ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠬᠢᠭᠡᠳ ᠵᠢᠭᠤᠯᠴᠢᠯᠠᠯ ᠤᠨ ᠲᠢᠩᠬᠢᠮ 4 ᠶᠡᠭᠡ ᠵᠢᠭᠤᠯᠴᠢᠯᠠᠯ ᠤᠨ ᠱᠤᠭᠤᠮ ᠲᠠᠨᠢᠯᠴᠠᠭᠤᠯᠪᠠ
ᠨᠡᠶᠢᠲᠡᠯᠡᠭᠰᠡᠨ ᠴᠠᠭ᠄
2020/7/17
     ᠥᠪᠥᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠬᠢᠭᠡᠳ ᠵᠢᠭᠤᠯᠴᠢᠯᠠᠯ ᠤᠨ ᠲᠢᠩᠬᠢᠮ ᠤᠢᠢᠷ᠎ᠠ ᠳᠤ ᠦᠪᠦᠷ ᠮᠤᠩᠭᠤᠯ ᠤᠨ 4 ᠶᠡᠭᠡ ᠵᠢᠭᠤᠯᠴᠢᠯᠠᠯ ᠤᠨ ᠱᠤᠭᠤᠮ ᠢ ᠪᠦᠬᠦ ᠤᠯᠤᠰ ᠤᠨ ᠬᠡᠪᠴᠢᠶᠡᠨ ᠳᠤ ᠳᠠᠨᠢᠯᠴᠠᠭᠤᠯᠵᠤ᠂ ᠤᠷᠤᠨ ᠤ ᠳᠤᠳᠤᠭᠠᠳᠤ ᠭᠠᠳᠠᠭᠠᠳᠤ ᠶᠢᠨ ᠮᠠᠰᠢᠨ ᠪᠠᠷᠢᠵᠤ ᠳᠤᠭᠤᠷᠢᠬᠤ ᠵᠢᠭᠤᠯᠴᠢᠯᠠᠬᠰᠠᠳ ᠢ ᠤᠷᠢᠨ ᠵᠠᠯᠠᠪᠠ᠃                      ᠤᠯᠠᠭᠠᠨᠬᠤᠳᠠ  —  ᠷᠠᠰᠢᠶᠠᠨ  —  ᠬᠠᠶᠢᠯᠠᠷ  —  ᠮᠠᠨᠵᠤᠤᠷ ᠤᠨ ᠳᠠᠯ᠎ᠠ ᠨᠤᠳᠤᠭ ᠤᠢ ᠰᠢᠭᠤᠢ ᠶᠢᠨ ᠵᠢᠭᠤᠯᠴᠢᠯᠠᠯ ᠤᠨ  ᠱᠤᠭᠤᠮ᠃ ᠲᠤᠰ ᠱᠤᠭᠤᠮ ᠨᠢ ᠶᠡᠭᠡ ᠬᠢᠩᠭᠠᠨ ᠳᠠᠪᠠᠭ᠎ᠠ᠂ ᠬᠦᠯᠦᠨ ᠪᠤᠶᠢᠷ ᠤᠨ ᠳᠠᠯ᠎ᠠ ᠨᠤᠳᠤᠭ ᠢ ᠰᠤᠨᠳᠠᠯᠠᠵᠤ᠂ ᠳᠠᠯ᠎ᠠ ᠨᠤᠳᠤᠭ᠂ ᠤᠢ ᠰᠢᠭᠤᠢ᠂ ᠭᠠᠯᠳᠤ ᠠᠭᠤᠯᠠ᠂ ᠬᠠᠯᠠᠭᠤᠨ ᠷᠠᠰᠢᠶᠠᠨ᠂ ᠭᠤᠤᠯ ᠮᠦᠷᠡᠨ᠂ ᠨᠠᠮᠤᠭ ᠭᠠᠵᠠᠷ᠂ ᠨᠠᠭᠤᠷ ᠴᠦᠭᠦᠷᠦᠮ᠂ ᠤᠯᠤᠰ ᠤᠨ ᠪᠤᠭᠤᠮᠳᠠ ᠵᠡᠷᠭᠡ ᠰᠤᠶᠤᠯ ᠵᠢᠭᠤᠯᠴᠢᠯᠠᠯ ᠤᠨ ᠦᠵᠡᠮᠵᠢ ᠶᠢ ᠬᠠᠮᠤᠷᠴᠤ᠂ ᠦᠪᠦᠷ ᠮᠤᠩᠭᠤᠯ ᠤᠨ ᠵᠡᠭᠦᠨ ᠬᠡᠰᠡᠭ ᠤᠷᠤᠨ ᠳᠠᠬᠢ ᠭᠠᠵᠠᠷ ᠵᠦᠢ ᠶᠢᠨ ᠡᠬᠢ ᠪᠠᠶᠠᠯᠢᠭ ᠬᠠᠮᠤᠭ ᠤᠨ ᠤᠯᠠᠨ᠂ ᠰᠠᠭᠤᠷᠢ ᠲᠦᠭᠦᠭᠡᠷᠦᠮᠵᠢ ᠪᠠᠷ ᠬᠠᠮᠤᠭ ᠤᠨ ᠰᠠᠶᠢᠨ᠂ ᠵᠠᠬ᠎ᠠ ᠳᠡᠯᠭᠡᠬᠦᠷ ᠤᠨ ᠨᠦᠭᠡᠴᠡ ᠬᠦᠴᠦᠨ ᠬᠠᠮᠤᠭ ᠤᠨ ᠶᠡᠭᠡ ᠳᠠᠯ᠎ᠠ ᠨᠤᠳᠤᠭ ᠤᠨ ᠰᠤᠶᠤᠯ ᠢᠶᠠᠷ ᠭᠤᠤᠯᠳᠠᠭᠰᠠᠨ ᠵᠢᠭᠤᠯᠴᠢᠯᠠᠯ ᠤᠨ ᠱᠤᠭᠤᠮ ᠪᠤᠯᠤᠭᠰᠠᠨ ᠪᠠᠶᠢᠨ᠎ᠠ᠃                       ᠰᠢᠯᠤᠭᠤᠨ ᠬᠦᠭᠡ — ᠰᠢᠯᠢᠩᠬᠤᠳᠠ —  ᠬᠡᠰᠢᠭᠳᠡᠨ  —  ᠪᠠᠷᠠᠭᠤᠨ  ᠪᠠᠭᠠᠷᠢᠨ  —  ᠤᠯᠠᠭᠠᠨᠬᠠᠳᠠ  — ᠬᠠᠷᠠᠴᠢᠨ ᠤ ᠱᠤᠭᠤᠮ᠃ ᠲᠤᠰ ᠱᠤᠭᠤᠮ ᠨᠢ ᠰᠢᠯᠢ ᠶᠢᠨ ᠭᠤᠤᠯ ᠠᠶᠢᠮᠠᠭ ᠤᠯᠠᠭᠠᠨᠬᠠᠳᠠ ᠬᠤᠳᠠ ᠶᠢ ᠰᠤᠨᠳᠠᠯᠠᠵᠤ᠂ ᠰᠢᠯᠢ ᠶᠢᠨ ᠭᠤᠤᠯ ᠤᠨ ᠳᠠᠯ᠎ᠠ  ᠨᠤᠳᠤᠭ᠂ ᠬᠤᠯᠠᠨ ᠰᠢᠷᠭ᠎ᠠ ᠳᠠᠭ᠎ᠠ ᠶᠢᠨ ᠡᠯᠡᠰᠦ᠂ ᠬᠤᠷᠴᠢᠨ ᠤ ᠳᠠᠯ᠎ᠠ ᠨᠤᠳᠤᠭ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠵᠠᠬ᠎ᠠ ᠶᠢ ᠪᠠᠭᠳᠠᠭᠠᠵᠤ᠂ ᠳᠠᠯ᠎ᠠ ᠨᠤᠳᠤᠭ ᠤᠢ ᠰᠢᠭᠤᠢ᠂ ᠡᠯᠡᠰᠦ ᠮᠠᠩᠬ᠎ᠠ᠂ ᠭᠤᠤᠯ ᠮᠦᠷᠡᠨ᠂ ᠨᠠᠭᠤᠷ ᠴᠦᠭᠦᠷᠦᠮ᠂ ᠬᠠᠯᠠᠭᠤᠨ ᠷᠠᠰᠢᠶᠠᠨ ᠵᠡᠷᠭᠡ ᠵᠢᠭᠤᠯᠴᠢᠯᠠᠯ ᠤᠨ ᠡᠬᠢ ᠪᠠᠶᠠᠯᠢᠭ ᠲᠠᠢ᠃ ᠲᠤᠰ ᠱᠤᠭᠤᠮ ᠨᠢ ᠪᠡᠭᠡᠵᠢᠩ᠂ ᠴᠧᠩᠳᠧ᠂ ᠮᠦᠭᠳᠡᠨ᠂ ᠴᠢᠭᠤᠯᠤᠯᠳᠤ ᠬᠠᠭᠠᠯᠭ᠎ᠠ ᠵᠡᠷᠭᠡ ᠴᠢᠬᠤᠯᠠ ᠵᠢᠭᠤᠯᠴᠢᠯᠠᠯ ᠤᠨ ᠬᠤᠳᠠ ᠠᠴᠠ ᠤᠢᠢᠷᠠᠬᠠᠨ᠂ ᠵᠠᠮ ᠬᠠᠷᠢᠯᠴᠠᠭ᠎ᠠ ᠲᠦᠭᠦᠮ ᠵᠡᠷᠭᠡ ᠤᠨᠴᠠᠯᠢᠭ ᠲᠠᠢ ᠪᠠᠶᠢᠵᠤ᠂ ᠪᠡᠭᠡᠵᠢᠩ ᠲᠢᠶᠠᠨᠵᠢᠨ  ᠡᡁᠧᠪᠸᠢ ᠶᠢ ᠳᠤᠭᠤᠷᠢᠭᠰᠠᠨ ᠰᠡᠯᠡᠭᠦᠴᠡᠯ ᠤᠨ ᠤᠷᠤᠨ ᠪᠤᠯᠤᠭᠰᠠᠨ ᠪᠠᠶᠢᠨ᠋ ᠎ᠠ᠃                    ᠤᠯᠠᠭᠠᠨᠴᠠᠪ — ᠬᠦᠬᠡᠬᠤᠳᠠ — ᠪᠤᠭᠤᠳᠤ — ᠤᠷᠳᠤᠰ ᠤᠨ ᠬᠠᠳᠤᠨ ᠭᠤᠤᠯ ᠤᠨ ᠳᠤᠬᠤᠢ ᠶᠢᠨ ᠰᠤᠶᠤᠯ ᠵᠢᠭᠤᠯᠴᠢᠯᠠᠯ ᠤᠨ ᠱᠤᠭᠤᠮ᠃ ᠲᠤᠰ ᠱᠤᠭᠤᠮ ᠨᠢ ᠬᠦᠬᠡᠬᠤᠳᠠ᠂ ᠪᠤᠭᠤᠳᠤ᠂ ᠤᠯᠠᠭᠠᠨᠴᠠᠪ ᠤᠷᠳᠤᠰ ᠬᠤᠳᠠ ᠶᠢ ᠬᠠᠮᠤᠷᠴᠤ᠂ ᠳᠠᠯ᠎ᠠ ᠨᠤᠳᠤᠭ᠂ ᠡᠯᠡᠰᠦ ᠮᠠᠩᠬ᠎ᠠ᠂ ᠬᠠᠯᠠᠭᠤᠨ ᠷᠠᠰᠢᠶᠠᠨ᠂ ᠭᠤᠤᠯ ᠮᠦᠷᠡᠨ᠂ ᠨᠠᠭᠤᠷ ᠴᠦᠭᠦᠷᠦᠮ ᠬᠠᠭᠤᠴᠢ ᠪᠠᠭᠤᠷᠢ᠂ ᠳᠠᠯ᠎ᠠ ᠨᠤᠳᠤᠭ ᠤᠨ ᠬᠤᠳᠠ ᠶᠢᠨ ᠦᠵᠡᠮᠵᠢ ᠵᠡᠷᠭᠡ 9 ᠲᠦᠷᠦᠯ ᠤᠨ ᠵᠢᠭᠤᠯᠴᠢᠯᠠᠯ ᠤᠨ ᠡᠬᠢ ᠪᠠᠶᠠᠯᠢᠭ᠂ ᠵᠢᠱᠢᠶᠠᠯᠡᠪᠡᠯ ᠴᠢᠩᠬᠢᠰ ᠬᠠᠭᠠᠨ ᠤ ᠤᠩᠭᠤᠨ᠂ ᠪᠦᠷᠢᠶ᠎ᠡ ᠮᠠᠩᠬ᠎ᠠ᠂ ᠭᠡᠭᠡᠨᠳᠠᠯ᠎ᠠ᠂ ᠬᠦᠢᠳᠡᠨ ᠰᠢᠯᠢ᠂ ᠵᠡᠬᠦᠨᠭᠠᠷ ᠤᠨ ᠬᠠᠳᠤᠨ ᠭᠤᠤᠯ ᠤᠨ ᠶᠡᠭᠡ  ᠬᠠᠪᠴᠢᠯ ᠵᠡᠷᠭᠡ ᠶᠢ ᠪᠠᠭᠳᠠᠭᠠᠪᠠ᠃                      ᠦᠬᠠᠢ — ᠠᠯᠠᠱᠠ — ᠪᠠᠶᠠᠨᠨᠠᠭᠤᠷ ᠤᠨ ᠬᠠᠳᠤᠨ ᠭᠤᠤᠯ ᠤᠨ ᠰᠤᠶᠤᠯ ᠵᠢᠭᠤᠯᠴᠢᠯᠠᠯ ᠤᠨ ᠱᠤᠭᠤᠮ᠃ ᠲᠤᠰ ᠱᠤᠭᠤᠮ ᠨᠢ ᠦᠬᠠᠢ ᠠᠴᠠ ᠮᠤᠷᠳᠠᠵᠤ᠂ ᠬᠠᠳᠤᠨ ᠭᠤᠤᠯ ᠢ ᠭᠠᠲᠤᠯᠵᠤ᠂ ᠮᠤᠨᠠ ᠠᠭᠤᠯᠠ ᠶᠢᠨ ᠡᠩᠬᠡᠷ ᠢᠶᠠᠷ ᠠᠯᠠᠱᠠ ᠵᠡᠭᠦᠨ ᠬᠤᠰᠢᠭᠤᠨ ᠳᠤ ᠤᠷᠤᠵᠤ᠂ G7 ᠵᠠᠮ ᠢᠶᠠᠷ ᠡᠯᠡᠰᠦ ᠮᠠᠩᠬ᠎ᠠ ᠶᠢ ᠳᠤᠭᠤᠯᠤᠨ ᠡᠵᠡᠨ᠎ᠡ ᠬᠤᠰᠢᠭᠤᠨ ᠳᠤ ᠤᠷᠤᠵᠤ᠂ ᠳᠤᠤᠷᠠᠢ ᠶᠢᠨ ᠤᠢ ᠶᠢᠨ ᠦᠵᠡᠮᠵᠢ ᠶᠢᠨ ᠤᠷᠤᠨ᠂ ᠴᠡᠭᠡ ᠪᠤᠭᠤᠮᠳᠠ ᠵᠡᠷᠭᠡ ᠦᠵᠡᠮᠵᠢ ᠶᠢᠨ ᠤᠷᠤᠨ ᠢ ᠪᠠᠭᠳᠠᠭᠠᠭᠰᠠᠨ ᠮᠠᠰᠢᠨ ᠪᠠᠷᠢᠵᠤ ᠳᠤᠭᠤᠷᠢᠨ ᠵᠢᠭᠤᠯᠴᠢᠯᠠᠬᠤ ᠠᠯᠳᠠᠨ ᠱᠤᠭᠤᠮ ᠪᠤᠯᠤᠭᠰᠠᠨ ᠪᠠᠶᠢᠨ᠎ᠠ᠃
ᠢᠷᠡᠯᠲᠡ᠄ ᠠᠷᠠᠳ ᠤᠨ ᠰᠦᠯᠵᠢᠶ᠎ᠡ