ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ | ᠲᠠᠪᠤᠨ ᠵᠠᠰᠠᠭ ᠲᠠᠷᠬᠠᠭᠠᠬᠤ ﹇2020﹈ 10 ᠳ᠋ᠤᠭᠠᠷ ᠲᠣᠭᠠᠲᠤ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠨᠢᠭᠡᠴᠢ ᠳᠤ᠄ | | ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹ 2019 ︺ 24 ᠳ᠋ᠦ᠋ᠭᠡᠷ ᠲᠣᠭᠠᠲᠤ︶᠂ ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2020 ︺ 2 ᠳ᠋ᠤᠭᠠᠷ ᠲᠣᠭᠠᠲᠤ︶ ᠪᠠ ︽ᠳᠣᠯᠣᠳᠤᠭᠠᠷ ᠤᠳᠠᠭᠠᠨ ᠤ ᠪᠥᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠣᠯᠣᠳᠤᠭᠠᠷ | ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠮᠠᠨ ᠤ ᠰᠢᠶᠠᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠬᠤᠯᠪᠣᠭᠳᠠᠯ ᠪᠦᠬᠦᠢ ᠤᠴᠢᠷ ᠶᠠᠪᠤᠳᠠᠯ ᠢ ᠤᠳᠤ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠰᠢᠨ᠎ᠡ ᠴᠠᠭ ᠦᠶ᠎ᠡ ᠳᠤ ᠤᠷᠤᠭᠰᠠᠨ ᠤ ᠳᠠᠷᠠᠭ᠎ᠠ ᠥᠷᠨᠢᠭᠦᠯᠦᠭᠰᠡᠨ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠪᠣᠯᠤᠨ᠎ᠠ᠂ ᠮᠥᠨ | ᠴᠦ ᠨᠢᠭᠡ ᠵᠦᠢᠯ ᠤᠨ ᠴᠢᠬᠤᠯᠠ ᠶᠡᠭᠡ ᠰᠢᠶᠠᠨ ᠤ ᠪᠠᠶᠢᠳᠠᠯ ᠰᠢᠶᠠᠨ ᠤ ᠬᠦᠴᠦᠨ ᠤ ᠪᠠᠶᠢᠴᠠᠭᠠᠯᠲᠠ ᠪᠣᠯᠤᠨ᠎ᠠ᠂ ᠮᠠᠨ ᠤ ᠰᠢᠶᠠᠨ ᠤ ᠬᠥᠮᠦᠨ ᠠᠮᠠ ᠶᠢᠨ ᠲᠤᠭ᠎ᠠ᠂ | ᠪᠦᠲᠦᠴᠡ᠂ ᠲᠠᠷᠬᠠᠯᠲᠠ᠂ ᠬᠤᠲᠠ ᠬᠥᠳᠡᠭᠡ ᠶᠢᠨ ᠣᠷᠣᠨ ᠰᠠᠭᠤᠴᠠ ᠵᠡᠷᠭᠡ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠵᠤ᠂ ᠮᠠᠨ ᠤ ᠰᠢᠶᠠᠨ ᠤ | 2010 ᠣᠨ ᠠᠴᠠ ᠨᠠᠰᠢᠬᠢ ᠬᠥᠮᠦᠨ ᠠᠮᠠ ᠶᠢᠨ ᠬᠤᠪᠢᠷᠠᠯᠲᠠ ᠪᠠ ᠬᠥᠭᠵᠢᠯᠲᠡ ᠶᠢᠨ ᠬᠠᠨᠳᠤᠰᠢ ᠶᠢ ᠡᠵᠡᠮᠰᠢᠨ᠂ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠥᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ | ᠬᠥᠭᠵᠢᠯᠲᠡ ᠶᠢ ᠠᠬᠢᠭᠤᠯᠤᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ | ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃ | ᠬᠤᠶᠠᠷ᠂ ᠨᠡᠶᠢᠳᠡᠮ ᠪᠠᠶᠢᠴᠠᠭᠠᠬᠤ ᠡᠲᠡᠭᠡᠳ᠂ ᠠᠭᠤᠯᠭ᠎ᠠ ᠪᠣᠯᠤᠨ ᠴᠠᠭ ᠬᠤᠭᠤᠴᠠᠭ᠎ᠠ | ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠲᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠢᠯᠢ ᠶᠢᠨ ᠳᠣᠲᠣᠷ᠎ᠠ ᠪᠠᠶᠢᠭ᠎ᠠ ᠪᠠᠶᠢᠭᠠᠯᠢ ᠬᠥᠮᠦᠨ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠭᠠᠳᠠᠨ᠎ᠠ ᠪᠠᠶᠢᠭ᠎ᠠ ᠪᠣᠯᠪᠠᠴᠤ | ᠰᠠᠭᠤᠷᠢᠰᠢᠭᠰᠠᠨ ᠥᠬᠡᠶ ᠳᠤᠮᠳᠠᠳᠤ ᠤᠯᠤᠰ ᠤᠨ ᠠᠷᠠᠳ ᠢᠷᠭᠡᠨ ᠪᠣᠯᠤᠨ᠎ᠠ᠂ ᠡᠭᠦᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ | ᠳᠣᠲᠣᠷ᠎ᠠ ᠣᠬᠤᠷ ᠬᠤᠭᠤᠴᠠᠭ᠎ᠠ ᠪᠠᠷ ᠰᠠᠭᠤᠭ᠎ᠠ ᠬᠢᠯᠢ ᠶᠢᠨ ᠭᠠᠳᠠᠨᠠᠬᠢ ᠬᠥᠮᠦᠰ ᠪᠠᠭᠲᠠᠬᠤ ᠥᠬᠡᠶ᠃ | ᠨᠡᠶᠢᠳᠡᠮ ᠪᠠᠶᠢᠴᠠᠭᠠᠯᠲᠠ ᠳᠤ ᠭᠤᠤᠯᠳᠠᠭᠤ ᠬᠥᠮᠦᠨ ᠠᠮᠠ ᠪᠣᠯᠤᠨ ᠰᠠᠭᠤᠭᠠᠯᠢ ᠡᠷᠦᠬᠡ ᠶᠢᠨ ᠦᠨᠳᠦᠰᠦᠨ ᠪᠠᠶᠢᠳᠠᠯ ᠢ ᠪᠠᠶᠢᠴᠠᠭᠠᠨ᠎ᠠ᠂ ᠠᠭᠤᠯᠭ᠎ᠠ ᠳᠤ᠄ ᠣᠪᠣᠭ | ᠨᠡᠷ᠎ᠡ᠂ ᠠᠷᠠᠳ ᠢᠷᠭᠡᠨ ᠤ ᠪᠡᠶ᠎ᠡ ᠶᠢᠨ ᠦᠨᠡᠮᠯᠡᠯ ᠤᠨ ᠨᠣᠮᠧᠷ᠂ ᠬᠦᠢᠰᠦ ᠶᠢᠨ ᠢᠯᠭᠠᠯ᠂ ᠨᠠᠰᠤ ᠵᠢᠯ᠂ ᠦᠨᠳᠦᠰᠦᠲᠡᠨ᠂ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ᠂ | ᠠᠵᠢᠯ ᠲᠥᠷᠥᠯ᠂ ᠠᠵᠢᠯ ᠮᠡᠷᠭᠡᠵᠢᠯ᠂ ᠨᠡᠭᠦᠳᠡᠯᠯᠡᠨ ᠰᠢᠯᠵᠢᠬᠦ᠂ ᠤᠷᠤᠭᠯᠠᠵᠤ ᠬᠥᠩᠭᠡᠵᠢᠬᠦ᠂ ᠥᠭᠦᠬᠦ᠂ ᠣᠷᠣᠨ ᠰᠠᠭᠤᠴᠠ ᠶᠢᠨ ᠪᠠᠶᠢᠳᠠᠯ ᠵᠡᠷᠭᠡ ᠪᠠᠭᠲᠠᠨ᠎ᠠ᠃ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠪᠣᠯ 2020 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ ᠴᠠᠭ ᠪᠣᠯᠤᠨ᠎ᠠ᠃ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠬᠤ | ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠤᠯᠠᠨ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠠᠵᠢᠯ ᠤᠨ ᠬᠦᠴᠢᠷᠳᠡᠯ ᠶᠡᠭᠡ᠂ ᠰᠢᠶᠠᠨ ᠤ ᠵᠠᠰᠠᠭ ᠤᠨ | ᠣᠷᠳᠣᠨ ᠠᠴᠠ ᠦᠶᠤᠸᠠᠨ ᠰᠢᠶᠠᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ | ︵ᠳᠠᠭᠠᠯᠳᠤᠭᠤᠯᠤᠯ ᠳᠤ ᠦᠵᠡ︶ ᠪᠠᠶᠢᠭᠤᠯᠵᠤ᠂ ᠰᠢᠶᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ | ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ | ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠶᠢᠭᠤᠯᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠳᠦᠷ ᠲᠤᠳᠤᠮ ᠤᠨ ᠵᠣᠬᠢᠶᠠᠨ ᠪᠠᠶᠢᠭᠤᠯᠬᠤ | ᠪᠠ ᠵᠣᠬᠢᠴᠠᠭᠤᠯᠬᠤ ᠶᠢ ᠪᠣᠳᠠᠲᠠᠶ ᠬᠠᠷᠢᠭᠤᠴᠠᠨ᠎ᠠ᠃ ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ | ᠦᠢᠯᠡᠴᠢᠯᠡᠭᠡᠨ ᠤ ᠲᠥᠪ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ 2020 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ︵ᠤᠳᠤᠷᠢᠳᠬᠤ ᠳᠤᠭᠤᠶᠢᠯᠠᠩ ᠵᠢᠴᠢ ᠲᠡᠭᠦᠨ ᠤ ᠠᠯᠪᠠᠨ ᠬᠡᠷ ᠪᠠᠭᠲᠠᠨ᠎ᠠ︶ ᠶᠢ ᠵᠣᠬᠢᠶᠠᠨ ᠪᠠᠶᠢᠭᠤᠯᠬᠤ | ᠠᠵᠢᠯ ᠢ ᠪᠡᠶᠡᠯᠡᠭᠦᠯᠵᠦ᠂ ᠰᠤᠮᠤ ᠪᠠᠯᠭᠠᠰᠤ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠤᠮᠤ ᠪᠠᠯᠭᠠᠰᠤ ᠶᠢᠨ | ᠳᠠᠷᠤᠭ᠎ᠠ ᠡᠭᠦᠷᠭᠡᠯᠡᠬᠦ ᠬᠡᠷᠡᠭᠲᠡᠶ᠃ ᠡᠯ᠎ᠡ ᠲᠣᠰᠬᠤᠨ᠂ ᠡᠯ᠎ᠡ ᠨᠡᠶᠢᠭᠡᠮ ᠲᠣᠭᠤᠷᠢᠭ 2020 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠭᠤᠶᠢᠯᠠᠩ ᠪᠠᠶᠢᠭᠤᠯᠵᠤ᠂ ᠲᠤᠰ ᠬᠠᠷᠢᠶ᠎ᠠ ᠣᠷᠣᠨ ᠤ ᠪᠠᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠤᠬᠠᠭᠤᠯᠬᠤ᠂ ᠳᠠᠶᠢᠴᠢᠯᠠᠬᠤ ᠪᠠ ᠪᠠᠶᠢᠴᠠᠭᠠᠵᠤ ᠪᠠᠶᠢᠳᠠᠯ ᠢ ᠣᠶᠢᠯᠠᠭᠠᠬᠤ᠂ ᠳᠠᠩᠰᠠᠯᠠᠬᠤ ᠠᠵᠢᠯ ᠢ ᠬᠢᠨ᠎ᠡ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠳ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ᠂ ᠬᠠᠲᠠᠭᠤ ᠪᠡᠷᠬᠡ ᠴᠢᠨᠠᠷ ᠪᠣᠯᠤᠨ ᠪᠤᠳᠤᠯᠢᠶᠠᠨᠲᠤ | ᠴᠢᠨᠠᠷ ᠢ ᠭᠦᠢᠴᠡᠳ ᠲᠠᠨᠢᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠳᠦᠷ ᠲᠤᠳᠤᠮ ᠤᠨ | ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠰᠢᠶᠠᠨ ᠤ ᠵᠠᠰᠠᠭ ᠤᠨ ᠣᠷᠳᠣᠨ ᠤ ᠨᠢᠭᠡᠳᠦᠯᠲᠡᠶ ᠠᠵᠢᠯ ᠤᠨ ᠪᠠᠶᠢᠷᠢᠯᠠᠭᠤᠯᠤᠯᠲᠠ᠂ ᠨᠢᠭᠡᠳᠦᠯᠲᠡᠶ ᠴᠠᠭ | ᠬᠤᠭᠤᠴᠠᠭᠠᠨ ᠤ ᠲᠤᠬᠢᠷᠠᠭᠤᠯᠤᠯᠳᠠ᠂ ᠨᠢᠭᠡᠳᠦᠯᠲᠡᠶ ᠠᠵᠢᠯᠯᠠᠭᠠᠨ ᠤ ᠵᠢᠷᠤᠮᠵᠢᠯ ᠶᠣᠰᠣᠭᠠᠷ᠂ ᠳᠡᠭᠡᠷ᠎ᠡ ᠠᠴᠠ ᠳᠣᠷᠣᠭᠰᠢ᠂ ᠱᠠᠳᠤ ᠱᠠᠳᠤ ᠪᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠠᠯᠲᠠᠲᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠰᠢᠶᠠᠨ ᠤ ᠵᠠᠰᠠᠭ ᠤᠨ ᠣᠷᠳᠣᠨ ᠳᠣᠯᠣᠳᠤᠭᠠᠷ | ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠠᠵᠢᠯ ᠤᠨ | ᠨᠠᠶᠢᠳᠠᠪᠤᠷᠢᠵᠢᠭᠤᠯᠤᠯᠲᠠ᠂ ᠲᠤᠭ᠎ᠠ ᠪᠠᠷᠢᠮᠲᠠ ᠶᠢᠨ ᠶᠠᠰᠤ ᠴᠢᠨᠠᠷ ᠵᠡᠷᠭᠡ ᠪᠠᠶᠢᠳᠠᠯ ᠢ 2020 ᠣᠨ ᠤ ᠰᠢᠶᠠᠨ ᠤ ᠰᠤᠮᠤ ᠪᠠᠯᠭᠠᠰᠤ᠂ ᠰᠠᠯᠠᠭ᠎ᠠ ᠮᠥᠴᠢᠷ ᠤᠨ ᠪᠣᠳᠠᠲᠤ | ᠠᠮᠵᠢᠯᠲᠠ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠡᠯ᠎ᠡ ᠰᠤᠮᠤ ᠪᠠᠯᠭᠠᠰᠤ ᠴᠤ ᠵᠣᠬᠢᠴᠠᠩᠭᠤᠶ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ | ᠪᠠᠶᠢᠭᠤᠯᠵᠤ᠂ ᠮᠠᠨ ᠤ ᠰᠢᠶᠠᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠭᠦᠷᠭᠡ ᠶᠢᠨ | ᠤᠷᠤᠭᠰᠢᠲᠠᠶ ᠪᠡᠶᠡᠯᠡᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠲᠤᠰ ᠤᠨ ᠬᠠᠷᠢᠭᠤᠴᠠᠯᠭ᠎ᠠ ᠪᠠᠨ | ᠭᠦᠢᠴᠡᠳᠬᠡᠨ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠ ᠬᠠᠮᠵᠢᠯᠴᠠᠵᠤ᠂ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠬᠦᠴᠦ ᠪᠠᠨ ᠬᠠᠮᠲᠤᠳᠬᠠᠨ | ᠰᠠᠶᠢᠲᠤᠷ ᠬᠢᠬᠦ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠦᠷᠦᠭᠦᠯᠡᠨ ᠬᠢᠬᠦ ᠦᠢᠯᠡᠳᠦᠯ ᠢᠶᠠᠨ ᠪᠠᠳᠠᠷᠠᠭᠤᠯᠵᠤ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠢᠶᠠᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠠᠴᠠ ᠰᠣᠨᠢᠨ ᠮᠡᠳᠡᠭᠡ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠵᠡᠷᠭᠡ ᠨᠢᠭᠡᠴᠡ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ | ᠵᠣᠬᠢᠴᠠᠭᠤᠯᠵᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠶᠠᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠠᠴᠠ ᠡᠷᠦᠬᠡ ᠠᠮᠠ ᠶᠢᠨ ᠲᠠᠩᠰᠠ ᠶᠢ ᠢᠯᠭᠠᠷᠠᠭᠤᠯᠤᠨ ᠴᠡᠭᠴᠡᠯᠡᠬᠦ ᠠᠵᠢᠯ᠂ ᠳᠠᠩᠰᠠᠯᠠᠭᠰᠠᠨ ᠡᠲᠡᠭᠡᠳ ᠤᠨ ᠪᠡᠶ᠎ᠡ ᠬᠡᠮ ᠤᠨ ᠮᠡᠳᠡᠭᠡ ᠵᠠᠩᠭᠢ ᠶᠢ | ᠬᠠᠷᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠱᠠᠲᠤᠨ ᠤ ᠡᠷᠦᠬᠡ ᠠᠮᠠ ᠶᠢᠨ | ᠲᠠᠩᠰᠠ ᠶᠢᠨ ᠲᠠᠯ᠎ᠠ ᠳᠤ ᠬᠤᠯᠪᠣᠭᠳᠠᠬᠤ ᠠᠵᠢᠯ ᠢ ᠵᠣᠬᠢᠴᠠᠭᠤᠯᠤᠨ᠎ᠠ᠃ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠨᠡᠶᠢᠳᠡᠮ | ᠪᠠᠶᠢᠴᠠᠭᠠᠯᠲᠠ ᠶᠢᠨ ᠲᠥᠰᠦᠯ ᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠬᠤᠯᠪᠣᠭᠳᠠᠯ ᠪᠥᠬᠦᠢ ᠲᠤᠰᠬᠠᠶ | ᠵᠦᠢᠯ ᠤᠨ ᠲᠥᠯᠥᠪᠵᠢᠭᠦᠯᠭᠡ ᠯᠦᠭᠡ ᠵᠣᠯᠭᠠᠭᠤᠯᠬᠤ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠰᠢᠶᠠᠨ ᠤ ᠲᠤᠰ | ᠱᠠᠲᠤᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠠᠷᠤᠳᠠᠯ ᠤᠨ ᠪᠠᠲᠤᠯᠠᠭ᠎ᠠ ᠶᠢ ᠬᠠᠪᠰᠤᠷᠤᠨ ᠰᠠᠶᠢᠲᠤᠷ ᠬᠢᠵᠦ᠂ ᠰᠢᠶᠠᠨ ᠤ ᠲᠤᠰ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠵᠠᠷᠤᠳᠠᠯ ᠤᠨ ᠪᠠᠲᠤᠯᠠᠭ᠎ᠠ ᠪᠣᠯᠤᠨ ᠬᠡᠷᠡᠭᠯᠡᠯᠲᠡ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠶᠢᠨ ᠠᠵᠢᠯ ᠳᠤ ᠠᠰᠢᠭᠲᠠᠶ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠲᠣᠭᠲᠠᠭᠠᠬᠤ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠡᠩᠰᠡᠯᠡᠯᠲᠡ ᠶᠢᠨ ᠮᠡᠳᠡᠭᠡ ᠵᠠᠩᠭᠢ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ | ᠪᠥᠬᠦᠶ ᠵᠠᠰᠠᠭ ᠵᠠᠬᠢᠷᠭᠠᠨ ᠤ ᠲᠡᠮᠳᠡᠭᠯᠡᠯ ᠢ ᠬᠠᠷᠢᠴᠠᠭᠤᠯᠬᠤ ᠠᠵᠢᠯ ᠢ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠳᠡᠩᠰᠡᠯᠡᠯᠲᠡ ᠶᠢᠨ ᠱᠠᠲᠤᠨ ᠤ ᠬᠠᠮᠢᠶ᠎ᠠ ᠪᠥᠬᠦᠶ | ᠠᠵᠢᠯ ᠳᠤ ᠬᠠᠮᠵᠢᠯᠴᠠᠨ᠎ᠠ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠬᠤᠲᠠ ᠶᠢᠨ ᠬᠠᠮᠢᠶᠠᠷᠤᠯᠲᠠ | ᠂ ᠠᠳᠠᠯ ᠠᠬᠤᠶ ᠵᠡᠷᠭᠡ ᠰᠠᠯᠠᠭ᠎ᠠ ᠮᠥᠴᠢᠷ ᠤᠨ ᠨᠡᠶᠢᠳᠡᠮ ᠤᠨ ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ ᠱᠠᠲᠤ ᠦᠶ᠎ᠡ ᠶᠢᠨ ᠬᠠᠮᠢᠶ᠎ᠠ ᠪᠥᠬᠦᠶ ᠠᠵᠢᠯ ᠳᠤ ᠰᠢᠶᠠᠨ ᠤ | ᠰᠤᠷᠭᠠᠨ ᠬᠥᠮᠦᠵᠢᠯ ᠤᠨ ᠲᠣᠪᠴᠢᠶ᠎ᠠ ᠠᠴᠠ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠵᠢᠴᠢ ᠰᠤᠷᠭᠠᠭᠤᠯᠢ ᠳᠤ | ᠪᠠᠶᠢᠭ᠎ᠠ ᠰᠤᠷᠤᠭᠴᠢᠳ ᠤᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃ ᠰᠢᠶᠠᠨ ᠤ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠠᠯ᠎ᠠ ᠪᠠᠷ ᠬᠢ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠨ ᠰᠠᠶᠢᠲᠤᠷ ᠬᠢᠵᠦ᠂ | ᠦᠬᠦᠭᠰᠡᠨ ᠬᠥᠮᠦᠨ ᠠᠮᠠ ᠶᠢᠨ ᠣᠷᠣᠰᠢᠭᠤᠯᠭ᠎ᠠ ᠶᠢᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠲᠡᠮᠳᠡᠭᠯᠡᠯ ᠢ ᠬᠠᠮᠵᠢᠨ ᠬᠠᠩᠭᠠᠨ᠎ᠠ᠃ ᠰᠢᠶᠠᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠳ᠂ ᠨᠡᠶᠢᠭᠡᠮ ᠤᠨ ᠳᠠᠭᠠᠳᠬᠠᠯ ᠳᠤ | ᠣᠷᠣᠯᠴᠠᠭᠰᠠᠳ ᠤᠨ ᠥᠭᠦᠭᠰᠡᠨ ᠬᠥᠮᠦᠨ ᠠᠮᠠ ᠶᠢᠨ ᠮᠡᠳᠡᠭᠡ ᠵᠠᠩᠭᠢ ᠶᠢ ᠬᠠᠩᠭᠠᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ ᠰᠢᠶᠠᠨ ᠤ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠵᠢᠷᠤᠭ ᠵᠣᠬᠢᠶᠠᠬᠤ ᠳᠤ ᠬᠡᠷᠡᠭᠰᠡᠬᠦ ᠭᠠᠵᠠᠷ ᠵᠦᠢ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠢ | ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ | ᠦᠢᠯᠡᠴᠢᠯᠡᠭᠡᠨ ᠤ ᠲᠥᠪ ᠨᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ | | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠲᠣᠭᠤᠷᠢᠭ ᠨᠢᠭᠡᠪᠦᠷᠢ ᠳᠤ ᠨᠡᠶᠢᠳᠡᠮ | ᠪᠠᠶᠢᠴᠠᠭᠠᠯᠲᠠ ᠶᠢᠨ ᠵᠢᠭᠠᠨ ᠵᠢᠯᠤᠭᠤᠳᠤᠭᠴᠢ ᠠᠳᠠᠭ ᠲᠠᠭᠠᠨ 1 ᠨᠡᠷᠡᠰ ᠲᠣᠬᠢᠷᠠᠭᠤᠯᠵᠤ᠂ ᠨᠡᠶᠢᠳᠡᠮ ᠪᠠᠶᠢᠴᠠᠭᠠᠭᠴᠢ ᠶᠢᠨ ᠠᠵᠢᠯ ᠢ ᠲᠣᠬᠢᠷᠠᠭᠤᠯᠬᠤ᠂ ᠵᠢᠯᠣᠭᠤᠳᠬᠤ᠂ | ᠰᠢᠮᠳᠠᠭᠤᠯᠬᠤ ᠪᠠ ᠪᠠᠶᠢᠴᠠᠭᠠᠬᠤ ᠶᠢ ᠬᠠᠷᠢᠭᠤᠴᠠᠭᠤᠯᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠪᠠᠭ᠎ᠠ ᠲᠣᠭᠤᠷᠢᠭ ᠨᠢᠭᠡᠪᠦᠷᠢ ᠳᠤ ᠠᠳᠠᠭ ᠲᠠᠭᠠᠨ 1 ᠨᠡᠷᠡᠰ | ᠨᠡᠶᠢᠳᠡᠮ ᠪᠠᠶᠢᠴᠠᠭᠠᠭᠴᠢ ᠲᠣᠬᠢᠷᠠᠭᠤᠯᠵᠤ᠂ ᠡᠷᠦᠬᠡ ᠳᠤ ᠬᠦᠷᠴᠦ ᠳᠠᠩᠰᠠᠯᠠᠭᠤᠯᠬᠤ ᠵᠡᠷᠭᠡ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠶ᠃ | ᠰᠢᠶᠠᠨ ᠤ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠪᠣᠯᠤᠨ ᠡᠯ᠎ᠡ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ | ᠦᠶ᠋ᠯᠡᠴᠢᠯᠡᠭᠡᠨ ᠤ ᠲᠥᠪ ᠤᠳ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠶᠢ ᠨᠠᠷᠢᠨ ᠨᠢᠮᠪᠠᠶ ᠰᠣᠩᠭᠤᠨ ᠳᠣᠭᠢᠷᠠᠭᠤᠯᠵᠤ᠂ | ᠪᠤᠯᠪᠠᠰᠤᠷᠠᠯ ᠪᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ ᠦᠵᠡᠯ ᠰᠠᠨᠠᠭ᠎ᠠ ᠰᠠᠶᠢᠨ᠂ ᠬᠡᠪ ᠴᠢᠨᠠᠷ ᠥᠨᠳᠥᠷ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ | ᠨᠢᠭᠡᠨ ᠰᠠᠯᠠᠭ᠎ᠠ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠬᠤ ᠬᠡᠷᠡᠭᠲᠡᠶ᠃ ᠰᠢᠶᠠᠨ ᠰᠤᠮᠤ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ | ᠲᠤᠭ᠎ᠠ ᠪᠦᠷᠢᠳᠬᠡᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠬᠠᠮᠠᠭᠠᠯᠠᠯ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠢᠭᠡᠴᠡ ᠪᠠ ᠬᠠᠮᠢᠶ᠎ᠠ ᠪᠥᠬᠦᠶ ᠥᠷᠲᠡᠭᠡ ᠭᠠᠵᠠᠷ ᠠᠴᠠ ᠨᠥᠬᠦᠴᠡᠯ ᠳᠤ ᠨᠡᠶᠢᠴᠡᠬᠦ ᠲᠤᠬᠠᠶᠢᠯᠠᠭᠰᠠᠨ ᠠᠵᠢᠯ ᠤᠨ ᠨᠢᠷᠤᠭᠤᠪᠴᠢ | ᠬᠦᠴᠦᠨ ᠢ ᠲᠠᠲᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠴᠢᠳᠠᠪᠤᠷᠢ ᠶᠢ ᠦᠨᠡᠨᠬᠦ ᠴᠢᠩᠭᠠᠷᠠᠭᠤᠯᠵᠤ᠂ ᠡᠯ᠎ᠡ | ᠲᠠᠲᠠᠵᠤ ᠠᠪᠤᠭᠰᠠᠨ ᠨᠢᠭᠡᠴᠡ ᠨᠢ ᠲᠠᠲᠠᠵᠤ ᠠᠪᠤᠭᠰᠠᠨ ᠠᠵᠢᠯᠲᠠᠨ ᠤ ᠤᠤᠯ ᠤᠨ ᠨᠢᠭᠡᠴᠡ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ | ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠬᠤ ᠶᠢᠨ ᠬᠠᠮᠲᠤ᠂ ᠲᠡᠳᠡᠨ ᠤ ᠤᠤᠯ ᠤᠨ ᠠᠵᠢᠯ ᠤᠨ ᠪᠠᠶᠢᠷᠢ ᠶᠢ ᠦᠯᠡᠳᠡᠭᠡᠬᠦ ᠬᠡᠷᠡᠭᠲᠡᠶ᠃ ᠡᠯ᠎ᠡ ᠱᠠᠲᠤᠨ ᠤ ᠡᠯ᠎ᠡ | ᠰᠠᠯᠠᠭ᠎ᠠ ᠮᠥᠴᠢᠷ ᠤᠳ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠤᠭᠤᠳᠤᠬᠴᠢ᠂ ᠨᠡᠶᠢᠳᠡᠮ ᠪᠠᠶᠢᠴᠠᠭᠠᠭᠴᠢ ᠶᠢ ᠤᠷᠢᠨ ᠬᠡᠷᠡᠭᠯᠡᠭᠰᠡᠨ ᠬᠥᠳᠡᠯᠮᠦᠷᠢ ᠶᠢᠨ ᠬᠥᠯᠥᠰᠥ | ᠣᠯᠭᠤᠮᠵᠢ ᠶᠢ ᠭᠦᠢᠴᠡᠳ ᠲᠤᠭ᠎ᠠ ᠪᠠᠷ ᠣᠯᠭᠤᠬᠤ ᠶᠢ ᠦᠨᠡᠨᠬᠦ ᠪᠠᠲᠤᠯᠠᠵᠤ᠂ ᠲᠣᠰᠬᠤᠨ ᠤ ︽ᠬᠤᠶᠠᠷ ᠵᠥᠪᠯᠡᠯ︾ ᠨᠢ ᠨᠡᠶᠢᠳᠡᠮ ᠪᠠᠶᠢᠴᠠᠭᠠᠯᠲᠠ ᠶᠢᠨ ᠵᠢᠭᠠᠨ | ᠵᠢᠯᠤᠭᠤᠳᠤᠬᠴᠢ᠂ ᠨᠡᠶᠢᠳᠡᠮ ᠪᠠᠶᠢᠴᠠᠭᠠᠭᠴᠢ ᠶᠢ ᠬᠠᠪᠰᠤᠷᠭᠠᠨ ᠬᠠᠷᠢᠭᠤᠴᠠᠭᠰᠠᠨ ᠪᠣᠯ ᠡᠭᠦᠷᠭᠡᠯᠡᠵᠦ ᠪᠦᠬᠦᠢ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠬᠡᠮᠵᠢᠶ᠎ᠡ ᠪᠠᠷ ᠨᠢ ᠵᠣᠬᠢᠬᠤ ᠬᠥᠳᠡᠯᠮᠦᠷᠢ ᠶᠢᠨ ᠬᠥᠯᠥᠰᠥ ᠣᠯᠭᠤᠮᠵᠢ ᠣᠯᠭᠤᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡᠨ ᠤ ᠲᠣᠭᠲᠠᠭᠤᠨ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠶ᠃ ᠤᠷᠢᠨ ᠬᠡᠷᠡᠭᠯᠡᠬᠦ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠤᠭᠤᠳᠤᠭᠴᠢ ᠪᠣᠯᠤᠨ ᠨᠡᠶᠢᠳᠡᠮ ᠪᠠᠶᠢᠴᠠᠭᠠᠭᠴᠢ ᠶᠢᠨ ᠬᠥᠳᠡᠯᠮᠦᠷᠢ ᠶᠢᠨ | ᠬᠥᠯᠥᠰᠥ ᠣᠯᠭᠤᠮᠵᠢ ᠶᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠳᠣᠲᠣᠷ᠎ᠠ ᠲᠣᠬᠢᠷᠠᠭᠤᠯᠵᠤ᠂ ᠤᠷᠢᠨ ᠬᠡᠷᠡᠭᠯᠡᠬᠦ ᠨᠢᠭᠡᠴᠡ ᠠᠴᠠ ᠥᠭᠬᠦ | ᠬᠡᠷᠡᠭᠲᠡᠶ᠃ | ᠳᠥᠷᠪᠡ᠂ ᠵᠠᠷᠤᠳᠠᠯ ᠤᠨ ᠪᠠᠲᠤᠯᠠᠭ᠎ᠠ | ᠲᠥᠷᠥ ᠲᠠᠷᠬᠠᠭᠠᠭᠰᠠᠨ ︹ 2019 ︺ 24 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠳᠣᠯᠣᠳᠤᠭᠠᠷ ᠤᠳᠠᠭᠠᠨ ᠤ ᠪᠥᠬᠦ | ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠬᠠᠮᠲᠤᠪᠠᠷ ᠡᠭᠦᠷᠭᠡᠯᠡᠨ᠎ᠡ᠃ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠳᠣᠯᠣᠳᠤᠭᠠᠷ ᠤᠳᠠᠭᠠᠨ ᠤ ᠪᠥᠬᠦ ᠤᠯᠤᠰ ᠤᠨ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠪᠠᠶᠠᠨᠨᠠᠭᠤᠷ ᠲᠠᠷᠬᠠᠭᠠᠭᠰᠠᠨ ︹ 2020 ︺ 3 ᠳ᠋ᠤᠭᠠᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠵᠠᠰᠠᠭ ᠤᠨ ᠣᠷᠳᠣᠨ ᠨᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ | ᠬᠡᠷᠡᠭᠰᠡᠬᠦ ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠦᠪ ᠲᠡᠭᠡᠨ ᠣᠷᠣᠭᠤᠯᠵᠤ᠂ ᠭᠦᠶ᠋ᠴᠡᠳ ᠲᠤᠭ᠎ᠠ ᠪᠠᠷ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠰᠢᠶᠠᠨ ᠤ ᠡᠳ᠋ ᠤᠨ ᠵᠠᠰᠠᠭ ᠨᠢ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ | ᠬᠥᠳᠡᠯᠮᠦᠷᠢ ᠶᠢᠨ ᠬᠥᠯᠥᠰᠥ ᠣᠯᠭᠤᠮᠵᠢ ᠵᠢᠴᠢ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ᠂ ᠨᠡᠶᠢᠳᠡᠮ ᠪᠠᠶᠢᠴᠠᠭᠠᠯᠲᠠ ᠶᠢᠨ ᠲᠥᠬᠦᠭᠡᠷᠦᠮᠵᠢ ᠡᠳ᠋ ᠪᠠᠷᠠᠭ᠎ᠠ | ᠬᠤᠳᠠᠯᠳᠤᠨ ᠠᠪᠬᠤ᠂ ︽ᠬᠤᠶᠠᠷ ᠠᠵᠢᠯᠲᠠᠨ︾ ᠤ ᠬᠤᠪᠢ ᠬᠥᠮᠦᠨ ᠤ ᠤᠶᠤᠨᠲᠤ ᠭᠠᠷ ᠤᠲᠠᠰᠤ ᠪᠠᠷ ᠲᠤᠭ᠎ᠠ ᠪᠠᠷᠢᠮᠲᠠ ᠴᠤᠭᠯᠠᠭᠤᠯᠬᠤ ᠳᠤ ᠬᠡᠷᠡᠭᠯᠡᠬᠦ ᠭᠠᠷ | ᠤᠲᠠᠰᠤᠨ ᠤ ᠨᠥᠬᠦᠪᠥᠷᠢ ᠵᠡᠷᠭᠡ ᠶᠢ ᠭᠤᠤᠯᠳᠠᠯᠭ᠎ᠠ ᠲᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ᠂ ᠡᠯ᠎ᠡ ᠰᠠᠯᠠᠭ᠎ᠠ | ᠮᠥᠴᠢᠷ ᠤᠳ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠠᠯᠪᠠᠯᠠᠬᠤ ᠭᠠᠵᠠᠷ᠂ ᠵᠠᠷᠤᠳᠠᠯ᠂ ᠲᠥᠬᠦᠭᠡᠷᠦᠮᠵᠢ ᠵᠡᠷᠭᠡ ᠪᠠᠲᠤᠯᠠᠭ᠎ᠠ ᠶᠢᠨ ᠠᠵᠢᠯ ᠢ | ᠦᠨᠡᠨᠬᠦ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠲᠥᠬᠦᠭᠡᠷᠦᠮᠵᠢ ᠶᠢᠨ ᠪᠦᠲᠦᠮᠵᠢᠲᠡᠶ ᠬᠠᠮᠢᠶᠠᠷᠤᠯᠲᠠ ᠪᠠ ᠬᠡᠷᠡᠭᠯᠡᠯᠲᠡ ᠶᠢ ᠦᠨᠡᠨᠬᠦ ᠪᠠᠲᠤᠯᠠᠵᠤ᠂ ᠨᠡᠶᠢᠳᠡᠮ | ᠪᠠᠶᠢᠴᠠᠭᠠᠯᠲᠠ ᠶᠢᠨ ᠵᠠᠷᠤᠳᠠᠯ ᠳᠤᠲᠠᠭᠳᠠᠬᠤ ᠪᠤᠶᠤ ᠬᠦᠷᠦᠯᠴᠡᠬᠦ ᠦᠭᠡᠢ ᠠᠴᠠ ᠪᠤᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ | ᠨᠥᠯᠥᠭᠡᠯᠡᠵᠦ ᠶᠠᠭᠠᠬᠢᠭᠰᠠᠨ ᠴᠤ ᠪᠣᠯᠬᠤ ᠦᠭᠡᠢ᠃ ᠰᠢᠶᠠᠨ ᠤ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠤᠤᠯ ᠤᠨ ᠪᠠᠶᠢᠭᠰᠠᠨ | ᠲᠥᠬᠦᠭᠡᠷᠦᠮᠵᠢ ᠶᠢᠨ ᠡᠬᠢ ᠪᠠᠶᠠᠯᠢᠭ ᠢ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ ᠦᠨᠡᠨ ᠠᠴᠠ ᠵᠥᠪ ᠢ ᠡᠷᠢᠬᠦ ᠵᠠᠷᠴᠢᠮ ᠪᠠ ᠠᠵᠢᠯ ᠤᠨ ᠬᠡᠷᠡᠭᠴᠡᠭᠡ ᠪᠠᠷ | PAD ᠴᠤᠭᠯᠠᠭᠤᠯᠬᠤ ᠲᠥᠬᠦᠭᠡᠷᠦᠮᠵᠢ ᠶᠢ ᠴᠠᠭ ᠲᠤᠬᠠᠶ ᠳᠤᠨᠢ ᠨᠡᠮᠡᠨ ᠳᠣᠭᠢᠷᠠᠭᠤᠯᠵᠤ᠂ ᠲᠤᠭ᠎ᠠ ᠪᠠᠷᠢᠮᠲᠠ ᠶᠢᠨ ᠳᠠᠮᠵᠢᠭᠤᠯᠭ᠎ᠠ ᠳᠤ ᠬᠡᠷᠡᠭᠰᠡᠬᠦ ᠲᠤᠭ᠎ᠠ | ᠪᠠᠷᠢᠮᠲᠠ ᠶᠢᠨ ᠤᠷᠤᠰᠴᠠ ᠶᠢᠨ ᠳᠡᠮᠵᠢᠯᠭᠡ ᠶᠢ ᠪᠠᠲᠤᠯᠠᠬᠤ ᠬᠡᠷᠡᠭᠲᠡᠶ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠎ᠠ᠃ ᠡᠯ᠎ᠡ ᠰᠤᠮᠤ ᠪᠠᠯᠭᠠᠰᠤ ᠡᠯ᠎ᠡ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ ᠶᠢ ᠬᠡᠷᠡᠭᠵᠢᠭᠦᠯᠬᠦ ᠲᠥᠷᠢᠮ︾᠂ ︽ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠨᠡᠶᠢᠳᠡᠮ | ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠ ᠬᠤᠳᠠᠯ ᠪᠠᠷ ᠬᠢᠵᠦ ᠬᠠᠭᠤᠷᠮᠠᠭ ᠢᠶᠠᠷ ᠵᠣᠬᠢᠶᠠᠬᠤ ᠪᠠ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠭᠠᠷ ᠲᠦᠷᠦᠭᠦ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠨᠡᠶᠢᠳᠡᠮ ᠪᠠᠶᠢᠴᠠᠭᠠᠯᠲᠠ ᠶᠢᠨ ᠰᠠᠬᠢᠯᠭ᠎ᠠ ᠪᠠᠲᠤ ᠬᠠᠤᠯᠢ | ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠦᠢᠯᠡ ᠠᠵᠢᠯᠯᠠᠭ᠎ᠠ ᠶᠢ ᠪᠠᠶᠢᠴᠠᠭᠠᠨ ᠰᠢᠶ᠋ᠳᠪᠦᠷᠢᠯᠡᠬᠦ ᠪᠠ | ᠨᠡᠪᠲᠡᠷᠡᠭᠦᠯᠦᠨ ᠢᠯᠡᠴᠢᠯᠡᠬᠦ ᠡᠷᠴᠢᠮ ᠢ ᠨᠡᠮᠡᠭᠳᠡᠭᠦᠯᠦᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠪᠠ ᠬᠠᠷᠢᠭᠤᠴᠠᠯᠭ᠎ᠠ | ᠬᠡᠯᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠷᠢᠭᠤᠳᠠ ᠬᠠᠷᠰᠢᠯᠠᠬᠤ ᠦᠵᠡᠭᠳᠡᠯ ᠢ ᠡᠷᠡᠰ ᠬᠤᠷᠢᠭᠯᠠᠬᠤ | ᠬᠡᠷᠡᠭᠲᠡᠶ᠃ | ︵ᠬᠤᠶᠠᠷ︶ ᠶᠠᠰᠤ ᠴᠢᠨᠠᠷ ᠤᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠭᠡᠬᠦ ᠡᠨᠡᠬᠦ ᠭᠤᠣᠯ ᠱᠠᠭᠠᠷᠳᠠᠯᠭ᠎ᠠ ᠶᠢᠨ ᠲᠣᠭᠤᠷᠢᠨ ᠳᠤ ᠳᠡᠭᠡᠳᠦ ᠱᠠᠲᠤᠨ ᠤ ᠨᠡᠶᠢᠳᠡᠮ ᠪᠠᠶᠢᠴᠠᠭᠠᠯᠲᠠ ᠶᠢᠨ | ᠲᠥᠰᠦᠯ ᠪᠣᠯᠤᠨ ᠬᠡᠷᠡᠭᠵᠢᠭᠦᠯᠬᠦ ᠲᠥᠰᠦᠯ ᠢ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠪᠠ ᠶᠠᠰᠤ ᠴᠢᠨᠠᠷ ᠢ ᠡᠵᠡᠮᠳᠡᠬᠦ | ᠴᠢᠩᠭ᠎ᠠ ᠲᠦᠷᠢᠮ ᠢ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠡᠯ᠎ᠡ ᠭᠤᠭᠴᠤᠭ᠎ᠠ ᠳᠤ ᠶᠠᠰᠤ ᠴᠢᠨᠠᠷ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠦᠨ᠂ ᠨᠡᠶᠢᠳᠡᠮ | ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠪᠠ ᠪᠠᠶᠢᠴᠠᠭᠠᠨ ᠵᠢᠯᠣᠭᠤᠳᠬᠤ ᠶᠢ ᠦᠨᠡᠨᠬᠦ ᠴᠢᠩᠭᠠᠳᠬᠠᠵᠤ᠂ ᠡᠯ᠎ᠡ ᠭᠤᠭᠴᠤᠭ᠎ᠠ ᠶᠢᠨ ᠠᠵᠢᠯ ᠢ | ᠰᠢᠮᠳᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠬᠤ ᠪᠠ ᠶᠠᠰᠤ ᠴᠢᠨᠠᠷ ᠢ ᠰᠤᠭᠤᠴᠢᠨ ᠪᠠᠶᠢᠴᠠᠭᠠᠬᠤ ᠶᠢ ᠴᠢᠩᠭᠠᠳᠬᠠᠨ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ | ᠪᠠ ᠶᠠᠰᠤ ᠴᠢᠨᠠᠷ ᠢ ᠦᠨᠡᠯᠡᠨ ᠵᠢᠱᠢᠬᠦ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢ ᠡᠯᠧᠺᠲᠷᠤᠨᠴᠢᠯᠡᠭᠰᠡᠨ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠶᠢᠨ ᠳᠡᠩᠰᠡᠯᠡᠨ ᠲᠡᠮᠳᠡᠭᠯᠡᠬᠦ ᠶᠢ ᠥᠷᠨᠢᠭᠦᠯᠵᠦ᠂ | ᠡᠯᠧᠺᠲᠷᠤᠨᠴᠢᠯᠡᠭᠰᠡᠨ ᠴᠤᠭᠯᠠᠭᠤᠯᠬᠤ ᠲᠥᠬᠦᠭᠡᠷᠦᠮᠵᠢ ︵PAD︶ ᠪᠤᠶᠤ ᠨᠡᠶᠢᠳᠡᠮ ᠪᠠᠶᠢᠴᠠᠭᠠᠭᠴᠢ ᠬᠤᠪᠢ ᠬᠥᠮᠦᠨ ᠤ ᠦᠨᠡᠨ ᠨᠡᠷ᠎ᠡ ᠪᠠᠷ ᠢᠶᠠᠨ ᠭᠡᠷᠡᠴᠢᠯᠡᠭᠰᠡᠨ | ᠣᠶᠤᠨᠯᠢᠭ ᠭᠠᠷ ᠤᠲᠠᠰᠤᠨ ᠤ ᠳᠡᠩᠰᠡᠯᠡᠨ ᠲᠡᠮᠳᠡᠭᠯᠡᠭᠦᠯᠦᠭᠰᠡᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠮᠡᠳᠡᠭᠡ ᠵᠠᠩᠭᠢ ᠶᠢ ᠬᠡᠷᠡᠭᠯᠡᠬᠦ ᠶᠢᠨ ᠬᠠᠮᠲᠤ ᠴᠠᠭ | ᠲᠤᠬᠠᠶ ᠳᠤᠨᠢ ᠳᠡᠭᠡᠭᠰᠢ ᠮᠡᠳᠡᠭᠦᠯᠬᠦ ᠪᠤᠶᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠢᠨᠲ᠋ᠧᠷ ᠰᠦᠯᠵᠢᠶ᠎ᠡ ᠪᠠᠷ ᠥᠪᠡᠷ ᠢᠶᠠᠨ ᠲᠠᠭᠯᠠᠨ ᠮᠡᠳᠡᠭᠦᠯᠬᠦ ᠵᠡᠷᠭᠡ ᠠᠷᠭ᠎ᠠ | ᠮᠠᠶ᠋ᠢᠭ ᠢᠶᠠᠷ ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠲᠣᠭᠤᠷᠢᠭ ᠨᠢᠭᠡᠪᠦᠷᠢ ᠳᠤ ᠠᠳᠠᠭ ᠲᠠᠭᠠᠨ 1 — 2 ᠰᠠᠤᠷᠢ PAD ᠪᠠᠶᠢᠬᠤ ᠶᠢ ᠪᠠᠲᠤᠯᠠᠵᠤ᠂ | ᠨᠡᠶᠢᠳᠡᠮ ᠪᠠᠶᠢᠴᠠᠭᠠᠯᠲᠠ ᠶᠢᠨ ᠣᠷᠣᠨ ᠪᠦᠰᠡ ᠶᠢᠨ ᠵᠢᠷᠤᠭ ᠵᠢᠷᠤᠬᠤ ᠵᠡᠷᠭᠡ ᠠᠵᠢᠯ ᠳᠤ ᠬᠡᠷᠡᠭᠯᠡᠬᠦ ᠬᠡᠷᠡᠭᠲᠡᠶ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠠᠬᠢᠭᠤᠯᠵᠤ᠂ ᠨᠡᠶᠢᠳᠡᠮ ᠪᠠᠶᠢᠴᠠᠭᠠᠯᠲᠠ ᠶᠢᠨ | ᠲᠤᠭ᠎ᠠ ᠪᠠᠷᠢᠮᠲᠠ ᠶᠢ ᠴᠤᠭᠯᠠᠭᠤᠯᠤᠨ ᠰᠢᠶ᠋ᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠠᠷᠠᠳ ᠢᠷᠭᠡᠳ ᠤᠨ ᠬᠤᠪᠢ ᠬᠥᠮᠦᠨ ᠤ ᠮᠡᠳᠡᠭᠡ | ᠵᠠᠩᠭᠢ ᠶᠢᠨ ᠪᠥᠬᠦ ᠶᠠᠪᠤᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠲᠡᠭᠦᠨ ᠤ ᠠᠵᠢᠯᠲᠠᠳ | ᠡᠷᠬᠡᠪᠰᠢ ᠨᠢᠭᠤᠴᠠ ᠶᠢ ᠬᠠᠮᠠᠭᠠᠯᠠᠬᠤ ᠡᠭᠦᠷᠭᠡ ᠪᠠᠨ ᠴᠢᠩᠭ᠎ᠠ ᠭᠦᠶ᠋ᠴᠡᠳᠬᠡᠵᠦ᠂ ᠶᠠᠮᠠᠷᠪᠠ ᠪᠠᠶᠢᠭᠤᠯᠤᠮᠵᠢ᠂ ᠨᠢᠭᠡᠴᠡ᠂ ᠬᠤᠪᠢ ᠬᠥᠮᠦᠨ ᠳᠤ ᠠᠷᠠᠳ ᠢᠷᠭᠡᠳ ᠤᠨ | ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠬᠤᠳᠠᠯᠳᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ︵ᠲᠦᠷᠪᠡ︶ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠬᠤ | ᠰᠠᠯᠠᠭ᠎ᠠ ᠮᠥᠴᠢᠷ ᠲᠠᠢ ᠬᠠᠮᠲᠤᠷᠠᠨ ᠤᠬᠠᠭᠤᠯᠬᠤ ᠠᠵᠢᠯ ᠤᠨ ᠲᠥᠰᠦᠯ ᠲᠣᠭᠲᠠᠭᠠᠵᠤ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ | ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠬᠥᠨᠳᠡᠯᠡᠨ ᠪᠢᠴᠢᠭᠡᠰᠦ᠂ ᠵᠠᠷᠯᠠᠯ᠂ ᠵᠡᠭᠡᠯᠢ ᠳᠠᠭᠠᠤ ᠶᠢᠨ LED ᠳᠡᠯᠭᠡᠴᠡ ᠵᠡᠷᠭᠡ ᠭᠡᠷ ᠤᠨ ᠭᠠᠳᠠᠨᠠᠬᠢ | ᠵᠠᠷ ᠮᠡᠳᠡᠭᠡ ᠪᠠᠷ ᠳᠠᠮᠵᠢᠨ᠂ ᠪᠢᠴᠢᠯ ᠪᠦᠷᠭᠡ᠂ ᠸᠢᠴᠠᠲ᠂ ᠣᠬᠤᠷ ᠸᠢᠳᠢᠣ᠋ ᠵᠡᠷᠭᠡ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ ᠠᠷᠭ᠎ᠠ ᠪᠠᠷᠢᠯ ᠵᠢᠴᠢ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ ᠪᠠᠶᠢᠴᠠᠭᠠᠯᠲᠠ ᠶᠢᠨ ᠮᠡᠳᠡᠯᠭᠡ ᠶᠢ ᠰᠤᠷᠭᠠᠭᠤᠯᠢ ᠳᠤ ᠣᠷᠣᠭᠤᠯᠬᠤ ᠵᠡᠷᠭᠡ ᠬᠡᠯᠪᠡᠷᠢ ᠶᠢ ᠭᠦᠢᠴᠡᠳ | ᠠᠰᠢᠭᠯᠠᠵᠤ᠂ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠲᠠᠶᠢᠴᠢᠯᠠᠯᠳᠠ ᠶᠢ ᠭᠦᠨᠵᠡᠭᠡᠶ ᠥᠷᠨᠢᠭᠦᠯᠦᠨ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ | ᠂ ᠠᠴᠢ ᠬᠤᠯᠪᠣᠭᠳᠠᠯ᠂ ᠠᠭᠤᠯᠭ᠎ᠠ ᠶᠢ ᠶᠡᠬᠡᠪᠡᠷ ᠤᠬᠠᠭᠤᠯᠵᠤ᠂ ᠪᠤᠢ ᠪᠦᠬᠦᠢ ᠨᠢᠭᠡᠴᠡ᠂ ᠬᠤᠪᠢ ᠬᠥᠮᠦᠨ ᠳᠤ ᠴᠥᠮ ᠡᠷᠬᠡᠪᠰᠢ ᠢᠳᠡᠪᠬᠢᠲᠡᠶ ᠳᠡᠮᠵᠢᠬᠦ ᠪᠠ | ᠬᠠᠮᠵᠢᠯᠴᠠᠬᠤ ᠶᠢ ᠮᠡᠳᠡᠭᠳᠡᠬᠦ ᠶᠢᠨ ᠬᠠᠮᠲᠤ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠦᠨᠡᠨ ᠪᠣᠳᠠᠲᠤ ᠪᠠᠶᠢᠳᠠᠯ ᠢ ᠬᠠᠩᠭᠠᠵᠤ᠂ ᠥᠷᠭᠡᠨ | ᠤᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠵᠤ᠂ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ | | ᠳᠠᠭᠠᠯᠳᠤᠭᠤᠯᠤᠯ᠄ ᠦᠶᠤᠸᠠᠨ ᠰᠢᠶᠠᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ | ᠳᠤᠭᠤᠶᠢᠯᠠᠩ ᠤᠨ ᠬᠥᠮᠦᠰ ᠤᠨ ᠨᠡᠷᠡᠰ | ᠳᠠᠭᠠᠯᠳᠤᠭᠤᠯᠤᠯ᠄ | ᠦᠶᠤᠸᠠᠨ ᠰᠢᠶᠠᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ | ᠬᠥᠮᠦᠰ ᠤᠨ ᠨᠡᠷᠡᠰ | ᠳᠤᠭᠤᠶᠢᠯᠠᠩ ᠤᠨ ᠳᠠᠷᠤᠭ᠎ᠠ᠄ ᠵᠠᠩ ᠵᠢᠶᠠᠨ ᠭᠤᠸᠠᠩ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠢᠩ ᠶᠤᠸᠠᠨ ᠵᠠᠰᠠᠭ ᠤᠨ ᠣᠷᠳᠣᠨ ᠤ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠂ ᠪᠠᠶᠢᠭᠤᠯᠭ᠎ᠠ ᠶᠢᠨ ᠶᠠᠪᠤᠳᠠᠯ ᠤᠨ ᠲᠤᠪᠴᠢᠶᠠᠨ ᠤ ᠳᠠᠷᠤᠭ᠎ᠠ | ᠫᠡᠶᠠᠨ ᠵᠢᠶᠦ᠋ᠨ ᠰᠢᠶᠠᠨ ᠤ ᠲᠤᠭ᠎ᠠ ᠪᠤᠷᠢᠳᠭᠡᠯ ᠤᠨ ᠲᠤᠪᠴᠢᠶᠠᠨ ᠳᠠᠷᠤᠭ᠎ᠠ | ᠪᠠᠶ ᠶᠦᠩ ᠭᠤᠸᠠᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠬᠤᠷᠢᠶᠠᠨ ᠤ ᠳᠡᠳ᠋ ᠳᠠᠷᠤᠭ᠎ᠠ | ᠴᠢᠨ ᠰᠢ ᠸᠡᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠮᠠ ᠵᠢᠶᠠᠨ ᠵᠦᠩ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠤᠯᠤᠰ ᠲᠦᠷᠦ ᠶᠢᠨ ᠭᠡᠰᠢᠭᠦᠨ | ᠳ᠋ᠦ᠋ ᠯᠸᠢ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ | ᠭᠦᠸᠧ ᠵᠢᠩ ᠴᠦᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠵᠠᠩ ᡁᠢ ᠷᠦ ᠰᠢᠶᠠᠨ ᠤ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ | ᠪᠦᠷᠢᠯᠳᠦᠬᠦᠨ᠄ ᠯᠢᠦ ᠸᠧᠶ ᠭᠦᠸᠧ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠡᠷᠬᠢᠯᠡᠭᠴᠢ | ᠯᠢ ᠶᠤᠸᠠᠢ ᠴᠢᠩ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ | ᠹᠠᠨ ᠸᠡᠨ ᠨᠢᠩ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠳᠡᠳ᠋ ᠲᠤᠪᠴᠢᠶᠠᠨ ᠳᠠᠷᠤᠭ᠎ᠠ | ᠯᠢᠦ ᠵᠢᠩ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ | ᠰᠢᠤᠢ ᠬᠤᠢ ᠴᠢᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠵᠠᠩ ᠢᠦᠢ ᠵᠦᠩ ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠵᠧᠤ ᠭᠦᠸᠧ ᠴᠢᠶᠠᠩ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠸᠠᠩ ᠷᠦᠢ ᠶᠦᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠡᠷᠬᠢᠯᠡᠭᠴᠢ ᠭᠡᠰᠢᠭᠦᠴᠢ | ᠰᠢᠤᠢ ᠠᠶ ᠮᠢᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠳ᠋ᠤᠸᠠᠨ ᠸᠡᠨ ᠭᠠᠩ ᠰᠢᠶᠠᠨ ᠤ ᠸᠡᠨ ᠯᠢᠦᠶ ᠷᠠᠳᠢᠣ᠋ ᠲᠧᠯᠸᠢᠰ ᠤᠨ ᠲᠣᠪᠴᠢᠶᠠᠨ ᠤ ᠳᠡᠳ᠋ ᠳᠠᠷᠤᠭ᠎ᠠ | ᠬᠠᠨ ᠢᠦᠢ ᠪᠦᠦ ᠰᠢᠶᠠᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠶᠢᠨ ᠶᠤᠸᠠᠨ ᠵᠢᠶᠦ᠋ᠨ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠡᠳ᠋ ᠳᠠᠷᠤᠭ᠎ᠠ | ᠯᠢᠦᠶ ᠾᠦᠢ ᠮᠢᠩ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ | ᠸᠠᠩ ᠶᠦᠩ ᠮᠢᠩ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶᠠᠨ ᠤ ᠳᠡᠳ᠋ ᠳᠠᠷᠤᠭ᠎ᠠ | ᠶᠠᠩ ᠮᠠᠨ ᠼᠠᠩ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ | ᠭᠦᠸᠧ ᠷᠦᠢ ᠰᠢᠶᠠᠨ ᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪ ᠤᠨ ᠡᠷᠬᠢᠯᠡᠭᠴᠢ | ᠶᠣᠣ ᠢ ᠰᠢᠶᠠᠨ ᠤ ᠠᠳᠠᠯ ᠠᠬᠤᠶ ᠶᠢᠨ ᠠᠯᠪᠠᠨ ᠭᠡᠷ ᠤᠨ ᠡᠷᠬᠢᠯᠡᠭᠴᠢ | ᠴᠢᠨ ᠰᠢᠶᠤᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠦᠶᠤᠸᠠᠨ ᠪᠠᠶᠢᠴᠠᠭᠠᠬᠤ ᠠᠩᠭᠢ ᠶᠢᠨ ᠳᠡᠳ᠋ ᠳᠠᠷᠤᠭ᠎ᠠ | ᠯᠢᠦ ᠪᠦᠦ ᠯᠢᠶᠠᠩ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠠᠵᠢᠯ ᠤᠨ ᠰᠠᠯᠠᠭᠠᠨ ᠤ ᠳᠠᠷᠤᠭ᠎ᠠ | ᠯᠢ ᠯᠢ ᠹᠸᠢ ᠵᠡᠪᠰᠡᠭᠲᠦ ᠴᠠᠭᠳᠠᠭ᠎ᠠ ᠶᠢᠨ ᠦᠶᠤᠸᠠᠨ ᠤ ᠳᠤᠮᠳᠠ ᠠᠩᠭᠢ ᠶᠢᠨ ᠳᠤᠮᠳᠠ ᠠᠩᠭᠢ ᠶᠢᠨ ᠳᠠᠷᠤᠭ᠎ᠠ | ᠳ᠋ᠤᠸᠠᠨ ᡁᠢ ᠴᠢᠶᠠᠩ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠭᠠᠨ ᠵᠢᠯᠣᠭᠤᠳᠣᠭᠴᠢ | ᠡᠯ᠎ᠡ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ ᠪᠠᠯᠭᠠᠰᠤᠨ ᠳᠠᠷᠤᠭ᠎ᠠ ︵ᠡᠷᠬᠢᠯᠡᠭᠴᠢ︶ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠳᠤ ᠭᠠᠷᠭᠠᠵᠤ᠂ ᠠᠯᠪᠠᠨ ᠭᠡᠷ ᠤᠨ | ᠡᠷᠬᠢᠯᠡᠭᠴᠢ ᠶᠢᠨ ᠲᠤᠰᠢᠶᠠᠯ ᠢ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠬᠢᠯᠢ ᠶᠢᠨ ᠴᠡᠷᠢᠭ ᠬᠠᠪᠰᠤᠷᠭᠠᠨ ᠬᠠᠷᠢᠭᠤᠴᠠᠨ᠎ᠠ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2020 ᠣᠨ ᠤ 2 ᠰᠠᠷ᠎ᠠ ᠶᠢᠨ 27 ᠤ ᠡᠳᠦᠷ | | | | | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ | ︽ᠦᠶᠤᠸᠠᠨ ᠰᠢᠶᠠᠨ ᠤ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠲᠠᠪᠤᠨ ᠵᠠᠰᠠᠭ ᠠᠯᠪᠠᠨ ᠲᠠᠷᠬᠠᠭᠠᠭᠰᠠᠨ ﹇2020﹈ 3 ᠳ᠋ᠤᠭᠠᠷ ᠲᠣᠭᠠᠲᠤ | ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄ | ᠰᠢᠶᠠᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠠᠳ᠂ ᠡᠳᠦᠭᠡ ︽ᠦᠶᠤᠸᠠᠨ ᠰᠢᠶᠠᠨ ᠤ 2020 ᠣᠨ ᠤ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠦᠷᠢᠯᠡᠬᠦ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ | ᠲᠤᠤᠱᠯᠠᠭᠤᠯᠤᠨ ᠬᠡᠷᠡᠭᠵᠢᠭᠦᠯᠲᠦᠭᠡᠶ᠃ | ᠦᠶᠤᠸᠠᠨ ᠰᠢᠶᠠᠨ ᠤ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ | 2020 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠪᠣᠭᠤᠮᠲᠠ ᠰᠢᠪᠲᠤᠯᠬᠤ ᠵᠢᠯ ᠪᠣᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠪᠠᠶᠠᠨᠨᠠᠭᠤᠷ ᠬᠤᠳᠠ ᠶᠢᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠮᠢᠶ᠎ᠠ ᠪᠦᠬᠦᠢ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ | ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠵᠤ᠂ ᠪᠦᠬᠦ | ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ 2020 ᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠤᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠥᠯᠥᠭᠡ᠂ ᠮᠠᠨ ᠤ | ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠶᠠᠳᠠᠭᠤ ᠶᠢ ᠲᠡᠳᠬᠦᠬᠦ | ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠦᠨᠡᠨᠴᠢ ᠪᠠᠷ ᠬᠡᠷᠡᠭᠯᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠬᠦ ᠪᠠᠷ ᠶᠡᠷᠦᠩᠬᠡᠶᠢᠯᠡᠨ ᠵᠢᠯᠣᠭᠤᠳᠴᠤ᠂ ︽ᠲᠠᠪᠤᠨ ᠨᠢᠭᠡ ᠪᠦᠯᠦᠭ︾᠂ ︽ᠵᠢᠷᠭᠤᠭ᠎ᠠ ᠶᠢ ᠤᠨᠢᠨ ᠳᠡᠭᠡᠷ᠎ᠡ ᠨᠢ ᠪᠠᠶᠢᠯᠭᠠᠬᠤ︾ | ᠱᠠᠭᠠᠷᠳᠠᠯᠭ᠎ᠠ ᠶᠣᠰᠣᠭᠠᠷ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠤᠪᠤᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ | ᠶᠠᠰᠤ ᠴᠢᠨᠠᠷ ᠢ ᠳᠡᠭᠡᠭᠰᠢᠯᠡᠭᠦᠯᠵᠦ᠂ ᠪᠦᠬᠦ ᠰᠢᠶᠠᠨ ᠤ ᠬᠦᠴᠦᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠣᠯᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠪᠣᠯᠤᠨ ᠪᠦᠬᠦ ᠰᠢᠶᠠᠨ ᠤ ᠠᠷᠠᠳ ᠲᠦᠮᠡᠨ ᠲᠠᠢ ᠬᠠᠮᠲᠤᠪᠠᠷ ᠪᠦᠬᠦ ᠲᠠᠯ᠎ᠠ ᠪᠠᠷ ᠴᠢᠨᠡᠭᠡᠯᠢᠭᠵᠢᠬᠦ ᠶᠢ ᠪᠠᠲᠤᠯᠠᠬᠤ | ᠬᠡᠷᠡᠭᠲᠡᠢ᠃ | ᠬᠤᠶᠠᠷ᠂ ᠬᠠᠷᠠᠯᠲᠠ ᠶᠢᠨ ᠡᠭᠦᠷᠭᠡ | 2020 ᠣᠨ ᠳᠤ᠂ ᠭᠤᠣᠯᠳᠠᠭᠤ ᠭᠤᠷᠪᠠᠨ ᠭᠤᠣᠯᠳᠠᠯᠭ᠎ᠠ ᠶᠢ ᠲᠤᠪᠤᠶᠢᠯᠭᠠᠨ᠎ᠠ᠄ ︽ᠤᠨᠢᠨ ᠳᠡᠭᠡᠷ᠎ᠡ ᠨᠢ ᠠᠳᠬᠤᠬᠤ᠂ ᠳᠤᠲᠠᠭᠤᠳᠠᠯ ᠢ ᠨᠥᠬᠦᠪᠥᠷᠢᠯᠡᠬᠦ᠂ | ᠬᠢᠯᠠᠰ ᠴᠡᠭ ᠭᠠᠷᠭᠠᠬᠤ︾᠂ ᠡᠯ᠎ᠡ ᠱᠠᠲᠤᠨ ᠤ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠪᠦᠬᠦᠨ ᠢ ᠲᠣᠳᠣᠷᠬᠠᠶᠢᠯᠠᠬᠤ ᠶᠢ ᠪᠡᠶᠡᠯᠡᠭᠦᠯᠦᠨ᠎ᠡ᠃ ᠤᠨᠢᠨ ᠳᠡᠭᠡᠷ᠎ᠡ ᠨᠢ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡ ᠶᠢ ᠰᠠᠯᠭᠠᠬᠤ ᠦᠭᠡᠢ︾ | ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ︽ᠡᠷᠬᠢᠨ ᠬᠠᠷᠠᠬᠤ︾ ᠠᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠲᠠᠭᠤᠳᠠᠯ ᠢ ᠪᠦᠬᠦ ᠲᠠᠯ᠎ᠠ ᠪᠠᠷ ᠨᠥᠬᠦᠪᠥᠷᠢᠯᠡᠪᠡ᠃ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠡᠨᠡᠬᠦ ᠦᠨᠳᠦᠰᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠂ 27 ᠶᠠᠳᠠᠭᠤ ᠶᠢ ᠲᠡᠳᠬᠦᠬᠦ ᠠᠵᠤ ᠦᠢᠯᠡᠰ ᠤᠨ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠣᠷᠣᠯᠭ᠎ᠠ ᠪᠠᠨ ᠨᠡᠮᠡᠭᠳᠡᠭᠦᠯᠬᠦ | ᠵᠠᠭᠪᠤᠷ ᠤᠨ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠶ ᠰᠠᠭᠤᠷᠢ ᠪᠠᠷ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠦᠭᠰᠡᠨ | ᠦᠷ᠎ᠡ ᠪᠦᠲᠦᠮᠵᠢ ᠶᠢ ᠰᠢᠯᠭᠠᠨ ᠬᠢᠨᠠᠬᠤ ᠪᠠ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠡᠶᠢᠳᠡᠮ ᠪᠠᠶᠢᠴᠠᠭᠠᠯᠲᠠ ᠶᠢᠨ ᠰᠢᠯᠭᠠᠨ | ᠬᠤᠷᠢᠶᠠᠬᠤ ᠶᠢ ᠤᠭᠲᠤᠨ᠎ᠠ᠃ ᠶᠠᠳᠠᠭᠤ ᠬᠦᠴᠢᠷᠳᠡᠯ ᠲᠠᠢ ᠵᠠᠬ᠎ᠠ ᠬᠢᠵᠠᠭᠠᠷ ᠤᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠨᠢᠭᠡᠳᠦᠯᠲᠡᠶ ᠲᠥᠯᠥᠪᠯᠡᠨ᠂ ᠬᠠᠷᠢᠴᠠᠩᠭᠤᠶ | ᠶᠠᠳᠠᠭᠤ ᠬᠦᠴᠢᠷᠳᠡᠯ ᠢ ᠰᠢᠢᠳᠪᠦᠷᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠨ ᠪᠥᠬᠦ ᠣᠷᠣᠨ ᠪᠥᠬᠦ ᠤᠯᠤᠰ ᠤᠨ ᠡᠮᠦᠨ᠎ᠡ ᠡᠩᠨᠡᠭᠡᠨ ᠳᠤ ᠤᠷᠤᠨ᠎ᠠ᠃ | ᠭᠤᠷᠪᠠ᠂ ᠭᠤᠣᠯᠳᠠᠯᠭ᠎ᠠ ᠲᠠᠢ ᠠᠵᠢᠯ | ︽ᠲᠠᠪᠤᠨ ᠨᠢᠭᠡ ᠪᠦᠯᠦᠭ︾ ᠤᠨ ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ᠂ ᠲᠣᠰᠬᠤᠨ ᠤ ᠪᠠᠶᠢᠳᠠᠯ ᠳᠤᠨᠢ ᠳᠣᠭᠢᠷᠠᠭᠤᠯᠤᠨ ᠡᠷᠦᠬᠡ ᠬᠥᠮᠦᠨ ᠤ ᠪᠠᠶᠢᠳᠠᠯ ᠳᠤᠨᠢ ᠵᠣᠬᠢᠴᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ | ᠶᠠᠳᠠᠭᠤ ᠬᠦᠴᠢᠷᠳᠡᠯᠲᠡᠶ ᠡᠷᠦᠬᠡ ᠳᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠲᠣᠭᠲᠠᠭᠠᠵᠤ ᠥᠭᠭᠦᠨ᠎ᠡ᠃ ᠰᠢᠶᠠᠨ ᠤ ᠡᠳ᠋ ᠤᠨ ᠵᠠᠰᠠᠭ ᠠᠴᠠ 1000 ᠲᠦᠮᠡᠨ | ᠲᠥᠭᠦᠷᠢᠭ ᠳᠣᠭᠢᠷᠠᠭᠤᠯᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠪᠣᠯᠭᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠤᠷᠭᠠᠨ ᠬᠥᠮᠦᠵᠢᠯ ᠢᠶᠠᠷ | ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠᠷ ᠦᠨᠳᠦᠰᠦᠨ ᠵᠦᠶ᠋ᠯ ᠢ ᠪᠠᠲᠤᠯᠠᠬᠤ ᠵᠡᠷᠭᠡ | ᠲᠠᠯ᠎ᠠ ᠪᠠᠷ ᠬᠦᠴᠦᠲᠡᠶ ᠳᠡᠮᠵᠢᠯᠭᠡ ᠦᠵᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠯᠠᠪᠳᠠᠭᠤᠨ ᠢᠶᠠᠷ ᠠᠭᠢᠬᠤ ᠶᠢ | ᠦᠨᠡᠨ ᠬᠦ ᠪᠠᠲᠤᠯᠠᠨ᠎ᠠ᠃ | ︵ᠨᠢᠭᠡ︶ ᠦᠢᠯᠡᠳᠪᠦᠷᠢᠯᠡᠯ ᠢ ᠬᠥᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ ᠴᠤᠭᠴᠠᠯᠠᠨ᠎ᠠ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ | ᠲᠠᠯ᠎ᠠ ᠪᠠᠷ ᠰᠠᠶᠢᠲᠤᠷ ᠬᠢᠬᠦ ᠶᠢᠨ ᠭᠤᠣᠯ ᠠᠷᠭ᠎ᠠ ᠬᠡᠮᠵᠢᠶ᠎ᠡ ᠪᠠ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠦᠨᠳᠦᠰᠦᠨ | ᠠᠷᠭ᠎ᠠ ᠵᠠᠮ ᠪᠣᠯᠭᠠᠬᠤ ᠶᠢ ᠪᠠᠷᠢᠮᠲᠠᠯᠠᠨ᠎ᠠ᠃ ᠮᠠᠨ ᠤ ᠰᠢᠶᠠᠨ ᠤ ᠳᠠᠪᠠᠭᠤᠯᠢᠭ ᠤᠨᠴᠠᠯᠢᠬᠳᠤ ᠠᠵᠤ ᠦᠢᠯᠡᠰ ᠲᠤ ᠲᠦᠰᠢᠭᠯᠡᠨ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠠᠢ ᠨᠢᠭᠲᠠ | ᠤᠶᠠᠯᠳᠤᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠳᠤ ᠦᠵᠡᠭᠦᠯᠬᠦ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠤᠨᠴᠠᠯᠢᠬᠳᠤ ᠠᠵᠤ | ᠦᠢᠯᠡᠰ ᠢ ᠲᠦᠷᠭᠡᠨ ᠬᠥᠭᠵᠢᠭᠦᠯᠵᠦ᠂ ︽1554︾ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠠᠬᠢᠭᠤᠯᠤᠨ᠎ᠠ ︵1 ᠠᠴᠢᠶᠠᠯᠠᠪᠤᠷᠢ ᠳᠤ ᠲᠦᠰᠢᠭᠯᠡᠨ᠎ᠡ᠄ ︽ᠵᠠᠭᠤᠨ ᠠᠵᠤ ᠠᠬᠤᠶᠢᠯᠠᠯ ᠵᠠᠭᠤᠨ ᠬᠦᠷᠢᠶᠡᠯᠡᠩ ᠲᠦᠮᠡᠨ ᠡᠷᠦᠬᠡ︾ ᠶᠢᠨ ᠢᠨᠵᠧᠨᠧᠷᠢᠩ ᠳᠤ | ᠲᠦᠰᠢᠭᠯᠡᠨ᠎ᠡ᠃ 5 ᠵᠦᠢᠯ ᠤᠨ ᠵᠠᠭᠪᠤᠷ ᠲᠤ ᠰᠠᠭᠤᠷᠢᠯᠠᠬᠤ ᠬᠡᠷᠡᠭᠲᠡᠶ᠄ ᠬᠦᠷᠢᠶᠡᠯᠡᠩ ᠲᠣᠭᠤᠷᠢᠭ ᠢᠶᠠᠷ ᠬᠥᠲᠥᠯᠦᠨ ᠳᠠᠭᠠᠭᠤᠯᠬᠤ᠂ ᠠᠵᠤ ᠠᠬᠤᠶᠢᠯᠠᠯ ᠢᠶᠠᠷ | ᠳᠠᠶᠢᠴᠢᠯᠠᠬᠤ᠂ ᠪᠥᠭᠡᠮᠨᠡᠷᠡᠨ ᠬᠥᠭᠵᠢᠬᠦ᠂ ᠵᠢᠭᠤᠯᠴᠢᠯᠠᠯ ᠢᠶᠠᠷ ᠳᠠᠶᠢᠴᠢᠯᠠᠬᠤ᠂ ᠠᠵᠢᠯ ᠣᠯᠭᠤᠯᠲᠠ ᠪᠠᠷ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠢ | ᠠᠬᠢᠭᠤᠯᠬᠤ ᠬᠡᠷᠡᠭᠲᠡᠶ᠃ 5 ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠎ᠡ᠄ ᠪᠥᠲᠥᠭᠡᠨ ᠪᠠᠶᠢᠭᠤᠯᠤᠯᠲᠠ ᠶᠢᠨ ᠵᠠᠭᠪᠤᠷ᠂ ᠪᠥᠲᠥᠭᠡᠨ ᠪᠠᠶᠢᠭᠤᠯᠤᠯᠲᠠ ᠶᠢᠨ ᠪᠠᠯᠠ | ᠮᠥᠩᠭᠦ᠂ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠪᠥᠲᠥᠭᠡᠨ ᠪᠠᠶᠢᠭᠤᠯᠤᠯᠲᠠ ᠶᠢᠨ ᠲᠣᠭᠲᠠᠴᠠ᠂ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ᠃ 4 | ᠵᠦᠢᠯ ᠤᠨ ᠠᠰᠢᠭ ᠣᠷᠣᠯᠭ᠎ᠠ ᠶᠢ ᠪᠡᠶᠡᠯᠡᠭᠦᠯᠦᠨ᠎ᠡ︶ 27 ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠢ ᠦᠷᠭᠦᠯᠵᠢᠯᠡᠨ ᠪᠥᠲᠥᠭᠡᠨ ᠪᠠᠶᠢᠭᠤᠯᠤᠨ | ᠲᠡᠭᠦᠯᠳᠡᠷᠵᠢᠭᠦᠯᠵᠦ᠂ ᠪᠡᠯᠡᠳᠬᠡᠮᠵᠢᠲᠦ ᠲᠠᠷᠢᠶᠠᠯᠠᠩ᠂ ᠠᠯᠠᠰᠢᠨ ᠬᠤᠨᠢ᠂ ᠠᠯᠠᠰᠢᠨ ᠲᠠᠬᠢᠶ᠎ᠠ᠂ ᠠᠯᠠᠰᠢᠨ ᠡᠯᠵᠢᠭᠡ ᠲᠡᠵᠢᠭᠡᠨ ᠦᠷᠡᠵᠢᠭᠦᠯᠬᠦ᠂ ᠠᠵᠤ ᠠᠬᠤᠶ ᠶᠢᠨ ᠣᠶ | ᠪᠠ ᠬᠡᠷᠡᠯ ᠸᠣᠯᠲ ᠤᠨ ᠴᠠᠬᠢᠯᠭᠠᠨ ᠥᠷᠲᠡᠭᠡ ᠵᠡᠷᠭᠡ ᠵᠢᠷᠭᠤᠭᠠᠨ ᠶᠡᠭᠡ ᠶᠠᠳᠠᠭᠤ ᠶᠢ ᠲᠡᠳᠬᠦᠬᠦ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ︽1+4︾ | ᠶᠢᠨ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠠᠰᠢᠭ ᠲᠤᠰᠠ ᠶᠢ ᠬᠤᠯᠪᠣᠬᠤ ᠲᠣᠭᠲᠠᠴᠠ ︵ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠦᠷᠢᠶᠡᠯᠡᠩ ᠳᠤ | ᠲᠦᠰᠢᠭᠯᠡᠨ᠂ ᠶᠠᠳᠠᠭᠤ ᠬᠦᠴᠢᠷᠳᠡᠯᠲᠡᠶ ᠡᠷᠦᠬᠡ ᠳᠤ ᠡᠳ᠋ ᠬᠥᠷᠥᠩᠭᠡ ᠶᠢᠨ ᠴᠢᠨᠠᠷᠲᠠᠶ᠂ ᠦᠶ᠋ᠯᠡᠳᠪᠦᠷᠢᠯᠡᠯ ᠤᠨ ᠴᠢᠨᠠᠷᠲᠠᠶ᠂ ᠡᠳ᠋ ᠬᠥᠷᠥᠩᠭᠡ ᠶᠢᠨ ᠴᠢᠨᠠᠷᠲᠠᠶ᠂ | ᠬᠥᠳᠡᠯᠮᠦᠷᠢ ᠦᠢᠯᠡᠴᠢᠯᠡᠭᠡ ᠶᠢᠨ ᠴᠢᠨᠠᠷᠲᠠᠶ 4 ᠵᠦᠢᠯ ᠤᠨ ᠠᠰᠢᠭ ᠣᠷᠣᠯᠭ᠎ᠠ ᠣᠯᠭᠤᠨ᠎ᠠ︶ ᠶᠢ ᠪᠠᠶᠢᠭᠤᠯᠵᠤ᠂ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠦᠨ᠎ᠡ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠠᠷᠢᠴᠠᠩᠭᠤᠢ ᠶᠠᠳᠠᠭᠤ ᠬᠦᠴᠢᠷᠳᠡᠯᠲᠡᠢ | ᠠᠰᠠᠭᠤᠳᠠᠯ ᠢ ᠰᠢᠢᠳᠪᠦᠷᠢᠯᠡᠬᠦ ᠶᠢ ᠰᠦᠪᠡᠭᠴᠢᠯᠡᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠵᠢᠭᠤᠯᠴᠢᠯᠠᠯ ᠤᠨ ᠦᠢᠯᠡᠴᠢᠯᠡᠭᠡᠨ ᠤ ᠲᠥᠪ᠂ ᠡᠯᠧᠺᠲᠷᠣᠨ ᠬᠤᠳᠠᠯᠳᠤᠭᠠᠨ ᠤ ᠠᠯᠪᠠᠨ ᠬᠡᠷ᠂ ᠶᠠᠳᠠᠭᠤ ᠶᠢ ᠲᠡᠳᠬᠦᠬᠦ ᠠᠯᠪᠠᠨ ᠬᠡᠷ᠂ ᠠᠵᠢᠯ ᠣᠯᠭᠤᠬᠤ | ᠲᠣᠪᠴᠢᠶ᠎ᠠ᠂ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶ | ︵ᠬᠤᠶᠠᠷ︶ ᠣᠷᠣᠨ ᠰᠠᠭᠤᠴᠠ ᠶᠢᠨ ᠠᠮᠤᠷ ᠲᠦᠪᠰᠢᠨ ᠤ | ᠨᠢᠭᠡ ᠳᠤ᠂ ︽ᠨᠡᠭᠦᠯᠭᠡᠵᠦ ᠳᠡᠶᠢᠯᠬᠦ᠂ ᠲᠣᠭᠲᠠᠭᠤᠨ ᠪᠠᠶᠢᠯᠭᠠᠵᠤ ᠳᠡᠶᠢᠯᠬᠦ᠂ ᠬᠢᠬᠦ ᠠᠵᠢᠯ ᠲᠠᠢ᠂ ᠪᠠᠶᠠᠵᠢᠵᠤ ᠳᠡᠶᠢᠯᠬᠦ︾ ᠣᠨᠳᠣᠤ ᠭᠠᠵᠠᠷ ᠲᠤ ᠨᠡᠭᠦᠯᠭᠡᠬᠦ | ᠵᠠᠷᠴᠢᠮ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠨᠡᠭᠦᠯᠭᠡᠬᠦ ᠡᠷᠦᠬᠡ ᠳᠤ ᠡᠯ᠎ᠡ ᠲᠥᠷᠥᠯ ᠤᠨ ᠠᠪᠤᠷᠠᠨ ᠲᠤᠰᠠᠯᠠᠬᠤ | ᠪᠠᠯᠠ ᠮᠥᠩᠭᠦ ᠪᠠᠷ ᠦᠨᠳᠦᠰᠦᠨ ᠵᠦᠶ᠋ᠯ ᠢ ᠪᠠᠲᠤᠯᠠᠬᠤ ᠬᠡᠷᠡᠭᠲᠡᠶ︔ ᠠᠵᠤ ᠦᠢᠯᠡᠰ ᠢ ᠬᠥᠭᠵᠢᠭᠦᠯᠬᠦ ᠳᠤ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ | ᠵᠢᠭᠡᠯᠡᠯᠭᠡ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠠᠵᠤ ᠦᠢᠯᠡᠰ ᠢ ᠰᠣᠩᠭᠤᠨ ᠲᠣᠭᠲᠠᠭᠠᠬᠤ ᠳᠤ ᠨᠡᠭᠦᠯᠭᠡᠬᠦ ᠡᠷᠦᠬᠡ ᠥᠪᠡᠷ ᠤᠨ ᠪᠠᠶᠢᠳᠠᠯ ᠢᠶᠠᠨ ᠦᠨᠳᠦᠰᠦᠯᠡᠨ᠂ | ᠳᠠᠷᠢᠬᠤ᠂ ᠲᠡᠵᠢᠭᠡᠨ ᠦᠷᠡᠵᠢᠭᠦᠯᠬᠦ᠂ ᠭᠦᠶ᠋ᠯᠭᠡᠭᠡᠨ ᠤ ᠲᠡᠭᠡᠭᠡᠪᠦᠷᠢ᠂ ᠵᠢᠵᠢᠭ ᠭᠠᠷ ᠦᠢᠯᠡᠳᠪᠦᠷᠢ᠂ ᠠᠷᠠᠳ ᠲᠤ ᠲᠥᠬᠦᠮ ᠦᠵᠡᠭᠦᠯᠬᠦ ᠳᠡᠯᠭᠡᠭᠦᠷ᠂ ᠬᠡᠷᠡᠯ ᠴᠡᠨᠡᠭ ᠤᠨ | ᠠᠵᠤ ᠦᠢᠯᠡᠰ᠂ ᠲᠠᠷᠢᠶᠠᠴᠢᠨ ᠠᠶᠢᠯ ᠤᠨ ᠵᠢᠭᠤᠯᠴᠢᠯᠠᠯ ᠵᠡᠷᠭᠡ ᠶᠢ ᠪᠠᠭᠲᠠᠭᠠᠭᠰᠠᠨ ᠥᠪᠡᠷ ᠤᠨ ᠪᠠᠶᠢᠳᠠᠯ ᠢᠶᠠᠨ ᠡᠵᠡᠨ ᠮᠡᠳᠡᠵᠦ ᠰᠣᠩᠭᠤᠨ᠎ᠠ᠃ ᠬᠤᠶᠠᠷ ᠲᠤ᠂ | ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠠᠵᠢᠯ ᠢ ᠬᠥᠳᠡᠭᠡ ᠲᠣᠰᠬᠤᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠣᠷᠣᠨ | ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠬᠦᠴᠦᠲᠡᠶ ᠭᠠᠷᠳᠠᠴᠠ ᠪᠣᠯᠭᠠᠵᠤ᠂ ︽ᠳᠥᠷᠪᠡᠨ ᠲᠥᠷᠥᠯ ᠤᠨ ᠬᠥᠮᠦᠰ︾ ᠤᠨ ᠬᠡᠷ | ᠪᠠᠶᠢᠰᠢᠩ ᠤᠨ ᠠᠮᠤᠷ ᠲᠦᠪᠰᠢᠨ ᠤ ᠬᠥᠳᠡᠯᠦᠩᠭᠦᠶ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠡᠷ ᠪᠠᠶᠢᠰᠢᠩ ᠤᠨ ᠳᠠᠯᠳᠠ ᠬᠡᠮ ᠤᠨ ᠠᠰᠠᠭᠤᠳᠠᠯ ᠢ ᠣᠯᠵᠤ ᠮᠡᠳᠡᠪᠡᠯ | ᠴᠠᠭ ᠲᠤᠬᠠᠶ ᠳᠤᠨᠢ ᠰᠢᠶ᠋ᠳᠪᠦᠷᠢᠯᠡᠵᠦ᠂ ︽ᠳᠥᠷᠪᠡᠨ ᠲᠥᠷᠥᠯ ᠤᠨ ᠬᠥᠮᠦᠰ︾ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ᠭᠤᠷᠪᠠ ᠳᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠤᠨ ᠳᠠᠳᠬᠠᠯ ᠢ | ᠳᠠᠰᠤᠷᠠᠯᠳᠠ ᠦᠬᠡᠢ ᠬᠤᠪᠢᠷᠠᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠲᠦᠷᠪᠡ ᠳᠤ᠂ 2019 ᠣᠨ ᠤ | ᠬᠥᠳᠡᠭᠡ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠰᠤᠮᠤ | ᠪᠠᠯᠭᠠᠰᠤ ᠶᠢᠨ ᠤᠰᠤ ᠬᠠᠩᠭᠠᠬᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠠᠬᠢᠵᠢᠭᠦᠯᠦᠨ ᠳᠡᠭᠡᠭᠰᠢᠯᠡᠭᠦᠯᠬᠦ ᠪᠠᠷ ᠭᠤᠣᠯ ᠱᠤᠭᠤᠮ ᠪᠣᠯᠭᠠᠵᠤ᠂ ᠤᠨᠢᠨ ᠳᠡᠭᠡᠷ᠎ᠡ ᠨᠢ | ᠶᠠᠳᠠᠭᠤ ᠶᠢ ᠲᠡᠳᠬᠦᠬᠦ ᠪᠠᠷ ᠭᠤᠣᠯᠳᠠᠯᠭ᠎ᠠ ᠪᠣᠯᠭᠠᠵᠤ᠂ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠤᠨ ᠠᠭᠤᠯᠭ᠎ᠠ ᠶᠢ ᠴᠢᠨᠠᠭᠰᠢᠳᠠ ᠰᠢᠯᠢᠳᠡᠭᠵᠢᠭᠦᠯᠵᠦ᠂ ᠬᠥᠳᠡᠭᠡ | ᠲᠣᠰᠬᠤᠨ ᠤ ᠰᠠᠭᠤᠭᠠᠯᠢ ᠠᠷᠠᠳ ᠤᠨ ᠤᠰᠤ ᠤᠮᠳᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠲᠠᠰᠤᠷᠠᠯᠳᠡ ᠦᠭᠡᠢ ᠳᠡᠭᠡᠭᠰᠢᠯᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠶᠠᠳᠠᠭᠤ ᠶᠢ ᠲᠡᠳᠬᠦᠬᠦ ᠠᠯᠪᠠᠨ ᠬᠡᠷ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶ | ︵ᠭᠤᠷᠪᠠ︶ ᠠᠮᠢ ᠠᠬᠤᠶ ᠶᠢᠨ ᠠᠵᠢᠯ ᠣᠯᠭᠤᠯᠲᠠ ᠶᠢᠨ ᠲᠠᠯ᠎ᠠ ᠪᠠᠷ | ᠨᠢᠭᠡ ᠳᠤ᠂ ᠣᠶᠢᠵᠢᠭᠤᠯᠵᠤ ᠨᠣᠭᠤᠭᠠᠷᠠᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ ᠶᠢ ᠪᠠᠶᠢᠭᠠᠯᠢ ᠶᠢᠨ ᠤᠢ | ᠰᠢᠭᠤᠶ ᠶᠢ ᠬᠠᠮᠠᠭᠠᠯᠠᠬᠤ ᠪᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ | ᠬᠡᠷᠡᠭᠵᠢᠭᠦᠯᠵᠦ᠂ 39 ᠶᠠᠳᠠᠭᠤ ᠬᠦᠴᠢᠷᠳᠡᠯ ᠲᠠᠢ ᠲᠣᠰᠬᠤᠨ ᠤ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠭᠤᠣᠯᠳᠠᠯᠭ᠎ᠠ ᠲᠠᠢ ᠪᠠᠷ ᠬᠢᠯᠭᠡᠪᠡ᠃ ᠬᠠᠪᠤᠷ ᠤᠨ | ᠤᠯᠠᠷᠢᠯ ᠳᠤ ᠣᠶᠢᠵᠢᠭᠤᠯᠬᠤ᠂ ᠨᠠᠮᠤᠷ ᠡᠪᠦᠯ ᠤᠨ ᠤᠯᠠᠷᠢᠯ ᠳᠤ ᠣᠶᠢᠵᠢᠭᠤᠯᠬᠤ ᠵᠢᠴᠢ ᠣᠶᠢᠵᠢᠭᠤᠯᠵᠤ ᠪᠤᠶᠢᠵᠢᠭᠤᠯᠬᠤ ᠬᠠᠮᠢᠶᠠᠷᠤᠯᠲᠠ ᠶᠢ ᠵᠣᠬᠢᠶᠠᠨ ᠪᠠᠶᠢᠭᠤᠯᠬᠤ | ᠲᠠᠯ᠎ᠠ ᠪᠠᠷ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠤᠢ ᠰᠢᠭᠤᠶ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠭᠤᠯᠵᠤ᠂ | ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠶᠢ ᠨᠡᠮᠡᠭᠳᠡᠭᠦᠯᠦᠨ᠎ᠡ᠃ ᠤᠢ ᠰᠢᠭᠤᠶ ᠶᠢᠨ ᠦᠢᠯᠡᠰ ᠤᠨ ᠭᠤᠣᠯᠳᠠᠯᠭ᠎ᠠ ᠲᠠᠢ | ᠢᠨᠵᠧᠨᠧᠷᠢᠩ ᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠨᠤᠭᠤᠳ ᠠᠳᠠᠯᠢ ᠨᠥᠬᠦᠴᠡᠯ ᠤᠨ ᠳᠣᠣᠷ᠎ᠠ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠡᠷᠦᠭᠡ ᠶᠢ | ᠤᠢ ᠰᠢᠭᠤᠶ ᠶᠢᠨ ᠦᠢᠯᠡᠰ ᠤᠨ ᠪᠦᠳᠦᠭᠡᠨ ᠪᠠᠶᠢᠭᠤᠯᠤᠯᠲᠠ ᠳᠤ ᠤᠷᠢᠳᠠᠪᠠᠷ ᠲᠣᠬᠢᠷᠠᠭᠤᠯᠵᠤ ᠣᠷᠣᠯᠴᠠᠭᠤᠯᠤᠨ᠎ᠠ᠃ ᠬᠤᠶᠠᠷ ᠲᠤ ᠭᠤᠤᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢ ᠬᠡᠷᠡᠭᠵᠢᠭᠦᠯᠬᠦ ᠳᠤᠮᠳᠠ᠂ ᠶᠠᠳᠠᠭᠤ ᠬᠦᠴᠢᠷᠳᠡᠯᠲᠡᠶ ᠡᠷᠦᠬᠡ ᠶᠢᠨ ᠭᠠᠵᠠᠷ ᠰᠢᠷᠣᠶ ᠶᠢ ᠡᠩ ᠲᠡᠷᠢᠭᠦᠨ ᠳᠤ ᠡᠷᠭᠢᠯᠳᠦᠭᠦᠯᠦᠨ | ᠮᠣᠳᠣ ᠳᠠᠷᠢᠵᠤ ᠨᠣᠭᠤᠭᠠᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠳᠤ ᠲᠣᠭᠲᠠᠪᠤᠷᠢᠲᠠᠶ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠣᠯᠭᠤᠨ᠎ᠠ᠃ ᠭᠤᠷᠪᠠ ᠳᠤ᠂ | ᠪᠠᠶᠢᠭᠠᠯᠢ ᠶᠢᠨ ᠤᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠢᠨᠵᠧᠨᠧᠷᠢᠩ ᠤᠨ ᠤᠢ ᠰᠢᠭᠤᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ | ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ᠂ ᠬᠥᠳᠡᠯᠮᠦᠷᠢᠯᠡᠬᠦ ᠴᠢᠳᠠᠪᠤᠷᠢ ᠲᠠᠢ ᠪᠠ ᠰᠣᠩᠭᠤᠨ ᠤᠷᠢᠬᠤ ᠨᠥᠬᠦᠴᠡᠯ ᠳᠤ ᠨᠡᠶᠢᠴᠡᠬᠦ 10 ᠨᠡᠷᠡᠰ ᠡᠪᠬᠡᠮᠡᠯ ᠪᠠᠶᠢᠭᠤᠯᠤᠨ | ᠺᠠᠷᠲᠯᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠤᠢ ᠬᠠᠮᠠᠭᠠᠯᠠᠭᠴᠢ ᠪᠠᠷ ᠤᠷᠢᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠲᠣᠭᠲᠠᠭᠤᠨ ᠴᠠᠯᠢᠩ ᠤᠨ | ᠴᠢᠨᠠᠷᠲᠠᠢ ᠣᠷᠣᠯᠭ᠎ᠠ ᠶᠢ ᠨᠡᠮᠡᠭᠳᠡᠭᠦᠯᠬᠦ ᠪᠠᠷ ᠴᠢᠷᠮᠠᠶᠢᠨ᠎ᠠ᠃ ᠲᠦᠷᠪᠡ ᠳᠤ᠂ ᠤᠢ ᠰᠢᠭᠤᠢ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠳᠤ | ᠲᠦᠰᠢᠭᠯᠡᠵᠦ᠂ ︽ᠠᠵᠤ ᠠᠬᠤᠶᠢᠯᠠᠯ + ᠰᠠᠭᠤᠷᠢᠨ ᠭᠠᠵᠠᠷ + ᠬᠤᠷᠰᠢᠶ᠎ᠡ + ᠲᠠᠷᠢᠶᠠᠴᠢᠨ ᠡᠷᠦᠭᠡ︾ ᠶᠢᠨ ᠡᠵᠡᠩᠨᠡᠯᠲᠡ ᠶᠢᠨ ᠵᠠᠭᠪᠤᠷ ᠢ ᠬᠡᠷᠡᠭᠵᠢᠭᠦᠯᠵᠦ᠂ ᠤᠢ | ᠰᠢᠭᠤᠢ ᠶᠢᠨ ᠬᠤᠷᠰᠢᠶ᠎ᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠺᠣᠮᠫᠠᠨᠢ ᠪᠣᠯᠤᠨ ᠠᠵᠤ ᠠᠬᠤᠶᠢᠯᠠᠯ ᠳᠤ ᠲᠦᠰᠢᠭᠯᠡᠨ ᠬᠡᠪᠴᠢᠶᠡᠵᠢᠭᠰᠡᠨ ᠠᠵᠤ ᠠᠬᠤᠢ ᠶᠢᠨ ᠤᠢ | ᠰᠢᠭᠤᠢ ᠶᠢᠨ ᠲᠠᠷᠢᠮᠠᠯ ᠤᠨ ᠰᠠᠭᠤᠷᠢᠨ ᠢ ᠲᠥᠪᠯᠡᠷᠡᠭᠦᠯᠦᠨ ᠪᠠᠶᠢᠭᠤᠯᠵᠤ᠂ ᠡᠷᠬᠢᠨ ᠲᠣᠭᠤᠷᠢᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠲᠠᠷᠢᠮᠠᠯ ᠤᠨ ᠪᠠ | ᠪᠤᠶᠢᠵᠢᠭᠤᠯᠤᠨ ᠬᠠᠮᠢᠶᠠᠷᠬᠤ ᠵᠡᠷᠭᠡ ᠭᠤᠭᠴᠤᠭ᠎ᠠ ᠳᠤ ᠣᠷᠣᠯᠴᠠᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠶᠢ | ᠨᠡᠮᠡᠭᠳᠡᠭᠦᠯᠦᠨ᠎ᠡ᠃ | ᠬᠠᠷᠢᠭᠤᠴᠠᠯᠭᠠᠲᠤ ᠨᠢᠭᠡᠴᠡ᠄ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶ | ︵ᠲᠦᠷᠪᠡ︶ ᠰᠤᠷᠭᠠᠨ ᠬᠥᠮᠦᠵᠢᠯ ᠢ ᠬᠥᠭᠵᠢᠭᠦᠯᠵᠦ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ ᠴᠤᠭᠴᠠᠯᠠᠨ᠎ᠠ | ᠨᠢᠭᠡ ᠳᠤ᠂ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠬᠡᠦᠬᠡᠳ᠂ ᠪᠠᠭ᠎ᠠ ᠰᠤᠷᠭᠠᠭᠤᠯᠢ ᠶᠢᠨ ᠰᠤᠷᠤᠭᠴᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠤᠨᠤᠭ ᠤᠨ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ᠂ | ᠬᠤᠭᠤᠯᠠᠨ ᠤ ᠵᠠᠷᠤᠳᠠᠯ ᠳᠤ ᠦᠷᠭᠦᠯᠵᠢᠯᠡᠨ ᠨᠥᠬᠦᠪᠥᠷᠢ ᠥᠭᠭᠦᠨ᠎ᠡ᠃ ᠬᠤᠶᠠᠷ ᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠣᠷᠣᠭᠤᠯᠤᠭᠰᠠᠨ ᠥᠬᠡᠶ | ᠶᠠᠳᠠᠭᠤ ᠬᠦᠴᠢᠷᠳᠡᠯᠲᠡᠶ ᠬᠡᠷ ᠪᠦᠯᠢ ᠶᠢᠨ ᠤᠶᠤᠲᠠᠳ ᠲᠤ ︽ᠤᠯᠤᠰ ᠠᠴᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠤᠶᠤᠲᠠᠳ ᠲᠤ ᠨᠥᠬᠦᠪᠥᠷᠢ ᠥᠭᠬᠦ | ᠪᠠᠷᠢᠮᠵᠢᠶ᠎ᠠ︾ ᠪᠠᠷ ᠯᠠᠪᠯᠠᠯᠲᠠ ᠪᠣᠯᠭᠠᠵᠤ ᠨᠥᠬᠦᠪᠥᠷᠢ ᠥᠭᠭᠦᠨ᠎ᠡ᠃ ᠭᠤᠷᠪᠠ ᠳᠤ᠂ ᠰᠤᠷᠭᠠᠭᠤᠯᠢ ᠲᠡᠭᠦᠰᠦᠭᠰᠡᠨ ᠶᠠᠳᠠᠭᠤ ᠬᠦᠴᠢᠷᠳᠡᠯᠲᠡᠶ ᠬᠡᠷ ᠪᠦᠯᠢ ᠶᠢᠨ | ᠤᠶᠤᠲᠠᠳ ᠲᠤ ᠤᠷᠢᠳᠠᠪᠠᠷ ᠠᠵᠢᠯ ᠣᠯᠭᠤᠬᠤ ᠠᠵᠢᠯ ᠤᠨ ᠪᠠᠶᠢᠷᠢ ᠬᠠᠩᠭᠠᠵᠤ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠬᠠᠩᠭᠠᠵᠤ᠂ ᠪᠤᠰᠤᠳ ᠠᠳᠠᠯ ᠦᠶ᠋ᠯᠡᠰ | ᠴᠣᠭᠴᠠᠯᠠᠬᠤ ᠲᠥᠷᠥ ᠶᠢᠨ ᠪᠣᠳᠣᠯᠭ᠎ᠠ ᠶᠢ ᠡᠳ᠋ᠯᠡᠭᠦᠯᠦᠨ᠎ᠡ᠃ ᠪᠣᠶ ᠪᠥᠬᠦᠶ ᠶᠠᠳᠠᠭᠤ ᠬᠦᠴᠢᠷᠳᠡᠯᠲᠡᠶ ᠬᠡᠷ ᠪᠦᠯᠢ ᠶᠢᠨ ᠰᠣᠷᠣᠭᠴᠢ ᠶᠢᠨ ᠲᠤᠰᠠᠯᠠᠬᠤ ᠶᠣᠰᠣᠲᠠᠶ ᠶᠢ ᠨᠢ | ᠴᠥᠮ ᠲᠤᠰᠠᠯᠠᠵᠤ᠂ ᠵᠢᠭᠡᠯᠡᠭᠦᠯᠬᠦ ᠶᠣᠰᠣᠲᠠᠶ ᠶᠢ ᠨᠢ ᠴᠥᠮ ᠵᠢᠭᠡᠯᠡᠭᠦᠯᠬᠦ ᠶᠢ ᠪᠡᠶᠡᠯᠡᠭᠦᠯᠵᠦ᠂ 1 ᠡᠷᠦᠬᠡ ᠶᠠᠳᠠᠭᠤ ᠬᠦᠴᠢᠷᠳᠡᠯᠲᠡᠶ ᠡᠷᠦᠬᠡ ᠰᠤᠷᠤᠯᠭ᠎ᠠ ᠠᠴᠠ ᠪᠠᠨ | ᠪᠣᠯᠵᠣ ᠳᠠᠬᠢᠨ ᠶᠠᠳᠠᠭᠤᠷᠠᠬᠤ ᠪᠠᠶᠢᠳᠠᠯ ᠭᠠᠷᠬᠤ ᠥᠬᠡᠶ᠂ 1 ᠨᠡᠷᠡᠰ ᠰᠣᠷᠣᠭᠴᠢ ᠶᠠᠳᠠᠭᠤ ᠠᠴᠠ ᠪᠠᠨ ᠪᠣᠯᠵᠣ ᠰᠤᠷᠤᠯᠭ᠎ᠠ ᠪᠠᠨ ᠳᠣᠷᠭᠤᠨ ᠵᠣᠭᠰᠣᠬᠤ ᠪᠠᠶᠢᠳᠠᠯ ᠭᠠᠷᠬᠤ | ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ | ᠬᠠᠷᠢᠭᠤᠴᠠᠯᠭᠠᠲᠤ ᠨᠢᠭᠡᠴᠡ᠄ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶ | ︵ᠲᠠᠪᠤ︶ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠠᠯ᠎ᠠ ᠪᠠᠷ | ᠨᠢᠭᠡ ᠳᠤ᠂ ᠰᠢᠶᠠᠨ ᠤ ᠱᠠᠲᠤᠨ ᠤ ᠢᠵᠢ ᠪᠦᠷᠢᠳᠦᠭᠦᠯᠬᠦ ᠪᠠᠯᠠ ᠮᠥᠩᠭᠦ ᠶᠢ ᠣᠷᠣᠭᠤᠯᠤᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯ ᠲᠠᠢ ᠬᠥᠮᠦᠨ | ᠠᠮᠠ ᠳᠤ ᠬᠥᠮᠦᠨ ᠪᠦᠷᠢ ᠳᠤ 300 ᠲᠥᠭᠦᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠲᠤᠰᠢᠶᠠᠵᠤ ᠥᠭᠭᠦᠨ᠎ᠡ᠃ | ᠬᠤᠶᠠᠷ ᠲᠤ᠂ ᠲᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠢᠶᠠᠨ ᠤ ᠬᠡᠪᠴᠢᠶᠡᠨ ᠳᠣᠲᠣᠷᠠᠬᠢ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠳᠤ ᠤᠷᠢᠳ ᠢᠶᠠᠷ ᠣᠨᠣᠰᠢᠯᠠᠨ ᠡᠮᠨᠡᠬᠦ᠂ ᠳᠠᠷᠠᠭ᠎ᠠ ᠨᠢ ᠵᠠᠷᠤᠳᠠᠯ ᠲᠤᠰᠢᠶᠠᠬᠤ ᠪᠠ ︽ᠨᠢᠭᠡ ᠥᠷᠲᠡᠭᠡᠨ ᠤ ᠮᠠᠶ᠋ᠢᠭ︾ ᠤᠨ ᠲᠤᠬᠠᠶ ᠶᠢᠨ | ᠴᠠᠭ ᠲᠤᠨᠢ ᠳ᠋ᠦᠩᠨᠡᠨ ᠪᠤᠳᠤᠬᠤ ᠲᠦᠷᠢᠮ ᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠤᠷᠢᠳ ᠢᠶᠠᠷ ᠣᠨᠣᠰᠢᠯᠠᠨ ᠡᠮᠨᠡᠵᠦ᠂ ᠳᠠᠷᠠᠭ᠎ᠠ ᠨᠢ | ᠵᠠᠷᠤᠳᠠᠯ ᠲᠤᠰᠢᠶᠠᠬᠤ︾ ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠲᠤᠰᠢᠶᠠᠬᠤ ᠴᠢᠬᠤᠯᠠ ᠥᠬᠡᠶ᠂ ᠰᠢᠭᠤᠳ | ᠡᠮᠨᠡᠯᠭᠡ ᠳᠤ ᠰᠠᠭᠤᠵᠤ ᠡᠮᠨᠡᠭᠦᠯᠬᠦ ᠬᠡᠷᠡᠭᠲᠡᠶ᠂ ᠡᠮᠨᠡᠯᠭᠡ ᠠᠴᠠ ᠭᠠᠷᠬᠤ ᠦᠶ᠎ᠡ ᠳᠤ ᠡᠪᠡᠳᠴᠢᠲᠡᠨ ᠵᠥᠪᠬᠡᠨ ᠥᠪᠡᠷ ᠤᠨ ᠵᠠᠷᠤᠳᠠᠯ ᠤᠨ ᠢᠶᠠᠨ 10% ᠶᠢᠨ | ᠡᠮᠴᠢᠯᠡᠭᠡᠨ ᠤ ᠵᠠᠷᠤᠳᠠᠯ ᠢ ᠥᠪᠡᠷᠲᠡᠭᠡᠨ ᠲᠤᠰᠢᠶᠠᠪᠠᠯ ᠪᠣᠯᠴᠢᠬᠠᠨ᠎ᠠ᠃ ᠭᠤᠷᠪᠠ ᠳᠤ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ︽ᠭᠤᠷᠪᠠᠨ ᠨᠢᠭᠡ ᠪᠦᠯᠦᠭ︾ ᠤᠨ | ᠠᠵᠢᠯᠯᠠᠭᠠᠨ ᠤ ᠲᠥᠯᠥᠪᠯᠡᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠦᠨᠳᠦ ᠡᠪᠡᠳᠴᠢᠨ ᠢ ᠲᠥᠪᠯᠡᠷᠡᠭᠦᠯᠦᠨ ᠡᠮᠨᠡᠨ ᠵᠠᠰᠠᠬᠤ ᠶᠢ ᠬᠥᠳᠡᠭᠡ ᠲᠣᠰᠬᠤᠨ ᠤ ᠪᠣᠶ | ᠪᠥᠬᠦᠶ ᠶᠠᠳᠠᠭᠤ ᠬᠦᠴᠢᠷᠳᠡᠯᠲᠡᠶ ᠡᠪᠡᠳᠴᠢᠲᠡᠨ ᠳᠤ ᠪᠦᠷᠬᠦᠭᠦᠯᠵᠦ᠂ 25 ᠵᠦᠶ᠋ᠯ ᠤᠨ ᠬᠦᠨᠳᠦ ᠡᠪᠡᠳᠴᠢᠨ ᠲᠠᠢ ᠶᠠᠳᠠᠭᠤ ᠬᠦᠴᠢᠷᠳᠡᠯᠲᠡᠶ ᠣᠯᠠᠨ ᠲᠦᠮᠡᠨ ᠤ | ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠦᠨᠡᠨ ᠬᠦ ᠪᠦᠲᠦᠮᠵᠢᠲᠡᠶ ᠣᠨᠣᠰᠢᠯᠠᠨ ᠡᠮᠨᠡᠬᠦ ᠠᠷᠭ᠎ᠠ ᠬᠡᠮᠵᠢᠶ᠎ᠡ ᠠᠪᠤᠨ᠎ᠠ᠃ ᠳᠥᠷᠪᠡ ᠳᠤ᠂ ᠰᠢᠶᠠᠨ ᠤ ᠱᠠᠲᠤᠨ ᠤ ᠢᠵᠢ | ᠪᠦᠷᠢᠳᠦᠭᠦᠯᠬᠦ ᠪᠠᠯᠠ ᠮᠥᠩᠭᠦ ᠶᠢ ᠦᠷᠭᠦᠯᠵᠢᠯᠡᠨ ᠣᠷᠣᠭᠤᠯᠵᠤ᠂ ᠳᠡᠩᠰᠡᠯᠡᠨ ᠺᠠᠷᠲᠯᠠᠭᠰᠠᠨ ᠪᠣᠶ ᠪᠥᠬᠦᠶ ᠬᠥᠮᠦᠰ ᠲᠤ 180 ᠲᠥᠭᠦᠷᠢᠭ ᠤᠨ ᠬᠦᠨᠳᠦ ᠡᠪᠡᠳᠴᠢᠨ ᠤ | ᠬᠤᠳᠠᠯᠳᠤᠭᠠᠨ ᠤ ᠳᠠᠭᠠᠳᠬᠠᠯ ᠬᠤᠳᠠᠯᠳᠤᠨ ᠠᠪᠴᠤ᠂ ᠳᠠᠭᠠᠳᠬᠠᠯ ᠤᠨ ᠲᠣᠭᠲᠠᠴᠠ ᠪᠠᠷ ᠳᠠᠮᠵᠢᠭᠤᠯᠤᠨ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠵᠠᠰᠠᠭ ᠤᠨ ᠣᠷᠳᠣᠨ ᠤ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠪᠠᠷ ᠪᠠᠲᠤᠯᠠᠭ᠎ᠠ ᠶᠢᠨ ᠡᠲᠡᠭᠡᠳ ᠢᠶᠠᠨ ᠪᠣᠯᠭᠠᠭᠰᠠᠨ ᠶᠠᠳᠠᠭᠤ ᠶᠢ ᠲᠡᠳᠬᠦᠬᠦ ᠳᠠᠭᠠᠳᠬᠠᠯ ᠤᠨ ᠦᠢᠯᠡᠳᠭᠦᠨ ᠢ | ᠭᠤᠤᠯᠳᠠᠯᠭ᠎ᠠ ᠲᠠᠢ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ | ᠵᠣᠯᠭᠠᠭᠤᠯᠵᠤ᠂ ᠡᠪᠡᠳᠴᠢᠨ ᠠᠴᠠ ᠪᠣᠯᠵᠣ᠂ ᠰᠠᠨᠠᠭᠠᠨ ᠳᠤ ᠥᠬᠡᠶ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ | ᠃ ᠲᠠᠪᠤ ᠳᠤ᠂ ᠨᠥᠬᠦᠴᠡᠯ ᠳᠤ ᠨᠡᠶᠢᠴᠡᠭᠦᠯᠦᠨ ᠬᠡᠷ ᠪᠦᠯᠢ ᠶᠢᠨ ᠡᠪᠡᠳᠴᠢᠲᠡᠨ ᠤ ᠣᠷᠣ ᠭᠠᠷᠭᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠬᠡᠷ ᠪᠦᠯᠢ ᠶᠢᠨ | ᠡᠪᠡᠳᠴᠢᠲᠡᠨ ᠤ ᠣᠷᠣ ᠭᠠᠷᠭᠠᠵᠤ ᠡᠮᠨᠡᠭᠦᠯᠦᠨ᠎ᠡ᠂ ᠡᠭᠦᠨ ᠳᠤ ᠡᠭᠦᠰᠦᠭᠰᠡᠨ ᠵᠠᠷᠤᠳᠠᠯ ᠢ ᠡᠮᠨᠡᠯᠭᠡ ᠳᠤ ᠰᠠᠭᠤᠭᠰᠠᠨ ᠬᠠᠷᠢᠴᠠᠯ ᠢᠶᠠᠷ ᠲᠠᠩᠰᠠ ᠳᠡᠶᠢᠯᠵᠦ ᠥᠭᠭᠦᠨ᠎ᠡ᠂ | 450 ᠲᠥᠭᠦᠷᠢᠭ ᠬᠥᠷᠬᠦ ᠥᠬᠡᠶ ᠶᠢ ᠨᠢ ᠲᠠᠩᠰᠠ ᠳᠡᠶᠢᠯᠵᠦ ᠥᠭᠭᠦᠨ᠎ᠡ᠂ 450 ᠲᠥᠭᠦᠷᠢᠭ ᠠᠴᠠ ᠬᠡᠲᠦᠷᠡᠭᠰᠡᠨ ᠵᠠᠷᠤᠳᠠᠯ ᠢ ᠠᠪᠤᠷᠠᠨ ᠡᠮᠨᠡᠬᠦ ᠡᠷᠡᠭᠦᠯ | ᠬᠠᠮᠠᠭᠠᠯᠠᠯ ᠤᠨ ᠬᠤᠷᠢᠶ᠎ᠠ ᠠᠴᠠ ᠡᠭᠦᠷᠭᠡᠯᠡᠨ᠎ᠡ᠃ ᠵᠢᠷᠭᠤᠭ᠎ᠠ ᠳᠤ᠂ ︽ᠡᠮᠨᠡᠯᠭᠡ ᠳᠤ ᠰᠠᠭᠤᠬᠤ ᠵᠠᠷᠤᠳᠠᠯ ᠢ ᠮᠠᠭᠤ ᠰᠠᠨᠠᠭ᠎ᠠ ᠲᠠᠢ ᠪᠠᠷ ᠥᠷᠢᠲᠦᠬᠦ︾ ᠶᠠᠳᠠᠭᠤ | ᠬᠦᠴᠢᠷᠳᠡᠯᠲᠡᠶ ᠡᠷᠦᠬᠡ ᠶᠢᠨ ᠬᠠᠷ᠎ᠠ ᠲᠠᠩᠰᠠ ᠶᠢᠨ ᠲᠦᠷᠢᠮ ᠢ ᠪᠠᠶᠢᠭᠤᠯᠵᠤ᠂ ᠡᠮᠨᠡᠯᠭᠡ ᠳᠤ ᠰᠠᠭᠤᠬᠤ ᠵᠠᠷᠤᠳᠠᠯ ᠢ ᠮᠠᠭᠤ ᠰᠠᠨᠠᠭ᠎ᠠ ᠲᠠᠢ ᠪᠠᠷ ᠥᠷᠢᠲᠦᠬᠦ ᠶᠠᠳᠠᠭᠤ | ᠬᠦᠴᠢᠷᠳᠡᠯᠲᠡᠶ ᠬᠥᠮᠦᠨ ᠠᠮᠠ ᠳᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠬᠡᠷ ᠪᠦᠯᠢ ᠶᠢᠨ ᠪᠦᠷᠢᠯᠳᠦᠬᠦᠨ ᠳᠡᠭᠡᠨ ︽ᠤᠷᠢᠳᠠᠪᠠᠷ ᠡᠮᠴᠢᠯᠡᠭᠦᠯᠵᠦ | ᠳᠠᠷᠠᠭ᠎ᠠ ᠨᠢ ᠵᠠᠷᠤᠳᠠᠯ ᠲᠤᠰᠢᠶᠠᠬᠤ︾ ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠪᠠᠴᠢᠮ ᠲᠦᠭᠰᠢᠭᠦᠷᠢᠲᠡᠶ ᠬᠦᠨᠳᠦ ᠡᠪᠡᠳᠴᠢᠨ ᠡᠭᠦᠨ ᠳᠤ ᠪᠠᠭᠲᠠᠬᠤ ᠥᠬᠡᠶ︶ | ᠬᠠᠩᠭᠠᠬᠤ ᠶᠢ ᠵᠣᠭᠰᠣᠭᠠᠬᠤ ᠡᠷᠬᠡ ᠲᠠᠢ᠃ | ᠬᠠᠷᠢᠭᠤᠴᠠᠯᠭᠠᠲᠤ ᠨᠢᠭᠡᠴᠡ᠄ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ | ᠶᠠᠳᠠᠭᠤ ᠶᠢ ᠲᠡᠳᠬᠦᠬᠦ ᠠᠯᠪᠠᠨ ᠬᠡᠷ᠂ ᠵᠡᠮᠳᠡᠭᠴᠦᠳ ᠤᠨ ᠬᠤᠯᠪᠣᠭᠠᠲᠤ ᠬᠤᠷᠠᠯ᠂ ᠳᠠᠭᠠᠳᠬᠠᠯ ᠤᠨ ᠺᠣᠮᠫᠠᠨᠢ᠂ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶ | ︵ᠵᠢᠷᠭᠤᠭ᠎ᠠ︶ ᠨᠡᠶᠢᠭᠡᠮ ᠤᠨ ᠪᠠᠲᠤᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ | ᠨᠢᠭᠡ ᠳᠤ᠂ ᠲᠦᠷ ᠴᠠᠭ ᠤᠨ ᠠᠪᠤᠷᠠᠨ ᠲᠤᠰᠠᠯᠠᠯᠲᠠ᠃ ᠭᠠᠯ ᠤᠨ ᠭᠠᠮᠰᠢᠭ᠂ ᠵᠠᠮ ᠬᠠᠷᠢᠯᠴᠠᠭᠠᠨ ᠤ ᠠᠳᠡᠯ ᠵᠡᠷᠭᠡ ᠰᠠᠨᠠᠭᠠᠨ ᠳᠤ ᠥᠬᠡᠶ ᠬᠡᠷᠡᠭ ᠪᠠ | ᠭᠡᠨᠡᠳᠲᠡ ᠶᠢᠨ ᠬᠡᠷᠡᠭ ᠲᠤ ᠤᠴᠠᠷᠠᠭᠰᠠᠨ ᠠᠴᠠ ᠪᠣᠯᠵᠣ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ᠂ ᠲᠣᠰ ᠪᠡᠶ᠎ᠡ ᠶᠢᠨ ᠴᠢᠳᠠᠪᠤᠷᠢ ᠳᠠᠭᠠᠨ | ᠲᠦᠰᠢᠭᠯᠡᠭᠡᠳ ᠠᠩᠭᠢᠵᠢᠷᠠᠵᠤ ᠳᠡᠶᠢᠯᠬᠦ ᠥᠬᠡᠶ ᠲᠠᠩᠰᠠ ᠡᠪᠬᠡᠮᠡᠯ ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠬᠥᠮᠦᠰ ᠢ ᠪᠠᠴᠢᠮ ᠬᠦᠴᠢᠷᠳᠡᠯ ᠲᠠᠢ | ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠲᠦᠷ ᠴᠠᠭ ᠤᠨ ᠴᠢᠨᠠᠷᠲᠠᠶ ᠠᠪᠤᠷᠠᠨ ᠲᠤᠰᠠᠯᠠᠯᠲᠠ ᠣᠯᠭᠤᠨ᠎ᠠ᠃ ᠬᠤᠶᠠᠷ ᠲᠤ ᠬᠦᠨᠳᠦ ᠡᠪᠡᠳᠴᠢᠨ ᠤ | ᠡᠮᠴᠢᠯᠡᠭᠡᠨ ᠤ ᠲᠠᠩᠰᠠ ᠲᠠᠶᠢᠯᠤᠨ᠎ᠠ᠃ ︽ᠪᠠᠶᠠᠨᠨᠠᠭᠤᠷ ᠬᠤᠲᠠ ᠶᠢᠨ 2019 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠤᠨ ᠠᠵᠢᠯ ᠤᠨ ᠲᠥᠰᠦᠯ︾ ᠤᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠎ᠡ᠄ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠣᠨ ᠤ ᠳᠣᠲᠣᠷ᠎ᠠ ᠠᠳᠠᠯᠢ ᠲᠠᠰ ᠤᠨ ᠡᠮᠴᠢᠯᠡᠭᠡᠨ ᠤ ᠪᠠᠶᠢᠭᠤᠯᠤᠮᠵᠢ ᠳᠤ ᠳᠠᠭᠢᠵᠤ ᠡᠮᠨᠡᠯᠭᠡ ᠳᠤ ᠰᠠᠭᠤᠪᠠᠯ᠂ ᠡᠬᠢᠯᠡᠵᠦ ᠳᠥᠯᠥᠬᠦ ᠱᠤᠭᠤᠮ ᠢ ᠬᠦᠴᠦᠨ ᠥᠬᠡᠶ | ᠪᠣᠯᠭᠠᠨ᠎ᠠ᠃ ᠲᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠢᠬ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ︵ᠰᠤᠮᠤ | ᠪᠠᠯᠭᠠᠰᠤᠨ ᠤ ᠡᠮᠨᠡᠯᠭᠡ ᠶᠢᠨ ᠬᠤᠷᠢᠶ᠎ᠠ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ︶ ᠶᠢᠨ ᠡᠭᠦᠳᠡᠨ ᠡᠮᠨᠡᠯᠭᠡ ᠳᠤ ᠡᠮᠨᠡᠭᠦᠯᠵᠦ᠂ ᠲᠠᠩᠰᠠ ᠲᠠᠶᠢᠯᠬᠤ | ᠬᠠᠷᠢᠴᠠᠯ ᠢ 10 ᠵᠠᠭᠤᠨ ᠤ ᠨᠢᠭᠡᠴᠢ ᠳᠡᠭᠡᠭᠰᠢᠯᠡᠭᠦᠯᠦᠨ᠎ᠡ᠃ ᠡᠮᠨᠡᠯᠭᠡ ᠳᠤ ᠰᠠᠭᠤᠭᠰᠠᠨ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠭᠠᠷᠤᠭᠰᠠᠨ ᠲᠠᠩᠰᠠ ᠡᠪᠬᠡᠮᠡᠯ | ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢᠶᠠᠷ ᠲᠠᠩᠰᠠ | ᠲᠠᠶᠢᠯᠤᠭᠰᠠᠨ ᠤ ᠳᠠᠷᠠᠭ᠎ᠠ᠂ ᠬᠤᠪᠢ ᠬᠥᠮᠦᠨ ᠤ ᠨᠡᠶᠢᠲᠡ ᠮᠡᠳᠡᠭᠦᠯᠵᠦ ᠪᠣᠯᠬᠤ ᠵᠠᠷᠤᠳᠠᠯ ᠨᠢ 0.75 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠦᠨᠳᠦ | ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠠᠴᠠ 85% ᠶᠢᠨ ᠬᠠᠷᠢᠴᠠᠯ ᠢᠶᠠᠷ ᠲᠠᠩᠰᠠ ᠳᠡᠶᠢᠯᠵᠦ᠂ ᠦᠯᠡᠳᠡᠭᠰᠡᠨ ᠬᠡᠰᠡᠭ ᠢ ᠨᠢ ᠬᠤᠳᠠᠯᠳᠤᠭᠠᠨ ᠤ ᠨᠥᠬᠦᠪᠥᠷᠢ | ᠳᠠᠭᠠᠳᠬᠠᠯ ᠢᠶᠠᠷ ᠲᠠᠩᠰᠠ ᠳᠡᠶᠢᠯᠵᠦ᠂ ᠬᠠᠮᠤᠭ ᠡᠴᠦᠰ ᠲᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠳᠠᠭᠠᠳᠬᠠᠨ᠎ᠠ᠃ ᠭᠤᠷᠪᠠ ᠳᠤ᠂ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠦᠨᠳᠦᠰᠦᠨ ᠵᠦᠶ᠋ᠯ ᠢ ᠪᠠᠲᠤᠯᠠᠬᠤ ᠪᠠᠲᠤᠯᠠᠭ᠎ᠠ᠃ ︽ᠦᠨᠳᠦᠰᠦᠨ ᠡᠮ ᠡᠮᠨᠡᠯᠭᠡ ᠶᠢᠨ ᠳᠠᠭᠠᠳᠬᠠᠯ + ᠬᠦᠨᠳᠦ ᠡᠪᠡᠳᠴᠢᠨ ᠤ ᠳᠠᠭᠠᠳᠬᠠᠯ + ᠡᠮ | ᠡᠮᠨᠡᠯᠭᠡ ᠶᠢᠨ ᠠᠪᠤᠷᠠᠨ ᠲᠤᠰᠠᠯᠠᠯᠲᠠ + ᠪᠠᠴᠢᠮ ᠪᠠᠶᠢᠳᠠᠯ ᠢ ᠠᠪᠤᠷᠠᠨ ᠲᠤᠰᠠᠯᠠᠬᠤ ᠳᠤ ᠬᠦᠴᠢᠷᠲᠡᠢ ᠶᠢ ᠠᠪᠤᠷᠠᠨ ᠲᠤᠰᠠᠯᠠᠬᠤ︾ ᠤᠯᠠᠨ ᠳᠠᠪᠬᠤᠷ ᠪᠠᠲᠤᠯᠠᠭ᠎ᠠ ᠶᠢᠨ | ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠡᠮᠨᠡᠯᠭᠡ ᠳᠤ ᠰᠠᠭᠤᠬᠤ | ᠵᠠᠷᠤᠳᠠᠯ ᠢ ᠶᠡᠷᠦᠩᠬᠡᠢ ᠵᠠᠷᠤᠳᠠᠯ ᠤᠨ 10% ᠠᠴᠠ ᠳᠠᠪᠠᠭᠤᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠳᠥᠷᠪᠡ ᠳᠤ᠂ ᠵᠡᠮᠳᠡᠭ ᠶᠠᠳᠠᠭᠤ ᠬᠦᠴᠢᠷᠳᠡᠯᠲᠡᠶ ᠬᠥᠮᠦᠨ | ᠠᠮᠠ ᠶᠢ ᠡᠷᠡᠭᠦᠯᠵᠢᠭᠦᠯᠦᠨ ᠠᠪᠤᠷᠠᠨ ᠲᠤᠰᠠᠯᠠᠨ᠎ᠠ᠃ ᠡᠪᠬᠡᠮᠡᠯ ᠪᠠᠶᠢᠭᠤᠯᠤᠨ ᠺᠠᠷᠲᠯᠠᠭᠰᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠡᠮᠳᠡᠭ | ᠬᠡᠤᠬᠡᠳ ᠪᠣᠯᠤᠨ ᠡᠪᠬᠡᠮᠡᠯ ᠪᠠᠶᠢᠭᠤᠯᠤᠨ ᠺᠠᠷᠲᠯᠠᠭᠰᠠᠨ ᠵᠡᠮᠳᠡᠭ ᠬᠡᠷ ᠪᠦᠯᠢ ᠶᠢᠨ ᠤᠶᠤᠲᠠᠳ ᠢ ᠲᠡᠩᠬᠡᠷᠡᠭᠦᠯᠦᠨ ᠲᠤᠰᠠᠯᠠᠬᠤ ᠶᠢᠨ ᠬᠠᠮᠲᠤ ᠡᠪᠬᠡᠮᠡᠯ ᠪᠠᠶᠢᠭᠤᠯᠤᠨ | ᠺᠠᠷᠲᠯᠠᠭᠰᠠᠨ ᠵᠡᠮᠳᠡᠭᠴᠦᠳ ᠲᠤ ᠲᠤᠰᠠᠯᠠᠬᠤ ᠡᠷᠡᠭᠦᠯᠵᠢᠯ ᠤᠨ ᠪᠠᠭᠠᠵᠢ ᠬᠡᠷᠡᠭᠰᠡᠯ ᠲᠦᠭᠡᠭᠡᠨ ᠥᠭᠬᠦ ᠪᠠ ᠣᠶᠤᠨ ᠮᠡᠳᠡᠷᠡᠯ ᠤᠨ ᠵᠡᠮᠳᠡᠭᠴᠦᠳ ᠲᠤ ᠡᠮ ᠤᠨ ᠨᠥᠬᠦᠪᠥᠷᠢ | ᠣᠯᠭᠤᠨ᠎ᠠ᠃ | ᠬᠠᠷᠢᠭᠤᠴᠠᠯᠭᠠᠲᠤ ᠨᠢᠭᠡᠴᠡ᠄ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠶᠠᠳᠠᠭᠤ ᠶᠢ ᠲᠡᠳᠬᠦᠬᠦ ᠠᠯᠪᠠᠨ ᠬᠡᠷ᠂ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢ ᠪᠠᠲᠤ ᠴᠡᠭᠡᠵᠢᠯᠡᠨ᠂ ︽ᠳᠥᠷᠪᠡᠨ ᠢᠲᠡᠭᠡᠯ ᠵᠣᠷᠢᠭ︾ ᠢ ᠪᠠᠲᠤᠳᠬᠠᠵᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ | ᠮᠥᠴᠢᠷ ᠤᠨ ᠬᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠤᠯᠪᠣᠭᠳᠠᠯ ᠪᠥᠬᠦᠶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ︽ᠨᠢᠭᠡᠳᠦᠭᠡᠷ ᠭᠠᠷ︾ | ᠤᠨ ᠬᠠᠷᠢᠭᠤᠴᠠᠯᠭ᠎ᠠ ᠶᠢᠨ ᠲᠦᠷᠢᠮ ᠢ ᠴᠢᠩᠭᠠᠷᠠᠭᠤᠯᠬᠤ ᠳᠤ᠂ ᠲᠣᠰ ᠰᠢᠶᠠᠩ ᠪᠠᠯᠭᠠᠰᠤ᠂ ᠲᠣᠰ ᠰᠠᠯᠠᠭ᠎ᠠ ᠮᠥᠴᠢᠷ ᠤᠨ ᠢᠶᠠᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ ᠲᠥᠷᠥᠯ ᠤᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠠᠵᠢᠯ ᠢ ᠳᠥᠯᠭᠢᠨ ᠠᠬᠢᠭᠤᠯᠬᠤ ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠰᠢᠶᠠᠨ ᠤ ᠨᠠᠮ ᠤᠨ ᠬᠤᠷᠢᠶᠠᠨ ᠤ ᠱᠦᠵᠢ᠂ ᠵᠠᠰᠠᠭ ᠤᠨ ᠣᠷᠳᠣᠨ ᠤ ᠰᠢᠶᠠᠨ ᠤ | ᠳᠠᠷᠤᠭ᠎ᠠ ᠲᠦᠷᠦᠭᠦᠯᠡᠨ ᠬᠠᠮᠤᠭ ᠤᠨ ᠶᠠᠳᠠᠭᠤ ᠬᠦᠴᠢᠷᠳᠡᠯ ᠲᠠᠢ ᠭᠠᠴᠠᠭ᠎ᠠ ᠳᠤᠭᠤᠶᠢᠯᠠᠩ ᠲᠠᠢ ᠬᠤᠯᠪᠣᠭᠠᠯᠠᠵᠤ᠂ ᠶᠠᠳᠠᠭᠤᠴᠤᠳ ᠢ ᠰᠤᠷᠪᠤᠯᠵᠢᠯᠠᠨ ᠵᠣᠪᠠᠭᠤᠷᠢ | ᠵᠦᠳᠡᠭᠦᠷᠢ ᠶᠢ ᠨᠢ ᠠᠰᠠᠭᠤᠵᠤ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠬᠠᠮᠤᠭ ᠤᠨ ᠪᠤᠳᠤᠯᠢᠶᠠᠨᠲᠠᠶ ᠵᠥᠷᠢᠴᠡᠯ ᠢ | ᠪᠡᠶ᠎ᠡ ᠪᠠᠷ ᠢᠶᠠᠨ ᠰᠢᠶ᠋ᠳᠪᠦᠷᠢᠯᠡᠪᠡ᠃ ᠱᠦᠵᠢ ᠶᠠᠳᠠᠭᠤ ᠬᠦᠴᠢᠷᠳᠡᠯᠲᠡᠢ ᠡᠲᠡᠭᠡᠳ ᠢ ᠪᠦᠬᠦ ᠲᠠᠯ᠎ᠠ ᠪᠠᠷ ᠰᠤᠷᠪᠤᠯᠵᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠰᠢᠶᠠᠨ ᠤ | ᠨᠠᠮ ᠤᠨ ᠬᠤᠷᠢᠶ᠎ᠠ ᠶᠢᠨ ᠱᠦᠵᠢ ᠶᠠᠳᠠᠭᠤ ᠬᠦᠴᠢᠷᠳᠡᠯᠲᠡᠢ ᠲᠣᠰᠬᠤᠨ ᠢ ᠪᠦᠬᠦ ᠲᠠᠯ᠎ᠠ ᠪᠠᠷ ᠰᠤᠷᠪᠤᠯᠵᠢᠯᠠᠵᠤ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ | ᠪᠣᠯᠤᠨ ᠲᠣᠰᠬᠤᠨ ᠤ ᠨᠠᠮ ᠤᠨ ᠡᠭᠦᠷ ᠤᠨ ᠱᠦᠵᠢ ᠶᠠᠳᠠᠭᠤ ᠬᠦᠴᠢᠷᠳᠡᠯᠲᠡᠢ ᠡᠷᠦᠬᠡ ᠶᠢ ᠪᠦᠬᠦ ᠲᠠᠯ᠎ᠠ ᠪᠠᠷ ᠰᠤᠷᠪᠤᠯᠵᠢᠯᠠᠪᠠ᠃ ᠲᠣᠰᠬᠤᠨ ᠳᠤ ᠰᠠᠭᠤᠬᠤ ᠠᠵᠢᠯᠯᠠᠬᠤ | ᠠᠩᠭᠢ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠢ ᠤᠯᠠᠮ ᠨᠢᠭᠡ ᠠᠯᠬᠤᠮ ᠰᠢᠯᠢᠳᠡᠭ ᠢ ᠰᠣᠩᠭᠤᠨ ᠬᠦᠴᠦᠷᠬᠡᠭᠵᠢᠭᠦᠯᠵᠦ᠂ ᠲᠣᠰᠬᠤᠨ ᠳᠤ ᠰᠠᠭᠤᠬᠤ᠂ | ᠬᠠᠪᠰᠤᠷᠤᠨ ᠲᠡᠳᠬᠦᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠬᠥᠮᠦᠨ ᠡᠷᠦᠬᠡ ᠶᠢᠨ ᠪᠠᠶᠢᠳᠠᠯ ᠢ ᠦᠨᠳᠦᠰᠦᠯᠡᠨ ᠨᠠᠷᠢᠯᠢᠭ ᠣᠨᠣᠴᠠᠲᠠᠶ ᠪᠠᠷ | ᠬᠠᠪᠰᠤᠷᠤᠨ ᠲᠡᠳᠬᠦᠵᠦ᠂ ᠶᠠᠳᠠᠭᠤ ᠬᠦᠴᠢᠷᠳᠡᠯᠲᠡᠶ ᠡᠷᠦᠬᠡ ᠶᠢ ᠪᠦᠬᠦᠨ ᠢ ᠬᠠᠮᠤᠷᠬᠤ ᠶᠢ ᠳᠠᠭᠠᠭᠠᠨ ᠲᠡᠳᠬᠦᠬᠦ ᠶᠢ ᠪᠡᠶᠡᠯᠡᠭᠦᠯᠵᠦ᠂ ᠶᠠᠳᠠᠭᠤ ᠶᠢ ᠲᠡᠳᠬᠦᠬᠦ ᠳᠤ ︽ | ᠨᠠᠷᠢᠯᠢᠭ ᠣᠨᠣᠴᠠᠲᠠᠶ ᠪᠠᠷ ᠤᠰᠤᠯᠠᠬᠤ︾ ᠶᠢ ᠪᠡᠶᠡᠯᠡᠭᠦᠯᠦᠨ᠎ᠡ᠃ | ︵ᠭᠤᠷᠪᠠ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠶᠢ ᠨᠠᠷᠢᠯᠢᠬᠵᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ | ᠰᠡᠳᠦᠪ ᠢ ᠰᠢᠢᠳᠪᠦᠷᠢᠯᠡᠬᠦ ᠠᠵᠢᠯ ᠢ ᠦᠷᠭᠦᠯᠵᠢᠯᠡᠨ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠢᠨᠵᠧᠨᠧᠷᠢᠩ ᠪᠣᠯᠭᠠᠵᠤ᠂ ᠲᠣᠰᠬᠤᠨ ᠤ ᠱᠠᠲᠤᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠦᠨᠳᠦᠰᠦᠨ ᠠᠵᠤ ᠦᠢᠯᠡᠰ ᠤᠨ ᠬᠥᠭᠵᠢᠯᠲᠡ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ᠂ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠦᠨᠳᠦᠰᠦᠨ ᠠᠮᠢᠳᠤᠷᠠᠯ ᠤᠨ | ᠪᠠᠲᠤᠯᠠᠭ᠎ᠠ᠂ ᠣᠷᠣᠯᠭ᠎ᠠ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠪᠠᠲᠤᠯᠠᠭ᠎ᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ | ᠪᠠᠬᠢᠵᠢᠭᠦᠯᠦᠨ᠎ᠡ᠃ ︽ᠲᠠᠪᠤᠨ ᠨᠢᠭᠡ ᠪᠦᠯᠦᠭ︾ ᠤᠨ ᠶᠠᠳᠠᠭᠤ ᠠᠴᠠ ᠠᠩᠭᠢᠵᠢᠷᠠᠭᠤᠯᠬᠤ ᠠᠷᠭ᠎ᠠ ᠵᠠᠮ ᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ | ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠶᠠᠳᠠᠭᠤ ᠠᠴᠠ ᠠᠩᠭᠢᠵᠢᠷᠠᠬᠤ ᠶᠢ | ᠣᠷᠳᠣ ᠬᠤᠭᠤᠴᠠᠭ᠎ᠠ ᠪᠠᠷ ᠪᠦᠲᠦᠮᠵᠢᠲᠡᠶ ᠪᠥᠭᠡᠳ ᠦᠷᠭᠦᠯᠵᠢᠯᠡᠭᠦᠯᠬᠦ ᠶᠢ ᠦᠨᠡᠨ ᠬᠦ ᠪᠠᠲᠤᠯᠠᠨ᠎ᠠ᠃ | ︵ᠳᠥᠷᠪᠡ︶ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠪᠣᠯᠤᠨ | ᠪᠠᠶᠠᠨᠨᠠᠭᠤᠷ ᠬᠤᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠶᠠᠳᠠᠭᠤ | ᠬᠦᠴᠢᠷᠳᠡᠯᠲᠡᠶ ᠡᠷᠦᠬᠡ ᠶᠢ ᠦᠷᠭᠦᠯᠵᠢᠯᠡᠨ ᠪᠠᠬᠢᠵᠢᠭᠦᠯᠦᠨ ᠬᠠᠪᠰᠤᠷᠤᠨ ᠲᠡᠳᠬᠦᠵᠦ᠂ ᠶᠠᠳᠠᠭᠤ ᠠᠴᠠ ᠠᠩᠭᠢᠵᠢᠷᠠᠭᠤᠯᠤᠭᠰᠠᠨ ᠴᠤ ᠬᠠᠷᠢᠭᠤᠴᠠᠯᠭ᠎ᠠ ᠠᠴᠠ ᠰᠠᠯᠬᠤ | ᠥᠬᠡᠶ᠂ ᠶᠠᠳᠠᠭᠤ ᠠᠴᠠ ᠠᠩᠭᠢᠵᠢᠷᠠᠭᠤᠯᠤᠭᠰᠠᠨ ᠴᠤ ᠬᠠᠪᠰᠤᠷᠤᠨ ᠲᠡᠳᠬᠦᠬᠦ᠂ ᠶᠠᠳᠠᠭᠤ ᠠᠴᠠ ᠠᠩᠭᠢᠵᠢᠷᠠᠭᠤᠯᠤᠭᠰᠠᠨ ᠴᠤ ᠬᠢᠨᠠᠨ ᠬᠠᠮᠢᠶᠠᠷᠬᠤ ︽ᠳᠥᠷᠪᠡᠨ ᠵᠠᠷᠴᠢᠮ︾ | ᠢ ᠪᠠᠷᠢᠮᠲᠠᠯᠠᠨ᠂ ᠡᠷᠴᠢ ᠵᠣᠷᠢᠭ ᠢᠶᠠᠨ ᠰᠤᠯᠠᠷᠠᠭᠤᠯᠬᠤ ᠥᠬᠡᠶ᠂ ᠪᠠᠷᠢᠮᠵᠢᠶ᠎ᠠ ᠶᠢ ᠪᠠᠭᠤᠷᠠᠭᠤᠯᠬᠤ ᠥᠬᠡᠶ᠂ ᠡᠷᠴᠢᠮ ᠢ ᠰᠤᠯᠠᠷᠠᠭᠤᠯᠬᠤ ᠥᠬᠡᠶ ᠪᠠᠶᠢᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠳᠤ ᠶᠠᠳᠠᠭᠤ | ᠬᠦᠴᠢᠷᠳᠡᠯᠲᠡᠶ ᠡᠷᠦᠬᠡ ᠶᠢ ᠡᠷᠦᠬᠡ ᠳᠤ ᠬᠦᠷᠦᠭᠦᠯᠦᠨ ᠲᠥᠷᠥᠯ ᠵᠦᠢᠯ ᠢᠶᠠᠷ ᠲᠡᠳᠬᠦᠬᠦ᠂ ᠪᠠᠭ᠎ᠠ ᠲᠣᠭᠠᠨ ᠤ ᠵᠢᠭᠡᠯᠡᠯᠭᠡ ᠶᠢᠨ ᠳᠠᠮ ᠬᠦᠤ ᠥᠭᠬᠦ᠂ ᠠᠵᠤ | ᠦᠢᠯᠡᠰ ᠢᠶᠠᠷ ᠬᠤᠪᠢ ᠣᠷᠣᠭᠤᠯᠵᠤ ᠠᠰᠢᠭ ᠬᠤᠪᠢᠶᠠᠬᠤ᠂ ᠰᠤᠷᠭᠠᠨ ᠬᠥᠮᠦᠵᠢᠯ ᠢᠶᠠᠷ ᠰᠤᠷᠤᠯᠭ᠎ᠠ ᠶᠢ ᠲᠡᠳᠬᠦᠬᠦ᠂ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ | ᠂ ᠡᠮᠴᠢᠯᠡᠭᠡᠨ ᠤ ᠠᠪᠤᠷᠠᠨ ᠲᠤᠰᠠᠯᠠᠯᠲᠠ᠂ ᠨᠡᠶᠢᠭᠡᠮ ᠤᠨ ᠦᠨᠳᠦᠰᠦᠨ ᠵᠦᠢᠯ ᠢ ᠪᠠᠲᠤᠯᠠᠬᠤ ᠵᠡᠷᠭᠡ ᠬᠠᠮᠢᠶ᠎ᠠ ᠪᠥᠬᠦᠶ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠬᠦᠷᠲᠡᠭᠡᠨ᠎ᠡ᠃ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠦᠷᠦᠯ ᠵᠦᠢᠯ ᠢ ᠰᠠᠶᠢᠲᠤᠷ ᠠᠳᠬᠤᠵᠤ᠂ ᠶᠠᠳᠠᠭᠤ | ᠬᠦᠴᠢᠷᠳᠡᠯᠲᠡᠢ ᠡᠷᠦᠬᠡ ᠶᠢ ᠨᠡᠭᠦᠯᠭᠡᠵᠦ ᠳᠡᠶᠢᠯᠬᠦ᠂ ᠲᠣᠭᠲᠠᠪᠤᠷᠢᠵᠢᠭᠤᠯᠵᠤ ᠳᠡᠶᠢᠯᠬᠦ᠂ ᠠᠯᠬᠤᠮ ᠠᠯᠬᠤᠮ ᠢᠶᠠᠷ ᠪᠠᠶᠠᠵᠢᠭᠤᠯᠵᠤ ᠳᠡᠶᠢᠯᠬᠦ ᠪᠣᠯᠭᠠᠨ᠎ᠠ᠃ ᠪᠦᠬᠦ ᠰᠢᠶᠠᠨ ᠤ | ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠢ ᠨᠢᠭᠡ ᠬᠡᠦᠬᠡᠳ ᠢ ᠴᠦ ᠶᠠᠳᠠᠭᠤ ᠠᠴᠠ ᠪᠤᠯᠵᠤ ᠰᠤᠷᠤᠯᠭ᠎ᠠ ᠶᠢ ᠨᠢ | ᠲᠤᠷᠭᠤᠨ ᠵᠣᠭᠰᠣᠭᠠᠯᠭᠠᠬᠤ ᠦᠭᠡᠢ᠂ ᠨᠢᠭᠡ ᠬᠦᠴᠢᠷᠳᠡᠯ ᠲᠠᠢ ᠤᠯᠠᠨ ᠲᠦᠮᠡᠨ ᠢ ᠴᠦ ᠡᠪᠡᠳᠴᠢᠨ ᠠᠴᠠ ᠪᠤᠯᠵᠤ ᠶᠠᠳᠠᠭᠤᠷᠠᠭᠤᠯᠬᠤ ᠪᠠ ᠲᠠᠬᠢᠨ ᠶᠠᠳᠠᠭᠤᠷᠠᠭᠤᠯᠬᠤ | ᠦᠭᠡᠢ᠃ ᠪᠤᠰᠤᠳ ᠠᠵᠢᠯ ᠲᠦᠷᠦᠯ ᠤᠨ ᠶᠠᠳᠠᠭᠤ ᠶᠢ ᠲᠡᠳᠬᠦᠬᠦ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ | ᠲᠠᠶᠢᠴᠢᠯᠠᠨ ᠶᠠᠳᠠᠭᠤ ᠶᠢ ᠲᠡᠳᠬᠦᠬᠦ ᠳᠤ ᠣᠷᠣᠯᠴᠠᠭᠤᠯᠵᠤ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠢ ᠬᠠᠪᠰᠤᠷᠴᠤ ᠡᠷᠲᠡᠬᠡᠨ ᠰᠠᠶᠢᠨ ᠰᠠᠶᠢᠬᠠᠨ | ᠠᠮᠢᠳᠤᠷᠠᠭᠤᠯᠤᠨ᠎ᠠ᠃ | ︵ᠲᠠᠪᠤ︶ ᠰᠢᠰᠲ᠋ᠧᠮ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠣᠯ ᠤᠨᠢᠨ | ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠶᠢᠨ ᠤᠷᠢᠲᠠᠯ ᠪᠠᠶᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠢᠨᠠᠨ ᠰᠢᠯᠭᠠᠯᠲᠠ | ᠪᠠ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠰᠢᠭᠤᠳ ᠨᠥᠯᠥᠭᠡᠯᠡᠨ᠎ᠡ᠃ ᠰᠢᠶᠠᠨ ᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠬᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠮᠡᠳᠡᠭᠡ ᠵᠠᠩᠭᠢ ᠶᠢᠨ ᠰᠢᠰᠲᠧᠮ ᠢ ᠴᠢᠨᠠᠭᠰᠢᠳᠠ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠪᠦᠷᠢᠳᠬᠡᠯ ᠪᠠ ᠶᠠᠳᠠᠭᠤ ᠬᠦᠴᠢᠷᠳᠡᠯ ᠢ ᠬᠢᠨᠠᠨ ᠬᠡᠮᠵᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ | ᠴᠤᠭᠯᠠᠭᠤᠯᠬᠤ᠂ ᠡᠮᠬᠢᠳᠬᠡᠬᠦ᠂ ᠬᠠᠷᠢᠭᠤ ᠲᠤᠰᠬᠠᠬᠤ ᠪᠠ ᠨᠡᠶᠢᠲᠡᠯᠡᠬᠦ ᠠᠵᠢᠯ ᠢ ᠲᠠᠰᠤᠷᠠᠯᠲᠠ ᠦᠭᠡᠢ ᠵᠢᠷᠤᠮᠵᠢᠭᠤᠯᠵᠤ᠂ ᠶᠠᠳᠠᠭᠤ ᠬᠦᠴᠢᠷᠳᠡᠯᠲᠡᠢ ᠪᠠᠶᠢᠳᠠᠯ᠂ | ᠬᠤᠪᠢᠷᠠᠯᠲᠠ ᠶᠢᠨ ᠬᠠᠨᠳᠤᠰᠢ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠴᠠᠭ ᠲᠤᠬᠠᠢ ᠳᠤᠨᠢ | ᠪᠤᠰᠤᠳᠴᠢ ᠪᠠᠷ ᠲᠤᠰᠬᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠨᠳᠦᠰᠦ ᠪᠠᠷᠢᠮᠲᠠ ᠬᠠᠩᠭᠠᠬᠤ ᠬᠡᠷᠡᠭᠲᠡᠢ᠃ | ︵ᠵᠢᠷᠭᠤᠭ᠎ᠠ︶ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠ ︽ | ᠨᠢᠭᠡᠳᠦᠭᠡᠷ ᠱᠦᠵᠢ︾ ᠶᠢᠨ ᠪᠤᠯᠪᠠᠰᠤᠷᠠᠯ ᠪᠠ ᠲᠤᠬᠠᠶ ᠶᠢᠨ ᠲᠠᠯᠠᠪᠤᠷ ᠤᠨ ᠦᠵᠡᠭᠦᠯᠦᠯᠭᠡ ᠶᠢ ᠥᠷᠨᠢᠭᠦᠯᠬᠦ ᠪᠠᠷ ᠳᠠᠮᠵᠢᠭᠤᠯᠤᠨ᠂ ᠶᠠᠳᠠᠭᠤ ᠶᠢ ᠲᠡᠳᠬᠦᠬᠦ | ᠺᠠᠳ᠋ᠷᠴᠤᠳ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠮᠡᠳᠡᠯᠭᠡ ᠶᠢᠨ ᠠᠷᠭ᠎ᠠ ᠵᠠᠮ ᠢ ᠥᠷᠭᠡᠳᠬᠡᠨ᠎ᠡ᠃ ᠰᠤᠷᠭᠠᠨ ᠬᠥᠮᠦᠵᠢᠯ᠂ ᠡᠮ | ᠡᠮᠨᠡᠯᠭᠡ᠂ ᠣᠷᠣᠨ ᠰᠠᠭᠤᠴᠠ ᠶᠢᠨ ᠪᠠᠲᠤᠯᠠᠭ᠎ᠠ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠡᠯ᠎ᠡ ᠲᠠᠯ᠎ᠠ ᠶᠢᠨ ᠮᠡᠳᠡᠯᠭᠡ ᠶᠢᠨ ᠰᠤᠷᠤᠯᠴᠠᠯᠭ᠎ᠠ ᠶᠢ | ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠨ᠎ᠡ ᠮᠡᠳᠡᠯᠭᠡ᠂ ᠰᠢᠨ᠎ᠡ ᠲᠦᠷᠦ ᠶᠢᠨ ᠪᠤᠳᠤᠯᠭ᠎ᠠ ᠪᠠ ᠰᠢᠨ᠎ᠡ ᠪᠢᠴᠢᠭ ᠮᠠᠲ᠋ᠧᠷᠢᠶᠠᠯ ᠢ | ᠡᠵᠡᠮᠰᠢᠨ ᠣᠶᠢᠯᠠᠭᠠᠵᠤ᠂ ᠶᠠᠳᠠᠭᠤ ᠶᠢ ᠲᠡᠳᠬᠦᠬᠦ ᠬᠦᠷᠢᠶᠡᠨ ᠤ ᠰᠢᠨ᠎ᠡ ᠪᠠᠶᠢᠳᠠᠯ ᠢ ᠣᠶᠢᠯᠠᠭᠠᠨ᠎ᠠ᠃ ᠶᠠᠳᠠᠭᠤ ᠶᠢ ᠲᠡᠳᠬᠦᠬᠦ ᠠᠵᠢᠯ ᠤᠨ ᠳᠤᠮᠳᠠᠬᠢ ᠨᠡᠶᠢᠲᠡᠯᠢᠭ ᠥᠢᠯᠡ | ᠶᠠᠪᠤᠳᠠᠯ᠂ ᠨᠡᠶᠢᠲᠡᠯᠢᠭ ᠵᠢᠱᠢᠶ᠎ᠡ᠂ ᠨᠡᠶᠢᠲᠡᠯᠢᠭ ᠲᠤᠷᠰᠢᠯᠭ᠎ᠠ ᠶᠢ ᠭᠦᠢᠴᠡᠳ ᠠᠭᠤᠳᠠᠯᠯᠠᠨ᠂ ᠤᠬᠠᠭᠤᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ᠃ | ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠪᠣᠯᠤᠨ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠲᠣᠰᠬᠤᠨ ᠳᠤ ᠬᠦᠷᠴᠦ ᠡᠷᠦᠭᠡ ᠳᠤ ᠬᠦᠷᠴᠦ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠦᠷᠦ ᠶᠢᠨ ᠪᠤᠳᠤᠯᠭ᠎ᠠ ᠶᠢ ᠤᠬᠠᠭᠤᠯᠵᠤ᠂ ᠨᠠᠮ ᠤᠨ ᠶᠠᠳᠠᠭᠤ ᠶᠢ ᠲᠡᠳᠬᠦᠬᠦ ᠳᠦᠷᠦ ᠶᠢᠨ ᠪᠤᠳᠤᠯᠭ᠎ᠠ ᠶᠢ ᠲᠦᠭ ᠲᠦᠮᠡᠨ | ᠡᠷᠦᠭᠡ ᠳᠤ ᠬᠦᠷᠭᠡᠵᠦ᠂ ᠺᠠᠳ᠋ᠷ᠂ ᠤᠯᠠᠨ ᠲᠦᠮᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠦᠷᠦ ᠶᠢᠨ ᠪᠤᠳᠤᠯᠭ᠎ᠠ ᠶᠢ ᠣᠶᠢᠯᠠᠭᠠᠬᠤ ᠬᠡᠮᠵᠢᠶ᠎ᠡ | ᠡᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ︵ᠳᠣᠯᠤᠭ᠎ᠠ︶ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠪᠣᠳᠠᠰ ᠢᠶᠠᠷ ᠶᠠᠳᠠᠭᠤ ᠶᠢ ᠲᠡᠳᠬᠦᠬᠦ ᠪᠠ ᠤᠶᠤᠨ ᠰᠠᠨᠠᠭ᠎ᠠ ᠪᠠᠷ ᠶᠠᠳᠠᠭᠤ ᠶᠢ | ᠲᠡᠳᠬᠦᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠢ᠃ | ︽ᠵᠣᠷᠢᠭ ᠰᠠᠨᠠᠭ᠎ᠠ ᠤᠶᠤᠨ ᠤᠬᠠᠭᠠᠨ ᠬᠤᠶᠠᠷ ᠢ ᠲᠡᠳᠬᠦᠬᠦ︾ ᠶᠢ ᠪᠠᠷᠢᠮᠲᠠᠯᠠᠵᠤ᠂ ᠠᠵᠤ ᠠᠬᠤᠢ ᠶᠢ ᠬᠥᠭᠵᠢᠭᠦᠯᠬᠦ ᠪᠠᠷ ᠤᠶᠤᠨ ᠰᠠᠨᠠᠭ᠎ᠠ ᠪᠠᠷ ᠶᠠᠳᠠᠭᠤ ᠠᠴᠠ | ᠠᠩᠭᠢᠵᠢᠷᠠᠭᠤᠯᠬᠤ ᠶᠢᠨ ᠤᠷᠢᠲᠠᠯ ᠪᠠ ᠰᠠᠭᠤᠷᠢ ᠪᠣᠯᠭᠠᠬᠤ ᠬᠡᠷᠡᠭᠲᠡᠢ᠃ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠶᠠᠳᠠᠭᠤ ᠬᠦᠴᠢᠷᠳᠡᠯ ᠲᠠᠢ ᠤᠯᠠᠨ ᠲᠦᠮᠡᠨ ᠤ | ᠣᠷᠣᠯᠴᠠᠬᠤ ᠲᠠᠢ ᠬᠤᠯᠪᠣᠭᠳᠠᠭᠤᠯᠬᠤ ᠶᠢ ᠴᠢᠬᠤᠯᠠᠴᠢᠯᠠᠵᠤ᠂ ᠬᠥᠳᠡᠯᠮᠦᠷᠢ ᠦᠢᠯᠡᠴᠢᠯᠡᠭᠡ ᠳᠤ ᠨᠥᠬᠦᠪᠥᠷᠢ ᠥᠭᠬᠦ᠂ ᠠᠵᠢᠯ ᠣᠯᠭᠤᠬᠤ ᠪᠠᠷ ᠲᠡᠳᠬᠦᠮᠵᠢ ᠶᠢ | ᠣᠷᠣᠯᠠᠭᠤᠯᠬᠤ ᠠᠷᠭ᠎ᠠ ᠮᠠᠶ᠋ᠢᠭ ᠢ ᠠᠪᠴᠤ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠬᠤ ᠲᠡᠮᠡᠴᠡᠯ ᠤᠨ ᠵᠣᠷᠢᠭ | ᠪᠠ ᠰᠥᠰᠥ ᠵᠣᠷᠢᠭ ᠢ ᠪᠤᠢ ᠪᠣᠯᠭᠠᠵᠤ᠂ ᠶᠠᠳᠠᠭᠤ ᠬᠦᠴᠢᠷᠳᠡᠯ ᠲᠠᠢ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠪᠦᠲᠦᠮᠵᠢᠲᠡᠶ ᠪᠠᠷ ᠬᠥᠭᠵᠢᠭᠡᠨ᠎ᠡ᠃ | ︵ᠨᠠᠢᠮᠠ︶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠳᠤ ᠴᠥᠮ | ᠲᠤᠰᠬᠠᠶ ᠲᠠᠩᠰᠠᠨ ᠡᠷᠦᠬᠡ ᠪᠠᠷ ᠬᠠᠮᠢᠶᠠᠷᠬᠤ᠂ ᠲᠤᠰᠬᠠᠶ ᠲᠠᠩᠰᠠᠨ ᠡᠷᠦᠬᠡ ᠪᠠᠷ ᠲᠣᠭᠠᠴᠠᠭ᠎ᠠ ᠬᠢᠬᠦ ᠶᠢ ᠬᠡᠷᠡᠭᠵᠢᠭᠦᠯᠵᠦ᠂ ᠲᠠᠩᠰᠠ ᠮᠡᠳᠡᠭᠦᠯᠬᠦ ᠲᠦᠷᠢᠮ ᠵᠢᠴᠢ | ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠶᠢ ᠬᠡᠷᠡᠭᠵᠢᠭᠦᠯᠵᠦ᠂ ᠵᠠᠷᠯᠠᠨ ᠨᠡᠶᠢᠲᠡᠯᠡᠬᠦ ᠲᠦᠷᠢᠮ ᠢ ᠬᠡᠷᠡᠭᠵᠢᠭᠦᠯᠬᠦ ᠶᠢ ᠪᠠᠷᠢᠮᠲᠠᠯᠠᠨ᠎ᠠ᠃ ᠡᠯ᠎ᠡ | ᠲᠥᠷᠥᠯ ᠤᠨ ᠲᠥᠷᠥᠯ ᠵᠦᠢᠯ ᠤᠨ ᠪᠠᠯᠠ ᠮᠥᠩᠭᠦ ᠶᠢ ᠨᠡᠶᠢᠯᠡᠭᠦᠯᠦᠨ ᠨᠡᠶᠢᠯᠡᠭᠦᠯᠬᠦ ᠡᠷᠴᠢᠮ ᠢ ᠴᠢᠩᠭᠠᠷᠠᠭᠤᠯᠵᠤ᠂ ᠲᠥᠪᠯᠡᠷᠡᠭᠦᠯᠦᠨ ᠣᠷᠣᠭᠤᠯᠤᠯᠲᠠ ᠬᠢᠬᠦ᠂ ᠪᠦᠬᠦᠯᠢ | ᠴᠣᠭᠴᠠ ᠪᠠᠷ ᠳᠥᠯᠭᠢᠨ ᠠᠬᠢᠭᠤᠯᠬᠤ ᠶᠢ ᠬᠡᠷᠡᠭᠵᠢᠭᠦᠯᠦᠨ᠂ ᠪᠥᠬᠦ ᠲᠣᠰᠬᠤᠨ ᠪᠥᠬᠦ ᠰᠢᠶᠠᠩ ᠢᠶᠠᠷ ᠳᠥᠯᠭᠢᠨ ᠠᠬᠢᠭᠤᠯᠬᠤ ᠪᠠᠷ ᠬᠦᠴᠦᠯᠡᠬᠦ ᠴᠡᠭ ᠪᠣᠯᠭᠠᠵᠤ᠂ ᠪᠠᠯᠠ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠬᠦ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢᠨ ᠵᠦᠢᠯᠡᠰ ᠲᠤ ᠶᠠᠳᠠᠭᠤ ᠶᠢ ᠲᠡᠳᠬᠦᠬᠦ ᠡᠲᠡᠭᠡᠳ ᠲᠤ ᠤᠷᠢᠳᠠᠪᠠᠷ ᠠᠰᠢᠭ ᠬᠦᠷᠲᠡᠭᠡᠬᠦ ᠶᠢ ᠦᠨᠡᠨ ᠬᠦ ᠪᠠᠲᠤᠯᠠᠵᠤ᠂ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠵᠦᠢᠯᠡᠰ ᠲᠤ ᠶᠠᠳᠠᠭᠤ ᠬᠦᠴᠢᠷᠳᠡᠯ ᠲᠠᠢ ᠡᠷᠦᠬᠡ ᠶᠢᠨ ᠶᠠᠳᠠᠭᠤ ᠠᠴᠠ ᠠᠩᠭᠢᠵᠢᠷᠠᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠠᠰᠢᠭ | ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠶᠠᠳᠠᠭᠤ ᠶᠢ ᠲᠡᠳᠬᠦᠬᠦ ᠪᠡᠯᠡ ᠮᠥᠩᠭᠦ ᠪᠠ ᠵᠦᠢᠯᠡᠰ ᠤᠨ ᠬᠠᠮᠢᠶᠠᠷᠤᠯᠲᠠ ᠶᠢᠨ | ᠠᠷᠭ᠎ᠠ ᠶᠢ ᠲᠡᠭᠦᠯᠳᠡᠷᠵᠢᠭᠦᠯᠵᠦ᠂ ᠵᠦᠢᠯᠡᠰ ᠤᠨ ᠦᠷ᠎ᠡ ᠠᠰᠢᠭ ᠢ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠵᠦᠢᠯᠡᠰ ᠤᠨ ᠬᠥᠮᠥᠷᠭᠡ ᠶᠢᠨ ᠪᠠᠶᠢᠭᠤᠯᠤᠯᠲᠠ | ᠪᠠ ᠵᠦᠢᠯᠡᠰ ᠤᠨ ᠺᠠᠷᠲ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠢᠯᠡ ᠲᠣᠳᠣ᠂ ᠲᠥᠪ ᠭᠤᠣᠯᠴᠢ᠂ ᠢᠯᠡ ᠲᠣᠳᠣ ᠪᠠᠶᠢᠬᠤ ᠵᠠᠷᠴᠢᠮ ᠢ ᠪᠠᠷᠢᠮᠲᠠᠯᠠᠨ᠂ | ᠶᠠᠳᠠᠭᠤ ᠬᠦᠴᠢᠷᠳᠡᠯ ᠲᠠᠢ ᠬᠥᠮᠦᠨ ᠤ ᠲᠤᠭ᠎ᠠ᠂ ᠶᠠᠳᠠᠭᠤ ᠬᠦᠴᠢᠷᠳᠡᠯ ᠤᠨ ᠬᠡᠮᠵᠢᠶ᠎ᠡ᠂ ᠣᠷᠣᠯᠭ᠎ᠠ ᠶᠢᠨ ᠬᠢᠷᠢ ᠬᠡᠮᠵᠢᠶ᠎ᠡ᠂ ᠰᠠᠭᠤᠷᠢ ᠨᠥᠬᠦᠴᠡᠯ ᠪᠠ ᠪᠡᠯᠡ ᠮᠥᠩᠭᠦ ᠶᠢ | ᠬᠡᠷᠡᠭᠯᠡᠭᠰᠡᠨ ᠠᠮᠵᠢᠯᠲᠠ ᠪᠦᠲᠦᠮᠵᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠵᠤ᠂ | ᠶᠠᠳᠠᠭᠤ ᠶᠢ ᠲᠡᠳᠬᠦᠬᠦ ᠵᠦᠢᠯᠡᠰ ᠢ ᠲᠣᠬᠢᠷᠠᠭᠤᠯᠤᠨ᠎ᠠ᠃ ᠵᠣᠬᠢᠴᠠᠩᠭᠤᠶ ᠪᠠᠷ ᠨᠢᠭᠡᠳᠦᠯᠲᠡᠶ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠵᠦᠢᠯᠡᠰ ᠢ ᠵᠠᠷᠯᠠᠨ ᠨᠡᠶᠢᠲᠡᠯᠡᠬᠦ ᠲᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠬᠢᠨᠠᠯᠲᠠ ᠲᠠᠯᠪᠢᠬᠤ ᠶᠢ ᠴᠢᠩᠭᠠᠳᠬᠠᠨ᠎ᠠ | ︵ᠶᠢᠰᠦ︶ ᠰᠢᠯᠭᠠᠨ ᠦᠨᠡᠯᠡᠵᠦ ᠰᠢᠮᠳᠠᠭᠤᠯᠤᠨ ᠪᠠᠶᠢᠴᠠᠭᠠᠬᠤ ᠶᠢ ᠴᠢᠩᠳᠠᠯᠠᠨ᠎ᠠ᠃ ᠨᠢᠭᠡ ᠳᠤ᠂ ᠰᠢᠶᠠᠨ ᠤ ᠨᠠᠮ ᠤᠨ ᠬᠤᠷᠢ᠊ ᠡᠶ᠎ᠡ ᠶᠢᠨ ᠵᠣᠬᠢᠶᠠᠨ ᠪᠠᠶᠢᠭᠤᠯᠬᠤ | ᠬᠡᠯᠲᠡᠰ ᠢᠶᠠᠷ ᠲᠦᠷᠦᠭᠦᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠣᠳᠠᠲᠠᠢ ᠬᠢᠨᠠᠨ ᠰᠢᠯᠭᠠᠬᠤ ᠠᠷᠭ᠎ᠠ ᠶᠢ ᠲᠣᠭᠲᠠᠭᠠᠵᠤ᠂ ᠡᠯ᠎ᠡ ᠰᠤᠮᠤ | ᠪᠠᠯᠭᠠᠰᠤ᠂ ᠡᠯ᠎ᠡ ᠰᠠᠯᠠᠭ᠎ᠠ ᠮᠥᠴᠢᠷ ᠢ ᠬᠢᠨᠠᠨ ᠰᠢᠯᠭᠠᠬᠤ ᠶᠢᠨ ᠬᠠᠮᠲᠤ ᠬᠠᠪᠰᠤᠷᠤᠨ ᠲᠡᠳᠬᠦᠬᠦ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ ᠤᠨ ᠬᠡᠰᠡᠭ ᠳᠡᠰ | ᠳᠠᠪᠬᠤᠷᠭ᠎ᠠ ᠶᠢ ᠬᠢᠨᠠᠨ ᠰᠢᠯᠭᠠᠵᠤ᠂ ᠬᠠᠪᠰᠤᠷᠤᠨ ᠲᠡᠳᠬᠦᠬᠦ ᠠᠵᠢᠯ ᠢ ᠪᠣᠳᠠᠲᠠᠢ ᠬᠢᠭᠰᠡᠨ ᠦᠭᠡᠢ᠂ ᠬᠠᠷᠢᠭᠤᠴᠠᠯᠭ᠎ᠠ ᠪᠠᠨ ᠪᠣᠳᠠᠲᠠᠢ ᠭᠦᠢᠴᠡᠳᠬᠡᠭᠰᠡᠨ ᠦᠭᠡᠢ ᠵᠡᠷᠭᠡ | ᠠᠵᠢᠯᠯᠠᠭ᠎ᠠ ᠳᠤ ︽ᠦᠶᠤᠸᠠᠨ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ | ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠨ᠎ᠡ᠃ ᠬᠤᠶᠠᠷ ᠲᠤ᠂ ᠰᠠᠬᠢᠯᠭ᠎ᠠ ᠪᠠᠲᠤ | ᠪᠠᠶᠢᠴᠠᠭᠠᠬᠤ ᠵᠥᠪᠯᠡᠯ ᠢᠶᠠᠷ ᠲᠦᠷᠦᠭᠦᠯᠡᠭᠦᠯᠦᠨ᠂ ᠵᠣᠬᠢᠶᠠᠨ ᠪᠠᠶᠢᠭᠤᠯᠬᠤ ᠬᠡᠯᠲᠡᠰ᠂ ᠱᠠᠯᠠᠪᠳᠠᠭᠤᠯᠤᠨ ᠪᠠᠶᠢᠴᠠᠭᠠᠬᠤ ᠲᠠᠰᠤᠭ᠂ ᠲᠣᠭᠤᠷᠢᠨ ᠪᠠᠶᠢᠴᠠᠭᠠᠬᠤ ᠠᠯᠪᠠᠨ ᠭᠡᠷ | ᠪᠣᠯᠤᠨ ᠶᠠᠳᠠᠭᠤ ᠶᠢ ᠲᠡᠳᠬᠦᠬᠦ ᠠᠯᠪᠠᠨ ᠭᠡᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠶᠠᠳᠠᠭᠤ ᠶᠢ ᠲᠡᠳᠬᠦᠬᠦ ᠬᠦᠷᠢᠶᠡᠨ ᠤ ᠰᠤᠷᠲᠠᠯ ᠤᠨ ᠠᠰᠠᠭᠤᠳᠠᠯ ᠢ ᠲᠤᠰᠬᠠᠢ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠭᠰᠡᠨ ᠦᠭᠡᠢ᠂ ᠬᠢᠨᠠᠯᠲᠠ ᠬᠠᠮᠢᠶᠠᠷᠤᠯᠲᠠ ᠴᠢᠩᠭ᠎ᠠ ᠪᠢᠰᠢ᠂ | ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠳ ᠲᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠬᠡᠷᠡᠭᠵᠢᠭᠦᠯᠬᠦ ᠶᠢᠨ ᠬᠠᠮᠲᠤ ᠭᠤᠣᠯ | ᠤᠳᠤᠷᠢᠳᠤᠯᠭ᠎ᠠ ᠲᠠᠢ ᠪᠣᠯᠵᠣᠨ ᠶᠠᠷᠢᠯᠴᠠᠨ᠎ᠠ᠃ ᠰᠤᠷᠲᠠᠯ ᠨᠢ ᠦᠨᠡᠨ ᠪᠣᠳᠠᠲᠠᠶ ᠪᠢᠰᠢ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠵᠤ ︽ᠲᠤᠭ᠎ᠠ ᠪᠠᠷᠢᠮᠲᠠ ᠪᠠᠷ | ᠶᠠᠳᠠᠭᠤ ᠠᠴᠠ ᠠᠩᠭᠢᠵᠢᠷᠠᠭᠤᠯᠬᠤ︾ ᠠᠵᠢᠯᠯᠠᠭ᠎ᠠ ᠶᠢ ᠬᠠᠤᠯᠢ ᠰᠠᠬᠢᠯᠭ᠎ᠠ ᠶᠣᠰᠣᠭᠠᠷ ᠴᠢᠩᠭ᠎ᠠ ᠰᠢᠢᠳᠪᠦᠷᠢᠯᠡᠨ᠎ᠡ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ | 2020 ᠣᠨ ᠤ 3 ᠰᠠᠷ᠎ᠠ ᠶᠢᠨ 9 ᠤ ᠡᠳᠦᠷ | | |