ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠤᠯ ᠤᠨᠴᠠ ᠴᠢᠬᠤᠯᠠ ᠠᠵᠢᠯ ᠮᠦᠨ
ᠨᠡᠶᠢᠲᠡᠯᠡᠭᠰᠡᠨ ᠴᠠᠭ᠄
2019/4/15
     ᠨᠠᠶᠢᠷᠠᠭᠤᠯᠤᠬᠴᠢ ᠶᠢᠨ ᠦᠭᠡ᠄ 2018 ᠤᠨ ᠤ ᠦᠪᠡᠷᠳᠡᠭᠡᠨ ᠵᠠᠰᠠᠬᠤ ᠤᠷᠤᠨ ᠤ ︽ᠬᠤᠶᠠᠷ ᠬᠤᠷᠠᠯ︾ ᠬᠤᠷᠠᠯᠳᠤᠬᠤ ᠲᠠᠰᠢᠷᠠᠮ ᠳᠤ᠂ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠰᠠᠶᠢᠳᠤᠷ ᠤᠬᠠᠭᠤᠯᠤᠨ ᠲᠠᠶᠢᠯᠪᠤᠷᠢᠯᠠᠬᠤ ᠶᠢᠨ ᠲᠦᠯᠦᠭᠡ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠠᠮ ᠵᠠᠭᠤᠴᠢᠯᠠᠭᠤᠷ ᠤᠨ ᠬᠢᠨ ᠲᠤᠰᠬᠠᠢ ᠮᠡᠷᠭᠡᠵᠢᠯᠳᠡᠨ ᠢ ᠤᠷᠢᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠮᠠᠯᠵᠢᠬᠤ ᠤᠷᠤᠨ ᠤ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠠᠯᠳᠠ᠂ ᠠᠷᠠᠳ ᠤᠨ ᠠᠮᠢᠳᠤᠷᠠᠯ᠂ ᠰᠤᠶᠤᠯ ᠤᠨ ᠪᠠᠶᠢᠭᠤᠯᠤᠯᠳᠠ᠂ ᠬᠠᠨᠴᠤᠢ ᠰᠢᠮᠠᠯᠤᠨ ᠴᠢᠷᠮᠠᠶᠢᠨ ᠠᠵᠢᠯᠯᠠᠶ᠎ᠠ ᠭᠡᠰᠡᠨ 7 ᠲᠤᠰᠬᠠᠢ ᠰᠡᠳᠦᠪᠳᠤ ᠶᠠᠷᠢᠯᠴᠠᠭ᠎ᠠ ᠦᠷᠨᠢᠭᠦᠯᠬᠦ ᠪᠠᠷ ᠪᠠᠶᠢᠨ᠎ᠠ᠃ ᠠᠩᠬᠠᠷᠤᠯ ᠢᠶᠠᠨ ᠬᠠᠨᠳᠤᠭᠤᠯᠤᠮᠤ︕      ᠬᠦᠳᠦᠯᠦᠭᠴᠢ᠄ ᠮᠦᠩᠬᠡᠪᠡᠶᠠᠷ ︵ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠬᠴᠢ︶      ᠤᠨᠴᠠ ᠤᠷᠢᠬᠰᠠᠨ ᠲᠤᠰᠬᠠᠢ ᠮᠡᠷᠭᠡᠵᠢᠯᠳᠡᠨ᠄ ᠬᠦᠭᠵᠢᠯᠳᠤ ︵ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ︶      ᠴᠠᠭ᠄ 2018 ᠤᠨ ᠤ 1 ᠰᠠᠷ᠎ᠠ ᠶᠢᠨ 24 ᠤ ᠦᠳᠡ ᠶᠢᠨ ᠬᠤᠶᠢᠨ᠎ᠠ      ᠬᠦᠳᠦᠯᠦᠭᠴᠢ᠄ ᠤᠳᠤᠬᠠᠨ ᠳᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠭᠡᠰᠡᠨ ᠦᠬᠡ ᠡᠳᠦᠷ ᠪᠦᠷᠢ ᠵᠠᠭᠤᠴᠢᠯᠠᠭᠤᠷ ᠢᠶᠠᠷ ᠰᠠᠴᠤᠬᠳᠠᠵᠤ᠂ ᠬᠤᠳᠠ ᠬᠦᠳᠡᠭᠡ ᠦᠨᠳᠦᠰᠦᠨ ᠱᠠᠳᠤᠨ ᠤ ᠴᠢᠬᠤᠯᠠ ᠨᠢᠭᠡᠨ ᠠᠵᠢᠯ ᠤᠨ ᠭᠤᠤᠯᠳᠠᠯᠭ᠎ᠠ ᠪᠤᠯᠤᠨ ᠰᠠᠶᠢᠳᠤᠷ ᠨᠠᠶᠢᠳᠠᠪᠤᠷᠢᠵᠢᠬᠳᠠᠵᠤ ᠪᠠᠶᠢᠨ᠎ᠠ᠃ ᠰᠠᠶ᠋ᠢᠬᠠᠨ ᠪᠤᠯᠵᠤ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠲᠡᠭᠡᠷᠡᠬᠢ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠳᠤ᠄ ︽ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠰᠠᠶᠢᠳᠤᠷ ᠬᠢᠨ᠎ᠡ︾ ᠭᠡᠵᠤ ᠴᠢᠬᠤᠯᠠᠴᠢᠯᠠᠬᠰᠠᠨ ᠪᠠᠶᠢᠨ᠎ᠠ᠃ ᠲᠡᠭᠡᠪᠡᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠴᠢᠬᠤᠯᠠ ᠴᠢᠨᠠᠷ ᠢ ᠶᠠᠷᠢᠭᠠᠳ ᠦᠭᠭᠦᠨ᠎ᠡ ᠤᠤ︖      ᠲᠤᠰᠬᠠᠢ ᠮᠡᠷᠭᠡᠵᠢᠯᠳᠡᠨ᠄ ᠡᠨᠡ ᠠᠵᠢᠯ ᠤᠨ ᠴᠢᠬᠤᠯᠠ ᠴᠢᠨᠠᠷ ᠢ ᠶᠠᠷᠢᠬᠤ ᠳᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠤᠨ ᠭᠠᠷᠴᠠᠭ ᠲᠡᠭᠡᠷ᠎ᠡ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠨ᠎ᠡ︾ ᠭᠡᠰᠡᠨ ᠬᠠᠷᠠᠯᠳᠠ ᠶᠢ ᠲᠤᠷᠠᠳᠤᠬᠰᠠᠨ ᠪᠠᠶᠢᠨ᠎ᠠ᠃ ᠲᠦᠪ ᠤᠨ ᠦᠨᠳᠦᠰᠦᠳᠡᠨ ᠤ ᠠᠵᠢᠯ ᠤᠨ ᠶᠡᠭᠡ ᠬᠤᠷᠠᠯ ᠲᠡᠭᠡᠷ᠎ᠠ᠂ ᠶᠡᠷᠦᠩᠬᠡᠢ ᠱᠦᠵᠢ ᠰᠢ ᠶᠢᠨ ᠫᠢᠩ᠄ ︽ᠶᠠᠳᠠᠭᠤ ᠠᠴᠠ ᠠᠩᠬᠢᠵᠢᠷᠠᠭᠤᠯᠬᠤ ᠵᠠᠮ ᠲᠡᠭᠡᠷ᠎ᠠ ᠨᠢᠭᠡ ᠦᠨᠳᠦᠰᠦᠳᠡᠨ ᠢ ᠴᠤ ᠬᠤᠴᠤᠷᠤᠬᠳᠠᠭᠤᠯᠬᠤ ᠦᠭᠡᠢ︾ ᠭᠡᠵᠤ ᠵᠢᠭᠠᠵᠤ ᠭᠠᠷᠭᠠᠬᠰᠠᠨ ᠪᠢᠯᠡ᠃ ᠶᠠᠳᠠᠭᠤ ᠬᠦᠴᠢᠷᠳᠡᠯᠳᠠᠢ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠮ ᠲᠡᠭᠡᠷᠡᠬᠢ ᠬᠠᠮᠤᠭ ᠤᠨ ᠲᠤᠮᠤ ᠬᠠᠷᠰᠢ ᠰᠠᠭᠠᠳ ᠶᠤᠮ᠃ ᠲᠤᠮᠳᠠᠳᠤ ᠶᠢᠨ ᠦᠨᠳᠦᠰᠦᠳᠡᠨ ᠤ ᠰᠡᠷᠭᠦᠨ ᠮᠠᠨᠳᠤᠯᠳᠠ ᠶᠢᠨ ᠲᠤᠮᠳᠠᠳᠤ ᠶᠢᠨ ᠵᠡᠭᠦᠳᠤ ᠶᠢ ᠲᠡᠷᠭᠡᠯᠰᠢᠭᠦᠯᠬᠦ ᠳᠤ ᠡᠷᠬᠡᠪᠰᠢ ᠢᠯᠠᠨ ᠲᠠᠪᠠᠭᠤᠰᠢᠳᠠᠢ ᠠᠰᠠᠭᠤᠳᠠᠯ ᠪᠤᠯᠤᠨ᠎ᠠ᠃ ᠬᠦᠳᠦᠯᠦᠭᠴᠢ᠄ ᠶᠠᠳᠠᠭᠤ ᠶᠢ ᠲᠡᠳᠬᠦᠬᠦ ᠠᠵᠢᠯ ᠤᠨ ᠭᠤᠤᠯᠳᠠᠯᠭ᠎ᠠ ᠨᠢ ᠶᠠᠭᠤ ᠪᠠᠶᠢᠭ᠎ᠠ ᠪᠤᠢ︖ ᠲᠤᠰᠬᠠᠢ ᠮᠡᠷᠭᠡᠵᠢᠯᠳᠡᠨ᠄ ᠶᠠᠳᠠᠭᠤ ᠶᠢ ᠲᠡᠳᠬᠦᠬᠦ ᠠᠵᠢᠯ ᠢ ᠰᠠᠶᠢᠳᠤᠷ ᠬᠢᠬᠦ ᠳᠤ᠂ ᠭᠤᠷᠪᠠᠨ ︽ᠵᠢᠩᠬᠢᠨᠢ︾ ᠪᠠ ᠭᠤᠷᠪᠠᠨ ︽ᠤᠨᠢᠨ ᠲᠡᠭᠡᠷ᠎ᠡ ᠨᠢ︾ ᠪᠠᠶᠢᠬᠤ ᠶᠢ ᠪᠠᠷᠢᠮᠳᠠᠯᠠᠬᠤ ᠬᠡᠷᠡᠭᠳᠠᠢ᠃ ᠭᠤᠷᠪᠠᠨ ︽ᠵᠢᠩᠬᠢᠨᠢ︾ ᠭᠡᠳᠡᠭ ᠨᠢ ︽ᠵᠢᠩᠬᠢᠨᠢ ᠶᠠᠳᠠᠭᠤ ᠶᠢ ᠲᠡᠳᠬᠦᠬᠦ᠂ ᠶᠠᠳᠠᠭᠤ ᠶᠢ ᠵᠢᠩᠬᠢᠨᠢ ᠲᠡᠳᠬᠦᠬᠦ᠂ ᠵᠢᠩᠬᠢᠨᠢ ᠶᠠᠳᠠᠭᠤ ᠠᠴᠠ ᠠᠩᠬᠢᠵᠢᠷᠠᠭᠤᠯᠬᠤ︾ ᠶᠢ ᠵᠢᠭᠠᠵᠤ ᠪᠠᠶᠢᠨ᠎ᠠ᠃ ᠭᠤᠷᠪᠠᠨ ︽ᠵᠢᠩᠬᠢᠨᠢ︾ ᠶᠢ ᠪᠡᠶᠡᠯᠡᠭᠦᠯᠬᠦ ᠳᠤ ᠭᠤᠷᠪᠠᠨ ︽ᠤᠨᠢᠨ ᠲᠡᠭᠡᠷ᠎ᠡ ᠨᠢ︾ ᠪᠠᠶᠢᠬᠤ ᠬᠡᠷᠡᠭᠳᠠᠢ᠃ ᠡᠨᠡ ᠨᠢ ᠲᠠᠷᠤᠢ ︽ᠶᠠᠳᠠᠭᠤ ᠡᠷᠦᠬᠡ ᠶᠢ ᠤᠨᠢᠨ ᠲᠡᠭᠡᠷ᠎ᠡ ᠨᠢ ᠲᠤᠬᠳᠠᠭᠠᠬᠤ᠂ ᠶᠠᠳᠠᠭᠤᠷᠠᠬᠰᠠᠨ ᠰᠢᠯᠳᠠᠭᠠᠨ ᠢ ᠨᠢ ᠤᠨᠢᠨ ᠲᠡᠭᠡᠷ᠎ᠡ ᠨᠢ ᠲᠤᠳᠤᠯᠠᠬᠤ᠂ ᠶᠠᠳᠠᠭᠤᠷᠠᠬᠰᠠᠨ ᠰᠢᠯᠳᠠᠭᠠᠨ ᠳᠤᠨᠢ ᠴᠢᠭᠯᠡᠭᠦᠯᠵᠤ ᠤᠨᠢᠨ ᠲᠡᠭᠡᠷ᠎ᠡ ᠨᠢ ᠲᠡᠳᠬᠦᠬᠦ︾ ᠶᠢ ᠵᠢᠭᠠᠵᠤ ᠪᠠᠶᠢᠨ᠎ᠠ᠃ ᠡᠨᠡᠬᠦ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠬᠳᠠᠭᠠᠬᠰᠠᠨ ᠤ ᠲᠠᠷᠠᠭ᠎ᠠ ᠮᠠᠨ ᠤ ᠤᠷᠤᠨ ᠤ ᠶᠠᠳᠠᠭᠤ ᠶᠢ ᠲᠡᠳᠬᠦᠬᠦ ᠠᠵᠢᠯ ᠡᠷᠴᠢᠮᠳᠠᠢ ᠴᠢᠩᠭ᠎ᠠ ᠶᠠᠪᠤᠬᠳᠠᠵᠤ᠂ ᠤᠶᠢᠢᠷ᠎ᠠ ᠶᠢᠨ ᠬᠤᠶᠠᠷ ᠵᠢᠯ ᠳᠤ ᠵᠢᠯ ᠪᠦᠷᠢ 20 ᠭᠠᠷᠤᠢ ᠲᠦᠮᠡᠨ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠤᠬᠰᠠᠨ ᠪᠠᠶᠢᠨ᠎ᠠ᠃ ᠭᠡᠬᠦ ᠳᠤ᠂ ᠮᠠᠨ ᠤ ᠤᠷᠤᠨ 2020 ᠤᠨ ᠪᠤᠯᠳᠠᠯ᠎ᠠ ᠤᠳᠤ ᠪᠠᠰᠠ ᠦᠯᠡᠳᠡᠵᠤ ᠪᠠᠶᠢᠭ᠎ᠠ ᠶᠠᠳᠠᠭᠤ ᠬᠦᠴᠢᠷᠳᠡᠯᠲᠠᠢ ᠬᠦᠮᠦᠰ ᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠪᠤᠯᠤᠨ᠎ᠠ᠃ ᠡᠭᠦᠷᠭᠡ ᠬᠦᠨᠳᠤ ᠪᠠᠶᠢᠭ᠎ᠠ ᠴᠤ ᠪᠦᠬᠦ ᠤᠷᠤᠨ ᠤ ᠶᠠᠳᠠᠭᠤ ᠶᠢ ᠲᠡᠳᠬᠦᠬᠦ ᠠᠵᠢᠯ ᠡᠷᠴᠢᠮᠳᠠᠢ ᠶᠠᠪᠤᠬᠳᠠᠵᠤ ᠪᠠᠶᠢᠨ᠎ᠠ᠃      ᠬᠦᠳᠦᠯᠦᠭᠴᠢ᠄ ᠮᠠᠨ ᠤ ᠤᠷᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠬᠦᠴᠢᠷᠳᠡᠯ ᠬᠠᠮᠢᠭ᠎ᠠ ᠪᠠᠶᠢᠬᠤ ᠪᠤᠢ︖ ᠲᠠᠨ ᠤ ᠦᠵᠡᠬᠦ ᠪᠠᠷ ᠶᠠᠭᠠᠬᠢᠵᠤ ᠬᠢᠪᠡᠯ ᠵᠤᠬᠢᠰᠳᠠᠢ ᠪᠤᠢ︖      ᠲᠤᠰᠬᠠᠢ ᠮᠡᠷᠭᠡᠵᠢᠯᠳᠡᠨ᠄ ᠮᠠᠨ ᠤ ᠤᠷᠤᠨ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ ᠶᠢ ᠪᠠᠷᠢᠮᠳᠠᠯᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠬᠦᠬᠦ᠂ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ᠂ ᠡᠮ ᠡᠮᠨᠡᠯᠭᠡ ᠪᠠᠷ ᠶᠠᠳᠠᠭᠤ ᠶᠢ ᠲᠡᠳᠬᠦᠬᠦ᠂ ᠪᠤᠰᠤᠳ ᠭᠠᠵᠠᠷ ᠨᠡᠭᠦᠯᠭᠡᠨ ᠰᠢᠯᠵᠢᠭᠦᠯᠵᠤ ᠶᠠᠳᠠᠭᠤ ᠶᠢ ᠲᠡᠳᠬᠦᠬᠦ᠂ ᠵᠤᠭᠠᠴᠠᠯ ᠤᠨ ᠦᠢᠯᠡᠰ ᠢᠶᠠᠷ ᠶᠠᠳᠠᠭᠤ ᠶᠢ ᠲᠡᠳᠬᠦᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ ᠲᠡᠳᠬᠦᠬᠦ᠂ ᠠᠮᠢ ᠠᠬᠤᠢ ᠪᠠᠷ ᠶᠠᠳᠠᠭᠤ ᠶᠢ ᠲᠡᠳᠬᠦᠬᠦ ᠵᠡᠷᠭᠡ ᠤᠯᠠᠨ ᠠᠷᠭ᠎ᠠ ᠬᠡᠮᠵᠢᠶ᠎ᠡ ᠠᠪᠴᠤ ᠶᠠᠳᠠᠭᠤ ᠶᠢ ᠲᠡᠳᠬᠦᠬᠦ ᠲᠠᠯ᠎ᠠ ᠪᠠᠷ ᠪᠠᠶᠠᠷᠯᠠᠭᠤᠰᠢᠳᠠᠢ ᠠᠮᠵᠢᠯᠳᠠ ᠶᠢ ᠤᠯᠤᠬᠰᠠᠨ ᠪᠠᠶᠢᠨ᠎ᠠ᠃ ᠤᠳᠤᠬᠠᠨ ᠳᠤ᠂ ᠶᠠᠳᠠᠭᠤ ᠬᠦᠴᠢᠷᠳᠡᠯᠲᠠᠢ ᠬᠦᠮᠦᠨ ᠠᠮᠠ ︽ᠢᠳᠡᠵᠤ ᠡᠮᠦᠰᠬᠦ ᠳᠡᠭᠡᠨ ᠵᠤᠪᠠᠭ᠋ᠤ ᠦᠭᠡᠢ᠂ ᠰᠤᠷᠭᠠᠨ ᠬᠦᠮᠦᠵᠢᠯ᠂ ᠡᠮ ᠡᠮᠨᠡᠯᠭᠡ᠂ ᠤᠷᠤᠨ ᠰᠠᠭᠤᠴᠠ ᠶᠢᠨ ᠪᠠᠳᠤᠯᠠᠭ᠎ᠠ ᠲᠠᠢ︾ ᠪᠤᠯᠤᠬᠰᠠᠨ ᠪᠠᠶᠢᠨ᠎ᠠ᠃ ᠤᠳᠤᠬᠠᠨ ᠤ ᠬᠠᠮᠤᠭ ᠤᠨ ᠶᠡᠭᠡ ᠬᠦᠴᠢᠷᠳᠡᠯ ᠨᠢ ᠪᠤᠶᠢᠳᠠ ᠪᠦᠭᠯᠡᠭᠦᠤ᠂ ᠪᠠᠶᠢᠭᠠᠯᠢ ᠶᠢᠨ ᠨᠦᠭᠦᠴᠡᠯ ᠠᠨᠠᠢ ᠭᠠᠵᠠᠷ ᠤᠷᠤᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠪᠤᠯᠤᠨ᠎ᠠ᠃ ᠶᠠᠭᠠᠬᠢᠵᠤ ᠬᠢᠬᠦ ᠪᠤᠢ᠂ ᠭᠠᠷᠬᠤ ᠵᠠᠮ ᠬᠠᠮᠢᠭ᠎ᠠ ᠪᠠᠶᠢᠨ᠎ᠠ ᠪᠤᠢ ᠭᠡᠪᠡᠯ ᠮᠢᠨᠤ ᠦᠵᠡᠬᠦ ᠪᠠᠷ᠂ ᠮᠠᠯᠴᠢᠨ ᠲᠠᠷᠢᠶᠠᠴᠢᠨ ᠨᠤᠳᠤᠭ ᠪᠡᠯᠴᠢᠭᠡᠷ᠂ ᠭᠠᠵᠠᠷ ᠲᠠᠷᠢᠶ᠎ᠠ᠂ ᠮᠠᠯ ᠤᠨᠤᠭ᠎ᠠ ᠪᠠᠷ ᠢᠶᠠᠨ ᠬᠤᠷᠰᠢᠬᠤ ᠶᠠᠪᠤᠳᠠᠯ ᠪᠤᠯᠤᠨ᠎ᠠ᠃ ᠭᠠᠭᠴᠠᠬᠦ ᠬᠤᠷᠰᠢᠵᠤ ᠬᠠᠮᠳᠤᠷᠠᠪᠠᠯ ᠰᠠᠶ᠋ᠢ ᠬᠠᠮᠳᠤ ᠶᠢᠨ ᠬᠦᠴᠦᠨ ᠢᠶᠠᠷ ᠵᠠᠬ᠎ᠠ ᠲᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠵᠤ᠂ ᠤᠷᠤᠯᠭ᠎ᠠ ᠶᠢᠨ ᠨᠡᠮᠡᠭᠳᠡᠯ ᠢᠶᠠᠨ ᠪᠠᠳᠤᠯᠠᠵᠤ ᠴᠢᠳᠠᠨ᠎ᠠ᠃      ᠬᠦᠳᠦᠯᠦᠭᠴᠢ᠄ ᠲᠠᠨ ᠳᠠᠭᠠᠨ ᠪᠠᠶᠠᠷᠯᠠᠯ᠎ᠠ︕
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ