︽ᠪᠥᠬᠦ ᠪᠥᠮᠪᠥᠷᠴᠡᠭ ᠤᠨ ᠡᠷᠡᠭᠦᠯ ᠮᠡᠨᠳᠦ ᠶᠢᠨ ᠠᠮᠢ ᠠᠬᠤᠶ ᠶᠢᠨ ᠬᠦᠷᠢᠶ᠎ᠡ︾ ᠶᠢ ᠪᠠᠶᠢᠭᠤᠯᠤᠨ᠎ᠠ — ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠳᠤ ᠤᠷᠤᠯᠴᠠᠭ᠎ᠠ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠭᠦᠢᠴᠡᠳᠬᠡᠭᠴᠢ ᠶᠡᠷᠦᠩᠬᠡᠶ ᠵᠠᠬᠢᠷᠤᠯ ᠵᠠᠩ ᠵᠢᠶᠠᠨ ᠴᠢᠦ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2020/11/10
     11 ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ ᠬᠦᠬᠡᠬᠤᠳᠠ ᠠᠴᠠ ᠱᠠᠩᠬᠠᠢ ᠬᠤᠳᠠᠨ᠎ᠠ ᠢᠷᠡᠵᠤ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠤᠨ ᠴᠤᠭᠯᠠᠭᠠᠨ ᠳᠤ ᠤᠷᠤᠯᠴᠠᠵᠤ ᠪᠠᠶᠢᠭ᠎ᠠ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠭᠦᠢᠴᠡᠳᠬᠡᠭᠴᠢ ᠶᠡᠷᠦᠩᠬᠡᠶ ᠵᠠᠬᠢᠷᠤᠯ ᠵᠠᠩ ᠵᠢᠶᠠᠨ ᠴᠢᠦ ᠶᠢ ᠳᠤᠰᠬᠠᠢ ᠰᠤᠷᠪᠤᠯᠵᠢᠯᠠᠯ᠎ᠠ᠃      ᠰᠤᠷᠪᠤᠯᠵᠢᠯᠠᠭᠴᠢ᠄ ᠳᠤᠰ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠭᠰᠠᠨ ᠢᠯᠢ ᠪᠦᠯᠦᠭᠯᠡᠯ ᠺᠤᠮᠫᠠᠨᠢ ᠬᠡᠷᠬᠢᠨ ᠬᠠᠮᠳᠤᠷᠠᠯᠴᠠᠭᠠᠨ ᠤ ᠠᠵᠠ ᠲᠤᠬᠢᠶᠠᠯ ᠬᠠᠶᠢᠵᠤ ᠪᠠᠶᠢᠭ᠎ᠠ ᠪᠤᠢ︖      ᠵᠠᠩ ᠵᠢᠶᠠᠨ ᠴᠢᠦ᠄ ᠨᠢᠭᠡᠨ ᠤᠳᠠᠭᠠᠨ ᠤ ᠠᠶᠤᠯ ᠲᠦᠭᠰᠢᠭᠦᠷᠢ ᠨᠢ ᠨᠢᠭᠡᠨ ᠤᠳᠠᠭᠠᠨ ᠤ ᠠᠵᠠ ᠲᠣᠬᠢᠶᠠᠯ ᠪᠤᠯᠳᠠᠭ ᠤᠴᠢᠷᠳᠠᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠣᠨᠴᠠᠭᠠᠢ ᠠᠬᠤᠢ ᠪᠠᠶᠢᠳᠠᠯ ᠳᠣᠣᠷ᠎ᠠ᠂ ᠢᠯᠢ ᠪᠦᠯᠦᠭᠯᠡᠯ ᠺᠤᠮᠫᠠᠨᠢ ᠳᠠᠬᠢᠨᠲᠠ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠤᠷᠤᠯᠴᠠᠭᠰᠠᠨ ᠨᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠵᠦ᠂ ᠪᠦᠬᠦ ᠪᠥᠮᠪᠥᠷᠴᠡᠭ ᠤᠨ ᠦᠨᠢᠶᠡᠨ ᠰᠦ ᠶᠢᠨ ᠰᠢᠯᠢᠳᠡᠭ ᠡᠬᠢ ᠪᠠᠶᠠᠯᠢᠭ ᠢᠶᠠᠷ ᠬᠡᠷᠡᠭᠯᠡᠭᠴᠢᠳ ᠤᠨ ᠲᠠᠰᠤᠷᠠᠯᠲᠠ ᠦᠭᠡᠢ ᠨᠡᠮᠡᠭᠳᠡᠬᠦ ᠡᠷᠡᠭᠦᠯ ᠮᠡᠨᠳᠦ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢ ᠬᠦᠭᠡᠭᠡᠴᠡᠯᠳᠦᠵᠤ ᠪᠤᠢ᠃ ᠰᠢᠨ᠎ᠡ ᠽᠢᠯᠠᠨᠳ᠋ ᠤᠨ ODL ᠶᠢᠨ ᠦᠢᠯᠡᠳᠪᠦᠷᠢ ᠳᠤ ᠰᠢᠨ᠎ᠡ ᠶᠢ ᠡᠭᠦᠳᠦᠭᠰᠡᠨ 9 ᠵᠦᠢᠯ ᠤᠨ ᠰᠢᠨ᠎ᠡ ᠦᠢᠯᠡᠳᠬᠦᠨ ᠢ ᠳᠤᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ ᠠᠪᠴᠢᠷᠠᠵᠤ᠂ ᠨᠡᠩ ᠤᠯᠠᠨ ᠬᠥᠮᠦᠰ ᠲᠤ ᠣᠶᠢᠢᠯᠠᠭᠠᠭᠤᠯᠬᠤ ᠪᠠᠷ ᠴᠢᠷᠮᠠᠶᠢᠵᠤ ᠪᠤᠢ᠃      ᠰᠤᠷᠪᠤᠯᠵᠢᠯᠠᠭᠴᠢ᠄ ᠲᠠᠨ ᠤ ᠦᠵᠡᠬᠦ ᠪᠠᠷ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠨᠢ ᠠᠵᠢᠯ ᠲᠥᠷᠥᠯ ᠤᠨ ᠬᠥᠭᠵᠢᠯᠲᠡ ᠳᠤ ᠶᠠᠮᠠᠷ ᠠᠴᠢ ᠬᠤᠯᠪᠣᠭᠳᠠᠯ ᠲᠠᠢ ᠪᠣᠶ︖ ᠢᠯᠢ ᠪᠦᠯᠦᠭᠯᠡᠯ ᠺᠤᠮᠫᠠᠨᠢ ᠲᠤᠰ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠳᠤ ᠶᠠᠮᠠᠷ ᠶᠠᠮᠠᠷ ᠲᠠᠯ᠎ᠠ ᠶᠢᠨ ᠬᠠᠮᠲᠤᠷᠠᠯᠴᠠᠭ᠎ᠠ ᠶᠢ ᠰᠦᠪᠡᠭᠴᠢᠯᠡᠪᠠ︖      ᠵᠠᠩ ᠵᠢᠶᠠᠨ ᠴᠢᠦ᠄ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠪᠣᠯ ︽ᠪᠥᠬᠦ ᠪᠥᠮᠪᠥᠷᠴᠡᠭ ᠠᠴᠠ ᠬᠤᠳᠠᠯᠳᠤᠨ ᠠᠪᠬᠤ᠂ ᠪᠥᠬᠦ ᠪᠥᠮᠪᠥᠷᠴᠡᠭ ᠲᠤ ᠬᠤᠳᠠᠯᠳᠤᠬᠤ᠂ ᠪᠥᠬᠦ ᠪᠥᠮᠪᠥᠷᠴᠡᠭ ᠲᠤ ᠠᠰᠢᠭ ᠬᠦᠷᠲᠡᠭᠡᠬᠦ︾ ᠪᠥᠬᠦ ᠪᠥᠮᠪᠥᠷᠴᠡᠭ ᠤᠨ ᠬᠠᠮᠲᠤ ᠪᠠᠷ ᠡᠳ᠋ᠯᠡᠬᠦ ᠲᠠᠪᠴᠠᠩ ᠪᠣᠯᠤᠨ᠎ᠠ᠃ ᠬᠢᠵᠢᠭ ᠤᠨ ᠪᠠᠶᠢᠳᠠᠯ ᠤᠨ ᠨᠥᠯᠥᠭᠡ ᠪᠠᠷ᠂ ᠬᠥᠮᠦᠰ ᠤᠨ ᠡᠷᠡᠭᠦᠯ ᠮᠡᠨᠳᠦ ᠶᠢᠨ ᠤᠬᠠᠮᠰᠠᠷ ᠨᠡᠶᠢᠳᠡᠮ ᠳᠡᠭᠡᠨ ᠳᠡᠭᠡᠭᠰᠢᠯᠡᠵᠦ᠂ ᠡᠷᠡᠭᠦᠯ ᠮᠡᠨᠳᠦ ᠶᠢᠨ ᠬᠡᠷᠡᠭᠯᠡᠭᠡ ᠦᠷᠭᠦᠯᠵᠢᠯᠡᠨ ᠨᠡᠮᠡᠭᠳᠡᠵᠤ ᠪᠤᠢ᠃ ᠢᠯᠢ ᠪᠦᠯᠦᠭᠯᠡᠯ ᠺᠤᠮᠫᠠᠨᠢ ᠪᠦᠬᠦ ᠪᠥᠮᠪᠥᠷᠴᠡᠭ ᠤᠨ ᠰᠢᠯᠢᠳᠡᠭ ᠡᠬᠢ ᠪᠠᠶᠠᠯᠢᠭ ᠤᠨ ᠠᠭᠤᠰᠤᠯᠴᠠᠯ ᠢ ᠠᠬᠢᠭᠤᠯᠵᠤ᠂ ᠬᠡᠷᠡᠭᠯᠡᠭᠴᠢ ᠪᠠᠷ ᠭᠤᠣᠯ ᠪᠣᠯᠭᠠᠨ᠂ ᠠᠷᠠᠳ ᠢᠷᠭᠡᠳ ᠤᠨ ᠡᠷᠡᠭᠦᠯ ᠮᠡᠨᠳᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠭᠡᠭᠡᠴᠡᠯᠳᠦᠵᠤ ᠪᠤᠢ᠃      ᠣᠶᠢᠷ᠎ᠠ ᠶᠢᠨ ᠵᠢᠯ ᠤᠨ ᠲᠤᠷᠰᠢ᠂ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ ᠢᠯᠢ ᠪᠦᠯᠦᠭᠯᠡᠯ ᠺᠤᠮᠫᠠᠨᠢ ᠬᠤᠯᠠᠨᠳ᠋᠂ ᠰᠢᠨ᠎ᠡ ᠽᠢᠯᠠᠨᠳ᠋ ᠤᠯᠤᠰ ᠵᠡᠷᠭᠡ ᠪᠦᠬᠦ ᠪᠥᠮᠪᠥᠷᠴᠡᠭ ᠤᠨ ᠣᠷᠣᠨ ᠪᠦᠰᠡ ᠳᠤ ᠣᠯᠠᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ︽ᠪᠦᠬᠦ ᠪᠥᠮᠪᠥᠷᠴᠡᠭ ᠤᠨ ᠤᠶᠤᠨᠲᠤ ᠬᠡᠯᠬᠢᠶ᠎ᠡ︾ ᠶᠢ ᠪᠠᠶᠢᠭᠤᠯᠤᠨ᠂ ᠭᠦᠨᠵᠡᠭᠡᠢ ᠰᠤᠳᠤᠯᠤᠨ ᠰᠢᠨ᠎ᠡ ᠶᠢ ᠡᠭᠦᠳᠴᠦ ᠪᠤᠢ᠃ ᠵᠢᠱᠢᠶᠡᠯᠡᠪᠡᠯ᠂ ᠢᠯᠢ ᠪᠦᠯᠦᠭᠯᠡᠯ ᠺᠤᠮᠫᠠᠨᠢ ᠪᠣᠯᠤᠨ ᠬᠤᠯᠠᠨᠳ᠋ ᠤᠨ ᠸᠠᠶᠢᠵᠧᠨᠢᠨᠵᠧᠨ ᠶᠡᠭᠡ ᠰᠤᠷᠭᠠᠭᠤᠯᠢ ᠲᠠᠢ ᠬᠤᠯᠪᠣᠭᠠᠯᠠᠵᠤ᠂ ᠳᠤᠷᠤᠨᠠᠳᠠᠬᠢᠨ ᠥᠷᠥᠨᠡᠳᠠᠬᠢᠨ ᠤ ᠡᠬᠡ ᠶᠢᠨ ᠰᠦ ᠶᠢᠨ ᠲᠤᠬᠠᠢ ᠰᠤᠳᠤᠯᠵᠤ᠂ ᠳᠤᠮᠳᠠᠳᠤ ᠤᠯᠤᠰ ᠤᠨ ᠬᠡᠤᠬᠡᠳ ᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠱᠠᠭᠠᠷᠳᠠᠯᠭ᠎ᠠ ᠶᠢ ᠬᠠᠩᠭᠠᠭᠰᠠᠨ ᠨᠢᠯᠬ᠎ᠠ ᠬᠡᠤᠬᠡᠳ ᠤᠨ ᠥᠰᠥᠯᠳᠠ ᠪᠤᠶᠢᠵᠢᠯᠳᠠ ᠳᠤ ᠲᠤᠭᠢᠷᠠᠬᠰᠡᠨ ᠪᠥᠳᠤᠮᠵᠢᠳᠠᠢ ᠨᠠᠶᠢᠷᠠᠯᠭ᠎ᠠ ᠲᠠᠢ ᠢᠳᠡᠭᠡᠨ ᠢ ᠡᠭᠦᠳᠭᠦ ᠪᠠᠷ ᠴᠥᠬᠦᠷᠡᠰᠢ ᠦᠭᠡᠶ ᠴᠢᠷᠮᠠᠶᠢᠵᠤ ᠪᠠᠶᠢᠨ᠎ᠠ᠃ 2019 ᠣᠨ ᠤ ᠰᠡᠭᠦᠯᠴᠢ ᠪᠣᠯᠲᠠᠯ᠎ᠠ᠂ ᠢᠯᠢ ᠪᠦᠯᠦᠭᠯᠡᠯ ᠺᠤᠮᠫᠠᠨᠢ ᠶᠢᠨ ᠪᠥᠬᠦ ᠪᠥᠮᠪᠥᠷᠴᠡᠭ ᠤᠨ ᠲᠤᠰᠬᠠᠶ ᠠᠰᠢᠭ ᠭᠤᠶᠤᠴᠢᠯᠠᠬᠰᠠᠨ ᠶᠡᠷᠦᠩᠬᠡᠶ ᠬᠡᠮᠵᠢᠶ᠎ᠡ᠂ ᠡᠭᠦᠳᠦᠨ ᠪᠦᠲᠦᠭᠡᠯᠲᠡ ᠶᠢᠨ ᠭᠤᠶᠤᠴᠢᠯᠠᠬᠰᠠᠨ ᠶᠡᠷᠦᠩᠬᠡᠶ ᠬᠡᠮᠵᠢᠶ᠎ᠡ ᠨᠢ ᠨᠢᠭᠡᠨᠲᠡ ᠳᠡᠯᠡᠬᠡᠶ ᠶᠢᠨ ᠰᠦ ᠶᠢᠨ ᠦᠢᠯᠡᠰ ᠤᠨ ᠭᠤᠷᠪᠠᠳᠤᠭᠠᠷ ᠲᠤ ᠵᠢᠭᠰᠠᠭᠠᠭᠳᠠᠵᠠᠶ᠃      ᠳᠤᠰ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠳᠤ᠂ ᠪᠢᠳᠡᠨ ᠤ ᠳᠡᠯᠭᠡᠨ ᠦᠵᠡᠭᠦᠯᠵᠦ ᠪᠠᠶᠢᠭ᠎ᠠ ︽ ᠶᠢᠨ ᠳ᠋ᠢᠶᠠᠨ ᠰᠢᠨ᠎ᠡ ᠽᠧᠯᠡᠨᠳ᠋ ᠤᠨ ᠴᠡᠪᠡᠷ ᠦᠨᠢᠶᠡᠨ ᠰᠦ︾ ᠵᠡᠷᠭᠡ ᠪᠣᠯ ᠴᠥᠮ ᠠᠵᠤ ᠦᠢᠯᠡᠰ ᠤᠨ ᠬᠡᠯᠬᠢᠶ᠎ᠡ ᠠᠭᠤᠰᠤᠯᠴᠠᠭᠰᠠᠨ ᠤᠬᠢ ᠲᠠᠯᠠᠰᠲᠤ ᠪᠣᠯᠤᠨ᠎ᠠ᠃      ᠣᠳᠣᠬᠠᠨ ᠳᠤ ᠢᠯᠢ ᠪᠦᠯᠦᠭᠯᠡᠯ ᠺᠤᠮᠫᠠᠨᠢ ᠶᠢᠨ ᠬᠠᠮᠵᠢᠯᠴᠠᠭᠠᠨ ᠤ ᠬᠠᠨᠢᠲᠠᠨ ᠨᠢᠭᠡᠨᠲᠡ 5 ᠲᠢᠪ ᠢᠶᠠᠷ ᠲᠦᠭᠡᠵᠤ᠂ 33 ᠤᠯᠤᠰ ᠲᠤ ᠲᠠᠷᠬᠠᠨ᠂ ᠡᠳᠡᠭᠡᠷ ᠨᠢ ︽ᠪᠥᠬᠦ ᠪᠥᠮᠪᠥᠷᠴᠡᠭ ᠤᠨ ᠡᠷᠡᠭᠦᠯ ᠮᠡᠨᠳᠤ ᠠᠮᠢ ᠠᠬᠤᠶ ᠶᠢᠨ ᠬᠦᠷᠢᠶ᠎ᠡ︾ ᠶᠢᠨ ᠪᠥᠲᠥᠭᠡᠨ ᠪᠠᠶᠢᠭᠤᠯᠤᠯᠲᠠ ᠶᠢᠨ ᠭᠤᠤᠯᠯᠠᠭᠴᠢ ᠬᠦᠴᠦᠨ ᠪᠤᠯᠵᠤ ᠪᠤᠢ᠃      ᠰᠤᠷᠪᠤᠯᠵᠢᠯᠠᠭᠴᠢ᠄ ᠰᠢᠨ᠎ᠡ ᠴᠠᠭ ᠦᠶ᠎ᠡ ᠶᠢᠨ ︽ᠬᠤᠤᠰ ᠣᠷᠴᠢᠯ︾ ᠤᠨ ᠠᠬᠤᠶ ᠪᠠᠶᠢᠳᠠᠯ ᠳᠣᠤᠷ᠎ᠠ᠂ ᠢᠯᠢ ᠪᠦᠯᠦᠭᠯᠡᠯ ᠺᠤᠮᠫᠠᠨᠢ ᠠᠵᠤ ᠠᠬᠤᠶᠢᠢᠯᠠᠯ ᠤᠨ ᠬᠦᠭᠵᠢᠯᠳᠡ ᠶᠢ ᠬᠡᠷᠬᠢᠨ ᠠᠬᠢᠭᠤᠯᠵᠤ ᠪᠠᠶᠢᠭ᠎ᠠ ᠪᠣᠶ︖      ᠵᠠᠩ ᠵᠢᠶᠠᠨ ᠴᠢᠤ᠄ ᠠᠵᠤ ᠠᠬᠤᠶᠢᠢᠯᠠᠯ ᠰᠢᠨ᠎ᠡ ᠴᠠᠭ ᠦᠶ᠎ᠡ ᠶᠢᠨ ᠠᠵᠠ ᠲᠣᠬᠢᠶᠠᠯ ᠢ ᠡᠵᠡᠮᠳᠡᠨ᠂ ︽ᠬᠤᠤᠰ ᠣᠷᠴᠢᠯ︾ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠭᠡᠪᠡᠯ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢᠨ ᠬᠠᠮᠳᠤ ᠭᠠᠳᠠᠭᠠᠳᠤ ᠪᠠᠶᠢᠷᠢᠰᠢᠯ ᠢ ᠲᠦᠷᠭᠡᠳᠬᠡᠬᠦ ᠴᠢᠬᠤᠯᠠᠳᠠᠢ᠃ ᠢᠯᠢ ᠪᠦᠯᠦᠭᠯᠡᠯ ᠺᠤᠮᠫᠠᠨᠢ ᠪᠠᠷ ᠠᠪᠴᠤ ᠬᠡᠯᠡᠪᠡᠯ᠂ ᠳᠣᠲᠣᠭᠠᠳᠤ ᠬᠥᠳᠡᠯᠭᠡᠬᠦ ᠬᠦᠴᠦᠨ ᠢ ᠬᠦᠭᠵᠢᠭᠡᠭᠦ ᠳᠠᠯ᠎ᠠ ᠪᠠᠷ ᠪᠢᠳᠡ ᠰᠦᠨ ᠤ ᠠᠵᠤ ᠦᠢᠯᠡᠰ ᠤᠨ ᠰᠦᠷᠦᠭᠵᠢᠯ ᠵᠡᠷᠭᠡ ᠰᠢᠨ᠎ᠡ ᠬᠥᠭᠵᠢᠯᠲᠡ ᠶᠢᠨ ᠠᠷᠭ᠎ᠠ ᠮᠠᠶ᠋ᠢᠭ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠠᠮᠲᠤ ᠪᠠᠷ ᠠᠰᠢᠭ ᠭᠥᠷᠳᠡᠬᠦ ᠶᠢ ᠠᠬᠢᠭᠤᠯᠵᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 9 ᠠᠶᠢᠮᠠᠭ ᠬᠤᠳᠠ ᠳᠤ ᠰᠦᠨ ᠤ ᠦᠢᠯᠡᠰ ᠤᠨ ᠰᠦᠷᠦᠭᠵᠢᠯ ᠤᠨ ᠲᠦᠷᠦᠯ ᠵᠦᠢᠯ ᠢ ᠨᠠᠶᠢᠳᠠᠪᠤᠷᠢᠵᠢᠭᠤᠯᠪᠠ︔ ᠭᠠᠳᠠᠭᠠᠳᠤ ᠪᠠᠶᠢᠷᠢᠰᠢᠯ ᠤᠨ ᠳᠠᠯ᠎ᠠ ᠪᠠᠷ ᠪᠢᠳᠠ ᠪᠦᠬᠦ ᠪᠥᠮᠪᠥᠷᠴᠡᠭ ᠤᠨ ᠡᠬᠢ ᠪᠠᠶᠠᠯᠢᠭ ᠢ ᠨᠡᠶᠢᠳᠭᠡᠭᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠶᠢᠨ ᠵᠠᠬ᠎ᠠ ᠳᠡᠯᠭᠡᠭᠦᠷ ᠢ ᠦᠷᠭᠦᠯᠵᠢᠯᠡᠨ ᠥᠷᠭᠡᠳᠬᠡᠪᠡ᠃ ᠣᠳᠣᠬᠠᠨ ᠳᠤ᠂ ᠢᠯᠢ ᠪᠦᠯᠦᠭᠯᠡᠯ ᠺᠤᠮᠫᠠᠨᠢ ᠶᠢᠨ ᠦᠢᠯᠡᠳᠬᠦᠨ ᠨᠢᠭᠡᠨᠲᠡ ᠢᠨᠳᠦᠨᠤᠰᠢᠶ᠎ᠠ᠂ ᠲᠠᠢ ᠤᠯᠤᠰ᠂ ᠰᠢᠩᠭᠠᠫᠣᠷ ᠵᠡᠷᠭᠡ ᠤᠯᠤᠰ ᠪᠠ ᠭᠠᠵᠠᠷ ᠣᠷᠣᠨ ᠤ ᠵᠠᠬ᠎ᠠ ᠳᠡᠯᠭᠡᠭᠦᠷ ᠲᠤ ᠲᠦᠭᠡᠵᠠᠢ᠃ ᠢᠯᠢ ᠪᠦᠯᠦᠭᠯᠡᠯ ᠺᠤᠮᠫᠠᠨᠢ ᠳᠣᠲᠣᠭᠠᠳᠤ ᠭᠠᠳᠠᠭᠠᠳᠤ ᠶᠢᠨ ᠶᠡᠷᠦᠩᠬᠡᠶᠢᠯᠡᠭᠰᠡᠨ ᠬᠦᠴᠦᠨ ᠢᠶᠠᠷ ︽ᠳᠡᠯᠡᠬᠡᠢ ᠳ᠋ᠠᠬᠢᠨ ᠳᠤ ᠡᠷᠡᠭᠦᠯ ᠮᠡᠨᠳᠦ ᠶᠢ ᠬᠠᠮᠲᠤ ᠪᠠᠷ ᠡᠳ᠋ᠯᠡᠭᠦᠯᠬᠦ︾ ᠬᠦᠰᠡᠯ ᠵᠡᠭᠦᠳᠦ ᠪᠠᠨ ᠬᠦᠴᠦᠯᠡᠨ ᠪᠡᠶᠡᠯᠡᠭᠦᠯᠭᠦ ᠪᠠᠷ ᠴᠢᠷᠮᠡᠶᠢᠡ ᠠᠵᠢᠯᠯᠠᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ