| ᠪᠡᠶ᠎ᠡ ᠶᠢᠨ ᠦᠨᠡᠮᠯᠡᠯ ᠪᠣᠯ ᠬᠦᠮᠤᠨ ᠤ ᠪᠡᠶ᠎ᠡ ᠶᠢᠨ ᠭᠠᠷᠤᠯ ᠢ ᠭᠡᠷᠡᠴᠢᠯᠡᠬᠦ ᠦᠨᠡᠮᠯᠡᠯ ᠮᠥᠨ᠂ ᠪᠡᠶ᠎ᠡ ᠶᠢᠨ ᠬᠢᠷᠢ ᠬᠡᠮ ᠢ ᠭᠡᠷᠡᠴᠢᠯᠡᠬᠦ᠂ ᠲᠤᠬᠠᠶᠢᠯᠠᠭᠰᠠᠨ ᠠᠵᠢᠯ | ᠡᠷᠬᠢᠯᠡᠬᠦ᠂ ᠭᠠᠳᠠᠭᠰᠢ ᠭᠠᠷᠴᠤ ᠵᠤᠭᠠᠴᠠᠬᠤ ᠁ ᠳᠤ ᠪᠡᠶ᠎ᠡ ᠶᠢᠨ ᠦᠨᠡᠮᠯᠡᠯ ᠦᠭᠡᠢ ᠪᠣᠯ ᠠᠯᠬᠤᠬᠤᠶ᠎ᠠ ᠪᠡᠷᠬᠡ ᠭᠡᠵᠦ ᠬᠡᠯᠡᠵᠦ ᠪᠣᠯᠤᠨ᠎ᠠ᠃ ᠲᠡᠭᠡᠪᠡᠯ ᠪᠡᠶ᠎ᠡ ᠶᠢᠨ | ᠦᠨᠡᠮᠯᠡᠯ ᠢᠶᠠᠨ ᠭᠡᠭᠡᠪᠡᠯ ᠬᠡᠷᠬᠢᠨ ᠨᠥᠬᠦᠵᠦ ᠭᠦᠢᠴᠡᠳᠬᠡᠬᠦ ᠪᠤᠢ︖ ᠪᠡᠶ᠎ᠡ ᠶᠢᠨ ᠦᠨᠡᠮᠯᠡᠯ ᠨᠢ ᠬᠤᠭᠤᠴᠠᠭ᠎ᠠ ᠲᠤᠯᠪᠠᠯ ᠬᠡᠷᠬᠢᠨ ᠰᠣᠯᠢᠵᠤ ᠠᠪᠬᠤ ᠪᠤᠢ︖ ᠪᠡᠶ᠎ᠡ ᠶᠢᠨ | ᠦᠨᠡᠮᠯᠡᠯ ᠵᠶᠠᠨ ᠨᠥᠬᠦᠵᠦ ᠬᠢᠯᠭᠡᠬᠦ ᠳᠤ ᠪᠠᠰᠠ ᠶᠠᠮᠠᠷ ᠭᠠᠷ ᠭᠦᠢᠴᠡᠳᠬᠡᠯ ᠬᠢᠬᠦ ᠬᠡᠷᠡᠭᠲᠡᠶ ᠪᠣᠶ︖ ᠣᠨᠳᠣᠤ ᠭᠠᠵᠠᠷ ᠪᠡᠶ᠎ᠡ ᠶᠢᠨ ᠦᠨᠡᠮᠯᠡᠯ ᠢ ᠭᠦᠢᠴᠡᠳᠬᠡᠬᠦ ᠨᠢ ᠶᠠᠮᠠᠷ | ᠳᠡᠰ ᠳᠠᠷᠠᠭ᠎ᠠ ᠲᠠᠢ ᠪᠤᠢ︖ ᠲᠦᠷ ᠴᠠᠭ ᠤᠨ ᠪᠡᠶ᠎ᠡ ᠶᠢᠨ ᠦᠨᠡᠮᠯᠡᠯ ᠢ ᠬᠡᠷᠬᠢᠨ ᠭᠤᠶᠤᠴᠢᠯᠠᠬᠤ ᠪᠤᠢ︖ ᠬᠤᠲᠠ ᠶᠢᠨ ᠠᠷᠠᠳ ᠤᠨ ᠪᠡᠶ᠎ᠡ ᠶᠢᠨ ᠦᠨᠡᠮᠯᠡᠯ | ᠭᠦᠢᠴᠡᠳᠬᠡᠬᠦ ᠳᠤ ᠲᠤᠯᠭᠠᠷᠠᠭᠰᠠᠨ ᠠᠰᠠᠭᠤᠳᠠᠯ ᠤᠨ ᠲᠤᠬᠠᠢ ᠲᠦᠷᠦᠭᠦᠬᠡᠨ᠂ ᠬᠥᠬᠡᠬᠤᠲᠠ ᠶᠢᠨ ︽ᠬᠠᠮ ᠵᠠᠭᠤᠴᠢᠯᠠᠭᠤᠷ ᠤᠨ ᠠᠷᠠᠳ ᠤᠨ ᠠᠮᠢᠳᠤᠷᠠᠯ ᠤᠨ | ᠦᠶᠯᠡᠴᠢᠯᠡᠭᠡᠨ ᠤ ᠲᠠᠪᠴᠠᠩ︾ ᠤᠨ ᠬᠢᠨ ᠬᠤᠲᠣᠩ ᠦᠨᠳᠦᠰᠦᠲᠡᠨ ᠤ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠦᠨᠳᠦᠰᠦᠨ | ᠱᠠᠲᠤᠨ ᠤ ᠰᠠᠭᠤᠷᠢ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠂ ᠬᠤᠲᠣᠩ ᠦᠨᠳᠦᠰᠦᠲᠡᠨ ᠤ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠭᠤᠤ ᠷᠦᠨ ᠶᠦᠩ ᠢ ᠤᠷᠢᠵᠤ ᠲᠠᠶᠢᠯᠤᠮᠵᠢ ᠬᠢᠯᠭᠡᠪᠡ᠃ | | | ﹇ᠠᠰᠠᠭᠤᠳᠠᠯ﹈ ᠡᠷᠦᠬᠡ ᠠᠮᠠ ᠶᠢᠨ ᠳᠠᠩᠰᠠ ᠰᠠᠶᠢᠬᠠᠨ ᠲᠣᠭᠤᠷᠢᠭ ᠲᠤ ᠪᠠᠶᠢᠵᠤ᠂ ᠬᠥᠮᠥᠨ ᠨᠢ ᠬᠤᠲᠣᠩ ᠦᠨᠳᠦᠰᠦᠲᠡᠨ ᠤ ᠲᠣᠭᠤᠷᠢᠭ ᠲᠤ ᠠᠵᠢᠯᠯᠠᠵᠤ | ᠪᠠᠶᠢᠭᠠᠳ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠪᠣᠯ ᠬᠤᠲᠣᠩ ᠦᠨᠳᠦᠰᠦᠲᠡᠨ ᠤ ᠲᠤᠭᠤᠷᠢᠭ ᠲᠤ ᠨᠥᠬᠦᠵᠦ ᠭᠦᠢᠴᠡᠳᠬᠡᠵᠦ ᠪᠣᠯᠤᠨ᠎ᠠ ᠤᠤ︖ ᠶᠠᠮᠠᠷ ᠦᠨᠡᠮᠯᠡᠯ | ᠦᠵᠡᠭᠦᠯᠬᠦ ᠬᠡᠷᠡᠭᠲᠡᠶ ᠪᠣᠶ︖ ᠭᠡᠷᠡᠯ ᠵᠢᠷᠤᠭ ᠠᠪᠬᠤ ᠳᠤ ᠨᠢᠳᠦᠨ ᠰᠢᠯ ᠵᠡᠭᠦᠵᠦ ᠪᠣᠯᠬᠤ ᠤᠤ︖ | ᠬᠠᠷᠢᠭᠤᠯᠲᠠ᠄ ᠪᠡᠶ᠎ᠡ ᠶᠢᠨ ᠦᠨᠡᠮᠯᠡᠯ ᠢ ᠨᠥᠬᠦᠨ ᠭᠦᠢᠴᠡᠳᠬᠡᠬᠦ ᠳᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠬᠢᠬᠦ ᠴᠢᠬᠤᠯᠠᠲᠠᠶ᠂ ᠣᠨᠳᠣᠤ | ᠭᠠᠵᠠᠷ ᠲᠤ ᠪᠡᠶ᠎ᠡ ᠶᠢᠨ ᠦᠨᠡᠮᠯᠡᠯ ᠭᠦᠢᠴᠡᠳᠬᠡᠬᠦ ᠳᠤ ᠭᠡᠷᠡᠯ ᠵᠢᠷᠤᠭ ᠠᠪᠬᠤ ᠪᠠ ᠬᠤᠷᠤᠭᠤᠨ ᠤ ᠬᠡ ᠠᠪᠬᠤ ᠴᠢᠬᠤᠯᠠᠲᠠᠶ᠂ ᠭᠤᠶᠤᠴᠢᠯᠠᠭᠴᠢ ᠡᠷᠦᠬᠡ ᠠᠮᠠ ᠶᠢᠨ | ᠳᠡᠪᠲᠡᠷ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠵᠢᠯᠣᠭᠤᠴᠢ ᠶᠢᠨ ᠦᠨᠡᠮᠯᠡᠯ ᠵᠡᠷᠭᠡ ᠪᠡᠶ᠎ᠡ ᠬᠡᠮ ᠢ ᠭᠡᠷᠡᠴᠢᠯᠡᠵᠦ ᠪᠣᠯᠬᠤ ᠮᠠᠲ᠋ᠧᠷᠢᠶᠠᠯ ᠢ ᠬᠠᠩᠭᠠᠬᠤ ᠴᠢᠬᠤᠯᠠᠲᠠᠶ᠃ | ᠰᠡᠭᠦᠳᠡᠷ ᠲᠠᠲᠠᠬᠤ ᠳᠠᠭᠠᠨ ᠭᠤᠶᠣᠯᠠᠵᠤ᠂ ᠲᠣᠯᠣᠭᠠᠶ ᠶᠢᠨ ᠵᠠᠰᠠᠯ ᠵᠡᠭᠦᠵᠦ᠂ ᠨᠢᠳᠦᠨ ᠰᠢᠯ ᠵᠡᠭᠦᠵᠦ ᠪᠣᠯᠬᠤ ᠦᠭᠡᠢ᠃ | ﹇ᠠᠰᠠᠭᠤᠳᠠᠯ﹈ ᠡᠷᠦᠬᠡ ᠠᠮᠠ ᠨᠢ ᠰᠢᠯᠢ ᠶᠢᠨ ᠭᠤᠤᠯ ᠠᠶᠢᠮᠠᠭ ᠲᠤ ᠪᠠᠶᠢᠵᠤ᠂ ᠬᠥᠮᠥᠨ ᠨᠢ ᠬᠥᠬᠡᠬᠤᠲᠠ ᠳᠤ ᠪᠠᠶᠢᠪᠠᠯ᠂ ᠣᠨᠳᠣᠤ ᠭᠠᠵᠠᠷ ᠤᠨ ᠪᠡᠶ᠎ᠡ ᠶᠢᠨ | ᠦᠨᠡᠮᠯᠡᠯ ᠠᠪᠴᠤ ᠪᠣᠯᠤᠨ᠎ᠠ ᠤᠤ︖ ᠬᠡᠷᠪᠡ ᠪᠣᠯᠪᠠᠯ ᠶᠠᠮᠠᠷ ᠶᠠᠮᠠᠷ ᠦᠨᠡᠮᠯᠡᠯ ᠬᠠᠩᠭᠠᠬᠤ ᠴᠢᠬᠤᠯᠠᠲᠠᠢ ᠪᠣᠶ︖ | ᠬᠠᠷᠢᠭᠤᠯᠲᠠ᠄ ᠬᠥᠬᠡᠬᠤᠲᠠ ᠶᠢ ᠭᠠᠷᠭᠠᠪᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠪᠤᠰᠤᠳ ᠣᠨᠳᠣᠤ ᠭᠠᠵᠠᠷ ᠲᠤ | ᠪᠡᠶ᠎ᠡ ᠶᠢᠨ ᠦᠨᠡᠮᠯᠡᠯ ᠢ ᠭᠦᠢᠴᠡᠳᠬᠡᠵᠦ ᠪᠣᠯᠤᠨ᠎ᠠ᠃ ᠡᠷᠦᠬᠡ ᠠᠮᠠ ᠶᠢᠨ ᠳᠡᠪᠲᠡᠷ᠂ ᠵᠢᠯᠣᠭᠤᠴᠢ ᠶᠢᠨ ᠦᠨᠡᠮᠯᠡᠯ᠂ ᠡᠮ ᠡᠮᠨᠡᠯᠭᠡ ᠶᠢᠨ ᠳᠠᠭᠠᠳᠬᠠᠯ ᠤᠨ ᠺᠠᠷᠲ᠂ | ᠨᠡᠶᠢᠭᠡᠮ ᠤᠨ ᠳᠠᠭᠠᠳᠬᠠᠯ ᠤᠨ ᠺᠠᠷᠲ ᠵᠡᠷᠭᠡ ᠪᠡᠶ᠎ᠡ ᠬᠡᠮ ᠤᠨ ᠮᠡᠳᠡᠭᠡ ᠵᠠᠩᠭᠢ ᠶᠢ ᠭᠡᠷᠡᠴᠢᠯᠡᠵᠦ ᠪᠣᠯᠬᠤ ᠮᠠᠲ᠋ᠧᠷᠢᠶᠠᠯ ᠢ ᠬᠠᠩᠭᠠᠬᠤ ᠴᠢᠬᠤᠯᠠᠲᠠᠶ ᠪᠥᠭᠡᠳ ᠪᠣᠳᠠᠲᠠᠶ | ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠬᠦᠷᠴᠦ ᠬᠥᠮᠥᠨ ᠠᠮᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠪᠦᠷᠢᠳᠭᠡᠯᠭᠡᠨ ᠲᠡᠮᠳᠡᠭᠯᠡᠭᠦᠯᠬᠦ ᠬᠡᠷᠡᠭᠲᠡᠶ᠃ | ﹇ᠠᠰᠠᠭᠤᠳᠠᠯ﹈ ᠪᠡᠶ᠎ᠡ ᠶᠢᠨ ᠦᠨᠡᠮᠯᠡᠯ ᠨᠢ ᠡᠨᠡ ᠵᠢᠯ ᠤᠨ 10 ᠰᠠᠷ᠎ᠠ ᠶᠢᠨ 20 ᠤ ᠡᠳᠦᠷ ᠪᠣᠯᠪᠠᠯ ᠳᠠᠷᠤᠶ ᠬᠤᠭᠤᠴᠠᠭ᠎ᠠ ᠨᠢ ᠲᠤᠯᠴᠢᠬᠠᠨᠠ᠂ ᠦᠨᠡᠮᠯᠡᠯ | ᠰᠣᠯᠢᠬᠤ ᠲᠤᠬᠠᠶᠢᠯᠠᠭᠰᠠᠨ ᠠᠵᠢᠯ ᠢ ᠡᠷᠬᠡᠪᠰᠢ ᠬᠤᠭᠤᠴᠠᠭ᠎ᠠ ᠲᠤᠯᠬᠤ ᠠᠴᠠ ᠡᠮᠦᠨ᠎ᠡ ᠬᠢᠬᠦ ᠬᠡᠷᠡᠭᠲᠡᠶ ᠦᠦ︖ ᠶᠠᠮᠠᠷ ᠬᠤᠯᠪᠣᠭᠳᠠᠯ ᠪᠦᠬᠦᠢ ᠦᠨᠡᠮᠯᠡᠯ ᠪᠡᠯᠡᠳᠬᠡᠬᠦ | ᠴᠢᠬᠤᠯᠠᠲᠠᠶ ᠪᠤᠢ︖ | ᠬᠠᠷᠢᠭᠤᠯᠲᠠ᠄ ᠲᠤᠰ ᠬᠤᠲᠠ ᠶᠢᠨ ᠰᠠᠭᠤᠭᠠᠯᠢ ᠠᠷᠠᠳ ᠪᠡᠶ᠎ᠡ ᠶᠢᠨ ᠦᠨᠡᠮᠯᠡᠯ ᠢᠶᠠᠨ ᠰᠣᠯᠢᠵᠤ ᠠᠪᠤᠭᠠᠳ ᠬᠠᠷᠢᠶ᠎ᠠ ᠭᠠᠵᠠᠷ ᠤᠨ ᠡᠷᠦᠬᠡ ᠠᠮᠠ ᠶᠢᠨ ᠳᠠᠩᠰᠠ | ᠪᠠᠶᠢᠭ᠎ᠠ ᠭᠠᠵᠠᠷ ᠲᠠᠭᠠᠨ ᠬᠦᠷᠴᠦ ᠭᠦᠢᠴᠡᠳᠬᠡᠨ᠎ᠡ᠃ ᠤᠷᠢᠳᠴᠢᠯᠠᠨ ᠰᠢᠢᠳᠪᠦᠷᠢᠯᠡᠬᠦ ᠪᠤᠶᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠰᠢᠢᠳᠪᠦᠷᠢᠯᠡᠵᠦ ᠪᠣᠯᠤᠨ᠎ᠠ᠃ | ᠡᠷᠦᠬᠡ ᠠᠮᠠ ᠶᠢᠨ ᠳᠠᠩᠰᠠ ᠶᠢᠨ ᠳᠦᠷᠢᠮ ᠳᠤ ᠡᠩ ᠤᠨ ᠪᠠᠶᠢᠳᠠᠯ ᠳᠤ ᠭᠤᠷᠪᠠᠨ ᠰᠠᠷ᠎ᠠ ᠶᠢᠨ ᠳᠣᠲᠣᠷ᠎ᠠ ᠰᠢᠢᠳᠪᠦᠷᠢᠯᠡᠵᠦ ᠳᠠᠭᠤᠰᠬᠠᠨ᠎ᠠ ᠭᠡᠵᠦ ᠲᠣᠭᠲᠠᠭᠠᠵᠠᠶ᠃ | ᠣᠳᠣᠬᠠᠨ ᠳᠤ ᠡᠩ ᠤᠨ ᠪᠠᠶᠢᠳᠠᠯ ᠳᠤ 7 ᠠᠴᠠ 30 ᠡᠳᠦᠷ ᠤᠨ ᠳᠣᠲᠣᠷ᠎ᠠ ᠠᠵᠢᠯ ᠢᠶᠠᠨ ᠳᠠᠭᠤᠰᠬᠠᠵᠤ ᠪᠣᠯᠤᠨ᠎ᠠ᠃ ᠬᠡᠷᠪᠡ ᠣᠯᠠᠨ ᠲᠦᠮᠡᠨ ᠪᠠᠴᠢᠮ ᠶᠠᠪᠤᠳᠠᠯ | ᠲᠣᠬᠢᠶᠠᠯᠳᠤᠪᠠᠯ ᠲᠦᠷᠭᠡᠨ ᠰᠢᠢᠳᠪᠦᠷᠢᠯᠡᠬᠦ ᠬᠡᠷᠡᠭᠲᠡᠶ᠂ ᠬᠡᠷᠪᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠪᠠᠯ ᠰᠠᠭᠠᠳ ᠥᠬᠡᠶ | ᠨᠡᠪᠲᠡᠷᠡᠬᠦ ᠵᠠᠮ ᠭᠠᠷᠭᠠᠵᠤ ᠪᠣᠯᠤᠨ᠎ᠠ᠃ ᠦᠨᠡᠮᠯᠡᠯ ᠰᠣᠯᠢᠬᠤ ᠲᠤᠬᠠᠶᠢᠯᠠᠭᠰᠠᠨ ᠠᠵᠢᠯ ᠢ ᠡᠷᠬᠢᠯᠡᠵᠦ ᠪᠠᠶᠢᠭ᠎ᠠ ᠲᠤᠰ ᠬᠤᠲᠠ ᠶᠢᠨ ᠰᠠᠭᠤᠭᠠᠯᠢ ᠠᠷᠠᠳ ᠡᠷᠦᠬᠡ | ᠠᠮᠠ ᠶᠢᠨ ᠳᠡᠪᠲᠡᠷ ᠢᠶᠠᠨ ᠬᠠᠩᠭᠠᠪᠠᠯ ᠪᠣᠯᠴᠢᠬᠠᠨ᠎ᠠ᠃ | ﹇ᠠᠰᠠᠭᠤᠳᠠᠯ﹈ ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠤᠨ ᠰᠡᠭᠦᠳᠡᠷ ᠲᠠᠲᠠᠬᠤ ᠦᠶ᠎ᠡ ᠳᠤ᠂ ᠬᠥᠮᠦᠨ ᠤ ᠪᠡᠶ᠎ᠡ ᠶᠢᠨ ᠬᠦᠷᠦᠭ ᠵᠢᠷᠤᠭ ᠢ ᠰᠡᠭᠦᠳᠡᠷᠯᠡᠬᠦ ᠪᠠ | ᠰᠢᠰᠲ᠋ᠧᠮ ᠤᠨ ᠤᠤᠯ ᠤᠨ ᠪᠡᠶ᠎ᠡ ᠶᠢᠨ ᠦᠨᠡᠮᠯᠡᠯ ᠢ ᠬᠠᠷᠢᠴᠠᠭᠤᠯᠤᠭᠰᠠᠨ ᠤ ᠳᠠᠷᠠᠭ᠎ᠠ᠂ ᠠᠳᠠᠯᠢᠪᠲᠤᠷ ᠬᠡᠮᠵᠢᠶ᠎ᠡ ᠨᠢ ᠨᠡᠯᠢᠶᠡᠳ ᠳᠣᠤᠷ᠎ᠠ ᠪᠠᠶᠢᠵᠤ᠂ ᠤᠭ | ᠨᠤᠲᠤᠭ ᠲᠠᠭᠠᠨ ᠪᠤᠴᠠᠵᠤ ᠪᠡᠶ᠎ᠡ ᠶᠢᠨ ᠦᠨᠡᠮᠯᠡᠯ ᠭᠦᠢᠴᠡᠳᠬᠡᠬᠦ ᠴᠢᠬᠤᠯᠠᠲᠠᠶ ᠪᠠᠶᠢᠳᠠᠯ ᠭᠠᠷᠪᠠᠯ ᠶᠠᠭᠠᠬᠢᠬᠤ ᠪᠤᠢ︖ | ᠬᠠᠷᠢᠭᠤᠯᠲᠠ᠄ ᠨᠠᠰᠤ ᠵᠢᠯ ᠨᠢ ᠨᠡᠮᠡᠭᠳᠡᠭᠰᠡᠨ᠂ ᠦᠩᠭᠡ ᠵᠢᠰᠦ ᠨᠢ ᠬᠤᠪᠢᠷᠠᠭᠰᠠᠨ ᠵᠡᠷᠭᠡ ᠠᠴᠠ ᠪᠣᠯᠵᠤ᠂ ᠤᠭ ᠨᠤᠲᠤᠭ ᠲᠤᠨᠢ ᠰᠢᠶᠳᠪᠦᠷᠢᠯᠡᠭᠰᠡᠨ ᠪᠡᠶ᠎ᠡ ᠶᠢᠨ | ᠦᠨᠡᠮᠯᠡᠯ ᠤᠨ ᠰᠡᠭᠦᠳᠡᠷ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠳᠠᠯ ᠭᠠᠷᠴᠤ ᠮᠡᠳᠡᠬᠦ ᠲᠤᠯᠠ ᠵᠥᠪᠬᠡᠨ ᠤᠭ ᠨᠤᠲᠤᠭ ᠲᠤᠨᠢ ᠣᠴᠢᠵᠤ ᠰᠢᠢᠳᠪᠤᠷᠢᠯᠡᠨ᠎ᠡ᠃ | ﹇ᠠᠰᠠᠭᠤᠳᠠᠯ﹈ ᠪᠡᠶ᠎ᠡ ᠶᠢᠨ ᠦᠨᠡᠮᠯᠡᠯ ᠳᠡᠭᠡᠷᠡᠬᠢ ᠭᠡᠷᠡᠯ ᠵᠢᠷᠤᠭ ᠢ ᠰᠣᠯᠢᠵᠤ ᠪᠣᠯᠤᠨ᠎ᠠ ᠤᠤ︖ ᠬᠡᠷᠪᠡ ᠪᠣᠯᠬᠤ ᠳᠤ ᠬᠦᠷᠪᠡᠯ ᠶᠠᠮᠠᠷ ᠶᠠᠩᠵᠤ ᠶᠢᠨ ᠭᠠᠷ | ᠭᠦᠢᠴᠡᠳᠬᠡᠯ ᠬᠢᠬᠦ ᠬᠡᠷᠡᠭ ᠲᠠᠢ ᠪᠣᠶ︖ | ᠬᠠᠷᠢᠭᠤᠯᠲᠠ᠄ ᠭᠡᠷᠡᠴᠢ ᠰᠣᠯᠢᠬᠤ ᠴᠠᠭ ᠪᠤᠯᠤᠭ᠎ᠠ ᠦᠭᠡᠢ ᠪᠠᠶᠢᠬᠤ ᠳᠤ᠂ ᠬᠤᠪᠢ ᠬᠥᠮᠦᠨ ᠤ ᠰᠢᠯᠲᠠᠭᠠᠨ ᠠᠴᠠ ᠪᠣᠯᠵᠤ ᠭᠡᠷᠡᠯ ᠵᠢᠷᠤᠭ ᠢ ᠰᠣᠯᠢᠵᠤ ᠪᠣᠯᠤᠨ᠎ᠠ᠂ | ᠭᠡᠪᠡᠴᠦ ᠣᠨᠳᠣᠣ ᠭᠠᠵᠠᠷ ᠲᠤ ᠰᠢᠢᠳᠪᠦᠷᠢᠯᠡᠵᠦ ᠪᠣᠯᠬᠤ ᠦᠭᠡᠢ᠃ ᠬᠤᠪᠢ ᠬᠥᠮᠦᠨ ᠭᠤᠶᠤᠴᠢᠯᠠᠯ ᠳᠡᠪᠰᠢᠭᠦᠯᠵᠦ᠂ ᠡᠷᠦᠬᠡ ᠠᠮᠠ ᠶᠢᠨ ᠳᠡᠪᠲᠡᠷ ᠢᠶᠠᠨ ᠠᠪᠴᠤ | ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠠᠭᠠᠨ ᠣᠴᠢᠵᠤ ᠭᠦᠢᠴᠡᠳᠬᠡᠬᠦ ᠬᠡᠷᠡᠭᠲᠡᠶ᠃ | ﹇ᠠᠰᠠᠭᠤᠳᠠᠯ﹈ ᠡᠷᠦᠬᠡ ᠠᠮᠠ ᠶᠢᠨ ᠳᠠᠩᠰᠠ ᠨᠢ ᠤᠯᠠᠭᠠᠨᠬᠠᠳᠠ ᠳᠤ ᠪᠠᠶᠢᠵᠤ᠂ ᠬᠥᠬᠡᠬᠤᠲᠠ ᠳᠤ ᠰᠠᠭᠤᠵᠤ ᠪᠠᠶᠢᠭ᠎ᠠ ᠨᠠᠰᠤᠲᠠᠶᠢᠴᠤᠳ᠂ ᠭᠠᠳᠠᠭᠠᠳᠤ ᠳᠤ | ᠭᠠᠷᠬᠤ ᠭᠠᠷᠳᠠᠮ ᠭᠦᠢᠴᠡᠳᠬᠡᠬᠦ ᠣᠶᠢᠶ᠎ᠠ ᠳᠤ ᠤᠭ ᠨᠤᠲᠤᠭ ᠲᠠᠭᠠᠨ ᠪᠤᠴᠠᠵᠤ ᠭᠦᠢᠴᠡᠳᠬᠡᠬᠦ ᠴᠢᠬᠤᠯᠠᠲᠠᠶ ᠤᠤ︖ | ᠬᠠᠷᠢᠭᠤᠯᠲᠠ᠄ ᠤᠭ ᠨᠤᠲᠤᠭ ᠲᠠᠭᠠᠨ ᠬᠠᠷᠢᠬᠤ ᠬᠡᠷᠡᠭ ᠦᠭᠡᠢ᠂ ᠬᠥᠬᠡᠬᠤᠲᠠ ᠳᠤ ᠳᠠᠷᠤᠶ ᠭᠦᠢᠴᠡᠳᠬᠡᠵᠦ ᠪᠣᠯᠤᠨ᠎ᠠ᠂ ᠭᠡᠪᠡᠴᠦ ᠲᠤᠰ ᠬᠥᠮᠥᠨ ᠨᠢ | ᠭᠦᠢᠴᠡᠳᠬᠡᠬᠦ ᠬᠡᠷᠡᠭᠲᠡᠶ᠃ | ﹇ᠠᠰᠠᠭᠤᠳᠠᠯ﹈ ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠢᠵᠦ ᠳᠠᠭᠤᠰᠬᠠᠪᠠᠯ᠂ ᠬᠡᠵᠢᠶ᠎ᠡ ᠪᠡᠶ᠎ᠡ ᠶᠢᠨ ᠦᠨᠡᠮᠯᠡᠯ ᠢᠶᠠᠨ ᠠᠪᠴᠤ ᠪᠣᠯᠬᠤ ᠪᠤᠢ︖ ᠦᠨᠡᠮᠯᠡᠯ | ᠭᠦᠢᠴᠡᠳᠬᠡᠬᠦ ᠠᠬᠢᠴᠠ ᠶᠢ ᠡᠷᠢᠵᠦ ᠣᠯᠬᠤ ᠠᠷᠭ᠎ᠠ ᠵᠠᠮ ᠪᠠᠶᠢᠨ᠎ᠠ ᠤᠤ ᠥᠬᠡᠶ ᠦᠦ︖ ᠪᠡᠶ᠎ᠡ ᠶᠢᠨ ᠦᠨᠡᠮᠯᠡᠯ ᠤᠨ ᠭᠠᠷᠳᠠᠮ ᠭᠦᠢᠴᠡᠭᠰᠡᠨ ᠤ ᠳᠠᠷᠠᠭ᠎ᠠ ᠦᠨᠠᠮᠯᠠᠯ ᠢᠶᠠᠨ | ᠬᠡᠷᠬᠢᠨ ᠠᠪᠬᠤ ᠪᠤᠢ︖ | ᠬᠠᠷᠢᠭᠤᠯᠲᠠ᠄ ᠡᠩ ᠤᠨ ᠪᠠᠶᠢᠳᠠᠯ ᠳᠤ 7 ᠠᠴᠠ 30 ᠡᠳᠦᠷ ᠤᠨ ᠳᠣᠲᠣᠷ᠎ᠠ ᠠᠪᠴᠤ ᠪᠣᠯᠤᠨ᠎ᠠ᠂ ᠬᠤᠳᠠ ᠶᠢᠨ ᠠᠷᠠᠳ ᠴᠤ ᠰᠢᠤᠳᠠᠨ ᠢᠶᠠᠷ ᠢᠯᠡᠭᠡᠬᠦ ᠠᠷᠭ᠎ᠠ | ᠮᠠᠶ᠋ᠢᠭ ᠢ ᠰᠣᠩᠭᠤᠵᠤ᠂ E M S ᠤᠨ ᠲᠥᠯᠥᠪᠦᠷᠢ ᠲᠠᠢ ᠪᠠᠷ ᠰᠦᠢᠳᠬᠡᠯ ᠬᠤᠷᠢᠶᠠᠵᠤ ᠬᠦᠷᠭᠡᠵᠦ ᠪᠣᠯᠤᠨ᠎ᠠ᠃ ᠣᠳᠣᠬᠠᠨ ᠳᠤ ᠵᠥᠪᠬᠡᠨ ᠡᠮᠦᠨ᠎ᠡ ᠲᠠᠪᠴᠠᠩ ᠤᠨ | ᠳ᠋ᠢᠶᠠᠩᠬᠤᠸᠠ ᠪᠠᠷ ᠦᠨᠡᠮᠯᠡᠯ ᠠᠪᠬᠤ ᠠᠬᠢᠴᠠ ᠶᠢ ᠪᠠᠶᠢᠴᠠᠭᠠᠨ ᠯᠠᠪᠯᠠᠵᠤ ᠪᠤᠯᠤᠨ᠎ᠠ᠂ ᠡᠮᠦᠨ᠎ᠡ ᠲᠠᠪᠴᠠᠩ ᠤᠨ ᠳ᠋ᠢᠶᠠᠩᠬᠤᠤᠨ ᠨᠢ 3959544᠃ | ﹇ᠠᠰᠠᠭᠤᠳᠠᠯ﹈ ᠲᠦᠷ ᠴᠠᠭ ᠤᠨ ᠪᠡᠶ᠎ᠡ ᠶᠢᠨ ᠦᠨᠡᠮᠯᠡᠯ ᠨᠢ ᠵᠢᠩᠬᠢᠨᠢ ᠪᠡᠶ᠎ᠡ ᠶᠢᠨ ᠦᠨᠡᠮᠯᠡᠯ ᠲᠠᠢ ᠶᠠᠮᠠᠷ ᠢᠯᠭᠠᠭ᠎ᠠ ᠲᠠᠢ ᠪᠤᠢ︖ ᠶᠠᠮᠠᠷ ᠬᠥᠮᠥᠨ ᠲᠦᠷ | ᠴᠠᠭ ᠤᠨ ᠪᠡᠶ᠎ᠡ ᠶᠢᠨ ᠦᠨᠡᠮᠯᠡᠯ ᠢ ᠠᠪᠴᠤ ᠪᠣᠯᠬᠤ ᠪᠤᠢ᠂ ᠲᠦᠷ ᠴᠠᠭ ᠤᠨ ᠪᠡᠶ᠎ᠡ ᠶᠢᠨ ᠦᠨᠡᠮᠯᠡᠯ ᠢ ᠬᠡᠷᠬᠢᠨ ᠠᠪᠬᠤ ᠪᠤᠢ︖ ᠲᠡᠭᠦᠨ ᠤ ᠬᠦᠴᠦᠨ ᠲᠠᠢ | ᠬᠤᠭᠤᠴᠠᠭ᠎ᠠ ᠨᠢ ᠬᠡᠳᠦᠶ ᠣᠷᠳᠣ ᠪᠤᠢ︖ | ᠬᠠᠷᠢᠭᠤᠯᠲᠠ᠄ ᠪᠡᠶ᠎ᠡ ᠶᠢᠨ ᠦᠨᠡᠮᠯᠡᠯ ᠢᠶᠠᠨ ᠭᠡᠭᠡᠪᠡᠯ ᠪᠠᠴᠢᠮ ᠬᠡᠷᠡᠭᠯᠡᠬᠦ ᠪᠡᠶ᠎ᠡ ᠶᠢᠨ ᠦᠨᠡᠮᠯᠡᠯ ᠠᠪᠴᠤ ᠪᠣᠯᠤᠨ᠎ᠠ᠂ ᠣᠬᠤᠷ ᠬᠤᠭᠤᠴᠠᠭᠠᠨ ᠤ ᠲᠦᠷ ᠴᠠᠭ ᠤᠨ | ᠪᠡᠶ᠎ᠡ ᠶᠢᠨ ᠦᠨᠡᠮᠯᠡᠯ ᠬᠢᠵᠦ ᠪᠣᠯᠤᠨ᠎ᠠ᠂ ᠲᠤᠰ ᠬᠤᠲᠠ ᠳᠤ ᠰᠠᠭᠤᠵᠤ ᠪᠠᠶᠢᠭ᠎ᠠ ᠬᠤᠲᠠ ᠶᠢᠨ ᠠᠷᠠᠳ ᠭᠦᠢᠴᠡᠳᠬᠡᠵᠦ ᠪᠣᠯᠤᠨ᠎ᠠ᠂ ᠪᠡᠶ᠎ᠡ ᠶᠢᠨ ᠦᠨᠡᠮᠯᠡᠯ ᠤᠨ | ᠦᠢᠯᠡᠳᠦᠯ ᠲᠠᠢ ᠠᠳᠠᠯᠢ ᠪᠣᠯᠪᠠᠴᠤ ᠬᠦᠴᠦᠨ ᠲᠠᠢ ᠬᠤᠭᠤᠴᠠᠭ᠎ᠠ ᠨᠢ ᠵᠥᠪᠬᠡᠨ ᠭᠤᠷᠪᠠᠨ ᠰᠠᠷ᠎ᠠ ᠪᠣᠯᠤᠨ᠎ᠠ᠃ | ﹇ᠠᠰᠠᠭᠤᠳᠠᠯ﹈ ᠭᠠᠳᠠᠭᠠᠳᠤ ᠳᠤ ᠭᠠᠷᠴᠤ ᠵᠤᠭᠠᠴᠠᠬᠤ ᠳᠤ ᠬᠤᠯᠪᠣᠭᠳᠠᠯ ᠪᠦᠬᠦᠢ ᠭᠠᠷ ᠭᠦᠢᠴᠡᠳᠬᠡᠯ ᠢ ᠬᠡᠷᠬᠢᠨ ᠬᠢᠬᠦ ᠪᠣᠶ︖ ᠭᠡᠷᠡᠴᠢ ᠲᠡᠮᠳᠡᠭ ᠭᠦᠢᠴᠡᠳᠬᠡᠬᠦ | ᠴᠠᠭ ᠨᠢ ᠬᠡᠳᠦᠶ ᠤᠷᠳᠤ ᠪᠠᠶᠢᠳᠠᠭ ᠪᠣᠶ︖ | ᠬᠠᠷᠢᠭᠤᠯᠲᠠ᠄ ᠣᠳᠣ ᠶᠢᠨ ᠫᠠᠰᠫᠣᠷᠲ᠂ ᠰᠢᠶᠠᠩᠭᠠᠩ ᠣᠣᠮᠧᠨ ᠳᠤ ᠶᠠᠪᠤᠵᠤ ᠢᠷᠡᠬᠦ ᠵᠠᠮ ᠤᠨ ᠦᠨᠡᠮᠯᠡᠯ᠂ ᠲᠠᠶᠢᠸᠠᠨ ᠳᠤ ᠶᠠᠪᠤᠵᠤ ᠢᠷᠡᠬᠦ ᠵᠠᠮ ᠤᠨ | ᠦᠨᠡᠮᠯᠡᠯ ᠢ ᠭᠦᠢᠴᠡᠳᠬᠡᠬᠦ ᠭᠤᠶᠤᠴᠢᠯᠠᠯ ᠤᠨ ᠬᠦᠰᠦᠨᠦᠭᠲᠦ ᠶᠢ ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ | ᠦᠨᠡᠮᠯᠡᠯ ᠤᠨ ᠭᠤᠶᠤᠴᠢᠯᠠᠯ ᠤᠨ ᠬᠦᠰᠦᠨᠦᠭ ᠲᠠᠢ ᠨᠡᠶᠢᠯᠡᠭᠦᠯᠪᠡ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠤᠲᠠ ᠶᠢᠨ ᠠᠷᠠᠳ ᠵᠥᠪᠬᠡᠨ | ᠨᠢᠭᠡ ᠬᠦᠰᠦᠨᠦᠭᠲᠦ ᠲᠠᠭᠯᠠᠪᠠᠯ ᠪᠣᠯᠴᠢᠬᠠᠨ᠎ᠠ᠂ ᠪᠡᠶ᠎ᠡ ᠶᠢᠨ ᠦᠨᠡᠮᠯᠡᠯ ᠪᠠ ᠰᠦᠢᠳᠬᠡᠯ ᠲᠤᠰᠢᠶᠠᠬᠤ ᠪᠠᠩᠬᠢ ᠶᠢᠨ ᠺᠠᠷᠲ ᠢᠶᠠᠨ ᠠᠪᠴᠤ ᠶᠠᠪᠤᠨ᠎ᠠ᠂ ᠲᠤᠰ ᠭᠠᠵᠠᠷ ᠤᠨ | ᠰᠠᠭᠤᠭᠠᠯᠢ ᠠᠷᠠᠳ ᠪᠤᠯ 10 ᠠᠵᠢᠯᠯᠠᠬᠤ ᠡᠳᠦᠷ ᠲᠤ ᠭᠦᠢᠴᠡᠳᠭᠡᠨ ᠳᠠᠭᠤᠰᠬᠠᠵᠤ ᠪᠣᠯᠤᠨ᠎ᠠ᠃ | ᠢᠷᠡᠯᠲᠡ᠄ ᠠᠷᠠᠳ ᠤᠨ ᠰᠦᠯᠵᠢᠶ᠎ᠡ |