︽ᠦᠶᠤᠸᠠᠨ ᠰᠢᠶᠠᠨ ᠤ ᠠᠶᠢᠯ ᠲᠣᠰᠬᠤᠨ ᠢ ᠲᠦᠷᠦᠯ ᠬᠤᠪᠢᠶᠠᠬᠤ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/12/21
                ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ︽ᠦᠶᠤᠸᠠᠨ ᠰᠢᠶᠠᠨ ᠤ ᠠᠶᠢᠯ ᠲᠣᠰᠬᠤᠨ ᠢ ᠲᠦᠷᠦᠯ ᠬᠤᠪᠢᠶᠠᠬᠤ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠨᠦᠭᠦᠳ ᠲᠤ᠄      ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠡᠳᠦᠭᠡ ︽ᠦᠶᠤᠸᠠᠨ ᠰᠢᠶᠠᠨ ᠤ ᠠᠶᠢᠯ ᠲᠣᠰᠬᠤᠨ ᠢ ᠲᠥᠷᠥᠯ ᠬᠤᠪᠢᠶᠠᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                   ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                      2020 ᠣᠨ ᠤ 11 ᠰᠠᠷ᠎ᠠ ᠶᠢᠨ 20 ᠤ ᠡᠳᠦᠷ ᠦᠶᠤᠸᠠᠨ ᠰᠢᠶᠠᠨ ᠤ ᠠᠶᠢᠯ ᠲᠣᠰᠬᠤᠨ ᠢ ᠲᠦ᠋ᠷᠦᠯ ᠬᠤᠪᠢᠶᠠᠬᠤ ᠠᠵᠢᠯ ᠤᠨ ᠲᠥᠰᠦᠯ      ᠰᠢ ᠶᠢᠨ ᠫᠢᠩ ᠶᠡᠷᠦᠩᠬᠡᠶ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ᠲᠥᠪ ᠤᠨ ᠲᠠᠷᠢᠶᠠᠯᠠᠩ ᠤᠨ ᠠᠵᠢᠯ ᠤᠨ ᠠᠯᠪᠠᠨ ᠭᠡᠷ ᠵᠡᠷᠭᠡ ᠲᠠᠪᠤᠨ ᠶᠠᠮᠤᠨ ᠬᠤᠷᠢᠶ᠎ᠠ ᠶᠢᠨ ︽ᠠᠶᠢᠯ ᠲᠣᠰᠬᠤᠨ ᠤ ᠲᠥᠯᠥᠪᠵᠢᠭᠦᠯᠭᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠰᠠᠨᠠᠯ︾᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ︽ᠠᠶᠢᠯ ᠲᠣᠰᠬᠤᠨ ᠤ ᠲᠥᠯᠥᠪᠵᠢᠭᠦᠯᠭᠡ ᠶᠢ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠶ ᠮᠡᠳᠡᠭᠳᠡᠯ︾ ᠪᠣᠯᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ︽ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠪᠴᠢᠯᠡᠨ ᠥᠷᠨᠢᠭᠦᠯᠬᠦ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠤᠸᠠᠨ ᠰᠢᠶᠠᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠥᠷᠥᠯ ᠬᠤᠪᠢᠶᠠᠬᠤ ᠠᠵᠢᠯ ᠢ ᠲᠦᠷᠭᠡᠳᠬᠡᠨ ᠠᠬᠢᠭᠤᠯᠵᠤ᠂ ᠡᠳᠦᠭᠡ ᠦᠶᠤᠸᠠᠨ ᠰᠢᠶᠠᠨ ᠤ ᠠᠶᠢᠯ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠵᠤ᠂ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠵᠤ᠂ ᠦᠶᠤᠸᠠᠨ ᠰᠢᠶᠠᠨ ᠤ ᠠᠶᠢᠯ ᠲᠣᠰᠬᠤᠨ ᠢ ᠲᠥᠯᠥᠪᠵᠢᠭᠦᠯᠵᠦ ᠲᠦᠷᠦᠯ ᠬᠤᠪᠢᠶᠠᠬᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠦᠶᠤᠸᠠᠨ ᠰᠢᠶᠠᠨ ᠤ ᠰᠢᠶᠠᠨ ᠤ ᠬᠡᠪᠴᠢᠶᠡᠨ ᠳᠤ ᠨᠢᠭᠡ ᠬᠥᠯᠭᠡ ᠰᠢᠲᠠᠷ᠎ᠠ ᠲᠠᠯᠪᠢᠬᠤ ᠶᠢ ᠪᠠᠷᠢᠮᠲᠠᠯᠠᠵᠤ᠂ ᠠᠶᠢᠯ ᠲᠣᠰᠬᠤᠨ ᠤ ᠡᠯ᠎ᠡ ᠲᠦᠷᠦᠯ ᠤᠨ ᠲᠥᠯᠥᠪᠵᠢᠭᠦᠯᠭᠡ ᠶᠢ ᠲᠣᠰᠬᠤᠨ ᠤ ᠬᠡᠪᠴᠢᠶᠡᠨ ᠤ ᠳᠠᠪᠬᠤᠷᠭ᠎ᠠ ᠳᠤ ︽ᠤᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠲᠦᠯᠬᠢᠨ ᠠᠬᠢᠭᠤᠯᠤᠨ᠎ᠠ᠃      ᠬᠤᠶᠠᠷ᠂ ᠠᠵᠢᠯ ᠤᠨ ᠬᠠᠷᠠᠯᠲᠠ      2019 ᠣᠨ ᠤ ᠰᠡᠭᠦᠯᠴᠢ ᠪᠣᠯᠬᠤ ᠳᠤ᠂ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠂ ᠬᠤᠲᠠ ᠶᠢᠨ ᠲᠡᠭᠦᠷᠭᠡ ᠶᠢᠨ ᠠᠭᠤᠰᠤᠯᠴᠠᠯ ᠤᠨ ᠲᠥᠷᠥᠯ᠂ ᠤᠨᠴᠠᠯᠢᠬᠳᠤ ᠬᠠᠮᠠᠭᠠᠯᠠᠯᠲᠠ ᠶᠢᠨ ᠲᠥᠷᠥᠯ ᠵᠡᠷᠭᠡ ᠠᠶᠢᠯ ᠲᠣᠰᠬᠤᠨ ᠤ ᠲᠥᠷᠥᠯ ᠠᠩᠭᠢᠯᠠᠯ ᠢ ᠦᠨᠳᠦᠰᠦᠨ ᠳᠡᠭᠡᠨ ᠲᠣᠳᠣᠷᠬᠠᠶᠢᠯᠠᠨ᠎ᠠ᠃ 2021 ᠣᠨ ᠠᠴᠠ ᠡᠬᠢᠯᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ ᠰᠢᠶᠠᠨ ᠤ ᠬᠡᠪᠴᠢᠶᠡᠨ ᠤ ᠳᠠᠪᠬᠤᠷᠭ᠎ᠠ ᠳᠤ ᠠᠶᠢᠯ ᠲᠣᠰᠬᠤᠨ ᠤ ᠪᠠᠶᠢᠷᠢᠰᠢᠭᠤᠯᠤᠯᠲᠠ ᠶᠢᠨ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠨᠥᠬᠦᠴᠡᠯ ᠲᠠᠢ ᠭᠠᠴᠠᠭ᠎ᠠ ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠶᠢᠯ ᠲᠣᠰᠬᠤᠨ ᠤ ᠲᠥᠯᠥᠪᠵᠢᠭᠦᠯᠭᠡ ᠶᠢ ᠲᠤᠰᠠᠭᠠᠷ ᠨᠠᠶᠢᠷᠠᠭᠤᠯᠤᠨ ᠵᠣᠬᠢᠶᠠᠵᠤ᠂ ᠨᠠᠶᠢᠷᠠᠭᠤᠯᠤᠨ ᠵᠣᠬᠢᠶᠠᠬᠤ ᠶᠣᠰᠣᠲᠠᠶ ᠶᠢ ᠨᠢ ᠪᠦᠬᠦᠨ ᠢ ᠨᠠᠶᠢᠷᠠᠭᠤᠯᠤᠨ ᠵᠣᠬᠢᠶᠠᠵᠤ ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠳᠤ ᠬᠠᠷᠠᠯᠲᠠ ᠲᠠᠢ᠂ ᠴᠢᠬᠤᠯᠠ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠲᠣᠬᠢᠷᠠᠭᠤᠯᠤᠭᠰᠠᠨ ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠢᠶᠠᠷᠤᠨ ᠡᠵᠡᠮᠳᠡᠭᠰᠡᠨ᠂ ᠪᠠᠶᠢᠭᠠᠯᠢ ᠶᠢᠨ ᠦᠵᠡᠮᠵᠢ ᠪᠠ ᠰᠣᠶᠣᠯ ᠤᠨ ᠥᠪ ᠢ ᠬᠠᠮᠠᠭᠠᠯᠠᠭᠰᠠᠨ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠠᠷᠭ᠎ᠠ ᠬᠡᠮᠵᠢᠶ᠎ᠡ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃        ᠭᠤᠷᠪᠠ᠂ ᠭᠤᠣᠯ ᠠᠵᠢᠯ ᠤᠨ ᠡᠭᠦᠷᠭᠡ      ︵ᠨᠢᠭᠡ︶ ᠶᠡᠷᠦᠩᠬᠡᠶ ᠱᠠᠭᠠᠷᠳᠠᠯᠭ᠎ᠠ᠃ ᠠᠶᠢᠯ ᠲᠣᠰᠬᠤᠨ ᠤ ᠲᠥᠯᠥᠪᠵᠢᠭᠦᠯᠭᠡ ᠪᠣᠯ ᠬᠠᠤᠯᠢ ᠪᠠᠷ ᠲᠣᠭᠲᠠᠭᠠᠭᠰᠠᠨ ᠬᠥᠳᠡᠭᠡ ᠲᠣᠰᠬᠤᠨ ᠤ ᠲᠥᠯᠥᠪᠵᠢᠭᠦᠯᠭᠡ ᠮᠥᠨ᠂ ᠰᠤᠮᠤ ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠨᠠᠷᠢᠨ ᠲᠥᠯᠥᠪᠵᠢᠭᠦᠯᠭᠡ ᠮᠥᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠠᠰᠢᠭᠯᠠᠵᠤ ᠬᠠᠮᠠᠭᠠᠯᠠᠬᠤ ᠠᠵᠢᠯᠯᠠᠭ᠎ᠠ ᠥᠷᠨᠢᠭᠦᠯᠬᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠢᠨᠠᠨ ᠣᠯᠭᠤᠬᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠬᠢᠬᠦ ᠵᠡᠷᠭᠡ ᠶᠢᠨ ᠬᠠᠤᠯᠢ ᠪᠠᠷ ᠲᠣᠭᠲᠠᠭᠠᠭᠰᠠᠨ ᠦᠨᠳᠦᠰᠦᠯᠡᠯ ᠮᠥᠨ᠃ ᠲᠣᠰᠬᠤᠨ ᠤ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠠᠶᠢᠯ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠵᠡᠷᠭᠡ ᠬᠥᠳᠡᠭᠡ ᠲᠣᠰᠬᠤᠨ ᠤ ᠲᠥᠯᠥᠪᠵᠢᠭᠦᠯᠭᠡ ᠶᠢ ᠡᠮᠬᠢᠯᠡᠨ ᠨᠡᠶᠢᠯᠡᠭᠦᠯᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠬᠤᠲᠠ ᠬᠥᠳᠡᠭᠡ ᠶᠢᠨ ᠲᠥᠯᠥᠪᠵᠢᠭᠦᠯᠭᠡ ᠵᠡᠷᠭᠡ ᠶᠢ ᠣᠷᠭᠠᠨᠢᠭ ᠢᠶᠠᠷ ᠠᠭᠤᠰᠤᠯᠴᠠᠭᠤᠯᠬᠤ ᠶᠢ ᠪᠡᠶᠡᠯᠡᠭᠦᠯᠵᠦ᠂ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠦᠶᠤᠸᠠᠨ ᠰᠢᠶᠠᠨ ᠤ ᠠᠶᠢᠯ ᠲᠣᠰᠬᠤᠨ ᠢ ᠲᠥᠷᠥᠯ ᠬᠤᠪᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠳᠤ ᠦᠨᠳᠦᠰᠦᠯᠡᠯ ᠬᠠᠩᠭᠠᠬᠤ ᠬᠡᠷᠡᠭᠲᠡᠶ᠃      ︵ᠬᠤᠶᠠᠷ︶ ᠠᠶᠢᠯ ᠲᠣᠰᠬᠤᠨ ᠤ ᠲᠥᠷᠥᠯ ᠬᠤᠪᠢᠶᠠᠬᠤ ᠠᠵᠢᠯ ᠢ ᠵᠢᠯᠣᠭᠤᠳᠤᠨ ᠠᠬᠢᠭᠤᠯᠤᠨ᠎ᠠ      1᠂ ᠣᠳᠣᠬᠠᠨ ᠤ ᠮᠠᠨ ᠤ ᠰᠢᠶᠠᠨ ᠤ ᠠᠶᠢᠯ ᠲᠣᠰᠬᠤᠨ ᠤ ᠦᠨᠳᠦᠰᠦᠨ ᠪᠠᠶᠢᠳᠠᠯ᠃ 2014 ᠣᠨ ᠠᠴᠠ ᠡᠬᠢᠯᠡᠨ᠂ ᠦᠶᠤᠸᠠᠨ ᠰᠢᠶᠠᠨ ᠤ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠪᠦᠬᠦ ᠲᠠᠯ᠎ᠠ ᠪᠠᠷ ᠡᠬᠢᠯᠡᠭᠦᠯᠪᠡ᠃ ᠮᠠᠨ ᠤ ᠰᠢᠶᠠᠨ ᠤ 9 ᠰᠤᠮᠤ ᠪᠠᠯᠭᠠᠰᠤ᠂ 2 ᠬᠡᠷᠡᠭ ᠡᠷᠬᠢᠯᠡᠬᠦ ᠭᠠᠵᠠᠷ᠂ 1 ᠲᠠᠷᠢᠶᠠᠯᠠᠩ ᠤᠨ ᠲᠠᠯᠠᠪᠠᠢ ︵11 ᠬᠤᠪᠢᠶᠠᠷᠢ ᠲᠠᠯᠠᠪᠠᠢ︶᠂ 117 ᠵᠠᠰᠠᠭ ᠵᠠᠬᠢᠷᠭᠠᠨ ᠤ ᠲᠣᠰᠬᠤᠨ ︵771 ᠪᠠᠶᠢᠭᠠᠯᠢ ᠶᠢᠨ ᠲᠣᠰᠬᠤᠨ︶ ᠳᠤ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠡᠬᠢᠯᠡᠪᠡ᠃ ᠠᠳᠠᠯᠢ ᠪᠤᠰᠤ ᠠᠶᠢᠯ ᠲᠣᠰᠬᠤᠨ ᠤ ᠲᠥᠷᠥᠯ ᠬᠡᠯᠪᠡᠷᠢ ᠶᠢᠨ ᠣᠨᠴᠠᠯᠢᠭ ᠢ ᠦᠨᠳᠦᠰᠦᠯᠡᠨ᠂ ᠬᠤᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠲᠠᠨᠢᠯᠴᠠᠭᠤᠯᠤᠭᠰᠠᠨ ᠨᠠᠶᠢᠷᠠᠭᠤᠯᠤᠨ ᠵᠣᠬᠢᠶᠠᠬᠤ ᠠᠷᠭ᠎ᠠ ᠮᠠᠶ᠋ᠢᠭ ᠢᠶᠠᠷ᠂ ︽A+B+C︾ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠬᠡᠷᠡᠭᠯᠡᠨ ᠠᠶᠢᠯ ᠲᠣᠰᠬᠤᠨ ᠤ ᠲᠥᠯᠥᠪᠵᠢᠭᠦᠯᠭᠡ ᠶᠢ ᠲᠥᠷᠥᠯ ᠬᠤᠪᠢᠶᠠᠨ ᠨᠠᠶᠢᠷᠠᠭᠤᠯᠤᠨ ᠵᠣᠬᠢᠶᠠᠵᠤ᠂ ᠠᠶᠢᠯ ᠲᠣᠰᠬᠤᠨ ᠤ ᠪᠥᠲᠥᠭᠡᠨ ᠪᠠᠶᠢᠭᠤᠯᠤᠯᠲᠠ ᠶᠢ ᠵᠦᠷᠢᠶᠡᠴᠢᠯᠡᠨ ᠠᠬᠢᠭᠤᠯᠤᠨ᠎ᠠ᠃ ᠳᠡᠭᠡᠷᠡᠬᠢ ᠲᠥᠷᠥᠯ ᠬᠤᠪᠢᠶᠠᠨ ᠨᠠᠶᠢᠷᠠᠭᠤᠯᠤᠨ ᠵᠣᠬᠢᠶᠠᠬᠤ ᠠᠷᠭ᠎ᠠ ᠪᠠᠷ᠂ 2015 ᠣᠨ ᠤ ᠡᠴᠦᠰ ᠪᠣᠯᠲᠠᠯ᠎ᠠ᠂ ᠪᠥᠬᠦ ᠰᠢᠶᠠᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ︽ᠪᠦᠬᠦᠨ ᠢ ᠬᠠᠮᠤᠷᠬᠤ︾ ᠶᠢ ᠦᠨᠳᠦᠰᠦᠨ ᠳᠡᠭᠡᠨ ᠪᠡᠶᠡᠯᠡᠭᠦᠯᠪᠡ᠃      ᠭᠡᠪᠡᠴᠦ ᠠᠶᠢᠯ ᠲᠣᠰᠬᠤᠨ ᠤ ᠲᠥᠯᠥᠪᠵᠢᠭᠦᠯᠭᠡ ᠨᠢ ᠠᠶᠢᠯ ᠲᠣᠰᠬᠤᠨ ᠢ ᠴᠡᠭᠴᠡᠯᠡᠨ ᠵᠠᠰᠠᠬᠤ ᠲᠥᠯᠥᠪᠵᠢᠭᠦᠯᠭᠡ ᠪᠠᠷ ᠭᠤᠤᠯᠳᠠᠯᠭ᠎ᠠ ᠪᠣᠯᠭᠠᠵᠤ᠂ ᠨᠠᠶᠢᠷᠠᠭᠤᠯᠤᠨ ᠵᠣᠬᠢᠶᠠᠭᠰᠠᠨ ᠠᠭᠤᠯᠭ᠎ᠠ ᠨᠢ ᠬᠡᠲᠦ ᠲᠥᠬᠦᠮ ᠪᠠᠶᠢᠵᠤ᠂ ︽ᠬᠥᠳᠡᠭᠡ ᠲᠣᠰᠬᠤᠨ ᠤ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢ ᠲᠥᠯᠥᠪᠵᠢᠭᠦᠯᠦᠨ ᠬᠠᠮᠢᠶᠠᠷᠬᠤ᠂ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ ᠬᠥᠲᠥᠯᠦᠨ ᠵᠢᠯᠣᠭᠤᠳᠬᠤ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠢ ᠴᠡᠭᠴᠡᠯᠡᠨ ᠵᠠᠰᠠᠬᠤ ᠲᠣᠬᠢᠷᠠᠭᠤᠯᠤᠯᠲᠠ ᠲᠠᠢ᠂ ᠦᠢᠯᠡᠳᠪᠦᠷᠢᠯᠡᠯ ᠠᠮᠢᠳᠤᠷᠠᠯ ᠤᠨ ᠣᠷᠣᠨ ᠵᠠᠶ ᠶᠢ ᠵᠦᠶ ᠵᠣᠬᠢᠰᠲᠠᠶ ᠰᠠᠯᠭᠠᠬᠤ᠂ ᠠᠶᠢᠯ ᠲᠣᠰᠬᠤᠨ ᠤ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ︾ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢᠨ ᠶᠡᠷᠦᠩᠬᠡᠶ ᠱᠠᠭᠠᠷᠳᠠᠯᠭ᠎ᠠ ᠲᠠᠢ ᠮᠠᠰᠢ ᠶᠡᠭᠡ ᠵᠥᠷᠢᠶ᠎ᠡ ᠲᠠᠢ ᠪᠠᠶᠢᠨ᠎ᠠ᠃      2. ᠰᠢᠶᠠᠨ ᠤ ᠬᠡᠪᠴᠢᠶᠡᠨ ᠤ ᠠᠶᠢᠯ ᠲᠣᠰᠬᠤᠨ ᠤ ᠲᠥᠷᠥᠯ ᠬᠡᠯᠪᠡᠷᠢ ᠶᠢ ᠵᠦᠶ ᠵᠣᠬᠢᠰᠲᠠᠶ ᠬᠤᠪᠢᠶᠠᠷᠢᠯᠠᠨ᠎ᠠ᠃ ᠲᠤᠰ ᠤᠳᠠᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ︽A+B+C︾ ᠲᠣᠰᠬᠤᠨ ᠤ ᠠᠩᠭᠢᠯᠠᠯ ᠤᠨ ᠰᠠᠭᠤᠷᠢ ᠲᠠᠢ ᠤᠶᠠᠯᠳᠤᠭᠤᠯᠤᠨ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠲᠣᠰᠬᠤᠨ ᠳᠠᠷᠠᠭᠠᠯᠠᠨ ᠠᠶᠢᠯ ᠲᠣᠰᠬᠤᠨ ᠤ ᠬᠥᠮᠦᠨ ᠠᠮᠠ ᠶᠢᠨ ᠬᠤᠪᠢᠷᠠᠯᠲᠠ᠂ ᠣᠷᠣᠨ ᠪᠠᠶᠢᠷᠢ ᠶᠢᠨ ᠨᠥᠬᠦᠴᠡᠯ ᠪᠣᠯᠤᠨ ᠬᠥᠭᠵᠢᠯᠲᠡ ᠶᠢᠨ ᠬᠠᠨᠳᠤᠰᠢ ︵ᠪᠣᠳᠠᠲᠠᠶ ᠪᠠᠷ ᠬᠡᠯᠡᠪᠡᠯ ᠣᠷᠣᠨ ᠪᠠᠶᠢᠷᠢ ᠶᠢᠨ ᠨᠥᠬᠦᠴᠡᠯ᠂ ᠬᠥᠭᠵᠢᠯᠲᠡ ᠶᠢᠨ ᠣᠳᠣᠬᠢ ᠪᠠᠶᠢᠳᠠᠯ᠂ ᠬᠡᠪᠴᠢᠶ᠎ᠡ ᠶᠢᠨ ᠶᠡᠭᠡ ᠪᠠᠭ᠎ᠠ᠂ ᠬᠥᠮᠦᠨ ᠠᠮᠠ ᠶᠢᠨ ᠬᠤᠪᠢᠷᠠᠯᠲᠠ᠂ ᠣᠷᠣᠯᠭ᠎ᠠ ᠶᠢᠨ ᠪᠠᠶᠢᠳᠠᠯ᠂ ᠬᠥᠭᠵᠢᠯᠲᠡ ᠶᠢᠨ ᠬᠠᠨᠳᠤᠰᠢ᠂ ᠡᠬᠢ ᠪᠠᠶᠠᠯᠢᠭ ᠤᠨ ᠲᠥᠷᠥᠯᠬᠢ ᠠᠪᠢᠶᠠᠰ᠂ ᠠᠵᠤ ᠦᠢᠯᠡᠰ ᠤᠨ ᠣᠨᠴᠠᠯᠢᠭ᠂ ᠲᠣᠰᠬᠤᠨ ᠤ ᠳᠦᠷᠰᠦ ᠪᠠᠶᠢᠳᠠᠯ ᠤᠨ ᠣᠨᠴᠠᠯᠢᠭ᠂ ᠲᠡᠦᠬᠡ ᠰᠣᠶᠣᠯ ᠤᠨ ᠪᠠᠶᠢᠳᠠᠯ᠂ ᠵᠠᠮ ᠬᠠᠷᠢᠯᠴᠠᠭᠠᠨ ᠤ ᠪᠠᠶᠢᠳᠠᠯ᠂ ᠣᠯᠠᠨ ᠨᠡᠶᠢᠲᠡ ᠶᠢᠨ ᠲᠥᠬᠦᠭᠡᠷᠦᠮᠵᠢ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠵᠡᠷᠭᠡ ᠶᠢ ᠪᠠᠭᠲᠠᠭᠠᠨ᠎ᠠ︶ ᠶᠢ ᠰᠤᠳᠤᠯᠵᠤ᠂ ᠦᠶᠤᠸᠠᠨ ᠰᠢᠶᠠᠨ ᠤ ᠣᠷᠣᠨ ᠪᠦᠰᠡ ᠶᠢᠨ ᠠᠶᠢᠯ ᠲᠣᠰᠬᠤᠨ ᠢ ᠲᠥᠷᠥᠯ ᠬᠤᠪᠢᠶᠠᠬᠤ ᠶᠢ ᠲᠣᠳᠣᠷᠬᠠᠶᠢᠯᠠᠵᠤ᠂ ᠪᠣᠳᠠᠲᠠᠶ ᠪᠠᠨ ᠦᠨᠳᠦᠰᠦᠯᠡᠨ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠂ ᠬᠤᠲᠠ ᠶᠢᠨ ᠲᠡᠭᠦᠷᠭᠡ ᠶᠢᠨ ᠠᠭᠤᠰᠤᠯᠴᠠᠯ ᠤᠨ ᠲᠥᠷᠥᠯ᠂ ᠤᠨᠴᠠᠯᠢᠭᠳᠤ ᠬᠠᠮᠠᠭᠠᠯᠠᠯᠲᠠ ᠶᠢᠨ ᠲᠥᠷᠥᠯ᠂ ᠨᠡᠭᠦᠯᠭᠡᠨ ᠬᠠᠰᠤᠵᠤ ᠨᠡᠶᠢᠯᠡᠭᠦᠯᠬᠦ ᠲᠥᠷᠥᠯ ᠵᠡᠷᠭᠡ ᠳᠥᠷᠪᠡᠨ ᠲᠥᠷᠥᠯ ᠤᠨ ᠠᠶᠢᠯ ᠲᠣᠰᠬᠤᠨ ᠤ ᠲᠥᠷᠥᠯ ᠬᠡᠯᠪᠡᠷᠢ ᠶᠢ ᠲᠣᠭᠲᠠᠭᠠᠨ᠎ᠠ᠃ ᠣᠲᠣ ᠶᠢᠨ ᠪᠠᠶᠢᠭ᠎ᠠ ᠬᠡᠪᠴᠢᠶ᠎ᠡ ᠪᠠᠷ ᠨᠡᠯᠢᠶᠡᠳ ᠶᠡᠭᠡ ᠲᠥᠪ ᠲᠣᠰᠬᠤᠨ ᠢ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ ᠤᠨ ᠲᠣᠰᠬᠤᠨ ᠢᠶᠠᠷ ᠲᠣᠭᠲᠠᠭᠠᠨ᠎ᠠ᠃ ᠬᠤᠳᠠ ᠶᠢᠨ ᠤᠢᠢᠷ᠎ᠠ ᠳᠡᠬᠦᠷᠭᠡ ᠵᠢᠴᠢ ᠯᠦᠩ ᠰᠢᠩ ᠴᠠᠩ ᠪᠠᠯᠭᠠᠰᠤ ᠶᠢᠨ ᠪᠠᠶᠢᠭ᠎ᠠ ᠭᠠᠵᠠᠷ ᠤᠨ ᠲᠣᠰᠬᠤᠨ ᠢ ᠬᠤᠳᠠ ᠶᠢᠨ ᠳᠡᠬᠦᠷᠬᠡ ᠶᠢᠨ ᠠᠭᠤᠰᠤᠯᠴᠠᠭᠰᠠᠨ ᠲᠦᠷᠦᠯ ᠤᠨ ᠲᠣᠰᠬᠤᠨ ᠢᠶᠠᠷ ᠲᠣᠭᠲᠠᠭᠠᠪᠠ᠃ ᠲᠡᠤᠬᠡ ᠰᠣᠶᠣᠯ ᠤᠨ ᠨᠠᠷᠠᠲᠤ ᠲᠣᠰᠬᠤᠨ᠂ ᠤᠯᠠᠮᠵᠢᠯᠠᠯᠲᠤ ᠠᠶᠢᠯ ᠲᠣᠰᠬᠤᠨ᠂ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠠᠶᠢᠯ ᠲᠣᠰᠬᠤᠨ᠂ ᠤᠨᠴᠠᠯᠢᠬᠳᠤ ᠦᠵᠡᠮᠵᠢ ᠶᠢᠨ ᠵᠢᠭᠤᠯᠴᠢᠯᠠᠯ ᠤᠨ ᠨᠠᠷᠠᠲᠤ ᠲᠣᠰᠬᠤᠨ ᠵᠡᠷᠭᠡ ᠤᠨᠴᠠᠯᠢᠬᠳᠤ ᠡᠬᠢ ᠪᠠᠶᠠᠯᠢᠭ ᠢᠶᠠᠷ ᠡᠯᠪᠡᠭ ᠳᠡᠯᠪᠡᠭ ᠠᠶᠢᠯ ᠲᠣᠰᠬᠤᠨ ᠢ ᠤᠨᠴᠠᠯᠢᠬᠳᠤ ᠬᠠᠮᠠᠭᠠᠯᠠᠯᠲᠠ ᠶᠢᠨ ᠲᠥᠷᠥᠯ ᠤᠨ ᠠᠶᠢᠯ ᠲᠣᠰᠬᠤᠨ ᠢᠶᠠᠷ ᠲᠣᠭᠲᠠᠭᠠᠨ᠎ᠠ︔ ᠣᠷᠣᠰᠢᠨ ᠠᠮᠢᠳᠤᠷᠠᠬᠤ ᠨᠥᠬᠦᠴᠡᠯ ᠢᠶᠠᠷ ᠮᠠᠭᠤ᠂ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ᠂ ᠪᠠᠶᠢᠭᠠᠯᠢ ᠶᠢᠨ ᠭᠠᠮᠰᠢᠭ ᠣᠯᠠᠨ ᠡᠭᠦᠰᠳᠡᠭ ᠵᠡᠷᠭᠡ ᠭᠠᠵᠠᠷ ᠣᠷᠣᠨ ᠤ ᠠᠶᠢᠯ ᠲᠣᠰᠬᠤᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠠᠴᠠ ᠪᠣᠯᠵᠣ ᠨᠡᠭᠦᠯᠭᠡᠬᠦ ᠴᠢᠬᠤᠯᠠᠲᠠᠶ ᠠᠶᠢᠯ ᠲᠣᠰᠬᠤᠨ ᠵᠢᠴᠢ ᠬᠥᠮᠦᠨ ᠠᠮᠠ ᠶᠢᠨ ᠠᠯᠳᠠᠭᠳᠠᠯ ᠣᠨᠴᠠᠭᠠᠶ ᠬᠦᠨᠳᠦ ᠨᠣᠴᠢᠲᠠᠶ ᠠᠶᠢᠯ ᠲᠣᠰᠬᠤᠨ ᠢ ᠨᠡᠭᠦᠯᠭᠡᠵᠦ ᠬᠠᠰᠤᠵᠤ ᠨᠡᠶᠢᠯᠡᠭᠦᠯᠬᠦ ᠲᠥᠷᠥᠯ ᠤᠨ ᠠᠶᠢᠯ ᠲᠣᠰᠬᠤᠨ ᠢᠶᠠᠷ ᠲᠣᠭᠲᠠᠭᠠᠨ᠎ᠠ᠃ ᠦᠵᠡᠵᠦ ᠭᠠᠷᠬᠤ ᠦᠭᠡᠢ ᠭᠠᠴᠠᠭ᠎ᠠ ᠲᠣᠰᠬᠤᠨ ᠢ ᠲᠦᠷ ᠲᠦᠷᠦᠯ ᠬᠤᠪᠢᠶᠠᠬᠤ ᠦᠭᠡᠢ᠂ ᠠᠵᠢᠭᠯᠠᠬᠤ ᠪᠠ ᠨᠤᠲᠠᠯᠠᠬᠤ ᠴᠠᠭ ᠢ ᠭᠦᠢᠴᠡᠳ ᠦᠯᠡᠳᠡᠭᠡᠵᠦ ᠥᠭᠬᠦ ᠬᠡᠷᠡᠭᠲᠡᠶ᠃ ᠰᠢᠶᠠᠨ ᠤ ᠬᠡᠪᠴᠢᠶᠡᠨ ᠤ ᠠᠵᠤ ᠦᠶ᠋ᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ ᠂ ᠬᠥᠮᠦᠨ ᠠᠮᠠ ᠶᠢ ᠬᠥᠲᠥᠯᠦᠨ ᠵᠢᠯᠣᠭᠤᠳᠴᠤ ᠪᠠᠶᠢᠭᠠᠳ ᠰᠤᠮᠤ ᠪᠠᠯᠭᠠᠰᠤ ᠶᠢᠨ ᠪᠠᠶᠢᠭ᠎ᠠ ᠭᠠᠵᠠᠷ᠂ ᠠᠵᠤ ᠦᠶ᠋ᠯᠡᠰ ᠤᠨ ᠬᠥᠭᠵᠢᠯᠲᠡ ᠶᠢᠨ ᠲᠥᠪᠯᠡᠷᠡᠭᠰᠡᠨ ᠣᠷᠣᠨ ᠳᠠᠰᠢ ᠲᠥᠪᠯᠡᠷᠡᠭᠦᠯᠵᠦ᠂ ᠣᠯᠠᠨ ᠨᠡᠶᠢᠲᠡ ᠶᠢᠨ ᠪᠡᠯᠡᠳᠬᠡᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠂ ᠣᠨᠴᠠᠯᠢᠠᠠᠳᠣ ᠬᠠᠮᠠᠭᠠᠯᠠᠯᠲᠠ ᠶᠢᠨ ᠲᠥᠷᠥᠯ᠂ ᠬᠤᠲᠠ ᠶᠢᠨ ᠲᠡᠭᠦᠷᠭᠡ ᠶᠢᠨ ᠠᠭᠤᠰᠤᠯᠴᠠᠭᠰᠠᠨ ᠲᠥᠷᠥᠯ ᠤᠨ ᠠᠶᠢᠯ ᠲᠣᠰᠬᠤᠨ ᠳᠠᠰᠢ ᠤᠷᠢᠳᠠᠪᠠᠷ ᠢᠵᠢ ᠪᠥᠷᠢᠳᠦᠭᠦᠯᠦᠨ᠎ᠡ᠃      3. ᠡᠬᠡ ᠵᠢᠷᠤᠭ ᠢ ᠨᠢᠭᠡᠳᠬᠡᠵᠦ᠂ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠠᠶᠢᠯ ᠲᠣᠰᠬᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠭᠤᠷᠪᠠ ᠶᠢ ᠳᠣᠭᠢᠷᠠᠭᠤᠯᠤᠭᠰᠠᠨ ᠲᠤᠭ᠎ᠠ ᠪᠠᠷᠢᠮᠲᠠ ᠶᠢᠨ ᠶᠣᠰᠣᠭᠠᠷ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠰᠠᠭᠤᠷᠢ ᠵᠢᠷᠤᠭ ᠤᠨ ᠲᠤᠭ᠎ᠠ ᠪᠠᠷᠢᠮᠲᠠ ᠶᠢ ᠨᠢᠭᠡᠳᠦᠯᠲᠡᠶ ᠪᠣᠯᠭᠠᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠠᠶᠢᠯ ᠲᠣᠰᠬᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠬᠡᠷᠡᠭᠲᠡᠶ᠃ ᠬᠤᠲᠠ ᠶᠢᠨ ᠲᠡᠭᠦᠷᠭᠡ ᠶᠢᠨ ᠠᠭᠤᠰᠤᠯᠴᠠᠭᠰᠠᠨ ᠲᠥᠷᠥᠯ ᠤᠨ ᠠᠶᠢᠯ ᠲᠣᠰᠬᠤᠨ ᠢ ᠪᠠᠯᠭᠠᠰᠤᠨ ᠤ ᠲᠣᠭᠤᠷᠢᠭ ᠤᠨ ᠨᠢᠭᠡᠳᠦᠯᠲᠡᠶ ᠲᠥᠯᠥᠪᠵᠢᠭᠦᠯᠭᠡ ᠳᠤ ᠣᠷᠣᠭᠤᠯᠵᠤ᠂ ᠠᠶᠢᠯ ᠲᠣᠰᠬᠤᠨ ᠤ ᠲᠥᠯᠥᠪᠵᠢᠭᠦᠯᠭᠡ ᠶᠢ ᠳᠠᠭᠢᠵᠤ ᠲᠤᠰᠠᠭᠠᠷ ᠨᠠᠶᠢᠷᠠᠭᠤᠯᠤᠨ ᠵᠣᠬᠢᠶᠠᠬᠤ ᠥᠬᠡᠶ᠃ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ ᠳᠤ ᠬᠠᠷᠢᠶᠠᠯᠠᠭᠳᠠᠬᠤ ᠠᠶᠢᠯ ᠲᠣᠰᠬᠤᠨ ᠳᠤ ᠤᠷᠢᠳᠠᠪᠠᠷ ᠲᠥᠯᠥᠪᠵᠢᠭᠦᠯᠭᠡ ᠨᠠᠶᠢᠷᠠᠭᠤᠯᠤᠨ ᠵᠣᠬᠢᠶᠠᠨ᠎ᠠ︔ ᠤᠨᠴᠠᠯᠢᠭᠳᠤ ᠬᠠᠮᠠᠭᠠᠯᠠᠯᠲᠠ ᠶᠢᠨ ᠲᠥᠷᠥᠯ ᠳᠤ ᠬᠠᠷᠢᠶᠠᠯᠠᠭᠳᠠᠬᠤ ᠠᠶᠢᠯ ᠲᠣᠰᠬᠤᠨ ᠳᠤ ᠭᠤᠤᠯᠳᠠᠯᠭ᠎ᠠ ᠲᠠᠢ ᠨᠠᠶᠢᠷᠠᠭᠤᠯᠤᠨ ᠵᠣᠬᠢᠶᠠᠬᠤ ᠲᠥᠯᠥᠪᠵᠢᠭᠦᠯᠭᠡ ᠪᠠᠶᠢᠬᠤ ᠬᠡᠷᠡᠭᠲᠡᠶ᠃ ᠨᠡᠭᠦᠯᠭᠡᠨ ᠬᠠᠰᠤᠵᠤ ᠨᠡᠶᠢᠯᠡᠭᠦᠯᠬᠦ ᠲᠥᠷᠥᠯ ᠤᠨ ᠠᠶᠢᠯ ᠲᠣᠰᠬᠤᠨ ᠳᠤ ᠬᠠᠷᠢᠶᠠᠯᠠᠭᠳᠠᠪᠠᠯ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠥᠬᠡᠶ᠂ ᠪᠠᠯᠭᠠᠰᠤᠨ ᠤ ᠬᠡᠪᠴᠢᠶᠡᠨ ᠤ ᠲᠥᠯᠥᠪᠵᠢᠭᠦᠯᠭᠡ ᠳᠤ ᠬᠠᠮᠢᠶ᠎ᠠ ᠪᠥᠬᠦᠶ ᠱᠠᠭᠠᠷᠳᠠᠯᠭ᠎ᠠ ᠶᠢ ᠲᠣᠳᠣᠷᠬᠠᠶᠢᠯᠠᠵᠤ᠂ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠲᠠᠢ ᠤᠶᠠᠯᠳᠤᠭᠤᠯᠤᠨ ᠠᠯᠬᠤᠮ ᠠᠯᠬᠤᠮ ᠢᠶᠠᠷ ᠬᠥᠲᠥᠯᠦᠨ ᠵᠢᠯᠣᠭᠤᠳᠴᠤ ᠪᠠᠶᠢᠭᠠᠳ ᠬᠠᠰᠤᠵᠤ ᠨᠡᠶᠢᠯᠡᠭᠦᠯᠬᠦ ᠬᠡᠷᠡᠭᠲᠡᠶ᠃ ᠤᠤᠯ ᠤᠨ ᠠᠶᠢᠯ ᠲᠣᠰᠬᠤᠨ ᠤ ᠲᠥᠯᠥᠪᠵᠢᠭᠦᠯᠭᠡ᠂ ᠲᠣᠰᠬᠤᠨ ᠤ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ ᠵᠡᠷᠭᠡ ᠲᠥᠯᠥᠪᠵᠢᠭᠦᠯᠭᠡ ᠶᠢ ᠨᠢᠭᠡᠨᠲᠡ ᠨᠠᠶᠢᠷᠠᠭᠤᠯᠤᠨ ᠵᠣᠬᠢᠶᠠᠭᠰᠠᠨ ᠪᠠᠶᠢᠪᠠᠯ᠂ ᠦᠨᠡᠯᠡᠨ ᠵᠢᠱᠢᠬᠦ ᠪᠠᠷ ᠳᠠᠮᠵᠢᠭᠠᠳ ︽ᠤᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠳᠠᠬᠢᠵᠤ ᠠᠰ ᠲᠤᠨᠢ ᠨᠠᠶᠢᠷᠠᠭᠤᠯᠤᠨ ᠵᠣᠬᠢᠶᠠᠬᠤ ᠦᠭᠡᠢ᠂ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ ᠨᠥᠬᠦᠪᠥᠷᠢᠯᠡᠨ ᠲᠡᠭᠦᠯᠳᠡᠷᠵᠢᠭᠦᠯᠬᠦ ᠬᠡᠷᠡᠭᠲᠡᠶ᠃      ᠳᠥᠷᠪᠡ᠂ ᠠᠬᠢᠴᠠ ᠶᠢᠨ ᠲᠣᠬᠢᠷᠠᠭᠤᠯᠤᠯᠲᠠ      ︵ᠨᠢᠭᠡ︶ 2019 ᠣᠨ ᠤ 5 ᠰᠠᠷ᠎ᠠ ᠶᠢᠨ 1 ᠤ ᠡᠳᠦᠷ᠂ ᠠᠶᠢᠯ ᠲᠣᠰᠬᠤᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃      ︵ᠬᠤᠶᠠᠷ︶ 2019 ᠣᠨ ᠤ 7 ᠰᠠᠷ᠎ᠠ ᠶᠢᠨ 1 ᠤ ᠡᠳᠦᠷ᠂ ᠠᠶᠢᠯ ᠲᠣᠰᠬᠤᠨ ᠤ ᠲᠥᠷᠥᠯ ᠬᠤᠪᠢᠶᠠᠬᠤ ᠠᠵᠢᠯ ᠢ ᠥᠷᠨᠢᠭᠦᠯᠬᠦ ᠶᠢᠨ ᠬᠠᠮᠲᠤ ᠠᠩᠬ᠎ᠠ ᠠᠯᠬᠤᠮ ᠤᠨ ᠦᠷ᠎ᠡ ᠪᠦᠲᠦᠭᠡᠯ ᠢ ᠪᠣᠶ ᠪᠣᠯᠭᠠᠨ᠎ᠠ᠃      ︵ᠭᠤᠷᠪᠠ︶ 2019 ᠣᠨ ᠤ 1 ᠰᠠᠷ᠎ᠠ ᠶᠢᠨ ᠰᠡᠭᠦᠯᠴᠢ ᠪᠠᠷ᠂ ᠦᠶᠤᠸᠠᠨ ᠰᠢᠶᠠᠨ ᠤ ᠠᠶᠢᠯ ᠲᠣᠰᠬᠤᠨ ᠢ ᠲᠥᠷᠥᠯ ᠬᠤᠪᠢᠶᠠᠬᠤ ᠠᠵᠢᠯ ᠢ ᠪᠡᠶᠡᠯᠡᠭᠦᠯᠵᠦ᠂ ᠡᠴᠦᠰ ᠤᠨ ᠦᠷ᠎ᠡ ᠪᠦᠲᠦᠭᠡᠯ ᠢ ᠪᠣᠶ ᠪᠣᠯᠭᠠᠨ᠎ᠠ᠃      ︵ᠳᠥᠷᠪᠡ︶ 2020 ᠣᠨ ᠤ ᠰᠡᠭᠦᠯᠴᠢ ᠪᠠᠷ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠲᠥᠯᠥᠪᠵᠢᠭᠦᠯᠭᠡ ᠶᠢᠨ ᠬᠠᠶᠢᠨ ᠬᠡᠮᠵᠢᠬᠦ ᠬᠦᠷᠢᠶᠡᠯᠡᠩ ᠳᠤ ᠲᠦᠰᠢᠭᠯᠡᠨ ᠠᠶᠢᠯ ᠲᠣᠰᠬᠤᠨ ᠤ ᠲᠥᠯᠥᠪᠵᠢᠭᠦᠯᠭᠡ ᠶᠢᠨ ᠲᠤᠷᠰᠢᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ ᠪᠥᠬᠦ ᠰᠢᠶᠠᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ᠃      ︵ᠲᠠᠪᠤ︶ 2021 ᠣᠨ ᠳᠤ᠂ ᠠᠳᠠᠯᠢ ᠪᠤᠰᠤ ᠠᠶᠢᠯ ᠲᠣᠰᠬᠤᠨ ᠤ ᠲᠥᠷᠥᠯ ᠬᠡᠯᠪᠡᠷᠢ ᠶᠢ ᠦᠨᠳᠦᠰᠦᠯᠡᠨ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠯᠬᠤᠮ ᠠᠯᠬᠤᠮ ᠢᠶᠠᠷ ᠥᠷᠨᠢᠭᠦᠯᠵᠦ᠂ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠨᠠᠶᠢᠷᠠᠭᠤᠯᠤᠨ ᠵᠣᠬᠢᠶᠠᠬᠤ ᠶᠣᠰᠣᠲᠠᠶ ᠶᠢ ᠨᠢ ᠪᠦᠬᠦᠨ ᠢ ᠨᠠᠶᠢᠷᠠᠭᠤᠯᠤᠨ ᠵᠣᠬᠢᠶᠠᠬᠤ ᠬᠡᠷᠡᠭᠲᠡᠶ᠃ ᠲᠥᠯᠥᠪᠯᠡᠭᠡ ᠶᠢ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠡᠶᠡᠯᠡᠭᠦᠯᠦᠨ᠎ᠡ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠣᠷᠣᠨ ᠪᠦᠰᠡ ᠶᠢᠨ ᠳᠣᠲᠣᠷᠠᠬᠢ ᠠᠶᠢᠯ ᠲᠣᠰᠬᠤᠨ ᠢ ᠲᠥᠷᠥᠯ ᠬᠤᠪᠢᠶᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠪᠥᠬᠦ ᠶᠠᠪᠤᠴᠠ ᠳᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠷᠢᠶᠠᠯᠠᠩ ᠤᠨ ᠰᠢᠨᠵᠢᠯᠡᠬᠦ ᠤᠬᠠᠭᠠᠨ᠂ ᠬᠥᠭᠵᠢᠭᠦᠯᠦᠯᠲᠡ ᠥᠭᠡᠷᠡᠴᠢᠯᠡᠯᠲᠡ᠂ ᠤᠰᠤᠨ ᠠᠰᠢᠭᠯᠠᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠯᠦᠭᠡ ᠠᠶᠢᠯ ᠲᠣᠰᠬᠤᠨ ᠤ ᠲᠥᠯᠥᠪᠵᠢᠭᠦᠯᠭᠡ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ ᠂ ᠲᠣᠭᠲᠠᠭᠰᠠᠨ ᠬᠤᠭᠤᠴᠠᠭ᠎ᠠ ᠲᠠᠢ ᠪᠠᠷ ᠬᠤᠯᠪᠣᠭᠳᠠᠯ ᠪᠥᠬᠦᠶ ᠠᠵᠢᠯ ᠢ ᠨᠡᠪᠲᠡᠷᠡᠯᠴᠡᠨ ᠵᠣᠬᠢᠴᠠᠭᠤᠯᠵᠤ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃      ︵ᠬᠤᠶᠠᠷ︶ ᠮᠡᠷᠭᠡᠵᠢᠯ ᠤᠨ ᠪᠠᠲᠤᠯᠠᠭ᠎ᠠ᠃ ᠠᠳᠠᠯᠢ ᠪᠤᠰᠤ ᠲᠦᠷᠦᠯ ᠬᠡᠯᠪᠡᠷᠢ ᠶᠢᠨ ᠠᠶᠢᠯ ᠲᠣᠰᠬᠤᠨ ᠳᠤ᠂ ︽A+B+C︾ ᠤᠨ ᠲᠦᠷᠦᠯ ᠬᠤᠪᠢᠶᠠᠬᠤ ᠪᠠᠷᠢᠮᠵᠢᠶ᠎ᠠ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠰᠢᠨ᠎ᠡ ᠱᠠᠭᠠᠷᠳᠠᠯᠭ᠎ᠠ ᠶᠣᠰᠣᠭᠠᠷ᠂ ᠡᠯ᠎ᠡ ᠠᠶᠢᠯ ᠲᠣᠰᠬᠤᠨ ᠤ ᠪᠣᠳᠠᠲᠠᠢ ᠪᠠᠶᠢᠳᠠᠯ ᠢ ᠭᠦᠨᠵᠡᠭᠡᠢ ᠣᠶᠢᠯᠠᠭᠠᠵᠤ᠂ ᠰᠢᠨ᠎ᠡ ᠠᠶᠢᠯ ᠲᠣᠰᠬᠤᠨ ᠢ ᠲᠦᠷᠦᠯ ᠬᠤᠪᠢᠶᠠᠬᠤ ᠵᠠᠷᠴᠢᠮ ᠢ ᠲᠣᠭᠲᠠᠭᠠᠨ᠎ᠠ᠃ ᠲᠥᠯᠥᠪᠵᠢᠭᠦᠯᠦᠭᠴᠢ᠂ ᠠᠶᠢᠯ ᠲᠣᠰᠬᠤᠨ ᠤ ᠴᠢᠳᠠᠪᠤᠷᠢᠲᠠᠶ ᠬᠥᠮᠦᠰ ᠤᠨ ᠢᠯᠡᠭᠦᠬᠡᠨ ᠣᠷᠣᠯᠴᠠᠬᠤ᠂ ᠠᠷᠭ᠎ᠠ ᠤᠬᠠᠭᠠᠨ ᠭᠠᠷᠭᠠᠬᠤ᠂ ᠠᠷᠭ᠎ᠠ ᠤᠬᠠᠭᠠᠨ ᠭᠠᠷᠭᠠᠬᠤ᠂ ᠲᠥᠰᠦᠯ ᠭᠠᠷᠭᠠᠬᠤ ᠶᠢ ᠵᠣᠷᠢᠭᠵᠢᠭᠤᠯᠬᠤ ᠬᠡᠷᠡᠭᠲᠡᠶ᠃ ᠠᠶᠢᠯ ᠲᠣᠰᠬᠤᠨ ᠤ ᠲᠦᠷᠦᠯ ᠵᠦᠢᠯ ᠢ ᠰᠢᠨᠵᠢᠯᠡᠬᠦ ᠤᠬᠠᠭᠠᠨᠴᠢ᠂ ᠲᠣᠬᠢᠷᠠᠮᠵᠢᠲᠠᠶ ᠪᠠᠶᠢᠯᠭᠠᠬᠤ ᠬᠡᠷᠡᠭᠲᠡᠶ᠃
ᠢᠷᠡᠯᠲᠡ᠄ ᠲᠣᠰ ᠰᠦᠯᠵᠢᠶ᠎ᠡ