ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠨᠴᠠᠭᠠᠢ ᠠᠵᠢᠯ ᠤᠨ ᠪᠠᠶᠢᠷᠢ ᠶᠢᠨ ᠲᠤᠰᠬᠠᠶ ᠲᠥᠯᠥᠪᠯᠡᠭᠡᠨ ᠤ ᠪᠠᠭᠰᠢ 300 ᠨᠡᠷᠡᠰ ᠡᠯᠰᠡᠬᠦ ᠪᠠᠷ ᠪᠣᠶ
ᠨᠡᠶᠢᠲᠡᠯᠡᠭᠰᠡᠨ ᠴᠠᠭ᠄
2020/11/30
     2020 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠯᠢᠳᠡᠭ ᠲᠡᠭᠦᠰᠬᠦ ᠰᠤᠷᠤᠭᠴᠢᠳ ᠢ ᠢᠯᠡ ᠪᠠᠷ ᠤᠷᠢᠨ ᠰᠣᠩᠭᠤᠵᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ ᠳᠤ ᠪᠠᠭᠰᠢᠯᠠᠭᠤᠯᠬᠤ ᠪᠠᠷ ᠲᠥᠯᠥᠪᠯᠡᠨ ︵ᠬᠡᠯᠡ ᠪᠢᠴᠢᠭ᠂ ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ᠂ ᠲᠡᠤᠬᠡ ᠭᠤᠷᠪᠠᠨ ᠰᠠᠯᠠᠭ᠎ᠠ︶᠂ ᠣᠨᠴᠠᠭᠠᠢ ᠠᠵᠢᠯ ᠤᠨ ᠪᠠᠶᠢᠷᠢ ᠶᠢᠨ ᠲᠤᠰᠬᠠᠶ ᠲᠥᠯᠥᠪᠯᠡᠭᠡᠨ ᠤ ᠪᠠᠭᠰᠢ ᠶᠢ 300 ᠡᠯᠰᠡᠬᠦ ᠪᠠᠷ ᠪᠠᠶᠢᠨ᠎ᠠ᠃ ᠰᠦᠯᠵᠢᠶᠡᠨ ᠳᠡᠭᠡᠷᠡᠬᠢ ᠤᠷᠢᠳᠴᠢᠯᠠᠨ ᠨᠡᠷ᠎ᠡ ᠮᠡᠳᠡᠭᠦᠯᠬᠦ ᠴᠠᠭ ᠨᠢ 11 ᠰᠠᠷ᠎ᠠ ᠶᠢᠨ 27 ᠠᠴᠠ 12 ᠰᠠᠷ᠎ᠠ ᠶᠢᠨ 2 ᠤᠨ ᠡᠳᠦᠷ ᠤᠨ 17 ᠴᠠᠭ ᠪᠣᠯᠲᠠᠯ᠎ᠠ᠂ ᠲᠤᠬᠠᠶ ᠶᠢᠨ ᠲᠠᠯᠠᠪᠤᠷ ᠤᠨ ᠨᠤᠲᠠᠯᠠᠬᠤ ᠴᠠᠭ ᠨᠢ 11 ᠰᠠᠷ᠎ᠠ ᠶᠢᠨ 28 ᠤ ᠡᠳᠦᠷ ᠤᠨ 9 ᠴᠠᠭ ᠠᠴᠠ  12 ᠰᠠᠷ᠎ᠠ ᠶᠢᠨ 3 ᠤ ᠡᠳᠦᠷ ᠤᠨ 17 ᠴᠠᠭ ᠪᠣᠯᠲᠠᠯ᠎ᠠ᠃              ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ ᠦᠶᠡᠰ᠂ ᠰᠢᠯᠭᠠᠭᠤᠯᠤᠭᠴᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵https://www.nm.zsks.cn/︶ ᠳᠤ ᠭᠠᠷᠴᠤ᠂ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠭᠰᠠᠨ ᠤ ᠪᠠᠨ ᠳᠠᠷᠠᠭ᠎ᠠ ︽ᠣᠨᠴᠠᠭᠠᠢ ᠠᠵᠢᠯ ᠤᠨ ᠪᠠᠶᠢᠷᠢ ᠶᠢᠨ ᠲᠤᠰᠬᠠᠶ ᠲᠥᠯᠥᠪᠯᠡᠭᠡᠨ ᠤ ᠪᠠᠭᠰᠢ ᠶᠢᠨ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ︾ ᠵᠢᠷᠤᠭᠲᠤ ᠲᠡᠮᠳᠡᠭ ᠢ ᠳᠣᠶ᠋ᠢᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ ᠬᠠᠮᠢᠶ᠎ᠠ ᠪᠥᠬᠦᠶ ᠮᠡᠳᠡᠭᠡ ᠵᠠᠩᠭᠢ ᠶᠢ ᠨᠢᠭᠡᠳ ᠨᠢᠭᠡ ᠪᠠᠷ ᠲᠠᠭᠯᠠᠨ᠂ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ ᠶᠢ ᠪᠡᠶᠡᠯᠡᠭᠦᠯᠦᠨ᠎ᠡ᠃ ᠨᠡᠷ᠎ᠡ ᠮᠡᠳᠡᠭᠦᠯᠬᠦ ᠠᠵᠢᠯ ᠤᠨ ᠪᠠᠶᠢᠷᠢ ᠶᠢᠨ ᠬᠠᠷᠢᠶ᠎ᠠ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠦᠯᠵᠢᠶᠡᠨ ᠳᠡᠭᠡᠷ᠎ᠡ ᠬᠢᠷᠢ ᠬᠡᠮ ᠤᠨ ᠠᠩᠬᠠᠨ ᠤ ᠬᠢᠨᠠᠯᠲᠠ ᠬᠢᠬᠦ ᠶᠢ ᠬᠦᠯᠢᠶᠡᠵᠦ᠂ ᠬᠢᠨᠠᠯᠲᠠ ᠪᠠᠷ ᠪᠠᠳᠤᠯᠠᠭᠤᠯᠤᠬᠰᠠᠨ  ᠰᠢᠯᠭᠠᠭᠤᠯᠤᠭᠴᠢ ᠲᠤᠬᠠᠶ ᠶᠢᠨ ᠲᠠᠯᠠᠪᠤᠷ ᠲᠤ ᠨᠤᠲᠠᠯᠠᠬᠤ ᠭᠤᠭᠴᠤᠭ᠎ᠠ ᠳᠤ ᠣᠷᠣᠨ᠎ᠠ᠃ ᠬᠢᠷᠢ ᠬᠡᠮ ᠤᠨ ᠠᠩᠬᠠᠨ ᠤ ᠬᠢᠨᠠᠯᠲᠠ ᠪᠠᠷ ᠪᠠᠳᠤᠯᠠᠭᠤᠯᠤᠬᠰᠠᠨ ᠰᠢᠯᠭᠠᠭᠤᠯᠤᠭᠴᠢ ᠰᠣᠩᠭᠤᠭᠰᠠᠨ ᠨᠡᠷ᠎ᠡ ᠮᠡᠳᠡᠭᠦᠯᠬᠦ ᠴᠡᠭ ᠲᠤ ᠬᠦᠷᠴᠦ ᠲᠤᠬᠠᠶ ᠶᠢᠨ ᠲᠠᠯᠠᠪᠠᠶ ᠶᠢᠨ ᠬᠤᠶᠠᠳᠤᠭᠠᠷ ᠦᠶ᠎ᠡ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠯ ᠵᠢᠷᠤᠭ ᠠᠪᠴᠤ ᠨᠤᠲᠠᠯᠠᠭᠤᠯᠤᠨ᠎ᠠ᠃ ᠭᠠᠭᠴᠠ ᠬᠦ ᠲᠤᠬᠠᠶ ᠶᠢᠨ ᠲᠠᠯᠠᠪᠤᠷ ᠤᠨ ᠨᠤᠲᠠᠯᠠᠯᠲᠠ ᠶᠢ ᠪᠡᠶᠡᠯᠡᠭᠦᠯᠪᠡᠯ ᠰᠠᠶ᠋ᠢ ᠪᠦᠬᠦ ᠨᠡᠷ᠎ᠡ ᠮᠡᠳᠡᠭᠦᠯᠬᠦ ᠠᠵᠢᠯ ᠢ ᠪᠡᠶᠡᠯᠡᠭᠦᠯᠦᠭᠰᠡᠨ ᠳᠤ ᠲᠣᠭᠠᠴᠠᠭᠳᠠᠨ᠎ᠠ᠃              ᠣᠨᠴᠠᠭᠠᠶᠢᠯᠠᠨ ᠰᠠᠨᠠᠭᠤᠯᠬᠤ ᠴᠢᠬᠤᠯᠠᠲᠠᠶ ᠨᠢ᠂ ᠰᠢᠯᠭᠠᠭᠤᠯᠤᠭᠴᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ — ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠡᠯᠰᠡᠬᠦ ᠰᠢᠯᠭᠠᠯᠲᠠ ᠶᠢᠨ ᠰᠤᠪᠠᠭ ᠠᠴᠠ ︽ᠰᠢᠯᠭᠠᠭᠤᠯᠤᠭᠴᠢ ᠶᠢᠨ ᠪᠡᠶ᠎ᠡ ᠶᠢᠨ ᠳᠤᠯᠠᠭᠠᠨ ᠤ ᠬᠢᠨᠠᠨ ᠬᠡᠮᠵᠢᠯᠲᠡ ᠵᠢᠨ‌‍ᠲ᠋ᠡᠮᠳᠡᠭᠯᠡᠯ ᠵᠢᠴᠢ ᠡᠷᠡᠭᠦᠯ ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ︾ ᠢ ᠪᠠᠭᠤᠯᠭᠠᠵᠤ᠂ ᠤᠷᠢᠳᠴᠢᠯᠠᠨ ᠨᠡᠷ᠎ᠡ ᠮᠡᠳᠡᠭᠦᠯᠦᠭᠰᠡᠨ ᠠᠴᠠ ᠡᠬᠢᠯᠡᠨ ᠂ ᠡᠳᠦᠷ  ᠪᠦᠷᠢ ᠪᠡᠶ᠎ᠡ ᠶᠢᠨ ᠳᠤᠯᠠᠭᠠᠨ ᠢᠶᠠᠨ ᠬᠡᠮᠵᠢᠨ ᠲᠡᠮᠳᠡᠭᠯᠡᠵᠦ᠂ ᠰᠢᠯᠭᠠᠯᠲᠠ ᠶᠢᠨ ᠲᠤᠬᠠᠶ ᠶᠢᠨ ᠡᠳᠦᠷ ᠲᠤ ᠰᠢᠯᠭᠠᠯᠲᠠ ᠶᠢᠨ ᠴᠡᠭ ᠲᠤ ᠲᠤᠰᠢᠶᠠᠨ ᠬᠠᠳᠠᠭᠠᠯᠠᠭᠤᠯᠤᠨ᠎ᠠ᠃              ᠰᠢᠯᠭᠠᠯᠲᠠ ᠳᠤ ᠨᠡᠷ᠎ᠡ ᠮᠡᠳᠡᠭᠦᠯᠵᠦ ᠣᠷᠣᠯᠴᠠᠬᠤ ᠬᠥᠮᠦᠰ ᠬᠤᠯᠪᠣᠭᠳᠠᠯ ᠪᠥᠬᠦᠶ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ ᠪᠦᠬᠦᠯᠢ 35 ᠨᠠᠰᠤᠨ ᠠᠴᠠ ᠳᠣᠷᠣᠭᠰᠢ ︵1984 ᠣᠨ ᠤ 11 ᠰᠠᠷ᠎ᠠ ᠶᠢᠨ 1 ᠤ ᠡᠳᠦᠷ ᠠᠴᠠ  ᠬᠤᠶᠢᠰᠢ ᠲᠥᠷᠥᠭᠰᠡᠨ︶᠃ ᠨᠡᠷ᠎ᠡ ᠮᠡᠳᠡᠭᠦᠯᠦᠭᠴᠢ ᠨᠢ ᠬᠤᠶᠠᠳᠤᠭᠠᠷ ᠳᠡᠰ ᠤᠨ ᠬᠥᠬᠡᠭᠴᠢᠨ ᠵᠡᠷᠭᠡ ᠵᠢᠴᠢ ᠲᠡᠭᠦᠨ ᠠᠴᠠ ᠳᠡᠭᠡᠭᠰᠢᠬᠢ ᠨᠡᠶᠢᠲᠡᠯᠢᠭ ᠬᠡᠯᠡᠨ ᠤ ᠬᠢᠷᠢ ᠲᠦᠪᠰᠢᠨ ᠤ ᠰᠢᠯᠭᠠᠯᠲᠠ ᠶᠢᠨ ᠵᠡᠷᠭᠡ ᠳᠡᠰ ᠤᠨ ᠦᠨᠡᠮᠯᠡᠯ ᠢ ᠪᠦᠷᠢᠳᠦᠭᠦᠯᠬᠦ ᠬᠡᠷᠡᠭᠲᠡᠶ᠃ ᠡᠭᠦᠨ ᠳᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠲᠡᠭᠦᠰᠦᠭᠰᠡᠨ‌ᠤᠶᠤᠲᠠᠳ ᠭᠤᠷᠪᠠᠳᠤᠭᠠᠷ ᠳᠡᠰ ᠤᠨ ᠬᠥᠬᠡ ᠵᠡᠷᠭᠡ ᠵᠢᠴᠢ ᠲᠡᠭᠦᠨ ᠠᠴᠠ ᠳᠡᠭᠡᠭᠰᠢᠬᠢ ᠨᠡᠶᠢᠲᠡᠯᠢᠭ ᠬᠡᠯᠡᠨ ᠤ ᠬᠢᠷᠢ ᠬᠡᠮᠵᠢᠶᠡᠨ ᠤ ᠰᠢᠯᠭᠠᠯᠲᠠ ᠶᠢᠨ ᠵᠡᠷᠭᠡ ᠳᠡᠰ ᠤᠨ ᠦᠨᠡᠮᠯᠡᠯ ᠲᠠᠢ ᠪᠠᠶᠢᠬᠤ ᠬᠡᠷᠡᠭᠲᠡᠶ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠬᠢᠬᠦ ᠳᠤ ᠡᠷᠬᠡᠪᠰᠢ ᠪᠦᠷᠢᠯᠳᠦᠭᠦᠯᠬᠦ ᠴᠢᠳᠠᠪᠤᠷᠢ ᠪᠠ ᠬᠡᠪ ᠴᠢᠨᠠᠷ ᠲᠠᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠣᠯᠪᠠᠰᠤᠷᠠᠩᠭᠤᠶ ᠬᠡᠷᠡᠭᠯᠡᠨ ︽ᠭᠤᠷᠪᠠᠨ ᠲᠥᠷᠥᠯ ᠤᠨ ᠬᠢᠴᠢᠶᠡᠯ︾ ᠤᠨ ᠵᠢᠭᠠᠨ ᠰᠤᠷᠭᠠᠯᠲᠠ ᠶᠢ ᠡᠷᠬᠢᠯᠡᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠨᠳᠦᠰᠦᠨ ᠣᠨᠣᠯ ᠪᠣᠯᠤᠨ ᠮᠡᠷᠭᠡᠵᠢᠯ ᠴᠢᠳᠠᠪᠤᠷᠢ ᠶᠢ ᠡᠵᠡᠮᠰᠢᠬᠦ  ᠪᠠ ᠬᠡᠷᠡᠭᠯᠡᠵᠦ ᠴᠢᠳᠠᠨ᠂ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠰᠠᠶᠢᠲᠤᠷ ᠬᠢᠬᠦ ᠱᠠᠭᠠᠷᠳᠠᠯᠭ᠎ᠠ ᠳᠤ  ᠨᠡᠶᠢᠴᠡᠭᠰᠡᠨ ᠪᠠᠶᠢᠬᠤ ᠬᠡᠷᠡᠭᠲᠡᠢ᠃              ᠰᠤᠷᠤᠯᠭ᠎ᠠ ᠶᠢᠨ ᠨᠠᠮᠲᠠᠷ ᠤᠨ ᠱᠠᠭᠠᠷᠳᠠᠯᠭ᠎ᠠ᠄ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠥᠩᠭᠡᠷᠡᠭᠰᠡᠨ ᠬᠤᠭᠤᠴᠠᠭᠠᠨ ᠤ ᠲᠡᠭᠦᠰᠦᠭᠰᠡᠨ ᠪᠤᠶᠤ 2021ᠣᠨ ᠤ ᠲᠡᠭᠦᠰᠬᠦ ᠰᠤᠷᠤᠭᠴᠢ᠃ ᠣᠶᠢᠷ᠎ᠠ ᠶᠢᠨ 5 ᠵᠢᠯ ︵2016 ᠣᠨ ᠵᠢᠴᠢ ᠲᠡᠭᠦᠨ ᠠᠴᠠ ᠰᠡᠭᠦᠯᠡᠷ ᠲᠡᠭᠦᠰᠦᠭᠰᠡᠨ︶ ᠪᠤᠶᠤ 2021 ᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯ ᠠᠴᠠ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ  ᠪᠣᠯᠤᠨ᠎ᠠ᠃ 202 ᠣᠨ ᠤ ᠲᠡᠭᠦᠰᠬᠦ ᠰᠤᠷᠤᠭᠴᠢᠳ ᠲᠣᠰ ᠤᠳᠠᠭᠠᠨ ᠤ ᠰᠢᠯᠭᠠᠯᠲᠠ ᠳᠤ ᠣᠷᠣᠯᠴᠠᠬᠤ ᠳᠤ᠂ ᠰᠤᠷᠭᠠᠭᠤᠯᠢ ᠶᠢᠨ ᠭᠠᠷᠭᠠᠭᠰᠠᠨ ᠦᠵᠡᠯ ᠰᠠᠨᠠᠭ᠎ᠠ ᠶᠣᠰᠣ ᠮᠣᠷᠠᠯ ᠪᠠ ᠤᠯᠤᠰ ᠲᠥᠷᠥ ᠶᠢᠨ ᠢᠯᠡᠷᠡᠯ ᠨᠢ ᠲᠡᠭᠦᠰᠬᠦ ᠱᠠᠭᠠᠷᠳᠠᠯᠭ᠎ᠠ ᠳᠤ ᠨᠡᠶᠢᠴᠡᠭᠰᠡᠨ ᠭᠡᠷᠡᠴᠢ ᠬᠠᠩᠭᠠᠵᠤ᠂ ᠡᠷᠬᠡᠪᠰᠢ 1ᠵᠢᠯ ᠤᠨ ᠲᠤᠷᠰᠢᠨ ᠬᠡᠷᠡᠭᠯᠡᠬᠦ ᠬᠤᠭᠤᠴᠠᠭᠠᠨ ᠳᠤ ᠬᠠᠷᠠᠭᠠᠯᠵᠠᠭᠰᠠᠨ ᠲᠡᠭᠦᠰᠬᠦ ᠦᠨᠡᠮᠯᠡᠯ ᠣᠯᠵᠤ ᠴᠢᠳᠠᠬᠤ  ᠬᠡᠷᠡᠭᠲᠡᠶ᠃ ᠡᠰᠡ ᠲᠡᠭᠡᠪᠡᠯ᠂ ᠤᠷᠢᠵᠤ ᠬᠡᠷᠡᠭᠯᠡᠬᠦ ᠭᠡᠷ᠎ᠡ ᠶᠢ ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃  
ᠢᠷᠡᠯᠲᠡ᠄ ᠠᠷᠠᠳ ᠤᠨ ᠰᠦᠯᠵᠢᠶ᠎ᠡ