ᠬᠦᠬᠡᠬᠤᠳᠠ ᠶᠢᠨ ᠡᠳᠣᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 2021 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ | ᠰᠢᠯᠭᠠᠯᠲᠠ ︵ᠠᠩᠬᠠᠨ ᠤ ᠰᠢᠯᠭᠠᠯᠲᠠ︶ 2020 ᠣᠨ ᠤ 12 ᠰᠠᠷ᠎ᠠ ᠶᠢᠨ 26 ᠤ ᠡᠳᠦᠷ ᠡᠬᠢᠯᠡᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠠᠴᠠ ᠰᠢᠯᠭᠠᠭᠤᠯᠤᠭᠴᠢ ᠳᠤ ᠰᠠᠨᠠᠭᠤᠯᠬᠤ ᠨᠢ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠢ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠵᠦ᠂ ᠰᠢᠯᠭᠠᠭᠤᠯᠤᠭᠴᠢ ᠠᠮᠠᠪᠴᠢ ᠵᠡᠷᠭᠡ ᠬᠤᠪᠢ ᠬᠥᠮᠦᠨ ᠤ ᠬᠠᠮᠠᠭᠠᠯᠠᠯᠲᠠ ᠶᠢᠨ ᠬᠡᠷᠡᠭᠰᠡᠯ ᠢᠶᠠᠨ | ᠪᠡᠯᠡᠳᠬᠡᠬᠦ ᠬᠡᠷᠡᠭᠲᠡᠶ᠃ ᠰᠢᠯᠭᠠᠯᠲᠠ ᠠᠴᠠ ᠡᠮᠦᠨᠡᠬᠢ 14 ᠡᠳᠦᠷ ︵ᠲᠤᠬᠠᠢᠢᠯᠠᠪᠠᠯ 12 ᠰᠠᠷ᠎ᠠ ᠶᠢᠨ 12 ᠤᠨ ᠡᠳᠦᠷ︶ ᠠᠴᠠ ᠡᠬᠢᠯᠡᠨ᠂ ᠪᠣᠶ ᠪᠥᠬᠦᠶ | ᠰᠢᠯᠭᠠᠭᠤᠯᠤᠭᠴᠢ ᠪᠡᠶ᠎ᠡ ᠶᠢᠨ ᠬᠠᠯᠠᠭᠤᠨ ᠢᠶᠠᠨ ᠬᠡᠮᠵᠢᠵᠦ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢᠶᠠᠨ ᠬᠢᠨᠠᠨ ᠬᠡᠮᠵᠢᠭᠦ ᠬᠡᠷᠡᠭᠲᠡᠢ᠂ ᠡᠭᠦᠨ ᠳᠤ᠂ ᠲᠣᠰ | ᠬᠤᠭᠤᠴᠠᠭᠠᠨ ᠤ ᠲᠡᠭᠦᠰᠬᠦ ᠰᠢᠯᠭᠠᠭᠤᠯᠤᠭᠴᠢ ᠶᠢ ᠪᠠᠶᠢᠭ᠎ᠠ ᠶᠡᠭᠡ ᠳᠡᠭᠡᠳᠦ ᠰᠤᠷᠭᠠᠭᠤᠯᠢ ︵ᠪᠤᠶᠤ ᠳᠠᠳᠤᠯᠭ᠎ᠠ ᠶᠢᠨ ᠨᠢᠭᠡᠴᠡ︶ ᠨᠢ ᠬᠢᠨᠠᠨ ᠬᠡᠮᠵᠢᠬᠦ ᠠᠵᠢᠯ ᠢ | ᠬᠠᠷᠢᠭᠤᠴᠠᠨ᠎ᠠ᠂ ᠲᠣᠰ ᠬᠤᠭᠤᠴᠠᠭᠠᠨ ᠤ ᠪᠤᠰᠤ ᠲᠡᠭᠦᠰᠬᠦ ᠰᠢᠯᠭᠠᠭᠤᠯᠤᠭᠴᠢ ᠶᠢ ᠪᠠᠶᠢᠭ᠎ᠠ ᠨᠢᠭᠡᠴᠡ ︵ᠪᠤᠶᠤ ᠬᠡᠷᠡᠭ ᠡᠷᠬᠢᠯᠡᠬᠦ ᠭᠠᠵᠠᠷ ᠵᠡᠷᠭᠡ︶ ᠨᠢ ᠬᠢᠨᠠᠨ ᠬᠡᠮᠵᠢᠬᠦ | ᠠᠵᠢᠯ ᠢ ᠬᠠᠷᠢᠭᠤᠴᠠᠨ᠎ᠠ᠃ | ᠱᠠᠭᠠᠷᠳᠠᠯᠭ᠎ᠠ ᠶᠣᠰᠣᠭᠠᠷ᠂ ᠰᠢᠯᠭᠠᠭᠤᠯᠤᠭᠰᠠᠳ ︽ᠮᠥᠩᠬᠡ ᠰᠤᠪᠠᠭ︾ ᠪᠤᠶᠤ ︽ᠦᠪᠦᠷ ᠮᠤᠩᠭᠤᠯ ᠤᠨ ᠡᠷᠡᠭᠦᠯ ᠮᠡᠡᠲᠦ︾ App ᠢ ᠪᠠᠭᠤᠯᠭᠠᠨ ᠠᠪᠴᠤ | ᠂ ︽ᠡᠷᠡᠭᠦᠯ ᠮᠡᠨᠳᠦ ᠶᠢᠨ ᠺᠣᠳ᠋︾ ᠢ ᠭᠤᠶᠤᠴᠢᠯᠠᠨ ᠠᠪᠴᠤ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠤᠨ ᠬᠢᠨᠠᠨ ᠬᠡᠮᠵᠢᠯᠲᠡ ᠶᠢ ᠬᠢᠨᠠᠮᠠᠭᠠᠶ ᠰᠠᠶᠢᠲᠤᠷ | ᠬᠢᠵᠦ᠂ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠯᠭᠠᠬᠤ᠂ ᠲᠠᠮᠢᠷᠳᠠᠬᠤ᠂ ᠬᠠᠮᠠᠷ ᠪᠥᠭᠯᠡᠷᠡᠬᠦ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠲᠣᠭᠲᠠᠭᠠᠯ ᠶᠣᠰᠣᠭᠠᠷ | ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃ ᠰᠢᠯᠭᠠᠭᠤᠯᠤᠭᠰᠠᠳ ︽2021 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠶᠢᠨ | ᠰᠢᠯᠭᠠᠭᠤᠯᠤᠭᠴᠢ ᠶᠢᠨ ᠡᠷᠡᠭᠦᠯ ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ︾ ᠢ ᠲᠠᠭᠯᠠᠬᠤ ᠴᠢᠬᠤᠯᠠᠲᠠᠶ᠃ ᠰᠢᠯᠭᠠᠯᠲᠠ ᠶᠢᠨ ᠬᠤᠭᠤᠴᠠᠭᠠᠨ ᠳᠤ | ᠰᠢᠯᠭᠠᠯᠲᠠ ᠶᠢᠨ ᠴᠡᠭ ᠲᠤ ᠣᠷᠣᠬᠤ ᠳᠤ᠂ ᠲᠣᠰ ᠬᠥᠮᠦᠨ ᠤ ᠨᠤᠭᠤᠭᠠᠨ ᠦᠡᠭᠭᠡ ᠲᠠᠢ ᠡᠷᠡᠭᠦᠯ ᠮᠡᠨᠳᠦ ᠶᠢᠨ ᠺᠣᠳ᠋ ᠢᠶᠠᠨ ᠭᠠᠷᠭᠠᠵᠤ ᠦᠵᠡᠭᠦᠯᠭᠦ ᠪᠦᠭᠡᠳ ᠡᠷᠡᠭᠦᠯ | ᠮᠡᠨᠳᠦ ᠶᠢᠨ ᠪᠠᠶᠢᠳᠠᠯ ᠤᠨ ᠠᠮᠠᠯᠠᠯᠲᠠ ᠶᠢᠨ ᠪᠢᠴᠢᠭ ᠢᠶᠠᠨ ᠳᠡᠭᠡᠭᠰᠢ ᠲᠤᠰᠢᠶᠠᠬᠤ ᠬᠡᠷᠡᠭᠲᠡᠶ᠃ | ᠰᠢᠯᠭᠠᠯᠲᠠ ᠶᠢᠨ ᠴᠠᠭ ᠨᠢ 2020 ᠣᠨ ᠤ 12 ᠰᠠᠷ᠎ᠠ ᠶᠢᠨ 26 ᠤ ᠡᠳᠦᠷ ᠠᠴᠠ 28 ᠤ ᠡᠳᠦᠷ ︵ᠡᠳᠦᠷ ᠪᠦᠷᠢ ᠶᠢᠨ ᠦᠳᠡ ᠶᠢᠨ ᠡᠮᠦᠨᠡᠭᠢ 8᠄ 30 | — 11᠄ 30᠂ ᠦᠳᠡ ᠶᠢᠨ ᠬᠤᠶᠢᠨᠠᠭᠢ 14᠄ 00 — 17᠄ 00︶ ᠪᠣᠯᠤᠨ᠎ᠠ᠃ 3 ᠴᠠᠭ ᠠᠴᠠ ᠬᠡᠲᠦᠷᠡᠭᠰᠡᠨ ᠰᠢᠯᠭᠠᠯᠲᠠ ᠶᠢᠨ ᠬᠢᠴᠢᠶᠡᠯ ᠲᠦᠷᠦᠯ ᠢ | 12 ᠰᠠᠷ᠎ᠠ ᠶᠢᠨ 28 ᠤ ᠡᠳᠦᠷ ᠶᠠᠪᠤᠭᠳᠠᠭᠤᠯᠤᠨ᠎ᠠ ︵ᠡᠬᠢᠯᠡᠬᠦ ᠴᠠᠭ ᠨᠢ 8᠄ 30᠂ ᠳᠠᠭᠤᠰᠬᠤ ᠴᠠᠭ ᠢ ᠰᠤᠷᠤᠭᠴᠢ ᠡᠯᠰᠡᠬᠦ ᠨᠢᠭᠡᠴᠡ ᠠᠴᠠ ᠲᠣᠭᠲᠠᠭᠠᠨ᠎ᠠ᠂ 14 | ᠄ 30 ᠠᠴᠠ ᠬᠡᠲᠦᠷᠡᠭᠦᠯᠬᠦ ᠦᠭᠡᠶ︶᠃ ᠠᠳᠠᠭ ᠲᠠᠭᠠᠨ ᠰᠢᠯᠭᠠᠯᠲᠠ ᠡᠬᠢᠯᠡᠬᠦ ᠠᠴᠠ ᠬᠠᠭᠠᠰ ᠴᠠᠭ ᠤᠨ ᠡᠮᠦᠨ᠎ᠡ ᠰᠢᠯᠭᠠᠯᠲᠠ ᠶᠢᠨ ᠴᠡᠭ ᠲᠤ ᠬᠦᠷᠭᠦ ᠬᠡᠷᠡᠭᠲᠡᠢ᠃ | ᠰᠢᠯᠭᠠᠯᠲᠠ ᠡᠬᠢᠯᠡᠭᠰᠡᠨ 15 ᠮᠢᠨᠦ᠋ᠲ ᠤᠨ ᠳᠠᠷᠠᠭ᠎ᠠ᠂ ᠬᠤᠵᠢᠮᠳᠠᠭᠰᠠᠨ ᠰᠢᠯᠭᠠᠭᠤᠯᠤᠭᠴᠢ ᠰᠢᠯᠭᠠᠯᠲᠠ ᠶᠢᠨ ᠴᠡᠭ ᠲᠤ ᠣᠷᠣᠵᠤ ᠲᠤᠰ ᠬᠢᠴᠢᠶᠡᠯ ᠲᠦᠷᠦᠯ ᠤᠨ | ᠰᠢᠯᠭᠠᠯᠳᠠ ᠳᠤ ᠤᠷᠤᠯᠴᠠᠵᠤ ᠪᠣᠯᠬᠤ ᠥᠬᠡᠶ᠃ | ᠰᠢᠯᠭᠠᠭᠤᠯᠤᠭᠴᠢ 2020 ᠣᠨ ᠤ 12 ᠰᠠᠷ᠎ᠠ ᠶᠢᠨ 12 ᠤᠨ ᠡᠳᠦᠷ ︵︽ᠠᠰᠫᠢᠷᠠᠨᠲ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ᠶᠢᠨ ᠨᠡᠪᠲᠡᠷᠡᠬᠦ | ᠴᠠᠭ ᠢᠶᠠᠷ ᠪᠠᠷᠢᠮᠵᠢᠶ᠎ᠠ ᠪᠣᠯᠭᠠᠨ᠎ᠠ︶ ᠠᠴᠠ ᠡᠬᠢᠯᠡᠨ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ | ᠠᠰᠫᠢᠷᠠᠨᠲ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾ ᠳᠤ ᠣᠷᠣᠵᠤ ︽ᠰᠢᠯᠭᠠᠭᠤᠯᠬᠤ ᠦᠨᠡᠮᠯᠡᠯ︾᠂ ︽ᠰᠠᠭᠤᠳᠠᠯ ᠤᠨ ᠮᠡᠳᠡᠭᠳᠡᠯ ᠤᠨ ᠬᠠᠭᠤᠳᠠᠰᠤ︾ ᠶᠢ | ᠥᠪᠡᠰᠦᠪᠡᠨ ᠪᠠᠭᠤᠯᠭᠠᠨ ᠠᠪᠴᠤ ᠲᠠᠷᠤᠮᠠᠯᠯᠠᠨ᠎ᠠ᠃ ︽ᠰᠢᠯᠭᠠᠭᠤᠯᠬᠤ ᠦᠨᠡᠮᠯᠡᠯ︾ ᠪᠠ ︽ᠰᠠᠭᠤᠳᠠᠯ ᠤᠨ ᠮᠡᠳᠡᠭᠳᠡᠯ ᠤᠨ ᠬᠠᠭᠤᠳᠠᠰᠤ︾ ᠶᠢ A4 ᠬᠡᠪ ᠤᠨ | ᠴᠠᠭᠠᠨ ᠴᠠᠭᠠᠰᠤ ᠪᠠᠷ ᠳᠠᠷᠤᠮᠠᠯᠯᠠᠵᠤ᠂ ᠨᠢᠭᠤᠷ ᠲᠠᠯ᠎ᠠ ᠪᠠ ᠠᠷᠤ ᠲᠠᠯ᠎ᠠ ᠶᠢ ᠨᠢ ᠬᠡᠷᠡᠭᠯᠡᠬᠦ ᠬᠤᠭᠤᠴᠠᠭᠠᠨ ᠳᠤ ᠪᠠᠯᠠᠯᠤᠨ ᠵᠠᠰᠠᠬᠤ ᠪᠤᠶᠤ ᠦᠰᠦᠭ ᠪᠢᠴᠢᠵᠦ ᠪᠣᠯᠬᠤ | ᠥᠬᠡᠶ᠃ ᠰᠢᠯᠭᠠᠭᠤᠯᠤᠭᠴᠢ ᠬᠠᠮᠢᠶ᠎ᠠ ᠪᠥᠬᠦᠶ ᠦᠨᠡᠮᠯᠡᠯ ᠢᠶᠠᠨ ᠰᠠᠶᠢᠲᠤᠷ ᠪᠡᠯᠡᠳᠬᠡᠵᠦ᠂ ᠬᠦᠴᠦᠨ ᠪᠥᠬᠦᠶ ᠪᠡᠶ᠎ᠡ ᠶᠢᠨ ᠦᠨᠡᠮᠯᠡᠯ᠂ ︽ᠰᠢᠯᠭᠠᠭᠤᠯᠬᠤ ᠦᠨᠡᠮᠯᠡᠯ︾ ᠪᠠ | ︽ᠰᠠᠭᠤᠳᠠᠯ ᠤᠨ ᠮᠡᠳᠡᠭᠳᠡᠯ ᠤᠨ ᠬᠠᠭᠤᠳᠠᠰᠤ︾ ᠪᠠᠷ ᠢᠶᠠᠨ ᠰᠢᠯᠭᠠᠯᠲᠠ ᠶᠢᠨ ᠴᠡᠭ ᠤᠨ ᠲᠤᠬᠢᠷᠠᠭᠤᠯᠤᠯᠲᠠ ᠶᠣᠰᠣᠭᠠᠷ ᠰᠢᠯᠭᠠᠯᠲᠠ ᠶᠢᠨ ᠲᠠᠯᠠᠪᠦᠷ ᠲᠤ ᠤᠷᠤᠵᠤ | ᠠᠵᠢᠯᠲᠠᠨ ᠤ ᠲᠣᠭᠲᠠᠭᠠᠯ ᠶᠣᠰᠣᠭᠠᠷ ᠬᠢᠵᠦ ᠪᠠᠶᠢᠭ᠎ᠠ ᠪᠡᠶ᠎ᠡ ᠶᠢᠨ ᠬᠠᠯᠠᠭᠤᠨ ᠤ ᠬᠡᠮᠵᠢᠯᠲᠡ᠂ ᠪᠡᠶ᠎ᠡ ᠬᠡᠮ ᠤᠨ ᠰᠢᠯᠭᠠᠨ ᠪᠠᠳᠤᠯᠠᠯᠳᠠ ᠪᠠ ᠠᠮᠤᠷ ᠲᠦᠪᠰᠢᠨ ᠤ | ᠪᠠᠶᠢᠴᠠᠭᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠰᠢᠯᠭᠠᠯᠲᠠ ᠶᠢᠨ ᠴᠡᠭ ᠠᠴᠠ ᠰᠠᠭᠠᠷᠮᠠᠭ ᠪᠡᠭᠡᠲᠦ ᠪᠢᠷ᠂ ᠪᠢᠷ ᠤᠨ ᠭᠤᠤᠯ᠂ ᠠᠰ ᠱᠤᠭᠤᠮ᠂ | ᠪᠠᠯᠠᠯᠤᠭᠤᠷ᠂ ᠪᠢᠴᠢᠭ ᠤᠨ ᠬᠡᠷᠡᠭᠰᠡᠯ ᠤᠨ ᠤᠭᠤᠲᠠ ᠶᠢ ᠨᠢᠭᠡᠳᠦᠯᠲᠡᠶ ᠲᠣᠬᠢᠷᠠᠭᠤᠯᠬᠤ ᠲᠤᠯᠠ ᠰᠢᠯᠭᠠᠭᠤᠯᠤᠭᠴᠢ ᠳᠡᠭᠡᠷ᠎ᠡ ᠳᠤᠷᠠᠳᠤᠭᠰᠠᠨ ᠪᠢᠴᠢᠭ ᠤᠨ ᠬᠡᠷᠡᠭᠰᠡᠯ ᠢ | ᠥᠪᠡᠰᠦᠪᠡᠨ ᠠᠪᠴᠤ ᠤᠷᠤᠵᠤ ᠪᠣᠯᠬᠤ ᠥᠬᠡᠶ᠃ ᠰᠢᠯᠭᠠᠯᠲᠠ ᠶᠢᠨ ᠬᠢᠴᠢᠶᠡᠯ ᠲᠥᠷᠥᠯ ᠤᠨ ᠬᠡᠷᠡᠭᠴᠡᠭᠡ ᠶᠢ ᠦᠨᠳᠦᠰᠦᠯᠡᠨ᠂ ᠰᠢᠯᠭᠠᠭᠤᠯᠤᠭᠴᠢ 2B ᠬᠠᠷᠠᠨᠳᠠ᠂ | ᠭᠤᠷᠲᠢᠭ᠂ ᠭᠤᠷᠪᠠᠯᠵᠢᠨ ᠬᠠᠪᠲᠠᠰᠤ᠂ ᠪᠢᠷ ᠵᠣᠷᠭᠤᠬᠤ ᠬᠢᠲᠤᠭ᠎ᠠ ᠵᠢᠴᠢ ᠦᠪᠡᠰᠦᠪᠡᠨ ᠰᠡᠳᠤᠪ ᠲᠤᠬᠳᠠᠭᠠᠬᠤ ᠬᠢᠴᠢᠶᠡᠯ ᠲᠦᠷᠦᠯ ᠤᠨ ᠵᠢᠵᠢᠭ ᠵᠠᠬᠢᠳᠠᠯ ᠤᠨ | ᠤᠭᠤᠳᠠ ᠶᠢ ᠪᠢᠲᠡᠭᠦᠮᠵᠢᠯᠡᠬᠦ ᠨᠠᠭᠠᠯᠲᠠ ︵ᠭᠤᠮ ᠰᠠᠪᠠᠭ᠎ᠠ︶ ᠵᠡᠷᠭᠡ ᠴᠢᠬᠤᠯᠠ ᠪᠥᠬᠦᠶ ᠰᠢᠯᠭᠠᠯᠲᠠ ᠶᠢᠨ ᠪᠠᠭᠠᠵᠢ ᠶᠢ ᠠᠪᠴᠤ ᠤᠷᠤᠵᠤ ᠪᠣᠯᠤᠨ᠎ᠠ᠃ | ᠲᠠᠨᠢᠯᠴᠠᠭᠤᠯᠤᠭᠰᠠᠨ ᠢᠶᠠᠷ᠂ ᠲᠠᠷᠢᠶᠠᠯᠠᠩ ᠤᠨ ᠤᠬᠠᠭᠠᠨ ᠤ ᠲᠥᠷᠥᠯ ᠤᠨ ᠬᠠᠮᠲᠤᠷᠠᠭᠰᠠᠨ ᠰᠢᠯᠭᠠᠯᠲᠠ ᠶᠢᠨ ᠬᠢᠮᠢ ︵ᠬᠢᠴᠢᠶᠡᠯ ᠲᠥᠷᠥᠯ ᠤᠨ ᠺᠣᠳ᠋ ᠨᠢ | 315︶ ᠶᠢᠨ ᠰᠢᠯᠭᠠᠯᠳᠠ ᠳᠤ ᠲᠣᠯᠢ ᠪᠢᠴᠢᠭ ᠪᠠ ᠺᠤᠳ᠋ ᠨᠠᠶᠢᠷᠠᠭᠤᠯᠬᠤ ᠴᠢᠳᠠᠮᠵᠢ ᠦᠭᠡᠢ᠂ ᠯᠤᠭᠠᠷ ᠵᠢᠴᠢ ᠵᠡᠷᠭᠡᠲᠦ ᠶᠢᠨ ᠢᠯᠡᠳᠭᠡᠭᠴᠢ ᠶᠢᠨ ᠪᠤᠳᠤᠯᠭ᠎ᠠ ᠶᠢᠨ | ᠴᠢᠳᠠᠮᠵᠢ ᠪᠥᠬᠦᠶ ᠰᠢᠨᠵᠢᠯᠡᠬᠦ ᠤᠬᠠᠭᠠᠨ ᠤ ᠪᠣᠳᠣᠭᠤᠷ ᠢ ᠠᠪᠴᠤ ᠬᠡᠷᠡᠭᠯᠡᠵᠦ ᠪᠣᠯᠤᠨ᠎ᠠ᠂ ᠪᠤᠰᠤᠳ ᠨᠢᠭᠡᠳᠦᠯᠲᠡᠶ ᠰᠢᠯᠭᠠᠯᠲᠠ ᠵᠢᠴᠢ ᠬᠠᠮᠲᠤᠷᠠᠭᠰᠠᠨ ᠰᠢᠯᠭᠠᠯᠲᠠ ᠶᠢᠨ | ᠬᠢᠴᠢᠶᠡᠯ ᠲᠥᠷᠥᠯ ᠳᠤ ᠪᠣᠳᠣᠭᠤᠷ ᠬᠡᠷᠡᠭᠯᠡᠬᠦ ᠶᠢ ᠵᠥᠪᠰᠢᠶᠡᠷᠡᠬᠦ ᠥᠬᠡᠶ᠃ ᠰᠣᠷᠣᠭᠴᠢ ᠡᠯᠰᠡᠬᠦ ᠨᠢᠭᠡᠴᠡ ᠶᠢᠨ ᠥᠪᠡᠰᠤᠪᠠᠠ ᠭᠠᠷᠭᠠᠭᠰᠠᠨ ᠰᠡᠳᠦᠪ ᠲᠤ ᠪᠣᠳᠣᠭᠤᠷ | ᠬᠡᠷᠡᠭᠯᠡᠬᠦ ᠶᠢ ᠵᠥᠪᠰᠢᠶᠡᠷᠡᠬᠦ ᠡᠰᠡᠬᠦ ᠲᠤᠬᠠᠶ ᠰᠢᠯᠭᠠᠭᠤᠯᠤᠭᠴᠢ ︽ᠰᠢᠯᠭᠠᠭᠤᠯᠬᠤ ᠦᠨᠡᠮᠯᠡᠯ︾ ᠳᠡᠭᠡᠷᠡᠬᠢ ︽ᠰᠣᠷᠣᠭᠴᠢ ᠡᠯᠰᠡᠬᠦ ᠨᠢᠭᠡᠴᠡ ᠶᠢᠨ ᠲᠣᠳᠣᠷᠬᠠᠶᠢᠯᠠᠯᠲᠠ︾ | ᠶᠢ ᠤᠷᠢᠳᠠᠪᠠᠷ ᠪᠠᠶᠢᠴᠠᠭᠠᠨ ᠦᠵᠡᠬᠦ ᠬᠡᠷᠡᠭᠲᠡᠶ᠃ | ᠰᠢᠯᠭᠠᠯᠲᠠ ᠶᠢᠨ ᠲᠥᠪ ᠠᠴᠠ ᠰᠢᠯᠭᠠᠭᠤᠯᠤᠭᠰᠠᠳ ᠲᠤ ᠰᠠᠨᠠᠭᠤᠯᠬᠤ ᠨᠢ᠂ ᠰᠢᠯᠭᠠᠭᠤᠯᠤᠬᠰᠠᠳ ᠦᠨᠡᠨᠴᠢ ᠢᠲᠡᠭᠡᠮᠵᠢ ᠶᠢᠨ ᠤᠬᠠᠮᠰᠠᠷ ᠢ ᠦᠨᠡᠨ ᠬᠦ ᠪᠣᠶ | ᠪᠣᠯᠭᠠᠵᠤ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠢᠯᠭᠠᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠰᠢᠯᠭᠠᠯᠲᠠ ᠶᠢᠨ ᠴᠡᠭ ᠤᠨ | ᠬᠠᠮᠢᠶᠠᠷᠤᠯᠲᠠ ᠶᠢ ᠳᠠᠭᠠᠵᠤ᠂ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠰᠢᠯᠭᠠᠯᠲᠠ ᠶᠢᠨ ᠲᠠᠯᠠᠪᠤᠷ ᠤᠨ ᠡᠮᠬᠢ ᠵᠢᠷᠤᠮ ᠢ ᠤᠬᠠᠮᠰᠠᠷ ᠠᠴᠠ ᠪᠠᠨ | ᠬᠠᠮᠠᠭᠠᠯᠠᠬᠤ ᠬᠡᠷᠡᠭᠲᠡᠶ᠃ ᠰᠢᠯᠭᠠᠯᠲᠠ ᠳᠤ ᠲᠣᠭᠲᠠᠭᠠᠯ ᠠᠴᠠ ᠵᠥᠷᠢᠴᠡᠨ ᠬᠡᠮ ᠬᠢᠭᠰᠡᠳ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠳᠬᠡᠨ᠎ᠡ᠃ | |