​ᠠᠷᠢᠭᠤᠳᠬᠠᠬᠤ ᠡᠳ᠋ ᠢ ᠬᠡᠷᠬᠢᠨ ᠵᠦᠢ ᠵᠣᠬᠢᠰᠲᠠᠢ ᠬᠡᠷᠡᠭᠯᠡᠬᠦ ᠪᠣᠢ
ᠨᠡᠶᠢᠲᠡᠯᠡᠭᠰᠡᠨ ᠴᠠᠭ᠄
2020/3/8
     ᠠᠰᠠᠭᠤᠯᠲᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠠᠷᠢᠭᠤᠳᠬᠠᠬᠤ ᠡᠳ᠋ ᠢ ᠬᠡᠷᠬᠢᠨ ᠵᠦᠢ ᠵᠤᠬᠢᠰᠲᠠᠢ ᠬᠡᠷᠡᠭᠯᠡᠬᠦ ᠪᠣᠶ︖      ᠬᠠᠷᠢᠭᠤᠯᠲᠠ᠄ 1. ᠪᠠᠶᠢᠭᠤᠯᠭ᠎ᠠ ᠨᠢᠭᠡᠴᠢ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ᠂ ᠣᠯᠠᠨ ᠨᠡᠶᠢᠲᠡ ᠶᠢᠨ ᠲᠠᠯᠠᠪᠤᠷ ᠵᠡᠷᠭᠡ ᠶᠢᠨ ᠠᠷᠢᠭᠤᠳᠬᠠᠬᠤ ᠠᠵᠢᠯ ᠢ ᠬᠠᠷᠢᠭᠤᠴᠠᠵᠤ ᠪᠠᠶᠢᠭ᠎ᠠ ᠬᠥᠮᠦᠰ ᠠᠷᠢᠭᠤᠳᠬᠠᠬᠤ ᠦᠶᠯᠡᠳᠬᠦᠨ ᠤ ᠲᠣᠳᠣᠷᠬᠠᠶᠢᠯᠠᠯᠲᠠ ᠶᠢ ᠴᠢᠩᠭ᠎ᠠ ᠵᠢᠷᠤᠮᠯᠠᠨ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠷᠢᠭᠤᠳᠬᠠᠬᠤ ᠡᠳ᠋ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠡᠷᠡᠭᠯᠡᠵᠦ᠂ ᠠᠷᠢᠭᠤᠳᠬᠠᠬᠤ ᠡᠳ᠋ ᠢ ᠳᠤᠷ᠎ᠠ ᠪᠠᠷ ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠶ᠃ 2. ᠠᠷᠢᠭᠤᠳᠬᠠᠬᠤ ᠦᠢᠯᠡᠳᠬᠦᠨ ᠢ ᠵᠦᠪᠬᠡᠨ ᠳᠤᠲᠤᠷᠬᠠᠶᠢᠯᠠᠯᠲᠠ ᠳᠤ ᠢᠯᠡᠷᠭᠡᠶᠢᠢᠯᠡᠭᠰᠡᠨ ᠵᠦᠢᠯ ᠳᠤ ᠬᠡᠷᠡᠭᠯᠡᠵᠦ᠂ ᠡᠨᠡ ᠬᠦ ᠬᠦᠷᠢᠶ᠎ᠡ ᠬᠡᠪᠴᠢᠶᠶᠡᠨ ᠠᠴᠠ ᠳᠠᠪᠠᠨ ᠬᠡᠷᠡᠭᠯᠡᠵᠦ ᠪᠤᠯᠬᠤ ᠦᠬᠡᠢ᠃ 3. ᠠᠷᠢᠭᠤᠳᠬᠠᠬᠤ ᠡᠳ᠋ ᠪᠤᠯᠭᠠᠨ ᠢ ᠵᠠᠪᠠᠯ ᠲᠤᠰᠠᠭᠠᠷ ᠬᠡᠷᠡᠭᠯᠡᠬᠦ ᠴᠢᠬᠤᠯᠠᠲᠠᠢ ᠪᠠᠶᠢᠵᠦ᠂ ᠠᠳᠠᠯᠢ ᠪᠤᠰᠤ ᠲᠦᠷᠦᠯ ᠵᠦᠢᠯ ᠤᠨ ᠠᠷᠢᠭᠤᠳᠬᠠᠬᠤ ᠡᠳ᠋ ᠢ ᠬᠤᠯᠢᠵᠦ ᠬᠡᠷᠡᠭᠯᠡᠵᠦ ᠪᠤᠯᠬᠤ ᠦᠬᠡᠢ᠃ 4. ᠲᠤᠳᠤᠷᠬᠠᠶᠢᠯᠠᠯᠲᠠ ᠳᠠᠬᠢ ᠦᠳᠭᠡᠴᠡ ᠶᠢᠨ ᠬᠡᠮᠵᠢᠶ᠎ᠡ ᠶᠤᠰᠤᠭᠠᠷ ᠠᠷᠢᠭᠤᠳᠬᠠᠬᠤ ᠡᠳ᠋ ᠢ ᠨᠠᠶᠢᠷᠠᠭᠤᠯᠵᠦ᠂ ᠲᠤᠳᠤᠷᠬᠠᠶᠢᠯᠠᠯᠲᠠ ᠶᠢᠨ ᠬᠠᠮᠤᠭ ᠤᠬᠤᠷ ᠬᠢᠵᠠᠭᠠᠷ ᠤᠨ ᠠᠷᠢᠭᠤᠳᠬᠠᠬᠤ ᠴᠠᠭ ᠬᠤᠭᠤᠴᠠᠭ᠎ᠠ ᠶᠢ ᠪᠠᠲᠤᠯᠠᠬᠤ ᠬᠡᠷᠡᠭᠲᠡᠢ᠃ 5. ᠬᠥᠮᠦᠨ ᠤ ᠪᠡᠶ᠎ᠡ ᠶᠢᠨ ᠠᠷᠠᠰᠤᠨ ᠤ ᠠᠷᠢᠭᠤᠳᠬᠠᠯ ᠭᠡᠳᠡᠭ ᠨᠢ ᠭᠤᠣᠯᠳᠠᠭᠤ ᠭᠠᠷ ᠤᠨ ᠬᠡᠰᠡᠭ ᠵᠡᠷᠭᠡ ᠢᠯᠡ ᠭᠠᠵᠠᠷ ᠢ ᠵᠢᠭᠠᠵᠦ ᠪᠠᠶᠢᠳᠠᠭ ᠠᠴᠠ ᠪᠦᠬᠦ ᠪᠡᠶ᠎ᠡ ᠶᠢᠨ ᠠᠷᠢᠭᠤᠳᠬᠠᠯ ᠬᠢᠬᠦ ᠴᠢᠬᠤᠯᠠ ᠦᠭᠡᠶ᠃ ᠠᠷᠢᠭᠤᠳᠬᠠᠬᠤ ᠡᠳ᠋ ᠢ ᠬᠡᠷᠡᠭᠯᠡᠬᠦ ᠳᠡᠭᠡᠨ ᠬᠠᠮᠤᠭ ᠰᠠᠶᠢᠨ ᠨᠢ ᠵᠠᠬ᠎ᠠ ᠳᠡᠯᠭᠡᠭᠦᠷ ᠲᠤ ᠪᠣᠷᠣᠯᠠᠭᠤᠯᠵᠦ ᠪᠠᠶᠢᠭ᠎ᠠ ᠦᠢᠯᠡᠳᠬᠦᠨ ᠢ ᠰᠣᠩᠭᠤᠵᠤ ᠬᠡᠷᠡᠭᠯᠡᠨ᠎ᠡ᠂ ᠵᠢᠱᠢᠶᠶᠡᠯᠡᠪᠡᠯ 75% ᠰᠫᠢᠷᠲᠶ᠂ ᠬᠡᠲᠦ ᠢᠰᠦᠯᠳᠦ ᠤᠰᠤᠲᠥ᠋ᠷᠥᠭᠴᠢᠲᠦ ᠠᠷᠢᠭᠤᠳᠬᠠᠬᠤ ᠰᠢᠩᠭᠡᠨ ᠵᠡᠷᠭᠡ ᠶᠢ ᠬᠡᠷᠡᠭᠯᠡᠨ᠎ᠡ᠂ ᠥᠪᠡᠷ ᠢᠶᠠᠨ ᠠᠷᠢᠭᠤᠳᠬᠠᠬᠤ ᠰᠢᠩᠭᠡᠨ ᠨᠠᠶᠢᠷᠠᠭᠤᠯᠵᠦ ᠠᠷᠠᠰᠤᠨ ᠤ ᠠᠷᠢᠭᠤᠳᠬᠠᠯ ᠬᠢᠵᠦ ᠪᠤᠯᠬᠤ ᠦᠬᠡᠢ᠃ 6. ᠭᠡᠷ ᠪᠦᠯᠢ ᠶᠢᠨ ᠬᠢᠨ ᠠᠷᠢᠭᠤᠳᠬᠠᠬᠤ ᠡᠳ᠋ ᠢ ᠠᠮᠤᠷ ᠲᠦᠪᠰᠢᠨ ᠢᠶᠠᠷ ᠬᠠᠳᠠᠭᠠᠯᠠᠬᠤ ᠬᠡᠷᠡᠭᠲᠡᠢ᠂ ᠤᠮᠳᠠᠭᠠᠨ ᠤ ᠯᠣᠩᠬᠤᠨ ᠳᠤ ᠠᠷᠢᠭᠤᠳᠬᠠᠬᠤ ᠰᠢᠩᠭᠡᠨ ᠢ ᠰᠠᠪᠠᠯᠠᠵᠤ ᠪᠣᠯᠬᠤ ᠦᠭᠡᠢ᠂ ᠠᠷᠢᠭᠤᠳᠬᠠᠬᠤ ᠡᠳ᠋ ᠢ ᠬᠡᠦᠬᠡᠳ ᠬᠦᠷᠦᠯᠴᠡᠵᠦ ᠲᠡᠶᠢᠯᠬᠦ ᠦᠬᠡᠢ ᠰᠡᠷᠢᠭᠦᠨ ᠭᠠᠵᠠᠷ ᠲᠤ ᠲᠠᠯᠪᠢᠬᠤ ᠬᠡᠷᠡᠭᠲᠡᠢ᠃ 7. ᠣᠨᠴᠠᠭᠠᠢ ᠣᠷᠴᠢᠨ ᠳᠤ ᠥᠨᠳᠥᠷ ᠥᠳᠬᠡᠴᠡ ᠲᠠᠢ ᠠᠷᠢᠭᠤᠳᠬᠠᠬᠤ ᠡᠮ ᠢ ᠨᠠᠶᠢᠷᠠᠭᠤᠯᠬᠤ ᠪᠠ ᠬᠡᠷᠡᠭᠯᠡᠬᠦ ᠡᠰᠡᠬᠦᠯ᠎ᠡ ᠤᠷᠲᠤ ᠬᠤᠭᠤᠴᠠᠭ᠎ᠠ ᠪᠠᠷ ᠠᠷᠢᠭᠤᠳᠬᠠᠬᠤ ᠡᠳ᠋ ᠢ ᠬᠡᠷᠡᠭᠯᠡᠬᠦ ᠳᠡᠭᠡᠨ ᠡᠷᠬᠡᠪᠰᠢ ᠬᠠᠮᠠᠭᠠᠯᠠᠯᠲᠠ ᠶᠢᠨ ᠬᠡᠷᠡᠭᠰᠡᠯ ᠢ ᠡᠮᠦᠰᠴᠦ ᠵᠡᠬᠦᠬᠦ ᠬᠡᠷᠡᠭᠲᠡᠢ᠂ ᠵᠢᠱᠢᠶᠶᠡᠯᠡᠪᠡᠯ ᠬᠤᠣᠷ ᠠᠴᠠ ᠬᠠᠮᠠᠭᠠᠯᠠᠬᠤ ᠪᠠᠭ ︵ᠠᠮᠠᠪᠴᠢ ᠪᠢᠰᠢ︶᠂ ᠬᠠᠮᠠᠭᠠᠯᠠᠯᠳᠠ ᠶᠢᠨ ᠪᠡᠭᠡᠯᠡᠢ ︵ᠰᠦᠨ ᠴᠠᠪᠠᠤ ᠪᠤᠶᠤ ᠭᠤᠮ ᠪᠡᠭᠡᠯᠡᠢ ᠬᠡᠷᠡᠭᠯᠡᠨ᠎ᠡ᠂ ᠬᠥᠪᠥᠩ ᠪᠦᠰ ᠪᠤᠶᠤ ᠬᠥᠪᠥᠩ ᠤᠲᠠᠰᠤᠨ ᠪᠡᠭᠡᠯᠡᠢ ᠬᠡᠷᠡᠭᠯᠡᠵᠦ ᠪᠣᠯᠬᠤ ᠦᠭᠡᠢ︶᠃ ᠲᠣᠬᠢᠷᠠᠮᠵᠢᠲᠠᠶ ᠬᠠᠮᠠᠭᠠᠯᠠᠯᠲᠠ ᠶᠢᠨ ᠬᠡᠷᠡᠭᠰᠡᠯ ᠢ ᠡᠮᠦᠰᠴᠦ ᠵᠡᠭᠦᠭᠰᠡᠨ ᠦᠭᠡᠢ ᠪᠠᠶᠢᠪᠠᠯ᠂ ᠪᠢᠲᠡᠭᠦᠮᠵᠢᠯᠡᠭᠰᠡᠨ ᠣᠷᠣᠨ ᠵᠠᠶ ᠳᠣᠲᠣᠷ᠎ᠠ ᠠᠷᠢᠭᠤᠳᠬᠠᠬᠤ ᠡᠳ᠋ ᠢ ᠨᠠᠶᠢᠷᠠᠭᠤᠯᠬᠤ ᠪᠠ ᠬᠡᠷᠡᠭᠯᠡᠵᠦ ᠪᠣᠯᠬᠤ ᠦᠭᠡᠢ᠃      ᠠᠰᠠᠭᠤᠯᠲᠠ᠄ ᠪᠠᠶᠢᠩᠭᠤ ᠲᠣᠬᠢᠶᠠᠯᠳᠤᠳᠠᠭ ᠠᠷᠢᠭᠤᠳᠬᠠᠬᠤ ᠡᠳ᠋ ᠠᠴᠠ ᠪᠣᠯᠵᠤ ᠬᠤᠣᠷᠳᠠᠭᠳᠠᠭᠰᠠᠨ ᠤ ᠳᠠᠷᠠᠭ᠎ᠠ ᠬᠡᠷᠬᠢᠨ ᠰᠢᠢᠳᠪᠦᠷᠢᠯᠡᠬᠦ ᠪᠣᠢ︖      ᠬᠠᠷᠢᠭᠤᠯᠲᠠ᠄ 1. ᠠᠮᠢᠰᠬᠤᠯ ᠤᠨ ᠵᠠᠮ ᠬᠦᠷᠦᠯᠴᠡᠭᠰᠡᠳ ᠬᠤᠣᠷᠳᠠᠭᠳᠠᠭᠰᠠᠨ ᠣᠷᠴᠢᠨ ᠲᠣᠭᠤᠷᠢᠨ ᠠᠴᠠ ᠳᠠᠷᠦ᠋ᠢᠬᠠᠨ ᠵᠠᠶᠢᠯᠠᠵᠦ᠂ ᠰᠢᠨ᠎ᠡ ᠰᠣᠷᠭᠤᠭ ᠠᠭᠠᠷ ᠤᠨ ᠤᠷᠴᠢᠨ ᠳᠤ ᠤᠴᠢᠬᠤ ᠬᠡᠷᠡᠭᠲᠡᠢ᠃ 2. ᠠᠷᠠᠰᠤᠨ ᠤ ᠰᠠᠯᠢᠰᠤᠲᠤ ᠪᠦᠷᠬᠦᠪᠴᠢ ︵ᠨᠢᠳᠦ ᠪᠠᠭᠲᠠᠨ᠎ᠠ︶ ᠬᠦᠷᠦᠯᠴᠡᠭᠰᠡᠳ᠂ ᠳᠠᠷᠦ᠋ᠢᠬᠠᠨ ᠶᠡᠭᠡ ᠬᠡᠮᠵᠢᠶᠶᠡᠨ ᠤ ᠤᠷᠤᠰᠤᠮᠠᠯ ᠴᠡᠪᠡᠷ ᠤᠰᠤ ᠪᠠᠷ 10 ᠮᠢᠨᠦ᠋ᠲ ᠠᠴᠠ ᠳᠡᠭᠡᠭᠰᠢ ᠳᠠᠬᠢᠨ ᠳᠠᠪᠲᠠᠨ ᠤᠬᠢᠢᠶᠠᠬᠤ ᠬᠡᠷᠡᠭᠲᠡᠢ᠃ 3. ᠤᠤᠭᠤᠵᠦ ᠬᠦᠷᠦᠯᠴᠡᠭᠰᠡᠳ ᠠᠴᠠ ᠦᠨᠢᠶᠶᠡᠨ ᠰᠦ᠂ ᠰᠢᠩᠭᠡᠨ ᠪᠤᠳᠠᠭ᠎ᠠ ᠵᠡᠷᠭᠡ ᠶᠢ ᠤᠤᠭᠤᠵᠤ ᠬᠤᠳᠣᠭᠤᠳᠣ ᠭᠡᠳᠡᠰᠦᠨ ᠤ ᠰᠠᠯᠢᠰᠤᠲᠤ ᠪᠦᠷᠬᠦᠪᠴᠢ ᠶᠢ ᠬᠠᠮᠠᠭᠠᠯᠠᠬᠤ ᠬᠡᠷᠡᠭᠲᠡᠢ᠃ 4. ᠬᠡᠷᠪᠡ ᠡᠪᠡᠳᠴᠢᠲᠡᠨ ᠤ ᠬᠦᠷᠦᠯᠴᠡᠬᠦ ᠬᠡᠮᠵᠢᠶ᠎ᠡ ᠨᠢ ᠨᠡᠯᠢᠶᠡᠳ ᠶᠡᠭᠡ ᠪᠤᠶᠤ ᠡᠪᠡᠳᠴᠢᠨ ᠤ ᠰᠢᠨᠵᠢ ᠲᠡᠮᠳᠡᠭ ᠨᠢ ᠦᠷᠭᠦᠯᠵᠢᠯᠡᠨ ᠰᠠᠶᠢᠵᠢᠷᠠᠭᠰᠠᠨ ᠦᠭᠡᠢ ᠪᠣᠯ ᠳᠠᠷᠦ᠋ᠢᠬᠠᠨ ᠡᠮᠨᠡᠯᠭᠡ ᠳᠤ ᠬᠦᠷᠭᠡᠵᠦ ᠡᠮᠨᠡᠨ ᠵᠠᠰᠠᠭᠤᠯᠬᠤ ᠬᠡᠷᠡᠭᠲᠡᠢ᠃
ᠢᠷᠡᠯᠲᠡ᠄ ᠪᠠᠶᠠᠨ ᠨᠠᠭᠤᠷ ᠤᠨ ᠰᠣᠨᠢᠨ