︽ᠦᠶᠤᠸᠠᠨ ᠰᠢᠶᠠᠨ ᠤ ᠪᠦᠦ ᠯᠠᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ‌‍ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/11/27
     ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ︽ᠦᠶᠤᠸᠠᠨ ᠰᠢᠶᠠᠨ ᠤ ᠪᠦᠦ ᠯᠠᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ᠲᠠᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤ᠂ ᠹᠦ᠋ ᠰᠢᠩ ᠪᠠᠯᠭᠠᠰᠤ᠂ ᠱᠧᠩ ᠹᠧᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠄      ︽ᠦᠶᠤᠸᠠᠨ ᠰᠢᠶᠠᠨ ᠤ ᠪᠦᠦ ᠯᠠᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠶᠢᠳᠠᠪᠦᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ2020 ᠣᠨ ᠤ 10 ᠰᠠᠷ᠎ᠠ ᠶᠢᠨ 12 ᠤᠨ ᠡᠳᠦᠷ      ᠦᠶᠤᠸᠠᠨ ᠰᠢᠶᠠᠨ ᠤ ᠪᠤᠣ ᠯᠠᠨ ᠲᠡᠮᠦᠷ ᠵᠠᠮ ᠤᠨ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤᠠᠵᠢᠯ ᠤᠨ ᠲᠥᠰᠦᠯ      ᠮᠠᠨ ᠤ ᠰᠢᠶᠠᠨ ᠤ ᠬᠢᠯᠢ ᠶᠢᠨ ᠳᠣᠲᠣᠷᠠᠬᠢ ᠪᠦᠦ ᠯᠠᠨ ᠲᠡᠮᠦᠷ ᠵᠠᠮ ᠳᠠᠭᠠᠤ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠲᠥᠯᠥᠭᠡ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽︿ᠪᠠᠶᠠᠨᠨᠠᠭᠤᠷ ᠬᠤᠲᠠ ᠶᠢᠨ ᠪᠤᠣ ᠯᠠᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠪᠠᠶᠠᠨᠨᠠᠭᠤᠷ ᠵᠠᠰᠠᠭ ᠠᠯᠪᠠᠨ ᠦᠰᠦᠭ ︹ 2020 ︺ 96 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠬᠤᠲᠠ ᠬᠦᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠲᠠᠢ ᠤᠶᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠮᠠᠨ ᠤ ᠰᠢᠶᠠᠨ ᠤ ᠬᠢᠯᠢ ᠶᠢᠨ ᠳᠣᠲᠣᠷᠠᠬᠢ ᠪᠦᠦ ᠯᠠᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠲᠥᠪᠯᠡᠷᠡᠭᠦᠯᠦᠨ ᠦᠷᠨᠢᠭᠦᠯᠵᠦ᠂ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠨᠴᠠᠭᠠᠶᠢᠯᠠᠨ ᠲᠣᠰ ᠠᠵᠢᠯ ᠤᠨ ᠲᠥᠰᠦᠯ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ      ᠲᠡᠮᠦᠷ ᠵᠠᠮ ᠳᠠᠭᠠᠤ ᠶᠢᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠰᠠᠬᠤ᠂ ᠳᠦᠷᠢ ᠲᠥᠷᠬᠦ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠨ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠪᠠᠷ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠠᠬᠢᠭᠤᠯᠵᠤ᠂ ᠲᠡᠮᠦᠷ ᠵᠠᠮ ᠳᠠᠭᠠᠤ ᠶᠢᠨ ᠪᠤᠵᠠᠷ ᠪᠤᠷᠲᠠᠭ᠂ ᠡᠷᠦᠶ ᠬᠤᠷᠤᠶ ᠦᠭᠡᠶ᠂ ᠠᠨᠠᠶ ᠦᠵᠡᠭᠳᠡᠯ ᠢ ᠪᠦᠲᠦᠮᠵᠢᠲᠡᠶ ᠰᠠᠶᠢᠵᠢᠷᠠᠭᠤᠯᠵᠦ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠮᠤᠷ ᠲᠦᠪᠰᠢᠨ ᠴᠡᠪᠡᠷ ᠲᠡᠭᠰᠢ ᠡᠮᠬᠢ ᠵᠢᠷᠤᠮ ᠲᠠᠢ ᠲᠡᠮᠦᠷ ᠵᠠᠮ ᠳᠠᠭᠠᠤ ᠣᠷᠴᠢᠨ ᠲᠣᠭᠤᠷᠢᠨ ᠢ ᠪᠤᠢ ᠪᠣᠯᠭᠠᠨ᠎ᠠ᠃ ︽ᠣᠷᠴᠢᠨ ᠲᠣᠭᠤᠷᠢᠨ ᠰᠠᠶᠢᠨ᠂ ᠦᠵᠡᠮᠵᠢ ᠰᠠᠶᠢᠬᠠᠨ ᠂ ᠳᠦᠷᠰᠦ ᠪᠠᠶᠢᠳᠠᠯ ᠰᠢᠨ᠎ᠡ᠂ ᠠᠮᠤᠷ ᠲᠦᠪᠰᠢᠨ ᠲᠣᠭᠲᠠᠭᠤᠨ︾ ᠪᠠᠶᠢᠬᠤ ᠠᠵᠢᠯ ᠤᠨ ᠬᠠᠷᠠᠯᠲᠠ ᠳᠤ ᠬᠦᠷᠴᠦ᠂ ᠦᠵᠡᠰᠬᠦᠯᠡᠩᠲᠦ ᠰᠠᠶᠢᠬᠠᠨ ᠦᠶᠦᠸᠠᠨ ᠤ ᠳᠦᠷᠢ ᠲᠥᠷᠬᠦ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠬᠤᠶᠠᠷ᠂ ᠴᠡᠭᠴᠡᠯᠡᠨ ᠵᠠᠰᠠᠬᠤ ᠬᠡᠪᠴᠢᠶ᠎ᠡ ᠵᠢᠴᠢ ᠬᠠᠷᠢᠭᠤᠴᠠᠯᠭ᠎ᠠ ᠶᠢᠨ ᠬᠤᠪᠢᠶᠠᠷᠢᠯᠠᠯ       ᠪᠤᠣ ᠯᠠᠨ ᠲᠡᠮᠦᠷ ᠵᠠᠮ ᠳᠠᠭᠠᠤ ᠶᠢᠨ ᠡᠵᠡᠮᠰᠢᠯ ᠱᠤᠭᠤᠮ ᠤᠨ ᠳᠣᠲᠣᠷ᠎ᠠ ᠲᠡᠮᠦᠷ ᠵᠠᠮ ᠤᠨ ᠰᠠᠯᠠᠭ᠎ᠠ ᠮᠥᠴᠢᠷ ᠠᠴᠠ ᠬᠠᠷᠢᠭᠤᠴᠠᠵᠤ᠂ ᠲᠡᠮᠦᠷ ᠵᠠᠮ ᠤᠨ ᠡᠵᠡᠮᠰᠢᠯ ᠱᠤᠭᠤᠮ ᠠᠴᠠ ᠭᠠᠳᠠᠨ᠎ᠠ ︵ᠬᠤᠲᠠ ᠪᠠᠯᠭᠠᠰᠤ ᠶᠢᠨ ᠲᠡᠮᠦᠷ ᠵᠠᠮ ᠤᠨ ᠡᠵᠡᠮᠰᠢᠯ ᠱᠤᠭᠤᠮ ᠤᠨ ᠬᠤᠶᠠᠷ ᠬᠠᠵᠠᠭᠤ ᠶᠢᠨ ᠲᠤᠰ ᠪᠦᠷᠢ 100 ᠮᠧᠲᠷ᠂ ᠰᠤᠮᠤ ᠲᠣᠰᠬᠤᠨ ᠤ ᠲᠠᠮᠦᠷ ᠵᠠᠮ ᠤᠨ ᠡᠵᠡᠮᠰᠢᠯ ᠱᠤᠭᠤᠮ ᠤᠨ ᠬᠤᠶᠠᠷ ᠲᠠᠯ᠎ᠠ ᠶᠢᠨ ᠲᠤᠰ ᠪᠦᠷᠢ 300 ᠮᠧᠲᠷ︶ ᠢ ᠬᠠᠷᠢᠶ᠎ᠠ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ᠃      ᠭᠤᠷᠪᠠ᠂ ᠠᠵᠢᠯ ᠤᠨ ᠡᠭᠦᠷᠭᠡ      ︵ᠨᠢᠭᠡ︶ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠃ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠢᠴᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠪᠥᠬᠦ ᠲᠠᠯ᠎ᠠ ᠪᠠᠷ ᠢᠯᠭᠠᠷᠠᠭᠤᠯᠤᠨ᠎ᠠ᠃ ᠪᠠᠯᠭᠠᠰᠤ ᠲᠣᠭᠤᠷᠢᠭ ᠂ ᠠᠶᠢᠯ ᠲᠣᠰᠬᠤᠨ ᠤ ᠬᠡᠷᠡᠭᠴᠡᠭᠡᠨ ᠤ ᠦᠨ᠎ᠡ ᠥᠷᠲᠡᠭ ᠥᠬᠡᠶ᠂ ᠬᠠᠶᠠᠭᠳᠠᠮᠠᠯ ᠠᠶᠤᠯᠲᠠᠶ ᠬᠠᠭᠤᠴᠢᠨ ᠬᠡᠷ ᠪᠠᠶᠢᠰᠢᠩ ᠵᠢᠴᠢ ᠡᠪᠳᠡᠷᠬᠡᠶ ᠬᠡᠷᠡᠮ ᠢ ᠴᠡᠪᠡᠷᠯᠡᠨ ᠠᠷᠢᠯᠭᠠᠨ᠎ᠠ᠃ ᠥᠩᠭᠡᠲᠦ ᠪᠣᠯᠣᠳ ᠲᠡᠮᠦᠷ ᠤᠨ ᠰᠠᠷᠠᠪᠴᠢ ᠵᠢᠴᠢ ᠡᠯ᠎ᠡ ᠲᠥᠷᠥᠯ ᠤᠨ ᠬᠦᠷᠢᠶ᠎ᠡ ᠬᠠᠰᠢᠶ᠎ᠠ ᠶᠢ ᠨᠤᠷᠠᠭᠠᠬᠤ᠂ ᠰᠡᠯᠪᠢᠨ ᠵᠠᠰᠠᠬᠤ ᠵᠡᠷᠭᠡ᠃ ᠬᠠᠤᠯᠢ ᠴᠠᠭᠠᠵᠠ ᠲᠦᠷᠢᠮ ᠲᠣᠭᠲᠠᠭᠠᠯ ᠢ ᠵᠦᠷᠢᠴᠡᠭᠰᠡᠨ ᠵᠠᠷ ᠮᠡᠳᠡᠭᠡ᠂ ᠡᠪᠳᠡᠷᠬᠡᠶ ᠬᠠᠭᠤᠴᠢᠨ ᠫᠠᠶᠢᠰᠠ ᠢᠯᠡᠷᠬᠡᠶᠢᠯᠡᠯ ᠢ ᠡᠪᠳᠡᠵᠦ ᠰᠦᠶᠳᠬᠡᠭᠰᠡᠨ ᠵᠡᠷᠭᠡ ᠶᠢ ᠢᠯᠭᠠᠷᠠᠭᠤᠯᠤᠨ ᠲᠢᠭᠯᠡᠨ᠎ᠡ᠃ ᠡᠯ᠎ᠡ ᠲᠥᠷᠥᠯ ᠤᠨ ᠡᠳ᠋ ᠪᠠᠷᠠᠭ᠎ᠠ ᠣᠪᠣᠭᠠᠯᠠᠵᠤ ᠲᠠᠯᠪᠢᠬᠤ ᠴᠢᠭ᠂ ᠰᠡᠯᠪᠢᠨ ᠵᠠᠰᠠᠵᠤ ᠪᠣᠯᠪᠠᠰᠤᠷᠠᠭᠤᠯᠬᠤ ᠦᠶᠯᠡᠳᠪᠦᠷᠢ ᠵᠡᠷᠭᠡ ᠲᠠᠯᠠᠪᠤᠷ ᠭᠠᠵᠠᠷ ᠢ ᠴᠡᠭᠴᠡᠯᠡᠨ ᠵᠢᠷᠤᠮᠵᠢᠭᠤᠯᠤᠨ᠎ᠠ᠃ ︵ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠨ ᠬᠢᠵᠦ᠂ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤ᠂ ᠹᠦ᠋ ᠰᠢᠩ ᠪᠠᠯᠭᠠᠰᠤ᠂ ᠱᠧᠩ ᠹᠧᠩ ᠪᠠᠯᠭᠠᠰᠤ ᠬᠠᠮᠵᠢᠯᠴᠠᠨ᠎ᠠ︶      ︵ᠬᠤᠶᠠᠷ︶ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠪᠣᠬᠢᠷᠲᠤᠯ ᠢ ᠴᠡᠭᠴᠡᠯᠡᠨ ᠵᠠᠰᠠᠬᠤ᠃ ᠲᠡᠮᠦᠷ ᠵᠠᠮ ᠳᠠᠭᠠᠤ ᠶᠢᠨ ᠬᠠᠤᠯᠢ ᠲᠣᠭᠲᠠᠭᠠᠯ ᠢ ᠵᠥᠷᠢᠴᠡᠭᠰᠡᠨ ᠨᠡᠭᠦᠷᠡᠰᠦᠨ ᠲᠠᠯᠠᠪᠠᠢ ᠪᠠ ᠲᠠᠷᠠᠬᠠᠶ ᠪᠤᠲᠠᠷᠬᠠᠶ ᠪᠤᠳᠠᠰ ᠣᠪᠣᠭᠠᠯᠠᠬᠤ ᠲᠠᠯᠠᠪᠠᠢ ᠶᠢ ᠬᠤᠭᠤᠴᠠᠭ᠎ᠠ ᠬᠢᠵᠠᠭᠠᠷᠯᠠᠨ ᠴᠡᠪᠡᠷᠯᠡᠵᠦ ᠳᠠᠭᠤᠰᠬᠠᠨ᠎ᠠ᠃ ᠦᠯᠡᠳᠡᠭᠡᠭᠰᠡᠨ ᠨᠡᠭᠦᠷᠡᠰᠦᠨ ᠲᠠᠯᠠᠪᠠᠢ ᠪᠣᠯᠤᠨ ᠲᠠᠷᠠᠬᠠᠶ ᠪᠤᠲᠠᠷᠬᠠᠶ ᠪᠣᠳᠠᠰ ᠣᠪᠣᠭᠠᠯᠠᠬᠤ ᠲᠠᠯᠠᠪᠠᠢ ᠶᠢ ᠬᠠᠳᠠᠭᠠᠯᠠᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠭᠰᠢᠨ ᠬᠤᠪᠢᠶᠠᠬᠤ᠂ ᠠᠴᠢᠵᠤ ᠪᠠᠭᠤᠯᠭᠠᠬᠤ ᠵᠡᠷᠭᠡ ᠪᠦᠬᠦ ᠶᠠᠪᠤᠴᠠ ᠶᠢᠨ ᠲᠣᠭᠤᠰᠣ ᠭᠠᠷᠬᠤ ᠴᠢᠭ ᠢ ᠪᠦᠬᠦᠨ ᠢ ᠪᠢᠲᠡᠭᠦᠮᠵᠢᠯᠡᠨ ᠵᠠᠰᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠳᠤ ᠬᠦᠷᠭᠡᠨ᠎ᠡ᠃ ᠲᠡᠮᠦᠷ ᠵᠠᠮ ᠳᠠᠭᠠᠤ ᠶᠢᠨ ᠵᠠᠮ ᠢ ᠴᠡᠪᠡᠷᠯᠡᠬᠦ ᠪᠠ ᠲᠣᠭᠤᠰᠣ ᠶᠢ ᠰᠡᠷᠭᠡᠶᠢᠯᠡᠬᠦ ᠠᠵᠢᠯ ᠢ ᠴᠢᠩᠭᠠᠳᠬᠠᠵᠦ᠂ ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠢ ᠳᠡᠯᠭᠡᠷᠡᠭᠦᠯᠵᠦ᠂ ᠡᠰᠢ ᠰᠦᠷᠡᠯ ᠰᠢᠲᠠᠭᠠᠬᠤ ᠪᠠ ᠪᠤᠰᠤᠳ ᠠᠲᠠᠷ ᠰᠢᠲᠠᠭᠠᠬᠤ ᠠᠵᠢᠯᠯᠠᠭ᠎ᠠ ᠶᠢ ᠰᠡᠷᠭᠡᠶᠢᠯᠡᠬᠦ ᠬᠡᠷᠡᠭᠲᠡᠶ᠃ ︵ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠨ ᠬᠢᠵᠦ᠂ ᠲᠠᠷᠢᠶᠠᠯᠠᠩ ᠤᠨ ᠰᠢᠨᠵᠢᠯᠠᠬᠦ ᠤᠬᠠᠭᠠᠨ ᠤ ᠲᠤᠪᠴᠢᠶ᠎ᠠ᠂ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤ᠂ ᠹᠦ᠋ ᠰᠢᠩ ᠪᠠᠯᠭᠠᠰᠤ᠂ ᠱᠧᠩ ᠹᠧᠩ ᠪᠠᠯᠭᠠᠰᠤ ᠬᠠᠮᠵᠢᠯᠴᠠᠨ᠎ᠠ︶      ︵ᠭᠤᠷᠪᠠ︶ ᠲᠡᠮᠦᠷ ᠵᠠᠮ ᠳᠠᠭᠠᠤ ᠶᠢᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠃ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠲᠡᠮᠦᠷ ᠵᠠᠮ ᠳᠠᠭᠠᠤ ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠬᠠᠤᠯᠢ ᠶᠢ ᠵᠥᠷᠢᠴᠡᠨ ᠳᠤᠷ᠎ᠠ ᠪᠠᠷ ᠢᠶᠠᠨ ᠪᠠᠶᠢᠭᠤᠯᠬᠤ᠂ ᠲᠣᠭᠲᠠᠭᠠᠯ ᠠᠴᠠ ᠵᠥᠷᠢᠴᠡᠨ ᠵᠠᠷ ᠮᠡᠳᠡᠭᠡᠨ ᠤ ᠪᠤᠯᠤᠩ ᠭᠠᠷᠭᠠᠵᠤ ᠵᠠᠷ ᠨᠠᠭᠠᠵᠤ ᠪᠠᠶᠢᠬᠤ ᠶᠢ ᠴᠢᠩᠭ᠎ᠠ ᠴᠠᠭᠠᠵᠠᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠠᠶᠠᠭᠳᠠᠮᠠᠯ ᠪᠣᠳᠠᠰ ᠢ ᠣᠪᠣᠭᠠᠯᠠᠬᠤ᠂ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠤᠭ ᠨᠣᠪᠰᠢ ᠶᠢ ᠬᠤᠷᠢᠶᠠᠨ ᠠᠪᠴᠤ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢ ᠵᠦᠶ ᠵᠣᠬᠢᠰᠲᠠᠶ ᠪᠠᠶᠢᠷᠢᠯᠠᠭᠤᠯᠵᠦ᠂ ᠬᠤᠷᠢᠶᠠᠨ ᠠᠪᠴᠤ ᠬᠠᠳᠠᠭᠠᠯᠠᠵᠤ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠮᠦᠷ ᠵᠠᠮ ᠳᠠᠭᠠᠤ ᠶᠢᠨ ᠬᠤᠲᠠ ᠪᠠᠯᠭᠠᠰᠤ᠂ ᠠᠶᠢᠯ ᠲᠣᠰᠬᠤᠨ ᠢ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠤᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠨ ᠬᠢᠵᠦ᠂ ᠤᠷᠤᠨ ᠰᠠᠭᠤᠴᠠ ᠶᠢᠨ ᠲᠤᠪᠴᠢᠶ᠎ᠠ᠂ ᠲᠠᠷᠢᠶᠠᠯᠠᠩ ᠤᠨ ᠰᠢᠨᠵᠢᠯᠠᠬᠦ ᠤᠬᠠᠭᠠᠨ ᠤ ᠲᠤᠪᠴᠢᠶ᠎ᠠ᠂ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤ᠂ ᠹᠦ᠋ ᠰᠢᠩ ᠪᠠᠯᠭᠠᠰᠤ᠂ ᠱᠧᠩ ᠹᠧᠩ ᠪᠠᠯᠭᠠᠰᠤ ᠬᠠᠮᠵᠢᠯᠴᠠᠨ᠎ᠠ︶      ︵ᠳᠦᠷᠪᠡ︶ ᠲᠡᠮᠦᠷ ᠵᠠᠮ ᠤᠨ ᠱᠤᠭᠤᠮ ᠤᠨ ᠠᠶᠤᠯ ᠦᠭᠡᠢ ᠶᠢᠨ ᠬᠠᠮᠠᠭᠠᠯᠠᠯᠲᠠ ᠶᠢᠨ ᠣᠷᠣᠨ ᠢ ᠵᠠᠰᠠᠬᠤ᠃ ᠶᠠᠭ ᠥᠷᠨᠢᠭᠦᠯᠵᠦ ᠪᠠᠶᠢᠭ᠎ᠠ ᠡᠩ ᠤᠨ ᠲᠦᠷᠭᠡᠨ ᠬᠤᠷᠳᠤᠴᠠᠲᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠭᠡᠮ ᠢ ᠭᠤᠷᠪᠠᠨ ᠵᠢᠯ ᠶᠡᠷᠦᠩᠬᠡᠶᠢᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠲᠡᠮᠦᠷ ᠵᠠᠮ ᠳᠠᠭᠠᠤ ᠶᠢᠨ ᠬᠤᠶᠠᠷ ᠬᠠᠵᠠᠭᠤ ᠶᠢᠨ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠳᠦᠷᠢᠮᠵᠢᠯ ᠤᠨ ᠲᠣᠭᠲᠠᠭᠠᠯ ᠳᠤ ᠨᠡᠶᠢᠴᠡᠬᠦ ᠦᠭᠡᠢ ᠠᠶᠤᠯᠭᠦᠶ ᠶᠢᠨ ᠬᠠᠮᠠᠭᠠᠯᠠᠯᠲᠠ ᠶᠢᠨ ᠵᠠᠶ ᠶᠢ ᠭᠤᠤᠯᠳᠠᠯᠭ᠎ᠠ ᠲᠠᠢ ᠪᠠᠷ ᠴᠡᠭᠴᠡᠯᠡᠨ ᠵᠠᠰᠠᠵᠤ᠂ ᠨᠣᠴᠣᠮᠠᠲᠠᠭᠠᠶ᠂ ᠳᠡᠯᠪᠡᠷᠡᠮᠡᠲᠡᠭᠡᠶ ᠪᠤᠶᠤ ᠰᠠᠴᠤᠷᠠᠭ ᠢᠳᠡᠪᠬᠢ ᠴᠢᠨᠠᠷᠲᠠᠶ ᠵᠡᠷᠭᠡ ᠠᠶᠤᠯᠲᠠᠢ ᠪᠣᠳᠠᠰ ᠢ ᠦᠶᠯᠡᠳᠪᠦᠷᠢᠯᠡᠬᠦ᠂ ᠪᠣᠯᠪᠠᠰᠤᠷᠠᠭᠤᠯᠬᠤ᠂ ᠬᠠᠳᠠᠭᠠᠯᠠᠬᠤ ᠪᠤᠶᠤ ᠪᠣᠷᠣᠯᠠᠭᠤᠯᠬᠤ ᠲᠠᠯᠠᠪᠤᠷ᠂ ᠰᠠᠩ ᠬᠥᠮᠥᠷᠭᠡ ᠶᠢ ᠪᠠᠶᠢᠭᠤᠯᠬᠤ᠃ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠳᠤ ᠲᠡᠮᠦᠷ ᠵᠠᠮ ᠤᠨ ᠠᠮᠤᠷ ᠲᠦᠪᠰᠢᠨ ᠢ ᠨᠥᠯᠥᠭᠡᠯᠡᠬᠦ ᠮᠣᠳᠣ ᠲᠠᠷᠢᠬᠤ ᠪᠠ ᠲᠡᠮᠦᠷ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠲᠡᠰᠢ ᠪᠣᠬᠢᠷᠲᠤᠯ ᠭᠠᠳᠠᠭᠰᠢᠯᠠᠭᠤᠯᠬᠤ ᠶᠢ ᠴᠡᠭᠴᠡᠯᠡᠨ ᠵᠠᠰᠠᠨ᠎ᠠ᠃ ᠬᠤᠭ ᠨᠣᠪᠰᠢ ᠬᠠᠶᠠᠬᠤ ᠵᠢᠴᠢ ᠲᠡᠮᠦᠷ ᠵᠠᠮ ᠤᠨ ᠠᠮᠤᠷ ᠲᠦᠪᠰᠢᠨ ᠢ ᠨᠥᠯᠥᠭᠡᠯᠡᠬᠦ ᠪᠤᠰᠤᠳ ᠦᠢᠯᠡ ᠠᠵᠢᠯᠯᠠᠭ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ᠬᠢᠵᠦ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤ᠂ ᠹᠦ᠋ ᠰᠢᠩ ᠪᠠᠯᠭᠠᠰᠤ᠂ ᠱᠧᠩ ᠹᠧᠩ ᠪᠠᠯᠭᠠᠰᠤ ᠬᠠᠮᠵᠢᠯᠴᠠᠨ᠎ᠠ︶      ︵ᠲᠠᠪᠤ︶ ᠲᠡᠮᠦᠷ ᠵᠠᠮ ᠤᠨ ᠲᠠᠲᠠᠪᠤᠷᠢᠯᠠᠨ ᠨᠤᠷᠠᠭᠠᠵᠤ ᠬᠡᠷᠡᠭᠯᠡᠬᠦ ᠭᠠᠵᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠃ ᠪᠤᠣ ᠶᠢᠨ ᠥᠨᠳᠥᠷ ᠬᠤᠷᠳᠤᠴᠠᠲᠤ ᠲᠡᠮᠦᠷ ᠵᠠᠮ ᠤᠨ ᠨᠢᠭᠡᠨᠲᠡ ᠲᠠᠲᠠᠪᠤᠷᠢᠯᠠᠨ ᠵᠠᠳᠠᠯᠵᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠷᠢᠯᠭ᠎ᠠ ᠶᠢᠨ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ ᠡᠭᠦᠨ ᠤ ᠬᠠᠮᠲᠤ ᠲᠡᠮᠦᠷ ᠵᠠᠮ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ ᠲᠣᠬᠢᠲᠠᠶ ᠰᠢᠶᠳᠪᠦᠷᠢᠯᠡᠵᠦ᠂ ᠲᠣᠭᠤᠰᠣ ᠶᠢ ᠰᠡᠷᠭᠡᠶᠢᠯᠡᠨ ᠲᠣᠭᠤᠰᠣ ᠶᠢ ᠬᠤᠷᠢᠭᠯᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠥᠷᠥᠭᠦᠯᠵᠦ ᠬᠢᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠂ ᠭᠡᠷ ᠪᠠᠶᠢᠰᠢᠩ ᠲᠠᠲᠠᠪᠤᠷᠢᠯᠠᠬᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠲᠢᠶᠠᠨᠵᠢᠲᠠᠢ ᠪᠠᠯᠭᠠᠰᠤ᠂ ᠪᠠᠶᠠᠨᠲᠤᠬᠤᠢ ᠪᠠᠯᠭᠠᠰᠤ᠂ ᠹᠦ᠋ ᠰᠢᠩ ᠪᠠᠯᠭᠠᠰᠤ᠂ ᠱᠧᠩ ᠹᠧᠩ ᠪᠠᠯᠭᠠᠰᠤ ᠬᠠᠮᠵᠢᠯᠴᠠᠨ᠎ᠠ︶      ᠳᠥᠷᠪᠡ᠂ ᠪᠡᠶᠡᠯᠡᠭᠦᠯᠬᠦ ᠴᠠᠭ ᠬᠢᠵᠠᠭᠠᠷ      10 ᠰᠠᠷ᠎ᠠ ᠶᠢᠨ 31 ᠤ ᠡᠳᠦᠷ ᠠᠴᠠ ᠡᠮᠦᠨ᠎ᠡ ᠪᠤᠣ ᠯᠠᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠳᠠᠭᠤᠰᠬᠠᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠤᠯᠲᠠ ᠶᠢ ᠴᠢᠩᠭᠠᠷᠠᠭᠤᠯᠬᠤ ᠬᠡᠷᠡᠭᠲᠡᠶ᠃ ᠦᠶᠤᠸᠠᠨ ᠰᠢᠶᠠᠨ ᠤ ᠪᠤᠣ ᠯᠠᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶      ᠳᠤᠭᠤᠶᠢᠯᠠᠩ ᠤᠨ ᠳᠠᠷᠤᠭ᠎ᠠ᠄ ᠴᠧᠨ ᠺᠠᠶ ᠯᠢᠶᠠᠩ    ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠸᠠᠩ ᠵᠢᠩ    ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ                                  ᠯᠢᠦ ᠴᠢᠨ    ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠯᠢᠦ ᠸᠧᠶ ᠭᠦᠸᠧ    ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ      ᠭᠡᠰᠢᠭᠦᠨ᠄ ᠸᠠᠩ ᠬᠤᠩ ᠮᠧᠶ    ᠰᠢᠶᠠᠨ ᠤ ᠨᠠᠮ ᠤᠨ ᠬᠤᠷᠢᠶᠠᠨ ᠤ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠡᠷᠬᠢᠯᠡᠭᠴᠢ      ᠸᠠᠩ ᠯᠧᠢ    ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ      ᠪᠠᠶ ᠶᠦᠩ ᠭᠤᠸᠠᠩ    ᠤᠬᠠᠭᠤᠯᠬᠤ ᠬᠡᠯᠲᠡᠰ ᠤᠨ ᠳᠡᠳ᠋ ᠳᠠᠷᠤᠭ᠎ᠠ      ᠵᠤᠤ ᠶᠦᠩ    ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ      ᠶᠤᠸᠠᠨ ᠫᠸᠢ ᠼᠠᠢ    ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠱᠤᠤ ᠶᠦᠩ ᠪᠢᠨ    ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠵᠠᠩ ᠳ᠋ᠧ ᠬᠤᠸᠠ    ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠯᠢ ᠫᠧᠩ ᠹᠸᠢ    ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠦᠶᠤᠸᠠᠨ ᠤ ᠬᠤᠪᠢᠶᠠᠷᠢ ᠲᠣᠪᠴᠢᠶᠠᠨ ᠤ ᠳᠠᠷᠤᠭ᠎ᠠ      ᠭᠦᠸᠧ ᠮᠢᠩ ᠸᠠᠩ    ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶᠠᠨ ᠤ ᠳᠠᠷᠤᠭ᠎ᠠ      ᠯᠢᠨ ᠶᠦᠩ ᠸᠠᠩ    ᠣᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ      ᠵᠣᠣ ᠵᠢᠶᠦ᠋ᠨ    ᠲᠠᠲᠠᠪᠤᠷᠢᠯᠠᠬᠤ ᠲᠣᠪᠴᠢᠶᠠᠨ ᠤ ᠳᠠᠷᠤᠭ᠎ᠠ      ᠸᠧᠶ ᠳ᠋ᠦᠩ ᠮᠢᠩ    ᠦᠶᠦᠸᠠᠨ ᠤ ᠭᠠᠯᠲᠤ ᠲᠡᠷᠭᠡᠨ ᠥᠷᠲᠡᠭᠡᠨ ᠤ ᠳᠠᠷᠤᠭ᠎ᠠ      ᠵᠠᠩ ᠢ ᠹᠸᠢ    ᠲᠢᠶᠠᠨᠵᠢᠲᠠᠢ ᠪᠠᠯᠭᠠᠰᠤᠨ ᠤ ᠳᠠᠷᠤᠭ᠎ᠠ      ᠰᠦᠩ ᠫᠧᠶ ᠢ    ᠪᠠᠶᠠᠨᠲᠤᠬᠤᠢ ᠪᠠᠯᠭᠠᠰᠤᠨ ᠤ ᠳᠠᠷᠤᠭ᠎ᠠ      ᠮᠡᠩ ᠬᠠᠢ ᠵᠢᠶᠦ᠋ᠨ    ᠹᠦ᠋ ᠰᠢᠩ ᠪᠠᠯᠭᠠᠰᠤᠨ ᠤ ᠳᠠᠷᠤᠭ᠎ᠠ      ᠯᠢ ᠬᠤᠸᠠᠢ ᠯᠢᠶᠠᠩ    ᠱᠧᠩ ᠹᠧᠩ ᠪᠠᠯᠭᠠᠰᠤᠨ ᠤ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠵᠢᠩ ᠨᠥᠬᠦᠷ ᠬᠠᠪᠰᠤᠷᠭᠠᠨ ᠬᠠᠷᠢᠭᠤᠴᠠᠪᠠ᠃      ᠲᠡᠮᠦᠷ ᠵᠠᠮ ᠳᠠᠭᠠᠤ ᠶᠢᠨ ᠰᠤᠮᠤ ᠪᠠᠯᠭᠠᠰᠤ ᠡᠯ᠎ᠡ ᠵᠦᠢᠯ ᠤᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠬᠤ᠂ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠬᠤ ᠶᠢᠨ ᠬᠠᠮᠲᠤ᠂ ᠲᠣᠰ ᠲᠥᠰᠦᠯ ᠢᠶᠠᠷ ᠯᠠᠪᠯᠠᠯᠲᠠ ᠪᠣᠯᠭᠠᠵᠤ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠠᠵᠢᠯ ᠤᠨ ᠪᠠᠶᠢᠭᠤᠯᠤᠮᠵᠢ ᠪᠠᠶᠢᠭᠤᠯᠵᠤ᠂ ᠠᠵᠢᠯ ᠤᠨ ᠬᠠᠷᠠᠯᠲᠠ᠂ ᠡᠭᠦᠷᠭᠡ ᠪᠣᠯᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠥᠪᠡᠷ ᠥᠪᠡᠷ ᠤᠨ ᠡᠭᠦᠷᠭᠡ ᠴᠢᠳᠠᠪᠤᠷᠢ ᠪᠠ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃      ︵ᠬᠤᠶᠠᠷ︶ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠳᠠᠯᠠᠵᠤ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠣᠯᠭᠠᠬᠤ ᠬᠡᠷᠡᠭᠲᠡᠶ᠃ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠪᠣᠯ ᠮᠠᠨ ᠤ ᠰᠢᠶᠠᠨ ᠤ ᠭᠠᠳᠠᠭᠠᠳᠤ ᠳᠦᠷᠢ ᠲᠥᠷᠬᠦ ᠶᠢ ᠢᠯᠡᠷᠡᠭᠦᠯᠬᠦ ︽ᠴᠣᠩᠬᠤ︾ ᠪᠠᠶᠢᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠰᠢᠭᠤᠳ ᠢᠯᠡᠷᠡᠭᠦᠯᠬᠦ ᠪᠣᠯᠤᠨ᠎ᠠ᠃ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ ᠪᠠ ᠰᠠᠯᠠᠭ᠎ᠠ ᠮᠥᠴᠢᠷ ᠤᠳ ᠨᠢᠭᠡᠳᠦᠯᠲᠡᠶ ᠲᠦᠯᠦᠪᠵᠢᠭᠦᠯᠭᠡ ᠶᠣᠰᠣᠭᠠᠷ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠵᠦ᠂ ᠲᠡᠮᠦᠷ ᠵᠠᠮ ᠳᠠᠭᠠᠤ ᠶᠢᠨ ᠠᠮᠢ ᠠᠬᠤᠢ ᠶᠢᠨ ᠶᠠᠰᠤ ᠴᠢᠨᠠᠷ ᠪᠣᠯᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ ︽437︾ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠣᠰᠣᠭᠠᠷ᠂ ᠴᠡᠭᠴᠡᠯᠡᠨ ᠵᠠᠰᠠᠬᠤ ᠠᠵᠢᠯ ᠤᠨ ᠣᠯᠤᠭᠰᠠᠨ ᠦᠷ᠎ᠡ ᠪᠦᠲᠦᠮᠵᠢ ᠪᠠᠨ ᠪᠠᠬᠢᠵᠢᠭᠦᠯᠦᠨ᠎ᠡ᠃ ᠬᠡᠪ ᠤᠨ ᠬᠠᠮᠢᠶᠠᠷᠤᠯᠲᠠ ᠶᠢ ᠪᠡᠶᠡᠯᠡᠭᠦᠯᠵᠦ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠃      ︵ᠭᠤᠷᠪᠠ︶ ᠵᠣᠬᠢᠴᠠᠭᠤᠯᠤᠨ ᠲᠣᠬᠢᠷᠠᠭᠤᠯᠬᠤ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠳᠠᠯᠠᠬᠤ ᠬᠡᠷᠡᠭᠲᠡᠶ᠃ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠪᠠ ᠲᠣᠬᠢᠷᠠᠭᠤᠯᠬᠤ ᠳᠦᠷᠢᠮ ᠢ ᠪᠠᠶᠢᠭᠤᠯᠵᠤ᠂ ᠵᠢᠯ ᠤᠨ ᠡᠴᠦᠰ ᠤᠨ ᠰᠢᠯᠭᠠᠨ ᠦᠨᠡᠯᠡᠬᠦ ᠶᠢᠨ ᠰᠢᠯᠭᠠᠨ ᠬᠢᠨᠠᠬᠤ ᠳᠦᠷᠢᠮ ᠢ ᠬᠡᠷᠡᠭᠵᠢᠭᠦᠯᠵᠦ᠂ ᠲᠡᠮᠦᠷ ᠵᠠᠮ ᠳᠠᠭᠠᠤ ᠶᠢᠨ ᠣᠷᠴᠢᠨ ᠲᠤᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠶᠡᠷᠦᠩᠬᠡᠶᠢᠯᠡᠨ ᠲᠣᠬᠢᠷᠠᠭᠤᠯᠬᠤ ᠪᠠ ᠰᠢᠯᠭᠠᠨ ᠬᠢᠨᠠᠬᠤ ᠶᠢ ᠦᠨᠡᠨᠬᠦ ᠴᠢᠩᠭᠠᠳᠬᠠᠬᠤ ᠬᠡᠷᠡᠭᠲᠡᠶ᠃ ᠡᠯ᠎ᠡ ᠰᠤᠮᠤ ᠪᠠᠯᠭᠠᠰᠤ 10 ᠰᠠᠷ᠎ᠠ ᠶᠢᠨ 12 ᠤᠨ ᠡᠳᠦᠷ ᠠᠴᠠ ᠡᠬᠢᠯᠡᠨ᠂ ᠭᠠᠷᠠᠭ ᠪᠦᠷᠢ ᠨᠢᠭᠡ ᠤᠳᠠᠭ᠎ᠠ ᠴᠡᠭᠴᠡᠯᠡᠨ ᠵᠠᠰᠠᠬᠤ ᠠᠬᠢᠴᠠ ᠶᠢᠨ ᠪᠠᠶᠢᠳᠠᠯ ᠢᠶᠠᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠠᠶᠢᠳᠠᠯ ᠢ ᠬᠤᠷᠢᠶᠠᠩᠭᠤᠶᠢᠯᠠᠨ ᠵᠠᠳᠠᠯᠵᠤ᠂ ᠤᠳᠤᠷᠢᠳᠬᠤ ᠳᠤᠭᠤᠶᠢᠯᠠᠩ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠴᠢᠬᠤᠯᠠ ᠪᠠᠶᠢᠳᠠᠯ ᠪᠣᠯᠤᠨ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠠᠢ᠃ ᠤᠳᠤᠷᠢᠳᠬᠤ ᠳᠤᠭᠤᠶᠢᠯᠠᠩ ᠤᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠵᠢᠯ ᠤᠨ ᠲᠣᠭᠲᠠᠮᠠᠯ ᠬᠤᠷᠠᠯ ᠬᠤᠷᠠᠯᠳᠤᠵᠦ᠂ ᠴᠡᠭᠴᠡᠯᠡᠨ ᠵᠠᠰᠠᠬᠤ ᠠᠵᠢᠯ ᠤᠨ ᠳᠤᠮᠳᠠ ᠭᠠᠷᠤᠭᠰᠠᠨ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠭᠡᠷ ᠤᠨ ᠲᠤᠰᠬᠠᠶ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ ᠪᠠ ᠰᠠᠯᠠᠭ᠎ᠠ ᠮᠥᠴᠢᠷ ᠤᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠳᠤ ᠬᠢᠨᠠᠨ ᠰᠢᠯᠭᠠᠯᠲᠠ ᠬᠢᠵᠦ᠂ ᠰᠢᠯᠭᠠᠨ ᠬᠢᠨᠠᠭᠰᠠᠨ ᠪᠠᠶᠢᠳᠠᠯ ᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠣᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠶ᠃      ︵ᠳᠦᠷᠪᠡ︶ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠠᠢ᠃ ᠰᠦᠯᠵᠢᠶ᠎ᠡ᠂ ᠰᠣᠨᠢᠨ ᠰᠡᠳᠬᠦᠯ᠂ ᠲᠧᠯᠸᠢᠰ᠂ ᠭᠠᠷ ᠤᠲᠠᠰᠤ ᠵᠡᠷᠭᠡ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠦ᠂ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠶᠢᠨ ᠵᠣᠷᠢᠯᠭ᠎ᠠ ᠪᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠤᠨ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠢᠯᠭᠠᠭ᠎ᠠ ᠲᠠᠢ ᠬᠠᠨᠳᠤᠬᠤ ᠬᠡᠷᠡᠭ ᠲᠠᠢ᠃ ᠡᠯ᠎ᠡ ᠵᠦᠶᠯ ᠤᠨ ᠵᠥᠷᠢᠴᠡᠯ ᠤᠨ ᠬᠠᠷᠢᠴᠠᠭ᠎ᠠ ᠶᠢ ᠰᠠᠶᠢᠲᠤᠷ ᠰᠢᠶᠳᠪᠦᠷᠢᠯᠡᠬᠦ ᠶᠢ ᠴᠢᠬᠤᠯᠠᠴᠢᠯᠠᠨ᠎ᠠ᠃ ᠳᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠡᠳ᠋ ᠪᠣᠳᠠᠰ ᠣᠪᠣᠭᠠᠯᠠᠬᠤ᠂ ᠬᠤᠭ ᠨᠣᠪᠰᠢ ᠬᠠᠶᠠᠬᠤ ᠵᠡᠷᠭᠡ ᠦᠢᠯᠡ ᠠᠵᠢᠯᠯᠠᠭ᠎ᠠ ᠰᠢᠶᠳᠪᠦᠷᠢᠯᠡᠬᠦ ᠶᠠᠪᠤᠴᠠ ᠳᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠰᠢᠶᠳᠪᠦᠷᠢᠯᠡᠬᠦ ᠬᠡᠷᠡᠭᠲᠡᠶ᠂ ᠣᠯᠠᠨ ᠲᠦᠮᠡᠨ ᠤ ᠦᠵᠡᠯ ᠰᠠᠨᠠᠭ᠎ᠠ ᠶᠢ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠬᠦ ᠶᠢ ᠠᠩᠬᠠᠷᠴᠤ᠂ ᠵᠦᠷᠢᠴᠡᠯ ᠢ ᠬᠤᠷᠴᠠᠳᠬᠠᠬᠤ ᠠᠴᠠ ᠰᠡᠷᠭᠡᠶᠢᠯᠡᠬᠦ ᠬᠡᠷᠡᠭᠲᠡᠶ᠃
ᠢᠷᠡᠯᠲᠡ᠄ ᠲᠣᠰ ᠰᠦᠯᠵᠢᠶ᠎ᠡ