ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ︽ᠦᠶᠤᠸᠠᠨ ᠰᠢᠶᠠᠨ ᠤ ᠬᠥᠳᠡᠭᠡ ᠲᠣᠰᠬᠤᠨ ᠳᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠵᠦ ᠪᠠᠶᠢᠴᠠᠭᠠᠨ ᠵᠢᠭᠰᠠᠭᠠᠬᠤ ᠬᠡᠷᠡᠭᠵᠢᠭᠦᠯᠬᠦ | ᠲᠦᠰᠦᠯ︾ ᠤᠨ ᠲᠤᠬᠠᠶ ᠮᠡᠳᠡᠭᠳᠡᠯ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ | ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄ | ᠵᠠᠰᠠᠭ ᠤᠨ ᠣᠷᠳᠣᠨ ᠠᠴᠠ ᠰᠤᠳᠤᠯᠤᠨ ᠵᠥᠪᠰᠢᠶᠡᠷᠡᠭᠡᠳ᠂ ᠡᠳᠦᠭᠡ ︽ᠦᠶᠤᠸᠠᠨ ᠰᠢᠶᠠᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ | ᠡᠵᠡᠯᠡᠨ ᠭᠡᠷ ᠪᠠᠶᠢᠰᠢᠩ ᠪᠠᠷᠢᠵᠤ ᠪᠠᠶᠢᠴᠠᠭᠠᠨ ᠵᠢᠭᠰᠠᠭᠠᠬᠤ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠨ᠎ᠠ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 10 ᠰᠠᠷ᠎ᠠ ᠶᠢᠨ 13 ᠤ ᠡᠳᠦᠷ | ᠦᠶᠤᠸᠠᠨ ᠰᠢᠶᠠᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠲᠤᠬᠠᠶ ᠬᠡᠷᠡᠭᠵᠢᠭᠦᠯᠬᠦ ᠲᠥᠰᠦᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠵᠦ ᠭᠡᠷ ᠪᠠᠷᠢᠬᠤ ᠶᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠵᠤ ᠪᠠᠶᠢᠴᠠᠭᠠᠨ ᠵᠢᠭᠰᠠᠭᠠᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ︾ ︵ᠥᠪᠥᠷ ᠲᠤᠰᠬᠠᠶ ᠴᠡᠭᠴᠡᠯᠡᠨ ᠵᠠᠰᠠᠬᠤ ᠠᠯᠪᠠᠨ ᠲᠠᠷᠬᠠᠭᠠᠭᠰᠠᠨ ︹ 2020 ︺ 1 ᠳ᠋ᠦ᠋ᠭᠡᠷ ᠲᠣᠭᠠᠲᠤ︶ ᠪᠣᠯᠤᠨ ᠪᠠᠶᠠᠨᠨᠠᠭᠤᠷ ᠬᠤᠲᠠ ᠶᠢᠨ | ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠶᠢᠰᠢᠩ ᠪᠠᠷᠢᠬᠤ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ︽ᠪᠠᠶᠠᠨᠨᠠᠭᠤᠷ ᠬᠤᠲᠠ ᠶᠢᠨ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠶᠢᠰᠢᠩ ᠪᠠᠷᠢᠵᠤ | ᠪᠠᠶᠢᠴᠠᠭᠠᠨ ᠭᠠᠳᠠᠭᠰᠢᠯᠠᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠤᠨ ᠲᠤᠰᠬᠠᠶ ᠴᠡᠭᠴᠡᠯᠡᠨ ᠵᠠᠰᠠᠬᠤ ᠠᠯᠪᠠᠨ | ᠲᠠᠷᠬᠠᠭᠠᠭᠰᠠᠨ ︹ 2020 ︺ 1 ᠳ᠋ᠦ᠋ᠭᠡᠷ ᠲᠣᠭᠠᠲᠤ︶ ᠢ ᠦᠨᠳᠦᠰᠦᠯᠡᠪᠡᠯ᠂ ᠰᠢᠶᠠᠨ ᠤ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ | ᠪᠦᠬᠦ ᠰᠢᠶᠠᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠬᠤ ᠰᠠᠭᠤᠷᠢ ᠲᠤᠭ᠎ᠠ ᠶᠢ ᠪᠠᠶᠢᠴᠠᠭᠠᠨ ᠲᠣᠳᠣᠷᠬᠠᠶᠢᠯᠠᠬᠤ ᠶᠢᠨ | ᠲᠥᠯᠥᠭᠡ ᠲᠤᠰ ᠲᠥᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠪᠠᠶᠢᠳᠠᠯ ᠢ ᠣᠶᠢᠯᠭᠠᠬᠤ ᠪᠠᠷ ᠳᠠᠮᠵᠢᠨ᠂ ᠪᠦᠬᠦ ᠰᠢᠶᠠᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠷᠢᠬᠤ ᠰᠠᠭᠤᠷᠢ | ᠲᠤᠭ᠎ᠠ ᠶᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠪᠦᠬᠦ ᠰᠢᠶᠠᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠷᠢᠬᠤ | ᠠᠰᠠᠭᠤᠳᠠᠯ ᠤᠨ ᠲᠤᠬᠠᠶ ᠠᠵᠢᠯ ᠤᠨ ᠡᠬᠡ ᠳᠠᠩᠰᠠ ᠶᠢ ᠪᠠᠶᠢᠭᠤᠯᠵᠦ᠂ ᠠᠯᠬᠤᠮ ᠬᠤᠪᠢᠶᠠᠨ ᠴᠡᠭᠴᠡᠯᠡᠨ ᠵᠠᠰᠠᠬᠤ᠂ ᠲᠥᠷᠥᠯ ᠬᠤᠪᠢᠶᠠᠨ ᠰᠢᠢᠳᠪᠦᠷᠢᠯᠡᠬᠦ ᠳᠤ ᠰᠠᠭᠤᠷᠢ | ᠲᠠᠯᠪᠢᠵᠤ᠂ ᠬᠦᠴᠦᠷᠬᠡᠭᠯᠡᠨ ᠡᠵᠡᠯᠡᠵᠦ ᠢᠯᠡᠭᠦᠤ ᠡᠵᠡᠯᠡᠬᠦ᠂ ᠬᠠᠤᠯᠢ ᠪᠤᠰᠤ ᠪᠠᠷ ᠬᠤᠳᠠᠯᠳᠤᠬᠤ ᠵᠡᠷᠭᠡ ᠲᠠᠷᠢᠶᠠᠨ ᠭᠠᠵᠠᠷ ᠢ ᠮᠠᠭᠤ ᠰᠠᠨᠠᠭ᠎ᠠ ᠪᠠᠷ ᠡᠵᠡᠯᠡᠨ ᠬᠡᠷᠡᠭᠯᠡᠵᠦ | ᠭᠡᠷ ᠪᠠᠶᠢᠰᠢᠩ ᠪᠠᠷᠢᠬᠤ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠲᠠᠷᠢᠶᠠᠴᠢᠳ ᠤᠨ ᠵᠦᠶ ᠵᠣᠬᠢᠰᠲᠠᠶ ᠭᠡᠷ ᠪᠠᠶᠢᠰᠢᠩ ᠪᠠᠷᠢᠬᠤ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃ | ᠬᠤᠶᠠᠷ᠂ ᠠᠵᠢᠯ ᠤᠨ ᠡᠭᠦᠷᠭᠡ | ᠪᠠᠶᠢᠴᠠᠭᠠᠨ ᠵᠢᠭᠰᠠᠭᠠᠬᠤ ᠬᠡᠪᠴᠢᠶ᠎ᠡ ᠪᠠ ᠠᠭᠤᠯᠭ᠎ᠠ ᠶᠢ ᠲᠣᠳᠣᠷᠬᠠᠶᠢᠯᠠᠵᠤ᠂ 2013 ᠣᠨ ᠠᠴᠠ ᠨᠠᠰᠢ ᠪᠦᠬᠦ ᠰᠢᠶᠠᠨ ᠤ ᠬᠥᠳᠡᠭᠡ ᠲᠣᠰᠬᠤᠨ ᠤ ᠲᠠᠷᠢᠶᠠᠨ | ᠭᠠᠵᠠᠷ ᠢ ᠳᠤᠷ᠎ᠠ ᠪᠠᠷ ᠢᠶᠠᠨ ᠡᠵᠡᠯᠡᠵᠦ᠂ ᠭᠡᠷ ᠪᠠᠷᠢᠬᠤ ᠳᠤ ᠬᠤᠯᠪᠣᠭᠳᠠᠭᠰᠠᠨ ᠭᠠᠵᠠᠷ ᠰᠢᠷᠣᠶ ᠶᠢᠨ ᠪᠠᠶᠢᠳᠠᠯ᠂ ᠭᠡᠷ ᠪᠠᠶᠢᠰᠢᠩ ᠢ ᠪᠦᠲᠦᠭᠡᠨ ᠪᠠᠶᠢᠭᠤᠯᠤᠭᠰᠠᠨ᠂ | ᠬᠡᠷᠡᠭᠯᠡᠭᠰᠡᠨ ᠪᠠ ᠬᠠᠤᠯᠢ ᠪᠤᠰᠤ ᠪᠠᠷ ᠬᠤᠳᠠᠯᠳᠤᠭᠰᠠᠨ ᠪᠠᠶᠢᠳᠠᠯ ᠢ ᠲᠣᠳᠣᠷᠬᠠᠶ ᠣᠶᠢᠯᠠᠭᠠᠪᠠ᠃ ᠰᠢᠶᠳᠬᠡᠵᠦ ᠲᠣᠷᠭᠠᠭᠰᠠᠨ ᠪᠠᠶᠢᠳᠠᠯ ᠵᠡᠷᠭᠡ ᠳᠤ ᠪᠦᠬᠦ ᠰᠢᠶᠠᠨ ᠤ | ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠶᠢᠰᠢᠩ ᠪᠠᠷᠢᠬᠤ ᠠᠰᠠᠭᠤᠳᠠᠯ ᠤᠨ ᠠᠵᠢᠯ ᠤᠨ ᠡᠬᠡ ᠳᠠᠩᠰᠠ ᠶᠢ ᠪᠠᠶᠢᠭᠤᠯᠤᠨ᠎ᠠ᠃ | ︵ᠨᠢᠭᠡ︶ ᠪᠠᠶᠢᠴᠠᠭᠠᠨ ᠵᠢᠭᠰᠠᠭᠠᠬᠤ ᠬᠦᠷᠢᠶ᠎ᠡ ᠬᠡᠪᠴᠢᠶ᠎ᠡ᠃ ᠲᠣᠰ ᠤᠳᠠᠭᠠᠨ ᠤ ᠪᠠᠶᠢᠴᠠᠭᠠᠨ ᠵᠢᠭᠰᠠᠭᠠᠬᠤ ᠡᠲᠡᠭᠡᠳ ᠪᠣᠯ 2013 ᠣᠨ ᠠᠴᠠ ᠨᠠᠰᠢᠬᠢ ᠡᠯ᠎ᠡ | ᠲᠥᠷᠥᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠦᠲᠦᠭᠡᠨ ᠪᠠᠶᠢᠭᠤᠯᠤᠭᠰᠠᠨ ᠬᠠᠤᠯᠢ ᠲᠣᠭᠲᠠᠭᠠᠯ ᠳᠤ ᠨᠡᠶᠢᠴᠡᠬᠦ ᠭᠠᠵᠠᠷ ᠬᠡᠷᠡᠭᠯᠡᠬᠦ ᠭᠠᠷᠳᠠᠮ ᠥᠬᠡᠶ ᠭᠡᠷ | ᠪᠠᠶᠢᠰᠢᠩ ᠪᠣᠯᠤᠨ᠎ᠠ᠃ | 1᠂ ᠴᠠᠭ᠃ ᠭᠤᠤᠯᠳᠠᠭᠤ 2013 ᠣᠨ 1 ᠰᠠᠷ᠎ᠠ ᠶᠢᠨ 1 ᠤ ᠡᠳᠦᠷ ᠠᠴᠠ ᠨᠠᠰᠢ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠦᠲᠦᠭᠡᠨ ᠪᠠᠶᠢᠭᠤᠯᠤᠭᠰᠠᠨ | ᠬᠠᠤᠯᠢ ᠲᠣᠭᠲᠠᠭᠠᠯ ᠳᠤ ᠨᠡᠶᠢᠴᠡᠬᠦ ᠭᠠᠵᠠᠷ ᠬᠡᠷᠡᠭᠯᠡᠬᠦ ᠭᠠᠷᠳᠠᠮ ᠦᠭᠡᠢ ᠭᠡᠷ ᠪᠠᠶᠢᠰᠢᠩ ᠢ ᠣᠶᠢᠯᠭᠠᠨ ᠵᠢᠭᠰᠠᠭᠠᠬᠤ ᠬᠡᠷᠡᠭᠲᠡᠶ᠃ ᠡᠭᠦᠨ ᠠᠴᠠ ᠡᠮᠦᠨ᠎ᠡ ᠣᠨᠴᠠ ᠵᠠᠷᠢᠮ | ᠪᠤᠶᠤ ᠬᠡᠰᠡᠭ ᠨᠢ ᠨᠢᠭᠡᠨᠲᠡ ᠪᠦᠲᠦᠭᠡᠨ ᠪᠠᠶᠢᠭᠤᠯᠤᠭᠰᠠᠨ ᠪᠣᠯᠪᠠᠴᠤ 2013 ᠣᠨ ᠠᠴᠠ ᠨᠠᠰᠢ ᠬᠠᠤᠯᠢ ᠲᠣᠭᠲᠠᠭᠠᠯ ᠠᠴᠠ ᠵᠥᠷᠢᠴᠡᠨ ᠭᠡᠷ ᠪᠠᠶᠢᠰᠢᠩ ᠪᠠᠷᠢᠭᠰᠠᠨ | ᠦᠢᠯᠡ ᠠᠵᠢᠯᠯᠠᠭ᠎ᠠ ᠲᠠᠢ ᠪᠦᠬᠦᠯᠢ ᠴᠤᠭᠴᠠ ᠶᠢᠨ ᠬᠤᠯᠪᠣᠭᠳᠠᠯ ᠪᠦᠬᠦᠢ ᠭᠡᠷ ᠪᠠᠶᠢᠰᠢᠩ ᠬᠠᠮᠲᠤ ᠳᠤᠨᠢ ᠪᠠᠶᠢᠴᠠᠭᠠᠨ ᠵᠢᠭᠰᠠᠭᠠᠬᠤ ᠬᠡᠷᠡᠭᠲᠡᠶ᠃ | 2᠂ ᠲᠠᠷᠢᠶᠠᠨ ᠭᠠᠵᠠᠷ᠃ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠡᠳᠡᠭ ᠨᠢ ᠬᠤᠶᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ | ᠪᠠᠶᠢᠴᠠᠭᠠᠯᠲᠠ ︵ᠳᠣᠷᠣᠭᠰᠢ ︽ᠬᠤᠶᠠᠷ ᠢ ᠰᠢᠯᠵᠢᠭᠦᠯᠬᠦ︾ ᠭᠡᠵᠦ ᠲᠣᠪᠴᠢᠯᠠᠨ᠎ᠠ︶ ᠶᠢᠨ ᠦᠷ᠎ᠡ ᠪᠦᠲᠦᠭᠡᠯ ᠨᠢ ᠲᠠᠷᠢᠶᠠᠨ ᠭᠠᠵᠠᠷ ᠮᠥᠷᠲᠡᠭᠡᠨ ᠬᠠᠤᠯᠢ ᠲᠣᠭᠲᠠᠭᠠᠯ | ᠶᠣᠰᠣᠭᠠᠷ ᠬᠡᠷᠡᠭᠴᠡᠭᠡ ᠶᠢ ᠬᠤᠪᠢᠷᠠᠭᠤᠯᠤᠭᠰᠠᠨ ᠥᠬᠡᠶ ᠪᠤᠶᠤ ᠣᠳᠣᠬᠢ ᠪᠠᠶᠢᠳᠠᠯ ᠨᠢ ᠲᠠᠷᠢᠶᠠᠨ ᠭᠠᠵᠠᠷ ᠢᠶᠠᠷ ᠬᠠᠮᠢᠶᠠᠷᠪᠠᠯ ᠵᠣᠬᠢᠬᠤ ᠭᠠᠵᠠᠷ ᠰᠢᠷᠣᠶ ᠶᠢ ᠵᠢᠭᠠᠵᠤ᠂ | ᠵᠢᠴᠢ ︽ᠬᠤᠶᠠᠳᠠᠬᠢ ᠲᠣᠬᠢᠷᠠᠭᠤᠯᠤᠯᠲᠠ︾ ᠶᠢᠨ ᠳᠠᠷᠠᠭ᠎ᠠ᠂ ᠡᠯ᠎ᠡ ᠵᠢᠯ ᠤᠨ ᠭᠠᠵᠠᠷ ᠰᠢᠷᠣᠶ ᠶᠢ ᠡᠮᠬᠢᠯᠡᠨ ᠲᠡᠭᠰᠢᠯᠡᠵᠦ ᠰᠡᠷᠭᠦᠭᠡᠨ ᠬᠠᠭᠠᠯᠪᠤᠷᠢᠯᠠᠬᠤ ᠵᠡᠷᠭᠡ ᠠᠷᠭ᠎ᠠ | ᠵᠠᠮ ᠢᠶᠠᠷ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠪᠤᠶᠤ ᠲᠠᠷᠢᠶᠠᠨ ᠭᠠᠵᠠᠷ ᠢᠶᠠᠷ ᠬᠠᠮᠢᠶᠠᠷᠤᠭᠰᠠᠨ ᠭᠠᠵᠠᠷ ᠰᠢᠷᠣᠶ ᠪᠣᠯᠤᠨ᠎ᠠ᠃ ᠪᠣᠳᠠᠲᠠᠶ ᠪᠠᠶᠢᠳᠠᠯ ᠵᠢᠱᠢᠶᠡᠯᠡᠪᠡᠯ᠄ | ᠵᠢᠯ ᠲᠤᠷᠰᠢ ᠳᠠᠷᠢᠳᠠᠭ ᠴᠡᠪᠡᠷ ᠲᠠᠷᠢᠶᠠᠨ ᠭᠠᠵᠠᠷ᠃ ᠥᠨᠵᠢᠭᠦᠯᠦᠨ ᠬᠠᠭᠠᠯᠪᠤᠷᠢᠯᠠᠭᠰᠠᠨ᠂ ᠠᠲᠠᠷᠰᠢᠭᠤᠯᠤᠭᠰᠠᠨ ᠲᠠᠷᠢᠶᠠᠨ ᠭᠠᠵᠠᠷ᠃ ᠲᠠᠷᠢᠶᠠᠨ ᠭᠠᠵᠠᠷ ᠤᠨ | ᠬᠠᠮᠢᠶᠠᠷᠤᠯᠲᠠ ᠶᠢᠨ ᠴᠡᠴᠡᠷᠯᠢᠭ᠂ ᠣᠶᠢᠲᠤ ᠭᠠᠵᠠᠷ᠂ ᠡᠪᠡᠰᠦᠲᠦ ᠭᠠᠵᠠᠷ᠂ ᠨᠦᠬᠡ ᠵᠡᠷᠭᠡ ᠪᠠᠷ ᠬᠡᠷᠡᠭᠯᠡᠬᠦ ᠭᠠᠵᠠᠷ᠃ ᠲᠠᠷᠢᠶᠠᠨ ᠭᠠᠵᠠᠷ ᠢ ᠬᠠᠮᠢᠶᠠᠷᠬᠤ ᠶᠣᠰᠣᠲᠠᠶ | ᠲᠥᠬᠦᠭᠡᠷᠦᠮᠵᠢ ᠪᠠᠷ ᠲᠠᠷᠢᠶᠠᠯᠠᠩ ᠳᠤ ᠬᠡᠷᠡᠭᠯᠡᠬᠦ ᠭᠠᠵᠠᠷ᠃ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠭᠠᠵᠠᠷ ᠨᠢᠭᠡᠨᠲᠡ ᠬᠠᠲᠠᠭᠤᠷᠠᠭᠰᠠᠨ ᠬᠥᠳᠡᠭᠡ ᠲᠣᠰᠬᠤᠨ ᠤ | ᠠᠭᠤᠳᠠᠮ ᠲᠠᠯᠠᠪᠠᠢ ᠵᠡᠷᠭᠡ ᠪᠠᠷ ᠬᠡᠷᠡᠭᠯᠡᠬᠦ ᠭᠠᠵᠠᠷ᠃ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠢᠶᠠᠷ | ᠮᠠᠭᠠᠳᠯᠠᠨ ᠲᠣᠭᠲᠠᠭᠠᠭᠰᠠᠨ ᠪᠣᠯᠪᠠᠴᠤ ᠣᠢ ᠰᠢᠭᠤᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠶᠢᠲᠤ ᠭᠠᠵᠠᠷ᠂ ᠨᠤᠲᠤᠭ ᠪᠡᠯᠴᠢᠭᠡᠷ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠪᠡᠰᠦᠲᠦ ᠭᠠᠵᠠᠷ ᠭᠡᠵᠦ ᠮᠠᠭᠠᠳᠯᠠᠨ ᠲᠤᠭᠲᠠᠭᠠᠭᠰᠠᠨ ᠭᠠᠵᠠᠷ ᠰᠢᠷᠣᠶ ᠵᠡᠷᠭᠡ ᠪᠣᠯᠤᠨ᠎ᠠ᠃ | ᠬᠠᠤᠯᠢ ᠳᠤ ᠨᠡᠶᠢᠴᠡᠭᠰᠡᠨ ᠭᠠᠵᠠᠷ ᠬᠡᠷᠡᠭᠯᠡᠬᠦ ᠭᠠᠷ ᠭᠦᠢᠴᠡᠳᠬᠡᠯ ᠦᠭᠡᠢ ᠪᠠᠷ ᠪᠦᠲᠦᠭᠡᠨ ᠪᠠᠶᠢᠭᠤᠯᠤᠭᠰᠠᠨ ᠭᠡᠷ ᠪᠠᠶᠢᠰᠢᠩ ᠲᠠᠷᠢᠶᠠᠨ ᠭᠠᠵᠠᠷ ᠢ ᠪᠦᠬᠦᠨ ᠢᠶᠠᠷ ᠨᠢ | ᠪᠤᠶᠤ ᠬᠡᠰᠡᠭ ᠢᠶᠠᠷ ᠨᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠭᠰᠡᠨ ᠴᠦ ︵ᠤᠯᠤᠰ ᠤᠨ ᠥᠮᠴᠢᠯᠡᠯᠲᠡ ᠪᠠ ᠬᠠᠮᠲᠤ ᠨᠡᠶᠢᠲᠡ ᠶᠢ ᠪᠠᠭᠲᠠᠭᠠᠭᠰᠠᠨ︶ ᠢ ᠴᠥᠮ | ᠣᠶᠢᠯᠠᠭᠠᠵᠤ ᠵᠢᠭᠰᠠᠭᠠᠬᠤ ᠭᠡᠪᠴᠢᠶᠡᠨ ᠳᠤ ᠣᠷᠣᠭᠤᠯᠬᠤ ᠬᠡᠷᠡᠭᠲᠡᠶ᠃ ᠪᠣᠳᠠᠲᠠᠶ ᠨᠢᠭᠡᠨᠲᠡ ᠪᠦᠲᠦᠭᠡᠨ ᠪᠠᠶᠢᠭᠤᠯᠤᠭᠰᠠᠨ ᠪᠣᠯᠪᠠᠴᠤ ᠡᠯ᠎ᠡ ᠵᠦᠶᠯ ᠤᠨ ᠰᠢᠯᠲᠠᠭᠠᠨ ᠠᠴᠠ | ᠪᠣᠯᠵᠤ ︽ᠬᠤᠶᠠᠷ ᠲᠤ ᠲᠣᠬᠢᠷᠠᠭᠤᠯᠤᠯᠲᠠ ᠬᠢᠬᠦ︾ ᠦᠶ᠎ᠡ ᠳᠤ ᠲᠠᠷᠢᠶᠠᠨ ᠭᠠᠵᠠᠷ ᠪᠣᠯᠭᠠᠨ ᠪᠠᠶᠢᠴᠠᠭᠠᠭᠰᠠᠨ ᠭᠠᠵᠠᠷ ᠰᠢᠷᠣᠶ ᠳᠡᠭᠡᠷ᠎ᠡ ᠪᠠᠷᠢᠭᠰᠠᠨ ᠭᠡᠷ ᠪᠠᠶᠢᠰᠢᠩ ᠢ | ᠪᠠᠰᠠ ᠪᠠᠶᠢᠴᠠᠭᠠᠨ ᠵᠢᠭᠰᠠᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠂ ᠭᠡᠪᠡᠴᠦ ᠭᠡᠷᠡᠴᠢ ᠳᠤᠷᠠᠳᠴᠤ ᠲᠤᠲᠤᠷᠬᠠᠶᠢᠯᠠᠵᠦ ᠪᠣᠯᠤᠨ᠎ᠠ᠃ | 3᠂ ᠭᠠᠵᠠᠷ ᠬᠡᠷᠡᠭᠯᠡᠬᠦ ᠭᠠᠷ ᠭᠦᠢᠴᠡᠳᠬᠡᠯ᠃ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠷᠢᠵᠤ᠂ ᠡᠨᠡ ᠨᠢ ᠬᠠᠤᠯᠢ ᠶᠣᠰᠣᠨ ᠳᠤ ᠨᠡᠶᠢᠴᠡᠬᠦ | ᠭᠠᠵᠠᠷ ᠬᠡᠷᠡᠭᠯᠡᠬᠦ ᠭᠠᠷ ᠭᠦᠢᠴᠡᠳᠬᠡᠯ ᠦᠭᠡᠢ ᠪᠤᠶᠤ ᠭᠠᠵᠠᠷ ᠬᠡᠷᠡᠭᠯᠡᠬᠦ ᠭᠠᠷ ᠭᠦᠢᠴᠡᠳᠬᠡᠯ ᠨᠢ ᠪᠦᠷᠢᠨ ᠪᠤᠰᠤ ᠪᠠᠶᠢᠵᠤ᠂ ᠳᠡᠭᠡᠷ᠎ᠡ ᠳᠤᠷᠠᠳᠤᠭᠰᠠᠨ ᠡᠯ᠎ᠡ ᠲᠦᠷᠦᠯ ᠤᠨ | ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠭᠡᠷ ᠪᠠᠶᠢᠰᠢᠩ ᠪᠠᠶᠢᠭᠤᠯᠬᠤ ᠶᠢ ᠵᠢᠭᠠᠵᠤ ᠪᠠᠶᠢᠨ᠎ᠠ᠃ ᠵᠢᠱᠢᠶᠡᠯᠡᠪᠡᠯ᠄ ᠵᠥᠪᠰᠢᠶᠡᠷᠡᠬᠦ ᠶᠢ ᠵᠣᠭᠰᠣᠭᠠᠭᠰᠠᠨ ᠠᠴᠠ ᠪᠣᠯᠵᠦ ᠣᠯᠠᠨ | ᠵᠢᠯ ᠣᠷᠣᠨ ᠰᠠᠭᠤᠴᠠ ᠶᠢᠨ ᠭᠠᠵᠠᠷ ᠵᠦᠪᠰᠢᠶᠡᠷᠡᠭᠰᠡᠨ ᠥᠭᠡᠢ᠃ ᠡᠷᠦᠬᠡ ᠬᠤᠪᠢᠶᠠᠬᠤ ᠨᠥᠬᠦᠴᠡᠯ ᠳᠤ ᠨᠡᠶᠢᠴᠡᠬᠦ ᠦᠭᠡᠢ ᠵᠡᠷᠭᠡ ᠰᠢᠯᠲᠠᠭᠠᠨ ᠠᠴᠠ ᠪᠣᠯᠵᠤ ᠣᠷᠣᠨ | ᠰᠠᠭᠤᠴᠠ ᠶᠢᠨ ᠭᠠᠵᠠᠷ ᠢ ᠵᠥᠪᠰᠢᠶᠡᠷᠡᠭᠰᠡᠨ ᠦᠭᠡᠢ ᠪᠠᠶᠢᠬᠤ᠃ ᠲᠥᠯᠥᠪᠵᠢᠭᠦᠯᠭᠡ ᠳᠤ ᠨᠡᠶᠢᠴᠡᠬᠦ ᠦᠭᠡᠢ ᠪᠠᠶᠢᠭᠠᠳ ᠭᠠᠵᠠᠷ ᠬᠡᠷᠡᠭᠯᠡᠬᠦ ᠭᠠᠷ ᠭᠦᠢᠴᠡᠳᠬᠡᠯ ᠬᠢᠵᠦ | ᠴᠢᠳᠠᠭᠰᠠᠨ ᠦᠭᠡᠢ᠃ ᠬᠡᠷᠡᠭᠴᠡᠭᠡ ᠥᠬᠡᠶ ᠭᠠᠵᠠᠷ ᠤᠨ ᠲᠥᠯᠥᠪᠯᠡᠭᠡ ᠶᠢᠨ ᠭᠦᠶᠴᠡᠳᠬᠡᠯ ᠲᠤᠭ᠎ᠠ ᠨᠢ ᠭᠠᠵᠠᠷ ᠬᠡᠷᠡᠭᠯᠡᠬᠦ ᠭᠠᠷᠳᠠᠮ ᠢ ᠭᠦᠢᠴᠡᠳᠭᠡᠭᠰᠡᠨ ᠥᠬᠡᠶ᠂ | ᠬᠠᠮᠢᠶ᠎ᠠ ᠪᠥᠬᠦᠶ ᠰᠦᠶᠳᠬᠡᠯ ᠲᠤᠰᠢᠶᠠᠭᠰᠠᠨ ᠥᠬᠡᠶ ᠪᠠᠷ ᠭᠠᠵᠠᠷ ᠬᠡᠷᠡᠭᠯᠡᠬᠦ ᠭᠠᠷᠳᠠᠮ ᠢ ᠥᠯᠥ ᠣᠯᠤᠭᠰᠠᠨ᠃ ᠭᠠᠷ ᠭᠦᠢᠴᠡᠳᠬᠡᠯ ᠲᠠᠢ ᠪᠣᠯᠪᠠᠴᠤ ᠬᠠᠤᠯᠢ ᠶᠣᠰᠣᠨ ᠳᠤ | ᠨᠡᠶᠢᠴᠡᠬᠦ ᠦᠭᠡᠢ ᠵᠡᠷᠭᠡ᠃ | ᠲᠠᠷᠢᠶᠠᠯᠠᠩ ᠳᠤ ᠬᠡᠷᠡᠭᠯᠡᠬᠦ ᠭᠠᠵᠠᠷ ᠢ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷ ᠬᠦᠢᠴᠡᠳᠭᠡᠯ ᠢ ᠨᠢᠭᠡᠨᠲᠡ ᠬᠠᠤᠯᠢ ᠶᠣᠰᠣᠭᠠᠷ ᠣᠯᠤᠭᠰᠠᠨ | ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠨᠢᠭᠡᠨᠲᠡ ᠬᠠᠤᠯᠢ ᠶᠣᠰᠣᠭᠠᠷ ᠬᠢᠨᠠᠨ ᠵᠥᠪᠰᠢᠶᠡᠷᠡᠭᠰᠡᠨ ᠣᠷᠣᠨ ᠰᠠᠭᠤᠴᠠ ᠶᠢᠨ ᠭᠠᠵᠠᠷ ᠳᠡᠭᠡᠷ᠎ᠡ ᠪᠠᠷᠢᠭᠰᠠᠨ ᠭᠡᠷ ᠪᠠᠶᠢᠰᠢᠩ᠂ | ᠨᠢᠭᠡᠨᠲᠡ ᠬᠠᠤᠯᠢ ᠶᠣᠰᠣᠭᠠᠷ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠤᠨ ᠦᠨᠡᠮᠯᠡᠯ ︵ᠡᠭᠦᠨ ᠠᠴᠠ ᠡᠮᠦᠨ᠎ᠡ ᠬᠠᠤᠯᠢ ᠶᠣᠰᠣᠭᠠᠷ ᠣᠯᠭᠤᠭᠰᠠᠨ ᠭᠠᠵᠠᠷ ᠰᠢᠷᠣᠢ | ᠬᠡᠷᠡᠭᠯᠡᠬᠦ ᠡᠷᠬᠡ ᠶᠢᠨ ᠦᠨᠡᠮᠯᠡᠯ᠂ ᠭᠡᠷ ᠪᠠᠶᠢᠰᠢᠩ ᠤᠨ ᠦᠮᠴᠢᠯᠡᠬᠦ ᠡᠷᠬᠡ ᠶᠢᠨ ᠦᠨᠡᠮᠯᠡᠯ ᠪᠠᠭᠲᠠᠨ᠎ᠠ︶ ᠢ ᠣᠯᠤᠭᠰᠠᠨ ᠮᠥᠷᠲᠡᠭᠡᠨ ᠬᠠᠤᠯᠢ ᠶᠢ ᠵᠥᠷᠢᠴᠡᠵᠦ ᠲᠠᠷᠢᠶᠠᠨ | ᠭᠠᠵᠠᠷ ᠢ ᠡᠵᠡᠯᠡᠨ ᠬᠡᠷᠡᠭᠯᠡᠭᠰᠡᠨ ᠦᠭᠡᠢ ᠭᠡᠷ ᠪᠠᠶᠢᠰᠢᠩ ᠢ ᠥᠷᠭᠡᠳᠬᠡᠨ ᠪᠠᠶᠢᠭᠤᠯᠤᠭᠠᠳᠤᠢ᠃ ᠨᠢᠭᠡᠨᠲᠡ ᠬᠠᠤᠯᠢ ᠶᠣᠰᠣᠭᠠᠷ ᠲᠦᠷ ᠴᠠᠭ ᠭᠠᠵᠠᠷ ᠬᠡᠷᠡᠭᠯᠡᠬᠦ ᠭᠠᠷ | ᠭᠦᠢᠴᠡᠳᠬᠡᠯ ᠢ ᠣᠯᠤᠭᠰᠠᠨ ᠪᠥᠭᠡᠳ ᠬᠤᠭᠤᠴᠠᠭ᠎ᠠ ᠨᠢ ᠲᠤᠯᠤᠭᠠᠳᠤᠶ ᠲᠦᠷ ᠴᠠᠭ ᠬᠡᠷᠡᠭᠯᠡᠬᠦ ᠭᠡᠷ ᠪᠠᠶᠢᠰᠢᠩ ︽ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠨᠡᠷ᠎ᠡ | ᠪᠤᠷᠤᠭᠤᠯᠠᠭᠰᠠᠨ ᠭᠡᠷ ᠪᠠᠶᠢᠰᠢᠩ︾ ᠢ ᠢᠯᠭᠠᠷᠠᠭᠤᠯᠤᠨ ᠴᠡᠭᠴᠡᠯᠡᠨ ᠵᠠᠰᠠᠬᠤ ᠠᠵᠢᠯ ᠤᠨ ᠳᠤᠮᠳᠠ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠲᠥᠬᠦᠭᠡᠷᠦᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠳᠡᠭᠡᠷᠡᠬᠢ ᠭᠡᠷ ᠪᠠᠶᠢᠰᠢᠩ ︽ᠲᠥᠬᠦᠭᠡᠷᠦᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠥᠬᠦᠶ | ᠠᠰᠠᠭᠤᠳᠠᠯ ᠤᠨ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ︵ᠪᠠᠶᠢᠭᠠᠯᠢ ᠶᠢᠨ ᠡᠳ᠋ | ᠬᠥᠷᠥᠩᠭᠡ ︹ 2019 ︺ 4 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠪᠤᠶᠤ ᠦᠪᠡᠷᠳᠡᠭᠡᠨ ᠵᠠᠰᠠᠬᠤ ᠣᠷᠣᠨ ᠤ ᠱᠠᠲᠤᠨ ᠤ ᠬᠠᠮᠢᠶ᠎ᠠ ᠪᠥᠬᠦᠶ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶ᠎ᠠ ᠪᠥᠬᠦᠶ ᠲᠣᠭᠲᠠᠭᠠᠯ ᠢᠶᠠᠷ ᠪᠡᠶᠢᠭᠤᠯᠤᠭᠰᠠᠨ | ᠲᠠᠷᠢᠮᠠᠯ ᠤᠨ ᠦᠶᠯᠡᠰ᠂ ᠲᠡᠵᠢᠭᠡᠨ ᠦᠷᠡᠵᠢᠭᠦᠯᠬᠦ ᠦᠶᠯᠡᠰ ᠤᠨ ᠬᠡᠷ ᠪᠠᠶᠢᠰᠢᠩ ᠳᠤ ᠨᠡᠶᠢᠴᠡᠵᠦ᠂ ᠵᠢᠴᠢ ᠨᠢᠭᠡᠨᠲᠡ ᠪᠦᠬᠦ ᠤᠯᠤᠰ ᠠᠴᠠ ᠪᠠᠷᠢᠯᠭ᠎ᠠ ᠶᠢ ᠵᠥᠷᠢᠴᠡᠭᠰᠡᠨ | ᠠᠰᠠᠭᠤᠳᠠᠯ ᠢ ᠴᠡᠪᠡᠷᠯᠡᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠳᠤ ᠣᠷᠣᠭᠤᠯᠤᠭᠰᠠᠨ ᠭᠡᠷ ᠪᠠᠶᠢᠰᠢᠩ᠂ ᠲᠣᠰ ᠤᠳᠠᠭᠠᠨ ᠤ ᠪᠠᠶᠢᠴᠠᠭᠠᠨ | ᠵᠢᠭᠰᠠᠭᠠᠬᠤ ᠬᠡᠪᠴᠢᠶᠡᠨ ᠳᠤ ᠣᠷᠣᠭᠤᠯᠬᠤ ᠥᠬᠡᠶ᠃ ᠡᠯ᠎ᠡ ᠰᠤᠮᠤ ᠪᠠᠯᠭᠠᠰᠤ ᠨᠢ ᠲᠣᠰ ᠲᠥᠰᠦᠯ ᠤᠨ ᠲᠣᠭᠲᠠᠭᠠᠯ ᠢ ᠬᠠᠩᠭᠠᠭᠰᠠᠨ ᠤᠷᠢᠲᠠᠯ ᠳᠣᠤᠷ᠎ᠠ᠂ | ᠪᠣᠳᠠᠲᠠᠶ ᠲᠠᠢ ᠪᠠᠨ ᠤᠶᠠᠯᠳᠤᠭᠤᠯᠤᠨ ᠪᠠᠶᠢᠴᠠᠭᠠᠨ ᠵᠢᠭᠰᠠᠭᠠᠬᠤ ᠬᠡᠪᠴᠢᠶ᠎ᠡ ᠪᠠ ᠠᠭᠤᠯᠭ᠎ᠠ ᠶᠢ ᠥᠷᠭᠡᠳᠬᠡᠵᠦ ᠪᠣᠯᠤᠨ᠎ᠠ᠃ | ︵ᠬᠤᠶᠠᠷ︶ ᠪᠠᠶᠢᠴᠠᠭᠠᠨ ᠵᠢᠭᠰᠠᠭᠠᠬᠤ ᠲᠥᠷᠥᠯ ᠬᠡᠯᠪᠡᠷᠢ᠃ ᠭᠡᠷ ᠪᠠᠶᠢᠰᠢᠩ ᠤᠨ ᠭᠤᠣᠯ ᠬᠡᠷᠡᠭᠴᠡᠭᠡ ᠪᠠᠷ ᠨᠢ ᠳᠣᠣᠷᠠᠬᠢ ᠭᠤᠷᠪᠠᠨ ᠲᠦᠷᠦᠯ ᠬᠤᠪᠢᠶᠠᠨ᠎ᠠ᠃ | ᠨᠢᠭᠡ ᠳᠤ᠂ ᠣᠷᠣᠨ ᠰᠠᠭᠤᠴᠠ ᠶᠢᠨ ᠲᠥᠷᠥᠯ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠥᠷᠥᠯ ᠤᠨ ᠣᠷᠣᠨ ᠰᠠᠭᠤᠴᠠ ᠳᠤ᠂ | ᠤᠭᠰᠠᠭ᠎ᠠ ᠪᠠᠷ ᠨᠢᠭᠡᠴᠢ ᠪᠣᠯᠭᠠᠵᠤ ᠪᠠᠶᠢᠴᠠᠭᠠᠨ ᠵᠢᠭᠰᠠᠭᠠᠬᠤ ᠠᠵᠢᠯ ᠢ ᠥᠷᠨᠢᠭᠦᠯᠬᠦ ᠶᠢᠨ ᠬᠠᠮᠲᠤ᠂ ᠬᠡᠷ ᠪᠠᠶᠢᠰᠢᠩ ᠨᠢ ᠲᠤᠬᠠᠶ ᠶᠢᠨ ᠭᠠᠵᠠᠷ ᠤᠨ ︽ᠨᠢᠭᠡ ᠡᠷᠦᠬᠡ | ᠨᠢᠭᠡ ᠣᠷᠣᠨ ᠰᠠᠭᠤᠴᠠ︾ ᠶᠢᠨ ᠲᠥᠷᠥ ᠶᠢᠨ ᠪᠣᠳᠣᠯᠭ᠎ᠠ ᠪᠤᠶᠤ ︽ᠡᠷᠦᠬᠡ ᠬᠤᠪᠢᠶᠠᠭᠰᠠᠨ ᠨᠦᠬᠦᠴᠡᠯ︾ ᠳᠤ ᠨᠡᠶᠢᠴᠡᠬᠦ ᠡᠰᠡᠬᠦ ᠶᠢ ᠮᠠᠭᠠᠳᠯᠠᠨ ᠲᠣᠭᠲᠠᠭᠠᠨ᠎ᠠ᠃ | ᠨᠢᠭᠡᠴᠢ ᠠᠰᠠᠷ ᠤᠨ ᠮᠠᠶ᠋ᠢᠭ ᠤᠨ ᠣᠯᠠᠨ ᠡᠷᠦᠬᠡ ᠣᠷᠣᠨ ᠰᠠᠭᠤᠴᠠ ᠳᠤ ᠲᠥᠷᠥᠯ ᠵᠦᠶᠯ ᠢᠶᠠᠷ ᠨᠢᠭᠡᠴᠢ ᠪᠣᠯᠭᠠᠨ ᠣᠶᠢᠯᠠᠭᠠᠨ ᠵᠢᠭᠰᠠᠭᠠᠬᠤ ᠠᠵᠢᠯ ᠢ ᠥᠷᠨᠢᠭᠦᠯᠦᠨ᠎ᠡ᠃ | ᠭᠡᠷ ᠪᠠᠶᠢᠰᠢᠩ ᠤᠨ ᠲᠥᠷᠥᠯ ᠬᠡᠯᠪᠡᠷᠢ᠂ ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ᠂ ᠭᠠᠵᠠᠷ ᠰᠢᠷᠦᠢ ᠶᠢᠨ ᠬᠠᠤᠯᠢ ᠠᠴᠠ ᠵᠥᠷᠢᠴᠡᠭᠰᠡᠨ ᠪᠠ | ᠰᠢᠶᠳᠬᠡᠭᠰᠡᠨ ᠪᠠᠶᠢᠳᠠᠯ ᠵᠡᠷᠭᠡ ᠶᠢ ᠲᠣᠳᠣᠷᠬᠠᠶ ᠣᠶᠢᠯᠠᠭᠠᠵᠤ᠂ ᠡᠴᠦᠰ ᠲᠡᠭᠡᠨ ᠣᠷᠣᠨ ᠰᠠᠭᠤᠴᠠ ᠶᠢᠨ ᠲᠥᠷᠥᠯ ᠤᠨ ᠬᠥᠳᠡᠭᠡ ᠲᠣᠰᠬᠤᠨ ᠤ ᠲᠠᠷᠢᠶᠠᠨ ᠭᠠᠵᠠᠷ ᠢ | ᠳᠤᠷ᠎ᠠ ᠪᠠᠷ ᠢᠶᠠᠨ ᠡᠵᠡᠯᠡᠵᠦ ᠭᠡᠷ ᠪᠠᠷᠢᠬᠤ ᠠᠰᠠᠭᠤᠳᠠᠯ ᠤᠨ ᠠᠵᠢᠯ ᠤᠨ ᠡᠬᠡ ᠳᠠᠩᠰᠠ ᠶᠢ ᠪᠤᠢ ᠪᠣᠯᠭᠠᠪᠠ᠃ ᠣᠶᠢᠯᠭᠠᠨ ᠵᠢᠭᠰᠠᠭᠠᠭᠰᠠᠨ ᠦᠷ᠎ᠡ ᠳ᠋ᠦᠩ ᠪᠣᠯᠤᠨ | ᠦᠨᠡᠮᠰᠢᠭᠰᠡᠨ ᠪᠠᠶᠢᠳᠠᠯ ᠢ ᠢᠯᠡ ᠨᠡᠶᠢᠲᠡᠯᠡᠬᠦ ᠬᠡᠷᠡᠭᠲᠡᠶ᠃ | ᠬᠤᠶᠠᠷ ᠲᠤ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠲᠥᠷᠥᠯ᠃ ᠲᠥᠷᠥᠯ ᠵᠦᠢᠯ ᠢᠶᠠᠷ ᠨᠢᠭᠡᠴᠢ ᠪᠣᠯᠭᠠᠵᠤ᠂ | ᠲᠤᠰ ᠲᠥᠷᠥᠯ ᠤᠨ ᠭᠡᠷ ᠪᠠᠶᠢᠰᠢᠩ ᠤᠨ ᠬᠡᠷᠡᠭᠴᠡᠭᠡ᠂ ᠪᠦᠲᠦᠭᠡᠨ ᠪᠠᠶᠢᠭᠤᠯᠤᠯᠲᠠ ᠶᠢᠨ ᠭᠤᠤᠯ ᠴᠣᠭᠴᠠ᠂ ᠪᠦᠲᠦᠭᠡᠨ ᠪᠠᠶᠢᠭᠤᠯᠤᠯᠲᠠ ᠶᠢᠨ ᠦᠨᠳᠦᠰᠦᠯᠡᠯ᠂ ᠭᠠᠵᠠᠷ | ᠰᠢᠷᠣᠶ ᠶᠢᠨ ᠬᠠᠤᠯᠢ ᠠᠴᠠ ᠵᠥᠷᠢᠴᠡᠭᠰᠡᠨ ᠪᠠ ᠰᠢᠳᠬᠡᠨ ᠲᠣᠷᠭᠠᠭᠰᠠᠨ ᠪᠠᠶᠢᠳᠠᠯ ᠵᠡᠷᠭᠡ ᠶᠢ ᠲᠣᠳᠣᠷᠬᠠᠶ ᠣᠶᠢᠯᠠᠭᠠᠵᠤ᠂ ᠡᠴᠦᠰ ᠲᠡᠭᠡᠨ ᠣᠯᠠᠨ ᠨᠡᠶᠢᠲᠡ ᠶᠢᠨ | ᠬᠠᠮᠢᠶᠠᠷᠤᠯᠲᠠ ᠪᠣᠯᠤᠨ ᠣᠯᠠᠨ ᠨᠡᠶᠢᠲᠡ ᠶᠢᠨ ᠦᠶᠯᠡᠴᠢᠯᠡᠭᠡᠨ ᠤ ᠲᠥᠷᠥᠯ ᠤᠨ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠷᠢᠬᠤ | ᠠᠰᠠᠭᠤᠳᠠᠯ ᠤᠨ ᠠᠵᠢᠯ ᠤᠨ ᠡᠬᠡ ᠳᠠᠩᠰᠠ ᠶᠢ ᠪᠣᠶ ᠪᠣᠯᠭᠠᠬᠤ ᠬᠡᠷᠡᠭᠲᠡᠶ᠃ | ᠭᠤᠷᠪᠠ ᠳᠤ᠂ ᠦᠶᠯᠡᠳᠪᠦᠷᠢ ᠠᠭᠤᠷᠬᠠᠶ᠂ ᠬᠥᠮᠥᠷᠭᠡᠯᠡᠨ ᠬᠠᠳᠠᠭᠠᠯᠠᠬᠤ᠂ ᠬᠤᠳᠠᠯᠳᠤᠭᠠᠨ ᠤ ᠬᠤᠪᠴᠠᠰᠤ᠂ ᠵᠢᠭᠤᠯᠴᠢᠯᠠᠯ ᠵᠡᠷᠭᠡ ᠠᠵᠤ ᠦᠶᠯᠡᠰ ᠤᠨ ᠲᠥᠷᠥᠯ | ᠃ ᠲᠥᠷᠥᠯ ᠵᠦᠢᠯ ᠢᠶᠠᠷ ᠨᠢᠭᠡᠴᠢ ᠪᠣᠯᠭᠠᠵᠤ᠂ ᠲᠣᠰ ᠲᠥᠷᠥᠯ ᠤᠨ ᠭᠡᠷ ᠪᠠᠶᠢᠰᠢᠩ ᠤᠨ ᠬᠡᠷᠡᠭᠴᠡᠭᠡ᠂ ᠪᠦᠲᠦᠭᠡᠨ ᠪᠠᠶᠢᠭᠤᠯᠤᠯᠲᠠ ᠶᠢᠨ ᠭᠤᠤᠯ ᠴᠣᠭᠴᠠ᠂ | ᠪᠦᠲᠦᠭᠡᠨ ᠤ ᠠᠶᠢᠭᠤᠯᠤᠯᠲᠠ ᠶᠢᠨ ᠦᠨᠳᠦᠰᠦᠯᠡᠯ᠂ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠪᠠ ᠰᠢᠶᠳᠬᠡᠨ ᠲᠣᠷᠭᠠᠭᠰᠠᠨ ᠪᠠᠶᠢᠳᠠᠯ ᠵᠡᠷᠭᠡ ᠶᠢ ᠲᠣᠳᠣᠷᠬᠠᠶ | ᠣᠶᠢᠯᠠᠭᠠᠵᠤ᠂ ᠡᠴᠦᠰ ᠲᠡᠭᠡᠨ ᠠᠵᠤ ᠦᠢᠯᠡᠰ ᠤᠨ ᠲᠥᠷᠥᠯ ᠤᠨ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ ᠪᠠᠶᠢᠰᠢᠩ ᠪᠠᠷᠢᠬᠤ | ᠠᠰᠠᠭᠤᠳᠠᠯ ᠤᠨ ᠠᠵᠢᠯ ᠤᠨ ᠡᠬᠡ ᠳᠠᠩᠰᠠ ᠶᠢ ᠪᠤᠢ ᠪᠣᠯᠭᠠᠬᠤ ᠬᠡᠷᠡᠭᠲᠡᠶ᠃ | ᠭᠤᠷᠪᠠ᠂ ᠠᠵᠢᠯᠯᠠᠬᠤ ᠠᠷᠭ᠎ᠠ | ᠳᠡᠭᠡᠷ᠎ᠡ ᠳᠣᠤᠷ᠎ᠠ ᠱᠠᠲᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠡᠯ᠎ᠡ ᠱᠠᠲᠤᠨ ᠤ ᠳᠠᠪᠠᠭᠤᠯᠢᠭ ᠢ ᠪᠠᠳᠠᠷᠠᠭᠤᠯᠵᠦ᠂ ᠪᠠᠶᠢᠴᠠᠭᠠᠨ ᠵᠢᠭᠰᠠᠭᠠᠬᠤ | ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ | ︵ᠨᠢᠭᠡ︶ ᠰᠠᠭᠤᠷᠢ ᠮᠠᠲ᠋ᠧᠷᠢᠶᠠᠯ ᠤᠨ ᠬᠡᠷᠡᠭᠯᠡᠯᠲᠡ᠃ ᠤᠯᠤᠰ ᠤᠨ ᠨᠢᠭᠡᠳᠦᠯᠲᠡᠶ ᠲᠥᠯᠥᠪᠯᠡᠭᠰᠡᠨ ᠰᠠᠭᠤᠷᠢ ᠲᠤᠭ᠎ᠠ ᠪᠠᠷᠢᠮᠲᠠ ᠵᠢᠴᠢ ᠥᠪᠡᠷᠲᠡᠭᠡᠨ ᠵᠠᠰᠠᠬᠤ | ᠣᠷᠣᠨ ᠤ ᠡᠵᠡᠮᠰᠢᠭᠰᠡᠨ ᠲᠤᠭ᠎ᠠ ᠪᠠᠷᠢᠮᠲᠠ ᠶᠢ ᠦᠨᠳᠦᠰᠦᠯᠡᠨ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰ ᠭᠠᠵᠠᠷ ᠣᠷᠣᠨ ᠤ ᠪᠠᠨ ᠬᠥᠳᠡᠯᠦᠩᠭᠦᠶ | ᠲᠣᠭᠤᠷᠢᠨ ᠪᠠᠶᠢᠴᠠᠭᠠᠬᠤ᠂ ᠬᠠᠤᠯᠢ ᠠᠴᠠ ᠵᠥᠷᠢᠴᠡᠨ ᠢᠯᠡᠴᠢᠯᠡᠨ ᠮᠡᠳᠡᠭᠦᠯᠬᠦ ᠳᠤ ᠬᠤᠯᠪᠣᠭᠳᠠᠬᠤ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠨᠢᠭᠡᠳᠦᠯᠲᠡᠶ ᠲᠥᠯᠥᠪᠯᠡᠨ᠂ | ᠪᠠᠶᠢᠴᠠᠭᠠᠨ ᠵᠢᠭᠰᠠᠭᠠᠬᠤ ᠬᠡᠷᠡᠭᠲᠡᠶ᠃ | ᠤᠯᠤᠰ ᠤᠨ ᠨᠢᠭᠡᠳᠦᠯᠲᠡᠶ ᠲᠥᠯᠥᠪᠯᠡᠬᠦ ᠰᠠᠭᠤᠷᠢ ᠲᠤᠭ᠎ᠠ ᠪᠠᠷᠢᠮᠲᠠ᠄ ᠬᠤᠶᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ | ᠡᠴᠦᠰ ᠤᠨ ᠦᠷ᠎ᠡ ᠪᠦᠲᠦᠭᠡᠯ ᠤᠨ ᠲᠤᠭ᠎ᠠ ᠪᠠᠷᠢᠮᠲᠠ ᠶᠢᠨ ᠬᠥᠮᠥᠷᠭᠡ ᠵᠢᠴᠢ ᠠᠯᠤᠰ ᠰᠡᠷᠡᠯ ᠤᠨ ᠵᠢᠷᠤᠭ ᠳᠦᠷᠰᠦ ᠶᠢᠨ ᠡᠬᠡ ᠵᠢᠷᠤᠭ 2012 — 2018 ᠣᠨ | ᠭᠠᠵᠠᠷ ᠰᠢᠷᠣᠶ ᠶᠢᠨ ᠬᠤᠪᠢᠷᠠᠭᠤᠯᠤᠯᠲᠠ ᠶᠢᠨ ᠪᠠᠶᠢᠴᠠᠭᠠᠯᠲᠠ ᠶᠢᠨ ᠡᠴᠦᠰ ᠤᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠵᠢᠴᠢ ᠠᠯᠤᠰ ᠰᠡᠷᠡᠯ ᠤᠨ ᠵᠢᠷᠤᠭ | ᠳᠦᠷᠰᠦ ᠶᠢᠨ ᠡᠬᠡ ᠵᠢᠷᠤᠭ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠨᠢᠭᠡᠳᠦᠯᠲᠡᠶ ᠳᠤ ᠦᠶ᠎ᠡ ᠳᠤ | ᠠᠯᠤᠰ ᠰᠡᠷᠡᠯ ᠤᠨ ᠵᠢᠷᠤᠭ ᠳᠦᠷᠰᠦ ᠶᠢ ᠰᠢᠨᠡᠳᠬᠡᠵᠦ᠂ ᠭᠠᠵᠠᠷ ᠰᠢᠷᠣᠶ ᠶᠢ ᠠᠰᠢᠭᠯᠠᠬᠤ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ᠂ ᠦᠨᠳᠦᠰᠦᠨ ᠲᠠᠷᠢᠶᠠᠨ | ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠳ᠋ᠠᠶᠢᠲ᠋ᠠ ᠬᠥᠮᠥᠷᠭᠡ᠂ 2010 ᠣᠨ ᠠᠴᠠ ᠨᠠᠰᠢ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ | ᠲᠥᠷᠥᠯ ᠵᠦᠶᠯ ᠤᠨ ᠵᠢᠷᠤᠭ ᠲᠣᠯᠪᠤ᠂ 2012 — 2018 ᠣᠨ ᠤ ᠭᠠᠵᠠᠷ ᠰᠢᠷᠣᠶ ᠶᠢᠨ ᠡᠷᠡᠭᠦᠯ ᠬᠠᠮᠠᠭᠠᠯᠠᠯ ᠤᠨ ᠹᠢᠯᠢᠮ ᠤᠨ ᠬᠠᠤᠯᠢ ᠬᠡᠷᠡᠭᠵᠢᠭᠦᠯᠦᠯᠲᠡ ᠶᠢᠨ | ᠵᠢᠷᠤᠭ ᠲᠣᠯᠪᠤ 2019 ᠣᠨ ᠤ ᠳᠥᠷᠪᠡᠨ ᠤᠯᠠᠷᠢᠯ ᠤᠨ ᠭᠠᠵᠠᠷ ᠰᠢᠷᠣᠶ ᠶᠢᠨ ᠬᠠᠮᠠᠭᠠᠯᠠᠯᠲᠠ ᠶᠢᠨ ᠹᠢᠯᠢᠮ ᠤᠨ ᠬᠠᠤᠯᠢ ᠬᠡᠷᠡᠭᠵᠢᠭᠦᠯᠬᠦ ᠵᠢᠷᠤᠭ ᠤᠨ ᠲᠣᠯᠪᠤ 2020 | ᠣᠨ ᠤ ᠨᠢᠭᠡᠳᠦᠭᠡᠷ ᠬᠤᠶᠠᠳᠤᠭᠠᠷ ᠤᠯᠠᠷᠢᠯ ᠤᠨ ᠭᠠᠵᠠᠷ ᠰᠢᠷᠣᠶ ᠶᠢᠨ ᠡᠷᠡᠭᠦᠯ ᠬᠠᠮᠠᠭᠠᠯᠠᠯ ᠤᠨ ᠹᠢᠯᠢᠮ ᠤᠨ ᠬᠠᠤᠯᠢ ᠬᠡᠷᠡᠭᠵᠢᠭᠦᠯᠬᠦ ᠵᠢᠷᠤᠭ ᠲᠣᠯᠪᠤ 2013 | ᠣᠨ ᠠᠴᠠ ᠨᠠᠰᠢ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠷᠢᠬᠤ ᠠᠯᠤᠰ ᠰᠡᠷᠡᠯ ᠢ ᠬᠢᠨᠠᠨ ᠬᠡᠮᠵᠢᠵᠦ᠂ ᠲᠠᠷᠢᠶᠠᠯᠠᠩ ᠢ ᠰᠢᠯᠵᠢᠭᠦᠯᠦᠨ ᠬᠡᠷᠡᠭᠯᠡᠬᠦ ᠶᠢ ᠬᠢᠨᠠᠨ | ᠵᠥᠪᠰᠢᠶᠡᠷᠡᠵᠦ ᠳᠠᠩᠰᠠᠯᠠᠭᠤᠯᠬᠤ ᠳ᠋ᠠᠶᠢᠲ᠋ᠠ ᠬᠥᠮᠥᠷᠭᠡ᠂ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠶᠯ ᠤᠨ ᠳᠠᠩᠰᠠᠯᠠᠭᠤᠯᠬᠤ | ᠳ᠋ᠠᠶᠢᠲ᠋ᠠ ᠬᠥᠮᠥᠷᠭᠡ ᠵᠡᠷᠭᠡ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠵᠡᠮᠰᠢᠭᠰᠡᠨ ᠲᠤᠭ᠎ᠠ ᠪᠠᠷᠢᠮᠲᠠ᠄ ᠭᠠᠵᠠᠷ ᠰᠢᠷᠣᠶ ᠠᠰᠢᠭᠯᠠᠬᠤ ᠲᠥᠯᠥᠪᠵᠢᠭᠦᠯᠭᠡ ᠶᠢᠨ ᠲᠤᠭ᠎ᠠ ᠪᠠᠷᠢᠮᠲᠠ᠂ ᠬᠤᠲᠠ | ᠬᠥᠳᠡᠭᠡ ︵ᠠᠶᠢᠯ ᠲᠣᠰᠬᠤᠨ︶ ᠶᠢᠨ ᠲᠥᠯᠥᠪᠵᠢᠭᠦᠯᠭᠡ ᠵᠢᠴᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠲᠤᠭ᠎ᠠ ᠪᠠᠷᠢᠮᠲᠠ᠂ | ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠩᠬ᠎ᠠ ᠠᠯᠬᠤᠮ ᠤᠨ ᠦᠷ᠎ᠡ ᠪᠦᠲᠦᠭᠡᠯ ᠵᠢᠴᠢ ᠬᠤᠯᠪᠣᠭᠳᠠᠯ | ᠪᠦᠬᠦᠢ ᠠᠯᠤᠰ ᠰᠡᠷᠡᠯ ᠤᠨ ᠭᠡᠷᠡᠯ ᠵᠢᠷᠤᠭ ᠤᠨ ᠮᠠᠲ᠋ᠧᠷᠢᠶᠠᠯ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢ ᠭᠠᠵᠠᠷ ᠪᠣᠯᠤᠨ ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ ᠲᠣᠭᠲᠠᠭᠠᠵᠤ ᠦᠨᠡᠮᠯᠡᠯ ᠣᠯᠭᠤᠵᠤ᠂ ᠭᠠᠵᠠᠷ ᠰᠢᠷᠣᠶ ᠶᠢᠨ ᠬᠠᠷᠢᠶᠠᠯᠠᠯ ᠤᠨ ᠪᠠᠶᠢᠴᠠᠭᠠᠯᠲᠠ ᠬᠡᠮᠵᠢᠯᠲᠡ | ᠵᠢᠴᠢ ᠥᠩᠭᠡᠷᠡᠭᠰᠡᠨ ᠵᠢᠯ ᠤᠳ ᠤᠨ ᠵᠤᠷᠰᠢᠯᠲᠤ ᠱᠠᠯᠠᠪᠳᠠᠭᠤᠯᠤᠨ ᠪᠠᠶᠢᠴᠠᠭᠠᠯᠲᠠ ᠨᠢ ᠲᠠᠷᠢᠶᠠᠨ ᠭᠠᠵᠠᠷ ᠤᠨ ᠵᠢᠷᠤᠭ ᠲᠣᠯᠪᠤ ᠶᠢ ᠡᠵᠡᠯᠡᠬᠦ ᠰᠠᠭᠤᠷᠢ ᠲᠤᠭ᠎ᠠ | ᠪᠠᠷᠢᠮᠲᠠ ᠶᠢᠨ ᠮᠠᠲ᠋ᠧᠷᠢᠶᠠᠯ ᠵᠡᠷᠭᠡ ᠳᠤ ᠬᠤᠯᠪᠣᠭᠳᠠᠪᠠ᠃ | ︵ᠬᠤᠶᠠᠷ︶ ᠲᠤᠭ᠎ᠠ ᠪᠠᠷᠢᠮᠲᠠ ᠶᠢᠨ ᠮᠠᠲ᠋ᠧᠷᠢᠶᠠᠯ ᠤᠨ ᠬᠡᠷᠡᠭᠯᠡᠯᠲᠡ᠃ | 1᠂ ᠳᠣᠤᠷᠠᠬᠢ ᠲᠤᠭ᠎ᠠ ᠪᠠᠷᠢᠮᠲᠠ ᠶᠢ ᠦᠨᠳᠦᠰᠦᠯᠡᠨ ᠲᠣᠰ ᠤᠳᠠᠭᠠᠨ ᠤ ᠪᠠᠶᠢᠴᠠᠭᠠᠨ ᠵᠢᠭᠰᠠᠭᠠᠬᠤ ᠠᠵᠢᠯ ᠤᠨ ᠰᠠᠭᠤᠷᠢ ᠵᠢᠷᠤᠭ ᠢ ᠪᠦᠷᠢᠯᠳᠦᠭᠦᠯᠦᠨ᠎ᠡ᠄ | ᠬᠤᠶᠠᠳᠤᠭᠠᠷ ᠤᠳᠠᠭᠠᠨ ᠤ ᠪᠥᠬᠦ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠡᠴᠦᠰ ᠤᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠵᠢᠴᠢ ᠠᠯᠤᠰ | ᠰᠡᠷᠡᠯ ᠤᠨ ᠰᠡᠭᠦᠳᠡᠷ ᠳᠦᠷᠰᠦ ᠶᠢᠨ ᠰᠠᠭᠤᠷᠢ ᠵᠢᠷᠤᠭ᠂ 2012 — 2018 ᠣᠨ ᠤ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠡᠴᠦᠰ ᠤᠨ | ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠵᠢᠴᠢ ᠠᠯᠤᠰ ᠰᠡᠷᠡᠯ ᠤᠨ ᠰᠡᠭᠦᠳᠡᠷ ᠳᠦᠷᠰᠦ ᠶᠢᠨ ᠰᠠᠭᠤᠷᠢ ᠵᠢᠷᠤᠭ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ | ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠨᠢᠭᠡᠳᠦᠯᠲᠡᠶ ᠦᠶᠡᠰ᠂ ᠠᠯᠤᠰ ᠰᠡᠷᠡᠯ ᠤᠨ ᠵᠢᠷᠤᠭ ᠳᠦᠷᠰᠦ ᠶᠢᠨ ᠡᠬᠡ ᠵᠢᠷᠤᠭ ᠵᠢᠴᠢ ᠪᠥᠬᠦ ᠬᠤᠲᠠ ᠶᠢᠨ | ᠠᠩᠬ᠎ᠠ ᠠᠯᠬᠤᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ᠂ ᠦᠨᠳᠦᠰᠦᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠳ᠋ᠠᠶᠢᠲ᠋ᠠ | ᠬᠥᠮᠥᠷᠭᠡ᠂ ᠭᠠᠵᠠᠷ ᠰᠢᠷᠣᠶ ᠠᠰᠢᠭᠯᠠᠬᠤ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ᠂ 2010 ᠣᠨ ᠠᠴᠠ ᠨᠠᠰᠢᠬᠢ ᠰᠢᠨ᠎ᠡ ᠪᠠᠷ ᠨᠡᠮᠡᠭᠳᠡᠭᠰᠡᠨ ᠲᠠᠷᠢᠶᠠᠨ | ᠭᠠᠵᠠᠷ ᠤᠨ ᠲᠥᠷᠥᠯ ᠵᠦᠶᠯ ᠤᠨ ᠵᠢᠷᠤᠭ ᠤᠨ ᠲᠣᠯᠪᠤ ᠶᠢ ᠰᠢᠨᠡᠳᠬᠡᠨ᠎ᠡ᠃ | 2᠂ ︽2012 — 2018 ᠣᠨ ᠤ ᠭᠠᠵᠠᠷ ᠰᠢᠷᠣᠶ ᠶᠢᠨ ᠬᠠᠮᠠᠭᠠᠯᠠᠯᠲᠠ ᠶᠢᠨ ᠹᠢᠯᠢᠮ ᠤᠨ ᠬᠠᠤᠯᠢ ᠬᠡᠷᠡᠭᠵᠢᠭᠦᠯᠬᠦ ᠵᠢᠷᠤᠭ ᠲᠣᠯᠪᠤ᠂ 2019 ᠣᠨ ᠤ | ᠳᠥᠷᠪᠡᠨ ᠤᠯᠠᠷᠢᠯ ᠤᠨ ᠭᠠᠵᠠᠷ ᠰᠢᠷᠣᠶ ᠶᠢᠨ ᠬᠠᠮᠠᠭᠠᠯᠠᠯᠲᠠ ᠶᠢᠨ ᠹᠢᠯᠢᠮ ᠤᠨ ᠬᠠᠤᠯᠢ ᠬᠡᠷᠡᠭᠵᠢᠭᠦᠯᠬᠦ ᠵᠢᠷᠤᠭ ᠲᠣᠯᠪᠤ ᠪᠠ 2020 ᠣᠨ ᠤ ᠨᠢᠭᠡᠳᠦᠭᠡᠷ᠂ | ᠬᠤᠶᠠᠳᠤᠭᠠᠷ ᠤᠯᠠᠷᠢᠯ ᠤᠨ ᠭᠠᠵᠠᠷ ᠰᠢᠷᠣᠶ ᠶᠢᠨ ᠬᠠᠮᠠᠭᠠᠯᠠᠯᠲᠠ ᠶᠢᠨ ᠹᠢᠯᠢᠮ ᠤᠨ ᠬᠠᠤᠯᠢ ᠬᠡᠷᠡᠭᠵᠢᠭᠦᠯᠬᠦ ᠵᠢᠷᠤᠭ ᠲᠣᠯᠪᠤ︾ ᠶᠢ ᠦᠨᠳᠦᠰᠦᠯᠡᠨ᠂ ᠡᠭᠦᠨ ᠤ ᠳᠤ | ᠳᠣᠲᠣᠷᠠᠬᠢ ᠬᠠᠤᠯᠢ ᠠᠴᠠ ᠵᠥᠷᠢᠴᠡᠨ ᠡᠵᠡᠯᠡᠭᠰᠡᠨ ᠵᠢᠷᠤᠭ ᠲᠣᠯᠪᠤ ᠶᠢ ᠤᠯᠠᠮ ᠨᠢᠭᠡ ᠠᠯᠬᠤᠮ ᠬᠢᠨᠠᠨ ᠪᠠᠶᠢᠴᠠᠭᠠᠵᠦ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠵᠤ᠂ | ᠪᠠᠶᠢᠴᠠᠭᠠᠨ ᠵᠢᠭᠰᠠᠭᠠᠬᠤ ᠬᠡᠪᠴᠢᠶᠡᠨ ᠳᠤ ᠪᠠᠶᠢᠬᠤ ᠡᠰᠡᠬᠦ ᠶᠢ ᠲᠣᠭᠲᠠᠭᠠᠬᠤ ᠬᠡᠷᠡᠭᠲᠡᠶ᠃ | 3᠂ ︽ᠲᠠᠷᠢᠶᠠᠯᠠᠩ ᠢ ᠬᠤᠪᠢᠷᠠᠭᠤᠯᠤᠨ ᠬᠡᠷᠡᠭᠯᠡᠬᠦ ᠶᠢ ᠬᠢᠨᠠᠨ ᠵᠥᠪᠰᠢᠶᠡᠷᠡᠵᠦ ᠪᠦᠷᠢᠳᠬᠡᠨ ᠳᠠᠩᠰᠠᠯᠠᠬᠤ ᠳ᠋ᠠᠶᠢᠲ᠋ᠠ ᠬᠥᠮᠥᠷᠭᠡ︾ ᠶᠢ ᠦᠨᠳᠦᠰᠦᠯᠡᠨ᠂ ᠲᠠᠷᠢᠶᠠᠨ | ᠭᠠᠵᠠᠷ ᠢ ᠡᠵᠡᠯᠡᠨ ᠬᠡᠷᠡᠭᠯᠡᠵᠦ ᠬᠡᠷ ᠪᠠᠶᠢᠰᠢᠩ ᠪᠠᠶᠢᠭᠤᠯᠬᠤ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠰᠡᠨ ᠪᠠᠶᠢᠳᠠᠯ ᠢ ᠬᠢᠨᠠᠨ ᠬᠠᠷᠭᠤᠭᠤᠯᠤᠨ᠎ᠠ᠃ | 4᠂ ︽ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠲᠥᠷᠥᠯ ᠵᠦᠶᠯ ᠤᠨ ᠳᠠᠩᠰᠠᠯᠠᠭᠤᠯᠬᠤ ᠳ᠋ᠠᠶᠢᠲ᠋ᠠ ᠬᠥᠮᠥᠷᠭᠡ︾ ᠶᠢ ᠦᠨᠳᠦᠰᠦᠯᠡᠨ | ᠂ ᠳ᠋ᠠᠶᠢᠲ᠋ᠠ ᠬᠥᠮᠥᠷᠭᠡ ᠶᠢᠨ ᠳᠣᠲᠣᠷᠠᠬᠢ ᠲᠠᠷᠢᠶᠠᠨ ᠭᠠᠵᠠᠷ ᠳᠡᠭᠡᠷ᠎ᠡ ᠭᠡᠷ ᠪᠠᠶᠢᠰᠢᠩ ᠣᠷᠣᠰᠢᠵᠤ ᠪᠠᠶᠢᠬᠤ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠶ᠃ | 5᠂ ᠤᠯᠤᠰ ᠠᠴᠠ 2013 ᠣᠨ ᠠᠴᠠ ᠨᠠᠰᠢ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠷᠢᠬᠤ ᠠᠯᠤᠰ ᠰᠡᠷᠡᠯ ᠤᠨ ᠬᠢᠨᠠᠨ ᠬᠡᠮᠵᠢᠯᠲᠡ ᠶᠢᠨ ᠲᠣᠯᠪᠤ ᠢ | ᠳᠣᠷᠣᠭᠰᠢ ᠲᠠᠷᠬᠠᠭᠠᠨ᠎ᠠ᠃ ᠲᠤᠰᠠᠯᠠᠨ ᠵᠢᠭᠰᠠᠭᠠᠨ ᠪᠠᠶᠢᠴᠠᠭᠠᠬᠤ᠃ | 6᠂ ︽ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠪᠠ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠡᠷᠬᠡ ᠶᠢ ᠨᠤᠲᠠᠯᠠᠨ | ᠲᠣᠭᠲᠠᠭᠠᠵᠤ ᠦᠨᠡᠮᠯᠡᠯ ᠣᠯᠭᠤᠬᠤ᠂ ᠭᠠᠵᠠᠷ ᠤᠨ ᠬᠠᠷᠢᠶ᠎ᠠ ᠶᠢᠨ ᠪᠠᠶᠢᠴᠠᠭᠠᠯᠲᠠ ︵ᠬᠡᠮᠵᠢᠯᠲᠡ︶ ᠶᠢ ᠭᠦᠢᠴᠡᠳ ᠠᠰᠢᠭᠯᠠᠵᠤ᠂ ᠭᠠᠵᠠᠷ ᠰᠢᠷᠣᠶ ᠳᠠᠭᠠᠭᠠᠴᠢᠯᠠᠨ | ᠡᠵᠡᠩᠨᠡᠬᠦ ᠡᠷᠬᠡ ᠶᠢᠨ ᠪᠠᠶᠢᠴᠠᠭᠠᠯᠲᠠ ᠶᠢᠨ ᠬᠠᠮᠢᠶ᠎ᠠ ᠪᠦᠬᠦᠢ ᠠᠵᠢᠯ ᠤᠨ ᠦᠷ᠎ᠡ ᠪᠦᠲᠦᠭᠡᠯ ᠭᠠᠵᠠᠷ ᠰᠢᠷᠣᠶ ᠠᠰᠢᠭᠯᠠᠬᠤ ᠲᠥᠯᠥᠪᠵᠢᠭᠦᠯᠭᠡ ᠶᠢᠨ ᠲᠤᠭ᠎ᠠ ᠪᠠᠷᠢᠮᠲᠠ᠂ | ᠬᠤᠲᠠ ᠬᠥᠳᠡᠭᠡ ︵ᠠᠶᠢᠯ ᠲᠣᠰᠬᠤᠨ︶ ᠶᠢᠨ ᠲᠦᠯᠦᠪᠵᠢᠭᠦᠯᠭᠡ ᠵᠢᠴᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠲᠤᠭ᠎ᠠ | ᠪᠠᠷᠢᠮᠲᠠ᠂ ᠥᠩᠭᠡᠷᠡᠭᠰᠡᠨ ᠵᠢᠯ ᠤᠳ ᠤᠨ ᠵᠤᠷᠰᠢᠯᠲᠤ ᠰᠢᠪᠠᠳᠠᠨ ᠪᠠᠶᠢᠴᠠᠭᠠᠯᠲᠠ ᠵᠢᠴᠢ ᠲᠣᠰ ᠭᠠᠵᠠᠷ ᠣᠷᠣᠨ ᠤ ᠬᠥᠳᠡᠯᠦᠩᠭᠦᠶ ᠪᠠᠷ ᠲᠣᠭᠤᠷᠢᠨ ᠪᠠᠶᠢᠴᠠᠭᠠᠬᠤ᠂ | ᠬᠠᠤᠯᠢ ᠠᠴᠠ ᠵᠥᠷᠢᠴᠡᠨ ᠢᠯᠡᠴᠢᠯᠡᠨ ᠮᠡᠳᠡᠭᠦᠯᠬᠦ ᠵᠡᠷᠭᠡ ᠰᠦᠪᠡᠭᠴᠢ︾ ᠵᠡᠷᠭᠡ ᠣᠲᠣ ᠶᠢᠨ ᠪᠠᠶᠢᠭ᠎ᠠ ᠲᠤᠭ᠎ᠠ ᠪᠠᠷᠢᠮᠲᠠ᠃ ᠳᠠᠪᠬᠤᠷᠳᠠᠭᠤᠯᠬᠤ ᠠᠵᠢᠯ ᠢ ᠪᠠᠭᠠᠰᠬᠠᠵᠤ᠂ | ᠪᠠᠶᠢᠴᠠᠭᠠᠵᠤ ᠦᠨᠡᠮᠰᠢᠬᠦ ᠪᠠᠷᠢᠮᠵᠢᠶ᠎ᠠ ᠶᠢᠨ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ᠡᠯ᠎ᠡ ᠰᠤᠮᠤ ᠪᠠᠯᠭᠠᠰᠤ ᠡᠯ᠎ᠡ ᠲᠥᠷᠥᠯ ᠤᠨ ᠲᠤᠭ᠎ᠠ ᠪᠠᠷᠢᠮᠲᠠ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠬᠠᠷᠢᠴᠠᠭᠤᠯᠤᠨ ᠲᠡᠭᠦᠯᠳᠡᠷᠵᠢᠭᠦᠯᠵᠦ᠂ ᠣᠷᠬᠢᠭᠳᠠᠯ ᠢ | ᠪᠠᠶᠢᠴᠠᠭᠠᠵᠤ ᠳᠤᠲᠠᠭᠤ ᠶᠢ ᠨᠢ ᠨᠥᠬᠦᠪᠥᠷᠢᠯᠡᠵᠦ᠂ ᠨᠢᠭᠡ ᠶᠢ ᠨᠢ ᠬᠠᠷᠠᠵᠤ ᠪᠠᠶᠢᠭᠠᠳ ᠨᠢᠭᠡ ᠶᠢ ᠨᠢ ᠠᠯᠳᠠᠬᠤ ᠠᠴᠠ ᠰᠡᠷᠭᠡᠶᠢᠯᠡᠨ᠎ᠡ᠃ | ︵ᠭᠤᠷᠪᠠ︶ ᠦᠷ᠎ᠡ ᠪᠦᠲᠦᠭᠡᠯ ᠤᠨ ᠶᠠᠰᠤ ᠴᠢᠨᠠᠷ ᠢ ᠡᠵᠡᠮᠳᠡᠬᠦ᠃ ᠡᠯ᠎ᠡ ᠰᠤᠮᠤ ᠪᠠᠯᠭᠠᠰᠤᠨ ᠤ ᠪᠠᠶᠢᠴᠠᠭᠠᠨ ᠵᠢᠭᠰᠠᠭᠠᠬᠤ ᠠᠵᠢᠯ ᠤᠨ ᠪᠠᠶᠢᠭᠤᠯᠤᠮᠵᠢ ᠨᠢ | ᠲᠤᠭ᠎ᠠ ᠪᠠᠷᠢᠮᠲᠠ ᠶᠢᠨ ᠦᠷ᠎ᠡ ᠪᠦᠲᠦᠭᠡᠯ ᠤᠨ ᠲᠣᠭᠲᠠᠮᠠᠯ ᠬᠤᠷᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠪᠣᠭᠤᠮᠲᠠ ᠶᠢ ᠬᠢᠨᠠᠮᠠᠭᠠᠶ ᠰᠠᠬᠢᠵᠤ ᠲᠠᠭᠯᠠᠨ | ᠮᠡᠳᠡᠭᠦᠯᠬᠦ ᠬᠡᠷᠡᠭᠲᠡᠶ᠃ ᠪᠣᠳᠠᠲᠠᠶ ᠠᠵᠢᠯᠲᠠᠳ ᠡᠯ᠎ᠡ ᠲᠥᠷᠥᠯ ᠤᠨ ᠮᠡᠳᠡᠭᠡ ᠵᠠᠩᠭᠢ ᠴᠤᠭᠯᠠᠭᠤᠯᠬᠤ ᠬᠦᠰᠦᠨᠦᠭᠲᠦ ᠶᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ ᠲᠠᠭᠯᠠᠨ | ᠪᠢᠴᠢᠬᠦ ᠬᠡᠷᠡᠭᠲᠡᠶ᠂ ᠪᠦᠲᠦᠭᠡᠨ ᠪᠠᠶᠢᠭᠤᠯᠤᠯᠲᠠ ᠶᠢᠨ ᠭᠤᠤᠯ ᠴᠣᠭᠴᠠ᠂ ᠲᠠᠯᠠᠪᠠᠢ᠂ ᠬᠡᠷᠡᠭᠴᠡᠭᠡ ᠵᠡᠷᠭᠡ ᠰᠠᠭᠤᠷᠢ ᠴᠢᠨᠠᠷᠲᠠᠶ ᠠᠯᠳᠠᠭ᠎ᠠ ᠭᠠᠷᠬᠤ ᠶᠢ ᠲᠠᠰᠤ | ᠵᠣᠭᠰᠣᠭᠠᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠷᠣᠨ ᠰᠠᠭᠤᠴᠠ ᠶᠢᠨ ᠭᠠᠵᠠᠷ ᠨᠢᠭᠡᠪᠦᠷᠢ ᠶᠢᠨ | ᠭᠡᠷ ᠪᠠᠶᠢᠰᠢᠩ ᠪᠤᠶᠤ ᠲᠥᠷᠥᠯ ᠵᠦᠢᠯ ᠪᠣᠯᠭᠠᠨ ᠳᠤ ᠴᠥᠮ ᠲᠠᠭᠯᠠᠨ ᠮᠡᠳᠡᠭᠦᠯᠦᠭᠴᠢ᠂ ᠬᠢᠨᠠᠨ ᠬᠠᠷᠭᠤᠭᠤᠯᠤᠭᠴᠢ ᠵᠡᠷᠭᠡ ᠶᠢ ᠲᠣᠳᠣᠷᠬᠠᠢ ᠲᠡᠮᠳᠡᠭᠯᠡᠵᠦ᠂ ᠲᠠᠭᠯᠠᠨ | ᠮᠡᠳᠡᠭᠦᠯᠬᠦ ᠮᠡᠳᠡᠭᠡ ᠵᠠᠩᠭᠢ ᠶᠢ ᠮᠥᠷᠳᠡᠨ ᠤᠬᠤᠴᠢᠯᠠᠵᠤ ᠪᠣᠯᠬᠤ ᠶᠢ ᠦᠨᠡᠨᠬᠦ ᠪᠠᠲᠤᠯᠠᠨ᠎ᠠ᠃ ᠰᠢᠶᠠᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ | ᠪᠠᠶᠢᠰᠢᠩ ᠪᠠᠷᠢᠬᠤ ᠶᠢ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠠᠴᠠ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ | ᠪᠣᠯᠤᠨ ᠵᠢᠮᠢᠰ ᠢ ᠳᠣᠲᠣᠭᠠᠳᠤ ᠠᠵᠢᠯ ᠦᠶᠯᠡᠰ ᠤᠨ ᠬᠢᠨᠠᠨ ᠬᠠᠷᠭᠤᠭᠤᠯᠤᠯᠲᠠ ᠬᠢᠬᠦ ᠪᠣᠯᠤᠨ᠎ᠠ᠃ | ᠪᠠᠶᠢᠴᠠᠭᠠᠨ ᠵᠢᠭᠰᠠᠭᠠᠬᠤ ᠳᠤᠮᠳᠠ᠂ ᠠᠳᠠᠯᠢ ᠪᠤᠰᠤ ᠲᠠᠯ᠎ᠠ ᠠᠴᠠ ᠭᠡᠷ ᠪᠠᠶᠢᠰᠢᠩ ᠵᠢᠴᠢ ᠭᠠᠵᠠᠷ ᠡᠵᠡᠯᠡᠭᠰᠡᠨ ᠪᠠᠶ ᠢᠳᠠᠯ ᠢ ᠪᠥᠬᠦ ᠲᠠᠯ᠎ᠠ ᠪᠠᠷ ᠲᠤᠰᠬᠠᠵᠤ | ᠴᠢᠳᠠᠬᠤ ᠲᠤᠬᠠᠶ ᠶᠢᠨ ᠲᠠᠯᠠᠪᠠᠢ ᠶᠢᠨ ᠰᠡᠭᠦᠳᠡᠷ ᠢ ᠰᠡᠭᠦᠳᠡᠷᠯᠡᠬᠦ ᠬᠡᠷᠡᠭᠲᠠᠢ᠃ ᠭᠡᠷ ᠪᠠᠶᠢᠰᠢᠩ ᠤᠨ ᠡᠵᠡᠯᠡᠬᠦ ᠲᠠᠯᠠᠪᠠᠢ ᠨᠢ ᠬᠠᠷᠠᠬᠠᠨ ᠵᠢᠷᠤᠮᠵᠢᠭᠰᠠᠨ ᠣᠨᠣᠪᠴᠢᠲᠠᠶ ᠦᠷ᠎ᠡ | ᠪᠦᠲᠦᠭᠡᠯ ᠦᠭᠡᠢ ᠪᠣᠯ᠂ ᠠᠷᠠᠰᠤᠨ ᠱᠤᠭᠤᠮ ᠢᠶᠠᠨ ᠬᠡᠮᠵᠢᠬᠦ᠂ ᠵᠢᠷᠤᠭ ᠳᠡᠭᠡᠷ᠎ᠡ ᠵᠢᠷᠤᠵᠤ ᠵᠢᠷᠤᠬᠤ ᠵᠡᠷᠭᠡ ᠳᠥᠭᠦᠮ ᠠᠷᠭ᠎ᠠ ᠪᠠᠷ ᠲᠣᠭᠲᠠᠭᠠᠵᠤ ᠪᠣᠯᠤᠨ᠎ᠠ᠂ ᠲᠥᠷᠥᠯ | ᠬᠤᠪᠢᠶᠠᠨ ᠰᠢᠶᠳᠪᠦᠷᠢᠯᠡᠬᠦ ᠦᠶ᠎ᠡ ᠳᠤ᠂ ᠬᠡᠷᠡᠭᠴᠡᠭᠡ ᠪᠠᠨ ᠦᠨᠳᠦᠰᠦᠯᠡᠨ ᠬᠡᠮᠵᠢᠯᠲᠡ ᠬᠢᠨ᠎ᠡ᠃ | ᠲᠤᠰᠬᠠᠶ ᠵᠦᠶᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠲᠦᠷᠦᠭᠦᠯᠡᠨ ᠬᠢᠬᠦ ᠨᠢᠭᠡᠴᠡ ᠨᠦᠭᠦᠳ ᠲᠤᠰ ᠲᠤᠰ ᠲᠤᠰᠬᠠᠶ ᠯᠠᠪᠯᠠᠯᠭ᠎ᠠ ᠥᠭᠬᠦ | ᠤᠲᠠᠰᠤ ᠭᠠᠷᠭᠠᠵᠤ᠂ ᠦᠨᠳᠦᠰᠦᠨ ᠱᠠᠲᠤᠨ ᠤ ᠰᠡᠵᠢᠭᠯᠡᠯ ᠢ ᠲᠠᠶᠢᠯᠵᠤ ᠥᠭᠬᠦ ᠬᠡᠷᠡᠭᠲᠡᠶ᠃ ᠡᠯ᠎ᠡ ᠰᠤᠮᠤ ᠪᠠᠯᠭᠠᠰᠤ ᠪᠣᠯᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠰᠢᠢᠳᠪᠦᠷᠢᠯᠡᠬᠦ ᠳᠤ ᠪᠡᠷᠬᠡᠲᠡᠶ ᠠᠰᠠᠭᠤᠳᠠᠯ ᠢ ᠴᠠᠭ ᠲᠤᠬᠠᠶ ᠳᠤᠨᠢ ᠪᠢᠴᠢᠭ ᠤᠨ ᠬᠡᠯᠪᠡᠷᠢ ᠪᠠᠷ ᠱᠠᠲᠤ ᠳᠠᠷᠠᠭᠠᠯᠠᠨ ᠲᠤᠰᠬᠠᠬᠤ ᠬᠡᠷᠡᠭᠲᠡᠶ᠃ | ︵ᠳᠥᠷᠪᠡ︶ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠶᠢ ᠨᠢᠭᠡᠳᠬᠡᠨ᠎ᠡ᠃ ᠡᠯ᠎ᠡ ᠰᠤᠮᠤ ᠪᠠᠯᠭᠠᠰᠤ ᠨᠢ ᠤᠯᠤᠰ ᠠᠴᠠ ᠪᠠᠶᠢᠭᠤᠯᠤᠭᠰᠠᠨ ᠲᠠᠷᠢᠶᠠᠨ | ᠭᠠᠵᠠᠷ ᠢ ᠳᠤᠷ᠎ᠠ ᠪᠠᠷ ᠡᠵᠡᠯᠡᠨ ᠭᠡᠷ ᠪᠠᠷᠢᠬᠤ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠲᠠᠪᠴᠠᠩ ᠢ ᠠᠰᠢᠭᠯᠠ ᠪᠠᠶᠢᠳᠠᠯ ᠢ ᠣᠶᠢᠯᠠᠭᠠᠬᠤ ᠮᠡᠳᠡᠭᠡ | ᠵᠠᠩᠭᠢ ᠶᠢ ᠲᠠᠭᠯᠠᠨ ᠮᠡᠳᠡᠭᠦᠯᠵᠦ᠂ ᠭᠡᠷ ᠪᠠᠶᠢᠰᠢᠩ ᠤᠨ ᠪᠠᠶᠢᠷᠢ ᠶᠢᠨ ᠮᠡᠳᠡᠭᠡ ᠵᠠᠩᠭᠢ ᠶᠢ ᠲᠡᠮᠳᠡᠭᠯᠡᠵᠦ᠂ ᠲᠤᠬᠠᠶ ᠶᠢᠨ ᠲᠠᠯᠠᠪᠠᠢ ᠶᠢᠨ ᠭᠡᠷᠡᠯ ᠵᠢᠷᠤᠭ ᠢ ᠳᠠᠮᠵᠢᠭᠤᠯᠵᠤ᠂ | ᠪᠠᠶᠢᠴᠠᠭᠠᠨ ᠵᠢᠭᠰᠠᠭᠠᠭᠰᠠᠨ ᠦᠷ᠎ᠡ ᠳ᠋ᠦᠩ ᠢ ᠳᠡᠭᠡᠭᠰᠢ ᠮᠡᠳᠡᠭᠦᠯᠵᠦ᠂ ᠪᠦᠷᠢᠳᠬᠡᠨ ᠬᠤᠷᠢᠶᠠᠩᠭᠤᠶᠢᠯᠠᠭᠰᠠᠨ ᠦᠷ᠎ᠡ ᠳ᠋ᠦᠩ ᠢ ᠪᠤᠢ ᠪᠣᠯᠭᠠᠵᠤ᠂ ᠪᠠᠶᠢᠴᠠᠭᠠᠨ | ᠵᠢᠭᠰᠠᠭᠠᠭᠰᠠᠨ ᠠᠵᠢᠯ ᠤᠨ ᠡᠬᠡ ᠳᠠᠩᠰᠠ ᠶᠢ ᠪᠠᠶᠢᠭᠤᠯᠬᠤ ᠬᠡᠷᠡᠭᠲᠡᠶ᠃ | ᠳᠥᠷᠪᠡ᠂ ᠴᠠᠭ ᠤᠨ ᠲᠣᠬᠢᠷᠠᠭᠤᠯᠤᠯᠲᠠ | ᠲᠣᠰ ᠤᠳᠠᠭᠠᠨ ᠤ ᠪᠠᠶᠢᠴᠠᠭᠠᠨ ᠵᠢᠭᠰᠠᠭᠠᠬᠤ ᠬᠤᠭᠤᠴᠠᠭ᠎ᠠ ᠨᠢ 4 ᠰᠠᠷ᠎ᠠ ᠣᠷᠴᠢᠮ ᠪᠣᠯᠤᠨ᠎ᠠ᠃ | 10 ᠰᠠᠷ᠎ᠠ ᠶᠢᠨ 15 ᠤ ᠡᠳᠦᠷ ᠠᠴᠠ ᠡᠮᠦᠨ᠎ᠡ᠂ ᠡᠯ᠎ᠡ ᠰᠤᠮᠤ ᠪᠠᠯᠭᠠᠰᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠬᠡᠷᠡᠭᠵᠢᠭᠦᠯᠬᠦ ᠲᠥᠰᠦᠯ ᠢ ᠨᠠᠷᠢᠯᠢᠭᠵᠢᠭᠤᠯᠤᠨ ᠣᠶᠢᠯᠠᠭᠠᠵᠤ᠂ ᠪᠠᠶᠢᠴᠠᠭᠠᠨ ᠵᠢᠭᠰᠠᠭᠠᠬᠤ ᠠᠵᠢᠯ ᠢ ᠡᠬᠢᠯᠡᠭᠦᠯᠦᠨ᠎ᠡ᠃ | | 10 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 1 ᠤ ᠡᠳᠦᠷ ᠪᠣᠯᠲᠠᠯ᠎ᠠ᠂ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠨ᠎ᠠ᠃ | 11 ᠰᠠᠷ᠎ᠠ ᠶᠢᠨ 5 ᠤ ᠡᠳᠦᠷ ᠠᠴᠠ ᠡᠮᠦᠨ᠎ᠡ᠂ ᠡᠯ᠎ᠡ ᠰᠤᠮᠤ ᠪᠠᠯᠭᠠᠰᠤ ᠠᠩᠬ᠎ᠠ ᠠᠯᠬᠤᠮ ᠣᠶᠢᠯᠠᠭᠠᠭᠰᠠᠨ ᠦᠷ᠎ᠡ ᠳ᠋ᠦᠡᠭ ᠢ ᠲᠤᠭ᠎ᠠ ᠪᠠᠷᠢᠮᠲᠠ ᠶᠢ | ᠬᠤᠷᠢᠶᠠᠩᠭᠤᠶᠢᠯᠠᠨ ᠲᠤᠰᠢᠶᠠᠬᠤ ᠲᠠᠪᠴᠠᠩ ᠢᠶᠠᠷ ᠳᠠᠮᠵᠢᠨ ᠳᠡᠭᠡᠭᠰᠢ ᠮᠡᠳᠡᠭᠦᠯᠦᠨ᠎ᠡ᠃ | 11 ᠰᠠᠷ᠎ᠠ ᠶᠢᠨ 15 ᠤ ᠡᠳᠦᠷ ᠠᠴᠠ ᠡᠮᠦᠨ᠎ᠡ᠂ ᠤᠯᠤᠰ ᠢ ᠬᠠᠮᠵᠢᠨ ᠵᠠᠯᠠᠷᠠᠭᠤᠯᠬᠤ ᠠᠵᠢᠯ ᠢ ᠪᠡᠶᠡᠯᠡᠭᠦᠯᠵᠦ᠂ ᠡᠴᠦᠰ ᠤᠨ ᠦᠷ᠎ᠡ ᠪᠦᠲᠦᠭᠡᠯ ᠢ ᠮᠡᠳᠡᠭᠦᠯᠦᠨ | ᠬᠦᠷᠭᠡᠨ᠎ᠡ᠃ | ᠡᠭᠦᠨ ᠤ ᠬᠠᠮᠲᠤ᠂ ᠠᠵᠢᠯ ᠤᠨ ᠪᠠᠶᠢᠳᠠᠯ ᠤᠨ ᠮᠡᠳᠡᠭᠦᠯᠦᠯᠲᠡ ᠵᠢᠴᠢ ᠲᠥᠷᠥᠯ ᠬᠤᠪᠢᠶᠠᠨ ᠰᠢᠶᠳᠪᠦᠷᠢᠯᠡᠬᠦ ᠰᠠᠨᠠᠯ ᠶᠢ ᠮᠡᠳᠡᠭᠦᠯᠦᠨ ᠬᠦᠷᠭᠡᠨ᠎ᠡ᠃ | ᠡᠨᠡ ᠬᠤᠭᠤᠴᠠᠭᠠᠨ ᠳᠤ᠂ ᠰᠢᠶᠠᠨ ᠤ ᠵᠠᠰᠠᠭ ᠤᠨ ᠣᠷᠳᠣᠨ ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠡᠯ᠎ᠡ ᠰᠤᠮᠤ ᠪᠠᠯᠭᠠᠰᠤ ᠶᠢᠨ ᠣᠶᠢᠯᠭᠠᠨ ᠵᠢᠭᠰᠠᠭᠠᠬᠤ | ᠠᠬᠢᠴᠠ ᠶᠢ ᠨᠢᠭᠡᠳᠦᠯᠲᠡᠶ ᠲᠣᠬᠢᠷᠠᠭᠤᠯᠵᠤ᠂ ᠬᠦᠴᠦᠨ ᠢᠶᠠᠨ ᠵᠣᠬᠢᠶᠠᠨ ᠪᠠᠶᠢᠭᠤᠯᠤᠨ ᠡᠯ᠎ᠡ ᠰᠤᠮᠤ ᠪᠠᠯᠭᠠᠰᠤ ᠳᠤ ᠬᠦᠷᠴᠦ ᠵᠢᠯᠣᠭᠤᠳᠬᠤ᠂ ᠭᠠᠳᠠᠷ ᠠᠵᠢᠯ ᠳᠤ | ᠰᠤᠭᠤᠴᠢᠨ ᠪᠠᠶᠢᠴᠠᠭᠠᠬᠤ ᠵᠡᠷᠭᠡ ᠠᠵᠢᠯ ᠢ ᠥᠷᠨᠢᠭᠦᠯᠦᠨ᠎ᠡ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠵᠦ ᠭᠡᠷ | ᠪᠠᠶᠢᠰᠢᠩ ᠪᠠᠷᠢᠬᠤ ᠠᠰᠠᠭᠤᠳᠠᠯ ᠢ ᠴᠡᠭᠴᠡᠯᠡᠨ ᠵᠠᠰᠠᠬᠤ ᠪᠣᠯ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠲᠠᠷᠢᠶᠠᠨ ᠭᠠᠵᠠᠷ ᠢ ᠬᠠᠮᠠᠭᠠᠯᠠᠬᠤ | ᠮᠥᠷᠲᠡᠭᠡᠨ ᠨᠡᠩ ᠴᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠡᠭᠡ ᠶᠠᠪᠤᠳᠠᠯ ᠮᠥᠨ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠶᠴᠡᠳ ᠲᠠᠨᠢᠵᠤ᠂ | ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ︽ᠳᠦᠷᠪᠡᠨ ᠤᠬᠠᠮᠰᠠᠷ︾ ᠤᠨ ᠡᠷᠡᠰ ᠪᠠᠲᠤ ᠪᠠᠶᠢᠬᠤ ᠡᠰᠡᠬᠦ᠂ ︽ᠬᠤᠶᠠᠷ ᠢ ᠬᠠᠮᠠᠭᠠᠯᠠᠬᠤ︾ ᠶᠢᠨ ᠪᠠᠲᠤ ᠪᠠᠬᠢ ᠪᠣᠳᠠᠲᠤ ᠰᠢᠯᠭᠠᠯᠲᠠ | ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ᠎ᠡ᠃ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ᠂ ᠪᠠᠶᠢᠳᠠᠯ ᠢ ᠣᠶᠢᠯᠠᠭᠠᠨ | ᠵᠢᠭᠰᠠᠭᠠᠬᠤ ᠠᠵᠢᠯ ᠢ ᠨᠠᠷᠢᠯᠢᠭ ᠪᠣᠳᠠᠲᠠᠶ ᠠᠳᠬᠤᠬᠤ ᠬᠡᠷᠡᠭᠲᠡᠶ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠪᠠᠷ ᠪᠦᠷᠢᠯᠳᠦᠬᠦᠨ ᠪᠣᠯᠭᠠᠭᠰᠠᠨ ᠬᠥᠳᠡᠭᠡ ᠲᠣᠰᠬᠤᠨ ᠤ | ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ᠂ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠠᠷᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ | ᠪᠦᠷᠢᠯᠳᠦᠬᠦᠨ ᠵᠢᠴᠢ ᠡᠭᠦᠷᠭᠡ ᠬᠠᠷᠢᠭᠤᠴᠠᠯᠭ᠎ᠠ ᠨᠢ ᠳᠣᠤᠷᠠᠬᠢ ᠮᠡᠲᠦ᠄ | ᠡᠷᠬᠢᠯᠡᠭᠴᠢ᠄ ᠵᠠᠩ ᠳ᠋ᠧ ᠬᠤᠸᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠳᠠᠷᠤᠭ᠎ᠠ | ᠳᠡᠳ᠋ ᠡᠷᠬᠢᠯᠡᠭᠴᠢ᠄ ᠵᠤᠤ ᠶᠦᠩ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ | ᠡᠤ ᠴᠤᠤ ᠰᠢᠶᠠ ᠰᠢᠭᠦᠬᠦ ᠬᠤᠷᠢᠶᠠᠨ ᠤ ᠳᠡᠳ᠋ ᠳᠠᠷᠤᠭ᠎ᠠ | ᠵᠤᠤ ᠳ᠋ᠦᠩ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ | ᠯᠢᠦ ᠵᠧᠩ ᠯᠢᠶᠠᠩ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ | ᠳ᠋ᠦ᠋ ᠯᠧᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠲᠣᠪᠴᠢᠶᠠᠨ ᠳᠠᠷᠤᠭ᠎ᠠ | ᠯᠢᠦ ᠳ᠋ᠧ ᠮᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠡᠳ᠋ ᠳᠠᠷᠤᠭ᠎ᠠ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠦᠷᠢᠯᠳᠦᠬᠦᠨ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠴᠠᠭᠠᠬᠤ ᠬᠤᠷᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ᠂ ᠰᠢᠭᠦᠬᠦ ᠬᠤᠷᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ | ᠠᠵᠢᠯᠲᠠᠨ ᠲᠠᠲᠠᠵᠤ ᠰᠢᠯᠵᠢᠭᠦᠯᠦᠨ᠎ᠡ᠃ | ᠠᠵᠢᠯ ᠤᠨ ᠡᠭᠦᠷᠭᠡ ᠬᠠᠷᠢᠭᠤᠴᠠᠯᠭ᠎ᠠ᠄ ᠨᠢᠭᠡ ᠳᠤ᠂ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠬᠤᠶᠠᠷ ᠲᠤ᠂ ᠰᠠᠭᠤᠷᠢ | ᠮᠠᠲ᠋ᠧᠷᠢᠶᠠᠯ ᠢ ᠠᠰᠢᠭᠯᠠᠨ ᠪᠠᠭᠤᠯᠭᠠᠵᠤ᠂ ᠡᠯ᠎ᠡ ᠰᠤᠮᠤ ᠪᠠᠯᠭᠠᠰᠤᠨ ᠳᠤ ᠮᠡᠷᠭᠡᠵᠢᠯ ᠤᠨ ᠵᠢᠯᠤᠭᠤᠳᠤᠯᠭ᠎ᠠ ᠬᠠᠩᠭᠠᠨ᠎ᠠ᠃ ᠭᠤᠷᠪᠠ ᠳᠤ᠂ ᠥᠪᠡᠷᠲᠡᠭᠡᠨ ᠵᠠᠰᠠᠬᠤ ᠣᠷᠣᠨ᠂ | ᠬᠤᠲᠠ ᠶᠢᠨ ᠪᠠᠭᠤᠯᠭᠠᠭᠰᠠᠨ ᠲᠥᠰᠦᠯ ᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠲᠥᠰᠦᠯ ᠢ ᠲᠣᠭᠲᠠᠭᠠᠨ᠎ᠠ᠃ ᠲᠦᠷᠪᠡ ᠳᠤ᠂ ᠡᠯ᠎ᠡ | ᠰᠤᠮᠤ ᠪᠠᠯᠭᠠᠰᠤᠨ ᠤ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠢ ᠦᠨᠳᠦᠰᠦᠯᠡᠨ᠂ ᠡᠯ᠎ᠡ ᠪᠦᠷᠢᠯᠳᠦᠬᠦᠨ ᠨᠢᠭᠡᠴᠢ ᠶᠢ ᠴᠤᠭᠯᠠᠭᠤᠯᠤᠨ ᠵᠠᠳᠠᠯᠤᠨ ᠰᠤᠳᠤᠯᠵᠤ | ᠮᠠᠭᠠᠳᠯᠠᠨ᠎ᠠ᠃ ᠲᠠᠪᠤ ᠳᠤ᠂ ᠬᠥᠮᠦᠰ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠬᠦᠷᠴᠦ ᠡᠯ᠎ᠡ ᠰᠤᠮᠤ ᠪᠠᠯᠭᠠᠰᠤᠨ ᠤ ᠠᠵᠢᠯ ᠢ ᠪᠠᠶᠢᠴᠠᠭᠠᠨ ᠵᠢᠯᠣᠭᠤᠳᠴᠤ | ᠂ ᠤᠳᠤᠷᠢᠳᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠤᠴᠢᠷ ᠶᠠᠪᠤᠳᠠᠯ ᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠤᠳᠤᠷᠢᠳᠬᠤ ᠳᠤᠭᠤᠶᠢᠯᠠᠩ ᠳᠤ | ᠠᠵᠢᠯ ᠢᠶᠠᠨ ᠥᠷᠨᠢᠭᠦᠯᠦᠭᠰᠡᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃ ᠵᠢᠷᠭᠤᠭ᠎ᠠ ᠳᠤ᠂ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠯᠦᠭᠡ ᠨᠢᠭᠲᠠ | ᠬᠠᠷᠢᠯᠴᠠᠵᠤ᠂ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠰᠤᠮᠤ ᠪᠠᠯᠭᠠᠰᠤᠨ ᠤ ᠠᠵᠢᠯ ᠢ ᠴᠠᠭ ᠲᠤᠬᠠᠶ ᠳᠤᠨᠢ ᠵᠢᠯᠣᠭᠤᠳᠬᠤ ᠬᠡᠷᠡᠭᠲᠠᠢ᠃ ᠳᠣᠯᠤᠭ᠎ᠠ ᠳᠤ᠂ | ᠲᠤᠭ᠎ᠠ ᠪᠦᠷᠢᠳᠬᠡᠯ ᠢ ᠬᠤᠷᠢᠶᠠᠩᠭᠤᠶᠢᠯᠠᠵᠤ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠵᠦ᠂ ᠠᠵᠢᠯ ᠤᠨ ᠡᠬᠡ ᠳᠠᠩᠰᠠ ᠶᠢ ᠪᠦᠷᠢᠯᠳᠦᠭᠦᠯᠬᠦ ᠶᠢᠨ ᠬᠠᠮᠲᠤ ᠬᠤᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠡᠴᠦᠰ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠢ᠃ ᠨᠠᠢᠮᠠ ᠳᠤ᠂ ᠤᠳᠤᠷᠢᠳᠬᠤ | ᠳᠤᠭᠤᠶᠢᠯᠠᠩ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠤᠳᠤᠷᠢᠳᠬᠤ ᠪᠠ ᠲᠤᠰᠬᠠᠶ ᠠᠵᠢᠯ ᠤᠨ ᠪᠠᠶᠢᠭᠤᠯᠤᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠤᠤᠯ ᠬᠠᠷᠢᠭᠤᠴᠠᠯᠭᠠᠲᠠᠨ ᠨᠥᠬᠦᠳ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ | ᠨᠥᠬᠦᠳ ᠪᠡᠶ᠎ᠡ ᠪᠠᠷ ᠢᠶᠠᠨ ᠬᠢᠵᠦ᠂ ᠡᠮᠦᠨ᠎ᠡ ᠨᠢ ᠵᠢᠯᠣᠭᠤᠳᠴᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠬᠡᠷᠡᠭᠲᠡᠶ᠃ ᠠᠵᠢᠯᠲᠠᠨ ᠢ ᠴᠢᠩᠭ᠎ᠠ | ᠲᠣᠬᠢᠷᠠᠭᠤᠯᠵᠤ᠂ ᠲᠤᠰᠬᠠᠶ ᠮᠡᠷᠭᠡᠵᠢᠯ ᠤᠨ ᠬᠦᠴᠦᠨ ᠢ ᠰᠠᠶᠢᠲᠤᠷ ᠰᠣᠩᠭᠤᠵᠤ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠪᠠᠲᠤᠯᠠᠬᠤ ᠠᠵᠢᠯ ᠤᠨ ᠵᠠᠷᠤᠳᠠᠯ ᠶᠣᠰᠣᠭᠠᠷ᠂ ᠤᠶᠢᠯᠠᠭᠠᠨ ᠵᠢᠭᠰᠠᠭᠠᠬᠤ ᠪᠠ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ | ᠨᠠᠶᠢᠳᠠᠪᠦᠷᠢᠵᠢᠭᠤᠯᠬᠤ ᠶᠢ ᠦᠨᠡᠨ ᠬᠦ ᠪᠠᠲᠤᠯᠠᠨ᠎ᠠ᠃ | ︵ᠭᠤᠷᠪᠠ︶ ᠨᠠᠷᠢᠨ ᠨᠢᠮᠪᠠᠶ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠬᠤ ᠬᠡᠷᠡᠭᠲᠡᠶ᠃ ᠣᠶᠢᠯᠭᠠᠨ ᠵᠢᠭᠰᠠᠭᠠᠬᠤ ᠠᠵᠢᠯ ᠢ ᠰᠠᠶᠢᠲᠤᠷ ᠵᠣᠬᠢᠶᠠᠨ | ᠪᠠᠶᠢᠭᠤᠯᠬᠤ ᠪᠣᠯ ᠴᠡᠭᠴᠡᠯᠡᠨ ᠵᠠᠰᠠᠬᠤ ᠠᠵᠢᠯ ᠢ ᠤᠷᠤᠭᠰᠢᠲᠠᠢ ᠪᠡᠶᠡᠯᠡᠭᠦᠯᠬᠦ ᠶᠢᠨ ᠴᠢᠬᠤᠯᠠ ᠰᠠᠭᠤᠷᠢ ᠪᠣᠯᠤᠨ᠎ᠠ᠃ ᠲᠣᠰ ᠤᠳᠠᠭᠠᠨ ᠤ ᠪᠠᠶᠢᠴᠠᠭᠠᠨ ᠵᠢᠭᠰᠠᠭᠠᠬᠤ | ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠦᠷ᠎ᠡ ᠪᠦᠲᠦᠭᠡᠯ ᠤᠨ ᠶᠠᠰᠤ ᠴᠢᠨᠠᠷ ᠤᠨ ᠱᠠᠭᠠᠷᠳᠠᠯᠭ᠎ᠠ ᠥᠨᠳᠥᠷ ᠪᠠᠶᠢᠨ᠎ᠠ᠃ ᠰᠢᠶᠠᠨ ᠤ ᠵᠠᠰᠠᠭ ᠤᠨ ᠣᠷᠳᠣᠨ | ᠨᠢᠭᠡᠳᠦᠯᠲᠡᠶ ᠵᠣᠬᠢᠶᠠᠨ ᠪᠠᠶᠢᠭᠤᠯᠵᠤ ᠲᠣᠬᠢᠷᠠᠭᠤᠯᠬᠤ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠮᠠᠲ᠋ᠧᠷᠢᠶᠠᠯ ᠤᠨ ᠪᠡᠯᠡᠳᠬᠡᠯ ᠠᠵᠢᠯ ᠢ ᠵᠣᠬᠢᠶᠠᠨ ᠪᠠᠶᠢᠭᠤᠯᠵᠤ᠂ | ᠬᠤᠯᠪᠣᠭᠳᠠᠯ ᠪᠥᠬᠦᠶ ᠬᠦᠴᠦᠨ ᠢ ᠨᠢᠭᠡᠳᠦᠯᠲᠡᠶ ᠲᠥᠯᠥᠪᠯᠡᠵᠦ᠂ ᠤᠶᠢᠯᠠᠭᠠᠨ ᠵᠢᠭᠰᠠᠭᠠᠬᠤ ᠠᠵᠢᠯ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠰᠢᠶᠠᠨ ᠤ ᠬᠥᠳᠡᠭᠡ | ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠤᠳᠤᠷᠢᠳᠬᠤ | ᠳᠤᠭᠤᠶᠢᠯᠠᠩ ᠨᠢ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠢ ᠬᠢᠨᠠᠨ ᠡᠵᠡᠮᠳᠡᠬᠦ ᠪᠠ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠡᠯ᠎ᠡ ᠰᠤᠮᠤ | ᠪᠠᠯᠭᠠᠰᠤᠨ ᠤ ᠵᠠᠰᠠᠭ ᠤᠨ ᠣᠷᠳᠣᠨ ᠪᠠᠶᠢᠳᠠᠯ ᠢ ᠣᠶᠢᠯᠭᠠᠨ ᠵᠢᠭᠰᠠᠭᠠᠬᠤ ᠠᠵᠢᠯ ᠤᠨ ᠬᠡᠷᠡᠭᠵᠢᠭᠦᠯᠬᠦ ᠲᠥᠰᠦᠯ ᠶᠣᠰᠣᠭᠠᠷ᠂ ᠰᠠᠭᠤᠷᠢ ᠮᠠᠲ᠋ᠧᠷᠢᠶᠠᠯ ᠢ ᠬᠡᠷᠡᠭᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠮᠡᠷᠭᠡᠵᠢᠯ ᠤᠨ ᠨᠢᠭᠡᠴᠡ ᠪᠣᠯᠤᠨ ᠲᠣᠰᠬᠤᠨ ᠤ ᠠᠷᠠᠳ ᠤᠨ ᠵᠥᠪᠯᠡᠯ ᠵᠠᠷᠯᠢᠭ ᠡᠯ᠎ᠡ ᠱᠠᠲᠤᠨ ᠤ ᠦᠨᠳᠦᠰᠦᠨ ᠱᠠᠲᠤᠨ ᠤ | ᠬᠦᠴᠦᠨ ᠢ ᠵᠣᠬᠢᠶᠠᠨ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠳᠠᠶᠢᠴᠢᠯᠠᠨ ᠪᠠᠶᠢᠴᠠᠭᠠᠵᠤ | ᠭᠠᠷᠭᠠᠭᠰᠠᠨ ᠣᠷᠣᠨ ᠰᠠᠭᠤᠴᠠ ᠶᠢᠨ ᠲᠥᠷᠥᠯ ᠤᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠭᠤᠤᠯ ᠴᠣᠭᠴᠠ ᠶᠢᠨ ᠡᠷᠦᠬᠡ ᠠᠮᠠ ᠶᠢᠨ ᠪᠠᠶᠢᠳᠠᠯ ᠢ ᠬᠢᠨᠠᠨ | ᠬᠠᠷᠭᠤᠭᠤᠯᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠬᠡᠷ ᠪᠠᠶᠢᠰᠢᠩ ᠪᠠᠷᠢᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠭᠠᠳᠠᠭᠰᠢᠯᠠᠭᠤᠯᠵᠤ᠂ ᠲᠤᠭ᠎ᠠ | ᠪᠠᠷᠢᠮᠲᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠯᠭ᠎ᠠ ᠡᠭᠦᠷᠭᠡᠯᠡᠨ᠎ᠡ᠃ ᠨᠡᠶᠢᠭᠡᠮ ᠤᠨ ᠦᠶᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠤ᠂ | ᠠᠵᠢᠯ ᠤᠨ ᠬᠦᠴᠦᠨ ᠢᠶᠠᠨ ᠨᠦᠬᠦᠪᠦᠷᠢᠯᠠᠵᠦ ᠪᠣᠯᠤᠨ᠎ᠠ᠃ ᠡᠯ᠎ᠡ ᠰᠤᠮᠤ ᠪᠠᠯᠭᠠᠰᠤ ᠨᠢ ᠦᠷ᠎ᠡ ᠳ᠋ᠦᠩ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠤᠪᠢ ᠬᠥᠮᠦᠨ ᠤ ᠨᠢᠭᠤᠴᠠ ᠵᠡᠷᠭᠡ ᠰᠡᠷᠭᠡᠭ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠥᠬᠡᠶ᠃ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠶᠢᠨ ᠨᠢᠭᠡᠴᠡ ᠳᠤ | ᠬᠤᠯᠪᠣᠭᠳᠠᠬᠤ ᠭᠡᠷ ᠪᠠᠶᠢᠰᠢᠩ ︵ᠴᠡᠷᠢᠭ ᠤᠨ ᠬᠡᠷᠡᠭᠯᠡᠭᠡᠨ ᠤ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠪᠠᠭᠲᠠᠨ᠎ᠠ︶ ᠨᠢᠭᠤᠴᠠ ᠪᠤᠰᠤ ᠮᠡᠳᠡᠭᠡ ᠵᠠᠩᠭᠢ ᠶᠢᠨ ᠰᠢᠰᠲ᠋ᠧᠮ | ᠪᠤᠶᠤ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠲᠠᠪᠴᠠᠩ ᠳᠣᠲᠣᠷ᠎ᠠ ᠲᠠᠭᠯᠠᠨ ᠮᠡᠳᠡᠭᠦᠯᠵᠦ ᠪᠣᠯᠬᠤ ᠦᠭᠡᠢ᠂ ᠲᠤᠰᠠᠭᠠᠷ ᠳᠡᠭᠡᠭᠰᠢ ᠮᠡᠳᠡᠭᠦᠯᠬᠦ ᠬᠡᠷᠡᠭᠲᠡᠶ᠃ | | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠠᠷᠢᠭᠤᠴᠠᠯᠭ᠎ᠠ ᠪᠠᠨ ᠦᠨᠡᠨᠬᠦ | ᠡᠭᠦᠷᠭᠡᠯᠡᠵᠦ᠂ ᠣᠯᠠᠨ ᠵᠦᠶᠯ ᠤᠨ ᠠᠷᠭ᠎ᠠ ᠮᠠᠶ᠋ᠢᠭ ᠢ ᠠᠪᠴᠤ᠂ ᠱᠠᠲᠤ ᠱᠠᠲᠤ ᠪᠠᠷ ᠪᠣᠭᠤᠮᠲᠠ ᠰᠠᠬᠢᠵᠤ᠂ ᠰᠢᠯᠭᠠᠨ ᠪᠠᠶᠢᠴᠠᠭᠠᠵᠤ ᠪᠠᠶᠢᠷᠢᠯᠠᠭᠤᠯᠤᠭᠰᠠᠨ ᠦᠷ᠎ᠡ | ᠳ᠋ᠦᠩ ᠢ ᠴᠢᠩᠭ᠎ᠠ ᠪᠠᠶᠢᠴᠠᠭᠠᠨ ᠣᠶᠢᠯᠠᠭᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠬᠤ ᠬᠡᠷᠡᠭᠲᠡᠶ᠃ ᠲᠣᠰᠬᠤᠨ ᠤ ᠬᠦᠶ | ᠨᠢᠭᠡᠳᠦᠯ ᠠᠴᠠ ᠰᠤᠮᠤ ᠪᠠᠯᠭᠠᠰᠤ ᠬᠦᠷᠲᠡᠯ᠎ᠡ᠂ ᠳᠠᠬᠢᠨ ᠰᠢᠶᠠᠨ ᠬᠦᠷᠲᠡᠯ᠎ᠡ ᠱᠠᠲᠤ ᠳᠠᠷᠠᠭᠠᠯᠠᠨ ︽ᠬᠤᠤᠰ ᠭᠠᠷ ᠤᠨ ᠦᠰᠦᠭ ᠵᠢᠷᠤᠬᠤ︾ ᠬᠠᠷᠢᠭᠤᠴᠠᠬᠤ | ᠲᠣᠭᠲᠠᠴᠠ ᠶᠢ ᠪᠤᠢ ᠪᠣᠯᠭᠠᠬᠤ ᠬᠡᠷᠡᠭᠲᠡᠶ᠃ ᠣᠷᠣᠨ ᠰᠠᠭᠤᠴᠠ ᠶᠢᠨ ᠲᠦᠷᠦᠯ ᠤᠨ ᠭᠡᠷ ᠪᠠᠶᠢᠰᠢᠩ ᠢ ᠪᠠᠶᠢᠴᠠᠭᠠᠬᠤ ᠳᠤ ᠭᠠᠴᠠᠭ᠎ᠠ ᠪᠠᠷ ᠨᠢᠭᠡᠴᠢ ᠪᠣᠯᠭᠠᠬᠤ ︵ᠡᠰᠡᠭᠦᠯ᠎ᠡ | ᠠᠶᠢᠯ ᠲᠣᠰᠬᠤᠨ᠂ ᠳᠤᠭᠤᠶᠢᠯᠠᠩ ᠢᠶᠠᠷ ᠨᠢᠭᠡᠴᠢ ᠪᠣᠯᠭᠠᠬᠤ︶᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠲᠣᠭᠲᠠᠴᠠ ᠶᠢᠨ ᠦᠶᠯᠡᠳᠦᠯ ᠢ ᠭᠦᠶᠴᠡᠳ | ᠪᠠᠳᠠᠷᠠᠭᠤᠯᠵᠤ᠂ ᠣᠶᠢᠯᠠᠭᠠᠨ ᠵᠢᠭᠰᠠᠭᠠᠭᠰᠠᠨ ᠦᠷ᠎ᠡ ᠳ᠋ᠦᠩ ᠢ ᠢᠯᠡ ᠲᠣᠳᠣ᠂ ᠣᠨᠣᠪᠴᠢᠲᠠᠶ ᠪᠠᠶᠢᠯᠭᠠᠬᠤ ᠬᠡᠷᠡᠭᠲᠡᠶ᠃ ᠦᠷ᠎ᠡ ᠪᠦᠲᠦᠭᠡᠯ ᠢ ᠲᠣᠰ ᠵᠠᠰᠠᠭ | ᠵᠠᠬᠢᠷᠭᠠᠨ ᠤ ᠲᠣᠰᠬᠤᠨ ᠪᠤᠶᠤ ᠠᠶᠢᠯ ᠲᠣᠰᠬᠤᠨ᠂ ᠳᠤᠭᠤᠶᠢᠯᠠᠩ ᠳᠤ ᠨᠡᠶᠢᠲᠡᠯᠡᠵᠦ᠂ ᠴᠠᠭ ᠬᠤᠭᠤᠴᠠᠭ᠎ᠠ ᠶᠢ ᠶᠡᠷᠦ ᠳᠡᠭᠡᠨ 10 ᠡᠳᠦᠷ ᠠᠴᠠ ᠳᠤᠲᠠᠭᠤ ᠪᠠᠶᠢᠯᠭᠠᠵᠤ | ᠪᠣᠯᠬᠤ ᠥᠬᠡᠶ᠃ | ︵ᠳᠦᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠬᠤ ᠬᠡᠷᠡᠭᠲᠡᠶ᠃ ᠪᠠᠶᠢᠴᠠᠭᠠᠨ ᠵᠢᠭᠰᠠᠭᠠᠬᠤ ᠠᠵᠢᠯ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠢ ᠤᠷᠢᠵᠤ ᠬᠤᠯᠪᠣᠭᠳᠠᠯ ᠪᠦᠬᠦᠢ ᠬᠤᠷᠠᠯ ᠳᠤ ᠣᠷᠣᠯᠴᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠳᠤ ᠬᠤᠯᠪᠤᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠮᠡᠳᠡᠭᠦᠯᠪᠡ᠃ ᠳᠡᠭᠡᠳᠦ ᠱᠠᠲᠤᠨ ᠠᠴᠠ ᠲᠤᠶᠢᠷᠦ ᠶᠢᠨ ᠪᠤᠳᠦᠯᠭ᠎ᠠ ᠲᠣᠭᠲᠠᠭᠠᠬᠤ ᠳᠤ ᠲᠤᠤᠷᠡᠳᠦ | ᠱᠡᠳᠦ ᠨᠢ ᠠᠷᠭᠠᠴᠠᠬᠤ ᠪᠤᠳᠦᠯᠭ᠎ᠠ ᠲᠠᠢ᠂ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ ᠪᠠᠶᠢᠬᠤ ᠶᠢ ᠤᠬᠳᠦ ᠵᠥᠪᠰᠢᠶᠡᠷᠡᠬᠦ | ᠤᠶᠢᠭᠡᠢ᠃ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠪᠠᠶᠢᠴᠠᠭᠠᠨ ᠵᠢᠭᠰᠠᠭᠠᠬᠤ ᠠᠵᠢᠯ ᠤᠨ ᠳᠤᠮᠳᠠ᠂ ᠰᠠᠬᠢᠯᠭ᠎ᠠ ᠪᠠᠲᠤ ᠬᠠᠤᠯᠢ | ᠴᠠᠭᠠᠵᠠ ᠶᠢ ᠵᠥᠷᠢᠴᠡᠭᠰᠡᠨ ᠬᠠᠮᠢᠶ᠎ᠠ ᠪᠦᠬᠦᠢ ᠰᠦᠪᠡᠭᠴᠢ ᠶᠢ ᠣᠯᠵᠤ ᠮᠡᠳᠡᠪᠡᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠴᠠᠭ | ᠲᠤᠬᠠᠶ ᠳᠤᠨᠢ ᠰᠢᠯᠵᠢᠭᠦᠯᠦᠨ ᠬᠦᠷᠭᠡᠬᠦ ᠬᠡᠷᠡᠭᠲᠡᠶ᠃ | ᠤᠳᠤᠷᠢᠳᠬᠤ ᠳᠤᠭᠤᠶᠢᠯᠠᠩ ᠨᠢ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠲᠤ ᠬᠢᠨᠠᠯᠲᠠ ᠲᠠᠯᠪᠢᠵᠤ | ᠪᠠᠶᠢᠴᠠᠭᠠᠯᠲᠠ ᠬᠢᠵᠦ᠂ ᠣᠶᠢᠯᠭᠠᠨ ᠵᠢᠭᠰᠠᠭᠠᠬᠤ ᠠᠵᠢᠯ ᠤᠨ ᠠᠬᠢᠴᠠ ᠤᠳᠠᠭᠠᠨ᠂ ᠬᠠᠷᠢᠯᠴᠠᠨ ᠲᠦᠯᠬᠢᠯᠴᠡᠵᠦ᠂ ᠬᠦᠨᠳᠦ ᠠᠴᠠ ᠵᠠᠶᠢᠯᠠᠵᠤ ᠬᠦᠡᠭᠭᠡᠨ ᠢᠶᠠᠷ ᠬᠠᠨᠳᠤᠬᠤ᠂ | ᠣᠶᠢᠯᠭᠠᠨ ᠵᠢᠭᠰᠠᠭᠠᠬᠤ ᠨᠢ ᠦᠨᠡᠨ ᠪᠣᠳᠠᠲᠠᠶ ᠪᠢᠰᠢ ᠪᠠᠶᠢᠪᠠᠯ᠂ ᠢᠯᠡ ᠪᠠᠷ ᠨᠡᠪᠲᠡᠷᠡᠭᠦᠯᠬᠦ ᠬᠡᠷᠡᠭᠲᠡᠶ᠃ ᠠᠰᠠᠭᠤᠳᠠᠯ ᠨᠢ ᠬᠦᠨᠳᠦ ᠨᠣᠴᠢᠲᠠᠶ ᠪᠠᠶᠢᠪᠠᠯ᠂ ᠰᠤᠮᠤ | ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠠᠢ ᠪᠣᠯᠵᠣᠨ ᠶᠠᠷᠢᠯᠴᠠᠨ᠎ᠠ᠃ ᠣᠶᠢᠯᠭᠠᠨ | ᠵᠢᠭᠰᠠᠭᠠᠬᠤ ᠠᠵᠢᠯ ᠤᠨ ᠳᠤᠮᠳᠠ ᠤᠳᠤᠷᠢᠳᠬᠤ ᠺᠠᠳ᠋ᠷ ᠬᠠᠷᠢᠭᠤᠴᠠᠯᠭ᠎ᠠ ᠠᠯᠳᠠᠭᠰᠠᠨ᠂ ᠠᠵᠢᠯ ᠬᠢᠬᠦ ᠦᠭᠡᠶ᠂ ᠳᠤᠷ᠎ᠠ ᠪᠠᠷ ᠢᠶᠠᠨ ᠬᠢᠬᠦ ᠠᠰᠠᠭᠤᠳᠠᠯ ᠢ ᠡᠷᠡᠰ | ᠪᠠᠶᠢᠴᠠᠭᠠᠨ ᠰᠢᠢᠳᠪᠦᠷᠢᠯᠡᠵᠦ᠂ ᠰᠠᠨᠠᠭ᠎ᠠ ᠪᠠᠷ ᠢᠶᠠᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠬᠤᠳᠠᠯ ᠢᠶᠠᠷ ᠮᠡᠳᠡᠭᠦᠯᠵᠦ ᠮᠡᠳᠡᠭᠦᠯᠬᠦ ᠦᠭᠡᠢ ᠨᠢᠭᠤᠭᠰᠠᠨ | ᠤᠳᠤᠷᠢᠳᠬᠤ ᠺᠠᠳ᠋ᠷ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ︵ᠲᠠᠪᠤ︶ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠵᠠᠭᠤᠴᠢᠯᠠᠭᠤᠷ᠂ ᠸᠢᠴᠠᠲ᠂ ᠫᠤᠷᠲ᠋ᠤᠯ ᠰᠦᠯᠵᠢᠶ᠎ᠡ᠂ ᠲᠣᠰᠬᠤᠨ ᠤ ᠷᠠᠳᠢᠣ᠋ ᠨᠡᠪᠲᠡᠷᠡᠭᠦᠯᠭᠡ᠂ | ᠵᠠᠷ ᠨᠠᠭᠠᠬᠤ᠂ ᠬᠠᠤᠯᠢ ᠬᠡᠷᠡᠭᠵᠢᠭᠦᠯᠬᠦ ᠲᠡᠷᠭᠡ ᠬᠥᠰᠬᠡ ᠶᠢ ᠲᠣᠭᠤᠷᠢᠨ ᠪᠠᠶᠢᠴᠠᠭᠠᠬᠤ ᠵᠡᠷᠭᠡ ᠬᠡᠯᠪᠡᠷᠢ ᠶᠢ ᠭᠦᠶᠴᠡᠳ ᠠᠰᠢᠭᠯᠠᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠷᠢᠬᠤ ᠶᠢ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠥᠷᠨᠢᠭᠦᠯᠬᠦ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠬᠠᠭᠤᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠳᠤ | ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠦᠢᠯ ᠤᠨ ᠴᠢᠬᠤᠯᠠ ᠴᠢᠨᠠᠷ ᠢ ᠭᠦᠶᠴᠡᠳ ᠲᠠᠨᠢᠭᠤᠯᠬᠤ ᠬᠡᠷᠡᠭᠲᠡᠶ᠃ |