ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠳᠤ ᠨᠡᠷ᠎ᠡ ᠮᠡᠳᠡᠭᠦᠯᠬᠦ ᠪᠠ  ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠣᠷᠣᠭᠴᠢ ᠶᠢᠨ ᠰᠢᠯᠭᠠᠯᠲᠠ ᠶᠢᠨ ᠬᠠᠷᠢᠶ᠎ᠠ ᠶᠢᠨ ᠳᠠᠩᠰᠠᠯᠠᠭᠤᠯᠤᠯᠲᠠ ᠡᠬᠢᠯᠡᠬᠦ ᠭᠡᠵᠦ ᠪᠣᠶ
ᠨᠡᠶᠢᠲᠡᠯᠡᠭᠰᠡᠨ ᠴᠠᠭ᠄
2020/10/30
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶  2020 — 2021 ᠰᠤᠷᠤᠯᠭ᠎ᠠ ᠶᠢᠨ ᠣᠨ ᠤ ᠨᠢᠭᠡᠳᠦᠭᠡᠷ ᠰᠤᠷᠤᠯᠭ᠎ᠠ ᠶᠢᠨ ᠬᠤᠭᠤᠴᠠᠭᠠᠨ ᠤ ᠪᠥᠬᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢ 202 ᠣᠨ ᠤ 1ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ ᠬᠢᠬᠦ ᠪᠠᠷ ᠲᠣᠭᠲᠠᠪᠠ᠃ ᠲᠣᠰ ᠬᠤᠭᠤᠴᠠᠭᠠᠨ ᠤ ᠥᠨᠳᠥᠷ ᠳᠤᠮ᠊ ᠳ᠋ᠠᠳᠤ ᠶᠢᠨ ᠨᠢᠭᠡᠳᠦᠭᠡᠷ ᠣᠨ ᠤ ᠰᠢᠨ᠎ᠡ ᠰᠣᠷᠣᠭᠴᠢ ᠶᠢᠨ ᠰᠢᠯᠭᠠᠯᠲᠠ ᠶᠢᠨ ᠬᠠᠷᠢᠶᠠᠯᠠᠯ ᠢ ᠳᠠᠩᠰᠠᠯᠠᠭᠤᠯᠬᠤ ᠠᠵᠢᠯ ᠪᠠ ᠥᠨᠳᠥᠷ ᠳᠤᠮᠳᠠᠳᠤ ᠶᠢᠨ ᠬᠤᠶᠠᠳᠤᠭᠠᠷ ᠣᠨ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠣᠷᠣᠭᠴᠢ ᠶᠢᠨ ᠬᠢᠴᠢᠶᠡᠯ ᠰᠣᠩᠭᠤᠬᠤ ᠨᠡᠷ᠎ᠡ ᠮᠡᠳᠡᠭᠦᠯᠬᠦ ᠵᠢᠴᠢ ᠰᠢᠯᠭᠠᠯᠲᠠ ᠶᠢᠨ ᠬᠠᠷᠢᠶ᠎ᠠ ᠶᠢ ᠨᠦᠬᠦᠪᠤᠷᠢᠯᠡᠨ ᠳᠠᠩᠰᠠᠯᠠᠭᠤᠯᠬᠤ  ᠠᠵᠢᠯ ᠢ  2020 ᠣᠨ ᠤ 11 ᠰᠠᠷ᠎ᠠ ᠶᠢᠨ 1 ᠤ ᠡᠳᠦᠷ ᠠᠴᠠ 10 ᠤ ᠡᠳᠦᠷ ᠪᠣᠯᠲᠠᠯ᠎ᠠ ᠨᠢᠭᠡᠳᠦᠯᠲᠡᠢ  ᠳᠣᠭᠢᠷᠠᠭᠤᠯᠤᠨ᠎ᠠ᠃  ᠰᠢᠯᠭᠠᠭᠤᠯᠤᠭᠴᠢ ᠤᠷᠢᠳᠴᠢᠯᠠᠨ  ᠪᠡᠯᠡᠳᠬᠡᠯ  ᠬᠢᠬᠦ ᠬᠡᠷᠡᠭᠲᠡᠶ᠃              ᠰᠢᠯᠭᠠᠬᠤ ᠴᠠᠭ ᠵᠢᠴᠢ ᠬᠢᠴᠢᠶᠡᠯ ᠲᠥᠷᠥᠯ᠄ 2021 ᠣᠨ ᠤ 1 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨᠡᠬᠢ 8᠄ 00 — 9᠄ 30 ᠲᠣᠭᠠᠨ ᠤ ᠤᠬᠠᠭᠠᠨ᠂ 10᠄ 30 — 12᠄  00 ᠭᠠᠳᠠᠭᠠᠳᠤ ᠬᠡᠯᠡ ︵ᠠᠩᠭ᠍ᠯᠢ ᠬᠡᠯᠡ᠂ ᠶᠠᠫᠣᠨ ᠬᠡᠯᠡ᠂ ᠣᠷᠣᠰ ᠬᠡᠯᠡ︶᠂ ᠦᠳᠡ ᠬᠤᠶᠢᠨᠠᠬᠢ 3᠄ 00 — 5᠄ 00 ᠬᠡᠯᠡ ᠪᠢᠴᠢᠭ  ︵ᠮᠣᠩᠭᠤᠯ  ᠬᠡᠯᠡ ᠪᠢᠴᠢᠭ ᠤᠨ ᠬᠥᠬᠡ᠂ ᠰᠣᠯᠣᠩᠭᠤᠰ ᠬᠡᠯᠡ ᠪᠢᠴᠢᠭ︶᠃ 2021 ᠣᠨ ᠤ 1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨᠡᠬᠢ 8᠄ 00 — 9᠄ 30 ᠠᠮᠢᠳᠤ ᠪᠣᠳᠠᠰ᠂ 10᠄ 30 — 12᠄ 00 ᠲᠡᠤᠬᠡ  ᠦᠳᠡ ᠶᠢᠨ ᠬᠤᠶᠢᠨᠠᠬᠢ 3᠄ 00 — 4᠄ 30 ᠭᠠᠵᠠᠷ ᠵᠦᠶ᠃              ᠲᠣᠰ ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠬᠦ  ᠨᠢᠭᠤᠷᠯᠠᠯ ᠪᠣᠯ ᠮᠠᠨ ᠤ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠠᠷᠢᠶᠠᠲᠤ ᠡᠩ ᠤᠨ ᠥᠨᠳᠥᠷ ᠳᠤᠮᠳᠠᠳᠤ ᠶᠢᠨ ᠬᠤᠶᠠᠳᠤᠭᠠᠷ ᠣᠨ᠂ ᠭᠤᠷᠪᠠᠳᠤᠭᠠᠷ ᠣᠨ ᠤ ᠰᠣᠷᠣᠭᠴᠢ  ᠪᠣᠯᠤᠨ᠎ᠠ᠃ ᠡᠭᠦᠨ ᠳᠤ᠂ ᠦᠨᠳᠤᠷ ᠵᠡᠷᠭᠡ ᠶᠢᠨ ᠭᠤᠷᠪᠠᠳᠤᠭᠠᠷ ᠣᠨ ᠳᠤ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠡᠯ ᠲᠥᠷᠥᠯ ᠰᠢᠯᠭᠠᠨ᠎ᠠ᠃ ᠦᠨᠳᠤᠷ ᠵᠡᠷᠭᠡ ᠶᠢᠨ ᠬᠤᠶᠠᠳᠤᠭᠠᠷ ᠣᠨ ᠳᠤ ᠠᠮᠢᠳᠤ ᠪᠣᠳᠠᠰ᠂ ᠲᠡᠤᠬᠡ᠂ ᠭᠠᠵᠠᠷ ᠵᠦᠶ ᠵᠡᠷᠭᠡ 3 ᠬᠢᠴᠢᠶᠡᠯ ᠲᠥᠷᠥᠯ ᠢ ᠰᠢᠯᠭᠠᠨ᠎ᠠ᠃ ᠦᠨᠳᠤᠷ ᠭᠤᠷᠪᠠᠳᠤᠭᠠᠷ ᠣᠨ ᠤ ᠰᠤᠷᠤᠭᠴᠢ᠂ ᠬᠡᠷᠪᠡ ᠠᠮᠢᠳᠤ ᠪᠣᠳᠠᠰ᠂ ᠲᠡᠤᠬᠡ᠂ ᠭᠠᠵᠠᠷ  ᠵᠦᠶ 3 ᠬᠢᠴᠢᠶᠡᠯ ᠲᠥᠷᠥᠯ ᠰᠢᠯᠭᠠᠭᠤᠯᠤᠭᠠᠳ ᠬᠢᠷᠢ ᠲᠡᠩᠴᠡᠭᠰᠡᠨ ᠥᠬᠡᠶ ᠪᠤᠯ ᠵᠣᠬᠢᠬᠤ ᠬᠢᠴᠢᠶᠡᠯ ᠲᠥᠷᠥᠯ ᠳᠤ ᠳᠠᠭᠢᠵᠤ ᠨᠡᠷ᠎ᠡ ᠮᠡᠳᠡᠭᠦᠯᠦᠨ ᠰᠢᠯᠭᠠᠭᠤᠯᠵᠦ ᠪᠣᠯᠤᠨ᠎ᠠ᠃ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠠᠷᠢᠶ᠎ᠠ ᠪᠠᠨ ᠳᠠᠩᠰᠠᠯᠠᠭᠤᠯᠵᠤ ᠥᠩᠭᠡᠷᠡᠭᠰᠡᠨ ᠦᠭᠡᠢ ᠦᠨᠳᠤᠷ ᠬᠤᠶᠠᠳᠤᠭᠠᠷ ᠣᠨ᠂ ᠥᠨᠳᠥᠷ ᠭᠤᠷᠪᠠᠳᠤᠭᠠᠷ ᠣᠨ ᠤ ᠰᠤᠷᠤᠭᠴᠢ᠂ ᠲᠣᠭᠲᠠᠭᠰᠠᠨ ᠴᠠᠭ ᠤᠨ ᠳᠣᠲᠣᠷ᠎ᠠ ᠤᠷᠢᠳ ᠢᠶᠠᠷ ᠰᠢᠯᠭᠠᠯᠲᠠ ᠶᠢᠨ ᠬᠠᠷᠢᠶ᠎ᠠ ᠶᠢ  ᠨᠥᠬᠦᠪᠥᠷᠢᠯᠡᠨ ᠳᠠᠩᠰᠠᠯᠠᠭᠤᠯᠤᠭᠰᠠᠨ ᠤ ᠳᠠᠷᠠᠭ᠎ᠠ᠂ ᠳᠠᠬᠢᠨ ᠬᠢᠴᠢᠶᠡᠯ ᠰᠤᠩᠭᠤᠨ ᠨᠡᠷ᠎ᠡ ᠮᠡᠳᠡᠭᠦᠯᠵᠦ ᠪᠣᠯᠤᠨ᠎ᠠ᠃             2020 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠳᠤ ᠣᠷᠣᠬᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢ ᠶᠢᠨ ᠰᠢᠯᠭᠠᠯᠲᠠ ᠶᠢᠨ ᠬᠠᠷᠢᠶᠠᠯᠠᠯ  ᠳᠠᠩᠰᠠᠯᠠᠬᠤ ᠠᠵᠢᠯ ᠢ ᠴᠤ ᠬᠠᠮᠲᠤ ᠲᠤᠨᠢ ᠶᠠᠪᠤᠭᠳᠠᠭᠤᠯᠤᠨ᠎ᠠ᠃ ᠰᠢᠨ᠎ᠡ ᠰᠣᠷᠣᠭᠴᠢ ᠡᠷᠬᠡᠪᠰᠢ ᠰᠤᠷᠭᠠᠭᠤᠯᠢ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠲᠣᠭᠲᠠᠭᠰᠠᠨ ᠴᠠᠭ ᠲᠤ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ  ᠵᠠᠩᠭᠢ ᠶᠢᠨ ᠰᠦᠯᠵᠢᠶ᠎ᠡ https://www nm. zsks. cn︶ ᠶᠢᠨ ︽ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ︾ ᠰᠤᠪᠠᠭ ᠤᠨ ︽ᠰᠤᠷᠤᠯᠭ᠎ᠠ ᠶᠢᠨ ᠬᠢᠷᠢ ᠬᠡᠮᠵᠢᠶ᠎ᠡ ᠶᠢᠨ ᠰᠢᠯᠭᠠᠯᠲᠠ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠰᠢᠰᠲ᠋ᠧᠮ︾ ᠳᠤ ᠭᠠᠷᠴᠤ ᠳᠠᠩᠰᠠᠯᠠᠭᠤᠯᠬᠤ ᠬᠡᠷᠡᠭᠲᠡᠶ᠃                        
ᠢᠷᠡᠯᠲᠡ᠄ ᠠᠷᠠᠳ ᠤᠨ ᠰᠦᠯᠵᠢᠶ᠎ᠡ