ᠦᠭᠡ ᠬᠡᠯᠡ ᠨᠡᠪᠳᠡᠷᠡᠯᠴᠡᠮᠡᠨᠵᠢᠨ ᠰᠠᠶ᠋ᠢ ᠰᠡᠳᠬᠢᠯ ᠢᠶᠠᠨ ᠤᠯᠤᠯᠴᠠᠵᠦ ᠴᠢᠳᠠᠨ᠎ᠠ — ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠢ ᠰᠢᠷᠢᠰ ᠰᠢᠭᠦᠮᠵᠢ ︵ᠵᠢᠷᠭᠤᠭ᠎ᠠ︶
ᠨᠡᠶᠢᠲᠡᠯᠡᠭᠰᠡᠨ ᠴᠠᠭ᠄
2020/9/15
     ᠬᠦᠮᠦᠰ ᠤᠨ ᠶᠠᠪᠤᠯᠴᠠᠭ᠎ᠠ ᠳᠤ ᠪᠢᠳᠡ ᠶᠡᠷᠦᠨᠢ ᠡᠶᠢᠮᠦ ᠲᠦᠷᠦᠭᠳᠡᠯ ᠲᠠᠢ ᠪᠠᠶᠢᠳᠠᠭ ᠶᠤᠮ᠂ ᠲᠤᠬᠠᠶᠢᠢᠯᠠᠪᠠᠯ ᠦᠭᠡ ᠭᠡᠯᠡ ᠨᠡᠪᠳᠡᠷᠡᠯᠴᠡᠪᠡᠯ ᠰᠢᠭᠤᠳ ᠰᠢᠯᠤᠭᠤᠨ ᠤᠯᠤᠯᠴᠠᠵᠦ᠂ ᠬᠢᠯᠪᠠᠷᠬᠠᠨ ᠢᠶᠠᠷ ᠬᠠᠮᠳᠦ ᠶᠢᠨ ᠲᠠᠨᠢᠯᠳᠠ ᠲᠠᠢ ᠪᠤᠯᠵᠦ ᠴᠢᠳᠠᠨ᠎ᠠ︔ ᠦᠭᠡ ᠭᠡᠯᠡ ᠨᠡᠪᠳᠡᠷᠡᠯᠴᠡᠬᠦ ᠦᠭᠡᠢ᠂ ᠰᠤᠯᠢᠯᠴᠠᠭ᠎ᠠ ᠳᠤ ᠰᠠᠭᠠᠳ ᠲᠠᠢ ᠪᠤᠯᠪᠠᠯ᠂ ᠬᠦᠨᠳᠦᠯᠡᠵᠦ ᠪᠠᠶᠢᠪᠠᠴᠦ ᠬᠦᠨᠳᠡᠶᠢᠷᠡᠨ ᠵᠠᠶᠢᠯᠠᠳᠠᠬ ᠶᠤᠮ᠃ ᠦᠭᠡ ᠭᠡᠯᠡ ᠨᠢ ᠬᠠᠷᠢᠯᠴᠠᠭᠠᠨ ᠤ ᠪᠠᠭᠠᠵᠢ ᠪᠤᠯᠬᠤ ᠪᠠᠷ ᠪᠠᠷᠠᠬᠤ ᠦᠭᠡᠢ ᠪᠠᠰᠠ ᠬᠠᠶᠢᠷ᠎ᠠ ᠰᠡᠳᠬᠢᠯᠭᠡ ᠶᠢᠨ ᠬᠦᠬᠦᠷᠭᠡ ᠪᠤᠯᠵᠦ ᠪᠤᠢ᠂ ᠲᠡᠷᠡ ᠨᠢ ᠪᠢᠳᠠᠨ ᠢ ᠨᠡᠩ ᠰᠠᠶᠢᠳᠤᠷ ᠤᠯᠤᠯᠴᠠᠭᠤᠯᠵᠦ᠂ ᠰᠤᠯᠢᠯᠴᠠᠭᠤᠯᠵᠦ᠂ ᠪᠦᠯᠬᠦᠮᠳᠡᠬᠦᠯᠦᠨ᠂ ᠰᠡᠳᠬᠢᠯ ᠤᠨ ᠵᠠᠢ ᠶᠢ ᠤᠶᠢᠢᠷᠠᠳᠤᠭᠤᠯᠵᠦ ᠪᠠᠶᠢᠳᠠᠭ᠃      ᠰᠡᠳᠬᠢᠯ ᠨᠡᠪᠳᠡᠷᠡᠯᠴᠡᠪᠡᠯ ᠰᠡᠳᠬᠢᠯᠭᠡ ᠠᠭᠤᠰᠤᠯᠴᠠᠨ᠎ᠠ︔ ᠵᠤᠷᠢᠯᠳᠠ ᠨᠢᠭᠡᠳᠦᠪᠡᠯ ᠬᠦᠴᠦ ᠨᠢᠬᠳᠠᠷᠠᠨ᠎ᠠ᠃ ᠭᠡᠳᠦᠨ ᠮᠢᠩᠭᠠᠨ ᠵᠢᠯ ᠤᠨ ᠲᠤᠷᠰᠢ᠂ ᠳᠤᠮᠳᠠᠳᠤ ᠶᠢᠨ ᠦᠨᠳᠦᠰᠦᠳᠡᠨ ᠬᠦᠴᠦᠷᠭᠡᠭ ᠶᠡᠭᠡ ᠨᠢᠬᠳᠠᠷᠠᠭᠤᠯᠬᠤ ᠬᠦᠴᠦ ᠪᠠ ᠲᠦᠪᠯᠡᠷᠡᠬᠦᠯᠬᠦ ᠬᠦᠴᠦ ᠶᠢ ᠪᠠᠳᠠᠷᠠᠭᠤᠯᠵᠦ ᠴᠢᠳᠠᠭᠰᠠᠨ ᠨᠢ ᠦᠨᠳᠦᠰᠦᠳᠡᠨ ᠨᠦᠭᠦᠳ ᠳᠠᠰᠤᠷᠠᠯᠳᠠ ᠦᠭᠡᠢ ᠶᠠᠪᠤᠯᠴᠠᠵᠦ ᠰᠤᠯᠢᠯᠴᠠᠨ ᠠᠭᠤᠰᠤᠯᠴᠠᠵᠦ᠂ ᠠᠬ᠎ᠠ ᠳᠡᠬᠦᠦ ᠰᠢᠭ ᠡᠭᠡᠨᠡᠭᠰᠢᠨ ᠲᠠᠰᠤᠯᠴᠠᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠭᠰᠠᠨ ᠳᠤ ᠪᠤᠢ︔ ᠲᠡᠦᠭᠡ ᠶᠢᠨ ᠶᠡᠭᠡ ᠤᠷᠤᠰᠬᠠᠯ ᠳᠤᠮᠳᠠ ᠮᠦᠬᠦᠰᠢ ᠦᠭᠡᠢ ᠠᠮᠢᠵᠢᠷᠠᠯ ᠤᠨ ᠬᠦᠴᠦᠨ ᠢᠶᠠᠷ ᠳᠠᠰᠤᠷᠠᠯᠳᠠ ᠦᠭᠡᠢ ᠬᠦᠭᠵᠢᠭᠰᠡᠨ ᠨᠢ ᠦᠨᠳᠦᠰᠦᠳᠡᠨ ᠨᠦᠭᠦᠳ ᠬᠠᠮᠳᠦ ᠶᠢᠨ ᠦᠷᠳᠡᠭ ᠤᠨ ᠬᠦᠭᠡᠭᠡᠴᠡᠯᠳᠦᠯ ᠪᠠ ᠤᠶᠤᠨ ᠰᠠᠨᠠᠭᠠᠨ ᠤ ᠠᠴᠢᠶᠠᠯᠠᠪᠤᠷᠢ ᠲᠠᠢ᠂ ᠵᠢᠷᠭᠠᠯ ᠵᠤᠪᠠᠯᠠᠩ ᠢᠶᠠᠨ ᠬᠠᠮᠳᠤᠳᠬᠠᠵᠦ᠂ ᠬᠠᠳᠠᠭᠤ ᠪᠡᠷᠭᠡᠰᠢᠶᠡᠯ ᠢ ᠬᠠᠮᠳᠤ ᠪᠠᠷ ᠲᠤᠭᠤᠯᠤᠭᠰᠠᠨ ᠳᠤ ᠪᠤᠢ᠃ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡ ᠦᠰᠦᠭ ᠪᠢᠴᠢᠭ ᠢ ᠰᠤᠷᠤᠯᠴᠠᠨ ᠡᠵᠡᠮᠰᠢᠬᠦ ᠪᠤᠯ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠶᠢᠨ ᠤᠷᠢᠳᠠᠯ ᠪᠤᠯᠤᠨ᠎ᠠ᠂ ᠦᠨᠳᠦᠰᠦᠳᠡᠨ ᠨᠦᠭᠦᠳ ᠬᠤᠭᠤᠷᠤᠨᠳᠦ ᠪᠠᠨ ᠭᠠᠭᠴᠠ ᠬᠦ ᠬᠠᠷᠢᠯᠴᠠᠨ ᠤᠶᠢᠢᠯᠠᠭᠠᠯᠴᠠᠵᠦ᠂ ᠬᠠᠷᠢᠯᠴᠠᠨ ᠪᠠᠭᠳᠠᠭᠠᠯᠴᠠᠵᠦ᠂ ᠬᠠᠷᠢᠯᠴᠠᠨ ᠬᠦᠨᠳᠦᠳᠭᠡᠪᠡᠯ ᠰᠠᠶᠢ ᠦᠨᠳᠦᠰᠦᠳᠡᠨ ᠤ ᠬᠠᠶᠢᠷ᠎ᠠ ᠰᠡᠳᠬᠢᠯᠭᠡ ᠪᠠᠨ ᠨᠡᠩ ᠰᠠᠶᠢᠳᠤᠷ ᠵᠤᠵᠠᠭᠠᠳᠬᠠᠵᠦ᠂ ᠨᠢᠭᠡ ᠰᠡᠳᠬᠢᠯ ᠨᠢᠭᠡ ᠵᠤᠷᠢᠬ ᠢᠶᠠᠷ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠬᠦᠴᠦᠷᠭᠡᠭ ᠶᠡᠭᠡ ᠰᠦᠰᠦ ᠵᠤᠷᠢᠭ ᠢ ᠪᠠᠳᠤᠳᠬᠠᠨ᠂ ᠰᠡᠳᠬᠢᠯ ᠨᠢᠭᠡᠳᠦᠨ ᠵᠡᠬᠦᠳᠦ ᠪᠠᠨ ᠳᠡᠷᠭᠡᠯᠰᠢᠬᠦᠯᠬᠦ ᠠᠤᠭ᠎ᠠ ᠶᠡᠭᠡ ᠬᠦᠴᠦᠨ ᠴᠢᠳᠠᠯ ᠢ ᠨᠢᠬᠳᠠᠷᠠᠭᠤᠯᠵᠦ ᠴᠢᠳᠠᠨ᠎ᠠ᠃      ᠰᠡᠳᠬᠢᠯ ᠢᠶᠠᠨ ᠤᠯᠤᠯᠴᠠᠬᠤ ᠳᠤ᠂ ᠤᠷᠢᠳ ᠢᠶᠠᠷ ᠦᠭᠡ ᠭᠡᠯᠡ ᠨᠡᠪᠳᠡᠷᠡᠯᠴᠡᠬᠦ ᠭᠡᠷᠡᠭᠲᠡᠢ᠃ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡ ᠦᠰᠦᠭ ᠪᠢᠴᠢᠭ ᠪᠤᠯ ᠦᠨᠳᠦᠰᠦᠳᠡᠨ ᠨᠦᠭᠦᠳ ᠤᠨ ᠰᠤᠶᠤᠯ ᠤᠨ ᠬᠠᠮᠳᠦ ᠶᠢᠨ ᠲᠠᠨᠢᠯᠳᠠ᠂ ᠰᠡᠳᠬᠢᠯ ᠤᠨ ᠤᠯᠤᠯᠴᠠᠭ᠎ᠠ᠂ ᠮᠡᠳᠡᠭᠡ ᠵᠠᠩᠬᠢ ᠶᠢᠨ ᠰᠤᠯᠢᠯᠴᠠᠭᠠᠨ ᠤ ᠲᠦᠯᠬᠢᠬᠦᠷ ᠮᠦᠨ᠃ ᠥᠪᠦᠷ ᠮᠤᠩᠭᠤᠯ ᠳᠤ᠂ ᠤᠯᠤᠰ ᠤᠨ ᠨᠡᠶᠢᠳᠡᠮ ᠭᠡᠷᠡᠭᠯᠡᠬᠦ ᠦᠭᠡ ᠭᠡᠯᠡ ᠦᠰᠦᠭ ᠪᠢᠴᠢᠭ ᠢ ᠰᠤᠷᠤᠯᠴᠠᠬᠤ ᠪᠠᠷ ᠳᠠᠮᠵᠢᠵᠦ᠂ ᠴᠦᠭᠡᠨ ᠲᠤᠭᠠᠳᠦ ᠦᠨᠳᠦᠰᠦᠳᠡᠨ ᠤ ᠲᠦᠭ ᠲᠦᠮᠡᠨ ᠤᠯᠠᠨ ᠲᠦᠮᠡᠨ ᠦᠭᠡ ᠭᠡᠯᠡᠨ ᠤ ᠬᠠᠷᠰᠢ ᠰᠠᠭᠠᠳ ᠢ ᠳᠠᠪᠠᠵᠦ᠂ ᠨᠡᠶᠢᠭᠡᠮ ᠳᠤ ᠨᠡᠩ ᠰᠠᠶᠢᠳᠤᠷ ᠠᠭᠤᠰᠤᠯᠴᠠᠨ᠂ ᠶᠠᠳᠠᠭᠤ ᠠᠴᠠ ᠠᠩᠬᠢᠵᠢᠷᠠᠭᠤᠯᠤᠨ ᠴᠢᠨᠡᠭᠡᠯᠢᠭᠵᠢᠬᠦᠯᠬᠦ ᠵᠠᠮ ᠳᠤ ᠲᠡᠮᠡᠴᠡᠵᠦ ᠪᠠᠶᠢᠨ᠎ᠠ︔ ᠴᠦᠭᠡᠨ ᠲᠤᠭᠠᠳᠤ ᠦᠨᠳᠦᠰᠦᠳᠡᠨ ᠤ ᠲᠦᠭ ᠲᠦᠮᠡᠨ ᠰᠤᠷᠤᠬᠴᠢ᠂ ᠨᠡᠩ ᠤᠯᠠᠨ ᠨᠡᠩ ᠰᠠᠶᠢᠨ ᠬᠦᠭᠵᠢᠯᠳᠠ ᠶᠢᠨ ᠠᠵᠠ ᠲᠤᠬᠢᠶᠠᠯ ᠢ ᠤᠯᠵᠦ᠂ ᠭᠡᠷᠡᠯ ᠰᠠᠴᠤᠷᠠᠩᠭᠤᠢ ᠠᠮᠢᠳᠤᠷᠠᠯ ᠢᠶᠠᠨ ᠴᠤᠬᠴᠠᠯᠠᠵᠦ ᠪᠠᠶᠢᠨ᠎ᠠ᠃ ᠦᠡᠭᠭᠡᠷᠡᠭᠰᠡᠨ ᠳᠤ ᠬᠡᠯᠡᠵᠤ ᠴᠢᠳᠠᠬᠤ ᠦᠭᠡᠢ᠂ ᠪᠢᠴᠢᠵᠤ ᠴᠢᠳᠠᠬᠤ ᠦᠭᠡᠢ᠂ ᠪᠤᠳᠤᠯ ᠰᠠᠨᠠᠯ ᠢᠶᠠᠨ ᠰᠤᠯᠢᠯᠴᠠᠵᠤ ᠴᠢᠳᠠᠬᠤ ᠦᠭᠡᠢ ᠪᠠᠶᠢᠬᠰᠡᠨ ᠠᠴᠠ ᠪᠠᠨ ᠤᠳᠤ ᠬᠡᠯᠡᠵᠤ ᠪᠢᠴᠢᠵᠤ ᠰᠤᠯᠢᠯᠴᠠᠨ ᠨᠡᠪᠳᠡᠷᠡᠯᠴᠡᠬᠦ ᠴᠢᠳᠠᠪᠤᠷᠢ ᠪᠠᠨ ᠴᠢᠩᠭᠠᠳᠬᠠᠬᠤ ᠪᠠᠷ ᠱᠠᠭᠠᠷᠳᠠᠬᠤ ᠪᠤᠯᠳᠡᠯ᠎ᠡ ᠁ ᠤᠯᠤᠰ ᠤᠨ ᠨᠠᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠳᠤᠷ ᠰᠤᠷᠤᠯᠴᠠᠵᠤ᠂ ᠦᠭᠡ ᠬᠡᠯᠡᠨ ᠤ ᠨᠡᠪᠳᠡᠷᠡᠯᠴᠡᠵᠤ ᠰᠤᠯᠢᠯᠴᠠᠬᠤ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠬᠤ ᠪᠤᠯ ᠡᠯ᠎ᠡ ᠦᠨᠳᠤᠰᠤᠳᠡᠨ ᠬᠠᠮᠳᠤ ᠪᠠᠷ ᠬᠦᠭᠵᠢᠯᠳᠠ ᠶᠢ ᠡᠷᠢᠯᠬᠢᠯᠠᠵᠤ᠂ ᠬᠠᠮᠳᠤ ᠪᠠᠷ ᠰᠠᠶᠢᠨ ᠰᠠᠶᠢᠬᠠᠨ ᠢᠷᠡᠭᠡᠳᠤᠢ ᠪᠠᠨ ᠴᠤᠬᠴᠠᠯᠠᠬᠤ ᠵᠠᠶᠢᠯᠠᠰᠢ ᠦᠭᠡᠢ ᠰᠤᠩᠭᠤᠯᠳᠠ ᠪᠤᠯᠤᠨ᠎ᠠ᠂ ᠨᠡᠩ ᠴᠤ ᠨᠦᠬᠦᠷᠯᠡᠯ ᠢᠶᠠᠨ ᠵᠤᠵᠠᠭᠠᠳᠬᠠᠬᠤ ᠬᠦᠬᠦᠷᠭᠡ᠂ ᠲᠠᠪᠰᠢᠯᠳᠠ ᠶᠢ ᠠᠬᠢᠭᠤᠯᠬᠤ ᠬᠦᠳᠡᠯᠭᠡᠬᠦ ᠬᠦᠴᠤ᠂ ᠪᠦᠯᠬᠦᠮᠳᠡᠯ ᠢ ᠪᠠᠶᠠᠯᠡᠬᠦᠯᠬᠦ ᠬᠤᠯᠪᠤᠭᠠᠰᠤ ᠪᠤᠯᠤᠨ᠎ᠡ ᠭᠡᠳᠡᠭ ᠢ ᠦᠢᠯᠡᠳᠦᠯᠭᠡ ᠬᠦᠢᠴᠡᠳ ᠬᠡᠷᠡᠴᠢᠯᠡᠪᠡ᠃      ᠶᠠᠷᠢᠶᠠᠨ ᠦᠭᠡᠢ᠂ ᠶᠠᠮᠠᠷᠪᠡ ᠨᠢᠭᠡ ᠵᠦᠢᠯ ᠤᠨ ᠦᠭᠡ ᠬᠡᠯᠡ ᠨᠢ ᠲᠠᠰᠤᠷᠠᠯᠳᠠ ᠦᠭᠡᠢ ᠠᠭᠤᠰᠤᠯᠴᠠᠬᠤ᠂ ᠲᠠᠰᠤᠷᠠᠯᠳᠠ ᠦᠭᠡᠢ ᠰᠢᠨ᠎ᠡ ᠶᠢ ᠡᠬᠦᠳᠬᠦ ᠤᠨᠴᠠᠯᠢᠭ ᠲᠠᠢ ᠪᠠᠶᠢᠳᠠᠭ ᠢ ᠪᠢᠳᠠ ᠡᠷᠬᠡᠪᠰᠢ ᠤᠯᠵᠤ ᠬᠠᠷᠠᠬᠤ ᠭᠡᠷᠡᠭᠳᠠᠢ᠃ ᠤᠳᠤᠬᠠᠨ ᠳᠤ᠂ ᠤᠨᠴᠠ ᠵᠠᠷᠢᠮ ᠬᠦᠮᠦᠨ ᠤᠯᠤᠰ ᠤᠨ ᠨᠢᠭᠡᠳᠦᠯᠳᠠᠢ ᠨᠠᠶᠢᠷᠠᠭᠤᠯᠤᠬᠰᠡᠨ ᠵᠢᠭᠠᠬᠤ ᠮᠠᠲᠧᠷᠢᠶᠠᠯ ᠢ ᠭᠡᠷᠡᠭᠯᠡᠬᠦ ᠨᠢ ᠴᠦᠭᠡᠨ ᠲᠤᠭᠠᠳᠤ ᠦᠨᠳᠤᠰᠤᠳᠡᠨ ᠤ ᠬᠠᠶᠢᠷ᠎ᠡ ᠰᠡᠳᠬᠢᠯᠭᠡ ᠶᠢ ᠬᠤᠬᠢᠷᠠᠭᠤᠯᠵᠤ᠂ ᠦᠨᠳᠤᠰᠤᠳᠡᠨ ᠤ ᠪᠦᠯᠬᠦᠮᠳᠡᠯ ᠳᠤ ᠠᠰᠢᠬ ᠦᠭᠡᠢ ᠭᠡᠵᠤ ᠦᠵᠡᠵᠤ ᠪᠠᠶᠢᠨ᠎ᠡ᠂ ᠡᠨᠡ ᠪᠤᠯ ᠢᠪᠴᠤᠤ ᠦᠵᠡᠯᠳᠠ ᠪᠤᠯᠤᠨ᠎ᠡ᠃ ᠤᠨᠴᠠ ᠵᠠᠷᠢᠮ ᠬᠦᠮᠦᠨ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠡᠰᠡᠷᠬᠦᠴᠡᠵᠤ ᠬᠤᠷᠢᠬᠯᠠᠵᠤ ᠪᠠᠶᠢᠨ᠎ᠠ᠂ ᠠᠮᠠᠨ ᠲᠡᠭᠡᠷ᠎ᠡ ᠪᠠᠨ ᠲᠤᠰ ᠦᠨᠳᠤᠰᠤᠳᠡᠨ ᠤ ᠤᠨᠴᠠᠯᠢᠭ᠂ ᠲᠤᠰ ᠦᠨᠳᠤᠰᠤᠳᠡᠨ ᠤ ᠠᠰᠢᠭ ᠲᠤᠰᠠ ᠶᠢ ᠬᠠᠮᠠᠭᠠᠯᠠᠵᠤ ᠪᠠᠶᠢᠨ᠎ᠡ ᠭᠡᠵᠤ ᠬᠡᠯᠡᠵᠦ ᠪᠠᠶᠢᠪᠠᠴᠤ᠂ ᠦᠨᠡᠨ ᠳᠡᠭᠡᠨ ᠡᠯ᠎ᠡ ᠦᠨᠳᠤᠰᠤᠳᠡᠨ ᠤ ᠬᠤᠭᠤᠷᠤᠨᠳᠤᠬᠢ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠬᠤᠷᠢᠬᠯᠠᠵᠤ᠂ ᠲᠤᠰ ᠦᠨᠳᠤᠰᠤᠳᠡᠨ ᠤ ᠴᠡᠴᠡᠭᠯᠡᠯ ᠲᠠᠪᠰᠢᠯᠳᠠ ᠶᠢ ᠬᠠᠷᠰᠢᠯᠠᠬᠰᠡᠨ ᠨᠠᠵᠠᠭᠠᠢ ᠦᠢᠯᠡᠳᠤᠯ ᠭᠠᠷᠭᠠᠵᠦ ᠪᠠᠶᠢᠨ᠎ᠠ᠃ ︽ᠤᠯᠠᠨ ᠦᠡᠭᠭᠡ ᠶᠢᠨ ᠪᠤᠳᠤᠭ ᠢᠶᠠᠷ ᠦᠵᠡᠮᠵᠢᠳᠦ ᠵᠢᠷᠤᠬ ᠢ ᠵᠢᠷᠤᠵᠦ ᠴᠢᠳᠠᠮᠤᠢ︔ ᠤᠯᠠᠨ ᠵᠦᠢᠯ ᠤᠨ ᠬᠦᠭᠵᠢᠮᠳᠡᠬᠦᠷ ᠢᠶᠠᠷ ᠡᠭᠡᠰᠢᠭ ᠢᠷᠠᠭᠤ ᠠᠶᠠᠰ ᠢ ᠴᠢᠪᠬᠠᠳᠠᠵᠦ ᠲᠡᠶᠢᠯᠤᠮᠤᠢ︾᠃ ᠶᠠᠮᠠᠷᠪᠠ ᠨᠢᠭᠡ ᠦᠨᠳᠤᠰᠤᠳᠡᠨ ᠬᠡᠷᠪᠡ ᠵᠦᠪᠭᠡᠨ ᠲᠤᠰ ᠦᠨᠳᠤᠰᠤᠳᠡᠨ ᠤ ᠰᠤᠶᠤᠯ ᠤᠨ ᠬᠡᠪᠴᠢᠶᠠᠨ ᠳᠡᠭᠡᠨ ᠯᠡ ᠬᠢᠵᠠᠭᠠᠷᠯᠠᠬᠳᠠᠪᠠᠯ᠂ ᠡᠴᠤᠰ ᠲᠡᠭᠡᠨ ᠦᠪᠡᠷ ᠢ ᠪᠠᠨ ᠬᠢᠵᠠᠭᠠᠷᠯᠠᠬᠤ ᠳᠤ ᠬᠦᠷᠦᠨ᠎ᠡ᠃ ᠬᠠᠷᠢᠯᠴᠠᠨ ᠰᠤᠷᠤᠯᠴᠠᠵᠤ᠂ ᠤᠯᠠᠨ ᠤ ᠰᠠᠶᠢᠨ ᠢ ᠦᠷᠭᠡᠨ ᠢᠶᠠᠷ ᠰᠢᠩᠭᠡᠭᠡᠵᠤ᠂ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢᠶᠠᠨ ᠦᠷᠬᠡᠳᠭᠡᠪᠡᠯ ᠰᠠᠶᠢ ᠦᠨᠳᠤᠰᠤᠳᠡᠨ ᠤ ᠪᠦᠯᠬᠦᠮᠳᠡᠯ ᠢ ᠨᠡᠩ ᠰᠠᠶᠢᠨ ᠠᠬᠢᠭᠤᠯᠵᠤ᠂ ᠡᠯ᠎ᠡ ᠦᠨᠳᠤᠰᠤᠳᠡᠨ ᠢ ᠲᠤᠮᠳᠠᠳᠤ ᠶᠢᠨ ᠦᠨᠳᠤᠰᠤᠳᠡᠨ ᠤ ᠶᠡᠭᠡ ᠭᠡᠷ ᠪᠦᠯᠢ ᠳᠤ ᠲᠦᠷᠦᠭᠰᠡᠨ ᠠᠬ᠎ᠠ ᠲᠡᠬᠦᠤ ᠰᠢᠭ ᠡᠭᠡᠨᠡᠭᠰᠢᠨ ᠲᠠᠰᠤᠯᠴᠠᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠤᠯᠵᠤ ᠴᠢᠳᠠᠨ᠎ᠡ      ᠦᠬᠡ ᠭᠡᠯᠡ ᠨᠡᠪᠳᠡᠷᠡᠯᠴᠡᠬᠦ ᠪᠤᠯ ᠬᠦᠮᠦᠰ ᠤᠨ ᠬᠠᠷᠢᠯᠴᠠᠨ ᠶᠠᠪᠤᠯᠴᠠᠬᠤ ᠴᠢᠬᠤᠯᠠ ᠭᠤᠬᠴᠤᠭ᠎ᠠ ᠪᠤᠯᠤᠨ᠎ᠡ᠃ ᠨᠢᠭᠡ ᠤᠯᠤᠰ ᠤᠨ ᠰᠤᠶᠤᠯ ᠤᠨ ᠷᠢᠳᠢ ᠰᠢᠳᠢ᠂ ᠨᠢᠭᠡ ᠦᠨᠳᠤᠰᠤᠳᠡᠨ ᠤ ᠨᠢᠬᠳᠠᠷᠠᠭᠤᠯᠬᠤ ᠬᠦᠴᠤᠨ ᠢ ᠭᠤᠤᠯᠳᠠᠭᠤ ᠦᠭᠡ ᠬᠡᠯᠡ ᠪᠠᠷ ᠲᠠᠮᠵᠢᠨ ᠢᠯᠡᠳᠭᠡᠵᠦ ᠲᠠᠮᠵᠢᠭᠤᠯᠳᠠᠭ᠃ ᠤᠯᠤᠰ ᠤᠨ ᠨᠡᠶᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠡᠯ᠎ᠡ ᠦᠨᠳᠤᠰᠤᠳᠡᠨ ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠲᠠᠰᠤᠷᠠᠯᠳᠠ ᠦᠭᠡᠢ ᠠᠬᠢᠭᠤᠯᠤᠨ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠳᠤ ᠴᠤᠬᠴᠠᠯᠠᠵᠦ᠂ ᠡᠯ᠎ᠡ ᠦᠨᠳᠤᠰᠤᠳᠡᠨ ᠢ ᠠᠨᠠᠷ ᠤᠨ ᠦᠷ᠎ᠡ ᠰᠢᠭ ᠪᠦᠯᠬᠦᠮᠳᠡᠬᠦᠯᠤᠨ ᠨᠢᠬᠳᠠᠷᠠᠭᠤᠯᠵᠦ᠂ ᠡᠶ᠎ᠡ ᠨᠠᠶᠢᠷᠳᠠᠢ ᠪᠠᠷ ᠬᠠᠮᠳᠤ ᠤᠷᠤᠰᠢᠵᠤ᠂ ᠰᠡᠳᠬᠢᠯ ᠨᠢᠭᠡᠳᠤᠨ ᠬᠦᠴᠤ ᠪᠠᠨ ᠬᠠᠮᠳᠤᠳᠬᠠᠨ᠂ ᠡᠶ᠎ᠡ ᠵᠤᠬᠢᠴᠠᠩᠭᠤᠢ ᠪᠠᠷ ᠬᠦᠭᠵᠢᠭᠦᠯᠪᠡᠯ ᠯᠠᠪᠳᠠᠢ ᠡᠯ᠎ᠡ ᠦᠨᠳᠤᠰᠤᠳᠡᠨ ᠤ ᠠᠷᠠᠳ ᠲᠦᠮᠡᠨ ᠨᠢᠬᠳᠠᠷᠠᠨ ᠪᠦᠯᠬᠦᠮᠳᠡᠵᠤ᠂ ᠠᠭᠤᠤ ᠶᠡᠭᠡ ᠡᠭᠡ ᠤᠯᠤᠰ ᠤᠨ ᠴᠡᠴᠡᠭᠯᠡᠨ ᠬᠦᠭᠵᠢᠭᠰᠡᠨ ᠭᠤᠶᠢᠳᠠ ᠰᠠᠶᠢᠬᠠᠨ ᠦᠵᠡᠮᠵᠢ ᠶᠢ ᠵᠢᠷᠤᠬᠯᠠᠨ᠂ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠯᠠᠪᠳᠠᠢ ᠲᠠᠷᠭᠡᠯᠰᠢᠬᠦᠯᠵᠤ ᠴᠢᠳᠠᠨ᠎ᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ