ᠦᠪᠦᠷ ᠮᠤᠩᠭᠤᠯ ᠤᠨ ᠲᠠᠯ᠎ᠠ ᠨᠤᠳᠤᠭ ᠢᠶᠠᠷ ᠰᠠᠨᠠᠭ᠎ᠠ ᠠᠮᠤᠷ ᠵᠢᠭᠤᠯᠴᠢᠯᠠᠭᠠᠷᠠᠢ
ᠨᠡᠶᠢᠲᠡᠯᠡᠭᠰᠡᠨ ᠴᠠᠭ᠄
2020/7/8
     7 ᠰᠠᠷ᠎ᠠ ᠶᠢᠨ 7 ᠤ ᠡᠳᠦᠷ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠲᠠᠯ᠎ᠠ ᠨᠤᠲᠤᠭ ᠤᠨ ᠵᠢᠭᠤᠯᠴᠢᠯᠠᠯ ᠤᠨ ᠠᠮᠤᠷ ᠲᠦᠪᠰᠢᠨ ᠤ ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠤ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠵᠢᠴᠢ ᠠᠷᠭ᠎ᠠ ᠬᠡᠮᠵᠢᠶ᠎ᠡ ᠶᠢ ᠨᠡᠶᠢᠳᠡᠯᠡᠵᠦ᠂ ᠦᠷᠭᠡᠨ ᠤᠯᠠᠨ ᠵᠢᠭᠤᠯᠴᠢᠯᠠᠭᠰᠠᠳ ᠢ ᠦᠪᠦᠷ ᠮᠤᠩᠭᠤᠯ ᠤᠨ ᠲᠠᠯ᠎ᠠ ᠨᠤᠲᠤᠭ ᠢᠶᠠᠷ ᠰᠠᠨᠠᠭ᠎ᠠ ᠠᠮᠤᠷ ᠵᠢᠭᠤᠯᠴᠢᠯᠠᠵᠤ ᠪᠤᠯᠤᠨ᠎ᠠ ᠭᠡᠰᠡᠨ ᠪᠠᠶᠢᠨ᠎ᠠ᠃                      ᠬᠤᠷᠠᠯ ᠠᠴᠠ ᠤᠢᠢᠯᠠᠭᠠᠭᠰᠠᠨ ᠢᠶᠠᠷ᠂ ᠦᠪᠡᠷᠲᠡᠭᠡᠨ ᠵᠠᠰᠠᠬᠤ ᠤᠷᠤᠨ ᠲᠠᠯ᠎ᠠ ᠨᠤᠲᠤᠭ ᠤᠨ ᠵᠢᠭᠤᠯᠴᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠲᠤᠭᠲᠠᠭᠠᠪᠠ᠃ ᠵᠢᠭᠤᠯᠴᠢᠯᠠᠯ ᠦᠵᠡᠮᠵᠢ ᠶᠢᠨ ᠤᠷᠤᠨ᠂ ᠵᠢᠭᠤᠯᠴᠢᠯᠠᠯ ᠤᠨ ᠵᠣᠴᠢᠳ ᠤᠨ ᠪᠠᠭᠤᠳᠠᠯ ᠢ ᠬᠢᠨᠠᠮᠠᠭᠠᠶ ᠵᠢᠯᠣᠭᠤᠳᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠢᠵᠢᠭ ᠢ ᠡᠳᠦᠷ ᠪᠦᠷᠢ ᠪᠠᠶᠢᠴᠠᠭᠠᠬᠤ ᠪᠠ ᠤᠰᠠᠳᠬᠠᠬᠤ ᠶᠢ ᠪᠡᠶᠡᠯᠡᠭᠦᠯᠵᠦ ᠪᠠᠶᠢᠳᠠᠭ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠣᠯᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠶ ᠳᠤᠨᠢ ᠰᠢᠶ᠋ᠳᠪᠦᠷᠢᠯᠡᠬᠦ ᠪᠠ ᠮᠡᠳᠡᠭᠦᠯᠬᠦ ᠶᠢᠨ ᠬᠠᠮᠲᠤ ᠲᠤᠰᠠᠭᠠᠷᠯᠠᠨ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ ᠪᠤᠢ᠃ ᠡᠯ᠎ᠡ ᠭᠠᠵᠠᠷ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠢᠭᠤᠯᠴᠢᠯᠠᠭᠰᠡᠳ ᠢ ᠬᠡᠭᠡᠷ᠎ᠡ ᠶᠢᠨ ᠠᠮᠢᠲᠠᠨ ᠲᠠᠢ ᠣᠶᠢᠷᠠᠲᠤᠭᠤᠯᠬᠤ ᠥᠬᠡᠶ᠂ ᠬᠡᠭᠡᠷ᠎ᠡ ᠶᠢᠨ ᠠᠮᠢᠲᠠᠨ ᠤ ᠢᠳᠡᠭᠡᠨ ᠬᠠᠩᠭᠠᠬᠤ ᠥᠬᠡᠶ ᠪᠠᠶᠢᠬᠤ ᠶᠢ ᠱᠠᠭᠠᠷᠳᠠᠵᠤ ᠪᠤᠢ᠃ ᠵᠢᠭᠤᠯᠴᠢᠯᠠᠯ ᠤᠨ ᠲᠠᠯᠠᠪᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠢᠩᠭᠠᠳᠬᠠᠵᠤ᠂ ᠬᠤᠭ ᠨᠣᠪᠰᠢ ᠶᠢ ᠴᠠᠭ ᠲᠤᠬᠠᠶ ᠳᠤᠨᠢ ᠰᠢᠶ᠋ᠳᠪᠦᠷᠢᠯᠡᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠤᠯᠤᠭᠠᠨ᠎ᠠ ᠪᠠ ᠨᠣᠬᠠᠢ ᠶᠢᠨ ᠪᠥᠭᠡᠰᠦ ᠶᠢ ᠤᠰᠠᠳᠬᠠᠵᠤ᠂ ᠬᠢᠵᠢᠭ ᠤᠨ ᠡᠬᠢ ᠰᠤᠷᠪᠤᠯᠵᠢ ᠶᠢ ᠲᠦᠢᠯᠪᠤᠷᠢᠲᠠᠶ ᠲᠠᠰᠤᠯᠵᠤ ᠪᠠᠶᠢᠳᠠᠭ ᠪᠠ ᠵᠢᠭᠤᠯᠴᠢᠯᠠᠭᠰᠠᠳ ᠬᠡᠲᠦᠷᠬᠡᠢ ᠬᠤᠷᠠᠨ ᠴᠤᠭᠯᠠᠷᠠᠬᠤ ᠶᠢ ᠴᠢᠩᠭ᠎ᠠ ᠰᠡᠷᠭᠡᠶᠢᠯᠡᠵᠦ ᠪᠠᠶᠢᠬᠤ ᠵᠡᠷᠭᠡ ᠠᠯᠢ ᠣᠯᠠᠨ ᠪᠦᠲᠦᠮᠵᠢᠲᠡᠢ ᠠᠷᠭ᠎ᠠ  ᠬᠡᠮᠵᠢᠶ᠎ᠡ ᠪᠠᠷ  ᠲᠠᠯ᠎ᠠ ᠨᠤᠲᠤᠭ ᠤᠨ ᠵᠢᠭᠤᠯᠴᠢᠯᠠᠯ ᠤᠨ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠪᠠᠲᠤᠯᠠᠵᠤ ᠪᠤᠢ᠃      
ᠢᠷᠡᠯᠲᠡ᠄ ᠠᠷᠠᠳ ᠤᠨ ᠰᠦᠯᠵᠢᠶ᠎ᠡ