2020 ᠤᠨ ᠤ 1 ᠰᠠᠷ᠎ᠠ ᠶᠢᠨ 9 ᠤ ᠡᠳᠦᠷ ᠦᠶᠤᠸᠠᠨ ᠰᠢᠶᠠᠨ ᠤ ᠠᠷᠪᠠᠨ ᠲᠤᠯᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ | | ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠢᠶᠠᠨ ᠤ ᠲᠠᠷᠤᠭ᠎ᠠ ᠵᠠᠩ ᠭᠤᠸᠠᠩ ᠮᠢᠩ | | | ᠡᠷᠬᠢᠮ ᠲᠥᠯᠥᠭᠡᠯᠡᠭᠴᠢᠳ ᠡ᠄ | ᠣᠳᠣ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠤ︕ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠤᠯᠤᠨ ᠬᠤᠷᠠᠯ ᠳᠤ ᠣᠷᠣᠯᠴᠠᠭᠰᠠᠳ ᠰᠠᠨᠠᠯ ᠢᠶᠠᠨ ᠲᠣᠷᠠᠳᠬᠤ ᠪᠤᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠰᠢᠶᠠᠨ ᠤ ᠵᠠᠰᠠᠭ ᠤᠨ ᠣᠷᠳᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠮᠢ ᠠᠬᠤᠶ ᠶᠢ ᠤᠷᠢᠳᠴᠢᠯᠠᠨ ᠪᠣᠳᠣᠯᠬᠢᠯᠠᠵᠤ᠂ ᠪᠣᠬᠢᠷᠲᠤᠯ ᠥᠬᠡᠶ ᠬᠦᠭᠵᠢᠬᠦ ᠪᠠᠷ ᠤᠳᠤᠷᠢᠳᠤᠮᠵᠢ | ᠪᠣᠯᠭᠠᠵᠤ᠂ ᠰᠡᠳᠭᠢᠯ ᠢᠶᠠᠨ ᠨᠢᠭᠡᠳᠭᠡᠨ ᠬᠠᠮᠲᠤᠪᠡᠷ ᠴᠢᠷᠮᠠᠶᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠲᠣᠭᠲᠠᠭᠤᠨ ᠢᠶᠠᠷ ᠬᠦᠭᠵᠢᠪᠡ᠃ ᠵᠢᠱᠢᠯᠲᠡ ᠪᠠᠷ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 98. | 8 ᠳ᠋ᠦᠩᠰᠢᠭᠤᠷ ᠲᠥᠭᠦᠷᠢᠭ ᠢᠶᠠᠷ ᠪᠡᠶᠡᠯᠡᠭᠦᠯᠵᠦ᠂ 5% ᠪᠠᠷ ᠨᠡᠮᠡᠭᠳᠡᠪᠡ︔ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠤᠭᠰᠠᠨ ᠪᠠᠶᠢᠳᠠᠯ ᠳᠣᠤᠷ᠎ᠠ᠂ ᠤᠯᠠᠨ | ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ ᠶᠢ 3.3 ᠳ᠋ᠦᠩᠰᠢᠭᠤᠷ ᠲᠥᠭᠦᠷᠢᠭ ᠢᠶᠠᠷ ᠪᠡᠶᠡᠯᠡᠭᠦᠯᠵᠦ᠂ ᠵᠢᠯ ᠤᠨ ᠡᠬᠢᠨ ᠤ 3 ᠳ᠋ᠦᠩᠰᠢᠭᠤᠷ ᠲᠥᠭᠦᠷᠢᠭ ᠤᠨ | ᠬᠠᠷᠠᠯᠲᠠ ᠶᠢ ᠳᠠᠪᠠᠭᠤᠯᠤᠨ ᠪᠡᠶᠡᠯᠡᠭᠦᠯᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 19.8 ᠳ᠋ᠦᠩᠰᠢᠭᠤᠷ ᠲᠥᠭᠦᠷᠢᠭ ᠢᠶᠠᠷ ᠪᠡᠶᠡᠯᠡᠭᠦᠯᠵᠦ᠂ | 19% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 32380 | ᠲᠥᠭᠦᠷᠢᠭ ᠪᠠ 19600 ᠲᠥᠭᠦᠷᠢᠭ ᠲᠤ ᠬᠦᠷᠴᠦ᠂ 7.2% ᠪᠠ 8.1% ᠪᠠᠷ ᠨᠡᠮᠡᠭᠳᠡᠪᠡ︔ ᠲᠦᠷᠦᠯ ᠵᠦᠶᠯ ᠢ ᠲᠡᠮᠡᠴᠡᠨ ᠤᠯᠬᠤ ᠪᠠ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠪᠡᠯᠡ ᠮᠥᠩᠭᠦ 32.5 ᠳ᠋ᠦᠩᠰᠢᠭᠤᠷ ᠲᠥᠭᠦᠷᠢᠭ ᠲᠤ ᠬᠦᠷᠴᠡᠶ᠃ ᠪᠦᠬᠦ ᠤᠯᠤᠰ ᠤᠨ ᠤᠮᠠᠷᠠᠲᠤ ᠶᠢᠨ ᠲᠠᠷᠢᠶᠠᠯᠠᠩ ᠤᠨ ᠪᠣᠬᠢᠷᠲᠤᠯ | ᠦᠭᠡᠢ ᠦᠢᠯᠡᠳᠪᠦᠷᠢᠯᠡᠯ᠂ ᠪᠦᠬᠦ ᠣᠷᠣᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠵᠡᠷᠭᠡ 23 ᠠᠬᠤᠢ ᠲᠠᠯᠠᠪᠠᠢ ᠶᠢᠨ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠬᠢᠯᠡᠵᠦ᠂ ᠪᠦᠬᠦ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ᠂ ᠪᠦᠬᠦ ᠤᠯᠤᠰ ᠤᠨ ᠬᠥᠳᠡᠭᠡ ᠲᠣᠰᠬᠤᠨ ᠤ ᠦᠢᠯᠡᠰ ᠪᠤᠰᠬᠠᠵᠦ ᠰᠢᠨ᠎ᠡ ᠶᠢ ᠡᠭᠦᠳᠬᠦ ᠨᠡᠶᠢᠲᠡᠯᠢᠭ | ᠰᠢᠶᠠᠨ᠂ ᠪᠦᠬᠦ ᠤᠯᠤᠰ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠨ ᠬᠥᠭᠵᠢᠭᠦᠯᠬᠦ ᠬᠤᠰᠢᠭᠤᠴᠢ ᠣᠷᠣᠨ ᠵᠡᠷᠭᠡ 115 | ᠵᠦᠢᠯ ᠤᠨ ᠢᠷᠠᠭᠤ ᠠᠯᠳᠠᠷ ᠢ ᠬᠦᠷᠲᠡᠵᠦ᠂ ᠲᠠᠷᠢᠶᠠᠯᠠᠩ ᠤᠨ ᠬᠥᠭᠵᠢᠯᠲᠡ ᠶᠢ ᠲᠡᠰ ᠳᠡᠪᠰᠢᠭᠦᠯᠵᠦ᠂ ᠠᠵᠤ ᠦᠢᠯᠡᠳᠪᠦᠷᠢ ᠶᠢᠨ ᠲᠦᠷᠦᠯ ᠵᠦᠢᠯ ᠴᠢᠬᠤᠯᠠ ᠶᠡᠭᠡ | ᠰᠢᠪᠲᠤᠯᠤᠯᠲᠠ ᠶᠢ ᠪᠡᠶᠡᠯᠡᠭᠦᠯᠵᠦ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠡᠳᠦᠷ ᠢᠷᠡᠬᠦᠶ᠎ᠡ ᠰᠢᠨᠡᠳᠴᠦ᠂ ᠨᠡᠶᠢᠭᠡᠮ ᠠᠷᠠᠳ ᠤᠨ ᠠᠮᠢᠳᠤᠷᠠᠯ | ᠦᠷᠭᠦᠯᠵᠢᠯᠡᠨ ᠰᠠᠶᠢᠵᠢᠷᠠᠵᠤ᠂ ᠰᠢᠨ᠎ᠡ ᠤᠶᠢᠢᠯᠠᠭᠠᠭᠳᠠᠬᠤᠨ ᠰᠢᠨ᠎ᠡ ᠬᠥᠭᠵᠢᠯᠲᠡ ᠶᠢᠨ ᠬᠠᠨᠳᠤᠰᠢ ᠶᠢ ᠬᠦᠳᠦᠯᠦᠨ ᠳᠠᠭᠠᠭᠤᠯᠪᠠ᠃ | ᠨᠢᠭᠡ ᠵᠢᠯ ᠤᠨ ᠲᠤᠷᠰᠢ ᠪᠢᠳᠡ ᠭᠤᠣᠯᠳᠠᠯᠭ᠎ᠠ ᠶᠢ ᠣᠨᠣᠪᠴᠢᠲᠠᠢ ᠠᠳᠬᠤᠨ ᠳᠤᠳᠠᠭᠤᠳᠠᠯ ᠢ ᠨᠥᠬᠦᠪᠥᠷᠢᠯᠡᠵᠦ᠂ ᠭᠤᠷᠪᠠᠨ ᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠪᠠ᠃ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠥᠷᠢ ᠥᠭᠴᠡᠭᠡ ᠶᠢ ᠠᠷᠢᠯᠭᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠮᠥᠩᠭᠦᠨ ᠭᠦᠶᠯᠭᠡᠭᠡᠨ ᠤ ᠵᠠᠬ᠎ᠠ ᠳᠡᠯᠭᠡᠭᠦᠷ ᠢ ᠴᠡᠭᠴᠡᠯᠡᠵᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ | ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠡᠵᠡᠮᠳᠡᠵᠦ᠂ ᠪᠦᠬᠦ ᠵᠢᠯ ᠳᠤ 6.35 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠵᠢᠯ ᠤᠨ | ᠡᠭᠦᠷᠭᠡ ᠪᠠᠨ 108 % ᠪᠠᠷ ᠪᠡᠶᠡᠯᠡᠭᠦᠯᠪᠡ᠃ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠶᠠᠳᠠᠭᠤ | ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ︽ᠰᠢᠶᠠᠨ ᠢ ᠶᠠᠳᠠᠭᠤ ᠠᠴᠠ ᠠᠩᠭᠢᠵᠢᠷᠠᠭᠤᠯᠬᠤ᠂ ᠠᠷᠠᠳ ᠢ ᠶᠠᠳᠠᠭᠤ ᠠᠴᠠ | ᠠᠩᠭᠢᠵᠢᠷᠠᠭᠤᠯᠬᠤ︾ ᠬᠠᠷᠠᠯᠲᠠ ᠶᠢ ᠤᠷᠤᠭᠰᠢᠲᠠᠢ ᠪᠡᠶᠡᠯᠡᠭᠦᠯᠵᠦ᠂ ᠡᠯ᠎ᠡ ᠱᠠᠲᠤᠨ ᠤ ᠬᠢᠨᠠᠨ ᠰᠢᠯᠭᠠᠯᠲᠠ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ | ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ︽ᠪᠦᠬᠦᠨ ᠢ ᠴᠡᠭᠴᠡᠯᠡᠨ ᠪᠠᠷᠢᠮᠵᠢᠶ᠎ᠠ ᠳᠤ ᠬᠦᠷᠬᠦ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠰᠡᠷᠭᠦᠨ ᠮᠠᠨᠳᠤᠯᠲᠠ ᠪᠠᠷ ᠲᠥᠯᠥᠭᠡᠯᠡᠭᠴᠢ ᠪᠣᠯᠭᠠᠭᠰᠠᠨ ᠭᠠᠵᠠᠷ ᠰᠢᠯᠵᠢᠵᠦ ᠨᠡᠭᠦᠯᠭᠡᠨ ᠨᠤᠷᠠᠭᠠᠬᠤ ᠶᠢ ᠲᠦᠷᠭᠡᠳᠬᠡᠨ ᠠᠬᠢᠭᠤᠯᠵᠤ᠂ ︽ᠬᠤᠶᠠᠷ ᠲᠤ ᠵᠣᠪᠠᠭ᠋ᠤ ᠦᠭᠡᠢ | ᠭᠤᠷᠪᠠ ᠶᠢ ᠪᠠᠲᠤᠯᠠᠬᠤ︾ ᠶᠢ ᠪᠦᠲᠦᠮᠵᠢᠲᠡᠢ ᠰᠢᠢᠳᠪᠦᠷᠢᠯᠡᠵᠦ᠂ ᠶᠠᠳᠠᠭᠤ ᠶᠢ ᠲᠡᠳᠬᠦᠬᠦ 22 ᠠᠵᠤ ᠦᠢᠯᠡᠰ ᠤᠨ ᠬᠦᠷᠢᠶᠡᠯᠡᠩ ᠨᠢ 4064 ᠶᠠᠳᠠᠭᠤ ᠬᠦᠴᠢᠷᠳᠡᠯᠲᠡᠢ | ᠬᠥᠮᠦᠨ ᠠᠮᠠ ᠶᠢ ᠳᠠᠶᠢᠴᠢᠯᠠᠨ ᠣᠷᠣᠯᠭ᠎ᠠ ᠨᠢ ᠲᠣᠭᠲᠠᠭᠤᠨ ᠢᠶᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠲᠦᠷᠦ ᠶᠢᠨ ᠶᠠᠪᠤᠳᠠᠯ ᠤᠨ | ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢ ᠬᠦᠯᠢᠶᠡᠨ ᠠᠪᠴᠤ᠂ ᠪᠦᠬᠦ ᠣᠷᠣᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ ᠨᠡᠶᠢᠲᠡ ᠶᠢᠨ ᠢᠷᠠᠭᠤ ᠠᠯᠳᠠᠷ ᠢ ᠬᠦᠷᠲᠡᠪᠡ᠃ | ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠳᠤ ᠠᠩᠬᠠᠷᠤᠯ ᠢᠶᠠᠨ ᠲᠦᠪᠯᠡᠷᠡᠭᠦᠯᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠ ︽ᠡᠷᠬᠢᠨ ᠬᠠᠷᠠᠬᠤ︾ ᠪᠠᠷ ᠬᠠᠷᠢᠭᠤ ᠲᠤᠰᠬᠠᠭᠰᠠᠨ ᠠᠰᠠᠭᠤᠳᠠᠯ ᠢ ᠪᠦᠲᠦᠮᠵᠢᠲᠡᠢ ᠴᠡᠭᠴᠡᠯᠡᠨ | ᠰᠠᠶᠢᠵᠢᠷᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ︔ | ᠨᠡᠭᠦᠷᠡᠰᠦ ᠰᠢᠲᠠᠭᠠᠬᠤ ᠵᠢᠵᠢᠭ ᠵᠤᠤᠬ᠎ᠠ᠂ ︽ᠲᠠᠷᠠᠬᠠᠶ ᠪᠤᠲᠠᠷᠬᠠᠶ᠂ ᠡᠷᠦᠶ ᠬᠤᠷᠤᠶ ᠥᠬᠡᠶ᠂ ᠪᠤᠵᠠᠷ ᠪᠣᠬᠢᠷ︾ ᠠᠵᠤ ᠠᠬᠤᠶᠢᠯᠠᠯ ᠢ ᠬᠦᠴᠦᠲᠡᠶ ᠴᠡᠭᠴᠡᠯᠡᠨ ᠵᠠᠰᠠᠵᠤ᠂ | ᠪᠠᠷᠢᠯᠭ᠎ᠠ ᠶᠢᠨ ᠲᠣᠭᠤᠰᠣ᠂ ᠬᠤᠭᠤᠯᠠᠨ ᠬᠡᠷ ᠤᠨ ᠲᠣᠰᠣ ᠤᠲᠤᠭ᠎ᠠ ᠶᠢᠨ ᠪᠠᠶᠢᠳᠠᠯ ᠢ ᠬᠢᠨᠠᠨ ᠬᠠᠮᠢᠶᠠᠷᠴᠤ᠂ ᠠᠵᠤ ᠦᠶᠯᠡᠳᠪᠦᠷᠢ ᠶᠢᠨ ᠬᠦᠷᠢᠶᠡᠯᠡᠩ ᠲᠤ | ᠲᠥᠪᠯᠡᠷᠡᠭᠦᠯᠦᠨ ᠢᠯᠴᠢ ᠬᠠᠩᠭᠠᠬᠤ᠂ ᠰᠢᠷᠤᠢ ᠴᠢᠯᠠᠭᠤᠨ ᠮᠠᠲ᠋ᠧᠷᠢᠶᠠᠯ ᠤᠨ ᠦᠶᠯᠡᠳᠪᠦᠷᠢ ᠶᠢ ᠵᠠᠬ᠎ᠠ ᠳᠡᠯᠭᠡᠭᠦᠷ ᠲᠤ ᠬᠤᠪᠢᠶᠠᠷᠢᠯᠠᠨ ᠣᠷᠣᠭᠤᠯᠬᠤ ᠵᠡᠷᠭᠡ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠦᠴᠢᠷ ᠠᠰᠠᠭᠤᠳᠠᠯ ᠢ ᠲᠦᠷᠭᠡᠳᠭᠡᠨ ᠰᠢᠢᠳᠪᠦᠷᠢᠯᠡᠪᠡ︔ ᠤᠰᠤᠨ ᠰᠤᠷᠪᠤᠯᠵᠢ ᠶᠢ ᠬᠠᠮᠠᠭᠠᠯᠠᠬᠤ ᠢᠨᠵᠧᠨᠧᠷᠢᠩ ᠢ ᠰᠢᠨ᠎ᠡ ᠪᠠᠷ | ᠪᠠᠶᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠳᠠᠬᠢᠯᠲᠠ ᠤᠰᠤᠨ ᠤ ᠦᠢᠯᠡᠳᠪᠦᠷᠢ ᠶᠢ ᠲᠣᠭᠲᠠᠭᠤᠨ ᠢᠶᠠᠷ ᠠᠵᠢᠯᠯᠠᠭᠤᠯᠵᠤ᠂ ᠨᠤᠭᠤ ᠭᠠᠵᠠᠷ ᠤᠨ | ᠨᠠᠮᠬᠠᠳᠬᠠᠬᠤ ᠪᠦᠰᠡ ᠶᠢ ᠪᠠᠶᠢᠭᠤᠯᠤᠨ ᠳᠠᠭᠤᠰᠬᠠᠵᠤ᠂ ᠴᠡᠭ ᠡᠬᠢ ᠶᠢᠨ ᠪᠣᠬᠢᠷ ᠤᠰᠤ ︽ᠳᠠᠯᠠᠢ ᠳᠤ ᠣᠷᠤᠬᠤ ᠦᠭᠡᠢ︾ ᠶᠢ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠵᠦ᠂ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ︾ ᠶᠢ ᠪᠦᠬᠦ ᠬᠡᠪᠴᠢᠶᠡᠨ ᠢᠶᠠᠷ ᠠᠬᠢᠭᠤᠯᠵᠤ᠂ ᠣᠯᠠᠨ ᠡᠬᠢᠲᠦ ᠪᠣᠬᠢᠷᠲᠤᠯ ᠢ ᠪᠦᠲᠦᠮᠵᠢᠲᠡᠢ ᠵᠠᠰᠠᠵᠤ᠂ | ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ ᠪᠢᠳᠡ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠳᠤ ᠰᠠᠭᠤᠷᠢᠯᠠᠵᠤ᠂ ᠰᠢᠶᠠᠨ ᠤ | ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠤᠯᠠᠨ ᠲᠠᠯ᠎ᠠ ᠶᠢᠨ ᠰᠢᠪᠲᠤᠯᠤᠯᠲᠠ ᠭᠠᠷᠭᠠᠵᠤ᠂ ᠥᠨᠳᠦᠷ ᠪᠠᠷᠢᠮᠵᠢᠶ᠎ᠠ ᠪᠠᠷ 12.8 ᠲᠦᠮᠡᠨ ᠮᠦ ᠲᠠᠷᠢᠶᠠᠨ ᠭᠠᠵᠠᠷ ᠢ ᠲᠥᠬᠦᠷᠵᠢᠭᠦᠯᠵᠦ᠂ 2.5 ᠲᠦᠮᠡᠨ ᠮᠦ | ᠭᠤᠣᠯ ᠤᠨ ᠲᠠᠩ ᠭᠠᠵᠠᠷ ᠢ ᠵᠠᠰᠠᠨ ᠴᠡᠭᠴᠡᠯᠡᠵᠦ᠂ 5 ᠲᠦᠮᠡᠨ ᠮᠦ ᠰᠢᠨ ᠭᠥᠩ ᠵᠦᠩ ᠤᠨ ᠬᠤᠵᠢᠷᠯᠢᠭ ᠭᠠᠵᠠᠷ ᠢ ᠦᠭᠡᠷᠡᠴᠢᠯᠡᠨ ᠵᠠᠰᠠᠵᠤ᠂ 1.1 ᠲᠦᠮᠡᠨ ᠮᠦ | ᠭᠠᠵᠠᠷ ᠲᠤ ᠰᠢᠨ᠎ᠡ ᠪᠠᠷ ᠮᠣᠳᠣ ᠲᠠᠷᠢᠵᠤ᠂ 5800 ᠮᠦ ᠠᠵᠤ ᠠᠬᠤᠢ ᠶᠢᠨ ᠤᠢ ᠶᠢ ᠰᠢᠨ᠎ᠡ ᠪᠠᠷ ᠨᠡᠮᠡᠭᠳᠡᠭᠦᠯᠵᠦ᠂ 118 ᠺᠢᠯᠣᠮᠧᠲᠷ ᠬᠥᠳᠡᠭᠡ ᠲᠣᠰᠬᠤᠨ ᠤ | ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠪᠠ᠃ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ ᠶᠢᠨ ᠬᠦᠷᠢᠶᠡᠯᠡᠩ ᠲᠣᠭᠤᠷᠢᠭ ᠢ 138 ᠪᠠᠶᠢᠭᠤᠯᠵᠤ᠂ ᠡᠨᠡ ᠨᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ᠂ ᠭᠤᠷᠪᠠᠨ ᠠᠵᠤ ᠦᠶᠯᠡᠰ ᠢ | ᠠᠭᠤᠰᠤᠯᠴᠠᠭᠤᠯᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ᠂ ᠰᠣᠶᠣᠯ ᠵᠢᠭᠤᠯᠴᠢᠯᠠᠯ᠂ | ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠬᠥᠳᠡᠭᠡ ᠲᠣᠰᠬᠤᠨ ᠤ ᠥᠭᠡᠷᠡᠴᠢᠯᠡᠯᠲᠡ᠂ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢ | ᠬᠤᠯᠪᠣᠬᠤ ᠴᠢᠬᠤᠯᠠ ᠲᠠᠪᠴᠠᠩ ᠪᠣᠯᠭᠠᠪᠠ᠃ ᠳ᠋ᠣᠺᠲ᠋ᠣᠷ ᠲᠤᠰᠬᠠᠶ ᠮᠡᠷᠭᠡᠵᠢᠯᠲᠡᠨ ᠤ 7 ᠠᠵᠢᠯᠯᠠᠬᠤ ᠥᠷᠲᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ ᠢ ᠡᠬᠢᠯᠡᠨ ᠬᠡᠷᠡᠭᠯᠡᠵᠦ᠂ ᠰᠠᠨ ᠷᠦᠢ ᠨᠡᠷᠡᠨ ᠬᠤᠸᠠᠷ ᠤᠨ ᠠᠺᠠᠳᠧᠮᠢᠴᠢ ᠶᠢᠨ ᠠᠵᠢᠯ ᠤᠨ ᠥᠷᠲᠡᠭᠡ ᠬᠢᠨᠠᠨ ᠦᠨᠡᠯᠡᠯᠲᠡ ᠶᠢ ᠦᠩᠭᠡᠷᠡᠵᠦ᠂ ᠤᠰᠤᠨ ᠵᠢᠪᠡ | ᠂ ᠯᠢᠶᠧ ᠳ᠋ᠠᠩ ᠢ ᠰᠡᠷᠭᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ︔ ︽ᠲᠣᠪᠶᠤᠭ ᠤᠨ ᠬᠡᠯᠪᠡᠷᠢ︾ ᠶᠢᠨ ᠲᠠᠷᠢᠶᠠᠴᠢᠨ ᠢ 4 ᠲᠦᠮᠡᠨ ᠬᠥᠮᠦᠨ ︵ | ᠤᠳᠠᠭ᠎ᠠ︶ ᠢ ᠪᠣᠯᠪᠠᠰᠤᠷᠠᠭᠤᠯᠵᠤ᠂ ︽ᠲᠠᠷᠢᠶᠠᠯᠠᠩ ᠤᠨ ᠰᠢᠨ᠎ᠡ ᠶᠢ ᠡᠭᠦᠳᠦᠭᠴᠢ︾ ᠶᠢ 102 ᠬᠥᠮᠦᠨ ᠢ ᠬᠦᠮᠦᠵᠢᠭᠦᠯᠦᠨ᠂ ᠰᠢᠨ᠎ᠡ ᠲᠥᠷᠥᠯ ᠵᠦᠶᠯ ᠤᠨ 88᠂ | ᠰᠢᠨ᠎ᠡ ᠮᠡᠷᠭᠡᠵᠢᠯ 21 ᠵᠦᠶᠯ ᠢ ᠳᠡᠯᠭᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠳᠤ ᠦᠵᠡᠭᠦᠯᠬᠦ ᠦᠶᠯᠡᠳᠦᠯ ᠡᠳᠦᠷ ᠢᠷᠡᠬᠦᠶ᠎ᠡ ᠨᠡᠮᠡᠭᠳᠡᠪᠡ᠃ ︽ | ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠦᠶᠯᠡᠳᠬᠦᠨ 23 ᠰᠢᠨ᠎ᠡ ᠪᠠᠷ ᠨᠡᠮᠡᠭᠳᠡᠵᠦ᠂ ᠳ᠋ᠧᠩᠯᠦ ᠤᠯᠠᠭᠠᠨ ᠠᠮᠲᠠᠲᠤ ᠬᠡᠮᠬᠡ᠂ ᠦᠶᠤᠸᠠᠨ ᠤ ᠰᠢᠷ᠎ᠠ ᠲᠥᠪᠡᠳ | ᠬᠠᠰᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠣᠷᠣᠵᠤ᠂ ᠪᠣᠭᠤᠳᠠᠶ ᠶᠢᠨ ᠠᠵᠤ ᠦᠶᠯᠡᠰ ᠤᠨ | ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠢᠶᠠᠷ | ᠵᠦᠪᠰᠢᠶᠡᠷᠡᠭᠳᠡᠵᠦ᠂ ᠠᠯᠲᠠᠨ ᠲᠠᠯ᠎ᠠ ᠨᠤᠲᠤᠭ ᠤᠨ 18 ᠵᠦᠶᠯ ᠤᠨ ᠦᠶᠯᠡᠳᠬᠦᠨ ᠨᠢ ︽ᠲᠡᠭᠷᠢ ᠶᠢᠨ ᠬᠡᠰᠢᠭᠲᠦ ᠪᠣᠷᠤᠲᠣᠬᠤᠢ︾ ᠨᠠᠷᠠᠲᠤ ᠲᠡᠮᠳᠡᠭ ᠤᠨ ᠡᠷᠬᠡ ᠢ | ᠣᠯᠵᠤ᠂ ᠲᠥᠪ ᠤᠨ ᠨᠠᠮ ᠤᠨ ᠰᠤᠷᠭᠠᠭᠤᠯᠢ᠂ ᠵᠢᠩ ᠰᠢ ᠵᠣᠴᠢᠳ ᠤᠨ ᠪᠠᠭᠤᠳᠠᠯ ᠤᠨ ᠵᠢᠭᠠᠨ ᠲᠣᠭᠲᠠᠭᠠᠭᠰᠠᠨ ᠬᠠᠩᠭᠠᠯᠭ᠎ᠠ ᠡᠳ᠋ ᠪᠠᠷ ᠰᠣᠩᠭᠤᠭᠳᠠᠪᠠ᠃ ᠮᠧᠩ | ᠬᠤᠢ ᠶᠤᠸᠠᠨ᠂ ᠫᠧᠩ ᠯᠦᠩ ᠮᠠᠰᠢᠨ ᠮᠧᠬᠠᠨᠢᠭ ᠵᠡᠷᠭᠡ 59 ᠵᠢᠱᠢᠶ᠎ᠡ ᠦᠵᠡᠭᠦᠯᠬᠦ ᠬᠤᠷᠰᠢᠶ᠎ᠠ ᠶᠢ ᠪᠤᠶᠢᠵᠢᠭᠤᠯᠵᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠢ 41 ᠶᠢ ᠵᠢᠭᠠᠨ ᠲᠣᠭᠲᠠᠭᠠᠵᠤ᠂ 15.8 ᠲᠦᠮᠡᠨ ᠮᠦ ᠭᠠᠵᠠᠷ ᠶᠢ ᠬᠡᠪᠴᠢᠶᠡᠵᠢᠭᠦᠯᠦᠨ ᠡᠷᠭᠢᠯᠳᠦᠭᠦᠯᠵᠦ᠂ ᠵᠠᠬᠢᠶᠠᠯᠠᠭ᠎ᠠ ᠪᠠᠷ ᠬᠤᠳᠠᠯᠳᠤᠨ ᠠᠪᠬᠤ᠂ ᠠᠵᠢᠯ | ᠬᠥᠳᠡᠯᠮᠦᠷᠢ ᠬᠠᠮᠲᠤᠷᠠᠨ ᠠᠵᠢᠯᠯᠠᠬᠤ᠂ ᠭᠠᠵᠠᠷ ᠰᠢᠷᠣᠢ ᠶᠢ ᠨᠠᠶᠢᠳᠠᠨ ᠬᠠᠮᠢᠶᠠᠷᠤᠭᠤᠯᠬᠤ᠂ ᠲᠥᠯ ᠲᠠᠯᠪᠢᠵᠤ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ | ᠲᠤᠰᠠ ᠶᠢᠨ ᠬᠤᠯᠪᠣᠭᠠᠨ ᠤ ᠲᠣᠭᠲᠠᠴᠠ ᠶᠢ ᠨᠠᠩ ᠨᠢᠭᠲᠠᠷᠠᠭᠤᠯᠤᠨ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠨᠢ ᠪᠦᠬᠦ ᠬᠤᠲᠠ ᠶᠢᠨ ᠣᠶᠢᠷ᠎ᠠ ᠶᠢᠨ 8 | ᠵᠢᠯ ᠳᠤ ᠤᠯᠤᠰ ᠤᠨ ᠲᠡᠰ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠴᠣᠷ ᠤᠨ ᠭᠠᠭᠴᠠ ᠳᠠᠭᠠᠭᠤᠯᠤᠭᠴᠢ ᠠᠵᠤ ᠠᠬᠤᠶᠢᠯᠠᠯ ᠪᠣᠯᠵᠤ᠂ ᠲᠠᠷᠢᠶᠠᠯᠠᠩ ᠮᠠᠯ | ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠦᠬᠦ ᠤᠯᠤᠰ ᠤᠨ ᠲᠠᠷᠢᠶᠠᠯᠠᠩ ᠬᠥᠳᠡᠭᠡ ᠲᠣᠰᠬᠤᠨ ᠤ ᠰᠢᠰᠲ᠋ᠧᠮ ᠤᠨ ᠲᠡᠷᠢᠭᠦᠨ ᠤ ᠬᠠᠮᠲᠤ | ᠨᠡᠶᠢᠲᠡ ᠪᠠᠷ ᠦᠨᠡᠯᠡᠭᠳᠡᠪᠡ᠃ ᠠᠵᠤ ᠦᠶᠯᠡᠳᠪᠦᠷᠢ ᠶᠢᠨ ᠠᠵᠤ ᠠᠬᠤᠶ ᠲᠡᠤᠬᠡᠲᠦ ᠴᠢᠨᠠᠷᠲᠠᠶ ᠰᠢᠪᠲᠤᠯᠤᠯᠲᠠ ᠣᠯᠵᠤ᠂ ᠠᠵᠤ ᠦᠶᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠡᠵᠡᠮᠳᠡᠯ ᠤᠨ ᠴᠢᠨᠠᠷᠲᠠᠶ ᠲᠥᠯᠥᠪᠵᠢᠭᠦᠯᠭᠡ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠦᠨᠡᠯᠡᠯᠲᠡ ᠪᠠᠷ ᠳᠡᠮᠵᠢᠨ᠂ ᠡᠯ᠎ᠡ ᠲᠥᠷᠥᠯ ᠤᠨ ᠲᠤᠰᠬᠠᠶ | ᠵᠦᠶᠯ ᠤᠨ ᠲᠥᠯᠥᠪᠵᠢᠭᠦᠯᠭᠡ ᠵᠡᠷᠭᠡ ᠪᠠᠷ ᠲᠡᠭᠦᠯᠳᠡᠷᠵᠢᠵᠦ᠂ 96 ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠡᠳ᠋ᠰᠢᠭᠦᠯᠬᠦ ᠠᠵᠤ ᠠᠬᠤᠶᠢᠯᠠᠯ | ᠲᠣᠭᠲᠠᠭᠤᠨ ᠢᠶᠠᠷ ᠠᠵᠢᠯᠯᠠᠵᠤ᠂ ᠭᠠᠳᠠᠭᠠᠳᠤ ᠠᠷᠠᠯᠵᠢᠶ᠎ᠠ 1.5 ᠳ᠋ᠦᠩᠰᠢᠭᠤᠷ ᠳ᠋ᠣᠯᠯᠠᠷ ᠤᠨ ᠭᠠᠳᠠᠭᠠᠳᠤ ᠭᠤᠪᠢᠭᠤᠯᠭ᠎ᠠ ᠶᠢ ᠡᠭᠦᠳᠴᠦ᠂ 28.3 ᠳ᠋ᠦᠩᠰᠢᠭᠤᠷ | ᠲᠥᠭᠦᠷᠢᠭ ᠤᠨ ᠷᠦᠨ ᠬᠠᠶ ᠶᠤᠸᠠᠨ ᠢᠳᠡᠰᠢᠨ ᠲᠠᠬᠢᠶ᠎ᠠ ᠶᠢᠨ ᠪᠥᠬᠦ ᠠᠵᠤ ᠦᠶᠯᠡᠰ ᠤᠨ ᠬᠡᠯᠬᠢᠶ᠎ᠡ ᠪᠠ 11.8 ᠳ᠋ᠦᠩᠰᠢᠭᠤᠷ ᠲᠥᠭᠦᠷᠢᠭ ᠤᠨ ᠵᠦᠩ ᠨᠧᠩ ᠶᠢᠨ | ᠡᠷᠳᠡᠨᠢ ᠰᠢᠰᠢ ᠶᠢᠨ ᠡᠲ᠋ᠢᠯ ᠠᠯᠺᠣᠣᠯ᠂ ᠥᠨᠳᠥᠷ ᠤᠭᠤᠷᠠᠭᠲᠤ ᠪᠣᠷᠳᠣᠭᠠᠨ ᠤ ᠲᠥᠷᠥᠯ ᠵᠦᠶᠯ ᠲᠦᠷᠭᠡᠨ ᠠᠭᠢᠵᠤ᠂ ᠠᠵᠤ ᠦᠶᠯᠡᠳᠪᠦᠷᠢ ᠶᠢᠨ ᠬᠥᠭᠵᠢᠯᠲᠡ ᠳᠤ | ᠴᠢᠨᠠᠷ ᠤᠨ ᠬᠤᠪᠢᠷᠠᠯᠲᠠ ᠭᠠᠷᠪᠠ᠃ ᠭᠤᠷᠪᠠᠳᠤᠭᠠᠷ ᠠᠵᠤ ᠦᠶᠯᠡᠰ ᠥᠷᠨᠢᠩᠭᠦᠶ ᠬᠥᠭᠵᠢᠵᠦ᠂ ᠡᠯᠧᠺᠲᠷᠣᠨ ᠬᠤᠳᠠᠯᠳᠤᠭᠠᠨ ᠤ ᠠᠵᠤ ᠦᠶᠯᠡᠰ ᠤᠨ ᠬᠦᠷᠢᠶᠡᠯᠡᠩ ᠤᠨ | ᠬᠦᠶᠲᠡᠨ ᠬᠡᠯᠬᠢᠶ᠎ᠡ᠂ ᠰᠢᠨ᠎ᠡ ᠰᠣᠷᠭᠤᠭ ᠪᠠᠶᠢᠯᠭᠠᠬᠤ ᠪᠠᠷᠠᠭᠠᠨ ᠤ ᠭᠦᠶᠯᠭᠡᠭᠡᠨ ᠤ ᠰᠢᠰᠲ᠋ᠧᠮᠵᠢ ᠲᠠᠰᠤᠷᠠᠯᠲᠠ ᠥᠬᠡᠶ ᠲᠡᠭᠦᠯᠳᠡᠷᠵᠢᠵᠦ᠂ ᠬᠥᠳᠡᠭᠡ ᠲᠣᠰᠬᠤᠨ ᠤ ︽ | ᠪᠠᠷᠠᠭ᠎ᠠ︾ ᠨᠢ ᠪᠥᠬᠦ ᠣᠷᠣᠨ ᠪᠦᠰᠡ ᠶᠢ ᠬᠠᠮᠤᠷᠴᠤ᠂ ᠼᠠᠢ ᠳ᠋ᠢ ᠺᠣᠮᠫᠠᠨᠢ ᠵᠢᠷᠤᠮᠵᠢᠯ ᠲᠠᠢ ᠠᠵᠢᠯᠯᠠᠵᠤ᠂ ᠬᠠᠩᠭᠠᠯᠭ᠎ᠠ ᠶᠢᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ᠂ | ᠬᠠᠷᠠᠭᠠᠨ ᠳᠠᠪᠲᠠᠮᠵᠢ ᠪᠠᠷ ᠡᠵᠡᠩᠨᠡᠨ ᠪᠣᠷᠣᠯᠠᠭᠤᠯᠬᠤ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠪᠥᠬᠦ ᠣᠷᠣᠨ ᠤ ᠣᠯᠠᠨ ᠲᠦᠮᠡᠨ ᠢᠶᠠᠷ ᠢᠶᠠᠨ ᠠᠳᠠᠯ | ᠦᠶᠯᠡᠰ ᠪᠣᠰᠬᠠᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠥᠬᠦ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠣᠯᠠᠨ ᠲᠦᠮᠡᠨ ᠢᠶᠠᠷ ᠢᠶᠠᠨ | ᠠᠳᠠᠯ ᠦᠶᠯᠡᠰ ᠪᠣᠰᠬᠠᠬᠤ ᠲᠤᠯᠭᠠᠭᠤᠷᠢᠯᠠᠬᠤ ᠲᠠᠪᠴᠠᠩ ᠢᠶᠠᠷ ᠦᠨᠡᠯᠡᠭᠳᠡᠪᠡ᠃ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠶᠠᠫᠣᠨ ᠢ | ᠡᠰᠡᠷᠭᠦᠴᠡᠬᠦ ᠳᠠᠶᠢᠨ ᠤ ᠳᠤᠷᠠᠰᠬᠠᠯ ᠤᠨ ᠬᠦᠷᠢᠶᠡᠯᠡᠩ ᠤᠨ 4A ᠲᠡᠰ ᠤᠨ ᠦᠵᠡᠮᠵᠢ ᠶᠢᠨ ᠣᠷᠣᠨ ᠢ ᠭᠤᠶᠤᠴᠢᠯᠠᠨ ᠮᠡᠳᠡᠭᠦᠯᠦᠭᠡᠳ ᠠᠮᠵᠢᠯᠲᠠ ᠣᠯᠵᠤ᠂ ᠬᠠᠳᠤᠨ | ᠭᠤᠣᠯ ᠤᠨ ᠴᠤᠤᠷᠬᠠᠯ᠂ ᠣᠨᠴᠠᠯᠢᠭᠲᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠡᠵᠢᠭᠡᠨ ᠦᠷᠡᠵᠢᠭᠦᠯᠬᠦ ᠬᠦᠷᠢᠶᠡᠯᠡᠩ ᠢ ᠪᠠᠶᠢᠭᠤᠯᠤᠨ ᠨᠡᠭᠡᠭᠡᠯᠲᠡ ᠬᠢᠵᠦ᠂ ᠨᠡᠷᠡᠨ | ᠬᠤᠸᠠᠷ ᠤᠨ ᠴᠡᠴᠡᠷᠯᠢᠭ ᠤᠨ ᠠᠭᠤᠯᠤᠭᠳᠠᠬᠤᠨ ᠢ ᠳᠡᠭᠡᠭᠰᠢᠯᠡᠭᠦᠯᠵᠦ᠂ ︽ᠲᠡᠭᠷᠢ ᠶᠢᠨ ᠬᠡᠰᠢᠭᠲᠦ ᠪᠣᠷᠤᠲᠣᠬᠤᠢ · ᠦᠶᠦᠸᠠᠨ ᠤ ᠰᠠᠭᠤᠭᠳᠠᠯ︾ ᠰᠣᠶᠣᠯ | ᠵᠢᠭᠤᠯᠴᠢᠯᠠᠯ ᠤᠨ ᠪᠦᠲᠦᠭᠡᠯᠴᠢ ᠰᠡᠳᠬᠢᠮᠵᠢ ᠶᠢᠨ ᠬᠦᠷᠢᠶᠡᠯᠡᠩ ᠢ ᠪᠠᠶᠢᠭᠤᠯᠪᠠ᠃ ᠨᠡᠷᠡᠨ ᠬᠤᠸᠠᠷ ᠤᠨ ᠪᠠᠶᠠᠷ᠂ ᠡᠯᠪᠡᠭ ᠬᠤᠷᠢᠶᠠᠯᠲᠠ ᠶᠢᠨ ᠪᠠᠶᠠᠷ᠂ ᠬᠥᠳᠡᠭᠡ | ᠲᠣᠰᠬᠤᠨ ᠤ ᠵᠢᠭᠤᠯᠴᠢᠯᠠᠯ ᠤᠨ ᠪᠠᠶᠠᠷ᠂ ᠰᠢᠷᠠᠭᠰᠠᠨ ᠪᠦᠬᠦᠯᠢ ᠬᠤᠨᠢᠨ ᠤ ᠪᠠᠶᠠᠷ ᠵᠡᠷᠭᠡ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ᠵᠢᠯ ᠳᠤ 120 ᠲᠦᠮᠡᠨ | ᠵᠢᠭᠤᠯᠴᠢᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 10 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠠᠷᠬᠤ ᠨᠠᠭᠤᠷ ᠤᠨ ᠯᠢᠶᠠᠨ ᠹᠧᠩ | ᠲᠣᠰᠬᠤᠨ ᠪᠥᠬᠦ ᠤᠯᠤᠰ ᠤᠨ ᠠᠮᠢ ᠠᠬᠤᠶ ᠶᠢᠨ ᠰᠣᠶᠣᠯ ᠤᠨ ᠲᠣᠰᠬᠤᠨ᠂ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ | ᠲᠣᠰᠬᠤᠨ᠂ ᠤᠯᠤᠰ ᠤᠨ ᠣᠶ ᠰᠢᠭᠤᠶ ᠬᠥᠳᠡᠭᠡ ᠲᠣᠰᠬᠤᠨ ᠢ ᠡᠭᠦᠳᠦᠨ ᠪᠠᠶᠢᠭᠤᠯᠬᠤ ᠥᠯᠢᠭᠡᠷ ᠳᠠᠭᠤᠷᠢᠶᠠᠯ ᠲᠣᠰᠬᠤᠨ ᠢᠶᠠᠷ ᠦᠨᠡᠯᠡᠭᠳᠡᠪᠡ᠃ | ᠨᠢᠭᠡ ᠵᠢᠯ ᠤᠨ ᠲᠤᠷᠰᠢ ᠪᠢᠳᠡ ᠲᠠᠰᠤᠷᠠᠯᠲᠠ ᠦᠭᠡᠢ ᠰᠠᠭᠤᠷᠢ ᠪᠠᠨ ᠪᠠᠬᠢᠵᠢᠭᠦᠯᠬᠦ᠂ ᠴᠢᠨᠠᠷ ᠢᠶᠠᠨ ᠳᠡᠭᠡᠭᠰᠢᠯᠡᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ | ︽ᠭᠤᠷᠪᠠᠨ ᠬᠤᠳᠠ ᠶᠢ ᠬᠠᠮᠲᠤ ᠪᠠᠷ ᠴᠣᠭᠴᠠᠯᠠᠬᠤ︾ ᠠᠵᠢᠯ ᠢᠯᠡᠳᠲᠡ ᠦᠷ᠎ᠡ ᠪᠦᠲᠦᠮᠵᠢ ᠤᠯᠪᠠ᠃ ᠪᠥᠬᠦ ᠣᠷᠣᠨ ᠤ ᠪᠣᠯᠪᠠᠰᠤᠨ ᠬᠤᠲᠠ ᠶᠢ ᠡᠭᠦᠳᠦᠨ | ᠪᠠᠶᠢᠭᠤᠯᠤᠭᠠᠳ ᠠᠮᠵᠢᠯᠲᠠ ᠣᠯᠵᠤ᠂ ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠵᠠᠷᠯᠠᠨ ᠨᠡᠶᠢᠲᠡᠯᠡᠬᠦ ᠪᠠᠷ ᠳᠡᠮᠵᠢᠨ᠂ ᠪᠥᠬᠦ ᠤᠯᠤᠰ ᠤᠨ ᠴᠡᠴᠡᠷᠯᠢᠭ ᠤᠨ | ᠬᠤᠲᠠ ᠶᠢ ᠰᠢᠯᠭᠠᠨ ᠡᠯᠰᠡᠬᠦ ᠪᠠᠷ ᠳᠡᠮᠵᠢᠨ᠂ ᠵᠠᠷᠯᠠᠨ ᠨᠡᠶᠢᠲᠡᠯᠡᠪᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠡᠬᠢᠯᠡᠭᠦᠯᠵᠦ᠂ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠲᠣᠭᠲᠠᠴᠠ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠰᠢᠨ᠎ᠡ ᠲᠣᠭᠤᠷᠢᠭ ᠤᠨ | ᠨᠡᠭᠡᠭᠡᠨ ᠬᠥᠭᠵᠢᠭᠦᠯᠦᠯᠲᠡ ᠪᠠ ᠬᠠᠭᠤᠴᠢᠨ ᠬᠤᠲᠠ ᠶᠢᠨ ᠥᠭᠡᠷᠡᠴᠢᠯᠡᠯᠲᠡ ᠶᠢ ᠵᠡᠷᠭᠡᠪᠡᠷ ᠶᠠᠪᠤᠭᠳᠠᠭᠤᠯᠬᠤ ᠶᠢ ᠪᠠᠷᠢᠮᠲᠠᠯᠠᠵᠤ᠂ 10 ᠳᠥᠭᠦᠮ ᠪᠦᠳᠦᠴᠡᠳᠦ ᠣᠷᠣᠨ | ᠰᠠᠭᠤᠴᠠ ᠶᠢ ᠥᠭᠡᠷᠡᠴᠢᠯᠡᠨ ᠵᠠᠰᠠᠬᠤ ᠲᠦᠷᠦᠯ ᠵᠦᠶᠯ ᠢ ᠲᠦᠷᠭᠡᠳᠬᠡᠨ ᠪᠠᠶᠢᠭᠤᠯᠵᠤ᠂ 1.4 ᠲᠦᠮᠡᠨ ᠡᠷᠦᠬᠡ ᠶᠢᠨ ᠭᠡᠷ ᠬᠥᠷᠥᠩᠭᠡ ᠶᠢᠨ ᠦᠨᠡᠮᠯᠡᠯ ᠢ ᠭᠦᠢᠴᠡᠳᠭᠡᠵᠦ | ᠦᠯᠡᠳᠡᠭᠳᠡᠯ ᠠᠰᠠᠭᠤᠳᠠᠯ ᠢ ᠲᠣᠬᠢᠲᠠᠶ ᠰᠢᠶᠳᠪᠦᠷᠢᠯᠡᠵᠦ᠂ ᠷᠦᠢ ᠵᠢᠩ ᠬᠤᠳᠠᠯᠳᠤᠭᠠᠨ ᠤ ᠠᠰᠠᠷ ᠢ ᠪᠠᠶᠢᠭᠤᠯᠤᠨ ᠡᠵᠡᠩᠨᠡᠪᠡ︔ ᠬᠤᠲᠠ ᠶᠢᠨ ᠠᠷᠠᠳ ᠤᠨ | ᠬᠥᠳᠡᠯᠭᠡᠭᠡᠨ ᠤ ᠲᠥᠪ᠂ ᠨᠠᠮ ᠤᠨ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠤᠨ ᠭᠤᠤᠯ ᠴᠤᠭᠴᠠ ᠶᠢᠨ ᠪᠠᠷᠢᠯᠭ᠎ᠠ ᠳᠠᠭᠤᠰᠴᠤ᠂ ᠵᠠᠰᠠᠭ ᠤᠨ ᠣᠷᠳᠣᠨ ᠤ | ᠥᠪᠡᠰᠦᠪᠡᠨ ᠪᠠᠶᠢᠭᠤᠯᠵᠤ ᠪᠤᠴᠠᠭᠠᠨ ᠨᠡᠭᠦᠯᠭᠡᠵᠦ ᠲᠦᠪᠬᠢᠨᠡᠭᠦᠯᠬᠦ ᠪᠠᠭ᠎ᠠ ᠲᠣᠭᠤᠷᠢᠭ ᠤᠨ ᠠᠬᠢᠴᠠ ᠤᠷᠤᠭᠰᠢᠲᠠᠶ ᠶᠠᠪᠤᠭᠳᠠᠵᠤ ᠪᠠᠶᠢᠨ᠎ᠠ︔ ᠰᠢᠨ ᠬᠤᠸᠠ ᠵᠠᠮ ᠤᠨ | ᠬᠤᠶᠢᠲᠤ ᠬᠡᠰᠡᠭ᠂ ᠲᠤᠸᠠᠨ ᠵᠢᠶᠧ ᠵᠠᠮ ᠤᠨ ᠳᠤᠮᠳᠠ ᠬᠡᠰᠡᠭ ᠵᠡᠷᠭᠡ ᠬᠤᠲᠠ ᠲᠣᠭᠤᠷᠢᠭ ᠤᠨ 7 ᠵᠤᠷᠪᠤᠰ ᠵᠠᠮ ᠢ ᠰᠢᠨ᠎ᠡ ᠪᠠᠷ ᠪᠠᠶᠢᠭᠤᠯᠵᠤ᠂ ᠵᠡᠭᠡᠯᠢ ᠳᠠᠭᠠᠭᠰᠠᠨ | 88 ᠵᠢᠵᠢᠭ ᠭᠤᠳᠤᠮᠵᠢ᠂ 7 ᠬᠠᠭᠤᠴᠢᠨ ᠰᠠᠭᠤᠭᠠᠯᠢ ᠲᠣᠭᠤᠷᠢᠭ᠂ 1000 ᠢᠵᠢ ᠪᠦᠷᠢᠨ ᠪᠤᠰᠤ ᠣᠷᠣᠨ ᠰᠠᠭᠤᠴᠠ ᠶᠢ ᠰᠢᠨᠡᠳᠬᠡᠨ ᠵᠠᠰᠠᠵᠤ᠂ 36 ᠺᠢᠯᠣᠮᠧᠲᠷ | ᠢᠯᠴᠢ ᠬᠠᠩᠭᠠᠵᠤ ᠪᠣᠬᠢᠷ ᠪᠣᠳᠠᠰ ᠭᠠᠳᠠᠭᠰᠢᠯᠠᠭᠤᠯᠬᠤ ᠬᠤᠭᠤᠯᠠᠶ ᠶᠢ ᠰᠢᠨ᠎ᠡ ᠪᠠᠷ ᠵᠠᠰᠠᠵᠤ᠂ 8 ᠰᠠᠭᠤᠷᠢ ᠬᠤᠭ ᠨᠣᠪᠰᠢ ᠵᠦᠭᠡᠭᠡᠪᠦᠷᠢᠯᠡᠬᠦ ᠥᠷᠲᠡᠭᠡ᠂ 11 | ᠨᠡᠶᠢᠲᠡ ᠶᠢᠨ ᠵᠣᠷᠯᠣᠩ ᠢ ᠪᠠᠷᠢᠵᠤ᠂ ᠬᠤᠲᠠ ᠶᠢᠨ ᠶᠠᠪᠤᠳᠠᠯ ᠤᠨ ᠪᠠᠲᠤᠯᠠᠭ᠎ᠠ ᠶᠢᠨ ᠴᠢᠳᠠᠪᠤᠷᠢ ᠶᠢ ᠶᠡᠬᠡᠪᠡᠷ ᠨᠡᠮᠡᠭᠳᠡᠭᠦᠯᠪᠡ᠃ ᠵᠡᠭᠡᠯᠢ ᠭᠤᠳᠤᠮᠵᠢ᠂ ᠴᠡᠴᠡᠷᠯᠢᠭ᠂ | ᠵᠢᠵᠢᠭ ᠲᠣᠭᠤᠷᠢᠭ ᠢ ᠠᠭᠤᠰᠤᠯᠴᠠᠭᠤᠯᠤᠨ ᠨᠣᠭᠤᠭᠠᠷᠠᠭᠤᠯᠬᠤ ᠶᠢ ᠪᠠᠷᠢᠮᠲᠠᠯᠠᠵᠤ᠂ ᠨᠣᠭᠤᠭᠠᠷᠠᠭᠤᠯᠤᠭᠰᠠᠨ ᠲᠠᠯᠠᠪᠠᠢ 224 ᠮᠦ ᠰᠢᠨ᠎ᠡ ᠪᠠᠷ ᠨᠡᠮᠡᠭᠳᠡᠵᠦ᠂ 17 | ᠵᠡᠭᠡᠯᠢ ᠶᠢᠨ ᠥᠨᠴᠥᠭ ᠪᠤᠯᠤᠩ ᠢ ᠨᠤᠭᠤᠭᠠᠷᠠᠭᠤᠯᠬᠤ ᠥᠭᠡᠷᠡᠴᠢᠯᠡᠯᠲᠡ ᠶᠢ ᠪᠡᠶᠡᠯᠡᠭᠦᠯᠵᠦ᠂ ᠴᠡᠴᠡᠷᠯᠢᠭᠵᠢᠯ ᠤᠨ ᠮᠡᠷᠭᠡᠵᠢᠯ ᠲᠠᠰᠤᠷᠠᠯᠲᠠ ᠦᠭᠡᠢ ᠳᠠᠪᠰᠢᠪᠠ᠃ | ᠬᠤᠲᠠ ᠶᠢᠨ ᠲᠣᠭᠤᠷᠢᠭ ᠲᠤ ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠳᠡᠯᠭᠡᠭᠦᠷ ᠤᠨ ᠭᠠᠳᠠᠨ᠎ᠠ ᠡᠵᠡᠩᠨᠡᠬᠦ᠂ ᠳᠤᠷ᠎ᠠ ᠪᠠᠷ ᠢᠶᠠᠨ ᠲᠡᠷᠭᠡ ᠵᠣᠭᠰᠤᠭᠠᠵᠤ ᠲᠠᠯᠪᠢᠬᠤ ᠶᠢ | ᠪᠦᠲᠦᠮᠵᠢᠲᠡᠶ ᠴᠡᠭᠴᠡᠯᠡᠨ ᠵᠠᠰᠠᠵᠤ᠂ ᠨᠠᠷᠢᠯᠢᠭᠵᠢᠭᠤᠯᠤᠨ ᠴᠡᠪᠡᠷᠯᠡᠬᠦ ᠶᠢ ᠪᠠᠶᠢᠩᠭᠤ ᠥᠷᠨᠢᠭᠦᠯᠵᠦ᠂ ᠠᠳᠠᠯ ᠠᠬᠤᠶ ᠶᠢᠨ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠬᠥᠳᠡᠭᠡ ᠲᠣᠰᠬᠤᠨ ᠤ ᠬᠤᠭ ᠨᠣᠪᠰᠢ᠂ ᠪᠣᠬᠢᠷ ᠤᠰᠤ᠂ ᠵᠣᠷᠯᠣᠩ ᠤᠨ ︽ | ᠭᠤᠷᠪᠠᠨ ᠶᠡᠭᠡ ᠬᠤᠪᠢᠰᠬᠠᠯ︾ ᠢ ᠨᠢᠭᠡᠳᠦᠯᠲᠡᠶ ᠲᠥᠯᠥᠪᠯᠡᠨ ᠠᠬᠢᠭᠤᠯᠵᠤ᠂ 9 ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ᠂ 15 ᠪᠣᠬᠢᠷ ᠤᠰᠤ | ᠰᠢᠢᠳᠪᠦᠷᠢᠯᠡᠬᠦ ᠦᠶᠯᠡᠳᠪᠦᠷᠢ ︵ᠥᠷᠲᠡᠭᠡ︶ ᠶᠢ ᠪᠠᠶᠢᠭᠤᠯᠵᠤ᠂ 54 ᠣᠯᠠᠨ ᠨᠡᠶᠢᠲᠡ ᠶᠢᠨ ᠵᠣᠷᠯᠣᠩ᠂ 600 ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ | ᠪᠠᠶᠢᠭᠤᠯᠵᠤ᠂ 1.6 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠪᠡ᠃ ᠪᠠᠭᠠᠰᠤ ᠪᠣᠬᠢᠷᠳᠤᠯ ᠢ ᠲᠥᠪᠯᠡᠷᠡᠭᠦᠯᠦᠨ ᠬᠤᠷᠢᠶᠠᠵᠤ ᠰᠢᠶᠳᠪᠦᠷᠢᠯᠡᠬᠦ 11 ᠥᠷᠲᠡᠭᠡ᠂ | ᠶᠦᠩ ᠯᠢᠶᠠᠨ ᠲᠣᠰᠬᠤᠨ ᠤ ᠬᠥᠳᠡᠭᠡ ᠲᠤᠰᠬᠤᠨ ᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠶᠯ ᠢ | ᠡᠬᠢᠯᠡᠭᠦᠯᠵᠦ᠂ ︽437︾ ᠲᠣᠰᠬᠤᠨ ᠢ ᠬᠠᠮᠢᠶᠠᠷᠤᠨ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠩᠭᠤ ᠶᠢᠨ ᠴᠢᠨᠠᠷᠲᠠᠶ ᠪᠠᠷ | ᠨᠠᠶᠢᠳᠠᠪᠤᠷᠢᠵᠢᠭᠤᠯᠤᠨ᠂ ᠮᠠᠯ ᠵᠢᠭᠦᠷᠲᠡᠨ ᠤ ᠪᠠᠭᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠨᠢ ᠠᠬᠢᠭᠤᠯᠵᠤ᠂ ᠪᠥᠬᠦ ᠣᠷᠣᠨ ᠤ ︽ᠠᠷᠪᠠᠨ | ᠰᠢᠶᠠᠨ ᠵᠠᠭᠤᠨ ᠰᠤᠮᠤ ᠮᠢᠩᠭᠠᠨ ᠲᠣᠰᠬᠤᠨ︾ ᠤ ᠲᠤᠷᠰᠢᠯᠲᠠ ᠶᠢᠨ ᠰᠢᠶᠠᠨ ᠳᠤ ᠵᠢᠭᠰᠠᠭᠠᠭᠳᠠᠪᠠ᠃ | ᠨᠢᠭᠡ ᠵᠢᠯ ᠤᠨ ᠲᠤᠷᠰᠢ ᠪᠢᠳᠡ ᠪᠣᠳᠠᠲᠤ ᠶᠠᠪᠤᠳᠠᠯ ᠬᠢᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠣᠯᠠᠨ ᠲᠦᠮᠡᠨ ᠤ ᠵᠣᠯ ᠵᠢᠷᠭᠠᠯ ᠤᠨ | ᠵᠢᠭᠠᠯᠲᠠ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃ ᠠᠷᠠᠳ ᠤᠨ ᠠᠮᠢᠳᠤᠷᠠᠯ ᠤᠨ ᠵᠠᠷᠤᠯᠭ᠎ᠠ 22.8 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ | ᠵᠠᠰᠠᠭ ᠤᠨ ᠪᠦᠬᠦ ᠵᠠᠷᠤᠯᠭ᠎ᠠ ᠶᠢᠨ 69 % ᠶᠢ ᠡᠵᠡᠯᠡᠪᠡ᠃ ᠰᠤᠷᠭᠠᠨ ᠬᠥᠮᠦᠵᠢᠯ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ | ᠦᠢᠯᠡᠰ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ | ᠬᠤᠶᠠᠳᠤᠭᠠᠷ ᠪᠠᠭ᠎ᠠ ᠰᠤᠷᠭᠠᠭᠤᠯᠢ᠂ ᠰᠢᠶᠠᠨ ᠤ ᠬᠡᠦᠬᠡᠳ ᠤᠨ ᠴᠡᠴᠡᠷᠯᠢᠭ ᠢ ᠨᠡᠭᠦᠯᠭᠡᠵᠦ᠂ 2 ᠬᠡᠦᠬᠡᠳ ᠤᠨ ᠴᠡᠴᠡᠷᠯᠢᠭ᠂ 8 ᠬᠥᠯ ᠪᠥᠮᠪᠦᠭᠡ ᠶᠢᠨ ᠲᠠᠯᠠᠪᠤᠷ ᠢ | ᠪᠠᠶᠢᠭᠤᠯᠤᠨ ᠬᠡᠷᠡᠭᠯᠡᠵᠦ᠂ ᠰᠢᠨ᠎ᠡ ᠪᠠᠷ 215 ᠪᠠᠭᠰᠢ ᠤᠷᠢᠵᠤ᠂ 9000 ᠪᠠᠭᠰᠢ ︵ᠤᠳᠠᠭ᠎ᠠ︶ ᠶᠢ ᠣᠯᠠᠨ ᠠᠷᠭ᠎ᠠ ᠵᠠᠮ ᠢᠶᠠᠷ ᠪᠣᠯᠪᠠᠰᠤᠷᠠᠭᠤᠯᠵᠤ᠂ ᠵᠢᠭᠠᠨ | ᠰᠤᠷᠭᠠᠬᠤ ᠨᠥᠬᠦᠴᠡᠯ ᠢ ᠪᠦᠬᠦ ᠲᠠᠯ᠎ᠠ ᠪᠠᠷ ᠴᠢᠩᠭᠠᠳᠬᠠᠪᠠ᠃ ︽ᠡᠷᠡᠭᠦᠯ ᠮᠡᠨᠳᠦ ᠦᠶᠦᠸᠠᠨ︾ ᠢ ᠠᠬᠢᠭᠤᠯᠵᠤ᠂ ︽ᠭᠤᠷᠪᠠᠨ ᠡᠮᠨᠡᠯᠭᠡ︾ ᠶᠢᠨ ᠬᠤᠯᠪᠣᠭᠠᠯᠠᠨ | ᠬᠦᠲᠡᠯᠦᠯᠴᠡᠬᠦ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠳᠣᠲᠣᠭᠠᠳᠤ ᠳᠤ ᠪᠠᠶᠢᠭᠤᠯᠤᠮᠵᠢ ᠪᠠ ᠠᠵᠢᠯᠲᠠᠨ ᠤ ᠲᠣᠬᠢᠷᠠᠭᠤᠯᠤᠯᠲᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ 23 ᠨᠡᠷᠡᠰ ᠡᠮᠨᠡᠯᠭᠡ ᠶᠢᠨ ᠮᠡᠷᠭᠡᠵᠢᠯ ᠤᠨ ᠠᠵᠢᠯᠲᠠᠨ ᠤᠷᠢᠵᠤ ᠠᠵᠢᠯ ᠤᠨ ᠪᠠᠶᠢᠷᠢ ᠳᠤ ᠭᠠᠷᠭᠠᠵᠤ᠂ ᠰᠢᠶᠠᠨ ᠤ ᠡᠮᠨᠡᠯᠭᠡ ᠶᠢᠨ | ᠬᠤᠷᠢᠶ᠎ᠠ᠂ ᠶᠠᠰᠤᠨ ᠤ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠳᠠᠭᠤᠰᠬᠠᠵᠤ᠂ ᠵᠢᠢ ᠺᠠᠩ ᠡᠮᠨᠡᠯᠭᠡ ᠶᠢᠨ ᠬᠤᠷᠢᠶ᠎ᠠ ᠶᠢ ᠪᠠᠶᠢᠭᠤᠯᠬᠤ ᠠᠵᠢᠯ ᠢ ᠡᠬᠢᠯᠡᠭᠦᠯᠵᠤ᠂ | ᠢᠨᠳᠡᠷᠲᠦ᠂ ᠱᠠ ᠾᠧ ᠡᠷᠡᠭᠦᠯ ᠬᠠᠮᠠᠭᠠᠯᠠᠯ ᠤᠨ ᠬᠤᠷᠢᠶ᠎ᠠ ᠶᠢ ᠨᠡᠭᠦᠯᠭᠡᠵᠦ᠂ ᠤᠯᠤᠰ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠵᠢᠱᠢᠶ᠎ᠡ ᠦᠵᠡᠭᠦᠯᠬᠦ ᠣᠷᠣᠨ ᠢ ᠰᠢᠯᠭᠠᠨ ᠠᠪᠴᠤ᠂ ᠪᠦᠬᠦ ᠤᠯᠤᠰ ᠤᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ | ᠲᠤᠷᠰᠢᠯᠲᠠ ᠶᠢᠨ ᠰᠢᠶᠠᠨ ᠢᠶᠠᠷ ᠨᠣᠲᠠᠯᠠᠭᠳᠠᠪᠠ᠃ ᠰᠣᠶᠣᠯ ᠤᠨ ᠢᠲᠡᠭᠡᠯ ᠢ ᠳᠣᠪᠤᠶᠢᠯᠭᠠᠵᠤ᠂ ᠦᠨᠳᠦᠰᠦᠨ ᠱᠠᠲᠤᠨ ᠤ ᠦᠵᠡᠯ ᠤᠬᠠᠮᠰᠠᠷ ᠤᠨ ᠬᠡᠯᠪᠡᠷᠢ ᠶᠢᠨ | ᠬᠠᠷᠢᠴᠠᠭᠤᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠨᠢ ᠪᠥᠬᠦ ᠤᠯᠤᠰ ᠤᠨ | ᠲᠤᠷᠰᠢᠯᠲᠠ ᠶᠢᠨ ᠴᠡᠭ ᠪᠣᠯᠵᠣ᠂ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠬᠠᠮ ᠵᠠᠭᠤᠴᠢᠯᠠᠭᠤᠷ ᠤᠨ ᠲᠥᠪ ᠢ ᠪᠠᠶᠢᠭᠤᠯᠤᠨ ᠳᠠᠭᠤᠰᠬᠠᠵᠤ ᠡᠬᠢᠯᠡᠨ | ᠬᠡᠷᠡᠭᠯᠡᠵᠦ᠂ ᠰᠣᠨᠢᠨ ᠮᠡᠳᠡᠭᠡᠨ ᠤ ᠭᠠᠳᠠᠭᠠᠳᠤ ᠤᠬᠠᠭᠤᠯᠭ᠎ᠠ ᠪᠥᠬᠦ ᠬᠤᠲᠠ ᠳᠤ ᠲᠡᠷᠢᠭᠦᠯᠡᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠲᠣᠬᠢᠲᠠᠶ | ᠰᠢᠶᠳᠪᠦᠷᠢᠯᠡᠪᠡ᠃ ︽ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠲᠠᠰᠤᠷᠠᠯᠲᠠ ᠦᠭᠡᠢ ᠭᠦᠨᠵᠡᠭᠡᠶᠢᠷᠡᠵᠦ᠂ | ᠤᠯᠠᠭᠠᠨᠮᠥ᠋ᠴᠢᠷ 100 ᠲᠠᠯᠠᠪᠤᠷ ᠰᠣᠶᠣᠯ ᠢ ᠬᠥᠳᠡᠭᠡ ᠪᠠᠭᠤᠯᠭᠠᠵᠤ᠂ ᠰᠢᠶᠠᠨ ᠤ ᠱᠠᠲᠤᠨ ᠤ ᠪᠡᠶ᠎ᠡ ᠲᠠᠮᠢᠷ ᠤᠨ ᠲᠠᠯᠠᠪᠠᠶ ᠶᠢ ᠠᠰᠢᠭᠯᠠᠯᠲᠠ ᠳᠤ ᠣᠷᠣᠭᠤᠯᠤᠨ᠂ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | 70 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠡᠯᠪᠡᠭ ᠪᠠᠶᠠᠯᠢᠭ ᠪᠣᠯᠵᠣ᠂ ᠪᠥᠬᠦ ᠣᠷᠣᠨ ᠤ ᠲᠣᠰᠬᠤᠨ ᠤ ᠵᠠᠮ ᠤᠨ ᠳᠤᠭᠤᠶ ᠲᠡᠷᠭᠡᠨ ᠤ ᠤᠷᠤᠯᠳᠤᠭᠠᠨ᠂ | ᠵᠠᠭᠤᠨ ᠰᠢᠶᠠᠨ ᠤ ᠪᠡᠶ᠎ᠡ ᠴᠢᠭᠢᠷᠠᠭᠵᠢᠭᠤᠯᠬᠤ ᠬᠡᠢ ᠶᠢᠨ ᠲᠠᠮᠢᠷ ᠤᠨ ᠤᠷᠤᠯᠳᠤᠭᠠᠨ ᠢ ᠲᠡᠭᠦᠰ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ ᠠᠷᠠᠳ ᠤᠨ | ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠬᠤᠲᠠ ᠪᠠᠯᠭᠠᠰᠤᠨ ᠤ 1398 ᠬᠥᠮᠦᠨ ᠳᠤ | ᠰᠢᠨ᠎ᠡ ᠪᠠᠷ ᠠᠵᠢᠯ ᠣᠯᠭᠤᠵᠤ᠂ 2.9 ᠲᠦᠮᠡᠨ ᠲᠠᠷᠢᠶᠠᠴᠢᠳ ᠲᠤ ᠠᠵᠢᠯ ᠣᠯᠭᠤᠵᠤ᠂ 149 ᠵᠠᠰᠠᠭ ᠵᠠᠬᠢᠷᠭᠠᠨ ᠤ ᠠᠵᠢᠯ ᠦᠢᠯᠡᠰ ᠤᠨ ᠠᠵᠢᠯᠲᠠᠨ ᠢ ᠰᠢᠯᠭᠠᠨ | ᠲᠥᠪᠬᠢᠨᠡᠭᠦᠯᠵᠤ᠂ ᠰᠢᠨ᠎ᠡ ᠪᠠᠷ ᠤᠷᠢᠭᠰᠠᠨ ᠲᠤᠰᠠᠯᠠᠬᠤ ᠴᠠᠭᠳᠠᠭ᠎ᠠ᠂ ᠰᠣᠨᠢᠨ ᠮᠡᠳᠡᠭᠡᠨ ᠤ ᠠᠵᠢᠯᠲᠠᠨ᠂ ᠤᠯᠠᠭᠠᠨᠮᠥ᠋ᠴᠢᠷ ᠤᠨ ᠲᠣᠭᠯᠠᠭᠴᠢ 177 ᠬᠥᠮᠦᠨ ᠳᠤ ᠠᠵᠢᠯ | ᠣᠯᠭᠤᠪᠠ᠃ ᠬᠤᠲᠠ ᠪᠠᠯᠭᠠᠰᠤᠨ ᠤ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠵᠤ᠂ ᠨᠡᠶᠢᠭᠡᠮ ᠤᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ | ᠵᠡᠷᠭᠡ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭ᠎ᠠ ᠶᠢᠨ | ᠠᠰᠠᠷᠠᠨ ᠲᠡᠵᠢᠭᠡᠬᠦ ᠪᠠᠷᠢᠮᠵᠢᠶ᠎ᠠ ᠲᠣᠭᠲᠠᠭᠤᠨ ᠢᠶᠠᠷ ᠳᠡᠭᠡᠭᠰᠢᠯᠡᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠪᠠ᠃ ︽ | ᠠᠮᠤᠷ ᠲᠠᠶᠢᠪᠤᠩ ᠦᠶᠦᠸᠠᠨ︾᠂ ︽ᠬᠠᠤᠯᠢ ᠪᠠᠷ ᠵᠠᠰᠠᠬᠤ ᠦᠶᠦᠸᠠᠨ︾ ᠤ ᠪᠠᠶᠢᠭᠤᠯᠤᠯᠲᠠ ᠶᠢᠨ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠵᠦ᠂ ︽ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠭᠦᠨᠵᠡᠭᠡᠶᠢᠷᠡᠨ ᠶᠠᠪᠤᠭᠳᠠᠵᠤ᠂ ᠲᠣᠰᠬᠤᠨ ᠤ ᠠᠷᠠᠳ ᠤᠨ ᠳᠤᠭᠤᠶᠢᠯᠠᠩ ᠤᠨ ︽ᠪᠢᠴᠢᠯ | ᠵᠠᠰᠠᠯᠲᠠ︾ ᠨᠢ ᠪᠦᠬᠦ ᠣᠷᠣᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ ᠰᠢᠯᠢᠳᠡᠭ ᠵᠢᠱᠢᠶᠡᠴᠢ ᠪᠤᠯᠵᠤ᠂ ︽ᠲᠣᠣᠷᠵᠢᠯᠲᠠ + ᠪᠢᠴᠢᠯ ᠵᠠᠰᠠᠯᠲᠠ︾ | ᠪᠦᠬᠦ ᠣᠷᠣᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ ᠠᠷᠪᠠᠨ ᠶᠡᠭᠡ ᠰᠢᠨ᠎ᠡ ᠶᠢ ᠡᠭᠦᠳᠦᠭᠰᠡᠨ ᠵᠢᠱᠢᠶᠡᠴᠢ ᠪᠠᠷ | ᠰᠣᠩᠭᠤᠭᠳᠠᠪᠠ᠃ ᠪᠦᠦ ᠶᠢᠨ ᠲᠦᠷᠭᠡᠨ ᠲᠡᠮᠦᠷ ᠵᠠᠮ ᠢ ᠡᠬᠢᠯᠡᠨ ᠲᠠᠲᠠᠪᠤᠷᠢᠯᠠᠨ ᠨᠤᠷᠠᠭᠠᠵᠤ᠂ ︽ᠲᠠᠷᠢᠶᠠᠨ ᠭᠠᠵᠠᠷ ᠢ ᠨᠡᠷ᠎ᠡ ᠪᠣᠷᠣᠭᠤᠯᠠᠵᠤ ᠡᠵᠡᠯᠡᠭᠰᠡᠨ ᠬᠠᠤᠯᠢ ᠪᠤᠰᠤ | ᠪᠠᠷᠢᠯᠭ᠎ᠠ︾ ᠶᠢ ᠪᠦᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠠᠹᠷᠢᠺᠠ ᠶᠢᠨ ᠭᠠᠭ᠋ᠠᠢ ᠶᠢᠨ ᠬᠢᠵᠢᠭ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠠᠮᠵᠢᠯᠲᠠ ᠲᠠᠢ | ᠰᠡᠷᠭᠡᠶᠢᠯᠡᠨ ᠡᠵᠡᠮᠳᠡᠵᠦ᠂ ᠬᠠᠳᠤᠨ ᠭᠤᠣᠯ ᠤᠨ ᠦᠶᠤᠸᠠᠨ ᠤ ᠬᠡᠰᠡᠭ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠡᠵᠦ᠂ ︽ᠬᠤᠭᠤᠯᠠᠨ | ᠭᠡᠷ ᠤᠨ ᠲᠣᠭᠤᠭᠠᠨ ᠭᠡᠷ ᠢ ᠳᠡᠯᠭᠡᠨ ᠦᠵᠡᠭᠦᠯᠬᠦ︾ ᠶᠢ ᠪᠦᠬᠦ ᠬᠡᠪᠴᠢᠶ᠎ᠡ ᠪᠠᠷ ᠠᠬᠢᠭᠤᠯᠵᠤ᠂ ᠵᠥᠷᠢᠴᠡᠯ ᠢ ᠤᠯᠠᠨ ᠡᠰᠢᠵᠢᠬᠦᠯᠦᠨ ᠰᠢᠢᠳᠪᠦᠷᠢᠯᠡᠬᠦ ᠲᠣᠭᠲᠠᠴᠠ ᠪᠦᠬᠦ | ᠣᠷᠣᠨ ᠳᠤ ᠲᠦᠷᠦᠭᠦᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ᠂ ᠠᠮᠤᠷ ᠢ ᠬᠠᠮᠠᠭᠠᠯᠠᠬᠤ ᠡᠮᠬᠢ ᠵᠢᠷᠤᠮ ᠦᠷᠭᠦᠯᠵᠢᠯᠡᠨ ᠰᠠᠶᠢᠵᠢᠷᠠᠵᠤ᠂ ᠬᠦᠨᠳᠦ ᠶᠡᠭᠡ | ᠠᠮᠤᠷ ᠲᠦᠪᠰᠢᠨ ᠤ ᠠᠳᠡᠯ ᠡᠭᠦᠰᠦᠭᠰᠡᠨ ᠦᠭᠡᠢ᠃ ᠮᠣᠩᠭᠤᠯ ᠬᠡᠯᠡᠨ ᠤ ᠰᠦᠯᠵᠢᠶ᠎ᠡ ᠨᠡᠪᠲᠡᠷᠡᠵᠦ ᠠᠵᠢᠯᠯᠠᠨ ᠡᠬᠢᠯᠡᠵᠦ᠂ ᠭᠤᠸ᠎ᠠ ᠵᠢᠦᠢ ᠯᠦᠩ ᠬᠤᠷᠰᠢᠶ᠎ᠠ ᠨᠢ ᠪᠥᠬᠦ | ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠᠷ ᠦᠨᠡᠯᠡᠭᠳᠡᠪᠡ᠃ ᠠᠷᠠᠳ ᠤᠨ ᠵᠡᠪᠰᠡᠭᠲᠦ ᠬᠦᠴᠦᠨ᠂ ᠭᠠᠳᠠᠭᠠᠳᠤ | ᠶᠠᠪᠤᠳᠠᠯ ᠬᠠᠷᠢᠶᠠᠲᠤ ᠶᠢᠨ ᠠᠵᠢᠯ ᠲᠠᠰᠤᠷᠠᠯᠲᠠ ᠦᠭᠡᠢ ᠳᠠᠪᠰᠢᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠵᠡᠮᠳᠡᠭᠴᠦᠳ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ᠂ ᠡᠮᠡᠭᠲᠡᠶᠢᠴᠦᠳ ᠬᠡᠤᠬᠡᠳ᠂ ᠠᠬᠠᠮᠠᠳ ᠺᠠᠳ᠋ᠷᠴᠤᠳ ᠤᠨ ᠠᠵᠢᠯ ᠠᠮᠢᠳᠤᠯᠢᠭ ᠶᠠᠪᠤᠭᠳᠠᠵᠤ᠂ ᠭᠠᠶᠢᠯᠢ ᠶᠢᠨ ᠶᠠᠪᠤᠳᠠᠯ᠂ ᠮᠥᠩᠭᠦᠨ | ᠭᠦᠶᠯᠭᠡᠭᠡ᠂ ᠬᠢᠨᠠᠨ ᠪᠣᠳᠣᠬᠤ᠂ ᠲᠤᠭ᠎ᠠ ᠪᠦᠷᠢᠳᠭᠡᠯ᠂ ᠳᠠᠩᠰᠠ ᠡᠪᠬᠡᠮᠡᠯ ᠤᠨ ᠠᠵᠢᠯ ᠯᠠᠪᠳᠠᠭᠤᠨ ᠪᠠᠲᠤᠲᠠᠶ ᠥᠷᠨᠢᠵᠦ᠂ ᠰᠢᠶᠠᠨ ᠳᠤ ᠰᠠᠭᠤᠭ᠎ᠠ ᠴᠡᠷᠢᠭ ᠠᠩᠭᠢ᠂ | ᠰᠢᠶᠠᠨ ᠳᠤ ᠰᠠᠭᠤᠭ᠎ᠠ ᠨᠢᠭᠡᠴᠡ᠂ ᠡᠯ᠎ᠡ ᠠᠵᠤ ᠠᠬᠤᠶᠢᠯᠠᠯ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠶ᠃ | ᠨᠢᠭᠡ ᠵᠢᠯ ᠤᠨ ᠲᠤᠷᠰᠢ ᠪᠢᠳᠡ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠥᠭᠡᠷᠡᠴᠢᠯᠡᠯᠲᠡ ᠶᠢ ᠠᠳᠬᠤᠵᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ᠢᠮᠠᠭᠲᠠ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ | ᠡᠷᠬᠢᠮᠯᠡᠵᠦ᠂ ︽ᠳᠥᠷᠪᠡᠨ ᠤᠬᠠᠮᠰᠠᠷ︾ ᠢ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ | ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠢ ᠢᠮᠠᠭᠲᠠ ᠵᠥᠪ | ᠣᠨᠣᠪᠴᠢᠲᠠᠶ ᠤᠯᠤᠰ ᠲᠥᠷᠥ ᠶᠢᠨ ᠴᠢᠭᠯᠡᠯ ᠲᠠᠢ ᠪᠠᠶᠢᠬᠤ ᠶᠢ ᠪᠠᠲᠤᠯᠠᠪᠠ᠃ ᠨᠠᠮ ᠢ ᠴᠢᠩᠭ᠎ᠠ ᠵᠠᠰᠠᠬᠤ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠦᠷᠨᠢᠭᠦᠯᠵᠦ᠂ | ᠲᠥᠪ ᠤᠨ ︽ᠨᠠᠢᠮᠠᠨ ᠵᠤᠷᠪᠤᠰ ᠲᠣᠭᠲᠠᠭᠠᠯ︾ ᠤᠨ ᠵᠣᠷᠢᠭ ᠰᠠᠨᠠᠭ᠎ᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ︽ᠲᠣᠭᠲᠠᠭᠠᠭᠰᠠᠨ ᠭᠤᠷᠪᠠᠨ ᠲᠦᠷᠢᠮ︾ ᠢ | ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ ᠤ ᠡᠯ᠎ᠡ ᠲᠦᠷᠦᠯ ᠤᠨ ᠲᠣᠭᠤᠷᠢᠨ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ | ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠬᠢᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠨ | ᠴᠢᠷᠮᠠᠶᠢᠬᠤ ᠠᠭᠤᠷ ᠠᠮᠢᠰᠬᠤᠯ ᠨᠠᠩ ᠭᠦᠨ ᠵᠤᠵᠠᠭᠠᠨ ᠪᠣᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠨᠡᠶᠢᠭᠡᠮ | ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 92 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠠᠨᠠᠭᠤᠯᠭ᠎ᠠ᠂ 84 ᠬᠤᠪᠢ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠪᠠ ᠵᠠᠬᠢᠳᠠᠯ ᠢ ᠰᠢᠶᠳᠪᠦᠷᠢᠯᠡᠵᠦ᠂ ᠬᠠᠷᠢᠭᠤ ᠥᠭᠭᠦᠭᠰᠡᠨ | ᠨᠣᠷᠮ᠎ᠠ 100% ᠳᠤ ᠬᠦᠷᠴᠦ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠠᠴᠠ ᠪᠢᠯᠧᠲ ᠥᠭᠬᠦ ᠨᠢ ᠪᠥᠬᠦ ᠣᠷᠣᠨ ᠤ ᠲᠤᠷᠰᠢᠯᠲᠠ ᠶᠢᠨ ᠴᠢᠭ ᠪᠣᠯᠪᠠ᠃ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ | ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠭᠤᠷᠪᠠᠨ | ᠶᠠᠪᠤᠳᠠᠯ ᠢ ᠢᠯᠡ ᠪᠣᠯᠭᠠᠬᠤ︾ ᠠᠵᠢᠯ ᠢ ᠬᠡᠪ ᠤᠨ ᠪᠠᠶᠢᠳᠠᠯ ᠢᠶᠠᠷ ᠥᠷᠨᠢᠭᠦᠯᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠥᠬᠦ ᠲᠠᠯ᠎ᠠ ᠪᠠᠷ ᠡᠮᠬᠢᠯᠡᠵᠦ᠂ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠠᠪᠴᠠᠩ᠂ 24 ᠴᠠᠭ ᠤᠨ ᠥᠪᠡᠰᠦᠪᠡᠨ ᠦᠶᠯᠡᠴᠢᠯᠡᠬᠦ ᠦᠶᠯᠡᠴᠢᠯᠡᠭᠡᠨ ᠤ ᠲᠢᠩᠬᠢᠮ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠲᠠᠪᠴᠠᠩ ᠢ ᠪᠠᠶᠢᠭᠤᠯᠤᠨ ᠠᠵᠢᠯᠯᠠᠭᠤᠯᠵᠤ᠂ 106 ᠵᠦᠶᠯ ᠤᠨ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠶᠯᠡᠰ ᠢ ᠰᠦᠯᠵᠢᠶᠡᠨ ᠳᠡᠭᠡᠷ᠎ᠡ ᠬᠢᠨᠠᠨ ᠵᠦᠪᠰᠢᠶᠡᠷᠡᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠤᠩᠬᠤᠪᠴᠢ ᠶᠢ ᠪᠥᠬᠦ ᠵᠢᠯ ᠳᠤ 67.2 | ᠲᠦᠮᠡᠨ ᠬᠤᠪᠢ ᠬᠡᠷᠡᠭ ᠭᠦᠶᠴᠡᠳᠬᠡᠵᠦ᠂ ᠠᠵᠤ ᠠᠬᠤᠶᠢᠯᠠᠯ ᠣᠯᠠᠨ ᠲᠦᠮᠡᠨ ᠤ ᠬᠡᠷᠡᠭ ᠢ ᠭᠦᠶᠴᠡᠳᠬᠡᠬᠦ ᠳᠤ ᠨᠠᠩ ᠳᠥᠭᠦᠮ ᠳᠥᠲᠡ ᠪᠣᠯᠪᠠ᠃ ᠲᠠᠷᠢᠶᠠᠯᠠᠩ ᠠᠵᠤ | ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ᠂ ᠭᠠᠵᠠᠷ ᠰᠢᠷᠣᠶ ᠶᠢᠨ ︽ᠭᠤᠷᠪᠠᠨ ᠡᠷᠬᠡ ᠶᠢ ᠰᠠᠯᠭᠠᠬᠤ︾᠂ ᠬᠤᠲᠠ ᠬᠥᠳᠡᠭᠡ ᠶᠢᠨ ᠣᠯᠠᠨ ᠨᠡᠶᠢᠲᠡ ᠶᠢᠨ | ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠷᠣᠰᠢᠭᠤᠯᠭ᠎ᠠ ᠪᠠᠷ ᠠᠷᠠᠳ ᠲᠤ ᠠᠰᠢᠭ | ᠬᠦᠷᠲᠡᠭᠡᠬᠦ᠂ ᠬᠠᠮᠲᠤ ᠶᠢᠨ ᠥᠮᠴᠢᠯᠡᠬᠦ ᠡᠷᠬᠡ᠂ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ ᠵᠡᠷᠭᠡ ᠲᠤᠷᠰᠢᠯᠲᠠ ᠶᠢᠨ ᠴᠢᠭ ᠤᠨ ᠥᠭᠡᠷᠡᠴᠢᠯᠡᠯᠲᠡ ᠢᠯᠡᠳᠲᠡ ᠦᠷ᠎ᠡ | ᠪᠦᠲᠦᠮᠵᠢ ᠣᠯᠵᠤ᠂ ᠨᠠᠮ ᠵᠠᠰᠠᠭ ᠤᠨ ᠪᠠᠶᠢᠭᠤᠯᠤᠮᠵᠢ᠂ ᠰᠤᠮᠤ ᠪᠠᠯᠭᠠᠰᠤᠨ ᠤ ᠪᠠᠶᠢᠭᠤᠯᠤᠮᠵᠢ᠂ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠶᠢᠨ ᠠᠬᠤᠶ ᠲᠠᠯᠠᠪᠠᠶ ᠶᠢᠨ ᠬᠤᠷᠠᠯ ᠢ ᠠᠮᠵᠢᠯᠲᠠ ᠲᠠᠢ ᠳᠠᠭᠠᠭᠠᠨ ᠡᠷᠬᠢᠯᠡᠪᠡ᠃ | ᠨᠥᠬᠦᠳ ᠡ᠂ ᠪᠦᠬᠦ ᠬᠦᠴᠦ ᠪᠠᠨ ᠭᠠᠷᠭᠠᠵᠤ ᠴᠢᠷᠮᠠᠶᠢᠪᠠᠯ ᠬᠠᠨᠳᠤᠭᠰᠠᠨ ᠵᠦᠭ ᠲᠤ ᠯᠠᠪᠲᠠᠢ ᠢᠯᠠᠯᠲᠠ ᠣᠯᠤᠨ᠎ᠠ᠂ ᠤᠯᠠᠨ ᠤ ᠣᠶᠣᠨ ᠢ ᠦᠶᠯᠡᠳᠪᠡᠰᠦ | ᠪᠦᠲᠦᠬᠦ ᠦᠭᠡᠢ ᠵᠦᠶᠯ ᠭᠡᠵᠦ ᠠᠯᠠᠭ᠎ᠠ᠃ ᠥᠩᠭᠡᠷᠡᠭᠰᠡᠨ ᠨᠢᠭᠡ ᠵᠢᠯ ᠳᠤ᠂ ᠪᠤᠳᠤᠯᠢᠶᠠᠨᠲᠠᠶ ᠪᠥᠭᠡᠳ ᠬᠦᠨᠳᠦ ᠬᠡᠴᠡᠭᠦᠤ ᠬᠤᠷᠸ᠎ᠠ ᠠᠵᠤ ᠠᠬᠤᠶ ᠶᠢᠨ ᠪᠠᠶᠢᠳᠠᠯ᠂ | ᠬᠠᠲᠠᠭᠤ ᠪᠡᠷᠬᠡ ᠪᠥᠭᠡᠳ ᠬᠦᠨᠳᠦ ᠨᠦᠰᠡᠷ ᠥᠭᠡᠷᠡᠴᠢᠯᠡᠯᠲᠡ ᠬᠢᠵᠦ ᠲᠣᠭᠲᠠᠭᠤᠨ ᠭᠦᠭᠵᠢᠬᠦ ᠡᠭᠦᠷᠭᠡ ᠶᠢᠨ ᠡᠮᠦᠨ᠎ᠡ᠂ ᠪᠢᠳᠡ ᠲᠣᠭᠲᠠᠭᠤᠨ ᠤ ᠳᠤᠮᠳᠠ ᠤᠷᠤᠭᠰᠢᠯᠠᠨ | ᠂ ᠪᠠᠶᠢᠳᠠᠯ ᠢ ᠰᠥᠷᠴᠦ ᠳᠡᠭᠡᠭᠰᠢᠯᠡᠨ᠂ ᠭᠤᠤᠯᠳᠠᠯᠭ᠎ᠠ ᠲᠠᠢ ᠪᠠᠷ ᠰᠢᠪᠲᠤᠯᠤᠯᠲᠠ ᠭᠠᠷᠭᠠᠵᠤ᠂ ᠥᠷᠢᠰᠥᠯᠳᠦᠨ ᠬᠥᠭᠵᠢᠭᠰᠡᠨ ᠪᠠᠶᠢᠳᠠᠯ ᠤᠨ ᠳᠣᠤᠷ᠎ᠠ᠂ ᠤᠯᠠᠨ | ᠵᠦᠶᠯ ᠤᠨ ᠠᠵᠢᠯ ᠪᠦᠬᠦ ᠣᠷᠣᠨ ᠴᠢᠨᠠᠭᠰᠢᠯᠠᠪᠠᠯ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ ᠴᠢᠳᠠᠬᠤ ᠨᠢ ᠦᠨᠡᠬᠡᠷ ᠬᠢᠯᠪᠠᠷ ᠪᠤᠰᠤ ᠶᠤᠮ᠃ ᠡᠨᠡ ᠪᠣᠯ | ᠰᠢᠶᠠᠨ ᠤ ᠨᠠᠮ ᠤᠨ ᠬᠤᠷᠢᠶ᠎ᠠ ᠤᠷᠤᠭᠰᠢᠯᠠᠬᠤ ᠴᠢᠭᠯᠡᠯ ᠲᠣᠭᠲᠠᠭᠠᠵᠤ᠂ ᠵᠥᠪ ᠣᠨᠣᠪᠴᠢᠲᠠᠶ ᠤᠳᠤᠷᠢᠳᠤᠭᠰᠠᠨ ᠤ ᠦᠷ᠎ᠡ ᠳ᠋ᠦᠩ ᠮᠥᠨ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠶ | ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠭᠰᠡᠨ ᠤ ᠦᠷ᠎ᠡ | ᠳ᠋ᠦᠩ ᠮᠥᠨ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠦᠶᠤᠸᠠᠨ ᠤ ᠪᠦᠲᠦᠭᠡᠨ | ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ | ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠰᠠᠶ᠋ᠢᠬᠠᠨ ᠲᠡᠭᠦᠰᠦᠭᠰᠡᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ | ᠳᠥᠷᠪᠡᠳᠦᠭᠡᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠦᠭᠦᠳᠡ ᠬᠤᠷᠠᠯ ᠪᠣᠯᠤᠨ ᠰᠢᠶᠠᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠨᠢ ᠳᠡᠯᠡᠬᠡᠶ ᠶᠢᠨ ᠪᠠ | ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠢᠷᠡᠭᠡᠳᠦᠶ ᠶᠢᠨ ᠬᠦᠭᠵᠢᠯᠲᠡ ᠶᠢᠨ ᠴᠢᠭᠯᠡᠯ ᠢ ᠣᠨᠣᠪᠴᠢᠲᠠᠶ | ᠲᠣᠭᠲᠠᠭᠠᠪᠠ᠃ ᠬᠠᠲᠤᠨ ᠭᠤᠤᠯ ᠤᠨ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠪᠠᠷᠢᠮᠵᠢᠶᠠᠯᠠᠨ ᠬᠠᠷᠭᠤᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠡᠭᠦᠷᠭᠡ ᠶᠢ ᠪᠠᠷᠢᠮᠵᠢᠶᠠᠯᠠᠨ ᠬᠠᠷᠭᠤᠭᠤᠯᠵᠤ᠂ ᠬᠥᠭᠵᠢᠯᠲᠡ ᠲᠡᠩᠴᠡᠭᠦᠷᠢ ᠥᠬᠡᠶ ᠭᠦᠶᠴᠡᠳ ᠥᠬᠡᠶ ᠪᠠᠶᠢᠬᠤ ᠨᠢ ᠮᠥᠨ ᠬᠦ ᠪᠢᠳᠡᠨ ᠳᠤ | ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠪᠣᠯᠤᠨ᠎ᠠ᠄ ᠨᠢᠭᠡ ᠳᠤ ᠬᠤᠲᠠ ᠬᠥᠳᠡᠭᠡ ᠶᠢᠨ ᠬᠤᠶᠠᠷ ᠡᠰᠢᠲᠦ ᠪᠦᠲᠦᠴᠡ ᠶᠢᠨ ᠪᠠᠶᠢᠳᠠᠯ ᠢ ᠬᠠᠷᠠᠬᠠᠨ | ᠦᠨᠳᠦᠰᠦᠨ ᠠᠴᠠ ᠨᠢ ᠬᠤᠪᠢᠷᠠᠭᠤᠯᠵᠤ ᠳᠡᠶᠢᠯᠦᠭᠡᠳᠦᠶ᠂ ᠬᠥᠳᠡᠭᠡ ᠲᠣᠰᠬᠤᠨ ᠤ ᠠᠵᠤ ᠦᠶᠯᠡᠰ ᠤᠨ ᠠᠭᠤᠰᠤᠯᠴᠠᠯ᠂ ᠰᠠᠭᠤᠷᠢ ᠲᠥᠬᠦᠭᠡᠷᠦᠮᠵᠢ ᠶᠢ ᠢᠵᠢ | ᠪᠥᠷᠢᠳᠦᠭᠦᠯᠬᠦ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠵᠡᠷᠭᠡ ︽ᠳᠤᠲᠠᠭᠤᠳᠠᠯ︾ ᠤᠨ ᠠᠰᠠᠭᠤᠳᠠᠯ ᠲᠣᠪᠤᠶᠢᠮ᠎ᠠ ᠪᠠᠶᠢᠨ᠎ᠠ᠃ ᠲᠠᠷᠢᠶᠠᠯᠠᠩ ᠤᠨ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢᠨ ᠬᠦᠴᠢᠷᠳᠡᠯ ᠨᠡᠯᠢᠶᠡᠳ ᠶᠡᠭᠡ᠂ ᠦᠷ᠎ᠡ ᠪᠦᠲᠦᠮᠵᠢ ᠪᠠᠷ ᠠᠨᠠᠶ᠂ ᠨᠡᠷᠡᠨ ᠬᠤᠸᠠᠷ᠂ ᠢᠳᠡᠰᠢᠨ ᠬᠤᠨᠢ᠂ ᠵᠢᠮᠢᠰ ᠨᠣᠭᠤᠭ᠎ᠠ | ᠵᠡᠷᠭᠡ ᠭᠤᠤᠯᠯᠠᠬᠤ ᠠᠵᠤ ᠦᠢᠯᠡᠰ ᠤᠨ ᠶᠠᠰᠤ ᠴᠢᠨᠠᠷ᠂ ᠦᠷ᠎ᠡ ᠠᠰᠢᠭ᠂ ᠬᠡᠪᠴᠢᠶ᠎ᠡ ᠶᠢ ᠳᠡᠭᠡᠭᠰᠢᠯᠡᠭᠦᠯᠬᠦ ᠨᠢ ᠢᠯᠡᠷᠬᠡᠶ ᠪᠢᠰᠢ᠂ ᠣᠨᠴᠠᠯᠢᠭᠲᠤ ᠠᠵᠤ ᠦᠢᠯᠡᠰ ᠲᠤ | ᠬᠡᠪᠴᠢᠶ᠎ᠡ ᠪᠠᠭ᠎ᠠ᠂ ᠲᠥᠯᠥᠪᠰᠢᠷᠡᠬᠦ ᠦᠭᠡᠢ᠂ ᠲᠣᠭᠲᠠᠭᠤᠨ ᠪᠤᠰᠤ ᠵᠡᠷᠭᠡ ᠬᠦᠴᠢᠷ ᠠᠰᠠᠭᠤᠳᠠᠯ ᠲᠤᠯᠭᠠᠷᠠᠵᠤ ᠪᠠᠶᠢᠨ᠎ᠠ᠃ ᠲᠠᠷᠢᠶᠠᠯᠠᠩ ᠤᠨ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠲᠥᠪᠯᠡᠷᠡᠩᠭᠦᠶ ᠪᠤᠰᠤ᠂ ᠠᠭᠤᠯᠤᠭᠳᠠᠬᠤᠨ ᠬᠦᠴᠦᠨ ᠵᠦᠶᠯ ᠡᠯᠪᠡᠭ ᠪᠤᠰᠤ᠂ ᠰᠢᠨ᠎ᠡ ᠮᠡᠷᠭᠡᠵᠢᠯ᠂ | ᠰᠢᠨ᠎ᠡ ᠲᠥᠷᠥᠯ ᠵᠦᠶᠯ᠂ ᠰᠢᠨ᠎ᠡ ᠬᠦᠴᠦᠨ ᠵᠦᠶᠯ ᠤᠨ ᠬᠡᠷᠡᠭᠯᠡᠯᠲᠡ ᠶᠢᠨ ᠬᠢᠷᠢ ᠬᠡᠮᠵᠢᠶ᠎ᠡ ᠳᠣᠤᠷ᠎ᠠ ᠪᠠᠶᠢᠨ᠎ᠠ᠃ ᠲᠠᠷᠢᠶᠠᠯᠠᠩ ᠤᠨ ᠪᠠᠷᠢᠮᠵᠢᠶᠠᠵᠢᠭᠤᠯᠤᠯᠲᠠ᠂ | ᠮᠥᠷᠳᠡᠵᠦ ᠪᠣᠯᠬᠤᠶᠢᠴᠠ ᠰᠢᠰᠲ᠋ᠧᠮᠵᠢ ᠲᠡᠭᠦᠯᠳᠡᠷ ᠪᠤᠰᠤ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠭᠤᠤᠯ ᠴᠣᠭᠴᠠ ᠶᠢᠨ ᠬᠡᠪᠴᠢᠶᠡᠵᠢᠭᠦᠯᠦᠨ | ᠡᠵᠡᠩᠨᠡᠬᠦ ᠶᠢ ᠬᠥᠲᠥᠯᠥᠨ ᠳᠠᠭᠠᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠦᠶᠯᠡᠳᠦᠯ ᠬᠢᠵᠠᠭᠠᠷ ᠲᠠᠢ᠂ ᠬᠥᠳᠡᠭᠡ ᠲᠣᠰᠬᠤᠨ ᠤ | ᠮᠥᠩᠭᠦᠨ ᠭᠦᠶᠯᠭᠡᠭᠡᠨ ᠤ ᠳᠠᠭᠠᠳᠬᠠᠯ ᠤᠨ ᠬᠡᠮᠵᠢᠶ᠎ᠡ ᠪᠠᠭ᠎ᠠ᠂ ᠬᠡᠪᠴᠢᠶ᠎ᠡ ᠢᠪᠴᠤᠤ᠂ ᠲᠦᠭᠰᠢᠭᠦᠷᠢ ᠶᠢ ᠵᠠᠳᠠᠷᠠᠭᠤᠯᠬᠤ ᠲᠣᠭᠲᠠᠴᠠ ᠪᠣᠯᠪᠠᠰᠤᠷᠠᠩᠭᠤᠶ ᠪᠤᠰᠤ ᠪᠠᠶᠢᠨ᠎ᠠ᠃ | ᠬᠤᠶᠠᠷ ᠲᠤ ᠲᠠᠷᠢᠶᠠᠯᠠᠩ ᠤᠨ ᠪᠦᠲᠦᠭᠡᠭᠳᠡᠬᠦᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠣᠯᠠᠨ ᠪᠣᠯᠪᠠᠴᠤ ᠬᠦᠴᠦᠷᠬᠡᠭ ᠪᠢᠰᠢ ᠪᠠᠶᠢᠵᠤ᠂ | ᠣᠯᠠᠩᠬᠢ ᠨᠢ ᠠᠵᠤ ᠦᠶᠯᠡᠰ ᠤᠨ ᠬᠡᠯᠬᠢᠶ᠎ᠡ ᠪᠠ ᠥᠷᠲᠡᠭ ᠤᠨ ᠬᠡᠯᠬᠢᠶ᠎ᠡ ᠶᠢᠨ ᠳᠣᠤᠷ᠎ᠠ ᠲᠦᠪᠰᠢᠨ ᠳᠤ ᠣᠷᠣᠰᠢᠵᠤ᠂ ᠠᠵᠤ ᠦᠶᠯᠡᠳᠪᠦᠷᠢ ᠶᠢᠨ ︽ᠳᠤᠲᠠᠭᠳᠠᠯ | ᠲᠠᠯ᠎ᠠ︾ ᠶᠢᠨ ᠪᠠᠶᠢᠳᠠᠯ ᠢ ᠲᠦᠢᠯᠪᠤᠷᠢᠲᠠᠶ ᠬᠤᠪᠢᠷᠠᠭᠤᠯᠵᠤ ᠴᠢᠳᠠᠭᠰᠠᠨ ᠥᠬᠡᠶ᠃ ᠭᠤᠷᠪᠠ ᠳᠤ ᠬᠤᠲᠠ ᠶᠢᠨ ᠶᠠᠪᠤᠳᠠᠯ ᠤᠨ ᠲᠣᠨᠤᠭ ᠲᠦᠬᠦᠭᠡᠷᠦᠮᠵᠢ ᠢᠵᠢ | ᠪᠥᠷᠢᠳᠦᠭᠦᠯᠬᠦ ᠥᠬᠡᠶ᠂ ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ ᠪᠥᠲᠥᠭᠡᠨ ᠪᠠᠶᠢᠭᠤᠯᠤᠯᠲᠠ ᠲᠦᠢᠯᠪᠤᠷᠢᠲᠠᠶ ᠪᠢᠰᠢ᠂ ᠪᠤᠴᠠᠭᠠᠨ | ᠨᠡᠭᠦᠯᠭᠡᠵᠦ ᠲᠥᠪᠬᠢᠨᠡᠭᠦᠯᠦᠭᠰᠡᠨ ᠥᠬᠡᠶ ᠵᠡᠷᠭᠡ ᠠᠰᠠᠭᠤᠳᠠᠯ ᠮᠥᠨ ᠬᠦ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠳᠥᠷᠪᠡ ᠳᠤ ᠨᠡᠶᠢᠭᠡᠮ ᠠᠷᠠᠳ ᠤᠨ ᠠᠮᠢᠳᠤᠷᠠᠯ ᠤᠨ | ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠪᠣᠯᠤᠨ ᠣᠯᠠᠨ ᠲᠦᠮᠡᠨ ᠤ ᠬᠦᠰᠡᠯ ᠡᠷᠡᠮᠡᠯᠵᠡᠯ ᠨᠢ ᠪᠠᠰᠠ ᠵᠥᠷᠢᠶ᠎ᠡ ᠲᠠᠢ ᠪᠠᠶᠢᠵᠤ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ᠂ ᠡᠮᠴᠢᠯᠡᠭᠡᠨ ᠤ ᠣᠨᠣᠰᠢᠯᠠᠨ ᠡᠮᠨᠡᠬᠦ ᠬᠢᠷᠢ ᠲᠦᠪᠰᠢᠨ᠂ ᠣᠯᠠᠨ ᠲᠦᠮᠡᠨ ᠤ ᠪᠣᠯᠪᠠᠰᠤᠨ ᠤ ᠤᠬᠠᠮᠰᠠᠷ᠂ ᠨᠡᠶᠢᠲᠡ ᠶᠢᠨ ᠶᠣᠰᠣ | ᠮᠣᠷᠠᠯ ᠤᠨ ᠤᠬᠠᠮᠰᠠᠷ᠂ ᠬᠠᠤᠯᠢ ᠶᠢ ᠰᠠᠬᠢᠬᠤ ᠤᠬᠠᠮᠰᠠᠷ ᠢ ᠲᠦᠷᠭᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠲᠠᠪᠤ ᠳᠤ ᠬᠥᠭᠵᠢᠭᠦᠯᠦᠯᠲᠡ ᠪᠦᠲᠦᠭᠡᠨ | ᠪᠠᠶᠢᠭᠤᠯᠤᠯᠲᠠ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ᠂ ᠥᠷᠢ ᠥᠭᠴᠡᠭᠡ ᠶᠢ ᠠᠷᠢᠯᠭᠠᠬᠤ ᠵᠥᠷᠢᠴᠡᠯ ᠡᠳᠦᠷ ᠢᠷᠡᠬᠦᠶ᠎ᠡ ᠢᠯᠡᠷᠬᠡᠶ ᠪᠣᠯᠵᠤ᠂ ᠴᠠᠯᠢᠩ ᠢ | ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠠᠷᠤᠯᠲᠠ ᠤᠯᠠᠮ ᠠᠴᠠ ᠤᠯᠠᠮ ᠶᠡᠬᠡᠰᠴᠦ ᠪᠠᠶᠢᠨ᠎ᠠ᠃ ᠵᠢᠷᠭᠤᠭ᠎ᠠ ᠳᠤ ᠬᠡᠰᠡᠭ | ᠨᠠᠮ ᠤᠨ ᠭᠡᠰᠢᠭᠦᠨ ᠺᠠᠳ᠋ᠷ ᠪᠠᠭ᠎ᠠ ᠢᠯᠠᠯᠲᠠ ᠣᠯᠤᠮᠠᠭᠴᠠ ᠮᠠᠨᠳᠤᠵᠤ᠂ ᠪᠠᠭ᠎ᠠ ᠪᠠᠶᠠᠨ ᠪᠣᠯ ᠠᠮᠤᠷᠵᠢᠵᠤ᠂ ᠪᠠᠭ᠎ᠠ ᠠᠮᠵᠢᠯᠲᠠ ᠣᠯᠤᠮᠠᠭᠴᠠ ᠵᠣᠭᠰᠣᠵᠤ᠂ ᠬᠥᠳᠡᠯᠭᠡᠬᠦ | ᠬᠦᠴᠦᠨ ᠬᠦᠷᠦᠯᠴᠡᠬᠦ ᠦᠭᠡᠢ ᠪᠣᠯ ᠬᠢᠬᠦ ᠳᠤᠷ᠎ᠠ ᠦᠭᠡᠢ᠂ ᠴᠢᠳᠠᠪᠤᠷᠢ ᠬᠦᠷᠦᠯᠴᠡᠬᠦ ᠦᠭᠡᠢ ᠪᠣᠯ ᠬᠢᠬᠦ ᠦᠭᠡᠢ᠂ ᠬᠠᠷᠢᠭᠤᠴᠠᠯᠭ᠎ᠠ ᠬᠦᠷᠦᠯᠴᠡᠬᠦ ᠦᠭᠡᠢ ᠪᠣᠯ ᠬᠢᠬᠦ | ᠵᠣᠷᠢᠭ ᠦᠭᠡᠢ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠢᠨᠠᠮᠠᠭᠠᠶ ᠰᠢᠶᠳᠪᠦᠷᠢᠯᠡᠬᠦ ᠬᠡᠷᠡᠭᠲᠡᠶ᠃ | ᠬᠤᠶᠠᠷ᠂ 2020 ᠣᠨ ᠤ ᠬᠠᠷᠠᠯᠲᠠ ᠪᠠ ᠭᠤᠣᠯᠳᠠᠯᠭ᠎ᠠ ᠲᠠᠢ ᠠᠵᠢᠯ | 2020 ᠣᠨ ᠪᠣᠯ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠨᠢᠭᠡᠳᠦᠭᠡᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠬᠦ ᠰᠢᠶᠳᠪᠦᠷᠢᠲᠦ ᠢᠯᠠᠯᠲᠠ ᠤᠯᠬᠤ ᠵᠢᠯ ᠮᠥᠨ᠃ ᠨᠠᠷᠢᠨ ᠪᠤᠳᠤᠯᠢᠶᠠᠨᠲᠠᠢ | ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠤᠨ ᠡᠮᠦᠨ᠎ᠡ᠂ ᠰᠢᠨ᠎ᠡ ᠬᠠᠷᠢᠭᠤᠴᠠᠯᠭ᠎ᠠ ᠰᠢᠨ᠎ᠡ ᠡᠭᠦᠷᠭᠡᠯᠡᠯ ᠲᠠᠢ ᠪᠠᠶᠢᠵᠤ᠂ ᠰᠢᠨ᠎ᠡ ᠴᠠᠭ ᠦᠶ᠎ᠡ ᠳᠤ | ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ︽ᠪᠣᠷᠣᠲᠣᠬᠤᠢ ᠶᠢᠨ ᠤᠰᠤᠯᠠᠯᠲᠠ ᠶᠢᠨ ᠣᠷᠣᠨ ᠠᠮᠤ ᠪᠤᠳᠠᠭᠠᠨ ᠤ | ᠭᠤᠣᠯ ᠭᠠᠷᠤᠯᠲᠠ ᠶᠢᠨ ᠣᠷᠣᠨ ᠤ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ | ︾ ᠭᠡᠵᠦ ᠳᠤᠷᠠᠳᠴᠤ᠂ ᠮᠠᠨ ᠤ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠦᠭᠭᠦᠭᠰᠡᠨ ᠪᠥᠭᠡᠳ ᠪᠠᠰᠠ ᠴᠤ ᠦᠶᠤᠸᠠᠨ ᠤ ᠣᠯᠳᠠᠬᠤᠶ᠎ᠠ ᠪᠡᠷᠬᠡ | ᠬᠥᠭᠵᠢᠯᠲᠡ ᠶᠢᠨ ᠠᠵᠠ ᠲᠣᠬᠢᠶᠠᠯ ᠪᠣᠯᠤᠨ᠎ᠠ᠂ ᠪᠢᠳᠡ ᠠᠯᠢᠪᠠ ᠬᠦᠴᠦᠨ ᠢ ᠨᠢᠭᠲᠠᠷᠠᠭᠤᠯᠵᠤ᠂ ᠠᠯᠢᠪᠠ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠠᠯᠢᠪᠠ | ᠨᠥᠬᠦᠴᠡᠯ ᠢ ᠡᠭᠦᠳᠴᠦ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠭᠦᠷᠭᠡᠯᠡᠯ ᠢᠶᠠᠷ ᠦᠶᠤᠸᠠᠨ ᠤ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ | 2020 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ︽ᠨᠢᠭᠡ ᠵᠢᠯᠣᠭᠤᠳᠬᠤ ᠦᠵᠡᠯ ᠰᠠᠨᠠᠭ᠎ᠠ︾ ᠪᠣᠯᠤᠨ᠎ᠠ᠂ | ᠲᠤᠬᠠᠶᠢᠯᠠᠪᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠤᠨ᠎ᠠ︔ ︽ᠨᠢᠭᠡ ᠬᠥᠭᠵᠢᠯᠲᠡ ᠶᠢᠨ ᠴᠢᠭᠯᠡᠯ︾᠂ ᠳᠠᠷᠤᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ | ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ︔ ︽ᠨᠢᠭᠡ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ︾ ᠭᠡᠳᠡᠭ ᠨᠢ ︽ᠲᠡᠭᠷᠢ ᠶᠢᠨ ᠬᠡᠰᠢᠭᠲᠦ ᠪᠣᠷᠣᠲᠣᠬᠤᠶ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭ ᠢᠶᠠᠷ ᠤᠳᠤᠷᠢᠳᠤᠮᠵᠢ ᠪᠣᠯᠭᠠᠵᠤ᠂ ᠪᠣᠷᠣᠲᠣᠬᠤᠶ ᠶᠢᠨ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠣᠷᠭᠠᠨᠢᠭ ᠳᠡᠭᠡᠳᠦ ᠲᠠᠰ ᠤᠨ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ ᠦᠶᠯᠡᠴᠢᠯᠡᠭᠡᠨ ᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠥᠲᠥᠭᠡᠨ | ᠪᠠᠶᠢᠭᠤᠯᠵᠤ᠂ ︽ᠨᠢᠭᠡ ᠬᠤᠲᠠ ᠲᠠᠪᠤᠨ ᠲᠣᠭᠤᠷᠢᠭ︾ ᠢ ᠡᠭᠦᠳᠦᠨ ᠪᠠᠶᠢᠭᠤᠯᠵᠤ᠂ ︽ᠠᠷᠤ ᠭᠠᠵᠠᠷ ᠤᠨ ᠵᠢᠶᠠᠩᠨᠠᠨ᠂ ᠪᠣᠬᠢᠷᠲᠤᠯ ᠥᠬᠡᠶ ᠬᠥᠭᠵᠢᠯᠲᠡ︾ ᠶᠢ | ᠪᠡᠶᠡᠯᠡᠭᠦᠯᠦᠨ᠎ᠡ︔ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠤᠯᠬᠤ ᠨᠢ ᠳᠠᠷᠤᠢ ᠤᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠤᠯᠬᠤ ᠶᠠᠪᠤᠳᠠᠯ ᠪᠣᠯᠤᠨ᠎ᠠ︔ ︽ᠨᠢᠭᠡ ᠶᠢ ᠬᠥᠭᠵᠢᠭᠦᠯᠦᠨ ᠮᠠᠨᠳᠤᠭᠤᠯᠬᠤ︾ ᠪᠣᠯ ︽ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠩ ᠤᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ | ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠶᠠᠪᠤᠳᠠᠯ ᠪᠣᠯᠤᠨ᠎ᠠ︔ ︽ᠨᠢᠭᠡ ᠬᠠᠷᠠᠯᠲᠠ︾ ᠶᠢ ᠪᠡᠶᠡᠯᠡᠭᠦᠯᠬᠦ ᠪᠣᠯ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠣᠯᠠᠨ ᠲᠦᠮᠡᠨ ᠳᠤ ᠨᠠᠩ ᠣᠯᠠᠨ ᠨᠠᠩ ᠭᠤᠤᠯᠴᠢ ᠪᠠᠷ ᠬᠦᠷᠲᠡᠭᠡᠬᠦ | ᠶᠠᠪᠤᠳᠠᠯ ᠪᠣᠯᠤᠨ᠎ᠠ᠃ | ᠭᠤᠤᠯ ᠵᠢᠱᠢᠭᠰᠡᠨ ᠬᠠᠷᠠᠯᠲᠠ᠄ ᠭᠤᠤᠯ ᠪᠣᠯᠬᠤ ᠠᠵᠤ ᠠᠬᠤᠶ ᠵᠢᠨᠭᠦ᠋ᠢᠴᠡᠳᠭᠡᠯ ᠲᠤᠭ᠎ᠠ ᠶᠢᠨ ᠨᠡᠮᠡᠭᠳᠡᠯ ᠤᠨ ᠬᠡᠮᠵᠢᠶ᠎ᠡ ᠶᠢ ᠴᠥᠮ ᠪᠦᠬᠦ ᠬᠤᠳᠠ ᠶᠢᠨ | ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠠᠶᠢᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ | ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ︵ᠨᠢᠭᠡ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠲᠣᠪᠤᠶᠢᠮ᠎ᠠ ᠰᠠᠶᠢᠲᠤᠷ ᠠᠳᠬᠤᠵᠤ᠂ ᠪᠣᠬᠢᠷᠳᠤᠯ ᠥᠬᠡᠶ ᠴᠢᠨᠠᠷ ᠰᠠᠶᠢᠲᠠᠶ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯ ᠡᠷᠬᠡᠪᠰᠢ ᠰᠠᠶᠢᠲᠤᠷ ᠰᠠᠬᠢᠬᠤ ᠬᠡᠷᠡᠭᠲᠡᠢ ᠤᠯᠤᠰ | ᠲᠥᠷᠥ ᠶᠢᠨ ᠬᠤᠷᠢᠭ᠎ᠠ ᠱᠤᠭᠤᠮ ᠪᠣᠯᠤᠨ᠎ᠠ᠂ ᠪᠢᠳᠡ ᠪᠣᠭᠤᠮᠲᠠ ᠰᠢᠪᠲᠤᠯᠬᠤ ᠳᠤ ᠵᠠᠪᠠᠯ ᠢᠯᠠᠬᠤ ᠢᠲᠡᠭᠡᠯ ᠵᠣᠷᠢᠭ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ︽ᠪᠣᠭᠤᠮᠲᠠ︾ ᠶᠢ ᠪᠦᠬᠦ ᠬᠦᠴᠦᠨ ᠢᠶᠠᠷ ᠢᠶᠠᠨ ᠳᠠᠪᠠᠨ᠎ᠠ᠃ | ᠨᠢᠭᠡᠳᠦᠭᠡᠷ ᠲᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ | ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠢᠯ ᠪᠣᠯᠤᠨ᠎ᠠ᠂ | ᠲᠠᠭᠠᠷᠢᠯᠳᠠ ᠶᠢᠨ ᠪᠦᠷᠢᠶ᠎ᠡ ᠶᠢ ᠨᠢᠭᠡᠨᠲᠡ ᠬᠠᠩᠭᠢᠨᠠᠭᠤᠯᠵᠤ᠂ ᠪᠢᠳᠠ ᠤᠯᠠᠨ ᠲᠦᠮᠡᠨ ᠢᠶᠠᠷ ᠢᠶᠠᠨ ᠰᠡᠳᠬᠢᠯ ᠨᠢᠭᠡᠳᠦᠨ ᠴᠢᠷᠮᠠᠶᠢᠨ ᠠᠵᠢᠯᠯᠠᠬᠤ ᠬᠡᠷᠡᠭᠲᠡᠢ᠂ ᠬᠡᠳᠦᠢ | ᠬᠦᠴᠢᠷ ᠪᠡᠷᠬᠡᠰᠢᠶᠡᠯᠲᠡᠢ ᠪᠣᠯ ᠲᠡᠳᠦᠢ ᠤᠷᠤᠭᠰᠢᠯᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠦᠬᠦ ᠲᠠᠯ᠎ᠠ ᠪᠠᠷ ᠴᠢᠨᠡᠭᠡᠯᠢᠭᠵᠢᠭᠦᠯᠬᠦ ᠵᠠᠮ ᠳᠡᠭᠡᠷ᠎ᠡ ᠶᠠᠭᠠᠬᠢᠭᠰᠠᠨ | ᠴᠤ ᠬᠤᠴᠣᠷᠤᠭᠤᠯᠵᠤ ᠪᠣᠯᠬᠤ ᠦᠭᠡᠢ᠃ ᠡᠯ᠎ᠡ ᠱᠠᠲᠤᠨ ᠤ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦ ᠶᠢ ᠨᠢ ᠣᠯᠵᠤ ᠮᠡᠳᠡᠪᠡᠯ ᠪᠦᠬᠦᠨ ᠢ ᠢᠯᠭᠠᠷᠠᠭᠤᠯᠬᠤ ᠶᠢ ᠪᠡᠶᠡᠯᠡᠭᠦᠯᠦᠨ᠎ᠡ︔ ᠤᠨᠢᠨ ᠳᠡᠭᠡᠷ᠎ᠡ ᠨᠢ ᠳᠡᠭᠡᠷ᠎ᠡ ᠨᠢ | ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡ ᠶᠢ ᠲᠡᠪᠴᠢᠬᠦ ᠦᠭᠡᠢ︾ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠬᠢᠨ ᠬᠠᠷᠠᠬᠤ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠲᠤᠳᠠᠭᠤᠳᠠᠯ ᠢ ᠪᠦᠬᠦ ᠲᠠᠯ᠎ᠠ ᠪᠠᠷ ᠨᠥᠬᠦᠪᠥᠷᠢᠯᠡᠬᠦ ᠬᠡᠷᠡᠭᠲᠡᠢ︔ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠡᠨᠡ ᠬᠦ ᠦᠨᠳᠦᠰᠦᠨ ᠵᠦᠶᠯ ᠳᠤ | ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠶᠢ ᠲᠡᠳᠬᠦᠬᠦ 27 ᠠᠵᠤ ᠦᠶᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠣᠷᠣᠯᠭ᠎ᠠ ᠶᠢ ᠨᠡᠮᠡᠭᠳᠡᠭᠦᠯᠬᠦ ᠵᠠᠭᠪᠤᠷ ᠲᠤ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠶ | ᠰᠠᠭᠤᠷᠢ ᠪᠠᠷ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠰᠢᠯᠭᠠᠯᠲᠠ ᠶᠢ ᠬᠦᠯᠢᠶᠡᠨ ᠠᠪᠤᠨ᠎ᠠ᠃ ᠵᠠᠭᠤᠨ | ᠭᠠᠵᠠᠷ ᠤᠨ ︽ᠬᠠᠲᠤᠨ ᠭᠤᠤᠯ ᠳᠠᠭᠠᠤ ᠤᠰᠤ ᠵᠠᠯᠠᠬᠤ︾ ᠶᠠᠳᠠᠭᠤ ᠬᠦᠴᠢᠷᠳᠡᠯᠲᠡᠶ ᠪᠦᠰᠡ ᠶᠢᠨ ᠲᠠᠷᠢᠶᠠᠨ ᠭᠠᠵᠠᠷ ᠤᠨ ᠢᠵᠢ ᠪᠥᠷᠢᠳᠦᠭᠦᠯᠬᠦ ᠪᠠ ᠲᠠᠷᠢᠮᠠᠯ ᠤᠨ | ᠪᠦᠲᠦᠴᠡ ᠶᠢᠨ ᠲᠣᠬᠢᠷᠠᠭᠤᠯᠤᠯᠲᠠ ᠶᠢ ᠶᠡᠬᠡᠪᠡᠷ ᠠᠬᠢᠭᠤᠯᠵᠤ᠂ ᠣᠶ ᠰᠢᠭᠤᠶ ᠬᠠᠮᠠᠭᠠᠯᠠᠭᠴᠢ᠂ ᠠᠷᠠᠴᠢᠯᠠᠨ ᠬᠠᠮᠠᠭᠠᠯᠠᠭᠴᠢ᠂ ᠴᠡᠪᠡᠷᠯᠡᠭᠴᠢ ᠵᠡᠷᠭᠡ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢ ᠢᠳᠡᠪᠬᠢᠲᠡᠶ ᠨᠡᠭᠡᠭᠡᠨ ᠬᠥᠭᠵᠢᠭᠦᠯᠵᠦ᠂ ︽ᠦᠶᠯᠡᠳᠪᠦᠷᠢ ᠶᠢᠨ ᠬᠡᠷ ᠪᠠᠶᠢᠰᠢᠩ ᠤᠨ ᠬᠡᠯᠪᠡᠷᠢ︾᠂ ︽ᠬᠡᠷ ᠪᠦᠯᠢ ᠶᠢᠨ ᠬᠡᠯᠪᠡᠷᠢ | ︾᠂ ︽ᠳᠣᠭᠲᠠᠭᠰᠠᠨ ᠴᠠᠭ ᠤᠨ ᠬᠡᠯᠪᠡᠷᠢ︾ ᠵᠡᠷᠭᠡ ᠠᠵᠢᠯ ᠣᠯᠭᠤᠯᠲᠠ ᠪᠠᠷ ᠶᠠᠳᠠᠭᠤ ᠶᠢ ᠳᠡᠳᠬᠦᠬᠦ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠶᠢ | ᠲᠡᠳᠬᠦᠬᠦ ᠦᠶᠯᠡᠳᠪᠦᠷᠢ ᠶᠢᠨ ᠲᠠᠰᠤᠭ ᠢ 10 ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ᠎ᠠ᠃ ᠶᠠᠳᠠᠭᠤ ᠬᠦᠴᠢᠷᠳᠡᠯᠲᠡᠶ ᠵᠠᠬ᠎ᠠ ᠬᠢᠵᠠᠭᠠᠷ ᠡᠷᠦᠬᠡ ᠶᠢᠨ | ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠶ ᠲᠦᠯᠦᠪᠯᠡᠵᠦ᠂ ᠬᠠᠷᠢᠴᠠᠩᠭᠤᠶ ᠶᠠᠳᠠᠭᠤ ᠬᠦᠴᠢᠷᠳᠡᠯᠲᠡᠶ ᠪᠠᠶᠢᠳᠠᠯ ᠢ ᠰᠢᠶᠳᠪᠦᠷᠢᠯᠡᠬᠦ ᠤᠷᠲᠤ ᠬᠤᠭᠤᠴᠠᠭᠠᠨ ᠤ | ᠪᠦᠲᠦᠮᠵᠢᠲᠠᠢ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠪᠦᠬᠦ ᠣᠷᠣᠨ ᠤ ᠪᠦᠬᠦ | ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠳᠤᠭᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ᠃ ᠴᠢᠭᠯᠡᠯ ᠢ | ᠬᠤᠪᠢᠷᠠᠭᠤᠯᠬᠤ ᠥᠬᠡᠶ᠂ ᠡᠷᠴᠢᠮ ᠢ ᠰᠤᠯᠠᠷᠠᠭᠤᠯᠬᠤ ᠥᠬᠡᠶ ᠪᠠᠶᠢᠬᠤ ᠶᠢ ᠪᠠᠷᠢᠮᠲᠠᠯᠠᠵᠤ᠂ ᠬᠠᠮᠤᠭ ᠤᠨ ᠴᠢᠩᠭ᠎ᠠ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠠᠷᠪᠠᠨ | ᠵᠦᠶᠯ ᠤᠨ ᠠᠵᠢᠯᠯᠠᠭ᠎ᠠ︾ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠤᠨ᠎ᠠ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠬᠢ ᠡᠭᠦᠰᠦᠯ ᠠᠴᠠ ᠨᠢ ᠰᠡᠷᠭᠡᠶᠢᠯᠡᠨ | ᠡᠵᠡᠮᠳᠡᠬᠦ ᠶᠢ ᠰᠠᠶᠢᠲᠤᠷ ᠠᠳᠬᠤᠵᠤ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ︾ ᠤᠨ ᠠᠵᠤ ᠠᠬᠤᠶᠢᠯᠠᠯ ᠢ ᠴᠡᠭᠴᠡᠯᠡᠨ ᠵᠠᠰᠠᠬᠤ ᠶᠢ | ᠴᠢᠩᠭᠠᠳᠬᠠᠵᠤ᠂ ᠡᠯᠡᠰᠦ ᠴᠢᠯᠠᠭᠤᠨ ᠮᠠᠲ᠋ᠧᠷᠢᠶᠠᠯ ᠤᠨ ᠦᠢᠯᠡᠳᠪᠦᠷᠢ ᠶᠢ ᠵᠠᠬ᠎ᠠ ᠳᠡᠯᠭᠡᠭᠦᠷ ᠲᠤ ᠬᠤᠪᠢᠶᠠᠨ ᠪᠤᠴᠠᠭᠠᠬᠤ ᠶᠢ ᠪᠡᠶᠡᠯᠡᠭᠦᠯᠵᠦ᠂ ᠨᠡᠭᠦᠷᠡᠰᠦ ᠰᠢᠲᠠᠭᠠᠬᠤ 4 | ᠵᠤᠤᠬ᠎ᠠ ᠶᠢ ᠨᠤᠷᠠᠭᠠᠵᠤ᠂ ᠨᠠᠩᠭᠢ ᠰᠢᠷᠣᠢ ᠶᠢᠨ ᠲᠣᠭᠤᠰᠬ᠎ᠠ ᠶᠢᠨ 16 ᠦᠢᠯᠡᠳᠪᠦᠷᠢ ᠶᠢ ᠰᠢᠭᠰᠢᠭᠳᠡᠭᠦᠯᠪᠡ᠃ ᠨᠣᠮᠢᠨ ᠤᠰᠤ ᠶᠢ ᠬᠠᠮᠠᠭᠠᠯᠠᠬᠤ ᠳᠠᠶᠢᠯᠠᠯᠳᠤᠭᠠᠨ ᠢ | ᠰᠠᠶᠢᠲᠤᠷ ᠬᠢᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠭᠤᠣᠯ ᠮᠥᠷᠡᠨ | ᠨᠠᠭᠤᠷ ᠴᠥᠭᠦᠷᠥᠮ ᠤᠨ ᠠᠮᠢ ᠠᠬᠤᠢ ᠶᠢ ᠵᠠᠰᠠᠨ ᠰᠡᠷᠭᠦᠭᠡᠬᠦ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠪᠣᠬᠢᠷ ᠤᠰᠤ ᠶᠢ ᠰᠢᠶᠳᠪᠦᠷᠢᠯᠡᠬᠦ ᠰᠦᠶᠳᠬᠡᠯ | ᠬᠤᠷᠢᠶᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠪᠣᠬᠢᠷ ᠤᠰᠤ ᠶᠢ ᠰᠢᠶᠳᠪᠦᠷᠢᠯᠡᠬᠦ ᠦᠶᠯᠡᠳᠪᠦᠷᠢ ᠶᠢᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠵᠤ᠂ | ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠨ᠂ ᠬᠥᠮᠦᠨ ᠤ ᠬᠦᠴᠦ ᠪᠠᠷ ᠨᠤᠭᠤ ᠭᠠᠵᠠᠷ ᠢ ᠴᠡᠪᠡᠷᠰᠢᠭᠦᠯᠬᠦ ᠴᠢᠳᠠᠮᠵᠢ ᠶᠢ ᠪᠠᠳᠠᠷᠠᠭᠤᠯᠤᠨ᠎ᠠ᠃ ᠯᠦᠩ ᠰᠢᠩ | ᠴᠠᠩ ᠪᠠᠯᠭᠠᠰᠤᠨ ᠤ ᠰᠢᠨ᠎ᠡ ᠤᠰᠤᠨ ᠤ ᠰᠤᠷᠪᠤᠯᠵᠢ ᠶᠢᠨ ᠭᠠᠵᠠᠷ᠂ ᠵᠡᠭᠦᠨ ᠬᠡᠰᠡᠭ ᠤᠨ ᠲᠠᠪᠤᠨ ᠰᠤᠮᠤ ᠪᠠᠯᠭᠠᠰᠤ ᠶᠢᠨ ᠤᠰᠤᠨ ᠤ ᠰᠤᠷᠪᠤᠯᠵᠢ ᠶᠢᠨ | ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠶᠠᠨᠲᠣᠬᠤᠢ᠂ ᠰᠢᠨ ᠭᠦᠩ ᠵᠦᠩ ᠵᠡᠷᠭᠡ ᠶᠢᠨ 7 ᠪᠣᠬᠢᠷ ᠤᠰᠤ ᠰᠢᠶᠳᠪᠦᠷᠢᠯᠡᠬᠦ ᠦᠶᠯᠡᠳᠪᠦᠷᠢ | ᠪᠠ ᠲᠣᠰᠬᠤᠨ ᠤ ᠱᠠᠲᠤᠨ ᠤ ᠵᠢᠵᠢᠭ ᠬᠡᠯᠪᠡᠷᠢ ᠶᠢᠨ ᠪᠣᠬᠢᠷ ᠤᠰᠤ ᠰᠢᠶᠳᠪᠦᠷᠢᠯᠡᠬᠦ ᠦᠵᠦᠭᠦᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 90% ᠠᠴᠠ | ᠳᠡᠭᠡᠭᠰᠢᠬᠢ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠪᠦᠲᠦᠮᠵᠢᠲᠡᠶ ᠬᠠᠮᠢᠶᠠᠷᠤᠨ ᠡᠵᠡᠮᠳᠡᠬᠦ ᠶᠢ ᠦᠨᠡᠨᠬᠦ ᠪᠠᠲᠤᠯᠠᠨ᠎ᠠ᠃ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ︽ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ︾᠂ ︽ᠡᠮ ᠢ ᠬᠢᠵᠠᠭᠠᠷᠯᠠᠨ ᠬᠥᠨᠥᠭᠡᠯ ᠢ | ᠪᠠᠭᠠᠰᠬᠠᠬᠤ︾᠂ ︽ᠰᠦᠯᠢᠶᠣᠣ ᠪᠦᠷᠬᠦᠪᠴᠢ ᠶᠢ ᠬᠢᠵᠠᠭᠠᠷᠯᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠪᠠᠷᠢᠮᠲᠠᠯᠠᠵᠤ᠂ ᠲᠠᠷᠢᠶᠠᠯᠠᠩ ᠤᠨ ︽ᠳᠥᠷᠪᠡ ᠶᠢ | ᠬᠢᠵᠠᠭᠠᠷᠯᠠᠬᠤ︾ ᠶᠢ 100 ᠲᠦᠮᠡᠨ ᠮᠥ ᠬᠡᠷᠡᠭᠵᠢᠭᠦᠯᠦᠨ᠎ᠡ᠃ ︽ᠨᠠᠨᠤ᠋ ᠬᠠᠯᠢᠰᠤ︾ ᠣᠪᠣᠭᠠᠯᠠᠬᠤ ᠪᠣᠷᠳᠣᠭᠤᠷ ᠪᠣᠯᠤᠨ ᠬᠠᠶᠠᠭᠳᠠᠮᠠᠯ ᠡᠳ᠋ ᠢ ᠡᠬᠢ ᠪᠠᠶᠠᠯᠢᠭᠵᠢᠭᠤᠯᠤᠨ | ᠠᠰᠢᠭᠯᠠᠬᠤ ᠲᠤᠷᠰᠢᠯᠲᠠ ᠶᠢᠨ ᠴᠢᠭ ᠤᠨ ᠮᠡᠷᠭᠡᠵᠢᠯ ᠢ ᠳᠡᠯᠭᠡᠷᠡᠭᠦᠯᠵᠦ᠂ ᠬᠥᠷᠥᠰᠥ ᠰᠢᠷᠣᠶ ᠶᠢ ᠬᠡᠮᠵᠢᠨ ᠪᠣᠷᠳᠣᠭᠤᠷ ᠣᠷᠤᠭᠤᠯᠬᠤ ᠤᠶᠤᠨᠲᠤ ᠥᠷᠲᠡᠭᠡ 12 | ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠪᠣᠭᠠᠯᠠᠬᠤ ᠪᠣᠷᠳᠣᠭᠤᠷ ᠣᠪᠤᠭᠠᠯᠠᠬᠤ ᠵᠢᠱᠢᠶ᠎ᠡ ᠦᠵᠡᠭᠦᠯᠬᠦ ᠳᠤᠭᠤᠶᠢᠯᠠᠩ 50 ᠶᠢ ᠪᠤᠶᠢᠵᠢᠭᠤᠯᠵᠤ᠂ | ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠪᠦᠬᠦᠨ ᠢ ᠡᠭᠡᠭᠦᠯᠦᠨ ᠬᠤᠷᠢᠶᠠᠵᠤ᠂ ᠬᠤᠤᠷ ᠦᠭᠡᠶᠢᠳᠡᠭᠦᠯᠦᠨ ᠰᠢᠶᠳᠪᠦᠷᠢᠯᠡᠵᠦ᠂ ᠦᠯᠡᠳᠡᠭᠳᠡᠯ | ᠪᠦᠷᠬᠦᠭᠦᠯ ᠤᠨ ᠲᠣᠰ ᠤᠯᠠᠷᠢᠯ ᠤᠨ ᠪᠤᠴᠠᠭᠠᠨ ᠬᠤᠷᠢᠶᠠᠬᠤ ᠨᠣᠷᠮ᠎ᠠ ᠶᠢᠨ 80% ᠳᠤ ᠬᠦᠷᠦᠭᠦᠯᠦᠨ᠎ᠡ᠃ ︽ᠪᠠᠯᠭᠠᠰᠤᠨ ᠳᠤ ᠲᠤᠷᠰᠢᠯᠲᠠ ᠶᠢᠨ ᠲᠣᠰᠬᠤᠨ ᠲᠠᠢ᠂ | ᠲᠣᠰᠬᠤᠨ ᠳᠤ ᠵᠢᠱᠢᠶ᠎ᠡ ᠦᠵᠡᠭᠦᠯᠬᠦ ᠳᠤᠭᠤᠶᠢᠯᠠᠩ ᠲᠠᠢ᠂ ᠠᠯᠬᠤᠮ ᠠᠯᠬᠤᠮ ᠢᠶᠠᠷ ᠪᠦᠬᠦᠨ ᠢ ᠬᠠᠮᠤᠷᠬᠤ︾ ᠬᠤᠭ ᠨᠣᠪᠰᠢ ᠶᠢ ᠲᠥᠷᠥᠯ ᠬᠤᠪᠢᠶᠠᠨ ᠰᠢᠶᠳᠪᠦᠷᠢᠯᠡᠬᠦ | ᠲᠣᠭᠲᠠᠴᠠ ᠶᠢ ᠬᠡᠷᠡᠭᠵᠢᠭᠦᠯᠵᠦ᠂ ᠵᠥᠩ ᠾᠧ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠭ ᠨᠣᠪᠰᠢ ᠶᠢ ᠰᠢᠶᠳᠪᠦᠷᠢᠯᠡᠬᠦ ᠵᠠᠬ᠎ᠠ ᠳᠡᠯᠭᠡᠭᠦᠷᠴᠢᠯᠡᠭᠰᠡᠨ | ᠠᠵᠢᠯᠯᠠᠭᠠᠨ ᠤ ᠵᠠᠭᠪᠤᠷ ᠢ ᠬᠠᠶᠢᠨ ᠰᠦᠪᠡᠭᠴᠢᠯᠡᠵᠦ᠂ ᠬᠤᠷᠢᠶᠠᠨ ᠠᠪᠴᠤ ᠪᠣᠯᠬᠤ ᠬᠤᠭ ᠨᠣᠪᠰᠢ ᠶᠢ ᠵᠠᠬ᠎ᠠ ᠳᠡᠯᠭᠡᠭᠦᠷᠴᠢᠯᠡᠬᠦ᠂ ᠣᠷᠭᠠᠨᠢᠭ ᠬᠤᠭ ᠨᠣᠪᠰᠢ ᠶᠢ ᠡᠬᠢ | ᠪᠠᠶᠠᠯᠢᠭᠵᠢᠭᠤᠯᠬᠤ᠂ ᠪᠤᠰᠤᠳ ᠬᠤᠭ ᠨᠣᠪᠰᠢ ᠶᠢ ᠲᠥᠷᠥᠯ ᠬᠤᠪᠢᠶᠠᠬᠤ᠂ ᠬᠥᠨᠥᠭᠡᠯ ᠲᠠᠢ ᠬᠤᠭ ᠨᠣᠪᠰᠢ ᠶᠢ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠵᠦ᠂ ᠬᠥᠬᠡ | ᠲᠩᠷᠢ᠂ ᠨᠣᠮᠢᠨ ᠤᠰᠤ᠂ ᠴᠡᠪᠡᠷ ᠬᠥᠷᠥᠰᠥ ᠶᠢ ᠲᠠᠪᠤᠨ ᠡᠬᠢ ᠶᠢᠨ ᠠᠮᠢ ᠠᠬᠤᠶ ᠶᠢᠨ ᠳᠡᠪᠢᠰᠬᠡᠷ ᠥᠩᠭᠡ ᠪᠣᠯᠭᠠᠵᠤ᠂ ᠪᠥᠬᠦ ᠤᠯᠤᠰ ᠤᠨ ︽ᠬᠥᠬᠡᠮᠳᠦᠭ ᠨᠣᠭᠤᠭᠠᠨ | ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠦᠶᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ | ᠪᠠᠶᠢᠭᠤᠯᠤᠨ᠎ᠠ᠃ | ᠭᠤᠷᠪᠠᠳᠤᠭᠠᠷ ᠲᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ | ᠤᠯᠬᠤ ᠬᠡᠷᠡᠭᠲᠡᠢ᠃ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠶᠯᠭᠡᠭᠡᠨ ᠤ ᠮᠡᠬᠡᠯᠡᠯ ᠤᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠥᠷᠢ | ᠥᠭᠴᠡᠭᠡ ᠠᠷᠢᠯᠭᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠬᠤᠪᠢᠰᠤᠩᠭᠤᠶ ᠪᠠᠷ ᠦᠵᠡᠵᠦ᠂ ᠬᠠᠳᠠᠭᠠᠯᠠᠭᠳᠠᠬᠤ ᠬᠡᠮᠵᠢᠶ᠎ᠡ ᠶᠢ ᠪᠠᠭᠠᠰᠬᠠᠬᠤ᠂ ᠨᠡᠮᠡᠭᠳᠡᠯ ᠢ | ᠬᠢᠵᠠᠭᠠᠷᠯᠠᠬᠤ ᠶᠢ ᠪᠠᠷᠢᠮᠲᠠᠯᠠᠨ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠣᠯᠭᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ | ᠲᠦᠯᠦᠪᠯᠡᠭᠡ ᠳᠤ ᠲᠣᠬᠢᠷᠠᠭᠤᠯᠤᠯᠲᠠ ᠬᠢᠬᠦ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ ᠦᠯᠡᠳᠡᠭᠡᠯ ᠡᠳ᠋ ᠬᠥᠷᠥᠩᠭᠡ ᠶᠢ ᠴᠢᠯᠥᠭᠡᠲᠡᠶ ᠪᠣᠯᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠥᠷᠢ ᠰᠢᠷᠢ ᠠᠷᠢᠯᠭᠠᠵᠤ ᠪᠠᠯᠠ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ | ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠡᠮᠬᠢ ᠵᠢᠷᠤᠮ ᠲᠠᠢ ᠢᠯᠭᠠᠷᠠᠭᠤᠯᠵᠤ᠂ 5.92 ᠳ᠋ᠦᠩᠰᠢᠭᠤᠷ ᠲᠥᠭᠦᠷᠢᠭ ᠤᠨ ᠥᠷᠢ ᠰᠢᠷᠢ ᠠᠷᠢᠯᠭᠠᠬᠤ | ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠵᠢᠭᠡᠯᠡᠯᠭᠡ ᠠᠪᠴᠤ ᠪᠡᠯᠡ ᠲᠣᠬᠢᠷᠠᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ | ᠂ ᠠᠷᠭ᠎ᠠ ᠪᠦᠬᠦᠨ ᠢ ᠰᠦᠪᠡᠭᠴᠢᠯᠡᠨ ᠳᠡᠭᠡᠲᠦ ᠱᠠᠲᠤᠨ ᠤ ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭᠲᠦ ᠶᠢ ᠲᠡᠮᠡᠴᠡᠨ ᠣᠯᠵᠤ᠂ ᠢᠯᠠᠩᠭᠤᠶ᠎ᠠ ᠲᠤᠰᠬᠠᠶ ᠵᠦᠶᠯ ᠤᠨ | ᠣᠷᠣᠨ ᠨᠤᠲᠤᠭ ᠤᠨ ᠵᠢᠭᠡᠯᠡᠯᠭᠡ ᠶᠢᠨ ᠲᠡᠮᠡᠴᠡᠨ ᠣᠯᠬᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠬᠥᠳᠡᠭᠡ ᠠᠵᠤ ᠠᠬᠤᠢ ᠶᠢᠨ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ︽ᠶᠡᠷᠦᠩᠬᠡᠶ ᠱᠦᠵᠢ ᠰᠢ ᠶᠢᠨ ᠫᠢᠩ ᠤᠨ ᠪᠣᠷᠣᠲᠣᠬᠤᠶ ᠶᠢᠨ | ᠤᠰᠤᠯᠠᠯᠲᠠ ᠶᠢᠨ ᠣᠷᠤᠨ ᠤ ᠣᠳᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠬᠢᠨᠠᠮᠠᠭᠠᠶ ᠨᠠᠶᠢᠳᠠᠪᠤᠷᠢᠵᠢᠭᠤᠯᠬᠤ᠂ ︽ | ᠳᠣᠯᠣᠭᠠᠨ ᠶᠡᠭᠡ ᠠᠵᠢᠯᠯᠠᠭ᠎ᠠ︾ ᠶᠢ ᠠᠬᠢᠭᠤᠯᠤᠨ᠂ ︽ᠭᠤᠷᠪᠠᠨ ᠶᠡᠭᠡ ᠬᠠᠷᠠᠯᠲᠠ︾ ᠶᠢ ᠪᠡᠶᠡᠯᠡᠭᠦᠯᠵᠦ᠂ ᠨᠠᠷᠠᠲᠤ ᠲᠡᠮᠳᠡᠭᠲᠦ ᠲᠠᠷᠢᠶᠠᠯᠠᠩ᠂ ᠥᠨᠳᠥᠷ ᠦᠷ᠎ᠡ | ᠠᠰᠢᠭᠲᠤ ᠲᠠᠷᠢᠶᠠᠯᠠᠩ᠂ ᠠᠷᠢᠭᠤᠨ ᠴᠡᠪᠡᠷ ᠲᠠᠷᠢᠶᠠᠯᠠᠩ᠂ ᠰᠢᠨ᠎ᠡ ᠶᠢ ᠡᠭᠦᠳᠬᠦ ᠲᠠᠷᠢᠶᠠᠯᠠᠩ᠂ ᠲᠥᠷᠥᠯ ᠵᠦᠶᠯ ᠤᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ | ᠪᠣᠷᠣᠲᠣᠬᠤᠶ ᠶᠢᠨ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠣᠷᠭᠠᠨᠢᠭ ᠳᠡᠭᠡᠲᠦ ᠲᠡᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠦᠶᠯᠡᠳᠪᠦᠷᠢᠯᠡᠵᠦ ᠡᠳ᠋ᠰᠢᠭᠦᠯᠬᠦ ᠦᠶᠯᠡᠴᠢᠯᠡᠭᠡᠨ ᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠭᠤᠷᠪᠠᠨ ᠠᠵᠤ ᠦᠶᠯᠡᠰ ᠢ ᠠᠭᠤᠰᠤᠯᠴᠠᠭᠤᠯᠬᠤ᠂ ᠣᠳᠣ ᠦᠶ᠎ᠡ ᠶᠢᠨ ᠲᠠᠷᠢᠶᠠᠯᠠᠩ ᠤᠨ ᠪᠥᠬᠦ ᠤᠯᠤᠰ ᠲᠤ ᠲᠡᠷᠢᠭᠦᠯᠡᠬᠦ ᠪᠠᠷ ᠪᠥᠬᠦ | ᠬᠦᠴᠦᠨ ᠢᠶᠠᠷ ᠢᠶᠠᠨ ᠴᠢᠷᠮᠠᠶᠢᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠠᠬᠤᠶ ᠪᠠᠶᠢᠳᠠᠯ ᠢ ᠨᠡᠭᠡᠭᠡᠵᠦ᠂ ᠤᠯᠤᠰ ᠤᠨ ᠪᠠᠷᠠᠭᠤᠨ ᠬᠤᠶᠢᠲᠤ ᠣᠷᠣᠨ ᠤ ᠤᠳᠤ | ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ᠎ᠠ᠃ | ᠨᠢᠭᠡᠳᠦᠭᠡᠷ ᠲᠤ᠂ ᠡᠯᠧᠮᠧᠨ᠋ᠲ ᠤᠨ ᠴᠤᠭᠯᠠᠷᠠᠯ ᠢᠶᠠᠷ ᠭᠠᠷᠳᠠᠴᠠ ᠪᠣᠯᠭᠠᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠡᠰ ᠳᠡᠪᠰᠢᠬᠦ ᠶᠢ | ᠠᠬᠢᠭᠤᠯᠤᠨ᠎ᠠ᠃ ︽ᠠᠮᠤ ᠪᠤᠳᠠᠭ᠎ᠠ ᠲᠠᠢ ᠪᠣᠯ ᠠᠮᠤ ᠪᠤᠳᠠᠭ᠎ᠠ᠂ ᠲᠠᠷᠢᠶᠠᠯᠠᠩ ᠲᠠᠢ ᠪᠣᠯ ᠲᠠᠷᠢᠶᠠᠯᠠᠩ᠂ ᠠᠵᠤ ᠦᠶᠯᠡᠳᠪᠦᠷᠢ ᠲᠠᠢ ᠪᠣᠯ ᠠᠵᠤ ᠦᠶᠯᠡᠳᠪᠦᠷᠢ᠂ | ᠬᠤᠳᠠᠯᠳᠤᠭ᠎ᠠ ᠲᠠᠢ ᠪᠣᠯ ᠬᠤᠳᠠᠯᠳᠤᠭ᠎ᠠ ᠬᠢᠬᠦ︾ ᠶᠢ ᠪᠠᠷᠢᠮᠲᠠᠯᠠᠵᠤ᠂ ︽ᠵᠢᠷᠭᠤᠭᠠᠨ ᠰᠢᠨ᠎ᠡ︾ ᠬᠦᠴᠦᠨ ᠵᠦᠶᠯ ᠤᠨ ᠲᠣᠭᠤᠷᠢᠨ ᠳᠤ᠂ ᠶᠡᠭᠡ ᠠᠵᠤ ᠠᠬᠤᠶᠢᠯᠠᠯ ᠢ | ᠣᠷᠣᠭᠤᠯᠤᠨ ᠠᠪᠴᠢᠷᠠᠵᠤ᠂ ᠲᠣᠮᠣ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠠᠭᠤᠰᠤᠯᠴᠠᠯ ᠢ ᠲᠦᠷᠭᠡᠳᠬᠡᠵᠦ᠂ ᠯᠦᠩ | ᠰᠢᠩ ᠴᠠᠩ ᠪᠠᠯᠭᠠᠰᠤ ᠪᠠᠷ ᠲᠥᠪ ᠪᠣᠯᠭᠠᠵᠤ᠂ ᠰᠢᠨ ᠭᠦᠩ ᠵᠥᠩ᠂ ᠪᠠᠶᠠᠨᠲᠤᠬᠤᠢ᠂ ᠱᠧᠩ ᠹᠧᠩ᠂ ᠾᠧ ᠱᠧᠩ᠂ ᠷᠦᠩ ᠹᠧᠩ ᠬᠡᠰᠡᠭ ᠤᠨ ᠬᠦᠷᠢᠶᠡᠯᠡᠩ | ᠲᠣᠭᠤᠷᠢᠭ ᠯᠤᠭ᠎ᠠ ᠪᠦᠲᠦᠮᠵᠢᠲᠠᠢ ᠠᠭᠤᠰᠤᠯᠴᠠᠬᠤ ᠶᠢ ᠲᠦᠷᠭᠡᠳᠬᠡᠨ᠎ᠡ᠃ ᠲᠠᠷᠬᠤ ᠪᠠᠯᠭᠠᠰᠤ ᠪᠠᠷ ᠲᠥᠪ ᠪᠣᠯᠭᠠᠨ᠂ ᠢᠨᠳᠡᠷᠲᠦ᠂ ᠰᠢᠨ ᠭᠦᠩ ᠵᠥᠩ᠂ ᠹᠧᠩ ᠢᠦᠶ | ᠬᠡᠰᠡᠭ ᠤᠨ ᠬᠦᠷᠢᠶᠡᠯᠡᠩ ᠲᠣᠭᠤᠷᠢᠭ ᠯᠤᠭ᠎ᠠ ᠪᠦᠲᠦᠮᠵᠢᠲᠡᠶ ᠠᠭᠤᠰᠤᠯᠴᠠᠬᠤ ᠶᠢ ᠲᠦᠷᠭᠡᠳᠬᠡᠵᠦ᠂ ᠲᠢᠶᠠᠨ ᠵᠢᠶ ᠲᠠᠢ᠂ ᠹᠦ᠋ ᠰᠢᠩ ᠤᠨ ᠰᠠᠨᠠᠭᠠᠴᠢᠯᠠᠭ᠎ᠠ ᠠᠴᠠ ᠪᠠᠨ | ᠠᠭᠤᠰᠤᠯᠴᠠᠨ ᠬᠥᠭᠵᠢᠬᠦ ᠶᠢ ᠳᠠᠶᠢᠴᠢᠯᠠᠨ᠂ ᠪᠠᠯᠭᠠᠰᠤᠨ ᠤ ᠵᠠᠭᠠᠭ ᠢ ᠦᠭᠡᠶᠢᠰᠬᠡᠵᠦ᠂ ᠨᠠᠩ ᠶᠡᠭᠡ ᠬᠡᠪᠴᠢᠶᠡᠨ ᠤ ᠬᠤᠯᠪᠣᠭᠠᠯᠠᠨ ᠬᠥᠳᠡᠯᠦᠯᠴᠡᠵᠦ ᠠᠭᠤᠰᠤᠯᠴᠠᠬᠤ ᠶᠢ | ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠷᠭᠡᠳᠬᠡᠵᠦ᠂ ︽ᠵᠠᠭᠤᠨ ᠠᠵᠤ ᠠᠬᠤᠶᠢᠯᠠᠯ ᠵᠠᠭᠤᠨ ᠬᠦᠷᠢᠶᠡᠯᠡᠩ︾ ᠤᠨ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠴᠢᠬᠤᠯᠠ ᠬᠦᠴᠦᠨ ᠵᠦᠶᠯ ᠤᠨ ᠲᠣᠭᠤᠷᠢᠨ ᠳᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠰᠢᠨ᠎ᠡ ᠲᠥᠷᠥᠯ ᠵᠦᠶᠯ ᠤᠨ ᠲᠠᠷᠢᠮᠠᠯ ᠤᠨ ᠳᠡᠯᠭᠡᠷᠡᠭᠦᠯᠦᠯᠲᠡ᠂ ᠰᠢᠨ᠎ᠡ ᠮᠡᠷᠭᠡᠵᠢᠯ ᠤᠨ ᠬᠡᠷᠡᠭᠯᠡᠭᠡᠨ ᠤ ᠦᠵᠡᠭᠦᠯᠦᠯᠭᠡ᠂ | ᠪᠠᠷᠢᠮᠵᠢᠶᠠᠵᠢᠭᠤᠯᠤᠯᠲᠠ᠂ ᠬᠡᠪᠴᠢᠶᠡᠵᠢᠯ᠂ ᠮᠥᠷᠳᠡᠵᠦ ᠪᠣᠯᠬᠤ ᠰᠢᠰᠲ᠋ᠧᠮᠵᠢ ᠶᠢ ᠪᠠᠶᠢᠭᠤᠯᠬᠤ ᠪᠠᠷ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠭᠤᠤᠯᠳᠠᠯᠭ᠎ᠠ ᠪᠣᠯᠭᠠᠵᠤ᠂ ᠠᠵᠤ ᠠᠬᠤᠶᠢᠯᠠᠯ᠂ ᠬᠤᠷᠰᠢᠶ᠎ᠠ᠂ ᠲᠠᠷᠢᠶᠠᠯᠠᠩ ᠤᠨ ᠠᠳᠠᠯ ᠦᠶᠯᠡᠰ ᠴᠣᠭᠴᠠᠯᠠᠭᠰᠠᠳ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ ᠶᠢ ᠵᠣᠷᠢᠭᠵᠢᠭᠤᠯᠤᠨ ᠳᠠᠮᠵᠢᠵᠤ ᠪᠠᠶᠢᠭᠠᠳ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠲᠠᠷᠢᠮᠠᠯ ᠤᠨ | ᠬᠠᠮᠢᠶᠠᠷᠤᠯᠲᠠ ᠳᠤ ᠣᠷᠣᠯᠴᠠᠭᠤᠯᠤᠨ᠎ᠠ᠃ ᠡᠯ᠎ᠡ ᠲᠥᠷᠥᠯ ᠤᠨ ᠪᠡᠯᠡ ᠮᠥᠩᠭᠦ ᠶᠢᠨ ᠲᠥᠷᠥᠯ ᠵᠦᠶᠯ ᠢ ᠡᠮᠬᠢᠯᠡᠨ ᠨᠡᠶᠢᠯᠡᠭᠦᠯᠵᠦ ᠪᠠᠶᠢᠭᠠᠳ ᠬᠦᠷᠢᠶᠡᠯᠡᠩ ᠲᠣᠭᠤᠷᠢᠭ | ᠲᠡᠰᠢ ᠬᠡᠯᠪᠠᠶᠢᠯᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠢ ᠬᠦᠷᠢᠶᠡᠯᠡᠩ ᠲᠣᠭᠤᠷᠢᠭ ᠲᠡᠰᠢ ᠬᠡᠯᠪᠠᠶᠢᠯᠭᠡᠬᠦ᠂ ᠮᠥᠩᠭᠦᠨ ᠭᠦᠶᠯᠭᠡᠭᠡᠨ ᠤ ᠳᠡᠮᠵᠢᠯᠭᠡ ᠶᠢ | ᠬᠦᠷᠢᠶᠡᠯᠡᠩ ᠲᠣᠭᠤᠷᠢᠭ ᠲᠡᠰᠢ ᠬᠡᠯᠪᠠᠶᠢᠯᠭᠡᠬᠦ᠂ ᠬᠦᠷᠢᠶᠡᠯᠡᠩ ᠲᠣᠭᠤᠷᠢᠭ ᠢ ᠦᠨᠡᠨᠬᠦ ᠬᠦᠴᠦᠨ ᠵᠦᠶᠯ ᠢ ᠲᠥᠪᠯᠡᠷᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ | ᠲᠡᠮᠳᠡᠭ ᠢ ᠪᠤᠢ ᠪᠣᠯᠭᠠᠬᠤ᠂ ᠠᠵᠢᠯ ᠣᠯᠭᠤᠵᠤ ᠠᠳᠠᠯ ᠦᠶᠯᠡᠰ ᠴᠣᠭᠴᠠᠯᠠᠬᠤ᠂ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠬᠥᠲᠥᠯᠥᠨ ᠳᠠᠭᠠᠭᠤᠯᠬᠤ | ᠴᠢᠬᠤᠯᠠ ᠲᠠᠪᠴᠠᠩ ᠪᠣᠯᠭᠠᠬᠤ ᠬᠡᠷᠡᠭᠲᠡᠶ᠃ ᠯᠦᠩ ᠵᠧᠨ ᠴᠦ ᠬᠡ᠂ ᠯᠢᠶᠠᠨ ᠰᠢᠩ ᠭᠤᠸᠠᠩ ᠹᠦ᠋᠂ ᠲᠠᠷᠬᠤ ᠪᠠᠯᠭᠠᠰᠤᠨ ᠤ ᠯᠢᠶᠠᠨ ᠹᠧᠩ᠂ ᠰᠢᠨ ᠭᠦᠩ ᠵᠥᠩ ᠤᠨ | ᠶᠦᠩ ᠯᠢᠶᠠᠨ᠂ ᠲᠢᠶᠠᠨ ᠵᠢᠶ ᠲᠠᠢ ᠠᠯᠲᠠᠨ ᠲᠠᠯ᠎ᠠ ᠨᠤᠲᠤᠭ ᠵᠡᠷᠭᠡ 30 ᠬᠡᠪᠴᠢᠶᠡᠵᠢᠯ ᠠᠴᠠ ᠳᠡᠭᠡᠭᠰᠢᠬᠢ ᠬᠦᠷᠢᠶᠡᠯᠡᠩ ᠲᠣᠭᠤᠷᠢᠭ ᠢ ᠭᠤᠤᠯᠳᠠᠯᠭ᠎ᠠ ᠲᠠᠢ ᠪᠦᠲᠦᠭᠡᠨ | ᠪᠠᠶᠢᠭᠤᠯᠵᠤ᠂ ᠬᠡᠪᠴᠢᠶ᠎ᠡ ᠨᠢ ᠢᠯᠡᠷᠬᠡᠶ᠂ ᠭᠤᠣᠯ ᠦᠷᠢᠰᠦᠯᠳᠦᠬᠦ ᠬᠦᠴᠦᠨ ᠨᠢ ᠲᠣᠪᠣᠶᠢᠮ᠎ᠠ᠂ ᠠᠵᠤ ᠦᠢᠯᠡᠰ ᠤᠨ ᠬᠡᠯᠬᠢᠶ᠎ᠡ ᠨᠢ ᠪᠦᠷᠢᠨ ᠲᠡᠭᠦᠯᠳᠡᠷ ᠣᠳᠣ | ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ | ᠬᠤᠶᠠᠳᠤᠭᠠᠷ ᠲᠤ᠂ ᠭᠤᠷᠪᠠᠨ ᠠᠵᠤ ᠦᠢᠯᠡᠰ ᠤᠨ ᠠᠭᠤᠰᠤᠯᠴᠠᠯ ᠢᠶᠠᠷ ᠭᠤᠣᠯ ᠪᠣᠯᠭᠠᠵᠤ᠂ ᠠᠵᠤ ᠦᠢᠯᠡᠰ ᠤᠨ ᠰᠢᠰᠲ᠋ᠧᠮ ᠤᠨ ᠳᠡᠰ ᠳᠡᠪᠰᠢᠬᠦ ᠶᠢ | ᠠᠬᠢᠭᠤᠯᠤᠨ᠎ᠠ᠃ ᠪᠦᠬᠦ ᠬᠤᠲᠠ ᠶᠢᠨ ︽ᠵᠢᠷᠭᠤᠭᠠᠨ ᠶᠡᠭᠡ ᠠᠵᠤ ᠦᠢᠯᠡᠰ︾ ᠢ ᠤᠷᠢᠳᠠᠪᠠᠷ ᠪᠠᠶᠢᠷᠢᠰᠢᠭᠤᠯᠬᠤ ᠶᠢᠨ ᠲᠣᠭᠤᠷᠢᠨ ᠳᠤ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠦᠶᠦᠸᠠᠨ ᠤ ᠣᠨᠴᠠᠯᠢᠭ ᠲᠠᠢ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠰᠢᠶᠠᠨ ᠤ ᠬᠡᠪᠴᠢᠶᠡᠨ ᠤ ᠠᠵᠤ | ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠪᠠ ᠤᠶᠠᠨ ᠬᠠᠳᠠᠨ ᠴᠢᠨᠠᠷ ᠢ ᠨᠡᠮᠡᠭᠳᠡᠭᠦᠯᠦᠨ᠎ᠡ᠃ ᠨᠡᠷᠡᠨ ᠬᠤᠸᠠᠷ ᠤᠨ ᠠᠵᠤ ᠦᠶᠯᠡᠰ ᠢ ᠲᠠᠰ ᠳᠡᠪᠰᠢᠭᠦᠯᠵᠦ᠂ | 2024 ᠣᠨ ᠤ ᠳᠡᠯᠡᠬᠡᠶ ᠶᠢᠨ ᠨᠡᠷᠡᠨ ᠬᠤᠸᠠᠷ ᠤᠨ ᠶᠡᠭᠡ ᠬᠤᠷᠠᠯ ᠤᠨ ᠪᠡᠯᠡᠳᠬᠡᠯ ᠠᠵᠢᠯ ᠢ ᠡᠬᠢᠯᠡᠭᠦᠯᠵᠦ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠵᠡᠷᠭᠡ | ᠳᠠᠭᠠᠭᠤᠯᠤᠭᠴᠢ ᠠᠵᠤ ᠠᠬᠤᠶᠢᠯᠠᠯ ᠢ ᠳᠡᠮᠵᠢᠵᠦ᠂ ᠨᠡᠷᠡᠨ ᠬᠤᠸᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ᠂ 100 ᠲᠦᠮᠡᠨ ᠮᠥ ᠪᠣᠬᠢᠷᠲᠤᠯ ᠥᠬᠡᠶ | ᠪᠠᠷᠢᠮᠵᠢᠶᠠᠵᠢᠭᠤᠯᠤᠭᠰᠠᠨ ᠲᠠᠷᠢᠮᠠᠯ ᠤᠨ ᠰᠠᠭᠤᠷᠢᠨ ᠭᠠᠵᠠᠷ ᠢ ᠥᠨᠳᠥᠷ ᠬᠡᠮᠵᠢᠶ᠎ᠡ ᠪᠠᠷ ᠪᠥᠲᠥᠭᠡᠨ ᠪᠠᠶᠢᠭᠤᠯᠵᠤ᠂ ᠶᠤᠸᠠᠨ ᠯᠦᠩ ᠫᠢᠩ ᠠᠺᠠᠳᠧᠮᠢᠴᠢ ᠶᠢᠨ ᠠᠵᠢᠯᠯᠠᠬᠤ | ᠥᠷᠲᠡᠭᠡ ᠶᠢ ᠪᠠᠶᠢᠭᠤᠯᠵᠤ᠂ ᠡᠪᠡᠳᠴᠢᠨ ᠡᠮᠭᠡᠭ ᠢ ᠡᠰᠡᠷᠭᠦᠴᠡᠵᠦ ᠬᠤᠷᠢᠶᠠᠯᠲᠠ ᠪᠠᠨ ᠨᠡᠮᠡᠭᠳᠡᠭᠦᠯᠬᠦ ᠰᠢᠨ᠎ᠡ ᠲᠥᠷᠥᠯ ᠵᠦᠶᠯ ᠤᠨ ᠨᠠᠷᠠᠨ ᠬᠤᠸᠠᠷ ᠢ ᠰᠤᠳᠤᠯᠤᠨ | ᠭᠠᠷᠭᠠᠵᠤ᠂ ᠨᠡᠷᠡᠨ ᠬᠤᠸᠠᠷ ᠢ ᠨᠠᠷᠢᠯᠢᠭ ᠡᠳ᠋ᠰᠢᠭᠦᠯᠬᠦ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠬᠤᠯᠪᠣᠭᠠᠲᠤ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠵᠤ᠂ ᠳᠤᠮᠳᠠᠳᠤ ᠤᠯᠤᠰ ᠤᠨ ᠨᠡᠷᠡᠨ ᠬᠤᠸᠠᠷ ᠤᠨ ᠬᠤᠲᠠ ᠶᠢ ᠪᠠᠶᠢᠭᠤᠯᠤᠨ᠎ᠠ᠃ ᠢᠳᠡᠰᠢᠨ ᠬᠤᠨᠢᠨ ᠤ ᠠᠵᠤ ᠦᠢᠯᠡᠰ ᠢ ᠳᠡᠰ ᠳᠡᠪᠰᠢᠭᠦᠯᠵᠦ᠂ | ᠢᠳᠡᠰᠢᠨ ᠬᠤᠨᠢᠨ ᠤ ᠠᠵᠤ ᠦᠢᠯᠡᠰ ᠤᠨ ᠬᠦᠭᠵᠢᠯᠲᠡ ᠶᠢ ᠠᠬᠢᠭᠤᠯᠬᠤ ᠪᠠᠷ ᠠᠷᠭ᠎ᠠ ᠰᠦᠪᠡᠭᠴᠢᠯᠡᠵᠦ᠂ ᠤᠯᠤᠰ ᠤᠨ ᠲᠡᠰ ᠤᠨ ᠣᠷᠣᠨ ᠪᠦᠰᠡ ᠶᠢᠨ ᠴᠢᠨᠠᠷᠲᠠᠢ | ᠢᠳᠡᠰᠢᠨ ᠬᠤᠨᠢᠨ ᠤ ᠦᠷᠭᠦᠯᠵᠢᠯᠡᠨ ᠪᠤᠶᠢᠵᠢᠭᠤᠯᠬᠤ ᠭᠤᠣᠯ ᠰᠠᠭᠤᠷᠢᠨ ᠭᠠᠵᠠᠷ ᠢ ᠪᠠᠶᠢᠭᠤᠯᠵᠤ᠂ ᠢᠳᠡᠰᠢᠨ ᠬᠤᠨᠢᠨ ᠤ ᠪᠠᠷᠢᠮᠵᠢᠶᠠᠵᠢᠭᠰᠠᠨ ᠠᠷᠠᠴᠢᠯᠠᠨ ᠲᠡᠵᠢᠭᠡᠬᠦ | ᠬᠢᠷᠢ ᠲᠦᠪᠰᠢᠨ ᠢ ᠳᠡᠭᠡᠭᠰᠢᠯᠡᠭᠦᠯᠵᠦ᠂ ᠠᠯᠲᠠᠨ ᠲᠠᠯ᠎ᠠ ᠨᠤᠲᠤᠭ ᠵᠡᠷᠭᠡ ᠲᠣᠯᠣᠭᠠᠶᠢᠯᠠᠭᠴᠢ ᠠᠵᠤ ᠠᠬᠤᠶᠢᠯᠠᠯ ᠢ ᠳᠠᠮᠵᠢᠵᠤ᠂ ᠡᠭᠦᠯᠳᠡᠷ ᠤᠨ ᠬᠤᠨᠢ ᠶᠢᠨ | ᠦᠷᠡᠵᠢᠭᠦᠯᠦᠨ ᠪᠤᠶᠢᠵᠢᠭᠤᠯᠬᠤ ᠲᠠᠯᠠᠪᠠᠢ ᠪᠠᠶᠢᠭᠤᠯᠵᠤ᠂ ᠬᠤᠨᠢ ᠢᠮᠠᠭ᠎ᠠ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠤᠷᠰᠢᠶ᠎ᠠ ᠶᠢ 30 ᠪᠠᠶᠢᠭᠤᠯᠵᠤ᠂ | ᠪᠠᠷᠢᠮᠵᠢᠶᠠᠵᠢᠭᠤᠯᠤᠭᠰᠠᠨ ᠢᠳᠡᠰᠢᠨ ᠬᠤᠨᠢ ᠶᠢ 30 ᠲᠦᠮᠡ ᠦᠷᠡᠵᠢᠭᠦᠯᠦᠨ᠎ᠡ᠃ ᠯᠢ ᠨᠦᠩ ᠬᠤᠨᠢᠨ ᠮᠢᠬᠠᠨ ᠤ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠨᠠᠩ ᠶᠡᠭᠡ᠂ ᠨᠠᠩ ᠰᠠᠶᠢᠨ ᠠᠵᠤ ᠠᠬᠤᠶᠢᠯᠠᠯ ᠢ ᠲᠡᠳᠡᠨ ᠠᠪᠴᠢᠷᠠᠵᠤ ᠢᠳᠡᠰᠢᠨ ᠬᠤᠨᠢᠨ ᠤ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠᠷ ᠴᠢᠷᠮᠠᠶᠢᠵᠤ | ᠂ ᠢᠳᠡᠰᠢᠨ ᠬᠤᠨᠢᠨ ᠤ ᠭᠤᠷᠪᠠᠨ ᠠᠵᠤ ᠦᠢᠯᠡᠰ ᠤᠨ ᠠᠭᠤᠰᠤᠯᠴᠠᠯ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃ ᠵᠢᠮᠢᠰ ᠢᠳᠡᠰᠢᠨ ᠨᠣᠭᠤᠭᠠᠨ ᠤ ᠠᠵᠤ | ᠦᠢᠯᠡᠰ ᠢ ᠳᠡᠰ ᠳᠡᠪᠰᠢᠭᠦᠯᠵᠦ᠂ ᠣᠳᠣ ᠪᠠᠶᠢᠭ᠎ᠠ ᠬᠦᠯᠡᠮᠵᠢ ᠶᠢᠨ ᠬᠡᠷᠡᠭᠯᠡᠬᠦ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠠᠷᠴᠢᠭᠤᠷ ᠤᠨ ᠬᠤᠶᠠᠳᠤᠭᠠᠷ | ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ 5000 ᠮᠦ ᠲᠣᠮᠣ ᠭᠤᠯᠳᠤᠩ ᠰᠠᠷᠠᠪᠴᠢ ᠶᠢ ᠰᠢᠨ᠎ᠡ ᠪᠠᠷ ᠪᠠᠶᠢᠭᠤᠯᠤᠨ᠎ᠠ᠃ ᠴᠢ ᠯᠢᠨ ᠲᠠᠷᠪᠤᠰ᠂ | ᠰᠢ ᠯᠢᠨ ᠪᠠᠯᠲᠤ ᠬᠡᠮᠬᠡ᠂ ᠨᠣᠭᠤᠭᠠᠨ ᠤᠯᠠᠭᠠᠨ ᠯᠠᠵᠤᠤ᠂ ᠲᠣᠰᠣᠨ ᠬᠦᠴᠢᠯᠲᠦ ᠯᠣᠬᠠᠱᠧᠩ ᠵᠡᠷᠭᠡ ᠰᠢᠨ᠎ᠡ ᠡᠭᠦᠯᠳᠡᠷ ᠢ ᠲᠤᠷᠰᠢᠨ ᠳᠡᠯᠭᠡᠷᠡᠭᠦᠯᠵᠦ᠂ 20 ᠲᠦᠮᠡᠨ | ᠮᠥ ᠵᠢᠮᠢᠰ ᠨᠣᠭᠤᠭ᠎ᠠ ᠳᠠᠷᠢᠨ᠎ᠠ᠃ ᠲᠠᠷᠬᠤ ᠪᠠᠯᠭᠠᠰᠤ ᠪᠠᠷ ᠲᠥᠪ ᠪᠣᠯᠭᠠᠭᠰᠠᠨ ᠭᠤᠣᠯᠳᠠᠯᠭ᠎ᠠ ᠲᠠᠢ ᠣᠷᠣᠨ ᠪᠦᠰᠡ ᠶᠢᠨ ᠣᠨᠴᠠᠯᠢᠭᠲᠤ ᠵᠢᠮᠢᠰ ᠤᠨ ᠮᠣᠳᠣ ᠲᠠᠷᠢᠬᠤ ᠶᠢ | ᠳᠠᠮᠵᠢᠵᠤ᠂ 300 ᠮᠦ ᠲᠣᠰᠣᠨ ᠲᠤᠭᠤᠷ᠂ 700 ᠮᠦ ᠤᠯᠠᠭᠠᠨ ᠮᠢᠬᠠᠯᠢᠭ ᠠᠯᠮᠤᠷᠠᠳ᠂ 1000 ᠮᠦ ᠵᠢᠢ ᠰᠢᠨ ᠭᠥᠸᠧ ᠵᠢᠮᠢᠰ ᠤᠨ ᠬᠦᠷᠢᠶᠡᠯᠡᠩ ᠢ ᠪᠦᠲᠦᠭᠡᠨ | ᠪᠠᠶᠢᠭᠤᠯᠤᠨ᠎ᠠ᠃ ᠢ ᠪᠦᠦ ᠰᠢᠷ᠎ᠠ ᠱᠠᠪᠳᠠᠯ᠎ᠠ᠂ ᠯᠢ ᠬᠤᠸᠠ ᠳ᠋ᠧ ᠶᠢᠨ ᠵᠠᠯᠠᠭᠰᠠᠨ ᠭᠠᠯ ᠵᠢᠮᠢᠰ ᠵᠡᠷᠭᠡ ᠣᠨᠴᠠᠯᠢᠭᠲᠤ ᠵᠢᠮᠢᠰ ᠤᠨ ᠰᠢᠭᠦᠰᠦ ᠶᠢᠨ ᠦᠢᠯᠡᠳᠪᠦᠷᠢᠯᠡᠯ ᠢ | ᠳᠠᠮᠵᠢᠵᠤ᠂ ᠪᠣᠭᠤᠮᠲᠠ ᠶᠢᠨ ᠭᠠᠳᠠᠨᠠᠬᠢ ᠵᠢᠮᠢᠰ ᠨᠣᠭᠤᠭᠠᠨ ᠤ ᠬᠤᠲᠠ ᠶᠢ ᠪᠦᠲᠦᠭᠡᠨ ᠪᠠᠶᠢᠭᠤᠯᠤᠨ᠎ᠠ᠃ ᠢᠳᠡᠰᠢᠨ ᠲᠠᠬᠢᠶᠠᠨ ᠤ ᠠᠵᠤ ᠦᠢᠯᠡᠰ ᠢ ᠲᠡᠰ ᠳᠡᠪᠰᠢᠭᠦᠯᠵᠦ | ᠂ ᠷᠦᠨ ᠬᠠᠢ ᠶᠤᠸᠠᠨ ᠤ 1.3 ᠳ᠋ᠦᠩᠰᠢᠭᠤᠷ ᠴᠤᠷᠪᠠᠭ᠎ᠠ ᠶᠢ ᠨᠡᠪᠴᠢᠭᠦᠯᠬᠦ᠂ 8000 ᠲᠦᠮᠡᠨ ᠲᠣᠯᠣᠭᠠᠢ ᠮᠠᠯ ᠢ ᠨᠢᠲᠤᠯᠤᠨ ᠰᠠᠯᠭᠠᠬᠤ᠂ 80 ᠲᠦᠮᠡᠨ ᠲᠣᠨ | ᠲᠡᠵᠢᠭᠡᠯ ᠪᠣᠷᠳᠣᠭᠠᠨ ᠤ ᠲᠥᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ᠂ 700 ᠲᠦᠮᠡᠨ ᠦᠷ᠎ᠡ ᠶᠢᠨ ᠲᠠᠬᠢᠶ᠎ᠠ ᠶᠢ ᠦᠷᠡᠵᠢᠭᠦᠯᠦᠨ | ᠪᠤᠶᠢᠵᠢᠭᠤᠯᠬᠤ᠂ 60 ᠲᠦᠮᠡᠨ ᠲᠣᠨ ᠰᠢᠷ᠎ᠠ ᠪᠤᠷᠴᠠᠭ ᠤᠨ ᠲᠣᠰᠣ᠂ 30 ᠲᠦᠮᠡᠨ ᠲᠣᠨ ᠠᠮᠤ ᠪᠤᠳᠠᠭ᠎ᠠ ᠶᠢ ᠬᠥᠮᠥᠷᠭᠡᠯᠡᠨ ᠬᠠᠳᠠᠭᠠᠯᠠᠬᠤ᠂ 20 ᠲᠦᠮᠡᠨ ᠲᠣᠨ | ᠣᠷᠭᠠᠨᠢᠭ ᠪᠣᠷᠳᠣᠭᠤᠷ᠂ 5 ᠲᠦᠮᠡᠨ ᠲᠣᠨ ᠪᠤᠯᠭᠤᠭᠰᠠᠨ ᠢᠳᠡᠭᠡᠨ ᠡᠳ᠋ᠰᠢᠭᠦᠯᠬᠦ ᠲᠥᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ | ᠂ ᠳᠤᠮᠳᠠᠳᠤ ᠤᠯᠤᠰ ᠤᠨ ᠢᠳᠡᠰᠢᠨ ᠲᠠᠬᠢᠶᠠᠨ ᠤ ᠬᠤᠲᠠ ᠶᠢ ᠪᠠᠶᠢᠭᠤᠯᠤᠨ᠎ᠠ᠃ ᠡᠷᠳᠡᠨᠢ ᠰᠢᠰᠢ ᠶᠢᠨ ᠠᠵᠤ ᠦᠢᠯᠡᠰ ᠢ ᠳᠡᠰ ᠳᠡᠪᠰᠢᠭᠦᠯᠵᠦ᠂ ᠵᠦᠩ ᠨᠧᠩ | ᠺᠣᠮᠫᠠᠨᠢ ᠶᠢᠨ 30 ᠲᠦᠮᠡᠨ ᠲᠣᠨ ᠡᠷᠳᠡᠨᠢ ᠰᠢᠰᠢ ᠢᠶᠠᠷ ᠡᠲ᠋ᠢᠯ ᠠᠯᠺᠣᠣᠯ ᠦᠢᠯᠡᠳᠬᠦ᠂ 27 ᠲᠦᠮᠡᠨ ᠲᠣᠨ ᠤᠭᠤᠷᠠᠭ ᠶᠡᠬᠡᠲᠡᠶ ᠲᠡᠵᠢᠭᠡᠯ ᠪᠣᠷᠳᠣᠭᠠᠨ ᠤ ᠲᠥᠷᠦᠯ | ᠵᠦᠢᠯ ᠢ ᠢᠳᠡᠪᠬᠢᠲᠡᠢ ᠠᠬᠢᠭᠤᠯᠵᠤ᠂ ᠨᠢᠭᠡᠳᠦᠭᠡᠷ ᠬᠤᠭᠤᠴᠠᠭᠠᠨ ᠤ ᠠᠰᠢᠭᠯᠠᠯᠲᠠ ᠳᠤ ᠣᠷᠤᠭᠤᠯᠵᠤ᠂ ᠬᠤᠶᠠᠳᠤᠭᠠᠷ ᠬᠤᠭᠤᠴᠠᠭᠠᠨ ᠤ ᠠᠵᠢᠯ ᠢ ᠡᠬᠢᠯᠡᠭᠦᠯᠦᠨ᠂ | ᠵᠠᠭᠤᠨ ᠲᠦᠮᠡᠨ ᠮᠦ ᠡᠷᠳᠡᠨᠢ ᠰᠢᠰᠢ ᠲᠠᠷᠢᠬᠤ ᠶᠢ ᠳᠠᠶᠢᠴᠢᠯᠠᠨ᠂ ᠪᠦᠬᠦ ᠤᠯᠤᠰ ᠤᠨ ᠪᠠᠷᠠᠭᠤᠨ ᠣᠷᠣᠨ ᠤ ᠴᠣᠷ ᠤᠨ ᠭᠠᠭᠴᠠ ᠲᠦᠯᠡᠰᠢᠨ ᠡᠲ᠋ᠢᠯ ᠠᠯᠺᠣᠣᠯ | ᠬᠠᠩᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠰᠠᠭᠠᠯᠢ ᠶᠢᠨ ᠬᠤᠨᠢᠨ ᠤ ᠠᠵᠤ ᠦᠢᠯᠡᠰ ᠢ ᠳᠡᠰ ᠳᠡᠪᠰᠢᠭᠦᠯᠦᠨ᠂ ᠪᠦᠬᠦ ᠤᠯᠤᠰ ᠤᠨ ᠰᠢᠯᠢᠳᠡᠭ ᠰᠠᠭᠠᠯᠢ ᠶᠢᠨ | ᠢᠮᠠᠭ᠎ᠠ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠯᠧ ᠺᠧ ᠵᠢᠶᠦ᠋ᠨ ᠬᠤᠨᠢ᠂ ᠴᠢᠩ ᠴᠢᠩ ᠲᠠᠯ᠎ᠠ | ᠨᠤᠲᠤᠭ᠂ ᠮᠣᠩᠭᠤᠯ ᠪᠠᠶᠢᠭᠠᠯᠢ᠂ ᠬᠤᠸᠠ ᠢ ᠯᠧ ᠵᠡᠷᠭᠡ ᠺᠣᠮᠫᠠᠨᠢ ᠲᠠᠢ ᠬᠤᠷᠰᠢᠵᠤ᠂ ᠵᠢᠯ ᠪᠦᠷᠢ ᠳᠤᠮᠳᠠᠴᠢ ᠪᠠᠷ 3 ᠲᠦᠮᠡᠨ ᠰᠠᠭᠠᠯᠢ ᠶᠢᠨ ᠬᠤᠨᠢ ᠶᠢ ᠦᠷᠭᠡᠳᠬᠡᠨ | ᠦᠷᠡᠵᠢᠭᠦᠯᠵᠦ᠂ ᠴᠠᠭᠠᠨ ᠢᠳᠡᠭᠡ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠢᠳᠡᠪᠬᠢᠲᠡᠢ ᠲᠥᠰᠦᠪᠯᠡᠵᠦ᠂ ᠣᠳᠣ ᠦᠶ᠎ᠡ ᠶᠢᠨ ᠲᠠᠷᠢᠶᠠᠯᠠᠩ ᠤᠨ ᠥᠭᠡᠳᠡ ᠲᠠᠢ ᠠᠵᠤ | ᠦᠢᠯᠡᠰ ᠢ ᠪᠤᠶᠢᠵᠢᠭᠤᠯᠤᠨ᠎ᠠ᠃ ᠢᠦᠶ ᠷᠦᠨ ᠪᠦᠯᠦᠭᠯᠡᠯ ᠤᠨ ᠭᠠᠭ᠋ᠠᠶ ᠨᠢᠲᠤᠯᠵᠤ ᠪᠣᠯᠪᠠᠰᠤᠷᠠᠭᠤᠯᠬᠤ ᠲᠥᠷᠥᠯ ᠵᠦᠶᠯ ᠢ ᠰᠡᠷᠭᠦᠭᠡᠬᠦ ᠪᠠᠷ ᠴᠢᠷᠮᠠᠶᠢᠵᠤ᠂ ᠵᠣᠬᠢᠬᠤ | ᠬᠡᠪᠴᠢᠶᠡᠨ ᠳᠠᠬᠢ ᠢᠳᠡᠰᠢᠨ ᠭᠠᠭ᠋ᠠᠶ ᠲᠡᠵᠢᠭᠡᠨ ᠦᠷᠡᠵᠢᠭᠦᠯᠬᠦ ᠶᠢ ᠬᠥᠭᠵᠢᠭᠦᠯᠵᠦ᠂ ᠲᠡᠵᠢᠭᠡᠯ ᠡᠪᠡᠰᠦ᠂ ᠢᠳᠡᠰᠢᠨ ᠡᠯᠵᠢᠭᠡ᠂ ᠥᠨᠳᠡᠭᠡᠨ ᠭᠠᠯᠠᠭᠤ᠂ ᠲᠡᠮᠡᠭᠡᠨ | ᠬᠢᠷᠭᠤᠤᠯ᠂ ᠬᠢᠲᠠᠳ ᠡᠪᠡᠰᠦᠨ ᠡᠮ ᠵᠡᠷᠭᠡ ᠣᠨᠴᠠᠯᠢᠭᠲᠤ ᠠᠵᠤ ᠦᠶᠯᠡᠰ ᠢ ᠦᠷᠭᠦᠯᠵᠢᠯᠡᠨ ᠳᠠᠮᠵᠢᠵᠤ᠂ ᠣᠯᠠᠨ ᠡᠰᠢᠵᠢᠭᠦᠯᠦᠨ ᠬᠥᠭᠵᠢᠭᠰᠡᠨ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮᠵᠢ ᠶᠢ ᠴᠣᠭᠴᠠᠯᠠᠨ ᠪᠠᠶᠢᠭᠤᠯᠤᠨ᠎ᠠ᠃ | ᠭᠤᠷᠪᠠᠳᠤᠭᠠᠷ ᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠤᠯᠭᠠᠭᠤᠷᠢᠯᠠᠯ ᠪᠣᠯᠭᠠᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ | ᠰᠢᠰᠲ᠋ᠧᠮ ᠤᠨ ᠲᠡᠰ ᠳᠡᠪᠰᠢᠬᠦ ᠶᠢ ᠠᠬᠢᠭᠤᠯᠤᠨ᠎ᠠ᠃ ᠨᠠᠷᠠᠲᠤ ᠲᠡᠮᠳᠡᠭ ᠢᠶᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ︽ᠲᠡᠭᠷᠢ ᠶᠢᠨ ᠬᠡᠰᠢᠭᠲᠦ ᠪᠣᠷᠣᠲᠣᠬᠤᠶ︾ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠭᠡᠬᠦ ᠡᠨᠡ ᠬᠦ ︽ᠠᠯᠲᠠᠨ ᠦᠰᠦᠭᠲᠦ ᠫᠠᠶᠢᠰᠠ︾ ᠲᠤ ᠲᠦᠰᠢᠭᠯᠡᠨ᠂ ᠦᠶᠯᠡᠳᠬᠦᠨ ᠤ | ᠭᠡᠷᠡᠴᠢᠯᠡᠭᠡ ᠶᠢ ᠰᠠᠶᠢᠲᠤᠷ ᠠᠳᠬᠤᠵᠤ᠂ ᠦᠶᠯᠡᠳᠬᠦᠨ ᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠦᠶᠯᠡᠳᠬᠦᠨ ᠤ ᠳᠡᠰ ᠢ ᠳᠡᠭᠡᠭᠰᠢᠯᠡᠭᠦᠯᠵᠦ᠂ ᠲᠣᠯᠣᠭᠠᠶᠢᠯᠠᠭᠴᠢ ᠠᠵᠤ | ᠠᠬᠤᠶᠢᠯᠠᠯ᠂ ᠲᠤᠰᠬᠠᠶ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠳᠡᠮᠵᠢᠵᠦ᠂ ︽ᠳᠡᠭᠷᠢ ᠶᠢᠨ ᠬᠡᠰᠢᠭᠲᠦ ᠪᠣᠷᠣᠲᠣᠬᠤᠶ︾ ᠦᠶᠯᠡᠳᠬᠦᠨ ᠤ | ᠪᠠᠷᠢᠮᠵᠢᠶ᠎ᠠ ᠪᠠ ᠡᠵᠡᠩᠨᠡᠯᠲᠡ ᠶᠢᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠪᠣᠬᠢᠷᠲᠤᠯ ᠥᠬᠡᠶ᠂ ᠣᠷᠭᠠᠨᠢᠭ ᠦᠶᠯᠡᠳᠬᠦᠨ ᠢ 20 ᠶᠢ ᠭᠡᠷᠡᠴᠢᠯᠡᠬᠦ ᠪᠠᠷ ᠴᠢᠷᠮᠠᠶᠢᠵᠤ᠂ | ︽ᠳᠡᠭᠷᠢ ᠶᠢᠨ ᠬᠡᠰᠢᠭᠲᠦ ᠪᠣᠷᠣᠲᠣᠬᠤᠶ︾ ᠶᠢᠨ 3 ᠠᠵᠤ ᠠᠬᠤᠶᠢᠯᠠᠯ ᠳᠤ ᠡᠷᠬᠡ ᠣᠯᠭᠤᠬᠤ ᠪᠠᠷ ᠴᠢᠷᠮᠠᠶᠢᠨ᠎ᠠ᠃ ︽ᠳᠡᠭᠷᠢ ᠶᠢᠨ ᠬᠡᠰᠢᠭᠲᠦ ᠪᠣᠷᠣᠲᠣᠬᠤᠶ︾ ᠶᠢᠨ | ᠶᠡᠷᠦᠩᠬᠡᠶ ᠬᠡᠯᠲᠡᠰ ᠤᠨ ᠰᠠᠭᠤᠷᠢᠨ ᠭᠠᠵᠠᠷ᠂ ᠶᠦᠨ ᠼᠠᠩ ᠪᠠᠷᠠᠭᠠᠨ ᠤ ᠭᠦᠢᠯᠭᠡᠭᠡᠨ ᠤ ᠭᠠᠷᠠᠮ ᠠᠴᠠ ᠣᠷᠣᠵᠤ ᠭᠠᠷᠬᠤ ᠲᠥᠪ᠂ ︽ᠵᠠᠭᠤᠨ ᠬᠤᠲᠠ ᠮᠢᠩᠭᠠᠨ | ᠳᠡᠯᠭᠡᠭᠦᠷ ᠲᠦᠮᠡᠨ ᠬᠤᠷᠭᠤ︾ ᠶᠢᠨ ᠢᠨᠵᠢᠨ᠋ᠧᠷᠢᠩ ᠢ ᠠᠰᠢᠭᠯᠠᠨ᠂ ᠨᠠᠩ ᠣᠯᠠᠨ ᠴᠢᠨᠠᠷ ᠰᠠᠶᠢᠲᠠᠶ ᠲᠠᠷᠢᠶᠠᠯᠠᠩ ᠤᠨ ᠭᠠᠷᠤᠯᠲᠠ ᠶᠢ ᠳᠡᠭᠡᠳᠦ ᠲᠠᠰ ᠤᠨ ᠵᠠᠬ᠎ᠠ | ᠳᠡᠯᠭᠡᠭᠦᠷ ᠲᠤ ᠣᠷᠣᠭᠤᠯᠵᠤ᠂ ︽ᠰᠠᠶᠢᠨ ᠪᠦᠲᠦᠭᠡᠭᠳᠡᠬᠦᠨ ᠢ ᠦᠨᠡᠨ ᠬᠦ ᠰᠠᠶᠢᠨ ᠦᠨ᠎ᠡ ᠬᠠᠩᠰᠢ ᠪᠠᠷ ᠬᠤᠳᠠᠯᠳᠤᠨ᠎ᠠ︾᠃ ᠡᠭᠦᠯᠳᠡᠷ ᠰᠢᠯᠢᠳᠡᠭᠵᠢᠭᠦᠯᠬᠦ ᠶᠢ | ᠳᠣᠪᠤᠶᠢᠯᠭᠠᠵᠤ᠂ ︽ᠪᠤᠶᠢᠵᠢᠭᠤᠯᠤᠨ ᠦᠷᠡᠵᠢᠭᠦᠯᠵᠦ ᠳᠡᠯᠭᠡᠷᠡᠭᠦᠯᠬᠦ︾ ᠶᠢ ᠨᠡᠩ ᠴᠣᠭᠴᠠᠵᠢᠭᠤᠯᠬᠤ ᠶᠢ ᠪᠠᠷᠢᠮᠲᠠᠯᠠᠵᠤ᠂ ᠨᠡᠷᠡᠨ ᠬᠤᠸᠠᠷ ᠤᠨ ᠰᠢᠨ᠎ᠡ ᠡᠭᠦᠯᠳᠡᠷ ᠢ | ᠰᠤᠳᠤᠯᠤᠨ ᠨᠡᠭᠡᠭᠡᠬᠦ ᠶᠢ ᠶᠡᠬᠡᠪᠡᠷ ᠥᠷᠨᠢᠭᠦᠯᠵᠦ᠂ ᠴᠤᠪᠤᠷᠠᠯ ᠢ ᠡᠰᠡᠷᠭᠦᠴᠡᠬᠦ᠂ ᠤᠰᠤᠨ ᠵᠢᠪᠡ ᠶᠢᠨ ᠡᠭᠦᠯᠳᠡᠷ ᠢ ᠬᠡᠷᠡᠭᠯᠡᠬᠦ ᠶᠢ ᠳᠡᠯᠭᠡᠷᠡᠭᠦᠯᠦᠨ᠎ᠡ᠃ ᠴᠢᠨᠠᠷ ᠰᠠᠶᠢᠲᠠᠶ | ᠢᠳᠡᠰᠢᠨ ᠬᠤᠨᠢ ᠶᠢ ᠪᠣᠶᠢᠵᠢᠭᠤᠯᠬᠤ᠂ ᠰᠠᠭᠠᠯᠢ ᠶᠢᠨ ᠢᠮᠠᠭ᠎ᠠ᠂ ᠰᠠᠭᠠᠯᠢ ᠶᠢᠨ ᠬᠤᠨᠢ ᠶᠢ ᠰᠠᠶᠢᠵᠢᠷᠠᠭᠤᠯᠬᠤ ᠠᠵᠢᠯ ᠢ ᠶᠡᠬᠡᠪᠡᠷ ᠠᠬᠢᠭᠤᠯᠵᠤ᠂ ᠢᠳᠡᠰᠢᠨ ᠬᠤᠨᠢᠨ ᠤ | ᠶᠠᠰᠤ ᠴᠢᠨᠠᠷ ᠢ ᠳᠡᠭᠡᠭᠰᠢᠯᠡᠭᠦᠯᠦᠨ᠂ ᠮᠢᠬ᠎ᠠ ᠰᠦ ᠶᠢ ᠬᠠᠪᠰᠤᠷᠭᠠᠨ ᠬᠡᠷᠡᠭᠯᠡᠬᠦ ᠢᠳᠡᠰᠢᠨ ᠬᠤᠨᠢᠨ ᠤ ᠡᠭᠦᠯᠳᠡᠷ ᠢ ᠪᠤᠶᠢᠵᠢᠭᠤᠯᠤᠨ᠎ᠠ᠃ ᠴᠢᠨᠠᠷ ᠰᠠᠶᠢᠲᠠᠶ ᠵᠢᠮᠢᠰ | ᠨᠣᠭᠤᠭ᠎ᠠ ᠶᠢ ᠬᠠᠮᠠᠭᠠᠯᠠᠨ ᠳᠡᠭᠡᠭᠰᠢᠯᠡᠭᠦᠯᠵᠦ᠂ ᠰᠢᠷ᠎ᠠ ᠱᠠᠪᠲᠠᠯ᠎ᠠ ᠶᠢᠨ ᠡᠭᠦᠯᠳᠡᠷ ᠰᠠᠶᠢᠵᠢᠷᠠᠭᠤᠯᠬᠤ᠂ ︽ᠳ᠋ᠧᠩᠯᠦ ᠤᠯᠠᠭᠠᠨ︾ ᠠᠮᠲᠠᠲᠤ ᠬᠡᠮᠬᠡ ᠶᠢ ᠴᠡᠪᠡᠷᠰᠢᠭᠦᠯᠦᠨ | ᠰᠠᠶᠢᠵᠢᠷᠠᠭᠤᠯᠵᠤ᠂ ᠤᠯᠠᠭᠠᠨ ᠮᠢᠬᠠᠨ ᠾᠥᠸᠧ ᠯᠥᠩ ᠭᠥᠸᠧ ᠵᠢᠮᠢᠰ᠂ ᠪᠧᠢ ᠪᠧᠢ ᠨᠠᠩᠭᠤᠸᠠ᠂ ᠴᠢᠨᠠᠷ ᠰᠠᠶᠢᠲᠠᠶ ᠲᠡᠵᠢᠭᠡᠯ ᠡᠪᠡᠰᠦ ᠵᠡᠷᠭᠡ ᠵᠠᠬ᠎ᠠ ᠳᠡᠯᠭᠡᠭᠦᠷ ᠤᠨ | ᠳᠠᠪᠠᠭᠤᠯᠢᠭ ᠢᠯᠡᠷᠬᠡᠶ᠂ ᠡᠯᠪᠡᠭ ᠬᠤᠷᠢᠶᠠᠯᠲᠠ ᠲᠠᠢ ᠴᠢᠨᠠᠷ ᠴᠢᠨᠰᠠᠭ᠎ᠠ ᠲᠣᠭᠲᠠᠭᠤᠨ ᠡᠭᠦᠯᠳᠡᠷ ᠢ ᠰᠣᠩᠭᠤᠨ ᠪᠣᠶᠢᠵᠢᠭᠤᠯᠤᠨ ᠳᠡᠯᠭᠡᠷᠡᠭᠦᠯᠵᠦ᠂ ᠭᠤᠤᠯᠯᠠᠬᠤ ᠠᠵᠤ | ᠦᠶᠯᠡᠰ᠂ ᠣᠨᠴᠠᠯᠢᠭᠲᠤ ᠠᠵᠤ ᠦᠶᠯᠡᠰ ᠤᠨ ᠰᠠᠶᠢᠨ ᠡᠭᠦᠯᠳᠡᠷ ᠢ ᠪᠦᠷᠬᠦᠭᠦᠯᠵᠦ᠂ ᠪᠥᠬᠦ ᠣᠷᠣᠨ ᠤ ᠲᠡᠷᠢᠭᠦᠨ ᠤ ᠦᠷ᠎ᠡ ᠶᠢᠨ ᠰᠤᠳᠤᠯᠤᠨ ᠨᠡᠭᠡᠭᠡᠬᠦ ᠰᠠᠭᠤᠷᠢᠨ | ᠭᠠᠵᠠᠷ ᠢ ᠪᠥᠲᠥᠭᠡᠨ ᠪᠠᠶᠢᠭᠤᠯᠤᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠶᠢ ᠳᠣᠪᠤᠶᠢᠯᠭᠠᠵᠤ᠂ ︽ᠳᠥᠷᠪᠡᠨ ᠬᠠᠮᠤᠭ ᠤᠨ ᠴᠢᠩᠭ᠎ᠠ︾ ᠶᠢ ᠪᠠᠷᠢᠮᠲᠠᠯᠠᠨ᠂ ᠭᠠᠵᠠᠷ | ᠰᠢᠷᠣᠶ ᠶᠢᠨ ᠬᠠᠮᠢᠶᠠᠷᠤᠯᠲᠠ᠂ ᠲᠠᠷᠢᠶᠠᠨ ᠭᠠᠵᠠᠷ ᠤᠨ ᠬᠠᠮᠢᠶᠠᠷᠤᠯᠲᠠ᠂ ︽ᠨᠢᠭᠡ ᠪᠦᠲᠦᠭᠡᠭᠳᠡᠬᠦᠨ ᠳᠤ ᠨᠢᠭᠡ ᠨᠣᠮᠧᠷ ᠲᠠᠢ ᠪᠠᠶᠢᠯᠭᠠᠬᠤ︾ ᠶᠢ ᠮᠥᠷᠳᠡᠵᠦ ᠪᠣᠯᠬᠤ | ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠥᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ︽ᠠᠷᠪᠠᠨ ᠵᠠᠭᠤ ᠮᠢᠩᠭᠠᠨ ᠲᠦᠮᠡ︾ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ | ᠲᠣᠯᠣᠭᠠᠶᠢᠯᠠᠭᠴᠢ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠣᠭᠴᠠ ᠳᠤ ᠲᠦᠰᠢᠭᠯᠡᠨ᠂ | ᠪᠠᠷᠢᠮᠵᠢᠶᠠᠵᠢᠭᠤᠯᠤᠭᠰᠠᠨ ᠢᠳᠡᠰᠢᠨ ᠬᠤᠨᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠪᠣᠬᠢᠷᠲᠤᠯ ᠥᠬᠡᠶ ᠣᠷᠭᠠᠨᠢᠭ ᠭᠤᠸ᠎ᠠ ᠵᠢᠮᠢᠰ ᠢᠳᠡᠰᠢᠨ ᠨᠣᠭᠤᠭ᠎ᠠ ᠶᠢᠨ | ᠰᠠᠭᠤᠷᠢᠨ ᠭᠠᠵᠠᠷ᠂ ᠪᠣᠬᠢᠷᠲᠤᠯ ᠥᠬᠡᠶ ᠥᠨᠳᠥᠷ ᠲᠡᠰ ᠤᠨ ᠪᠣᠭᠤᠳᠠᠶ ᠶᠢᠨ ᠰᠠᠭᠤᠷᠢᠨ ᠭᠠᠵᠠᠷ᠂ ᠪᠣᠬᠢᠷᠲᠤᠯ ᠥᠬᠡᠶ ᠨᠡᠷᠡᠨ ᠬᠤᠸᠠᠷ ᠪᠠ ᠴᠢᠨᠠᠷ ᠰᠠᠶᠢᠲᠠᠶ ᠲᠡᠵᠢᠭᠡᠯ | ᠡᠪᠡᠰᠦᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠤᠯᠤᠰ ᠤᠨ ᠢᠳᠡᠭᠡᠨ ᠤ ᠠᠮᠤᠷ ᠲᠦᠪᠰᠢᠨ ᠪᠠ ᠣᠷᠭᠠᠨᠢᠭ ᠭᠡᠷᠡᠴᠢᠯᠡᠯ ᠤᠨ ᠵᠢᠱᠢᠶ᠎ᠡ ᠦᠵᠡᠭᠦᠯᠬᠦ | ᠰᠢᠶᠠᠨ ᠢ ᠪᠦᠲᠦᠭᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠶᠯᠡᠴᠢᠯᠡᠭᠡᠨ ᠢ ᠳᠣᠪᠤᠶᠢᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠪᠣᠯᠤᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠣᠨᠢᠯᠠᠵᠤ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠦᠶᠯᠡᠴᠢᠯᠡᠭᠡᠨ ᠤ ᠲᠥᠪ᠂ ᠠᠺᠠᠳᠧᠮᠢᠴᠢ ︵ᠳ᠋ᠣᠺᠲ᠋ᠣᠷ︶ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ | ᠬᠦᠷᠢᠶᠡᠯᠡᠩ ᠵᠡᠷᠭᠡ ᠦᠶᠯᠡᠴᠢᠯᠡᠭᠡᠨ ᠤ ᠬᠦᠴᠦᠨ ᠢ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ | ᠴᠣᠭᠴᠠ ᠶᠢᠨ ᠪᠠᠶᠢᠷᠢ ᠰᠠᠭᠤᠷᠢ ᠶᠢ ᠭᠦᠶᠴᠡᠳ ᠪᠠᠳᠠᠷᠠᠭᠤᠯᠤᠨ᠎ᠠ᠃ ᠵᠠᠰᠠᠭ ᠤᠨ ᠣᠷᠳᠣᠨ ᠬᠢᠭᠡᠳ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ | ᠲᠤᠰᠬᠠᠶ ᠮᠡᠷᠭᠡᠵᠢᠯᠲᠡᠨ ᠤ ᠪᠦᠯᠬᠦᠮ ᠨᠡᠶᠢᠲᠡ᠂ ᠭᠤᠤᠯᠳᠠᠯᠭ᠎ᠠ ᠲᠠᠢ ᠳᠡᠭᠡᠲᠦ ᠰᠤᠷᠭᠠᠭᠤᠯᠢ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠮᠲᠤᠷᠠᠯᠴᠠᠭ᠎ᠠ | ᠰᠣᠯᠢᠯᠴᠠᠭ᠎ᠠ ᠶᠢ ᠴᠢᠩᠭᠠᠷᠠᠭᠤᠯᠤᠨ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ᠂ ᠲᠠᠷᠢᠶᠠᠯᠠᠩ ᠤᠨ ᠮᠠᠰᠢᠨ ᠲᠣᠨᠣᠭᠯᠠᠯ᠂ ᠬᠤᠵᠢᠷᠯᠢᠭ ᠭᠠᠵᠠᠷ ᠢ ᠥᠭᠡᠷᠡᠴᠢᠯᠡᠬᠦ | ᠵᠡᠷᠭᠡ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠣᠳᠣ ᠦᠶ᠎ᠡ ᠶᠢᠨ ᠲᠠᠷᠢᠶᠠᠯᠠᠩ ᠢ | ᠬᠥᠲᠥᠯᠥᠨ ᠳᠠᠭᠠᠭᠤᠯᠬᠤ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠡᠭᠦᠳᠬᠦ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢᠨ | ᠲᠦᠷᠢᠮ ᠢ ᠭᠦᠨᠵᠡᠭᠡᠶᠢᠷᠡᠭᠦᠯᠵᠦ᠂ ᠬᠡᠷᠡᠭᠯᠡᠭᠡᠨ ᠤ ᠮᠡᠷᠭᠡᠵᠢᠯ ᠤᠨ ᠨᠠᠷᠢᠯᠢᠭ ᠣᠨᠤᠪᠴᠢᠲᠠᠢ ᠪᠠᠷ 3.5 ᠲᠦᠮᠡᠨ ᠬᠥᠮᠦᠨ ︵ᠤᠳᠠᠭ᠎ᠠ︶ ᠢ ᠪᠣᠯᠪᠠᠰᠤᠷᠠᠭᠤᠯᠵᠤ᠂ | ᠬᠡᠷᠡᠭᠯᠡᠭᠡᠨ ᠤ ᠪᠣᠳᠠᠲᠤ ᠦᠷ᠎ᠡ ᠪᠦᠲᠦᠮᠵᠢᠲᠡᠶ ︽ᠨᠤᠲᠤᠭ ᠤᠨ ᠲᠤᠰᠬᠠᠶ ᠮᠡᠷᠭᠡᠵᠢᠯᠲᠡᠨ︾ 30 ᠨᠡᠷᠡᠰ᠂ ᠦᠶᠯᠡᠳᠪᠦᠷᠢᠯᠡᠯ ᠪᠣᠷᠣᠯᠠᠭᠤᠯᠭ᠎ᠠ ᠶᠢᠨ ᠵᠢᠱᠢᠶ᠎ᠡ ᠦᠵᠡᠭᠦᠯᠬᠦ | ︽ᠲᠠᠷᠢᠶᠠᠯᠠᠩ ᠤᠨ ᠰᠢᠨ᠎ᠡ ᠶᠢ ᠡᠭᠦᠳᠦᠭᠴᠢ︾ ᠶᠢ 100 ᠨᠡᠷᠡᠰ ᠬᠦᠮᠦᠵᠢᠭᠦᠯᠵᠦ᠂ ᠪᠦᠬᠦ ᠤᠯᠤᠰ ᠤᠨ ᠲᠡᠷᠢᠭᠦᠨ ᠤ ︽ᠲᠠᠷᠢᠶᠠᠯᠠᠩ ᠤᠨ ᠰᠢᠨ᠎ᠡ ᠶᠢ ᠡᠭᠦᠳᠬᠦ | ᠬᠦᠷᠢᠶᠡᠯᠡᠩ︾ ᠢ ᠪᠠᠶᠢᠭᠤᠯᠤᠨ᠎ᠠ᠃ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ | ᠳᠠᠭᠠᠳᠬᠠᠯ ᠤᠨ ᠲᠥᠷᠥᠯ ᠵᠦᠶᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠲᠠᠷᠢᠶᠠᠯᠠᠩ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ | ᠬᠡᠪᠴᠢᠶᠡᠵᠢᠭᠰᠡᠨ ᠵᠠᠬᠢᠶᠠᠯᠠᠭ᠎ᠠ ᠶᠢᠨ ᠬᠦᠷᠢᠶᠡᠯᠡᠩ ᠲᠣᠭᠤᠷᠢᠭ ᠤᠨ ᠲᠠᠷᠢᠶᠠᠯᠠᠩ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠢ ᠥᠷᠨᠢᠭᠦᠯᠵᠦ᠂ | ᠲᠦᠭᠰᠢᠭᠦᠷᠢ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠮᠧᠩ ᠬᠤᠢ ᠶᠤᠸᠠᠨ ᠭᠠᠵᠠᠷ ᠰᠢᠷᠣᠶ ᠶᠢ ᠨᠢᠭᠲᠠᠷᠠᠨ ᠬᠠᠮᠢᠶᠠᠷᠬᠤ ᠵᠠᠭᠪᠤᠷ ᠢ | ᠳᠡᠯᠭᠡᠷᠡᠭᠦᠯᠵᠦ᠂ ᠳᠤᠮᠳᠠᠳᠤ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠦᠶᠯᠡᠴᠢᠯᠡᠭᠡᠨ ᠤ ᠲᠠᠪᠴᠠᠩ ᠢ ᠪᠠᠶᠢᠭᠤᠯᠵᠤ᠂ ᠨᠡᠶᠢᠭᠡᠮᠴᠢᠯᠡᠭᠰᠡᠨ ᠦᠶᠯᠡᠴᠢᠯᠡᠭᠡᠨ ᠤ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 3 ᠲᠦᠮᠡᠨ ᠮᠥ ᠪᠠᠶᠢᠭᠤᠯᠵᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠨᠢᠭᠡᠳᠦᠯᠲᠡᠶ ᠬᠠᠮᠢᠶᠠᠷᠴᠤ ᠬᠡᠷᠡᠭᠵᠢᠭᠦᠯᠬᠦ | ᠂ ᠬᠥᠮᠥᠷᠭᠡᠯᠡᠨ ᠬᠠᠳᠠᠭᠠᠯᠠᠵᠤ ᠡᠳ᠋ᠰᠢᠭᠦᠯᠬᠦ᠂ ᠦᠶᠯᠡᠳᠪᠦᠷᠢᠯᠡᠯ ᠢ ᠨᠠᠶᠢᠳᠠᠨ ᠬᠠᠮᠢᠶᠠᠷᠬᠤ᠂ ᠮᠥᠩᠭᠦᠨ ᠭᠦᠶᠯᠭᠡᠭᠡᠨ ᠳᠠᠭᠠᠳᠬᠠᠯ ᠵᠡᠷᠭᠡ ᠪᠥᠬᠦ ᠶᠠᠪᠤᠴᠠ ᠶᠢᠨ | ᠨᠡᠶᠢᠭᠡᠮᠴᠢᠯᠡᠭᠰᠡᠨ ᠦᠶᠯᠡᠴᠢᠯᠡᠭᠡ ᠶᠢ ᠪᠠᠶᠢᠭᠤᠯᠤᠨ᠎ᠠ᠃ | ᠳᠥᠷᠪᠡᠳᠦᠭᠡᠷ ᠲᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠶᠢᠬᠤ ᠪᠠᠷ ᠤᠳᠤᠷᠢᠳᠤᠮᠵᠢ ᠪᠣᠯᠭᠠᠵᠤ᠂ ᠰᠠᠭᠤᠷᠢ ᠲᠦᠬᠦᠭᠡᠷᠦᠮᠵᠢ ᠶᠢᠨ ᠲᠡᠰ ᠳᠡᠪᠰᠢᠬᠦ ᠶᠢ | ᠠᠬᠢᠭᠤᠯᠤᠨ᠎ᠠ᠃ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠳᠡᠭᠡᠲᠦ ᠱᠠᠲᠤᠨ ᠤ ᠳᠡᠮᠵᠢᠯᠭᠡ ᠶᠢ ᠢᠳᠡᠪᠬᠢᠯᠡᠨ | ᠣᠯᠵᠤ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠳᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠵᠦ᠂ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠤᠨ᠂ 17. | 5 ᠲᠦᠮᠡᠨ ᠮᠦ ᠲᠠᠷᠢᠶᠠᠨ ᠭᠠᠵᠠᠷ ᠢ ᠥᠨᠳᠥᠷ ᠪᠠᠷᠢᠮᠵᠢᠶ᠎ᠠ ᠪᠠᠷ ᠴᠡᠭᠴᠡᠯᠡᠨ ᠵᠠᠰᠠᠵᠤ᠂ ᠬᠤᠵᠢᠷᠯᠢᠭ ᠭᠠᠵᠠᠷ ᠤᠨ ᠥᠭᠡᠷᠡᠴᠢᠯᠡᠯᠲᠡ ᠶᠢ 10 ᠲᠦᠮᠡᠨ ᠮᠦ | ᠬᠡᠷᠡᠭᠵᠢᠭᠦᠯᠦᠨ᠎ᠡ᠃ ᠬᠥᠷᠥᠰᠥ ᠰᠢᠷᠣᠶ ᠶᠢᠨ ᠡᠬᠢ ᠪᠠᠶᠠᠯᠢᠭ ᠢ ᠥᠨᠳᠥᠷ ᠦᠷ᠎ᠡ ᠪᠦᠲᠦᠮᠵᠢ ᠲᠠᠢ ᠪᠠᠷ ᠠᠰᠢᠭᠯᠠ᠂ ︽ᠤᠰᠤ ᠪᠠᠷ ᠭᠠᠵᠠᠷ ᠰᠢᠷᠤᠢ ᠶᠢ ᠲᠣᠭᠲᠠᠭᠠᠬᠤ᠂ | ᠤᠰᠤ ᠪᠠᠷ ᠤᠨᠠᠯᠲᠠ ᠶᠢ ᠲᠣᠭᠲᠠᠭᠠᠬᠤ︾ ᠶᠢ ᠪᠠᠷᠢᠮᠲᠠᠯᠠᠵᠤ᠂ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ᠂ ᠪᠠᠷᠢᠯᠭ᠎ᠠ ᠶᠢᠨ ᠤᠰᠤ ᠠᠷᠪᠢᠯᠠᠬᠤ᠂ | ᠬᠠᠮᠢᠶᠠᠷᠤᠯᠲᠠ ᠶᠢᠨ ᠤᠰᠤ ᠠᠷᠪᠢᠯᠠᠬᠤ ᠲᠣᠭᠤᠷᠢᠨ ᠳᠤ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ 6 ᠲᠦᠮᠡᠨ ᠮᠥ ᠭᠠᠵᠠᠷ ᠢ ᠬᠡᠷᠡᠭᠵᠢᠭᠦᠯᠵᠦ᠂ ᠳᠤᠮᠳᠠᠳᠤ | ᠢᠰᠷᠧᠯ ᠤᠨ ᠬᠤᠷᠰᠢᠶᠠᠵᠢᠯ ᠤᠨ ᠬᠦᠷᠢᠶᠡᠯᠡᠩ ᠤᠨ 2000 ᠮᠥ ᠤᠰᠤ ᠠᠷᠪᠢᠯᠠᠬᠤ ᠤᠰᠤᠯᠠᠯᠲᠠ᠂ ᠮᠧᠩ ᠬᠤᠢ ᠶᠤᠸᠠᠨ ᠤ 6000 ᠮᠥ ᠥᠨᠳᠥᠷ ᠦᠷ᠎ᠡ | ᠠᠰᠢᠭ ᠲᠠᠢ ᠪᠠᠷ ᠤᠰᠤ ᠠᠷᠪᠢᠯᠠᠬᠤ᠂ ᠶᠢᠨ ᠪᠥᠸᠧ ᠯᠢ ᠲᠠᠷᠢᠶᠠᠯᠠᠩ ᠤᠨ ᠲᠠᠯᠠᠪᠠᠢ ᠶᠢᠨ 1 ᠲᠦᠮᠡᠨ ᠮᠥ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠥᠷᠥᠯ | ᠵᠦᠶᠯ ᠢ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠤ᠂ ᠬᠦᠷᠢᠶᠡᠯᠡᠩ ᠤᠨ ᠪᠠᠶᠢᠳᠠᠯ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ︽ | ᠬᠤᠳᠳᠤᠭ ᠤᠨ ᠤᠰᠤ ᠬᠠᠲᠤᠨ ᠭᠤᠣᠯ ᠤᠨ ᠤᠰᠤ ᠶᠢᠨ ᠬᠤᠤᠰ ᠤᠰᠤᠯᠠᠯᠲᠠ︾ ᠶᠢᠨ ᠲᠥᠬᠦᠭᠡᠷᠦᠮᠵᠢᠭᠦᠯᠦᠯᠲᠡ ᠶᠢ ᠰᠠᠶᠢᠲᠤᠷ ᠬᠢᠵᠦ᠂ ᠤᠰᠤ ᠬᠡᠷᠡᠭᠯᠡᠬᠦ ᠠᠷᠭ᠎ᠠ | ᠮᠠᠶ᠋ᠢᠭ ᠢ ᠪᠦᠳᠦᠭᠦᠯᠢᠭ ᠳᠣᠤᠷ᠎ᠠ ᠠᠰᠢᠭᠯᠠᠮᠵᠢ ᠲᠠᠢ ᠪᠠᠶᠢᠭᠰᠠᠨ ᠠᠴᠠ ᠨᠢ ᠠᠷᠪᠢᠲᠠᠶ ᠡᠷᠴᠢᠮᠲᠡᠶ ᠪᠣᠯᠭᠠᠨ ᠬᠤᠪᠢᠷᠠᠭᠤᠯᠤᠨ᠎ᠠ᠃ ᠲᠤᠬᠠᠶ ᠶᠢᠨ ᠭᠠᠵᠠᠷ ᠤᠨ | ᠪᠠᠶᠢᠳᠠᠯ ᠳᠤᠨᠢ ᠲᠤᠬᠢᠷᠠᠭᠤᠯᠤᠨ᠂ ᠲᠣᠬᠢᠷᠠᠮᠵᠢᠲᠠᠶ ᠭᠠᠵᠠᠷ ᠲᠤ ᠮᠣᠳᠣ ᠲᠠᠷᠢᠵᠤ᠂ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠬᠤᠩᠭᠢᠯ ᠵᠠᠮ ᠢ ᠰᠡᠯᠪᠢᠨ ᠵᠠᠰᠠᠬᠤ | ᠢᠨᠵᠧᠨᠧᠷᠢᠩ ᠢ ᠬᠡᠷᠡᠭᠵᠢᠭᠦᠯᠵᠦ᠂ ᠡᠯᠡᠰᠦᠷᠬᠡᠭ ᠭᠠᠵᠠᠷ᠂ ᠬᠤᠵᠢᠷᠯᠢᠭ ᠭᠠᠵᠠᠷ᠂ ᠠᠲᠠᠷᠰᠢᠭᠰᠠᠨ ᠭᠠᠵᠠᠷ ᠤᠨ ᠠᠮᠢ ᠠᠬᠤᠢ ᠶᠢᠨ ᠦᠷ᠎ᠡ ᠠᠰᠢᠭ ᠢ ᠦᠷᠭᠡᠳᠭᠡᠵᠦ᠂ | 5000 ᠮᠦ ᠤᠯᠠᠭᠠᠨ ᠪᠤᠷᠭᠠᠰᠤ᠂ 1000 ᠮᠦ ᠡᠯᠡᠰᠦᠨ ᠴᠢᠪᠠᠭ᠎ᠠ ᠵᠡᠷᠭᠡ ᠬᠤᠵᠢᠷ ᠲᠤ ᠲᠡᠰᠪᠦᠷᠢᠲᠡᠶ ᠭᠠᠩ ᠬᠠᠭᠰᠠᠷᠠᠭᠠᠨ ᠳᠤ ᠲᠡᠰᠪᠦᠷᠢᠲᠡᠶ ᠣᠢ ᠮᠣᠳᠣ | ᠲᠠᠷᠢᠬᠤ ᠶᠢ ᠪᠡᠶᠡᠯᠡᠭᠦᠯᠦᠨ᠎ᠡ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢ ᠴᠢᠨᠠᠷ ᠰᠠᠶᠢᠲᠠᠶ ᠪᠡᠶᠡᠯᠡᠭᠦᠯᠵᠦ᠂ ᠣᠨᠳᠣᠤ | ᠭᠠᠵᠠᠷ ᠲᠤ ᠨᠡᠭᠦᠯᠭᠡᠨ ᠰᠢᠨ᠎ᠡ ᠶᠢ ᠪᠠᠷᠢᠵᠤ ᠬᠠᠭᠤᠴᠢᠨ ᠢ ᠨᠤᠷᠠᠭᠠᠬᠤ ᠶᠠᠳᠠᠭᠤ ᠶᠢ ᠲᠡᠳᠬᠦᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠭᠤᠴᠢᠨ | ᠲᠣᠰᠬᠤᠨ ᠢ ᠳᠠᠬᠢᠨ ᠬᠠᠭᠠᠯᠪᠤᠷᠢᠯᠠᠬᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ | ᠠᠵᠢᠯ ᠢ ᠢᠳᠡᠪᠬᠢᠲᠡᠶ ᠠᠬᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠣᠶ ᠰᠢᠭᠤᠶ ᠨᠤᠲᠤᠭ ᠪᠡᠯᠴᠢᠭᠡᠷ ᠤᠨ ᠨᠢᠭᠡ | ᠬᠠᠭᠤᠳᠠᠰᠤ ᠵᠢᠷᠤᠭ ᠢ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠴᠢᠬᠤᠯᠠ ᠶᠡᠭᠡ ᠲᠥᠷᠥᠯ ᠵᠦᠶᠯ ᠢ ᠭᠥᠯᠢᠶᠡᠨ ᠠᠪᠬᠤ ᠳᠤ ᠭᠠᠵᠠᠷ | ᠰᠢᠷᠣᠶ ᠶᠢᠨ ᠣᠷᠣᠨ ᠵᠠᠶ ᠶᠢ ᠭᠦᠶᠴᠡᠳ ᠦᠯᠡᠳᠡᠭᠡᠵᠦ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠭᠰᠡᠨ ᠵᠢᠱᠢᠶ᠎ᠡ ᠦᠵᠡᠭᠦᠯᠬᠦ ᠰᠢᠶᠠᠨ ᠢ | ᠴᠢᠷᠮᠠᠶᠢᠨ ᠡᠭᠦᠳᠬᠦ ᠬᠡᠷᠡᠭᠲᠡᠶ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠨᠠᠷ ᠰᠠᠶᠢᠲᠠᠶ ᠪᠥᠲᠥᠭᠡᠨ ᠪᠠᠶᠢᠭᠤᠯᠵᠤ᠂ ᠣᠯᠠᠨ ᠲᠦᠮᠡᠨ ᠳᠤ ᠰᠡᠳᠭᠢᠯ | ᠬᠠᠨᠤᠮᠵᠢᠲᠠᠶ ᠪᠠᠶᠢᠬᠤ ᠪᠠᠷ ᠬᠠᠷᠠᠯᠲᠠ ᠪᠣᠯᠭᠠᠨ᠂ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠠᠨ ᠪᠣᠯᠭᠠᠵᠠᠢ᠃ ᠬᠥᠳᠡᠭᠡ ᠲᠣᠰᠬᠤᠨ ᠤ | ᠣᠷᠣᠰᠢᠨ ᠰᠠᠭᠤᠬᠤ ᠣᠷᠴᠢᠨ ᠨᠥᠬᠦᠴᠡᠯ ᠢ ᠭᠤᠷᠪᠠᠨ ᠵᠢᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠬᠥᠳᠡᠭᠡ | ᠲᠣᠰᠬᠤᠨ ᠤ ᠵᠣᠷᠯᠣᠩ ᠢ ᠦᠭᠡᠷᠡᠴᠢᠯᠡᠬᠦ ᠠᠵᠢᠯ ᠢ ᠶᠡᠬᠡᠪᠡᠷ ᠠᠬᠢᠭᠤᠯᠵᠤ᠂ ︽ᠨᠢᠭᠡ ᠬᠡᠯᠪᠡᠷᠢ︾ ᠶᠢᠨ ᠬᠢᠮᠳᠠ ᠤᠰᠤ ᠪᠠᠷ ᠴᠡᠪᠡᠷᠰᠢᠭᠦᠯᠬᠦ ᠵᠣᠷᠯᠣᠩ ᠢ ᠭᠤᠤᠯᠴᠢᠯᠠᠨ | ᠪᠠᠷᠢᠵᠤ᠂ ︽ᠬᠠᠷ᠎ᠠ ᠦᠨᠡᠰᠦᠨ ᠤᠰᠤ︾ ᠶᠢ ᠠᠶᠠᠨᠳᠠᠭᠠᠨ ᠰᠠᠯᠭᠠᠵᠤ᠂ 6400 ᠡᠷᠦᠬᠡ ᠶᠢᠨ ᠵᠣᠷᠯᠣᠩ ᠢ ᠥᠭᠡᠷᠡᠴᠢᠯᠡᠬᠦ ᠶᠢ ᠪᠡᠶᠡᠯᠡᠭᠦᠯᠵᠦ᠂ ᠠᠷᠢᠭᠤᠨ ᠴᠡᠪᠡᠷ | ᠵᠣᠷᠯᠣᠩ ᠢ ᠲᠦᠭᠡᠮᠡᠯᠵᠢᠭᠦᠯᠬᠦ ᠨᠣᠷᠮ᠎ᠠ ᠶᠢ 85% ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠢ ᠬᠠᠮᠠᠭᠠᠯᠠᠬᠤ ᠲᠣᠭᠲᠠᠴᠠ ᠶᠢ | ᠪᠦᠷᠢᠨᠰᠢᠬᠦᠯᠦᠨ᠂ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ︽ᠵᠠᠮ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 100 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ 110 ᠤᠯᠤᠰ ᠤᠨ ᠵᠠᠮ ᠤᠨ | ᠦᠶᠤᠸᠠᠨ ᠤ ᠬᠡᠰᠡᠭ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠬᠦ ᠪᠠᠷ ᠴᠢᠷᠮᠠᠶᠢᠵᠤ᠂ 15 ᠵᠤᠷᠪᠤᠰ ᠥᠨᠳᠥᠷ ᠪᠠᠷᠢᠮᠵᠢᠶᠠᠲᠤ | ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠭᠡᠰᠡᠨ ᠪᠥᠬᠦ ᠤᠯᠤᠰ ᠤᠨ ᠵᠢᠱᠢᠶ᠎ᠡ ᠦᠵᠡᠭᠦᠯᠬᠦ ᠵᠠᠮ ᠢ ᠪᠥᠲᠥᠭᠡᠨ ᠪᠠᠶᠢᠭᠤᠯᠤᠨ᠎ᠠ᠃ 1000 ᠡᠷᠦᠬᠡ | ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠪᠦᠲᠦᠭᠡᠨ ᠪᠠᠶᠢᠭᠤᠯᠤᠨ᠎ᠠ᠃ ᠨᠡᠶᠢᠭᠡᠮ ᠤᠨ ᠵᠠᠰᠠᠯᠲᠠ ᠪᠠ ᠦᠶᠯᠡᠴᠢᠯᠡᠭᠡᠨ ᠤ ᠭᠤᠤᠯᠳᠠᠯᠭ᠎ᠠ ᠶᠢ ᠬᠥᠳᠡᠭᠡ ᠳᠤ | ᠰᠢᠯᠵᠢᠭᠦᠯᠬᠦ ᠶᠢ ᠲᠦᠯᠬᠢᠨ ᠠᠬᠢᠭᠤᠯᠵᠤ᠂ ᠲᠣᠰᠬᠤᠨ ᠤ ᠠᠷᠠᠳ ᠤᠨ ᠳᠤᠭᠤᠶᠢᠯᠠᠩ ᠤᠨ ︽ᠪᠢᠴᠢᠯ ᠵᠠᠰᠠᠯᠲᠠ︾ ᠶᠢ ᠭᠦᠨᠵᠡᠭᠡᠶᠢᠷᠡᠭᠦᠯᠵᠦ᠂ ︽437︾ ᠠᠶᠢᠯ | ᠲᠤᠰᠬᠤᠨ ᠤ ᠬᠠᠮᠢᠶᠠᠷᠤᠯᠲᠠ ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠩᠭᠤᠵᠢᠭᠤᠯᠤᠨ ᠬᠡᠷᠡᠭᠵᠢᠭᠦᠯᠵᠦ᠂ ᠪᠦᠬᠦ ᠤᠯᠤᠰ ᠤᠨ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ | ᠲᠠᠪᠤᠳᠤᠭᠠᠷ ᠲᠤ᠂ ᠣᠷᠣᠯᠭ᠎ᠠ ᠨᠡᠮᠡᠭᠳᠡᠭᠦᠯᠬᠦ ᠪᠠ ᠦᠷ᠎ᠡ ᠠᠰᠢᠭ ᠨᠡᠮᠡᠭᠳᠡᠭᠦᠯᠬᠦ ᠪᠠᠷ ᠬᠠᠷᠠᠯᠲᠠ ᠪᠣᠯᠭᠠᠵᠤ᠂ ᠲᠠᠷᠢᠶᠠᠴᠢᠨ ᠠᠵᠤ ᠠᠬᠤᠶᠢᠯᠠᠯ ᠤᠨ ᠠᠰᠢᠭ | ᠲᠤᠰᠠ ᠶᠢ ᠬᠤᠯᠪᠣᠭᠳᠠᠭᠤᠯᠤᠨ ᠲᠡᠰ ᠳᠡᠪᠰᠢᠭᠦᠯᠬᠦ ᠶᠢ ᠠᠬᠢᠭᠤᠯᠤᠨ᠎ᠠ᠃ ︽ᠮᠦ ᠪᠦᠷᠢ ᠶᠢᠨ ᠳᠤᠮᠳᠠᠴᠢ ᠦᠷ᠎ᠡ ᠠᠰᠢᠭ ᠢ ᠡᠷᠬᠢᠮᠯᠡᠬᠦ︾ ᠶᠢ ᠪᠠᠷᠢᠮᠲᠠᠯᠠᠵᠤ᠂ ︽3 | ᠵᠢᠯ ᠤᠨ ᠴᠠᠭ ᠬᠡᠷᠡᠭᠯᠡᠵᠦ᠂ ᠪᠥᠬᠦ ᠰᠢᠶᠠᠨ ᠤ 1/3 ᠶᠢᠨ ᠴᠢᠨᠠᠷ ᠰᠠᠶᠢᠲᠠᠶ ᠲᠠᠷᠢᠶᠠᠨ ᠭᠠᠵᠠᠷ ᠤᠨ ᠮᠦ ᠪᠦᠷᠢ ᠶᠢᠨ ᠳᠤᠮᠳᠠᠴᠢ ᠨᠢᠭᠡ ᠬᠤᠶᠠᠷ ᠭᠤᠷᠪᠠᠳᠤᠭᠠᠷ ᠠᠵᠤ | ᠦᠶᠯᠡᠰ ᠤᠨ ᠶᠡᠷᠦᠩᠬᠡᠶᠢᠯᠡᠭᠰᠡᠨ ᠦᠶᠯᠡᠳᠬᠦᠨ ᠤ ᠥᠷᠲᠡᠭ ᠢ 2 ᠲᠦᠮᠡᠨ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠵᠤ︾᠂ ᠣᠲᠣ ᠦᠶ᠎ᠡ ᠶᠢᠨ ᠲᠠᠷᠢᠶᠠᠯᠠᠩ ᠤᠨ | ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠳᠡᠭᠡᠷ᠎ᠡ ᠬᠦᠴᠦ ᠣᠷᠣᠭᠤᠯᠤᠨ᠎ᠠ᠃ ᠤᠯᠤᠰ ᠤᠨ ᠲᠠᠷᠢᠶᠠᠴᠢᠳ ᠤᠨ ᠬᠤᠷᠰᠢᠶ᠎ᠠ ᠶᠢᠨ ᠶᠠᠰᠤ ᠴᠢᠨᠠᠷ ᠢ ᠪᠥᠬᠦ | ᠰᠢᠶᠠᠨ ᠢᠶᠠᠷ ᠨᠢ ᠠᠬᠢᠭᠤᠯᠬᠤ ᠲᠤᠷᠰᠢᠯᠲᠠ ᠶᠢᠨ ᠴᠡᠭ ᠢᠶᠠᠷ ᠠᠵᠠ ᠲᠣᠬᠢᠶᠠᠯ ᠪᠣᠯᠭᠠᠵᠤ᠂ ︽ᠲᠠᠪᠤᠨ ᠣᠳᠣᠨ ᠲᠠᠰ︾ ᠤᠨ ᠬᠠᠮᠢᠶᠠᠷᠤᠯᠲᠠ ᠶᠢ ᠪᠦᠷᠢᠨᠰᠢᠬᠦᠯᠵᠦ᠂ | 50 ᠲᠠᠷᠢᠶᠠᠴᠢᠨ ᠤ ᠬᠤᠷᠰᠢᠶᠠᠵᠢᠯ᠂ 60 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ 500 | ᠬᠥᠮᠦᠨ ᠢ ᠬᠦᠮᠦᠵᠢᠭᠦᠯᠦᠨ᠎ᠡ᠃ ᠪᠠᠯᠭᠠᠰᠤ ᠲᠣᠰᠬᠤᠨ ᠤ ︽ᠭᠠᠵᠠᠷ ᠰᠢᠷᠣᠶ ᠶᠢᠨ ᠪᠠᠩᠬᠢ︾ ᠳᠤ ᠲᠦᠰᠢᠭᠯᠡᠨ᠂ ᠰᠢᠶᠠᠨ᠂ ᠪᠠᠯᠭᠠᠰᠤ᠂ ᠲᠣᠰᠬᠤᠨ ᠭᠤᠷᠪᠠᠨ | ᠱᠠᠲᠤᠨ ᠤ ᠡᠷᠭᠢᠯᠲᠡ ᠶᠢᠨ ᠲᠠᠪᠴᠠᠩ ᠳᠤ ᠲᠦᠰᠢᠭᠯᠡᠨ᠂ ᠨᠠᠶᠢᠳᠠᠨ ᠬᠠᠮᠢᠶᠠᠷᠤᠭᠤᠯᠬᠤ ᠡᠵᠡᠩᠨᠡᠯᠲᠡ᠂ ᠲᠦᠷᠢᠶᠡᠰᠦᠯᠡᠭᠦᠯᠵᠦ ᠰᠢᠯᠵᠢᠭᠦᠯᠦᠨ ᠳᠠᠭᠠᠭᠠᠴᠢᠯᠠᠭᠤᠯᠬᠤ᠂ | ᠬᠤᠪᠢ ᠣᠷᠣᠭᠤᠯᠵᠤ ᠠᠰᠢᠭ ᠬᠤᠪᠢᠶᠠᠬᠤ᠂ ᠣᠷᠣᠯᠠᠨ ᠲᠠᠷᠢᠶᠠᠯᠠᠵᠤ ᠣᠷᠣᠯᠠᠨ ᠳᠠᠷᠢᠬᠤ ᠵᠡᠷᠭᠡ ᠵᠠᠭᠪᠤᠷ ᠢ ᠵᠣᠷᠢᠭᠵᠢᠭᠤᠯᠤᠨ ᠬᠥᠭᠵᠢᠭᠦᠯᠵᠦ᠂ ᠪᠦᠯᠦᠭ ᠤᠳᠠᠭ᠎ᠠ | ᠬᠤᠪᠢᠶᠠᠨ ᠳᠤᠮᠳᠠ ᠣᠬᠤᠷ ᠬᠤᠭᠤᠴᠠᠭᠠᠨ ᠤ ᠡᠵᠡᠩᠨᠡᠯᠲᠡ ᠶᠢᠨ ᠡᠷᠬᠡ ᠪᠠᠨ ᠡᠷᠭᠢᠯᠲᠡ ᠳᠤ ᠣᠷᠣᠭᠤᠯᠵᠤ᠂ ᠭᠠᠵᠠᠷ ᠰᠢᠷᠣᠶ ᠶᠢᠨ ᠡᠷᠭᠢᠯᠲᠡ ᠶᠢᠨ ︽ᠬᠥᠪᠦᠮᠡᠯ ᠮᠠᠶ᠋ᠢᠭ | ︾ ᠤᠨ ᠵᠠᠬ᠎ᠠ ᠳᠡᠯᠭᠡᠭᠦᠷ ᠤᠨ ᠵᠢᠱᠢᠯᠲᠡ ᠥᠷᠲᠡᠭ ᠲᠤ ᠦᠨ᠎ᠡ ᠲᠣᠭᠲᠠᠭᠠᠬᠤ ᠶᠢ ᠬᠡᠷᠡᠭᠵᠢᠭᠦᠯᠵᠦ᠂ ᠪᠥᠬᠦ ᠵᠢᠯ ᠳᠤ 20 ᠲᠦᠮᠡᠨ ᠮᠥ ᠭᠠᠵᠠᠷ ᠰᠢᠷᠣᠶ ᠶᠢ | ᠬᠡᠪᠴᠢᠶᠡᠵᠢᠭᠦᠯᠦᠨ ᠡᠷᠭᠢᠯᠳᠦᠭᠦᠯᠦᠨ᠎ᠡ᠃ ᠠᠵᠤ ᠦᠶᠯᠡᠰ᠂ ᠶᠠᠳᠠᠭᠤ ᠶᠢ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ | ᠵᠠᠬᠢᠶᠠᠯᠠᠭ᠎ᠠ ᠶᠢᠨ ᠭᠡᠷ᠎ᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠬᠤᠪᠢ ᠣᠷᠣᠭᠤᠯᠵᠤ ᠬᠠᠮᠲᠤᠷᠠᠯᠴᠠᠬᠤ ᠵᠡᠷᠭᠡ ᠨᠢᠭᠲᠠ ᠬᠡᠯᠪᠡᠷᠢ ᠶᠢᠨ ᠠᠰᠢᠭ | ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠵᠢᠵᠢᠭ ᠲᠠᠷᠢᠶᠠᠴᠢᠨ ᠡᠷᠦᠬᠡ ᠶᠢ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠶᠡᠭᠡ ᠪᠠᠶᠢᠷᠢᠰᠢᠯ ᠳᠤ | ᠣᠷᠣᠭᠤᠯᠤᠨ ᠠᠪᠴᠢᠷᠠᠵᠤ᠂ ᠲᠠᠷᠢᠶᠠᠴᠢᠳ ᠤᠨ ᠭᠠᠵᠠᠷ ᠰᠢᠷᠣᠶ ᠶᠢᠨ ᠡᠷᠭᠢᠯᠲᠡ ᠳᠤ ᠲᠦᠷᠢᠶᠡᠰᠦᠨ ᠮᠥᠩᠭᠦ᠂ ᠠᠵᠢᠯ ᠬᠢᠵᠦ ᠠᠵᠢᠯ ᠤᠯᠬᠤ ᠳᠤ ᠣᠷᠣᠯᠭ᠎ᠠ ᠲᠠᠢ᠂ | ᠨᠡᠶᠢᠭᠡᠮ ᠤᠨ ᠳᠠᠭᠠᠳᠬᠠᠯ ᠤᠨ ᠡᠮᠴᠢᠯᠡᠭᠡ ᠶᠢ ᠪᠠᠲᠤᠯᠠᠭ᠎ᠠ ᠲᠠᠢ ᠪᠣᠯᠭᠠᠨ᠎ᠠ᠃ | ︵ᠭᠤᠷᠪᠠ︶ ᠲᠥᠷᠥᠯ ᠵᠦᠶᠯ ᠢᠶᠠᠷ ᠬᠥᠲᠥᠯᠥᠨ ᠳᠠᠭᠠᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠶᠢᠨ ᠡᠬᠢ | ᠡᠭᠦᠰᠦᠯ ᠤᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠠᠵᠤ ᠦᠶᠯᠡᠳᠪᠦᠷᠢ ᠪᠣᠯ ᠰᠢᠶᠠᠨ ᠤ ᠬᠡᠪᠴᠢᠶᠡᠨ ᠤ ᠠᠵᠤ ᠠᠬᠤᠶ ᠶᠢᠨ ︽ᠲᠤᠯᠭᠠᠭᠤᠷᠢ︾ ᠮᠥᠨ᠂ | ᠪᠢᠳᠡ ᠡᠷᠬᠡᠪᠰᠢ ᠠᠵᠤ ᠦᠶᠯᠡᠰ ᠤᠨ ᠲᠠᠰ ᠳᠠᠪᠬᠤᠷᠭ᠎ᠠ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠣᠳᠠᠲᠤ ᠬᠦᠴᠦᠨ ᠢ ᠬᠦᠴᠦᠷᠬᠡᠭᠵᠢᠭᠦᠯᠵᠦ᠂ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠨᠠᠷ ᠰᠠᠶᠢᠲᠠᠶ ᠬᠦᠭᠵᠢᠯᠲᠡ ᠶᠢᠨ ᠰᠠᠭᠤᠷᠢ ᠲᠤᠯᠭᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ | ᠨᠢᠭᠡᠳᠦᠭᠡᠷ ᠲᠤ᠂ ᠲᠦᠷᠦᠯ ᠵᠦᠢᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠷᠥᠯ ᠵᠦᠶᠯ ᠢ ᠲᠡᠮᠡᠴᠡᠨ ᠤᠯᠬᠤ ᠪᠠ | ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠦᠷᠭᠦᠯᠵᠢᠯᠡᠨ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ ᠬᠠᠲᠤᠨ ᠭᠤᠤᠯ ᠤᠨ ᠰᠠᠪᠠ ᠭᠠᠵᠠᠷ ᠤᠨ | ᠴᠢᠨᠠᠷ ᠰᠠᠶᠢᠲᠠᠶ ᠬᠥᠭᠵᠢᠯᠲᠡ᠂ ᠤᠯᠠᠭᠠᠨᠰᠤᠬᠠᠶ ᠶᠢᠨ ᠰᠠᠪᠠ ᠭᠠᠵᠠᠷ ᠤᠨ ᠵᠠᠰᠠᠯᠲᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ | ᠵᠡᠷᠭᠡ ᠭᠤᠷᠪᠠᠨ ᠶᠡᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ | ᠬᠤᠶᠠᠷ ᠱᠠᠲᠤᠨ ᠤ ᠲᠥᠷᠥᠯ ᠵᠦᠶᠯ ᠤᠨ ᠬᠥᠮᠥᠷᠭᠡ ᠶᠢ ᠲᠡᠭᠦᠯᠳᠡᠷᠵᠢᠭᠦᠯᠵᠦ᠂ ᠲᠥᠷᠥᠯ ᠵᠦᠶᠯ ᠢ ᠤᠷᠢᠳᠴᠢᠯᠠᠨ ᠲᠥᠰᠦᠪᠯᠡᠨ᠂ ᠲᠥᠷᠥᠯ ᠵᠦᠶᠯ ᠢ ᠨᠠᠷᠢᠨ ᠨᠢᠮᠪᠠᠶ | ᠪᠣᠭᠤᠳᠠᠯᠯᠠᠵᠤ᠂ ᠲᠥᠷᠥᠯ ᠵᠦᠶᠯ ᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠲᠥᠷᠥᠯ ᠵᠦᠶᠯ ᠢ ᠱᠠᠲᠤᠯᠠᠨ ᠠᠬᠢᠭᠤᠯᠬᠤ ᠪᠠᠶᠢᠷᠢᠰᠢᠯ ᠢ ᠪᠣᠶ ᠪᠣᠯᠭᠠᠨ᠎ᠠ᠃ ︽ | ᠶᠡᠭᠡ ᠶᠢ ᠡᠯᠰᠡᠵᠦ ᠬᠦᠴᠦᠷᠬᠡᠭ ᠢ ᠲᠠᠲᠠᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠦᠬᠦ ᠰᠢᠶᠠᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢᠨ | ᠲᠣᠭᠤᠷᠢᠨ ᠳᠤ ᠵᠠᠭᠤᠴᠢ ᠪᠠᠷ ᠬᠤᠳᠠᠯᠳᠤᠭᠠᠴᠢᠨ ᠤᠷᠢᠬᠤ᠂ ᠬᠠᠳᠠᠭᠠᠯᠠᠮᠵᠢ ᠪᠠᠷ ᠬᠤᠳᠠᠯᠳᠤᠭᠠᠴᠢᠨ ᠤᠷᠢᠬᠤ᠂ ᠲᠦᠷᠦᠯ ᠰᠠᠳᠤᠨ ᠢᠶᠠᠷ ᠬᠤᠳᠠᠯᠳᠤᠭᠠᠴᠢᠨ ᠤᠷᠢᠬᠤ᠂ | ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠨᠡᠩ ᠤᠯᠠᠨ᠂ ᠨᠡᠩ ᠶᠡᠭᠡ᠂ ᠨᠡᠩ ᠰᠠᠶᠢᠨ ᠠᠵᠤ ᠠᠬᠤᠶᠢᠯᠠᠯ ᠢ ᠦᠶᠦᠸᠠᠨ ᠳᠤ ᠰᠠᠭᠤᠯᠭᠠᠬᠤ ᠪᠠᠷ ᠴᠢᠷᠮᠠᠶᠢᠵᠤ᠂ | ᠠᠵᠤ ᠦᠶᠯᠡᠰ ᠤᠨ ᠲᠥᠪᠯᠡᠷᠡᠬᠦ᠂ ᠡᠷᠴᠢᠮᠵᠢᠬᠦ᠂ ᠪᠥᠭᠡᠮᠨᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ | ᠬᠤᠶᠠᠳᠤᠭᠠᠷ ᠲᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠦᠷᠭᠦᠯᠵᠢᠯᠡᠨ ᠴᠢᠩᠭᠠᠳᠬᠠᠨ᠎ᠠ᠃ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ | ᠦᠨᠡᠯᠡᠯᠲᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠯᠥᠪᠵᠢᠭᠦᠯᠭᠡ᠂ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠪᠦᠷᠢᠨ ᠲᠡᠭᠦᠯᠳᠡᠷᠵᠢᠭᠦᠯᠵᠦ᠂ ᠵᠠᠮ᠂ | ᠤᠰᠤ᠂ ᠴᠠᠬᠢᠯᠭᠠᠨ᠂ ᠢᠯᠴᠢ ᠬᠠᠩᠭᠠᠬᠤ᠂ ᠰᠢᠲᠠᠮᠠᠬᠠᠢ ᠬᠡᠢ ᠵᠡᠷᠭᠡ ᠰᠠᠭᠤᠷᠢ ᠲᠥᠬᠦᠭᠡᠷᠦᠮᠵᠢ ᠶᠢᠨ ᠲᠥᠬᠦᠭᠡᠷᠦᠮᠵᠢᠭᠦᠯᠦᠯᠲᠡ ᠶᠢ ᠲᠡᠭᠦᠯᠳᠡᠷᠵᠢᠭᠦᠯᠵᠦ᠂ ᠰᠢᠩ ᠶᠤᠸᠠᠨ | ᠵᠠᠮ ᠬᠢᠭᠡᠳ 212 ᠮᠤᠵᠢ ᠶᠢᠨ ᠵᠠᠮ ᠤᠨ ᠵᠠᠯᠭᠠᠯᠲᠠ ᠶᠢᠨ ᠱᠤᠭᠤᠮ ᠢ ᠨᠡᠪᠲᠡᠷᠡᠭᠦᠯᠦᠨ᠎ᠡ᠃ ᠰᠤᠯᠠ ᠪᠠᠶᠢᠭ᠎ᠠ ᠭᠠᠵᠠᠷ ᠰᠢᠷᠣᠶ ᠶᠢ ᠬᠠᠤᠯᠢ ᠲᠣᠭᠲᠠᠭᠠᠯ ᠶᠣᠰᠣᠭᠠᠷ | ᠢᠯᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ︽ᠦᠬᠦᠳᠡᠯ︾ ᠠᠵᠤ ᠠᠬᠤᠶᠢᠯᠠᠯ ᠢ ᠠᠮᠢᠯᠠᠭᠤᠯᠤᠨ᠎ᠠ᠃ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢ | ᠴᠢᠩᠭᠠᠳᠬᠠᠵᠤ᠂ ᠲᠥᠯᠥᠪᠵᠢᠭᠦᠯᠭᠡ ᠶᠢᠨ ᠶᠣᠰᠣᠭᠠᠷ ᠠᠵᠤ ᠦᠶᠯᠡᠰ᠂ ᠲᠥᠷᠥᠯ ᠵᠦᠶᠯ ᠢ ᠬᠢᠨᠠᠨ ᠵᠥᠪᠰᠢᠶᠡᠷᠡᠵᠦ᠂ ᠲᠥᠷᠥᠯ ᠵᠦᠶᠯ ᠢ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠤᠨ᠂ ᠭᠠᠵᠠᠷ ᠰᠢᠷᠣᠶ ᠶᠢᠨ ᠬᠠᠩᠭᠠᠯᠭ᠎ᠠ ᠶᠢ ᠵᠦᠶ ᠵᠣᠬᠢᠰᠲᠠᠶ ᠪᠠᠶᠢᠯᠭᠠᠬᠤ ᠶᠢ ᠦᠨᠡᠨᠬᠦ ᠪᠠᠲᠤᠯᠠᠵᠤ᠂ ᠭᠡᠷ᠎ᠡ ᠪᠠᠨ ᠭᠦᠢᠴᠡᠳᠬᠡᠵᠦ ᠬᠢᠨᠠᠨ ᠬᠠᠮᠢᠶᠠᠷᠬᠤ ᠶᠢ | ᠪᠣᠳᠠᠲᠠᠶᠢᠵᠢᠭᠤᠯᠤᠨ᠂ ᠤᠯᠤᠰ ᠤᠨ ᠲᠡᠰ ᠤᠨ ᠪᠣᠬᠢᠷᠲᠤᠯ ᠦᠭᠡᠢ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠢ ᠴᠢᠷᠮᠠᠶᠢᠨ ᠪᠠᠶᠢᠭᠤᠯᠤᠨ᠎ᠠ᠃ | ᠭᠤᠷᠪᠠᠳᠤᠭᠠᠷ ᠲᠤ᠂ ᠭᠤᠤᠯᠳᠠᠯᠭ᠎ᠠ ᠲᠠᠢ ᠵᠦᠶᠯᠡᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠲᠤᠭ ᠲᠡᠮᠳᠡᠭ ᠲᠣᠳᠣᠷᠬᠠᠶ ᠪᠠᠷ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ ᠪᠠ ︽ᠨᠢᠭᠡᠳᠦᠭᠡᠷ ᠭᠠᠷ ᠤᠨ | ᠢᠨᠵᠧᠨᠧᠷᠢᠩ︾ ᠪᠣᠯᠭᠠᠵᠤ᠂ ᠠᠯᠢᠪᠠ ᠪᠦᠬᠦᠨ ᠲᠥᠷᠥᠯ ᠵᠦᠶᠯ ᠳᠡᠭᠡᠨ ᠦᠢᠯᠡᠴᠢᠯᠡᠬᠦ᠂᠂ ᠠᠯᠢᠪᠠ ᠪᠦᠬᠦᠨ ᠲᠥᠷᠥᠯ ᠵᠦᠢᠯ ᠢᠶᠠᠨ ᠳᠠᠭᠠᠵᠤ᠂ ᠲᠤᠯᠤᠭᠠᠨ ᠲᠣᠮᠣ | ᠭᠤᠤᠯᠯᠠᠬᠤ ᠠᠵᠤ ᠦᠶᠯᠡᠰ ᠤᠨ ᠭᠤᠷᠪᠠᠨ ᠠᠵᠤ ᠦᠶᠯᠡᠰ ᠤᠨ ᠭᠦᠨᠵᠡᠭᠡᠶ ᠠᠭᠤᠰᠤᠯᠴᠠᠯ ᠢᠶᠠᠷ ᠬᠠᠷᠠᠯᠲᠠ ᠪᠣᠯᠭᠠᠵᠤ᠂ ᠪᠥᠬᠦ ᠰᠢᠶᠠᠨ ᠤ ᠡᠳ᠋ᠰᠢᠭᠦᠯᠬᠦ ᠦᠶᠯᠡᠰ ᠤᠨ | ᠲᠠᠰ ᠳᠡᠪᠰᠢᠬᠦ ᠶᠢ ᠠᠬᠢᠭᠤᠯᠵᠤ᠂ ᠪᠥᠬᠦ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠤᠨ᠎ᠠ᠃ ᠬᠡᠯᠬᠢᠶ᠎ᠡ ᠶᠢ ᠤᠷᠲᠤᠳᠬᠠᠨ᠂ ᠨᠥᠬᠦᠪᠥᠷᠢᠯᠡᠵᠦ᠂ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠡᠮᠬᠢᠯᠡᠨ ᠨᠡᠶᠢᠯᠡᠭᠦᠯᠵᠦ ᠥᠭᠡᠷᠡᠴᠢᠯᠡᠨ ᠳᠡᠭᠡᠭᠰᠢᠯᠡᠭᠦᠯᠬᠦ ᠶᠢ | ᠵᠡᠷᠭᠡᠪᠡᠷ ᠴᠢᠬᠤᠯᠠᠴᠢᠯᠠᠵᠤ᠂ ᠷᠦᠨ ᠬᠠᠶ ᠶᠤᠸᠠᠨ ᠢᠳᠡᠰᠢᠨ ᠲᠠᠬᠢᠶ᠎ᠠ ᠶᠢᠨ ᠪᠥᠬᠦ ᠠᠵᠤ ᠦᠶᠯᠡᠰ ᠤᠨ ᠬᠡᠯᠬᠢᠶ᠎ᠡ᠂ ᠵᠥᠩ ᠨᠤᠩ ᠰᠢᠨᠵᠢᠯᠡᠬᠦ ᠤᠬᠠᠭᠠᠨ ᠮᠡᠷᠭᠡᠵᠢᠯ ᠤᠨ | ᠡᠷᠳᠡᠨᠢ ᠰᠢᠰᠢ ᠪᠠᠷ ᠡᠲ᠋ᠢᠯ ᠠᠯᠺᠣᠣᠯ ᠬᠢᠬᠦ᠂ ᠮᠡᠩ ᠨᠢᠶᠣᠣ ᠺᠣᠮᠫᠠᠨᠢ ᠶᠢᠨ ᠲᠡᠮᠡᠭᠡᠨ ᠬᠢᠷᠭᠤᠤᠯ ᠨᠢᠳᠦᠯᠡᠵᠦ ᠡᠳ᠋ᠰᠢᠭᠦᠯᠬᠦ ᠵᠡᠷᠭᠡ 8 ᠲᠥᠷᠥᠯ ᠵᠦᠶᠯ ᠤᠨ | ᠠᠰᠢᠭᠯᠠᠯᠲᠠ ᠳᠤ ᠣᠷᠣᠬᠤ ᠶᠢ ᠬᠦᠴᠦᠯᠡᠨ ᠠᠬᠢᠭᠤᠯᠵᠤ᠂ ᠳ᠋ᠠ ᠹᠧᠩ᠂ ᠰᠢᠦᠸᠠᠨ ᠳ᠋ᠡ᠂ ᠵᠧᠩ ᠳ᠋ᠡ ᠵᠡᠷᠭᠡ 10 ᠲᠥᠷᠥᠯ ᠵᠦᠶᠯ ᠤᠨ ᠮᠡᠷᠭᠡᠵᠢᠯ ᠤᠨ | ᠥᠭᠡᠷᠡᠴᠢᠯᠡᠯᠲᠡ ᠶᠢ ᠪᠡᠶᠡᠯᠡᠭᠦᠯᠵᠦ᠂ ᠯᠢ ᠵᠧᠩ ᠢᠳᠡᠭᠡᠨ᠂ ᠬᠤᠩ ᠿᠢ ᠪᠣᠷᠳᠤᠭᠤᠷ ᠵᠡᠷᠭᠡ ᠲᠥᠷᠥᠯ ᠵᠦᠶᠯ ᠤᠨ ᠪᠠᠶᠢᠭᠤᠯᠤᠯᠲᠠ ᠶᠢ ᠲᠦᠷᠭᠡᠳᠬᠡᠨ᠂ ᠳ᠋ᠦᠩ ᠴᠤᠸᠠᠩ | ᠺᠣᠮᠫᠠᠨᠢ ᠶᠢᠨ ᠲᠠᠷᠢᠶᠠᠯᠠᠩ ᠤᠨ ᠮᠠᠰᠢᠨᠴᠢᠯᠠᠯᠲᠠ᠂ ᠲᠡᠵᠢᠭᠡᠪᠦᠷᠢ ᠶᠢᠨ ᠤᠶᠤᠨᠴᠢᠯᠠᠯᠳᠠ ᠶᠢᠨ ᠲᠦᠬᠦᠭᠡᠷᠦᠮᠵᠢ ᠶᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ | ᠵᠣᠷᠢᠭᠵᠢᠭᠤᠯᠤᠨ᠂ ᠠᠵᠤ ᠦᠶᠯᠡᠳᠪᠦᠷᠢ ᠶᠢᠨ ᠪᠣᠬᠢᠷᠲᠤᠯ ᠥᠬᠡᠶ ᠥᠨᠳᠥᠷ ᠦᠷ᠎ᠡ ᠪᠦᠲᠦᠮᠵᠢᠲᠡᠶ ᠡᠷᠭᠢᠯᠳᠦᠭᠦᠯᠦᠨ ᠬᠥᠭᠵᠢᠭᠦᠯᠬᠦ ᠶᠢ ᠪᠡᠶᠡᠯᠡᠭᠦᠯᠵᠦ᠂ ᠬᠡᠳᠦᠨ ᠵᠢᠯ ᠤᠨ | ᠴᠠᠭ ᠢ ᠬᠡᠷᠡᠭᠯᠡᠵᠦ ᠪᠠᠶᠢᠭᠠᠳ ᠭᠤᠣᠯᠳᠠᠯᠭᠠᠲᠤ ᠵᠠᠬ᠎ᠠ ᠳᠡᠯᠭᠡᠭᠦᠷ ᠲᠤ ᠭᠠᠷᠭᠠᠬᠤ ᠠᠵᠤ ᠠᠬᠤᠶᠢᠯᠠᠯ ᠢ ᠪᠣᠶᠢᠵᠢᠭᠤᠯᠬᠤ ᠪᠠᠷ ᠴᠢᠷᠮᠠᠶᠢᠨ᠎ᠠ᠃ | ᠳᠥᠷᠪᠡᠳᠦᠭᠡᠷ ᠲᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠨᠠᠩ ᠶᠡᠭᠡ ᠡᠷᠴᠢᠮ ᠢᠶᠠᠷ ᠵᠠᠬ᠎ᠠ | ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ | ᠲᠥᠷᠥᠯ ᠵᠦᠶᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ︽ᠰᠢᠭᠤᠳ ᠨᠡᠪᠲᠡᠷᠡᠨ ᠲᠦᠷᠭᠡᠨ ᠭᠦᠶᠴᠡᠳᠬᠡᠬᠦ︾ | ᠲᠠᠪᠴᠠᠩ ᠤᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠳᠣᠣᠷ᠎ᠠ ︽ᠨᠢᠭᠡ ᠴᠣᠩᠬᠤ ᠪᠠᠷ ᠭᠥᠯᠢᠶᠡᠨ | ᠠᠪᠴᠤ ᠰᠢᠶᠳᠪᠦᠷᠢᠯᠡᠬᠦ︾ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠪᠠᠶᠢᠭᠤᠯᠤᠨ᠎ᠠ᠃ | ᠲᠥᠪ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠳᠡᠮᠵᠢᠬᠦ 28 ᠵᠤᠷᠪᠤᠰ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠬᠡᠷᠡᠭᠵᠢᠭᠦᠯᠵᠦ᠂ ᠠᠵᠤ | ᠠᠬᠤᠶᠢᠯᠠᠯ ᠳᠤ ᠬᠤᠯᠪᠣᠭᠳᠠᠭᠰᠠᠨ ᠰᠦᠶᠳᠬᠡᠯ ᠬᠤᠷᠢᠶᠠᠬᠤ ᠨᠠᠷᠢᠨ ᠲᠠᠩᠰᠠ ᠶᠢᠨ ᠲᠦᠷᠢᠮ ᠢ ᠲᠡᠭᠦᠯᠳᠡᠷᠵᠢᠭᠦᠯᠦᠨ᠂ ᠭᠠᠶᠢᠯᠢ ᠰᠦᠶᠳᠬᠡᠯ ᠤᠨ ᠪᠠᠯᠠ ᠲᠣᠬᠢᠷᠠᠭᠤᠯᠭ᠎ᠠ᠂ | ᠰᠠᠭᠤᠷᠢ ᠪᠡᠯᠡᠳᠬᠡᠮᠵᠢ᠂ ᠬᠥᠮᠦᠨ ᠤ ᠬᠦᠴᠦᠨ ᠤ ᠡᠬᠢ ᠪᠠᠶᠠᠯᠢᠭ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠶᠢᠯᠠᠯ ᠤᠨ | ᠲᠠᠨᠢᠯ ᠪᠤᠰᠤ ᠥᠪᠡᠷ ᠤᠨ ᠥᠷᠲᠡᠭ ᠪᠠ ᠳᠠᠯᠳᠠ ᠪᠠᠬᠢᠯᠡᠯᠲᠡ ᠶᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠠᠵᠤ ᠠᠬᠤᠶᠢᠯᠠᠯ ᠳᠤ ᠨᠠᠩ ᠶᠡᠭᠡ ᠥᠪᠡᠷ ᠢ ᠪᠠᠨ | ᠬᠥᠭᠵᠢᠭᠦᠯᠬᠦ ᠴᠢᠳᠠᠪᠤᠷᠢ ᠲᠠᠢ ᠪᠣᠯᠭᠠᠵᠤ᠂ ᠪᠥᠬᠦ ᠣᠷᠣᠨ ᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠠᠮᠤᠭ ᠤᠨ ᠰᠢᠯᠢᠳᠡᠭ ᠲᠤᠷᠰᠢᠯᠲᠠ ᠶᠢᠨ ᠣᠷᠣᠨ ᠢ | ᠪᠣᠶ ᠪᠣᠯᠭᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠮᠡᠷᠭᠡᠵᠢᠯ᠂ ᠬᠠᠮᠢᠶᠠᠷᠤᠯᠲᠠ᠂ ᠦᠶᠯᠡᠳᠬᠦᠨ ᠵᠡᠷᠭᠡ ᠠᠯᠢ ᠣᠯᠠᠨ ᠰᠢᠨ᠎ᠡ ᠶᠢ ᠡᠭᠦᠳᠬᠦ ᠶᠢ | ᠵᠣᠷᠢᠭᠵᠢᠭᠤᠯᠤᠨ ᠳᠡᠮᠵᠢᠵᠦ᠂ ᠠᠵᠤ ᠠᠬᠤᠶᠢᠯᠠᠯᠲᠠᠨ ᠤ ᠡᠩᠨᠡᠭᠡ ᠶᠢᠨ ᠪᠠᠶᠢᠭᠤᠯᠤᠯᠲᠠ ᠶᠢ ᠨᠠᠩ ᠴᠢᠬᠤᠯᠠᠴᠢᠯᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ | ︵ᠳᠥᠷᠪᠡ︶ ᠭᠤᠷᠪᠠᠳᠤᠭᠠᠷ ᠠᠵᠤ ᠦᠢᠯᠡᠰ ᠤᠨ ᠦᠶᠯᠡᠴᠢᠯᠡᠭᠡᠨ ᠤ ᠦᠶᠯᠡᠰ ᠢ ᠲᠣᠪᠣᠶᠢᠮ᠎ᠠ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠶᠢᠨ | ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠤᠨ᠎ᠠ᠃ ᠭᠤᠷᠪᠠᠳᠤᠭᠠᠷ ᠠᠵᠤ ᠦᠶᠯᠡᠰ ᠪᠣᠯ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠤᠨ ︽ | ᠭᠤᠤᠯ ᠬᠥᠳᠡᠯᠭᠡᠭᠦᠷ︾ ᠮᠥᠨ᠂ ᠪᠢᠳᠡ ᠡᠷᠬᠡᠪᠰᠢ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ᠂ ᠶᠠᠰᠤ ᠴᠢᠨᠠᠷ ᠢ ᠨᠢ | ᠳᠡᠭᠡᠭᠰᠢᠯᠡᠭᠦᠯᠬᠦ ᠶᠢ ᠶᠡᠭᠡ ᠪᠠᠷ ᠠᠬᠢᠭᠤᠯᠵᠤ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠢ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠥᠳᠡᠯᠭᠡᠬᠦ | ᠬᠦᠴᠦᠨ ᠪᠣᠯᠭᠠᠨ᠎ᠠ᠃ | ᠨᠢᠭᠡᠳᠦᠭᠡᠷ ᠲᠤ᠂ ᠡᠯᠧᠺᠲᠷᠣᠨ ᠬᠤᠳᠠᠯᠳᠤᠭ᠎ᠠ ᠪᠠᠷᠠᠭᠠᠨ ᠤ ᠭᠦᠶᠯᠭᠡᠭᠡᠨ ᠤ ᠦᠶᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠲᠠᠷᠢᠶᠠᠯᠠᠩ ᠬᠤᠳᠠᠯᠳᠤᠭᠠᠨ ᠤ ᠬᠠᠷᠢᠯᠴᠠᠨ ᠬᠤᠯᠪᠣᠭᠠᠯᠠᠬᠤ ᠶᠢ ᠪᠠᠷᠢᠮᠲᠠᠯᠠᠵᠤ᠂ ᠡᠯᠧᠺᠲᠷᠣᠨ ᠬᠤᠳᠠᠯᠳᠤᠭᠠᠨ ᠤ ᠠᠵᠤ ᠦᠶᠯᠡᠰ ᠤᠨ ᠬᠦᠷᠢᠶᠡᠯᠡᠩ ᠤᠨ ᠰᠢᠨ᠎ᠡ ᠶᠢ | ᠡᠭᠦᠳᠦᠨ ᠬᠥᠭᠵᠢᠬᠦ ᠶᠢ ᠵᠣᠷᠢᠭᠵᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠰᠦᠯᠵᠢᠶᠡᠨ ᠳᠡᠭᠡᠷ᠎ᠡ ᠪᠣᠷᠣᠯᠠᠭᠤᠯᠬᠤ ᠰᠢᠨ᠎ᠡ | ᠦᠶᠯᠡᠳᠬᠦᠨ ᠢ ᠨᠡᠭᠡᠭᠡᠨ ᠬᠥᠭᠵᠢᠭᠦᠯᠵᠦ᠂ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠪᠢᠴᠢᠯ ᠸᠢᠳᠢᠣ᠋ ᠵᠡᠷᠭᠡ ᠰᠢᠨ᠎ᠡ ᠵᠠᠭᠤᠴᠢᠯᠠᠭᠤᠷ ᠤᠨ ᠡᠵᠡᠩᠨᠡᠨ ᠪᠣᠷᠣᠯᠠᠭᠤᠯᠬᠤ | ᠠᠷᠭ᠎ᠠ ᠮᠠᠶ᠋ᠢᠭ ᠢ ᠥᠷᠭᠡᠳᠬᠡᠨ᠂ ᠨᠡᠶᠢᠭᠡᠮ ᠤᠨ ᠪᠦᠯᠬᠦᠮ ᠨᠡᠶᠢᠲᠡ ᠪᠠᠷ ᠬᠤᠳᠠᠯᠳᠤᠨ ᠠᠪᠬᠤ ᠵᠠᠭᠪᠤᠷ ᠢ ᠰᠦᠪᠡᠭᠴᠢᠯᠡᠵᠦ᠂ ᠡᠯᠧᠺᠲᠷᠣᠨ ᠬᠤᠳᠠᠯᠳᠤᠭᠠᠨ ᠤ | ᠤᠯᠠᠮᠵᠢᠯᠠᠯᠲᠤ ᠠᠵᠤ ᠦᠶᠯᠡᠰ ᠢ ᠥᠭᠡᠷᠡᠴᠢᠯᠡᠨ᠂ ᠪᠦᠬᠦᠯᠢ ᠴᠣᠭᠴᠠ ᠶᠢᠨ ᠡᠵᠡᠩᠨᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠰᠦᠯᠵᠢᠶ᠎ᠡ + | ᠭᠦᠶᠯᠭᠡᠭᠡᠨ︾ ᠤ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠬᠥᠮᠥᠷᠭᠡᠯᠡᠨ ᠬᠠᠳᠠᠭᠠᠯᠠᠬᠤ᠂ ᠰᠢᠨ᠎ᠡ ᠰᠣᠷᠭᠤᠭ ᠪᠠᠶᠢᠯᠭᠠᠬᠤ᠂ | ᠬᠦᠢᠲᠡᠨ ᠢᠶᠠᠷ ᠬᠠᠳᠠᠭᠠᠯᠠᠬᠤ ᠬᠡᠯᠬᠢᠶᠡᠵᠢᠭᠦᠯᠦᠭᠡ ᠶᠢᠨ ᠦᠢᠯᠡᠴᠢᠯᠡᠭᠡᠨ ᠤ ᠴᠢᠳᠠᠮᠵᠢ ᠶᠢ ᠪᠦᠷᠢᠯᠳᠦᠭᠦᠯᠦᠨ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠶᠯᠭᠡᠭᠡᠨ ᠤ | ᠰᠠᠭᠤᠷᠢᠨ ᠭᠠᠵᠠᠷ ᠢ ᠡᠬᠢᠯᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠪᠠᠷᠠᠭ᠎ᠠ ᠶᠢᠨ ᠭᠦᠶᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ 10 ᠵᠢᠱᠢᠶ᠎ᠡ ᠦᠵᠡᠭᠦᠯᠬᠦ ᠲᠣᠰᠬᠤᠨ ᠢ ᠪᠦᠲᠦᠭᠡᠨ ᠪᠠᠶᠢᠭᠤᠯᠵᠤ᠂ ᠪᠠᠷᠠᠭ᠎ᠠ ᠶᠢ ᠬᠤᠲᠠ ᠳᠤ | ᠣᠷᠤᠭᠤᠯᠬᠤ ᠬᠥᠳᠡᠭᠡ ᠪᠠᠭᠤᠯᠭᠠᠬᠤ ᠬᠤᠤᠰ ᠴᠢᠭᠯᠡᠯ ᠤᠨ ᠭᠦᠶᠯᠭᠡᠭᠡᠨ ᠤ ᠵᠠᠮ ᠮᠥᠷ ᠢ ᠰᠢᠯᠤᠭᠤᠳᠬᠠᠨ᠎ᠠ᠃ | ᠬᠤᠶᠠᠳᠤᠭᠠᠷ ᠲᠤ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠵᠢᠭᠤᠯᠴᠢᠯᠠᠯ ᠢ | ᠠᠭᠤᠰᠤᠯᠴᠠᠭᠤᠯᠬᠤ ᠶᠢ ᠪᠠᠷᠢᠮᠲᠠᠯᠠᠵᠤ᠂ ᠰᠣᠶᠣᠯ ᠵᠢᠭᠤᠯᠴᠢᠯᠠᠯ ᠤᠨ ᠪᠦᠲᠦᠭᠡᠯᠴᠢ ᠰᠡᠳᠬᠢᠮᠵᠢ ᠶᠢᠨ ᠬᠦᠷᠢᠶᠡᠯᠡᠩ ᠢ ᠪᠠᠶᠢᠭᠤᠯᠵᠤ᠂ ᠯᠢᠶᠠᠨ ᠰᠢᠩ ᠨᠡᠷᠡᠨ ᠬᠤᠸᠠᠷ ᠤᠨ | ᠪᠠᠯᠭᠠᠰᠤ᠂ ᠲᠠᠷᠬᠤ ᠪᠠᠯᠭᠠᠰᠤᠨ ᠳᠤ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠭᠤᠣᠯ ᠦᠵᠡᠮᠵᠢ ᠶᠢᠨ | ᠣᠷᠣᠨ ᠤ ᠳᠣᠲᠣᠭᠠᠳᠤ ᠠᠭᠤᠯᠤᠭᠳᠠᠬᠤᠨ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ | ᠠᠳᠬᠤᠵᠤ᠂ ᠰᠣᠶᠣᠯ ᠵᠢᠭᠤᠯᠴᠢᠯᠠᠯ ᠤᠨ ᠺᠣᠮᠫᠠᠨᠢ ᠶᠢ ᠵᠢᠷᠤᠮᠵᠢᠭᠤᠯᠤᠨ ᠠᠵᠢᠯᠯᠠᠭᠤᠯᠵᠤ᠂ ᠰᠣᠳᠣᠨ ᠵᠠᠮ ᠱᠤᠭᠤᠮ ᠢ ᠰᠢᠯᠢᠳᠡᠭᠵᠢᠭᠦᠯᠦᠨ᠂ ᠵᠢᠭᠤᠯᠴᠢᠯᠠᠯ ᠤᠨ ᠪᠠᠶᠠᠷ | ᠳᠤᠷᠠᠰᠬᠠᠯ ᠤᠨ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ︽ᠵᠢᠭᠤᠯᠴᠢᠯᠠᠯ ᠤᠨ ᠰᠦᠯᠵᠢᠶ᠎ᠡ + ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ + APP + | ᠰᠦᠯᠵᠢᠶᠡᠨ ᠳᠡᠭᠡᠷᠡᠬᠢ ᠵᠢᠭᠤᠯᠴᠢᠯᠠᠯ ᠤᠨ ᠲᠣᠭᠤᠷᠢᠭ︾ ᠤᠨ ᠣᠶᠤᠨᠴᠢ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠰᠢᠰᠲ᠋ᠧᠮ ᠢ ᠪᠠᠶᠢᠭᠤᠯᠵᠤ᠂ ︽ᠳᠡᠭᠷᠢ ᠶᠢᠨ | ᠬᠡᠰᠢᠭᠲᠦ ᠪᠣᠷᠣᠲᠣᠬᠤᠶ · ᠦᠶᠤᠸᠠᠨ ᠤ ᠰᠠᠭᠤᠭᠳᠠᠯ︾ ᠢᠶᠠᠷ ᠳᠠᠭᠠᠭᠤᠯᠤᠭᠴᠢ ᠪᠣᠯᠭᠠᠵᠤ᠂ ᠪᠣᠷᠣᠲᠣᠬᠤᠶ ᠶᠢᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ᠂ | ᠶᠠᠫᠣᠨ ᠢ ᠡᠰᠡᠷᠭᠦᠴᠡᠬᠦ ᠳᠠᠶᠢᠨ ᠤ ᠲᠤᠷᠠᠰᠬᠠᠯ ᠤᠨ ᠬᠦᠷᠢᠶᠡᠯᠡᠩ᠂ ᠨᠡᠷᠡᠨ ᠬᠤᠸᠠᠷ ᠤᠨ ᠴᠡᠴᠡᠷᠯᠢᠭ᠂ ᠲᠠᠷᠬᠤ ᠪᠠᠯᠭᠠᠰᠤᠨ ᠤ ᠯᠢᠶᠠᠨ ᠹᠧᠩ ᠵᠡᠷᠭᠡ ᠦᠵᠡᠮᠵᠢ ᠶᠢᠨ | ᠣᠷᠣᠨ ᠢᠶᠠᠷ ᠨᠥᠬᠦᠪᠥᠷᠢ ᠪᠣᠯᠭᠠᠵᠤ᠂ ᠪᠦᠬᠦ ᠰᠢᠶᠠᠨ ᠳᠡᠭᠡᠨ ᠨᠦᠯᠦᠭᠡ ᠲᠠᠢ ᠰᠠᠴᠤᠷᠠᠩᠭᠤᠢ ᠵᠢᠭᠤᠯᠴᠢᠯᠠᠯ ᠤᠨ ᠪᠠᠶᠢᠷᠢᠰᠢᠯ ᠢ ᠪᠤᠢ ᠪᠣᠯᠭᠠᠵᠤ᠂ ᠪᠦᠬᠦ ᠤᠯᠤᠰ᠂ ᠪᠦᠬᠦ | ᠣᠷᠣᠨ ᠳᠠᠭᠠᠨ ᠨᠡᠷᠡᠲᠡᠢ ᠬᠥᠳᠡᠭᠡ ᠲᠣᠰᠬᠤᠨ ᠤ ᠵᠢᠭᠤᠯᠴᠢᠯᠠᠯ ᠤᠨ ᠭᠠᠵᠠᠷ ᠪᠠ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ | ᠪᠦᠲᠦᠭᠡᠨ ᠪᠠᠶᠢᠭᠤᠯᠤᠨ᠎ᠠ᠃ | ᠭᠤᠷᠪᠠᠳᠤᠭᠠᠷ ᠲᠤ᠂ ᠮᠥᠩᠭᠦᠨ ᠭᠦᠢᠯᠭᠡᠭᠡ ᠪᠠ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ | ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠦᠶᠯᠡᠴᠢᠯᠡᠭᠡᠨ ᠤ ᠲᠥᠪ ᠶᠢ ᠪᠠᠬᠢᠵᠢᠭᠦᠯᠵᠦ᠂ ᠮᠥᠩᠭᠦᠨ ᠭᠦᠶᠯᠭᠡᠭᠡᠨ ᠤ ᠦᠶᠯᠡᠴᠢᠯᠡᠭᠡᠨ ᠢ ︽ᠣᠷᠣᠨ ᠨᠤᠲᠤᠭ ᠤᠨ | ᠠᠭᠤᠷ ᠠᠮᠢᠰᠬᠤᠯ ᠲᠠᠢ ᠨᠠᠭᠠᠯᠳᠤᠭᠤᠯᠬᠤ︾ ᠪᠣᠯᠭᠠᠵᠤ᠂ ᠳᠤᠮᠳᠠ ᠵᠢᠵᠢᠭ ᠠᠵᠤ ᠠᠬᠤᠶᠢᠯᠠᠯ ᠤᠨ ︽ᠵᠢᠭᠡᠯᠡᠯᠭᠡ ᠵᠢᠭᠡᠯᠡᠬᠦ ᠳᠤ ᠬᠦᠴᠢᠷ᠂ ᠳᠠᠭᠠᠭᠠᠯᠲᠠ ᠬᠢᠬᠦ ᠳᠤ | ᠬᠦᠴᠢᠷ᠂ ᠪᠡᠯᠡ ᠲᠣᠬᠢᠷᠠᠭᠤᠯᠬᠤ ᠳᠤ ᠬᠦᠴᠢᠷ︾ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠬᠤ ᠬᠡᠷᠡᠭᠲᠡᠶ᠃ ︽ᠣᠶᠤᠨᠴᠢ ᠦᠶᠦᠸᠠᠨ︾ ᠤ | ᠪᠠᠶᠢᠭᠤᠯᠤᠯᠲᠠ ᠶᠢ ᠠᠬᠢᠭᠤᠯᠵᠤ᠂ ︽ᠬᠡᠰᠡᠭᠯᠡᠯ ᠤᠨ ᠬᠡᠯᠬᠢᠶ᠎ᠡ︾ ᠶᠢᠨ ᠮᠡᠷᠭᠡᠵᠢᠯ ᠤᠨ ᠬᠡᠷᠡᠭᠯᠡᠯᠲᠡ ᠶᠢ ᠶᠡᠬᠡᠪᠡᠷ ᠰᠦᠪᠡᠭᠴᠢᠯᠡᠨ᠂ ︽ᠰᠦᠯᠵᠢᠶ᠎ᠡ + ᠦᠨᠳᠦᠰᠦᠨ | ᠱᠠᠲᠤᠨ ᠤ ᠪᠢᠴᠢᠯ ᠦᠢᠯᠡᠴᠢᠯᠡᠭᠡ︾ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ | ᠳᠦᠷᠢᠮ ᠢ ᠮᠥᠷᠳᠡᠨ ᠪᠠᠶᠢᠴᠠᠭᠠᠬᠤ᠂ ᠲᠠᠷᠢᠶᠠᠨ ᠭᠠᠵᠠᠷ ᠤᠨ ᠤᠰᠤ ᠲᠣᠬᠢᠷᠠᠭᠤᠯᠬᠤ ᠵᠡᠷᠭᠡ ᠶᠢ ︽ᠤᠶᠤᠨᠴᠢ ᠪᠠᠷ ᠲᠠᠷᠢᠶᠠᠯᠠᠬᠤ︾ ᠶᠢ ᠰᠠᠶᠢᠲᠤᠷ ᠠᠳᠬᠤᠵᠤ᠂ | ᠣᠶᠤᠨᠴᠢ ᠪᠠᠷ ᠳᠣᠲᠣᠭᠠᠳᠤ ᠶᠢ ᠬᠠᠮᠠᠭᠠᠯᠠᠬᠤ᠂ ᠣᠶᠤᠨᠴᠢ ᠪᠠᠷ ᠵᠠᠮ ᠬᠠᠷᠢᠯᠴᠠᠭ᠎ᠠ ᠶᠢ ᠬᠠᠮᠢᠶᠠᠷᠬᠤ᠂ ᠤᠶᠤᠨᠴᠢ ᠪᠠᠷ ᠨᠡᠶᠢᠭᠡᠮ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠤᠶᠤᠨᠴᠢ ᠪᠠᠷ ᠬᠤᠲᠠ ᠶᠢᠨ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠢ | ᠣᠶᠤᠨᠴᠢᠯᠠᠵᠤ᠂ ᠳᠥᠭᠦᠮ ᠳᠥᠲᠡ ᠪᠣᠯᠭᠠᠬᠤ ᠶᠢ ᠪᠡᠶᠡᠯᠡᠭᠦᠯᠦᠨ᠎ᠡ᠃ | ︵ᠲᠠᠪᠤ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠲᠣᠪᠣᠶᠢᠮ᠎ᠠ ᠰᠠᠶᠢᠲᠤᠷ ᠠᠳᠬᠤᠵᠤ᠂ ᠬᠤᠲᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠪᠣᠯ ᠠᠷᠠᠳ ᠲᠦᠮᠡᠨ ᠤ ᠬᠤᠲᠠ ᠮᠥᠨ᠂ ᠪᠢᠳᠡ ᠵᠠᠪᠠᠯ ᠠᠷᠠᠳ ᠲᠦᠮᠡᠨ ᠢᠶᠠᠷ ᠭᠤᠤᠯ ᠪᠣᠯᠭᠠᠵᠤ᠂ ᠬᠤᠲᠠ ᠶᠢᠨ | ᠬᠥᠭᠵᠢᠯᠲᠡ ᠶᠢ ᠨᠠᠩ ︽ᠳᠤᠯᠠᠭᠠᠴᠠ︾ ᠲᠠᠢ ᠪᠣᠯᠭᠠᠵᠤ᠂ ᠬᠤᠲᠠ ᠶᠢᠨ ᠴᠢᠨᠠᠷ ᠳᠡᠰ ᠢ ᠨᠠᠩ ︽ᠴᠢᠨᠠᠷ ᠴᠢᠨᠰᠠᠭ᠎ᠠ︾ ᠲᠠᠢ ᠪᠣᠯᠭᠠᠬᠤ ᠪᠠᠷ ᠴᠢᠷᠮᠠᠶᠢᠨ᠎ᠠ᠃ | ᠨᠢᠭᠡᠳᠦᠭᠡᠷ ᠲᠤ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ ᠶᠢ ᠪᠠᠷᠢᠮᠲᠠᠯᠠᠨ᠎ᠠ᠃ ︽ᠬᠤᠲᠠ ᠶᠢᠨ ᠪᠠᠶᠢᠳᠠᠯ ᠳᠤ ᠳᠣᠬᠢᠷᠠᠭᠤᠯᠤᠭᠰᠠᠨ ᠠᠷᠭ᠎ᠠ ᠪᠣᠳᠣᠯᠭ᠎ᠠ︾ | ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ᠶᠢ ᠰᠠᠶᠢᠲᠤᠷ ᠬᠢᠵᠦ᠂ ᠣᠯᠠᠨ | ᠨᠡᠶᠢᠲᠡ ᠶᠢᠨ ᠦᠢᠯᠡᠴᠢᠯᠡᠭᠡ᠂ ᠶᠡᠷᠦᠩᠬᠡᠶᠢᠯᠡᠭᠰᠡᠨ ᠬᠤᠭᠤᠯᠠᠢ ᠬᠤᠩᠭᠢᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠬᠤᠲᠠ ᠶᠢᠨ ᠲᠣᠭᠤᠷᠢᠭ ᠤᠨ | ᠲᠤᠰᠬᠠᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ︽ | ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠠᠬᠢᠭᠤᠯᠵᠤ᠂ ᠲᠥᠯᠥᠪᠵᠢᠭᠦᠯᠭᠡ ᠶᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠭᠠᠳᠬᠠᠵᠤ᠂ ᠴᠢᠩᠭ᠎ᠠ | ᠨᠠᠶᠢᠳᠠᠪᠤᠷᠢᠵᠢᠭᠤᠯᠤᠯᠲᠠ ᠶᠢ ᠪᠠᠲᠤᠯᠠᠨ᠎ᠠ᠃ | ᠬᠤᠶᠠᠳᠤᠭᠠᠷ ᠲᠤ᠂ ᠴᠢᠨᠠᠷ ᠰᠠᠶᠢᠲᠠᠢ ᠪᠠᠶᠢᠭᠤᠯᠤᠯᠲᠠ ᠶᠢ ᠪᠠᠷᠢᠮᠲᠠᠯᠠᠨ᠎ᠠ᠃ ︽ᠭᠤᠷᠪᠠᠨ ᠬᠤᠳᠠ ᠶᠢ ᠬᠠᠮᠲᠤ ᠪᠠᠷ ᠴᠣᠭᠴᠠᠯᠠᠬᠤ︾ ᠦᠷ᠎ᠡ ᠪᠦᠲᠦᠮᠵᠢ ᠶᠢ | ᠪᠠᠬᠢᠵᠢᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠬᠢᠨ᠎ᠡ᠃ ᠵᠢᠨᠴᠢᠶᠤᠤ ᠶᠢᠨ ᠬᠤᠶᠠᠳᠤᠭᠠᠷ ᠬᠤᠭᠤᠴᠠᠭ᠎ᠠ᠂ | ᠱᠧᠩ ᠱᠢ ᠭᠤᠷᠪᠠᠳᠤᠭᠠᠷ ᠬᠤᠭᠤᠴᠠᠭ᠎ᠠ ᠵᠡᠷᠭᠡ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠥᠷᠥᠯ ᠵᠦᠶᠯ ᠢ ᠲᠦᠷᠭᠡᠳᠬᠡᠨ ᠪᠠᠶᠢᠭᠤᠯᠵᠤ᠂ ᠵᠢᠨᠳᠦ᠋ | ᠨᠠᠷᠠᠲᠤ ᠬᠦᠷᠢᠶᠡᠯᠡᠩ᠂ ᠵᠢᠶᠦ᠋ᠨ ᠹᠡᠩ ᠲᠣᠭᠤᠷᠢᠭ ᠤᠨ ᠦᠭᠡᠷᠡᠴᠢᠯᠡᠯᠲᠡ ᠵᠡᠷᠭᠡ ᠰᠡᠭᠦᠯᠴᠢ ᠶᠢᠨ ᠲᠥᠷᠥᠯ ᠵᠦᠶᠯ ᠢ ᠪᠥᠬᠦ ᠬᠦᠴᠦᠨ ᠢᠶᠠᠷ ᠠᠬᠢᠭᠤᠯᠵᠤ᠂ ︽ᠨᠢᠭᠡ ᠬᠡᠷ | ᠪᠠᠶᠢᠰᠢᠩ ᠢ ᠣᠯᠠᠨ ᠬᠤᠳᠠᠯᠳᠤᠬᠤ︾ ︽ᠲᠡᠷᠭᠡᠨ ᠳᠤ ᠰᠠᠭᠤᠵᠤ ᠰᠦᠶᠳᠬᠡᠯ ᠬᠤᠷᠢᠶᠠᠬᠤ︾ ᠵᠡᠷᠭᠡ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠬᠦᠷᠢᠶᠡᠨ ᠳᠠᠬᠢ ᠡᠮᠬᠢ ᠵᠠᠮᠪᠠᠷᠠᠭ᠎ᠠ ᠥᠬᠡᠶ ᠪᠠᠶᠢᠳᠠᠯ ᠢ ᠬᠠᠤᠯᠢ ᠶᠣᠰᠣᠭᠠᠷ ᠴᠡᠭᠴᠡᠯᠡᠨ ᠵᠠᠰᠠᠨ᠎ᠠ᠃ ᠵᠢᠶᠦ᠋ᠨ ᠠᠨ ᠣᠷᠣᠨ ᠰᠠᠭᠤᠴᠠ᠂ ᠬᠤᠲᠠ ᠶᠢᠨ ᠠᠷᠠᠳ ᠤᠨ | ᠬᠥᠳᠡᠯᠭᠡᠭᠡᠨ ᠤ ᠲᠥᠪ᠂ ᠰᠢᠨ᠎ᠡ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠡᠮᠦᠨ᠎ᠡ | ᠲᠣᠭᠤᠷᠢᠯ ᠵᠠᠮ᠂ ᠹᠠᠨ ᠷᠥᠩ ᠵᠠᠮ ᠵᠡᠷᠭᠡ ᠬᠤᠲᠠ ᠶᠢᠨ ᠲᠣᠭᠤᠷᠢᠭ ᠤᠨ 3 ᠵᠤᠷᠪᠤᠰ ᠵᠠᠮ ᠢ ᠰᠢᠨ᠎ᠡ ᠪᠠᠷ ᠦᠷᠭᠦᠯᠵᠢᠯᠡᠨ ᠪᠠᠶᠢᠭᠤᠯᠤᠨ᠎ᠠ᠂ 17 ᠺᠢᠯᠣᠮᠧᠲᠷ ᠤᠰᠤ | ᠬᠠᠩᠭᠠᠬᠤ ᠤᠰᠤ ᠵᠠᠯᠠᠬᠤ ᠬᠤᠭᠤᠯᠠᠶ ᠲᠣᠤᠷ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ 2280 ᠡᠷᠦᠬᠡ ᠢᠵᠢ ᠪᠦᠷᠢᠨ ᠪᠤᠰᠤ ᠪᠠᠶᠢᠰᠢᠩ᠂ 3 ᠬᠠᠭᠤᠴᠢᠨ | ᠵᠢᠵᠢᠭ ᠲᠣᠭᠤᠷᠢᠭ᠂ 30 ᠵᠡᠭᠡᠯᠢ ᠭᠤᠳᠤᠮᠵᠢ ᠶᠢ ᠦᠭᠡᠷᠡᠴᠢᠯᠡᠨ ᠵᠠᠰᠠᠬᠤ᠂ 5 ᠤᠷᠤᠰᠬᠠᠯᠲᠤ ᠤᠰᠤᠨ ᠤ ᠨᠡᠶᠢᠲᠡ ᠶᠢᠨ ᠵᠣᠷᠯᠣᠩ᠂ 4 ᠬᠤᠭ ᠨᠣᠪᠰᠢ | ᠵᠦᠭᠡᠭᠡᠪᠦᠷᠢᠯᠡᠬᠦ ᠥᠷᠲᠡᠭᠡ᠂ 10 ᠬᠠᠶᠢᠷ᠎ᠠ ᠬᠠᠯᠠᠮᠵᠢ ᠶᠢᠨ ᠥᠷᠲᠡᠭᠡ ᠶᠢ ᠪᠠᠶᠢᠭᠤᠯᠤᠨ᠎ᠠ᠃ ᠬᠤᠲᠠ ᠲᠣᠭᠤᠷᠢᠭ ᠤᠨ ᠲᠡᠷᠭᠡ ᠵᠣᠭᠰᠤᠬᠤ ᠭᠠᠵᠠᠷ ᠢ ᠨᠡᠮᠡᠨ ᠪᠠᠶᠢᠭᠤᠯᠵᠤ | ᠂ ᠰᠢᠲᠠᠮᠠᠬᠠᠶ ᠬᠡᠢ ᠶᠢᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠂ ᠴᠡᠴᠡᠷᠯᠢᠭ ᠤᠨ ᠴᠢᠬᠢ ᠮᠣᠳᠣ ᠶᠢ ᠢᠳᠡᠭᠡᠰᠢᠭᠦᠯᠬᠦ ᠰᠠᠭᠤᠷᠢᠨ ᠭᠠᠵᠠᠷ ᠢ ᠪᠠᠶᠢᠭᠤᠯᠤᠨ | ᠠᠵᠢᠯᠯᠠᠭᠤᠯᠬᠤ᠂ ᠠᠵᠢᠯᠯᠠᠬᠤ ᠳᠤ ᠳᠣᠬᠢᠲᠠᠢ᠂ ᠣᠷᠣᠰᠢᠨ ᠰᠠᠭᠤᠬᠤ ᠳᠤ ᠳᠣᠬᠢᠲᠠᠢ᠂ ᠪᠠᠶᠠᠷ ᠬᠥᠷ ᠲᠠᠢ᠂ ᠵᠤᠭᠠᠴᠠᠬᠤ ᠳᠤ ᠲᠣᠬᠢᠷᠠᠮᠵᠢᠲᠠᠶ ᠠᠮᠢ ᠠᠬᠤᠶ ᠶᠢᠨ | ᠲᠠᠷᠢᠶᠠᠨ ᠭᠠᠵᠠᠷ ᠤᠨ ᠬᠤᠲᠠ ᠰᠢᠶᠠᠨ ᠢ ᠴᠢᠷᠮᠠᠶᠢᠨ ᠪᠠᠶᠢᠭᠤᠯᠤᠨ᠎ᠠ᠃ | ᠭᠤᠷᠪᠠᠳᠤᠭᠠᠷ ᠲᠤ᠂ ᠥᠨᠳᠥᠷ ᠲᠦᠪᠰᠢᠨ ᠪᠦᠬᠦᠢ ᠬᠠᠮᠢᠶᠠᠷᠤᠯᠲᠠ ᠶᠢ ᠪᠠᠷᠢᠮᠲᠠᠯᠠᠨ᠎ᠠ᠃ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠭᠰᠡᠨ ︽ᠶᠡᠭᠡ | ᠬᠤᠲᠠ ᠶᠢᠨ ᠬᠠᠮᠢᠶᠠᠷᠤᠯᠲᠠ︾ ᠶᠢᠨ ᠪᠠᠶᠢᠷᠢᠰᠢᠯ ᠢ ᠭᠦᠨᠵᠡᠭᠡᠶ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠡᠷᠡᠰ ᠠᠷᠢᠯᠭᠠᠨ᠎ᠠ᠃ | ᠨᠡᠶᠢᠭᠡᠮ ᠲᠣᠭᠤᠷᠢᠭ ᠤᠨ ︽ᠪᠢᠴᠢᠯ ᠵᠠᠰᠠᠯᠲᠠ︾ ᠶᠢ ᠰᠦᠪᠡᠭᠴᠢᠯᠡᠨ ᠬᠡᠷᠡᠭᠵᠢᠭᠦᠯᠵᠦ᠂ ᠠᠳᠠᠯ ᠠᠬᠤᠶ ᠶᠢᠨ ᠬᠠᠮᠢᠶᠠᠷᠤᠯᠲᠠ᠂ ᠳᠤᠯᠠᠭᠠᠯᠠᠭ᠎ᠠ ᠶᠢᠨ ᠰᠦᠶᠳᠬᠡᠯ | ᠬᠤᠷᠢᠶᠠᠬᠤ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠢ ᠰᠢᠶᠳᠪᠦᠷᠢᠯᠡᠨ᠎ᠡ᠃ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ ᠢ ᠵᠦᠶ | ᠵᠣᠬᠢᠰᠲᠠᠶ ᠲᠥᠯᠥᠪᠵᠢᠭᠦᠯᠵᠦ᠂ ᠡᠵᠡᠩᠨᠡᠯᠲᠡ ᠶᠢᠨ ᠨᠡᠭᠦᠳᠡᠯ ᠳᠡᠯᠭᠡᠴᠡ ᠶᠢ ᠵᠢᠷᠤᠮᠵᠢᠭᠤᠯᠤᠨ᠂ ᠬᠤᠲᠠ ᠶᠢᠨ ᠠᠮᠢᠵᠢᠷᠠᠯ ᠤᠨ ᠬᠦᠴᠦᠨ ᠢ ᠪᠠᠲᠤᠯᠠᠨ᠎ᠠ᠃ ᠭᠠᠷ | ᠳᠠᠮᠵᠢᠭᠰᠠᠨ ᠮᠠᠰᠢᠨ ᠲᠡᠷᠭᠡ ᠠᠷᠠᠯᠵᠢᠶᠠᠯᠠᠬᠤ᠂ ᠲᠠᠷᠢᠶᠠᠯᠠᠩ ᠤᠨ ᠮᠠᠰᠢᠨ ᠪᠠᠭᠠᠵᠢ ᠪᠣᠷᠣᠯᠠᠭᠤᠯᠬᠤ᠂ ᠴᠠᠬᠢᠯᠭᠠᠨ ᠭᠠᠩᠨᠠᠯᠲᠠ ᠶᠢᠨ ᠰᠡᠯᠪᠢᠨ ᠵᠠᠰᠠᠬᠤ᠂ ᠬᠠᠶᠠᠭᠳᠠᠮᠠᠯ ᠡᠳ᠋ | ᠬᠤᠳᠠᠯᠳᠤᠨ ᠠᠪᠬᠤ ᠵᠡᠷᠭᠡ ᠠᠵᠢᠯ ᠲᠥᠷᠥᠯ ᠢ ᠵᠠᠬ᠎ᠠ ᠳᠡᠯᠭᠡᠭᠦᠷ ᠲᠤ ᠬᠤᠪᠢᠶᠠᠷᠢᠯᠠᠨ ᠣᠷᠣᠭᠤᠯᠬᠤ ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ | ᠭᠤᠤᠯᠯᠠᠬᠤ ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠠᠭᠤᠭᠠᠯᠢ | ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠢ ᠦᠷᠭᠦᠯᠵᠢᠯᠡᠨ ᠳᠡᠭᠡᠭᠰᠢᠯᠡᠭᠦᠯᠦᠨ᠂ ᠪᠥᠬᠦ ᠤᠯᠤᠰ ᠳᠠᠭᠠᠨ ᠨᠡᠷᠡᠲᠡᠢ ᠠᠮᠢ ᠠᠬᠤᠢ ᠶᠢᠨ ᠣᠷᠴᠢᠨ ᠳᠤ | ᠰᠠᠭᠤᠷᠢᠰᠢᠬᠤ ᠳᠤ ᠲᠣᠬᠢᠷᠠᠮᠵᠢᠲᠠᠶ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠡᠭᠦᠳᠦᠨ᠎ᠡ᠃ | ︵ᠵᠢᠷᠭᠤᠭ᠎ᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠣᠪᠣᠶᠢᠮ᠎ᠠ ᠰᠠᠶᠢᠲᠤᠷ ᠠᠳᠬᠤᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠥᠭᠡᠷᠡᠴᠢᠯᠡᠯᠲᠡ ᠬᠢᠭᠰᠡᠳ ᠤᠷᠤᠭᠰᠢᠯᠠᠨ ᠳᠠᠪᠰᠢᠵᠤ᠂ ᠰᠢᠨ᠎ᠡ ᠶᠢ ᠡᠭᠦᠳᠦᠭᠴᠢ ᠬᠦᠴᠦᠷᠬᠡᠭᠵᠢᠬᠦ︾᠂ ᠪᠢᠳᠠ | ᠵᠣᠷᠢᠭᠲᠠᠢ ᠪᠠᠷ ᠲᠦᠷᠦᠭᠦᠯᠡᠵᠦ᠂ ᠤᠷᠢᠳᠠᠪᠠᠷ ᠲᠤᠷᠰᠢᠵᠤ ᠤᠷᠢᠳᠠᠪᠠᠷ ᠬᠢᠵᠦ᠂ ᠡᠯ᠎ᠡ ᠵᠦᠢᠯ ᠤᠨ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠵᠤ᠂ ᠨᠡᠩ ᠤᠯᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠦᠷᠳᠡᠭᠡᠨ᠎ᠡ᠃ | ᠨᠢᠭᠡᠳᠦᠭᠡᠷ ᠲᠤ᠂ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠤᠨ | ᠨᠠᠶᠢᠳᠠᠭᠰᠠᠨ ᠭᠤᠷᠪᠠᠨ ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠠᠵᠢᠯ ᠦᠢᠯᠡᠰ ᠤᠨ ᠨᠢᠭᠡᠴᠡ ᠶᠢᠨ | ᠥᠭᠡᠷᠡᠴᠢᠯᠡᠯᠲᠡ ᠶᠢ ᠲᠦᠷᠦᠯ ᠬᠤᠪᠢᠶᠠᠨ ᠠᠬᠢᠭᠤᠯᠤᠨ᠎ᠠ᠃ ᠮᠥᠩᠭᠦᠨ ᠭᠦᠶᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠠᠩᠭᠠᠯᠭ᠎ᠠ ᠶᠢᠨ ᠬᠡᠯᠬᠢᠶ᠎ᠡ ᠶᠢᠨ ᠮᠥᠩᠭᠦᠨ ᠭᠦᠶᠯᠭᠡᠭᠡ᠂ ᠠᠮᠢᠳᠤ ᠮᠠᠯ ᠢᠶᠠᠨ ᠪᠠᠷᠢᠴᠠᠭᠠᠯᠠᠬᠤ᠂ ᠬᠥᠳᠡᠯᠬᠦ ᠬᠦᠷᠦᠩᠭᠡ ᠪᠠᠨ ᠳᠠᠨᠵᠢᠯᠠᠬᠤ ᠵᠡᠷᠭᠡ ᠤᠯᠠᠨ ᠵᠦᠶᠯ ᠤᠨ ᠪᠡᠯᠡ | ᠲᠣᠬᠢᠷᠠᠭᠤᠯᠬᠤ ᠵᠠᠭᠪᠤᠷ ᠢ ᠰᠦᠪᠡᠭᠴᠢᠯᠡᠵᠦ ᠨᠡᠭᠡᠭᠡᠨ ᠬᠥᠭᠵᠢᠭᠦᠯᠦᠨ᠎ᠡ᠃ ᠲᠥᠰᠦᠪ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠢᠳᠡᠪᠬᠢᠲᠡᠶ ᠲᠦᠯᠬᠢᠨ | ᠠᠬᠢᠭᠤᠯᠵᠤ᠂ ᠤᠳᠤ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠪᠴᠢᠯᠡᠨ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠬᠠᠶᠢᠨ | ᠰᠦᠪᠡᠭᠴᠢᠯᠡᠵᠦ᠂ ᠪᠠᠭᠰᠢ ᠶᠢᠨ ᠭᠤᠤᠯ ᠬᠠᠷᠢᠭᠤᠴᠠᠯᠭ᠎ᠠ ᠭᠤᠤᠯ ᠦᠶᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠵᠢᠭᠠᠨ ᠰᠤᠷᠭᠠᠯᠲᠠ ᠶᠢᠨ ᠰᠠᠶᠢᠨ ᠰᠠᠶᠢᠬᠠᠨ | ᠣᠷᠴᠢᠨ ᠨᠥᠬᠦᠴᠡᠯ ᠢ ᠪᠣᠶ ᠪᠣᠯᠭᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ | ᠬᠤᠯᠪᠣᠭᠠᠲᠤ ᠴᠣᠭᠴᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠬᠠᠮᠢᠶᠠᠷᠤᠯᠲᠠ ᠪᠠ | ᠠᠵᠢᠯᠲᠠᠨ ᠤ ᠶᠠᠪᠤᠳᠠᠯ ᠤᠨ ᠴᠠᠯᠢᠩ ᠬᠥᠯᠥᠰᠥ ᠶᠢᠨ ᠳᠦᠷᠢᠮ ᠢ ᠪᠦᠷᠢᠨᠰᠢᠭᠦᠯᠵᠦ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ | ᠬᠤᠶᠠᠳᠤᠭᠠᠷ ᠲᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ︽ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠶᠢᠷᠡᠭᠦᠯᠵᠦ᠂ ᠴᠠᠭ | ᠬᠤᠭᠤᠴᠠᠭᠠᠨ ᠠᠴᠠ ᠬᠡᠲᠦᠷᠡᠨ ᠭᠦᠢᠴᠡᠳᠬᠡᠭᠴᠢ ᠶᠢᠨ ᠬᠠᠷᠢᠴᠠᠭᠤᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠡᠷᠡᠭ ᠶᠠᠪᠤᠳᠠᠯ ᠢ ᠲᠦᠷᠭᠡᠨ | ᠰᠢᠢᠳᠪᠦᠷᠢᠯᠡᠬᠦ︾ ᠲᠥᠷᠦᠯ ᠵᠦᠢᠯ ᠢ ᠳᠣᠪᠣᠶᠢᠮ᠎ᠠ ᠰᠠᠶᠢᠲᠤᠷ ᠠᠳᠬᠤᠵᠤ᠂ ︽12345︾ ᠮᠡᠳᠡᠯᠭᠡ ᠶᠢᠨ ᠬᠥᠮᠥᠷᠭᠡ ᠶᠢᠨ ᠰᠢᠩᠭᠡᠭᠡᠨ ᠣᠷᠣᠭᠤᠯᠬᠤ ᠶᠢ | ᠬᠥᠳᠡᠯᠦᠩᠭᠦᠢ ᠪᠠᠷ ᠬᠠᠮᠠᠭᠠᠯᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠬᠤᠲᠠ᠂ ᠰᠢᠶᠠᠨ᠂ ᠪᠠᠯᠭᠠᠰᠤ᠂ ᠲᠣᠰᠬᠤᠨ | ᠳᠥᠷᠪᠡᠨ ᠱᠠᠲᠤᠨ ᠤ ᠰᠦᠯᠵᠢᠶᠡᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃ ᠰᠢᠶᠠᠩ ᠪᠠᠯᠭᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠬᠤ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ | ᠪᠠ ᠪᠣᠯᠪᠠᠰᠤᠷᠠᠭᠤᠯᠤᠯ ᠢ ᠰᠠᠶᠢᠲᠤᠷ ᠬᠢᠵᠦ᠂ ᠡᠷᠬᠡ ᠶᠢ ᠵᠠᠯᠭᠠᠨ ᠠᠪᠴᠤ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠨ᠎ᠠ᠃ | ᠭᠤᠷᠪᠠᠳᠤᠭᠠᠷ ᠲᠤ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ | ᠰᠢᠷᠣᠢ ᠤᠨ ᠡᠷᠬᠡ ᠶᠢ ᠨᠤᠲᠠᠯᠠᠨ ᠲᠣᠭᠲᠠᠭᠠᠬᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ | ᠲᠠᠬᠢᠭᠠᠳ 30 ᠵᠢᠯ ᠤᠷᠲᠤᠳᠬᠠᠬᠤ ᠲᠤᠷᠰᠢᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠡᠩᠨᠡᠭᠡ ᠪᠠᠷ ᠬᠠᠤᠯᠢ ᠬᠡᠷᠡᠭᠵᠢᠭᠦᠯᠬᠦ ᠶᠢ ᠬᠠᠮᠢᠶᠠᠷᠬᠤ︾ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠭᠠᠵᠠᠷ | ᠰᠢᠷᠣᠶ ᠶᠢᠨ ︽ᠭᠤᠷᠪᠠᠨ ᠡᠷᠬᠡ︾ ᠶᠢ ᠰᠠᠯᠭᠠᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠥᠮᠴᠢᠯᠡᠬᠦ ᠡᠷᠬᠡ ᠶᠢ ᠨᠠᠶᠢᠳᠠᠪᠤᠷᠢᠵᠢᠭᠤᠯᠤᠨ᠂ | ᠳᠠᠭᠠᠭᠠᠴᠢᠯᠠᠬᠤ ᠡᠷᠬᠡ ᠶᠢ ᠲᠣᠭᠲᠠᠪᠤᠷᠢᠵᠢᠭᠤᠯᠵᠤ᠂ ᠡᠵᠡᠩᠨᠡᠬᠦ ᠡᠷᠬᠡ ᠶᠢ ᠴᠢᠯᠥᠭᠡᠲᠡᠶ ᠪᠣᠯᠭᠠᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠣᠰᠬᠤᠨ ᠤ ᠬᠠᠮᠲᠤ ᠶᠢᠨ ᠡᠳ᠋ ᠬᠦᠷᠦᠩᠭᠡ᠂ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠲᠣᠰᠬᠤᠨ ᠤ | ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠦᠶᠯᠡᠰ ᠢ ᠲᠣᠪᠤᠶᠢᠮ᠎ᠠ ᠰᠠᠶᠢᠲᠤᠷ ᠠᠳᠬᠤᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠠᠩ ᠤᠨ | ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ᠃ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ ᠳᠠᠷᠤᠶ | ᠮᠠᠨ ᠤ ᠲᠡᠮᠡᠴᠡᠯ ᠤᠨ ᠬᠠᠷᠠᠯᠲᠠ ᠮᠥᠨ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠬᠠᠨᠤᠮᠵᠢ ᠶᠢᠨ | ᠬᠡᠮᠵᠢᠶ᠎ᠡ ᠪᠠᠷ ᠥᠨᠳᠥᠷ ᠠᠷᠠᠳ ᠤᠨ ᠠᠮᠢᠳᠤᠷᠠᠯ ᠤᠨ ᠦᠢᠯᠡᠰ ᠢ ᠠᠬᠢᠭᠤᠯᠤᠨ᠎ᠠ᠃ | ᠨᠢᠭᠡᠳᠦᠭᠡᠷ ᠲᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ ᠬᠥᠮᠦᠵᠢᠯ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠰᠤᠷᠭᠠᠭᠤᠯᠢ ᠶᠢᠨ ᠵᠠᠬᠢᠷᠤᠯ ᠤᠨ ᠥᠷᠢᠰᠦᠯᠳᠦᠨ ᠤᠷᠢᠬᠤ ᠠᠵᠢᠯ ᠢ | ᠨᠢᠮᠪᠠᠶ ᠵᠣᠬᠢᠶᠠᠨ ᠪᠠᠶᠢᠭᠤᠯᠵᠤ᠂ ᠪᠠᠭᠰᠢ ᠤᠷᠢᠬᠤ ᠲᠣᠭᠲᠠᠴᠠ ᠶᠢᠨ ᠰᠢᠨ᠎ᠡ ᠶᠢ ᠡᠭᠦᠳᠴᠦ᠂ ᠬᠤᠲᠠ ᠬᠥᠳᠡᠭᠡ ᠶᠢᠨ ᠪᠠᠭᠰᠢ ᠶᠢᠨ ᠣᠷᠣᠨ ᠲᠤᠭ᠎ᠠ ᠶᠢ ᠨᠢᠭᠡᠳᠦᠯᠲᠡᠶ | ᠲᠥᠯᠥᠪᠯᠡᠬᠦ ᠶᠢ ᠠᠬᠢᠭᠤᠯᠤᠨ᠂ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠨᠡᠷᠡᠲᠦ ᠰᠤᠷᠭᠠᠭᠤᠯᠢ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠂ ᠪᠠᠭᠰᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠨ ᠬᠢᠨᠠᠵᠤ | ᠦᠨᠡᠯᠡᠬᠦ ᠲᠦᠷᠢᠮ ᠢ ᠪᠦᠷᠢᠨᠰᠢᠭᠦᠯᠵᠦ᠂ ᠢᠯᠡ ᠲᠣᠳᠣ ᠤᠷᠮᠠᠰᠢᠭᠤᠯᠬᠤ ᠤᠳᠤᠷᠢᠳᠤᠮᠵᠢ ᠶᠢ ᠪᠣᠶ ᠪᠣᠯᠭᠠᠨ᠂ ᠡᠯ᠎ᠡ ᠲᠥᠷᠥᠯ ᠤᠨ ᠪᠠᠶᠢᠴᠠᠭᠠᠨ ᠦᠵᠡᠬᠦ᠃ ᠰᠢᠯᠭᠠᠨ | ᠬᠢᠨᠠᠬᠤ᠂ ᠠᠳᠠᠯᠢᠳᠬᠠᠨ ᠰᠢᠯᠭᠠᠷᠠᠭᠤᠯᠬᠤ ᠪᠠ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠵᠢᠷᠤᠮᠵᠢᠭᠤᠯᠵᠤ᠂ ᠰᠤᠷᠭᠠᠭᠤᠯᠢ | ᠡᠷᠭᠢᠯᠡᠬᠦ ᠰᠠᠶᠢᠨ ᠲᠣᠭᠲᠠᠴᠠ ᠶᠢ ᠪᠣᠶ ᠪᠣᠯᠭᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠶᠡᠬᠡᠪᠡᠷ ᠳᠡᠭᠡᠭᠰᠢᠯᠡᠭᠦᠯᠦᠨ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠠᠬᠢᠭᠤᠯᠵᠤ᠂ ᠥᠨᠳᠥᠷ ᠬᠡᠪ ᠴᠢᠨᠠᠷ ᠪᠦᠬᠦᠢ ᠬᠥᠳᠡᠯᠮᠦᠷᠢᠴᠢᠨ ᠪᠠ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠦᠴᠦᠯᠡᠨ ᠬᠥᠮᠦᠵᠢᠭᠦᠯᠦᠨ᠎ᠡ᠃ | ᠬᠤᠶᠠᠳᠤᠭᠠᠷ ᠲᠤ᠂ ᠬᠤᠳᠠ ᠬᠥᠳᠡᠭᠡ ᠶᠢᠨ ᠰᠣᠶᠣᠯ ᠢ ᠴᠡᠴᠡᠭᠯᠡᠭᠦᠯᠦᠨ᠎ᠡ᠃ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠤᠷᠤᠭᠰᠢᠯᠠᠯᠲᠠ ᠶᠢᠨ ᠴᠢᠭᠯᠡᠯ ᠢ | ᠪᠠᠲᠤ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠳᠦᠷᠪᠡᠨ ᠳᠡᠰ ᠤᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ | ᠤᠯᠤᠰ ᠤᠨ ᠲᠠᠷᠢᠶᠠᠯᠠᠬᠤ ᠣᠷᠣᠨ ᠤ ᠬᠠᠮᠤᠭ ᠤᠨ ᠲᠥᠯᠥᠭᠡᠯᠡᠬᠦ ᠴᠢᠨᠠᠷᠲᠠᠶ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠦᠯᠢᠭᠡᠷ ᠳᠠᠭᠤᠷᠢᠶᠠᠯ ᠤᠨ | ᠣᠷᠣᠨ᠂ ᠪᠦᠬᠦ ᠣᠷᠣᠨ ᠤ ᠲᠡᠷᠢᠭᠦᠨ ᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠢ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ | ᠠᠷᠠᠳ ᠲᠤ ᠠᠰᠢᠭ ᠬᠦᠷᠲᠡᠭᠡᠬᠦ ᠦᠶᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ ᠨᠣᠮ ᠤᠨ ᠰᠠᠩ᠂ ᠺᠢᠨᠣ᠋ ᠵᠦᠴᠦᠭᠡ ᠶᠢᠨ ᠬᠦᠷᠢᠶᠡᠯᠡᠩ ᠪᠠ ᠪᠥᠬᠦ ᠠᠷᠠᠳ ᠤᠨ | ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠢ ᠪᠠᠶᠢᠭᠤᠯᠵᠤ᠂ ᠡᠯ᠎ᠡ ᠲᠥᠷᠥᠯ ᠤᠨ ᠨᠠᠷᠠᠲᠤ ᠲᠥᠷᠥᠯ ᠲᠡᠮᠳᠡᠭᠲᠦ ᠶᠢᠨ ᠤᠷᠤᠯᠳᠤᠭᠠᠨ ᠢ ᠰᠠᠶᠢᠲᠤᠷ ᠡᠷᠭᠢᠯᠡᠵᠦ᠂ | ᠤᠯᠤᠰ ᠤᠨ ᠠᠷᠠᠳ ᠨᠡᠶᠢᠲᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠬᠤ ᠵᠢᠱᠢᠶᠡᠴᠢ ᠰᠢᠶᠠᠨ ᠢ ᠡᠭᠦᠳᠬᠦ ᠪᠠᠷ ᠴᠢᠷᠮᠠᠶᠢᠨ᠎ᠡ᠃ ︽ | ᠪᠣᠷᠣᠲᠣᠬᠤᠢ ᠶᠢᠨ ᠠᠷᠠᠳ ᠤᠨ ᠳᠠᠭᠤᠤ ᠶᠢᠨ ᠨᠤᠲᠤᠭ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠳᠥᠷᠪᠡᠳᠦᠭᠡᠷ ᠬᠤᠭᠤᠴᠠᠭᠠᠨ ᠤ | ᠳᠤᠮᠳᠠᠳᠤ ᠶᠢᠨ ᠰᠢᠯᠦᠭᠴᠢᠳ ᠤᠨ ᠪᠠᠶᠠᠷ ᠢ ᠢᠳᠡᠪᠬᠢᠲᠡᠢ ᠪᠡᠯᠡᠳᠬᠡᠵᠦ᠂ ︽ᠳᠤᠮᠳᠠᠳᠤ ᠶᠢᠨ ᠰᠢᠯᠦᠭ ᠤᠨ ᠬᠤᠲᠠ︾ ᠶᠢ ᠡᠭᠦᠳᠦᠨ ᠪᠠᠶᠢᠭᠤᠯᠤᠨ᠎ᠠ᠃ ᠬᠠᠳᠤᠨ | ᠭᠤᠣᠯ ᠤᠨ ᠰᠣᠶᠣᠯ᠂ ᠪᠣᠷᠣᠲᠣᠬᠤᠢ ᠶᠢᠨ ᠲᠠᠷᠢᠶᠠᠯᠠᠬᠤ ᠰᠣᠶᠣᠯ ᠢ ᠰᠠᠶᠢᠲᠤᠷ ᠤᠯᠠᠮᠵᠢᠯᠠᠨ ᠪᠠᠳᠠᠷᠠᠭᠤᠯᠵᠤ᠂ ᠬᠠᠳᠤᠨ ᠭᠤᠣᠯ ᠤᠨ ᠰᠣᠶᠣᠯ ᠳᠤ ᠠᠭᠤᠯᠤᠭᠳᠠᠵᠤ | ᠪᠠᠶᠢᠭ᠎ᠠ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠵᠤ᠂ ︽ᠬᠠᠳᠤᠨ ᠭᠤᠣᠯ ᠤᠨ ᠦᠯᠢᠭᠡᠷ︾᠂ ︽ᠪᠣᠷᠣᠲᠣᠬᠤᠢ ᠶᠢᠨ ᠦᠯᠢᠭᠡᠷ︾᠂ ︽ | ᠦᠶᠦᠸᠠᠨ ᠤ ᠦᠯᠢᠭᠡᠷ︾ ᠢ ᠰᠠᠶᠢᠲᠤᠷ ᠶᠠᠷᠢᠨ᠎ᠠ᠃ | ᠭᠤᠷᠪᠠᠳᠤᠭᠠᠷ ᠲᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠶᠯᠡᠰ ᠢ ᠶᠡᠬᠡᠪᠡᠷ ᠬᠥᠭᠵᠢᠭᠦᠯᠦᠨ᠎ᠡ᠃ ︽ᠭᠤᠷᠪᠠᠨ ᠡᠮᠴᠢᠯᠡᠭᠡᠨ ᠤ ᠬᠤᠯᠪᠣᠭᠠᠯᠠᠨ | ᠬᠥᠳᠡᠯᠦᠯᠴᠡᠬᠦ︾ ᠶᠢ ᠭᠦᠨᠵᠡᠭᠡᠶᠢᠷᠡᠭᠦᠯᠵᠦ᠂ ᠪᠦᠯᠦᠭᠯᠡᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠲᠣᠯᠣᠭᠠᠶᠢᠯᠠᠭᠤᠯᠤᠨ ᠳᠠᠭᠠᠭᠤᠯᠬᠤ ᠦᠢᠯᠡᠳᠦᠯ ᠢ ᠳᠣᠪᠤᠶᠢᠯᠭᠠᠨ᠂ | ᠡᠯ᠎ᠡ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠡᠭᠦᠷᠭᠡ ᠬᠠᠷᠢᠭᠤᠴᠠᠯᠭ᠎ᠠ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠡᠮᠴᠢᠯᠡᠭᠡᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠶᠯᠡᠴᠢᠯᠡᠬᠦ ᠶᠢ | ᠠᠬᠢᠭᠤᠯᠵᠤ᠂ ᠡᠮᠴᠢᠯᠡᠭᠡᠨ ᠤ ᠵᠠᠷᠤᠳᠠᠯ ᠤᠨ ᠵᠦᠶ ᠵᠣᠬᠢᠰ ᠥᠬᠡᠶ ᠨᠡᠮᠡᠭᠳᠡᠯ ᠢ ᠬᠢᠵᠠᠭᠠᠷᠯᠠᠨ᠂ ᠪᠠᠲᠤᠯᠠᠭ᠎ᠠ ᠶᠢᠨ ᠰᠠᠭᠤᠷᠢ ᠮᠦᠩᠭᠦᠨ ᠤ ᠠᠶᠤᠯᠬᠦᠢ ᠪᠠᠷ ᠡᠷᠭᠢᠯᠳᠦᠨ | ᠠᠵᠢᠯᠯᠠᠬᠤ ᠶᠢ ᠪᠠᠲᠤᠯᠠᠵᠤ᠂ ᠡᠪᠡᠳᠴᠢᠨ ᠵᠠᠰᠠᠬᠤ ᠪᠠᠷ ᠭᠤᠤᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠳᠠᠰᠢ ᠬᠤᠪᠢᠷᠠᠭᠤᠯᠬᠤ ᠶᠢ | ᠪᠡᠶᠡᠯᠡᠭᠦᠯᠦᠨ᠎ᠡ᠃ ᠰᠢᠶᠠᠨ ᠤ ᠡᠮᠨᠡᠯᠭᠡ ᠶᠢᠨ ᠬᠤᠷᠢᠶ᠎ᠠ᠂ ᠶᠠᠰᠤᠨ ᠤ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠰᠢᠯᠵᠢᠭᠦᠯᠦᠨ᠎ᠡ᠃ ᠮᠣᠩᠭᠤᠯ ᠬᠢᠲᠠᠳ ᠡᠮᠨᠡᠯᠭᠡ ᠶᠢᠨ | ᠬᠤᠷᠢᠶ᠎ᠠ ᠶᠢ ᠬᠥᠭᠵᠢᠭᠦᠯᠦᠨ ᠮᠠᠨᠳᠤᠭᠤᠯᠬᠤ ᠪᠠ ᠣᠨᠴᠠᠯᠢᠭᠲᠤ ᠳᠠᠪᠠᠭᠤᠯᠢᠭ ᠲᠤᠰᠬᠠᠢ ᠰᠠᠯᠠᠭ᠎ᠠ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠴᠢᠩᠭᠠᠷᠠᠭᠤᠯᠤᠨ᠂ ᠲᠤᠰᠬᠠᠶ ᠮᠡᠷᠭᠡᠵᠢᠯᠲᠡᠨ ᠨᠡᠷᠡᠲᠦ ᠡᠮᠴᠢ ᠶᠢ ᠤᠷᠢᠨ ᠰᠠᠭᠤᠯᠭᠠᠨ ᠡᠮᠴᠢᠯᠡᠭᠦᠯᠵᠦ᠂ ᠡᠮ | ᠡᠮᠨᠡᠯᠭᠡ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠡᠪᠡᠳᠴᠢᠨ ᠦᠵᠡᠭᠦᠯᠬᠦ ᠵᠠᠷᠤᠳᠠᠯ ᠢ ᠪᠠᠭᠤᠷᠠᠭᠤᠯᠤᠨ᠎ᠠ᠃ ᠨᠡᠶᠢᠭᠡᠮ ᠤᠨ ᠬᠦᠴᠦᠨ ᠢᠶᠠᠷ ᠬᠡᠤᠬᠡᠳ | ᠬᠠᠷᠠᠭᠠᠯᠵᠠᠬᠤ ᠦᠶᠯᠡᠴᠢᠯᠡᠭᠡ ᠶᠢ ᠬᠥᠭᠵᠢᠭᠦᠯᠬᠦ ᠶᠢ ᠳᠡᠮᠵᠢᠵᠦ᠂ ᠵᠢᠶ ᠺᠠᠩ ᠡᠮᠴᠢᠯᠡᠭᠡ ᠰᠤᠪᠢᠯᠠᠯᠲᠠ ᠶᠢᠨ ᠬᠤᠷᠢᠶ᠎ᠠ ᠶᠢ ᠪᠠᠶᠢᠭᠤᠯᠵᠤ᠂ ︽ᠡᠮᠨᠡᠬᠦ ᠰᠤᠪᠢᠯᠠᠬᠤ ᠶᠢ | ᠤᠶᠠᠯᠳᠤᠭᠤᠯᠬᠤ︾ ᠶᠢ ᠠᠬᠢᠭᠤᠯᠵᠤ᠂ ︽ᠨᠢᠭᠡ ᠠᠬᠠᠮᠠᠳ ᠨᠢᠭᠡ ᠪᠠᠭ᠎ᠠ︾ ᠶᠢ ᠬᠠᠷᠠᠭᠠᠯᠵᠠᠬᠤ ᠠᠰᠠᠭᠤᠳᠠᠯ ᠢ ᠰᠠᠶᠢᠲᠤᠷ ᠰᠢᠶᠳᠪᠦᠷᠢᠯᠡᠨ᠎ᠡ᠃ | ᠳᠥᠷᠪᠡᠳᠦᠭᠡᠷ ᠲᠤ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢ ᠨᠡᠩ ᠴᠢᠬᠤᠯᠠᠴᠢᠯᠠᠨ᠎ᠠ᠃ ᠤᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠠᠵᠢᠯ ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠡᠬᠢᠯᠡᠭᠦᠯᠦᠨ ᠬᠡᠷᠡᠭᠵᠢᠭᠦᠯᠵᠦ᠂ ᠳᠡᠭᠡᠳᠦ ᠰᠤᠷᠭᠠᠭᠤᠯᠢ | ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠳ᠂ ᠨᠤᠲᠤᠭ ᠲᠠᠭᠠᠨ ᠪᠤᠴᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ | ᠣᠯᠭᠤᠬᠤ ᠵᠢᠯᠣᠭᠤᠳᠣᠯᠭ᠎ᠠ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠴᠠᠭ ᠲᠤᠬᠠᠶ ᠳᠤᠨᠢ ᠬᠠᠩᠭᠠᠵᠤ᠂ ᠷᠦᠨ ᠬᠠᠶ ᠶᠤᠸᠠᠨ ᠤ ᠨᠢᠭᠡᠳᠦᠭᠡᠷ ᠬᠤᠭᠤᠴᠠᠭᠠᠨ ᠤ | 3000 ᠬᠥᠮᠦᠨ᠂ ᠵᠥᠩ ᠨᠤᠩ ᠺᠣᠮᠫᠠᠨᠢ ᠶᠢᠨ ᠨᠢᠭᠡᠳᠦᠭᠡᠷ ᠬᠤᠭᠤᠴᠠᠭᠠᠨ ᠤ 350 ᠬᠥᠮᠦᠨ ᠤᠷᠢᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ | ᠲᠠᠷᠢᠶᠠᠴᠢᠳ ᠤᠨ 2.5 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠦᠨ᠂ ᠠᠵᠢᠯ ᠣᠯᠤᠭᠰᠠᠨ ᠥᠬᠡᠶ ᠬᠡᠷ ᠪᠦᠯᠢ ᠶᠢᠨ ᠬᠥᠳᠡᠯᠦᠩᠭᠦᠶ | ᠪᠠᠶᠢᠳᠠᠯ ᠢ ᠲᠡᠭ ᠪᠣᠯᠭᠠᠬᠤ ᠶᠢ ᠦᠨᠡᠨᠬᠦ ᠪᠠᠲᠤᠯᠠᠨ᠎ᠠ᠃ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠶᠠᠳᠠᠭᠤ ᠶᠢ ᠲᠡᠳᠬᠦᠵᠦ ᠵᠦᠳᠡᠭᠦᠤ ᠶᠢ | ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠵᠦ᠂ ᠬᠦᠴᠢᠷᠳᠡᠯᠲᠡᠢ ᠤᠯᠠᠨ ᠲᠦᠮᠡᠨ ᠤ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠦᠨᠡᠨ ᠬᠦ ᠪᠠᠲᠤᠯᠠᠨ᠎ᠠ᠃ ︽ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ︾ ᠠᠵᠢᠯᠯᠠᠭ᠎ᠠ ᠶᠢ ᠭᠦᠨᠵᠡᠭᠡᠶ | ᠠᠬᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠦᠶᠯᠡᠴᠢᠯᠡᠭᠡ ᠪᠠ ᠬᠠᠮᠢᠶᠠᠷᠤᠯᠲᠠ ᠶᠢ ᠴᠢᠩᠭᠠᠳᠬᠠᠨ᠂ ᠬᠥᠯᠥᠰᠥᠨ ᠠᠵᠢᠯᠴᠢᠳ᠂ ᠴᠡᠷᠢᠭ ᠪᠣᠯᠣᠨ ᠴᠡᠷᠢᠭ ᠤᠨ | ᠬᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠥᠬᠦ ᠣᠷᠣᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠶ ᠶᠢᠨ ᠲᠠᠯᠠᠪᠠᠶ ᠶᠢᠨ | ᠬᠤᠷᠠᠯ ᠢ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠴᠢᠷᠮᠠᠶᠢᠨ ᠴᠣᠭᠴᠠᠯᠠᠨ᠎ᠠ᠃ | ᠲᠠᠪᠤᠳᠤᠭᠠᠷ ᠲᠤ᠂ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ | ᠬᠠᠷᠢᠭᠤᠴᠠᠯᠭ᠎ᠠ ᠪᠠᠨ ᠭᠦᠶᠴᠡᠳᠬᠡᠬᠦ᠂ ᠬᠥᠮᠦᠨ ᠪᠦᠬᠦᠨ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠡᠳ᠋ᠯᠡᠬᠦ᠂ ᠥᠨᠳᠥᠷ ᠬᠢᠷᠢ ᠲᠦᠪᠰᠢᠨ ᠪᠥᠬᠦᠶ | ᠨᠡᠶᠢᠭᠡᠮ ᠤᠨ ᠵᠠᠰᠠᠯᠲᠠ ᠶᠢ ᠠᠬᠢᠭᠤᠯᠤᠨ᠎ᠠ᠃ ︽ᠲᠣᠣᠷᠵᠢᠯᠲᠠ + ᠪᠢᠴᠢᠯ ᠵᠠᠰᠠᠯᠲᠠ︾᠂ ︽ᠶᠢᠰᠦᠨ ᠪᠢᠴᠢᠯ ᠴᠠᠭᠳᠠᠭᠠᠨ ᠤ ᠶᠠᠪᠤᠳᠠᠯ︾ ᠵᠡᠷᠭᠡ ᠨᠡᠶᠢᠭᠡᠮ ᠤᠨ | ᠵᠠᠰᠠᠯᠲᠠ ᠶᠢᠨ ᠵᠠᠭᠪᠤᠷ ᠢ ᠭᠦᠨᠵᠡᠭᠡᠶ ᠬᠡᠷᠡᠭᠵᠢᠭᠦᠯᠵᠦ᠂ ᠠᠮᠤᠷ ᠢ ᠬᠠᠮᠠᠭᠠᠯᠠᠬᠤ ᠡᠮᠬᠢ ᠳᠢᠭᠯᠢᠮ ᠤᠨ ︽ᠶᠡᠭᠡ ᠪᠠᠷ ᠳᠡᠭᠡᠭᠰᠢᠯᠡᠭᠦᠯᠬᠦ︾᠂ ᠵᠠᠮ ᠬᠠᠷᠢᠯᠴᠠᠭᠠᠨ ᠤ ᠡᠮᠬᠢ | ᠳᠢᠭᠯᠢᠮ ᠤᠨ ︽ᠶᠡᠭᠡ ᠪᠠᠷ ᠴᠡᠭᠴᠡᠯᠡᠨ ᠵᠠᠰᠠᠬᠤ︾᠂ ᠵᠠᠬᠢᠳᠠᠯ ᠰᠤᠷᠪᠤᠯᠵᠢᠯᠠᠭ᠎ᠠ ᠶᠢᠨ ᠬᠦᠴᠢᠷ ᠠᠰᠠᠭᠤᠳᠠᠯ ᠢ ︽ᠶᠡᠭᠡ ᠪᠠᠷ ᠰᠢᠶᠳᠪᠦᠷᠢᠯᠡᠬᠦ︾᠂ ᠠᠵᠢᠯ ᠲᠥᠷᠥᠯ ᠤᠨ | ᠰᠠᠮᠠᠭᠤᠨ ᠪᠠᠶᠢᠳᠠᠯ ᠢ ︽ᠶᠡᠭᠡ ᠪᠠᠷ ᠵᠠᠰᠠᠬᠤ︾ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ | ᠶᠢ ᠬᠥᠭᠵᠢᠭᠦᠯᠬᠦ ᠶᠢ ᠪᠠᠷᠢᠮᠲᠠᠯᠠᠵᠤ᠂ ︽ᠭᠡᠭᠡᠷᠡᠭᠦᠯᠬᠦ ᠢᠨᠵᠧᠨᠧᠷᠢᠩ︾ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ | ᠲᠥᠪ ᠢ ᠦᠶᠯᠡᠳᠦᠯᠭᠡᠵᠢᠭᠦᠯᠬᠦ ᠲᠠᠪᠴᠠᠩ ᠪᠣᠯᠭᠠᠨ ᠪᠠᠶᠢᠭᠤᠯᠵᠤ᠂ ᠵᠥᠷᠢᠴᠡᠯ ᠢ ᠡᠰᠢᠵᠢᠬᠦᠯᠦᠨ ᠰᠢᠶᠳᠪᠦᠷᠢᠯᠡᠬᠦ ᠲᠣᠭᠲᠠᠴᠠ ᠶᠢ ᠭᠦᠨᠵᠡᠭᠡᠶ ᠠᠬᠢᠭᠤᠯᠵᠤ᠂ ︽ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠤᠨ ᠳᠡᠶᠢᠯᠦᠩᠭᠦᠢ ᠴᠢᠨᠠᠷᠲᠠᠶ ᠢᠯᠠᠯᠲᠠ ᠤᠯᠬᠤ ᠶᠢ ᠦᠨᠡᠨ ᠬᠦ ᠪᠠᠲᠤᠯᠠᠵᠤ᠂ ᠨᠠᠩ ᠥᠨᠳᠥᠷ | ᠲᠦᠪᠰᠢᠨ ᠪᠥᠬᠦᠶ ᠠᠮᠤᠷ ᠠᠮᠤᠭᠤᠯᠠᠩ ᠦᠶᠦᠸᠠᠨ ᠶᠢ ᠪᠥᠲᠥᠭᠡᠨ ᠪᠠᠶᠢᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠴᠤ᠂ ᠰᠢᠨ᠎ᠡ | ᠪᠠᠶᠢᠳᠠᠯ ᠳᠣᠤᠷᠠᠬᠢ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠤᠨ᠎ᠠ᠃ ︽ᠡᠮᠦᠰᠬᠦ᠂ ᠢᠳᠡᠬᠦ᠂ ᠰᠠᠭᠤᠬᠤ᠂ ᠶᠠᠪᠤᠬᠤ︾ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ | ᠲᠦᠮᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ ︽ᠨᠢᠭᠡ ᠠᠵᠢᠯ ᠤᠨ ᠪᠠᠶᠢᠷᠢ ᠬᠤᠣᠰ | ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠬᠤ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ | ᠵᠢᠷᠭᠤᠳᠤᠭᠠᠷ ᠲᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠨ᠎ᠡ᠃ ᠣᠯᠠᠨ ᠲᠦᠮᠡᠨ ᠤ ᠬᠦᠰᠡᠭᠰᠡᠨ ᠰᠠᠨᠠᠭᠰᠠᠨ ᠤ ᠲᠣᠭᠤᠷᠢᠨ ᠳᠤ᠂ | ᠪᠢᠳᠡ ᠢᠯᠡ ᠪᠠᠷ ᠡᠯᠰᠡᠨ ᠴᠤᠭᠯᠠᠭᠤᠯᠬᠤ᠂ ᠰᠢᠯᠢᠨ ᠰᠣᠩᠭᠤᠬᠤ ᠪᠠ ᠭᠦᠶᠴᠡᠳ ᠰᠤᠳᠤᠯᠬᠤ ᠪᠠᠷ ᠳᠠᠮᠵᠢᠨ᠂ ᠠᠷᠠᠳ ᠤᠨ ᠠᠮᠢᠳᠤᠷᠠᠯ ᠤᠨ 12 ᠪᠣᠳᠠᠲᠤ ᠶᠠᠪᠤᠳᠠᠯ ᠢ | ᠠᠩᠬ᠎ᠠ ᠠᠯᠬᠤᠮ ᠲᠣᠭᠲᠠᠭᠠᠵᠤ᠂ ᠲᠥᠯᠥᠭᠡᠯᠡᠭᠴᠢᠳ ᠪᠢᠯᠧᠲ ᠪᠠᠷ ᠰᠣᠩᠭᠤᠯᠲᠠ ᠬᠢᠨ᠎ᠡ᠃ ᠪᠢᠳᠡ ᠵᠠᠪᠠᠯ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠠᠶᠢᠨ | ᠶᠠᠪᠤᠳᠠᠯ ᠢ ᠪᠣᠳᠠᠲᠠᠶ ᠬᠢᠨ᠎ᠡ᠃ | ︵ ᠨᠠᠢᠮᠠ︶ ᠤᠭ ᠰᠠᠨᠠᠭ᠎ᠠ ᠪᠠᠨ ᠦᠯᠦ ᠮᠠᠷᠲᠠᠵᠤ ᠣᠯᠠᠨ ᠤ ᠬᠦᠰᠡᠯ ᠢ ᠬᠥᠰᠡᠷᠳᠡᠭᠦᠯᠬᠦ ᠦᠭᠡᠢ᠂ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ | ᠰᠢᠨ᠎ᠡ ᠵᠢᠳᠬᠦᠯ ᠴᠢᠷᠮᠠᠶᠢᠯᠭ᠎ᠠ ᠶᠢ ᠪᠦᠬᠦ ᠲᠠᠯ᠎ᠠ ᠪᠠᠷ ᠢᠯᠡᠷᠡᠭᠦᠯᠦᠨ᠎ᠡ᠃ | ᠨᠢᠭᠡ ᠬᠤᠪᠢ ᠪᠠᠶᠢᠷᠢᠯᠠᠭᠤᠯᠤᠯᠲᠠ᠂ ᠶᠢᠰᠦᠨ ᠬᠤᠪᠢ ᠨᠠᠶᠢᠳᠠᠪᠤᠷᠢᠵᠢᠭᠤᠯᠤᠯᠲᠠ᠃ ᠨᠠᠷᠢᠨ ᠪᠤᠳᠤᠯᠢᠶᠠᠨᠲᠠᠢ ᠪᠥᠭᠡᠳ ᠨᠦᠰᠡᠷ ᠬᠦᠨᠳᠦ ᠠᠵᠢᠯ ᠤᠨ ᠡᠭᠦᠷᠭᠡ ᠶᠢᠨ | ᠡᠮᠦᠨ᠎ᠡ᠂ ᠪᠢᠳᠡ ᠡᠷᠬᠡᠪᠰᠢ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠦᠨᠡᠨ ᠠᠴᠠ ᠵᠥᠪ ᠢ ᠡᠷᠢᠬᠦ᠂ | ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠷᠢᠮᠲᠠᠯᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠪᠦᠬᠦ ᠲᠠᠯ᠎ᠠ ᠪᠠᠷ ᠵᠣᠬᠢᠴᠠᠭᠤᠯᠬᠤ᠂ ᠬᠤᠷᠢᠭ᠎ᠠ | ᠱᠤᠭᠤᠮ ᠤᠨ ᠰᠡᠳᠬᠢᠬᠦᠢ ᠪᠠ ᠪᠠᠶᠢᠴᠠᠭᠠᠨ ᠰᠤᠳᠤᠯᠤᠯᠲᠠ ᠬᠢᠬᠦ ᠶᠢ ᠪᠠᠷᠢᠮᠲᠠᠯᠠᠵᠤ᠂ ᠲᠡᠦᠬᠡ ᠶᠢᠨ ᠡᠭᠦᠷᠭᠡᠯᠡᠯ ᠢ ᠡᠭᠦᠷᠭᠡᠯᠡᠵᠦ᠂ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ | ᠨᠢᠭᠡᠳᠦᠭᠡᠷ ᠲᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶᠠᠨ ᠤ | ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠶᠢ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠤᠨ᠂ ᠣᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ | ᠵᠣᠷᠢᠭᠲᠠᠶ ᠪᠠᠷ ᠪᠣᠭᠤᠮᠲᠠ ᠰᠢᠪᠲᠤᠯᠵᠤ᠂ ᠤᠬᠠᠮᠰᠠᠷ ᠠᠴᠠ ᠪᠠᠨ ᠰᠢᠨ᠎ᠡ ᠬᠥᠭᠵᠢᠯᠲᠡ ᠶᠢᠨ ᠣᠨᠣᠯᠵᠢᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠪᠥᠬᠦ ᠶᠠᠪᠤᠴᠠ ᠳᠤ ᠲᠤᠭᠤᠰᠢᠯᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠩ ᠰᠠᠶᠢᠲᠤᠷ ᠠᠬᠢᠭᠤᠯᠬᠤ ᠬᠡᠷᠡᠭᠲᠡᠶ᠃ | ᠬᠤᠶᠠᠳᠤᠭᠠᠷ ᠲᠤ᠂ ᠴᠢᠳᠠᠪᠤᠷᠢ᠂ ᠬᠡᠪ ᠴᠢᠨᠠᠷ ᠢᠶᠠᠨ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ | ᠲᠦᠷᠭᠡᠳᠬᠡᠨ ᠬᠤᠪᠢᠷᠠᠭᠤᠯᠵᠤ᠂ ᠦᠶᠤᠸᠠᠨ ᠠᠴᠠ ᠰᠤᠭᠤᠷᠠᠨ ᠭᠠᠷᠴᠤ ᠦᠶᠤᠸᠠᠨ ᠢᠶᠠᠨ ᠡᠷᠭᠢᠨ ᠦᠵᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠥᠨᠳᠥᠷ ᠲᠦᠪᠰᠢᠨ ᠢᠶᠠᠷ ᠨᠠᠶᠢᠷᠠᠭᠤᠯᠤᠨ ᠵᠣᠬᠢᠶᠠᠵᠤ᠂ ᠨᠠᠩ ᠥᠷᠭᠡᠨ ᠬᠠᠷᠠᠭᠠᠰᠤ ᠪᠠᠷ ᠪᠠᠶᠢᠷᠢ ᠲᠣᠭᠲᠠᠭᠠᠯᠲᠠ ᠶᠢᠨ ᠪᠠᠷᠢᠮᠵᠢᠶ᠎ᠠ ᠪᠠᠨ | ᠳᠡᠭᠡᠭᠰᠢᠯᠡᠭᠦᠯᠵᠦ᠂ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢᠶᠠᠨ ᠲᠣᠭᠲᠠᠭᠠᠨ᠎ᠠ᠃ ᠰᠢᠨᠵᠢᠯᠡᠬᠦ | ᠤᠬᠠᠭᠠᠨᠴᠢ ᠰᠡᠳᠬᠢᠬᠦᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠣᠶᠢᠯᠠᠭᠠᠭᠳᠠᠬᠤᠨ᠂ ᠰᠢᠨ᠎ᠡ ᠰᠡᠳᠬᠢᠴᠡ᠂ ᠰᠢᠨ᠎ᠡ ᠠᠷᠭ᠎ᠠ ᠪᠠᠷ ᠠᠵᠢᠯ ᠤᠨ ᠬᠦᠴᠢᠷ | ᠠᠰᠠᠭᠤᠳᠠᠯ ᠢ ᠰᠢᠢᠳᠪᠦᠷᠢᠯᠡᠨ᠎ᠡ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠥᠬᠦᠷᠡᠯ ᠦᠭᠡᠢ ᠴᠢᠷᠮᠠᠶᠢᠵᠤ᠂ ᠬᠠᠳᠠᠭᠠᠰᠤ ᠬᠠᠳᠠᠬᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠰᠢᠶᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃ | ᠭᠤᠷᠪᠠᠳᠤᠭᠠᠷ ᠲᠤ᠂ ᠰᠠᠬᠢᠯᠭ᠎ᠠ ᠪᠠᠲᠤ ᠣᠪᠣᠷ ᠰᠤᠷᠲᠠᠯ ᠢ ᠴᠢᠩᠳᠠᠯᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠲᠥᠪ ᠤᠨ ︽ᠨᠠᠢᠮᠠᠨ ᠵᠤᠷᠪᠤᠰ | ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ ᠡᠵᠡᠮᠳᠡᠵᠦ᠂ ︽ᠳᠥᠷᠪᠡᠨ ᠰᠤᠷᠲᠠᠯ︾ ᠢ | ᠡᠷᠡᠰ ᠡᠰᠡᠷᠭᠦᠴᠡᠵᠦ᠂ ︽ᠳᠥᠷᠪᠡᠨ ᠨᠣᠶᠠᠨ︾ ᠢ ᠴᠡᠭᠴᠡᠯᠡᠨ ᠵᠠᠰᠠᠬᠤ ᠪᠠᠨ ᠴᠢᠩᠭᠠᠳᠬᠠᠨ᠂ ︽ᠨᠢᠭᠡ ᠠᠵᠢᠯ ᠤᠨ ᠪᠠᠶᠢᠷᠢ ᠬᠤᠤᠰ ᠬᠠᠷᠢᠴᠠᠭᠤᠯᠭ᠎ᠠ︾ ᠶᠢ ᠴᠢᠩᠭ᠎ᠠ | ᠭᠦᠶᠴᠡᠳᠬᠡᠵᠦ᠂ ᠶᠠᠳᠠᠭᠤ ᠶᠢ ᠲᠡᠳᠬᠦᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠵᠡᠷᠭᠡ ᠬᠦᠷᠢᠶᠡᠨ ᠳᠠᠬᠢ | ᠲᠤᠰᠬᠠᠶ ᠵᠠᠰᠠᠯᠲᠠ ᠶᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠤᠨ᠎ᠠ᠃ ᠢᠯᠡᠭᠦᠦ ᠴᠠᠭ ᠢᠶᠠᠷ | ᠠᠵᠢᠯᠯᠠᠭᠰᠠᠳ ᠲᠤ ᠨᠥᠬᠦᠪᠥᠷᠢ ᠥᠭᠬᠦ᠂ ᠠᠮᠠᠷᠠᠯᠲᠠ᠂ ᠴᠢᠯᠥᠭᠡ ᠪᠠᠨ ᠲᠣᠬᠢᠷᠠᠭᠤᠯᠵᠤ ᠠᠮᠠᠷᠠᠬᠤ ᠵᠡᠷᠭᠡ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠰᠡᠳᠬᠢᠯ ᠤᠨ ᠦᠭᠡ ᠪᠠᠨ ᠶᠠᠷᠢᠯᠴᠠᠬᠤ᠂ ᠠᠯᠳᠠᠭ᠎ᠠ ᠪᠤᠷᠤᠭᠤ ᠶᠢ ᠠᠭᠤᠴᠢᠯᠠᠬᠤ ᠪᠠ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠺᠠᠳ᠋ᠷ ᠤᠨ ᠨᠡᠷ᠎ᠡ ᠶᠢ ᠲᠥᠪ | ᠪᠣᠯᠭᠠᠬᠤ ᠬᠠᠮᠠᠭᠠᠯᠠᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠯᠠᠪᠳᠠᠭᠤᠨ ᠪᠠᠲᠤᠲᠠᠶ ᠪᠠᠷ ᠠᠵᠢᠯ ᠬᠢᠬᠦ᠂ | ᠺᠠᠳ᠋ᠷ ᠲᠤ ᠲᠦᠰᠢᠭ ᠲᠤᠯᠭᠠᠭᠤᠷᠢ ᠪᠤᠯᠵᠤ ᠡᠷᠴᠢ ᠵᠣᠷᠢᠭ ᠢ ᠨᠢ ᠬᠥᠪᠴᠢᠯᠡᠨ᠎ᠡ᠃ | ᠳᠥᠷᠪᠡᠳᠦᠭᠡᠷ ᠲᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ︽ᠦᠷ᠎ᠡ ᠪᠦᠲᠦᠮᠵᠢ︾ ᠶᠢᠨ ᠦᠵᠡᠯ | ᠤᠬᠠᠮᠰᠠᠷ ᠢ ᠪᠤᠢ ᠪᠣᠯᠭᠠᠵᠤ᠂ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢᠨ ᠳᠦᠷᠢᠮ᠂ ᠬᠤᠭᠤᠴᠠᠭ᠎ᠠ ᠬᠢᠵᠠᠭᠠᠷᠯᠠᠨ ᠭᠦᠢᠴᠡᠳᠬᠡᠬᠦ ᠳᠦᠷᠢᠮ᠂ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠬᠤ᠂ ᠠᠵᠢᠯ ᠬᠢᠬᠦ ᠦᠭᠡᠢ᠂ ᠤᠳᠠᠭᠠᠰᠢᠷᠠᠭᠤᠯᠤᠨ ᠬᠢᠬᠦ᠂ ᠦᠷ᠎ᠡ ᠪᠦᠲᠦᠮᠵᠢ ᠪᠠᠷ ᠳᠣᠤᠷ᠎ᠠ ᠨᠢᠭᠡ ᠪᠦᠯᠦᠭ | ᠬᠥᠮᠥᠰ ᠢ ᠰᠢᠢᠳᠬᠡᠬᠦ᠂ ᠵᠠᠰᠠᠭ ᠤᠨ ᠵᠠᠷᠯᠢᠭ ᠤᠨ ᠰᠠᠭᠠᠳ ᠦᠭᠡᠢ ᠨᠡᠪᠲᠡᠷᠡᠬᠦ᠂ ᠵᠠᠷᠯᠢᠭ ᠴᠠᠭᠠᠵᠠ ᠶᠢ ᠳᠠᠭᠠᠬᠤ ᠶᠢ ᠦᠨᠡᠨᠬᠦ ᠪᠠᠲᠤᠯᠠᠨ᠎ᠠ᠃ ᠴᠢᠬᠤᠯᠠ ᠶᠡᠭᠡ | ᠰᠢᠶᠳᠪᠦᠷᠢᠲᠦ ᠪᠣᠳᠣᠯᠭ᠎ᠠ᠂ ᠭᠤᠤᠯᠳᠠᠯᠭ᠎ᠠ ᠲᠠᠢ ᠲᠥᠷᠥᠯ ᠵᠦᠶᠯ᠂ ᠴᠢᠬᠤᠯᠠ ᠠᠵᠢᠯ ᠤᠨ ᠬᠢᠨᠠᠨ ᠪᠠᠶᠢᠴᠠᠭᠠᠵᠤ᠂ ᠱᠠᠭᠠᠷᠳᠠᠨ ᠭᠦᠶᠴᠡᠳᠬᠡᠬᠦ ᠶᠢ ᠴᠢᠩᠳᠠᠯᠠᠵᠤ᠂ | ᠰᠠᠯᠠᠭᠠᠨ ᠤ ᠲᠠᠰ ᠤᠨ ᠺᠠᠳ᠋ᠷ ᠤᠨ ᠡᠭᠦᠷᠭᠡ ᠲᠤᠰᠢᠶᠠᠯ ᠪᠠ ᠠᠮᠠᠯᠠᠯᠲᠠ ᠪᠠᠨ ᠭᠦᠶᠴᠡᠳᠬᠡᠬᠦ᠂ ᠰᠤᠮᠤ ᠪᠠᠯᠭᠠᠰᠤ ᠶᠢᠨ ᠰᠠᠯᠠᠭ᠎ᠠ ᠲᠣᠪᠴᠢᠶ᠎ᠠ ᠶᠢᠨ ᠲᠤᠰᠢᠶᠠᠯ ᠤᠨ | ᠮᠡᠳᠡᠭᠦᠯᠦᠯᠲᠡ ᠬᠢᠬᠦ᠂ ᠲᠣᠰᠬᠤᠨ ᠳᠤᠭᠤᠶᠢᠯᠠᠩ ᠨᠡᠶᠢᠭᠡᠮ ᠲᠣᠭᠤᠷᠢᠭ ᠤᠨ ᠮᠥᠷᠦ᠋ᠢᠴᠡᠬᠦ ᠠᠵᠢᠯᠯᠠᠭ᠎ᠠ ᠶᠢ ᠥᠷᠨᠢᠭᠦᠯᠵᠦ᠂ ︽ᠬᠠᠨᠴᠤᠶ ᠰᠢᠮᠠᠯᠠᠨ︾ ᠬᠠᠷᠢᠭᠤᠴᠠᠯᠭ᠎ᠠ | ᠡᠭᠦᠷᠭᠡᠯᠡᠬᠦ᠂ ᠪᠡᠶ᠎ᠡ ᠪᠠᠷ ᠢᠶᠠᠨ ᠠᠵᠢᠯ ᠢ ᠦᠷᠨᠢᠭᠦᠯᠬᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ | ᠲᠠᠰᠤᠷᠠᠯᠲᠠ ᠥᠬᠡᠶ ᠴᠢᠩᠭᠠᠷᠠᠭᠤᠯᠵᠤ᠂ ᠥᠨᠳᠥᠷ ᠪᠦᠲᠦᠮᠵᠢᠲᠡᠶ ᠵᠠᠰᠠᠭ ᠤᠨ ᠣᠷᠳᠣᠨ ᠢ ᠪᠠᠶᠢᠭᠤᠯᠤᠨ᠎ᠠ᠃ | ᠲᠠᠪᠤᠳᠤᠭᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠬᠠᠤᠯᠢ ᠪᠠᠷ ᠵᠠᠰᠠᠬᠤ ᠵᠠᠰᠠᠭ ᠤᠨ | ᠣᠷᠳᠣᠨ᠂ ᠨᠡᠶᠢᠭᠡᠮ ᠢ ᠨᠢᠭᠡ ᠴᠤᠭᠴᠠᠵᠢᠭᠤᠯᠤᠨ ᠪᠠᠶᠢᠭᠤᠯᠬᠤ ᠶᠢ ᠪᠠᠷᠢᠮᠲᠠᠯᠠᠨ᠎ᠠ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ | ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ | ᠨᠤᠲᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ | ᠶᠣᠰᠣᠭᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠶᠠᠪᠤᠳᠠᠯ ᠢ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠳᠤ ᠮᠡᠳᠡᠭᠦᠯᠬᠦ ᠲᠦᠷᠢᠮ ᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ | ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ | ᠭᠤᠷᠪᠠᠨ ᠵᠦᠶᠯ ᠤᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠠᠶ ᠶᠢ ᠡᠷᠬᠢᠮᠯᠡᠬᠦ ᠪᠥᠭᠡᠳ ᠲᠤᠰᠠᠲᠠᠶ ︽ᠳᠣᠯᠤᠭ᠎ᠠ ᠲᠠᠪᠤ︾ ᠤᠨ ᠬᠠᠤᠯᠢ | ᠲᠥᠭᠡᠮᠡᠯᠵᠢᠭᠦᠯᠬᠦ ᠬᠥᠮᠦᠵᠢᠯ ᠢ ᠥᠷᠨᠢᠭᠦᠯᠵᠦ᠂ ᠬᠠᠤᠯᠢ ᠪᠠᠷ ᠵᠠᠰᠠᠬᠤ ᠰᠡᠳᠬᠢᠬᠦᠶ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠰᠠᠭᠤᠳᠠᠯ ᠢ ᠰᠢᠶᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠲᠤᠰᠢᠶᠠᠯ ᠬᠠᠷᠢᠭᠤᠴᠠᠯᠭ᠎ᠠ ᠨᠢ ᠲᠣᠳᠣᠷᠬᠠᠶ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ | ᠰᠢᠰᠲ᠋ᠧᠮ ᠢ ᠪᠠᠶᠢᠭᠤᠯᠵᠤ᠂ ᠪᠦᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ | ᠪᠠᠶᠢᠭᠤᠯᠤᠨ᠎ᠠ᠃ | ᠲᠥᠯᠥᠭᠡᠯᠡᠭᠴᠢᠳ ᠡ᠂ ᠤᠷᠤᠰᠬᠠᠯ ᠤᠨ ᠲᠦᠷᠦᠭᠦᠨ ᠳᠤ ᠵᠣᠷᠢᠭᠲᠠᠶ ᠪᠠᠷ ᠵᠣᠭᠰᠣᠵᠤ᠂ ᠰᠠᠯᠬᠢ ᠬᠥᠯᠥᠭᠯᠡᠨ ᠳᠠᠪᠠᠯᠭᠠᠨ ᠢ ᠵᠦᠰᠦᠨ᠂ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠶᠠᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠲᠣᠭᠲᠠᠯ ᠬᠦᠴᠦᠨ ᠢᠶᠠᠨ ᠪᠠᠲᠤᠯᠠᠵᠤ᠂ ᠴᠤᠴᠠᠯᠲᠠ ᠦᠭᠡᠢ ᠤᠷᠤᠭᠰᠢᠯᠠᠵᠤ᠂ ᠪᠦᠯᠬᠦᠮᠳᠡᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ︽ᠠᠷᠤ ᠭᠠᠵᠠᠷ ᠤᠨ ᠵᠢᠶᠠᠩᠨᠠᠨ᠂ ᠪᠣᠬᠢᠷᠲᠤᠯ ᠦᠭᠡᠢ ᠬᠦᠭᠵᠢᠯᠲᠡ︾ ᠶᠢᠨ ᠠᠤᠭ᠎ᠠ ᠬᠠᠷᠠᠯᠲᠠ ᠶᠢ ᠪᠡᠶᠡᠯᠡᠭᠦᠯᠬᠦ ᠶᠢᠨ | ᠲᠥᠯᠥᠭᠡ ᠴᠢᠷᠮᠠᠶᠢᠨ ᠲᠡᠮᠡᠴᠡᠵᠡᠭᠡᠶ᠎ᠡ︕ | |