10 ᠭᠠᠷᠤᠶ ᠮᠤᠵᠢ ᠣᠷᠣᠨ 2020 ᠣᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠦᠰᠣᠯ ᠢ ᠨᠡᠶᠢᠲᠡᠯᠡᠪᠡ᠂ ᠬᠡᠳᠦᠶ ᠵᠣᠭᠤᠰ ᠥᠰᠬᠦ ᠪᠣᠶ︖
ᠨᠡᠶᠢᠲᠡᠯᠡᠭᠰᠡᠨ ᠴᠠᠭ᠄
2020/7/14
     2020 ᠣᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠥᠰᠥᠯᠲᠡ ᠶᠢ ᠶᠠᠭ ᠲᠦᠷᠭᠡᠨ ᠨᠠᠶᠢᠳᠠᠪᠤᠷᠢᠵᠢᠭᠤᠯᠵᠤ ᠪᠠᠶᠢᠨ᠎ᠠ᠃              ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠰᠤᠷᠪᠤᠯᠵᠢᠯᠠᠭᠴᠢ ᠶᠢᠨ ᠪᠦᠷᠢᠨ ᠪᠤᠰᠤ ᠪᠦᠷᠢᠳᠬᠡᠯ ᠠᠴᠠ ᠦᠵᠡᠪᠡᠯ᠂ 7 ᠰᠠᠷ᠎ᠠ ᠶᠢᠨ 13 ᠤ ᠡᠳᠦᠷ ᠪᠣᠯᠲᠠᠯ᠎ᠠ᠂ ᠨᠠᠭᠠᠳᠤ ᠵᠠᠬ᠎ᠠ ᠳᠠᠭᠠᠨ ᠱᠠᠩᠬᠠᠶ᠂ ᠯᠢᠶᠣᠤᠨᠢᠩ᠂ ᠭᠤᠸᠠᠩᠳᠦᠩ᠂ ᠵᠢᠶᠠᠩᠰᠦ᠂ ᠬᠤᠪᠧᠶ᠂ ᠠᠨᠾᠦ᠋ᠢ᠂ ᠾᠧᠪᠸᠢ᠂ ᠱᠠᠨᠰᠢ᠂ ᠨᠢᠩᠰᠢᠶᠠ᠂ ᠰᠢᠨᠵᠢᠶᠠᠩ᠂ ᠲᠢᠶᠠᠨᠵᠢᠨ ᠵᠡᠷᠭᠡ 10 ᠭᠠᠷᠤᠶ ᠮᠤᠵᠢ ᠣᠷᠣᠨ ᠬᠤᠲᠠ 2020 ᠣᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ  ᠪᠣᠳᠠᠲᠠᠶ ᠲᠣᠬᠢᠷᠠᠭᠤᠯᠤᠯᠲᠠ ᠬᠢᠬᠦ ᠲᠥᠰᠦᠯ ᠢ ᠨᠡᠶᠢᠲᠡᠯᠡᠭᠰᠡᠨ ᠪᠠᠶᠢᠨ᠎ᠠ᠃ ᠲᠠ ᠬᠡᠳᠦᠶ ᠵᠣᠭᠤᠰ ᠥᠰᠬᠦ ᠶᠢ ᠪᠣᠳᠣᠵᠤ ᠦᠵᠡᠶ᠎ᠡ᠃              ᠡᠨᠡ ᠵᠢᠯ ᠤᠨ ᠨᠠᠰᠤᠵᠢᠯ ᠤᠨ ᠠᠰᠠᠷᠠᠮᠵᠢ ᠶᠢᠨ ᠮᠥᠩᠭᠦ 5% ᠪᠠᠷ ᠦᠰᠦᠨ᠎ᠠ              ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ 4 ᠳ᠋ᠤᠭᠡᠷ ᠰᠠᠷ᠎ᠠ ᠳᠤ ︽2020 ᠣᠨ ᠳᠤ ᠠᠵᠢᠯ ᠠᠴᠠ ᠪᠠᠨ ᠠᠮᠠᠷᠠᠭᠰᠠᠨ ᠬᠥᠮᠦᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠥᠰᠬᠡᠵᠦ᠂ ᠶᠡᠷᠤᠩᠬᠡᠢ ᠳᠤᠨᠢ ᠲᠣᠬᠢᠷᠠᠭᠤᠯᠤᠯᠲᠠ ᠬᠢᠬᠦ ᠬᠢᠷᠢ ᠬᠡᠮᠵᠢᠶ᠎ᠡ ᠶᠢ 2019 ᠣᠨ ᠤ ᠠᠵᠢᠯ ᠠᠴᠠ ᠪᠠᠨ ᠠᠮᠠᠷᠠᠭᠰᠠᠨ ᠬᠥᠮᠦᠰ ᠤᠨ ᠰᠠᠷ᠎ᠠ ᠶᠢᠨ ᠬᠥᠮᠦᠨ  ᠳᠤᠮᠳᠠᠴᠢ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ 5% ᠪᠠᠷ ᠦᠰᠦᠭᠡᠨ᠎ᠡ ᠭᠡᠵᠦ ᠲᠣᠳᠣᠷᠬᠠᠶ ᠲᠣᠭᠲᠠᠭᠠᠪᠠ᠃              ᠡᠨᠡ ᠪᠣᠯ ᠨᠠᠰᠤᠵᠢᠯ ᠤᠨ ᠠᠰᠠᠷᠠᠮᠵᠢ ᠶᠢᠨ ᠮᠥᠩᠭᠦ 16 ᠵᠢᠯ ᠳᠠᠷᠠᠭᠠᠯᠠᠨ ᠥᠰᠴᠦ ᠪᠠᠶᠢᠭ᠎ᠠ ᠶᠠᠪᠤᠳᠠᠯ ᠪᠣᠯᠤᠨ᠎ᠠ᠂ ᠮᠥᠨ ᠴᠦ 2016 ᠣᠨ ᠠᠴᠠ ᠨᠠᠰᠢ ᠠᠵᠤ ᠠᠬᠤᠶᠢᠯᠠᠯ ᠪᠣᠯᠤᠨ ᠠᠯᠪᠠᠨ ᠪᠠᠶᠢᠭᠤᠯᠭ᠎ᠠ ᠠᠵᠢᠯ ᠣᠶᠢᠯᠡᠰ ᠤᠨ ᠨᠢᠭᠡᠴᠡ ᠶᠢᠨ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠠᠪᠤᠳᠠᠬᠢ ᠤᠳᠠᠭ᠎ᠠ ᠵᠢᠯ ᠳᠠᠷᠠᠭᠠᠯᠠᠨ ᠨᠢᠭᠡᠳᠦᠯᠲᠡᠶ ᠲᠣᠬᠢᠷᠠᠭᠤᠯᠤᠯᠲᠠ ᠬᠢᠵᠦ ᠪᠠᠶᠢᠭ᠎ᠠ ᠶᠠᠪᠤᠳᠠᠯ ᠪᠣᠯᠤᠨ᠎ᠠ᠃              5 ᠰᠠᠷ᠎ᠠ ᠶᠢᠨ 12 ᠤᠨ ᠡᠳᠦᠷ᠂ ᠱᠠᠩᠬᠠᠶ ᠬᠠᠮᠤᠭ ᠤᠨ ᠲᠦᠷᠦᠭᠦᠨ ᠳᠤ 2020 ᠣᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠥᠰᠦᠯ ᠢ ᠨᠡᠶᠢᠲᠡᠯᠡᠪᠡ᠃ 7 ᠳ᠋ᠤᠭᠠᠷ ᠰᠠᠷ᠎ᠠ ᠪᠣᠯᠣᠭᠰᠠᠨ ᠤ ᠳᠠᠷᠠᠭ᠎ᠠ᠂ ᠯᠢᠶᠣᠤᠨᠢᠩ᠂ ᠭᠤᠸᠠᠩᠳᠦ᠋ᠩ᠂ ᠵᠢᠶᠠᠩᠰᠦ᠂ ᠬᠤᠪᠸᠢ᠂ ᠠᠨᠾᠦ᠋ᠢ᠂ ᠾᠧᠪᠸᠢ᠂ ᠱᠠᠨᠰᠢ ᠂ ᠨᠢᠩᠰᠢᠶᠠ᠂ ᠰᠢᠨᠵᠢᠶᠠᠩ᠂ ᠲᠢᠶᠠᠨᠵᠢᠨ ᠵᠡᠷᠭᠡ ᠭᠠᠵᠠᠷ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠥᠰᠦᠯ ᠢ ᠵᠠᠯᠭᠠᠭ᠎ᠠ ᠪᠠᠷ ᠨᠡᠶᠢᠲᠡᠯᠡᠪᠡ ᠃              ᠡᠨᠡ ᠤᠳᠠᠭᠠᠨ ᠤ ᠥᠰᠥᠯᠲᠡ ᠶᠢ ᠬᠡᠨ ᠤᠯᠵᠦ ᠡᠳ᠋ᠯᠡᠬᠦ ᠪᠤᠢ︖              ᠳᠡᠭᠡᠷᠡᠬᠢ ᠮᠡᠳᠡᠭᠳᠡᠯ ᠶᠣᠰᠣᠭᠠᠷ᠂ ᠡᠨᠡ ᠵᠢᠯ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠬᠡᠪᠴᠢᠶ᠎ᠡ ᠪᠣᠯ 2019 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠨᠢᠭᠡᠨᠲᠡ ᠲᠣᠭᠲᠠᠭᠠᠯ ᠶᠣᠰᠣᠭᠠᠷ ᠠᠵᠢᠯ ᠠᠴᠠ ᠪᠠᠨ ᠠᠮᠠᠷᠠᠬᠤ ᠭᠠᠷ ᠬᠦᠢᠴᠡᠳᠬᠡᠯ ᠬᠢᠭᠰᠡᠨ ᠪᠥᠭᠡᠳ ᠰᠠᠷ᠎ᠠ  ᠪᠦᠷᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠠᠪᠴᠤ ᠪᠠᠶᠢᠭ᠎ᠠ ᠠᠵᠢᠯ ᠠᠴᠠ ᠪᠠᠨ ᠠᠮᠠᠷᠠᠭᠰᠠᠳ ᠪᠣᠯᠤᠨ᠎ᠠ᠃              ᠭᠡᠪᠡᠴᠦ ᠭᠤᠸᠠᠩᠳᠦ᠋ᠩ ᠮᠤᠵᠢ ᠶᠢᠨ ᠡᠨᠡ ᠵᠢᠯ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠬᠥᠮᠦᠰ ᠤᠨ ᠬᠡᠪᠴᠢᠶ᠎ᠡ ᠡᠳᠦᠶ ᠲᠡᠳᠦᠶ ᠥᠷᠭᠡᠳᠴᠦ᠂ 2019 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠨᠢᠭᠡᠨᠲᠡ ᠨᠠᠰᠤᠵᠢᠯ ᠤᠨ ᠠᠰᠠᠷᠠᠮᠵᠢ ᠶᠢᠨ ᠮᠦᠩᠬᠦ ᠪᠠᠨ ᠠᠪᠤᠭᠰᠠᠨ ᠠᠵᠢᠯ ᠠᠴᠠ ᠪᠠᠨ ᠠᠮᠠᠷᠠᠭᠰᠠᠳ ᠢ ᠪᠠᠭᠲᠠᠭᠠᠬᠤ ᠪᠠᠷ  ᠪᠠᠷᠠᠬᠤ‌ᠥᠬᠡᠶ᠂ ᠪᠠᠰᠠ 2020 ᠣᠨ ᠤ 1 ᠰᠠᠷ᠎ᠠ ᠠᠴᠠ 6 ᠰᠠᠷ᠎ᠠ ᠪᠣᠯᠲᠠᠯ᠎ᠠ ᠨᠠᠰᠤᠵᠢᠯ ᠤᠨ ᠠᠰᠠᠷᠠᠮᠵᠢ ᠶᠢᠨ  ᠮᠥᠩᠭᠦ ᠪᠠᠨ ᠠᠩᠬ᠎ᠠ ᠤᠳᠠᠭ᠎ᠠ ᠠᠪᠴᠤ ᠪᠠᠶᠢᠭ᠎ᠠ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠪᠠᠭᠲᠠᠭᠠᠵᠠᠶ᠃              ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠣᠳᠠᠲᠠᠶ ᠬᠡᠷᠬᠢᠨ ᠥᠰᠬᠡᠬᠦ ᠪᠣᠶ︖              ᠡᠨᠡ ᠵᠢᠯ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 5% ᠪᠠᠷ ᠥᠰᠬᠡᠵᠦ᠂ ᠣᠯᠠᠩᠬᠢ ᠬᠥᠮᠦᠰ ᠥᠪᠡᠷ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠳᠡᠭᠡᠷ᠎ᠡ ᠪᠠᠨ ᠰᠢᠭᠤᠳ 5% ᠪᠠᠷ ᠨᠡᠮᠡᠭᠳᠡᠭᠰᠡᠨ ᠪᠣᠯᠪᠠᠴᠤ ᠲᠡᠶᠢᠮᠦ ᠪᠢᠰᠢ ᠭᠡᠵᠦ ᠦᠵᠡᠳᠡᠭ᠃ 5% ᠶᠢᠨ ᠡᠨᠡ ᠬᠦ ᠨᠡᠮᠡᠭᠳᠡᠯ ᠤᠨ ᠬᠡᠮᠵᠢᠶ᠎ᠡ ᠨᠢ ᠳᠤᠮᠳᠠᠴᠢ ᠨᠡᠮᠡᠭᠳᠡᠯ ᠤᠨ ᠬᠡᠮᠵᠢᠶ᠎ᠡ  ᠪᠣᠯᠬᠤ ᠠᠴᠠ ᠪᠢᠰᠢ᠂ ᠠᠮᠠᠷᠠᠯᠲᠠ ᠠᠪᠤᠭᠰᠠᠳ ᠨᠢᠭᠡᠪᠦᠷᠢ ᠳᠤ ᠴᠥᠮ 5% ᠪᠠᠷ ᠲᠤᠬᠢᠷᠠᠭᠤᠯᠤᠯᠳᠠ ᠬᠢᠬᠦ ᠶᠠᠪᠤᠳᠠᠯ ᠪᠢᠰᠢ ᠶᠤᠮ᠃              ᠡᠨᠡ ᠵᠢᠯ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠪᠣᠳᠠᠲᠠᠶ ᠲᠣᠬᠢᠷᠠᠭᠤᠯᠤᠯᠲᠠ ᠬᠢᠬᠦ ᠠᠷᠭ᠎ᠠ  ᠬᠡᠮᠵᠢᠶ᠎ᠡ ᠨᠢ ᠦᠷᠭᠦᠯᠵᠢᠯᠡᠨ ᠲᠣᠭᠲᠠᠭᠰᠠᠨ ᠨᠣᠷᠮ᠎ᠠ ᠪᠠᠷ ᠲᠣᠬᠢᠷᠠᠭᠤᠯᠤᠯᠲᠠ ᠬᠢᠬᠦ᠂ ᠬᠤᠯᠪᠣᠭᠳᠠᠭᠤᠯᠤᠨ ᠲᠣᠬᠢᠷᠠᠭᠤᠯᠤᠯᠲᠠ ᠬᠢᠬᠦ ᠪᠠ ᠵᠣᠬᠢᠰᠲᠠᠶ ᠬᠡᠯᠪᠠᠶᠢᠯᠭᠡᠬᠦ ᠶᠢ ᠬᠠᠷᠢᠯᠴᠠᠨ ᠤᠶᠠᠯᠳᠤᠭᠤᠯᠤᠭᠰᠠᠨ ᠲᠣᠬᠢᠷᠠᠭᠤᠯᠤᠯᠲᠠ ᠬᠢᠬᠦ ᠠᠷᠭ᠎ᠠ ᠶᠢ ᠨᠢᠬᠡᠳᠣᠯᠳᠠᠢ ᠬᠡᠷᠡᠭᠯᠡᠨ᠎ᠡ᠃              ᠲᠣᠭᠲᠠᠭᠰᠠᠨ ᠨᠣᠷᠮ᠎ᠠ ᠳᠤ ᠲᠣᠬᠢᠷᠠᠭᠤᠯᠤᠯᠲᠠ ᠬᠢᠬᠦ ᠨᠢ ᠨᠡᠶᠢᠭᠡᠮ ᠤᠨ ᠡᠷᠬᠡ ᠲᠡᠭᠰᠢ ᠪᠠᠶᠢᠬᠤ ᠶᠢ ᠢᠯᠡᠷᠡᠭᠦᠯᠵᠦ᠂ ᠠᠳᠠᠯᠢ ᠨᠢᠭᠡᠨ ᠭᠠᠵᠠᠷ ᠣᠷᠣᠨ ᠤ ᠡᠯ᠎ᠡ ᠲᠥᠷᠥᠯ ᠤᠨ ᠠᠵᠢᠯ ᠠᠴᠠ ᠪᠠᠨ ᠠᠮᠠᠷᠠᠭᠰᠠᠳ ᠲᠤ ᠲᠣᠬᠢᠷᠠᠭᠤᠯᠤᠯᠲᠠ ᠬᠢᠬᠦ ᠪᠠᠷᠢᠮᠵᠢᠶ᠎ᠠ ᠦᠨᠳᠦᠰᠦᠨ ᠳᠡᠭᠡᠨ ᠨᠢᠭᠡᠳᠦᠯᠲᠡᠶ ᠪᠠᠶᠢᠨ᠎ᠠ᠃ ᠬᠤᠯᠪᠣᠭᠳᠠᠭᠤᠯᠤᠨ ᠲᠣᠬᠢᠷᠠᠭᠤᠯᠤᠯᠲᠠ ᠬᠢᠬᠦ ᠨᠢ ︽ᠢᠯᠡᠭᠦᠦ ᠲᠤᠰᠢᠶᠠᠪᠠᠯ ᠢᠯᠡᠭᠦᠦ‌ᠣᠯᠬᠤ︾᠂ ︽ᠤᠷᠲᠤ ᠬᠤᠭᠤᠴᠠᠭ᠎ᠠ ᠲᠤᠰᠢᠶᠠᠪᠠᠯ ᠢᠯᠡᠭᠦᠦ ᠣᠯᠬᠤ︾ ᠶᠢ ᠤᠷᠮᠠᠰᠢᠭᠤᠯᠬᠤ ᠲᠣᠭᠲᠠᠴᠠ ᠶᠢ ᠢᠯᠡᠷᠡᠭᠦᠯᠵᠦ᠂ ᠠᠵᠢᠯ ᠤᠨ ᠪᠠᠶᠢᠷᠢ ᠳᠤ ᠪᠠᠶᠢᠬᠤ ᠳᠠᠭᠠᠨ ᠢᠯᠡᠭᠦᠤ ᠰᠣᠶᠢᠳᠬᠡᠯ ᠲᠤᠰᠢᠶᠠᠬᠤ᠂ ᠣᠷᠳᠣ ᠬᠤᠭᠤᠴᠠᠭ᠎ᠠ ᠪᠠᠷ ᠰᠣᠶᠢᠳᠬᠡᠯ ᠲᠤᠰᠢᠶᠠᠭᠰᠠᠨ ᠬᠥᠮᠦᠰ ᠲᠤ ᠨᠠᠰᠤᠵᠢᠯ ᠤᠨ ᠠᠰᠠᠷᠠᠮᠵᠢ ᠶᠢᠨ ᠮᠥᠩᠭᠦ ᠢᠯᠡᠭᠦᠤ ᠣᠯᠭᠤᠬᠤ ᠬᠡᠷᠡᠭᠲᠡᠶ᠃ ᠵᠣᠬᠢᠰᠲᠠᠶ ᠬᠡᠯᠪᠠᠶᠢᠯᠭᠡᠵᠦ ᠭᠤᠤᠯᠳᠠᠯᠭ᠎ᠠ ᠲᠠᠢ ᠬᠠᠯᠠᠮᠵᠢᠯᠠᠯ ᠢ ᠢᠯᠡᠷᠡᠭᠦᠯᠵᠦ᠂ ᠭᠤᠤᠯᠳᠠᠭᠤ ᠠᠵᠢᠯ ᠠᠴᠠ ᠪᠠᠨ ᠠᠮᠠᠷᠠᠭᠰᠠᠨ ᠥᠨᠳᠥᠷ ᠨᠠᠰᠤᠲᠠᠶ ᠬᠥᠮᠦᠰ ᠪᠠ ᠬᠠᠲᠠᠭᠤᠵᠢᠯᠲᠠᠶ ᠠᠯᠤᠰ ᠬᠢᠵᠠᠭᠠᠷ  ᠭᠠᠵᠠᠷ ᠣᠷᠣᠨ ᠤ ᠠᠵᠢᠯ ᠠᠴᠠ ᠪᠠᠨ ᠠᠮᠠᠷᠠᠭᠰᠠᠨ ᠬᠥᠮᠦᠰ ᠵᠡᠷᠭᠡ ᠬᠠᠮᠳᠣ ᠣᠯᠠᠨ ᠳᠤ ᠬᠠᠷᠠᠭᠠᠯᠵᠠᠯ ᠦᠵᠡᠭᠦᠯᠦᠨ᠎ᠡ᠃              ᠬᠡᠨ ᠨᠢ ᠢᠯᠡᠭᠦᠤ ᠰᠢᠭ ᠦᠰᠴᠣ ᠴᠢᠳᠠᠬᠤ ᠪᠤᠢ︖              ᠬᠡᠯᠪᠠᠶᠢᠯᠭᠡᠨ ᠲᠣᠬᠢᠷᠠᠭᠤᠯᠬᠤ ᠲᠠᠯ᠎ᠠ ᠪᠠᠷ᠂  ᠠᠵᠢᠯ ᠠᠴᠠ ᠪᠠᠨ ᠠᠮᠠᠷᠠᠭᠰᠠᠨ ᠥᠨᠳᠥᠷ ᠨᠠᠰᠤᠲᠠᠳ᠂ ᠬᠠᠲᠠᠭᠤ ᠪᠡᠷᠬᠡᠰᠢᠶᠡᠯᠲᠡᠶ ᠵᠠᠬ᠎ᠠ ᠬᠢᠵᠠᠭᠠᠷ ᠣᠷᠣᠨ ᠤ ᠠᠵᠢᠯ ᠠᠴᠠ ᠪᠠᠨ ᠠᠮᠠᠷᠠᠭᠰᠠᠨ ᠬᠥᠮᠦᠰ ᠵᠡᠷᠭᠡ ᠬᠠᠮᠳᠣ ᠣᠯᠠᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠢᠯᠡᠭᠦᠤ ᠰᠢᠭ ᠥᠰᠬᠡᠵᠦ ᠪᠣᠯᠬᠤ ᠪᠥᠭᠡᠳ ᠴᠥᠭᠡᠨ ᠪᠤᠰᠤ ᠮᠤᠵᠢ ᠣᠷᠣᠨ  ᠪᠠᠰᠠ  ᠬᠡᠯᠪᠠᠶᠢᠯᠭᠡᠨ ᠲᠣᠬᠢᠷᠠᠭᠤᠯᠬᠤ ᠬᠦᠮᠣᠰ ᠤᠨ ᠬᠡᠪᠴᠢᠶ᠎ᠡ ᠶᠢ ᠥᠷᠭᠡᠳᠬᠡᠵᠡᠶ᠃              ᠵᠢᠱᠢᠶᠡᠯᠡᠪᠡᠯ᠂ ᠱᠠᠩᠬᠠᠶ ᠶᠢᠨ 2019 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠡᠮᠡᠭᠲᠡᠶ ᠪᠦᠬᠦᠯᠢ 60 ᠨᠠᠰᠤ᠂ ᠡᠷᠡᠭᠲᠡᠶ ᠪᠦᠬᠦᠯᠢ 65 ᠨᠠᠰᠤ ᠬᠦᠷᠦᠭᠰᠡᠨ ᠬᠥᠮᠦᠰ ᠲᠤ ᠬᠥᠮᠦᠨ ᠪᠦᠷᠢ ᠰᠠᠷ᠎ᠠ ᠪᠦᠷᠢ 20 ᠲᠥᠭᠦᠷᠢᠭ ᠨᠡᠮᠡᠭᠳᠡᠭᠦᠯᠦᠨ᠎ᠡ᠃              ᠨᠢᠩᠰᠢᠶᠠ ᠲᠣᠳᠣᠷᠬᠠᠶ ᠲᠣᠭᠲᠠᠭᠠᠭᠰᠠᠨ ᠨᠢ᠂ ᠪᠦᠬᠦᠯᠢ 70 ᠨᠠᠰᠤ ᠬᠦᠷᠦᠭᠡᠳ ᠪᠦᠬᠦᠯᠢ 75 ᠨᠠᠰᠤ ᠬᠦᠷᠦᠭᠡᠳᠦᠢ‌‍ᠬᠥ᠋ᠮᠦᠨ ᠪᠦᠷᠢ ᠳᠤ ᠰᠠᠷ᠎ᠠ ᠪᠦᠷᠢ 10 ᠲᠥᠭᠦᠷᠢᠭ ᠨᠡᠮᠡᠭᠳᠡᠭᠦᠯᠵᠥ᠂ ᠪᠦᠬᠦᠯᠢ 75 ᠨᠠᠰᠤ ᠬᠦᠷᠦᠭᠡ᠊  ᠪᠦᠬᠦᠯᠢ 80 ᠨᠠᠰᠤ ᠬᠦᠷᠦᠭᠡᠳᠦᠢ ᠪᠣᠯ ᠳᠠᠬᠢᠭᠠᠳ 15 ᠲᠥᠭᠦᠷᠢᠭ ᠨᠡᠮᠡᠭᠳᠡᠭᠦᠯᠦᠨ᠎ᠡ᠃ ᠪᠦᠬᠦᠯᠢ 80 ᠨᠠᠰᠤᠨ ᠠᠴᠠ ᠳᠡᠭᠡᠭᠰᠢ ᠪᠠᠶᠢᠪᠠᠯ ᠳᠠᠬᠢᠭᠠᠳ 20 ᠲᠥᠭᠦᠷᠢᠭ ᠨᠡᠮᠡᠨ᠎ᠡ᠃ ᠬᠠᠲᠠᠭᠤ ᠪᠡᠷᠬᠡᠰᠢᠶᠡᠯᠲᠡᠶ ᠬᠢᠯᠢ ᠬᠢᠵᠠᠭᠠᠷ ᠤᠨ ᠨᠢᠭᠡ ᠲᠥᠷᠥᠯ ᠤᠨ ᠣᠷᠣᠨ ᠳᠤ ᠬᠥᠮᠦᠨ ᠪᠦᠷᠢ ᠰᠠᠷ᠎ᠠ ᠳᠤ 5 ᠲᠦᠬᠦᠷᠢᠭ ᠨᠡᠮᠡᠵᠦ᠂ ᠬᠠᠲᠠᠭᠤ ᠪᠡᠷᠬᠡᠰᠢᠶᠡᠯᠲᠡᠶ ᠬᠢᠯᠢ ᠬᠢᠵᠠᠭᠠᠷ ᠤᠨ ᠭᠤᠷᠪᠠᠨ ᠲᠥᠷᠥᠯ ᠤᠨ ᠣᠷᠣᠨ ᠳᠤ  ᠬᠥᠮᠦᠨ ᠪᠦᠷᠢ ᠰᠠᠷ᠎ᠠ ᠪᠦᠷᠢ ᠳᠠᠬᠢᠭᠠᠳ 10 ᠲᠥᠭᠦᠷᠢᠭ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠴᠡᠷᠢᠭ ᠠᠴᠠ ᠰᠢᠯᠵᠢᠭᠰᠡᠨ ᠺᠠᠳ᠋ᠷ 4235 ᠲᠥᠭᠦᠷᠢᠭ ᠠᠴᠠ ᠳᠣᠤᠷ᠎ᠠ ᠪᠠᠶᠢᠭᠰᠠᠨ ᠢ 4235 ᠲᠦᠬᠦᠷᠢᠭ ᠪᠣᠯᠭᠠᠨ ᠲᠣᠬᠢᠷᠠᠭᠤᠯᠪᠠ             ᠬᠥᠮᠦᠨ ᠪᠦᠷᠢ ᠬᠡᠳᠦᠢ ᠵᠣᠭᠤᠰ ᠥᠰᠬᠦ ᠪᠣᠶ︖              ᠨᠠᠰᠤᠨ ᠤ ᠠᠮᠠᠷᠠᠯᠲᠠ ᠪᠠᠨ ᠠᠪᠤᠭᠰᠠᠨ ᠬᠥᠮᠦᠨ ᠨᠢᠭᠡᠪᠦᠷᠢ ᠪᠣᠳᠠᠲᠠᠶ ᠪᠠᠷ ᠬᠡᠯᠡᠪᠡᠯ᠂ ᠠᠵᠢᠯ ᠳᠤ ᠣᠷᠣᠬᠤ ᠴᠠᠭ ᠨᠢ‌ᠡᠷᠲᠡ ᠤᠷᠤᠢ᠂ ᠨᠠᠰᠤᠨ ᠤ ᠠᠮᠠᠷᠠᠯᠲᠠ ᠠᠪᠬᠤ ᠴᠠᠭ ᠨᠢ ᠡᠷᠲᠡ ᠤᠷᠤᠢ᠂ ᠠᠵᠢᠯ ᠤᠨ ᠪᠠᠶᠢᠷᠢ ᠳᠤ ᠪᠠᠶᠢᠬᠤ ᠦᠶ᠎ᠡ ᠳᠤ ᠰᠣᠶᠢᠳᠬᠡᠯ ᠲᠤᠰᠢᠶᠠᠭᠰᠠᠨ ᠵᠢᠯ ᠨᠢ ᠤᠷᠳᠤ ᠣᠬᠤᠷ᠂ ᠰᠣᠶᠢᠳᠬᠡᠯ ᠲᠤᠰᠢᠶᠠᠭᠰᠠᠨ ᠬᠢᠷᠢ ᠬᠡᠮᠵᠢᠶᠡᠨ ᠤ ᠶᠡᠭᠡ ᠪᠠᠭ᠎ᠠ᠂ ᠤᠳᠤ ᠶᠢᠨ ᠨᠠᠰᠤᠨ ᠤ ᠶᠡᠭᠡ ᠪᠠᠭ᠎ᠠ ᠶᠢᠨ ᠠᠳᠠᠯᠢ ᠦᠭᠡᠢ ᠠᠴᠠ ᠪᠤᠯᠵᠤ᠂ ᠬᠥᠮᠦᠨ ᠨᠢᠭᠡᠪᠦᠷᠢ ᠶᠢᠨ ᠨᠡᠮᠡᠭᠳᠡᠭᠰᠡᠨ ᠵᠣᠭᠤᠰ ᠤᠨ ᠲᠤᠭ᠎ᠠ ᠨᠢ‌ᠵᠥ᠋ᠷᠢᠶ᠎ᠡ ᠲᠠᠢ ᠪᠠᠶᠢᠨ᠎ᠠ᠃             ᠱᠠᠩᠬᠠᠶ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠥᠰᠦᠯ ᠢᠶᠠᠷ ᠵᠢᠱᠢᠶᠡᠯᠡᠪᠡᠯ᠂ ᠠᠵᠢᠯ ᠠᠴᠠ ᠪᠠᠨ ᠠᠮᠠᠷᠠᠭᠰᠠᠨ ᠸᠠᠩ ᠭᠤᠸᠠᠶ᠂ ᠡᠨᠡ ᠵᠢᠯ 71 ᠨᠠᠰᠤᠲᠠᠶ᠂ ᠨᠢᠳᠤᠨᠤᠨ ᠤ 12 ᠰᠠᠷ᠎ᠠ ᠳᠤ ᠨᠠᠰᠤᠵᠢᠯ ᠤᠨ ᠠᠰᠠᠷᠠᠮᠵᠢ ᠶᠢᠨ ᠮᠥᠩᠭᠦ 4000 ᠲᠥᠭᠦᠷᠢᠭ᠂ ᠰᠣᠶᠢᠳᠬᠡᠯ ᠲᠤᠰᠢᠶᠠᠭᠰᠠᠨ ᠵᠢᠯ ᠨᠢ 30 ᠵᠢᠯ ᠪᠣᠯᠤᠨ᠎ᠠ᠃              ᠡᠨᠡ ᠤᠳᠠᠭ᠎ᠠ ᠶᠢᠨ ᠨᠡᠮᠡᠭᠳᠡᠵᠦ ᠳᠡᠶᠢᠯᠬᠦ ᠵᠣᠭᠤᠰᠣᠨ ᠤ ᠲᠤᠭ᠎ᠠ ᠨᠢ ᠨᠢᠭᠡ ᠳᠤ 75 ᠲᠥᠭᠦᠷᠢᠭ ᠨᠡᠮᠡᠭᠳᠡᠨ᠎ᠡ᠃ ᠬᠤᠶᠠᠷ ᠲᠤ ᠰᠣᠶᠢᠳᠬᠡᠯ ᠲᠤᠰᠢᠶᠠᠭᠰᠠᠨ ᠵᠢᠯ ᠬᠤᠭᠤᠴᠠᠭ᠎ᠠ ᠲᠠᠢ ᠬᠤᠯᠪᠣᠭᠳᠠᠭᠤᠯᠤᠨ 45 ᠲᠥᠭᠦᠷᠢᠭ ᠨᠡᠮᠡᠭᠳᠡᠭᠦᠯᠵᠦ᠂ ᠭᠤᠷᠪᠠ ᠳᠤ ᠨᠠᠰᠤᠵᠢᠯ ᠤᠨ ᠠᠰᠠᠷᠠᠮᠵᠢ ᠶᠢᠨ  ᠮᠥᠩᠭᠦ ᠲᠠᠢ ᠬᠤᠯᠪᠣᠭᠳᠠᠭᠤᠯᠤᠨ 2.3% ᠪᠠᠷ ᠨᠡᠮᠡᠭᠳᠡᠭᠦᠯᠪᠡᠯ ᠳᠠᠷᠤᠶ 92 ᠲᠥᠭᠦᠷᠢᠭ ᠪᠣᠯᠤᠨ᠎ᠠ᠃ ᠡᠭᠦᠨ ᠠᠴᠠ ᠭᠠᠳᠠᠨ᠎ᠠ ᠪᠠᠰᠠ 20 ᠲᠥᠭᠦᠷᠢᠭ ᠤᠨ ᠬᠡᠯᠪᠠᠶᠢᠯᠲᠡ ᠶᠢ ᠡᠳ᠋ᠯᠡᠵᠦ᠂ ᠨᠡᠶᠢᠲᠡ 232 ᠲᠥᠭᠦᠷᠢᠭ ᠨᠡᠮᠡᠭᠳᠡᠭᠦᠯᠵᠦ ᠪᠣᠯᠤᠨ᠎ᠠ᠃              ᠬᠡᠵᠢᠶ᠎ᠡ ᠨᠥᠬᠦᠵᠦ ᠥᠭᠬᠦ ᠪᠣᠶ︖              ᠣᠳᠣᠬᠠᠨ ᠳᠤ᠂ ᠱᠠᠩᠬᠠᠶ ᠶᠢᠨ ᠨᠡᠮᠡᠭᠳᠡᠭᠰᠡᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠢᠭᠡᠨᠲᠡ ᠨᠥᠬᠦᠵᠦ‌ᠤᠯᠭᠤᠪᠠ᠃ ᠯᠢᠶᠣᠤᠨᠢᠩ᠂ ᠭᠤᠸᠠᠩᠳᠦ᠋ᠩ᠂ ᠾᠧᠪᠸᠢ᠂ ᠱᠠᠨᠰᠢ᠂ ᠵᠢᠶᠠᠩᠰᠦ᠂ ᠠᠨᠾᠦ᠋ᠢ ᠵᠡᠷᠭᠡ ᠭᠠᠵᠠᠷ ᠤᠨ ᠬᠢᠨ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠮᠡᠭᠳᠡᠭᠦᠯᠬᠦ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠣᠳᠠᠲᠠᠶ ᠣᠯᠭᠤᠨ᠎ᠠ ᠭᠡᠵᠦ ᠲᠣᠳᠣᠷᠬᠠᠶ ᠲᠣᠭᠲᠠᠭᠠᠪᠠ᠃ ᠨᠢᠩᠰᠢᠶᠠ ᠪᠣᠯ ᠬᠠᠮᠤᠭ ᠣᠷᠣᠶ ᠳᠠᠭᠠᠨ ᠡᠨᠡ ᠵᠢᠯ ᠤᠨ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠬᠢᠷᠠᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠠᠵᠢᠯ ᠠᠴᠠ ᠪᠠᠨ  ᠠᠮᠠᠷᠠᠭᠰᠠᠳ ᠲᠤ ᠣᠯᠭᠤᠬᠤ ᠶᠢ ᠱᠠᠭᠠᠷᠳᠠᠵᠤ ᠪᠠᠶᠢᠨ᠎ᠠ᠃              ᠡᠯ᠎ᠡ ᠭᠠᠵᠠᠷ ᠤᠨ ᠲᠠᠷᠬᠠᠭᠠᠭᠰᠠᠨ ᠴᠠᠭ ᠨᠢ ᠠᠳᠠᠯᠢ ᠪᠤᠰᠤ ᠪᠠᠶᠢᠵᠤ ᠮᠡᠳᠡᠨ᠎ᠡ᠂ ᠭᠡᠪᠡᠴᠦ ᠠᠵᠢᠯ ᠠᠴᠠ ᠪᠠᠨ ᠠᠮᠠᠷᠠᠭᠰᠠᠨ ᠬᠥᠮᠦᠰ ᠲᠤ ᠠᠪᠴᠤ ᠬᠡᠯᠡᠪᠡᠯ᠂ ᠡᠯ᠎ᠡ ᠭᠠᠵᠠᠷ ᠤᠨ ᠬᠢᠨ ᠬᠡᠵᠢᠶ᠎ᠡ ᠠᠴᠠ ᠡᠬᠢᠯᠡᠨ ᠵᠣᠬᠢᠶᠠᠨ ᠪᠠᠶᠢᠭᠤᠯᠵᠤ ᠲᠠᠷᠬᠠᠭᠠᠭᠰᠠᠨ ᠴᠤ ᠴᠥᠮ 2020 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ  ᠨᠥᠬᠦᠪᠥᠷᠢᠯᠡᠨ ᠣᠯᠭᠤᠬᠤ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ