ᠰᠠᠶᠢᠨ ᠰᠠᠶᠢᠬᠠᠨ ᠬᠦᠰᠡᠯ ᠲᠡᠮᠡᠤᠯᠤᠯ ᠰᠢᠨ᠎ᠠ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠎ᠡ
ᠨᠡᠶᠢᠲᠡᠯᠡᠭᠰᠡᠨ ᠴᠠᠭ᠄
2020/9/3
     -- 4 ᠰᠤᠷᠭᠠᠨ ᠬᠦᠮᠦᠵᠢᠯ ᠤᠨ ᠠᠵᠢᠯᠲᠠᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠬᠡᠷᠭᠢᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢᠨ ᠬᠤᠪᠢᠷᠠᠯᠲᠠ ᠳᠤ ᠵᠣᠬᠢᠴᠠᠬᠤ ᠲᠣᠬᠠᠢ ᠶᠠᠷᠢᠭᠰᠠᠨ ᠨᠢ      ᠰᠢᠨ᠎ᠠ ᠰᠤᠷᠤᠯᠭ᠎ᠠ ᠶᠢᠨ ᠬᠤᠭᠤᠴᠠᠭ᠎ᠠ ᠡᠬᠢᠯᠡᠯ᠎ᠡ᠂ ᠪᠠᠭ᠎ᠠ ᠰᠤᠷᠭᠠᠭᠤᠯᠢ ᠶᠢᠨ ᠨᠢᠬᠡᠳᠦᠬᠡᠷ ᠤᠨ ᠪᠤᠯᠤᠨ ᠠᠩᠬ᠎ᠠ ᠲᠤᠮᠳᠠᠳᠤ ᠶᠢᠨ ᠨᠢᠬᠡᠳᠦᠬᠡᠷ ᠤᠨ ᠤ ᠰᠤᠷᠤᠬᠴᠢᠳ ᠬᠡᠷᠬᠢᠨ ᠰᠢᠨ᠎ᠠ ᠰᠤᠷᠤᠯᠭ᠎ᠠ ᠶᠢᠨ ᠬᠤᠭᠤᠴᠠᠭ᠎ᠠ ᠶᠢᠨ ᠬᠤᠪᠢᠷᠠᠯᠳᠠ ᠳᠤ ᠵᠤᠬᠢᠴᠠᠵᠤ᠂ ᠰᠡᠳᠬᠢᠴᠡ ᠪᠠᠨ ᠨᠡᠩ ᠰᠠᠶᠢᠳᠤᠷ ᠵᠤᠬᠢᠴᠠᠭᠤᠯᠤᠨ ᠳᠣᠬᠢᠷᠠᠭᠤᠯᠵᠣ ᠂ ᠰᠠᠶᠢᠨ ᠰᠠᠶᠢᠬᠠᠨ ᠰᠤᠷᠤᠯᠴᠠᠬᠤ ᠲᠠᠳᠬᠠᠯ ᠢ ᠬᠦᠮᠦᠵᠢᠬᠦᠯᠦᠨ᠂ ᠪᠦᠳᠦᠮᠵᠢᠳᠡᠢ ᠪᠠᠷ ᠰᠤᠷᠤᠯᠴᠠᠬᠤ ᠪᠤᠢ︖ ᠬᠡᠷ ᠤᠨ ᠠᠬᠠᠮᠠᠳ ᠬᠡᠷᠬᠢᠨ ᠬᠡᠦᠬᠡᠳ ᠢᠶᠠᠨ ᠬᠦᠳᠦᠯᠦᠨ ᠵᠢᠯᠤᠭᠤᠳᠴᠤ ᠵᠤᠷᠢᠬᠵᠢᠭᠤᠯᠤᠨ ᠲᠡᠮᠵᠢᠵᠦ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠬᠤᠪᠢᠷᠠᠯᠳᠠ ᠳᠤ ᠵᠤᠬᠢᠴᠠᠭᠤᠯᠤᠨ᠂ ᠬᠡᠦᠬᠡᠳ ᠲᠤ ᠪᠠᠨ ᠬᠠᠨᠢ ᠪᠤᠯᠵᠤ ᠬᠠᠮᠳᠤ ᠪᠠᠷ ᠦᠰᠦᠨ ᠪᠤᠶᠢᠵᠢᠬᠤ ᠪᠤᠢ︖ ᠰᠤᠷᠭᠠᠭᠤᠯᠢ ᠶᠢᠨ ᠬᠢᠨ ᠬᠡᠷᠬᠢᠨ ᠡᠯᠪᠡᠭ ᠪᠠᠶᠠᠯᠢᠬ ᠠᠭᠤᠯᠭ᠎ᠠ ᠬᠡᠯᠪᠡᠷᠢ ᠪᠠᠷ ᠲᠠᠮᠵᠢᠭᠤᠯᠤᠨ ᠰᠤᠷᠭᠠᠭᠤᠯᠢ ᠡᠬᠢᠯᠡᠭᠰᠡᠨ ᠠᠩᠬᠠᠨ ᠤ ᠬᠢᠴᠢᠶᠡᠯ ᠢ ᠤᠷᠤᠵᠤ᠂ ᠬᠡᠦᠬᠡᠳ ᠤᠳ ᠲᠤ ᠬᠢᠴᠢᠶᠡᠯ ᠤᠨ ᠲᠠᠩᠬᠢᠮ ᠠᠴᠠ ᠭᠠᠳᠠᠨᠠᠬᠢ ᠮᠡᠳᠡᠯᠬᠡ ᠶᠢ ᠰᠤᠷᠤᠯᠴᠠᠭᠤᠯᠤᠨ᠂ ᠬᠡᠦᠬᠡᠳ ᠤᠳ ᠢ ᠬᠠᠪᠰᠤᠷᠤᠨ ᠬᠦᠮᠦᠨ ᠤ ᠠᠮᠢᠳᠤᠷᠠᠯ ᠤᠨ ᠠᠩᠬᠠᠨ ᠤ ᠠᠯᠬᠤᠮ ᠢ ᠠᠯᠬᠤᠭᠤᠯᠬᠤ ᠪᠤᠢ︖ ᠬᠡᠦᠬᠡᠳ ᠤᠳ ᠬᠡᠷᠬᠢᠨ ᠢᠷᠡᠬᠡᠳᠦᠢ ᠶᠢᠨ ᠮᠡᠳᠡᠯᠬᠡ ᠶᠢᠨ ᠬᠤᠪᠢᠷᠠᠯᠳᠠ ᠳᠤ ᠵᠤᠬᠢᠴᠠᠨ ᠦᠪᠡᠷ ᠤᠨ ᠰᠤᠷᠤᠯᠴᠠᠬᠤ ᠴᠢᠳᠠᠪᠤᠷᠢ ᠪᠠᠨ ᠲᠡᠭᠡᠭᠰᠢᠯᠡᠬᠦᠯᠬᠦ ᠪᠤᠢ︖ 9 ᠰᠠᠷ᠎ᠠ ᠶᠢᠨ 2 ᠤᠨ ᠡᠳᠦᠷ᠂ ᠦᠪᠦᠷ ᠮᠤᠩᠭᠤᠯ ᠤᠨ ᠲᠧᠯᠸᠢᠰ ᠬᠤᠷᠢᠶ᠎ᠠ ᠶᠢᠨ ︽ᠰᠤᠨᠢᠨ ᠮᠡᠳᠡᠬᠡᠨ ᠤ ᠲᠠᠬᠢᠨ ᠠᠵᠢᠬᠯᠠᠯᠳᠠ︾ ᠫᠷᠦᠭᠷᠡᠮ ᠢ ᠰᠢᠩᠬᠡᠬᠡᠨ ᠦᠢᠯᠡᠳᠬᠦ ᠲᠤᠬᠠᠢ ᠶᠢᠨ ᠲᠠᠯᠠᠪᠠᠢ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ 4 ᠰᠣᠷᠭᠠᠨ ᠬᠦᠮᠦᠵᠢᠯ ᠤᠨ ᠠᠵᠢᠯᠳᠠᠨ ᠲᠡᠭᠡᠷ᠎ᠡ ᠳᠣᠷᠠᠳᠣᠭᠰᠠᠨ ᠠᠰᠠᠭᠤᠳᠠᠯ ᠤᠨ ᠲᠤᠬᠠᠢ ᠠᠳᠠᠯᠢ ᠪᠤᠰᠤ ᠲᠠᠯ᠎ᠠ ᠠᠴᠠ ᠲᠠᠶᠢᠯᠪᠤᠷᠢᠯᠠᠪᠠ᠃      ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠡᠭᠡᠳᠦ ᠰᠤᠷᠭᠠᠭᠤᠯᠢ ᠶᠢᠨ ᠲᠡᠳ᠋ ᠫᠷᠦᠹᠧᠰᠰᠤᠷ ᠵᠠᠩ ᠲᠦᠸᠧ ᠱᠦ ᠬᠡᠯᠡᠭᠰᠡᠨ ᠨᠢ᠂ ᠰᠢᠨ᠎ᠠ ᠰᠤᠷᠤᠯᠭ᠎ᠠ ᠶᠢᠨ ᠬᠤᠭᠤᠴᠠᠭᠠᠨ ᠳᠤ᠂ ᠪᠠᠭ᠎ᠠ ᠰᠤᠷᠭᠠᠭᠤᠯᠢ ᠶᠢᠨ ᠨᠢᠬᠡᠳᠦᠬᠡᠷ ᠤᠨ ᠤ ᠰᠢᠨ᠎ᠠ ᠰᠤᠷᠤᠬᠴᠢᠳ ᠬᠡᠦᠬᠡᠳ ᠤᠨ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠤᠷᠤᠵᠤ᠂ ᠪᠠᠭ᠎ᠠ ᠬᠡᠦᠬᠡᠳ ᠠᠴᠠ ᠪᠠᠨ ᠰᠤᠷᠤᠬᠴᠢ ᠪᠤᠯᠵᠤ᠂ ᠰᠤᠷᠤᠯᠴᠠᠬᠤ ᠬᠠᠷᠢᠭᠤᠴᠠᠯᠭ᠎ᠠ ᠪᠤᠯᠤᠨ ᠬᠠᠷᠠᠯᠳᠠ ᠲᠠᠢ ᠪᠤᠯᠵᠤ᠂ ᠵᠤᠬᠢᠬᠤ ᠲᠠᠳᠬᠠᠯ ᠢ ᠬᠦᠮᠦᠵᠢᠬᠦᠯᠬᠦ ᠶᠢ ᠱᠠᠭᠠᠷᠳᠠᠨ᠎ᠠ᠃ ᠪᠠᠭ᠎ᠠ ᠰᠤᠷᠭᠠᠭᠤᠯᠢ ᠶᠢᠨ ᠰᠤᠷᠤᠬᠴᠢ ᠪᠠᠭ᠎ᠠ ᠰᠤᠷᠭᠠᠭᠤᠯᠢ ᠠᠴᠠ ᠠᠩᠬ᠎ᠠ ᠲᠤᠮᠳᠠᠳᠤ ᠳᠤ ᠤᠷᠤᠵᠤ᠂ ᠬᠡᠦᠬᠡᠳ ᠠᠴᠠ ᠪᠠᠨ ᠪᠠᠭᠠᠴᠤᠳ ᠪᠤᠯᠵᠤ᠂ ᠰᠤᠷᠤᠯᠴᠠᠬᠤ ᠡᠬᠦᠷᠬᠡ ᠪᠤᠯᠤᠨ ᠬᠢᠴᠢᠶᠡᠯ ᠤᠨ ᠠᠭᠤᠯᠭ᠎ᠠ ᠨᠢ ᠬᠦᠨᠳᠦᠷᠡᠬᠦ ᠪᠣᠯᠣᠨ᠎ᠠ᠂ ᠬᠡᠷ ᠤᠨ ᠠᠬᠠᠮᠠᠳ ᠬᠡᠦᠬᠡᠳ ᠤᠳ ᠲᠤ ᠪᠠᠭᠠᠴᠤᠳ ᠪᠤᠯᠤᠨ ᠬᠡᠦᠬᠡᠳ ᠤᠨ ᠬᠠᠷᠢᠭᠤᠴᠠᠯᠭ᠎ᠠ ᠠᠳᠠᠯᠢ ᠦᠬᠡᠢ ᠬᠡᠳᠡᠭ ᠢ ᠢᠯᠡᠭᠦᠬᠡᠨ ᠰᠠᠨᠠᠭᠤᠯᠬᠤ ᠬᠡᠷᠡᠭᠳᠡᠢ᠂ ᠤᠨᠴᠠᠭᠠᠶᠢᠢᠯᠠᠨ ᠰᠠᠶᠢᠨ ᠰᠠᠶᠢᠬᠠᠨ ᠲᠠᠳᠬᠠᠯ ᠲᠠᠢ ᠪᠣᠯᠭᠠᠨ ᠬᠦᠮᠦᠵᠢᠭᠦᠯᠬᠦ ᠬᠡᠷᠡᠭᠳᠡᠢ᠃      ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠡᠳᠬᠢᠴᠡ ᠵᠦᠢ ᠶᠢᠨ ᠲᠡᠭᠡᠳᠦ ᠰᠤᠷᠭᠠᠭᠤᠯᠢ ᠶᠢᠨ ᠫᠷᠤᠹᠧᠰᠰᠤᠷ ᠴᠢ ᠱᠢ ᠰᠠᠨ ᠬᠡᠯᠡᠭᠰᠡᠨ ᠨᠢ᠂ ᠪᠠᠭ᠎ᠠ ᠰᠤᠷᠭᠠᠭᠤᠯᠢ ᠠᠴᠠ ᠠᠩᠬ᠎ᠠ ᠲᠤᠮᠳᠠᠳᠤ ᠳᠤ ᠳᠠᠪᠰᠢᠬᠤ ᠨᠢ ᠤᠨ ᠤ ᠳᠤᠭ᠎ᠠ ᠶᠢᠨ ᠲᠦᠬᠦᠮᠬᠡᠨ ᠨᠡᠮᠡᠭᠳᠡᠯ ᠪᠢᠰᠢ᠂ ᠪᠠᠭ᠎ᠠ ᠰᠤᠷᠭᠠᠭᠤᠯᠢ ᠶᠢᠨ ᠰᠤᠷᠤᠬᠴᠢᠳ ᠲᠤ ᠨᠢᠬᠡ ᠯᠡ ᠬᠡᠪ ᠢᠶᠠᠷ ᠦᠬᠡ ᠰᠤᠨᠤᠰᠬᠠᠬᠤ ᠬᠦᠮᠦᠵᠢᠯ ᠬᠢᠵᠦ ᠪᠤᠯᠬᠤ ᠦᠬᠡᠢ᠂ ᠬᠡᠦᠬᠡᠳ ᠦᠪᠡᠷ ᠤᠨ ᠰᠠᠨᠠᠯ ᠪᠣᠳᠤᠯ ᠢᠶᠠᠨ ᠲᠤᠷᠠᠳᠬᠤ ᠶᠢ ᠵᠣᠷᠢᠭᠵᠢᠭᠤᠯᠬᠤ ᠶᠢ ᠠᠩᠬᠠᠷᠣᠨ ᠬᠦᠨᠳᠦᠳᠭᠡᠬᠦ ᠬᠡᠷᠡᠭᠳᠡᠢ᠂ ᠤᠨᠴᠠᠭᠠᠶᠢᠢᠯᠠᠨ ᠠᠩᠬ᠎ᠠ ᠲᠤᠮᠳᠠᠳᠤ ᠶᠢᠨ ᠰᠤᠷᠤᠬᠴᠢᠳ ᠲᠤ ᠬᠦᠳᠦᠯᠦᠨ ᠲᠠᠭᠠᠭᠤᠯᠬᠤ ᠶᠢ ᠴᠢᠩᠭᠠᠳᠬᠠᠬᠤ ᠬᠡᠷᠡᠭᠳᠡᠢ᠃ ᠪᠠᠭ᠎ᠠ ᠰᠤᠷᠭᠠᠭᠤᠯᠢ ᠪᠤᠯ ᠰᠠᠶᠢᠨ ᠰᠠᠶᠢᠬᠠᠨ ᠲᠠᠳᠬᠠᠯ ᠢ ᠬᠦᠮᠦᠵᠢᠭᠦᠯᠬᠦ ᠰᠢᠵᠢᠷ ᠠᠯᠳᠠᠨ ᠴᠠᠬ ᠦᠶ᠎ᠠ ᠪᠣᠯᠣᠨ᠎ᠠ᠂ ᠬᠡᠷ ᠤᠨ ᠠᠬᠠᠮᠠᠳ ᠰᠤᠷᠭᠠᠭᠤᠯᠢ ᠶᠢ ᠬᠠᠮᠵᠢᠨ ᠰᠤᠷᠤᠬᠴᠢ ᠶᠢᠨ ᠡᠨᠡ ᠲᠠᠯ᠎ᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ ᠤᠨᠴᠠᠭᠠᠶᠢᠢᠯᠠᠨ ᠰᠤᠷᠤᠬᠴᠢᠳ ᠢ ᠬᠠᠪᠰᠤᠷᠤᠨ ᠰᠢᠨ᠎ᠠ ᠰᠤᠷᠤᠯᠭ᠎ᠠ ᠶᠢᠨ ᠬᠤᠭᠤᠴᠠᠭᠠᠨ ᠳᠤ ᠰᠡᠳᠬᠢᠴᠡ ᠶᠢᠨ ᠪᠠᠶᠢᠳᠠᠯ ᠢ ᠨᠢ ᠰᠠᠶᠢᠳᠤᠷ ᠲᠤᠬᠢᠷᠠᠭᠤᠯᠵᠣ᠂ ᠨᠡᠩ ᠰᠠᠶᠢᠨ ᠢᠶᠠᠷ ᠰᠢᠨ᠎ᠠ ᠰᠤᠷᠤᠯᠴᠠᠯᠭ᠎ᠠ ᠳᠤ ᠵᠤᠬᠢᠴᠠᠭᠤᠯᠬᠤ ᠬᠡᠷᠡᠭᠳᠡᠢ᠃      ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠤᠳᠬ᠎ᠠ ᠵᠤᠬᠢᠶᠠᠯ ᠤᠨ ᠲᠡᠭᠡᠳᠦ ᠰᠤᠷᠭᠠᠭᠤᠯᠢ ᠶᠢᠨ ᠫᠷᠤᠹᠧᠰᠰᠤᠷ ᠬᠦᠸᠧ ᠫᠸᠢ ᠵᠢᠶᠦ᠋ᠨ ᠬᠡᠯᠡᠭᠰᠡᠨ ᠨᠢ᠂ ᠰᠢᠨ᠎ᠠ ᠰᠤᠷᠤᠯᠭ᠎ᠠ ᠶᠢᠨ ᠬᠤᠭᠤᠴᠠᠭ᠎ᠠ ᠶᠢᠨ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠨᠢ ᠰᠤᠷᠤᠬᠴᠢᠳ ᠤᠨ ᠦᠰᠦᠨ ᠪᠤᠶᠢᠵᠢᠯᠳᠠ ᠳᠤ ᠲᠦᠢᠯ ᠤᠨ ᠴᠢᠬᠤᠯᠠ᠂ ᠰᠤᠷᠤᠬᠴᠢᠳ ᠤᠨ ᠦᠵᠡᠯ ᠰᠠᠨᠠᠭ᠎ᠠ᠂ ᠬᠦᠮᠦᠨ ᠴᠢᠨᠠᠷ᠂ ᠤᠶᠤᠨ ᠰᠠᠨᠠᠭ᠎ᠠ ᠶᠢ ᠱᠤᠭᠤᠬᠤ ᠳᠤ ᠴᠦᠮ ᠲᠤᠩ ᠶᠡᠭᠡ ᠦᠢᠯᠡᠳᠦᠯ ᠦᠵᠡᠬᠦᠯᠳᠡᠭ᠃ ᠪᠠᠭᠰᠢ ᠪᠣᠯᠣᠭᠰᠠᠳ ᠬᠢᠴᠢᠶᠡᠯ ᠵᠢᠭᠠᠬᠤ ᠮᠦᠷᠳᠡᠭᠡᠨ ᠨᠡᠩ ᠴᠤ ᠬᠦᠮᠦᠨ ᠢ ᠬᠦᠮᠦᠵᠢᠬᠦᠯᠬᠦ ᠬᠡᠷᠡᠭᠳᠡᠢ᠃ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢ ᠰᠠᠶᠢᠳᠤᠷ ᠤᠷᠤᠬᠤ ᠪᠠᠷ ᠲᠠᠮᠵᠢᠭᠤᠯᠤᠨ᠂ ᠬᠡᠦᠬᠡᠳ ᠢ ᠬᠦᠮᠦᠵᠢᠬᠦᠯᠦᠨ ᠵᠦᠪ ᠤᠨᠤᠪᠴᠢᠳᠠᠢ ᠦᠷᠳᠡᠭ ᠤᠨ ᠦᠵᠡᠯᠳᠡ ᠲᠠᠢ ᠪᠣᠯᠭᠠᠵᠣ᠂ ᠡᠷᠡᠭᠦᠯ ᠰᠠᠷᠠᠭᠤᠯ ᠬᠦᠮᠦᠨ ᠪᠤᠯᠭᠠᠨ ᠬᠦᠮᠦᠵᠢᠬᠦᠯᠵᠦ᠂ ᠲᠡᠳᠡᠨ ᠢ ᠬᠠᠪᠰᠤᠷᠤᠨ ᠬᠦᠮᠦᠨ ᠤ ᠠᠮᠢᠳᠤᠷᠠᠯ ᠤᠨ ᠠᠩᠬᠠᠨ ᠤ ᠭᠠᠷᠤᠭ᠎ᠠ ᠶᠢ ᠰᠠᠶᠢᠳᠣᠷ ᠡᠯᠬᠦᠬᠦᠯᠬᠦ ᠬᠡᠷᠡᠭᠳᠡᠢ᠃      ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠦᠨᠳᠦᠰᠦᠳᠡᠨ ᠵᠦᠢ ᠣᠭᠰᠠᠭᠠᠳᠠᠨ ᠵᠦᠢ ᠶᠢᠨ ᠫᠷᠤᠹᠧᠰᠰᠤᠷ ᠦᠦᠷ ᠬᠡᠯᠡᠭᠰᠡᠨ ᠨᠢ᠂ ᠮᠠᠰᠢ ᠤᠯᠠᠨ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠨᠢ ᠤᠯᠤᠰ ᠤᠨ ᠲᠤᠬ ᠮᠠᠨᠳᠤᠭᠤᠯᠬᠤ ᠠᠵᠢᠯᠯᠠᠭ᠎ᠠ ᠪᠤᠯᠤᠨ᠎ᠠ᠃ ᠰᠦᠷ ᠵᠢᠪᠬᠤᠯᠠᠩᠳᠤ ᠲᠤᠬ ᠮᠠᠨᠳᠤᠭᠤᠯᠬᠤ ᠶᠤᠰᠤᠯᠠᠯ ᠢᠶᠠᠷ ᠲᠠᠮᠵᠢᠭᠤᠯᠤᠨ ᠰᠤᠷᠤᠬᠴᠢᠳ ᠲᠤ ᠤᠯᠤᠰ ᠢᠶᠠᠨ ᠬᠠᠶᠢᠷᠠᠯᠠᠬᠤ ᠬᠦᠮᠦᠵᠢᠯ ᠬᠦᠷᠳᠡᠭᠡᠵᠦ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠬᠡ ᠶᠢ ᠨᠢ ᠬᠦᠭᠵᠢᠭᠡᠳᠡᠭ᠃ ᠡᠨᠡ ᠬᠦ ᠬᠦᠮᠦᠵᠢᠯ ᠤᠨ ᠬᠡᠯᠪᠡᠷᠢ ᠨᠢ ᠰᠤᠷᠤᠬᠴᠢᠳ ᠲᠤ ᠨᠢᠬᠡ ᠵᠦᠢᠯ ᠤᠨ ᠰᠢᠭᠤᠳ ᠮᠡᠳᠡᠷᠡᠮᠵᠢ ᠶᠢ ᠮᠡᠳᠡᠷᠡᠬᠦᠯᠬᠦ ᠪᠠᠷ ᠪᠠᠷᠠᠬᠤ ᠦᠬᠡᠢ ᠬᠠᠮᠤᠬ ᠤᠨ ᠭᠤᠤᠯ ᠨᠢ ᠦᠪᠡᠷ ᠤᠨ ᠬᠢᠨᠢ ᠢᠷᠡᠬᠡᠳᠦᠢ ᠶᠢᠨ ᠠᠮᠢᠳᠣᠷᠠᠬᠤᠢ ᠶᠢ ᠨᠢ ᠲᠦᠯᠦᠪᠵᠢᠬᠦᠯᠦᠨ ᠪᠠᠶᠢᠷᠢ ᠲᠤᠬᠳᠠᠭᠠᠯᠭᠠᠳᠠᠭ᠃ ᠢᠷᠡᠬᠡᠳᠦᠢ ᠶᠢᠨ ᠮᠡᠳᠡᠯᠬᠡ ᠶᠢᠨ ᠬᠤᠪᠢᠷᠠᠯᠳᠠ ᠳᠤ ᠬᠠᠨᠳᠤᠵᠤ᠂ ᠰᠤᠷᠤᠬᠴᠢᠳ ᠬᠡᠷᠬᠢᠨ ᠦᠪᠡᠷ ᠤᠨ ᠠᠮᠢᠳᠣᠷᠠᠬᠤᠢ ᠶᠢᠨ ᠲᠦᠯᠦᠪᠵᠢᠬᠦᠯᠬᠡ ᠪᠠᠨ ᠪᠡᠶᠡᠯᠡᠬᠦᠯᠬᠦ ᠨᠢ ᠶᠠᠮᠠᠷ ᠤᠷ᠎ᠠ ᠴᠢᠳᠠᠪᠤᠷᠢ ᠶᠢ ᠡᠵᠡᠮᠰᠢᠨ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠬᠡᠷᠬᠢᠨ ᠴᠢᠩᠭᠠᠳᠬᠠᠬᠤ ᠠᠴᠠ ᠲᠤᠬᠳᠠᠭᠠᠬᠳᠠᠨ᠎ᠠ᠃ ᠡᠶᠢᠮᠦ ᠠᠴᠠ ᠰᠤᠷᠤᠬᠴᠢᠳ ᠤᠨ ᠦᠪᠡᠷ ᠢᠶᠠᠨ ᠰᠤᠷᠤᠯᠴᠠᠬᠤ ᠴᠢᠳᠠᠪᠤᠷᠢ ᠮᠠᠰᠢ ᠴᠢᠬᠤᠯᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ