᠰᠢ᠂ ᠳ᠋ᠧᠩᠺᠧᠤ ᠰᠢᠶᠠᠨ ᠡᠯᠡᠰᠦ ᠮᠠᠩᠬ᠎ᠠ ᠶᠢ ᠵᠠᠰᠠᠵᠤ ᠥᠭᠡᠷᠡᠴᠢᠯᠡᠬᠦ ᠤᠳᠠᠭᠠᠨ ᠳᠠᠭᠠᠭᠠᠮᠠᠭᠠᠢ ᠳᠠᠶᠢᠨ ᠢᠶᠠᠨ ᠰᠢᠨᠲᠠᠷᠠᠰᠢ ᠦᠭᠡᠢ ᠥᠷᠨᠢᠭᠦᠯᠦᠭᠰᠡᠭᠡᠷ ᠢᠷᠡᠵᠡᠢ᠃ ᠪᠠᠷᠠᠭᠤᠨ ᠣᠷᠣᠨ ᠢ ᠶᠡᠬᠡᠪᠡᠷ ᠨᠡᠭᠡᠭᠡᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠭᠰᠡᠨ ᠤ ᠳᠠᠷᠠᠭ᠎ᠠ᠂ ᠲᠤᠰ ᠰᠢᠶᠠᠨ ᠤᠯᠤᠰ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠵᠠᠰᠠᠨ ᠥᠭᠡᠷᠡᠴᠢᠯᠡᠬᠦ ᠰᠢᠶᠠᠨ ᠢᠶᠠᠷ ᠵᠢᠭᠰᠠᠭᠠᠭᠳᠠᠨ᠂ ︽ᠠᠮᠢ ᠠᠬᠤᠢ ᠪᠠᠷ ᠰᠢᠶᠠᠨ ᠢᠶᠠᠨ ᠵᠠᠰᠠᠬᠤ︾ ᠬᠠᠷᠠᠯᠲᠠ ᠶᠢ ᠳᠤᠷᠠᠳᠴᠤ᠂ ︽ᠭᠤᠷᠪᠠᠨ ᠤᠮᠠᠷᠠᠲᠤ ᠶᠢᠨ ᠬᠠᠯᠬᠠᠪᠴᠢ ᠣᠢ︾ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢᠯᠢᠭ ᠣᠢ ᠶᠢᠨ ᠬᠠᠮᠠᠭᠠᠯᠠᠯᠲᠠ᠂ ᠲᠠᠷᠢᠶᠠᠯᠠᠬᠤ ᠪᠠᠨ ᠵᠣᠭᠰᠣᠵᠤ ᠣᠶᠢᠵᠢᠭᠤᠯᠬᠤ᠂ ᠪᠡᠭᠡᠵᠢᠩ ᠲᠢᠶᠠᠨᠵᠢᠨ ᠤ ᠡᠯᠡᠰᠦ ᠰᠢᠭᠤᠷᠭ᠎ᠠ ᠶᠢᠨ ᠡᠬᠢ ᠶᠢ ᠵᠠᠰᠠᠬᠤ ᠵᠡᠷᠭᠡ ᠴᠢᠬᠤᠯᠠ ᠢᠨᠵᠧᠨᠧᠷᠢᠩ ᠢ ᠬᠤᠶᠢᠨ᠎ᠠ ᠬᠤᠶᠢᠨ᠎ᠠ ᠠᠴᠠ ᠪᠠᠨ ᠥᠷᠨᠢᠭᠦᠯᠦᠭᠰᠡᠨ ᠪᠠᠶᠢᠨ᠎ᠠ᠃ ᠣᠯᠠᠨ ᠵᠢᠯ ᠤᠨ ᠲᠤᠷᠰᠢ᠂ ᠳ᠋ᠧᠩᠺᠧᠤ ᠰᠢᠶᠠᠨ ᠤᠯᠠᠭᠠᠨᠪᠤᠬ᠎ᠠ ᠶᠢᠨ ᠡᠯᠡᠰᠦᠨ ᠴᠦᠯ ᠤᠨ ᠣᠨᠴᠠᠯᠢᠭ ᠢ ᠦᠨᠳᠥᠰᠦᠯᠡᠵᠦ᠂ ᠡᠯᠡᠰᠦ ᠮᠠᠩᠬ᠎ᠠ ᠶᠢ ᠵᠠᠰᠠᠵᠤ ᠥᠭᠡᠷᠡᠴᠢᠯᠡᠬᠦ ᠲᠤᠷᠰᠢᠯᠭ᠎ᠠ ᠪᠠᠨ ᠳ᠋ᠦᠩᠨᠡᠨ᠂ ᠲᠡᠷᠢᠭᠦᠨ ᠤ ᠮᠡᠷᠭᠡᠵᠢᠯ ᠢ ᠣᠷᠣᠭᠤᠯᠵᠤ᠂ ᠲᠦᠯᠡᠭᠡ ᠶᠢᠨ ᠲᠣᠣᠷ ᠢᠶᠠᠷ ᠡᠯᠡᠰᠦ ᠶᠢ ᠳᠠᠷᠤᠬᠤ᠂ ᠳᠠᠷᠪᠠᠯᠵᠢ ᠵᠠᠶᠢᠯᠠᠬᠤ ᠵᠡᠷᠭᠡ ᠮᠡᠷᠭᠡᠵᠢᠯ ᠢ ᠬᠡᠷᠡᠭᠯᠡᠨ᠂ ᠨᠡᠭᠦᠳᠡᠯ ᠡᠯᠡᠰᠦ ᠶᠢ ᠵᠠᠬ᠎ᠠ ᠠᠴᠠ ᠨᠢ ᠳᠠᠷᠤᠬᠤ ᠠᠷᠭ᠎ᠠ ᠠᠪᠴᠤ᠂ ᠤᠷᠲᠤ ᠨᠢ 150 ᠭᠠᠷᠤᠢ ᠺᠢᠯᠣᠮᠧᠳ᠋ᠷ᠂ ᠥᠷᠭᠡᠨ ᠨᠢ 50 ᠮᠧᠳ᠋ᠷ ᠤᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠭᠠᠬᠤ ᠨᠣᠭᠤᠭᠠᠨ ᠬᠠᠯᠬᠠᠪᠴᠢ ᠶᠢ ᠪᠠᠶᠢᠭᠤᠯᠵᠤ᠂ ᠣᠢ ᠰᠢᠭᠤᠢ ᠶᠢᠨ ᠪᠦᠷᠬᠦᠴᠡ ᠨᠢ 1998 ᠣᠨ ᠳᠤ 4. 39% ᠪᠠᠶᠢᠭᠰᠠᠨ ᠠᠴᠠ ᠪᠠᠨ ᠣᠳᠣ 19.95% ᠲᠤ ᠬᠦᠷᠴᠦ᠂ ᠡᠯᠡᠰᠦ ᠮᠠᠩᠬ᠎ᠠ ᠶᠢᠨ ᠬᠠᠲᠤᠨ ᠭᠤᠣᠯ ᠪᠠ ᠲᠠᠷᠢᠶᠠᠨ ᠭᠠᠵᠠᠷ ᠢ ᠳᠠᠷᠤᠬᠤ ᠶᠢ ᠪᠦᠲᠦᠮᠵᠢᠲᠡᠢ ᠬᠤᠷᠢᠭᠯᠠᠭᠰᠠᠨ ᠪᠦᠭᠡᠳ ᠪᠦᠬᠦ ᠰᠢᠶᠠᠨ ᠤ ᠳᠦᠷᠪᠡᠨ ᠤ ᠭᠤᠷᠪᠠᠨ ᠬᠤᠪᠢ ᠶᠢᠨ ᠡᠯᠡᠰᠦᠨ ᠴᠦᠯ ᠨᠢ ᠨᠣᠭᠤᠭᠠᠨ ᠨᠦᠮᠦᠷᠬᠡ ᠬᠡᠳᠦᠷᠡᠭᠰᠡᠨ ᠪᠢᠯᠠ᠃      ᠣᠶᠢᠷ᠎ᠠ ᠶᠢᠨ ᠵᠢᠯ ᠠᠴᠠ ᠨᠠᠰᠢ᠂ ᠲᠤᠰ ᠰᠢᠶᠠᠨ ᠣᠯᠠᠨ ᠵᠦᠢᠯ ᠤᠨ ᠠᠷᠭ᠎ᠠ ᠪᠠᠷ ᠡᠯᠡᠰᠦ ᠮᠠᠩᠬ᠎ᠠ ᠶᠢ ᠵᠠᠰᠠᠵᠤ ᠥᠭᠡᠷᠡᠴᠢᠯᠡᠬᠦ ᠶᠢᠨ ᠬᠠᠮᠲᠤ ᠡᠯᠡᠰᠦᠨ ᠤ ᠠᠵᠤ ᠦᠢᠯᠡᠰ ᠢ ᠶᠡᠬᠡᠪᠠᠷ ᠬᠥᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠵᠤᠷᠢᠪᠠ᠃ ᠡᠨᠡ ᠵᠢᠯ᠂ ᠲᠡᠳᠡ ᠪᠡᠭᠡᠵᠢᠩ ᠤᠨ ᠷᠧᠨ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠲᠠᠢ ᠬᠠᠮᠲᠤ ᠪᠡᠯᠡ ᠨᠡᠶᠢᠯᠡᠭᠦᠯᠦᠭᠰᠡᠨ ᠺᠣᠮᠫᠠᠨᠢ ᠪᠠᠶᠢᠭᠤᠯᠤᠨ᠂ 1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠤᠯᠠᠭᠠᠨᠪᠤᠬ᠎ᠠ ᠶᠢᠨ ᠡᠯᠡᠰᠦᠨ ᠴᠦᠯ ᠳᠤ 1500 ᠮᠦ ᠶᠢᠨ ᠡᠯᠡᠰᠦᠨ ᠴᠦᠯ ᠤᠨ ᠣᠷᠭᠠᠨᠢᠭ ᠤᠰᠤᠨ ᠲᠤᠲᠤᠷᠭ᠎ᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠭᠤᠯᠵᠤ᠂ ᠣᠳᠣᠬᠠᠨ ᠳᠤ᠂ ᠰᠠᠭᠤᠷᠢᠨ ᠭᠠᠵᠠᠷ ᠤᠨ ᠮᠦ ᠳᠤᠮᠳᠠᠴᠢ ᠲᠤᠲᠤᠷᠭ᠎ᠠ ᠶᠢᠨ ᠤᠨᠠᠯᠲᠠ 1200 ᠵᠢᠩ ᠳᠤ ᠬᠦᠷᠴᠦ᠂ ᠮᠦ ᠳᠤᠮᠳᠠᠴᠢ ᠦᠢᠯᠡᠳᠬᠦᠨ ᠤ ᠥᠷᠲᠡᠭ ᠮᠢᠩᠭᠠᠨ ᠲᠥᠭᠦᠷᠢᠭ ᠢ ᠳᠠᠪᠠᠵᠠᠢ᠃ ᠡᠬᠦᠨ ᠠᠴᠠ ᠭᠠᠳᠠᠨ᠎ᠠ ᠲᠤᠰ ᠰᠢᠶᠠᠨ ᠪᠠᠰᠠ ᠤᠯᠠᠭᠠᠠᠪᠤᠬ᠎ᠠ ᠶᠢᠨ ᠡᠯᠡᠰᠤᠨ ᠴᠦᠯ ᠳᠤ ᠠᠷᠢᠬᠢ ᠨᠡᠷᠡᠳᠡᠭ ᠦᠵᠦᠮ ᠲᠤᠷᠰᠢᠨ ᠲᠡᠷᠢᠵᠦ ᠠᠮᠵᠢᠯᠳᠠ ᠤᠯᠤᠭᠠᠳ᠂ ᠨᠦᠸᠧ ᠯᠢᠨ ᠲᠡᠷᠢᠶᠡᠯᠡᠩ ᠤᠢ ᠰᠢᠭᠤᠢ ᠶᠢᠨ ᠨᠡᠭᠡᠭᠡᠯᠳᠡ ᠶᠢᠨ ᠬᠢᠵᠠᠭᠠᠷᠳᠤ ᠺᠤᠮᠫᠡᠨᠢ ᠶᠢᠨ ᠪᠡᠯᠡ ᠤᠷᠤᠭᠤᠯᠵᠦ ᠪᠠᠶᠢᠭᠤᠯᠤᠭᠰᠠᠨ ᠵᠢᠯ ᠳᠤ 300 ᠲᠤᠨ ᠦᠵᠦᠮ ᠤᠨ ᠠᠷᠢᠬᠢ ᠨᠡᠷᠡᠬᠦ ᠦᠢᠯᠡᠳᠪᠤᠷᠢᠯᠡᠯ ᠤᠨ ᠱᠤᠭᠤᠮ ᠨᠢ ᠠᠰᠢᠭᠯᠠᠯᠳᠠ ᠳᠤ ᠤᠷᠤᠵᠦ᠂ ᠮᠠᠨ ᠤ ᠬᠤᠳᠠ ᠶᠢᠨ ᠠᠩᠬᠠᠳᠤᠭᠠᠷ ᠦᠵᠦᠮ ᠤᠨ ᠠᠷᠢᠬᠢ ᠨᠡᠷᠡᠬᠦ ᠦᠢᠯᠡᠳᠪᠤᠷᠢᠯᠡᠯ ᠤᠨ ᠱᠤᠭᠤᠮ ᠪᠤᠯᠤᠭᠰᠠᠨ ᠪᠠᠶᠢᠨ᠎ᠠ᠃ ᠳ᠋ᠧᠩᠺᠧᠤ ᠰᠢᠶᠠᠨ ᠤ 2013 ᠤᠨ ᠳᠤ ᠤᠯᠠᠭᠠᠠᠪᠤᠬ᠎ᠠ ᠶᠢᠨ ᠡᠯᠡᠰᠤᠨ ᠴᠦᠯ ᠳᠤ ᠲᠠᠷᠢᠭᠰᠠᠨ 30 ᠮᠦ ᠶᠢᠨ ᠨᠠᠩᠬᠢ ᠴᠠᠭᠠᠨ ᠤ ᠮᠦ ᠪᠦᠷᠢ ᠶᠢᠨ ᠤᠷᠤᠯᠭ᠎ᠠ ᠨᠢ 3 ᠲᠦᠮᠡ ᠳᠤ ᠬᠦᠷᠴᠤ᠂ ᠡᠨᠡ ᠵᠢᠯ ᠪᠤᠯᠬᠤ ᠳᠤ ᠨᠠᠩᠬᠢ ᠴᠠᠭᠠᠨ ᠲᠡᠷᠢᠬᠤ ᠲᠡᠯᠡᠪᠡᠢ ᠨᠢ 3000 ᠮᠦ ᠶᠢ ᠰᠢᠪᠳᠤᠯᠵᠦ᠂ ᠰᠧᠴᠤᠧᠡᠨ ᠬᠦᠷᠳᠡᠯ᠎ᠠ ᠪᠤᠷᠤᠯᠠᠭᠤᠯᠤᠭᠳᠠᠪᠠ᠃      ᠨᠤᠷ᠎ᠠ ᠡᠯᠡᠰᠤᠨ ᠳᠤ ᠨᠤᠳᠤᠭ ᠤᠨ ᠤᠯᠠᠨ ᠢᠶᠠᠨ ᠪᠠᠶᠠᠰᠬᠠᠭᠰᠠᠨ ᠤᠷᠬᠤᠳᠠᠢ ᠲᠡᠷᠢᠬᠰᠠᠨ ᠠᠴᠠ ᠰᠡᠯᠬᠢ ᠲᠡᠭᠳᠡᠭᠡᠳᠡᠭ ᠰᠢᠷᠭᠠᠯ ᠡᠯᠡᠰᠤ ᠡᠷᠳᠡᠨᠢ ᠶᠢᠨ ᠰᠡᠩ ᠪᠤᠯᠵᠦ᠂ ᠨᠤᠭᠤᠭᠠᠨ ᠪᠦᠷᠢᠳᠤ ᠪᠤᠯᠤᠭᠰᠠᠨ ᠤᠯᠠᠭᠠᠠᠪᠤᠬ᠎ᠠ ᠭᠠᠩᠭᠠᠩ ᠪᠠᠶᠢᠭᠠᠯᠢ ᠪᠠᠷ ᠢᠶᠠᠨ ᠬᠤᠯᠠ ᠤᠶᠢᠢᠷ᠎ᠠ ᠶᠢᠨ ᠵᠤᠭᠠᠴᠠᠭᠰᠠᠳ ᠤᠨ ᠰᠤᠨᠢᠷᠬᠠᠯ ᠢ ᠲᠡᠳᠡᠨ᠎ᠠ᠃      ︽ᠴᠠᠰᠤ ᠴᠠᠭᠠᠨ ᠬᠦᠩᠵᠤ︾ ᠬᠡᠵᠦ ᠠᠯᠳᠠᠷᠰᠢᠬᠰᠠᠨ ᠬᠤᠶᠠᠷ ᠪᠤᠬᠳᠠ ᠶᠢᠨ ᠴᠠᠭᠠᠨ ᠢᠮᠠᠭ᠎ᠠ      ᠴᠠᠭᠠᠨ ᠦᠩᠭᠡ ᠨᠢ ᠴᠡᠪᠡᠷ ᠠᠷᠢᠭᠤᠨ᠂ ᠡᠷᠬᠢᠮ ᠲᠡᠭᠡᠳᠤ᠂ ᠰᠠᠶᠢᠨ ᠰᠠᠶᠢᠬᠠᠨ ᠤ ᠪᠡᠯᠭᠡᠳᠡᠯ ᠪᠤᠯᠵᠦ᠂ ᠡᠩᠬᠡ ᠲᠡᠶᠢᠪᠤᠩ ᠠᠮᠤᠷᠵᠢᠨ ᠵᠢᠷᠭᠠᠬᠤ ᠶᠢ ᠬᠦᠰᠡᠨ ᠵᠦᠩᠨᠡᠳᠡᠭ ᠰᠠᠨ᠃ ᠤᠷᠠᠳ ᠨᠤᠳᠤᠭ ᠤᠨ ᠮᠠᠯᠴᠢᠨ ᠠᠷᠡᠳ ᠢ ᠡᠩᠬᠡᠵᠢᠨ ᠵᠢᠷᠭᠠᠭᠤᠯᠵᠦ᠂ ᠪᠠᠶᠠᠨ ᠴᠢᠨᠡᠭᠡᠯᠢᠭ ᠠᠮᠢᠳᠤᠷᠠᠯ ᠡᠳ᠋ᠯᠡᠬᠦᠯᠵᠦ ᠪᠠᠶᠢᠭ᠎ᠠ ᠬᠠᠯᠠᠭᠤᠨ ᠬᠤᠰᠢᠭᠤᠳᠤ ᠬᠡᠰᠢᠭ ᠬᠡᠮᠡᠭᠳᠡᠭᠰᠡᠨ ᠬᠤᠶᠡᠷ ᠪᠤᠭᠳᠠ ᠶᠢᠨ ᠴᠠᠭᠠᠨ ᠢᠮᠠᠭᠠᠨ ᠤ ᠨᠤᠯᠤᠤᠷ ᠨᠢ ︽ᠴᠠᠰᠤ ᠴᠠᠭᠠᠨ ᠬᠦᠩᠵᠤ︾᠂ ︽ᠲᠡᠯᠡᠭᠡᠢ ᠶᠢᠨ ᠰᠢᠷᠬᠢᠭᠯᠢᠭ ᠤᠨ ᠸᠡᠩ ︾ ᠢᠶᠠᠷ ᠢᠶᠠᠨ ᠲᠡᠯᠡᠭᠡᠢ ᠳᠤ ᠠᠯᠳᠠᠷᠰᠢᠵᠦ᠂ ᠪᠠᠶᠠᠠᠨᠠᠭᠤᠷ ᠬᠤᠳᠠ ᠶᠢᠨ ᠨᠡᠷ᠎ᠠ ᠠᠯᠳᠠᠷ ᠢᠶᠠᠨ ᠮᠠᠠᠳᠤᠭᠤᠯᠵᠦ ᠶᠠᠪᠤᠭ᠎ᠠ ᠶᠤᠮ᠃      ᠳᠡᠯᠡᠬᠡᠢ ᠳᠤ ᠠᠯᠳᠠᠷᠳᠠᠢ ᠬᠤᠶᠠᠷ ᠪᠣᠭᠳᠠ ᠶᠢᠨ ᠴᠠᠭᠠᠨ ᠨᠣᠯᠣᠣᠷᠳᠣ ᠢᠮᠠᠭ᠎ᠠ ᠨᠢ ᠤᠷᠠᠳ ᠤᠨ ᠲᠤᠮᠳᠠᠳᠤ ᠬᠤᠰᠢᠭᠤ᠂ ᠤᠷᠠᠳ ᠤᠨ ᠬᠤᠶᠢᠳᠤ ᠬᠤᠰᠢᠭᠤ ᠶᠢᠨ ᠠᠭᠯᠠᠭ ᠠᠭᠤᠯᠠ ᠪᠠᠷ ᠪᠡᠯᠴᠢᠵᠦ᠂ ᠪᠡᠶ᠎ᠡ ᠪᠢᠯᠳᠡᠷ ᠨᠢ ᠪᠤᠭᠤᠨᠢᠬᠠᠨ᠂ ᠰᠤᠷ ᠨᠢ ᠤᠷᠳᠤ᠂ ᠨᠤᠯᠤᠤᠷ ᠨᠢ ᠵᠤᠵᠠᠭᠠᠨ᠂ ᠦᠷᠳᠡᠭ ᠢᠶᠠᠷ ᠦᠡᠳᠤᠷ ᠪᠠᠶᠢᠳᠠᠭ᠃ ᠬᠤᠶᠡᠷ ᠪᠤᠭᠳᠠ ᠶᠢᠨ ᠴᠠᠭᠠᠨ ᠢᠮᠠᠭᠠᠨ ᠤ ᠨᠣᠯᠣᠣᠷ ᠤᠨ ᠴᠢᠨᠠᠷ ᠨᠢ ᠨᠠᠷᠢᠯᠢᠭ᠂ ᠣᠷᠳᠣ᠂ ᠴᠠᠭᠠᠨ᠂ ᠣᠶᠠᠨ ᠪᠠᠶᠢᠳᠠᠭ ᠢᠶᠠᠷ ᠢᠶᠠᠨ ︽ᠵᠦᠬᠡᠯᠡᠨ ᠰᠢᠵᠢᠷ ᠠᠯᠳᠠ︾ ᠬᠡᠮᠡᠬᠦ ᠴᠣᠯᠠ ᠲᠠᠢ᠃ ᠪᠦᠬᠦ ᠤᠷᠤᠨ ᠳᠠᠭᠠᠨ ᠨᠡᠷ᠎ᠡ ᠠᠯᠳᠠᠷᠳᠠᠢ ᠸᠧᠢ ᠰᠢᠨ ︵ᠦᠪᠦᠷ ᠮᠤᠩᠭᠤᠯ︶ ᠤ ᠢᠮᠠᠭᠠᠨ ᠨᠤᠯᠤᠤᠷ ᠤᠨ ᠪᠦᠯᠦᠭᠯᠡᠯᠳᠤ ᠬᠢᠵᠠᠭᠠᠷᠳᠤ ᠺᠤᠮᠫᠠᠨᠢ ᠨᠢ ᠵᠢᠯ ᠳᠤ ᠰᠤᠷ ᠦᠬᠡᠢ ᠨᠤᠯᠤᠤᠷ 600 ᠲᠤᠨ ᠦᠢᠯᠡᠳᠪᠤᠷᠢᠯᠡᠵᠦ᠂ ᠨᠤᠯᠤᠤᠷ ᠤᠨ ᠠᠯᠴᠢᠭᠤᠷ᠂ ᠨᠦᠮᠦᠷᠭᠡ 400 ᠭᠠᠷᠤᠢ ᠲᠦᠮᠡ᠂ ᠨᠠᠷᠢᠯᠢᠭ ᠬᠢᠴᠡᠳᠡᠢ ᠨᠤᠯᠤᠤᠷᠳᠤ ᠪᠠᠷᠠᠭ᠎ᠠ 50 ᠲᠦᠮᠠᠨ ᠲᠤᠨ᠂ ᠲᠡᠭᠡᠳᠤ ᠲᠡᠰ ᠤᠨ ᠨᠤᠯᠤᠤᠷ ᠤᠨ ᠬᠤᠪᠴᠠᠰᠤ 8 ᠲᠦᠮᠠ ᠭᠠᠷᠤᠢ ᠦᠢᠯᠡᠳᠪᠤᠷᠢᠯᠡᠵᠦ᠂ ᠢᠮᠠᠭᠠᠨ ᠨᠤᠯᠤᠤᠷ ᠤᠨ ᠪᠦᠳᠦᠭᠡᠭᠳᠡᠬᠦᠨ ᠢᠶᠠᠨ ᠮᠤᠩᠭᠤᠯ᠂ ᠶᠠᠫᠤᠨ᠂ ᠠᠮᠧᠷᠢᠺᠡ᠂ ᠰᠢᠶᠠᠩᠭᠠᠩ᠂ ᠰᠢᠨ᠎ᠠ ᠽᠢᠯᠠᠠᠳ᠋ ᠵᠡᠷᠭᠡ ᠤᠯᠤᠰ ᠤᠳ ᠢᠶᠠᠷ ᠪᠤᠷᠤᠯᠠᠭᠤᠯᠳᠠᠭ᠃ ᠬᠡᠪᠡᠴᠦ ᠣᠶᠢᠷ᠎ᠠ ᠶᠢᠨ ᠬᠡᠳᠦᠨ ᠵᠢᠯ ᠠᠴᠠ ᠨᠠᠰᠢ᠂ ᠵᠠᠬ᠎ᠠ ᠳᠡᠯᠬᠡᠬᠦᠷ ᠤᠨ ᠠᠵᠣ ᠠᠬᠤᠢ ᠶᠢᠨ ᠰᠢᠯᠳᠠᠭᠠᠨ ᠠᠴᠠ ᠪᠣᠯᠵᠣ᠂ ᠮᠠᠯᠴᠢᠳ ᠭᠠᠳᠠᠨ᠎ᠠ ᠠᠴᠠ ᠨᠣᠯᠣᠣᠷ ᠤᠨ ᠡᠬᠦᠯᠳᠡᠷ ᠤᠨ ᠢᠮᠠᠭ᠎ᠠ ᠣᠷᠣᠭᠤᠯᠣᠭᠰᠠᠨ ᠠᠴᠠ ᠬᠤᠶᠠᠷ ᠪᠤᠭᠳᠠ ᠶᠢᠨ ᠴᠠᠭᠠᠨ ᠨᠤᠯᠤᠤᠷ ᠤᠨ ᠴᠢᠨᠠᠷ ᠤᠨ ᠳᠠᠯ᠎ᠠ ᠳᠤ ᠶᠡᠭᠡ ᠪᠠᠭᠤᠷᠠᠯᠳᠠ ᠲᠠᠢ ᠪᠣᠯᠣᠭᠰᠠᠨ ᠪᠠᠶᠢᠨ᠎ᠠ᠃ 2013 ᠣᠨ ᠳᠤ᠂ ᠦᠪᠡᠷᠲᠡᠬᠡᠨ ᠵᠠᠰᠠᠬᠤ ᠣᠷᠣᠨ ᠠᠴᠠ ᠴᠠᠭᠠᠨ ᠨᠣᠯᠣᠣᠷ ᠤᠨ ᠢᠮᠠᠭᠠᠨ ᠤ ᠡᠬᠦᠯᠳᠡᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠵᠦ᠂ ᠣᠷᠠᠳ ᠤᠨ ᠬᠤᠶᠢᠲᠣ ᠬᠤᠰᠢᠭᠤᠨ ᠤ ᠬᠤᠶᠠᠷ ᠪᠣᠭᠳᠠ ᠶᠢᠨ ᠴᠠᠭᠠᠨ ᠨᠣᠯᠣᠣᠷᠳᠣ ᠢᠮᠠᠭ᠎ᠠ ᠶᠢ ᠬᠠᠮᠣᠷᠴᠠᠢ᠃ ᠡᠨᠡᠬᠦ ᠢᠨᠵᠧᠨᠧᠷᠢᠩ ᠨᠢ ᠭᠤᠣᠯᠳᠠᠭᠤ ᠰᠢᠷᠬᠡᠭ ᠤᠨ ᠨᠠᠷᠢᠨ ᠤ ᠬᠡᠮᠵᠢᠶ᠎ᠠ ᠨᠢ 14.5 ᠮᠢᠺᠷᠤᠨ ᠠᠴᠠ ᠳᠣᠭᠤᠭᠰᠢᠬᠢ ᠨᠠᠷᠢᠨ ᠨᠣᠯᠣᠣᠷᠳᠣ ᠢᠮᠠᠭ᠎ᠠ ᠶᠢ ᠬᠠᠮᠠᠭᠠᠯᠠᠬᠤ ᠪᠣᠯᠣᠨ᠎ᠠ᠃ ᠣᠷᠠᠳ ᠤᠨ ᠬᠤᠶᠢᠲᠣ ᠬᠤᠰᠢᠭᠤ ᠡᠨᠡᠬᠦ ᠣᠷᠢᠶᠠᠯᠠᠭ᠎ᠠ ᠶᠢ ᠢᠳᠡᠪᠬᠢᠳᠠᠢ ᠬᠦᠷᠢᠶᠡᠯᠡᠵᠦ᠂ ᠭᠤᠷᠪᠠᠨ ᠵᠢᠯ ᠤᠨ ᠳᠣᠳᠣᠷ᠎ᠠ 39 ᠮᠠᠯᠵᠢᠬᠤ ᠭᠠᠴᠠᠭ᠎ᠠ ᠲᠣᠰᠬᠤᠨ ᠳᠣᠭᠤᠶᠢᠯᠠᠩ ᠢ ᠪᠦᠬᠦᠨ ᠢ ᠪᠦᠷᠬᠦᠵᠦ᠂ ᠨᠣᠯᠣᠣᠷ ᠤᠨ ᠴᠢᠨᠠᠷ ᠨᠠᠯᠢᠶᠠᠳ ᠰᠠᠶᠢᠨ ᠢᠮᠠᠭᠠᠨ ᠰᠦᠷᠦᠭ ᠲᠤ ᠡᠬᠦᠯᠳᠡᠷ ᠢ ᠬᠠᠮᠠᠭᠠᠯᠠᠬᠤ ᠨᠦᠬᠦᠪᠦᠷᠢ ᠣᠯᠭᠤᠬᠤ ᠶᠢᠨ ᠬᠠᠮᠳᠣ ᠣᠬᠤᠨ᠎ᠠ ᠶᠢᠨ ᠪᠡᠯᠴᠢᠬᠡᠷ ᠭᠠᠷᠭᠠᠵᠣ᠂ ᠮᠠᠯᠴᠢᠳ ᠲᠤ ᠰᠢᠯᠢᠳᠡᠭ ᠡᠬᠦᠯᠳᠡᠷ ᠤᠨ ᠣᠬᠤᠨ᠎ᠠ ᠶᠢ ᠪᠤᠶᠢᠵᠢᠭᠤᠯᠵᠦ᠂ ᠬᠤᠶᠢᠰᠢᠳᠠ ᠶᠢᠨ ᠬᠤᠶᠠᠷ ᠪᠣᠭᠳᠠ ᠶᠢᠨ ᠴᠠᠭᠠᠨ ᠨᠣᠯᠣᠣᠷᠳᠣ ᠢᠮᠠᠭ᠎ᠠ ᠶᠢ ᠬᠦᠭᠵᠢᠬᠦᠯᠬᠦ ᠳᠤ ᠰᠢᠯᠢᠳᠡᠭ ᠣᠬᠤᠨ᠎ᠠ ᠶᠢ ᠬᠠᠩᠭᠠᠵᠣ᠂ ᠳᠡᠯᠡᠬᠡᠢ ᠶᠢᠨ ᠨᠠᠷᠡᠲᠦ ᠰᠢᠯᠢᠳᠡᠭ ᠡᠬᠦᠯᠳᠡᠷ ᠢ ᠬᠠᠮᠠᠭᠠᠯᠠᠬᠤ ᠳᠤ ᠲᠦᠯᠬᠢᠴᠡ ᠤᠶᠢᠢᠯᠠᠳᠤᠯ ᠦᠵᠡᠬᠦᠯᠪᠡ᠃      ︽ᠵᠦᠬᠡᠯᠡᠨ ᠰᠢᠵᠢᠷ ᠠᠯᠳᠠ︾᠂ ︽ᠴᠠᠰᠤ ᠴᠠᠭᠠᠨ ᠬᠦᠩᠵᠤ︾ ᠶᠢᠨ ᠰᠠᠶᠢᠬᠠᠨ ᠴᠤᠯᠠ ᠲᠠᠢ ᠬᠤᠶᠡᠷ ᠪᠤᠭᠳᠠ ᠶᠢᠨ ᠴᠠᠭᠠᠨ ᠢᠮᠠᠭᠠᠨ ᠤ ᠨᠤᠯᠤᠤᠷ ᠤᠨ ᠤᠶᠢᠢᠯᠠᠰ ᠡᠳᠤᠷ ᠠᠴᠠ ᠡᠳᠤᠷ ᠦᠭᠡᠳᠡᠯᠡᠨ ᠲᠡᠭᠵᠢᠷᠡᠭᠡᠰᠡᠢ᠃
ᠢᠷᠡᠯᠲᠡ᠄ ᠪᠠᠶᠠᠨ ᠨᠠᠭᠤᠷ ᠤᠨ ᠰᠣᠨᠢᠨ