ᠪᠣᠷᠣᠲᠣᠬᠤᠢ ᠶᠢᠨ ᠲᠠᠷᠢᠶᠠᠯᠠᠩ ᠰᠣᠶᠣᠯ ᠤᠨ ᠦᠵᠡᠰᠬᠦᠯᠡᠩ ᠤᠨ ᠬᠦᠷᠢᠶᠡᠯᠡᠩ
ᠨᠡᠶᠢᠲᠡᠯᠡᠭᠰᠡᠨ ᠴᠠᠭ᠄
2019/7/25
     ᠦᠵᠡᠮᠵᠢ ᠶᠢᠨ ᠣᠷᠣᠨ ᠤ ᠣᠨᠴᠠᠯᠢᠭ᠄ ᠬᠡᠷᠪᠡ ᠲᠠ ᠬᠤᠲᠠ ᠶᠢᠨ ᠨᠠᠷᠭᠢᠶᠠᠨ ᠬᠥᠭᠵᠢᠶᠡᠨ ᠢ ᠦᠵᠡᠵᠦ᠂ ᠠᠭᠤᠯᠠ ᠤᠰᠤ ᠶᠢ ᠰᠣᠨᠢᠷᠬᠠᠵᠤ ᠦᠩᠭᠡᠷᠡᠭᠰᠡᠨ ᠣᠷᠭᠢᠯᠤᠮ᠎ᠠ ᠬᠠᠯᠠᠭᠤᠨ ᠰᠡᠳᠭᠢᠯᠭᠡ ᠲᠠᠢ ᠪᠠᠶᠢᠭᠰᠠᠨ ᠪᠣᠯ᠂ ᠠᠳᠡ ᠲᠠ ᠪᠠᠰᠠ ᠥᠭᠡᠷ᠎ᠡ ᠨᠢᠭᠡ ᠵᠦᠢᠯ ᠤᠨ ᠭᠤᠸ᠎ᠠ ᠦᠵᠡᠰᠬᠦᠯᠡᠩ ᠢ ᠰᠣᠨᠢᠷᠬᠠᠵᠤ ᠳᠡᠶᠢᠯᠦᠨ᠎ᠡ᠃ ᠬᠥᠳᠡᠭᠡ ᠲᠣᠰᠬᠤᠨ ᠤ ᠨᠠᠮ ᠰᠡᠯᠡᠭᠦᠨ᠂ ᠥᠪᠡᠷᠮᠢᠴᠡ ᠰᠠᠶᠢᠬᠠᠨ᠂ ᠪᠣᠷᠣᠭᠵᠢᠭᠤᠨ ᠪᠠᠶᠢᠭᠠᠯᠢ ᠶᠢᠨ ᠦᠵᠡᠮᠵᠢ ᠲᠠᠨ ᠢ ᠤᠭᠲᠤᠵᠤ ᠪᠠᠶᠢᠨ᠎ᠠ᠃      ᠦᠵᠡᠮᠵᠢ ᠶᠢᠨ ᠣᠷᠣᠨ ᠤ ᠲᠣᠪᠴᠢ ᠲᠠᠨᠢᠯᠴᠠᠭᠤᠯᠭ᠎ᠠ᠄ ᠪᠣᠷᠣᠲᠣᠬᠤᠢ ᠶᠢᠨ ᠲᠠᠷᠢᠶᠠᠯᠠᠩ ᠰᠣᠶᠣᠯ ᠤᠨ ᠦᠵᠡᠰᠬᠦᠯᠡᠩ ᠤᠨ ᠬᠦᠷᠢᠶᠡᠯᠡᠩ ᠨᠢ ᠲᠠᠷᠢᠶᠠᠯᠠᠩ ᠰᠣᠶᠣᠯ ᠢᠶᠠᠷ ᠭᠤᠣᠯ ᠰᠡᠳᠦᠪ ᠪᠠᠨ ᠪᠣᠯᠭᠠᠵᠤ᠂ ᠲᠠᠷᠢᠶᠠᠯᠠᠩ ᠰᠣᠶᠣᠯ ᠤᠨ ᠮᠦᠽᠧᠢ᠂ ᠪᠣᠬᠢᠷᠲᠤᠯ ᠦᠭᠡᠢ ᠤᠷᠲᠤ ᠭᠤᠳᠤᠮᠵᠢ᠂ ᠬᠤᠷᠢᠨ ᠳᠦᠷᠪᠡᠨ ᠴᠠᠭ ᠤᠯᠠᠷᠢᠯ ᠤᠨ ᠲᠠᠯᠠᠪᠠᠢ᠂ ᠲᠠᠷᠢᠶᠠᠯᠠᠩ ᠤᠰᠤᠯᠠᠯᠲᠠ ᠶᠢᠨ ᠵᠡᠭᠡᠯᠢ ᠵᠡᠷᠭᠡ ᠪᠠᠷ ᠭᠤᠣᠯᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠤᠷᠭᠠᠨ ᠬᠥᠮᠥᠵᠢᠯ ᠬᠦᠷᠳᠡᠭᠡᠵᠦ᠂ ᠰᠣᠨᠢᠷᠬᠠᠯ ᠲᠠᠢ ᠣᠬᠢ ᠰᠢᠯᠢᠳᠡᠭ ᠵᠤᠭᠠᠴᠠᠯ ᠤᠨ ᠣᠷᠣᠨ ᠪᠣᠯᠣᠨ᠎ᠠ᠃      ᠬᠠᠷᠠᠭᠠᠯᠵᠠᠯ ᠤᠨ ᠬᠥᠳᠡᠯᠭᠡᠭᠡᠨ᠄ ᠡᠭᠦᠳᠡᠨ ᠪᠢᠯᠧᠲ ᠠᠪᠬᠤ ᠦᠭᠡᠢ      ᠪᠠᠶᠢᠭ᠎ᠠ ᠣᠷᠣᠨ ᠪᠠᠶᠢᠷᠢ᠄ ᠦᠶᠤᠶᠠᠨ ᠰᠢᠶᠠᠨ ᠤ ᠯᠦᠩ ᠰᠢᠩ ᠴᠠᠩ ᠪᠠᠯᠭᠠᠰᠤ ᠶᠢᠨ ᠪᠠ ᠯᠢ ᠴᠢᠶᠣᠣ
ᠢᠷᠡᠯᠲᠡ᠄ ᠲᠣᠰ ᠰᠦᠯᠵᠢᠶ᠎ᠡ