2 ᠰᠠᠷ᠎ᠠ ᠶᠢᠨ 29 ᠤ ᠦᠳᠡ ᠶᠢᠨ ᠡᠮᠦᠨ᠎ᠠ᠂ ᠦᠪᠡᠷᠳᠡᠬᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠤ ᠦᠪᠡᠷᠳᠡᠬᠡᠨ ᠵᠠᠰᠠᠬᠤ ᠤᠷᠤᠨ ᠤ ᠶᠡᠷᠦᠩᠭᠡᠶᠢᠯᠡᠭᠰᠡᠨ | ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠤᠨ ᠲᠠᠬᠤᠯ ᠡᠪᠡᠳᠴᠢᠨ ᠢ ᠰᠡᠷᠭᠡᠶᠢᠯᠡᠨ ᠡᠵᠡᠮᠳᠡᠬᠦ ᠰᠤᠳᠤᠯᠭᠠᠨ ᠤ ᠬᠤᠶᠠᠳᠤᠭᠠᠷ ᠭᠠᠵᠠᠷ ᠤᠨ ᠲᠠᠷᠤᠭ᠎ᠠ ᠸᠠᠩ | ᠬᠠᠢ ᠯᠢᠩ᠂ ᠲᠡᠳ᠋ ᠲᠠᠷᠤᠭ᠎ᠠ ᠶᠠᠨ ᠱᠤᠤ ᠬᠤᠨᠭ᠌ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠳᠠ ᠶᠢᠨ ᠲᠤᠬᠠᠢ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠪᠠ᠃ | ᠰᠤᠷᠪᠤᠯᠵᠢᠯᠠᠬᠴᠢ᠄ ᠰᠢᠨ᠎ᠠ ᠲᠢᠳᠢᠮᠯᠢᠭ ᠠᠭᠤᠰᠬᠢᠨ ᠦᠷᠪᠢᠰᠦᠯ ᠡᠬᠦᠰᠦᠭᠰᠡᠨ ᠠᠴᠠ ᠨᠠᠭᠠᠰᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠡᠰᠡᠨ | ᠬᠡᠯᠡᠯᠬᠡ ᠢᠯᠡᠷᠡᠪᠡ᠂ ᠲᠡᠬᠡᠪᠡᠯ ᠡᠶᠢᠮᠦᠷᠬᠦ ᠪᠠᠶᠢᠴᠠᠭᠠᠯᠳᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠶᠠᠮᠠᠷ ᠴᠢᠬᠤᠯᠠ ᠠᠴᠢ ᠬᠤᠯᠪᠤᠬᠳᠠᠯ ᠲᠠᠢ ᠪᠤᠢ︖ | ᠸᠠᠩ ᠬᠠᠢ ᠯᠢᠩ᠄ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠪᠤᠯ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠮᠳᠠᠬᠢ | ᠨᠢᠬᠡᠨ ᠵᠦᠢᠯ ᠤᠨ ᠦᠨᠳᠤᠰᠤᠨ ᠠᠵᠢᠯ ᠪᠠᠶᠢᠵᠤ᠂ ᠲᠤᠬᠠᠢ ᠶᠢᠨ ᠲᠠᠯᠠᠪᠠᠢ ᠳᠤ ᠪᠠᠶᠢᠴᠠᠭᠠᠬᠤ ᠪᠠ ᠬᠢᠵᠢᠭ ᠤᠨ ᠪᠠᠶᠢᠳᠠᠯ ᠢ ᠵᠠᠳᠠᠯᠬᠤ ᠲᠠᠬᠤᠯ ᠡᠪᠡᠳᠴᠢᠨ ᠤ | ᠰᠤᠳᠤᠯᠭᠠᠨ ᠤ ᠲᠤᠰᠬᠠᠢ ᠬᠦᠮᠦᠰ ᠠᠴᠠ ᠲᠤᠬᠠᠢ ᠶᠢᠨ ᠲᠠᠯᠠᠪᠠᠢ ᠳᠤ ᠬᠦᠷᠴᠤ ᠪᠠᠶᠢᠴᠠᠭᠠᠯᠳᠠ ᠦᠷᠨᠢᠬᠦᠯᠵᠤ᠂ ᠡᠪᠡᠳᠴᠢᠳᠡᠨ ᠲᠠᠢ ᠨᠢᠭᠤᠷᠳᠠᠨ ᠶᠠᠷᠢᠯᠴᠠᠵᠤ᠂ | ᠡᠪᠡᠳᠴᠢᠯᠡᠭᠰᠡᠨ ᠤ ᠡᠮᠦᠨ᠎ᠠ ᠬᠤᠶᠢᠨᠠᠬᠢ ᠢᠯᠡᠷᠡᠭᠰᠡᠨ ᠵᠠᠷᠢᠮ ᠪᠠᠶᠢᠳᠠᠯ᠂ ᠪᠤᠰᠤᠳ ᠬᠦᠮᠦᠰ ᠲᠠᠢ ᠬᠦᠷᠦᠯᠴᠡᠵᠤ ᠤᠶᠢᠢᠷᠠᠳᠤᠬᠰᠠᠨ ᠪᠠᠶᠢᠳᠠᠯ ᠵᠢᠴᠢ ᠶᠠᠪᠤᠵᠤ ᠰᠠᠭᠤᠬᠰᠠᠨ | ᠪᠠᠶᠢᠳᠠᠯ᠂ ᠡᠮᠨᠡᠬᠦᠯᠦᠭᠰᠡᠨ ᠪᠠᠶᠢᠳᠠᠯ ᠢ ᠠᠰᠠᠭᠤᠨ ᠯᠠᠪᠯᠠᠵᠤ᠂ ᠬᠠᠯᠳᠠᠪᠤᠷᠢᠯᠠᠯ ᠤᠨ ᠡᠬᠢ᠂ ᠬᠠᠯᠳᠠᠪᠤᠷᠢᠯᠠᠯ ᠤᠨ ᠵᠠᠮ ᠵᠡᠷᠭᠡ ᠬᠠᠮᠢᠶ᠎ᠠ ᠪᠦᠬᠦᠢ ᠪᠠᠶᠢᠳᠠᠯ ᠢ ᠡᠷᠢᠵᠤ | ᠪᠠᠶᠢᠴᠠᠭᠠᠬᠤ ᠪᠤᠯᠤᠨ᠎ᠠ᠃ | ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠪᠤᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠰᠠᠭᠤᠷᠢ ᠴᠢᠨᠠᠷᠳᠠᠢ ᠡᠬᠦᠰᠦᠯ ᠤᠨ ᠴᠢᠨᠠᠷᠳᠠᠢ | ᠠᠵᠢᠯ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠤ ᠬᠤᠷᠢᠬᠯᠠᠨ ᠲᠠᠷᠤᠬᠤ ᠲᠠᠶᠢᠯᠠᠯᠳᠤᠭᠠᠨ ᠤ ᠭᠤᠤᠯᠳᠠᠯᠭ᠎ᠠ ᠪᠤᠯᠬᠤ ᠶᠤᠮ᠃ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠳᠠ ᠬᠢᠬᠦ ᠶᠢᠨ ᠵᠤᠷᠢᠯᠭ᠎ᠠ ᠨᠢ ᠡᠪᠡᠳᠴᠢᠨ ᠡᠮᠭᠡᠭ ᠤᠨ ᠬᠠᠯᠳᠠᠪᠤᠷᠢᠯᠠᠯ ᠤᠨ ᠢᠷᠡᠯᠳᠡ ᠶᠢ ᠪᠠᠶᠢᠴᠠᠭᠠᠵᠤ᠂ ᠬᠠᠯᠳᠠᠪᠤᠷᠢᠯᠠᠬᠤ ᠵᠠᠮ ᠢ ᠨᠢ | ᠲᠤᠳᠤᠯᠠᠨ᠂ ᠡᠪᠡᠳᠴᠢᠨ ᠤ ᠰᠢᠨᠵᠢ ᠶᠢ ᠨᠢ ᠬᠠᠶᠢᠵᠤ᠂ ᠨᠢᠬᠳᠠ ᠤᠶᠢᠢᠷᠠᠳᠤᠬᠰᠠᠳ ᠢ ᠨᠢ ᠲᠤᠳᠤᠯᠠᠬᠤ ᠪᠤᠶᠤ ᠡᠷᠢᠨ ᠤᠯᠵᠤ᠂ ᠬᠢᠵᠢᠭ ᠤᠨ ᠪᠠᠶᠢᠳᠠᠯ ᠢ | ᠰᠢᠢᠳᠪᠦᠷᠢᠯᠡᠬᠦ ᠳᠤ ᠬᠠᠮᠢᠶ᠎ᠠ ᠪᠦᠬᠦᠢ ᠦᠨᠳᠤᠰᠤᠯᠠᠯ ᠬᠠᠨᠭ᠍ᠭᠠᠵᠤ᠂ ᠡᠪᠡᠳᠴᠢᠨ ᠡᠮᠭᠡᠭ ᠤᠨ ᠠᠶᠠᠨᠳᠠᠭᠠᠨ ᠤ ᠲᠡᠦᠬᠡ᠂ ᠲᠠᠬᠤᠯ ᠡᠪᠡᠳᠴᠢᠨ ᠤ ᠤᠨᠴᠠᠯᠢᠬ ᠵᠢᠴᠢ ᠵᠢᠮ᠎ᠠ | ᠶᠤᠰᠤ ᠶᠢ ᠰᠤᠳᠤᠯᠬᠤ ᠳᠤ ᠰᠦᠪᠡᠭᠴᠢ ᠬᠠᠨᠭ᠍ᠭᠠᠬᠤ ᠪᠤᠯᠤᠨ᠎ᠠ᠃ | ᠰᠤᠷᠪᠤᠯᠵᠢᠯᠠᠬᠴᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠲᠤᠮᠳᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ | ᠠᠩᠬᠢ ᠨᠢ ᠶᠠᠮᠠᠷ ᠠᠵᠢᠯ ᠢ ᠦᠷᠨᠢᠬᠦᠯᠬᠦ ᠪᠤᠢ︖ ᠲᠡᠳᠡᠨ ᠤ ᠠᠵᠢᠯ ᠨᠢ ᠶᠠᠮᠠᠷ ᠬᠦᠴᠢᠷᠳᠠᠯ ᠪᠠ ᠠᠶᠤᠯ ᠲᠦᠭᠰᠢᠬᠦᠷᠢ ᠲᠠᠢ ᠪᠤᠢ︖ | ᠶᠠᠨ ᠱᠤᠤ ᠬᠤᠨᠭ᠌᠄ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ ᠠᠵᠢᠯᠳᠠᠳ ᠪᠤᠯ ᠲᠠᠷᠤᠢ ᠡᠮᠦᠨ᠎ᠠ ᠹᠷᠦᠨᠲ ᠤᠨ ᠵᠢᠬᠰᠠᠭᠠᠯ ᠤᠨ ᠭᠠᠵᠠᠷ ᠤᠨ | ᠲᠤᠷᠰᠢᠭᠤᠯᠴᠢ ᠪᠤᠯᠤᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠭᠤᠤᠯᠳᠠᠭᠤ ᠲᠤᠬᠠᠢ ᠶᠢᠨ ᠲᠠᠯᠠᠪᠠᠢ ᠳᠤ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠳᠠ ᠬᠢᠬᠦ᠂ ᠨᠢᠬᠳᠠ ᠤᠶᠢᠢᠷᠠᠳᠤᠬᠰᠠᠳ ᠤᠨ ᠦᠯᠢᠬᠡᠷ ᠬᠡᠪ ᠢ ᠠᠪᠬᠤ᠂ ᠲᠤᠭ᠎ᠠ ᠪᠠᠷᠢᠮᠳᠠ ᠶᠢ ᠺᠤᠮᠫᠢᠤᠲ᠋ᠧᠷ ᠲᠤ ᠤᠷᠤᠭᠤᠯᠬᠤ ᠵᠢᠴᠢ ᠵᠠᠳᠠᠯᠬᠤ ᠬᠢᠬᠡᠳ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠤᠨ ᠲᠤᠬᠠᠢ ᠵᠢᠯᠤᠭᠤᠳᠤᠯᠭ᠎ᠠ ᠬᠢᠬᠦ ᠵᠡᠷᠭᠡ ᠠᠵᠢᠯ ᠬᠢᠨ᠎ᠠ᠃ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠳᠠ ᠬᠢᠬᠦ ᠪᠠ ᠦᠯᠢᠬᠡᠷ ᠬᠡᠪ ᠢ ᠠᠪᠬᠤ ᠪᠤᠯ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ ᠠᠵᠢᠯᠳᠠᠳ ᠤᠨ ᠴᠢᠬᠤᠯᠠ ᠡᠬᠦᠷᠬᠡ | ᠬᠠᠷᠢᠭᠤᠴᠠᠯᠭ᠎ᠠ ᠪᠤᠯᠤᠨ᠎ᠠ᠃ ᠪᠠᠰᠠᠴᠤ ᠮᠡᠷᠭᠡᠵᠢᠯ ᠤᠨ ᠠᠭᠤᠯᠬᠤᠨ ᠢᠶᠠᠷ ᠮᠠᠰᠢ ᠦᠨᠳᠤᠷ ᠪᠦᠬᠡᠳ ᠮᠠᠰᠢ ᠠᠶᠤᠯ ᠲᠦᠭᠰᠢᠬᠦᠷᠢᠳᠡᠢ ᠭᠤᠬᠴᠤᠭ᠎ᠠ ᠪᠤᠯᠤᠨ᠎ᠠ᠃ ᠲᠡᠳᠡ | ᠬᠠᠯᠠᠭᠤᠷᠠᠵᠤ ᠪᠠᠶᠢᠭ᠎ᠠ ᠡᠪᠡᠳᠴᠢᠳᠡᠨ᠂ ᠰᠡᠵᠢᠭᠯᠡᠯᠳᠡᠢ ᠡᠪᠡᠳᠴᠢᠳᠡᠨ ᠵᠡᠷᠭᠡ ᠲᠠᠢ ᠤᠶᠢᠢᠷ᠎ᠠ ᠵᠠᠢ ᠠᠴᠠ ᠬᠦᠷᠦᠯᠴᠡᠬᠦ ᠪᠤᠯᠬᠤᠷ ᠬᠤᠪᠢ ᠪᠡᠶ᠎ᠠ ᠪᠠᠨ ᠬᠠᠮᠠᠭᠠᠯᠠᠯᠳᠠ ᠪᠠᠨ | ᠰᠠᠶᠢᠳᠤᠷ ᠬᠢᠬᠦ ᠦᠬᠡᠢ ᠪᠤᠯ ᠬᠢᠯᠪᠠᠷᠬᠠᠨ ᠢᠶᠠᠷ ᠬᠠᠯᠳᠠᠪᠤᠷᠢᠯᠠᠬᠳᠠᠵᠤ ᠮᠡᠳᠡᠨ᠎ᠠ᠃ ᠡᠶᠢᠮᠦ ᠠᠴᠠ ᠵᠠᠪᠠᠯ ᠬᠤᠪᠢ ᠪᠡᠶ᠎ᠠ ᠶᠢᠨ ᠬᠠᠮᠠᠭᠠᠯᠠᠯᠳᠠ ᠶᠢ ᠬᠢᠨᠠᠮᠠᠭᠠᠢ ᠰᠠᠶᠢᠳᠤᠷ ᠬᠢᠬᠦ | ᠬᠡᠷᠡᠭᠳᠡᠢ᠃ | ᠰᠤᠷᠪᠤᠯᠵᠢᠯᠠᠬᠴᠢ᠄ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠬᠦ ᠳᠤ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠤᠯᠠᠨ ᠨᠡᠶᠢᠳᠡ ᠪᠠᠷ ᠢᠶᠠᠨ | ᠬᠡᠷᠬᠢᠨ ᠨᠢᠬᠳᠠ ᠬᠠᠮᠵᠢᠨ ᠲᠡᠮᠵᠢᠬᠦ ᠪᠤᠢ︖ ᠪᠠᠶᠢᠴᠠᠭᠠᠯᠳᠠ ᠶᠢ ᠬᠦᠯᠢᠶᠡᠭᠰᠡᠨ ᠬᠦᠮᠦᠰ ᠤᠨ ᠬᠤᠪᠢ ᠶᠢᠨ ᠨᠢᠭᠤᠴᠠ ᠶᠢ ᠬᠡᠷᠬᠢᠨ ᠬᠠᠮᠠᠭᠠᠯᠠᠬᠤ ᠪᠤᠢ︖ | ᠸᠠᠩ ᠬᠠᠢ ᠯᠢᠩ᠄ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠳᠤ ᠨᠢᠬᠳᠠ ᠬᠠᠮᠵᠢᠯᠴᠠᠬᠤ ᠪᠤᠯ ᠠᠷᠠᠳ ᠢᠷᠬᠡᠳ ᠨᠢᠬᠡᠪᠦᠷᠢ ᠶᠢᠨ ᠬᠠᠤᠯᠢ ᠪᠠᠷ | ᠲᠤᠬᠳᠠᠬᠰᠠᠨ ᠡᠬᠦᠷᠬᠡ ᠪᠤᠯᠬᠤ ᠶᠤᠮ᠃ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠬᠦ ᠠᠵᠢᠯᠳᠠᠨ ᠳᠤ ᠠᠷᠠᠳ ᠢᠷᠬᠡᠳ ᠡᠷᠬᠡᠪᠰᠢ ᠦᠨᠡᠨ ᠪᠤᠳᠠᠳᠠᠢ᠂ | ᠨᠠᠷᠢᠨ ᠨᠢᠬᠳᠠ ᠮᠡᠳᠡᠭᠡ ᠵᠠᠩᠬᠢ ᠶᠢ ᠬᠠᠨᠭ᠍ᠭᠠᠵᠤ ᠲᠡᠳᠡᠨ ᠤ ᠠᠵᠢᠯ ᠳᠤ ᠲᠦᠬᠦᠮ ᠦᠵᠡᠬᠦᠯᠬᠦ ᠬᠡᠷᠡᠭᠳᠡᠢ᠃ ᠬᠡᠷᠪᠡ ᠪᠤᠳᠠᠳᠤ ᠪᠠᠶᠢᠳᠠᠯ ᠢ ᠨᠢᠭᠤᠨ ᠲᠠᠯᠳᠠᠯᠠᠬᠤ ᠪᠤᠶᠤ | ᠬᠤᠳᠠᠯ ᠬᠠᠭᠤᠷᠮᠠᠬ ᠢᠶᠠᠷ ᠬᠠᠨᠭ᠍ᠭᠠᠬᠰᠠᠨ ᠪᠠᠶᠢᠪᠠᠯ ᠵᠤᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠡᠬᠦᠷᠬᠡᠯᠡᠬᠦ ᠶᠤᠮ᠃ | ᠪᠠᠶᠢᠴᠠᠭᠠᠯᠳᠠ ᠶᠢ ᠬᠦᠯᠢᠶᠡᠭᠰᠡᠨ ᠬᠦᠮᠦᠰ ᠤᠨ ᠬᠤᠪᠢ ᠶᠢᠨ ᠨᠢᠭᠤᠴᠠ ᠶᠢ ᠬᠠᠮᠠᠭᠠᠯᠠᠬᠤ ᠪᠤᠯ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠬᠦ | ᠠᠵᠢᠯᠳᠠᠳ ᠤᠨ ᠵᠠᠪᠠᠯ ᠵᠢᠷᠤᠮᠯᠠᠬᠤ ᠵᠠᠷᠴᠢᠮ ᠪᠤᠯᠤᠨ᠎ᠠ᠃ ︽ᠲᠠᠬᠤᠯ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠡᠮ ᠡᠮᠨᠡᠯᠬᠡ ᠶᠢᠨ ᠪᠠᠶᠢᠭᠤᠯᠤᠮᠵᠢ ᠨᠢ | ᠬᠠᠯᠳᠠᠪᠤᠷᠢᠳᠤ ᠡᠪᠡᠳᠴᠢᠳᠡᠨ᠂ ᠰᠡᠵᠢᠭᠯᠡᠯᠳᠡᠢ ᠡᠪᠡᠳᠴᠢᠳᠡᠨ᠂ ᠨᠢᠬᠳᠠ ᠤᠶᠢᠢᠷᠠᠳᠤᠬᠰᠠᠳ ᠤᠨ ᠬᠤᠪᠢ ᠬᠦᠮᠦᠨ ᠤ ᠨᠢᠭᠤᠴᠠ ᠲᠠᠢ ᠬᠤᠯᠪᠤᠬᠳᠠᠬᠤ ᠬᠠᠮᠢᠶ᠎ᠠ ᠪᠦᠬᠦᠢ | ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠪᠠᠷ ᠵᠠᠳᠠᠷᠠᠭᠤᠯᠪᠠᠯ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠢᠳᠬᠡᠯ ᠦᠭᠴᠤ᠂ ᠦᠢᠯᠡ ᠪᠠᠶᠢᠳᠠᠯ ᠨᠢ ᠬᠦᠨᠳᠤ | ᠨᠤᠴᠢᠳᠠᠢ ᠪᠤᠯᠵᠤ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠠ ᠬᠡᠵᠤ ᠲᠤᠳᠤᠷᠬᠠᠢ | ᠲᠤᠭᠳᠠᠭᠠᠪᠠ᠃ | ᠰᠤᠷᠪᠤᠯᠵᠢᠯᠠᠬᠴᠢ᠄ ᠮᠠᠨ ᠤ ᠤᠷᠤᠨ ᠤ ᠲᠠᠯᠠᠳ ᠬᠤᠰᠢᠭᠤᠨ ᠳᠤ ᠤᠨᠤᠰᠢᠯᠠᠬᠰᠠᠨ ᠡᠪᠡᠳᠴᠢᠳᠡᠨ ᠨᠡᠯᠢᠶᠠᠳ ᠠᠷᠪᠢᠨ ᠪᠠᠶᠢᠨ᠎ᠠ᠃ ᠲᠠ ᠲᠠᠯᠠᠳ ᠬᠤᠰᠢᠭᠤᠨ ᠤ | ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ ᠠᠵᠢᠯ ᠢ ᠲᠠᠨᠢᠯᠴᠠᠭᠤᠯᠵᠤ ᠦᠭᠬᠦᠨᠤ︖ | ᠸᠠᠩ ᠬᠠᠢ ᠯᠢᠩ᠄ 2 ᠰᠠᠷ᠎ᠠ ᠶᠢᠨ 1 ᠤ ᠡᠳᠦᠷ ᠤᠷᠳᠤᠰ ᠬᠤᠳᠠ ᠶᠢᠨ ᠲᠠᠯᠠᠳ ᠬᠤᠰᠢᠭᠤᠨ ᠳᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ 1 | ᠰᠡᠵᠢᠭᠯᠡᠯᠳᠡᠢ ᠡᠪᠡᠳᠴᠢᠳᠡᠨ ᠢᠯᠡᠷᠡᠭᠰᠡᠨ ᠮᠡᠳᠡᠬᠦᠯᠦᠯᠳᠡ ᠭᠠᠷᠪᠠ᠃ ᠡᠨᠡᠬᠦ ᠡᠪᠡᠳᠴᠢᠨ ᠤ ᠵᠢᠱᠢᠶ᠎ᠠ ᠨᠢ ᠲᠤᠰ ᠬᠤᠳᠠ ᠠᠴᠠ ᠪᠠᠨ ᠭᠠᠳᠠᠬᠰᠢ ᠭᠠᠷᠤᠬᠰᠠᠨ ᠦᠬᠡᠢ᠂ | ᠬᠠᠯᠠᠭᠤᠷᠠᠬᠤ ᠮᠡᠳᠦ ᠶᠢᠨ ᠡᠪᠡᠳᠴᠢᠳᠡᠨ ᠲᠠᠢ ᠤᠶᠢᠢᠷᠠᠳᠤᠬᠰᠠᠨ ᠦᠬᠡᠢ᠂ ᠪᠠᠰᠠ ᠲᠠᠷᠢᠶᠠᠯᠡᠩ ᠤᠨ ᠠᠷᠠᠯᠵᠢᠶ᠎ᠠ ᠶᠢᠨ ᠵᠠᠬ᠎ᠠ ᠲᠡᠯᠬᠡᠬᠦᠷ ᠲᠤ ᠤᠴᠢᠬᠰᠠᠨ ᠦᠬᠡᠢ᠂ | ᠬᠡᠬᠡᠷ᠎ᠠ ᠶᠢᠨ ᠠᠮᠢᠳᠠᠨ ᠲᠠᠢ ᠬᠦᠷᠦᠯᠴᠡᠭᠰᠡᠨ ᠦᠬᠡᠢ᠂ ᠴᠤᠷ ᠤᠨ ᠭᠠᠭᠴᠠ ᠰᠦᠪᠡᠭᠴᠢ ᠬᠡᠪᠠᠯ ᠤᠨᠤᠰᠢᠯᠠᠬᠰᠠᠨ ᠡᠪᠡᠳᠴᠢᠳᠡᠨ ᠰᠦᠡᠭ ᠤᠪᠤᠬᠳᠤ ᠶᠢᠨ ᠠᠰᠠᠷ ᠤᠨ | ᠰᠠᠭᠤᠴᠠ ᠶᠢᠨ ᠲᠡᠬᠡᠷ᠎ᠠ ᠲᠠᠪᠬᠤᠷᠯᠢᠬ ᠤᠨ ᠬᠡᠷ ᠲᠤ ᠰᠠᠭᠤᠵᠤ ᠪᠤᠢ᠃ | ᠡᠨᠡᠬᠦ ᠤᠨᠴᠠᠭᠠᠢ ᠡᠪᠡᠳᠴᠢᠨ ᠤ ᠵᠢᠱᠢᠶ᠎ᠠ ᠶᠢᠨ ᠬᠠᠯᠳᠠᠪᠤᠷᠢᠯᠬᠠᠰᠠᠨ ᠰᠢᠯᠳᠠᠭᠠᠨ ᠢ ᠲᠤᠳᠤᠯᠠᠬᠤ ᠶᠢᠨ ᠲᠦᠯᠦᠬᠡ ᠲᠠᠯᠠᠳ ᠬᠤᠰᠢᠭᠤᠨ ᠤ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠦᠪ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ ᠠᠵᠢᠯᠳᠠᠨ ᠢ ᠵᠤᠬᠢᠶᠠᠨ ᠪᠠᠶᠢᠭᠤᠯᠵᠤ᠂ ᠭᠠᠷᠴᠤ ᠮᠡᠳᠡᠬᠦ | ᠪᠤᠯᠤᠮᠵᠢ ᠶᠢᠨ ᠲᠤᠬᠠᠢ ᠬᠦᠨ ᠬᠦᠨᠵᠡᠬᠡᠢ ᠨᠠᠷᠢᠨ ᠨᠢᠬᠳᠠ ᠪᠠᠶᠢᠴᠠᠭᠠᠯᠳᠠ ᠬᠢᠵᠤ᠂ ᠠᠰᠠᠷ ᠤᠨ ᠲᠡᠬᠡᠷ᠎ᠠ ᠲᠠᠪᠬᠤᠷᠯᠢᠬ ᠤᠨ ᠡᠪᠡᠳᠴᠢᠨ ᠤ ᠵᠢᠱᠢᠶ᠎ᠠ᠂ ᠲᠤᠤᠷ᠎ᠠ | ᠲᠠᠪᠬᠤᠷᠯᠢᠬ ᠤᠨ ᠡᠪᠡᠳᠴᠢᠨ ᠤ ᠵᠢᠱᠢᠶ᠎ᠠ ᠶᠢᠨ ᠡᠪᠡᠳᠴᠢᠯᠡᠭᠰᠡᠨ ᠴᠠᠬ᠂ ᠶᠠᠪᠤᠵᠤ ᠰᠠᠭᠤᠬᠰᠠᠨ ᠪᠠᠶᠢᠳᠠᠯ᠂ ᠠᠮᠢᠳᠤᠷᠠᠯ ᠤᠨ ᠲᠠᠳᠬᠠᠯ ᠵᠡᠷᠭᠡ ᠲᠠᠯ᠎ᠠ ᠪᠠᠷ ᠨᠠᠷᠢᠨ | ᠨᠢᠬᠳᠠ ᠬᠠᠷᠭᠤᠭᠤᠯᠤᠨ ᠦᠵᠡᠵᠤ ᠪᠠᠶᠢᠴᠠᠭᠠᠯᠳᠠ ᠬᠢᠵᠠᠢ᠃ | ᠡᠪᠡᠳᠴᠢᠯᠡᠭᠰᠡᠨ ᠴᠠᠬ ᠪᠤᠯᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠶᠢᠨ ᠦᠷ᠎ᠠ ᠳ᠋ᠦᠡᠭ ᠢ ᠦᠨᠳᠤᠰᠤᠯᠠᠵᠤ᠂ ᠰᠢᠨ᠎ᠠ ᠲᠢᠳᠢᠮᠯᠢᠭ | ᠠᠭᠤᠰᠬᠢᠨ ᠦᠷᠪᠢᠰᠦᠯ ᠤᠨ ᠬᠠᠯᠳᠠᠪᠤᠷᠢᠯᠠᠯ ᠤᠨ ᠡᠬᠢ ᠪᠤᠯᠤᠨ ᠬᠠᠯᠳᠠᠪᠤᠷᠢᠯᠠᠬᠤ ᠵᠠᠮ ᠤᠨ ᠲᠤᠬᠠᠢ ᠲᠠᠨᠢᠯᠳᠠ ᠲᠠᠢ ᠪᠠᠨ ᠤᠶᠠᠯᠳᠤᠭᠤᠯᠵᠤ᠂ ᠡᠨᠡᠬᠦ ᠤᠨᠴᠠᠭᠠᠢ | ᠡᠪᠡᠳᠴᠢᠨ ᠤ ᠵᠢᠱᠢᠶ᠎ᠠ ᠶᠢᠨ ᠬᠠᠯᠳᠠᠪᠤᠷᠢᠯᠠᠬᠳᠠᠬᠰᠠᠨ ᠤ ᠰᠢᠯᠳᠠᠭᠠᠨ ᠢ ᠡᠴᠦᠰ ᠲᠡᠭᠡᠨ ᠲᠤᠳᠤᠯᠠᠵᠤ᠂ ᠪᠤᠰᠤᠳ ᠬᠠᠮᠢᠶ᠎ᠠ ᠪᠦᠬᠦᠢ ᠤᠨᠤᠰᠢᠯᠠᠬᠰᠠᠨ ᠡᠪᠡᠳᠴᠢᠨ ᠤ | ᠵᠢᠱᠢᠶ᠎ᠠ ᠶᠢᠨ ᠶᠠᠪᠤᠵᠤ ᠰᠠᠭᠤᠬᠰᠠᠨ ᠪᠠᠶᠢᠳᠠᠯ᠂ ᠬᠠᠯᠳᠠᠪᠤᠷᠢᠯᠠᠬᠰᠠᠨ ᠰᠢᠯᠳᠠᠭᠠᠨ ᠤ ᠲᠤᠬᠠᠢ ᠲᠤᠳᠤᠷᠬᠠᠢ ᠲᠠᠨᠢᠯᠳᠠ ᠲᠠᠢ ᠪᠤᠯᠵᠠᠢ᠃ | ᠰᠤᠷᠪᠤᠯᠵᠢᠯᠠᠬᠴᠢ᠄ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠳᠤ ᠢᠯᠡᠷᠡᠬᠦᠯᠦᠭᠰᠡᠨ ᠠᠰᠠᠭᠤᠳᠠᠯ ᠨᠢ ᠪᠢᠳᠡᠨ ᠳᠤ ᠶᠠᠮᠠᠷ ᠰᠡᠩᠭᠡᠷᠡᠬᠦᠯᠦᠯ | ᠤᠯᠭᠤᠪᠠ︖ ᠬᠤᠶᠢᠰᠢᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠲᠠ ᠶᠠᠮᠠᠷ ᠰᠠᠨᠠᠭᠤᠯᠭ᠎ᠠ ᠦᠭᠬᠦ ᠪᠤᠢ︖ | ᠶᠠᠨ ᠱᠤᠤ ᠬᠤᠨᠭ᠌᠄ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠬᠦ ᠶᠠᠪᠤᠴᠠ ᠳᠤ ᠪᠢᠳᠡ ᠦᠨᠡᠬᠡᠷ ᠵᠠᠷᠢᠮ ᠠᠰᠠᠭᠤᠳᠠᠯ ᠢ ᠤᠯᠵᠤ ᠮᠡᠳᠡᠭᠰᠡᠨ | ᠪᠦᠬᠡᠳ ᠰᠡᠩᠭᠡᠷᠡᠬᠦᠯᠦᠯ ᠬᠦᠷᠳᠡᠭᠰᠡᠨ ᠪᠠᠶᠢᠨ᠎ᠠ᠃ ᠤᠳᠤᠬᠠᠨ ᠤ ᠬᠢᠵᠢᠭ ᠤᠨ ᠪᠠᠶᠢᠳᠠᠯ ᠬᠦᠨᠳᠤ ᠬᠡᠴᠡᠬᠦᠦ ᠪᠠᠶᠢᠭ᠎ᠠ ᠪᠠᠶᠢᠳᠠᠯ ᠲᠤᠤᠷ᠎ᠠ ᠵᠠᠪᠠᠯ ᠲᠤᠤᠷᠠᠬᠢ ᠮᠡᠳᠦ ᠬᠡᠳᠦᠨ | ᠵᠦᠢᠯ ᠢ ᠬᠢᠵᠤ ᠬᠦᠢᠴᠡᠳᠬᠡᠬᠦ ᠬᠡᠷᠡᠭᠳᠡᠢ ᠪᠠᠶᠢᠨ᠎ᠠ᠄ | ᠨᠢᠬᠡ᠂ ᠬᠢᠵᠢᠭ ᠤᠨ ᠪᠠᠶᠢᠳᠠᠯ ᠤᠨ ᠭᠠᠵᠠᠷ ᠤᠷᠤᠨ ᠠᠴᠠ ᠬᠠᠷᠢᠵᠤ ᠢᠷᠡᠭᠰᠡᠨ ᠬᠦᠮᠦᠰ ᠤᠨ ᠲᠤᠬᠠᠢ ᠬᠠᠮᠢᠶᠠᠷᠤᠯᠳᠠ ᠪᠠᠨ ᠴᠢᠩᠭᠠᠳᠬᠬᠤ ᠬᠡᠷᠡᠭᠳᠡᠢ᠃ | ᠠᠵᠢᠯ ᠢᠶᠠᠨ ᠰᠡᠷᠬᠦᠬᠡᠵᠤ ᠦᠢᠯᠡᠳᠪᠦᠷᠢᠯᠡᠯ ᠢᠶᠠᠨ ᠰᠡᠷᠬᠦᠬᠡᠵᠤ᠂ ᠰᠤᠷᠠᠭᠠᠭᠤᠯᠢ ᠡᠬᠢᠯᠡᠬᠦ ᠶᠢ ᠲᠠᠭᠠᠯᠳᠤᠨ᠂ ᠨᠡᠶᠢᠬᠡᠮ ᠲᠤᠭᠤᠷᠢᠬ ︵ᠭᠠᠴᠠᠭ᠎ᠠ ᠲᠤᠰᠬᠤᠨ︶ ᠪᠤᠯᠤᠨ | ᠪᠠᠶᠢᠭᠤᠯᠭ᠎ᠠ ᠨᠢᠬᠡᠴᠢ ᠵᠠᠪᠠᠯ ᠰᠡᠷᠭᠡᠶᠢᠯᠡᠨ ᠡᠵᠡᠮᠳᠡᠬᠦ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠠᠷᠢᠶ᠎ᠠ ᠲᠤᠭᠤᠷᠢᠬ᠂ ᠪᠠᠶᠢᠭᠤᠯᠭ᠎ᠠ | ᠨᠢᠬᠡᠴᠢ ᠶᠢᠨ ᠭᠠᠳᠠᠨ᠎ᠠ ᠠᠴᠠ ᠢᠷᠡᠭᠰᠡᠨ ᠬᠦᠮᠦᠰ ᠤᠨ ᠪᠠᠶᠢᠳᠠᠯ ᠪᠤᠯᠤᠨ ᠡᠷᠡᠬᠦᠯ ᠮᠡᠨᠳᠦ ᠶᠢᠨ ᠪᠠᠶᠢᠳᠠᠯ ᠢ ᠤᠶᠢᠢᠯᠠᠭᠠᠵᠤ ᠡᠵᠡᠮᠰᠢᠬᠦ ᠬᠡᠷᠡᠭᠳᠡᠢ᠃ | ᠬᠤᠶᠠᠷ᠂ ᠠᠮᠠᠪᠴᠢ ᠵᠡᠬᠦᠬᠦ ᠪᠤᠯ ᠮᠠᠰᠢ ᠴᠢᠬᠤᠯᠠ ᠶᠤᠮ᠃ ᠲᠠᠯᠠᠳ ᠬᠤᠰᠢᠭᠤᠨ ᠳᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠳᠠ ᠬᠢᠬᠦ ᠳᠡᠭᠡᠨ | ᠤᠯᠵᠤ ᠮᠡᠳᠡᠭᠰᠡᠨ ᠨᠢ ᠤᠨᠤᠰᠢᠯᠠᠬᠰᠠᠨ ᠡᠪᠡᠳᠴᠢᠳᠡᠨ ᠪᠠᠶᠢᠳᠠᠯ᠎ᠠ ᠠᠮᠠᠪᠴᠢ ᠵᠡᠬᠦᠬᠦ ᠤᠬᠠᠮᠰᠠᠷ ᠦᠬᠡᠢ ᠪᠠᠶᠢᠳᠠᠬ᠃ ᠡᠶᠢᠮᠦ ᠠᠴᠠ ᠬᠡᠷ ᠪᠦᠯᠢ ᠪᠤᠯᠤᠨ ᠬᠤᠪᠢ | ᠬᠦᠮᠦᠨ ᠤ ᠡᠷᠡᠬᠦᠯ ᠮᠡᠨᠳᠦ ᠶᠢᠨ ᠲᠦᠯᠦᠬᠡ ᠠᠮᠠᠪᠴᠢ ᠵᠡᠬᠦᠬᠡᠷᠡᠢ ᠬᠡᠵᠤ ᠲᠠᠬᠢᠨᠳᠠ ᠰᠠᠨᠠᠭᠤᠯᠤᠶ᠎ᠠ᠃ | ᠭᠤᠷᠪᠠ᠂ ᠭᠠᠷ ᠢᠶᠠᠨ ᠢᠯᠡᠬᠦᠬᠡᠨ ᠤᠬᠢᠶᠠᠵᠤ ᠪᠠᠶᠢᠭᠠᠷᠠᠢ᠃ ᠡᠨᠡ ᠨᠢ ᠮᠠᠰᠢ ᠴᠢᠬᠤᠯᠠ ᠶᠤᠮ᠃ | ᠲᠦᠷᠪᠡ᠂ ᠪᠦᠬᠡᠮᠨᠡᠷᠡᠨ ᠴᠤᠬᠯᠠᠵᠤ ᠨᠠᠶᠢᠷᠯᠠᠬᠤ ᠪᠤᠶᠤ ᠤᠯᠠᠭᠤᠯᠠ ᠨᠡᠶᠢᠯᠡᠵᠤ ᠬᠤᠭᠤᠯᠠᠯᠠᠬᠤ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠬᠢᠵᠢᠭ ᠤᠨ ᠪᠠᠶᠢᠳᠠᠯ ᠤᠨ | ᠬᠤᠭᠤᠴᠠᠭᠠᠨ ᠳᠤ ᠬᠤᠳᠠ ᠬᠦᠳᠡᠭᠡ ᠬᠠᠮᠢᠭ᠎ᠠ ᠬᠡᠵᠢᠶ᠎ᠠ ᠴᠤ ᠬᠡᠰᠡᠨ ᠡᠬᠦᠨ ᠢ ᠴᠢᠩᠭ᠎ᠠ ᠪᠠᠷᠢᠮᠳᠠᠯᠠᠵᠤ ᠨᠠᠶᠢᠳᠠᠪᠤᠷᠢᠵᠢᠭᠤᠯᠬᠤ ᠬᠡᠷᠡᠭᠳᠡᠢ᠃ | | |