| ᠦᠶᠤᠸᠠᠨ ᠰᠢᠶᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ᠂ ᠬᠠᠳᠤᠨ ᠭᠤᠣᠯ ᠤᠨ ︿︿几﹀﹀ ᠦᠰᠦᠭ ᠤᠨ | ᠬᠠᠮᠤᠭ ᠬᠤᠶᠢᠲᠤ ᠦᠵᠦᠭᠦᠷ ᠲᠤ ᠪᠠᠶᠢᠷᠢᠯᠠᠵᠤ᠂ ᠪᠠᠶᠠᠨᠨᠠᠭᠤᠷ ᠬᠤᠲᠠ ᠳᠤ ᠬᠠᠷᠢᠶᠠᠯᠠᠭᠳᠠᠵᠤ᠂ ᠵᠡᠭᠦᠨ ᠲᠠᠯ᠎ᠠ ᠪᠠᠷ ᠢᠶᠠᠨ ᠪᠤᠭᠤᠲᠤ ᠬᠤᠲᠠ ᠲᠠᠢ ᠬᠥᠷᠰᠢᠯᠡᠵᠦ᠂ | ᠪᠠᠷᠠᠭᠤᠨ ᠲᠠᠯ᠎ᠠ ᠪᠠᠷ ᠢᠶᠠᠨ ᠦᠬᠠᠶ ᠬᠤᠲᠠ ᠲᠠᠢ ᠵᠠᠯᠭᠠᠯᠳᠤᠵᠤ᠂ ᠡᠮᠦᠨ᠎ᠡ ᠲᠠᠯ᠎ᠠ ᠪᠠᠷ ᠢᠶᠠᠨ ᠬᠠᠳᠤᠨ ᠭᠤᠣᠯ ᠠᠯᠤᠰᠯᠠᠨ ᠣᠷᠳᠣᠰ ᠬᠤᠲᠠ ᠲᠠᠢ ᠨᠢᠭᠤᠷᠯᠠᠵᠤ᠂ | ᠬᠤᠶᠢᠲᠤ ᠲᠠᠯ᠎ᠠ ᠪᠠᠷ ᠢᠶᠠᠨ ᠮᠤᠨᠢ ᠠᠭᠤᠯᠠ ᠶᠢ ᠲᠦᠰᠢᠵᠦ ᠪᠠᠶᠢᠳᠠᠭ᠃ ᠦᠶᠤᠸᠠᠨ ᠰᠢᠶᠠᠨ ᠤ ᠶᠡᠷᠦᠩᠬᠡᠢ ᠲᠠᠯᠠᠪᠠᠢ ᠨᠢ 2544 ᠲᠡᠭᠰᠢ ᠳᠥᠷᠪᠡᠯᠵᠢᠨ ᠺᠢᠯᠣᠮᠧᠲᠷ᠂ | ᠪᠦᠬᠦ ᠰᠢᠶᠠᠨ ᠳᠤ 30 ᠲᠦᠮᠡᠨ ᠬᠥᠮᠥᠨ ᠠᠮᠠ ᠲᠠᠢ᠂ ᠡᠭᠦᠨ ᠳᠤ ᠲᠠᠷᠢᠶᠠᠯᠠᠩ ᠤᠨ ᠬᠥᠮᠥᠨ ᠠᠮᠠ 20 ᠲᠦᠮᠡ ᠪᠠᠶᠢᠵᠤ᠂ 8 ᠪᠠᠯᠭᠠᠰᠤ 1 ᠰᠤᠮᠤ 1 | ᠲᠠᠷᠢᠶᠠᠯᠠᠩ ᠤᠨ ᠲᠠᠯᠠᠪᠠᠢ ᠲᠠᠢ᠂ ᠰᠢᠶᠠᠨ ᠤ ᠵᠠᠰᠠᠭ ᠤᠨ ᠣᠷᠳᠣᠨ ᠨᠢ ᠯᠦᠩ ᠰᠢᠩ ᠴᠠᠩ ᠪᠠᠯᠭᠠᠰᠤᠨ ᠳᠤ ᠪᠠᠶᠢᠭ᠎ᠠ ᠶᠤᠮ᠃ ᠦᠶᠤᠸᠠᠨ 2400 ᠭᠠᠷᠤᠶ ᠵᠢᠯ ᠤᠨ | ᠲᠡᠤᠬᠡ ᠲᠠᠢ ᠪᠠᠶᠢᠵᠤ᠂ ᠪᠠᠶᠢᠯᠳᠤᠭᠠᠨᠲᠤ ᠤᠯᠤᠰ ᠤᠨ ᠦᠶ᠎ᠡ ᠳᠤ ᠵᠣᠣ ᠤᠯᠤᠰ ᠤᠨ ᠵᠢᠦ ᠶᠤᠸᠠᠨ ᠵᠢᠶᠦ᠋ᠨ ᠤ ᠪᠠᠷᠠᠭᠤᠨ ᠬᠡᠰᠡᠭ ᠲᠤ ᠬᠠᠷᠢᠶᠠᠯᠠᠭᠳᠠᠵᠤ᠂ ᠬᠠᠨ ᠡᠦ ᠳ᠋ᠢ | ᠬᠠᠭᠠᠨ ᠤ ᠦᠶ᠎ᠡ ᠳᠤ ᠦᠶᠤᠸᠠᠨ ᠵᠢᠶᠦ᠋ᠨ ᠢ ᠪᠠᠶᠢᠭᠤᠯᠵᠠᠶ᠃ ᠣᠷᠴᠢᠨ ᠦᠶ᠎ᠡ ᠶᠢᠨ ᠲᠡᠤᠬᠡᠨ ᠳᠡᠭᠡᠷ᠎ᠡ᠂ ᠹᠧᠩ ᠢᠦᠢ ᠰᠢᠶᠠᠩ ᠵᠠᠩᠵᠤᠨ ︽ᠦᠶᠤᠸᠠᠨ ᠳᠤ | ᠲᠠᠩᠭᠠᠷᠢᠭ︾ ᠬᠢᠵᠦ᠂ ᠹᠦ᠋ ᠽᠦᠸᠧ ᠢ ᠵᠠᠩᠵᠤᠨ ︽ᠦᠶᠤᠸᠠᠨ ᠤ ᠳᠠᠶᠢᠯᠠᠯᠳᠤᠭᠠᠨ︾ ᠢ ᠶᠠᠪᠤᠭᠤᠯᠵᠤ ᠲᠡᠤᠬᠡᠨ ᠬᠠᠭᠤᠳᠠᠰᠤᠨ ᠳᠤ ᠲᠡᠮᠳᠡᠭᠯᠡᠭᠳᠡᠪᠡ᠃ | ᠦᠶᠤᠸᠠᠨ ᠰᠢᠶᠠᠨ ᠤ ᠭᠠᠵᠠᠷ ᠰᠢᠷᠣᠶ᠂ ᠤᠰᠤ᠂ ᠭᠡᠷᠡᠯ ᠢᠯᠴᠢ ᠶᠢᠨ ᠡᠬᠢ ᠪᠠᠶᠠᠯᠢᠭ᠂ ᠴᠠᠬᠢᠯᠭᠠᠨ ᠬᠦᠴᠦᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ | ᠨᠡᠭᠦᠷᠡᠰᠦ᠂ ᠪᠠᠶᠢᠭᠠᠯᠢ ᠶᠢᠨ ᠰᠢᠲᠠᠮᠠᠬᠠᠶ ᠬᠡᠢ᠂ ᠵᠡᠰ᠂ ᠲᠡᠮᠦᠷ᠂ ᠴᠠᠬᠢᠭᠤᠷ ᠴᠢᠯᠠᠭᠤ᠂ ᠴᠣᠬᠤᠢ ᠶᠢᠨ ᠴᠢᠯᠠᠭᠤ ᠵᠡᠷᠭᠡ ᠣᠯᠠᠨ ᠵᠦᠢᠯ ᠤᠨ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠲᠥᠪᠯᠡᠷᠡᠭᠰᠡᠨ ᠣᠷᠣᠨ ᠤ ᠪᠦᠰᠡᠯᠡᠯᠲᠡ ᠶᠢᠨ ᠲᠣᠭᠤᠷᠢᠭ ᠲᠤ ᠣᠷᠣᠰᠢᠵᠤ ᠪᠠᠶᠢᠨ᠎ᠠ᠃ | ᠦᠶᠤᠸᠠᠨ ᠰᠢᠶᠠᠨ ᠳᠤ 230 ᠲᠦᠮᠡᠨ ᠮᠦ ᠲᠠᠷᠢᠶᠠᠨ ᠭᠠᠵᠠᠷ ᠲᠠᠢ᠂ ᠬᠥᠮᠥᠨ ᠳᠤᠮᠳᠠᠴᠢ ᠶᠢᠨ ᠲᠠᠷᠢᠶᠠᠨ ᠭᠠᠵᠠᠷ ᠨᠢ 11 . 5 ᠮᠦ ᠪᠠᠶᠢᠵᠤ᠂ ᠪᠦᠬᠦ | ᠤᠯᠤᠰ ᠤᠨ ᠬᠥᠮᠥᠨ ᠳᠤᠮᠳᠠᠴᠢ ᠶᠢᠨ ᠲᠠᠷᠢᠶᠠᠨ ᠭᠠᠵᠠᠷ ᠤᠨ 8 . 5 ᠳᠠᠬᠢᠨ ᠪᠣᠯᠤᠨ᠎ᠠ᠃ ᠦᠶᠤᠸᠠᠨ ᠰᠢᠶᠠᠨ ︽ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ᠂ ᠪᠦᠬᠦ ᠣᠷᠣᠨ ᠤ ᠪᠣᠬᠢᠷᠲᠤᠯ ᠦᠭᠡᠢ ᠲᠠᠷᠢᠶᠠᠯᠠᠩ ᠮᠠᠯ ᠤᠨ ᠪᠦᠲᠦᠭᠡᠭᠳᠡᠬᠦᠨ ᠢ ᠦᠢᠯᠡᠳᠪᠦᠷᠢᠯᠡᠵᠦ | ᠡᠳ᠋ᠰᠢᠭᠦᠯᠵᠦ ᠭᠠᠷᠭᠠᠬᠤ ᠰᠠᠭᠤᠷᠢᠨ ᠭᠠᠵᠠᠷ ᠤᠨ ᠳᠠᠭᠠᠭᠤᠯᠤᠭᠴᠢ ᠪᠣᠯᠬᠤ ᠶᠢ ᠴᠢᠷᠮᠠᠶᠢᠨ ᠪᠠᠶᠢᠭᠤᠯᠬᠤ︾ ᠬᠠᠷᠠᠯᠲᠠ ᠶᠢᠨ ᠲᠣᠭᠤᠷᠢᠨ ᠳᠤ ᠪᠣᠬᠢᠷᠲᠤᠯ ᠦᠭᠡᠢ ᠬᠥᠳᠡᠭᠡ | ᠠᠵᠤ ᠠᠬᠤᠢ ᠪᠠᠨ ᠥᠷᠨᠢᠨ ᠬᠥᠭᠵᠢᠭᠦᠯᠵᠦ᠂ ᠪᠦᠬᠦ ᠤᠯᠤᠰ ᠤᠨ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠰᠢᠶᠠᠨ ᠤ | ᠦᠨᠡᠯᠡᠯᠲᠡ ᠶᠢ ᠬᠦᠷᠲᠡᠵᠦ᠂ ᠤᠯᠤᠰ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠣᠷᠣᠨ ᠳᠤ ᠣᠷᠣᠪᠠ᠃ ︽ᠢᠳᠡᠰᠢᠨ | ᠨᠣᠭᠤᠭ᠎ᠠ ᠶᠢᠨ ᠦᠵᠡᠰᠬᠦᠯᠡᠩ ᠤᠨ ᠬᠦᠷᠢᠶᠡᠯᠡᠩ︾᠂ ︽ᠢᠳᠡᠰᠢᠨ ᠬᠤᠨᠢᠨ ᠤ ᠦᠵᠡᠰᠬᠦᠯᠡᠩ ᠤᠨ ᠬᠦᠷᠢᠶᠡᠯᠡᠩ︾᠂ ︽ᠨᠠᠷᠠᠨ ᠬᠤᠸᠠᠷ ᠤᠨ ᠦᠵᠡᠰᠭᠦᠯᠡᠩ ᠤᠨ | ᠬᠦᠷᠢᠶᠡᠯᠡᠩ︾ ᠨᠢ ᠨᠢᠭᠡᠨᠲᠡ ᠬᠡᠪᠴᠢᠶᠡᠵᠢᠵᠦ᠂ ᠲᠦᠭᠦᠭᠡᠷᠤᠮᠵᠢᠳᠤ ᠲᠠᠷᠢᠶᠠᠯᠠᠩ ᠤᠨ ᠲᠠᠯᠠᠪᠠᠢ ᠨᠢ ᠪᠥᠬᠦ ᠬᠤᠲᠠ ᠶᠢᠨ ᠲᠡᠷᠢᠭᠦᠨ ᠪᠠᠶᠢᠷᠢᠨ ᠳᠤ ᠣᠷᠣᠵᠤ᠂ ᠪᠠ ᠯᠢ | ᠴᠢᠶᠣᠤ ᠶᠢᠨ ᠶᠡᠷᠦᠩᠬᠡᠶᠢᠯᠡᠭᠰᠡᠨ ᠲᠠᠷᠢᠶᠠᠯᠠᠩ ᠤᠨ ᠠᠷᠠᠯᠵᠢᠶᠠᠨ ᠤ ᠬᠦᠷᠢᠶᠡᠯᠡᠩ ᠲᠣᠭᠤᠷᠢᠭ ᠨᠢ ᠠᠰᠢᠭᠯᠠᠯᠲᠠ ᠳᠤ ᠣᠷᠣᠵᠤ᠂ ᠥᠪᠥᠷ ᠮᠣᠩᠭᠤᠯ ᠤᠨ ᠪᠠᠷᠠᠭᠤᠨ | ᠬᠡᠰᠡᠭ ᠤᠨ ᠲᠠᠯᠠᠪᠠᠢ ᠪᠠᠷ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠶ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠪᠣᠯᠪᠠ᠃ ᠢᠳᠡᠰᠢᠨ ᠬᠤᠨᠢᠨ ᠤ | ᠵᠢᠯ ᠤᠨ ᠠᠷᠠᠴᠢᠯᠠᠨ ᠲᠡᠵᠢᠭᠡᠬᠦ ᠬᠡᠮᠵᠢᠶ᠎ᠡ ᠨᠢ 500 ᠲᠦᠮᠡ ᠠᠴᠠ ᠳᠠᠪᠠᠵᠤ᠂ ᠵᠠᠭᠤᠨ ᠲᠦᠮᠡ ᠠᠴᠠ ᠳᠡᠭᠡᠭᠰᠢ ᠢᠳᠡᠰᠢᠨ ᠬᠤᠨᠢᠨ ᠤ ᠦᠶᠯᠡᠳᠪᠦᠷᠢᠯᠡᠯ ᠤᠨ | ᠬᠤᠯᠪᠣᠭᠠᠲᠤ ᠴᠣᠭᠴᠠ ᠪᠦᠷᠢᠯᠳᠦᠵᠡᠢ᠃ ᠪᠠ ᠮᠧᠢ ᠢᠳᠡᠰᠢᠨ ᠬᠤᠨᠢ᠂ ᠠᠮᠳᠠᠳᠤ ᠬᠡᠮᠬᠡ᠂ ᠦᠶᠤᠸᠠᠨ ᠤ ᠰᠢᠷ᠎ᠠ ᠱᠠᠪᠲᠠᠯ᠎ᠠ᠂ ᠪᠣᠷᠣᠲᠣᠬᠤᠢ ᠶᠢᠨ ᠪᠤᠭᠤᠳᠠᠢ ᠨᠢ | ᠲᠠᠷᠢᠶᠠᠯᠠᠩ ᠤᠨ ᠶᠠᠮᠤᠨ ᠤ ᠭᠠᠵᠠᠷ ᠵᠦᠢ ᠶᠢᠨ ᠪᠡᠯᠭᠡ ᠲᠡᠮᠲᠡᠭ ᠤᠨ ᠭᠡᠷᠡᠴᠢᠯᠡᠯ ᠢ ᠬᠦᠷᠲᠡᠵᠦ᠂ ︽ᠦᠶᠤᠸᠠᠨ ᠤ ᠨᠡᠷᠡᠨ ᠬᠤᠸᠠᠷ︾ ᠨᠢ ᠤᠯᠤᠰ ᠤᠨ ᠭᠠᠵᠠᠷ | ᠵᠦᠢ ᠶᠢᠨ ᠪᠡᠯᠭᠡ ᠲᠡᠮᠲᠡᠭ ᠤᠨ ᠭᠡᠷᠡᠴᠢᠯᠡᠯ ᠢ ᠣᠯᠪᠠ᠃ | ᠦᠶᠤᠸᠠᠨ ᠳᠤ ᠥᠨᠢ ᠤᠳᠠᠭᠠᠨ ᠰᠣᠶᠣᠯ ᠢᠷᠭᠡᠨᠰᠢᠯ ᠤᠨ ᠲᠡᠤᠬᠡ ᠶᠢᠨ ᠡᠬᠢ ᠪᠠᠶᠠᠯᠢᠭ ᠪᠠ ᠪᠠᠶᠢᠭᠠᠯᠢ ᠶᠢᠨ ᠡᠬᠢ ᠪᠠᠶᠠᠯᠢᠭ ᠲᠠᠢ ᠪᠠᠶᠢᠵᠤ᠂ ᠪᠣᠷᠣᠲᠣᠬᠤᠢ ᠶᠢᠨ | ᠲᠡᠤᠬᠡ ᠰᠣᠶᠣᠯ᠂ ᠬᠤᠳᠠᠯᠳᠤᠭ᠎ᠠ᠂ ᠣᠯᠠᠨ ᠦᠨᠳᠦᠰᠦᠲᠡᠨ ᠠᠭᠤᠰᠤᠯᠴᠠᠭᠰᠠᠨ ᠣᠷᠣᠨ ᠪᠠᠶᠢᠵᠤ᠂ ᠪᠦᠬᠦ ᠰᠢᠶᠠᠨ ᠳᠤ 3 A ᠲᠡᠰ ᠤᠨ ᠦᠵᠡᠮᠵᠢ ᠶᠢᠨ ᠣᠷᠣᠨ 1 | ᠪᠠᠶᠢᠵᠤ᠂ 2 A ᠲᠡᠰ ᠤᠨ ᠦᠵᠡᠮᠵᠢ ᠶᠢᠨ ᠣᠷᠣᠨ 5 ᠪᠠᠶᠢᠵᠤ᠂ ᠦᠶᠤᠸᠠᠨ ᠰᠢᠶᠠᠨ ᠤ ᠮᠦᠽᠧᠢ᠂ ᠹᠧᠩ ᠢᠦᠢ ᠰᠢᠶᠠᠩ ᠤᠨ ᠲᠠᠩᠭᠠᠷᠢᠭ ᠤᠨ ᠲᠠᠯᠠᠪᠠᠢ᠂ ᠰᠾᠢ | ᠳ᠋ᠠ ᠭᠦ᠋ ᠫᠦ᠋ ᠵᠢᠢ ᠰᠦᠮ᠎ᠡ᠂ ᠲᠢᠶᠠᠨ ᠯᠠᠢ ᠬᠤ᠋ ᠨᠠᠭᠤᠷ ᠤᠨ ᠺᠢᠨᠣ᠋ ᠲᠧᠯᠸᠢᠰ ᠤᠨ ᠰᠠᠭᠤᠷᠢᠨ ᠭᠠᠵᠠᠷ᠂ ᠲᠠᠷᠬᠤ ᠶᠢᠨ ᠠᠮᠠᠷᠠᠯᠲᠠ ᠶᠢᠨ ᠲᠣᠰᠬᠤᠨ᠂ ᠬᠠᠳᠤᠨ | ᠭᠤᠣᠯ ᠤᠨ ᠦᠵᠡᠮᠵᠢ ᠵᠡᠷᠭᠡ ᠮᠠᠰᠢ ᠤᠯᠠᠨ ᠦᠵᠡᠮᠵᠢ ᠶᠢᠨ ᠣᠷᠣᠨ ᠪᠣᠶ᠃ ︽ᠪᠦᠬᠦ ᠣᠷᠣᠨ ᠪᠦᠰᠡ ᠶᠢᠨ ᠵᠤᠭᠠᠴᠠᠯ᠂ ᠳᠦᠷᠪᠡᠨ ᠤᠯᠠᠷᠢᠯ ᠤᠨ ᠵᠤᠭᠠᠴᠠᠯ︾ ᠢ | ᠭᠦᠨᠵᠡᠭᠡᠢ ᠠᠬᠢᠭᠤᠯᠬᠤ ᠬᠢᠭᠡᠳ ᠵᠤᠭᠠᠴᠠᠯ ᠤᠨ ᠡᠬᠢ ᠪᠠᠶᠠᠯᠢᠭ ᠢ ᠭᠦᠨᠵᠡᠭᠡᠢ ᠨᠡᠭᠡᠭᠡᠨ ᠬᠥᠭᠵᠢᠭᠦᠯᠬᠦ ᠶᠢ ᠳᠠᠭᠠᠯᠳᠤᠨ᠂ ᠠᠭᠤᠯᠠ ᠤᠰᠤᠨ ᠤ ᠥᠩᠭᠡ ᠦᠵᠡᠮᠵᠢ᠂ | ᠬᠠᠲᠤᠨ ᠭᠤᠣᠯ ᠤᠨ ᠦᠵᠡᠮᠵᠢ᠂ ᠲᠡᠤᠬᠡ ᠰᠣᠶᠣᠯ ᠴᠣᠭᠴᠠᠵᠢᠭᠤᠯᠤᠭᠰᠠᠨ ᠵᠤᠭᠠᠴᠠᠯ ᠤᠨ ᠪᠠᠶᠢᠷᠢᠰᠢᠯ ᠮᠠᠰᠢ ᠲᠦᠷᠭᠡᠨ ᠪᠦᠷᠢᠯᠳᠦᠵᠦ᠂ ᠦᠶᠤᠸᠠᠨ ᠰᠢᠶᠠᠨ ᠯᠠᠪᠲᠠᠢ | ᠨᠡᠷ᠎ᠡ ᠨᠢᠳᠡᠷ ᠲᠡᠭᠡᠨ ᠲᠡᠩᠴᠡᠭᠰᠡᠨ ᠪᠣᠷᠣᠲᠣᠬᠤᠢ ᠶᠢᠨ ᠭᠡᠷᠡᠯᠲᠦ ᠰᠤᠪᠤᠳ᠂ ᠵᠤᠭᠠᠴᠠᠯ ᠤᠨ ᠦᠵᠡᠮᠵᠢᠲᠦ ᠣᠷᠣᠨ ᠪᠣᠯᠬᠤ ᠶᠤᠮ᠃ | ᠁ |