ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠳᠠᠰᠬᠠᠯ | ᠳᠠᠭᠠᠭᠠᠯᠭᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠮᠡᠳᠡᠭᠳᠡᠯ︾ ᠢ ᠲᠦᠷᠦᠬᠦᠬᠡᠨ ᠳᠠᠷᠤᠮᠠᠯᠯᠠᠨ ᠲᠠᠷᠬᠠᠭᠠᠵᠤ᠂ 9 ᠵᠦᠢᠯ ᠤᠨ ᠠᠷᠭ᠎ᠠ ᠬᠡᠮᠵᠢᠶ᠎ᠡ ᠶᠢ | ᠵᠢᠭᠰᠠᠭᠠᠨ ᠭᠠᠷᠭᠠᠵᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠳᠠᠰᠬᠠᠯ ᠳᠠᠭᠠᠭᠠᠯᠭᠠᠪᠤᠷᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠵᠢᠷᠤᠮᠵᠢᠭᠤᠯᠬᠤ ᠪᠠᠷ ᠪᠤᠢ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ | ᠬᠢᠴᠢᠶᠡᠯ ᠤᠨ ᠪᠠᠷᠢᠮᠵᠢᠶ᠎ᠠ ᠠᠴᠠ ᠬᠡᠲᠦᠷᠡᠭᠰᠡᠨ᠂ ᠠᠬᠢᠴᠠ ᠠᠴᠠ ᠳᠠᠪᠠᠭᠰᠠᠨ ᠳᠠᠰᠬᠠᠯ ᠳᠠᠭᠠᠭᠠᠯᠭᠠᠪᠤᠷᠢ ᠪᠠᠶᠢᠷᠢᠯᠠᠭᠤᠯᠬᠤ ᠶᠢ ᠴᠢᠩᠭ᠎ᠠ ᠴᠠᠭᠠᠵᠠᠯᠠᠵᠤ᠂ ᠳᠠᠰᠬᠠᠯ | ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ ᠪᠣᠯᠤᠨ ᠬᠢᠬᠦ ᠴᠠᠭ ᠢ ᠴᠢᠩᠭ᠎ᠠ ᠬᠢᠵᠠᠭᠠᠷᠯᠠᠬᠤ ᠬᠡᠷᠡᠭᠲᠡᠶ ᠬᠡᠵᠦ ᠱᠠᠭᠠᠷᠳᠠᠵᠠᠢ᠃ ᠡᠨᠡ ᠬᠦ ᠱᠠᠭᠠᠷᠳᠠᠯᠭ᠎ᠠ ᠪᠠᠷ᠂ ᠪᠠᠭ᠎ᠠ | ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠬᠡᠷ ᠤᠨ ᠳᠠᠰᠬᠠᠯ ᠦᠯᠡᠳᠡᠭᠡᠬᠦ ᠥᠬᠡᠢ᠂ ᠪᠤᠰᠤᠳ ᠣᠨ ᠤ ᠡᠳᠦᠷ ᠪᠦᠷᠢ ᠶᠢᠨ ᠪᠢᠴᠢᠬᠦ ᠳᠠᠰᠬᠠᠯ ᠢ | ᠪᠡᠶᠡᠯᠡᠭᠦᠯᠬᠦ ᠪᠥᠬᠦ ᠴᠠᠭ ᠨᠢ ᠬᠠᠮᠤᠭ ᠤᠨ ᠤᠷᠳᠤ ᠳᠠᠭᠠᠨ 1 ᠴᠠᠭ ᠠᠴᠠ ᠬᠡᠲᠦᠷᠡᠵᠦ ᠪᠣᠯᠬᠤ ᠥᠬᠡᠶ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠡᠳᠦᠷ ᠪᠦᠷᠢ ᠶᠢᠨ ᠳᠠᠰᠬᠠᠯ ᠳᠠᠭᠠᠭᠠᠯᠭᠠᠪᠤᠷᠢ ᠬᠢᠬᠦ ᠴᠠᠭ ᠢ 2 ᠴᠠᠭ ᠤᠨ ᠳᠣᠲᠣᠷ᠎ᠠ ᠬᠢᠵᠠᠭᠠᠷᠯᠠᠨ᠎ᠠ᠃ ᠪᠠᠭᠰᠢ ᠨᠠᠷ ᠤᠷᠢᠳᠴᠢᠯᠠᠨ ᠳᠠᠪᠲᠠᠬᠤ | ᠵᠡᠷᠭᠡ ᠳᠠᠰᠬᠠᠯ ᠲᠠᠭᠠᠭᠠᠯᠭᠠᠪᠤᠷᠢ ᠶᠢᠨ ᠲᠥᠷᠥᠯ ᠬᠡᠯᠪᠡᠷᠢ ᠬᠡᠪᠴᠢᠶ᠎ᠠ ᠶᠢ ᠵᠣᠬᠢᠰᠲᠠᠶ ᠲᠣᠬᠢᠷᠠᠭᠤᠯᠵᠤ᠂ ᠰᠤᠩᠭᠤᠯᠳᠠ ᠦᠬᠡᠢ ᠪᠠᠷ ᠳᠡᠪᠳᠡᠷ ᠳᠡᠪᠳᠡᠷ ᠢᠶᠠᠷ ᠳᠠᠰᠬᠠᠯ | ᠦᠯᠡᠳᠡᠬᠡᠬᠦ ᠪᠠ ᠠᠬᠢᠨ ᠳᠠᠬᠢᠨ ᠬᠠᠭᠤᠯᠤᠨ ᠪᠢᠴᠢᠬᠦ ᠳᠠᠰᠬᠠᠯ ᠳᠠᠭᠠᠭᠠᠯᠭᠠᠪᠤᠷᠢ ᠦᠯᠡᠳᠡᠬᠡᠬᠦ ᠶᠢ ᠳᠠᠰᠤ ᠵᠤᠭᠰᠤᠭᠠᠬᠤ ᠬᠡᠷᠡᠭᠳᠡᠢ᠃ ᠶᠡᠷᠦᠩᠬᠡᠶᠢᠯᠡᠭᠰᠡᠨ | ᠦᠢᠯᠡᠳᠦᠯᠭᠡ ᠶᠢᠨ ᠲᠥᠷᠥᠯ ᠤᠨ ᠳᠠᠰᠬᠠᠯ ᠢ ᠵᠣᠬᠢᠰᠲᠠᠶ ᠪᠠᠶᠢᠷᠢᠯᠠᠭᠤᠯᠵᠤ᠂ ᠳᠠᠰᠬᠠᠯ ᠳᠠᠭᠠᠭᠠᠯᠭᠠᠪᠤᠷᠢ ᠨᠢ ᠰᠤᠷᠤᠭᠴᠢᠳ ᠤᠨ ᠨᠠᠰᠤᠨ ᠤ ᠣᠨᠴᠠᠯᠢᠭ ᠲᠤ ᠨᠡᠶᠢᠴᠡᠵᠦ᠂ | ᠰᠤᠷᠤᠭᠴᠢᠳ ᠤᠨ ᠪᠡᠶ᠎ᠡ ᠪᠠᠨ ᠳᠠᠭᠠᠭᠠᠵᠤ ᠪᠡᠶᠡᠯᠡᠭᠦᠯᠵᠦ ᠴᠢᠳᠠᠬᠤ ᠶᠢ ᠠᠩᠬᠠᠷᠴᠤ᠂ ᠰᠤᠷᠤᠭᠴᠢ ᠪᠠ ᠬᠡᠷ ᠤᠨ ᠠᠬᠠᠮᠠᠳ ᠤᠨ ᠳᠠᠷᠤᠭᠠᠰᠤ ᠶᠢ ᠨᠡᠮᠡᠭᠳᠡᠬᠦᠯᠵᠦ ᠪᠤᠯᠬᠤ | ᠦᠬᠡᠢ ᠭᠡᠵᠡᠢ᠃ | ᠡᠬᠦᠨ ᠤ ᠬᠠᠮᠳᠤ ᠪᠠᠭᠰᠢ ᠨᠠᠷ ᠤᠨ ᠵᠢᠷᠬᠢᠶ᠎ᠠ᠂ QQ ᠬᠤᠯᠪᠤᠭ᠎ᠠ ᠪᠠᠷ ᠳᠠᠰᠬᠠᠯ ᠳᠠᠭᠠᠭᠠᠯᠭᠠᠪᠤᠷᠢ ᠦᠯᠡᠳᠡᠬᠡᠬᠦ ᠶᠢ ᠴᠢᠩᠭ᠎ᠠ ᠴᠠᠭᠠᠵᠠᠯᠠᠨ᠎ᠠ᠃ ᠪᠠᠭᠰᠢ ᠶᠢᠨ | ᠳᠠᠰᠬᠠᠯ ᠳᠠᠭᠠᠭᠠᠯᠭᠠᠪᠤᠷᠢ ᠦᠯᠡᠳᠡᠬᠡᠬᠦ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠶᠢᠨ ᠦᠯᠡᠳᠡᠬᠡᠭᠰᠡᠨ ᠳᠠᠰᠬᠠᠯ | ᠳᠠᠭᠠᠭᠠᠯᠭᠠᠪᠤᠷᠢ ᠪᠤᠶᠤ ᠬᠡᠦᠬᠡᠳ ᠤᠨ ᠳᠠᠰᠬᠠᠯ ᠳᠠᠭᠠᠭᠠᠯᠭᠠᠪᠤᠷᠢ ᠶᠢᠨ ᠪᠤᠷᠤᠭᠤ ᠶᠢ ᠵᠠᠯᠠᠷᠠᠭᠤᠯᠬᠤ ᠪᠠᠷ ᠬᠡᠷ ᠤᠨ ᠠᠬᠠᠮᠠᠳ ᠢ ᠱᠠᠭᠠᠷᠳᠠᠵᠤ ᠪᠤᠯᠬᠤ ᠦᠬᠡᠢ᠃ | ᠰᠤᠷᠭᠠᠭᠤᠯᠢ ᠨᠢ ᠡᠯ᠎ᠡ ᠣᠨ ᠤ ᠳᠠᠰᠬᠠᠯ ᠤᠨ ᠶᠡᠷᠦᠩᠬᠡᠶ ᠬᠡᠮᠵᠢᠶ᠎ᠡ ᠵᠢᠴᠢ ᠵᠠᠰᠠᠨ ᠬᠢᠨᠠᠭᠰᠠᠨ ᠪᠠᠶᠢᠳᠠᠯ ᠢ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠵᠤ᠂ | ᠪᠠᠭᠰᠢ ᠶᠢᠨ ᠳᠠᠰᠬᠠᠯ ᠳᠠᠭᠠᠭᠠᠯᠭᠠᠪᠤᠷᠢ ᠦᠯᠡᠳᠡᠬᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠭᠦᠪᠠᠷ ᠦᠯᠦ ᠪᠠᠷᠠᠮ ᠪᠠᠭᠰᠢ ᠨᠠᠷ ᠤᠨ ᠦᠯᠡᠳᠡᠬᠡᠭᠰᠡᠨ | ᠳᠠᠰᠬᠠᠯ ᠢᠶᠠᠨ ᠪᠦᠬᠦᠨ ᠢ ᠬᠢᠨᠠᠬᠤ ᠶᠢ ᠱᠠᠭᠠᠷᠳᠠᠵᠤ᠂ ᠣᠯᠠᠨ ᠶᠠᠩᠵᠤᠴᠢᠯᠠᠭᠰᠠᠨ ᠦᠨᠡᠯᠡᠯᠲᠡ ᠶᠢᠨ ᠠᠷᠭ᠎ᠠ ᠮᠠᠶ᠋ᠢᠭ ᠢ ᠠᠪᠴᠤ᠂ ᠴᠠᠭ ᠲᠤᠬᠠᠶ ᠳᠤᠨᠢ | ᠰᠤᠷᠤᠭᠴᠢᠳ ᠲᠤ ᠳᠠᠰᠬᠠᠯ ᠳᠠᠭᠠᠭᠠᠯᠭᠠᠪᠤᠷᠢ ᠬᠢᠨᠠᠭᠰᠠᠨ ᠦᠷ᠎ᠡ ᠳ᠋ᠦᠩ ᠢ ᠲᠤᠰᠬᠠᠵᠤ᠂ ᠰᠤᠷᠤᠭᠴᠢᠳ ᠤᠨ ᠳᠠᠰᠬᠠᠯ ᠳᠠᠭᠠᠭᠠᠯᠭᠠᠪᠤᠷᠢ ᠳᠠᠬᠢ ᠪᠤᠷᠤᠭᠤᠳᠠᠭᠰᠠᠨ | ᠰᠢᠯᠲᠠᠭᠠᠨ ᠢ ᠨᠠᠷᠢᠨ ᠬᠢᠨᠠᠮᠠᠭᠠᠢ ᠵᠠᠳᠠᠯᠤᠨ ᠦᠭᠴᠦ᠂ ᠰᠤᠷᠤᠭᠴᠢᠳ ᠢ ᠬᠠᠪᠰᠤᠷᠤᠨ ᠰᠤᠷᠤᠯᠴᠠᠯᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠢ ᠵᠠᠳᠠᠯᠵᠤ᠂ ᠳᠠᠰᠬᠠᠯ | ᠳᠠᠭᠠᠭᠠᠯᠭᠠᠪᠤᠷᠢ ᠶᠢᠨ ᠵᠢᠭᠠᠨ ᠰᠤᠷᠭᠠᠯᠲᠠ ᠳᠤ ᠦᠵᠡᠬᠦᠯᠬᠦ ᠴᠢᠳᠠᠮᠵᠢ ᠶᠢ ᠢᠳᠡᠪᠬᠢᠲᠡᠢ ᠪᠠᠳᠠᠷᠠᠭᠤᠯᠬᠤ ᠬᠡᠷᠡᠭᠲᠡᠢ ᠬᠡᠪᠡ᠃ ᠥᠪᠡᠷᠲᠡᠭᠡᠨ ᠵᠠᠰᠠᠬᠤ ᠣᠷᠣᠨ ᠠᠴᠠ ᠡᠯ᠎ᠡ | ᠰᠤᠷᠭᠠᠭᠤᠯᠢ ᠶᠢ ᠭᠡᠷ ᠪᠦᠯᠢ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠱᠠᠭᠠᠷᠳᠠᠵᠤ᠂ ︽ᠰᠤᠷᠭᠠᠭᠤᠯᠢ ᠶᠢᠨ ᠳᠤᠳᠤᠷᠠᠬᠢ ᠳᠠᠷᠤᠭᠠᠰᠤ ᠶᠢ | ᠬᠥᠩᠭᠡᠷᠡᠭᠦᠯᠬᠦ ᠶᠠᠪᠤᠴᠠ ᠳᠤ ᠰᠤᠷᠭᠠᠭᠤᠯᠢ ᠶᠢᠨ ᠭᠠᠳᠠᠨᠠᠬᠢ ᠳᠠᠷᠤᠭᠠᠰᠤ ᠨᠡᠮᠡᠭᠳᠡᠬᠦ︾ ᠦᠵᠡᠭᠳᠡᠯ ᠭᠠᠷᠬᠤ ᠠᠴᠠ ᠵᠠᠶᠢᠯᠠᠰᠬᠢᠵᠦ᠂ ᠰᠤᠷᠤᠭᠴᠢᠳ ᠤᠨ ᠤᠨᠲᠠᠬᠤ ᠶᠢ | ᠪᠠᠳᠤᠯᠠᠬᠤ ᠬᠡᠷᠡᠭᠳᠡᠢ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠠᠯᠠᠭ᠎ᠠ ᠮᠥᠴᠢᠷ ᠠᠴᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠬᠤ᠂ ᠬᠢᠨᠠᠨ ᠵᠢᠯᠣᠭᠤᠳᠴᠤ ᠦᠨᠡᠯᠡᠨ ᠵᠢᠱᠢᠬᠦ ᠵᠢᠭᠠᠯᠲᠠ ᠲᠤᠭ᠎ᠠ ᠶᠢ ᠴᠠᠭ ᠲᠤᠬᠠᠶ ᠳᠤᠨᠢ ᠲᠤᠬᠢᠷᠠᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ | ᠳᠠᠰᠬᠠᠯ ᠳᠠᠭᠠᠭᠠᠯᠭᠠᠪᠤᠷᠢ ᠶᠢᠨ ᠶᠠᠰᠤ ᠴᠢᠨᠠᠷ᠂ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠵᠡᠷᠭᠡ ᠪᠠᠶᠢᠳᠠᠯ ᠢ ᠬᠢᠨᠠᠨ ᠵᠢᠯᠣᠭᠤᠳᠬᠤ ᠠᠭᠤᠯᠭ᠎ᠠ ᠳᠠᠭᠠᠨ ᠣᠷᠣᠭᠤᠯᠬᠤ | ᠬᠡᠷᠡᠭᠲᠡᠶ᠃ ᠳᠠᠰᠬᠠᠯ ᠳᠠᠭᠠᠭᠠᠯᠭᠠᠪᠤᠷᠢ ᠶᠢᠨ ᠬᠠᠮᠢᠶᠠᠷᠤᠯᠲᠠ ᠶᠢᠨ ᠳᠤᠮᠳᠠ ᠠᠰᠠᠭᠤᠳᠠᠯ ᠨᠡᠯᠢᠶᠡᠳ ᠠᠷᠪᠢᠨ᠂ ᠬᠢᠨᠠᠨ ᠬᠠᠮᠢᠶᠠᠷᠤᠯᠲᠠ ᠨᠢ ᠰᠤᠯᠠ ᠪᠠᠶᠢᠭ᠎ᠠ ᠰᠤᠷᠭᠠᠭᠤᠯᠢ | ᠪᠣᠯᠤᠨ ᠲᠣᠭᠲᠠᠭᠠᠯ ᠢ ᠵᠥᠷᠢᠴᠡᠨ ᠭᠡᠷ ᠤᠨ ᠠᠬᠠᠮᠠᠳ ᠢᠶᠠᠷ ᠳᠠᠰᠬᠠᠯ ᠳᠠᠭᠠᠭᠠᠯᠭᠠᠪᠤᠷᠢ ᠶᠢ ᠵᠠᠰᠠᠭᠤᠯᠬᠤ ᠪᠠᠷ ᠱᠠᠭᠠᠷᠳᠠᠭᠰᠠᠨ ᠪᠠᠭᠰᠢ ᠶᠢ ᠴᠢᠩᠭ᠎ᠠ ᠰᠢᠢᠳᠬᠡᠵᠦ᠂ ᠵᠠᠷᠯᠠᠨ | ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠨ᠎ᠡ ᠬᠡᠪᠡ᠃ | |