2021 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ 11 ᠰᠠᠷ᠎ᠠ ᠶᠢᠨ 16 ᠤ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2020/10/26
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠤᠶᠢᠢᠯᠠᠭᠠᠭᠰᠠᠨ ᠢᠶᠠᠷ᠂ 2021 ᠣᠨ ᠤ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠠᠵᠢᠯ 11 ᠰᠠᠷ᠎ᠠ ᠶᠢᠨ 16 ᠠᠴᠠ 27 ᠤ ᠡᠳᠦᠷ ᠪᠤᠯᠳᠠᠯ᠎ᠠ ᠶᠠᠪᠤᠭᠳᠠᠨ᠎ᠠ᠃      ᠣᠶᠢᠯᠠᠭᠠᠭᠰᠠᠨ ᠢᠶᠠᠷ᠂ ᠮᠠᠨ ᠤ ᠣᠷᠣᠨ ᠳᠤ 2021 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ᠤᠷᠤᠯᠴᠠᠵᠤ ᠡᠯᠰᠡᠭᠳᠡᠬᠦ ᠰᠢᠯᠭᠠᠭᠤᠯᠤᠭᠴᠢ᠂ ᠨᠠᠮᠤᠷ ᠤᠨ ᠤᠯᠠᠷᠢᠯ ᠤᠨ ᠨᠢᠭᠡᠳᠦᠯᠲᠡᠶ ᠰᠢᠯᠭᠠᠯᠲᠠ᠂ ᠵᠢᠩᠬᠢᠨᠢ ᠠᠩᠭᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠶᠢᠨ ᠰᠢᠯᠭᠠᠯᠲᠠ᠂ ᠵᠢᠩᠬᠢᠨᠢ ᠠᠩᠭᠢ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠯᠭᠠᠯᠲᠠ᠂ ᠵᠡᠮᠳᠡᠭ ᠰᠣᠷᠣᠭᠴᠢ ᠶᠢᠨ ᠲᠤᠰᠠᠭᠠᠷ ᠰᠢᠯᠭᠠᠯᠲᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠰᠠᠭᠠᠷ ᠰᠣᠷᠣᠭᠴᠢ ᠡᠯᠰᠡᠬᠦ᠂ ᠳᠤᠮᠳᠠ ᠵᠡᠷᠬᠡ ᠪᠠ ᠦᠨᠳᠦᠷ ᠵᠡᠷᠬᠡ ᠶᠢᠨ ᠠᠵᠢᠯ ᠮᠡᠷᠬᠡᠵᠢᠯ ᠤᠨ ᠭᠤᠷᠪᠠ ᠬᠤᠶᠠᠷ ᠤᠨ ᠱᠠᠳᠤ ᠬᠤᠪᠢᠶᠠᠨ ᠬᠦᠮᠦᠵᠢᠬᠦᠯᠬᠦ᠂ ᠪᠠᠭᠠᠴᠤᠳ ᠤᠨ ᠠᠩᠭᠢ᠂ ᠭᠠᠯ ᠤᠨᠲᠠᠷᠠᠭᠠᠬᠤ ᠲᠤᠰᠠᠭᠠᠷ ᠰᠢᠯᠭᠠᠯᠲᠠ ᠵᠡᠷᠭᠡ ᠰᠢᠯᠭᠠᠯᠲᠠ ᠶᠢᠨ ᠲᠥᠷᠥᠯ ᠵᠦᠶᠯ ᠪᠠ ᠰᠠᠭᠤᠷᠢ ᠶᠢ ᠪᠠᠬᠢᠵᠢᠬᠦᠯᠬᠦ ᠲᠥᠯᠥᠪᠯᠡᠭᠡ᠂ ᠥᠨᠳᠥᠷ ᠬᠢᠷᠢ ᠲᠦᠪᠰᠢᠨ ᠪᠥᠬᠦᠶ ᠤᠷᠠᠯᠢᠭ ᠤᠨ ᠪᠦᠯᠬᠦᠮ᠂ ᠥᠨᠳᠥᠷ ᠬᠢᠷᠢ ᠲᠦᠪᠰᠢᠨ ᠪᠥᠬᠦᠶ ᠲᠠᠮᠢᠷᠴᠢᠨ᠂ ᠪᠠᠲᠤᠯᠠᠨ ᠬᠦᠷᠭᠡᠬᠦ ᠰᠣᠷᠣᠭᠴᠢ᠂ ᠪᠤᠰᠤᠳ ᠲᠤᠰᠠᠭᠠᠷ ᠰᠣᠷᠣᠭᠴᠢ ᠡᠯᠰᠡᠬᠦ ᠵᠡᠷᠭᠡ ᠲᠥᠷᠥᠯ ᠤᠨ ᠰᠢᠯᠭᠠᠭᠤᠯᠤᠭᠴᠢ ᠴᠥᠮ ᠲᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷ ᠬᠦᠢᠴᠡᠳᠬᠡᠯ ᠢᠶᠠᠨ ᠬᠦᠢᠴᠡᠳᠬᠡᠬᠦ ᠴᠢᠬᠤᠯᠠᠲᠠᠢ᠃      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠣᠯᠤᠨ ᠬᠠᠤᠯᠢ ᠴᠠᠭᠠᠵᠠ᠂ ᠳᠡᠭᠡᠳᠦ ᠵᠡᠷᠭᠡ ᠶᠢᠨ ᠳᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠠᠴᠠ ᠲᠡᠭᠦᠰᠦᠭᠰᠡᠨ ᠪᠤᠶᠤ ᠠᠳᠠᠯᠢ ᠲᠠᠰ ᠤᠨ ᠰᠤᠷᠤᠯᠭ᠎ᠠ ᠶᠢᠨ ᠨᠠᠮᠳᠠᠷ ᠲᠠᠢ᠂ ᠪᠡᠶ᠎ᠡ ᠮᠠᠬᠠᠪᠣᠳ ᠤᠨ ᠪᠠᠶᠢᠳᠠᠯ ᠨᠢ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠭᠰᠡᠨ ᠬᠥᠮᠦᠰ ᠨᠡᠷ᠎ᠡ ᠮᠡᠳᠡᠭᠦᠯᠬᠦ ᠪᠠᠷ ᠭᠤᠶᠤᠴᠢᠯᠠᠵᠤ ᠪᠣᠯᠤᠨ᠎ᠠ᠃ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ᠣᠷᠣᠨ ᠤ ᠭᠠᠳᠠᠨ᠎ᠠ ᠬᠦᠯᠦᠰᠦᠨ ᠠᠵᠢᠯ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠮᠠᠨ ᠤ ᠣᠷᠣᠨ ᠳᠤ ᠳᠤᠮᠳᠠᠳᠤ ᠰᠤᠷᠭᠠᠭᠤᠯᠢ ᠶᠢᠨ ᠰᠢᠯᠭᠠᠯᠲᠠ ᠪᠠ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠠᠵᠢᠯ ᠳᠤ ᠣᠷᠣᠯᠴᠠᠬᠤ ᠲᠤᠬᠠᠶ ᠰᠠᠨᠠᠯ︾ ︵ᠥᠪᠥᠷ ᠮᠤᠩᠭᠤᠯ ᠤᠨ ᠰᠤᠷᠭᠠᠨ ᠬᠥᠮᠦᠵᠢᠯ ᠤᠨ ᠲᠢᠩᠬᠢᠮ ︹2013︺ 25 ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠢᠶᠠᠷ᠂ ᠣᠷᠣᠨ ᠤ ᠭᠠᠳᠠᠨ᠎ᠠ ᠬᠦᠴᠦ ᠶᠠᠪᠤᠭᠰᠠᠳ ᠤᠨ ᠳᠠᠭᠠᠵᠤ ᠨᠡᠭᠦᠭᠰᠡᠨ ᠦᠷ᠎ᠡ ᠬᠡᠦᠬᠡᠳ ᠪᠠ ᠡᠷᠦᠬᠡ ᠠᠮᠠ ᠶᠢᠨ ᠳᠠᠩᠰᠠ ᠨᠢ ᠣᠷᠣᠨ ᠤ ᠭᠠᠳᠠᠨ᠎ᠠ ᠠᠴᠠ ᠮᠠᠨ ᠤ ᠣᠷᠣᠨ ᠳᠤ ᠨᠡᠭᠦᠵᠦ ᠢᠷᠡᠭᠰᠡᠨ ᠰᠢᠯᠭᠠᠭᠤᠯᠤᠭᠰᠠᠳ᠂ ᠮᠠᠨ ᠤ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠪᠥᠬᠦ ᠬᠢᠴᠢᠶᠡᠯ ᠲᠥᠷᠥᠯ ᠤᠨ ᠰᠢᠯᠭᠠᠯᠲᠠ ᠳᠤ ᠣᠷᠣᠯᠴᠠᠭᠰᠠᠨ ᠪᠥᠭᠡᠳ ᠳᠣᠤᠷᠠᠬᠢ ᠬᠠᠷᠠᠭᠠᠯᠵᠠᠭᠰᠠᠨ ᠨᠥᠬᠦᠴᠡᠯ ᠢ ᠪᠦᠷᠢᠯᠳᠦᠬᠦᠯᠪᠡᠯ ᠵᠢᠩᠬᠢᠨᠢ ᠠᠩᠭᠢ ᠶᠢᠨ ᠡᠯᠰᠡᠯᠲᠡ ᠳᠤ ᠨᠡᠷ᠎ᠡ ᠮᠡᠳᠡᠭᠦᠯᠵᠦ ᠪᠣᠯᠤᠨ᠎ᠠ᠄ ᠨᠢᠬᠡ᠂ 2021 ᠣᠨ ᠤ 9 ᠰᠠᠷ᠎ᠠ ᠶᠢᠨ 1 ᠤ ᠡᠳᠦᠷ ᠪᠣᠯᠲᠠᠯ᠎ᠠ᠂ 2018 ᠣᠨ ᠳᠤ ᠣᠷᠣᠨ ᠤ ᠳᠣᠲᠣᠷᠠᠬᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠡᠯᠰᠡᠭᠳᠡᠭᠰᠡᠨ︔ ᠮᠠᠨ ᠤ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠭᠤᠯᠢ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠬᠠᠷᠢᠶ᠎ᠠ ᠲᠠᠢ ᠮᠥᠷᠲᠡᠭᠡᠨ ᠦᠷᠭᠦᠯᠵᠢᠯᠡᠨ ᠪᠦᠬᠦᠯᠢ 3 ᠵᠢᠯ ᠰᠤᠷᠤᠯᠴᠠᠭᠰᠠᠨ︔ ᠬᠡᠷ ᠤᠨ ᠠᠬᠠᠮᠠᠳ ᠨᠢ ᠮᠠᠨ ᠤ ᠣᠷᠣᠨ ᠳᠤ ᠬᠠᠤᠯᠢ ᠶᠣᠰᠣᠨ ᠤ ᠳᠤᠭᠳᠠᠭᠰᠠᠨ ᠣᠷᠣᠨ ᠰᠠᠭᠤᠴᠠ ︵ᠲᠦᠷᠢᠶᠡᠰᠦᠯᠡᠬᠦ ᠪᠠᠭᠲᠠᠨ᠎ᠠ︶ ᠲᠠᠢ ᠮᠥᠷᠲᠡᠭᠡᠨ ᠪᠠᠶᠢᠡᠭᠭᠤ ᠰᠠᠭᠤᠷᠢᠰᠢᠵᠤ᠂ ᠬᠠᠤᠯᠢ ᠶᠣᠰᠣᠨ ᠤ ᠠᠵᠢᠯ ᠲᠠᠢ ᠪᠥᠭᠡᠳ ᠭᠠᠶᠢᠯᠢ ᠲᠤᠰᠢᠶᠠᠭᠰᠠᠨ ︵ᠨᠡᠶᠢᠬᠡᠮ ᠤᠨ ᠳᠠᠭᠠᠳᠬᠠᠯ ᠳᠤ ᠤᠷᠤᠯᠴᠠᠬᠤ︶ ᠬᠤᠭᠤᠴᠠᠭ᠎ᠠ ᠨᠢ ᠴᠥᠮ ᠪᠦᠬᠦᠯᠢ 3 ᠵᠢᠯ ᠪᠠᠶᠢᠬᠤ ᠬᠡᠷᠡᠭᠳᠡᠢ᠃ ᠡᠷᠦᠬᠡ ᠠᠮᠠ ᠶᠢᠨ ᠳᠠᠩᠰᠠ ᠨᠢ ᠣᠷᠣᠨ ᠤ ᠭᠠᠳᠠᠨ᠎ᠠ ᠠᠴᠠ ᠮᠠᠨ ᠤ ᠣᠷᠣᠨ ᠳᠤ ᠨᠡᠭᠦᠵᠦ ᠢᠷᠡᠭᠰᠡᠨ ᠰᠢᠯᠭᠠᠭᠤᠯᠤᠭᠰᠠᠳ᠂ 2021 ᠣᠨ ᠤ 9 ᠰᠠᠷ᠎ᠠ ᠶᠢᠨ 1 ᠤ ᠡᠳᠦᠷ ᠪᠣᠯᠲᠠᠯ᠎ᠠ᠂ ᠲᠣᠰ ᠬᠥᠮᠦᠨ ᠨᠢ ᠮᠠᠨ ᠤ ᠣᠷᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠬᠠᠷᠢᠶ᠎ᠠ ᠲᠠᠢ ᠪᠥᠭᠡᠳ ᠦᠷᠭᠦᠯᠵᠢᠯᠡᠨ ᠪᠦᠬᠦᠯᠢ 3 ᠵᠢᠯ ᠰᠤᠷᠤᠯᠴᠠᠭᠰᠠᠨ᠂ ᠡᠷᠦᠬᠡ ᠠᠮᠠ ᠶᠢᠨ ᠳᠠᠩᠰᠠ ᠨᠢ 3 ᠵᠢᠯ ᠪᠤᠯᠤᠭᠰᠠᠨ᠂ ᠭᠡᠷ ᠤᠨ ᠠᠬᠠᠮᠠᠳ ᠨᠢ ᠮᠠᠨ ᠤ ᠣᠷᠣᠨ ᠳᠤ ᠬᠠᠤᠯᠢ ᠶᠣᠰᠣᠨ ᠤ ᠳᠤᠭᠳᠠᠭᠰᠠᠨ ᠣᠷᠣᠨ ᠰᠠᠭᠤᠴᠠ ᠲᠠᠢ ᠪᠥᠭᠡᠳ ᠪᠠᠶᠢᠡᠭᠭᠤ ᠰᠠᠭᠤᠷᠢᠰᠢᠵᠤ᠂ ᠬᠠᠤᠯᠢ ᠶᠣᠰᠣᠨ ᠤ ᠠᠵᠢᠯ ᠲᠠᠢ ᠪᠥᠭᠡᠳ 3 ᠵᠢᠯ ᠭᠠᠶᠢᠯᠢ ᠳᠤᠰᠢᠶᠠᠭᠰᠠᠨ ᠪᠠᠶᠢᠬᠤ ᠬᠡᠷᠡᠭᠳᠡᠢ᠃ ᠵᠢᠩᠬᠢᠨᠢ ᠠᠩᠭᠢ ᠳᠤ ᠡᠯᠰᠡᠬᠦ ᠨᠥᠬᠦᠴᠡᠯ ᠳᠤ ᠨᠡᠶᠢᠴᠡᠬᠦ ᠥᠬᠡᠶ ᠰᠢᠯᠭᠠᠭᠤᠯᠤᠭᠴᠢ ᠲᠤᠰᠬᠠᠶ ᠮᠡᠷᠭᠡᠵᠢᠯ ᠤᠨ ᠠᠩᠭᠢ ᠳᠤ ᠨᠡᠷ᠎ᠡ ᠮᠡᠳᠡᠭᠦᠯᠵᠦ ᠪᠣᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ