ᠰᠤᠷᠭᠠᠨ ᠬᠥᠮᠦᠵᠢᠯ ᠤᠨ ᠶᠠᠮᠤᠨ᠄ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠲᠡᠮᠳᠡᠭᠯᠡᠯ ᠢ ᠰᠣᠷᠣᠭᠴᠢ ᠶᠢᠨ ᠲᠠᠩᠰᠠ ᠡᠪᠬᠡᠮᠡᠯ ᠳᠤ ᠣᠷᠣᠭᠤᠯᠤᠨ᠎ᠠ
ᠨᠡᠶᠢᠲᠡᠯᠡᠭᠰᠡᠨ ᠴᠠᠭ᠄
2020/10/28
     ᠰᠤᠷᠭᠠᠨ ᠬᠥᠮᠦᠵᠢᠯ ᠤᠨ ᠶᠠᠮᠤᠨ ᠤ ᠨᠡᠶᠢᠲᠡᠯᠡᠭᠰᠡᠨ ︽ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠵᠢᠯᠣᠭᠤᠳᠬᠤ ᠬᠥᠲᠥᠯᠪᠦᠷᠢ︾ ︵ᠳᠣᠷᠣᠭᠰᠢ ︽ᠵᠢᠯᠣᠭᠤᠳᠬᠤ ᠬᠥᠲᠥᠯᠪᠦᠷᠢ︾  ᠭᠡᠵᠦ ᠲᠣᠪᠴᠢᠯᠠᠨ᠎ᠠ︶ ᠶᠢ ᠦᠨᠳᠦᠰᠦᠯᠡᠨ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠭᠤᠯᠭ᠎ᠠ ᠶᠢ ᠬᠤᠶᠢᠰᠢᠳᠠ ᠠᠳᠠᠯᠢ ᠪᠤᠰᠤ ᠱᠠᠲᠤᠨ ᠤ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠲᠠᠩᠰᠠ ᠡᠪᠬᠡᠮᠡᠯ ᠳᠤ ᠣᠷᠣᠭᠤᠯᠤᠨ᠎ᠠ᠃              ᠵᠢᠯᠣᠭᠤᠳᠬᠤ ᠬᠥᠲᠥᠯᠪᠦᠷᠢ ᠶᠢ ᠦᠨᠳᠦᠰᠦᠯᠡᠨ᠂  ᠪᠠᠭ᠎ᠠ ᠰᠤᠷᠭᠠᠭᠤᠯᠢ ᠶᠢᠨ ᠱᠠᠲᠤᠨ ᠳᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠬᠠᠮᠢᠶ᠎ᠠ ᠪᠥᠬᠦᠶ ᠠᠵᠢᠯᠯᠠᠭ᠎ᠠ ᠳᠤ ᠣᠷᠣᠯᠴᠠᠭᠰᠠᠨ  ᠪᠠᠶᠢᠳᠠᠯ ᠢ  ᠭᠤᠤᠯᠳᠠᠯᠭ᠎ᠠ ᠲᠠᠢ ᠪᠠᠶᠢᠴᠠᠭᠠᠨ ᠦᠵᠡᠨ᠎ᠡ᠃ ᠳᠤᠮᠳᠠᠳᠤ ᠰᠤᠷᠭᠠᠭᠤᠯᠢ ᠶᠢᠨ ᠱᠠᠲᠤᠨ ᠤ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠨᠢ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠬᠠᠮᠢᠶ᠎ᠠ ᠪᠦᠬᠦᠢ ᠠᠭᠤᠯᠭ᠎ᠠ ᠶᠢ ᠬᠢᠨᠠᠨ ᠰᠢᠯᠭᠠᠵᠤ ᠦᠨᠡᠯᠡᠬᠦ ᠬᠡᠪᠴᠢᠶᠡᠨ ᠳᠤ ᠣᠷᠣᠭᠤᠯᠵᠤ᠂ ᠠᠵᠢᠯᠯᠠᠭ᠎ᠠ ᠳᠤ ᠣᠷᠣᠯᠴᠠᠭᠰᠠᠨ ᠪᠠᠶᠢᠳᠠᠯ ᠢ ᠬᠠᠮᠳᠤ ᠳᠤᠨᠢ ᠪᠠᠶᠢᠴᠠᠭᠠᠨ ᠦᠵᠡᠨ᠎ᠡ᠃ ᠶᠡᠭᠡ ᠰᠤᠷᠭᠠᠭᠤᠯᠢ ᠶᠢᠨ ᠱᠠᠲᠤᠨ ᠳᠤ ᠣᠯᠠᠨ ᠵᠦᠢᠯ ᠤᠨ ᠠᠷᠭ᠎ᠠ ᠮᠠᠶ᠋ᠢᠭ ᠢᠶᠠᠷ ᠬᠢᠴᠢᠶᠡᠯ ᠤᠨ ᠰᠢᠯᠭᠠᠯᠲᠠ ᠬᠢᠵᠦ᠂ ᠶᠠᠪᠤᠴᠠ ᠶᠢᠨ ᠴᠢᠨᠠᠷᠲᠠᠶ ᠬᠢᠨᠠᠨ ᠰᠢᠯᠭᠠᠯᠲᠠ ᠶᠢ ᠬᠠᠮᠲᠤ ᠳᠤᠨᠢ ᠬᠢᠨ᠎ᠡ᠃ ᠡᠯ᠎ᠡ ᠱᠠᠲᠤᠨ ᠤ ᠬᠠᠮᠢᠶ᠎ᠠ ᠪᠥᠬᠦᠶ ᠰᠤᠷᠭᠠᠭᠤᠯᠢ ᠨᠤᠭᠤᠳ ᠰᠤᠷᠤᠭᠴᠢᠳ ᠤᠨ ᠤᠯᠤᠰ ᠤᠨ ᠠᠮᠤᠷ ᠲᠦᠪᠰᠢᠨ ᠤ ᠲᠤᠰᠬᠠᠶ ᠰᠡᠳᠦᠪᠲᠦ ᠬᠥᠮᠦᠵᠢᠯ᠂ ᠬᠢᠴᠢᠶᠡᠯ ᠤᠨ ᠰᠤᠷᠤᠯᠴᠠᠯᠭ᠎ᠠ ᠪᠠ ᠨᠡᠶᠢᠭᠡᠮ ᠤᠨ ᠦᠢᠯᠡᠳᠦᠯᠭᠡ ᠵᠡᠷᠭᠡ ᠠᠵᠢᠯᠯᠠᠭ᠎ᠠ ᠳᠤ ᠣᠷᠣᠯᠴᠠᠬᠤ ᠣᠪᠣᠷ᠂ ᠦᠢᠯᠡ ᠠᠵᠢᠯᠯᠠᠭ᠎ᠠ ᠶᠢᠨ ᠢᠯᠡᠷᠡᠯ ᠪᠠ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠤᠰᠤᠳᠴᠢ ᠪᠠᠷ ᠲᠡᠮᠳᠡᠭᠯᠡᠵᠦ᠂ ᠲᠡᠮᠳᠡᠭᠯᠡᠯ ᠤᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃              ᠵᠢᠯᠣᠭᠤᠳᠬᠤ ᠬᠦᠳᠦᠯᠪᠦᠷᠢ ᠳᠤ᠂ ᠪᠠᠭ᠎ᠠ ᠰᠤᠷᠭᠠᠭᠤᠯᠢ ᠶᠢᠨ ᠱᠠᠲᠤᠨ ᠳᠤ ᠤᠯᠤᠰ ᠤᠨ ᠤᠬᠠᠭᠳᠠᠬᠤᠨ ᠢ ᠪᠤᠢ ᠪᠤᠯᠭᠠᠬᠤ ᠶᠠᠪᠤᠳᠠᠯ ᠢᠶᠠᠷ ᠭᠤᠤᠯᠯᠠᠭᠤᠯᠤᠨ᠂ ᠰᠤᠷᠤᠭᠴᠢᠳ ᠲᠤ ᠤᠯᠤᠰ ᠤᠨ ᠠᠮᠤᠷ ᠲᠦᠪᠰᠢᠨ ᠤ ᠦᠨᠳᠦᠰᠦᠨ ᠮᠡᠳᠡᠯᠭᠡ ᠶᠢ ᠠᠩᠬ᠎ᠠ ᠠᠯᠬᠤᠮ ᠣᠶᠢᠯᠠᠭᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠰᠡᠳᠬᠢᠯᠭᠡ ᠶᠢ ᠨᠢ ᠨᠡᠮᠡᠭᠳᠡᠭᠦᠯᠦᠨ᠎ᠡ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠬᠤᠪᠢ ᠬᠥᠮᠦᠨ ᠪᠠ ᠤᠯᠤᠰ ᠤᠨ ᠬᠠᠷᠢᠴᠠᠭ᠎ᠠ ᠶᠢ ᠲᠠᠨᠢᠭᠤᠯᠬᠤ  ᠶᠠᠪᠤᠳᠠᠯ ᠢᠶᠠᠷ ᠭᠤᠤᠯᠯᠠᠭᠤᠯᠤᠨ᠂ ᠤᠯᠤᠰ ᠤᠨ ᠠᠮᠤᠷ ᠲᠦᠪᠰᠢᠨ ᠤ ᠦᠵᠡᠯ ᠤᠬᠠᠮᠰᠠᠷ ᠢ ᠨᠢ ᠴᠢᠩᠭᠠᠯᠠᠵᠤ᠂ ᠰᠤᠷᠤᠭᠴᠢᠳ ᠲᠤ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠠᠩᠬ᠎ᠠ ᠠᠯᠬᠤᠮ ᠣᠶᠢᠯᠠᠭᠠᠭᠤᠯᠵᠤ᠂ ᠤᠯᠤᠰ ᠤᠨ ᠠᠮᠤᠷ ᠲᠦᠪᠰᠢᠨ ᠤ ᠰᠠᠭᠤᠷᠢ ᠮᠡᠳᠡᠯᠭᠡ ᠶᠢ ᠡᠵᠡᠮᠰᠢᠬᠦᠯᠵᠦ᠂ ᠤᠯᠤᠰ ᠤᠨ ᠠᠮᠤᠷ ᠲᠦᠪᠰᠢᠨ ᠤ ᠬᠤᠪᠢ ᠬᠥᠮᠦᠨ ᠤ ᠦᠰᠦᠨ ᠪᠤᠶᠢᠵᠢᠯᠲᠠ ᠳᠤ ᠦᠵᠡᠭᠦᠯᠬᠦ ᠴᠢᠬᠤᠯᠠ ᠦᠢᠯᠡᠳᠦᠯ ᠢ ᠣᠶᠢᠯᠠᠭᠠᠭᠤᠯᠵᠤ᠂ ᠤᠯᠤᠰ ᠣᠷᠣᠨ ᠤ ᠠᠰᠢᠭ ᠲᠤᠰᠠ ᠶᠢ ᠳᠡᠭᠡᠳᠦᠯᠡᠬᠦ ᠦᠵᠡᠯᠲᠡ ᠶᠢ ᠠᠩᠬ᠎ᠠ ᠠᠯᠬᠤᠮ ᠪᠤᠢ ᠪᠣᠯᠭᠠᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠠᠷᠠᠳ ᠲᠦᠮᠡᠨ ᠤ ᠠᠵᠠ ᠵᠢᠷᠭᠠᠯ ᠬᠢᠭᠡᠳ ᠤᠯᠤᠰ ᠤᠨ ᠬᠠᠷᠢᠴᠠᠭ᠎ᠠ ᠶᠢ ᠤᠶᠢᠯᠠᠭᠠᠭᠤᠯᠬᠤ ᠶᠠᠪᠤᠳᠠᠯ ᠢᠶᠠᠷ ᠭᠤᠤᠯᠯᠠᠭᠤᠯᠤᠨ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠪᠤᠢ ᠪᠣᠯᠭᠠᠵᠤ᠂ ᠰᠤᠷᠤᠭᠴᠢᠳ ᠲᠤ ᠤᠯᠤᠰ ᠤᠨ ᠶᠡᠷᠦᠩᠬᠡᠶ‌ᠠᠮᠤᠷ ᠲᠦᠪᠰᠢᠨ ᠤ ᠦᠵᠡᠯᠲᠡ ᠶᠢ ᠣᠶᠢᠯᠠᠭᠠᠭᠤᠯᠵᠤ᠂ ᠤᠯᠤᠰ ᠤᠨ ᠠᠮᠤᠷ ᠲᠦᠪᠰᠢᠨ ᠤ ᠡᠯ᠎ᠡ ᠬᠦᠷᠢᠶᠡᠨ ᠤ ᠠᠭᠤᠯᠤᠭᠳᠠᠬᠤᠨ ᠵᠢᠴᠢ ᠲᠡᠭᠦᠨ ᠤ ᠬᠠᠷᠢᠴᠠᠭ᠎ᠠ ᠶᠢ ᠠᠩᠬ᠎ᠠ ᠠᠯᠬᠤᠮ ᠡᠵᠡᠮᠰᠢᠬᠦᠯᠵᠦ᠂ ᠤᠯᠤᠰ ᠤᠨ ᠠᠮᠤᠷ ᠲᠦᠪᠰᠢᠨ ᠤ ᠤᠯᠤᠰ ᠤᠨ ᠬᠥᠭᠵᠢᠯᠲᠡ ᠳᠤ ᠦᠵᠡᠭᠦᠯᠬᠦ ᠴᠢᠬᠤᠯᠠ ᠦᠢᠯᠡᠳᠦᠯ ᠢ ᠲᠠᠨᠢᠭᠤᠯᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢ ᠪᠤᠢ ᠪᠣᠯᠭᠠᠵᠤ᠂ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡᠲᠦ ᠰᠡᠳᠬᠢᠯᠭᠡ ᠶᠢ ᠨᠡᠮᠡᠭᠳᠡᠭᠦᠯᠦᠨ᠎ᠡ᠃ ᠶᠡᠭᠡ ᠰᠤᠷᠭᠠᠭᠤᠯᠢ ᠶᠢᠨ ᠱᠠᠲᠤᠨ ᠳᠤ ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠪᠣᠯᠤᠨ ᠤᠯᠤᠰ ᠣᠷᠣᠨ ᠤ ᠬᠠᠷᠢᠴᠠᠭ᠎ᠠ ᠶᠢ ᠤᠶᠢᠯᠠᠭᠠᠭᠤᠯᠬᠤ ᠶᠠᠪᠤᠳᠠᠯ ᠢᠶᠠᠷ ᠭᠤᠣᠯᠯᠠᠭᠤᠯᠤᠨ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠬᠦᠯᠵᠦ᠂ ᠰᠤᠷᠤᠭᠴᠢᠳ ᠲᠤ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢᠨ ᠠᠭᠤᠯᠤᠭᠳᠠᠬᠤᠨ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠰᠢᠰᠲ᠋ᠧᠮ ᠲᠠᠢ ᠡᠵᠡᠮᠰᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠤᠯᠤᠰ ‍ᠤᠨ‌ᠠᠮᠤᠷ  ᠲᠦᠪᠰᠢᠨ ᠤ ᠰᠢᠰᠲ᠋ᠧᠮ ᠢ ᠣᠶᠢᠯᠠᠭᠠᠭᠤᠯᠵᠤ᠂ ᠤᠯᠤᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠤᠨ ᠰᠡᠳᠬᠢᠬᠦᠶ ᠶᠢ ᠪᠤᠢ ᠪᠣᠯᠭᠠᠵᠤ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠠᠷᠢᠭᠤᠴᠠᠯᠭ᠎ᠠ  ᠡᠭᠦᠷᠭᠡᠯᠡᠯ ᠢ ᠴᠢᠩᠭᠠᠳᠬᠠᠨ᠎ᠠ ᠬᠡᠵᠦ ᠲᠤᠳᠤᠷᠬᠠᠢ ᠲᠤᠬᠳᠠᠭᠠᠪᠠ᠃                    
ᠢᠷᠡᠯᠲᠡ᠄ ᠠᠷᠠᠳ ᠤᠨ ᠰᠦᠯᠵᠢᠶ᠎ᠡ