ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ︽ᠦᠶᠤᠸᠠᠨ ᠰᠢᠶᠠᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠶᠡᠷᠦᠩᠬᠡᠶᠢᠯᠡᠭᠰᠡᠨ ᠮᠠᠭᠠᠳᠯᠠᠨ ᠲᠣᠭᠲᠠᠭᠠᠬᠤ ᠠᠷᠭ᠎ᠠ︾ ᠶᠢ ᠳᠠᠷᠤᠮᠠᠯᠯᠠᠨ | ᠲᠠᠷᠬᠠᠭᠠᠬᠤ ᠮᠡᠳᠡᠭᠳᠡᠯ | ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ | ᠡᠯ᠎ᠡ ᠨᠢᠭᠡᠴᠡ ᠳᠤ᠄ | ᠰᠢᠶᠠᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠡᠳᠦᠭᠡ ︽ᠦᠶᠤᠸᠠᠨ ᠰᠢᠶᠠᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠳᠦᠬᠦᠢ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 9 ᠰᠠᠷ᠎ᠠ ᠶᠢᠨ 27 ᠤ ᠡᠳᠦᠷ | ᠦᠶᠤᠸᠠᠨ ᠰᠢᠶᠠᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠶᠡᠷᠦᠩᠬᠡᠶᠢᠯᠡᠭᠰᠡᠨ ᠮᠠᠭᠠᠳᠯᠠᠨ ᠲᠣᠭᠲᠠᠭᠠᠬᠤ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ︵ᠳᠣᠷᠣᠭᠰᠢ ᠨᠠᠭᠠᠳᠤ ᠵᠠᠬ᠎ᠠ ᠶᠢᠨ ᠪᠠᠲᠤᠯᠠᠭ᠎ᠠ ᠭᠡᠵᠦ ᠲᠣᠪᠴᠢᠯᠠᠨ᠎ᠠ︶ ᠶᠢᠨ ᠠᠵᠢᠯ ᠢ | ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ ᠢᠯᠡ᠂ ᠡᠷᠬᠡ ᠲᠡᠭᠰᠢ᠂ ᠲᠥᠪ ᠭᠤᠣᠯᠴᠢ | ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶᠠᠨ ᠤ 649 | ᠳ᠋ᠦ᠋ᠭᠡᠷ ᠲᠣᠭᠠᠲᠤ ᠵᠠᠷᠯᠢᠭ︶᠂ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2012﹈ 45 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ | ᠂ ᠲᠣᠰ ᠠᠷᠭ᠎ᠠ ᠶᠢ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠠᠷᠭᠤᠭᠤᠯᠤᠨ ᠪᠠᠶᠢᠴᠠᠭᠠᠵᠤ ᠮᠠᠭᠠᠳᠯᠠᠨ ᠲᠣᠭᠲᠠᠭᠠᠬᠤ ᠠᠵᠢᠯ ᠢ | ᠥᠷᠨᠢᠭᠦᠯᠵᠦ᠂ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠨᠢ ᠬᠠᠮᠵᠢᠯᠴᠠᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ᠃ | ᠭᠤᠷᠪᠠᠳᠤᠭᠠᠷ ᠵᠦᠶᠯ ᠡᠷᠦᠬᠡ ᠠᠮᠠ᠂ ᠨᠠᠰᠤ ᠵᠢᠯ᠂ ᠡᠪᠡᠳᠴᠢᠨ ᠡᠮᠭᠡᠭ᠂ ᠵᠡᠮᠳᠡᠭ᠂ ᠠᠰᠠᠷᠠᠨ ︵ᠠᠰᠠᠷᠠᠬᠤ᠂ ᠲᠡᠳᠭᠦᠬᠦ︶ ᠲᠡᠵᠢᠭᠡᠭᠴᠢ ᠶᠢᠨ ᠪᠠᠶᠢᠳᠠᠯ᠂ | ᠭᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ᠂ ᠡᠮ ᠡᠮᠨᠡᠯᠭᠡ ᠶᠢᠨ ᠵᠠᠷᠤᠳᠠᠯ ᠵᠡᠷᠭᠡ ᠵᠦᠶ ᠵᠣᠬᠢᠰᠲᠠᠶ ᠴᠢᠨᠠᠷᠲᠠᠶ ᠵᠠᠷᠤᠯᠭ᠎ᠠ ᠵᠢᠴᠢ ᠠᠷᠠᠳᠴᠢᠯᠠᠯ ᠢᠶᠠᠷ | ᠦᠨᠡᠯᠡᠨ ᠶᠠᠷᠢᠯᠴᠠᠭᠰᠠᠨ ᠪᠠᠶᠢᠳᠠᠯ ᠵᠡᠷᠭᠡ ᠶᠡᠷᠦᠩᠬᠡᠶᠢᠯᠡᠭᠰᠡᠨ ᠬᠦᠴᠦᠨ ᠵᠦᠶᠯ ᠢ ᠦᠨᠳᠦᠰᠦᠯᠡᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ | ᠡᠲᠡᠭᠡᠳ ᠢ ᠦᠨᠡᠮᠰᠢᠬᠦ ᠬᠡᠷᠡᠭᠲᠡᠶ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠡᠲᠡᠭᠡᠳ ᠢ ᠮᠠᠭᠠᠳᠯᠠᠨ ᠲᠤᠭᠲᠠᠭᠠᠬᠤ ᠳᠤ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠠᠷᠭᠤᠭᠤᠯᠤᠨ ᠪᠠᠶᠢᠴᠠᠭᠠᠬᠤ ᠪᠠᠷᠢᠮᠵᠢᠶ᠎ᠠ ᠶᠢ ᠨᠢᠭᠡᠳᠦᠯᠲᠠᠢ ᠪᠠᠶᠢᠯᠭᠠᠬᠤ ᠶᠢ ᠪᠠᠷᠢᠮᠲᠠᠯᠠᠵᠤ᠂ ᠬᠡᠷ ᠪᠦᠯᠢ ᠶᠢᠨ ᠣᠷᠣᠯᠭ᠎ᠠ ᠶᠢ ᠲᠣᠮᠢᠶ᠎ᠠ ᠪᠠᠷ ᠲᠣᠭᠠᠴᠠᠭ᠎ᠠ | ᠬᠢᠬᠦ ᠵᠠᠷᠴᠢᠮ ᠢ ᠪᠠᠷᠢᠮᠲᠠᠯᠠᠨ᠎ᠠ᠃ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠪᠠᠷ ᠳᠠᠮᠵᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ | ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠤᠨ ᠦᠨᠡᠨ ᠪᠣᠳᠠᠲᠤ ᠴᠢᠨᠠᠷ ᠢ ᠭᠤᠶᠤᠴᠢᠯᠠᠬᠤ ᠵᠠᠷᠴᠢᠮ ᠢ ᠪᠠᠷᠢᠮᠲᠠᠯᠠᠨ᠎ᠠ᠃ ᠨᠡᠶᠢᠲᠡ ᠳᠤ ᠵᠠᠷᠯᠠᠬᠤ ᠳᠤ ᠣᠨᠳᠣᠤ ᠰᠠᠨᠠᠯ | ᠥᠬᠡᠶ ᠮᠥᠷᠲᠡᠭᠡᠨ ᠬᠡᠷ ᠪᠦᠯᠢ ᠶᠢᠨ ᠣᠷᠣᠯᠭ᠎ᠠ ᠪᠠ ᠡᠳ᠋ ᠬᠥᠷᠥᠩᠭᠡ ᠨᠢ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠣᠭᠲᠠᠭᠠᠭᠰᠠᠨ | ᠨᠥᠬᠦᠴᠡᠯ ᠳᠤ ᠨᠡᠶᠢᠴᠡᠬᠦ ᠵᠠᠷᠴᠢᠮ ᠢ ᠪᠠᠷᠢᠮᠲᠠᠯᠠᠨ᠎ᠠ᠃ | ᠳᠥᠷᠪᠡᠳᠦᠭᠡᠷ ᠵᠦᠶᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠡᠲᠡᠭᠡᠳ ᠲᠤ᠂ ᠬᠢᠨᠠᠨ ᠲᠣᠭᠲᠠᠭᠠᠭᠰᠠᠨ ᠭᠡᠷ | ᠪᠦᠯᠢ ᠶᠢᠨ ᠣᠷᠣᠯᠭ᠎ᠠ ᠶᠢᠨ ᠶᠣᠰᠣᠭᠠᠷ ᠡᠷᠦᠬᠡ ᠶᠢᠨ ᠶᠣᠰᠣᠭᠠᠷ ᠳᠠᠭᠠᠳᠬᠠᠯ ᠣᠯᠭᠤᠬᠤ᠂ ᠵᠥᠷᠢᠶ᠎ᠡ ᠲᠤᠭ᠎ᠠ ᠪᠠᠷ ᠨᠢ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ | ᠬᠡᠷ ᠪᠦᠯᠢ ᠳᠤ ᠶᠠᠮᠠᠷ ᠴᠤ ᠣᠷᠣᠯᠭ᠎ᠠ ᠥᠬᠡᠶ᠂ ᠬᠡᠷ ᠪᠦᠯᠢ ᠶᠢᠨ ᠪᠦᠷᠢᠯᠳᠦᠬᠦᠨ ᠤ ᠳᠣᠲᠣᠷᠠᠬᠢ ᠬᠦᠨᠳᠦ ᠡᠪᠡᠳᠴᠢᠨ ᠬᠦᠨᠳᠦ ᠵᠡᠮᠳᠡᠭ ᠠᠮᠢᠳᠤᠷᠠᠯ ᠨᠢ ᠲᠦᠢᠯ ᠤᠨ | ᠬᠦᠴᠢᠷᠳᠡᠯᠲᠡᠶ ᠪᠥᠭᠡᠳ ᠲᠣᠭᠠᠴᠠᠭ᠎ᠠ ᠬᠢᠭᠰᠡᠨ ᠤ ᠳᠠᠷᠠᠭ᠎ᠠ ᠠᠪᠤᠷᠠᠨ ᠲᠤᠰᠠᠯᠠᠬᠤ ᠴᠢᠬᠤᠯᠠᠲᠠᠶ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 90% | — 100% ᠶᠢᠨ ᠬᠡᠷ ᠪᠦᠯᠢ ᠶᠢ A ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠬᠡᠷ ᠪᠦᠯᠢ ᠶᠢᠨ ᠣᠷᠣᠯᠭ᠎ᠠ ᠨᠡᠯᠢᠶᠡᠳ ᠳᠣᠤᠷ᠎ᠠ᠂ ᠬᠡᠷ | ᠪᠦᠯᠢ ᠶᠢᠨ ᠪᠦᠷᠢᠯᠳᠦᠬᠦᠨ ᠤ ᠳᠣᠲᠣᠷ᠎ᠠ ᠡᠪᠡᠳᠴᠢᠨ ᠡᠮᠭᠡᠭ ᠲᠠᠢ ᠠᠮᠢᠳᠤᠷᠠᠯ ᠨᠢ ᠨᠡᠯᠢᠶᠡᠳ ᠬᠦᠴᠢᠷᠳᠡᠯᠲᠡᠶ ᠮᠥᠷᠲᠡᠭᠡᠨ ᠲᠣᠭᠠᠴᠠᠭ᠎ᠠ ᠬᠢᠭᠰᠡᠨ ᠤ ᠳᠠᠷᠠᠭ᠎ᠠ ᠠᠪᠤᠷᠠᠨ | ᠲᠤᠰᠠᠯᠠᠬᠤ ᠴᠢᠬᠤᠯᠠᠲᠠᠶ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50% — 90% ︵ᠪᠠᠭᠲᠠᠨ᠎ᠠ︶ ᠬᠡᠷ ᠪᠦᠯᠢ ᠶᠢ B ᠲᠥᠷᠥᠯ ᠤᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠭᠡᠷ ᠪᠦᠯᠢ ᠳᠤ ᠵᠣᠬᠢᠬᠤ ᠣᠷᠣᠯᠭ᠎ᠠ ᠲᠠᠢ ᠪᠣᠯᠪᠠᠴᠤ ᠣᠷᠣᠯᠭ᠎ᠠ ᠨᠢ ᠲᠣᠭᠲᠠᠭᠤᠨ ᠪᠤᠰᠤ᠂ ᠲᠦᠷ ᠴᠠᠭ ᠤᠨ | ᠬᠦᠴᠢᠷᠳᠡᠯ ᠠᠴᠠ ᠪᠣᠯᠵᠤ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠪᠥᠭᠡᠳ ᠲᠣᠭᠠᠴᠠᠭ᠎ᠠ ᠬᠢᠭᠰᠡᠨ ᠤ ᠳᠠᠷᠠᠭ᠎ᠠ ᠠᠪᠤᠷᠠᠨ ᠲᠤᠰᠠᠯᠠᠬᠤ ᠴᠢᠬᠤᠯᠠᠲᠠᠶ ᠵᠣᠭᠤᠰ ᠤᠨ | ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50% ︵ᠪᠠᠭᠲᠠᠨ᠎ᠠ︶ ᠵᠢᠴᠢ ᠲᠡᠭᠦᠨ ᠠᠴᠠ ᠳᠣᠷᠣᠭᠰᠢᠬᠢ ᠬᠢ ᠶᠢ C ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠤᠨ᠎ᠠ᠃ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠵᠣᠭᠤᠰᠣᠨ ᠤ ᠲᠤᠭ᠎ᠠ ᠪᠠᠷ ᠲᠣᠭᠠᠴᠠᠭ᠎ᠠ ᠬᠢᠭᠰᠡᠨ ᠤ | ᠳᠠᠷᠠᠭ᠎ᠠ ᠰᠠᠷ᠎ᠠ ᠪᠦᠷᠢ 100 ᠲᠥᠭᠦᠷᠢᠭ ᠠᠴᠠ ᠳᠣᠤᠷ᠎ᠠ ᠪᠠᠶᠢᠪᠠᠯ 100 ᠲᠦᠭᠦᠷᠢᠭ ᠢᠶᠠᠷ ᠠᠪᠤᠷᠠᠨ ᠲᠤᠰᠠᠯᠠᠵᠦ᠂ ᠮᠠᠯᠵᠢᠬᠤ ᠲᠠᠷᠢᠶᠠᠯᠠᠬᠤ ᠣᠷᠣᠨ ᠤ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠲᠣᠭᠠᠴᠠᠭ᠎ᠠ ᠬᠢᠭᠰᠡᠨ ᠤ ᠳᠠᠷᠠᠭ᠎ᠠ ᠵᠢᠯ ︵ᠪᠠᠭᠲᠠᠨ᠎ᠠ︶ ᠠᠴᠠ ᠳᠣᠤᠷ᠎ᠠ ᠪᠣᠯ 500 | ᠲᠥᠭᠦᠷᠢᠭ ᠢᠶᠠᠷ ᠠᠪᠤᠷᠠᠨ ᠲᠤᠰᠠᠯᠠᠨ᠎ᠠ᠃ | ᠬᠤᠶᠠᠳᠤᠭᠠᠷ ᠪᠦᠯᠦᠭ ᠬᠢᠷᠢ ᠭᠡᠮ ᠤᠨ ᠨᠥᠬᠦᠴᠡᠯ | ᠲᠠᠪᠤᠳᠤᠭᠠᠷ ᠵᠦᠶᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠢ ᠭᠤᠶᠤᠴᠢᠯᠠᠬᠤ ᠳᠤ ᠡᠷᠬᠡᠪᠰᠢ ᠤᠷᠲᠤ ᠬᠤᠭᠤᠴᠠᠭ᠎ᠠ ᠪᠠᠷ | ᠬᠠᠮᠲᠤ ᠪᠠᠷ ᠠᠮᠢᠳᠤᠷᠠᠵᠤ ᠪᠠᠶᠢᠭ᠎ᠠ ᠳᠣᠤᠷ᠎ᠠ ᠵᠢᠭᠰᠠᠭᠠᠭᠰᠠᠨ ᠪᠦᠷᠢᠯᠳᠦᠭᠦᠨ ᠪᠠᠶᠢᠬᠤ ᠬᠡᠷᠡᠭᠲᠡᠶ᠄ | ᠬᠤᠯᠪᠣᠰᠤ᠃ ᠨᠠᠰᠤᠨ ᠳᠤ ᠬᠦᠷᠦᠭᠡᠳᠦᠢ ᠦᠷ᠎ᠡ ᠬᠡᠤᠬᠡᠳ ᠪᠠ ᠡᠴᠢᠭᠡ ᠡᠬᠡ᠃ ᠨᠢᠭᠡᠨᠲᠡ ᠨᠠᠰᠤᠨ ᠳᠤ ᠬᠦᠷᠦᠭᠰᠡᠨ ᠪᠣᠯᠪᠠᠴᠤ ᠪᠡᠶ᠎ᠡ ᠪᠠᠨ ᠳᠠᠭᠠᠭᠠᠵᠤ | ᠠᠮᠢᠳᠤᠷᠠᠵᠤ ᠴᠢᠳᠠᠬᠤ ᠦᠭᠡᠢ ᠬᠦᠨᠳᠦ ᠡᠪᠡᠳᠴᠢᠲᠡᠨ᠂ ᠬᠦᠨᠳᠦ ᠵᠡᠮᠳᠡᠭ ᠦᠷ᠎ᠡ ᠬᠡᠤᠬᠡᠳ ︵ᠰᠤᠷᠭᠠᠭᠤᠯᠢ ᠳᠤ ᠵᠢᠩᠬᠢᠨᠢ ᠠᠩᠭᠢ ᠵᠢᠴᠢ ᠲᠡᠭᠦᠨ ᠠᠴᠠ ᠳᠣᠷᠣᠭᠰᠢᠬᠢ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠭᠦᠷᠳᠡᠭᠰᠡᠨ ᠦᠷ᠎ᠡ ᠬᠡᠤᠬᠡᠳ ᠪᠠᠭᠲᠠᠨ᠎ᠠ︶᠃ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠬᠦ᠂ ᠲᠡᠳᠬᠦᠨ | ᠲᠡᠵᠢᠭᠡᠬᠦ᠂ ᠠᠰᠠᠷᠠᠨ ᠲᠡᠵᠢᠭᠡᠬᠦ ᠡᠭᠦᠷᠭᠡ ᠲᠠᠢ ᠪᠦᠭᠡᠳ ᠤᠷᠳᠤ ᠬᠤᠭᠤᠴᠠᠭ᠎ᠠ ᠪᠠᠷ ᠬᠠᠮᠲᠤ ᠠᠮᠢᠳᠤᠷᠠᠵᠤ ᠪᠠᠶᠢᠭ᠎ᠠ ᠪᠤᠰᠤᠳ ᠬᠥᠮᠦᠰ᠃ | ᠵᠢᠷᠭᠤᠳᠤᠭᠠᠷ ᠵᠦᠶᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠳᠠᠩᠰᠠ ᠭᠤᠶᠤᠴᠢᠯᠠᠬᠤ ᠨᠥᠬᠦᠴᠡᠯ ᠨᠢ | ᠡᠷᠬᠡᠪᠰᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠬᠦᠨ ᠡᠷᠬᠡᠪᠰᠢ ᠦᠶᠤᠸᠠᠨ ᠰᠢᠶᠠᠨ ᠤ ᠪᠠᠶᠢᠩᠭᠤ | ᠰᠠᠭᠤᠭ᠎ᠠ ᠡᠷᠦᠬᠡ ᠠᠮᠠ ᠲᠠᠢ ᠪᠠᠶᠢᠬᠤ ᠬᠡᠷᠡᠭᠲᠡᠶ᠂ ᠭᠤᠶᠤᠴᠢᠯᠠᠭᠴᠢ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠬᠦᠨ ᠤ ᠣᠷᠣᠰᠢᠨ ᠰᠠᠭᠤᠭ᠎ᠠ ᠭᠠᠵᠠᠷ ᠨᠢ ᠡᠷᠦᠬᠡ | ᠠᠮᠠ ᠶᠢᠨ ᠪᠠᠶᠢᠭ᠎ᠠ ᠭᠠᠵᠠᠷ ᠲᠠᠢ ᠨᠢᠭᠡᠳᠦᠯᠲᠡᠶ ᠪᠥᠭᠡᠳ ᠣᠷᠳᠣ ᠬᠤᠭᠤᠴᠠᠭ᠎ᠠ ᠪᠠᠷ ᠦᠶᠤᠸᠠᠨ ᠰᠢᠶᠠᠨ ᠤ ᠬᠠᠷᠢᠶ᠎ᠠ ᠣᠷᠣᠨ ᠤ ᠬᠡᠪᠴᠢᠶᠡᠨ ᠳᠤ ᠰᠠᠭᠤᠵᠤ ᠪᠠᠶᠢᠭ᠎ᠠ | ᠰᠠᠭᠤᠭᠠᠯᠢ ᠠᠷᠠᠳ᠃ | ᠦᠶᠤᠸᠠᠨ ᠰᠢᠶᠠᠨ ᠤ ᠬᠠᠷᠢᠶ᠎ᠠ ᠣᠷᠣᠨ ᠳᠤ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠤ ᠪᠠᠶᠢᠩᠭᠤ ᠰᠠᠭᠤᠭ᠎ᠠ ᠭᠠᠵᠠᠷ ᠬᠢᠭᠡᠳ ᠡᠷᠦᠬᠡ | ᠠᠮᠠ ᠶᠢᠨ ᠪᠠᠶᠢᠭ᠎ᠠ ᠭᠠᠵᠠᠷ ᠨᠢ ᠨᠢᠭᠡᠳᠦᠯ ᠦᠭᠡᠢ ᠪᠣᠯ ᠬᠥᠮᠦᠨ ᠡᠷᠦᠬᠡ ᠰᠠᠯᠤᠩᠭᠢ ᠭᠡᠷ ᠪᠦᠯᠢ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ ᠲᠠᠢ ᠬᠠᠮᠲᠤ | ᠠᠮᠢᠳᠤᠷᠠᠵᠤ ᠪᠠᠶᠢᠭ᠎ᠠ ᠪᠣᠯᠪᠠᠴᠤ ᠡᠷᠦᠬᠡ ᠠᠮᠠ ᠨᠢ ᠬᠠᠮᠲᠤ ᠪᠠᠶᠢᠬᠤ ᠦᠭᠡᠢ ᠭᠡᠷ ᠪᠦᠯᠢ ᠶᠢᠨ ᠪᠦᠷᠢᠯᠳᠦᠬᠦᠨ ᠨᠢ ᠬᠥᠮᠦᠨ ᠡᠷᠦᠬᠡ ᠰᠠᠯᠤᠩᠭᠢ ᠬᠥᠮᠦᠰ ᠪᠣᠯᠤᠨ᠎ᠠ᠃ | ᠭᠤᠶᠤᠴᠢᠯᠠᠭᠴᠢ ᠪᠤᠶᠤ ᠲᠡᠭᠦᠨ ᠤ ᠬᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠲᠠᠩᠰᠠᠨ ᠳᠤ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ | ᠪᠠᠶᠢᠪᠠᠯ᠂ ᠳᠣᠤᠷᠠᠬᠢ ᠠᠷᠭ᠎ᠠ ᠮᠠᠶ᠋ᠢᠭ ᠢᠶᠠᠷ ᠭᠦᠶᠴᠡᠳᠬᠡᠨ᠎ᠡ᠄ | 1᠂ ᠬᠥᠮᠦᠨ ᠡᠷᠦᠬᠡ ᠰᠠᠯᠤᠩᠭᠢ ᠭᠡᠷ ᠪᠦᠯᠢ ᠨᠢ ᠡᠷᠦᠬᠡ ᠠᠮᠠ ᠳᠠᠩᠰᠠᠯᠠᠬᠤ ᠨᠥᠬᠦᠴᠡᠯ ᠢ ᠪᠦᠷᠢᠯᠳᠦᠭᠦᠯᠵᠦ᠂ ᠳᠠᠷᠤᠢ ᠭᠡᠷ ᠪᠦᠯᠢ ᠨᠢ ᠪᠣᠳᠠᠲᠠᠢ ᠰᠠᠭᠤᠭ᠎ᠠ | ᠭᠠᠵᠠᠷ ᠤᠨ ᠭᠡᠷ ᠪᠠᠶᠢᠰᠢᠩ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠲᠠᠢ ᠪᠠᠶᠢᠪᠠᠯ᠂ ᠡᠷᠦᠬᠡ ᠠᠮᠠ ᠪᠠᠨ ᠪᠣᠳᠠᠲᠠᠢ ᠰᠠᠭᠤᠭ᠎ᠠ ᠭᠠᠵᠠᠷ ᠲᠤ ᠰᠢᠯᠵᠢᠭᠦᠯᠦᠭᠰᠡᠨ ᠤ | ᠳᠠᠷᠠᠭ᠎ᠠ ᠰᠠᠶ᠋ᠢ ᠭᠤᠶᠤᠴᠢᠯᠠᠯ ᠭᠠᠷᠭᠠᠵᠤ ᠪᠣᠯᠤᠨ᠎ᠠ᠃ | 2᠂ ᠦᠶᠤᠸᠠᠨ ᠰᠢᠶᠠᠨ ᠤ ᠬᠠᠷᠢᠶ᠎ᠠ ᠣᠷᠣᠨ ᠳᠤ ᠭᠤᠶᠤᠴᠢᠯᠠᠭᠴᠢ ᠶᠢᠨ ᠪᠠᠶᠢᠩᠭᠤ ᠰᠠᠭᠤᠭ᠎ᠠ ᠭᠠᠵᠠᠷ ᠬᠢᠭᠡᠳ ᠡᠷᠦᠬᠡ ᠠᠮᠠ ᠶᠢᠨ ᠪᠠᠶᠢᠭ᠎ᠠ ᠭᠠᠵᠠᠷ ᠨᠢ | ᠨᠢᠭᠡᠳᠦᠯ ᠦᠭᠡᠢ ᠪᠠᠶᠢᠪᠠᠯ᠂ ᠬᠡᠷᠪᠡ ᠭᠤᠶᠤᠴᠢᠯᠠᠭᠴᠢ ᠬᠢᠭᠡᠳ ᠭᠡᠷ ᠪᠦᠯᠢ ᠶᠢᠨ ᠪᠦᠷᠢᠯᠳᠦᠬᠦᠨ ᠨᠢ ᠪᠠᠶᠢᠩᠭᠤ ᠰᠠᠭᠤᠭ᠎ᠠ ᠭᠠᠵᠠᠷ ᠲᠠᠭᠠᠨ ᠭᠡᠷ ᠲᠦᠷᠢᠶᠡᠰᠦᠯᠡᠨ | ᠰᠠᠭᠤᠵᠤ᠂ ᠦᠷᠭᠦᠯᠵᠢᠯᠡᠨ ᠰᠠᠭᠤᠵᠤ ᠪᠠᠶᠢᠭ᠎ᠠ ᠴᠠᠭ ᠨᠢ 5 ᠵᠢᠯ ᠠᠴᠠ ᠳᠡᠭᠡᠭᠰᠢ ᠪᠠᠶᠢᠬᠤ ᠭᠡᠷ ᠪᠦᠯᠢ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠠᠷᠠᠳ ᠤᠨ | ᠶᠠᠪᠤᠳᠠᠯ ᠤᠨ ᠠᠯᠪᠠᠨ ᠭᠡᠷ ᠤᠨ ᠬᠢᠵᠦ ᠥᠭᠭᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠦᠭᠡᠢ ᠭᠡᠷᠡᠴᠢ᠂ ᠭᠡᠷ ᠲᠦᠷᠢᠶᠡᠰᠦᠯᠡᠬᠦ ᠭᠡᠷ᠎ᠡ ᠵᠢᠴᠢ | ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠵᠤ᠂ ᠪᠠᠶᠢᠩᠭᠤ ᠰᠠᠭᠤᠭ᠎ᠠ ᠭᠠᠵᠠᠷ ᠤᠨ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠲᠤ | ᠭᠤᠶᠤᠴᠢᠯᠠᠯ ᠭᠠᠷᠭᠠᠵᠤ ᠪᠣᠯᠤᠨ᠎ᠠ᠃ | 3᠂ ᠡᠷᠦᠬᠡ ᠠᠮᠠ ᠶᠢᠨ ᠲᠠᠩᠰᠠ ᠪᠠᠨ ᠰᠠᠯᠭᠠᠭᠰᠠᠳ ᠤᠨ ᠬᠡᠷ ᠪᠦᠯᠢ ᠨᠢ ᠡᠷᠦᠬᠡ ᠠᠮᠠ ᠶᠢᠨ ᠲᠠᠩᠰᠠ ᠪᠠᠨ ᠨᠢᠭᠡ ᠳᠣᠤᠷ᠎ᠠ ᠰᠢᠯᠵᠢᠭᠦᠯᠦᠭᠰᠡᠨ ᠤ ᠳᠠᠷᠠᠭ᠎ᠠ | ᠭᠤᠶᠤᠴᠢᠯᠠᠯ ᠢᠶᠠᠨ ᠳᠤᠷᠠᠳᠬᠤ ᠬᠡᠷᠡᠭᠲᠡᠶ᠃ ᠠᠳᠠᠯᠢ ᠨᠢᠭᠡᠨ ᠬᠤᠰᠢᠭᠤ ᠰᠢᠶᠠᠨ ᠤ ᠬᠠᠷᠢᠶ᠎ᠠ ᠣᠷᠣᠨ ᠤ ᠳᠣᠲᠣᠷ᠎ᠠ᠂ ᠬᠥᠮᠦᠨ ᠡᠷᠦᠬᠡ ᠶᠢ ᠨᠢᠭᠡᠳᠬᠡᠬᠦ ᠠᠷᠭ᠎ᠠ ᠦᠭᠡᠢ | ᠪᠠᠶᠢᠪᠠᠯ᠂ ᠬᠡᠷ ᠪᠦᠯᠢ ᠶᠢᠨ ᠪᠦᠷᠢᠯᠳᠦᠬᠦᠨ ᠤ ᠨᠢᠭᠡ ᠲᠠᠯ᠎ᠠ ᠶᠢᠨ ᠡᠷᠦᠬᠡ ᠠᠮᠠ ᠶᠢᠨ ᠲᠠᠩᠰᠠ ᠨᠢ ᠪᠠᠶᠢᠭ᠎ᠠ ᠭᠠᠵᠠᠷ ᠮᠥᠷᠲᠡᠭᠡᠨ ᠬᠡᠷ ᠪᠦᠯᠢ ᠶᠢᠨ ᠣᠷᠳᠣ | ᠬᠤᠭᠤᠴᠠᠭᠠᠨ ᠤ ᠣᠷᠣᠰᠢᠨ ᠰᠠᠭᠤᠵᠤ ᠪᠠᠶᠢᠭ᠎ᠠ ᠭᠠᠵᠠᠷ ᠠᠴᠠ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠪᠠᠯ᠂ ᠬᠡᠷ ᠪᠦᠯᠢ ᠶᠢᠨ ᠪᠦᠷᠢᠯᠳᠦᠬᠦᠨ ᠨᠢ ᠲᠤᠬᠠᠶ ᠶᠢᠨ | ᠭᠠᠵᠠᠷ ᠲᠠᠭᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠠᠮᠲᠤ ᠪᠠᠷ ᠭᠥᠷᠳᠡᠵᠦ ᠪᠣᠯᠤᠨ᠎ᠠ᠃ ᠠᠳᠠᠯᠢ ᠨᠢᠭᠡᠨ ᠬᠤᠰᠢᠭᠤ ᠰᠢᠶᠠᠨ ᠤ ᠳᠣᠲᠣᠷ᠎ᠠ ᠬᠥᠮᠦᠨ | ᠠᠮᠠ ᠶᠢ ᠨᠢᠭᠡᠳᠬᠡᠬᠦ ᠠᠷᠭ᠎ᠠ ᠥᠬᠡᠶ ᠪᠣᠯ᠂ ᠡᠷᠦᠬᠡ ᠠᠮᠠ ᠶᠢᠨ ᠪᠠᠶᠢᠭ᠎ᠠ ᠭᠠᠵᠠᠷ ᠠᠴᠠ ᠨᠠᠭᠠᠳᠤ ᠵᠠᠬ᠎ᠠ ᠶᠢᠨ ᠪᠠᠲᠤᠯᠠᠭ᠎ᠠ ᠶᠢ ᠲᠣᠰ ᠲᠣᠰ ᠭᠤᠶᠤᠴᠢᠯᠠᠨ᠎ᠠ᠃ ᠡᠯ᠎ᠡ | ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠬᠥᠮᠦᠨ ᠡᠷᠦᠬᠡ ᠶᠢ ᠰᠠᠯᠭᠠᠬᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠦ᠂ ᠡᠭᠦᠨ ᠤ ᠬᠠᠮᠲᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ | ᠮᠡᠳᠡᠭᠦᠯᠬᠦ ᠳᠦᠷᠢᠮ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ | 4᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠤᠶᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠭᠡᠷ | ᠪᠠᠶᠢᠰᠢᠩ ᠳᠤ ᠨᠡᠭᠦᠵᠦ ᠣᠷᠣᠬᠤ ᠳᠤ ᠬᠦᠴᠢᠷᠲᠡᠶ ᠡᠲᠡᠭᠡᠳ ᠨᠥᠬᠦᠴᠡᠯ ᠳᠤ ᠨᠡᠶᠢᠴᠡᠬᠦ ᠨᠠᠭᠠᠳᠤ ᠵᠠᠬ᠎ᠠ ᠶᠢᠨ ᠪᠠᠲᠤᠯᠠᠭ᠎ᠠ ᠶᠢ ᠦᠷᠭᠦᠯᠵᠢᠯᠡᠨ ᠬᠦᠷᠲᠡᠵᠦ ᠪᠠᠶᠢᠪᠠᠯ᠂ | ᠤᠤᠯ ᠤᠨ ᠭᠤᠶᠤᠴᠢᠯᠠᠬᠤ ᠭᠠᠵᠠᠷ ᠲᠤ ᠬᠦᠷᠴᠦ ᠦᠷᠭᠦᠯᠵᠢᠯᠡᠨ ᠪᠠᠲᠤᠯᠠᠬᠤ ᠭᠠᠷᠳᠠᠮ ᠢ ᠭᠦᠶᠴᠡᠳᠬᠡᠵᠦ ᠪᠣᠯᠤᠨ᠎ᠠ᠃ | 5᠂ ᠡᠷᠦᠬᠡ ᠠᠮᠠ ᠶᠢᠨ ᠬᠠᠷᠢᠶ᠎ᠠ ᠶᠢᠨ ᠥᠭᠡᠷᠡᠴᠢᠯᠡᠯᠲᠡ ᠶᠢᠨ ᠳᠠᠷᠠᠭ᠎ᠠ ᠡᠷᠦᠬᠡ ᠠᠮᠠ ᠶᠢᠨ ᠰᠢᠨᠵᠢ ᠴᠢᠨᠠᠷ ᠢ ᠰᠠᠭᠤᠭᠠᠯᠢ ᠠᠷᠠᠳ ᠤᠨ ᠬᠡᠷ ᠪᠦᠯᠢ ᠪᠣᠯᠭᠠᠨ | ᠬᠤᠪᠢᠷᠠᠭᠤᠯᠤᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠶᠢ ᠤᠤᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥᠯ ᠵᠦᠶᠯ ︵ᠬᠤᠲᠠ ᠪᠤᠶᠤ | ᠬᠥᠳᠡᠭᠡ ᠲᠣᠰᠬᠤᠨ︶ ᠶᠣᠰᠣᠭᠠᠷ ᠡᠳ᠋ᠯᠡᠨ᠎ᠡ᠃ ᠬᠡᠷᠪᠡ ᠦᠷᠭᠦᠯᠵᠢ ᠬᠤᠲᠠ ᠶᠢᠨ ᠲᠣᠭᠤᠷᠢᠭ ᠲᠤ ᠰᠠᠭᠤᠵᠤ ᠪᠠᠶᠢᠭ᠎ᠠ ᠮᠥᠷᠲᠡᠭᠡᠨ ᠬᠥᠳᠡᠭᠡ ᠲᠣᠰᠬᠤᠨ ᠳᠤ ᠭᠠᠵᠠᠷ | ᠰᠢᠷᠣᠶ ᠦᠭᠡᠢ ᠪᠣᠯ᠂ ᠡᠷᠦᠬᠡ ᠠᠮᠠ ᠶᠢᠨ ᠬᠠᠷᠢᠶ᠎ᠠ ᠶᠢᠨ ᠰᠢᠨᠵᠢ ᠴᠢᠨᠠᠷ ᠢ ᠰᠠᠭᠤᠭᠠᠯᠢ ᠠᠷᠠᠳ ᠤᠨ ᠭᠡᠷ ᠪᠦᠯᠢ ᠪᠣᠯᠭᠠᠨ ᠥᠭᠡᠷᠡᠴᠢᠯᠡᠭᠰᠡᠨ ᠬᠥᠳᠡᠭᠡ ᠲᠣᠰᠬᠤᠨ ᠤ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠨᠢ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠳᠠᠬᠢᠵᠤ ᠭᠤᠶᠤᠴᠢᠯᠠᠵᠤ ᠪᠣᠯᠤᠨ᠎ᠠ᠃ | 6᠂ ᠡᠷᠦᠬᠡ ᠠᠮᠠ ᠶᠢᠨ ᠳᠠᠩᠰᠠ ᠶᠢᠨ ᠥᠭᠡᠷᠡᠴᠢᠯᠡᠯᠲᠡ ᠶᠢᠨ ᠳᠠᠷᠠᠭ᠎ᠠ ᠡᠷᠦᠬᠡ ᠠᠮᠠ ᠶᠢᠨ ᠰᠢᠨᠵᠢ ᠴᠢᠨᠠᠷ ᠨᠢ ᠰᠠᠭᠤᠭᠠᠯᠢ ᠠᠷᠠᠳ ᠤᠨ ᠭᠡᠷ ᠪᠦᠯᠢ ᠪᠣᠯᠵᠤ | ᠬᠤᠪᠢᠷᠠᠭᠰᠠᠨ ᠰᠢᠨ᠎ᠡ ᠭᠤᠶᠤᠴᠢᠯᠠᠭᠰᠠᠨ ᠭᠡᠷ ᠪᠦᠯᠢ ᠬᠥᠳᠡᠭᠡ ᠲᠣᠰᠬᠤᠨ ᠳᠤ ᠭᠠᠵᠠᠷ ᠰᠢᠷᠣᠢ ᠲᠠᠢ ᠪᠣᠯ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠭᠤᠶᠤᠴᠢᠯᠠᠨ᠎ᠠ ︵ᠦᠷ᠎ᠡ ᠬᠡᠦᠬᠡᠳ ᠢᠶᠠᠷ ᠨᠢ ᠳᠠᠷᠢᠭᠤᠯᠤᠭᠰᠠᠨ ᠪᠤᠶᠤ ᠰᠢᠯᠵᠢᠭᠦᠯᠦᠨ ᠲᠦᠷᠢᠶᠡᠰᠦᠯᠡᠭᠦᠯᠦᠭᠰᠡᠨ ᠨᠠᠰᠤᠲᠠᠶᠢᠴᠤᠳ ᠤᠨ ᠭᠡᠷ ᠪᠦᠯᠢ ᠪᠠᠭᠲᠠᠨ᠎ᠠ | ︶᠃ ᠬᠥᠳᠡᠭᠡ ᠲᠣᠰᠬᠤᠨ ᠳᠤ ᠭᠠᠵᠠᠷ ᠰᠢᠷᠣᠶ ᠦᠭᠡᠢ ᠮᠥᠷᠲᠡᠭᠡᠨ ᠵᠢᠯ ᠲᠤᠷᠰᠢ ᠬᠤᠲᠠ ᠶᠢᠨ ᠲᠣᠭᠤᠷᠢᠭ ᠲᠤ ᠰᠠᠭᠤᠵᠤ᠂ ᠬᠤᠲᠠ ᠶᠢᠨ ᠠᠵᠢᠯ ᠬᠢᠬᠦ ᠪᠠᠷ ᠭᠤᠤᠯ | ᠣᠷᠣᠯᠭ᠎ᠠ ᠪᠣᠯᠭᠠᠭᠰᠠᠨ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠃ | 7᠂ ᠬᠦᠴᠢᠷᠳᠡᠯᠲᠡᠶ ᠭᠡᠷ ᠪᠦᠯᠢ ᠳᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠭᠡᠷ ᠪᠦᠯᠢ ᠪᠠᠷ ᠠᠰᠠᠷᠠᠨ ᠲᠡᠵᠢᠭᠡᠯᠭᠡᠵᠦ ᠪᠠᠶᠢᠭ᠎ᠠ ᠮᠥᠷᠲᠡᠭᠡᠨ ᠲᠤᠰᠠᠭᠠᠷ | ᠡᠷᠦᠬᠡ ᠪᠣᠰᠬᠠᠬᠤ ᠶᠢᠨ ᠠᠷᠭ᠎ᠠ ᠦᠭᠡᠢ ᠨᠠᠰᠤᠨ ᠳᠤ ᠬᠦᠷᠦᠭᠰᠡᠨ ᠠᠵᠢᠯ ᠦᠭᠡᠢ ᠬᠦᠨᠳᠦ ᠵᠡᠮᠳᠡᠭᠴᠦᠳ ᠢ ᠲᠤᠰᠠᠭᠠᠷ ᠡᠷᠦᠬᠡ ᠪᠣᠰᠬᠠᠬᠤ ᠪᠠᠷ ᠦᠵᠡᠵᠦ᠂ ᠲᠤᠰᠠᠭᠠᠷ | ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠃ | ᠳᠣᠯᠣᠳᠤᠭᠠᠷ ᠵᠦᠶᠯ ᠳᠣᠤᠷ᠎ᠠ ᠵᠢᠭᠰᠠᠭᠠᠭᠰᠠᠨ ᠬᠥᠮᠦᠰ ᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠵᠢᠨᠪᠦ᠋ᠷᠢᠯᠳᠦᠭᠦᠨ ᠳᠤ ᠪᠤᠳᠤᠵᠤ ᠣᠷᠣᠭᠤᠯᠬᠤ ᠦᠭᠡᠢ | ᠄ | 1᠂ ᠵᠠᠯᠭᠠᠭ᠎ᠠ ᠪᠠᠷ ᠭᠤᠷᠪᠠᠨ ᠵᠢᠯ ᠠᠴᠠ ᠳᠡᠭᠡᠭᠰᠢ ︵ᠭᠤᠷᠪᠠᠨ ᠵᠢᠯ ᠪᠠᠭᠲᠠᠨ᠎ᠠ︶ ᠬᠡᠷ ᠪᠦᠯᠢ ᠶᠢᠨ ᠪᠡᠶ᠎ᠡ ᠪᠠᠨ ᠳᠠᠭᠠᠭᠠᠵᠦ ᠠᠮᠢᠳᠤᠷᠠᠵᠤ ᠪᠠᠶᠢᠭ᠎ᠠ ᠱᠠᠰᠢᠨ | ᠰᠤᠷᠲᠠᠬᠤᠨ ᠤ ᠠᠵᠢᠯᠲᠠᠨ᠃ | 2᠂ ᠭᠢᠨᠳᠠᠨ ᠳᠤ ᠡᠷᠡᠭᠦᠤ ᠰᠢᠳᠬᠡᠯ ᠭᠦᠶᠴᠡᠳᠬᠡᠵᠦ ᠪᠠᠶᠢᠭ᠎ᠠ ᠬᠥᠮᠦᠰ᠃ | 3᠂ ᠴᠡᠷᠢᠭ ᠤᠨ ᠠᠯᠪᠠᠨ ᠳᠤ ᠪᠠᠶᠢᠭ᠎ᠠ ᠠᠯᠪᠠᠨ ᠵᠢᠷᠤᠮ ᠤᠨ ᠴᠡᠷᠢᠭ᠃ | 4᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠦᠨᠡᠮᠰᠢᠭᠰᠡᠨ ᠪᠤᠰᠤᠳ | ᠬᠥᠮᠦᠰ᠃ | ᠨᠠᠢᠮᠠᠳᠤᠭᠠᠷ ᠵᠦᠶᠯ ᠣᠨᠴᠠ ᠬᠦᠨᠳᠦ ᠡᠪᠡᠳᠴᠢᠨ ᠭᠡᠳᠡᠭ ᠨᠢ ︽ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠢ ᠤᠯᠠᠮ ᠨᠢᠭᠡ | ᠠᠯᠬᠤᠮ ᠲᠡᠭᠦᠯᠳᠡᠷᠵᠢᠭᠦᠯᠬᠦ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠷᠭ᠎ᠠ︾ ︵ᠪᠠᠶᠠᠨᠨᠠᠭᠤᠷ ᠵᠠᠰᠠᠭ ᠠᠯᠪᠠᠨ | ᠲᠠᠷᠬᠠᠭᠠᠭᠰᠠᠨ ︹ 2015 ︺ 27 ᠳ᠋ᠤᠭᠠᠷ ᠲᠣᠭᠠᠲᠤ︶ ᠳᠤ ᠲᠣᠭᠲᠠᠭᠠᠭᠰᠠᠨ 24 ᠵᠦᠶᠯ ᠤᠨ ᠣᠨᠴᠠ ᠬᠦᠨᠳᠦ ᠡᠪᠡᠳᠴᠢᠨ ᠵᠢᠴᠢ ᠪᠤᠰᠤᠳ ᠬᠤᠤᠷᠲᠤ | ᠬᠠᠪᠤᠳᠠᠷ ᠢ ᠵᠢᠭᠠᠵᠤ ᠪᠣᠶ᠃ | ᠶᠢᠰᠦᠳᠦᠭᠡᠷ ᠵᠦᠶᠯ ᠤᠳᠠᠭᠠᠨ ᠴᠢᠨᠠᠷᠲᠠᠶ ᠡᠪᠡᠳᠴᠢᠨ ᠭᠡᠳᠡᠭ ᠨᠢ ︽︿ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠳᠠᠭᠠᠨ | ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠨᠡᠶᠢᠭᠡᠮ ᠲᠠᠷᠬᠠᠭᠠᠭᠰᠠᠨ ︹ 2017 | ︺ 40 ᠳ᠋ᠦ᠋ᠭᠡᠷ ᠲᠣᠭᠠᠲᠤ︶ ᠳᠤ ᠲᠣᠭᠲᠠᠭᠠᠭᠰᠠᠨ 21 ᠵᠦᠶᠯ ᠤᠨ ᠤᠳᠠᠭᠠᠨ ᠴᠢᠨᠠᠷᠲᠠᠶ ᠡᠪᠡᠳᠴᠢᠨ ᠤ ᠲᠥᠷᠥᠯ ᠢ ᠵᠢᠭᠠᠵᠤ ᠪᠣᠶ᠃ | ᠠᠷᠪᠠᠳᠤᠭᠠᠷ ᠵᠦᠶᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠵᠡᠮᠳᠡᠭᠴᠤᠳ ᠢ ᠪᠣᠯ ᠵᠡᠮᠳᠡᠭᠴᠦᠳ ᠤᠨ | ᠬᠤᠯᠪᠣᠭ᠎ᠠ ᠶᠢᠨ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ᠬᠤᠶᠠᠳᠤᠭᠠᠷ ᠦᠶ᠎ᠡ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠡᠮᠳᠡᠭᠴᠦᠳ ᠤᠨ ᠦᠨᠡᠮᠯᠡᠯ︾ ᠢᠶᠠᠷ ᠦᠨᠡᠮᠯᠡᠯ ᠪᠣᠯᠭᠠᠨ᠎ᠠ᠃ | ᠠᠷᠪᠠᠨ ᠨᠢᠭᠡᠳᠦᠭᠡᠷ ᠵᠦᠶᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠭᠤᠯᠬᠤ ᠪᠠᠷ ᠭᠤᠶᠤᠴᠢᠯᠠᠭᠰᠠᠨ ᠭᠡᠷ ᠪᠦᠯᠢ ᠶᠢᠨ ᠬᠠᠩᠭᠠᠬᠤ ᠶᠣᠰᠣᠲᠠᠶ | ᠮᠠᠲ᠋ᠧᠷᠢᠶᠠᠯ᠄ | ︵ᠨᠢᠭᠡ︶ ᠪᠢᠴᠢᠭᠯᠡᠭᠰᠡᠨ ᠭᠤᠶᠤᠴᠢᠯᠠᠯ ᠤᠨ ᠪᠢᠴᠢᠭ᠃ | ︵ᠬᠤᠶᠠᠷ︶ ᠭᠡᠷ ᠪᠦᠯᠢ ᠶᠢᠨ ᠡᠷᠦᠬᠡ ᠠᠮᠠ ᠶᠢᠨ ᠳᠡᠪᠲᠡᠷ ᠪᠣᠯᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠪᠠᠭᠤᠯᠭᠠᠪᠤᠷᠢ᠃ | ︵ᠭᠤᠷᠪᠠ︶ ᠭᠡᠷ ᠪᠦᠯᠢ ᠶᠢᠨ ᠣᠷᠣᠯᠭ᠎ᠠ ᠶᠢᠨ ᠭᠡᠷᠡᠴᠢᠯᠡᠬᠦ ᠮᠠᠲ᠋ᠧᠷᠢᠶᠠᠯ ︵ᠡᠭᠦᠨ ᠳᠤ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠨ ᠣᠯᠭᠤᠭᠰᠠᠨ | ᠤᠯᠤᠰ ᠠᠴᠠ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠶᠯ ᠤᠨ ᠨᠦᠬᠦᠪᠦᠷᠢ ᠪᠡᠯᠡ ᠮᠥᠩᠭᠦ ᠵᠡᠷᠭᠡ ᠣᠷᠣᠯᠭ᠎ᠠ ᠰᠤᠮᠤ ᠪᠠᠯᠭᠠᠰᠤ᠂ ᠨᠡᠶᠢᠭᠡᠮ ᠤᠨ ᠠᠵᠢᠯ ᠤᠨ | ᠦᠶᠯᠡᠴᠢᠯᠡᠭᠡᠨ ᠤ ᠲᠥᠪ ᠠᠴᠠ ᠨᠢᠭᠡᠳᠦᠯᠲᠡᠶ ᠭᠡᠷᠡᠴᠢ ᠭᠠᠷᠭᠠᠵᠤ ᠥᠭᠭᠦᠨ᠎ᠡ︶᠃ | ︵ᠳᠦᠷᠪᠡ︶ ᠳᠡᠭᠡᠷ᠎ᠡ ᠵᠢᠯ ᠠᠴᠠ ᠨᠠᠰᠢ᠂ ᠬᠦᠨᠳᠦ ᠣᠨᠴᠠ ᠶᠡᠭᠡ ᠡᠪᠡᠳᠴᠢᠨ ᠡᠮᠭᠡᠭ᠂ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠳ ᠵᠢᠴᠢ ᠠᠳᠠᠯᠢ | ᠨᠢᠭᠡ ᠭᠡᠷ ᠪᠦᠯᠢ ᠶᠢᠨ ᠪᠦᠷᠢᠯᠳᠦᠬᠦᠨ ᠨᠢ ᠬᠤᠶᠠᠷ ᠤᠳᠠᠭ᠎ᠠ ᠪᠤᠶᠤ ᠬᠤᠶᠠᠷ ᠤᠳᠠᠭ᠎ᠠ ᠠᠴᠠ ᠳᠡᠭᠡᠭᠰᠢ ᠪᠤᠰᠤᠳ ᠡᠪᠡᠳᠴᠢᠨ ᠳᠤ ᠨᠡᠷᠪᠡᠭᠳᠡᠵᠦ᠂ ᠡᠮᠨᠡᠯᠭᠡ ᠳᠤ ᠰᠠᠭᠤᠵᠤ | ᠥᠪᠡᠷ ᠢᠶᠠᠷ ᠲᠥᠯᠥᠬᠦ ᠬᠡᠰᠡᠭ ᠤᠨ ᠡᠮ ᠡᠮᠨᠡᠯᠭᠡ ᠶᠢᠨ ᠵᠠᠷᠤᠳᠠᠯ ᠨᠢ 5000 ᠲᠥᠭᠦᠷᠢᠭ ︵ᠪᠠᠭᠲᠠᠨ᠎ᠠ︶ ᠠᠴᠠ ᠬᠡᠲᠦᠷᠡᠭᠰᠡᠨ ᠬᠥᠮᠦᠰ᠂ ᠳᠣᠣᠷᠠᠬᠢ ᠭᠡᠷᠡᠴᠢᠯᠡᠬᠦ | ᠮᠠᠲ᠋ᠧᠷᠢᠶᠠᠯ ᠢ ᠬᠠᠩᠭᠠᠬᠤ ᠬᠡᠷᠡᠭᠲᠡᠢ᠄ | 1᠂ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠬᠢᠵᠦ ᠥᠭᠭᠦᠭᠰᠡᠨ | ᠣᠨᠣᠰᠢᠯᠠᠭᠰᠠᠨ ᠭᠡᠷᠡᠴᠢ᠂ ᠡᠪᠡᠳᠴᠢᠨ ᠤ ᠥᠩᠭᠡᠷᠡᠯᠲᠡ ᠶᠢᠨ ᠠᠩᠬᠠᠨ ᠤ ᠬᠠᠭᠤᠳᠠᠰᠤᠨ ᠤ ᠪᠠᠭᠤᠯᠭᠠᠪᠤᠷᠢ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ | ᠳᠠᠷᠤᠨ᠎ᠠ︶ ᠵᠢᠴᠢ ᠡᠮ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ ᠬᠠᠭᠤᠳᠠᠰᠤ ᠵᠡᠷᠭᠡ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ᠃ | 2᠂ ᠤᠳᠠᠭᠠᠨ ᠴᠢᠨᠠᠷᠲᠠᠢ ᠡᠪᠡᠳᠴᠢᠨ ᠤ ᠬᠠᠩᠭᠠᠪᠠᠰᠤ ᠵᠣᠬᠢᠬᠤ ᠭᠡᠷᠡᠴᠢ ᠮᠠᠲ᠋ᠧᠷᠢᠶᠠᠯ ︵ᠳᠣᠷᠣᠭᠰᠢ ᠳᠤᠷ᠎ᠠ ᠶᠢᠨ ᠨᠢᠭᠡ ᠬᠡᠯᠪᠡᠷᠢ︶᠃ | ︵1︶ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠠᠴᠠ ᠨᠢᠭᠡᠨᠲᠡ ᠤᠳᠠᠭᠠᠨ ᠴᠢᠨᠠᠷᠲᠠᠶ ᠡᠪᠡᠳᠴᠢᠨ ᠤ ᠨᠦᠬᠦᠪᠦᠷᠢ ᠣᠯᠭᠤᠮᠵᠢ ᠬᠦᠷᠲᠡᠬᠦ ᠪᠠᠷ ᠬᠢᠨᠠᠨ | ᠵᠥᠪᠰᠢᠶᠡᠷᠡᠭᠳᠡᠭᠰᠡᠨ ᠬᠥᠮᠦᠰ᠂ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠤᠳᠠᠭᠠᠨ ᠴᠢᠨᠠᠷᠲᠠᠶ ᠡᠪᠡᠳᠴᠢᠨ ᠤ ᠨᠥᠬᠦᠪᠥᠷᠢ ᠥᠭᠬᠦ ᠭᠠᠷ ᠳᠡᠪᠲᠡᠷ | ᠬᠠᠩᠭᠠᠬᠤ ᠪᠤᠶᠤ ᠬᠠᠮᠢᠶ᠎ᠠ ᠪᠦᠬᠦᠢ ᠭᠡᠷᠡᠴᠢ ᠬᠢᠵᠦ ᠥᠭᠬᠦ ᠬᠡᠷᠡᠭᠲᠡᠶ᠃ | ︵2︶ ᠡᠮᠨᠡᠯᠭᠡ ᠳᠤ ᠰᠠᠭᠤᠭᠠᠳ ᠤᠳᠠᠭᠠᠨ ᠴᠢᠨᠠᠷᠲᠠᠢ ᠡᠪᠡᠳᠴᠢᠨ ᠢᠶᠠᠷ ᠤᠨᠤᠰᠢᠯᠠᠭᠳᠠᠵᠦ᠂ ᠭᠡᠪᠡᠴᠦ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠠᠴᠠ ᠤᠳᠠᠭᠠᠨ ᠴᠢᠨᠠᠷᠲᠠᠢ ᠡᠪᠡᠳᠴᠢᠨ ᠤ ᠨᠥᠬᠦᠪᠥᠷᠢ ᠣᠯᠭᠤᠮᠵᠢ ᠬᠦᠷᠲᠡᠬᠦ ᠶᠢ ᠬᠢᠨᠠᠨ ᠵᠥᠪᠰᠢᠶᠡᠷᠡᠭᠦᠯᠦᠭᠡᠳᠦᠢ ᠬᠥᠮᠦᠰ ︵ᠬᠤᠤᠷ ᠲᠠᠲᠠᠬᠤ᠂ ᠲᠡᠷᠭᠡᠨ | ᠠᠳᠡᠯ ᠵᠡᠷᠭᠡ ᠰᠢᠯᠲᠠᠭᠠᠨ ᠠᠴᠠ ᠪᠤᠯᠤᠭᠰᠠᠨ ᠤᠳᠠᠭᠠᠨ ᠴᠢᠨᠠᠷᠲᠠᠢ ᠡᠪᠡᠳᠴᠢᠨ ᠪᠠᠭᠲᠠᠬᠤ ᠥᠬᠡᠶ︶᠂ ᠡᠪᠡᠳᠴᠢᠨ ᠤ ᠥᠩᠭᠡᠷᠡᠯᠲᠡ ᠶᠢᠨ ᠠᠩᠬᠠᠨ ᠤ ᠨᠢᠭᠤᠷ ᠤᠨ | ᠬᠠᠭᠤᠯᠪᠤᠷᠢ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠳᠠᠷᠤᠨ᠎ᠠ︶᠂ ᠣᠨᠣᠰᠢᠯᠠᠭᠰᠠᠨ ᠭᠡᠷᠡᠴᠢ ᠵᠢᠴᠢ ᠡᠮ ᠡᠮᠨᠡᠯᠭᠡ ᠶᠢᠨ ᠵᠠᠷᠤᠳᠠᠯ ᠤᠨ ᠲᠠᠩᠰᠠ | ᠲᠠᠶᠢᠯᠬᠤ ᠬᠠᠭᠤᠳᠠᠰᠤ ᠶᠢ ᠬᠠᠩᠭᠠᠬᠤ ᠬᠡᠷᠡᠭᠲᠡᠶ᠃ | ︵3︶ ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠪᠣᠯᠪᠠᠴᠤ ᠡᠮᠨᠡᠯᠭᠡ ᠳᠤ ᠰᠠᠭᠤᠵᠤ ᠡᠮᠨᠡᠭᠦᠯᠦᠭᠰᠡᠨ ᠦᠭᠡᠢ ᠪᠠᠶᠢᠪᠠᠯ᠂ ᠬᠤᠲᠠ ᠶᠢᠨ ᠱᠠᠲᠤᠨ ︵ | ᠪᠠᠭᠲᠠᠨ᠎ᠠ︶ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠲᠤᠬᠠᠢ ᠶᠢᠨ ᠵᠢᠯ ᠤᠨ ᠣᠨᠣᠰᠢᠯᠠᠭᠰᠠᠨ ᠭᠡᠷᠡᠴᠢ ᠶᠢ ᠬᠠᠩᠭᠠᠬᠤ ᠬᠡᠷᠡᠭᠲᠡᠢ᠃ | ︵ᠲᠠᠪᠤ︶ ᠵᠡᠮᠳᠡᠭᠴᠦᠳ ᠤᠨ ᠬᠤᠯᠪᠣᠭ᠎ᠠ ᠶᠢᠨ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠬᠤᠶᠠᠳᠤᠭᠠᠷ ᠦᠶ᠎ᠡ ᠶᠢᠨ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠢ ᠬᠠᠩᠭᠠᠬᠤ ᠬᠡᠷᠡᠭᠲᠡᠶ᠃ | ︵ᠵᠢᠷᠭᠤᠭ᠎ᠠ︶ ᠠᠳᠠᠯᠢ ᠨᠢᠭᠡᠨ ᠭᠡᠷ ᠪᠦᠯᠢ ᠳᠤ ᠰᠤᠷᠭᠠᠭᠤᠯᠢ ᠳᠤ ᠪᠠᠶᠢᠭ᠎ᠠ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠣᠯᠤᠨ ᠣᠶᠤᠲᠠᠨ | ᠪᠤᠶᠤ ᠲᠡᠭᠦᠨ ᠠᠴᠠ ᠳᠡᠭᠡᠭᠰᠢᠬᠢ ᠰᠤᠷᠭᠠᠭᠤᠯᠢ ᠳᠤ ᠪᠠᠶᠢᠭ᠎ᠠ ᠣᠶᠤᠲᠠᠨ ᠲᠠᠢ ᠬᠠᠮᠲᠤ ᠪᠠᠶᠢᠬᠤ ᠰᠤᠷᠤᠭᠴᠢᠳ ᠤᠨ ᠰᠤᠷᠭᠠᠭᠤᠯᠢ ᠳᠤ ᠪᠠᠶᠢᠬᠤ ᠭᠡᠷᠡᠴᠢ ᠮᠠᠲ᠋ᠧᠷᠢᠶᠠᠯ ᠢ | ᠬᠠᠩᠭᠠᠬᠤ ᠬᠡᠷᠡᠭᠲᠡᠶ᠃ | ︵ᠳᠣᠯᠤᠭ᠎ᠠ︶ ᠦᠶᠤᠸᠠᠨ ᠰᠢᠶᠠᠨ ᠤ ᠳᠣᠲᠣᠷᠠᠬᠢ ᠬᠥᠮᠦᠨ ᠡᠷᠦᠬᠡ ᠰᠠᠯᠤᠩᠭᠢ ᠬᠡᠷ ᠪᠦᠯᠢ ᠳᠤ ᠣᠲᠣ ᠶᠢᠨ ᠰᠠᠭᠤᠵᠤ ᠪᠠᠶᠢᠭ᠎ᠠ ᠭᠠᠵᠠᠷ ᠤᠨ ᠲᠣᠰᠬᠤᠨ ︵ | ᠰᠠᠭᠤᠭᠠᠯᠢ ᠠᠷᠠᠳ︶ ᠤ ᠵᠥᠪᠯᠡᠯ ᠤᠨ ᠭᠡᠷᠡᠴᠢ ︵ᠣᠲᠣ ᠶᠢᠨ ᠰᠠᠭᠤᠵᠤ ᠪᠠᠶᠢᠭ᠎ᠠ ᠪᠤᠳᠠᠲᠠᠢ ᠬᠠᠶ᠋ᠢᠭ᠂ ᠠᠮᠢᠳᠤᠷᠠᠯ ᠤᠨ ᠪᠠᠶᠢᠳᠠᠯ᠂ ᠣᠷᠣᠨ ᠰᠠᠭᠤᠴᠠ ᠵᠢᠴᠢ | ᠬᠠᠷᠢᠯᠴᠠᠬᠤ ᠠᠷᠭ᠎ᠠ ᠮᠠᠶ᠋ᠢᠭ ᠵᠡᠷᠭᠡ ᠪᠠᠶᠢᠳᠠᠯ ᠢ ᠲᠣᠳᠣᠷᠬᠠᠶᠢᠯᠠᠨ᠎ᠠ︶ ᠬᠠᠩᠭᠠᠬᠤ ᠬᠡᠷᠡᠭᠲᠡᠶ᠃ ᠰᠢᠶᠠᠨ ᠤ ᠭᠠᠳᠠᠨᠠᠬᠢ ᠬᠥᠮᠦᠨ ᠡᠷᠦᠬᠡ ᠭᠡᠷ ᠪᠦᠯᠢ ᠨᠢ ᠰᠠᠯᠵᠤ᠂ | ᠤᠷᠲᠤ ᠬᠤᠭᠤᠴᠠᠭᠠᠨ ᠤ ᠣᠷᠣᠰᠢᠨ ᠰᠠᠭᠤᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠂ ᠲᠣᠰᠬᠤᠨ ︵ᠰᠠᠭᠤᠭᠠᠯᠢ ᠠᠷᠠᠳ ᠤᠨ ᠵᠥᠪᠯᠡᠯ ᠤᠨ ᠭᠡᠷᠡᠴᠢᠯᠡᠯ ︵ᠠᠮᠢᠳᠤᠷᠠᠯ ᠤᠨ ᠪᠠᠶᠢᠳᠠᠯ᠂ ᠣᠷᠣᠨ ᠰᠠᠭᠤᠴᠠ ᠶᠢᠨ ᠪᠠᠶᠢᠳᠠᠯ ᠵᠢᠴᠢ ᠬᠠᠷᠢᠯᠴᠠᠬᠤ ᠠᠷᠭ᠎ᠠ ᠮᠠᠶ᠋ᠢᠭ | ᠵᠡᠷᠭᠡ ᠪᠠᠭᠲᠠᠨ᠎ᠠ︶ ᠶᠢ ᠬᠠᠩᠭᠠᠵᠤ᠂ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠨᠳᠣᠤ ᠭᠠᠵᠠᠷ ᠲᠤ ᠬᠠᠮᠵᠢᠨ ᠪᠠᠶᠢᠴᠠᠭᠠᠬᠤ ᠪᠢᠴᠢᠭ ᠭᠠᠷᠭᠠᠵᠤ ᠥᠭᠬᠦ ᠬᠡᠷᠡᠭᠲᠡᠶ᠃ | ᠲᠤᠰ ᠬᠥᠮᠦᠨ ᠨᠢ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ ᠰᠠᠭᠤᠭ᠎ᠠ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠦᠷᠴᠦ ᠬᠢᠨᠠᠨ | ᠪᠠᠶᠢᠴᠠᠭᠠᠬᠤ ᠤᠴᠢᠷ ᠶᠠᠪᠤᠳᠠᠯ ᠢ ᠭᠦᠢᠴᠡᠳᠬᠡᠬᠦ ᠪᠠᠷ ᠲᠤᠰᠢᠶᠠᠵᠤ᠂ ᠰᠠᠭᠤᠭ᠎ᠠ ᠭᠠᠵᠠᠷ ᠤᠨ ᠡᠷᠦᠬᠡ ᠳᠤ ᠬᠦᠷᠴᠦ ᠪᠠᠶᠢᠴᠠᠭᠠᠭᠰᠠᠨ ᠬᠠᠷᠢᠭᠤ ᠵᠠᠬᠢᠳᠠᠯ ᠤᠬᠠᠭᠤᠯᠭ᠎ᠠ ᠶᠢ | ᠦᠨᠳᠦᠰᠦᠯᠡᠨ᠂ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ ᠪᠠᠯᠭᠠᠰᠤ ᠳᠡᠰ ᠳᠠᠷᠠᠭᠠᠯᠠᠯ ᠤᠨ ᠶᠣᠰᠣᠭᠠᠷ ᠭᠤᠶᠤᠴᠢᠯᠠᠨ ᠭᠦᠢᠴᠡᠳᠭᠡᠬᠦ ᠠᠵᠢᠯ ᠢ ᠥᠷᠨᠢᠭᠦᠯᠬᠦ | ᠬᠡᠷᠡᠭᠲᠡᠶ᠃ | ︵ᠨᠠᠢᠮᠠ︶ ᠬᠠᠩᠭᠠᠬᠤ ᠶᠣᠰᠣᠲᠠᠶ ᠪᠤᠰᠤᠳ ᠮᠠᠲ᠋ᠧᠷᠢᠶᠠᠯ᠃ | ᠠᠷᠪᠠᠨ ᠬᠤᠶᠠᠳᠤᠭᠠᠷ ᠵᠦᠶᠯ ᠳᠣᠤᠷᠠᠬᠢ ᠪᠠᠶᠢᠳᠠᠯ ᠤᠨ ᠨᠢᠭᠡ ᠨᠢ ᠪᠠᠶᠢᠬᠤ ᠭᠡᠷ ᠪᠦᠯᠢ ᠶᠢ ᠦᠨᠡᠮᠰᠢᠬᠦ ᠦᠭᠡᠶ᠄ | ︵ᠨᠢᠭᠡ︶ ᠭᠤᠶᠤᠴᠢᠯᠠᠬᠤ ᠲᠠᠯ᠎ᠠ ᠪᠠᠷ᠄ | 1᠂ ᠲᠣᠭᠲᠠᠭᠠᠯ ᠶᠣᠰᠣᠭᠠᠷ ᠭᠤᠶᠤᠴᠢᠯᠠᠯ ᠭᠠᠷᠭᠠᠭᠰᠠᠨ ᠦᠭᠡᠢ᠂ ᠬᠤᠯᠪᠣᠭᠳᠠᠯ ᠪᠦᠬᠦᠢ ᠦᠨᠡᠮᠯᠡᠯ᠂ ᠭᠡᠷᠡᠴᠢ ᠪᠤᠶᠤ ᠭᠡᠷᠡᠴᠢ ᠦᠨᠡᠮᠯᠡᠯ᠂ ᠭᠡᠷᠡᠴᠢ ᠬᠠᠩᠭᠠᠵᠤ | ᠥᠭᠭᠦᠭᠰᠡᠨ ᠨᠢ ᠪᠦᠷᠢᠨ ᠪᠤᠰᠤ ᠪᠠᠶᠢᠬᠤ᠃ | 2᠂ ᠲᠡᠭᠦᠨ ᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠬᠠᠷᠭᠤᠭᠤᠯᠬᠤ᠂ ᠭᠡᠷ ᠪᠦᠯᠢ ᠶᠢᠨ ᠦᠨᠡᠨᠣᠷᠤᠯᠭᠠ ᠪᠣᠯᠤᠨ ᠡᠳ᠋ ᠬᠥᠷᠥᠩᠭᠡ ᠵᠢᠴᠢ | ᠦᠷ᠎ᠡ ᠬᠡᠤᠬᠡᠳ ᠤᠨ ᠪᠠᠶᠢᠳᠠᠯ ᠢᠶᠠᠨ ᠨᠢᠭᠤᠨ ᠳᠠᠯᠳᠠᠯᠠᠬᠤ᠂ ᠬᠤᠳᠠᠯ ᠬᠠᠭᠤᠷᠮᠠᠭ ᠭᠡᠷᠡᠴᠢ ᠪᠤᠶᠤ ᠡᠳ᠋ ᠬᠥᠷᠥᠩᠭᠡ ᠪᠠᠨ ᠰᠢᠯᠵᠢᠭᠦᠯᠬᠦ ᠳᠤ ᠬᠠᠮᠵᠢᠯᠴᠠᠬᠤ ᠦᠭᠡᠢ ᠪᠤᠶᠤ | ᠡᠷᠬᠡ ᠣᠯᠭᠤᠭᠰᠠᠨ ᠦᠭᠡᠢ᠃ | ︵ᠬᠤᠶᠠᠷ︶ ᠡᠷᠦᠬᠡ ᠠᠮᠠ ᠶᠢᠨ ᠳᠠᠩᠰᠠ ᠶᠢᠨ ᠲᠠᠯ᠎ᠠ ᠪᠠᠷ᠄ | 1᠂ ᠬᠥᠮᠦᠨ ᠡᠷᠦᠬᠡ ᠰᠠᠯᠤᠩᠭᠢᠷᠠᠭᠰᠠᠨ ᠨᠢ ᠵᠦᠶ ᠶᠣᠰᠣᠨ ᠤ ᠰᠢᠯᠲᠠᠭᠠᠨ ᠦᠭᠡᠢ ᠪᠠᠷ ᠡᠷᠦᠬᠡ ᠳᠤ ᠦᠯᠦ ᠨᠡᠶᠢᠴᠡᠬᠦ᠃ | 2᠂ ᠲᠣᠰ ᠰᠢᠶᠠᠨ ᠠᠴᠠ ᠭᠠᠳᠠᠨᠠᠬᠢ ᠭᠠᠵᠠᠷ ᠣᠷᠣᠨ ᠳᠤ ᠤᠷᠲᠤ ᠬᠤᠭᠤᠴᠠᠭ᠎ᠠ ᠪᠠᠷ ᠣᠷᠣᠰᠢᠨ ᠰᠠᠭᠤᠭᠰᠠᠨ ᠪᠥᠭᠡᠳ ᠰᠠᠭᠤᠭ᠎ᠠ ᠭᠠᠵᠠᠷ ᠤᠨ ᠰᠤᠮᠤ | ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ᠰᠠᠭᠤᠭᠠᠯᠢ︶ ᠠᠷᠠᠳ ᠤᠨ ᠵᠥᠪᠯᠡᠯ ᠤᠨ ᠬᠠᠮᠢᠶ᠎ᠠ ᠪᠦᠬᠦᠢ ᠣᠷᠣᠯᠭ᠎ᠠ᠂ ᠡᠳ᠋ | ᠬᠥᠷᠥᠩᠭᠡ ᠵᠡᠷᠭᠡ ᠬᠦᠴᠦᠨ ᠪᠦᠬᠦᠢ ᠭᠡᠷᠡᠴᠢ ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠢ᠃ | ︵ᠭᠤᠷᠪᠠ︶ ᠭᠡᠷ ᠪᠦᠯᠢ ᠶᠢᠨ ᠣᠷᠣᠯᠭ᠎ᠠ ᠶᠢᠨ ᠲᠠᠯ᠎ᠠ ᠪᠠᠷ᠄ | 1᠂ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠤᠶᠤ ᠭᠡᠷ | ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠳᠦ᠋ᠢᠪᠡᠷ ᠳᠣᠤᠷ᠎ᠠ ᠪᠣᠯᠪᠠᠴᠤ ᠪᠣᠳᠠᠲᠠᠶ | ᠠᠮᠢᠳᠤᠷᠠᠯ ᠤᠨ ᠬᠢᠷᠢ ᠬᠡᠮᠵᠢᠶ᠎ᠡ ᠨᠢ ᠪᠠᠲᠤᠯᠠᠭ᠎ᠠ ᠶᠢᠨ ᠪᠠᠷᠢᠮᠵᠢᠶ᠎ᠠ ᠠᠴᠠ ᠢᠯᠡᠷᠬᠡᠶ ᠥᠨᠳᠥᠷ ᠪᠠᠶᠢᠬᠤ ᠬᠡᠷᠡᠭᠲᠡᠶ᠃ | 2᠂ ᠬᠡᠷ ᠪᠦᠯᠢ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠮᠥᠷᠲᠡᠭᠡᠨ ᠬᠡᠷ ᠪᠦᠯᠢ ᠶᠢᠨ ᠪᠦᠷᠢᠯᠳᠦᠭᠦᠨ ᠤ ᠬᠥᠳᠡᠯᠮᠦᠷᠢᠯᠡᠬᠦ | ᠴᠢᠳᠠᠪᠤᠷᠢ ᠨᠢ ᠬᠡᠪ ᠤᠨ ᠬᠡᠷ ᠪᠦᠯᠢ ᠪᠣᠯᠤᠨ᠎ᠠ᠃ | 3᠂ ᠭᠡᠷ ᠪᠦᠯᠢ ᠶᠢᠨ ᠪᠦᠷᠢᠯᠳᠦᠬᠦᠨ ᠳᠤ ᠨᠠᠰᠤᠵᠢᠯ ᠤᠨ ᠮᠥᠩᠭᠦ᠂ ᠠᠵᠢᠯ ᠠᠴᠠ ᠪᠠᠨ ᠪᠠᠭᠤᠭᠰᠠᠨ ᠠᠮᠢᠳᠤᠷᠠᠯ ᠤᠨ ᠵᠠᠷᠤᠳᠠᠯ᠂ ᠭᠡᠷ ᠪᠦᠯᠢ ᠶᠢᠨ ᠬᠢᠨ ᠤ | ᠨᠥᠬᠦᠪᠥᠷᠢ ᠮᠥᠩᠭᠦ᠂ ᠴᠠᠯᠢᠩ ᠤᠨ ᠴᠢᠨᠠᠷᠲᠠᠶ ᠣᠷᠣᠯᠭ᠎ᠠ ᠵᠡᠷᠭᠡ ᠲᠤᠭᠲᠠᠮᠠᠯ ᠣᠷᠣᠯᠭ᠎ᠠ ᠲᠠᠢ᠂ ᠲᠡᠭᠡᠬᠦ ᠮᠥᠷᠲᠡᠭᠡᠨ ᠭᠡᠷ ᠪᠦᠯᠢ ᠶᠢᠨ ᠰᠠᠷ᠎ᠠ ᠶᠢᠨ ᠬᠥᠮᠦᠨ ᠪᠦᠷᠢ ᠶᠢᠨ | ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠥᠨᠳᠥᠷ ᠪᠠᠶᠢᠬᠤ᠃ | 4᠂ ᠲᠣᠰ ᠬᠥᠮᠦᠨ ᠪᠤᠶᠤ ᠬᠤᠯᠪᠣᠰᠤ ᠶᠢᠨ ᠨᠢᠭᠡ ᠲᠠᠯ᠎ᠠ ᠨᠢ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠨᠢ ᠠᠵᠢᠯᠲᠠᠨ᠂ ᠤᠯᠤᠰ ᠤᠨ | ᠥᠮᠴᠢᠯᠡᠯᠲᠡ ᠠᠵᠤ ᠠᠬᠤᠶᠢᠯᠠᠯ ᠤᠨ ᠵᠢᠩᠬᠢᠨᠢ ᠠᠵᠢᠯᠲᠠᠨ ᠠᠵᠢᠯᠴᠢᠨ ᠪᠤᠶᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯᠲᠡ ᠠᠵᠤ | ᠠᠬᠤᠶᠢᠯᠠᠯ ᠳᠤ ᠤᠷᠲᠤ ᠭᠤᠭᠴᠤᠭ᠎ᠠ ᠪᠠᠷ ᠤᠷᠢᠨ ᠬᠡᠷᠡᠭᠯᠡᠭᠳᠡᠭᠰᠡᠨ᠃ | 5᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠠᠴᠠ ᠡᠮᠦᠨ᠎ᠡ ᠣᠷᠤᠭ ᠰᠠᠯᠬᠤ᠂ ᠪᠡᠯᠡᠭᠯᠡᠨ ᠥᠭᠬᠦ᠂ ᠰᠢᠯᠵᠢᠭᠦᠯᠦᠨ ᠥᠭᠬᠦ ᠵᠡᠷᠭᠡ ᠬᠡᠯᠪᠡᠷᠢ ᠪᠠᠷ | ᠥᠪᠡᠷ ᠤᠨ ᠣᠯᠪᠠᠰᠤ ᠵᠣᠬᠢᠬᠤ ᠡᠳ᠋ ᠬᠥᠷᠥᠩᠭᠡ ᠪᠤᠶᠤ ᠣᠯᠪᠠᠰᠤ ᠵᠣᠬᠢᠬᠤ ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ | ᠵᠠᠷᠤᠳᠠᠯ ᠪᠠ ᠪᠤᠰᠤᠳ ᠬᠠᠤᠯᠢ ᠶᠣᠰᠣᠨ ᠤ ᠣᠷᠣᠯᠭ᠎ᠠ ᠪᠠᠨ ᠵᠣᠷᠢᠭᠤᠳᠠ ᠲᠠᠶᠠᠭᠳᠠᠭᠰᠠᠨ᠃ | 6᠂ ᠭᠡᠷ ᠪᠠᠶᠢᠰᠢᠩ ᠢ ᠬᠤᠪᠢᠷᠠᠭᠤᠯᠤᠨ ᠬᠤᠳᠠᠯᠳᠤᠬᠤ᠂ ᠡᠳ᠋ ᠬᠦᠷᠦᠩᠭᠡ ᠪᠠᠨ ᠨᠢᠭᠤᠨ ᠳᠠᠯᠳᠠᠯᠠᠬᠤ ᠪᠤᠶᠤ ᠵᠣᠷᠢᠭᠤᠳᠠ ᠡᠷᠦᠬᠡ ᠰᠠᠯᠭᠠᠬᠤ ᠵᠡᠷᠭᠡ ᠬᠠᠤᠯᠢ | ᠴᠠᠭᠠᠵᠠ᠂ ᠬᠠᠤᠯᠢ ᠲᠣᠭᠲᠠᠭᠠᠯ ᠠᠴᠠ ᠵᠠᠶᠢᠯᠠᠭᠰᠠᠨ ᠦᠢᠯᠡ ᠠᠵᠢᠯᠯᠠᠭ᠎ᠠ ᠬᠢᠭᠡᠳ ᠠᠵᠤ ᠠᠬᠤᠶ ᠶᠢᠨ ᠢᠷᠡᠯᠳᠠ ᠦᠭᠡᠢ ᠪᠠ ᠠᠮᠢᠳᠤᠷᠠᠯ ᠨᠢ ᠬᠦᠴᠢᠷᠲᠡᠶ ᠬᠠᠭᠤᠷᠮᠠᠭ | ᠦᠵᠡᠭᠳᠡᠯ ᠢ ᠪᠤᠢ ᠪᠣᠯᠭᠠᠭᠰᠠᠨ᠃ | 7᠂ ᠵᠠᠯᠭᠠᠭ᠎ᠠ ᠪᠠᠷ 6 ᠰᠠᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠭᠠᠷᠭᠠᠵᠤ ᠠᠪᠬᠤ ᠦᠭᠡᠢ᠃ | ︵ᠲᠦᠷᠪᠡ︶ ᠭᠡᠷ ᠪᠦᠯᠢ ᠶᠢᠨ ᠡᠳ᠋ ᠬᠦᠷᠦᠩᠭᠡ ᠶᠢᠨ ᠲᠠᠯ᠎ᠠ ᠪᠠᠷ᠄ | 1᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠬᠠᠷᠭᠤᠭᠤᠯᠤᠭᠠᠳ᠂ ᠭᠡᠷ ᠪᠦᠯᠢ ᠶᠢᠨ ᠪᠠᠩᠬᠢ ᠶᠢᠨ ᠬᠠᠳᠠᠭᠠᠯᠠᠮᠵᠢ᠂ ᠦᠨᠡᠲᠦ ᠲᠡᠮᠳᠡᠭᠲᠦ᠂ | ᠰᠲ᠋ᠣᠺ ᠵᠡᠷᠭᠡ ᠪᠠᠴᠢᠮ ᠪᠠᠶᠢᠳᠠᠯ ᠢ ᠠᠷᠭᠠᠴᠠᠬᠤ ᠮᠥᠩᠭᠦᠨ ᠭᠦᠶᠯᠭᠡᠭᠡᠨ ᠤ ᠡᠳ᠋ ᠬᠥᠷᠥᠩᠭᠡ ᠶᠢᠨ ᠶᠡᠷᠦᠩᠬᠡᠶ ᠲᠤᠭ᠎ᠠ ᠶᠢ ᠭᠤᠶᠤᠴᠢᠯᠠᠵᠤ᠂ ᠬᠥᠮᠦᠨ ᠪᠦᠷᠢ ᠳᠤ | ᠳᠤᠮᠳᠠᠴᠢ ᠪᠠᠷ 24 ᠰᠠᠷ᠎ᠠ ᠶᠢᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠨᠡᠶᠢᠯᠡᠪᠦᠷᠢ ᠶᠢ ᠳᠠᠪᠠᠪᠠ᠃ | 2᠂ ᠭᠡᠷ ᠪᠦᠯᠢ ᠳᠤ ᠬᠤᠶᠠᠷ ᠭᠠᠵᠠᠷ ᠵᠢᠴᠢ ᠲᠡᠭᠦᠨ ᠠᠴᠠ ᠳᠡᠭᠡᠭᠰᠢᠬᠢ ᠣᠷᠣᠨ ᠰᠠᠭᠤᠴᠠ ᠲᠠᠢ ᠪᠤᠶᠤ ᠭᠡᠷ ᠪᠠᠶᠢᠰᠢᠩ ᠢᠶᠠᠨ ᠲᠦᠷᠢᠶᠡᠰᠦᠯᠡᠭᠦᠯᠦᠭᠰᠡᠨ᠃ ᠭᠡᠷ | ᠪᠦᠯᠢ ᠨᠢ ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ ᠲᠠᠢ ᠪᠠᠶᠢᠬᠤ᠃ ᠣᠳᠣ ᠪᠠᠶᠢᠭ᠎ᠠ ᠣᠷᠣᠨ ᠰᠠᠭᠤᠴᠠ ᠪᠠᠨ ᠥᠨᠳᠥᠷ ᠪᠠᠷᠢᠮᠵᠢᠶ᠎ᠠ ᠪᠠᠷ ᠵᠠᠰᠠᠨ ᠴᠢᠮᠡᠭᠯᠡᠭᠰᠡᠨ᠃ | 3᠂ ᠦᠶᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠ ᠬᠡᠳᠦ᠋ᠢᠪᠡᠷ ᠦᠶᠯᠡᠳᠪᠦᠷᠢ | ᠬᠤᠳᠠᠯᠳᠤᠭᠠᠨ ᠤ ᠳᠠᠩᠰᠠᠯᠠᠭᠤᠯᠤᠭᠰᠠᠨ ᠦᠭᠡᠢ ᠪᠣᠯᠪᠠᠴᠤ ᠦᠷᠭᠦᠯᠵᠢ ᠬᠥᠯᠥᠰᠥᠨ ᠠᠵᠢᠯᠴᠢᠨ ᠢ ᠬᠡᠷᠡᠭᠯᠡᠨ ᠡᠵᠡᠩᠨᠡᠯᠲᠡ ᠶᠢᠨ ᠠᠵᠢᠯᠯᠠᠭ᠎ᠠ ᠬᠢᠭᠰᠡᠨ᠃ | 4᠂ ᠠᠭᠠᠷ ᠲᠣᠬᠢᠷᠠᠭᠤᠯᠤᠭᠴᠢ ᠵᠡᠷᠭᠡ ᠳᠡᠭᠡᠲᠦ ᠲᠡᠰ ᠤᠨ ᠬᠡᠷᠡᠭᠯᠡᠭᠡᠨ ᠤ ᠡᠳ᠋᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ᠂ ᠲᠣᠮᠣ | ᠬᠡᠯᠪᠡᠷᠢ ᠶᠢᠨ ᠡᠪᠡᠰᠦ ᠬᠠᠳᠤᠬᠤ ᠮᠠᠰᠢᠨ ᠲᠠᠢ ᠭᠡᠷ ᠪᠦᠯᠢ᠃ | 5᠂ ᠭᠡᠷ ᠪᠦᠯᠢ ᠶᠢᠨ ᠮᠠᠰᠢᠨ ᠲᠡᠷᠭᠡ ᠲᠠᠢ ᠪᠤᠶᠤ ᠭᠡᠷ ᠪᠦᠯᠢ ᠶᠢᠨ ᠪᠦᠷᠢᠯᠳᠦᠬᠦᠨ ᠤ ᠨᠡᠷ᠎ᠡ ᠳᠡᠭᠡᠷ᠎ᠡ ᠬᠡᠳᠦ᠋ᠢᠪᠡᠷ ᠮᠠᠰᠢᠨ ᠲᠡᠷᠭᠡ ᠦᠭᠡᠶ ᠪᠣᠯᠪᠠᠴᠤ ᠤᠷᠲᠤ | ᠬᠤᠭᠤᠴᠠᠭ᠎ᠠ ᠪᠠᠷ ᠲᠡᠷᠭᠡ ᠬᠥᠰᠬᠡ ᠶᠢ ᠬᠡᠷᠡᠭᠯᠡᠭᠰᠡᠨ ︵ᠵᠡᠮᠳᠡᠭᠴᠦᠳ ᠤᠨ ᠴᠢᠳᠠᠮᠵᠢ ᠶᠢᠨ ᠴᠢᠨᠠᠷᠲᠠᠶ ᠨᠥᠬᠦᠪᠥᠷᠢ ᠶᠢ ᠣᠷᠣᠯᠠᠨ ᠶᠠᠪᠤᠭᠤᠯᠬᠤ ᠮᠠᠰᠢᠨ ᠲᠡᠷᠭᠡ ᠪᠠᠭᠲᠠᠬᠤ | ᠦᠭᠡᠶ︶᠃ | ︵ᠲᠠᠪᠤ︶ ᠭᠡᠷ ᠪᠦᠯᠢ ᠶᠢᠨ ᠬᠡᠷᠡᠭᠯᠡᠭᠡᠨ ᠤ ᠲᠠᠯ᠎ᠠ ᠪᠠᠷ᠄ | 1᠂ ᠦᠷ᠎ᠡ ᠬᠡᠤᠬᠡᠳ ᠢ ᠰᠤᠷᠭᠠᠭᠤᠯᠢ ᠰᠣᠩᠭᠤᠨ ᠰᠤᠷᠤᠯᠴᠠᠭᠤᠯᠬᠤ ᠪᠠᠷ ᠲᠣᠬᠢᠷᠠᠭᠤᠯᠬᠤ ᠴᠢᠳᠠᠪᠤᠷᠢ ᠲᠠᠢ᠃ | 2᠂ 1 ᠵᠢᠯ ᠤᠨ ᠳᠣᠲᠣᠷ᠎ᠠ᠂ ᠨᠤᠷᠠᠭᠠᠵᠤ ᠨᠡᠭᠦᠯᠭᠡᠬᠦ ᠰᠢᠯᠲᠠᠭᠠᠨ ᠠᠴᠠ ᠪᠤᠰᠤ ᠲᠠᠸᠠᠷ ᠤᠨ ᠭᠡᠷ ᠪᠠᠶᠢᠰᠢᠩ ᠬᠤᠳᠠᠯᠳᠤᠨ ᠠᠪᠤᠭᠰᠠᠨ᠃ | 3᠂ ᠴᠢᠮᠡᠭᠡ ᠬᠤᠯᠪᠣᠭᠠᠨ ᠤ ᠵᠠᠷᠤᠳᠠᠯ ᠤᠨ ᠰᠠᠷ᠎ᠠ ᠪᠦᠷᠢ ᠶᠢᠨ ᠵᠠᠷᠤᠯᠭ᠎ᠠ ᠨᠢ ᠲᠤᠬᠠᠶ ᠶᠢᠨ ᠭᠠᠵᠠᠷ ᠤᠨ ᠬᠠᠮᠤᠭ ᠤᠨ ᠳᠣᠤᠷ᠎ᠠ ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠶᠢᠨ 20% ᠠᠴᠠ ᠳᠠᠪᠠᠵᠠᠶ᠃ | 4᠂ ᠭᠡᠷ ᠪᠦᠯᠢ ᠶᠢᠨ ᠪᠦᠷᠢᠯᠳᠦᠬᠦᠨ ᠤᠷᠲᠤ ᠬᠤᠭᠤᠴᠠᠭ᠎ᠠ ᠪᠠᠷ ᠳᠡᠭᠡᠲᠦ ᠲᠡᠰ ᠤᠨ ᠬᠡᠷᠡᠭᠯᠡᠭᠡᠨ ᠤ ᠵᠤᠭ᠎ᠠ ᠴᠡᠩᠭᠡᠯ ᠤᠨ ᠭᠠᠵᠠᠷ ᠢᠶᠠᠷ ᠣᠷᠣᠵᠤ᠂ ᠦᠨᠡᠲᠦ | ᠵᠠᠰᠠᠯ ᠴᠢᠮᠡᠭᠯᠡᠯ ᠬᠤᠳᠠᠯᠳᠤᠨ ᠠᠪᠴᠤ᠂ ᠢᠯᠡᠴᠢᠯᠡᠨ ᠮᠡᠳᠡᠭᠦᠯᠦᠭᠰᠡᠨ ᠥᠨᠳᠥᠷ ᠪᠠᠷᠢᠮᠵᠢᠶᠠᠲᠤ ᠬᠡᠷᠡᠭᠯᠡᠭᠡᠨ ᠤ ᠦᠢᠯᠡ ᠠᠵᠢᠯᠯᠠᠭ᠎ᠠ ᠳᠤ ᠵᠦᠶ ᠵᠣᠬᠢᠰᠲᠠᠶ | ᠲᠠᠶᠢᠯᠪᠦᠷᠢᠯᠠᠯᠲᠠ ᠬᠢᠬᠦ ᠶᠢᠨ ᠠᠷᠭ᠎ᠠ ᠦᠭᠡᠢ᠃ | 5᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠬᠤ ᠴᠢᠳᠠᠪᠤᠷᠢ ᠲᠠᠢ᠃ | ︵ᠵᠢᠷᠭᠤᠭ᠎ᠠ︶ ᠬᠤᠪᠢ ᠬᠥᠮᠦᠨ ᠤ ᠢᠲᠡᠭᠡᠮᠵᠢ ᠵᠢᠴᠢ ᠨᠡᠶᠢᠭᠡᠮ ᠤᠨ ᠬᠠᠷᠢᠭᠤᠴᠠᠯᠭ᠎ᠠ ᠶᠢᠨ ᠲᠠᠯ᠎ᠠ ᠪᠠᠷ᠄ | 1᠂ ᠭᠤᠶᠤᠴᠢᠯᠠᠭᠴᠢ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠬᠦᠨ ᠤ ᠭᠤᠶᠤᠴᠢᠯᠠᠯ ᠨᠢ ᠡᠮᠦᠨ᠎ᠡ ᠬᠤᠶᠠᠷ ᠵᠢᠯ ᠤᠨ ᠲᠤᠲᠤᠷ᠎ᠠ ᠦᠨᠡᠨᠴᠢ ᠢᠲᠡᠭᠡᠮᠵᠢ ᠶᠢᠨ | ᠲᠡᠮᠳᠡᠭᠯᠡᠯ ᠨᠢ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ᠃ | 2᠂ ᠭᠤᠶᠤᠴᠢᠯᠠᠭᠴᠢ ᠪᠤᠶᠤ ᠲᠡᠭᠦᠨ ᠤ ᠭᠡᠷ ᠪᠦᠯᠢ ᠶᠢᠨ ᠪᠦᠷᠢᠯᠳᠦᠬᠦᠨ ᠨᠢ ᠲᠡᠭᠦᠨ ᠤ ᠢᠯᠡᠷᠬᠡᠶᠢᠯᠡᠯᠲᠡ ᠪᠤᠶᠤ ᠠᠮᠠᠯᠠᠯᠲᠠ ᠶᠢ ᠵᠥᠷᠢᠴᠡᠭᠰᠡᠨ᠃ | 3᠂ ᠵᠣᠭᠤᠰ ᠨᠠᠭᠠᠳᠬᠤ᠂ ᠶᠠᠩᠬᠠᠨ ᠳᠤ ᠣᠷᠣᠬᠤ᠂ ᠬᠤᠤᠷ ᠲᠠᠲᠠᠬᠤ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠤᠷᠤᠯᠴᠠᠭᠠᠳ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠳᠤ ᠰᠢᠶᠳᠪᠦᠷᠢᠯᠡᠭᠳᠡᠭᠰᠡᠨ᠃ | 4᠂ ᠵᠠᠰᠠᠭ ᠤᠨ ᠣᠷᠳᠣᠨ ᠤ ᠲᠣᠳᠣᠷᠬᠠᠶ ᠵᠠᠷᠯᠢᠭ ᠢᠶᠠᠷ ᠴᠠᠭᠠᠵᠠᠯᠠᠭᠰᠠᠨ ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠰᠠᠨ | ᠪᠤᠶᠤ ᠨᠡᠶᠢᠭᠡᠮ ᠤᠨ ᠲᠣᠭᠲᠠᠭᠤᠨ ᠢ ᠨᠥᠯᠥᠭᠡᠯᠡᠬᠦ ᠠᠵᠢᠯᠯᠠᠭ᠎ᠠ ᠬᠢᠭᠰᠡᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠢᠶᠳᠪᠦᠷᠢᠯᠡᠭᠳᠡᠭᠰᠡᠨ᠃ | 5᠂ ᠠᠵᠢᠯ ᠣᠯᠬᠤ ᠨᠠᠰᠤᠨ ᠤ ᠳᠣᠲᠣᠷ᠎ᠠ ︵ᠡᠷᠡᠭᠲᠡᠶ 16 — 60 ᠪᠦᠬᠦᠯᠢ ᠨᠠᠰᠤ᠂ ᠡᠮᠡᠭᠲᠡᠶ 16 —50 ᠪᠦᠬᠦᠯᠢ ᠨᠠᠰᠤ︶ ᠬᠥᠳᠡᠯᠮᠦᠷᠢᠯᠡᠬᠦ | ᠴᠢᠳᠠᠪᠤᠷᠢ ᠲᠠᠢ ᠪᠠᠶᠢᠵᠤ᠂ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠲᠤ ᠣᠴᠢᠵᠤ ᠠᠵᠢᠯ | ᠡᠷᠢᠬᠤ ᠳᠠᠩᠰᠠᠯᠠᠯ ᠬᠢᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠡᠷᠡᠭᠦᠯ | ᠮᠡᠨᠳᠦ ᠶᠢᠨ ᠪᠠᠶᠢᠳᠠᠯ᠂ ᠬᠥᠳᠡᠯᠮᠦᠷᠢᠯᠡᠬᠦ ᠴᠢᠳᠠᠪᠤᠷᠢ ᠲᠠᠢ ᠨᠢ ᠵᠣᠬᠢᠴᠠᠭᠰᠠᠨ ᠠᠵᠢᠯ ᠢ ᠵᠦᠶ ᠶᠣᠰᠣᠨ ᠤ ᠰᠢᠯᠲᠠᠭᠠᠨ ᠦᠭᠡᠶ ᠪᠠᠷ ᠵᠠᠯᠭᠠᠭ᠎ᠠ ᠪᠠᠷ ᠭᠤᠷᠪᠠ ᠤᠳᠠᠭ᠎ᠠ | ᠲᠡᠪᠴᠢᠭᠰᠡᠨ᠃ | ︵ᠲᠤᠯᠤᠭ᠎ᠠ︶ ᠪᠤᠰᠤᠳ ᠲᠠᠯ᠎ᠠ᠄ | 1᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠵᠢᠴᠢ ᠥᠨᠥᠴᠢᠨ ᠬᠡᠦᠬᠡᠳ ᠢ ᠠᠰᠠᠷᠠᠨ ᠲᠡᠵᠢᠭᠡᠬᠦ ᠵᠡᠷᠭᠡ ᠨᠥᠬᠦᠴᠡᠯ ᠳᠤ | ᠨᠡᠶᠢᠴᠡᠭᠰᠡᠨ ᠪᠠᠶᠢᠪᠠᠯ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠥᠨᠥᠴᠢᠨ ᠬᠡᠤᠬᠡᠳ ᠢ ᠠᠰᠠᠷᠠᠨ ᠲᠡᠵᠢᠭᠡᠬᠦ ᠵᠡᠷᠭᠡ ᠲᠤᠰᠬᠠᠶ | ᠵᠦᠶᠯ ᠤᠨ ᠠᠪᠤᠷᠠᠨ ᠲᠤᠰᠠᠯᠠᠯᠲᠠ ᠶᠢ ᠲᠣᠰ ᠲᠣᠰ ᠭᠤᠶᠤᠴᠢᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠬᠠᠮᠲᠤ ᠳᠤᠨᠢ ᠬᠦᠷᠲᠡᠵᠦ ᠪᠣᠯᠬᠤ ᠥᠬᠡᠶ᠃ | | 2᠂ ᠵᠠᠰᠠᠭ ᠤᠨ ᠣᠷᠳᠣᠨ ᠠᠴᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠦᠷᠲᠡᠵᠦ ᠪᠣᠯᠬᠤ ᠦᠭᠡᠢ ᠭᠡᠵᠦ ᠲᠤᠭᠲᠠᠭᠠᠭᠰᠠᠨ ᠪᠤᠰᠤᠳ ᠪᠠᠶᠢᠳᠠᠯ᠃ | ᠭᠤᠷᠪᠠᠳᠤᠭᠠᠷ ᠪᠦᠯᠦᠭ ᠣᠷᠣᠯᠭ᠎ᠠ ᠶᠢᠨ ᠲᠣᠭᠠᠴᠠᠭ᠎ᠠ | ᠠᠷᠪᠠᠨ ᠭᠤᠷᠪᠠᠳᠤᠭᠠᠷ ᠵᠦᠢᠯ ᠨᠠᠰᠤ᠂ ᠵᠡᠮᠳᠡᠭ ᠤᠨ ᠬᠡᠮᠵᠢᠶ᠎ᠡ᠂ ᠬᠦᠨᠳᠦ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠵᠡᠷᠭᠡ ᠶᠡᠷᠦᠩᠬᠡᠶᠢᠯᠡᠭᠰᠡᠨ | ᠬᠦᠴᠦᠨ ᠵᠦᠢᠯ ᠢ ᠦᠨᠳᠦᠰᠦᠯᠡᠨ ᠬᠤᠪᠢ ᠬᠥᠮᠦᠨ ᠤ ᠬᠥᠳᠡᠯᠮᠦᠷᠢ ᠶᠢᠨ ᠬᠦᠴᠦᠨ ᠤ ᠢᠯᠡᠳᠬᠡᠮᠵᠢ ᠶᠢ ᠬᠢᠨᠠᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠨᠡᠶᠢᠲᠡᠯᠡᠭᠰᠡᠨ ᠲᠤᠰ ᠭᠠᠵᠠᠷ ᠣᠷᠣᠨ ᠤ ᠳᠡᠭᠡᠷ᠎ᠡ ᠵᠢᠯ ᠤᠨ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ | ᠬᠤᠲᠠ ᠪᠠᠯᠭᠠᠰᠤᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠣᠷᠣᠯᠭ᠎ᠠ | ᠪᠣᠯᠤᠨ ᠬᠤᠲᠠ ᠪᠠᠯᠭᠠᠰᠤᠨ ᠤ ᠠᠵᠢᠯ ᠡᠷᠢᠬᠦ ᠬᠤᠶᠠᠷ ᠵᠦᠶᠯ ᠤᠨ ᠣᠷᠣᠯᠭ᠎ᠠ ᠶᠢ ᠲᠥᠰᠦᠭᠡᠯᠡᠨ ᠪᠣᠳᠣᠬᠤ ︵ᠬᠥᠳᠡᠯᠮᠦᠷᠢ ᠬᠦᠴᠦᠨ ᠤ ᠢᠯᠡᠳᠬᠡᠮᠵᠢ ᠶᠢ ᠵᠢᠱᠢᠨ | ᠪᠣᠳᠣᠬᠤ ᠪᠠᠷᠢᠮᠵᠢᠶ᠎ᠠ ᠵᠢᠴᠢ ᠣᠷᠣᠯᠠᠬᠤ ᠲᠡᠮᠳᠡᠭ ᠤᠨ ᠬᠦᠰᠦᠨᠦᠭᠲᠦ ᠶᠢ ᠠᠷᠤ ᠳᠤ ᠳᠠᠭᠠᠯᠳᠤᠭᠤᠯᠪᠠ︶᠃ | ᠠᠷᠪᠠᠨ ᠳᠥᠷᠪᠡᠳᠦᠭᠡᠷ ᠵᠦᠶᠯ ᠡᠩ ᠤᠨ ᠭᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ᠃ | ︵ᠨᠢᠭᠡ︶ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢᠨ ᠲᠣᠭᠠᠴᠠᠭ᠎ᠠ᠃ | 1᠂ ᠲᠠᠷᠢᠶᠠᠯᠠᠩ ᠤᠨ ᠦᠶᠯᠡᠳᠪᠦᠷᠢᠯᠡᠯ ᠡᠵᠡᠩᠨᠡᠯᠲᠡ ᠶᠢ ᠡᠷᠬᠢᠯᠡᠵᠦ ᠪᠠᠶᠢᠭ᠎ᠠ ᠣᠷᠣᠯᠭ᠎ᠠ ᠶᠢᠨ ᠲᠣᠭᠠᠴᠠᠭ᠎ᠠ᠄ | ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠣᠰ ᠭᠠᠵᠠᠷ ᠣᠷᠣᠨ ᠤ | ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 60% ︵ᠭᠠᠵᠠᠷ ᠰᠢᠷᠣᠶ ᠶᠢᠨ ᠲᠠᠷᠢᠮᠠᠯ ᠤᠨ ᠲᠠᠯᠠᠪᠠᠶ ᠬᠥᠮᠦᠨ ᠳᠤᠮᠳᠠᠴᠢ ᠶᠢᠨ | 10 ᠮᠥ ᠶᠢᠨ ᠳᠣᠲᠣᠷ᠎ᠠ ᠪᠣᠯ᠂ 10 ᠮᠦ ᠪᠠᠭᠲᠠᠨ᠎ᠠ᠃ ᠭᠠᠵᠠᠷ ᠰᠢᠷᠣᠶ ᠳᠠᠷᠢᠭᠰᠠᠨ ᠲᠠᠯᠠᠪᠠᠶ ᠨᠢ ᠬᠥᠮᠦᠨ ᠪᠦᠷᠢ ᠳᠤᠮᠳᠠᠴᠢ ᠪᠠᠷ 10 ᠮᠥ ᠠᠴᠠ ᠬᠡᠲᠦᠷᠡᠭᠰᠡᠨ | ᠪᠠᠶᠢᠪᠠᠯ᠂ ᠬᠡᠲᠦᠷᠡᠭᠰᠡᠨ ᠬᠡᠰᠡᠭ ᠤᠨ ᠮᠥ ᠪᠦᠷᠢ 500 ᠲᠥᠭᠦᠷᠢᠭ ᠤᠨ ᠣᠷᠣᠯᠭ᠎ᠠ ᠪᠠᠷ ᠪᠤᠳᠤᠨ᠎ᠠ᠃ ᠪᠤᠰᠤᠳ ᠤᠨ ᠭᠠᠵᠠᠷ ᠰᠢᠷᠣᠶ ᠶᠢ ᠳᠠᠭᠠᠭᠠᠴᠢᠯᠠᠭᠤᠯᠤᠭᠰᠠᠨ | ᠪᠠᠶᠢᠪᠠᠯ᠂ ᠬᠡᠲᠦᠷᠡᠭᠰᠡᠨ ᠬᠡᠰᠡᠭ ᠤᠨ ᠮᠥ ᠪᠦᠷᠢ ᠳᠤ 200 ᠲᠥᠭᠦᠷᠢᠭ ᠤᠨ ᠣᠷᠣᠯᠭ᠎ᠠ ᠪᠠᠷ ᠪᠤᠳᠤᠨ᠎ᠠ᠃ ᠭᠠᠳᠠᠭᠰᠢ ᠭᠠᠵᠠᠷ ᠰᠢᠷᠣᠶ ᠳᠠᠭᠠᠭᠠᠴᠢᠯᠠᠭᠰᠠᠨ ᠬᠡᠲᠦᠷᠡᠭᠰᠡᠨ | ᠬᠡᠰᠡᠭ ᠤᠨ ᠮᠦ ᠪᠦᠷᠢ ᠶᠢᠨ 300 ᠲᠥᠭᠦᠷᠢᠭ ᠤᠨ ᠣᠷᠣᠯᠭ᠎ᠠ ᠪᠠᠷ ᠪᠤᠳᠤᠵᠤ᠂ ᠲᠠᠷᠢᠶᠠᠯᠠᠩ ᠤᠨ ᠡᠵᠡᠩᠨᠡᠯᠲᠡ ᠶᠢᠨ ᠣᠷᠣᠯᠭ᠎ᠠ ᠶᠢ ᠨᠡᠶᠢᠯᠡᠭᠦᠯᠦᠨ ᠨᠡᠮᠡᠪᠡ᠃ | 2᠂ ᠲᠠᠷᠢᠶᠠᠯᠠᠬᠤ ᠮᠠᠯᠵᠢᠬᠤ ᠣᠷᠣᠨ ᠤ ᠲᠡᠵᠢᠭᠡᠨ ᠦᠷᠡᠵᠢᠭᠦᠯᠬᠦ ᠦᠢᠯᠡᠰ ᠤᠨ ᠣᠷᠣᠯᠭ᠎ᠠ ᠶᠢᠨ ᠲᠣᠭᠠᠴᠠᠭ᠎ᠠ ᠬᠢᠬᠦ᠄ | ᠬᠥᠳᠡᠭᠡ ᠲᠣᠰᠬᠤᠨ ᠤ ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠤᠨ ᠵᠢᠯ ᠤᠨ ᠣᠷᠣᠯᠭ᠎ᠠ = ᠲᠣᠯᠣᠭᠠᠶ ᠪᠦᠷᠢ ︵ᠲᠣᠯᠣᠭᠠᠶ︶ ᠦᠬᠡᠷ ᠬᠤᠨᠢ | ᠵᠡᠷᠭᠡ ᠮᠠᠯ ᠤᠨ ᠵᠢᠯ ᠤᠨ ᠣᠷᠣᠯᠭ᠎ᠠ ᠶᠢᠨ ᠲᠣᠭᠠᠴᠠᠭ᠎ᠠ ᠬᠢᠬᠦ ᠳᠤᠮᠳᠠᠴᠢ ᠪᠠᠷᠢᠮᠵᠢᠶ ᠠ × ᠣᠳᠣ ᠪᠠᠶᠢᠭ᠎ᠠ ᠦᠬᠡᠷ ᠪᠤᠶᠤ ᠬᠤᠨᠢ ᠵᠡᠷᠭᠡ ᠮᠠᠯ ᠤᠨ ᠲᠤᠭ᠎ᠠ ᠬᠡᠮᠵᠢᠶ᠎ᠡ᠃ | ︵1︶ ᠮᠠᠯ ᠤᠨ ᠭᠠᠷᠭᠠᠯᠲᠠ ᠶᠢᠨ ᠨᠣᠷᠮ᠎ᠠ᠂ ᠲᠡᠵᠢᠭᠡᠨ ᠦᠷᠡᠵᠢᠭᠦᠯᠬᠦ ᠳᠤᠮᠳᠠᠬᠢ ᠡᠯ᠎ᠡ ᠵᠦᠢᠯ ᠤᠨ ᠣᠷᠣᠭᠤᠯᠤᠯᠲᠠ ᠶᠢ ᠬᠠᠰᠤᠭᠰᠠᠨ ᠤ ᠳᠠᠷᠠᠭ᠎ᠠ᠂ ᠦᠬᠡᠷ | ᠬᠤᠨᠢᠨ ᠤ ᠵᠢᠯ ᠤᠨ ᠴᠡᠪᠡᠷ ᠣᠷᠣᠯᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠬᠢᠨᠠᠨ ᠲᠣᠭᠲᠠᠭᠠᠨ᠎ᠠ᠄ 1500 ᠲᠥᠭᠦᠷᠢᠭ᠂ ᠬᠤᠨᠢ 100 ᠲᠥᠭᠦᠷᠢᠭ ︵ᠦᠬᠡᠷ ᠢ | 1 ᠠᠴᠠ ᠡᠬᠢᠯᠡᠵᠦ ᠪᠣᠳᠣᠨ᠎ᠠ᠂ ᠬᠤᠨᠢ ᠶᠢ 10 ᠠᠴᠠ ᠡᠬᠢᠯᠡᠵᠦ ᠪᠣᠳᠣᠨ᠎ᠠ︶᠃ | ︵2︶ ᠭᠡᠷ ᠪᠦᠯᠢ ᠶᠢᠨ ᠦᠨᠳᠦᠰᠦᠨ ᠦᠢᠯᠡᠳᠪᠦᠷᠢᠯᠡᠯ ᠠᠮᠢᠳᠤᠷᠠᠯ ᠳᠤ ᠴᠢᠬᠤᠯᠠ ᠬᠡᠷᠡᠭᠴᠡᠭᠡ ᠲᠠᠢ ᠬᠥᠯᠥᠰᠢᠨ ᠦᠬᠡᠷ ︵ᠠᠳᠤᠭᠤ᠂ ᠯᠠᠭᠤᠰᠠ᠂ ᠡᠯᠵᠢᠭᠡ︶ | ᠂ ᠭᠠᠭ᠋ᠠᠢ᠂ ᠳᠠᠬᠢᠶ᠎ᠠ᠂ ᠨᠤᠭᠤᠰᠤ ᠵᠡᠷᠭᠡ ᠶᠢ ᠭᠡᠷ ᠪᠦᠯᠢ ᠶᠢᠨ ᠣᠷᠣᠯᠭ᠎ᠠ ᠳᠤ ᠪᠣᠳᠣᠵᠤ ᠣᠷᠤᠭᠤᠯᠬᠤ ᠦᠭᠡᠢ᠃ | ︵ᠬᠤᠶᠠᠷ︶ ᠴᠠᠯᠢᠩ ᠤᠨ ᠴᠢᠨᠠᠷᠲᠠᠶ ᠣᠷᠣᠯᠭ᠎ᠠ ᠶᠢᠨ ᠲᠣᠭᠠᠴᠠᠭ᠎ᠠ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠴᠦ ᠶᠠᠪᠤᠭᠰᠠᠳ ᠤᠨ ᠣᠷᠣᠯᠭ᠎ᠠ ᠶᠢᠨ ᠲᠣᠭᠠᠴᠠᠭ᠎ᠠ᠄ | ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠤᠰ ᠭᠠᠵᠠᠷ ᠣᠷᠣᠨ ᠤ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ × 8 ᠰᠠᠷ᠎ᠠ᠃ | ︵ᠭᠤᠷᠪᠠ︶ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠶᠢᠨ ᠲᠣᠭᠠᠴᠠᠭ᠎ᠠ᠃ | 1᠂ ᠭᠡᠷ ᠪᠠᠶᠢᠰᠢᠩ ᠲᠦᠷᠢᠶᠡᠰᠦᠯᠡᠭᠦᠯᠬᠦ᠂ ᠬᠤᠳᠠᠯᠳᠤᠬᠤ᠂ ᠨᠤᠷᠠᠭᠠᠵᠤ ᠨᠡᠭᠦᠯᠭᠡᠬᠦ᠄ ᠪᠣᠳᠠᠲᠠᠶ ᠲᠤᠭ᠎ᠠ ᠬᠡᠮᠵᠢᠶ᠎ᠡ ᠪᠠᠷ ᠪᠤᠳᠤᠨ᠎ᠠ᠃ | 2᠂ ᠰᠢᠯᠵᠢᠭᠦᠯᠦᠨ ᠲᠦᠷᠢᠶᠡᠰᠦᠯᠡᠭᠰᠡᠨ ᠭᠠᠵᠠᠷ ᠰᠢᠷᠣᠶ᠂ ᠬᠠᠳᠤᠯᠠᠩ ᠪᠡᠯᠴᠢᠭᠡᠷ ᠤᠨ ᠣᠷᠣᠯᠭ᠎ᠠ ᠶᠢ ᠪᠣᠳᠠᠲᠠᠶ ᠲᠤᠭ᠎ᠠ ᠬᠡᠮᠵᠢᠶ᠎ᠡ ᠪᠠᠷ ᠪᠣᠳᠣᠨ᠎ᠠ᠃ | 3᠂ ᠭᠠᠵᠠᠷ ᠰᠢᠷᠣᠶ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠨᠥᠬᠦᠪᠥᠷᠢ ᠵᠡᠷᠭᠡ ᠪᠣᠯ᠄ ᠪᠣᠳᠠᠲᠠᠶ ᠲᠤᠭ᠎ᠠ ᠬᠡᠮᠵᠢᠶ᠎ᠡ ᠪᠠᠷ ᠪᠣᠳᠣᠨ᠎ᠠ᠃ | 4. ᠪᠡᠯᠡ ᠣᠷᠣᠭᠤᠯᠤᠯᠲᠠ ᠶᠢᠨ ᠣᠷᠣᠯᠭ᠎ᠠ᠄ ᠪᠣᠳᠠᠲᠠᠶ ᠲᠤᠭ᠎ᠠ ᠬᠡᠮᠵᠢᠶ᠎ᠡ ᠪᠠᠷ ᠪᠣᠳᠣᠨ᠎ᠠ᠃ | ︵ᠳᠦᠷᠪᠡ︶ ᠰᠢᠯᠵᠢᠭᠦᠯᠬᠦ ᠴᠢᠨᠠᠷᠲᠠᠶ ᠣᠷᠣᠯᠭ᠎ᠠ ᠶᠢᠨ ᠲᠣᠭᠠᠴᠠᠭ᠎ᠠ᠃ | 1᠂ ᠨᠠᠰᠤᠵᠢᠯ ᠤᠨ ᠳᠠᠭᠠᠳᠬᠠᠯ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠮᠦᠡᠭᠬᠦ᠂ ᠨᠥᠭᠴᠢᠭᠰᠡᠳ ᠤᠨ ᠭᠡᠷ | ᠪᠦᠯᠢ ᠶᠢᠨ ᠲᠤᠰᠠᠯᠠᠮᠵᠢ ᠶᠢᠨ ᠮᠥᠩᠭᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠵᠡᠷᠭᠡ᠄ ᠪᠣᠳᠠᠲᠠᠶ ᠠᠪᠤᠭᠰᠠᠨ ᠲᠤᠭ᠎ᠠ ᠬᠡᠮᠵᠢᠶ᠎ᠡ ᠪᠠᠷ ᠪᠣᠳᠣᠨ᠎ᠠ᠃ | 2᠂ ᠤᠯᠤᠰ ᠤᠨ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠶᠯ ᠤᠨ ᠨᠥᠬᠦᠪᠥᠷᠢ ᠨᠢ᠄ ᠪᠣᠳᠠᠲᠠᠶ ᠠᠪᠤᠭᠰᠠᠨᠲ᠋ᠤᠭᠠ ᠪᠠᠷ ᠪᠣᠳᠣᠨ᠎ᠠ᠃ | 3᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ᠄ ᠪᠣᠳᠠᠲᠠᠶ ᠭᠠᠷᠭᠠᠨ ᠠᠪᠤᠭᠰᠠᠨ ᠲᠤᠭ᠎ᠠ ᠬᠡᠮᠵᠢᠶ᠎ᠡ ᠪᠠᠷ | ᠪᠣᠳᠣᠨ᠎ᠠ᠃ | 4. ᠠᠰᠠᠷᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠤᠨ ᠲᠣᠭᠠᠴᠠᠭ᠎ᠠ᠃ | ︵1︶ ᠦᠷ᠎ᠡ ᠬᠡᠦᠬᠡᠳ ᠨᠢ ᠮᠠᠯᠵᠢᠬᠤ ᠲᠠᠷᠢᠶᠠᠯᠠᠬᠤ ᠣᠷᠣᠨ ᠳᠤ ᠰᠠᠭᠤᠵᠤ᠂ ᠲᠠᠷᠢᠶᠠᠯᠠᠩ ᠤᠨ ᠦᠶᠯᠡᠳᠪᠦᠷᠢᠯᠡᠯ ᠡᠵᠡᠩᠨᠡᠯᠲᠡ ᠬᠢᠵᠦ ᠪᠠᠶᠢᠭ᠎ᠠ ᠪᠤᠶᠤ | ᠮᠠᠯᠵᠢᠬᠤ ᠣᠷᠣᠨ ᠳᠤ ᠮᠠᠯᠵᠢᠬᠤ ᠡᠷᠦᠬᠡ ᠦᠭᠡᠶ ᠪᠣᠯ ᠡᠴᠢᠭᠡ ᠪᠤᠶᠤ ᠡᠬᠡ ᠶᠢᠨ ᠨᠢᠭᠡ ᠡᠲᠡᠭᠡᠳ ᠲᠤ ᠥᠭᠭᠦᠭᠰᠡᠨ ᠣᠨ ᠤ ᠠᠰᠠᠷᠠᠨ ᠲᠡᠵᠢᠭᠡᠬᠦ ᠵᠠᠷᠤᠳᠠᠯ = ᠬᠤᠪᠢ | ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠤᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ | ᠡᠵᠡᠮᠳᠡᠵᠦ ᠪᠣᠯᠬᠤ ᠣᠷᠣᠯᠭ᠎ᠠ × 7% ᠪᠣᠯᠤᠨ᠎ᠠ᠃ | ︵2︶ ᠦᠷ᠎ᠡ ᠬᠡᠤᠬᠡᠳ ᠨᠢ ᠲᠣᠭᠲᠠᠪᠤᠷᠢᠲᠠᠶ ᠣᠷᠣᠯᠭ᠎ᠠ ᠥᠬᠡᠶ᠂ ᠬᠤᠲᠠ ᠪᠠᠯᠭᠠᠰᠤᠨ ᠳᠤ ᠠᠵᠢᠯ ᠬᠢᠵᠦ ᠪᠠᠶᠢᠪᠠᠯ᠂ ᠡᠴᠢᠭᠡ ᠪᠤᠶᠤ ᠡᠬᠡ ᠳᠡᠭᠡᠨ ᠥᠭᠬᠦ | ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠣᠰ ᠭᠠᠵᠠᠷ ᠣᠷᠣᠨ ᠤ ᠰᠠᠷ᠎ᠠ ᠶᠢᠨ | ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ × 8 ᠰᠠᠷ᠎ᠠ × 7% ᠪᠣᠯᠤᠨ᠎ᠠ᠃ | ︵3︶ ᠦᠷ᠎ᠡ ᠬᠡᠦᠬᠡᠳ ᠨᠢ ᠲᠡᠵᠢᠭᠡᠨ ᠦᠷᠡᠵᠢᠭᠦᠯᠬᠦ ᠦᠢᠯᠡᠰ ᠤᠨ ᠡᠵᠡᠩᠨᠡᠯᠲᠡ ᠬᠢᠭᠰᠡᠨ ᠪᠠᠶᠢᠪᠠᠯ᠂ ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠤᠨ | ᠵᠢᠯ ᠤᠨ ᠴᠡᠪᠡᠷ ᠣᠷᠣᠯᠭ᠎ᠠ ᠶᠢᠨ 5% ᠪᠠᠷ ᠡᠴᠢᠭᠡ ᠪᠤᠶᠤ ᠡᠬᠡ ᠶᠢᠨ ᠢᠶᠠᠨ ᠨᠢᠭᠡ ᠡᠲᠡᠭᠡᠳ ᠤᠨ ᠵᠢᠯ ᠤᠨ ᠠᠴᠢᠯᠠᠨ ᠲᠡᠵᠢᠭᠡᠬᠦ ᠵᠠᠷᠤᠳᠠᠯ ᠢ ᠥᠭᠭᠦᠨ᠎ᠡ᠃ | ︵4︶ ᠦᠷ᠎ᠡ ᠬᠡᠦᠬᠡᠳ ᠨᠢ ᠮᠠᠯᠵᠢᠬᠤ ᠲᠠᠷᠢᠶᠠᠯᠠᠬᠤ ᠣᠷᠣᠨ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠪᠤᠶᠤ ᠬᠤᠷᠰᠢᠶᠠᠵᠢᠯ ᠤᠨ | ᠡᠵᠡᠩᠨᠡᠯᠲᠡ ᠬᠢᠭᠰᠡᠨ ᠡᠴᠢᠭᠡ ᠪᠤᠶᠤ ᠡᠬᠡ ᠳᠡᠭᠡᠨ ᠥᠭᠭᠦᠭᠰᠡᠨ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ | × ᠳᠡᠭᠡᠷ᠎ᠡ ᠵᠢᠯ ᠤᠨ ᠲᠣᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 7%᠃ ᠦᠷ᠎ᠡ ᠬᠡᠤᠬᠡᠳ ᠨᠢ | ᠬᠤᠲᠠ ᠪᠠᠯᠭᠠᠰᠤᠨ ᠳᠤ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠵᠡᠩᠨᠡᠯᠲᠡ ᠪᠤᠶᠤ ᠬᠤᠷᠰᠢᠶ᠎ᠠ ᠶᠢᠨ ᠡᠵᠡᠩᠨᠡᠯᠲᠡ ᠬᠢᠬᠦ ᠳᠤ᠂ ᠡᠴᠢᠭᠡ ᠡᠬᠡ ᠳᠡᠭᠡᠨ | ᠥᠭᠭᠦᠭᠰᠡᠨ ᠨᠢᠭᠡ ᠲᠠᠯ᠎ᠠ ᠶᠢᠨ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠶᠢᠨ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ | ᠲᠣᠰ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ × 12 ᠰᠠᠷ᠎ᠠ × 7% ᠪᠣᠯᠤᠨ᠎ᠠ᠃ | ︵5︶ ᠦᠷ᠎ᠡ ᠬᠡᠤᠬᠡᠳ ᠤᠨ ᠭᠡᠷ ᠪᠦᠯᠢ ᠳᠤᠨᠢ ᠶᠠᠭ ᠬᠡᠷᠡᠭᠯᠡᠵᠦ ᠪᠠᠶᠢᠭ᠎ᠠ ᠭᠡᠷ ᠪᠦᠯᠢ ᠶᠢᠨ ᠵᠢᠵᠢᠭ ᠰᠠᠭᠤᠳᠠᠯ ᠤᠨ ᠮᠠᠰᠢᠨ ︵ᠵᠡᠮᠳᠡᠭᠴᠦᠳ ᠤᠨ ᠣᠷᠣᠯᠠᠨ | ᠠᠯᠬᠤᠬᠤ ᠲᠡᠷᠭᠡ ᠪᠠᠭᠲᠠᠬᠤ ᠦᠭᠡᠢ︶ ᠪᠤᠶᠤ ᠮᠠᠰᠢᠨ ᠬᠥᠳᠡᠯᠭᠡᠭᠦᠷᠲᠦ ᠲᠡᠭᠡᠭᠡᠪᠦᠷᠢ ᠶᠢᠨ ᠲᠡᠷᠭᠡ ᠲᠠᠢ ᠪᠠᠶᠢᠬᠤ᠃ ᠲᠡᠷᠭᠡ ᠬᠤᠳᠠᠯᠳᠤᠨ ᠠᠪᠤᠭᠰᠠᠨ ᠦᠨ᠎ᠡ ᠨᠢ 10 | ᠲᠦᠮᠡᠨ ᠲᠥᠭᠦᠷᠢᠭ ᠠᠴᠠ ᠳᠣᠷᠣᠭᠰᠢ ᠪᠣᠯ 1000 ᠲᠥᠭᠦᠷᠢᠭ᠂ ᠳᠡᠭᠡᠭᠰᠢ ᠠᠴᠠ ᠳᠡᠭᠡᠭᠰᠢ ᠪᠣᠯ ᠡᠴᠢᠭᠡ ᠪᠤᠶᠤ ᠡᠬᠡ ᠶᠢᠨ ᠢᠶᠠᠨ ᠨᠢᠭᠡ ᠡᠲᠡᠭᠡᠳ ᠤᠨ ᠠᠰᠠᠷᠠᠨ | ᠲᠡᠵᠢᠭᠡᠬᠦ ᠵᠠᠷᠤᠳᠠᠯ ᠢ 2000 ᠲᠥᠭᠦᠷᠢᠭ ᠢᠶᠠᠷ ᠥᠭᠭᠦᠨ᠎ᠡ᠃ | ︵6︶ ᠦᠷ᠎ᠡ ᠬᠡᠦᠬᠡᠳ ᠨᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠪᠤᠶᠤ ᠤᠯᠤᠰ ᠤᠨ ᠥᠮᠴᠢᠯᠡᠯ ᠤᠨ ᠬᠠᠮᠲᠤ ᠶᠢᠨ ᠠᠵᠤ ᠠᠬᠤᠶᠢᠯᠠᠯ ᠤᠨ | ᠵᠢᠩᠬᠢᠨᠢ ᠠᠵᠢᠯᠲᠠᠨ ᠠᠵᠢᠯᠴᠢᠨ ᠪᠠᠶᠢᠵᠤ᠂ ᠡᠴᠢᠭᠡ ᠪᠤᠶᠤ ᠡᠬᠡ ᠶᠢᠨ ᠢᠶᠠᠨ ᠨᠢᠭᠡ ᠡᠲᠡᠭᠡᠳ ᠲᠤ ᠥᠭᠭᠦᠭᠰᠡᠨ ᠵᠢᠯ ᠤᠨ ᠠᠰᠠᠷᠠᠨ ᠲᠡᠵᠢᠭᠡᠬᠦ ᠵᠠᠷᠤᠳᠠᠯ = ᠵᠢᠯ ᠤᠨ | ᠴᠠᠯᠢᠩ ᠤᠨ ᠪᠦᠬᠦ ᠲᠤᠭ᠎ᠠ × 7% ᠪᠣᠯᠤᠨ᠎ᠠ᠃ ᠵᠢᠯ ᠤᠨ ᠴᠠᠯᠢᠩ ᠢ ᠬᠢᠨᠠᠨ ᠲᠣᠭᠲᠠᠭᠠᠬᠤ ᠰᠠᠭᠤᠷᠢ ᠲᠤᠭ᠎ᠠ ᠶᠢ ᠵᠠᠰᠠᠭ ᠵᠠᠬᠢᠷᠭᠠᠨ ᠤ ᠠᠵᠢᠯ ᠦᠶᠯᠡᠰ ᠤᠨ ᠨᠢᠭᠡᠴᠡ | ᠪᠤᠶᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ 36000 ᠲᠥᠭᠦᠷᠢᠭ ᠤᠨ ᠪᠠᠷᠢᠮᠵᠢᠶ᠎ᠠ ᠠᠴᠠ | ᠳᠣᠤᠷ᠎ᠠ ᠪᠠᠶᠢᠯᠭᠠᠵᠤ ᠪᠣᠯᠬᠤ ᠥᠬᠡᠶ᠃ ᠪᠤᠰᠤᠳ ᠠᠵᠤ ᠠᠬᠤᠶᠢᠯᠠᠯ ᠳᠤ ᠣᠷᠳᠣ ᠬᠤᠭᠤᠴᠠᠭ᠎ᠠ ᠪᠠᠷ ᠲᠣᠭᠲᠠᠪᠤᠷᠢᠲᠠᠶ ᠴᠠᠯᠢᠩ ᠤᠨ ᠣᠷᠣᠯᠭ᠎ᠠ ᠲᠠᠢ ᠪᠠᠶᠢᠪᠠᠯ᠂ | ᠵᠢᠯ ᠤᠨ ᠴᠠᠯᠢᠩ ᠢ ᠬᠢᠨᠠᠨ ᠲᠣᠭᠲᠠᠭᠠᠬᠤ ᠰᠠᠭᠤᠷᠢ ᠲᠤᠭ᠎ᠠ ᠶᠢ 24000 ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ︵7︶ ᠦᠷ᠎ᠡ ᠬᠡᠤᠬᠡᠳ ᠨᠢ ᠪᠤᠰᠤᠳ ᠠᠵᠢᠯ ᠲᠥᠷᠥᠯ ᠢ ᠡᠷᠭᠢᠯᠡᠵᠦ ᠪᠠᠶᠢᠪᠠᠯ᠂ ᠳᠡᠭᠡᠷ᠎ᠡ ᠳᠤᠷᠠᠳᠤᠭᠰᠠᠨ ᠠᠳᠠᠯᠢᠪᠲᠤᠷ ᠪᠠᠷᠢᠮᠵᠢᠶ᠎ᠠ ᠪᠠᠷ ᠯᠠᠪᠯᠠᠯᠲᠠ ᠪᠣᠯᠭᠠᠵᠤ | ᠠᠴᠢᠯᠠᠨ ᠲᠡᠵᠢᠭᠡᠬᠦ ᠵᠠᠷᠤᠳᠠᠯ ᠢ ᠬᠢᠨᠠᠨ ᠲᠣᠭᠲᠠᠭᠠᠨ᠎ᠠ᠃ | ︵8︶ ᠠᠳᠠᠯᠢ ᠨᠢᠭᠡᠨ ᠦᠷ᠎ᠡ ᠬᠡᠤᠬᠡᠳ ᠳᠡᠭᠡᠷ᠎ᠡ ᠳᠤᠷᠠᠳᠤᠭᠰᠠᠨ ᠣᠷᠣᠯᠭ᠎ᠠ ᠶᠢᠨ ᠵᠦᠶᠯᠡᠰ ᠳᠠᠪᠬᠤᠷᠳᠠᠭᠰᠠᠨ ᠦᠶ᠎ᠡ ᠳᠤ ᠣᠷᠣᠯᠭ᠎ᠠ ᠪᠠ ᠠᠴᠢᠯᠠᠨ ᠲᠡᠵᠢᠭᠡᠬᠦ | ᠵᠠᠷᠤᠳᠠᠯ ᠢ ᠨᠡᠶᠢᠯᠡᠭᠦᠯᠦᠨ ᠪᠤᠳᠤᠬᠤ ᠬᠡᠷᠡᠭᠲᠡᠶ᠃ | ︵9︶ ᠤᠷᠤᠭ ᠰᠠᠯᠤᠭᠰᠠᠨ ᠭᠡᠷ ᠪᠦᠯᠢ ᠶᠢᠨ ᠦᠷ᠎ᠡ ᠬᠡᠦᠬᠡᠳ ᠢ ᠠᠰᠠᠷᠠᠨ ᠲᠡᠵᠢᠭᠡᠬᠦ ᠵᠠᠷᠤᠳᠠᠯ᠃ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠳᠣᠷᠬᠠᠶ | ᠲᠣᠭᠲᠠᠭᠠᠯ ᠲᠠᠢ ᠪᠠᠶᠢᠪᠠᠯ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠶᠣᠰᠣᠭᠠᠷ ᠭᠦᠶᠴᠡᠳᠬᠡᠨ᠎ᠡ᠃ ᠬᠠᠤᠯᠢ ᠴᠠᠭᠠᠵᠠ ᠶᠢᠨ ᠪᠢᠴᠢᠭ ᠬᠠᠷ᠎ᠠ ᠦᠭᠡᠢ ᠪᠠᠶᠢᠪᠠᠯ᠂ | ᠠᠰᠠᠷᠠᠨ ᠲᠡᠵᠢᠭᠡᠬᠦ ᠵᠠᠷᠤᠳᠠᠯ ᠢ ᠲᠡᠭᠦᠨ ᠤ ᠬᠤᠪᠢ ᠬᠦᠮᠦᠨ ᠤ ᠰᠠᠷ᠎ᠠ ᠶᠢᠨ ᠪᠦᠬᠦ ᠣᠷᠣᠯᠭ᠎ᠠ ᠶᠢᠨ 20% ᠠᠴᠠ ᠳᠣᠤᠷ᠎ᠠ ᠦᠭᠡᠢ ᠪᠠᠶᠢᠯᠭᠠᠨ᠎ᠠ᠃ ᠬᠤᠶᠠᠷ ᠠᠴᠠ | ᠳᠡᠭᠡᠭᠰᠢ ᠦᠷ᠎ᠡ ᠬᠡᠤᠬᠡᠳ ᠤᠨ ᠵᠠᠷᠤᠳᠠᠯ ᠢ ᠡᠭᠦᠷᠭᠡᠯᠡᠭᠰᠡᠨ ᠪᠠᠶᠢᠪᠠᠯ᠂ ᠬᠠᠷᠢᠴᠠᠯ ᠢ ᠨᠢ ᠵᠤᠬᠢᠰᠲᠠᠢ ᠪᠠᠷ ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠰᠠᠷ᠎ᠠ ᠶᠢᠨ ᠪᠦᠬᠦ | ᠣᠷᠣᠯᠭ᠎ᠠ ᠶᠢᠨ 50% ᠠᠴᠠ ᠬᠡᠲᠦᠷᠡᠭᠦᠯᠬᠦ ᠦᠭᠡᠢ᠃ ᠨᠠᠰᠤᠨ ᠳᠤ ᠬᠦᠷᠦᠭᠰᠡᠨ ᠪᠣᠯᠪᠠᠴᠤ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠵᠡᠮᠳᠡᠭ | ᠦᠷ᠎ᠡ ᠬᠡᠤᠬᠡᠳ ᠢ ᠠᠰᠠᠷᠠᠨ ᠲᠡᠵᠢᠭᠡᠬᠦ ᠵᠠᠷᠤᠳᠠᠯ ᠢ ᠲᠤᠰ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ︵10︶ ᠲᠡᠳᠬᠦᠨ ᠲᠡᠵᠢᠭᠡᠬᠦ ᠵᠠᠷᠤᠳᠠᠯ ᠢ ᠪᠣᠳᠠᠲᠠᠶ ᠥᠭᠭᠦᠭᠰᠡᠨ ᠪᠠᠶᠢᠳᠠᠯ ᠶᠣᠰᠣᠭᠠᠷ ᠲᠣᠭᠠᠴᠠᠭ᠎ᠠ ᠬᠢᠨ᠎ᠡ᠃ | ︵11︶ ᠡᠴᠢᠭᠡ ᠡᠬᠡ᠂ ᠦᠷ᠎ᠡ ᠬᠡᠤᠬᠡᠳ ᠵᠢᠴᠢ ᠠᠰᠠᠷᠠᠨ ᠲᠡᠵᠢᠭᠡᠭᠴᠢ ᠳᠤ ᠳᠣᠤᠷ᠎ᠠ ᠵᠢᠭᠰᠠᠭᠠᠭᠰᠠᠨ ᠪᠠᠶᠢᠳᠠᠯ ᠪᠠᠶᠢᠪᠠᠯ ᠠᠴᠢᠯᠠᠨ ᠲᠡᠵᠢᠭᠡᠬᠦ ᠵᠠᠷᠤᠳᠠᠯ᠂ | ᠲᠡᠳᠬᠦᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ ᠢ ᠪᠤᠳᠤᠬᠤ ᠦᠭᠡᠢ ᠪᠤᠶᠤ ᠳᠤᠲᠠᠭᠤ ᠲᠣᠭᠠᠴᠠᠭ᠎ᠠ ᠬᠢᠵᠦ ᠪᠣᠯᠤᠨ᠎ᠠ᠃ | ᠡᠴᠢᠭᠡ ᠡᠬᠡ᠂ ᠦᠷ᠎ᠡ ᠬᠡᠤᠬᠡᠳ ᠵᠢᠴᠢ ᠠᠰᠠᠷᠠᠨ ᠲᠡᠵᠢᠭᠡᠭᠴᠢ ᠨᠢ ᠣᠳᠣᠬᠠᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢ ᠭᠥᠷᠳᠡᠵᠦ | ᠪᠠᠶᠢᠬᠤ᠃ ᠡᠴᠢᠭᠡ ᠡᠬᠡ᠂ ᠦᠷ᠎ᠡ ᠬᠡᠤᠬᠡᠳ ᠵᠢᠴᠢ ᠠᠰᠠᠷᠠᠨ ᠲᠡᠵᠢᠭᠡᠭᠴᠢ ᠶᠢᠨ ᠤᠷᠲᠤ ᠬᠤᠭᠤᠴᠠᠭ᠎ᠠ ᠪᠠᠷ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠤ ᠳᠣᠲᠣᠷ᠎ᠠ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠭᠰᠡᠨ᠃ ᠦᠷ᠎ᠡ ᠬᠡᠤᠬᠡᠳ ᠨᠢ ᠠᠯᠪᠠ ᠬᠠᠭᠠᠵᠤ ᠪᠠᠶᠢᠭ᠎ᠠ ᠠᠯᠪᠠᠨ ᠵᠢᠷᠤᠮ ᠤᠨ ᠴᠡᠷᠢᠭ | ᠮᠥᠨ᠃ ᠡᠴᠢᠭᠡ ᠡᠬᠡ᠂ ᠦᠷ᠎ᠡ ᠬᠡᠦᠬᠡᠳ ᠨᠢ ᠵᠠᠯᠭᠠᠭ᠎ᠠ ᠪᠠᠷ ᠭᠤᠷᠪᠠᠨ ᠵᠢᠯ ᠠᠴᠠ ᠳᠡᠭᠡᠭᠰᠢ ︵ᠭᠤᠷᠪᠠᠨ ᠵᠢᠯ ᠪᠠᠭᠲᠠᠨ᠎ᠠ︶ ᠭᠡᠷ ᠪᠦᠯᠢ ᠶᠢᠨ ᠪᠡᠶ᠎ᠡ ᠪᠠᠨ ᠳᠠᠭᠠᠭᠠᠵᠤ | ᠠᠮᠢᠳᠤᠷᠠᠬᠤ ᠱᠠᠰᠢᠨ ᠰᠤᠷᠲᠠᠬᠤᠨ ᠤ ᠪᠠᠭᠰᠢ ᠠᠵᠢᠯᠲᠠᠨ ᠪᠣᠯᠤᠨ᠎ᠠ᠃ ᠡᠴᠢᠭᠡ ᠡᠭᠡ᠂ ᠦᠷ᠎ᠡ ᠬᠡᠤᠬᠡᠳ ᠨᠢ ᠭᠢᠨᠳᠠᠨ ᠳᠤ ᠡᠷᠡᠭᠦᠤ ᠰᠢᠳᠬᠡᠯ ᠭᠦᠶᠴᠡᠳᠬᠡᠵᠦ ᠪᠠᠶᠢᠬᠤ᠃ | | ᠠᠷᠪᠠᠨ ᠲᠠᠪᠤᠳᠤᠭᠠᠷ ᠵᠦᠢᠯ ᠬᠡᠷᠪᠡ ᠡᠰᠡᠷᠭᠦᠴᠡᠰᠢ ᠦᠭᠡᠢ ᠰᠢᠯᠲᠠᠭᠠᠨ ᠠᠴᠠ ᠪᠣᠯᠵᠤ ᠭᠡᠷ ᠪᠦᠯᠢ ᠶᠢᠨ ᠣᠷᠣᠯᠭ᠎ᠠ ᠨᠢ ᠪᠠᠷᠢᠮᠵᠢᠶ᠎ᠠ ᠳᠤ ᠬᠦᠷᠦᠭᠰᠡᠨ ᠦᠭᠡᠢ | ᠵᠢᠴᠢ ᠳᠡᠭᠡᠷᠡᠬᠢ ᠲᠣᠭᠠᠴᠠᠭᠠᠨ ᠤ ᠣᠷᠣᠯᠭ᠎ᠠ ᠳᠤ ᠣᠷᠣᠭᠤᠯᠤᠭᠰᠠᠨ ᠦᠭᠡᠢ ᠪᠤᠰᠤᠳ ᠣᠷᠣᠯᠭ᠎ᠠ ᠭᠡᠷ ᠪᠦᠯᠢ ᠶᠢᠨ ᠣᠷᠣᠯᠭ᠎ᠠ ᠶᠢ ᠠᠷᠠᠳᠴᠢᠯᠠᠯ ᠢᠶᠠᠷ ᠦᠨᠡᠯᠡᠨ | ᠶᠠᠷᠢᠯᠴᠠᠬᠤ ᠬᠤᠷᠠᠯ ᠠᠴᠠ ᠪᠠᠶᠢᠳᠠᠯ ᠢ ᠦᠵᠡᠵᠦ ᠪᠠᠶᠢᠭᠠᠳ ᠦᠨᠡᠯᠡᠨ ᠵᠢᠱᠢᠵᠦ ᠲᠣᠭᠲᠠᠭᠠᠵᠤ ᠪᠣᠯᠤᠨ᠎ᠠ᠃ | ᠠᠷᠪᠠᠨ ᠵᠢᠷᠭᠤᠳᠤᠭᠠᠷ ᠵᠦᠶᠯ ᠣᠨᠴᠣᠭᠤᠶ ᠬᠦᠴᠢᠷᠳᠡᠯᠲᠡᠶ ᠬᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠶᠢ ᠪᠠᠭᠤᠷᠠᠭᠤᠯᠤᠨ᠎ᠠ᠃ | ︵ᠨᠢᠭᠡ︶ ᠬᠦᠨᠳᠦ ᠵᠡᠮᠳᠡᠭ᠂ ᠬᠦᠨᠳᠦ ᠡᠪᠡᠳᠴᠢᠨ ᠠᠴᠠ ᠪᠣᠯᠵᠤ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠭᠡᠷ ᠪᠦᠯᠢ᠂ ᠨᠠᠰᠤᠨ ᠳᠤ | ᠦᠯᠦ ᠬᠦᠷᠦᠭᠰᠡᠳ ᠤᠨ ᠬᠠᠨᠢ ᠨᠥᠬᠦᠷ ᠢᠶᠠᠨ ᠠᠯᠳᠠᠭᠰᠠᠨ ᠥᠷᠥᠭᠡᠰᠦᠨ ᠥᠨᠥᠴᠢᠨ ᠭᠡᠷ ᠪᠦᠯᠢ ᠪᠠᠶᠢᠨ᠎ᠠ᠂ ᠬᠥᠬᠦᠭᠦᠯ ᠬᠤᠭᠤᠴᠠᠭᠠᠨ ᠤ ᠡᠮᠡᠭᠲᠡᠶᠢᠴᠦᠳ ᠲᠠᠢ ᠭᠡᠷ | ᠪᠦᠯᠢ᠂ ᠣᠯᠠᠨ ᠳᠠᠪᠬᠤᠷ ᠵᠡᠮᠳᠡᠭ ᠭᠡᠷ ᠪᠦᠯᠢ᠂ ᠪᠦᠬᠦᠯᠢ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠭᠡᠷ ᠪᠦᠯᠢ ᠵᠡᠷᠭᠡ ᠣᠨᠴᠠᠭᠠᠢ ᠬᠦᠴᠢᠷᠳᠡᠯ ᠲᠠᠢ ᠭᠡᠷ | ᠪᠦᠯᠢ ᠳᠤ ᠲᠣᠭᠠᠴᠠᠭ᠎ᠠ ᠬᠢᠭᠰᠡᠨ ᠣᠷᠣᠯᠭ᠎ᠠ ᠶᠢ ᠬᠠᠰᠤᠵᠤ᠂ ᠣᠨᠴᠠ ᠬᠦᠴᠢᠷᠳᠡᠯᠲᠡᠶ ᠭᠡᠷ ᠪᠦᠯᠢ ᠶᠢ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠬᠤᠶᠠᠷ︶ ᠬᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠶᠢ ᠪᠠᠭᠤᠷᠠᠭᠤᠯᠬᠤ ᠪᠤᠳᠤᠬᠤ ᠠᠷᠭ᠎ᠠ᠃ | 1᠂ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠬᠦᠨᠳᠦ ᠵᠡᠮᠳᠡᠭ ᠪᠤᠶᠤ ᠬᠦᠨᠳᠦ ᠡᠪᠡᠳᠴᠢᠨ ᠠᠴᠠ ᠪᠣᠯᠵᠤ ᠬᠥᠳᠡᠯᠮᠦᠷᠢᠯᠡᠬᠦ | ᠴᠢᠳᠠᠪᠤᠷᠢ ᠪᠠᠨ ᠪᠦᠷᠢᠮᠦᠰᠦᠨ ᠠᠯᠳᠠᠭᠰᠠᠨ ᠬᠡᠷ ᠤᠨ ᠬᠥᠮᠦᠰ ᠢᠶᠠᠨ ᠬᠠᠷᠠᠭᠠᠯᠵᠠᠬᠤ ᠴᠢᠬᠤᠯᠠᠲᠠᠶ ᠣᠨᠴᠠ ᠬᠦᠴᠢᠷᠳᠡᠯᠲᠡᠶ ᠬᠡᠷ ᠪᠦᠯᠢ ︵ᠬᠡᠷ ᠪᠦᠯᠢ ᠶᠢᠨ | ᠪᠦᠷᠢᠯᠳᠦᠭᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢᠨ ᠺᠣᠳ᠋ ᠨᠢ E1᠂ E2᠂ E2᠂ E3᠂ E4᠂ E5 ᠶᠢᠨ ᠬᠦᠨᠳᠦ ᠵᠡᠮᠳᠡᠭ ᠬᠥᠮᠦᠨ ᠪᠤᠶᠤ | ᠣᠷᠣᠯᠠᠬᠤ ᠨᠣᠮᠧᠷ ᠨᠢ F1᠂ F2᠂ F3᠂ F4᠂ F5 ᠶᠢᠨ ᠬᠦᠨᠳᠦ ᠡᠪᠡᠳᠴᠢᠲᠡᠨ︶᠄ | ᠬᠥᠳᠡᠭᠡ ᠲᠣᠰᠬᠤᠨ ᠤ ᠭᠡᠷ ᠪᠦᠯᠢ ᠶᠢᠨ ᠣᠨ ᠤ ᠣᠷᠣᠯᠭ᠎ᠠ ᠶᠢᠨ ᠲᠣᠭᠠᠴᠠᠭ᠎ᠠ ᠳᠤ ᠬᠠᠰᠤᠭᠳᠠᠭᠰᠠᠨ ᠵᠣᠭᠤᠰᠣᠨ ᠤ ᠲᠤᠭ᠎ᠠ = ᠳᠡᠭᠡᠷ᠎ᠡ ᠵᠢᠯ ᠤᠨ ᠲᠤᠰ | ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ × 0.2 ︵ᠭᠡᠷ ᠪᠦᠯᠢ ᠶᠢᠨ ᠬᠠᠰᠤᠨ ᠬᠠᠰᠤᠭᠰᠠᠨ | ᠢᠯᠡᠳᠬᠡᠮᠵᠢ᠂ ᠳᠣᠷᠣᠭᠰᠢ ᠠᠳᠠᠯᠢ︶ × ᠭᠡᠷ ᠪᠦᠯᠢ ᠶᠢᠨ ᠪᠦᠷᠢᠯᠳᠦᠬᠦᠨ ᠤ ᠬᠦᠨᠳᠦ ᠵᠡᠮᠳᠡᠭ ᠪᠤᠶᠤ ᠬᠦᠨᠳᠦ ᠡᠪᠡᠳᠴᠢᠯᠡᠭᠰᠡᠨ ᠬᠦᠮᠦᠨ ᠤ ᠲᠤᠭ᠎ᠠ᠃ | ᠬᠤᠲᠠ ᠪᠠᠯᠭᠠᠰᠤᠨ ᠤ ᠭᠡᠷ ᠪᠦᠯᠢ ︵ᠬᠤᠲᠠ ᠪᠠᠯᠭᠠᠰᠤᠨ ᠳᠤ ᠨᠡᠭᠦᠵᠦ ᠰᠠᠭᠤᠭᠰᠠᠨ ᠬᠥᠳᠡᠭᠡ ᠲᠣᠰᠬᠤᠨ ᠤ ᠰᠠᠭᠤᠭᠠᠯᠢ ᠠᠷᠠᠳ ᠪᠠᠭᠲᠠᠨ᠎ᠠ︶ ᠶᠢᠨ | ᠰᠠᠷ᠎ᠠ ᠶᠢᠨ ᠣᠷᠣᠯᠭ᠎ᠠ ᠶᠢᠨ ᠲᠣᠭᠠᠴᠠᠭ᠎ᠠ ᠬᠢᠵᠦ ᠬᠠᠰᠤᠭᠳᠠᠭᠰᠠᠨ ᠵᠣᠭᠤᠰ ᠤᠨ ᠲᠤᠭ᠎ᠠ = ᠳᠡᠭᠡᠷ᠎ᠡ ᠵᠢᠯ ᠤᠨ ᠲᠣᠰ ᠭᠠᠵᠠᠷ ᠣᠷᠣᠨ ᠤ ᠬᠠᠮᠤᠭ ᠤᠨ ᠳᠣᠤᠷ᠎ᠠ | ᠴᠠᠯᠢᠩ ᠤᠨ ᠪᠠᠷᠢᠮᠵᠢᠶ᠎ᠠ × 0.2 × ᠭᠡᠷ ᠪᠦᠯᠢ ᠶᠢᠨ ᠪᠦᠷᠢᠯᠳᠦᠬᠦᠨ ᠤ ᠬᠦᠨᠳᠦ ᠵᠡᠮᠳᠡᠭ ᠪᠤᠶᠤ ᠬᠦᠨᠳᠦ ᠡᠪᠡᠳᠴᠢᠯᠡᠭᠰᠡᠨ ᠬᠥᠮᠦᠨ ᠤ ᠲᠤᠭ᠎ᠠ᠃ | 2᠂ ᠨᠠᠰᠤᠨ ᠳᠤ ᠥᠯᠥ ᠭᠦᠷᠦᠭᠰᠡᠳ ᠤᠨ ᠬᠠᠨᠢ ᠨᠥᠬᠦᠷ ᠢᠶᠠᠨ ᠠᠯᠳᠠᠭᠰᠠᠨ ᠥᠷᠥᠭᠡᠰᠦᠨ ᠥᠨᠥᠴᠢᠨ ᠬᠡᠷ ᠪᠦᠯᠢ᠂ ᠬᠥᠬᠦᠭᠦᠯ ᠬᠤᠭᠤᠴᠠᠭᠠᠨ ᠤ | ᠡᠮᠡᠭᠲᠡᠶᠢᠴᠦᠳ ᠤᠨ ᠬᠡᠷ ᠪᠦᠯᠢ᠂ ᠣᠯᠠᠨ ᠳᠠᠪᠬᠤᠷ ᠵᠡᠮᠳᠡᠭ ᠬᠡᠷ ᠪᠦᠯᠢ᠂ ᠪᠦᠬᠦᠯᠢ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠬᠡᠷ ᠪᠦᠯᠢ᠄ | ᠬᠥᠳᠡᠭᠡ ᠲᠣᠰᠬᠤᠨ ᠤ ᠭᠡᠷ ᠪᠦᠯᠢ ᠶᠢᠨ ᠵᠢᠯ ᠤᠨ ᠣᠷᠣᠯᠭ᠎ᠠ ᠶᠢᠨ ᠲᠣᠭᠠᠴᠠᠭ᠎ᠠ ᠬᠢᠵᠦ ᠬᠠᠰᠤᠭᠳᠠᠭᠰᠠᠨ ᠵᠣᠭᠤᠰ ᠤᠨ ᠲᠤᠭ᠎ᠠ = ᠳᠡᠭᠡᠷ᠎ᠡ ᠵᠢᠯ ᠤᠨ ᠲᠣᠰ | ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ × 0.15 ᠪᠣᠯᠤᠨ᠎ᠠ᠃ | ᠬᠤᠲᠠ ᠪᠠᠯᠭᠠᠰᠤ ᠶᠢᠨ ᠭᠡᠷ ᠪᠦᠯᠢ ︵ᠬᠤᠲᠠ ᠪᠠᠯᠭᠠᠰᠤ ᠳᠤ ᠨᠡᠭᠦᠵᠦ ᠰᠠᠭᠤᠭᠰᠠᠨ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠪᠠᠭᠲᠠᠨ᠎ᠠ︶ ᠶᠢᠨ | ᠰᠠᠷ᠎ᠠ ᠶᠢᠨ ᠣᠷᠣᠯᠭ᠎ᠠ ᠶᠢᠨ ᠬᠠᠰᠤᠭᠳᠠᠭᠰᠠᠨ ᠵᠣᠭᠤᠰᠣᠨ ᠤ ᠲᠤᠭ᠎ᠠ = ᠳᠡᠭᠡᠷ᠎ᠡ ᠵᠢᠯ ᠤᠨ ᠲᠤᠰ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ | × 0.2᠃ | ︵ᠭᠤᠷᠪᠠ︶ ᠳᠡᠭᠡᠷ᠎ᠡ ᠳᠤᠷᠠᠳᠤᠭᠰᠠᠨ 1 ᠪᠠ 2 ᠳ᠋ᠤᠭᠠᠷ ᠳᠣᠲᠣᠷᠠᠬᠢ ᠪᠠᠶᠢᠳᠠᠯ ᠨᠢ ᠳᠠᠪᠬᠤᠷᠳᠠᠭᠰᠠᠨ ᠪᠠᠶᠢᠪᠠᠯ᠂ ᠬᠡᠷ ᠪᠦᠯᠢ ᠶᠢᠨ ᠲᠣᠭᠠᠴᠠᠭ᠎ᠠ ᠬᠢᠭᠰᠡᠨ | ᠣᠷᠣᠯᠭ᠎ᠠ ᠶᠢ ᠳᠠᠪᠬᠤᠷᠳᠠᠭᠤᠯᠤᠨ ᠰᠠᠭᠤᠯᠭᠠᠨ ᠬᠠᠰᠤᠬᠤ ᠬᠡᠷᠡᠭᠲᠡᠶ᠃ 2 ᠳᠤᠮᠳᠠ ᠬᠡᠳᠦᠨ ᠵᠦᠶᠯ ᠤᠨ ᠪᠠᠶᠢᠳᠠᠯ ᠳᠠᠪᠬᠤᠴᠠᠭᠰᠠᠨ ᠬᠡᠷ ᠪᠦᠯᠢ ᠶᠢᠨ ᠬᠡᠷ ᠪᠦᠯᠢ ᠶᠢᠨ | ᠲᠣᠭᠠᠴᠠᠭ᠎ᠠ ᠬᠢᠬᠦ ᠣᠷᠤᠯᠭ᠎ᠠ ᠶᠢ ᠨᠢᠭᠡ ᠯᠡ ᠤᠳᠠᠭ᠎ᠠ ᠬᠠᠰᠤᠨ᠎ᠠ᠃ | ︵ᠳᠦᠷᠪᠡ︶ ᠣᠯᠠᠨ ᠳᠠᠪᠬᠤᠷ ᠵᠡᠮᠳᠡᠭ ᠬᠥᠮᠦᠰ᠂ ᠤᠷᠢᠳᠠᠪᠠᠷ ᠣᠯᠠᠨ ᠳᠠᠪᠬᠤᠷ ᠵᠡᠮᠳᠡᠭ ᠳᠣᠲᠣᠷᠠᠬᠢ ᠵᠡᠮᠳᠡᠭ ᠤᠨ ᠬᠡᠮᠵᠢᠶ᠎ᠡ ᠨᠢ ᠨᠡᠯᠢᠶᠡᠳ ᠬᠦᠨᠳᠦ ᠬᠤᠪᠢ | ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠬᠢᠨᠠᠨ ᠲᠣᠭᠲᠠᠭᠠᠭᠰᠠᠨ ᠣᠷᠣᠯᠭ᠎ᠠ ᠳᠤ ᠲᠣᠭᠠᠴᠠᠭ᠎ᠠ ᠬᠢᠵᠦ᠂ ᠳᠠᠬᠢᠨ ᠳᠡᠭᠡᠷ᠎ᠡ ᠳᠤᠷᠠᠳᠤᠭᠰᠠᠨ ᠭᠡᠷ ᠪᠦᠯᠢ ᠶᠢᠨ | ᠣᠷᠣᠯᠭ᠎ᠠ ᠶᠢᠨ ᠲᠣᠭᠠᠴᠠᠭ᠎ᠠ ᠶᠢ ᠬᠠᠰᠤᠵᠤ ᠪᠣᠳᠣᠨ᠎ᠠ᠃ | ᠠᠷᠪᠠᠨ ᠳᠣᠯᠣᠳᠤᠭᠠᠷ ᠵᠦᠶᠯ ᠭᠡᠷ ᠪᠦᠯᠢ ᠶᠢᠨ ᠵᠠᠷᠤᠯᠭ᠎ᠠ ᠶᠢᠨ ᠲᠣᠭᠠᠴᠠᠭ᠎ᠠ ᠶᠢ ᠰᠠᠭᠤᠯᠭᠠᠨ ᠬᠠᠰᠤᠬᠤ ᠬᠡᠷᠡᠭᠲᠡᠶ᠃ | ︵ᠨᠢᠭᠡ︶ ᠭᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠳᠤᠮᠳᠠ ᠳᠣᠤᠷ᠎ᠠ ᠵᠢᠭᠰᠠᠭᠠᠭᠰᠠᠨ ᠵᠠᠷᠤᠯᠭ᠎ᠠ ᠶᠢ ᠬᠠᠰᠤᠨ᠎ᠠ᠃ | 1᠂ ᠡᠮ ᠡᠮᠨᠡᠯᠭᠡ ᠶᠢᠨ ᠵᠠᠷᠤᠳᠠᠯ ᠢ ᠭᠡᠷ ᠪᠦᠯᠢ ᠶᠢᠨ ᠴᠢᠬᠤᠯᠠ ᠪᠦᠬᠦᠢ ᠵᠠᠷᠤᠯᠭ᠎ᠠ ᠶᠢᠨ ᠨᠥᠬᠦᠴᠡᠯ ᠪᠣᠯᠭᠠᠨ᠎ᠠ᠄ | ︵1︶ ᠳᠡᠭᠡᠷ᠎ᠡ ᠵᠢᠯ ᠠᠴᠠ ᠨᠠᠰᠢ᠂ ᠣᠨᠴᠠ ᠬᠦᠨᠳᠦ ᠡᠪᠡᠳᠴᠢᠨ ᠡᠮᠭᠡᠭ ᠲᠤ ᠨᠡᠷᠪᠡᠭᠳᠡᠭᠰᠡᠨ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ | ᠡᠪᠡᠳᠴᠢᠨ ᠤ ᠳᠠᠭᠠᠳᠬᠠᠯ ᠢᠶᠠᠷ ᠳᠠᠩᠰᠠ ᠲᠠᠶᠢᠯᠤᠭᠰᠠᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠬᠤᠪᠢ ᠬᠥᠮᠦᠨ ᠤ ᠥᠪᠡᠷᠲᠡᠭᠡᠨ ᠥᠭᠬᠦ ᠬᠡᠰᠡᠭ ᠡᠮ ᠡᠮᠨᠡᠯᠭᠡ ᠶᠢᠨ ᠵᠠᠷᠤᠳᠠᠯ ᠳᠤ ᠬᠠᠷᠢᠶᠠᠯᠠᠭᠳᠠᠨ᠎ᠠ᠃ 30% ᠪᠠᠷ ᠬᠠᠰᠤᠵᠤ᠂ ᠬᠠᠮᠤᠭ ᠥᠨᠳᠥᠷ ᠲᠡᠭᠡᠨ | 10000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ | ︵2︶ ᠳᠡᠭᠡᠷ᠎ᠡ ᠵᠢᠯ ᠠᠴᠠ ᠨᠠᠰᠢ᠂ ᠠᠳᠠᠯᠢ ᠨᠢᠭᠡᠨ ᠭᠡᠷ ᠪᠦᠯᠢ ᠶᠢᠨ ᠪᠦᠷᠢᠯᠳᠦᠬᠦᠨ ᠬᠤᠶᠠᠷ ᠤᠳᠠᠭ᠎ᠠ ᠪᠤᠶᠤ ᠬᠤᠶᠠᠷ ᠤᠳᠠᠭ᠎ᠠ ᠠᠴᠠ ᠳᠡᠭᠡᠭᠰᠢ ᠤᠳᠠᠭᠠᠨ | ᠴᠢᠨᠠᠷᠲᠠᠶ ᠡᠪᠡᠳᠴᠢᠨ ᠣᠯᠵᠤ ᠡᠮᠨᠡᠯᠭᠡ ᠳᠤ ᠰᠠᠭᠤᠵᠤ ᠡᠮᠨᠡᠭᠦᠯᠬᠦ ᠵᠢᠴᠢ ᠪᠤᠰᠤᠳ ᠡᠪᠡᠳᠴᠢᠨ ᠡᠮᠭᠡᠭ ᠢ ᠡᠮᠨᠡᠯᠭᠡ ᠳᠤ ᠰᠠᠭᠤᠯᠭᠠᠵᠤ ᠡᠮᠨᠡᠭᠦᠯᠦᠭᠰᠡᠨ᠂ ᠡᠮᠨᠡᠯᠭᠡ ᠶᠢᠨ | ᠳᠠᠭᠠᠳᠬᠠᠯ ᠪᠠ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭ᠎ᠠ᠂ ᠡᠮᠨᠡᠯᠭᠡ ᠶᠢᠨ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠣᠲᠣᠷ᠎ᠠ ᠨᠡᠶᠢᠲᠡ 10000 ᠲᠥᠭᠦᠷᠢᠭ ︵ᠪᠠᠭᠲᠠᠨ᠎ᠠ︶ ᠠᠴᠠ ᠳᠡᠭᠡᠭᠰᠢᠬᠢ ᠬᠤᠪᠢ ᠬᠥᠮᠦᠨ ᠤ ᠥᠭᠬᠦ ᠬᠡᠰᠡᠭ ᠲᠤ ᠬᠠᠷᠢᠶᠠᠯᠠᠭᠳᠠᠬᠤ | ᠡᠮ ᠡᠮᠨᠡᠯᠭᠡ ᠶᠢᠨ ᠵᠠᠷᠤᠳᠠᠯ ᠪᠣᠯᠤᠨ᠎ᠠ᠃ 20% ᠪᠠᠷ ᠬᠠᠰᠤᠵᠤ᠂ ᠬᠠᠮᠤᠭ ᠤᠨ ᠥᠨᠳᠥᠷ ᠲᠡᠭᠡᠨ 5000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ | ︵3︶ ᠬᠤᠪᠢ ᠬᠥᠮᠦᠨ ᠤ ᠡᠮᠨᠡᠯᠭᠡ ᠳᠤ ᠰᠠᠭᠤᠭᠰᠠᠨ ᠤ ᠨᠡᠶᠢᠲᠡ ᠥᠪᠡᠷ ᠢᠶᠠᠨ ᠲᠤᠰᠢᠶᠠᠭᠰᠠᠨ ᠬᠡᠰᠡᠭ ᠡᠮ ᠡᠮᠨᠡᠯᠭᠡ ᠶᠢᠨ ᠵᠠᠷᠤᠳᠠᠯ ᠠᠴᠠ ᠡᠮᠴᠢᠯᠡᠭᠡᠨ ᠤ | ᠠᠪᠤᠷᠠᠨ ᠲᠤᠰᠠᠯᠠᠯᠲᠠ ᠪᠤᠶᠤ ᠪᠤᠰᠤᠳ ᠰᠠᠯᠠᠭ᠎ᠠ ᠮᠥᠴᠢᠷ ᠤᠨ ᠳᠠᠬᠢᠨᠲᠠ ᠳᠠᠩᠰᠠ ᠲᠠᠶᠢᠯᠤᠭᠰᠠᠨ ᠵᠣᠭᠤᠰ ᠤᠨ ᠲᠤᠭ᠎ᠠ ᠶᠢ ᠬᠠᠰᠤᠨ᠎ᠠ᠃ | ︵4︶ ᠣᠨᠴᠠᠭᠠᠢ ᠰᠢᠯᠲᠠᠭᠠᠨ ᠠᠴᠠ ᠪᠣᠯᠵᠤ ᠡᠮ ᠡᠮᠨᠡᠯᠭᠡ ᠶᠢᠨ ᠵᠠᠷᠤᠳᠠᠯ ᠢᠶᠠᠨ ᠳᠠᠩᠰᠠᠨ ᠠᠴᠠ ᠲᠠᠶᠢᠯᠤᠭᠰᠠᠨ ᠦᠭᠡᠢ ᠪᠠᠶᠢᠪᠠᠯ ᠰᠢᠶᠠᠨ ᠤ ᠱᠠᠲᠤ ᠵᠢᠴᠢ | ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠬᠢᠵᠦ ᠥᠭᠭᠦᠭᠰᠡᠨ ᠣᠨᠣᠰᠢᠯᠠᠭᠰᠠᠨ ᠭᠡᠷᠡᠴᠢ᠂ ᠡᠮᠨᠡᠯᠭᠡ ᠳᠤ ᠰᠠᠭᠤᠵᠤ ᠡᠮᠨᠡᠭᠦᠯᠦᠭᠰᠡᠨ ᠡᠪᠡᠳᠴᠢᠨ ᠤ | ᠥᠩᠭᠡᠷᠡᠯᠲᠡ ᠶᠢᠨ ᠠᠩᠬᠠᠨ ᠤ ᠬᠠᠭᠤᠳᠠᠰᠤᠨ ᠤ ᠪᠠᠭᠤᠯᠭᠠᠪᠤᠷᠢ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠳᠠᠷᠤᠨ᠎ᠠ︶ ᠵᠢᠴᠢ ᠡᠮ ᠡᠮᠨᠡᠯᠭᠡ ᠶᠢᠨ | ᠵᠠᠷᠤᠳᠠᠯ ᠤᠨ ᠪᠠᠭᠤᠯᠭᠠᠪᠤᠷᠢ ᠶᠢ ᠬᠠᠩᠭᠠᠵᠤ᠂ ᠡᠮ ᠡᠮᠨᠡᠯᠭᠡ ᠶᠢᠨ ᠵᠠᠷᠤᠳᠠᠯ ᠤᠨ ᠶᠡᠷᠦᠩᠬᠡᠶ ᠲᠣᠭᠠᠨ ᠤ 20% ᠪᠠᠷ ᠬᠡᠷ ᠪᠦᠯᠢ ᠶᠢᠨ ᠵᠠᠷᠤᠯᠭ᠎ᠠ ᠪᠠᠷ ᠬᠠᠰᠤᠵᠤ | ᠬᠠᠰᠤᠭᠰᠠᠨ ᠲᠤᠭ᠎ᠠ ᠪᠣᠯᠭᠠᠨ᠎ᠠ᠃ | 2᠂ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠨᠢ ᠭᠡᠷ ᠪᠦᠯᠢ ᠶᠢᠨ ᠵᠠᠪᠠᠯ ᠬᠡᠷᠡᠭᠰᠡᠬᠦ ᠴᠢᠨᠠᠷᠲᠠᠢ ᠵᠠᠷᠤᠯᠭ᠎ᠠ ᠶᠢᠨ ᠨᠥᠬᠦᠴᠡᠯ | ᠪᠣᠯᠤᠨ᠎ᠠ᠄ | ᠡᠭᠦᠨ ᠤ ᠬᠠᠮᠲᠤ ᠰᠤᠷᠭᠠᠭᠤᠯᠢ ᠳᠤ ᠪᠠᠶᠢᠭ᠎ᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠠ ᠶᠡᠭᠡ ᠰᠤᠷᠭᠠᠭᠤᠯᠢ ᠶᠢᠨ ᠣᠶᠤᠲᠠᠨ ᠪᠤᠶᠤ | ᠲᠡᠭᠦᠨ ᠠᠴᠠ ᠳᠡᠭᠡᠭᠰᠢ ᠬᠤᠶᠠᠷ ᠣᠶᠤᠲᠠᠨ ᠤ ᠭᠡᠷ ᠪᠦᠯᠢ ᠲᠠᠢ ᠪᠠᠶᠢᠳᠠᠭ᠃ ᠵᠢᠯ ᠪᠦᠷᠢ 6000 ᠲᠥᠭᠦᠷᠢᠭ ᠢᠶᠠᠷ ᠭᠡᠷ ᠪᠦᠯᠢ ᠶᠢᠨ ᠲᠣᠭᠠᠴᠠᠭ᠎ᠠ ᠬᠢᠭᠰᠡᠨ | ᠣᠷᠣᠯᠭ᠎ᠠ ᠶᠢ ᠬᠠᠰᠤᠨ᠎ᠠ᠃ | ︵ᠬᠤᠶᠠᠷ︶ ᠲᠡᠷᠭᠡᠨ ᠠᠳᠡᠯ ︵ᠬᠠᠷᠢᠭᠤᠴᠠᠯᠭ᠎ᠠ ᠲᠠᠢ ᠬᠥᠮᠦᠨ︶᠂ ᠬᠤᠣᠷ ᠲᠠᠲᠠᠭᠰᠠᠨ᠂ ᠪᠡᠶ᠎ᠡ ᠪᠠᠨ ᠵᠡᠮᠳᠡᠭ ᠪᠣᠯᠭᠠᠭᠰᠠᠨ ᠵᠡᠷᠭᠡ ᠪᠠᠶᠢᠳᠠᠯ᠂ ᠡᠮ | ᠡᠮᠨᠡᠯᠭᠡ ᠶᠢᠨ ᠳᠠᠭᠠᠳᠬᠠᠯ ᠪᠤᠶᠤ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠳᠠᠩᠰᠠ ᠳᠡᠶᠢᠯᠦᠭᠰᠡᠨ ᠦᠭᠡᠢ ᠡᠮ ᠡᠮᠨᠡᠯᠭᠡ ᠶᠢᠨ ᠵᠠᠷᠤᠳᠠᠯ ᠢ ᠭᠡᠷ ᠪᠦᠯᠢ ᠶᠢᠨ | ᠬᠠᠰᠤᠵᠤ ᠬᠠᠰᠤᠬᠤ ᠬᠡᠪᠴᠢᠶᠡᠨ ᠳᠤ ᠣᠷᠣᠭᠤᠯᠬᠤ ᠦᠭᠡᠢ᠃ | ᠠᠷᠪᠠᠨ ᠨᠠᠢᠮᠠᠳᠤᠭᠠᠷ ᠵᠦᠶᠯ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠪᠣᠳᠣᠨ᠎ᠠ᠃ | ᠭᠡᠷ ᠪᠦᠯᠢ ᠶᠢᠨ ᠣᠷᠣᠯᠭ᠎ᠠ ᠨᠢ ᠨᠡᠶᠢᠯᠡᠭᠡᠳ = ᠡᠵᠡᠩᠨᠡᠯᠲᠡ ᠶᠢᠨ ᠴᠢᠨᠠᠷᠲᠠᠶ ᠣᠷᠣᠯᠭ᠎ᠠ + ᠴᠠᠯᠢᠩ ᠤᠨ ᠴᠢᠨᠠᠷᠲᠠᠶ ᠣᠷᠣᠯᠭ᠎ᠠ + ᠡᠳ᠋ ᠬᠥᠷᠥᠩᠭᠡ ᠶᠢᠨ | ᠴᠢᠨᠠᠷᠲᠠᠶ ᠣᠷᠣᠯᠭ᠎ᠠ + ᠰᠢᠯᠵᠢᠯᠲᠡ ᠶᠢᠨ ᠴᠢᠨᠠᠷᠲᠠᠶ ᠣᠷᠣᠯᠭ᠎ᠠ ᠪᠣᠯᠤᠨ᠎ᠠ᠃ | ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ = ︵ᠭᠡᠷ ᠪᠦᠯᠢ ᠶᠢᠨ ᠣᠷᠣᠯᠭ᠎ᠠ ᠨᠡᠶᠢᠲᠡ — ᠭᠡᠷ ᠪᠦᠯᠢ ᠶᠢᠨ ᠲᠣᠭᠠᠴᠠᠭ᠎ᠠ ᠬᠢᠬᠦ | ᠣᠷᠣᠯᠭ᠎ᠠ ᠶᠢᠨ ᠵᠣᠭᠤᠰᠣᠨ ᠤ ᠲᠤᠭ᠎ᠠ — ᠭᠡᠷ ᠪᠦᠯᠢ ᠶᠢᠨ ᠵᠦᠶ ᠵᠣᠬᠢᠰᠲᠠᠶ ᠴᠢᠨᠠᠷᠲᠠᠢ ᠵᠠᠷᠤᠯᠭ᠎ᠠ ᠶᠢᠨ ᠵᠣᠭᠤᠰᠣᠨ ᠤ ᠲᠤᠭ᠎ᠠ︶ / ᠭᠡᠷ ᠪᠦᠯᠢ ᠶᠢᠨ ᠬᠥᠮᠦᠨ ᠠᠮᠠ | ︵ᠬᠥᠳᠡᠭᠡ ᠲᠣᠰᠬᠤᠨ ᠤ ᠲᠣᠭᠠᠴᠠᠭ᠎ᠠ ᠬᠢᠬᠦ ᠪᠠᠷᠢᠮᠵᠢᠶ᠎ᠠ ᠪᠣᠯ ᠵᠢᠯ ᠪᠣᠯᠤᠨ᠎ᠠ᠃ ᠬᠤᠲᠠ ᠪᠠᠯᠭᠠᠰᠤ ᠪᠠᠷ ᠰᠠᠷ᠎ᠠ ᠪᠤᠯᠭᠠᠨ᠎ᠠ︶᠃ | ᠠᠷᠪᠠ ᠶᠢᠰᠦᠳᠦᠭᠡᠷ ᠵᠦᠶᠯ ᠳᠣᠤᠷᠠᠬᠢ ᠮᠡᠲᠦ ᠠᠭᠤᠯᠭ᠎ᠠ ᠶᠢ ᠭᠡᠷ ᠪᠦᠯᠢ ᠶᠢᠨ ᠣᠷᠣᠯᠭ᠎ᠠ ᠳᠤ ᠪᠣᠳᠣᠵᠤ ᠣᠷᠣᠭᠤᠯᠬᠤ ᠦᠭᠡᠢ᠃ | ︵ᠨᠢᠭᠡ︶ ᠠᠰᠠᠷᠠᠨ ᠬᠠᠷᠠᠭᠠᠯᠵᠠᠬᠤ ᠡᠲᠡᠭᠡᠳ ᠤᠨ ᠤᠯᠤᠰ ᠠᠴᠠ ᠲᠣᠭᠲᠠᠭᠠᠯ ᠶᠣᠰᠣᠭᠠᠷ ᠠᠰᠠᠷᠠᠨ ᠬᠠᠷᠠᠭᠠᠯᠵᠠᠬᠤ ᠬᠠᠷᠠᠭᠠᠯᠵᠠᠯ ᠬᠦᠷᠲᠡᠵᠦ᠂ ᠠᠯᠪᠠᠨ | ᠵᠢᠷᠤᠮ ᠤᠨ ᠴᠡᠷᠢᠭ ᠤᠨ ᠴᠡᠷᠢᠭ ᠠᠴᠠ ᠪᠠᠭᠤᠭᠰᠠᠨ ᠵᠠᠷᠤᠳᠠᠯ᠃ | ︵ᠬᠤᠶᠠᠷ︶ ᠦᠨᠡᠨ ᠶᠣᠰᠣᠨ ᠤ ᠲᠥᠯᠥᠭᠡ ᠡᠷᠡᠯᠬᠡᠭ ᠢᠶᠠᠷ ᠲᠡᠮᠡᠴᠡᠭᠰᠡᠨ ᠬᠥᠮᠦᠰ ᠤᠨ ᠣᠯᠤᠭᠰᠠᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ᠃ | ᠮᠤᠵᠢ ᠶᠢᠨ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠤ ᠳᠠᠷᠠᠭᠠᠬᠢ ᠢᠷᠠᠭᠤ ᠠᠯᠳᠠᠷ ᠤᠨ ᠨᠡᠮᠡᠭᠦᠷᠢ | ᠮᠥᠩᠭᠦ ᠬᠦᠷᠲᠡᠨ᠎ᠡ᠃ | ︵ᠭᠤᠷᠪᠠ︶ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠣᠯᠤᠭᠰᠠᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠬᠦᠴᠢᠷᠳᠡᠯ ᠤᠨ ᠲᠤᠰᠠᠯᠠᠮᠵᠢ ᠶᠢᠨ | ᠮᠥᠩᠭᠦ᠃ | ︵ᠳᠦᠷᠪᠡ︶ ᠡᠯ᠎ᠡ ᠱᠠᠲᠤᠨ ᠤ ᠵᠠᠰᠠᠭ ᠤᠨ ᠣᠷᠳᠣᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠯᠭᠤᠭᠰᠠᠨ ᠲᠦᠷ ᠴᠠᠭ ᠤᠨ ᠴᠢᠨᠠᠷᠲᠠᠶ ᠠᠪᠤᠷᠠᠨ | ᠲᠤᠰᠠᠯᠠᠬᠤ ᠵᠣᠭᠤᠰ ᠮᠥᠩᠭᠦ ᠡᠳ᠋ ᠪᠣᠳᠠᠰ᠃ | ︵ᠲᠠᠪᠤ︶ ᠨᠢᠭᠡ ᠯᠡ ᠤᠳᠠᠭ᠎ᠠ ᠶᠢᠨ ᠴᠢᠨᠠᠷᠲᠠᠶ ᠠᠰᠠᠷᠠᠮᠵᠢ ᠶᠢᠨ ᠮᠥᠩᠭᠦ᠂ ᠣᠷᠣᠰᠢᠭᠤᠯᠬᠤ ᠵᠠᠷᠤᠳᠠᠯ᠃ | ︵ᠵᠢᠷᠭᠤᠭ᠎ᠠ︶ ᠬᠥᠮᠦᠨ ᠤ ᠪᠡᠶ᠎ᠡ ᠶᠢᠨ ᠬᠤᠬᠢᠷᠠᠯ ᠤᠨ ᠲᠥᠯᠥᠪᠦᠷᠢ ᠶᠢᠨ ᠮᠥᠩᠭᠦ ᠳᠠᠬᠢ ᠡᠮᠨᠡᠯᠭᠡ ᠶᠢᠨ ᠵᠠᠷᠤᠳᠠᠯ᠂ ᠰᠤᠪᠢᠯᠠᠯᠲᠠ ᠶᠢᠨ ᠵᠠᠷᠤᠳᠠᠯ᠂ ᠵᠠᠮ | ᠬᠠᠷᠢᠯᠴᠠᠭᠠᠨ ᠤ ᠵᠠᠷᠤᠳᠠᠯ᠂ ᠬᠤᠨᠤᠭ ᠤᠨ ᠵᠠᠷᠤᠳᠠᠯ᠂ ᠡᠮᠨᠡᠯᠭᠡ ᠳᠤ ᠰᠠᠭᠤᠬᠤ ᠬᠤᠭᠤᠯᠠᠨ ᠤ ᠨᠥᠬᠦᠪᠥᠷᠢ ᠵᠠᠷᠤᠳᠠᠯ᠂ ᠰᠢᠮ᠎ᠡ ᠲᠡᠵᠢᠭᠡᠯ ᠤᠨ ᠵᠠᠷᠤᠳᠠᠯ᠂ ᠵᠡᠮᠳᠡᠭ ᠤᠨ | ᠲᠤᠰᠠᠯᠠᠬᠤ ᠪᠠᠭᠠᠵᠢ ᠬᠡᠷᠡᠭᠰᠡᠯ ᠤᠨ ᠵᠠᠷᠤᠳᠠᠯ᠂ ᠡᠷᠡᠭᠦᠯᠵᠢᠭᠦᠯᠬᠦ ᠵᠠᠷᠤᠳᠠᠯ᠂ ᠦᠷᠭᠦᠯᠵᠢᠯᠡᠨ ᠡᠮᠨᠡᠭᠦᠯᠬᠦ ᠵᠠᠷᠤᠳᠠᠯ᠃ | ︵ᠳᠣᠯᠤᠭ᠎ᠠ︶ ᠠᠵᠢᠯᠴᠢᠨ ︵ᠠᠯᠪᠠᠨ︶ ᠭᠡᠮᠲᠦᠭᠰᠡᠨ ᠠᠵᠢᠯᠲᠠᠨ ᠠᠵᠢᠯᠴᠢᠨ ᠤ ᠰᠠᠷ᠎ᠠ ᠰᠠᠷ᠎ᠠ ᠪᠠᠷ ᠠᠪᠤᠭᠰᠠᠨ ᠠᠵᠢᠯ ᠢᠶᠠᠨ ᠵᠣᠭᠰᠣᠭᠠᠵᠤ ᠴᠠᠯᠢᠩ ᠢᠶᠠᠨ | ᠦᠯᠡᠳᠡᠭᠡᠬᠦ ᠴᠠᠯᠢᠩ ᠠᠰᠠᠷᠠᠮᠵᠢ᠂ ᠵᠡᠮᠳᠡᠭ ᠤᠨ ᠨᠡᠮᠡᠭᠦᠷᠢ ᠮᠥᠩᠭᠦ ᠠᠴᠠ ᠭᠠᠳᠠᠨᠠᠬᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠥᠩᠭᠦ᠃ ᠠᠵᠢᠯ ᠠᠴᠠ | ᠪᠣᠯᠵᠤ ᠦᠬᠦᠭᠰᠡᠨ ᠠᠵᠢᠯᠲᠠᠨ ᠠᠵᠢᠯᠴᠢᠨ ᠤ ᠲᠥᠷᠥᠯ ᠰᠠᠳᠤᠨ ᠢᠶᠠᠨ ᠠᠰᠠᠷᠠᠨ ᠲᠡᠵᠢᠭᠡᠬᠦ ᠠᠰᠠᠷᠠᠮᠵᠢ ᠶᠢᠨ ᠮᠥᠩᠭᠦ ᠠᠴᠠ ᠭᠠᠳᠠᠨᠠᠬᠢ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠤᠨ ᠮᠥᠩᠭᠦ᠃ | ︵ᠨᠠᠢᠮᠠ︶ ᠡᠮᠨᠡᠯᠭᠡ ᠶᠢᠨ ᠳᠠᠭᠠᠳᠬᠠᠯ ᠤᠨ ᠣᠯᠭᠤᠮᠵᠢ ᠲᠠᠬᠢ ᠬᠤᠪᠢ ᠬᠥᠮᠦᠨ ᠤ ᠲᠠᠩᠰᠠᠨ ᠡᠷᠥᠭᠡ ᠶᠢᠨ ᠡᠮᠨᠡᠯᠭᠡ ᠶᠢᠨ ᠳᠠᠭᠠᠳᠬᠠᠯ ᠤᠨ ᠮᠥᠩᠭᠦ᠂ | ᠡᠮᠨᠡᠯᠭᠡ ᠳᠤ ᠰᠠᠭᠤᠬᠤ ᠵᠢᠴᠢ ᠡᠭᠦᠳᠡᠨ ᠡᠮᠨᠡᠯᠭᠡ ᠶᠢᠨ ᠳᠠᠩᠰᠠ ᠲᠠᠶᠢᠯᠬᠤ ᠡᠮᠴᠢᠯᠡᠭᠡᠨ ᠤ ᠵᠠᠷᠤᠳᠠᠯ᠂ ᠡᠮᠴᠢᠯᠡᠭᠡᠨ ᠤ ᠲᠤᠰᠠᠯᠠᠮᠵᠢ ᠶᠢᠨ ᠵᠠᠷᠤᠳᠠᠯ᠃ | ︵ᠶᠢᠰᠦ︶ ᠲᠥᠯᠥᠪᠯᠡᠭᠡᠲᠦ ᠦᠷᠡᠵᠢᠯ ᠤᠨ ᠱᠠᠩᠨᠠᠯ ᠤᠨ ᠮᠥᠩᠭᠦ ᠳᠤ ᠰᠠᠷ᠎ᠠ ᠰᠠᠷ᠎ᠠ ᠪᠠᠷ ᠠᠪᠤᠭᠰᠠᠨ ᠦᠷᠡᠵᠢᠯ ᠤᠨ ᠳᠠᠭᠠᠳᠬᠠᠯ ᠤᠨ ᠨᠡᠮᠡᠭᠦᠷᠢ ᠠᠴᠠ ᠭᠠᠳᠠᠨᠠᠬᠢ | ᠦᠷᠡᠵᠢᠯ ᠤᠨ ᠡᠮᠴᠢᠯᠡᠭᠡᠨ ᠤ ᠵᠠᠷᠤᠳᠠᠯ᠃ | ︵ᠠᠷᠪᠠ︶ ᠥᠨᠳᠥᠷ ᠨᠠᠰᠤᠲᠠᠶ ᠨᠠᠰᠤᠲᠠᠨ ᠤ ᠬᠦᠷᠲᠡᠬᠦ ᠨᠠᠰᠤᠵᠢᠯ ᠤᠨ ᠨᠡᠮᠡᠭᠦᠷᠢ ᠮᠥᠩᠭᠦ | ︵ᠠᠷᠪᠠᠨ ᠨᠢᠭᠡ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ᠃ | ︵ᠠᠷᠪᠠᠨ ᠬᠤᠶᠠᠷ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠭᠡᠷ ᠪᠦᠯᠢ ᠶᠢᠨ ᠤᠷᠤᠯᠭ᠎ᠠ ᠳᠤ ᠪᠣᠳᠣᠵᠤ ᠣᠷᠣᠭᠤᠯᠬᠤ | ᠦᠭᠡᠢ ᠪᠣᠯ ᠵᠣᠬᠢᠬᠤ ᠪᠤᠰᠤᠳ ᠲᠥᠷᠥᠯ ᠵᠦᠶᠯ᠃ | ᠳᠥᠷᠪᠡᠳᠦᠭᠡᠷ ᠪᠦᠯᠦᠭ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠪᠠᠶᠢᠴᠠᠭᠠᠬᠤ | ᠬᠤᠷᠢᠳᠤᠭᠠᠷ ᠵᠦᠶᠯ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠪᠠᠶᠢᠴᠠᠭᠠᠬᠤ ᠬᠡᠪᠴᠢᠶ᠎ᠡ ᠳᠤ ᠭᠤᠶᠤᠴᠢᠯᠠᠭᠴᠢ᠂ ᠭᠡᠷ ᠪᠦᠯᠢ ᠶᠢᠨ | ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠠᠰᠠᠷᠠᠬᠤ᠂ ᠲᠡᠳᠭᠦᠬᠦ︶ ᠲᠡᠵᠢᠭᠡᠭᠴᠢ ᠶᠢᠨ ᠡᠵᠡᠮᠰᠢᠵᠦ ᠪᠣᠯᠬᠤ ᠪᠦᠬᠦ ᠣᠷᠣᠯᠭ᠎ᠠ ᠪᠣᠯᠤᠨ | ᠭᠡᠷ ᠪᠦᠯᠢ ᠶᠢᠨ ᠡᠳ᠋ ᠬᠥᠷᠥᠩᠭᠡ ᠵᠡᠷᠭᠡ ᠪᠠᠶᠢᠳᠠᠯ ᠪᠠᠭᠲᠠᠨ᠎ᠠ᠃ | ᠬᠤᠷᠢᠨ ᠨᠢᠭᠡᠳᠦᠭᠡᠷ ᠵᠦᠢᠯ ᠭᠤᠶᠤᠴᠢᠯᠠᠭᠴᠢ᠂ ᠬᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠬᠤ᠂ ᠲᠡᠳᠭᠦᠬᠦ︶ | ᠲᠡᠵᠢᠭᠡᠭᠴᠢ ᠡᠷᠬᠡᠪᠰᠢ ᠳᠣᠤᠷᠠᠬᠢ ᠡᠭᠦᠷᠭᠡ ᠶᠢ ᠭᠦᠶᠴᠡᠳᠬᠡᠬᠦ ᠬᠡᠷᠡᠭᠲᠡᠶ᠄ | ︵ᠨᠢᠭᠡ︶ ᠬᠠᠮᠢᠶ᠎ᠠ ᠪᠦᠬᠦᠢ ᠮᠠᠲ᠋ᠧᠷᠢᠶᠠᠯ ᠢ ᠲᠣᠭᠲᠠᠭᠠᠯ ᠶᠣᠰᠣᠭᠠᠷ ᠲᠤᠰᠢᠶᠠᠬᠤ ᠬᠡᠷᠡᠭᠲᠡᠶ᠃ | ︵ᠬᠤᠶᠠᠷ︶ ᠭᠡᠷ ᠪᠦᠯᠢ ᠶᠢᠨ ᠣᠷᠣᠯᠭ᠎ᠠ ᠪᠣᠯᠤᠨ ᠡᠳ᠋ ᠬᠥᠷᠥᠩᠭᠡ ᠶᠢᠨ ᠪᠠᠶᠢᠳᠠᠯ ᠢᠶᠠᠨ ᠪᠢᠴᠢᠭ ᠢᠶᠠᠷ ᠢᠯᠡᠷᠬᠡᠶᠢᠯᠡᠬᠦ ᠶᠢᠨ ᠬᠠᠮᠲᠤ ᠭᠠᠷ ᠤᠨ ᠦᠰᠦᠭ ᠵᠢᠷᠤᠵᠤ | ᠨᠤᠲᠠᠯᠠᠬᠤ ᠬᠡᠷᠡᠭᠲᠡᠶ᠃ | ︵ᠭᠤᠷᠪᠠ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠪᠠᠶᠢᠴᠠᠭᠠᠬᠤ ᠡᠷᠬᠡ ᠣᠯᠭᠤᠬᠤ ᠬᠠᠮᠢᠶ᠎ᠠ ᠪᠦᠬᠦᠢ ᠭᠠᠷᠳᠠᠮ ᠢ ᠭᠦᠶᠴᠡᠳᠬᠡᠬᠦ ᠬᠡᠷᠡᠭᠲᠡᠶ᠃ | ︵ᠲᠦᠷᠪᠡ︶ ᠠᠮᠠᠯᠠᠯᠲᠠ ᠶᠢᠨ ᠬᠠᠩᠭᠠᠭᠰᠠᠨ ᠮᠡᠳᠡᠭᠡ ᠵᠠᠩᠭᠢ ᠨᠢ ᠦᠨᠡᠨ ᠪᠣᠳᠠᠲᠠᠶ᠂ ᠪᠦᠷᠢᠨ ᠪᠦᠲᠦᠨ ᠪᠠᠶᠢᠬᠤ᠃ | ︵ᠲᠠᠪᠤ︶ ᠬᠤᠪᠢ ᠬᠥᠮᠦᠨ ᠤ ᠢᠲᠡᠭᠡᠮᠵᠢ ᠵᠢᠴᠢ ᠦᠢᠯᠡ ᠠᠵᠢᠯᠯᠠᠭ᠎ᠠ ᠶᠢᠨ ᠪᠠᠷᠢᠮᠵᠢᠶ᠎ᠠ ᠨᠢ ᠱᠠᠭᠠᠷᠳᠠᠯᠭ᠎ᠠ ᠳᠤ ᠨᠡᠶᠢᠴᠡᠨ᠎ᠡ ᠭᠡᠵᠦ ᠠᠮᠠᠯᠳᠠᠭᠰᠠᠨ ᠪᠠᠶᠢᠬᠤ | ᠬᠡᠷᠡᠭᠲᠡᠶ᠃ | ᠬᠤᠷᠢᠨ ᠬᠤᠶᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ᠂ ᠭᠤᠶᠤᠴᠢᠯᠠᠨ ᠮᠡᠳᠡᠭᠦᠯᠬᠦ ᠠᠴᠠ ᠡᠮᠦᠨ᠎ᠡ 2 | ᠵᠢᠯ ᠤᠨ ᠳᠣᠲᠣᠷᠠᠬᠢ ᠭᠡᠷ ᠪᠦᠯᠢ ᠶᠢᠨ ᠪᠦᠷᠢᠯᠳᠦᠬᠦᠨ ᠤ ᠦᠨᠡᠨᠴᠢ ᠢᠲᠡᠭᠡᠮᠵᠢ ᠶᠢᠨ ᠲᠡᠮᠳᠡᠭᠯᠡᠯ ᠨᠢ ᠡᠷᠬᠡᠪᠰᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ | ᠬᠡᠷᠡᠭᠲᠡᠶ᠄ | ︵ᠨᠢᠭᠡ︶ ᠳᠤᠮᠳᠠᠳᠤ ᠤᠯᠤᠰ ᠤᠨ ᠠᠷᠠᠳ ᠤᠨ ᠪᠠᠩᠬᠢ ᠳᠤ ᠢᠲᠡᠭᠡᠮᠵᠢ ᠮᠠᠭᠤᠲᠠᠶ ᠲᠡᠮᠳᠡᠭᠯᠡᠯ ᠪᠠᠶᠢᠬᠤ ᠦᠭᠡᠢ᠃ | ︵ᠬᠤᠶᠠᠷ︶ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠦᠭᠡᠶ ᠬᠥᠮᠦᠰ ᠤᠨ ᠨᠡᠷᠡᠰ ᠲᠤ ᠲᠡᠮᠳᠡᠭᠯᠡᠯ ᠦᠭᠡᠶ᠃ | ︵ᠭᠤᠷᠪᠠ︶ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠰᠢᠰᠲ᠋ᠧᠮ ᠳᠤ ᠪᠠᠷᠢᠮᠵᠢᠶ᠎ᠠ ᠠᠴᠠ ᠬᠡᠲᠤᠷᠡᠭᠰᠡᠨ ᠲᠡᠮᠳᠡᠭᠯᠡᠯ ᠪᠠᠶᠢᠬᠤ ᠦᠭᠡᠢ᠃ | ︵ᠳᠥᠷᠪᠡ︶ ᠡᠷᠦᠬᠡ ᠠᠮᠠ ᠶᠢᠨ ᠳᠠᠩᠰᠠ᠂ ᠭᠡᠷ ᠪᠦᠯᠢ ᠶᠢᠨ ᠣᠷᠣᠯᠭ᠎ᠠ᠂ ᠭᠡᠷ ᠪᠦᠯᠢ ᠶᠢᠨ ᠡᠳ᠋ ᠬᠥᠷᠥᠩᠭᠡ ᠶᠢ ᠵᠣᠷᠢᠭᠤᠳᠠ ᠨᠢᠭᠤᠭᠰᠠᠨ ᠲᠡᠮᠳᠡᠭᠯᠡᠯ ᠦᠭᠡᠶ᠃ | | ︵ᠲᠠᠪᠤ︶ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠬᠤ᠂ ᠲᠡᠳᠬᠦᠬᠦ︶ ᠲᠡᠵᠢᠭᠡᠭᠴᠢ ᠶᠢ ᠵᠣᠷᠢᠭᠤᠳᠠ ᠨᠢᠭᠤᠭᠰᠠᠨ ᠦᠭᠡᠢ ᠪᠠᠶᠢᠳᠠᠯ᠃ | ᠬᠤᠷᠢᠨ ᠭᠤᠷᠪᠠᠳᠤᠭᠠᠷ ᠵᠦᠶᠯ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠢᠭᠤᠭᠤᠯᠵᠦ᠂ ᠨᠥᠬᠦᠴᠡᠯ ᠳᠤ ᠨᠡᠶᠢᠴᠡᠬᠦ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠳᠡᠰ ᠳᠠᠷᠠᠭᠠᠯᠠᠯ ᠤᠨ ᠶᠣᠰᠣᠭᠠᠷ ᠡᠷᠦᠬᠡ ᠳᠤ | ᠬᠦᠷᠴᠦ ᠪᠠᠶᠢᠴᠠᠭᠠᠯᠲᠠ ᠬᠢᠬᠦ ᠬᠡᠷᠡᠭᠲᠡᠶ᠃ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ | ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠶᠯ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ᠂ ᠲᠣᠰᠬᠤᠨ ᠤ ᠰᠠᠭᠤᠭᠠᠯᠢ ᠠᠷᠠᠳ ᠤᠨ ᠵᠥᠪᠯᠡᠯ ᠤᠨ | ᠬᠠᠪᠰᠤᠷᠤᠯᠭ᠎ᠠ ᠳᠣᠤᠷ᠎ᠠ᠂ ᠲᠣᠰᠬᠤᠨ ᠳᠤ ᠰᠠᠭᠤᠭ᠎ᠠ ᠺᠠᠳ᠋ᠷ᠂ ᠨᠡᠶᠢᠭᠡᠮ ᠲᠣᠭᠤᠷᠢᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠠᠵᠢᠯᠲᠠᠨ ᠵᠡᠷᠭᠡ | ᠠᠵᠢᠯᠲᠠᠨ ᠢ ᠵᠣᠬᠢᠶᠠᠨ ᠪᠠᠶᠢᠭᠤᠯᠵᠤ ᠭᠤᠶᠤᠴᠢᠯᠠᠭᠴᠢ ᠶᠢᠨ ᠭᠡᠷ ᠪᠦᠯᠢ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠠᠰᠠᠷᠠᠬᠤ᠂ ᠲᠡᠳᠬᠦᠬᠦ︶ | ᠲᠡᠵᠢᠭᠡᠭᠴᠢ ᠶᠢᠨ ᠠᠵᠤ ᠠᠬᠤᠢ ᠶᠢᠨ ᠪᠠᠶᠢᠳᠠᠯ ᠪᠠ ᠪᠣᠳᠠᠲᠠᠶ ᠠᠮᠢᠳᠤᠷᠠᠯ ᠤᠨ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠨ ᠬᠠᠷᠭᠤᠭᠤᠯᠬᠤ ᠬᠡᠷᠡᠭᠲᠡᠶ᠃ ᠳᠤᠭᠤᠶᠢᠯᠠᠩ | ᠪᠦᠷᠢ ᠳᠤ 2 ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠢ᠂ ᠡᠭᠦᠨ ᠳᠤ ᠠᠳᠠᠭ ᠲᠠᠭᠠᠨ ᠨᠢᠭᠡ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ | ᠲᠥᠪ ᠤᠨ ᠠᠵᠢᠯᠲᠠᠨ ᠪᠠᠶᠢᠬᠤ ᠬᠡᠷᠡᠭᠲᠡᠶ᠃ | ᠬᠤᠷᠢᠨ ᠲᠠᠪᠤᠳᠤᠭᠠᠷ ᠵᠦᠶᠯ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠪᠠ ᠪᠣᠳᠠᠲᠠᠶ ᠠᠮᠢᠳᠤᠷᠠᠯ ᠤᠨ ᠪᠠᠶᠢᠳᠠᠯ ᠢ | ᠪᠠᠶᠢᠴᠠᠭᠠᠬᠤ ᠳᠤ ᠳᠣᠤᠷᠠᠬᠢ ᠠᠷᠭ᠎ᠠ ᠮᠠᠶ᠋ᠢᠭ ᠢ ᠠᠪᠴᠤ ᠪᠣᠯᠤᠨ᠎ᠠ᠄ | ︵ᠨᠢᠭᠡ︶ ᠮᠡᠳᠡᠭᠡ ᠵᠠᠩᠭᠢ ᠶᠢ ᠬᠠᠷᠭᠤᠭᠤᠯᠬᠤ᠃ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠭᠤᠶᠤᠴᠢᠯᠠᠭᠴᠢ᠂ ᠭᠡᠷ | ᠪᠦᠯᠢ ᠶᠢᠨ ᠪᠦᠷᠢᠯᠳᠦᠭᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠠᠰᠠᠷᠠᠬᠤ᠂ ᠲᠡᠳᠬᠦᠬᠦ︶ ᠲᠡᠵᠢᠭᠡᠭᠴᠢ ᠶᠢᠨ ᠰᠠᠭᠤᠷᠢ ᠮᠡᠳᠡᠭᠡ ᠵᠠᠩᠭᠢ ᠶᠢ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠥᠪ ᠨᠢ | ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠲᠣᠭᠠᠨ ᠤ ᠠᠯᠪᠠᠨ ᠭᠡᠷ᠂ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ | ᠳᠠᠮᠵᠢᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ | ᠠᠰᠠᠷᠠᠬᠤ᠂ ᠲᠡᠳᠬᠦᠬᠦ︶ ᠬᠥᠮᠦᠨ ᠤ ᠡᠷᠦᠬᠡ ᠠᠮᠠ ᠶᠢᠨ ᠳᠠᠩᠰᠠ᠂ ᠲᠡᠷᠭᠡ ᠬᠥᠰᠬᠡ᠂ ᠨᠠᠰᠤᠵᠢᠯ ᠤᠨ ᠮᠥᠩᠭᠦ᠂ ᠣᠷᠣᠨ ᠰᠠᠭᠤᠴᠠ᠂ ᠬᠤᠪᠢ ᠶᠢᠨ ᠡᠵᠡᠩᠨᠡᠯᠲᠡ᠂ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢᠨ ᠣᠷᠣᠯᠭ᠎ᠠ ᠪᠣᠯᠤᠨ ᠡᠳ᠋ ᠬᠥᠷᠥᠩᠭᠡ ᠶᠢᠨ ᠮᠡᠳᠡᠭᠡ ᠵᠠᠩᠭᠢ ᠶᠢ ᠬᠢᠨᠠᠨ | ᠬᠠᠷᠭᠤᠭᠤᠯᠤᠨ᠎ᠠ᠃ ᠡᠭᠦᠨ ᠤ ᠬᠠᠮᠲᠤ ᠮᠡᠳᠡᠭᠡ ᠵᠠᠩᠭᠢ ᠶᠢ ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ ᠬᠠᠷᠭᠤᠭᠤᠯᠤᠭᠰᠠᠨ ᠮᠡᠳᠡᠭᠦᠯᠦᠯᠲᠡ ᠬᠢᠵᠦ ᠥᠭᠬᠦ ᠬᠡᠷᠡᠭᠲᠡᠶ | ᠃ | ︵ᠬᠤᠶᠠᠷ︶ ᠡᠷᠦᠬᠡ ᠳᠤ ᠬᠦᠷᠴᠦ ᠪᠠᠶᠢᠴᠠᠭᠠᠬᠤ᠃ ᠪᠠᠶᠢᠴᠠᠭᠠᠭᠴᠢ ᠠᠴᠠ ᠭᠤᠶᠤᠴᠢᠯᠠᠭᠴᠢ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ | ᠠᠰᠠᠷᠠᠨ ᠲᠡᠵᠢᠭᠡᠬᠦ᠂ ᠲᠡᠳᠬᠦᠨ ᠳᠡᠮᠵᠢᠬᠦ︶ ᠠᠴᠠ ᠲᠡᠳᠡᠨ ᠤ ᠬᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠪᠠ ᠢᠳᠡᠬᠦ᠂ ᠡᠮᠦᠰᠬᠦ᠂ ᠰᠠᠭᠤᠬᠤ᠂ | ᠬᠡᠷᠡᠭᠯᠡᠬᠦ ᠵᠡᠷᠭᠡ ᠪᠣᠳᠠᠲᠠᠶ ᠠᠮᠢᠳᠤᠷᠠᠯ ᠤᠨ ᠪᠠᠶᠢᠳᠠᠯ ᠢ ᠣᠶᠢᠯᠠᠭᠠᠨ᠎ᠠ᠃ ᠭᠤᠶᠤᠴᠢᠯᠠᠭᠴᠢ ᠶᠢᠨ ᠢᠯᠡᠷᠬᠡᠶᠢᠯᠡᠭᠰᠡᠨ ᠭᠡᠷ ᠪᠦᠯᠢ ᠶᠢᠨ ᠣᠷᠣᠯᠭ᠎ᠠ ᠪᠣᠯᠤᠨ ᠡᠳ᠋ | ᠬᠥᠷᠥᠩᠭᠡ ᠶᠢᠨ ᠪᠠᠶᠢᠳᠠᠯ ᠢ ᠦᠨᠳᠦᠰᠦᠯᠡᠨ᠂ ᠲᠡᠭᠦᠨ ᠤ ᠦᠨᠡᠨ ᠪᠣᠳᠠᠲᠤ ᠴᠢᠨᠠᠷ ᠪᠣᠯᠤᠨ ᠪᠦᠷᠢᠨ ᠪᠦᠲᠦᠨ ᠴᠢᠨᠠᠷ ᠢ ᠨᠢ ᠣᠶᠢᠯᠠᠭᠠᠬᠤ ᠬᠡᠷᠡᠭᠲᠡᠶ᠃ ᠡᠷᠦᠬᠡ ᠳᠤ | ᠣᠷᠣᠬᠤ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠠᠵᠢᠯᠲᠠᠨ ︽ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ ᠢ ᠬᠢᠨᠠᠨ ᠪᠠᠶᠢᠴᠠᠭᠠᠵᠤ ᠳᠠᠩᠰᠠᠯᠠᠬᠤ ᠬᠦᠰᠦᠨᠦᠭᠲᠦ︾ ᠶᠢ ᠲᠠᠭᠯᠠᠨ ᠪᠢᠴᠢᠬᠦ ᠶᠢᠨ ᠬᠠᠮᠲᠤ᠂ ᠪᠠᠶᠢᠴᠠᠭᠠᠬᠤ ᠠᠵᠢᠯᠲᠠᠨ ᠪᠣᠯᠤᠨ ᠭᠤᠶᠤᠴᠢᠯᠠᠭᠴᠢ ︵ | ᠪᠠᠶᠢᠴᠠᠭᠠᠭᠳᠠᠭᠴᠢ︶ ᠲᠣᠰ ᠲᠣᠰ ᠭᠠᠷ ᠤᠨ ᠦᠰᠦᠭ ᠵᠢᠷᠤᠬᠤ ᠬᠡᠷᠡᠭᠲᠡᠶ᠃ | ︵ᠭᠤᠷᠪᠠ︶ ᠬᠥᠷᠰᠢ ᠵᠡᠷᠭᠡᠯᠡᠳᠡᠭᠡ ᠪᠠᠷ ᠰᠤᠷᠪᠤᠯᠵᠢᠯᠠᠬᠤ᠃ ᠪᠠᠶᠢᠴᠠᠭᠠᠬᠤ ᠠᠵᠢᠯᠲᠠᠨ ᠭᠤᠶᠤᠴᠢᠯᠠᠭᠴᠢ ᠵᠢᠴᠢ ᠬᠠᠤᠯᠢ ᠪᠠᠷ ᠲᠣᠭᠲᠠᠭᠠᠭᠰᠠᠨ ᠠᠴᠢᠯᠠᠨ ︵ | ᠠᠰᠠᠷᠠᠨ᠂ ᠲᠡᠳᠬᠦᠨ︶ ᠲᠡᠵᠢᠭᠡᠭᠴᠢ ᠶᠢᠨ ᠪᠠᠶᠢᠭ᠎ᠠ ᠲᠣᠰᠬᠤᠨ ᠤ ︵ᠰᠠᠭᠤᠭᠠᠯᠢ︶ ᠠᠷᠠᠳ ᠤᠨ ᠵᠥᠪᠯᠡᠯ ᠪᠠ ᠨᠡᠶᠢᠭᠡᠮ ᠲᠣᠭᠤᠷᠢᠭ ᠲᠤ ᠬᠦᠷᠴᠦ᠂ ᠲᠡᠳᠡᠨ ᠤ ᠭᠡᠷ | ᠪᠦᠯᠢ ᠶᠢᠨ ᠣᠷᠣᠯᠭ᠎ᠠ᠂ ᠡᠳ᠋ ᠬᠥᠷᠥᠩᠭᠡ ᠪᠠ ᠪᠣᠳᠠᠲᠠᠶ ᠠᠮᠢᠳᠤᠷᠠᠯ ᠤᠨ ᠪᠠᠶᠢᠳᠠᠯ ᠢ ᠰᠣᠷᠪᠤᠵᠢᠯᠠᠨ ᠣᠶᠢᠯᠠᠭᠠᠪᠠ᠃ | ︵ᠳᠦᠷᠪᠡ︶ ᠵᠠᠬᠢᠳᠠᠯ ᠴᠢᠮᠡᠭᠡ ᠪᠠᠷ ᠭᠡᠷᠡᠴᠢ ᠠᠪᠬᠤ᠃ ᠪᠠᠶᠢᠴᠠᠭᠠᠬᠤ ᠠᠵᠢᠯᠲᠠᠨ ᠵᠠᠬᠢᠳᠠᠯ ᠤᠨ ᠬᠡᠯᠪᠡᠷᠢ ᠪᠠᠷ ᠬᠠᠮᠢᠶ᠎ᠠ ᠪᠦᠬᠦᠢ ᠨᠢᠭᠡᠴᠡ ᠪᠣᠯᠤᠨ ᠰᠠᠯᠠᠭ᠎ᠠ | ᠮᠥᠴᠢᠷ ᠠᠴᠠ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢ ᠠᠪᠬᠤ ᠬᠡᠷᠡᠭᠲᠡᠶ᠃ | ︵ᠲᠠᠪᠤ︶ ᠪᠤᠰᠤᠳ ᠪᠠᠶᠢᠴᠠᠭᠠᠬᠤ ᠠᠷᠭ᠎ᠠ ᠮᠠᠶ᠋ᠢᠭ᠃ | ᠬᠤᠷᠢᠨ ᠵᠢᠷᠭᠤᠳᠤᠭᠠᠷ ᠵᠦᠢᠯ ᠪᠤᠢ ᠪᠦᠬᠦᠢ ᠪᠠᠶᠢᠴᠠᠭᠠᠯᠲᠠ ᠶᠢᠨ ᠴᠠᠭᠠᠰᠤᠨ ᠮᠠᠲ᠋ᠧᠷᠢᠶᠠᠯ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠴᠥᠮ ᠳᠠᠩᠰᠠ | ᠡᠪᠬᠡᠮᠡᠯ ᠳᠤ ᠣᠷᠣᠭᠤᠯᠤᠨ ᠳᠠᠩᠰᠠᠯᠠᠭᠤᠯᠵᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠪᠠ ᠳᠡᠭᠡᠳᠦ ᠱᠠᠲᠤᠨ ᠤ ᠬᠢᠨᠠᠨ ᠵᠥᠪᠰᠢᠶᠡᠷᠡᠬᠦ᠂ ᠬᠠᠷᠢᠭᠤ ᠰᠤᠷᠪᠤᠯᠵᠢᠯᠠᠵᠦ | ᠰᠤᠭᠤᠴᠢᠨ ᠪᠠᠶᠢᠴᠠᠭᠠᠬᠤ ᠳᠤ ᠬᠡᠷᠡᠭᠯᠡᠭᠦᠯᠦᠨ᠎ᠡ᠃ | ᠬᠤᠷᠢᠨ ᠳᠣᠯᠣᠳᠤᠭᠠᠷ ᠵᠦᠶᠯ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠬᠤ᠂ ᠲᠡᠳᠬᠦᠬᠦ | ︶ ᠲᠡᠵᠢᠭᠡᠭᠴᠢ ᠨᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠮᠡᠳᠡᠭᠡ ᠵᠠᠩᠭᠢ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ | ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠬᠠᠩᠭᠠᠬᠤ ᠴᠢᠬᠤᠯᠠ ᠲᠠᠢ᠃ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠭᠤᠶᠤᠴᠢᠯᠠᠭᠴᠢ᠂ | ᠭᠡᠷ ᠪᠦᠯᠢ ᠶᠢᠨ ᠪᠦᠷᠢᠯᠳᠦᠭᠦᠨ ᠭᠤᠶᠤᠴᠢᠯᠠᠯᠲᠠ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠠᠰᠠᠷᠠᠬᠤ᠂ ᠲᠡᠳᠬᠦᠬᠦ︶ ᠲᠡᠵᠢᠭᠡᠭᠴᠢ ᠶᠢᠨ | ᠬᠠᠩᠭᠠᠭᠰᠠᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠤᠨ ᠭᠡᠷᠡᠴᠢᠯᠡᠬᠦ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠡᠭᠦᠨ ᠤ ᠬᠠᠮᠲᠤ ᠳᠠᠬᠢᠨ | ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | ᠬᠤᠷᠢᠨ ᠨᠠᠢᠮᠠᠳᠤᠭᠠᠷ ᠵᠦᠶᠯ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠭᠤᠶᠤᠴᠢᠯᠠᠭᠴᠢ᠂ ᠭᠡᠷ ᠪᠦᠯᠢ ᠶᠢᠨ | ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠠᠰᠠᠷᠠᠬᠤ᠂ ᠲᠡᠳᠬᠦᠬᠦ︶ ᠬᠥᠮᠦᠨ ᠢ ᠬᠦᠯᠢᠶᠡᠨ ᠠᠪᠤᠭᠰᠠᠨ ᠬᠠᠮᠢᠶ᠎ᠠ ᠪᠦᠬᠦᠢ ᠮᠠᠲ᠋ᠧᠷᠢᠶᠠᠯ ᠢ | 20 ᠠᠵᠢᠯᠯᠠᠬᠤ ᠡᠳᠦᠷ ᠤᠨ ᠲᠤᠲᠤᠷ᠎ᠠ ᠬᠠᠩᠭᠠᠬᠤ ᠬᠡᠷᠡᠭᠲᠡᠶ᠃ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠬᠠᠪᠰᠤᠷᠤᠯᠭ᠎ᠠ ᠶᠢᠨ ᠳᠣᠤᠷ᠎ᠠ᠂ | ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠠᠰᠠᠷᠠᠬᠤ᠂ ᠲᠡᠳᠬᠦᠬᠦ︶ ᠦᠷᠡᠵᠢᠭᠴᠢ ᠶᠢᠨ ᠭᠡᠷ | ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠭᠰᠠᠨ ᠦᠷ᠎ᠡ ᠳ᠋ᠦᠡᠭ ᠳᠤ ᠣᠷᠣᠰᠢᠵᠤ ᠪᠠᠶᠢᠭ᠎ᠠ ᠣᠨᠳᠣᠤ ᠰᠠᠨᠠᠯ ᠤᠨ ᠬᠡᠰᠡᠭ ᠵᠢᠴᠢ ᠳᠠᠬᠢᠨ ᠬᠠᠩᠭᠠᠭᠰᠠᠨ | ᠮᠠᠲ᠋ᠧᠷᠢᠶᠠᠯ ᠳᠤ ᠳᠠᠬᠢᠨ ᠪᠠᠶᠢᠴᠠᠭᠠᠯᠲᠠ ᠬᠢᠬᠦ ᠬᠡᠷᠡᠭᠲᠡᠶ᠃ ᠲᠠᠬᠢᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠲᠠᠷᠠᠭ᠎ᠠ ᠤᠳᠠᠭ᠎ᠠ ᠶᠢᠨ ᠭᠤᠶᠤᠴᠢᠯᠠᠭᠴᠢ ᠶᠢᠨ | ᠬᠡᠪᠴᠢᠶᠡᠨ ᠲᠤ ᠣᠷᠣᠭᠤᠯᠤᠨ᠎ᠠ᠃ ᠳᠠᠬᠢᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠣᠯ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠦ ᠬᠠᠮᠢᠶ᠎ᠠ | ᠪᠦᠬᠦᠢ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃ | ᠬᠤᠷᠢᠨ ᠶᠢᠰᠦᠳᠦᠭᠡᠷ ᠵᠦᠢᠯ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠲᠡᠳᠭᠦᠬᠦ︶ | ᠪᠠᠷ ᠭᠤᠶᠤᠴᠢᠯᠠᠭᠴᠢ ᠶᠢᠨ ᠴᠠᠯᠢᠩ ᠵᠡᠷᠭᠡ ᠭᠡᠷ ᠪᠦᠯᠢ ᠶᠢᠨ ᠣᠷᠣᠯᠭ᠎ᠠ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠳᠣᠤᠷᠠᠬᠢ ᠠᠳᠠᠯᠢ ᠪᠤᠰᠤ | ᠪᠠᠶᠢᠳᠠᠯ ᠢ ᠯᠠᠪᠯᠠᠯᠲᠠ ᠪᠣᠯᠭᠠᠨ ᠰᠢᠶᠳᠪᠦᠷᠢᠯᠡᠬᠦ ᠬᠡᠷᠡᠭᠲᠡᠶ᠄ | ︵ᠨᠢᠭᠡ︶ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠠᠰᠠᠷᠠᠬᠤ᠂ ᠲᠡᠳᠬᠦᠬᠦ︶ | ᠲᠡᠵᠢᠭᠡᠭᠴᠢ ᠶᠢᠨ ᠲᠠᠭᠯᠠᠨ ᠪᠢᠴᠢᠭᠰᠡᠨ ᠦᠭᠡᠢ ᠪᠤᠶᠤ ᠲᠠᠭᠯᠠᠨ ᠪᠢᠴᠢᠭᠰᠡᠨ ᠦᠭᠡᠢ ᠣᠷᠣᠯᠭ᠎ᠠ᠂ ᠨᠢᠭᠡᠴᠡ ᠶᠢᠨ ᠭᠡᠷᠡᠴᠢᠯᠡᠭᠰᠡᠨ ᠣᠷᠣᠯᠭ᠎ᠠ ᠨᠢ ᠬᠢᠨᠠᠨ | ᠬᠠᠷᠭᠤᠭᠤᠯᠤᠭᠰᠠᠨ ᠣᠷᠣᠯᠭ᠎ᠠ ᠲᠠᠢ ᠪᠠᠨ ᠬᠦᠨᠳᠦ ᠨᠣᠴᠢᠲᠠᠶ ᠨᠡᠶᠢᠴᠡᠬᠦ ᠦᠭᠡᠢ ᠪᠠᠶᠢᠪᠠᠯ᠃ ᠬᠤᠪᠢ ᠬᠥᠮᠦᠨ ᠤ ᠪᠠᠶᠢᠳᠠᠯ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠰᠢᠰᠲ᠋ᠧᠮ ᠤᠨ ᠢᠲᠡᠭᠡᠮᠵᠢ ᠦᠭᠡᠢ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠭᠡᠷᠡᠴᠢ ᠭᠠᠷᠭᠠᠬᠤ ᠨᠢᠭᠡᠴᠡ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠰᠢᠰᠲ᠋ᠧᠮ ᠤᠨ ᠢᠲᠡᠭᠡᠮᠵᠢ ᠥᠬᠡᠶ ᠨᠢᠭᠡᠴᠡ ᠶᠢᠨ ᠨᠡᠷᠡᠰ ᠲᠤ ᠲᠡᠮᠳᠡᠭᠯᠡᠨ ᠣᠷᠣᠭᠤᠯᠵᠤ᠂ ᠲᠣᠰ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ ᠨᠢ 2 ᠤᠨ | ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠵᠤ ᠪᠣᠯᠬᠤ ᠥᠬᠡᠶ᠃ | ︵ᠬᠤᠶᠠᠷ︶ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠠᠰᠠᠷᠠᠬᠤ᠂ ᠲᠡᠳᠬᠦᠬᠦ︶ | ᠬᠥᠮᠦᠨ ᠤ ᠭᠡᠷ ᠪᠦᠯᠢ ᠶᠢᠨ ᠣᠷᠣᠯᠭ᠎ᠠ ᠶᠢ ᠪᠠᠶᠢᠴᠠᠭᠠᠵᠤ ᠬᠢᠨᠠᠨ ᠬᠠᠷᠭᠤᠭᠤᠯᠤᠭᠠᠳ᠂ ᠴᠠᠯᠢᠩ ᠵᠢᠴᠢ ᠣᠷᠣᠯᠭ᠎ᠠ ᠬᠡᠪ ᠤᠨ ᠶᠣᠰᠣᠭᠠᠷ ᠨᠡᠮᠡᠭᠳᠡᠭᠰᠡᠨ ᠳᠤ | ᠲᠣᠭᠠᠴᠠᠭᠳᠠᠪᠠᠯ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ ᠳᠠᠬᠢᠨ ᠲᠣᠭᠠᠴᠠᠭ᠎ᠠ ᠬᠢᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ | ᠨᠡᠶᠢᠴᠡᠬᠦ ᠳᠤᠨᠢ ᠦᠷᠭᠦᠯᠵᠢᠯᠡᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠲᠡᠨ᠎ᠡ᠃ | ᠭᠤᠴᠢᠳᠣᠭᠠᠷ ᠵᠦᠢᠯ ᠭᠤᠶᠤᠴᠢᠯᠠᠭᠴᠢ ᠶᠢ ᠬᠢᠨᠠᠨ ᠬᠠᠷᠭᠤᠭᠤᠯᠬᠤ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ | ᠲᠡᠵᠢᠭᠡᠬᠦ ︵ᠠᠰᠠᠷᠠᠭᠤᠯᠬᠤ᠂ ᠲᠡᠳᠬᠦᠬᠦ︶ ᠡᠷᠭᠦᠮᠵᠢᠯᠡᠭᠴᠢ ᠶᠢᠨ ᠪᠠᠶᠢᠬᠤ ᠲᠡᠷᠭᠡᠨ ᠤ ᠮᠡᠳᠡᠭᠡ ᠵᠠᠩᠭᠢ ᠶᠢ ᠲᠡᠭᠦᠨ ᠤ ᠢᠯᠡᠷᠬᠡᠶᠢᠯᠡᠯᠲᠡ ᠵᠢᠴᠢ ᠲᠠᠭᠯᠠᠨ ᠮᠡᠳᠡᠭᠦᠯᠦᠭᠰᠡᠨ | ᠪᠠᠶᠢᠳᠠᠯ ᠨᠢ ᠨᠡᠶᠢᠴᠡᠬᠦ ᠦᠭᠡᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠳᠣᠤᠷᠠᠬᠢ ᠠᠳᠠᠯᠢ ᠪᠤᠰᠤ ᠪᠠᠶᠢᠳᠠᠯ ᠢ ᠯᠠᠪᠯᠠᠯᠲᠠ ᠪᠣᠯᠭᠠᠨ ᠰᠢᠶᠳᠪᠦᠷᠢᠯᠡᠬᠦ ᠬᠡᠷᠡᠭᠲᠡᠶ᠄ | ︵ᠨᠢᠭᠡ︶ ᠦᠨᠡᠨᠬᠦ ᠲᠡᠷᠭᠡ ᠬᠥᠰᠬᠡ ᠲᠠᠢ ᠭᠤᠶᠤᠴᠢᠯᠠᠭᠴᠢ ᠵᠢᠴᠢ ᠭᠡᠷ ᠪᠦᠯᠢ ᠶᠢᠨ ᠪᠦᠷᠢᠯᠳᠦᠬᠦᠨ ᠨᠢ 2 ᠵᠢᠯ ᠤᠨ ᠳᠣᠲᠣᠷ᠎ᠠ ᠨᠠᠭᠠᠳᠤ ᠵᠠᠬ᠎ᠠ ᠶᠢᠨ | ᠪᠠᠲᠤᠯᠠᠭ᠎ᠠ ᠭᠤᠶᠤᠴᠢᠯᠠᠵᠤ ᠪᠣᠯᠬᠤ ᠦᠭᠡᠶ᠃ ᠬᠤᠪᠢ ᠬᠥᠮᠦᠨ ᠤ ᠪᠠᠶᠢᠳᠠᠯ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ | ᠨᠡᠷᠡᠰ ᠲᠤ ᠲᠡᠮᠳᠡᠭᠯᠡᠨ ᠣᠷᠣᠭᠤᠯᠤᠨ᠎ᠠ᠃ | ︵ᠬᠤᠶᠠᠷ︶ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠤ ᠨᠡᠷ᠎ᠡ ᠳᠣᠤᠷᠠᠬᠢ ᠲᠡᠷᠭᠡ ᠬᠥᠰᠬᠡ ᠶᠢᠨ ᠪᠤᠲᠠᠲᠠᠢ ᠥᠮᠴᠢᠯᠡᠭᠴᠢ ᠨᠢ ᠰᠢᠭᠤᠳ ᠲᠥᠷᠥᠯ | ᠰᠠᠳᠤᠨ ᠪᠠᠶᠢᠪᠠᠯ᠂ ᠠᠰᠠᠷᠠᠨ ᠲᠡᠵᠢᠭᠡᠬᠦ᠂ ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ ᠬᠠᠤᠯᠢ ᠴᠠᠭᠠᠵᠠ ᠶᠢᠨ ᠬᠠᠷᠢᠴᠠᠭ᠎ᠠ ᠳᠤ ᠨᠡᠶᠢᠴᠡᠭᠰᠡᠨ ᠪᠣᠯ ᠬᠤᠪᠢ ᠬᠥᠮᠦᠨ ᠤ | ᠪᠠᠶᠢᠳᠠᠯ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠲᠣᠰ ᠭᠤᠶᠤᠴᠢᠯᠠᠭᠴᠢ | ᠵᠢᠴᠢ ᠲᠡᠭᠦᠨ ᠤ ᠬᠡᠷ ᠪᠦᠯᠢ ᠶᠢᠨ ᠪᠦᠷᠢᠯᠳᠦᠬᠦᠨ 2 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠬᠤ ᠥᠬᠡᠶ᠃ | ︵ᠭᠤᠷᠪᠠ︶ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠤ ᠨᠡᠷ᠎ᠡ ᠳᠣᠤᠷᠠᠬᠢ ᠲᠡᠷᠭᠡ ᠬᠥᠰᠬᠡ ᠶᠢᠨ ᠪᠣᠳᠠᠲᠠᠶ ᠥᠮᠴᠢᠯᠡᠭᠴᠢ ᠨᠢ ᠰᠢᠭᠤᠳ ᠴᠢᠰᠤᠨ | ᠲᠥᠷᠥᠯ ᠤᠨ ᠪᠤᠰᠤ ᠪᠠᠶᠢᠪᠠᠯ᠂ ᠠᠰᠠᠷᠠᠨ ᠲᠡᠵᠢᠭᠡᠬᠦ᠂ ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ ᠬᠠᠤᠯᠢ ᠴᠠᠭᠠᠵᠠ ᠶᠢᠨ ᠬᠠᠷᠢᠴᠠᠭ᠎ᠠ ᠳᠤ ᠨᠡᠶᠢᠴᠡᠬᠦ ᠦᠭᠡᠢ ᠪᠣᠯ | ᠪᠠᠰᠠ ᠱᠠᠭᠠᠷᠳᠠᠯᠭ᠎ᠠ ᠶᠣᠰᠣᠭᠠᠷ ᠲᠡᠷᠭᠡ ᠬᠥᠰᠬᠡ ᠶᠢ ᠪᠣᠳᠠᠲᠠᠶ ᠥᠮᠴᠢᠯᠡᠭᠴᠢ ᠳᠤ ᠴᠠᠭ ᠲᠤᠬᠠᠶ ᠳᠤᠨᠢ ᠡᠷᠦᠬᠡ ᠰᠢᠯᠵᠢᠭᠦᠯᠦᠨ ᠥᠭᠴᠦ᠂ ᠬᠤᠪᠢ ᠬᠥᠮᠦᠨ ᠤ | ᠪᠠᠶᠢᠳᠠᠯ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠦᠭᠡᠢ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠲᠣᠰ ᠭᠤᠶᠤᠴᠢᠯᠠᠭᠴᠢ | ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠬᠦᠨ ᠨᠢ 1 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠵᠤ ᠪᠣᠯᠬᠤ ᠦᠭᠡᠢ᠃ | ︵ᠳᠦᠷᠪᠡ︶ ᠭᠤᠶᠤᠴᠢᠯᠠᠭᠴᠢ᠂ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠤ ᠨᠡᠷ᠎ᠡ ᠳᠣᠤᠷᠠᠬᠢ ᠲᠡᠷᠭᠡ ᠨᠢ ᠬᠡᠷᠡᠭ ᠳᠡᠭᠡᠷ᠎ᠡ ᠪᠠᠨ ᠨᠢᠭᠡᠨᠲᠡ | ᠭᠡᠭᠡᠭᠳᠡᠭᠰᠡᠨ᠂ ᠬᠡᠷᠡᠭᠯᠡᠭᠡᠨ ᠠᠴᠠ ᠭᠠᠷᠭᠠᠭᠰᠠᠨ᠂ ᠠᠷᠠᠯᠵᠢᠶᠠᠯᠠᠭᠰᠠᠨ ᠪᠣᠯᠪᠠᠴᠤ ᠡᠷᠦᠬᠡ ᠰᠣᠯᠢᠭᠰᠠᠨ ᠦᠭᠡᠢ ᠵᠡᠷᠭᠡ ᠪᠠᠶᠢᠳᠠᠯ ᠭᠤᠶᠤᠴᠢᠯᠠᠭᠴᠢ ᠪᠠ ᠭᠡᠷ ᠪᠦᠯᠢ ᠶᠢᠨ | ᠪᠦᠷᠢᠯᠳᠦᠬᠦᠨ ᠭᠤᠶᠤᠴᠢᠯᠠᠬᠤ ᠳᠠᠭᠠᠨ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠭᠡᠷᠡᠴᠢᠯᠡᠬᠦ ᠮᠠᠲ᠋ᠧᠷᠢᠶᠠᠯ ᠢ ᠬᠠᠩᠭᠠᠭᠰᠠᠨ ᠤ | ᠳᠠᠷᠠᠭ᠎ᠠ ᠭᠤᠶᠤᠴᠢᠯᠠᠬᠤ ᠬᠡᠷᠡᠭᠲᠡᠶ᠃ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠥᠮᠦᠨ ᠲᠠᠢ ᠪᠠᠶᠢᠬᠤ ᠶᠢᠨ ᠠᠷᠭ᠎ᠠ ᠥᠬᠡᠶ ᠪᠤᠶᠤ ᠳᠠᠩᠰᠠᠯᠠᠭᠤᠯᠤᠭᠰᠠᠨ ᠲᠡᠷᠭᠡ | ᠬᠥᠰᠬᠡ ᠪᠠᠨ ᠡᠷᠢᠵᠦ ᠤᠯᠬᠤ ᠶᠢᠨ ᠠᠷᠭ᠎ᠠ ᠥᠬᠡᠶ ᠪᠣᠯ᠂ ᠪᠠᠶᠠᠨᠨᠠᠭᠤᠷ ᠡᠳᠦᠷ ᠤᠨ ᠰᠣᠨᠢᠨ ᠤ ᠢᠯᠡ ᠪᠠᠷ ᠢᠯᠡᠷᠬᠡᠶᠢᠯᠡᠭᠰᠡᠨ ᠤ ᠳᠠᠷᠠᠭ᠎ᠠ ᠭᠤᠶᠤᠴᠢᠯᠠᠬᠤ ᠬᠡᠷᠡᠭᠲᠡᠶ᠃ | ᠭᠤᠴᠢᠨ ᠨᠢᠭᠡᠳᠦᠭᠡᠷ ᠵᠦᠢᠯ ᠭᠤᠶᠤᠴᠢᠯᠠᠭᠴᠢ ᠶᠢ ᠬᠢᠨᠠᠨ ᠬᠠᠷᠭᠤᠭᠤᠯᠬᠤ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠴᠢᠯᠠᠨ | ︵ᠠᠰᠠᠷᠠᠬᠤ᠂ ᠲᠡᠳᠬᠦᠬᠦ︶ ᠡᠷᠭᠦᠮᠵᠢᠯᠡᠭᠴᠢ ᠶᠢᠨ ᠭᠡᠷ ᠬᠥᠷᠥᠩᠭᠡ ᠶᠢᠨ ᠮᠡᠳᠡᠭᠡ ᠵᠠᠩᠭᠢ ᠶᠢ ᠲᠡᠭᠦᠨ ᠤ ᠢᠯᠡᠷᠬᠡᠶᠢᠯᠡᠯᠲᠡ ᠵᠢᠴᠢ ᠲᠠᠭᠯᠠᠨ ᠮᠡᠳᠡᠭᠦᠯᠦᠭᠰᠡᠨ ᠪᠠᠶᠢᠳᠠᠯ ᠨᠢ | ᠨᠡᠶᠢᠴᠡᠬᠦ ᠦᠭᠡᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠳᠣᠤᠷᠠᠬᠢ ᠪᠠᠶᠢᠳᠠᠯ ᠢ ᠯᠠᠪᠯᠠᠯᠲᠠ ᠪᠣᠯᠭᠠᠨ ᠰᠢᠶᠳᠪᠦᠷᠢᠯᠡᠬᠦ ᠬᠡᠷᠡᠭᠲᠡᠶ᠄ | ︵ᠨᠢᠭᠡ︶ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠨᠢ ᠦᠨᠡᠬᠡᠷ ᠬᠤᠶᠠᠷ ᠭᠠᠵᠠᠷ ᠵᠢᠴᠢ ᠲᠡᠭᠦᠨ ᠠᠴᠠ ᠳᠡᠭᠡᠭᠰᠢᠬᠢ ᠭᠡᠷ ᠬᠥᠷᠥᠩᠭᠡ ᠪᠤᠶᠤ | ᠬᠤᠳᠠᠯᠳᠤᠭᠠᠨ ᠤ ᠭᠡᠷ ᠪᠠᠶᠢᠰᠢᠩ ᠲᠠᠢ ᠪᠠᠶᠢᠪᠠᠯ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠭᠤᠶᠤᠴᠢᠯᠠᠵᠤ ᠪᠣᠯᠬᠤ ᠥᠬᠡᠶ᠃ ᠬᠤᠪᠢ ᠬᠥᠮᠦᠨ ᠤ ᠪᠠᠶᠢᠳᠠᠯ ᠢ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠤᠨ᠎ᠠ᠃ | ︵ᠬᠤᠶᠠᠷ︶ ᠭᠤᠶᠤᠴᠢᠯᠠᠭᠴᠢ᠂ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠨᠢ ᠥᠪᠡᠷ ᠢᠶᠠᠷ ᠬᠤᠳᠠᠯᠳᠤᠨ ᠠᠪᠤᠭᠰᠠᠨ ᠭᠡᠷ ᠬᠥᠷᠥᠩᠭᠡ ᠶᠢᠨ ᠴᠠᠭ ︵ | ᠨᠤᠷᠠᠭᠠᠵᠤ ᠨᠡᠭᠦᠯᠭᠡᠬᠦ ᠶᠢ ᠪᠠᠭᠲᠠᠭᠠᠬᠤ ᠦᠭᠡᠢ︶ ᠭᠤᠶᠤᠴᠢᠯᠠᠬᠤ ᠴᠠᠭ ᠠᠴᠠ ᠡᠮᠦᠨ᠎ᠡ 1 ᠵᠢᠯ ᠤᠨ ᠳᠣᠲᠣᠷ᠎ᠠ ᠪᠠᠶᠢᠬᠤ᠃ ᠭᠤᠶᠤᠴᠢᠯᠠᠬᠤ ᠴᠠᠭ ᠠᠴᠠ ᠡᠬᠢᠯᠡᠨ 2 | ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠭᠤᠶᠤᠴᠢᠯᠠᠵᠦ ᠪᠣᠯᠬᠤ ᠦᠭᠡᠢ᠃ | ᠭᠤᠴᠢᠨ ᠬᠤᠶᠠᠳᠤᠭᠠᠷ ᠵᠦᠶᠯ ᠬᠢᠨᠠᠨ ᠬᠠᠷᠭᠤᠭᠤᠯᠤᠭᠠᠳ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ | ᠲᠡᠵᠢᠭᠡᠬᠦ ︵ᠠᠰᠠᠷᠠᠬᠤ᠂ ᠲᠡᠳᠬᠦᠬᠦ︶ ᠲᠡᠵᠢᠭᠡᠭᠴᠢ ᠶᠢᠨ ᠪᠤᠰᠤᠳ ᠮᠡᠳᠡᠭᠡ ᠵᠠᠩᠭᠢ ᠨᠢ ᠲᠡᠭᠦᠨ ᠤ ᠢᠯᠡᠷᠬᠡᠶᠢᠯᠡᠯᠲᠡ ᠵᠢᠴᠢ ᠲᠠᠭᠯᠠᠨ ᠮᠡᠳᠡᠭᠦᠯᠦᠭᠰᠡᠨ ᠪᠠᠶᠢᠳᠠᠯ ᠨᠢ | ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠭᠤᠶᠤᠴᠢᠯᠠᠭᠴᠢ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠦᠷᠲᠡᠬᠦ ᠭᠤᠶᠤᠴᠢᠯᠠᠯ ᠢ ᠲᠡᠪᠴᠢᠵᠦ | ᠪᠤᠯᠤᠨ᠎ᠠ᠃ ᠬᠢᠨᠠᠨ ᠬᠠᠷᠭᠤᠭᠤᠯᠤᠭᠰᠠᠨ ᠪᠠᠶᠢᠳᠠᠯ ᠨᠢ ᠬᠦᠨᠳᠦ ᠨᠣᠴᠢᠲᠠᠶ ᠨᠡᠶᠢᠴᠡᠬᠦ ᠦᠭᠡᠢ ᠪᠠᠶᠢᠪᠠᠯ᠂ ᠬᠤᠪᠢ ᠬᠥᠮᠦᠨ ᠤ ᠪᠠᠶᠢᠳᠠᠯ ᠢᠶᠠᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠦᠭᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠭᠡᠷᠡᠴᠢᠯᠡᠬᠦ ᠨᠢᠭᠡᠴᠡ ᠶᠢᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠦᠭᠡᠶ ᠨᠢᠭᠡᠴᠡ ᠶᠢᠨ ᠨᠡᠷᠡᠰ ᠲᠤ ᠲᠡᠮᠳᠡᠭᠯᠡᠨ ᠣᠷᠣᠭᠤᠯᠵᠠᠶ᠃ ᠲᠣᠰ ᠭᠤᠶᠤᠴᠢᠯᠠᠭᠴᠢ ᠵᠢᠴᠢ ᠲᠡᠭᠦᠨ ᠤ ᠭᠡᠷ ᠪᠦᠯᠢ ᠶᠢᠨ | ᠪᠦᠷᠢᠯᠳᠦᠬᠦᠨ 2 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠵᠤ ᠪᠣᠯᠬᠤ ᠦᠭᠡᠢ᠃ | ᠭᠤᠴᠢᠨ ᠭᠤᠷᠪᠠᠳᠤᠭᠠᠷ ᠵᠦᠶᠯ ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠴᠢᠯᠠᠨ ︵ᠠᠰᠠᠷᠠᠬᠤ᠂ | ᠲᠡᠳᠬᠦᠬᠦ︶ ᠲᠡᠵᠢᠭᠡᠭᠴᠢ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠪᠠᠶᠢᠴᠠᠭᠠᠭᠠᠳ ᠪᠤᠷᠤᠭᠤ ᠦᠭᠡᠢ ᠪᠣᠯ᠂ ᠭᠤᠶᠤᠴᠢᠯᠠᠭᠴᠢ᠂ ᠭᠡᠷ ᠪᠦᠯᠢ ᠶᠢᠨ | ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ︵ᠠᠰᠠᠷᠠᠬᠤ᠂ ᠲᠡᠳᠬᠦᠬᠦ︶ ᠪᠠᠷ ᠭᠤᠶᠤᠴᠢᠯᠠᠭᠴᠢ ᠬᠠᠷᠭᠤᠭᠤᠯᠤᠭᠰᠠᠨ ᠦᠷ᠎ᠡ ᠳ᠋ᠦᠩ ᠢ | ᠮᠡᠳᠡᠷᠡᠬᠦ ᠦᠭᠡᠢ᠂ ᠣᠯᠠᠨ ᠤᠳᠠᠭ᠎ᠠ ᠳᠡᠭᠡᠭᠰᠢ ᠰᠤᠷᠪᠤᠯᠵᠢᠯᠠᠵᠤ᠂ ᠣᠯᠠᠨᠨᠡᠶᠢᠲᠡ ᠶᠢᠨ ᠡᠮᠬᠢ ᠵᠢᠷᠤᠮ ᠢ ᠬᠦᠨᠳᠦ ᠨᠣᠴᠢᠲᠠᠶ ᠰᠠᠮᠠᠭᠤᠷᠠᠭᠤᠯᠤᠭᠰᠠᠨ ᠬᠤᠪᠢ ᠬᠥᠮᠦᠨ ᠤ | ᠪᠠᠶᠢᠳᠠᠯ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠲᠣᠰ ᠭᠤᠶᠤᠴᠢᠯᠠᠭᠴᠢ | ᠵᠢᠴᠢ ᠲᠡᠭᠦᠨ ᠤ ᠬᠡᠷ ᠪᠦᠯᠢ ᠶᠢᠨ ᠪᠦᠷᠢᠯᠳᠦᠬᠦᠨ 5 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠬᠤ ᠥᠬᠡᠶ᠃ | ᠭᠤᠴᠢᠨ ᠳᠥᠷᠪᠡᠳᠦᠭᠡᠷ ᠵᠦᠶᠯ ᠪᠤᠰᠤᠳ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠳᠡᠭᠡᠷᠡᠬᠢ ᠵᠦᠶᠯ | ᠵᠤᠷᠪᠤᠰ ᠲᠠᠢ ᠬᠠᠷᠢᠴᠠᠭᠤᠯᠵᠤ ᠰᠢᠶᠳᠪᠦᠷᠢᠯᠡᠨ᠎ᠡ᠃ | ᠲᠠᠪᠤᠳᠤᠭᠠᠷ ᠪᠦᠯᠦᠭ ᠠᠷᠠᠳᠴᠢᠯᠠᠯ ᠢᠶᠠᠷ ᠦᠨᠡᠯᠡᠬᠦ | ᠭᠤᠴᠢᠨ ᠲᠠᠪᠤᠳᠤᠭᠠᠷ ᠵᠦᠶᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢ ᠭᠤᠶᠤᠴᠢᠯᠠᠬᠤ ᠡᠷᠦᠬᠡ ᠶᠢᠨ ᠡᠵᠡᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠬᠦ ᠳᠤ ᠣᠷᠣᠯᠴᠠᠬᠤ ᠬᠡᠷᠡᠭ ᠲᠠᠢ᠃ ᠡᠷᠦᠬᠡ ᠶᠢᠨ ᠡᠵᠡᠨ ᠲᠤᠬᠠᠶ ᠶᠢᠨ ᠲᠠᠯᠠᠪᠤᠷ ᠲᠤ ᠢᠷᠡᠵᠦ ᠳᠡᠶᠢᠯᠬᠦ ᠥᠬᠡᠶ ᠪᠣᠯ ᠣᠷᠳᠣ | ᠬᠤᠭᠤᠴᠠᠭ᠎ᠠ ᠪᠠᠷ ᠬᠠᠮᠲᠤ ᠠᠮᠢᠳᠤᠷᠠᠭᠰᠠᠨ᠂ ᠢᠷᠭᠡᠨ ᠤ ᠬᠡᠷᠡᠭ ᠤᠨ ᠪᠦᠷᠢᠨ ᠠᠵᠢᠯᠯᠠᠭ᠎ᠠ ᠶᠢᠨ ᠴᠢᠳᠠᠪᠤᠷᠢ ᠲᠠᠢ ᠪᠤᠰᠤᠳ ᠬᠡᠷ ᠪᠦᠯᠢ ᠶᠢᠨ ᠪᠦᠷᠢᠯᠳᠦᠭᠦᠨ | ᠠᠷᠠᠳᠴᠢᠯᠠᠯ ᠢᠶᠠᠷ ᠦᠨᠡᠯᠡᠬᠦ ᠳᠤ ᠣᠷᠣᠯᠴᠠᠨ᠎ᠠ᠃ | ᠣᠶᠤᠨ ᠤ ᠰᠠᠭᠠᠳ ᠲᠠᠢ᠂ ᠬᠦᠨᠳᠦ ᠵᠡᠮᠳᠡᠭ᠂ ᠬᠦᠨᠳᠦ ᠡᠪᠡᠳᠴᠢᠨ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠣᠯᠵᠤ᠂ ᠦᠨᠡᠬᠡᠷ | ᠠᠷᠠᠳᠴᠢᠯᠠᠭᠰᠠᠨ ᠦᠨᠡᠯᠡᠯᠲᠡ ᠳᠤ ᠣᠷᠣᠯᠴᠠᠵᠤ ᠴᠢᠳᠠᠬᠤ ᠦᠭᠡᠢ ᠪᠣᠯ᠂ ᠵᠢᠴᠢ ᠨᠠᠰᠤᠨ ᠳᠤ ᠥᠯᠥ ᠬᠦᠷᠦᠭᠰᠡᠳ ᠪᠤᠶᠤ ᠰᠤᠷᠭᠠᠭᠤᠯᠢ ᠳᠤ ᠪᠠᠶᠢᠭ᠎ᠠ ᠰᠣᠷᠣᠭᠴᠢ ᠶᠢ | ᠬᠢᠨᠠᠨ ᠬᠠᠮᠠᠭᠠᠯᠠᠭᠴᠢ ᠪᠤᠶᠤ ᠪᠢᠴᠢᠭ ᠢᠶᠠᠷ ᠪᠤᠰᠤᠳ ᠲᠥᠷᠥᠯ ᠰᠠᠳᠤᠨ ᠳᠤ ᠨᠠᠶᠢᠳᠠᠵᠤ ᠠᠷᠠᠳᠴᠢᠯᠠᠯ ᠢᠶᠠᠷ ᠦᠨᠡᠯᠡᠬᠦ ᠳᠤ ᠣᠷᠣᠯᠴᠠᠭᠤᠯᠤᠨ᠎ᠠ᠃ | ᠳᠡᠭᠡᠷ᠎ᠡ ᠳᠤᠷᠠᠳᠤᠭᠰᠠᠨ ᠣᠨᠴᠠᠭᠠᠢ ᠪᠠᠶᠢᠳᠠᠯ ᠢ ᠭᠠᠷᠭᠠᠪᠠᠯ᠂ ᠭᠤᠶᠤᠴᠢᠯᠠᠭᠴᠢ ᠣᠨᠴᠠᠭᠠᠶ ᠰᠢᠯᠲᠠᠭᠠᠨ ᠦᠭᠡᠢ ᠪᠠᠷ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠠᠷᠠᠳᠴᠢᠯᠠᠯ ᠢᠶᠠᠷ ᠦᠨᠡᠯᠡᠨ ᠶᠠᠷᠢᠯᠴᠠᠬᠤ ᠳᠤ ᠴᠠᠭ ᠲᠤᠬᠠᠶ ᠳᠤᠨᠢ ᠣᠷᠣᠯᠴᠠᠭᠰᠠᠨ ᠦᠭᠡᠢ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃ | ᠭᠤᠴᠢᠨ ᠵᠢᠷᠭᠤᠳᠤᠭᠠᠷ ᠵᠦᠢᠯ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠢᠨᠠᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠰᠤᠮᠤ ᠪᠠᠯᠭᠠᠰᠤ᠂ | ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ 5 ᠠᠵᠢᠯᠯᠠᠬᠤ ᠡᠳᠦᠷ ᠤᠨ ᠳᠣᠲᠣᠷ᠎ᠠ᠂ ᠲᠣᠰᠬᠤᠨ ᠰᠠᠭᠤᠭᠠᠯᠢ ᠠᠷᠠᠳ ᠤᠨ ᠵᠥᠪᠯᠡᠯ ᠤᠨ ᠬᠠᠪᠰᠤᠷᠤᠯᠭ᠎ᠠ | ᠳᠣᠤᠷ᠎ᠠ᠂ ᠲᠣᠰᠬᠤᠨ ᠰᠠᠭᠤᠭᠠᠯᠢ ᠠᠷᠠᠳ ᠤᠨ ᠵᠥᠪᠯᠡᠯ ᠢᠶᠠᠷ ᠨᠢᠭᠡᠴᠢ ᠪᠣᠯᠭᠠᠵᠤ᠂ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ | ᠪᠠᠶᠢᠴᠠᠭᠠᠭᠰᠠᠨ ᠦᠷ᠎ᠡ ᠳ᠋ᠦᠩ ᠳᠤ ᠠᠷᠠᠳᠴᠢᠯᠠᠯ ᠢᠶᠠᠷ ᠦᠨᠡᠯᠡᠯᠲᠡ ᠬᠢᠨ᠎ᠡ᠃ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠳᠤᠭᠤᠶᠢᠯᠠᠩ ᠤᠨ ᠪᠦᠷᠢᠯᠳᠦᠬᠦᠨ ︵ | ᠳᠣᠷᠣᠭᠰᠢ ᠰᠢᠯᠭᠠᠷᠠᠭᠤᠯᠬᠤ ᠵᠥᠪᠯᠡᠯ ᠭᠡᠵᠦ ᠲᠣᠪᠴᠢᠯᠠᠨ᠎ᠠ︶ ᠨᠢ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ᠂ ᠲᠣᠰᠬᠤᠨ ︵ᠰᠠᠭᠤᠭᠠᠯᠢ | ︶ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠲᠣᠰᠬᠤᠨ ᠤ ︵ᠰᠠᠭᠤᠭᠠᠯᠢ︶ ᠤ ᠵᠥᠪᠯᠡᠯ ᠤᠨ ᠪᠦᠷᠢᠯᠳᠦᠬᠦᠨ᠂ ᠭᠠᠴᠠᠭ᠎ᠠ ︵ᠰᠠᠭᠤᠭᠠᠯᠢ︶ ᠠᠷᠠᠳ ᠤᠨ ᠪᠠᠶᠢᠳᠠᠯ ᠢ | ᠰᠠᠶᠢᠨ ᠮᠡᠳᠡᠳᠡᠭ ᠨᠠᠮ ᠤᠨ ᠭᠡᠰᠢᠭᠦᠨ ᠤ ᠲᠥᠯᠥᠭᠡᠯᠡᠭᠴᠢ᠂ ᠭᠠᠴᠠᠭᠠᠨ ᠤ ︵ᠰᠠᠭᠤᠭᠠᠯᠢ︶ ᠠᠷᠠᠳ ᠤᠨ ᠲᠥᠯᠥᠭᠡᠯᠡᠭᠴᠢ ᠵᠡᠷᠭᠡ ᠬᠥᠮᠦᠰ ᠢᠶᠠᠷ ᠪᠦᠷᠢᠯᠳᠦᠨ᠎ᠡ᠃ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠭᠤᠴᠢᠨ ᠳᠣᠯᠣᠳᠤᠭᠠᠷ ᠵᠦᠶᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠯᠲᠡ ᠬᠢᠬᠦ ᠶᠢ ᠳᠣᠤᠷᠠᠬᠢ ᠠᠷᠭ᠎ᠠ ᠮᠠᠶ᠋ᠢᠭ ᠢᠶᠠᠷ | ᠶᠠᠪᠤᠭᠳᠠᠭᠤᠯᠤᠨ᠎ᠠ᠃ | ︵ᠨᠢᠭᠡ︶ ᠡᠯ᠎ᠡ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠠᠷᠠᠳ ᠤᠨ ᠶᠠᠪᠤᠳᠠᠯ ᠤᠨ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠬᠠᠷᠢᠭᠤᠴᠠᠯᠭᠠᠲᠠᠨ᠂ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠢᠶᠠᠷ ᠵᠢᠩᠬᠢᠨᠢ ᠳᠡᠳ᠋ ᠳᠤᠭᠤᠶᠢᠯᠠᠩ ᠤᠨ ᠳᠠᠷᠤᠭ᠎ᠠ ᠪᠤᠯᠭᠠᠵᠦ᠂ ᠠᠷᠠᠳ ᠤᠨ ᠶᠠᠪᠤᠳᠠᠯ ᠤᠨ | ᠠᠯᠪᠠᠨ ᠭᠡᠷ ᠤᠨ ᠠᠵᠢᠯᠲᠠᠨ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ ᠱᠦᠵᠢ᠂ ᠡᠷᠬᠢᠯᠡᠭᠴᠢ ᠪᠠᠷ ᠪᠦᠷᠢᠯᠳᠦᠬᠦᠨ ᠪᠣᠯᠭᠠᠭᠰᠠᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠢᠨᠠᠨ ᠬᠠᠷᠭᠤᠭᠤᠯᠤᠭᠰᠠᠨ ᠵᠢᠯ ᠤᠨ ᠤᠳᠤᠷᠢᠳᠬᠤ ᠳᠤᠭᠤᠶᠢᠯᠠᠩ᠂ ᠦᠨᠳᠦᠰᠦᠨ ᠱᠠᠲᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ | ᠬᠢᠨᠠᠨ ᠪᠠᠶᠢᠴᠠᠭᠠᠬᠤ᠂ ᠠᠷᠠᠳᠴᠢᠯᠠᠯ ᠢᠶᠠᠷ ᠦᠨᠡᠯᠡᠬᠦ ᠪᠠ ᠬᠢᠨᠠᠨ ᠬᠠᠷᠭᠤᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠄ | 1᠂ ᠲᠤᠰ ᠭᠠᠵᠠᠷ ᠣᠷᠣᠨ ᠤ ᠪᠠᠨ ᠭᠤᠶᠤᠴᠢᠯᠠᠯ ᠢ ᠬᠦᠯᠢᠶᠡᠨ ᠠᠪᠴᠤ ᠰᠢᠶᠳᠪᠦᠷᠢᠯᠡᠬᠦ ᠪᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ | ᠠᠵᠢᠯ ᠢ ᠵᠢᠯᠣᠭᠤᠳᠬᠤ ᠬᠡᠷᠡᠭᠲᠡᠶ᠃ | 2᠂ ᠡᠷᠦᠬᠡ ᠳᠤ ᠣᠷᠣᠵᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ | ᠬᠢᠨᠠᠨ ᠪᠠᠶᠢᠴᠠᠭᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠮᠠᠲ᠋ᠧᠷᠢᠶᠠᠯ ᠢ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃ | | 3᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠳᠤᠭᠤᠶᠢᠯᠠᠩ ᠤᠨ ᠪᠦᠷᠢᠯᠳᠦᠬᠦᠨ ᠤ ᠬᠡᠪᠴᠢᠶ᠎ᠡ᠂ ᠲᠣᠰᠬᠤᠨ ︵ᠰᠠᠭᠤᠭᠠᠯᠢ︶ ᠤ ᠠᠷᠠᠳ ᠤᠨ | ᠲᠥᠯᠥᠭᠡᠯᠡᠭᠴᠢ ᠶᠢᠨ ᠲᠤᠭ᠎ᠠ ᠶᠢ ᠬᠢᠨᠠᠨ ᠬᠠᠷᠭᠤᠭᠤᠯᠵᠤ ᠬᠢᠨᠠᠯᠲᠠ ᠲᠠᠯᠪᠢᠬᠤ ᠬᠡᠷᠡᠭᠲᠡᠶ᠃ | 4᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠬᠦ᠂ ᠣᠯᠠᠨ ᠲᠦᠮᠡᠨ ᠤ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠴᠤ ᠰᠢᠶᠳᠪᠦᠷᠢᠯᠡᠬᠦ᠂ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠠᠩᠰᠠ ᠡᠪᠬᠡᠮᠡᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 5᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠦᠨᠡᠯᠡᠨ ᠶᠠᠷᠢᠯᠴᠠᠬᠤ ᠠᠵᠢᠯᠲᠠᠨ ᠤ ᠲᠥᠷᠥ ᠶᠢᠨ ᠪᠣᠳᠣᠯᠭ᠎ᠠ ᠬᠠᠤᠯᠢ ᠲᠤᠭᠲᠠᠭᠠᠯ ᠤᠨ ᠪᠣᠯᠪᠠᠰᠤᠷᠠᠭᠤᠯᠤᠯ ᠢ | ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ | ︵ᠬᠤᠶᠠᠷ︶ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠲᠣᠰᠬᠤᠨ ︵ᠰᠠᠭᠤᠭᠠᠯᠢ ᠠᠷᠠᠳ︶ ᠤ ᠠᠷᠠᠳ ᠤᠨ | ᠲᠥᠯᠥᠭᠡᠯᠡᠭᠴᠢ ᠶᠢᠨ ᠪᠣᠶ ᠪᠣᠯᠬᠤ ᠬᠡᠪᠴᠢᠶ᠎ᠡ ᠪᠠ ᠪᠣᠶ ᠪᠣᠯᠬᠤ ᠠᠷᠭ᠎ᠠ ᠮᠠᠶ᠋ᠢᠭ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠴᠠᠭᠠᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠪᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠴᠠᠭᠠᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ﹀ ᠶᠢ | ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠣᠩᠭᠤᠨ ᠭᠠᠷᠭᠠᠭᠰᠠᠨ ᠲᠣᠰᠬᠤᠨ ︵ᠰᠠᠭᠤᠭᠠᠯᠢ︶ ᠤ ᠠᠷᠠᠳ ᠤᠨ | ᠲᠥᠯᠥᠭᠡᠯᠡᠭᠴᠢ ᠶᠢ ᠰᠢᠯᠭᠠᠷᠠᠭᠤᠯᠬᠤ ᠬᠦᠮᠦᠰ ᠢᠶᠠᠷ ᠲᠣᠭᠲᠠᠭᠠᠬᠤ ᠶᠢᠨ ᠬᠠᠮᠲᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠯᠭᠠᠷᠠᠭᠤᠯᠬᠤ ᠬᠦᠮᠦᠰ ᠤᠨ ᠬᠥᠮᠥᠷᠭᠡ ᠶᠢ | ᠪᠠᠶᠢᠭᠤᠯᠬᠤ ᠬᠡᠷᠡᠭᠲᠡᠶ᠃ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠬᠤ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠭᠠᠴᠠᠭᠠᠨ ᠤ ︵ᠰᠠᠭᠤᠭᠠᠯᠢ | ᠠᠷᠠᠳ︶ ᠠᠷᠠᠳ ᠤᠨ ᠲᠥᠯᠥᠭᠡᠯᠡᠭᠴᠢ ᠶᠢᠨ ᠲᠤᠭ᠎ᠠ ᠶᠢ ᠦᠨᠳᠦᠰᠦᠯᠡᠨ᠂ ᠠᠶᠢᠯ ᠲᠣᠰᠬᠤᠨ ᠢᠶᠠᠷ ᠨᠢᠭᠡᠴᠢ ᠪᠣᠯᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ | ᠲᠣᠭᠲᠠᠭᠠᠬᠤ ᠬᠦᠮᠦᠰ ᠤᠨ ᠬᠥᠮᠥᠷᠭᠡ ᠠᠴᠠ ᠲᠣᠰ ᠤᠳᠠᠭᠠᠨ ᠤ ᠦᠨᠡᠯᠡᠨ ᠶᠠᠷᠢᠯᠴᠠᠬᠤ ᠳᠤ ᠣᠷᠣᠯᠴᠠᠭᠰᠠᠨ ᠬᠢᠨᠠᠨ ᠲᠣᠭᠲᠠᠭᠠᠬᠤ ᠭᠡᠰᠢᠭᠦᠨ ᠢ ᠲᠣᠬᠢᠶᠠᠯᠳᠤᠯ ᠢᠶᠠᠷ | ᠰᠣᠩᠭᠤᠨ ᠠᠪᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠳᠤ ᠣᠷᠣᠯᠴᠠᠬᠤ ᠬᠥᠮᠦᠨ ᠤ ᠲᠤᠭ᠎ᠠ ᠳᠠᠬᠢ ᠲᠣᠰᠬᠤᠨ ︵ | ᠰᠠᠭᠤᠭᠠᠯᠢ ᠠᠷᠠᠳ︶ ᠤ ᠠᠷᠠᠳ ᠤᠨ ᠲᠥᠯᠥᠭᠡᠯᠡᠭᠴᠢ ᠶᠢᠨ ᠬᠥᠮᠦᠨ ᠤ ᠲᠤᠭ᠎ᠠ ᠨᠢ ᠪᠦᠬᠦ ᠬᠥᠮᠦᠨ ᠤ ᠲᠤᠭ᠎ᠠ ᠶᠢᠨ ᠭᠤᠷᠪᠠᠨ ᠤ ᠬᠤᠶᠠᠷ ᠠᠴᠠ ᠳᠡᠭᠡᠭᠰᠢ ᠶᠢ ᠡᠵᠡᠯᠡᠬᠦ | ᠬᠡᠷᠡᠭᠲᠡᠶ᠃ | ︵ᠭᠤᠷᠪᠠ︶ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠳᠡᠰ ᠳᠠᠷᠠᠭᠠᠯᠠᠯ᠃ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠬᠤᠷᠠᠯ ᠬᠢᠬᠦ ᠠᠴᠠ ᠡᠮᠦᠨ᠎ᠡ᠂ ᠨᠠᠭᠠᠳᠤ | ᠵᠠᠬ᠎ᠠ ᠶᠢᠨ ᠪᠠᠲᠤᠯᠠᠭ᠎ᠠ ᠶᠢ ᠦᠨᠡᠯᠡᠨ ᠶᠠᠷᠢᠯᠴᠠᠬᠤ ᠳᠤᠭᠤᠶᠢᠯᠠᠩ ᠤᠨ ᠪᠦᠷᠢᠯᠳᠦᠬᠦᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ | ᠪᠣᠯᠪᠠᠰᠤᠷᠠᠭᠤᠯᠤᠯ ᠤᠨ ᠰᠤᠷᠤᠯᠴᠠᠯᠭ᠎ᠠ ᠬᠢᠵᠦ᠂ ᠦᠨᠡᠯᠡᠨ ᠶᠠᠷᠢᠯᠴᠠᠬᠤ ᠳᠦᠷᠢᠮ ᠪᠣᠯᠤᠨ ᠬᠤᠷᠠᠯ ᠤᠨ ᠰᠠᠬᠢᠯᠭ᠎ᠠ ᠪᠠᠲᠤ ᠶᠢ ᠨᠡᠶᠢᠲᠡᠯᠡᠬᠦ ᠬᠡᠷᠡᠭᠲᠡᠶ᠃ ᠠᠷᠠᠳᠴᠢᠯᠠᠯ ᠢᠶᠠᠷ | ᠦᠨᠡᠯᠡᠬᠦ ᠦᠶ᠎ᠡ ᠳᠤ᠂ ᠭᠤᠶᠤᠴᠢᠯᠠᠭᠴᠢ ᠪᠤᠶᠤ ᠣᠷᠣᠯᠠᠭᠴᠢ ᠨᠢ ᠭᠤᠶᠤᠴᠢᠯᠠᠭᠰᠠᠨ ᠤᠴᠢᠷ ᠰᠢᠯᠲᠠᠭᠠᠨ ᠵᠢᠴᠢ ᠭᠡᠷ ᠪᠦᠯᠢ ᠶᠢᠨ ᠦᠨᠳᠦᠰᠦᠨ ᠪᠠᠶᠢᠳᠠᠯ ᠢᠶᠠᠨ | ᠲᠣᠭᠠᠴᠢᠨ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ ᠬᠥᠮᠦᠰ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠭᠰᠠᠨ | ᠪᠠᠶᠢᠳᠠᠯ ᠢ ᠲᠠᠨᠢᠯᠴᠠᠭᠤᠯᠵᠤ᠂ ᠰᠢᠯᠭᠠᠷᠠᠭᠤᠯᠤᠨ ᠲᠣᠭᠲᠠᠭᠠᠬᠤ ᠬᠦᠮᠦᠰ ︽ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ | ᠬᠢᠨᠠᠨ ᠪᠠᠶᠢᠴᠠᠭᠠᠵᠤ ᠳᠠᠩᠰᠠᠯᠠᠬᠤ ᠬᠦᠰᠦᠨᠦᠭᠲᠦ︾ ᠶᠢᠨ ᠠᠭᠤᠯᠭ᠎ᠠ ᠪᠣᠯᠤᠨ ᠭᠡᠷ ᠪᠦᠯᠢ ᠶᠢᠨ ᠪᠣᠳᠠᠲᠠᠶ ᠠᠮᠢᠳᠤᠷᠠᠯ ᠤᠨ ᠪᠠᠶᠢᠳᠠᠯ ᠢ ᠦᠨᠳᠦᠰᠦᠯᠡᠨ ᠦᠨᠡᠯᠡᠨ | ᠶᠠᠷᠢᠯᠴᠠᠨ᠎ᠠ᠃ ᠪᠠᠰᠠ ᠵᠥᠪᠯᠡᠨ ᠶᠠᠷᠢᠯᠴᠠᠭᠰᠠᠨ ᠰᠠᠨᠠᠯ ᠳᠤᠷᠠᠳᠴᠤ᠂ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠤᠨ ᠠᠵᠢᠯᠲᠠᠨ | ᠲᠤᠬᠠᠶ ᠶᠢᠨ ᠲᠠᠯᠠᠪᠠᠢ ᠶᠢᠨ ᠦᠨᠡᠯᠡᠨ ᠶᠠᠷᠢᠯᠴᠠᠭᠰᠠᠨ ᠪᠠᠶᠢᠳᠠᠯ ᠢ ᠦᠨᠳᠦᠰᠦᠯᠡᠨ᠂ ᠦᠨᠡᠯᠡᠨ ᠶᠠᠷᠢᠯᠴᠠᠭᠰᠠᠨ ᠳ᠋ᠦᠩᠨᠡᠯᠲᠡ ᠭᠠᠷᠭᠠᠨ᠎ᠠ᠃ ᠦᠨᠡᠯᠡᠨ ᠶᠠᠷᠢᠯᠴᠠᠵᠤ | ᠳᠠᠭᠤᠰᠤᠭᠰᠠᠨ ᠤ ᠳᠠᠷᠠᠭ᠎ᠠ᠂ ᠨᠠᠷᠢᠨ ᠲᠣᠳᠣᠷᠬᠠᠶ᠂ ᠪᠦᠷᠢᠨ ᠪᠦᠲᠦᠨ ᠦᠨᠡᠯᠡᠨ ᠶᠠᠷᠢᠯᠴᠠᠭᠰᠠᠨ ᠲᠡᠮᠳᠡᠭᠯᠡᠯ ᠬᠢᠵᠦ᠂ ᠦᠨᠡᠯᠡᠨ ᠶᠠᠷᠢᠯᠴᠠᠭᠰᠠᠨ ᠦᠷ᠎ᠡ ᠳ᠋ᠦᠩ ᠢ | ᠦᠨᠡᠯᠡᠨ ᠶᠠᠷᠢᠯᠴᠠᠬᠤ ᠳᠤ ᠣᠷᠣᠯᠴᠠᠭᠰᠠᠨ ᠪᠥᠬᠦ ᠬᠥᠮᠦᠰ ᠭᠠᠷ ᠤᠨ ᠥᠰᠥᠭ ᠵᠢᠷᠤᠵᠤ ᠨᠤᠲᠠᠯᠠᠬᠤ ᠬᠡᠷᠡᠭᠲᠡᠶ᠃ | ᠭᠤᠴᠢᠨ ᠨᠠᠢᠮᠠᠳᠤᠭᠠᠷ ᠵᠦᠶᠯ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠬᠠᠩᠭᠠᠭᠰᠠᠨ ᠭᠤᠶᠤᠴᠢᠯᠠᠭᠴᠢ ᠳᠤ ᠲᠡᠭᠦᠨ ᠤ ᠦᠨᠡᠯᠡᠯᠲᠡ ᠳᠤ ᠣᠷᠣᠯᠴᠠᠬᠤ | ᠬᠢᠷᠢ ᠬᠡᠮ ᠢ ᠬᠦᠴᠦᠨ ᠦᠭᠡᠢ ᠪᠣᠯᠭᠠᠵᠤ᠂ 2 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠴᠤ ᠰᠢᠶᠳᠪᠦᠷᠢᠯᠡᠬᠦ ᠦᠭᠡᠢ᠂ | ᠦᠶᠯᠡ ᠪᠠᠶᠢᠳᠠᠯ ᠨᠢ ᠬᠦᠨᠳᠦ ᠨᠣᠴᠢᠲᠠᠶ ᠪᠣᠯ 5 ᠵᠢᠯ ᠤᠨ ᠳᠣᠲᠣᠷ᠎ᠠ ᠲᠡᠭᠦᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠳᠠᠭᠢᠵᠤ ᠭᠥᠯᠢᠶᠡᠨ ᠠᠪᠴᠤ | ᠰᠢᠶᠳᠪᠦᠷᠢᠯᠡᠬᠦ ᠥᠬᠡᠶ᠃ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠮᠠᠷᠭᠤᠯᠳᠤᠭᠠᠨ ᠢᠶᠠᠷ ᠨᠡᠯᠢᠶᠡᠳ ᠶᠡᠭᠡ ᠪᠠᠶᠢᠳᠠᠭ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠭᠤᠶᠤᠴᠢᠯᠠᠯ ᠢ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠳᠠᠬᠢᠨ ᠵᠣᠬᠢᠶᠠᠨ | ᠪᠠᠶᠢᠭᠤᠯᠤᠨ ᠪᠠᠶᠢᠴᠠᠭᠠᠨ ᠬᠠᠷᠭᠤᠭᠤᠯᠬᠤ ᠬᠡᠷᠡᠭᠲᠡᠶ᠃ | ᠵᠢᠷᠭᠤᠳᠤᠭᠠᠷ ᠪᠦᠯᠦᠭ ᠬᠥᠳᠡᠯᠦᠩᠭᠦᠶ ᠬᠠᠮᠢᠶᠠᠷᠤᠯᠲᠠ ᠪᠠ ᠵᠠᠷᠯᠠᠨ ᠨᠡᠶᠢᠲᠡᠯᠡᠬᠦ | ᠭᠤᠴᠢ ᠶᠢᠰᠦᠳᠦᠭᠡᠷ ᠵᠦᠶᠯ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ | ᠳᠦᠷᠢᠮ ᠪᠣᠯᠤᠨ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ | ᠪᠦᠯᠢ ᠨᠢ ᠪᠠᠶᠢᠭ᠎ᠠ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠳᠡᠭᠡᠨ ᠭᠡᠷ ᠪᠦᠯᠢ ᠶᠢᠨ ᠬᠥᠮᠦᠨ ᠠᠮᠠ᠂ ᠣᠷᠣᠯᠭ᠎ᠠ ᠪᠣᠯᠤᠨ ᠡᠳ᠋ | ᠬᠥᠷᠥᠩᠭᠡ ᠵᠡᠷᠭᠡ ᠮᠡᠳᠡᠭᠡ ᠵᠠᠩᠭᠢ ᠶᠢᠨ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠦᠨᠡᠨ ᠪᠣᠳᠠᠲᠠᠶ ᠪᠠᠷ ᠮᠡᠳᠡᠭᠦᠯᠬᠦ | ᠬᠡᠷᠡᠭᠲᠡᠶ᠃ ︽ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠲᠣᠭᠲᠠᠮᠠᠯ ᠬᠤᠭᠤᠴᠠᠭ᠎ᠠ ᠲᠠᠢ ᠮᠡᠳᠡᠭᠦᠯᠬᠦ ᠬᠦᠰᠦᠨᠦᠭᠲᠦ︾ ᠶᠢ ᠲᠠᠭᠯᠠᠨ᠎ᠠ | ᠃ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠬᠦᠴᠢᠷᠳᠡᠯ ᠤᠨ ᠬᠡᠮᠵᠢᠶ᠎ᠡ ᠵᠢᠴᠢ | ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠨ᠎ᠠ᠃ ︽ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ ᠬᠦᠰᠦᠨᠦᠭᠲᠦ | ︾ ᠶᠢ ᠴᠠᠭ ᠲᠤᠬᠠᠶ ᠳᠤᠨᠢ ᠲᠠᠭᠯᠠᠨ᠎ᠠ᠃ | ᠳᠥᠴᠢᠳᠦᠭᠡᠷ ᠵᠦᠶᠯ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ︽ᠬᠤᠲᠠ ᠬᠥᠳᠡᠭᠡ ᠶᠢᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ ᠤᠨ ᠲᠣᠭᠲᠠᠮᠠᠯ ᠬᠤᠭᠤᠴᠠᠭᠠᠲᠤ ᠮᠡᠳᠡᠭᠦᠯᠦᠯᠲᠡ ᠶᠢᠨ ᠬᠦᠰᠦᠨᠦᠭᠲᠦ︾ ᠪᠣᠯᠤᠨ ︽ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ | ᠬᠦᠰᠦᠨᠦᠭᠲᠦ︾ ᠶᠢᠨ ᠪᠠᠶᠢᠳᠠᠯ ᠢ ᠦᠨᠳᠦᠰᠦᠯᠡᠵᠦ᠂ ᠭᠡᠷ ᠪᠦᠯᠢ ᠶᠢᠨ ᠬᠥᠮᠦᠨ ᠠᠮᠠ᠂ ᠣᠷᠣᠯᠭ᠎ᠠ᠂ ᠡᠳ᠋ ᠬᠥᠷᠥᠩᠭᠡ ᠨᠢ ᠬᠤᠪᠢᠷᠠᠯᠲᠠ ᠭᠠᠷᠪᠠᠯ ᠴᠠᠭ ᠲᠤᠬᠠᠶ ᠳᠤᠨᠢ | ᠬᠦᠳᠡᠯᠦᠩᠭᠦᠢ ᠲᠣᠬᠢᠷᠠᠭᠤᠯᠤᠯᠲᠠ ᠬᠢᠵᠦ᠂ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠬᠥᠳᠡᠯᠦᠩᠭᠦᠶ ᠬᠠᠮᠢᠶᠠᠷᠤᠯᠲᠠ ᠶᠢᠨ | ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ᠶᠢ ᠲᠠᠭᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠣᠭᠤᠰ ᠤᠨ ᠲᠤᠭ᠎ᠠ ᠶᠢ ᠨᠡᠮᠡᠵᠦ ᠲᠠᠷᠬᠠᠭᠠᠬᠤ᠂ ᠬᠠᠰᠤᠵᠤ | ᠣᠯᠭᠤᠬᠤ ᠪᠤᠶᠤ ᠳᠠᠭᠠᠳᠬᠠᠯ ᠢ ᠵᠣᠭᠰᠣᠭᠠᠬᠤ ᠲᠣᠭᠲᠠᠭᠠᠯ ᠭᠠᠷᠭᠠᠬᠤ ᠶᠢᠨ ᠬᠠᠮᠲᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠦᠨ ᠬᠢᠨᠠᠨ | ᠬᠠᠷᠭᠤᠭᠤᠯᠬᠤ ᠬᠡᠷᠡᠭᠲᠡᠶ᠃ | ᠳᠥᠴᠢᠨ ᠨᠢᠭᠡᠳᠦᠭᠡᠷ ᠵᠦᠶᠯ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ ᠳᠤ ︽ᠬᠡᠨ ᠳᠠᠬᠢᠨ ᠬᠢᠨᠠᠪᠠᠯ᠂ ᠲᠡᠷᠡ ᠭᠠᠷ ᠤᠨ ᠦᠰᠦᠭ ᠵᠢᠷᠤᠪᠠᠯ | ᠲᠡᠷᠡ ᠬᠠᠷᠢᠭᠤᠴᠠᠬᠤ︾ ᠵᠠᠷᠴᠢᠮ ᠢ ᠬᠡᠷᠡᠭᠵᠢᠭᠦᠯᠦᠨ᠎ᠡ᠃ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠣᠯ ᠲᠣᠭᠲᠠᠮᠠᠯ ᠬᠤᠭᠤᠴᠠᠭ᠎ᠠ ᠲᠠᠢ | ᠳᠠᠬᠢᠨ ᠬᠢᠨᠠᠬᠤ ᠠᠵᠢᠯ ᠢ ᠲᠣᠭᠲᠠᠭᠠᠯ ᠶᠣᠰᠣᠭᠠᠷ ᠥᠷᠨᠢᠭᠦᠯᠦᠭᠰᠡᠨ ᠦᠭᠡᠢ ᠪᠤᠶᠤ ᠠᠵᠢᠯ ᠢ ᠬᠡᠯᠪᠡᠷᠢ ᠮᠠᠶ᠋ᠢᠭ ᠲᠤ ᠣᠷᠣᠭᠤᠯᠤᠭᠰᠠᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠭᠠᠷᠲᠠᠨ ᠭᠦᠶᠴᠡᠳᠬᠡᠬᠦ ᠪᠠᠶᠢᠭᠤᠯᠤᠮᠵᠢ ᠶᠢᠨ ᠠᠵᠢᠯᠲᠠᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯ ᠤᠨ ᠬᠢᠨᠠᠯᠲᠠ ᠪᠠᠶᠢᠴᠠᠭᠠᠯᠲᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ | ᠥᠪᠥᠷ ᠵᠠᠰᠠᠭ ᠲᠠᠷᠬᠠᠭᠠᠭᠰᠠᠨ ︹ 2014 ︺ 107 ᠳ᠋ᠤᠭᠠᠷ ᠲᠤᠭᠠᠲᠤ︶ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠳᠥᠴᠢᠨ ᠬᠤᠶᠠᠳᠤᠭᠠᠷ ᠵᠦᠶᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠡᠶᠢᠲᠡ ᠳᠤ ᠵᠠᠷᠯᠠᠬᠤ ᠳᠤ ᠬᠤᠶᠠᠷ ᠨᠡᠶᠢᠲᠡ ᠳᠤ ᠵᠠᠷᠯᠠᠬᠤ ᠪᠠ ᠤᠷᠲᠤ | ᠬᠤᠭᠤᠴᠠᠭ᠎ᠠ ᠪᠠᠷ ᠨᠡᠶᠢᠲᠡᠯᠡᠬᠦ ᠳᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠣᠯᠠᠨ ᠨᠡᠶᠢᠲᠡ ᠳᠤ ᠬᠠᠨᠳᠤᠭᠤᠯᠤᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠡᠲᠡᠭᠡᠳ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠬᠤᠪᠢ | ᠬᠥᠮᠦᠨ ᠤ ᠨᠢᠭᠤᠴᠠ ᠶᠢ ᠬᠠᠮᠠᠭᠠᠯᠠᠵᠦ᠂ ᠨᠠᠭᠠᠳᠤ ᠵᠠᠬ᠎ᠠ ᠶᠢᠨ ᠪᠠᠲᠤᠯᠠᠭ᠎ᠠ ᠯᠤᠭ᠎ᠠ ᠬᠠᠮᠢᠶ᠎ᠠ ᠦᠭᠡᠢ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠦᠭᠡᠢ᠃ | ᠳᠥᠴᠢᠨ ᠭᠤᠷᠪᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠨᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢ ᠭᠠᠷᠳᠠᠨ ᠬᠢᠬᠦ ᠪᠠᠶᠢᠭᠤᠯᠤᠮᠵᠢ ᠶᠢᠨ ᠠᠵᠢᠯ ᠳᠤ ᠢᠳᠡᠪᠬᠢᠲᠠᠢ ᠬᠠᠮᠵᠢᠯᠴᠠᠵᠤ᠂ ᠬᠤᠳᠠᠯ ᠬᠡᠯᠡᠵᠦ ᠬᠠᠭᠤᠷᠮᠠᠭᠯᠠᠨ ᠦᠶᠯᠡᠳᠴᠦ ᠪᠣᠯᠬᠤ ᠦᠭᠡᠢ᠂ | ᠰᠢᠯᠲᠠᠭᠯᠠᠨ ᠲᠦᠯᠬᠢᠯᠴᠡᠵᠦ ᠪᠣᠯᠬᠤ ᠦᠭᠡᠢ᠂ ᠠᠵᠢᠯ ᠳᠤ ᠬᠠᠮᠵᠢᠯᠴᠠᠬᠤ ᠦᠭᠡᠶ ᠪᠠᠲᠤᠯᠠᠭ᠎ᠠ ᠶᠢᠨ ᠡᠲᠡᠭᠡᠳ ᠪᠦᠬᠦᠨ ᠢ ᠪᠠᠶᠢᠳᠠᠯ ᠢ ᠨᠢ ᠦᠵᠡᠵᠦ ᠪᠠᠶᠢᠭᠠᠳ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠭᠤᠷᠠᠭᠤᠯᠬᠤ ᠪᠤᠶᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠨᠢ | ᠬᠠᠰᠤᠵᠤ ᠪᠣᠯᠤᠨ᠎ᠠ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ ᠪᠠᠶᠢᠪᠠᠯ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠮᠡᠬᠡᠯᠡᠨ ᠠᠪᠤᠭᠰᠠᠨ ᠢᠶᠠᠷ ᠰᠢᠶᠳᠪᠦᠷᠢᠯᠡᠨ᠎ᠡ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢᠨ ᠳᠥᠷᠪᠡᠳᠦᠭᠡᠷ ᠵᠦᠢᠯ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠠᠪᠤᠴᠠ ᠳᠤ᠂ ᠲᠣᠰ | ᠠᠷᠭ᠎ᠠ ᠳᠤ ᠲᠣᠭᠲᠠᠭᠠᠯ ᠭᠠᠷᠭᠠᠭᠰᠠᠨ ᠦᠭᠡᠢ ᠪᠤᠶᠤ ᠨᠢᠭᠡᠨᠲᠡ ᠲᠣᠭᠲᠠᠭᠠᠭᠰᠠᠨ ᠵᠦᠶᠯ ᠨᠢ ᠳᠡᠭᠡᠲᠦ ᠱᠠᠲᠤ ᠯᠤᠭ᠎ᠠ ᠨᠢᠭᠡᠳᠦᠯ ᠦᠭᠡᠢ ᠲᠣᠭᠲᠠᠭᠠᠭᠰᠠᠨ ᠵᠦᠶ ᠳᠤ ᠪᠣᠯ | ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠳᠥᠴᠢᠨ ᠲᠠᠪᠤᠳᠤᠭᠠᠷ ᠵᠦᠢᠯ ᠲᠤᠰ ᠠᠷᠭ᠎ᠠ ᠶᠢ 2020 ᠣᠨ 9 ᠰᠠᠷ᠎ᠠ ᠠᠴᠠ ᠡᠬᠢᠯᠡᠨ ᠬᠡᠷᠡᠭᠵᠢᠭᠦᠯᠵᠦ᠂ 5 ᠵᠢᠯ ᠤᠨ ᠴᠠᠭ ᠬᠤᠭᠤᠴᠠᠭ᠎ᠠ ᠲᠠᠢ᠂ | ᠪᠣᠳᠠᠲᠠᠢ ᠤᠴᠢᠷ ᠶᠠᠪᠤᠳᠠᠯ ᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ ᠠ ᠠᠴᠠ ᠬᠠᠷᠢᠭᠤᠴᠠᠨ ᠲᠠᠶᠢᠯᠪᠤᠷᠢᠯᠠᠨ᠎ᠠ᠃ |