ᠦᠶᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠮᠡᠳᠡᠭᠡ 2020 ᠤᠨ ᠤ 3 ᠳ᠋ᠦ᠋ᠭᠡᠷ ᠬᠤᠭᠤᠴᠠᠭ᠎ᠠ
ᠨᠡᠶᠢᠲᠡᠯᠡᠭᠰᠡᠨ ᠴᠠᠭ᠄
2020/9/30
              ᠦᠶᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ      ︽ᠰᠤᠮᠤ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠤᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯᠡᠯ᠎ᠡ ᠰᠤᠮᠤ ᠪᠠᠯᠭᠠᠰᠤ᠂ ᠵᠢᠶᠠᠨ ᠹᠧᠩ ᠲᠠᠷᠢᠶᠠᠯᠠᠩ ᠤᠨ ᠲᠠᠯᠠᠪᠠᠢ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ᠄      ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠶᠢᠨ ᠲᠦᠯᠦᠭᠡ᠂ ︽ᠰᠤᠮᠤ ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020 ︺ 11 ᠳ᠋ᠦᠭᠡᠷ ᠲᠣᠭᠠᠲᠤ︶ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠪᠠ ︽ᠰᠤᠮᠤ ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠲᠤᠬᠠᠶ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠷᠡᠭᠵᠢᠭᠦᠯᠬᠦ ᠰᠠᠨᠠᠯ︾ ︵ᠪᠠᠶᠠᠨᠨᠠᠭᠤᠷ ᠵᠠᠰᠠᠭ ᠠᠯᠪᠠᠨ ᠲᠠᠷᠬᠠᠭᠠᠭᠰᠠᠨ ︹ 2017 ︺ 36 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠤᠶ᠎ᠠ᠃      ᠨᠢᠭᠡ᠂ ᠭᠤᠤᠯ ᠬᠠᠷᠠᠯᠲᠠ      ᠥᠪᠡᠷᠲᠡᠭᠡᠨ ᠵᠠᠰᠠᠬᠤ ᠣᠷᠣᠨ ᠤ ︽ᠰᠠᠨᠠᠯ︾ ᠪᠠ ᠪᠠᠶᠠᠨᠨᠠᠭᠤᠷ ᠬᠤᠲᠠ ᠶᠢᠨ ︽ᠬᠡᠷᠡᠭᠵᠢᠭᠦᠯᠬᠦ ᠰᠠᠨᠠᠯ︾ ᠤᠨ ᠱᠠᠭᠠᠷᠳᠠᠯᠭ᠎ᠠ ᠶᠣᠰᠣᠭᠠᠷ᠂ ︽ᠨᠠᠢᠮᠠ ᠶᠢ ᠨᠠᠢᠮᠠᠵᠢᠭᠤᠯᠬᠤ ᠳ᠋ᠥ᠋ᠭᠡᠨ ᠪᠠᠶᠢᠭᠤᠯᠤᠯᠲᠠ ᠶᠢᠨ ᠡᠭᠦᠷᠭᠡ ︵ᠣᠷᠣᠨ ᠲᠤᠭ᠎ᠠ᠂ ᠠᠵᠢᠯᠲᠠᠨ᠂ ᠵᠠᠷᠤᠳᠠᠯ᠂ ᠲᠠᠯᠠᠪᠤᠷ᠂ ᠲᠣᠨᠤᠭ ᠲᠥᠬᠦᠭᠡᠷᠦᠮᠵᠢ᠂ ᠲᠣᠤᠷ ᠰᠦᠯᠵᠢᠶ᠎ᠡ᠂ ᠲᠦᠷᠢᠮ ᠲᠣᠭᠲᠠᠭᠠᠯ᠂ ᠪᠤᠯᠪᠠᠰᠤᠷᠠᠯ ᠪᠠᠶᠢᠬᠤ ᠬᠡᠷᠡᠭᠲᠡᠶ᠃ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠳᠦᠷᠢᠮᠵᠢᠭᠦᠯᠬᠦ᠂ ᠲᠤᠭ᠎ᠠ ᠪᠦᠷᠢᠳᠬᠡᠯ ᠤᠨ ᠠᠵᠢᠯᠲᠠᠨ ᠢ ᠲᠤᠰᠬᠠᠶᠢᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢ ᠪᠠᠷᠢᠮᠵᠢᠶᠠᠵᠢᠭᠤᠯᠬᠤ᠂ ᠲᠤᠭ᠎ᠠ ᠪᠦᠷᠢᠳᠬᠡᠯ ᠤᠨ ᠡᠬᠡ ᠳᠠᠩᠰᠠ ᠶᠢ ᠡᠯᠧᠲᠷᠤᠨᠴᠢᠯᠠᠬᠤ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠳᠠᠩᠰᠠ ᠡᠪᠬᠡᠮᠡᠯ ᠪᠣᠯᠭᠠᠬᠤ᠂ ᠲᠤᠭ᠎ᠠ ᠪᠦᠷᠢᠳᠬᠡᠯ ᠤᠨ ᠠᠵᠢᠯ ᠢ ᠬᠠᠤᠯᠢᠵᠢᠭᠤᠯᠬᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠰᠦᠯᠵᠢᠶᠡᠵᠢᠭᠦᠯᠬᠦ᠂ ᠲᠤᠭ᠎ᠠ ᠪᠦᠷᠢᠳᠬᠡᠯ ᠤᠨ ᠤᠬᠠᠭᠤᠯᠭ᠎ᠠ ᠶᠢ ᠪᠠᠶᠢᠩᠭᠤᠵᠢᠭᠤᠯᠬᠤ︶ ︽ᠳᠤᠲᠠᠭᠤᠳᠠᠯ ᠢ ᠨᠥᠬᠦᠪᠥᠷᠢᠯᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ︾ ᠵᠠᠷᠴᠢᠮ ᠢ ᠪᠠᠷᠢᠮᠲᠠᠯᠠᠵᠤ᠂ 2020 ᠣᠨ ᠳᠤ ᠪᠥᠬᠦ ᠰᠢᠶᠠᠨ ᠤ 9 ᠰᠤᠮᠤ ᠪᠠᠯᠭᠠᠰᠤ ︵ᠵᠢᠶᠠᠨ ᠹᠸᠡᠭ ᠲᠠᠷᠢᠶᠠᠯᠠᠩ ᠤᠨ ᠲᠠᠯᠠᠪᠠᠶ ᠪᠠᠭᠲᠠᠨ᠎ᠠ︶᠂ 2 ᠬᠡᠷᠡᠭ ᠡᠷᠬᠢᠯᠡᠬᠦ ᠭᠠᠵᠠᠷ᠂ 1 ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠤᠨ ᠲᠤᠭ᠎ᠠ ᠪᠦᠷᠢᠳᠬᠡᠯ ᠤᠨ ᠠᠵᠢᠯ ᠢ ᠪᠦᠬᠦᠨ ᠢ ︽ᠨᠠᠢᠮᠠ ᠶᠢ ᠨᠠᠢᠮᠠᠵᠢᠭᠤᠯᠬᠤ︾ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠶᠢᠨ ᠬᠠᠮᠲᠤ ᠣᠷᠳᠣ ᠬᠤᠭᠤᠴᠠᠭ᠎ᠠ ᠪᠠᠷ ᠪᠠᠬᠢᠵᠢᠭᠦᠯᠦᠨ ᠲᠡᠭᠦᠯᠳᠡᠷᠵᠢᠭᠦᠯᠦᠨ᠎ᠡ᠃      ᠬᠤᠶᠠᠷ᠂ ᠭᠤᠤᠯᠳᠠᠯᠭ᠎ᠠ ᠲᠠᠢ ᠡᠭᠦᠷᠭᠡ      ︵ᠨᠢᠭᠡ︶ ︽ᠰᠠᠨᠠᠯ︾ ᠪᠣᠯᠤᠨ ︽ᠬᠡᠷᠡᠭᠵᠢᠭᠦᠯᠬᠦ ᠰᠠᠨᠠᠯ︾ ᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠤᠳ ︽ᠰᠠᠨᠠᠯ︾ ᠪᠣᠯᠤᠨ ︽ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ︽ᠰᠠᠨᠠᠯ︾ ︽ᠬᠡᠷᠡᠭᠵᠢᠭᠦᠯᠬᠦ ᠰᠠᠨᠠᠯ︾ ᠢ ᠵᠤᠷᠪᠤᠰ ᠳᠠᠷᠠᠭᠠᠯᠠᠨ ᠰᠤᠳᠤᠯᠤᠭᠰᠠᠨ ᠰᠠᠭᠤᠷᠢᠨ ᠳᠡᠭᠡᠷ᠎ᠡ᠂ ᠠᠬᠢᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠨᠡᠨᠬᠦ ᠶᠠᠪᠤᠭᠳᠠᠭᠤᠰᠢᠲᠠᠶ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠰᠠᠨᠠᠯ︾ ᠪᠠ ︽ᠬᠡᠷᠡᠭᠵᠢᠭᠦᠯᠬᠦ ᠰᠠᠨᠠᠯ︾ ᠤᠨ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠨᠠᠢᠮᠠ ᠶᠢ ᠨᠠᠢᠮᠠᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠡᠭᠦᠷᠭᠡ ᠲᠠᠢ ᠨᠢᠭᠲᠠ ᠤᠶᠠᠯᠳᠤᠭᠤᠯᠤᠨ᠂ ᠡᠭᠦᠷᠭᠡ ᠶᠢ ᠠᠬᠢᠭᠤᠯᠬᠤ ᠶᠠᠪᠤᠴᠠ ᠳᠠᠬᠢ ᠪᠠᠭᠤᠷᠠᠶ ᠲᠠᠯ᠎ᠠ ᠶᠢ ᠴᠠᠭ ᠲᠤᠬᠠᠶ ᠳᠤᠨᠢ ᠣᠶᠢᠯᠭᠠᠨ ᠵᠢᠭᠰᠠᠭᠠᠵᠤ᠂ ᠳᠣᠪᠤᠶᠢᠮ᠎ᠠ ᠠᠰᠠᠭᠤᠳᠠᠯ ᠪᠣᠯᠤᠨ ᠬᠦᠴᠢᠷ ᠠᠰᠠᠭᠤᠳᠠᠯ ᠳᠤ ᠴᠢᠭᠯᠡᠭᠦᠯᠵᠦ᠂ ᠬᠠᠷᠠᠯᠲᠠ ᠪᠠᠨ ᠲᠣᠳᠣᠷᠬᠠᠶᠢᠯᠠᠵᠤ᠂ ᠲᠥᠯᠥᠪᠯᠡᠭᠡ ᠲᠣᠭᠲᠠᠭᠠᠵᠤ᠂ ᠬᠠᠷᠢᠭᠤᠴᠠᠯᠭ᠎ᠠ ᠪᠠᠨ ᠬᠥᠮᠦᠨ ᠳᠤ ᠬᠦᠷᠲᠡᠯ᠎ᠡ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠠᠵᠢᠯ ᠢᠶᠠᠨ ᠦᠨᠡᠨᠬᠦ ᠴᠢᠩᠭ᠎ᠠ ᠠᠳᠬᠤᠵᠤ ᠪᠣᠳᠠᠲᠠᠶ ᠠᠳᠬᠤᠵᠤ ᠨᠠᠷᠢᠯᠢᠭ ᠠᠳᠬᠤᠬᠤ ᠬᠡᠷᠡᠭᠲᠡᠶ᠃      ︵ᠬᠤᠶᠠᠷ︶ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠲᠣᠤᠷ ᠰᠦᠯᠵᠢᠶ᠎ᠡ ᠶᠢ ᠪᠦᠷᠢᠨ ᠪᠣᠯᠭᠠᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠰᠤᠮᠤ ᠪᠠᠯᠭᠠᠰᠤᠨ ᠤ ᠲᠤᠭ᠎ᠠ ᠪᠦᠷᠢᠳᠬᠡᠯ ᠤᠨ ᠵᠢᠷᠤᠮᠵᠢᠭᠰᠠᠨ ᠪᠠᠶᠢᠭᠤᠯᠤᠯᠲᠠ ᠶᠢ ᠲᠠᠰᠤᠷᠠᠯᠲᠠ ᠦᠭᠡᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠲᠣᠰᠬᠤᠨ ᠤ ᠱᠠᠲᠤᠨ ︵ᠨᠡᠶᠢᠭᠡᠮ ᠲᠣᠭᠤᠷᠢᠭ︶ ᠤ ᠲᠤᠭ᠎ᠠ ᠪᠦᠷᠢᠳᠬᠡᠯ ᠤᠨ ᠲᠣᠤᠷ ᠰᠦᠯᠵᠢᠶᠡᠨ ᠤ ᠪᠠᠶᠢᠭᠤᠯᠤᠯᠲᠠ ᠶᠢᠨ ᠪᠠᠷᠢᠮᠵᠢᠶ᠎ᠠ ᠶᠢ ᠤᠯᠠᠮ ᠨᠢᠭᠡ ᠠᠯᠬᠤᠮ ᠰᠤᠳᠤᠯᠤᠨ ᠲᠡᠭᠦᠯᠳᠡᠷᠵᠢᠭᠦᠯᠵᠦ᠂ ᠲᠣᠰᠬᠤᠨ ᠤ ᠱᠠᠲᠤᠨ ᠤ ︵ᠨᠡᠶᠢᠭᠡᠮ ᠲᠣᠭᠤᠷᠢᠭ︶ ᠲᠤᠭ᠎ᠠ ᠪᠦᠷᠢᠳᠬᠡᠯ ᠤᠨ ᠲᠣᠤᠷ ᠰᠦᠯᠵᠢᠶ᠎ᠡ ᠶᠢᠨ ᠪᠦᠬᠦ᠋ᠢᠯᠡ ᠲᠤᠭ᠎ᠠ ᠪᠦᠷᠢᠳᠬᠡᠯ ᠤᠨ ᠠᠵᠢᠯ ᠳᠠᠬᠢ ᠰᠠᠭᠤᠷᠢ ᠴᠢᠨᠠᠷᠲᠠᠶ ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ᠃ ᠲᠣᠰᠬᠤᠨ ᠤ ᠲᠡᠰ ᠤᠨ ︵ᠨᠡᠶᠢᠭᠡᠮ ᠲᠣᠭᠤᠷᠢᠭ︶ ᠲᠤᠭ᠎ᠠ ᠪᠦᠷᠢᠳᠬᠡᠯ ᠤᠨ ᠲᠤᠰᠬᠠᠶ ᠪᠠ ᠲᠤᠰᠢᠶᠠᠯ ᠬᠠᠪᠰᠤᠷᠭᠠᠭᠰᠠᠨ ᠠᠵᠢᠯᠲᠠᠨ ᠢ ᠬᠠᠷᠢᠭᠤᠴᠠᠵᠤ᠂ ᠲᠣᠰᠬᠤᠨ ᠤ ᠳᠡᠰ ︵ᠨᠡᠶᠢᠭᠡᠮ ᠲᠣᠭᠤᠷᠢᠭ︶ ᠤᠨ ᠠᠵᠢᠯ ᠤᠨ ᠨᠥᠬᠦᠴᠡᠯ ᠢ ᠰᠠᠶᠢᠵᠢᠷᠠᠭᠤᠯᠵᠤ᠂ ᠲᠣᠰᠬᠤᠨ ᠤ ᠳᠡᠰ ︵ᠨᠡᠶᠢᠭᠡᠮ ᠲᠣᠭᠤᠷᠢᠭ︶ ᠤᠨ ᠲᠤᠭ᠎ᠠ ᠪᠦᠷᠢᠳᠬᠡᠯ ᠤᠨ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠡᠳᠦᠷ ᠲᠤᠲᠤᠮ ᠤᠨ ᠲᠤᠭ᠎ᠠ ᠪᠦᠷᠢᠳᠬᠡᠯ ᠤᠨ ᠠᠵᠢᠯ ᠢ ᠬᠠᠪᠰᠤᠷᠤᠨ ᠰᠠᠶᠢᠲᠤᠷ ᠬᠢᠨ᠎ᠡ᠃ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠲᠣᠰᠬᠤᠨ ᠤ ᠱᠠᠲᠤᠨ ᠤ ︵ᠨᠡᠶᠢᠭᠡᠮ ᠲᠣᠭᠤᠷᠢᠭ︶ ᠤ ᠲᠤᠭ᠎ᠠ ᠪᠦᠷᠢᠳᠬᠡᠯ ᠤᠨ ᠠᠵᠢᠯᠲᠠᠨ ᠢ ᠪᠣᠯᠪᠠᠰᠤᠷᠠᠭᠤᠯᠤᠨ ᠵᠢᠯᠣᠭᠤᠳᠬᠤ ᠪᠠ ᠬᠢᠨᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠲᠣᠰᠬᠤᠨ ᠤ ᠲᠡᠰ ᠤᠨ ︵ᠨᠡᠶᠢᠭᠡᠮ ᠲᠣᠭᠤᠷᠢᠭ︶ ᠤᠨ ᠲᠤᠭ᠎ᠠ ᠪᠦᠷᠢᠳᠬᠡᠯ ᠤᠨ ᠠᠵᠢᠯᠲᠠᠨ ᠢ ᠰᠢᠮᠳᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠲᠣᠮᠣ ᠬᠡᠯᠪᠡᠷᠢ ᠶᠢᠨ ᠨᠡᠶᠢᠳᠡᠮ ᠪᠠᠶᠢᠴᠠᠭᠠᠯᠲᠠ ᠵᠢᠴᠢ ᠡᠯ᠎ᠡ ᠵᠦᠶᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠪᠰᠤᠷᠤᠨ ᠰᠠᠶᠢᠲᠤᠷ ᠬᠢᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ︵ᠭᠤᠷᠪᠠ︶ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠠᠢ᠃ ᠡᠯ᠎ᠡ ᠰᠣᠮᠣ ᠪᠠᠯᠭᠠᠰᠤ ︵ᠲᠠᠷᠢᠶᠠᠯᠠᠩ ᠤᠨ ᠲᠠᠯᠠᠪᠠᠢ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠢᠴᠢ ᠬᠡᠷᠡᠭᠵᠢᠭᠦᠯᠬᠦ ᠳᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠰᠤᠮᠤ ᠪᠠᠯᠭᠠᠰᠤ ᠪᠣᠯᠤᠨ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠬᠡᠯ ᠤᠨ ᠠᠵᠢᠯ ᠤᠨ ᠪᠠᠶᠢᠷᠢ ᠭᠠᠷᠭᠠᠵᠤ᠂ ᠲᠤᠭ᠎ᠠ ᠪᠦᠷᠢᠳᠬᠡᠯ ᠤᠨ ᠡᠭᠦᠷᠭᠡ ᠯᠦᠭᠡ ᠲᠣᠬᠢᠷᠠᠯᠴᠠᠭᠰᠠᠨ ᠲᠤᠰᠬᠠᠶ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠲᠣᠬᠢᠷᠠᠭᠤᠯᠬᠤ ᠬᠡᠷᠡᠭᠲᠠᠢ᠃ ᠰᠤᠮᠤ ᠪᠠᠯᠭᠠᠰᠤ ᠶᠢᠨ ᠲᠤᠭ᠎ᠠ ᠪᠦᠷᠢᠳᠬᠡᠯ ᠤᠨ ᠡᠩᠨᠡᠭᠡ ᠶᠢ ᠪᠠᠲᠤᠳᠬᠠᠨ᠂ ᠲᠤᠭ᠎ᠠ ᠪᠦᠷᠢᠳᠬᠡᠯ ᠤᠨ ᠦᠶᠯᠡᠰ ᠲᠤ ᠬᠠᠶᠢᠷᠠᠲᠠᠶ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠳᠤ ᠴᠠᠭᠠᠷᠠᠭᠰᠠᠨ᠂ ᠲᠤᠰᠬᠠᠶ ᠮᠡᠷᠭᠡᠵᠢᠯ ᠤᠨ ᠬᠡᠪ ᠴᠢᠨᠠᠷ ᠢᠶᠠᠷ ᠨᠡᠯᠢᠶᠡᠳ ᠴᠢᠩᠭ᠎ᠠ᠂ ᠦᠵᠡᠯ ᠰᠠᠨᠠᠭ᠎ᠠ ᠣᠪᠣᠷ ᠰᠤᠷᠲᠠᠯ ᠢᠶᠠᠷ ᠴᠢᠩᠭ᠎ᠠ ᠬᠥᠮᠦᠰ ᠢ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠡᠩᠨᠡᠭᠡ ᠳᠤ ᠲᠡᠭᠦᠯᠳᠡᠷᠵᠢᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯᠲᠠᠨ ᠳᠤ ᠲᠣᠬᠢᠷᠠᠭᠤᠯᠤᠯᠲᠠ ᠬᠢᠬᠦ ᠳᠤ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠥᠪᠰᠢᠶᠡᠷᠡᠯ ᠢ ᠣᠯᠬᠤ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠰᠣᠮᠣ ᠪᠠᠯᠭᠠᠰᠤᠨ ᠤ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠮᠡᠳᠡᠯᠭᠡ᠂ ᠮᠡᠷᠭᠡᠵᠢᠯ ᠤᠨ ᠴᠢᠳᠠᠪᠤᠷᠢ ᠪᠣᠯᠤᠨ ᠬᠠᠤᠯᠢ ᠴᠠᠭᠠᠵᠠ ᠬᠠᠤᠯᠢ ᠲᠤᠭᠲᠠᠭᠠᠯ ᠵᠡᠷᠭᠡ ᠠᠭᠤᠯᠭ᠎ᠠ ᠶᠢᠨ ᠪᠤᠯᠪᠠᠰᠤᠷᠠᠯ ᠤᠨ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠲᠣᠰᠬᠤᠨ ᠤ ᠬᠦᠶ ᠨᠢᠭᠡᠳᠦᠯ ︵ᠨᠡᠶᠢᠭᠡᠮ ᠲᠣᠭᠤᠷᠢᠭ︶ ᠲᠡᠰᠢ ᠤᠷᠲᠤᠳᠬᠠᠵᠤ᠂ ᠵᠢᠯ ᠪᠦᠷᠢ ᠰᠤᠮᠤ ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯᠲᠠᠨ ᠢ ᠬᠤᠶᠠᠷ ᠤᠳᠠᠭ᠎ᠠ ᠠᠴᠠ ᠳᠤᠲᠠᠭᠤ ᠶᠢ ᠲᠥᠪᠯᠡᠷᠡᠭᠦᠯᠦᠨ ᠪᠣᠯᠪᠠᠰᠤᠷᠠᠭᠤᠯᠵᠤ᠂ ᠰᠣᠮᠣ ᠪᠠᠯᠭᠠᠰᠤ ᠶᠢᠨ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠯ ᠤᠨ ᠪᠦᠷᠬᠦᠴᠡ ᠶᠢ ᠪᠠᠲᠤᠯᠠᠬᠤ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠬᠡᠯ ᠤᠨ ᠠᠵᠢᠯᠲᠠᠨ ᠤ ᠠᠵᠢᠯ ᠤᠨ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠳᠦᠷᠪᠡ︶ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠲᠤᠭ᠎ᠠ ᠪᠦᠷᠢᠳᠬᠡᠯ ᠤᠨ ᠠᠵᠢᠯ ᠳᠠᠬᠢ ᠳᠡᠮᠵᠢᠯᠭᠡ ᠪᠣᠯᠤᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠪᠠᠷᠢᠮᠵᠢᠶ᠎ᠠ ᠳᠤ ᠨᠡᠶᠢᠴᠡᠬᠦ ᠮᠥᠷᠲᠡᠭᠡᠨ ᠬᠠᠷᠢᠴᠠᠩᠭᠤᠶ ᠪᠡᠶ᠎ᠡ ᠪᠠᠨ ᠳᠠᠭᠠᠭᠠᠭᠰᠠᠨ᠂ ᠲᠣᠭᠲᠠᠮᠠᠯ ᠠᠵᠢᠯᠯᠠᠬᠤ ᠲᠠᠯᠠᠪᠤᠷ ᠲᠠᠢ ᠪᠠᠶᠢᠵᠤ᠂ ᠲᠤᠭ᠎ᠠ ᠪᠦᠷᠢᠳᠬᠡᠯ ᠤᠨ ᠳᠣᠲᠣᠷᠠᠬᠢ ᠲᠣᠤᠷ ᠲᠤ ᠵᠠᠯᠭᠠᠵᠤ ᠣᠷᠣᠭᠤᠯᠤᠭᠰᠠᠨ ᠲᠤᠰᠬᠠᠶ ᠬᠡᠷᠡᠭᠯᠡᠬᠦ ᠺᠣᠮᠫᠢᠦ᠋ᠲ᠋ᠧᠷ᠂ ᠳᠠᠷᠤᠮᠠᠯᠯᠠᠬᠤ ᠲᠥᠬᠦᠭᠡᠷᠦᠮᠵᠢ ᠪᠠ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠬᠠᠳᠠᠭᠠᠯᠠᠬᠤ ᠳᠠᠩᠰᠠ ᠡᠪᠬᠡᠮᠡᠯ ᠤᠨ ᠬᠤᠷᠭᠤ ᠵᠡᠷᠭᠡ ᠨᠡᠯᠢᠶᠡᠳ ᠪᠦᠷᠢᠨ ᠲᠡᠭᠦᠯᠳᠡᠷ ᠠᠯᠪᠠᠯᠠᠬᠤ ᠪᠡᠯᠡᠳᠬᠡᠮᠵᠢ ᠶᠢ ᠲᠤᠬᠢᠷᠠᠭᠤᠯᠬᠤ ᠬᠡᠷᠡᠭᠲᠡᠶ᠃ ᠲᠣᠭᠲᠠᠮᠠᠯ ᠬᠥᠷᠥᠩᠭᠡ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢᠨ ᠡᠬᠡ ᠳᠠᠩᠰᠠ ᠪᠠᠶᠢᠭᠤᠯᠵᠤ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠵᠡᠷᠭᠡ ᠠᠯᠪᠠᠯᠠᠬᠤ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠶᠢ ᠰᠠᠶᠢᠲᠤᠷ ᠬᠢᠵᠦ᠂ ᠲᠣᠭᠲᠠᠮᠠᠯ ᠬᠥᠷᠥᠩᠭᠡ ᠶᠢᠨ ᠬᠡᠷᠡᠭᠯᠡᠬᠦ ᠵᠢᠯ ᠬᠤᠭᠤᠴᠠᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠬᠡᠷᠡᠭᠯᠡᠬᠦ ᠵᠢᠯ ᠬᠤᠭᠤᠴᠠᠭ᠎ᠠ ᠠᠴᠠ ᠬᠡᠲᠦᠷᠡᠭᠰᠡᠨ ᠮᠥᠷᠲᠡᠭᠡᠨ ᠦᠨᠡᠬᠡᠷ ᠬᠡᠷᠡᠭᠯᠡᠬᠦ ᠶᠢᠨ ᠠᠷᠭ᠎ᠠ ᠦᠭᠡᠢ ᠲᠦᠬᠦᠭᠡᠷᠦᠮᠵᠢ ᠶᠢ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠂ ᠲᠥᠬᠦᠭᠡᠷᠦᠮᠵᠢ ᠬᠠᠭᠤᠴᠢᠷᠠᠵᠤ ᠳᠤᠲᠠᠭᠳᠠᠭᠰᠠᠨ ᠠᠴᠠ ᠪᠤᠯᠵᠦ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠬᠦ ᠶᠢᠨ ᠠᠷᠭ᠎ᠠ ᠦᠭᠡᠢ ᠪᠣᠯᠬᠤ ᠠᠴᠠ ᠵᠠᠶᠢᠯᠠᠰᠬᠢᠬᠦ ᠬᠡᠷᠡᠭᠲᠡᠶ᠃      ︵ᠲᠠᠪᠤ︶ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠤᠰ ᠱᠠᠲᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠶᠡᠷᠦᠩᠬᠡᠶ ᠲᠥᠯᠥᠪᠵᠢᠭᠦᠯᠭᠡ ᠳᠡᠭᠡᠨ ᠣᠷᠣᠭᠤᠯᠵᠤ᠂ ᠵᠡᠷᠭᠡ ᠪᠠᠷ ᠬᠡᠷᠡᠭᠵᠢᠭᠦᠯᠵᠦ᠂ ᠵᠡᠷᠭᠡ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ᠂ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ︶ ᠳᠥᠷᠪᠡᠨ ᠱᠠᠲᠤᠨ ᠤ ᠲᠣᠤᠷ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠠᠵᠢᠯᠯᠠᠭᠠᠨ ᠤ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠵᠤ᠂ ᠲᠤᠭ᠎ᠠ ᠪᠠᠷᠢᠮᠲᠠ ᠶᠢ ᠴᠤᠭᠯᠠᠭᠤᠯᠬᠤ᠂ ᠡᠮᠬᠢᠯᠡᠬᠦ᠂ ᠳᠠᠮᠵᠢᠭᠤᠯᠬᠤ᠂ ᠬᠠᠮᠢᠶᠠᠷᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠴᠢᠬᠤᠯᠠ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠲᠣᠬᠢᠷᠠᠭᠤᠯᠵᠤ᠂ ᠲᠥᠬᠦᠭᠡᠷᠦᠮᠵᠢ ᠬᠠᠭᠤᠴᠢᠷᠠᠵᠤ᠂ ᠳᠤᠲᠠᠭᠳᠠᠵᠤ ᠪᠠᠶᠢᠭ᠎ᠠ᠂ ᠰᠦᠯᠵᠢᠶ᠎ᠡ ᠨᠡᠪᠲᠡᠷᠡᠬᠦ ᠦᠭᠡᠢ᠂ ᠳᠣᠲᠣᠭᠠᠳᠤ ᠭᠠᠳᠠᠭᠠᠳᠤ ᠰᠦᠯᠵᠢᠶ᠎ᠡ ᠹᠢᠽᠢᠺ ᠤᠨ ᠲᠤᠰᠠᠭᠠᠷᠯᠠᠯ ᠢ ᠲᠦᠢᠯᠪᠤᠷᠢᠲᠠᠶ ᠪᠡᠶᠡᠯᠡᠭᠦᠯᠵᠦ ᠴᠢᠳᠠᠭᠰᠠᠨ ᠦᠭᠡᠢ ᠵᠡᠷᠭᠡ ᠠᠰᠠᠭᠤᠳᠠᠯ ᠢ ᠦᠨᠡᠨᠬᠦ ᠰᠢᠶᠳᠪᠦᠷᠢᠯᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ᠂ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠭᠡᠭᠡᠭᠰᠡᠨ ᠂ ᠨᠢᠭᠤᠴᠠ ᠶᠢ ᠵᠠᠳᠠᠷᠠᠭᠤᠯᠤᠭᠰᠠᠨ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠵᠢᠷᠭᠤᠭ᠎ᠠ︶ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠰᠣᠮᠣ ᠪᠠᠯᠭᠠᠰᠤ ᠲᠠᠷᠢᠶᠠᠯᠠᠩ ᠤᠨ ᠲᠠᠯᠠᠪᠠᠶ᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠤᠨ ᠲᠤᠭ᠎ᠠ ᠪᠦᠷᠢᠳᠬᠡᠯ ᠤᠨ ᠠᠵᠢᠯ ᠳᠠᠬᠢ ᠶᠡᠷᠦᠩᠬᠡᠶ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠢ ᠵᠢᠯᠣᠭᠤᠳᠤᠨ ᠰᠢᠮᠳᠠᠭᠤᠯᠵᠤ ᠪᠠᠶᠢᠭᠠᠳ ᠲᠤᠭ᠎ᠠ ᠪᠦᠷᠢᠳᠬᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ᠂ ᠲᠤᠭ᠎ᠠ ᠪᠠᠷᠢᠮᠲᠠ ᠰᠢᠶᠳᠪᠦᠷᠢᠯᠡᠬᠦ᠂ ᠬᠢᠨᠠᠨ ᠬᠠᠷᠭᠤᠭᠤᠯᠵᠤ ᠦᠨᠡᠯᠡᠨ ᠵᠢᠱᠢᠬᠦ᠂ ᠮᠠᠲ᠋ᠧᠷᠢᠶᠠᠯ ᠤᠨ ᠬᠠᠮᠢᠶᠠᠷᠤᠯᠲᠠ ᠵᠡᠷᠭᠡ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠲᠡᠷᠡᠴᠢᠯᠡᠨ ᠪᠦᠬᠦ ᠣᠷᠣᠨ ᠤ ᠨᠢᠭᠡᠳᠦᠯᠲᠡᠶ ᠳᠦᠷᠢᠮᠵᠢᠭᠦᠯᠬᠦ ᠱᠠᠭᠠᠷᠳᠠᠯᠭ᠎ᠠ ᠶᠣᠰᠣᠭᠠᠷ᠂ ᠲᠤᠭ᠎ᠠ ᠪᠦᠷᠢᠳᠬᠡᠯ ᠤᠨ ᠤᠭ ᠲᠡᠮᠳᠡᠭᠯᠡᠯ ᠪᠠ ᠴᠠᠭᠠᠰᠤᠨ ᠡᠬᠡ ᠳᠠᠩᠰᠠ᠂ ᠡᠯᠧᠺᠲᠷᠣᠨ ᠡᠬᠡ ᠳᠠᠩᠰᠠ ᠵᠢᠴᠢ ᠲᠤᠭ᠎ᠠ ᠪᠦᠷᠢᠳᠬᠡᠯ ᠤᠨ ᠡᠬᠡ ᠳᠠᠩᠰᠠ᠂ ᠮᠡᠳᠡᠭᠦᠯᠬᠦ ᠬᠦᠰᠦᠨᠦᠭᠲᠦ ᠶᠢ ᠴᠤᠭᠯᠠᠭᠤᠯᠬᠤ᠂ ᠳᠠᠩᠰᠠ ᠡᠪᠬᠡᠮᠡᠯ ᠳᠤ ᠣᠷᠣᠭᠤᠯᠬᠤ ᠪᠠ ᠬᠠᠳᠠᠭᠠᠯᠠᠬᠤ᠂ ᠦᠨᠳᠦᠰᠦ ᠪᠠᠷᠢᠮᠲᠠ ᠲᠠᠢ᠂ ᠪᠠᠶᠢᠴᠠᠭᠠᠬᠤ ᠪᠠᠷᠢᠮᠲᠠ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠲᠤᠭ᠎ᠠ ᠪᠦᠷᠢᠳᠬᠡᠯ ᠤᠨ ᠠᠵᠢᠯᠲᠠᠳ ︽ᠪᠠᠶᠠᠨᠨᠠᠭᠤᠷ ᠬᠤᠲᠠ ᠶᠢᠨ ᠨᠡᠷᠡᠰ ᠤᠨ ᠬᠥᠮᠥᠷᠭᠡ ᠶᠢᠨ ᠬᠥᠳᠡᠯᠦᠩᠭᠦᠶ ᠬᠠᠮᠠᠭᠠᠯᠠᠵᠤ ᠰᠢᠨᠡᠳᠬᠡᠬᠦ ᠠᠵᠢᠯ ᠤᠨ ᠲᠥᠰᠦᠯ︾ ᠢ ᠴᠢᠩᠭ᠎ᠠ ᠵᠢᠷᠤᠮᠯᠠᠨ ᠰᠠᠷ᠎ᠠ ᠪᠠᠷ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠪᠣᠯᠤᠨ ᠬᠤᠪᠢ ᠶᠢᠨ ᠡᠵᠡᠩᠨᠡᠯᠲᠡ ᠶᠢᠨ ᠨᠡᠷᠡᠰ ᠤᠨ ᠬᠥᠮᠥᠷᠭᠡ ᠶᠢᠨ ᠲᠤᠭ᠎ᠠ ᠪᠦᠷᠢᠳᠭᠡᠯ ᠤᠨ ᠡᠬᠡ ᠲᠠᠩᠰᠠ ᠶᠢ ᠨᠢᠭᠡᠳᠬᠡᠬᠦ ᠪᠠ ᠰᠢᠨᠡᠳᠬᠡᠨ ᠬᠠᠮᠠᠭᠠᠯᠠᠬᠤ ᠶᠢ ᠰᠠᠶᠢᠲᠤᠷ ᠠᠳᠬᠤᠬᠤ ᠬᠡᠷᠡᠭᠲᠡᠶ᠃ ᠰᠤᠮᠤ ᠤᠨ ᠺᠠᠷᠲ ᠲᠣᠰᠬᠤᠨ ᠤ ᠺᠠᠷᠲ᠂ ᠲᠠᠷᠢᠶᠠᠯᠠᠩ ᠮᠠᠯ ᠠᠵᠤ ᠠᠬᠤᠢ ᠶᠢᠨ ᠦᠶᠯᠡᠳᠪᠦᠷᠢᠯᠡᠯ ᠤᠨ ᠪᠠᠶᠢᠳᠠᠯ ᠵᠡᠷᠭᠡ ᠶᠢ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠬᠡᠷᠡᠮ ᠳᠤ ᠭᠠᠷᠬᠤ ᠵᠢᠷᠤᠭ ᠬᠦᠰᠦᠨᠦᠭᠲᠦ ᠪᠠ ᠲᠦᠷᠢᠮ ᠳᠠᠬᠢ ︽ᠨᠠᠢᠮᠠ ᠶᠢ ᠨᠠᠢᠮᠠᠵᠢᠭᠤᠯᠬᠤ︾ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠬᠦ ᠬᠡᠷᠡᠭᠲᠡᠶ᠃ ᠬᠡᠷᠡᠮ ᠳᠡᠭᠡᠷ᠎ᠡ ᠭᠠᠷᠬᠤ ᠵᠢᠷᠤᠭ ᠬᠦᠰᠦᠨᠦᠭᠲᠦ᠂ ᠡᠬᠡ ᠳᠠᠩᠰᠠ ᠶᠢᠨ ᠮᠡᠳᠡᠭᠦᠯᠬᠦ ᠬᠦᠰᠦᠨᠦᠭᠲᠦ᠂ ᠳᠦᠷᠢᠮ ᠲᠣᠭᠲᠠᠭᠠᠯ᠂ ᠮᠠᠲ᠋ᠧᠷᠢᠶᠠᠯ ᠳᠠᠩᠰᠠ ᠡᠪᠬᠡᠮᠡᠯ ᠵᠡᠷᠭᠡ ᠴᠥᠮ ᠬᠠᠷᠢᠴᠠᠩᠭᠤᠶ ᠪᠠᠷ ᠨᠢᠭᠡᠳᠦᠯᠲᠡᠶ ᠵᠢᠷᠤᠮᠵᠢᠭᠤᠯᠤᠨ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢᠭᠡᠳᠦᠯᠲᠠᠢ ᠬᠠᠷᠢᠭᠤᠴᠠᠵᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠥᠪᠯᠡᠷᠡᠭᠦᠯᠦᠨ ᠰᠢᠯᠭᠠᠨ ᠠᠪᠬᠤ ᠶᠢ ᠬᠦᠯᠢᠶᠡᠬᠦ ᠬᠡᠷᠡᠭᠲᠡᠶ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠴᠠᠭ ᠲᠤᠬᠠᠶ ᠳᠤᠨᠢ ᠰᠣᠨᠣᠰᠴᠦ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠶᠳᠪᠦᠷᠢᠯᠡᠬᠦ ᠬᠡᠷᠡᠭᠲᠡᠶ᠃ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠤᠨ ᠲᠤᠭ᠎ᠠ ᠪᠦᠷᠢᠳᠬᠡᠯ ᠤᠨ ᠠᠵᠢᠯ ᠤᠨ ᠵᠠᠷᠤᠳᠠᠯ ᠢ ᠲᠥᠰᠦᠪ ᠲᠡᠭᠡᠨ ᠣᠷᠣᠭᠤᠯᠬᠤ ᠶᠢᠨ ᠬᠠᠮᠲᠤ ᠪᠠᠲᠤᠯᠠᠬᠤ ᠬᠡᠷᠡᠭᠲᠡᠶ᠃ ᠲᠤᠭ᠎ᠠ ᠪᠦᠷᠢᠳᠬᠡᠯ ᠤᠨ ᠠᠵᠢᠯ ᠤᠨ ᠬᠡᠪ ᠢᠶᠠᠷ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠰᠣᠮᠣ ᠪᠠᠯᠭᠠᠰᠤ ︵ᠲᠠᠷᠢᠶᠠᠯᠠᠩ ᠤᠨ ᠲᠠᠯᠠᠪᠠᠢ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠲᠤᠭ᠎ᠠ ᠪᠦᠷᠢᠳᠬᠡᠯ ᠤᠨ ᠵᠢᠷᠤᠮᠵᠢᠭᠰᠠᠨ ᠪᠠᠶᠢᠭᠤᠯᠤᠯᠲᠠ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠦ᠂ ︽ᠨᠠᠢᠮᠠ ᠶᠢ ᠨᠠᠢᠮᠠᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠨᠢᠭᠡᠳᠦᠭᠡᠷ ᠭᠠᠷ ᠪᠡᠶ᠎ᠡ ᠪᠠᠷ ᠢᠶᠠᠨ ᠭᠠᠷ ᠬᠥᠳᠡᠯᠵᠦ᠂ ᠪᠡᠶ᠎ᠡ ᠪᠠᠷ ᠢᠶᠠᠨ ᠲᠦᠯᠬᠢᠨ ᠠᠬᠢᠭᠤᠯᠵᠦ᠂ ᠴᠠᠭ ᠲᠤᠬᠠᠶ ᠳᠤᠨᠢ ᠲᠤᠰᠬᠠᠶ ᠠᠩᠭᠢ ᠲᠤᠰᠬᠠᠶ ᠬᠥᠮᠦᠨ ᠢ ᠵᠣᠬᠢᠶᠠᠨ ᠪᠠᠶᠢᠭᠤᠯᠵᠤ᠂ ᠲᠤᠰᠬᠠᠶ ᠵᠦᠢᠯ ᠤᠨ ᠲᠦᠯᠬᠢᠨ ᠠᠬᠢᠭᠤᠯᠬᠤ ᠶᠢ ᠬᠡᠷᠡᠭᠵᠢᠭᠦᠯᠵᠦ᠂ ᠬᠦᠴᠢᠷ ᠠᠰᠠᠭᠤᠳᠠᠯ ᠲᠦᠭᠵᠢᠷᠡᠯ ᠤᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢᠨ ᠲᠠᠯ᠎ᠠ ᠪᠠᠷ ᠬᠦᠴᠦ ᠣᠷᠣᠭᠤᠯᠵᠤ᠂ ᠲᠦᠷᠢᠮ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠬᠠᠷᠠᠯᠲᠠ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃      ︵ᠬᠤᠶᠠᠷ︶ ᠬᠢᠨᠠᠨ ᠰᠢᠯᠭᠠᠵᠤ ᠪᠠᠶᠢᠴᠠᠭᠠᠬᠤ ᠪᠠ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠰᠢᠶᠠᠨ ᠤ ᠵᠠᠰᠠᠭ ᠤᠨ ᠣᠷᠳᠣᠨ ︽ᠰᠠᠨᠠᠯ︾ ᠪᠣᠯᠤᠨ ︽ᠬᠡᠷᠡᠭᠵᠢᠭᠦᠯᠬᠦ ᠰᠠᠨᠠᠯ︾ ᠢ ᠰᠤᠷᠤᠯᠴᠠᠵᠤ ᠲᠤᠤᠱᠯᠠᠭᠤᠯᠤᠨ ᠨᠠᠶᠢᠳᠠᠪᠦᠷᠢᠵᠢᠭᠤᠯᠤᠭᠰᠠᠨ ᠪᠠᠶᠢᠳᠠᠯ ᠪᠣᠯᠤᠨ ︽ᠨᠠᠢᠮᠠ ᠶᠢ ᠨᠠᠢᠮᠠᠵᠢᠭᠤᠯᠬᠤ︾ ᠪᠦᠲᠦᠭᠡᠨ ᠪᠠᠶᠢᠭᠤᠯᠤᠯᠲᠠ ᠶᠢ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠢ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠵᠢᠯ ᠤᠨ ᠡᠴᠦᠰ ᠤᠨ ᠬᠢᠨᠠᠨ ᠰᠢᠯᠭᠠᠯᠲᠠ ᠳᠤ ᠵᠢᠭᠰᠠᠭᠠᠨ ᠣᠷᠣᠭᠤᠯᠬᠤ ᠬᠡᠷᠡᠭᠲᠡᠶ᠃ ᠱᠠᠲᠤ ᠱᠠᠲᠤ ᠪᠠᠷ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠱᠠᠲᠤ ᠱᠠᠲᠤ ᠪᠠᠷ ᠡᠭᠦᠷᠭᠡ ᠶᠢ ᠵᠠᠳᠠᠯᠬᠤ ᠪᠠᠷ ᠳᠠᠮᠵᠢᠨ᠂ ᠪᠠᠶᠢᠴᠠᠭᠠᠵᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠦ᠂ ᠦᠷ᠎ᠡ ᠪᠦᠲᠦᠮᠵᠢ ᠶᠢ ᠮᠥᠷᠳᠡᠨ ᠪᠠᠶᠢᠴᠠᠭᠠᠬᠤ ᠪᠠ ᠪᠠᠶᠢᠴᠠᠭᠠᠨ ᠨᠠᠶᠢᠳᠠᠪᠤᠷᠢᠵᠢᠭᠤᠯᠬᠤ ᠪᠠᠨ ᠴᠢᠩᠭᠠᠳᠬᠠᠵᠦ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ︽ᠰᠠᠨᠠᠯ︾ ᠪᠣᠯᠤᠨ ︽ᠬᠡᠷᠡᠭᠵᠢᠭᠦᠯᠬᠦ ᠰᠠᠨᠠᠯ︾ ᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠠᠷᠭ᠎ᠠ ᠪᠠᠷᠢᠯ ᠪᠤᠯᠤᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠳ ᠤᠨ ᠨᠡᠶᠢᠲᠡᠯᠢᠭ ᠲᠤᠷᠰᠢᠯᠭ᠎ᠠ ᠶᠢ ᠴᠠᠭ ᠲᠤᠬᠠᠶ ᠲᠤᠨᠢ ᠢᠯᠡᠷᠡᠭᠦᠯᠵᠦ ᠳ᠋ᠦᠩᠨᠡᠨ᠎ᠡ᠃ ᠰᠣᠯᠢᠯᠴᠠᠭ᠎ᠠ ᠪᠠ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠨ᠎ᠠ᠃ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠲᠤ ᠲᠤᠭ᠎ᠠ ᠪᠦᠷᠢᠳᠬᠡᠯ ᠤᠨ ᠠᠵᠢᠯ ᠬᠢᠵᠦ ᠪᠠᠶᠢᠭ᠎ᠠ 20 ᠵᠢᠯ ᠠᠴᠠ ᠳᠡᠭᠡᠭᠰᠢ ᠠᠵᠢᠯ ᠬᠢᠵᠦ ᠪᠠᠶᠢᠭ᠎ᠠ ᠠᠵᠢᠯᠲᠠᠨ ᠳᠤ ᠢᠷᠠᠭᠤ ᠠᠯᠳᠠᠷ ᠤᠨ ᠦᠨᠡᠮᠯᠡᠯ ᠣᠯᠭᠤᠬᠤ ᠬᠡᠷᠡᠭᠲᠡᠶ᠃      ︵ᠭᠤᠷᠪᠠ︶ ᠲᠤᠭ᠎ᠠ ᠪᠦᠷᠢᠳᠬᠡᠯ ᠤᠨ ᠤᠬᠠᠭᠤᠯᠭ᠎ᠠ ᠪᠠ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠨᠡᠶᠢᠭᠡᠮ ᠤᠨ ᠠᠵᠢᠯ ᠤᠨ ᠦᠶᠯᠡᠴᠢᠯᠡᠭᠡᠨ ᠤ ᠲᠥᠪ ᠨᠢ ᠡᠯ᠎ᠡ ᠵᠦᠶᠯ ᠤᠨ ᠵᠠᠭᠤᠴᠢᠯᠠᠭᠤᠷ ᠪᠣᠯᠤᠨ ᠤᠯᠠᠮᠵᠢᠯᠠᠬᠤ ᠠᠷᠭ᠎ᠠ ᠪᠠᠷᠢᠯ ᠢ ᠬᠦᠢᠴᠡᠳ ᠠᠰᠢᠭᠯᠠᠵᠤ᠂ ᠦᠨᠳᠦᠰᠦᠨ ᠱᠠᠲᠤᠨ ᠤ ᠪᠠᠶᠢᠴᠠᠭᠠᠨ ᠰᠤᠳᠤᠯᠤᠯᠲᠠ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠵᠡᠷᠭᠡ ᠣᠯᠠᠨ ᠵᠦᠶᠯ ᠤᠨ ᠬᠡᠯᠪᠡᠷᠢ ᠮᠠᠶ᠋ᠢᠭ ᠲᠠᠢ ᠤᠶᠠᠯᠳᠤᠭᠤᠯᠤᠨ᠂ ᠲᠤᠭ᠎ᠠ ᠪᠦᠷᠢᠳᠬᠡᠯ ᠤᠨ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ︽ᠰᠠᠨᠠᠯ︾ ᠪᠠ ︽ᠬᠡᠷᠡᠭᠵᠢᠭᠦᠯᠬᠦ ᠰᠠᠨᠠᠯ︾ ᠳᠤ ᠭᠤᠤᠯᠳᠠᠯᠭ᠎ᠠ ᠲᠠᠢ ᠴᠢᠭᠯᠡᠭᠦᠯᠦᠨ ᠥᠷᠭᠡᠨ ᠢᠶᠠᠷ ᠤᠬᠠᠭᠤᠯᠤᠨ ᠲᠠᠶᠢᠯᠤᠮᠵᠢ ᠬᠢᠵᠦ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ︽ᠬᠠᠭᠤᠷᠮᠠᠭ ᠲᠤᠭ᠎ᠠ ᠭᠠᠷᠬᠤ ᠦᠭᠡᠢ︾᠂ ︽ᠦᠨᠡᠨ ᠪᠣᠳᠠᠲᠠᠶ ᠢᠲᠡᠭᠡᠵᠦ ᠪᠣᠯᠬᠤ︾ ᠥᠷᠲᠡᠭ ᠤᠨ ᠬᠠᠨᠳᠤᠰᠢ ᠪᠠ ᠠᠵᠢᠯᠯᠠᠭ᠎ᠠ ᠶᠢᠨ ᠬᠡᠪ ᠰᠤᠷᠲᠠᠯ ᠢ ᠪᠦᠬᠦ ᠲᠠᠯ᠎ᠠ ᠪᠠᠷ ᠪᠤᠢ ᠪᠣᠯᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠬᠦ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠡᠶ᠃                   ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ      ︽ᠦᠶᠤᠸᠠᠨ ᠰᠢᠶᠠᠨ ᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄      ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠦᠶᠤᠸᠠᠨ ᠰᠢᠶᠠᠨ ᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                    2020 ᠣᠨ ᠤ 9 ᠰᠠᠷ᠎ᠠ ᠶᠢᠨ 7 ᠤ ᠡᠳᠦᠷ      ᠦᠶᠤᠸᠠᠨ ᠰᠢᠶᠠᠨ ᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ      ᠬᠥᠬᠡ ᠣᠭᠲᠠᠷᠭᠤᠶ ᠶᠢ ᠬᠠᠮᠠᠭᠠᠯᠠᠬᠤ ᠳᠠᠶᠢᠨ ᠤ ᠢᠯᠠᠯᠲᠠ ᠶᠢ ᠤᠯᠬᠤ ᠶᠢᠨ ᠲᠥᠯᠥᠭᠡ᠂ ᠮᠠᠨ ᠤ ᠰᠢᠶᠠᠨ ᠤ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ᠬᠠᠤᠯᠢ ᠪᠤᠰᠤ ᠲᠣᠰᠣ ᠨᠡᠮᠡᠬᠦ ᠥᠷᠲᠡᠭᠡ ︵ᠴᠡᠭ᠂ ᠲᠡᠷᠭᠡ︶ ᠶᠢᠨ ᠠᠰᠠᠭᠤᠳᠠᠯ ᠢ ᠲᠦᠢᠯᠪᠤᠷᠢᠲᠠᠶ ᠠᠷᠢᠯᠭᠠᠵᠤ᠂ ᠪᠣᠯᠪᠠᠰᠤᠷᠠᠭᠤᠯᠤᠭᠰᠠᠨ ᠲᠣᠰᠣ ᠶᠢ ᠬᠠᠤᠯᠢ ᠪᠤᠰᠤ ᠪᠠᠷ ᠡᠵᠡᠩᠨᠡᠬᠦ᠂ ᠬᠠᠤᠯᠢ ᠪᠤᠰᠤ ᠪᠠᠷ ᠬᠠᠳᠠᠭᠠᠯᠠᠬᠤ᠂ ᠬᠠᠤᠯᠢ ᠪᠤᠰᠤ ᠪᠠᠷ ᠵᠥᠭᠡᠭᠡᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠦᠷᠭᠦᠯᠵᠢᠯᠡᠨ ᠴᠢᠩᠭ᠎ᠠ ᠴᠣᠬᠢᠯᠲᠠ ᠥᠭᠴᠦ᠂ ᠡᠵᠡᠩᠨᠡᠭᠴᠢᠳ ᠪᠣᠯᠤᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠶ᠂ ᠨᠡᠶᠢᠭᠡᠮ᠂ ᠠᠮᠢ ᠠᠬᠤᠶ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠬᠤ ᠲᠤᠬᠠᠶ ᠰᠢᠶᠠᠨ ᠤ ᠵᠠᠰᠠᠭ ᠤᠨ ᠣᠷᠳᠣᠨ ᠠᠴᠠ ᠲᠤᠰ ᠡᠳᠦᠷ ᠠᠴᠠ ᠡᠬᠢᠯᠡᠨ 2020 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ ᠪᠦᠬᠦ ᠰᠢᠶᠠᠨ ᠤ ᠬᠡᠪᠴᠢᠶᠡᠨ ᠳᠤ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ︽ᠤᠷᠤᠰᠬᠠᠯ ᠤᠨ ᠬᠠᠷ᠎ᠠ︾ ︵ᠥᠪᠡᠷ ᠢᠶᠠᠨ ᠲᠣᠰᠣ ᠨᠡᠮᠡᠬᠦ ᠰᠠᠪᠠ᠂ ᠲᠣᠰᠣ ᠨᠡᠮᠡᠬᠦ ᠨᠡᠭᠦᠳᠡᠯ ᠲᠡᠷᠭᠡ᠂ ᠲᠣᠰᠣ ᠨᠡᠮᠡᠬᠦ ᠬᠠᠷ᠎ᠠ ᠴᠡᠭ︶ ᠵᠡᠷᠭᠡ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠬᠠᠤᠯᠢ ᠪᠤᠰᠤ ᠪᠠᠷ ᠡᠵᠡᠩᠨᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠷ ᠲᠣᠭᠲᠠᠪᠠ᠃      ᠨᠢᠭᠡ᠂ ᠠᠵᠢᠯ ᠤᠨ ᠬᠠᠷᠠᠯᠲᠠ      ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠᠷ ᠳᠡᠮᠵᠢᠨ᠂ ᠬᠠᠤᠯᠢ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠭᠰᠠᠨ ᠴᠢᠯᠠᠭᠤᠨ ᠲᠣᠰᠣ ᠶᠢ ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠪᠣᠷᠣᠯᠠᠭᠤᠯᠬᠤ ᠦᠶ᠋ᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠭᠤᠷᠮᠠᠭ ᠡᠳ᠋ ᠦᠶ᠋ᠯᠡᠳᠬᠦ᠂ ᠬᠠᠭᠤᠷᠮᠠᠭ ᠡᠳ᠋ ᠪᠣᠷᠣᠯᠠᠭᠤᠯᠬᠤ᠂ ᠦᠨᠡᠮᠯᠡᠯ ᠥᠬᠡᠶ ᠪᠠᠷ ᠡᠵᠡᠩᠨᠡᠬᠦ᠂ ᠰᠢᠯᠵᠢᠮᠡᠯ ᠲᠣᠰᠣ ᠨᠡᠮᠡᠬᠦ ᠵᠡᠷᠭᠡ ᠦᠵᠡᠭᠳᠡᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠣᠯᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠤᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠪᠥᠬᠦ ᠰᠢᠶᠠᠨ ᠤ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠵᠢᠷᠤᠮᠵᠢᠯ ᠲᠠᠢ᠂ ᠡᠮᠬᠢ ᠵᠢᠷᠤᠮ ᠲᠠᠢ᠂ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠵᠤ ᠠᠬᠤᠶᠢᠯᠠᠯ ᠢ ᠰᠢᠪᠠᠳᠠᠵᠤ ᠪᠠᠶᠢᠭᠠᠳ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠲᠠᠯᠳᠠ ᠭᠡᠮ ᠢ ᠠᠷᠢᠯᠭᠠᠨ᠂ ᠡ᠊ᠨᠳᠡᠯ ᠭᠠᠷᠬᠤ ᠶᠢ ᠪᠦᠲᠦᠮᠵᠢᠲᠡᠶ ᠪᠠᠷ ᠬᠤᠷᠢᠭᠯᠠᠵᠤ᠂ ᠥᠷᠭᠡᠨ ᠤᠯᠠᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃      ᠬᠤᠶᠠᠷ᠂ ᠴᠡᠭᠴᠡᠯᠡᠨ ᠵᠠᠰᠠᠬᠤ ᠭᠤᠣᠯᠳᠠᠯᠭ᠎ᠠ      1. ᠬᠠᠤᠯᠢ ᠪᠤᠰᠤ ᠪᠠᠷ ᠡᠵᠡᠩᠨᠡᠭᠰᠡᠨ ᠠᠵᠢᠯᠯᠠᠭ᠎ᠠ᠃ ᠡᠭᠦᠨ ᠳᠤ ︽ᠠᠶᠤᠯᠲᠠᠶ ᠬᠢᠮᠢ ᠶᠢᠨ ᠵᠦᠢᠯ ᠢ ᠡᠵᠡᠩᠨᠡᠬᠦ ᠵᠥᠪᠰᠢᠶᠡᠷᠡᠯ ᠤᠨ ᠦᠨᠡᠮᠯᠡᠯ︾᠂ ︽ᠪᠣᠯᠪᠠᠰᠤᠷᠠᠭᠤᠯᠤᠭᠰᠠᠨ ᠲᠤᠰᠤ ᠶᠢ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠪᠠ ︽ᠡᠵᠡᠩᠨᠡᠯᠲᠡ ᠶᠢᠨ ᠦᠨᠡᠮᠯᠡᠯ︾ ᠵᠡᠷᠭᠡ ᠶᠢ ᠬᠠᠤᠯᠢ ᠶᠣᠰᠣᠭᠠᠷ ᠣᠯᠤᠭᠰᠠᠨ ᠦᠭᠡᠢ ᠪᠠᠷ ᠪᠣᠯᠪᠠᠰᠤᠷᠠᠭᠤᠯᠤᠭᠰᠠᠨ ᠲᠤᠰᠤ ᠶᠢ ᠡᠵᠡᠩᠨᠡᠬᠦ ᠠᠵᠢᠯᠯᠠᠭ᠎ᠠ ᠶᠢ ᠳᠤᠷ᠎ᠠ ᠪᠠᠷ ᠢᠶᠠᠨ ᠬᠢᠭᠰᠡᠨ ᠦᠢᠯᠡ ᠠᠵᠢᠯᠯᠠᠭ᠎ᠠ ᠪᠠᠭᠲᠠᠨ᠎ᠠ᠃      2. ᠪᠣᠯᠪᠠᠰᠤᠷᠠᠭᠤᠯᠤᠭᠰᠠᠨ ᠴᠢᠯᠠᠭᠤᠨ ᠲᠤᠰᠤ ᠶᠢ ᠬᠠᠤᠯᠢ ᠪᠤᠰᠤ ᠪᠠᠷ ᠬᠠᠳᠠᠭᠠᠯᠠᠭᠰᠠᠨ᠂ ᠪᠣᠷᠣᠯᠠᠭᠤᠯᠤᠭᠰᠠᠨ ᠦᠢᠯᠡ ᠠᠵᠢᠯᠯᠠᠭ᠎ᠠ᠃ ᠡᠭᠦᠨ ᠳᠤ ᠲᠣᠰᠣ ᠬᠠᠳᠠᠭᠠᠯᠠᠬᠤ ᠰᠠᠪᠠ ᠶᠢ ᠳᠤᠷ᠎ᠠ ᠪᠠᠷ ᠢᠶᠠᠨ ᠪᠠᠶᠢᠭᠤᠯᠬᠤ᠂ ᠪᠣᠯᠪᠠᠰᠤᠷᠠᠭᠤᠯᠤᠭᠰᠠᠨ ᠲᠣᠰᠣ ᠶᠢ ᠬᠠᠤᠯᠢ ᠪᠤᠰᠤ ᠪᠠᠷ ᠬᠠᠳᠠᠭᠠᠯᠠᠬᠤ᠂ ᠲᠣᠰᠣ ᠰᠠᠪᠠᠯᠠᠬᠤ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠢᠴᠢ ᠲᠣᠰᠣ ᠨᠡᠮᠡᠬᠦ ᠪᠡᠯᠡᠳᠬᠡᠮᠵᠢ ᠶᠢ ᠬᠥᠰᠢᠵᠦ ᠰᠠᠪᠠᠯᠠᠬᠤ ᠳᠤ ᠥᠪᠡᠷ ᠢᠶᠠᠨ ᠬᠡᠷᠡᠭᠯᠡᠬᠦ ᠪᠠᠷ ᠬᠠᠯᠬᠠᠪᠴᠢ ᠪᠣᠯᠭᠠᠵᠤ ᠦᠨᠡᠮᠯᠡᠯ ᠥᠬᠡᠶ ᠦᠨᠡᠮᠯᠡᠯ ᠥᠬᠡᠶ ᠪᠠᠷ ᠪᠣᠯᠪᠠᠰᠤᠷᠠᠭᠤᠯᠤᠭᠰᠠᠨ ᠲᠣᠰᠣ ᠶᠢ ᠬᠠᠤᠯᠢ ᠪᠤᠰᠤ ᠪᠠᠷ ᠪᠣᠷᠣᠯᠠᠭᠤᠯᠤᠭᠰᠠᠨ ᠦᠶ᠋ᠯᠡ ᠠᠵᠢᠯᠯᠠᠭ᠎ᠠ ᠪᠠᠭᠲᠠᠨ᠎ᠠ᠃      3. ᠲᠣᠭᠲᠠᠭᠠᠯ ᠳᠤ ᠤᠢᠯᠦ ᠨᠡᠶᠢᠴᠡᠬᠦ ᠲᠤᠰᠦᠠ ᠤ ᠵᠦᠢᠯ ᠢ ᠪᠣᠷᠣᠯᠠᠭᠤᠯᠤᠭᠰᠠᠨ ᠠᠵᠢᠯᠯᠠᠭ᠎ᠠ᠃ ᠡᠭᠦᠨ ᠳᠤ ᠤᠯᠤᠰ ᠤᠨ ᠪᠠᠷᠢᠮᠵᠢᠶ᠎ᠠ ᠳᠤ ᠤᠢᠯᠦ ᠨᠡᠶᠢᠴᠡᠬᠦ ᠲᠤᠰᠦᠠ ᠤ ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠲᠤᠰᠦᠠ ᠤ ᠵᠦᠢᠯ ᠲᠠᠢ ᠬᠤᠯᠢᠯᠳᠤᠭᠤᠯᠤᠨ ᠪᠣᠷᠣᠯᠠᠭᠤᠯᠬᠤ᠂ ᠪᠣᠯᠪᠠᠰᠤᠷᠠᠭᠤᠯᠤᠭᠰᠠᠨ ᠲᠤᠰᠦ ᠶᠢ ᠬᠠᠤᠯᠢ ᠪᠤᠰᠤ ᠪᠠᠷ ᠨᠢᠭᠤᠴᠠ ᠪᠠᠷ ᠠᠷᠠᠯᠵᠢᠶᠠᠯᠠᠬᠤ ᠵᠡᠷᠭᠡ ᠤᠢᠢᠯᠠ ᠠᠵᠢᠯᠯᠠᠭ᠎ᠠ ᠪᠠᠭᠲᠠᠨ᠎ᠠ᠃      ᠭᠤᠷᠪᠠ᠂ ᠠᠵᠢᠯ ᠤᠨ ᠲᠣᠬᠢᠷᠠᠭᠤᠯᠤᠯᠲᠠ    1. ᠪᠠᠶᠢᠷᠢᠯᠠᠭᠤᠯᠤᠨ ᠳᠠᠶᠢᠴᠢᠯᠠᠬᠤ ᠱᠠᠳᠤ ᠦᠶ᠎ᠡ ︵8 ᠰᠠᠷ᠎ᠠ ᠶᠢᠨ ᠰᠡᠭᠦᠯᠴᠢ︶᠃ ︽ᠦᠶᠤᠸᠠᠨ ᠰᠢᠶᠠᠨ ᠤ ᠪᠣᠯᠪᠠᠰᠤᠷᠠᠭᠤᠯᠤᠭᠰᠠᠨ ᠲᠣᠰᠣᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠠᠵᠢᠯ ᠤᠨ ᠬᠠᠷᠠᠯᠲᠠ᠂ ᠴᠡᠭᠴᠡᠯᠡᠨ ᠵᠠᠰᠠᠬᠤ ᠭᠤᠤᠯᠳᠠᠯᠭ᠎ᠠ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠡᠯ᠎ᠡ ᠰᠤᠮᠤ ᠪᠠᠯᠭᠠᠰᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃    2. ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠱᠠᠲᠤ ᠦᠶ᠎ᠡ ︵9 ᠰᠠᠷ᠎ᠠ ᠶᠢᠨ ᠰᠢᠨᠡᠳ ᠠᠴᠠ 11 ᠰᠠᠷ᠎ᠠ ᠶᠢᠨ ᠰᠡᠭᠦᠯᠴᠢ ᠪᠣᠯᠲᠠᠯ᠎ᠠ︶᠃ ᠤᠯᠠᠨ ᠰᠠᠯᠠᠭ᠎ᠠ ᠮᠥᠴᠢᠷ ᠬᠤᠯᠪᠣᠭᠠᠯᠠᠨ᠂ ᠪᠦᠬᠦ ᠰᠢᠶᠠᠨ ᠳᠤ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠵᠠᠬ᠎ᠠ ᠳᠡᠯᠭᠡᠭᠦᠷ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠪᠣᠯᠪᠠᠰᠤᠷᠠᠭᠤᠯᠤᠭᠰᠠᠨ ᠴᠢᠯᠠᠭᠤᠨ ᠲᠤᠰᠤ ᠶᠢ ᠨᠢᠭᠤᠴᠠ ᠪᠠᠷ ᠠᠷᠠᠯᠵᠢᠶᠠᠯᠠᠬᠤ᠂ ᠠᠭᠠᠷ ᠮᠠᠨᠳᠠᠯ ᠤᠨ ᠪᠣᠬᠢᠷᠲᠤᠯ ᠢ ᠴᠡᠭᠴᠡᠯᠡᠨ ᠵᠠᠰᠠᠬᠤ ᠵᠡᠷᠭᠡ ᠠᠵᠢᠯ ᠳᠤ ᠴᠣᠬᠢᠯᠲᠠ ᠥᠭᠬᠦ ᠲᠠᠢ ᠤᠶᠠᠯᠳᠤᠭᠤᠯᠤᠨ᠂ ᠬᠠᠤᠯᠢ ᠲᠣᠭᠲᠠᠭᠠᠯ ᠢ ᠵᠥᠷᠢᠴᠡᠨ ᠪᠣᠯᠪᠠᠰᠤᠷᠠᠭᠤᠯᠤᠭᠰᠠᠨ ᠴᠢᠯᠠᠭᠤᠨ ᠲᠤᠰᠤ ᠶᠢ ᠪᠣᠷᠣᠯᠠᠭᠤᠯᠬᠤ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠴᠦ᠂ ᠡᠵᠡᠩᠨᠡᠯᠲᠡ ᠶᠢᠨ ᠡᠭᠦᠷ ᠢ ᠡᠪᠳᠡᠵᠦ᠂ ᠬᠠᠤᠯᠢ ᠪᠤᠰᠤ ᠪᠡᠯᠡ ᠮᠥᠩᠭᠦᠨ ᠤ ᠬᠡᠯᠬᠢᠶ᠎ᠡ ᠶᠢ ᠲᠠᠰᠤᠯᠵᠤ᠂ ᠶᠠᠯᠠᠲᠤ ᠡᠲᠡᠭᠡᠳ ᠢ ᠴᠢᠩᠭ᠎ᠠ ᠰᠢᠳᠬᠡᠪᠡ᠃ ᠴᠣᠬᠢᠯᠲᠠ ᠥᠭᠬᠦ ᠰᠦᠷ ᠬᠦᠴᠦᠲᠦ ᠪᠠᠶᠢᠳᠠᠯ ᠢᠶᠠᠷ ᠳᠠᠮᠵᠢᠭᠤᠯᠤᠨ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠬᠠᠮᠠᠭᠠᠯᠠᠨ᠎ᠠ᠃    3. ᠦᠷ᠎ᠡ ᠪᠦᠲᠦᠭᠡᠯ ᠢᠶᠠᠨ ᠪᠠᠲᠤᠳᠬᠠᠬᠤ ᠱᠠᠲᠤ ᠦᠶ᠎ᠡ ︵12 ᠰᠠᠷ᠎ᠠ︶᠃ ᠡᠯ᠎ᠡ ᠰᠤᠮᠤ ᠪᠠᠯᠭᠠᠰᠤᠨ ᠤ ᠡᠯ᠎ᠡ ᠰᠠᠯᠠᠭ᠎ᠠ ᠮᠥᠴᠢᠷ ᠤᠨ ᠴᠡᠭᠴᠡᠯᠡᠨ ᠵᠠᠰᠠᠬᠤ ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢ ᠳ᠋ᠦᠩᠨᠡᠨ ᠰᠣᠯᠢᠯᠴᠠᠨ᠎ᠠ᠃ ᠨᠢᠭᠡ ᠪᠦᠯᠦᠭ ᠨᠡᠶᠢᠲᠡᠯᠢᠭ ᠬᠡᠷᠡᠭ᠂ ᠢᠯᠠᠩᠭᠤᠶ᠎ᠠ ᠬᠠᠤᠯᠢ ᠪᠤᠰᠤ ᠪᠠᠷ ᠡᠵᠡᠩᠨᠡᠵᠦ ᠴᠡᠭᠴᠡᠯᠡᠨ ᠵᠠᠰᠠᠭᠰᠠᠨ ︽ᠤᠷᠤᠰᠬᠠᠯ ᠤᠨ ᠬᠠᠷ᠎ᠠ ᠬᠡᠷᠡᠭ︾ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃ ᠡᠭᠦᠨ ᠤ ᠬᠠᠮᠲᠤ ᠵᠠᠭᠤᠴᠢᠯᠠᠭᠤᠷ ᠢᠶᠠᠷ ᠳᠠᠮᠵᠢᠭᠤᠯᠤᠨ ᠲᠤᠰᠬᠠᠶ ᠴᠡᠭᠴᠡᠯᠡᠨ ᠵᠠᠰᠠᠭᠰᠠᠨ ᠦᠷ᠎ᠡ ᠪᠦᠲᠦᠭᠡᠯ ᠤᠨ ᠲᠤᠬᠠᠶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠦᠷᠳᠡᠭᠦᠯᠬᠦ ᠦᠶ᠋ᠯᠡᠳᠦᠯ ᠢᠶᠠᠨ ᠴᠢᠩᠭᠠᠷᠠᠭᠤᠯᠤᠨ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠥᠭᠡᠳ ᠪᠦᠲᠦᠮᠵᠢᠲᠡᠶ ᠥᠷᠨᠢᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠷᠢᠯᠳᠦᠬᠦᠨ ᠨᠢ ᠳᠣᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠴᠧᠨ ᠺᠠᠶ ᠯᠢᠶᠠᠩ   ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ      ᠳᠡᠳ᠋ ᠳᠤᠭᠤᠶᠢᠯᠠᠩ ᠤᠨ ᠳᠠᠷᠤᠭ᠎ᠠ᠄ ᠸᠠᠩ ᠺᠠᠶ ᠵᠢᠶᠦ᠋ᠨ   ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ      ᠡᠦ ᠷᠦᠢ   ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠪᠦᠷᠢᠯᠳᠦᠬᠦᠨ᠄ ᠪᠠᠶ ᠶᠦᠩ ᠭᠤᠸᠠᠩ   ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ      ᠶᠤᠸᠠᠢ ᠯᠢ ᠫᠢᠩ   ᠵᠠᠰᠠᠭ ᠤᠨ ᠣᠷᠳᠣᠨ ᠤ ᠠᠯᠪᠠᠨ ᠬᠡᠷ ᠤᠨ ᠲᠤᠰᠢᠶᠠᠯ ᠡᠭᠦᠷᠭᠡᠯᠡᠬᠦ ᠳᠡᠳ᠋ ᠡᠷᠬᠢᠯᠡᠭᠴᠢ      ᠯᠢᠦ ᠸᠧᠶ ᠭᠦᠸᠧ   ᠵᠠᠰᠠᠭ ᠤᠨ ᠣᠷᠳᠣᠨ ᠤ ᠠᠯᠪᠠᠨ ᠭᠡᠷ ᠤᠨ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠡᠷᠬᠢᠯᠡᠭᠴᠢ      ᠶᠤᠸᠠᠨ ᠫᠸᠢ ᠼᠠᠢ   ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠸᠠᠩ ᠵᠢᠶᠦ᠋ᠨ ᠶᠤᠸᠠᠨ   ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ      ᠯᠢᠦ ᠴᠢᠨ   ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ      ᠯᠢ ᠫᠤᠩ ᠹᠸᠢ   ᠠᠮᠢ ᠠᠬᠤᠶ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶᠠᠨ ᠤ ᠳᠠᠷᠤᠭ᠎ᠠ      ᠯᠢᠦ ᠰᠧ ᠶᠦᠩ   ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ      ᠯᠢ ᠪᠥᠸᠧ   ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ      ᠸᠠᠩ ᠵᠢᠶᠦ᠋ᠨ   ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ      ᠮᠠ ᠵᠢᠶᠠᠨ ᠵᠦᠩ   ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ      ᠰᠦᠩ ᠶᠦᠩ ᠭᠠᠩ   ᠳᠤᠮᠳᠠᠳᠤ ᠤᠯᠤᠰ ᠤᠨ ᠴᠢᠯᠠᠭᠤᠨ ᠳᠤᠰᠤᠨ ᠤ ᠦᠢᠯᠡᠰ ᠤᠨ ᠦᠶᠤᠸᠠᠨ ᠡᠵᠡᠩᠨᠡᠯᠲᠡ ᠶᠢᠨ ᠬᠡᠯᠲᠡᠰ ᠤᠨ ᠳᠠᠭᠠᠭᠠᠮᠠᠯ      ᠯᠢ ᠰᠢᠶᠤᠤ ᠮᠢᠩ   ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢ ᠶᠢᠨ ᠦᠶᠤᠸᠠᠨ ᠲᠣᠭᠤᠷᠢᠭ ᠤᠨ ᠳᠠᠭᠠᠭᠠᠮᠠᠯ      ᠤᠳᠤᠷᠢᠳᠬᠤ ᠳᠤᠭᠤᠶᠢᠯᠠᠩ ᠵᠣᠬᠢᠴᠠᠭᠤᠯᠬᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠵᠦ᠂ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠳᠡᠵᠦ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠤᠨ᠂ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠬᠤ ᠶᠢ ᠥᠷᠨᠢᠭᠦᠯᠵᠦ᠂ ᠲᠤᠰᠬᠠᠢ ᠴᠡᠭᠴᠡᠯᠡᠨ ᠵᠠᠰᠠᠬᠤ ᠠᠵᠢᠯ ᠢ ᠬᠦᠴᠦᠲᠡᠢ ᠠᠬᠢᠭᠤᠯᠬᠤ ᠬᠡᠷᠡᠭᠲᠡᠢ᠃ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠦ᠋ ᠷᠦᠢ ᠨᠥᠬᠦᠷ ᠬᠠᠪᠰᠤᠷᠭᠠᠨ ᠬᠠᠷᠢᠭᠤᠴᠠᠨ᠎ᠠ᠃      ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠴᠣᠬᠤᠯᠠᠪᠤᠷᠢ ᠶᠢ ᠦᠨᠳᠦᠰᠦᠯᠡᠨ᠂ ︽ᠬᠠᠷ᠎ᠠ ᠲᠣᠰᠣ ᠨᠡᠮᠡᠬᠦ ᠥᠷᠲᠡᠭᠡ︾ ᠶᠢ ᠴᠠᠭᠠᠵᠠᠯᠠᠬᠤ ᠠᠵᠢᠯ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠨ ᠬᠠᠷᠢᠭᠤᠴᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢ᠂ ᠪᠠᠴᠢᠮ ᠪᠠᠶᠢᠳᠠᠯ ᠢ ᠠᠷᠭᠠᠴᠠᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠬᠠᠮᠵᠢᠯᠴᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ᠂ ᠨᠢᠭᠲᠠ ᠬᠠᠮᠵᠢᠯᠴᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠨᠡᠶᠢᠭᠡᠮ ᠤᠨ ᠬᠤᠤᠷ ᠬᠥᠨᠥᠭᠡᠯ ᠢ ᠥᠷᠭᠡᠨ ᠢᠶᠠᠷ ᠤᠬᠠᠭᠤᠯᠬᠤ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠢ ᠳᠠᠶᠢᠴᠢᠯᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠶᠢ ᠢᠯᠡᠴᠢᠯᠡᠨ ᠮᠡᠳᠡᠭᠦᠯᠵᠦ᠂ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠲᠤᠰᠬᠠᠶ ᠴᠡᠭᠴᠡᠯᠡᠨ ᠵᠠᠰᠠᠬᠤ ᠠᠵᠢᠯ ᠢ ᠤᠶᠢᠯᠠᠭᠠᠨ ᠳᠡᠮᠵᠢᠭᠦᠯᠬᠦ ᠶᠢᠨ ᠬᠠᠮᠲᠤ ᠢᠳᠡᠪᠬᠢᠲᠡᠶ ᠣᠷᠣᠯᠴᠠᠭᠤᠯᠵᠤ᠂ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠵᠡᠷᠭᠡ ᠲᠠᠪᠴᠠᠩ ᠢᠶᠠᠷ ᠳᠠᠮᠵᠢᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠤᠬᠠᠶ ᠶᠢᠨ ᠬᠥᠮᠦᠨ ᠢ ︽ᠬᠠᠷ᠎ᠠ ᠲᠠᠩᠰᠠ︾ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠵᠦ᠂ ︽ᠨᠢᠭᠡ ᠤᠳᠠᠭ᠎ᠠ ᠳᠤ ᠬᠠᠤᠯᠢ ᠠᠴᠠ ᠵᠥᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠬᠢᠵᠠᠭᠠᠷᠯᠠᠬᠤ ᠲᠣᠭᠲᠠᠴᠠ ᠶᠢ ᠴᠢᠩᠭᠠᠷᠠᠭᠤᠯᠤᠨ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠠᠤᠯᠢ ᠲᠣᠭᠲᠠᠭᠠᠯ ᠠᠴᠠ ᠵᠥᠷᠢᠴᠡᠭᠰᠡᠡ ᠦᠢᠯᠡ ᠠᠵᠢᠯᠯᠠᠭ᠎ᠠ ᠶᠢᠨ ᠳᠠᠬᠢᠨ ᠰᠡᠷᠭᠦᠬᠦ ᠶᠢ ᠰᠡᠷᠭᠡᠶᠢᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠨ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠪᠣᠶ ᠪᠣᠯᠭᠠᠬᠤ ᠬᠡᠷᠡᠭᠲᠡᠶ᠃ 1. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠨᠢᠭᠡ ᠳᠤ᠂ ᠬᠠᠤᠯᠢ ᠶᠣᠰᠣᠭᠠᠷ ᠡᠵᠡᠩᠨᠡᠯᠲᠡ ᠶᠢᠨ ᠦᠨᠡᠮᠯᠡᠯ ᠣᠯᠤᠭᠰᠠᠨ ᠥᠬᠡᠶ ᠪᠠᠷ ᠬᠠᠤᠯᠢ ᠪᠤᠰᠤ ᠪᠠᠷ ᠴᠣᠮᠣ ᠪᠠᠨ ᠬᠠᠭᠠᠵᠤ ᠭᠢᠯᠪᠠᠭᠠᠨ ᠴᠡᠭ ᠨᠢ 60℃ ᠠᠴᠠ ᠶᠡᠭᠡ ᠴᠠᠶᠢᠶ᠋ᠢᠦ ᠲᠣᠰᠣ ᠬᠢᠬᠦ ᠡᠵᠡᠩᠨᠡᠯᠲᠡ ᠶᠢᠨ ᠠᠵᠢᠯᠯᠠᠭ᠎ᠠ ᠶᠢ ᠪᠠᠶᠢᠴᠠᠭᠠᠨ ᠰᠢᠶ᠋ᠳᠪᠦᠷᠢᠯᠡᠨ᠎ᠡ᠃ ᠬᠤᠶᠠᠷ ᠲᠤ᠂ ᠤᠯᠤᠰ ᠤᠨ ᠪᠠᠷᠢᠮᠵᠢᠶ᠎ᠠ ᠳᠤ ᠥᠯᠥ ᠨᠡᠶᠢᠴᠡᠬᠦ ᠲᠣᠰᠣᠨ ᠤ ᠵᠦᠢᠯ ᠢ ᠪᠣᠷᠣᠯᠠᠭᠤᠯᠬᠤ᠂ ᠬᠤᠳᠠᠯ ᠬᠠᠭᠤᠷᠮᠠᠭ ᠶᠠᠭᠤᠮ᠎ᠠ ᠬᠤᠯᠢᠬᠤ᠂ ᠮᠠᠭᠤ ᠪᠠᠷ ᠰᠠᠢᠨ ᠢ ᠣᠷᠣᠯᠠᠭᠤᠯᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠭᠤᠷᠪᠠ ᠳᠤ᠂ ᠲᠣᠰᠣ ᠨᠡᠮᠡᠬᠦ ᠥᠷᠲᠡᠭᠡ ᠶᠢᠨ ᠪᠣᠷᠣᠯᠠᠭᠤᠯᠬᠤ ᠲᠣᠰᠣᠨ ᠤ ᠵᠦᠢᠯ ᠤᠨ ᠶᠠᠰᠤ ᠴᠢᠨᠠᠷ ᠢ ᠰᠤᠭᠤᠴᠢᠨ ᠪᠠᠶᠢᠴᠠᠭᠠᠵᠤ ᠰᠢᠯᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠳᠥᠷᠪᠡ ᠳᠤ᠂ ᠪᠤᠰᠤᠳ ᠤᠨ ᠳᠠᠩᠰᠠᠯᠠᠭᠤᠯᠤᠭᠰᠠᠨ ᠲᠠᠸᠠᠷ ᠤᠨ ᠲᠡᠮᠳᠡᠭᠲᠦ ᠶᠢᠨ ᠲᠤᠰᠬᠠᠶ ᠬᠡᠷᠡᠭᠯᠡᠬᠦ ᠡᠷᠬᠡ ᠳᠤ ᠬᠠᠯᠳᠠᠭᠰᠠᠨ ᠲᠣᠰᠣ ᠨᠡᠮᠡᠬᠦ ᠥᠷᠲᠡᠭᠡ ︵ᠴᠡᠭ︶ ᠶᠢ ᠪᠠᠶᠢᠴᠠᠭᠠᠨ ᠰᠢᠢᠳᠪᠦᠷᠢᠯᠡᠨ᠎ᠡ᠃ ᠲᠠᠪᠤ ᠳᠤ᠂ ᠨᠢᠭᠡᠨᠲᠡ ᠡᠵᠡᠩᠨᠡᠯᠲᠡ ᠶᠢᠨ ᠦᠨᠡᠮᠯᠡᠯ ᠠᠪᠤᠭᠰᠠᠨ ᠠᠵᠤ ᠠᠬᠤᠶᠢᠯᠠᠯ ᠤᠨ ᠬᠡᠪᠴᠢᠶ᠎ᠡ ᠠᠴᠠ ᠬᠡᠲᠦᠷᠡᠭᠦᠯᠦᠨ ᠴᠣᠮᠣ ᠪᠠᠨ ᠬᠠᠭᠠᠵᠤ 60 ᠭᠷᠠᠳᠦ᠋ᠰ ᠠᠴᠠ ᠶᠡᠭᠡ ᠴᠠᠶᠢᠶ᠋ᠢᠦ ᠲᠣᠰᠣ ᠠᠰᠬᠠᠭᠰᠠᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠦᠶ᠋ᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠡᠵᠡᠩᠨᠡᠯᠲᠡ ᠶᠢᠨ ᠦᠨᠡᠮᠯᠡᠯ ᠢ ᠨᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠥᠬᠡᠶ ᠪᠣᠯᠭᠠᠨ᠎ᠠ᠃ ᠵᠢᠷᠭᠤᠭ᠎ᠠ ᠳᠤ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠲᠣᠰᠣᠨ ᠤ ᠵᠦᠢᠯ ᠢ ᠦᠢᠯᠡᠳᠪᠦᠷᠢᠯᠡᠬᠦ᠂ ᠬᠥᠮᠥᠷᠭᠡᠯᠡᠨ ᠬᠠᠳᠠᠭᠠᠯᠠᠬᠤ ᠠᠵᠤ ᠠᠬᠤᠶᠢᠯᠠᠯ ᠦᠢᠯᠡᠳᠪᠦᠷᠢᠯᠡᠬᠦ᠂ ᠪᠣᠷᠣᠯᠠᠭᠤᠯᠬᠤ ᠵᠢᠴᠢ ᠬᠡᠮᠵᠢᠯᠲᠡ ᠶᠢᠨ ᠬᠡᠮ ᠦᠢᠯᠡᠳᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      2. ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠨᠢᠭᠡ ᠳᠤ᠂ ᠴᠢᠶ᠋ᠢᠦ ᠲᠤᠰᠤ ᠶᠢ ᠬᠠᠤᠯᠢ ᠪᠤᠰᠤ ᠪᠠᠷ ᠡᠵᠡᠩᠨᠡᠭᠰᠡᠨ ᠪᠠ ᠴᠣᠮᠣ ᠪᠠᠨ ᠬᠠᠭᠠᠵᠤ ≤60℃ ᠤᠨ ᠴᠠᠶᠢᠶ᠋ᠢᠦ ᠶᠢᠨ ᠲᠤᠰᠤ ᠶᠢ ᠬᠠᠤᠯᠢ ᠪᠤᠰᠤ ᠪᠠᠷ ᠡᠵᠡᠩᠨᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠲᠡᠷᠭᠡ ᠬᠥᠰᠬᠡ ᠶᠢᠨ ᠨᠡᠭᠦᠳᠡᠯ ᠲᠣᠰᠣ ᠨᠡᠮᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      3. ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠄ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠵᠢᠴᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠤᠨ ᠢᠷᠡᠯᠲᠡ ᠳᠤ ᠲᠤᠬᠠᠶ ᠶᠢᠨ ᠲᠠᠯᠠᠪᠤᠷ ᠲᠤᠨᠢ ᠰᠡᠭᠦᠯ ᠤᠨ ᠬᠡᠶ ᠶᠢ ᠰᠤᠭᠤᠯᠤᠨ ᠪᠠᠶᠢᠴᠠᠭᠠᠬᠤ ᠠᠷᠭ᠎ᠠ ᠮᠠᠶ᠋ᠢᠭ ᠢ ᠠᠪᠴᠤ ᠬᠢᠨᠠᠯᠲᠠ ᠲᠠᠯᠪᠢᠵᠤ ᠪᠠᠶᠢᠴᠠᠭᠠᠨ᠎ᠠ᠃      4. ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠨᠢᠭᠡ ᠳᠤ᠂ ᠮᠠᠰᠢᠨᠲᠤ ᠲᠡᠷᠭᠡ ᠶᠢ ᠰᠡᠯᠪᠢᠨ ᠵᠠᠰᠠᠵᠤ ᠡᠵᠡᠩᠨᠡᠬᠦ ᠨᠢᠭᠡᠴᠡ ᠶᠢᠨ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠨᠡᠭᠦᠳᠡᠯ ᠪᠣᠷᠣᠯᠠᠭᠤᠯᠭ᠎ᠠ ᠶᠢᠨ ᠲᠡᠷᠭᠡ ᠬᠥᠰᠬᠡ ᠶᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ᠂ ᠪᠠᠷᠢᠯᠭ᠎ᠠ ᠶᠢᠨ ᠠᠵᠢᠯ ᠤᠨ ᠮᠠᠰᠢᠨ ᠮᠧᠬᠠᠨᠢᠭ ᠢ ᠰᠢᠪᠠᠳᠠᠨ ᠤᠯᠤᠰ ᠤᠨ ᠪᠠᠷᠢᠮᠵᠢᠶᠠᠲᠤ ᠲᠣᠰᠣᠨ ᠤ ᠵᠦᠢᠯ ᠢ ᠬᠡᠷᠡᠭᠯᠡᠭᠦᠯᠦᠨ᠎ᠡ᠃      5.ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠨᠢᠭᠡ ᠳᠤ᠂ ᠪᠣᠯᠪᠠᠰᠤᠷᠠᠭᠤᠯᠤᠭᠰᠠᠨ ᠲᠤᠰᠤ ᠶᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠠᠴᠠ ᠪᠣᠯᠪᠠᠰᠤᠷᠠᠭᠤᠯᠤᠭᠰᠠᠨ ᠲᠤᠰᠤ ᠶᠢ ᠡᠵᠡᠩᠨᠡᠬᠦ ᠬᠢᠷᠢ ᠬᠡᠮ ᠦᠭᠡᠢ ᠠᠵᠤ ᠠᠬᠤᠶᠢᠯᠠᠯ ᠳᠤ ᠡᠵᠡᠩᠨᠡᠯᠲᠡ ᠶᠢᠨ ᠬᠡᠷᠡᠭᠴᠡᠭᠡᠨ ᠳᠤ ᠬᠡᠷᠡᠭᠯᠡᠬᠦ ᠪᠣᠯᠪᠠᠰᠤᠷᠠᠭᠤᠯᠤᠭᠰᠠᠨ ᠲᠤᠰᠤ ᠶᠢ ᠪᠣᠷᠣᠯᠠᠭᠤᠯᠬᠤ ᠠᠵᠢᠯᠯᠠᠭ᠎ᠠ᠂ ᠡᠰᠡᠬᠦᠯ᠎ᠡ ᠪᠣᠯᠪᠠᠰᠤᠷᠠᠭᠤᠯᠤᠭᠰᠠᠨ ᠲᠤᠰᠤ ᠶᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠪᠣᠯᠪᠠᠰᠤᠷᠠᠭᠤᠯᠤᠭᠰᠠᠨ ᠲᠤᠰᠤ ᠶᠢ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠬᠢᠷᠢ ᠬᠡᠮ ᠦᠭᠡᠢ ᠠᠵᠤ ᠠᠬᠤᠶᠢᠯᠠᠯ ᠳᠤ ᠪᠣᠯᠪᠠᠰᠤᠷᠠᠭᠤᠯᠤᠭᠰᠠᠨ ᠲᠤᠰᠤ ᠶᠢ ᠬᠤᠳᠠᠯᠳᠤᠨ ᠠᠪᠬᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ᠂ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠤᠯᠤᠰ ᠤᠨ ᠪᠠᠷᠢᠮᠵᠢᠶ᠎ᠠ ᠳᠤ ᠥᠯᠥ ᠨᠡᠶᠢᠴᠡᠬᠦ ᠲᠣᠰᠣᠨ ᠤ ᠵᠦᠢᠯ ᠢ ᠪᠣᠷᠣᠯᠠᠭᠤᠯᠬᠤ ᠦᠢᠯᠡ ᠠᠵᠢᠯᠯᠠᠭ᠎ᠠ ᠶᠢ ᠰᠢᠮᠳᠠᠭᠤᠯᠤᠨ ᠪᠠᠶᠢᠴᠠᠭᠠᠨ᠎ᠠ᠃      6. ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠄ ᠨᠢᠭᠡ ᠳᠤ᠂ ︽ᠠᠶᠤᠯᠲᠠᠶ ᠬᠢᠮᠢ ᠶᠢᠨ ᠪᠣᠳᠠᠰ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠬᠠᠤᠯᠢ ᠶᠣᠰᠣᠭᠠᠷ ᠣᠯᠤᠭᠰᠠᠨ ᠥᠬᠡᠶ ᠪᠠᠷ ᠴᠢᠶ᠋ᠢᠦ ᠲᠣᠰᠣ᠂ ᠴᠣᠮᠣ ᠪᠠᠨ ᠬᠠᠭᠠᠵᠤ ᠭᠢᠯᠪᠠᠭᠠᠨ ᠴᠡᠭ ᠨᠢ≤ 60 ᠭᠷᠠᠳᠦ᠋ᠰ ᠤᠨ ᠴᠠᠶᠢᠶ᠋ᠢᠦ ᠲᠣᠰᠣ ᠡᠵᠡᠩᠨᠡᠬᠦ ᠦᠢᠯᠡ ᠠᠵᠢᠯᠯᠠᠭ᠎ᠠ ᠶᠢ ᠬᠠᠤᠯᠢ ᠪᠤᠰᠤ ᠪᠠᠷ ᠬᠢᠭᠰᠡᠨ ᠠᠶᠤᠯᠲᠠᠶ ᠬᠢᠮᠢ ᠶᠢᠨ ᠪᠣᠳᠠᠰ ᠤᠨ ᠡᠵᠡᠩᠨᠡᠯᠲᠡ ᠶᠢᠨ ᠨᠢᠭᠡᠴᠡ ᠪᠠ ᠬᠤᠪᠢ ᠬᠥᠮᠦᠨ ᠢ ᠪᠠᠶᠢᠴᠠᠭᠠᠨ ᠰᠢᠢᠳᠪᠦᠷᠢᠯᠡᠨ᠎ᠡ᠃ ᠬᠤᠶᠠᠷ ᠲᠤ᠂ ᠪᠣᠯᠪᠠᠰᠤᠷᠠᠭᠤᠯᠤᠭᠰᠠᠨ ᠴᠢᠯᠠᠭᠤᠨ ᠲᠤᠰᠤ ᠶᠢ ᠬᠠᠳᠠᠭᠠᠯᠠᠬᠤ᠂ ᠡᠵᠡᠩᠨᠡᠬᠦ ᠨᠢᠭᠡᠴᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠶ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃      7. ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠄ ᠨᠡᠶᠢᠲᠡᠯᠢᠭ ᠬᠡᠷᠡᠭ ᠵᠢᠴᠢ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ᠂ ᠬᠠᠤᠯᠢ ᠠᠴᠠ ᠵᠥᠷᠢᠴᠡᠭᠰᠡᠨ ᠬᠥᠮᠦᠰ ᠢ ᠷᠠᠳᠢᠣ᠋᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠬᠡᠯᠪᠡᠷᠢ ᠪᠠᠷ ᠢᠯᠡᠴᠢᠯᠡᠨ᠎ᠡ᠃      8. ᠳᠤᠮᠳᠠᠳᠤ ᠤᠯᠤᠰ ᠤᠨ ᠴᠢᠯᠠᠭᠤᠨ ᠲᠣᠰᠣᠨ ᠤ ᠠᠵᠤ ᠦᠢᠯᠡᠳᠪᠦᠷᠢ ᠶᠢᠨ ᠦᠶᠤᠸᠠᠨ ᠤ ᠡᠵᠡᠩᠨᠡᠯᠲᠡ ᠶᠢᠨ ᠬᠡᠯᠲᠡᠰ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠠᠵᠤ ᠦᠢᠯᠡᠳᠪᠦᠷᠢ ᠶᠢᠨ ᠦᠶᠤᠸᠠᠨ ᠤ ᠡᠯ᠎ᠡ ᠲᠣᠰᠣ ᠨᠡᠮᠡᠬᠦ ᠥᠷᠲᠡᠭᠡ ᠵᠡᠷᠭᠡ ᠠᠵᠤ ᠠᠬᠤᠶᠢᠯᠠᠯ᠄ ᠲᠣᠰ ᠰᠢᠰᠲ᠋ᠧᠮ ᠤᠨ ᠲᠣᠰᠣ ᠨᠡᠮᠡᠬᠦ ᠥᠷᠲᠡᠭᠡ ᠶᠢᠨ ᠲᠣᠰᠣᠨ ᠤ ᠵᠦᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠨᠡᠶᠢᠭᠡᠮ ᠤᠨ ᠲᠣᠰᠣ ᠨᠡᠮᠡᠬᠦ ᠥᠷᠲᠡᠭᠡ ᠶᠢᠨ ᠴᠢᠭ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠬᠠᠩᠭᠠᠬᠤ ᠪᠠ ᠬᠤᠳᠠᠯᠳᠤᠨ ᠠᠪᠬᠤ ᠬᠠᠷᠢᠴᠠᠭ᠎ᠠ ᠶᠢ ᠪᠦᠷᠢᠨᠰᠢᠬᠦᠯᠵᠦ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠲᠣᠰᠣᠨ ᠤ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠲᠤ ᠨᠡᠶᠢᠭᠡᠮ ᠤᠨ ᠲᠣᠰᠣ ᠨᠡᠮᠡᠬᠦ ᠥᠷᠲᠡᠭᠡ ᠶᠢᠨ ᠲᠣᠰᠣ ᠬᠤᠳᠠᠯᠳᠤᠨ ᠠᠪᠤᠭᠰᠠᠨ ᠪᠠᠶᠢᠳᠠᠯ ᠢ ᠬᠠᠩᠭᠠᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠬᠡᠷᠡᠭᠲᠡᠶ᠃                     ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ      ︽ᠦᠶᠤᠸᠠᠨ ᠰᠢᠶᠠᠨ ᠤ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠶᠢᠳᠠᠯ ᠢ ᠲᠥᠪᠯᠡᠷᠡᠭᠦᠯᠦᠨ ᠵᠠᠰᠠᠬᠤ ᠲᠤᠬᠠᠶ ᠠᠵᠢᠯ ᠤᠨ ᠬᠡᠷᠡᠭᠵᠢᠭᠦᠯᠬᠦ ᠲᠥᠰᠦᠯ︾ ᠢ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄      ᠰᠢᠶᠠᠨ ᠤ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ︽ᠦᠶᠤᠸᠠᠨ ᠰᠢᠶᠠᠨ ᠤ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠶᠢᠳᠠᠯ ᠢ ᠲᠥᠪᠯᠡᠷᠡᠭᠦᠯᠦᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                              ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                  2020 ᠣᠨ ᠤ 9 ᠰᠠᠷ᠎ᠠ ᠶᠢᠨ 3 ᠤ ᠡᠳᠦᠷ      ᠦᠶᠤᠸᠠᠨ ᠰᠢᠶᠠᠨ ᠤ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠥᠪᠯᠡᠷᠡᠭᠦᠯᠦᠨ ᠵᠠᠰᠠᠬᠤ ᠠᠵᠢᠯ ᠬᠡᠷᠡᠭᠵᠢᠭᠦᠯᠬᠦ ᠲᠥᠰᠦᠯ      ︽ᠪᠠᠶᠠᠨᠨᠠᠭᠤᠷ ᠬᠤᠲᠠ ᠶᠢᠨ 2020 ᠣᠨ ᠤ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠲᠥᠪᠯᠡᠷᠡᠭᠦᠯᠦᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ ︵ᠪᠠᠶᠠᠨᠨᠠᠭᠤᠷ ᠬᠤᠲᠠ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠯᠪᠠᠨ ︹ 2020 ︺ 3 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠰᠢᠶᠠᠨ ᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠠᠵᠢᠯ ᠤᠨ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠬᠠᠤᠯᠢ ᠶᠣᠰᠣᠭᠠᠷ ᠴᠢᠩᠭ᠎ᠠ ᠬᠠᠮᠢᠶᠠᠷᠬᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ ᠡᠬᠢ ᠰᠤᠷᠪᠤᠯᠵᠢ ᠳᠤ ᠰᠠᠭᠤᠷᠢᠯᠠᠬᠤ᠂ ᠤᠷᠲᠤ ᠬᠤᠭᠤᠴᠠᠭᠠᠨ ᠤ ᠪᠦᠲᠦᠮᠵᠢᠲᠡᠶ ᠵᠠᠰᠠᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠠᠷᠢᠶᠠᠲᠤ ᠣᠷᠣᠨ ᠢᠶᠠᠷ ᠬᠠᠮᠢᠶᠠᠷᠤᠭᠤᠯᠬᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠬᠡᠮᠵᠢᠶ᠎ᠡ ᠠᠴᠠ ᠬᠡᠲᠦᠷᠡᠭᠦᠯᠬᠦ ᠶᠢ ᠵᠠᠰᠠᠬᠤ ᠶᠢ ᠪᠠᠷᠢᠮᠲᠠᠯᠠᠨ᠂ ᠵᠠᠮ ᠳᠡᠭᠡᠷᠡᠬᠢ ᠬᠠᠤᠯᠢ ᠬᠡᠷᠡᠭᠵᠢᠭᠦᠯᠬᠦ ᠪᠠ ᠡᠬᠢ ᠡᠭᠦᠰᠦᠯ ᠠᠴᠠ ᠨᠢ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠶᠡᠷᠦᠩᠬᠡᠶᠢᠯᠡᠨ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠣᠯᠠᠨ ᠤ ᠶᠠᠪᠤᠵᠤ ᠰᠠᠭᠤᠬᠤ ᠳᠤ ᠨᠠᠩ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃      ᠬᠤᠶᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ      ᠪᠥᠬᠦ ᠰᠢᠶᠠᠨ ᠤ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠶᠢᠳᠠᠯ ᠢ ᠵᠠᠰᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠂ ᠵᠠᠰᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠦᠶᠤᠸᠠᠨ ᠰᠢᠶᠠᠨ ᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠶᠢᠳᠠᠯ ᠢ ᠵᠠᠰᠠᠬᠤ ᠠᠵᠢᠯ ᠤᠨ ᠵᠢᠯᠣᠭᠤᠳᠬᠤ ᠭᠠᠵᠠᠷ ᠤᠨ ᠪᠦᠷᠢᠯᠳᠦᠬᠦᠨ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠠ᠄      ᠶᠡᠷᠦᠩᠬᠡᠶ ᠵᠢᠯᠤᠭᠤᠳᠤᠭᠴᠢ᠄ ᠵᠠᠩ ᠭᠤᠸᠠᠩ ᠮᠢᠩ   ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ      ᠳᠡᠳ᠋ ᠶᠡᠷᠦᠩᠬᠡᠶ ᠵᠢᠯᠤᠭᠤᠳᠤᠭᠴᠢ᠄ ᠵᠠᠨ ᠮᠧᠶ   ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ      ᠸᠠᠩ ᠺᠠᠶ ᠵᠢᠶᠦ᠋ᠨ   ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ      ᠪᠦᠷᠢᠯᠳᠦᠬᠦᠨ᠄ ᠯᠢ ᠳ᠋ᠦᠩ   ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ      ᠵᠤᠤ ᠸᠡᠨ ᠲᠤᠤ   ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠵᠣᠣ ᠶᠦᠩ   ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ      ᠪᠠᠶ ᠶᠦᠩ ᠭᠤᠸᠠᠩ   ᠤᠬᠠᠭᠤᠯᠬᠤ ᠬᠡᠯᠲᠡᠰ ᠤᠨ ᠳᠡᠳ᠋ ᠳᠠᠷᠤᠭ᠎ᠠ      ᠸᠠᠩ ᠵᠢᠶᠦ᠋ᠨ ᠶᠤᠸᠠᠨ   ᠵᠠᠮ ᠬᠠᠷᠢᠯᠴᠠᠭᠠᠨ ᠤ ᠲᠣᠪᠴᠢᠶᠠᠨ ᠤ ᠳᠠᠷᠤᠭ᠎ᠠ      ᠱᠤᠤ ᠶᠦᠩ ᠪᠢᠨ   ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠯᠢᠦ ᠰᠧ ᠶᠦᠩ   ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ      ᠡᠦ ᠷᠦᠢ   ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠯᠢᠦ ᠴᠢᠨ   ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠪᠴᠢᠶᠠᠨ ᠤ ᠲᠤᠪᠴᠢᠶᠠᠨ ᠳᠠᠷᠤᠭ᠎ᠠ      ᠸᠧᠶ ᠶᠦᠩ ᠱᠧᠩ   ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ      ᠵᠠᠩ ᠳ᠋ᠧ ᠬᠤᠸᠠ   ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠸᠠᠩ ᠵᠢᠩ   ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ      ᠬᠥᠩ ᠵᠢᠶᠦ᠋ᠨ   ᠯᠦᠩ ᠰᠢᠩ ᠴᠠᠩ ᠪᠠᠯᠭᠠᠰᠤᠨ ᠤ ᠳᠠᠷᠤᠭ᠎ᠠ      ᠬᠠᠨ ᠫᠤᠩ ᠴᠧᠩ   ᠲᠠᠷᠬᠤ ᠪᠠᠯᠭᠠᠰᠤᠨ ᠤ ᠳᠠᠷᠤᠭ᠎ᠠ      ᠰᠦᠩ ᠫᠧᠶ ᠢ   ᠪᠠᠶᠠᠨᠲᠤᠬᠤᠢ ᠪᠠᠯᠭᠠᠰᠤᠨ ᠤ ᠳᠠᠷᠤᠭ᠎ᠠ      ᠸᠠᠩ ᠵᠢᠤᠸᠠᠢ ᠹᠦ᠋   ᠰᠢᠨ ᠬᠥᠩ ᠵᠥᠩ ᠵᠧᠨ ᠪᠠᠯᠭᠠᠰᠤᠨ ᠤ ᠳᠠᠷᠤᠭ᠎ᠠ      ᠯᠢ ᠬᠤᠸᠠᠢ ᠯᠢᠶᠠᠩ   ᠱᠧᠩ ᠹᠧᠩ ᠪᠠᠯᠭᠠᠰᠤᠨ ᠤ ᠳᠠᠷᠤᠭ᠎ᠠ      ᠵᠠᠩ ᠢ ᠹᠸᠢ   ᠲᠢᠶᠠᠨᠵᠢᠲᠠᠢ ᠲᠠᠢ ᠪᠠᠯᠭᠠᠰᠤᠨ ᠤ ᠳᠠᠷᠤᠭ᠎ᠠ      ᠴᠧᠨ ᠱᠤ ᠴᠢᠨ  ᠢᠨᠳᠠᠷᠲᠦ ᠪᠠᠯᠭᠠᠰᠤᠨ ᠤ ᠳᠠᠷᠤᠭ᠎ᠠ      ᠮᠤᠩ ᠬᠠᠶ ᠴᠡᠷᠢᠭ   ᠹᠦ᠋ ᠰᠢᠩ ᠪᠠᠯᠭᠠᠰᠤᠨ ᠤ ᠳᠠᠷᠤᠭ᠎ᠠ      ᠯᠢᠦᠶ ᠵᠦᠩ ᠫᠢᠩ   ᠾᠧ ᠱᠧᠩ ᠰᠢᠶᠠᠩ ᠤᠨ ᠳᠠᠷᠤᠭ᠎ᠠ      ᠭᠤᠤ ᠵᠢᠶᠠᠨ ᠵᠦᠩ   ᠲᠠᠷᠬᠤ ᠪᠠᠯᠭᠠᠰᠤᠨ ᠤ ᠹᠧᠩ ᠢᠦᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠯᠢ ᠷᠤ ᠴᠧᠩ   ᠯᠦᠩ ᠰᠢᠩ ᠴᠠᠩ ᠪᠠᠯᠭᠠᠰᠤᠨ ᠤ ᠷᠦᠩ ᠹᠧᠩ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠾᠧᠦ ᠺᠠᠶ ᠵᠢᠶᠦ᠋ᠨ   ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠳᠠᠷᠤᠭ᠎ᠠ      ᠯᠢᠦ ᠵᠦᠩ ᠱᠦ᠋   ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ      ᠰᠢᠨ ᠭᠠᠨᠭ᠌   ᠪᠠᠶᠠᠨᠨᠠᠭᠤᠷ ᠬᠤᠲᠠ ᠶᠢᠨ ᠵᠠᠮ ᠤᠨ ᠶᠠᠪᠤᠳᠠᠯ ᠤᠨ ᠰᠠᠯᠪᠤᠷᠢ ᠠᠩᠭᠢ ᠶᠢᠨ ᠦᠶᠤᠸᠠᠨ ᠰᠢᠶᠠᠨ ᠤ ᠶᠡᠭᠡ ᠠᠩᠭᠢ ᠶᠢᠨ ᠳᠠᠷᠤᠭ᠎ᠠ      ᠦᠯᠵᠡᠢ   ᠪᠠᠶᠠᠨᠨᠠᠭᠤᠷ ᠬᠤᠳᠠ ᠶᠢᠨ ᠵᠠᠮ ᠤᠨ ᠶᠠᠪᠤᠳᠠᠯ ᠢ ᠬᠢᠨᠠᠨ ᠪᠠᠶᠢᠴᠠᠭᠠᠬᠤ ᠰᠠᠯᠪᠤᠷᠢ ᠠᠩᠬᠢ ᠶᠢᠨ ᠦᠶᠤᠸᠠᠨ ᠰᠢᠶᠠᠨ ᠤ ᠳᠥᠷᠪᠡᠳᠦᠭᠡᠷ ᠶᠡᠭᠡ ᠠᠩᠬᠢ ᠶᠢᠨ ᠳᠠᠷᠤᠭ᠎ᠠ      ᠬᠡᠲᠦ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠵᠢᠯᠣᠭᠤᠳᠬᠤ ᠭᠠᠵᠠᠷ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠵᠠᠮ ᠬᠠᠷᠢᠯᠴᠠᠭᠠᠨ ᠤ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠵᠢᠶᠦ᠋ᠨ ᠶᠤᠸᠠᠨ ᠨᠥᠬᠦᠷ ᠬᠠᠪᠰᠤᠷᠭᠠᠨ ᠬᠠᠷᠢᠭᠤᠴᠠᠨ᠎ᠠ᠃ ᠠᠯᠪᠠᠨ ᠭᠡᠷ ᠠᠴᠠ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠵᠣᠬᠢᠴᠠᠭᠤᠯᠤᠨ ᠰᠢᠶ᠋ᠳᠪᠦᠷᠢᠯᠡᠬᠦ ᠶᠢ ᠬᠠᠷᠢᠭᠤᠴᠠᠵᠤ᠂ ᠠᠵᠢᠯ ᠤᠨ ᠲᠥᠰᠦᠯ ᠢ ᠲᠤᠭᠤᠷᠪᠢᠨ ᠲᠣᠭᠲᠠᠭᠠᠵᠤ᠂ ᠠᠵᠢᠯ ᠤᠨ ᠡᠭᠦᠷᠭᠡ ᠪᠠᠨ ᠨᠠᠷᠢᠯᠢᠬᠵᠢᠭᠤᠯᠤᠨ᠂ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠬᠢᠨᠠᠨ ᠰᠢᠯᠭᠠᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠠᠵᠢᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠨ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠠᠵᠢᠯ ᠤᠨ ᠬᠠᠮᠲᠤᠷᠠᠭᠰᠠᠨ ᠬᠤᠷᠠᠯ ᠤᠨ ᠵᠣᠬᠢᠴᠠᠭᠤᠯᠤᠨ ᠵᠣᠬᠢᠶᠠᠨ ᠪᠠᠶᠢᠭᠤᠯᠬᠤ ᠶᠢ ᠰᠠᠶᠢᠲᠤᠷ ᠬᠢᠵᠦ᠂ ᠬᠤᠳᠠ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠵᠢᠯᠣᠭᠤᠳᠬᠤ ᠭᠠᠵᠠᠷ ᠵᠢᠴᠢ ᠠᠯᠪᠠᠨ ᠭᠡᠷ ᠤᠨ ᠲᠣᠬᠢᠷᠠᠭᠤᠯᠤᠨ ᠪᠠᠶᠢᠷᠢᠯᠠᠭᠤᠯᠤᠭᠰᠠᠨ ᠬᠤᠯᠪᠣᠭᠳᠠᠯ ᠪᠥᠬᠦᠢ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠶ᠃      ᠭᠤᠷᠪᠠ᠂ ᠲᠤᠰᠬᠠᠶ ᠵᠦᠶ᠋ᠯ ᠢᠶᠠᠷ ᠴᠡᠭᠴᠡᠯᠡᠨ ᠵᠠᠰᠠᠬᠤ ᠴᠠᠭ      2020 ᠣᠨ ᠤ 9 ᠰᠠᠷ᠎ᠠ ᠶᠢᠨ 1 ᠠᠴᠠ 11 ᠰᠠᠷ᠎ᠠ ᠶᠢᠨ 30 ᠤ ᠡᠳᠦᠷ ᠪᠣᠯᠲᠠᠯ᠎ᠠ᠃      ᠳᠥᠷᠪᠡ᠂ ᠠᠵᠢᠯ ᠤᠨ ᠲᠣᠬᠢᠷᠠᠭᠤᠯᠤᠯᠲᠠ      ︵ᠨᠢᠭᠡ︶ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2020 ᠣᠨ ᠤ 9 ᠰᠠᠷ᠎ᠠ ᠶᠢᠨ 3 ᠤ ᠡᠳᠦᠷ ᠠᠴᠠ 9 ᠰᠠᠷ᠎ᠠ ᠶᠢᠨ 10 ᠤ ᠡᠳᠦᠷ ᠪᠣᠯᠲᠠᠯ᠎ᠠ︶      ᠮᠠᠨ ᠤ ᠰᠢᠶᠠᠨ ᠤ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠮᠢᠶ᠎ᠠ ᠪᠥᠬᠦᠶ ᠡᠯ᠎ᠡ ᠡᠭᠦᠷᠭᠡ ᠴᠢᠳᠠᠪᠤᠷᠢᠲᠤ ᠨᠢᠭᠡᠴᠡ ᠨᠦᠭᠦᠳ ᠠᠵᠢᠯ ᠤᠨ ᠬᠡᠷᠡᠭᠵᠢᠭᠦᠯᠬᠦ ᠲᠥᠰᠦᠯ ᠲᠣᠭᠲᠠᠭᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠮᠦᠨᠡᠬᠢ ᠬᠤᠭᠤᠴᠠᠭᠠᠨ ᠤ ᠪᠡᠯᠡᠳᠬᠡᠯ ᠪᠠ ᠳᠠᠶᠢᠴᠢᠯᠠᠯᠲᠠ ᠪᠠᠶᠢᠷᠢᠯᠠᠭᠤᠯᠤᠯᠲᠠ ᠶᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠂ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠢ ᠲᠣᠭᠲᠠᠭᠤᠨ ᠢᠶᠠᠷ ᠠᠬᠢᠭᠤᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃      ︵ᠬᠤᠶᠠᠷ︶ ᠭᠤᠤᠯᠳᠠᠯᠭ᠎ᠠ ᠲᠠᠢ ᠴᠡᠭᠴᠡᠯᠡᠨ ᠵᠠᠰᠠᠬᠤ ᠱᠠᠲᠤ ᠦᠶ᠎ᠡ ︵2020 ᠣᠨ ᠤ 9 ᠰᠠᠷ᠎ᠠ ᠶᠢᠨ 11 ᠤ ᠡᠳᠦᠷ ᠠᠴᠠ 11 ᠰᠠᠷ᠎ᠠ ᠶᠢᠨ 26 ᠤ ᠡᠳᠦᠷ ᠪᠣᠯᠲᠠᠯ᠎ᠠ︶      ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠪᠠᠷᠠᠭᠠᠨ ᠤ ᠲᠡᠷᠭᠡ ᠶᠢᠨ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠨᠢᠭᠡ ᠳᠤ᠂ ᠭᠤᠤᠯᠳᠠᠯᠭ᠎ᠠ ᠲᠠᠢ ᠬᠠᠷᠠᠯᠲᠠᠲᠤ ᠪᠠᠷᠠᠭᠠᠨ ᠤ ᠢᠷᠡᠯᠲᠡ ᠶᠢᠨ ᠨᠢᠭᠡᠴᠡ ︵ᠡᠯᠡᠰᠦ᠂ ᠴᠢᠯᠠᠭᠤᠨ ᠮᠠᠲ᠋ᠧᠷᠢᠶᠠᠯ ᠤᠨ ᠲᠠᠯᠠᠪᠠᠶ᠂ ᠨᠡᠭᠦᠷᠡᠰᠦ᠂ ᠪᠠᠷᠢᠯᠭ᠎ᠠ ᠶᠢᠨ ᠮᠠᠲ᠋ᠧᠷᠢᠶᠠᠯ᠂ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ ᠭᠠᠵᠠᠷ ᠵᠡᠷᠭᠡ︶ ᠶᠢ ᠡᠬᠢ ᠡᠭᠦᠰᠦᠯ ᠠᠴᠠ ᠨᠢ ᠪᠠᠶᠢᠴᠠᠭᠠᠬᠤ ᠪᠠ ᠭᠤᠤᠯᠳᠠᠯᠭ᠎ᠠ ᠲᠠᠢ ᠪᠠᠷᠠᠭᠠᠨ ᠤ ᠢᠷᠡᠯᠲᠡ ᠶᠢᠨ ᠨᠢᠭᠡᠴᠡ ᠠᠴᠠ ᠲᠣᠮᠢᠯᠠᠨ ᠰᠠᠭᠤᠯᠭᠠᠵᠤ ᠬᠢᠨᠠᠯᠲᠠ ᠲᠠᠯᠪᠢᠨ᠎ᠠ᠃ ᠬᠤᠶᠠᠷ ᠲᠤ᠂ ᠭᠤᠣᠯᠳᠠᠯᠭ᠎ᠠ ᠶᠢ ᠳᠤᠪᠤᠶᠢᠯᠭᠠᠵᠤ᠂ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠲᠥᠪᠯᠡᠷᠡᠭᠦᠯᠦᠨ ᠮᠤᠵᠢ ᠶᠢᠨ ᠵᠠᠮ ᠤᠨ S311 ᠣᠷᠴᠢᠮ ᠤᠨ ᠵᠢᠯ ᠤᠳ ᠲᠤ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠵᠤ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢᠨ ᠨᠠᠰᠢ ᠴᠠᠰᠢ ᠶᠠᠪᠤᠬᠤ ᠨᠢ ᠣᠯᠠᠨ ᠪᠠᠶᠢᠵᠤ᠂ ᠵᠠᠮ ᠢ ᠬᠦᠨᠳᠦ ᠨᠣᠴᠢᠲᠠᠶ ᠡᠪᠳᠡᠭᠰᠡᠨ ᠪᠠᠶᠢᠳᠠᠯ ᠢ ᠦᠨᠳᠦᠰᠦᠯᠡᠨ᠂ ᠲᠣᠰ ᠵᠠᠮ ᠤᠨ ᠬᠡᠰᠡᠭ ᠢᠶᠠᠷ ᠭᠤᠤᠯᠳᠠᠯᠭ᠎ᠠ ᠪᠣᠯᠭᠠᠵᠤ᠂ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠠᠩᠭᠢ ᠠᠴᠠ ᠲᠠᠷᠬᠤ ᠪᠠᠯᠭᠠᠰᠤᠨ ᠤ ᠲᠦᠷ ᠴᠠᠭ ᠤᠨ ᠬᠡᠮᠵᠢᠶ᠎ᠡ ᠠᠴᠠ ᠬᠡᠲᠦᠷᠡᠲᠡᠯ᠎ᠡ ᠪᠠᠶᠢᠴᠠᠭᠠᠬᠤ ᠥᠷᠲᠡᠭᠡ ᠳᠤ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠲᠥᠪᠯᠡᠷᠡᠭᠦᠯᠦᠨ ᠵᠠᠰᠠᠨ᠎ᠠ᠃ ᠬᠤᠶᠠᠷ ᠬᠠᠮᠲᠤᠷᠠᠭᠰᠠᠨ ᠬᠠᠤᠯᠢ ᠬᠡᠷᠡᠭᠵᠢᠭᠦᠯᠬᠦ ᠳᠤᠭᠤᠶᠢᠯᠠᠩ ᠢ ᠳᠣᠭᠢᠷᠠᠭᠤᠯᠤᠨ᠂ ᠡᠭᠡᠯᠵᠢᠯᠡᠨ ᠠᠵᠢᠯᠯᠠᠭᠤᠯᠵᠤ᠂ 24 ᠴᠠᠭ ᠤᠨ ᠳᠣᠲᠣᠷ᠎ᠠ ᠡᠳᠦᠷ ᠰᠥᠨᠢ ᠶᠢ ᠲᠠᠰᠤᠯᠳᠠᠭᠤᠯᠬᠤ ᠥᠬᠡᠶ ᠪᠠᠷ ᠬᠡᠮᠵᠢᠶ᠎ᠡ ᠠᠴᠠ ᠬᠡᠲᠦᠷᠡᠭᠦᠯᠬᠦ ᠶᠢ ᠵᠠᠰᠠᠬᠤ ᠠᠵᠢᠯ ᠢ ᠬᠡᠷᠡᠭᠵᠢᠭᠦᠯᠵᠦ᠂ ᠵᠠᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠪᠥᠬᠦ ᠲᠠᠯ᠎ᠠ ᠪᠠᠷ ᠲᠣᠭᠤᠷᠢᠨ ᠪᠠᠶᠢᠴᠠᠭᠠᠵᠤ᠂ ᠬᠡᠲᠦ ᠠᠴᠢᠶᠠᠯᠠᠪᠤᠷᠢ ᠶᠢ ᠬᠥᠳᠡᠯᠦᠩᠭᠦᠶ ᠪᠠᠷ ᠵᠠᠰᠠᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠬᠢ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ ᠨᠢᠭᠲᠠ ᠬᠠᠮᠵᠢᠯᠴᠠᠨ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠭᠤᠣᠯᠳᠠᠯᠭ᠎ᠠ ᠲᠠᠢ ᠵᠠᠮ ᠤᠨ ᠬᠡᠰᠡᠭ ᠲᠤ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠬᠦ ᠶᠢᠨ ᠵᠡᠷᠭᠡᠴᠡᠪᠡᠷ ᠨᠡᠭᠦᠳᠡᠯ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠷᠭ᠎ᠠ ᠮᠠᠶ᠋ᠢᠭ ᠢ ᠠᠪᠴᠤ᠂ ᠪᠥᠬᠦ ᠰᠢᠶᠠᠨ ᠰᠤᠮᠤ ᠶᠢᠨ ᠵᠠᠰᠠᠮᠠᠯ ᠵᠠᠮ ᠤᠨ ᠲᠣᠭᠤᠷᠢᠨ ᠪᠠᠶᠢᠴᠠᠭᠠᠵᠤ᠂ ᠲᠣᠭᠤᠷᠢᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢ ᠰᠢᠢᠳᠪᠦᠷᠢᠯᠡᠬᠦ ᠬᠡᠷᠡᠭᠲᠡᠶ᠃      ︵ᠭᠤᠷᠪᠠ︶ ᠳ᠋ᠦᠩᠨᠡᠨ ᠲᠡᠭᠦᠯᠳᠡᠷᠵᠢᠭᠦᠯᠬᠦ ᠱᠠᠲᠤ ᠦᠶ᠎ᠡ ︵2020 ᠣᠨ ᠤ 11 ᠰᠠᠷ᠎ᠠ ᠶᠢᠨ 27 ᠤ ᠡᠳᠦᠷ ᠠᠴᠠ 11 ᠰᠠᠷ᠎ᠠ ᠶᠢᠨ 30 ᠤ ᠡᠳᠦᠷ ᠪᠣᠯᠲᠠᠯ᠎ᠠ︶      ᠡᠯ᠎ᠡ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠨᠢᠭᠡᠴᠡ ᠨᠦᠭᠦᠳ ᠠᠵᠢᠯ ᠤᠨ ᠪᠠᠶᠢᠳᠠᠯ ᠢᠶᠠᠨ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠬᠠᠮᠢᠶ᠎ᠠ ᠪᠥᠬᠦᠶ ᠲᠤᠷᠰᠢᠯᠭ᠎ᠠ ᠬᠢᠳᠡᠯ ᠢᠶᠠᠨ ᠰᠢᠰᠲ᠋ᠧᠮ ᠲᠠᠢ ᠳ᠋ᠦᠩᠨᠡᠨ᠂ ᠬᠠᠮᠢᠶ᠎ᠠ ᠪᠥᠬᠦᠶ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃      ᠲᠠᠪᠤ᠂ ᠠᠵᠢᠯ ᠤᠨ ᠭᠤᠣᠯᠳᠠᠯᠭ᠎ᠠ      ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠰᠡᠨ ᠢ ᠪᠠᠶᠢᠴᠠᠭᠠᠨ ᠬᠡᠮᠵᠢᠬᠦ ᠥᠷᠲᠡᠭᠡ ᠳᠤ ᠲᠦᠰᠢᠭᠯᠡᠨ ᠵᠠᠮ ᠤᠨ ᠴᠠᠭᠳᠠᠭ᠎ᠠ ᠶᠢᠨ ᠴᠢᠬ ᠲᠣᠭᠲᠠᠭᠠᠨ ᠬᠠᠮᠲᠤᠷᠠᠨ ᠬᠠᠤᠯᠢ ᠬᠡᠷᠡᠭᠵᠢᠭᠦᠯᠬᠦ᠂ ᠨᠡᠭᠦᠳᠡᠯ ᠬᠠᠮᠲᠤᠷᠠᠨ ᠬᠠᠤᠯᠢ ᠬᠡᠷᠡᠭᠵᠢᠭᠦᠯᠬᠦ᠂ ᠬᠥᠳᠡᠭᠡ ᠲᠣᠰᠬᠤᠨ ᠤ ᠵᠠᠰᠠᠮᠠᠯ ᠵᠠᠮ ᠳᠤ ᠲᠣᠭᠲᠠᠭᠠᠯ ᠶᠣᠰᠣᠭᠠᠷ ᠥᠨᠳᠥᠷ ᠤᠨ ᠬᠡᠮᠵᠢᠶ᠎ᠡ ᠶᠢ ᠬᠢᠵᠠᠭᠠᠷᠯᠠᠨ ᠥᠷᠭᠡᠨ ᠤ ᠬᠡᠮᠵᠢᠶ᠎ᠡ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠥᠷᠨᠢᠭᠦᠯᠵᠦ᠂ ᠬᠠᠤᠯᠢ ᠪᠤᠰᠤ ᠪᠠᠷ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢ ᠡᠬᠢ ᠡᠭᠦᠰᠦᠯ ᠠᠴᠠ ᠨᠢ ᠵᠠᠮ ᠤᠨ ᠨᠢᠭᠤᠷ ᠲᠤ ᠬᠦᠷᠲᠡᠯ᠎ᠡ ᠪᠦᠲᠦᠮᠵᠢᠲᠡᠶ ᠬᠠᠮᠢᠶᠠᠷᠤᠨ ᠡᠵᠡᠮᠳᠡᠬᠦ ᠶᠢ ᠪᠡᠶᠡᠯᠡᠭᠦᠯᠦᠨ᠎ᠡ᠃      ᠵᠢᠷᠭᠤᠭ᠎ᠠ᠂ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ      ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠪᠠᠷᠠᠭᠠᠨ ᠤ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠵᠢᠴᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠢ ᠴᠢᠩᠭ᠎ᠠ ᠠᠳᠬᠤᠬᠤ ᠶᠢᠨ ᠬᠠᠮᠲᠤ ᠰᠢᠮᠳᠠᠭᠤᠯᠤᠨ ᠪᠠᠶᠢᠴᠠᠭᠠᠬᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠬᠦᠯᠵᠦ᠂ ᠠᠷᠭ᠎ᠠ ᠬᠡᠮᠵᠢᠶ᠎ᠡ ᠨᠢ ᠪᠣᠳᠠᠲᠠᠶ᠂ ᠡᠭᠦᠷᠭᠡ ᠨᠢ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠨᠢᠭᠡ︶ ᠪᠠᠷᠠᠭᠠᠨ ᠤ ᠲᠡᠷᠭᠡ ᠶᠢᠨ ᠡᠬᠢ ᠡᠭᠦᠰᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ      1% ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ᠄ ᠲᠡᠷᠭᠡ ᠬᠥᠰᠬᠡ ᠶᠢᠨ ᠦᠢᠯᠡᠳᠬᠦᠨ ᠤ ᠨᠢᠭᠡᠳᠦᠯᠲᠡᠶ ᠬᠠᠮᠢᠶᠠᠷᠤᠯᠲᠠ ᠶᠢ ᠴᠢᠩᠭᠠᠳᠬᠠᠨ᠂ ᠦᠢᠯᠡᠳᠪᠦᠷᠢᠯᠡᠬᠦ᠂ ᠪᠣᠷᠣᠯᠠᠭᠤᠯᠬᠤ ᠠᠵᠤ ᠠᠬᠤᠶᠢᠯᠠᠯ ᠬᠢᠭᠡᠳ ᠦᠢᠯᠡᠳᠬᠦᠨ ᠢ ᠲᠥᠪᠯᠡᠷᠡᠭᠦᠯᠦᠨ ᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠤᠨ ᠮᠠᠰᠢᠨᠲᠤ ᠲᠡᠷᠭᠡᠨ ᠤ ᠦᠢᠯᠡᠳᠬᠦᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠥᠭᠡᠢ ᠪᠠᠷ ᠲᠡᠷᠭᠡᠨ ᠤ ᠬᠡᠯᠪᠡᠷᠢ ᠦᠢᠯᠡᠳᠪᠦᠷᠢᠯᠡᠬᠦ ᠠᠵᠤ ᠠᠬᠤᠶᠢᠯᠠᠯ ᠢ ᠳᠤᠷ᠎ᠠ ᠪᠠᠷ ᠢᠶᠠᠨ ᠦᠢᠯᠡᠳᠪᠦᠷᠢᠯᠡᠭᠰᠡᠨ᠂ ᠪᠣᠷᠣᠯᠠᠭᠤᠯᠤᠭᠰᠠᠨ ᠢ ᠬᠠᠤᠯᠢ ᠶᠣᠰᠣᠭᠠᠷ ᠴᠢᠩᠭ᠎ᠠ ᠰᠢᠶ᠋ᠳᠪᠦᠷᠢᠯᠡᠵᠦ᠂ ᠶᠠᠯ᠎ᠠ ᠳᠤ ᠬᠥᠷᠥᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      2. ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠄ ᠰᠡᠯᠪᠢᠨ ᠵᠠᠰᠠᠬᠤ ᠠᠵᠤ ᠠᠬᠤᠶᠢᠯᠠᠯ ᠤᠨ ᠡᠵᠡᠩᠨᠡᠯᠲᠡ ᠶᠢᠨ ᠬᠢᠷᠢ ᠴᠢᠳᠠᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ᠂ ᠡᠯ᠎ᠡ ᠲᠥᠷᠥᠯ ᠤᠨ ᠬᠠᠤᠯᠢ ᠪᠤᠰᠤ ᠪᠠᠷ ᠡᠵᠡᠩᠨᠡᠬᠦ᠂ ᠦᠨᠡᠮᠯᠡᠯ ᠥᠬᠡᠶ ᠪᠠᠷ ᠡᠵᠡᠩᠨᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ ᠵᠡᠷᠭᠡ ᠦᠶ᠋ᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠷᠭᠡ ᠬᠥᠰᠬᠡ ᠰᠡᠯᠪᠢᠨ ᠵᠠᠰᠠᠬᠤ ᠠᠵᠤ ᠠᠬᠤᠶᠢᠯᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠬᠠᠤᠯᠢ ᠪᠤᠰᠤ ᠪᠠᠷ ᠨᠡᠶᠢᠯᠡᠭᠦᠯᠵᠦ ᠤᠭᠰᠠᠷᠠᠭᠰᠠᠨ ᠲᠡᠷᠭᠡ ᠬᠥᠰᠬᠡ ᠶᠢ ᠥᠭᠡᠷᠡᠴᠢᠯᠡᠨ ᠤᠭᠰᠠᠷᠠᠵᠤ ᠪᠠᠶᠢᠭ᠎ᠠ ᠠᠵᠤ ᠠᠬᠤᠶᠢᠯᠠᠯ ᠵᠢᠴᠢ ᠬᠤᠪᠢ ᠬᠥᠮᠦᠨ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃      3. ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠄ ᠳᠠᠩᠰᠠᠯᠠᠬᠤ᠂ ᠰᠢᠯᠭᠠᠨ ᠪᠠᠶᠢᠴᠠᠭᠠᠬᠤ ᠬᠠᠮᠢᠶᠠᠷᠤᠯᠲᠠ ᠶᠢᠨ ᠭᠤᠭᠴᠤᠭ᠎ᠠ ᠶᠢ ᠴᠢᠩᠭᠠᠳᠬᠠᠵᠤ᠂ ︽ᠮᠠᠰᠢᠨᠲᠤ ᠲᠡᠷᠭᠡᠨ ᠤ ᠠᠵᠢᠯᠯᠠᠭᠠᠨ ᠤ ᠠᠮᠤᠷ ᠲᠦᠪᠰᠢᠨ ᠤ ᠮᠡᠷᠭᠡᠵᠢᠯ ᠤᠨ ᠨᠥᠬᠦᠴᠡᠯ︾ ︵GB7258 — 2017︶ ᠵᠡᠷᠭᠡ ᠪᠠᠷᠢᠮᠵᠢᠶ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠯᠤᠰ ᠤᠨ ᠠᠮᠤᠷ ᠲᠦᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ ᠥᠬᠡᠶ᠂ ︽ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠦᠢᠯᠡᠳᠭᠦᠨ ᠤ ᠠᠯᠪᠠᠨ ᠵᠠᠷ︾ ᠲᠠᠢ ᠨᠢᠭᠡᠳᠦᠯ ᠥᠬᠡᠶ ᠲᠡᠷᠭᠡ ᠬᠥᠰᠬᠡ ᠶᠢ ᠳᠡᠩᠰᠡᠯᠡᠨ ᠲᠡᠮᠳᠡᠭᠯᠡᠵᠦ ᠪᠣᠯᠬᠤ ᠥᠬᠡᠶ᠂ ᠣᠯᠵᠤ ᠮᠡᠳᠡᠮᠡᠭᠴᠡ ᠮᠡᠳᠡᠭᠡ ᠵᠠᠩᠭᠢ ᠶᠢ ᠴᠠᠭ ᠲᠤᠬᠠᠶ ᠳᠤᠨᠢ ᠠᠵᠢᠯ ᠤᠨ ᠮᠡᠳᠡᠭᠡ ᠵᠠᠩᠭᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠠᠭᠤᠯᠤᠨ ᠮᠡᠳᠡᠭᠳᠡᠬᠦ ᠬᠡᠷᠡᠭᠲᠡᠶ᠃ ᠡᠭᠦᠨ ᠤ ᠬᠠᠮᠲᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠲᠡᠶ᠃ ᠮᠠᠰᠢᠨᠲᠤ ᠲᠡᠷᠭᠡ ᠶᠢᠨ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠰᠢᠯᠭᠠᠨ ᠪᠠᠶᠢᠴᠠᠭᠠᠯᠲᠠ ᠬᠢᠬᠦ ᠪᠠᠶᠢᠭᠤᠯᠤᠮᠵᠢ ᠶᠢ ᠤᠯᠤᠰ ᠤᠨ ᠠᠮᠤᠷ ᠲᠦᠪᠰᠢᠨ ᠤ ᠲᠧᠭᠨᠢᠭ ᠮᠡᠷᠭᠡᠵᠢᠯ ᠤᠨ ᠪᠠᠷᠢᠮᠵᠢᠶ᠎ᠠ ᠶᠣᠰᠣᠭᠠᠷ ᠰᠢᠯᠭᠠᠨ ᠪᠠᠶᠢᠴᠠᠭᠠᠭᠰᠠᠨ ᠦᠭᠡᠢ᠂ ᠬᠤᠳᠠᠯ ᠬᠠᠭᠤᠷᠮᠠᠭ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠪᠠ ᠮᠡᠳᠡᠭᠦᠯᠦᠯᠲᠡ ᠭᠠᠷᠭᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠪᠦᠷᠢᠯᠡᠨ᠎ᠡ᠃ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠮᠡᠷᠭᠡᠵᠢᠯ ᠤᠨ ᠬᠠᠮᠢᠶᠠᠷᠤᠯᠲᠠ ᠶᠢᠨ ᠲᠣᠭᠲᠠᠭᠠᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠶᠢᠨ ᠮᠡᠷᠭᠡᠵᠢᠯ ᠤᠨ ᠪᠣᠭᠤᠮᠲᠠ ᠶᠢ ᠴᠢᠩᠭ᠎ᠠ ᠠᠳᠬᠤᠵᠤ᠂ ᠬᠠᠮᠢᠶ᠎ᠠ ᠪᠥᠬᠦᠶ ᠪᠠᠷᠢᠮᠵᠢᠶ᠎ᠠ ᠶᠢᠨ ᠲᠣᠭᠲᠠᠭᠠᠯ ᠳᠤ ᠨᠡᠶᠢᠴᠡᠬᠦ ᠥᠬᠡᠶ ᠲᠡᠷᠭᠡ ᠬᠥᠰᠬᠡ ᠶᠢ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠲᠤ ᠣᠷᠣᠭᠤᠯᠬᠤ ᠶᠢ ᠵᠥᠪᠰᠢᠶᠡᠷᠡᠬᠦ ᠥᠬᠡᠶ᠃ ᠪᠠᠷᠠᠭᠠᠨ ᠤ ᠲᠡᠷᠭᠡ ᠶᠢᠨ ᠡᠵᠡᠩᠨᠡᠯᠲᠡ ᠶᠢᠨ ᠬᠢᠷᠢ ᠬᠡᠮ ᠢ ᠢᠯᠭᠠᠷᠠᠭᠤᠯᠬᠤ ᠶᠢ ᠴᠢᠩᠭᠠᠳᠬᠠᠵᠤ᠂ ᠡᠩ ᠤᠨ ᠡᠳ᠋ ᠪᠠᠷᠠᠭ᠎ᠠ᠂ ᠲᠣᠮᠣ ᠡᠳ᠋ ᠪᠠᠷᠠᠭ᠎ᠠ ᠪᠠ ᠠᠶᠤᠯᠲᠠᠶ ᠡᠳ᠋ ᠪᠠᠷᠠᠭ᠎ᠠ ᠶᠢᠨ ᠡᠵᠡᠩᠨᠡᠯᠲᠡ ᠶᠢᠨ ᠬᠢᠷᠢ ᠬᠡᠮ ᠢ ᠲᠥᠷᠥᠯ ᠬᠤᠪᠢᠶᠠᠨ ᠵᠥᠪᠰᠢᠶᠡᠷᠡᠬᠦ ᠶᠢ ᠵᠢᠷᠤᠮᠵᠢᠭᠤᠯᠤᠨ᠎ᠠ᠃      ︵ᠬᠤᠶᠠᠷ︶ ᠠᠴᠢᠶᠠᠯᠠᠬᠤ ᠡᠬᠢ ᠡᠭᠦᠰᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ      1. ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠄ ᠮᠠᠨ ᠤ ᠰᠢᠶᠠᠨ ᠤ ᠪᠠᠷᠠᠭ᠎ᠠ ᠠᠴᠢᠶᠠᠯᠠᠬᠤ ᠡᠬᠢ ᠡᠭᠦᠰᠦᠯ ᠤᠨ ᠠᠵᠤ ᠠᠬᠤᠶᠢᠯᠠᠯ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠥᠷᠨᠢᠭᠦᠯᠵᠦ᠂ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ᠂ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠭᠰᠡᠨ ᠪᠠᠶᠢᠳᠠᠯ ᠢ ᠦᠨᠳᠦᠰᠦᠯᠡᠨ ᠭᠤᠤᠯᠳᠠᠯᠭ᠎ᠠ ᠲᠠᠢ ᠪᠠᠷᠠᠭᠠᠨ ᠤ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠡ ᠶᠢ ᠲᠣᠭᠲᠠᠭᠠᠵᠤ᠂ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠨᠡᠶᠢᠭᠡᠮ ᠨᠡᠶᠢᠲᠡ ᠳᠤ ᠨᠢᠭᠡᠳᠦᠯᠲᠡᠶ ᠨᠡᠶᠢᠲᠡᠯᠡᠨ᠎ᠡ᠃ ᠵᠢᠯ ᠪᠦᠷᠢ ᠵᠢᠭᠰᠠᠭᠠᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠭᠤᠤᠯᠳᠠᠯᠭ᠎ᠠ ᠲᠠᠢ ᠪᠠᠷᠠᠭᠠᠨ ᠤ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠡ ᠶᠢᠨ ᠨᠡᠷᠡᠰ ᠲᠤ ᠪᠣᠳᠠᠲᠠᠶ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠬᠦ ᠪᠠ ᠨᠡᠶᠢᠲᠡᠯᠡᠬᠦ ᠶᠢᠨ ᠬᠠᠮᠲᠤ ᠰᠢᠶᠠᠨ ᠤ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠵᠢᠯᠣᠭᠤᠳᠬᠤ ᠭᠠᠵᠠᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠨᠢᠭᠡ ᠰᠠᠷ᠎ᠠ ᠶᠢᠨ ᠴᠠᠭ ᠢ ᠲᠥᠪᠯᠡᠷᠡᠭᠦᠯᠦᠨ ᠠᠰᠢᠭᠯᠠᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠬᠠᠮᠲᠤ ᠵᠢᠭᠰᠠᠭᠠᠨ ᠪᠠᠶᠢᠴᠠᠭᠠᠵᠤ ᠭᠠᠷᠭᠠᠭᠰᠠᠨ ᠭᠤᠤᠯᠳᠠᠯᠭ᠎ᠠ ᠲᠠᠢ ᠪᠠᠷᠠᠭᠠᠨ ᠤ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠡ ᠶᠢ 100% ᠪᠠᠷ ᠪᠦᠬᠦᠨ ᠢ ᠢᠯᠡ ᠨᠡᠶᠢᠲᠡᠯᠡᠨ᠎ᠡ᠃      2. ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠪᠠᠷᠠᠭᠠᠨ ᠤ ᠲᠡᠭᠡᠭᠡᠪᠦᠷᠢ ᠶᠢᠨ ᠡᠬᠢ ᠡᠭᠦᠰᠦᠯ ᠤᠨ ᠠᠵᠤ ᠠᠬᠤᠶᠢᠯᠠᠯ᠄ ᠪᠠᠷᠠᠭ᠎ᠠ ᠲᠡᠭᠡᠭᠡᠪᠦᠷᠢ ᠶᠢᠨ ᠡᠬᠢ ᠡᠭᠦᠰᠦᠯ ᠤᠨ ᠠᠵᠤ ᠠᠬᠤᠶᠢᠯᠠᠯ ᠤᠳ ᠲᠡᠷᠭᠡ ᠬᠥᠰᠬᠡ ᠶᠢᠨ ᠬᠠᠤᠯᠢ ᠶᠣᠰᠣᠨ ᠤ ᠠᠴᠢᠶᠠᠯᠠᠯ ᠪᠣᠯ ᠠᠶᠤᠯ ᠦᠭᠡᠶ ᠦᠢᠯᠡᠳᠪᠦᠷᠢᠯᠡᠯ ᠤᠨ ᠴᠢᠬᠤᠯᠠ ᠪᠦᠷᠢᠯᠳᠦᠬᠦᠨ ᠬᠡᠰᠡᠭ ᠮᠥᠨ ᠭᠡᠳᠡᠭ ᠢ ᠲᠣᠳᠣᠷᠬᠠᠶ ᠲᠠᠨᠢᠵᠤ᠂ ᠳᠣᠲᠣᠭᠠᠳᠤ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠢᠷᠢ ᠲᠡᠩᠴᠡᠭᠰᠡᠨ ᠪᠠᠶᠢᠴᠠᠭᠠᠨ ᠰᠢᠯᠭᠠᠬᠤ ᠲᠥᠬᠦᠭᠡᠷᠦᠮᠵᠢ᠂ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠵᠤ᠂ ᠲᠠᠯᠠᠪᠤᠷ ᠠᠴᠠ ᠭᠠᠷᠬᠤ ︵ᠥᠷᠲᠡᠭᠡ︶ ᠶᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ ᠪᠠᠶᠢᠴᠠᠭᠠᠨ ᠬᠡᠮᠵᠢᠯᠲᠡ ᠬᠢᠵᠦ᠂ ᠬᠠᠤᠯᠢ ᠶᠣᠰᠣᠭᠠᠷ ᠠᠴᠢᠶᠠᠯᠠᠬᠤ ᠶᠢ ᠦᠨᠡᠨᠬᠦ ᠪᠠᠲᠤᠯᠠᠵᠤ᠂ ᠵᠢᠯᠣᠭᠤᠴᠢ ᠪᠠ ᠲᠡᠷᠭᠡ ᠬᠥᠰᠬᠡ ᠶᠢᠨ ᠣᠷᠣᠵᠤ ᠭᠠᠷᠬᠤ ᠶᠢ ᠳᠠᠩᠰᠠᠯᠠᠬᠤ ᠲᠦᠷᠢᠮ᠂ ᠬᠦᠨᠳᠦ ᠶᠢ ᠬᠡᠮᠵᠢᠵᠦ ᠲᠠᠯᠪᠢᠬᠤ ᠲᠦᠷᠢᠮ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠲᠡᠷᠭᠡ ᠬᠥᠰᠬᠡ ᠶᠢᠨ ᠠᠴᠢᠶᠠᠯᠠᠬᠤ ᠡᠬᠡ ᠲᠠᠩᠰᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯᠲᠠᠨ᠂ ᠠᠴᠢᠶᠠᠯᠠᠵᠤ ᠪᠠᠭᠤᠯᠭᠠᠬᠤ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ︽ᠬᠠᠷ᠎ᠠ ᠲᠠᠩᠰᠠ︾ ᠳᠤ ᠵᠢᠭᠰᠠᠭᠠᠭᠳᠠᠭᠰᠠᠨ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ᠂ ᠲᠡᠭᠡᠭᠡᠪᠦᠷᠢ ᠡᠵᠡᠩᠨᠡᠯᠲᠡ ᠶᠢᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ᠂ ᠡᠵᠡᠩᠨᠡᠯᠲᠡ ᠶᠢᠨ ᠴᠢᠨᠠᠷᠲᠠᠶ ᠵᠠᠮ ᠲᠡᠭᠡᠭᠡᠪᠦᠷᠢ ᠶᠢᠨ ᠵᠢᠯᠣᠭᠤᠴᠢ ᠶᠢᠨ ᠳᠠᠭᠠᠭᠠᠨ ᠲᠡᠭᠡᠭᠡᠪᠦᠷᠢᠯᠡᠬᠦ ᠪᠠᠷᠠᠭ᠎ᠠ ᠠᠴᠢᠶᠠᠯᠠᠬᠤ ᠶᠢ ᠴᠠᠭᠠᠵᠠᠯᠠᠨ᠎ᠠ᠃ ᠪᠠᠷᠠᠭ᠎ᠠ ᠠᠴᠢᠶᠠᠯᠠᠬᠤ ᠡᠬᠢ ᠡᠭᠦᠰᠦᠯ ᠤᠨ ᠨᠢᠭᠡᠴᠡ ᠨᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠯᠪᠣᠭᠳᠠᠯ ᠪᠥᠬᠦᠶ ᠪᠠᠶᠢᠳᠠᠯ ᠪᠠ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ᠃ ᠵᠢᠯ ᠤᠨ ᠰᠡᠭᠦᠯᠴᠢ ᠠᠴᠠ ᠡᠮᠦᠨ᠎ᠡ᠂ ᠪᠠᠷᠠᠭᠠᠨ ᠤ ᠲᠡᠭᠡᠭᠡᠪᠦᠷᠢ ᠶᠢᠨ ᠡᠬᠢ ᠡᠭᠦᠰᠦᠯ ᠤᠨ ᠠᠵᠤ ᠠᠬᠤᠶᠢᠯᠠᠯ ᠨᠢ ᠲᠠᠯᠠᠪᠤᠷ ᠠᠴᠠ ᠭᠠᠷᠭᠠᠬᠤ ᠬᠠᠮᠢᠶᠠᠷᠤᠯᠲᠠ ᠶᠢᠨ ᠲᠦᠷᠢᠮ ᠢ 100% ᠪᠠᠷ ᠪᠠᠶᠢᠭᠤᠯᠵᠤ᠂ 80% ᠪᠠᠷ ᠪᠠᠶᠢᠴᠠᠭᠠᠨ ᠰᠢᠯᠭᠠᠬᠤ ᠲᠥᠬᠦᠭᠡᠷᠦᠮᠵᠢ ᠵᠢᠴᠢ ᠬᠢᠨᠠᠨ ᠡᠵᠡᠮᠳᠡᠬᠦ ᠲᠥᠬᠦᠭᠡᠷᠦᠮᠵᠢ ᠶᠢ ᠤᠭᠰᠠᠷᠠᠬᠤ ᠶᠢ      3. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠵᠢᠴᠢ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠄ ᠪᠠᠷᠠᠭᠠᠨ ᠤ ᠲᠡᠭᠡᠭᠡᠪᠦᠷᠢ ᠶᠢᠨ ᠡᠬᠢ ᠡᠭᠦᠰᠦᠯ ᠤᠨ ᠨᠢᠭᠡᠴᠡ ᠶᠢᠨ ᠬᠢᠨᠠᠯᠲᠠ ᠲᠠᠯᠪᠢᠯᠲᠠ ᠶᠢ ᠪᠦᠬᠦᠨ ᠢ ᠬᠠᠮᠤᠷᠬᠤ ᠲᠦᠷᠢᠮ ᠢ ᠪᠠᠶᠢᠭᠤᠯᠵᠤ᠂ ᠲᠣᠰ ᠲᠣᠰ ᠮᠠᠨ ᠤ ᠰᠢᠶᠠᠨ ᠤ ᠬᠠᠷᠢᠶ᠎ᠠ ᠲᠣᠭᠤᠷᠢᠭ ᠤᠨ ᠠᠵᠤ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠭᠤᠤᠯᠳᠠᠯᠭ᠎ᠠ ᠲᠠᠢ ᠪᠠᠷᠠᠭᠠᠨ ᠤ ᠲᠡᠭᠡᠭᠡᠪᠦᠷᠢ ᠶᠢᠨ ᠥᠷᠲᠡᠭᠡ ᠲᠠᠯᠠᠪᠤᠷ᠂ ᠬᠠᠶᠢᠷ ᠴᠢᠯᠠᠭᠤᠨ ᠤ ᠮᠠᠲ᠋ᠧᠷᠢᠶᠠᠯ ᠤᠨ ᠲᠠᠯᠠᠪᠠᠶ ᠶᠢ ᠲᠣᠭᠤᠷᠢᠨ ᠪᠠᠶᠢᠴᠠᠭᠠᠬᠤ ᠶᠢ ᠬᠠᠷᠢᠭᠤᠴᠠᠵᠤ᠂ ᠲᠣᠭᠤᠷᠢᠨ ᠪᠠᠶᠢᠴᠠᠭᠠᠬᠤ᠂ ᠮᠡᠷᠭᠡᠵᠢᠯ ᠤᠨ ᠬᠢᠨᠠᠨ ᠡᠵᠡᠮᠳᠡᠯ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠣᠭᠤᠷᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠪᠠᠷᠠᠭ᠎ᠠ ᠶᠢᠨ ᠲᠡᠭᠡᠭᠡᠪᠦᠷᠢ ᠶᠢᠨ ᠡᠬᠢ ᠡᠭᠦᠰᠦᠯ ᠨᠢᠭᠡᠴᠡ ᠨᠢ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠠᠴᠢᠶ᠎ᠠ ᠲᠣᠬᠢᠷᠠᠭᠤᠯᠤᠭᠰᠠᠨ ᠪᠠᠶᠢᠪᠠᠯ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃      ︵ᠭᠤᠷᠪᠠ︶ ᠵᠠᠮ ᠳᠡᠭᠡᠷ᠎ᠡ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ      1. ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠲᠣ ᠶᠢᠨ ᠪᠠᠶᠢᠭ᠎ᠠ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠢ ᠪᠠᠶᠢᠴᠠᠭᠠᠨ ᠬᠡᠮᠵᠢᠬᠦ ᠥᠷᠲᠡᠭᠡ ︵ᠴᠢᠬ︶ ᠳᠤ ᠲᠦᠰᠢᠭᠯᠡᠨ ᠬᠠᠮᠲᠤᠷᠠᠨ ᠬᠠᠤᠯᠢ ᠬᠡᠷᠡᠭᠵᠢᠭᠦᠯᠬᠦ ᠵᠠᠭᠪᠤᠷ ᠢᠶᠠᠷ ᠬᠡᠮᠵᠢᠶ᠎ᠡ ᠠᠴᠠ ᠬᠡᠲᠦᠷᠡᠲᠡᠯ᠎ᠡ ᠠᠴᠢᠶᠠᠯᠠᠭᠰᠠᠨ ᠢ ᠵᠠᠰᠠᠬᠤ ᠠᠵᠢᠯ ᠢ ᠥᠷᠨᠢᠭᠦᠯᠵᠦ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠳᠦᠷᠢᠮᠵᠢᠭᠦᠯᠬᠦ ᠂ ᠪᠠᠶᠢᠩᠭᠤᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     2. ᠵᠠᠮ ᠬᠠᠷᠢᠯᠴᠠᠭ᠎ᠠ ᠲᠡᠭᠡᠭᠡᠪᠦᠷᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠰᠤᠮᠤ᠂ ᠭᠠᠴᠠᠭᠠᠨ ᠤ ᠵᠠᠮ ᠢ ᠬᠠᠮᠠᠭᠠᠯᠠᠬᠤ ᠬᠡᠷᠡᠭᠴᠡᠭᠡ ᠶᠢ ᠦᠨᠳᠦᠰᠦᠯᠡᠨ᠂ ᠰᠤᠮᠤ ᠤᠨ ᠵᠠᠮ᠂ ᠭᠠᠴᠠᠭᠠᠨ ᠤ ᠵᠠᠮ ᠤᠨ ᠣᠷᠣᠵᠤ ᠭᠠᠷᠬᠤ ᠭᠠᠵᠠᠷ ᠲᠤ ᠥᠨᠳᠥᠷ ᠤᠨ ᠬᠡᠮᠵᠢᠶ᠎ᠡ ᠶᠢ ᠬᠢᠵᠠᠭᠠᠷᠯᠠᠬᠤ᠂ ᠥᠷᠭᠡᠨ ᠤ ᠬᠡᠮᠵᠢᠶ᠎ᠡ ᠶᠢ ᠬᠢᠵᠠᠭᠠᠷᠯᠠᠬᠤ ᠴᠢᠬᠤᠯᠠ ᠪᠦᠬᠦᠢ ᠲᠥᠬᠦᠭᠡᠷᠦᠮᠵᠢ ᠲᠣᠬᠢᠷᠠᠭᠤᠯᠵᠤ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠲᠣᠭᠤᠷᠢᠨ ᠶᠠᠪᠤᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ      3. ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠪᠣᠯᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ︽ᠨᠢᠭᠡ ᠠᠴᠠ ᠬᠡᠲᠦᠷᠡᠭᠦᠯᠵᠦ ᠳᠥᠷᠪᠡ ᠶᠢ ᠲᠣᠷᠭᠠᠬᠤ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠶᠢᠴᠠᠭᠠᠨ ᠰᠢᠢᠳᠪᠦᠷᠢᠯᠡᠭᠰᠡᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢᠨ ᠬᠠᠤᠯᠢ ᠠᠴᠠ ᠵᠥᠷᠢᠴᠡᠭᠰᠡᠨ ᠪᠠᠶᠢᠳᠠᠯ ᠢ ᠬᠠᠤᠯᠢ ᠶᠣᠰᠣᠭᠠᠷ ᠠᠷᠢᠯᠭᠠᠬᠤ ᠶᠢᠨ ᠬᠠᠮᠲᠤ ᠰᠢᠳᠬᠡᠨ ᠲᠣᠷᠭᠠᠵᠤ᠂ ᠬᠤᠪᠢ ᠲᠡᠮᠳᠡᠭᠯᠡᠬᠦ ᠠᠴᠠ ᠭᠠᠳᠠᠨ᠎ᠠ᠂ ᠲᠡᠷᠭᠡ ᠬᠥᠰᠬᠡ᠂ ᠵᠢᠯᠣᠭᠤᠴᠢ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ᠂ ᠪᠠᠷᠠᠭ᠎ᠠ ᠠᠴᠢᠶᠠᠯᠠᠬᠤ ᠡᠬᠢ ᠡᠭᠦᠰᠦᠯ ᠤᠨ ᠨᠢᠭᠡᠴᠡ ᠵᠡᠷᠭᠡ ᠮᠡᠳᠡᠭᠡ ᠵᠠᠩᠭᠢ ᠶᠢ ᠲᠣᠭᠲᠠᠭᠰᠠᠨ ᠬᠤᠭᠤᠴᠠᠭ᠎ᠠ ᠲᠠᠢ ᠪᠠᠷ ᠲᠡᠭᠦᠨ ᠤ ᠬᠠᠷᠢᠶ᠎ᠠ ᠭᠠᠵᠠᠷ ᠤᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠴᠠᠭ ᠲᠤᠬᠠᠶ ᠳᠤᠨᠢ ᠬᠠᠭᠤᠯᠤᠨ ᠮᠡᠳᠡᠭᠦᠯᠵᠦ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ︽ᠨᠢᠭᠡ ᠠᠴᠠ ᠬᠡᠲᠦᠷᠡᠭᠦᠯᠵᠦ ᠳᠥᠷᠪᠡ ᠶᠢ ᠲᠣᠷᠭᠠᠬᠤ︾ ᠶᠢ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ᠃ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠣᠬᠢᠬᠤ ᠰᠢᠳᠬᠡᠨ ᠲᠣᠷᠭᠠᠬᠤ ᠶᠢ ᠬᠡᠷᠡᠭᠵᠢᠭᠦᠯᠦᠭᠰᠡᠨ ᠤ ᠳᠠᠷᠠᠭ᠎ᠠ ᠰᠢᠢᠳᠪᠦᠷᠢᠯᠡᠭᠰᠡᠨ ᠦᠷ᠎ᠡ ᠳ᠋ᠦᠩ ᠢᠶᠠᠨ 100% ᠪᠠᠷ ᠴᠠᠭ ᠲᠤᠬᠠᠶ ᠳᠤᠨᠢ ᠬᠠᠭᠤᠯᠤᠨ ᠮᠡᠳᠡᠭᠦᠯᠬᠦ ᠨᠢᠭᠡᠴᠡ ᠳᠤ ᠬᠠᠷᠢᠭᠤ ᠲᠤᠰᠬᠠᠬᠤ ᠬᠡᠷᠡᠭᠲᠡᠶ᠃      ︵ᠲᠥᠷᠪᠡ︶ ᠢᠲᠡᠭᠡᠯ ᠶᠢᠨ ᠠᠯᠳᠠᠭᠰᠠᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ      ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ︽ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠵᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠶᠢᠨ ᠦᠢᠯᠡ ᠠᠵᠢᠯᠯᠠᠭ᠎ᠠ ᠪᠠ ᠬᠠᠮᠢᠶ᠎ᠠ ᠪᠥᠬᠦᠶ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠬᠤᠯᠪᠣᠭᠳᠠᠯ ᠪᠥᠬᠦᠶ ᠵᠦᠢᠯᠡᠰ ᠢ ᠵᠠᠭᠠᠭᠯᠠᠨ ᠲᠣᠭᠲᠠᠭᠠᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠲᠤᠰᠢᠶᠠᠨ ᠰᠢᠢᠳᠪᠦᠷᠢᠯᠡᠬᠦ ︹ 2017 ︺ 8 ᠳ᠋ᠤᠭᠠᠷ ᠲᠣᠭᠠᠲᠤ ᠪᠢᠴᠢᠭ ᠮᠠᠲ᠋ᠧᠷᠢᠶᠠᠯ︶ ᠤᠨ ᠱᠠᠭᠠᠷᠳᠠᠯᠭ᠎ᠠ ᠶᠣᠰᠣᠭᠠᠷ᠂ ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠵᠤ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠶᠢᠨ ᠦᠢᠯᠡ ᠠᠵᠢᠯᠯᠠᠭ᠎ᠠ ᠪᠠ ᠬᠠᠮᠢᠶ᠎ᠠ ᠪᠥᠬᠦᠶ ᠬᠠᠷᠢᠭᠤᠴᠠᠯᠭ᠎ᠠ ᠶᠢᠨ ᠭᠤᠤᠯ ᠴᠣᠭᠴᠠ ᠶᠢ ᠵᠠᠭᠠᠭᠯᠠᠨ ᠲᠣᠭᠲᠠᠭᠠᠬᠤ ᠶᠢᠨ ᠬᠠᠮᠲᠤ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠢ ᠥᠷᠨᠢᠭᠦᠯᠦᠨ᠎ᠡ᠃      ᠳᠣᠯᠤᠭ᠎ᠠ᠂ ᠠᠵᠢᠯ ᠤᠨ ᠱᠠᠭᠠᠷᠳᠠᠯᠭ᠎ᠠ      ︵ᠨᠢᠭᠡ︶ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠶ᠋ᠴᠡᠳᠬᠡᠵᠦ᠂ ᠰᠢᠶᠠᠨ ᠤ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ ᠶᠢᠨ ᠳᠣᠤᠷ᠎ᠠ᠂ ᠵᠠᠰᠠᠬᠤ ᠠᠵᠢᠯ ᠤᠨ ᠳᠤᠮᠳᠠᠬᠢ ᠠᠰᠠᠭᠤᠳᠠᠯ ᠪᠠ ᠵᠥᠷᠢᠴᠡᠯ ᠢ ᠰᠤᠳᠤᠯᠤᠨ ᠰᠢᠢᠳᠪᠦᠷᠢᠯᠡᠵᠦ᠂ ᠲᠣᠰ ᠪᠡᠶ᠎ᠡ ᠶᠢᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠶᠢᠨ ᠬᠡᠷᠡᠭᠵᠢᠭᠦᠯᠬᠦ ᠲᠥᠰᠦᠯ ᠢ ᠨᠠᠷᠢᠯᠢᠬᠵᠢᠭᠤᠯᠵᠤ᠂ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠡᠭᠦᠷᠭᠡ ᠪᠠᠨ ᠱᠠᠲᠤ ᠱᠠᠲᠤ ᠪᠠᠷ ᠬᠤᠪᠢᠶᠠᠷᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠠᠵᠢᠯ ᠤᠨ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃      ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ      ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠳ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠤᠨ ᠬᠠᠤᠯᠢ ᠬᠡᠷᠡᠭᠵᠢᠭᠦᠯᠬᠦ ᠵᠠᠷᠤᠳᠠᠯ ᠤᠨ ᠲᠥᠰᠦᠪ ᠤᠨ ᠪᠠᠲᠤᠯᠠᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠠᠵᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠂ ᠪᠣᠳᠠᠲᠠᠶ ᠬᠠᠤᠯᠢ ᠬᠡᠷᠡᠭᠵᠢᠭᠦᠯᠬᠦ ᠠᠵᠢᠯ ᠤᠨ ᠵᠠᠷᠤᠳᠠᠯ ᠤᠨ ᠬᠡᠷᠡᠭᠴᠡᠭᠡ ᠶᠢ ᠬᠠᠩᠭᠠᠵᠤ᠂ ᠦᠨᠳᠦᠰᠦᠨ ᠱᠠᠲᠤᠨ ᠤ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠵᠠᠰᠠᠬᠤ ᠲᠤᠰᠬᠠᠶ ᠵᠦᠢᠯ ᠤᠨ ᠵᠠᠷᠤᠳᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠶ᠃      ︵ᠭᠤᠷᠪᠠ︶ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ      ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠠᠮ ᠳᠡᠭᠡᠷ᠎ᠡ ᠬᠠᠤᠯᠢ ᠬᠡᠷᠡᠭᠵᠢᠭᠦᠯᠬᠦ ᠶᠠᠪᠤᠴᠠ ᠳᠠᠭᠠᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠪᠠᠶᠢᠳᠠᠯ ᠢ ᠵᠠᠰᠠᠬᠤ ︽ᠠᠷᠪᠠ ᠶᠢ ᠦᠯᠦ ᠵᠥᠪᠰᠢᠶᠡᠷᠡᠬᠦ︾ ᠰᠠᠬᠢᠯᠭ᠎ᠠ ᠪᠠᠲᠤ᠂ ︽ᠲᠠᠪᠤ ᠶᠢ ᠪᠠᠷᠢᠮᠲᠠᠯᠠᠬᠤ︾ ᠵᠠᠷᠴᠢᠮ ᠪᠣᠯᠤᠨ ︽ᠨᠠᠢᠮᠠᠨ ᠵᠦᠢᠯ ᠤᠨ ᠳᠦᠷᠢᠮ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠪᠠᠷᠢᠮᠵᠢᠶ᠎ᠠ ᠪᠠ ᠰᠢᠳᠬᠡᠨ ᠲᠣᠷᠭᠠᠬᠤ ᠪᠠᠷᠢᠮᠵᠢᠶ᠎ᠠ ᠶᠢ ᠴᠢᠩᠭ᠎ᠠ ᠨᠢᠭᠡᠳᠦᠯᠲᠡᠶ ᠪᠣᠯᠭᠠᠵᠤ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ ᠪᠠ ᠬᠠᠤᠯᠢ ᠬᠡᠷᠡᠭᠵᠢᠭᠦᠯᠦᠭᠰᠡᠨ ᠦᠷ᠎ᠡ ᠳ᠋ᠦᠩ ᠢ ᠢᠯᠡ ᠨᠡᠶᠢᠲᠡᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠳᠠᠯᠵᠤ ᠪᠣᠯᠤᠰᠢ ᠥᠬᠡᠶ ᠡᠳ᠋ ᠪᠣᠳᠠᠰ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠪᠠ ᠠᠶᠤᠯᠲᠠᠶ ᠬᠢᠮᠢ ᠶᠢᠨ ᠪᠣᠳᠠᠰ ᠢ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠭᠰᠡᠨ ᠲᠡᠷᠭᠡ ᠬᠥᠰᠬᠡ ᠶᠢ ᠤᠯᠤᠰ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠡᠯ᠎ᠡ ᠵᠦᠶ᠋ᠯ ᠤᠨ ᠠᠵᠢᠯ ᠤᠨ ᠪᠠᠶᠢᠴᠠᠭᠠᠯᠲᠠ ᠪᠠᠨ ᠴᠢᠩᠭᠠᠳᠬᠠᠵᠤ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠳᠠᠪᠲᠠᠮᠵᠢ ᠪᠠᠨ ᠨᠡᠮᠡᠭᠳᠡᠭᠦᠯᠦᠨ᠂ ᠵᠢᠷᠤᠮᠵᠢᠯ ᠥᠬᠡᠶ ᠬᠠᠤᠯᠢ ᠬᠡᠷᠡᠭᠵᠢᠭᠦᠯᠬᠦ ᠦᠶ᠋ᠯᠡ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠵᠠᠰᠠᠮᠠᠯ ᠵᠠᠮ ᠤᠨ ︽ᠭᠤᠷᠪᠠᠨ ᠳᠤᠷ᠎ᠠ ᠪᠠᠷ ᠢᠶᠠᠨ︾ ᠤ ᠦᠶ᠋ᠯᠡ ᠠᠵᠢᠯᠯᠠᠭ᠎ᠠ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃      ︵ᠳᠥᠷᠪᠡ︶ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ      ᠬᠡᠮᠵᠢᠶ᠎ᠡ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠠᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠰᠦᠢᠳᠭᠡᠯ ᠬᠤᠷᠢᠶᠠᠬᠤ ᠥᠷᠲᠡᠭᠡ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠥᠷᠲᠡᠭᠡ ᠴᠢᠬ᠂ ᠭᠤᠤᠯᠳᠠᠯᠭ᠎ᠠ ᠲᠠᠢ ᠪᠠᠷᠠᠭᠠᠨ ᠤ ᠲᠡᠭᠡᠭᠡᠪᠦᠷᠢ ᠶᠢᠨ ᠡᠬᠢ ᠡᠭᠦᠰᠦᠯ ᠨᠢᠭᠡᠴᠡ ᠵᠡᠷᠭᠡ ᠲᠠᠯᠠᠪᠤᠷ ᠲᠤ ᠤᠬᠠᠭᠤᠯᠭ᠎ᠠ ᠶᠢᠨ ᠮᠠᠲ᠋ᠧᠷᠢᠶᠠᠯ ᠨᠠᠭᠠᠬᠤ᠂ ᠲᠠᠷᠬᠠᠭᠠᠬᠤ᠂ ᠠᠵᠤ ᠠᠬᠤᠶᠢᠯᠠᠯ᠂ ᠥᠮᠴᠢᠲᠡᠨ᠂ ᠲᠡᠷᠭᠡᠨ ᠤ ᠡᠵᠡᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠭᠦᠨᠵᠡᠭᠡᠶ ᠤᠬᠠᠭᠤᠯᠭ᠎ᠠ ᠬᠢᠵᠦ᠂ ᠲᠧᠯᠸᠢᠰ᠂ ᠰᠣᠨᠢᠨ ᠰᠡᠳᠬᠦᠯ᠂ ᠲᠣᠤᠷ ᠰᠦᠯᠵᠢᠶ᠎ᠡ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠭᠦᠶ᠋ᠴᠡᠳ ᠠᠰᠢᠭᠯᠠᠨ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠠᠵᠢᠯ ᠤᠨ ᠪᠦᠲᠦᠮᠵᠢᠲᠡᠶ ᠥᠷᠨᠢᠬᠦ ᠶᠢ ᠠᠬᠢᠭᠤᠯᠬᠤ ᠬᠡᠷᠡᠭᠲᠡᠶ᠃                   ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ      ︽ᠦᠶᠤᠸᠠᠨ ᠰᠢᠶᠠᠨ ᠤ ᠬᠦᠨᠳᠦ ᠪᠣᠬᠢᠷᠲᠤᠯᠳᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠰᠢᠶᠠᠨ ᠳᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠢ ᠳᠤ᠄      ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠠᠳ᠂ ᠡᠳᠦᠭᠡ ︽ᠦᠶᠤᠸᠠᠨ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶ ᠢ ᠲᠠᠨᠠᠷ ᠲᠤ ᠲᠠᠷᠬᠠᠭᠠᠬᠤ ᠪᠠᠷ ᠲᠣᠭᠲᠠᠪᠠ᠂ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                             ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                  2020 ᠣᠨ ᠤ 8 ᠰᠠᠷ᠎ᠠ ᠶᠢᠨ 9 ᠤ ᠡᠳᠦᠷ1 ᠶᠡᠷᠦᠩᠬᠡᠶ ᠳᠦᠷᠢᠮ      1.1 ᠨᠠᠶᠢᠷᠠᠭᠤᠯᠤᠨ ᠵᠣᠬᠢᠶᠠᠬᠤ ᠵᠣᠷᠢᠯᠭ᠎ᠠ      ᠬᠦᠨᠳᠦ ᠪᠣᠬᠢᠷᠲᠤᠯ ᠲᠠᠢ ᠴᠠᠭ ᠠᠭᠤᠷ ᠢ ᠪᠦᠲᠦᠮᠵᠢᠲᠡᠶ ᠠᠷᠭᠠᠴᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠣᠷ ᠬᠥᠨᠥᠭᠡᠯ ᠤᠨ ᠬᠡᠮᠵᠢᠶ᠎ᠡ ᠶᠢ ᠪᠠᠭᠤᠷᠠᠭᠤᠯᠤᠨ᠂ ᠣᠷᠴᠢᠨ ᠠᠬᠤᠶ ᠶᠢᠨ ᠠᠮᠤᠷ ᠲᠦᠪᠰᠢᠨ ᠪᠠ ᠤᠯᠠᠨ ᠨᠡᠶᠢᠲᠡ ᠶᠢᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠪᠡᠯᠡᠳᠬᠡᠯ ᠲᠥᠰᠦᠯ ᠢ ᠲᠣᠭᠲᠠᠭᠠᠪᠠ᠃      1.2 ᠨᠠᠶᠢᠷᠠᠭᠤᠯᠤᠨ ᠵᠣᠬᠢᠶᠠᠬᠤ ᠦᠨᠳᠦᠰᠦᠯᠡᠯ      ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠠᠵᠢᠯ ᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ︵ᠣᠷᠴᠢᠨ ᠲᠣᠭᠤᠷᠢᠨ ᠤ ᠠᠯᠪᠠᠨ ᠬᠡᠷ ᠤᠨ ᠠᠭᠠᠷ ᠮᠠᠨᠳᠠᠯ ᠤᠨ ᠵᠠᠬᠢᠳᠠᠯ ︹ 2018 ︺ 875 ᠳ᠋ᠤᠭᠠᠷ ᠲᠣᠭᠠᠲᠤ︶᠂ ︽ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠶᠢ ᠴᠢᠩᠭᠠᠳᠬᠠᠵᠤ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠠᠬᠢᠵᠢᠭᠦᠯᠬᠦ ᠲᠤᠬᠠᠶ ᠵᠢᠯᠣᠭᠤᠳᠬᠤ ᠰᠠᠨᠠᠯ︾ ︵ᠣᠷᠴᠢᠨ ᠲᠣᠭᠤᠷᠢᠨ ᠤ ᠠᠯᠪᠠᠨ ᠬᠡᠷ ᠤᠨ ᠠᠭᠠᠷ ᠮᠠᠨᠳᠠᠯ ᠤᠨ ᠵᠠᠬᠢᠳᠠᠯ ︹ 2019 ︺ 648 ᠳ᠋ᠤᠭᠠᠷ ᠲᠣᠭᠠᠲᠤ︶ ᠵᠢᠴᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠪᠠ ᠪᠢᠴᠢᠭ ᠮᠠᠲ᠋ᠧᠷᠢᠶᠠᠯ ᠵᠡᠷᠭᠡ᠃      1.3 ᠬᠡᠷᠡᠭᠯᠡᠬᠦ ᠬᠡᠪᠴᠢᠶ᠎ᠡ      ᠲᠤᠰ ᠪᠡᠯᠡᠳᠬᠡᠯ ᠲᠥᠰᠦᠯ ᠢ ᠦᠶᠤᠸᠠᠨ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠬᠦᠨᠳᠦ ᠪᠣᠬᠢᠷᠲᠤᠯ ᠲᠠᠢ ᠴᠠᠭ ᠠᠭᠤᠷ ᠭᠠᠷᠬᠤ ᠦᠶ᠎ᠡ ᠶᠢᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠳᠤ ᠬᠡᠷᠡᠭᠯᠡᠨ᠎ᠡ᠃      ᠲᠣᠰ ᠲᠥᠰᠦᠯ ᠳᠤ ᠵᠢᠭᠠᠵᠤ ᠪᠠᠶᠢᠭ᠎ᠠ ᠬᠦᠨᠳᠦ ᠪᠣᠬᠢᠷᠲᠤᠯᠳᠤ ᠴᠠᠭ ᠠᠭᠤᠷ ᠭᠡᠳᠡᠭ ᠨᠢ ︽ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ ︵AQI︶ ᠶᠢᠨ ᠮᠡᠷᠭᠡᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︵HJ633-2012︶ ᠢ ᠦᠨᠳᠦᠰᠦᠯᠡᠪᠡᠯ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ ︵AQI︶ ᠨᠢ 200 ᠠᠴᠠ ᠶᠡᠭᠡ᠂ ᠲᠤᠬᠠᠶᠢᠯᠠᠪᠠᠯ ᠠᠭᠠᠷ ᠤᠨ ᠣᠷᠴᠢᠨ ᠲᠣᠭᠤᠷᠢᠨ ᠤ ᠶᠠᠰᠤ ᠴᠢᠨᠠᠷ ᠤᠨ ᠲᠠᠰ ᠨᠢ ᠲᠠᠪᠤᠳᠤᠭᠠᠷ ᠲᠠᠰ ︵ᠬᠦᠨᠳᠦ ᠪᠣᠬᠢᠷᠲᠤᠯ︶ ᠵᠢᠴᠢ ᠲᠡᠭᠦᠨ ᠠᠴᠠ ᠳᠡᠭᠡᠭᠰᠢᠬᠢ ᠪᠣᠬᠢᠷᠲᠤᠯ ᠤᠨ ᠬᠡᠮᠵᠢᠶ᠎ᠡ ᠳᠤ ᠬᠦᠷᠦᠭᠰᠡᠨ ᠠᠭᠠᠷ ᠮᠠᠨᠳᠠᠯ ᠤᠨ ᠪᠣᠬᠢᠷᠲᠤᠯ᠂ ᠡᠰᠡᠬᠦᠯ᠎ᠡ SO2 ᠤᠨ ᠥᠳᠬᠡᠴᠡ ᠨᠢ 500 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ︵ᠴᠠᠭ ᠤᠨ ᠳᠤᠮᠳᠠᠴᠢ ᠬᠡᠮᠵᠢᠭᠳᠡᠯ︶ ᠠᠴᠠ ᠶᠡᠭᠡ ᠪᠠᠶᠢᠬᠤ ᠶᠢ ᠵᠢᠭᠠᠵᠤ ᠪᠣᠶ᠃ ᠡᠯᠡᠰᠦ ᠲᠣᠭᠤᠰᠣᠨ ᠠᠴᠠ ᠪᠣᠯᠤᠭᠰᠠᠨ ᠬᠦᠨᠳᠦ ᠪᠣᠬᠢᠷᠲᠤᠯ ᠳᠤ ᠲᠤᠰ ᠪᠡᠯᠡᠳᠬᠡᠯ ᠲᠥᠰᠦᠯ ᠢ ᠬᠡᠷᠡᠭᠵᠢᠭᠦᠯᠬᠦ ᠦᠭᠡᠢ᠃      1.4 ᠠᠵᠢᠯ ᠤᠨ ᠵᠠᠷᠴᠢᠮ    ᠬᠥᠮᠦᠨ ᠢᠶᠠᠷ ᠦᠨᠳᠦᠰᠦ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ᠎ᠠ᠃ ᠴᠠᠭ ᠲᠤᠬᠠᠢ ᠳᠤᠨᠢ ᠴᠤᠤᠷᠢᠶᠠᠲᠤᠨ ᠳᠠᠭᠠᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠵᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠨ᠎ᠠ᠃      2 ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ      2.1 ᠤᠳᠤᠷᠢᠳᠬᠤ ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ      ᠦᠶᠤᠸᠠᠨ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ︾ ᠭᠡᠵᠦ ᠲᠣᠪᠴᠢᠯᠠᠨ᠎ᠠ︶ ᠢ ᠪᠠᠶᠢᠭᠤᠯᠵᠤ᠂ ᠶᠡᠷᠦᠩᠬᠡᠶ ᠵᠢᠯᠣᠭᠤᠳᠤᠭᠴᠢ ᠶᠢᠨ ᠲᠤᠰᠢᠶᠠᠯ ᠢ ᠡᠷᠭᠢᠯᠡᠨ ᠬᠠᠮᠢᠶᠠᠷᠬᠤ ᠳᠡᠳ᠋ ᠰᠢᠶᠠᠨ ᠤ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠢ ᠠᠮᠢ ᠠᠬᠤᠶ ᠶᠢᠨ ᠣᠷᠴᠢᠨ ᠲᠣᠭᠤᠷᠢᠨ ᠤ ᠦᠶᠤᠸᠠᠨ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠭᠦᠯᠦᠨ᠎ᠡ᠃      ᠲᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄ ᠬᠦᠨᠳᠦ ᠪᠣᠬᠢᠷᠲᠤᠯ ᠲᠠᠢ ᠴᠠᠭ ᠠᠭᠤᠷ ᠢ ᠰᠡᠷᠭᠡᠶᠢᠯᠡᠨ ᠵᠠᠰᠠᠬᠤ ᠪᠠ ᠠᠷᠭᠠᠴᠠᠬᠤ ᠠᠵᠢᠯ ᠤᠨ ᠲᠤᠬᠠᠶ ᠤᠯᠤᠰ᠂ ᠮᠤᠵᠢ᠂ ᠬᠤᠲᠠ᠂ ᠰᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠪᠦᠬᠦ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠪᠠ ᠬᠦᠨᠳᠦ ᠪᠣᠬᠢᠷᠲᠤᠯ ᠲᠠᠢ ᠴᠢᠬᠤᠯᠠ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠴᠤᠤᠷᠢᠶᠠᠲᠤᠨ ᠳᠠᠭᠠᠬᠤ ᠠᠵᠢᠯ ᠢ ᠵᠢᠯᠣᠭᠤᠳᠤᠨ ᠵᠣᠬᠢᠴᠠᠭᠤᠯᠤᠨ᠎ᠠ᠃      2.2 ᠬᠡᠷᠡᠭ ᠡᠷᠬᠢᠯᠡᠬᠦ ᠪᠠᠶᠢᠭᠤᠯᠤᠮᠵᠢ ᠵᠢᠴᠢ ᠲᠡᠭᠦᠨ ᠤ ᠲᠤᠰᠢᠶᠠᠯ ᠬᠠᠷᠢᠭᠤᠴᠠᠯᠭ᠎ᠠ      ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠬᠡᠷᠡᠭ ᠡᠷᠭᠢᠯᠡᠬᠦ ᠪᠠᠶᠢᠭᠤᠯᠤᠮᠵᠢ ᠪᠣᠯ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ︵︽ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ︾ ᠭᠡᠵᠦ ᠲᠣᠪᠴᠢᠯᠠᠨ᠎ᠠ︶ ᠪᠣᠯᠤᠨ᠎ᠠ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠢ ᠪᠠᠶᠢᠩᠭᠤ ᠶᠢᠨ ᠪᠠᠶᠢᠭᠤᠯᠤᠮᠵᠢ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠤ ᠦᠶᠤᠸᠠᠨ ᠬᠤᠪᠢᠶᠠᠷᠢ ᠲᠣᠪᠴᠢᠶ᠎ᠠ ᠳᠤ ᠪᠠᠶᠢᠷᠢᠯᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠠᠮᠢ ᠠᠬᠤᠶ ᠶᠢᠨ ᠣᠷᠴᠢᠨ ᠲᠣᠭᠤᠷᠢᠨ ᠤ ᠦᠶᠤᠸᠠᠨ ᠬᠤᠪᠢᠶᠠᠷᠢ ᠲᠣᠪᠴᠢᠶ᠎ᠠ ᠶᠢᠨ ᠲᠣᠪᠴᠢᠶᠠᠨ ᠳᠠᠷᠤᠭ᠎ᠠ ᠡᠭᠦᠷᠭᠡᠯᠡᠨ᠎ᠡ᠃      ᠲᠡᠭᠦᠨ ᠤ ᠭᠤᠣᠯ ᠲᠤᠰᠢᠶᠠᠯ ᠬᠠᠷᠢᠭᠤᠴᠠᠯᠭ᠎ᠠ ᠪᠣᠯ᠄ ᠰᠢᠶᠠᠨ ᠤ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃      2.3 ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠶᠢᠨ ᠲᠤᠰᠢᠶᠠᠯ ᠬᠠᠷᠢᠭᠤᠴᠠᠯᠭ᠎ᠠ      ︵1︶ ᠠᠮᠢ ᠠᠬᠤᠶ ᠶᠢᠨ ᠣᠷᠴᠢᠨ ᠲᠣᠭᠤᠷᠢᠨ ᠤ ᠦᠶᠤᠸᠠᠨ ᠬᠤᠪᠢᠶᠠᠷᠢ ᠲᠣᠪᠴᠢᠶ᠎ᠠ      ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠵᠠᠳᠠᠯᠤᠯᠲᠠ ᠬᠢᠬᠦ᠂ ᠪᠠᠶᠢᠴᠠᠭᠠᠨ ᠦᠨᠡᠯᠡᠬᠦ ᠵᠢᠴᠢ ᠰᠡᠭᠦᠯᠴᠢ ᠶᠢᠨ ᠶᠠᠪᠤᠳᠠᠯ ᠢ ᠳ᠋ᠦᠩᠨᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠦᠷᠦᠭᠦᠯᠡᠨ ᠨᠠᠶᠢᠷᠠᠭᠤᠯᠤᠨ ᠵᠣᠬᠢᠶᠠᠵᠤ ᠵᠠᠰᠠᠪᠤᠷᠢ ᠣᠷᠣᠭᠤᠯᠤᠨ᠎ᠠ᠃ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠶᠢ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠪᠣᠬᠢᠷᠲᠤᠯ ᠢ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠬᠤ ᠵᠢᠴᠢ ᠭᠠᠷᠤᠯᠲᠠ ᠶᠢ ᠬᠢᠵᠠᠭᠠᠷᠯᠠᠵᠤ ᠭᠠᠳᠠᠭᠰᠢᠯᠠᠭᠤᠯᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠡᠭᠦᠷᠡᠰᠦ ᠰᠢᠲᠠᠭᠠᠬᠤ ᠭᠦᠸᠧᠯᠦ ᠶᠢᠨ ᠬᠡᠷᠡᠭᠯᠡᠬᠦ ᠨᠢᠭᠡᠴᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠷᠭ᠎ᠠ ᠪᠣᠬᠢᠷᠲᠤᠯ ᠤᠨ ᠡᠬᠢ ᠰᠤᠷᠪᠤᠯᠵᠢ ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠤᠨ ᠨᠠᠷᠢᠨ ᠬᠠᠭᠤᠳᠠᠰᠤ ᠶᠢᠨ ᠠᠵᠤ ᠦᠢᠯᠡᠳᠪᠦᠷᠢ ᠶᠢᠨ ᠡᠬᠢ ᠰᠤᠷᠪᠤᠯᠵᠢ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠤᠨ ᠨᠠᠷᠢᠨ ᠬᠠᠭᠤᠳᠠᠰᠤ ᠳᠤ ᠣᠷᠣᠭᠤᠯᠤᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠮᠳᠠᠭᠤᠯᠤᠨ ᠵᠢᠯᠣᠭᠤᠳᠴᠤ ᠪᠠᠶᠢᠭᠠᠳ ︽ᠨᠢᠭᠡ ᠦᠢᠯᠡᠳᠪᠦᠷᠢ ᠨᠢᠭᠡ ᠪᠣᠳᠣᠯᠭ᠎ᠠ︾ ᠶᠢᠨ ᠬᠡᠷᠡᠭᠵᠢᠭᠦᠯᠬᠦ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠰᠢᠪᠠᠳᠠᠨ ᠵᠢᠯᠣᠭᠤᠳᠴᠤ ᠨᠠᠶᠢᠳᠠᠪᠤᠷᠢᠵᠢᠭᠤᠯᠤᠨ᠎ᠠ᠃      ︵2︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ      ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠵᠢᠴᠢ ᠲᠡᠭᠦᠨ ᠤ ᠠᠯᠪᠠᠨ ᠬᠡᠷ ᠢ ᠬᠠᠮᠵᠢᠨ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠪᠠ ᠰᠢᠢᠳᠪᠦᠷᠢᠯᠡᠬᠦ ᠠᠵᠢᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠬᠦ ᠬᠡᠷᠡᠭᠲᠡᠶ᠃      ︵3︶ ᠴᠠᠭ ᠠᠭᠤᠷ ᠤᠨ ᠲᠣᠪᠴᠢᠶ᠎ᠠ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠵᠢᠱᠢᠬᠦ ᠶᠢ ᠬᠠᠷᠢᠭᠤᠴᠠᠵᠤ᠂ ᠠᠭᠠᠷ ᠮᠠᠨᠳᠠᠯ ᠤᠨ ᠬᠦᠨᠳᠦ ᠪᠣᠬᠢᠷᠲᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠴᠠᠭ ᠠᠭᠤᠷ ᠤᠨ ᠮᠡᠳᠡᠭᠡ ᠵᠠᠩᠭᠢ ᠶᠢ ᠬᠠᠩᠭᠠᠨ᠎ᠠ᠃ ᠬᠥᠮᠦᠨ ᠤ ᠬᠦᠴᠦ ᠪᠠᠷ ᠬᠡᠰᠡᠭ ᠭᠠᠵᠠᠷ ᠤᠨ ᠴᠠᠭ ᠠᠭᠤᠷ ᠢ ᠨᠥᠯᠥᠭᠡᠯᠡᠬᠦ ᠠᠷᠭ᠎ᠠ ᠬᠡᠮᠵᠢᠶ᠎ᠡ ᠶᠢ ᠴᠠᠭ ᠲᠤᠨᠢ ᠲᠣᠬᠢᠷᠠᠭᠤᠯᠤᠨ ᠵᠣᠬᠢᠶᠠᠨ ᠠᠮᠢ ᠠᠬᠤᠢ ᠶᠢᠨ ᠣᠷᠴᠢᠨ ᠲᠣᠭᠤᠷᠢᠨ ᠤ ᠦᠶᠤᠸᠠᠨ ᠤ ᠬᠤᠪᠢᠶᠠᠷᠢ ᠲᠤᠪᠴᠢᠶ᠎ᠠ ᠲᠠᠢ ᠬᠠᠮᠲᠤᠷᠠᠨ ᠠᠭᠠᠷ ᠮᠠᠨᠳᠠᠯ ᠤᠨ ᠪᠣᠬᠢᠷᠲᠤᠯ ᠢ ᠲᠥᠰᠦᠭᠡᠯᠡᠵᠦ ᠵᠠᠳᠠᠯᠬᠤ ᠶᠢ ᠬᠡᠷᠡᠭᠵᠢᠭᠦᠯᠬᠦ ᠶᠢᠨ ᠬᠠᠮᠲᠤ ᠵᠢᠯᠣᠭᠤᠳᠬᠤ ᠭᠠᠵᠠᠷ ᠵᠢᠴᠢ ᠪᠦᠷᠢᠯᠳᠦᠬᠦᠨ ᠨᠢᠭᠡᠴᠡ ᠳᠤ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃      ︵4︶ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠭᠤᠴᠠᠭᠠᠨ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢᠨ ᠪᠠᠷᠢᠯᠭ᠎ᠠ ᠶᠢᠨ ᠭᠠᠵᠠᠷ᠂ ᠠᠵᠢᠯ ᠵᠣᠭᠰᠣᠭᠰᠠᠨ ᠪᠠᠷᠢᠯᠭ᠎ᠠ ᠶᠢᠨ ᠭᠠᠵᠠᠷ ᠤᠨ ᠨᠡᠷᠡᠰ ᠢ ᠲᠣᠭᠲᠠᠭᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢᠨ ᠳᠡᠭᠳᠡᠮᠡᠯ ᠪᠥᠬᠦ ᠰᠢᠶᠠᠨ ᠤ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠤᠷᠢᠳᠴᠢᠯᠠᠨ ᠬᠤᠯᠢᠭᠰᠠᠨ ᠪᠤᠲ᠋ᠤᠨ ᠤ ᠠᠵᠤ ᠠᠬᠤᠶᠢᠯᠠᠯ ᠵᠢᠴᠢ ᠬᠠᠷᠢᠶ᠎ᠠ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠢ ᠬᠢᠨᠠᠨ ᠵᠢᠯᠣᠭᠤᠳᠴᠤ ᠪᠠᠶᠢᠭᠠᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠬᠤᠲᠠ ᠶᠢᠨ ᠵᠠᠮ᠂ ᠮᠠᠯᠲᠠᠵᠤ ᠭᠠᠷᠭᠠᠭᠰᠠᠨ ᠪᠠᠷᠢᠯᠭ᠎ᠠ ᠶᠢᠨ ᠭᠠᠵᠠᠷ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ᠂ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠤᠷ ᠵᠡᠷᠭᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠃ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠤᠷᠢᠳᠴᠢᠯᠠᠨ ᠬᠤᠯᠢᠭᠰᠠᠨ ᠪᠤᠲ᠋ᠤᠨ ᠤ ᠠᠵᠤ ᠠᠬᠤᠶᠢᠯᠠᠯ ᠤᠨ ᠨᠢᠭᠲᠠ ᠪᠢᠲᠡᠭᠦᠮᠵᠢᠯᠡᠭᠰᠡᠨ ᠲᠣᠨᠤᠭ ᠲᠥᠬᠦᠭᠡᠷᠦᠮᠵᠢ ᠤᠭᠰᠠᠷᠠᠭᠰᠠᠨ ᠥᠬᠡᠶ ᠪᠠᠷ ᠠᠮᠠᠷᠬᠠᠨ ᠠᠰᠬᠠᠭᠰᠠᠨ ᠬᠤᠭ ᠰᠢᠷᠣᠶ᠂ ᠬᠠᠶᠢᠷ ᠴᠢᠯᠠᠭᠤᠨ ᠤ ᠮᠠᠲ᠋ᠧᠷᠢᠶᠠᠯ ᠵᠡᠷᠭᠡ ᠲᠡᠭᠡᠭᠡᠪᠦᠷᠢ ᠶᠢᠨ ᠲᠡᠷᠭᠡ ᠬᠥᠰᠬᠡ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠨ᠎ᠠ᠃      ︵5︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠭᠤᠣᠯᠳᠠᠯᠭ᠎ᠠ ᠲᠠᠢ ᠠᠵᠢᠯ ᠲᠦᠷᠦᠯ  ᠤᠨ ᠬᠡᠢ ᠳᠤ ᠬᠤᠯᠪᠣᠭᠳᠠᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠦᠨᠳᠦ ᠪᠣᠬᠢᠷᠲᠤᠯ ᠲᠠᠢ ᠴᠠᠭ ᠠᠭᠤᠷ ᠤᠨ ︽ᠨᠢᠭᠡ ᠦᠢᠯᠡᠳᠪᠦᠷᠢ ᠨᠢᠭᠡ ᠪᠤᠳᠤᠯᠭ᠎ᠠ ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠤ ᠲᠥᠰᠦᠯ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠦᠷᠦᠯ ᠵᠦᠢᠯ ᠤᠨ ᠨᠠᠷᠢᠨ ᠬᠠᠭᠤᠳᠠᠰᠤ ᠶᠣᠰᠣᠭᠠᠷ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠢᠨᠠᠨ ᠵᠢᠯᠣᠭᠤᠳᠤᠨ᠎ᠠ᠃ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠢ ᠬᠢᠨᠠᠨ ᠵᠢᠯᠣᠭᠤᠳᠴᠤ ᠵᠣᠬᠢᠴᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠪᠠᠲᠤᠯᠠᠭ᠎ᠠ ᠬᠠᠩᠭᠠᠨ᠎ᠠ᠃      ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠭᠤᠴᠠᠭᠠᠨ ᠳᠤ᠂ ᠪᠥᠬᠦ ᠰᠢᠶᠠᠨ ᠤ ᠲᠣᠰᠣ ᠨᠡᠮᠡᠬᠦ ᠥᠷᠲᠡᠭᠡ᠂ ᠲᠣᠰᠣ ᠬᠠᠳᠠᠭᠠᠯᠠᠬᠤ ᠬᠥᠮᠥᠷᠭᠡ ᠶᠢᠨ ᠲᠣᠰᠣ ᠬᠡᠶ ᠶᠢ ᠡᠭᠡᠭᠦᠯᠦᠨ ᠬᠤᠷᠢᠶᠠᠬᠤ ᠪᠡᠯᠡᠳᠬᠡᠮᠵᠢ ᠶᠢ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠨ᠎ᠠ᠃      ︵6︶ ᠡᠳ᠋ ᠤᠨ ᠵᠠᠰᠠᠭ ᠤᠨ ᠲᠣᠪᠴᠢᠶ᠎ᠠ      ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠠᠯᠠ ᠮᠥᠩᠭᠦ ᠶᠢᠨ ᠪᠠᠲᠤᠯᠠᠭ᠎ᠠ ᠶᠢ ᠬᠠᠷᠢᠭᠤᠴᠠᠬᠤ ᠶᠢᠨ ᠬᠠᠮᠲᠤ ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠨ᠎ᠠ᠃      ︵7︶ ᠳᠣᠲᠣᠭᠠᠳᠤ ᠶᠢ ᠬᠠᠮᠠᠭᠠᠯᠠᠬᠤ ᠲᠣᠪᠴᠢᠶ᠎ᠠ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠤᠸᠠᠷ ᠫᠤᠤᠵᠢᠩ ᠨᠣᠴᠣᠬᠤ ᠶᠢ ᠴᠠᠭᠠᠵᠠᠯᠠᠬᠤ ᠪᠠ ᠲᠠᠯᠪᠢᠬᠤ ᠶᠢ ᠴᠠᠭᠠᠵᠠᠯᠠᠬᠤ ᠵᠢᠴᠢ ᠬᠡᠷ ᠤᠨ ᠭᠠᠳᠠᠨᠠᠬᠢ ᠲᠣᠮᠣ ᠬᠡᠯᠪᠡᠷᠢ ᠶᠢᠨ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃      ︵8︶ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠮᠠᠰᠢᠨᠲᠤ ᠲᠡᠷᠭᠡᠨ ᠤ ᠣᠷᠣᠨ ᠪᠦᠰᠡ᠂ ᠴᠠᠭ ᠬᠤᠭᠤᠴᠠᠭ᠎ᠠ ᠵᠢᠴᠢ ᠲᠡᠷᠭᠡ ᠬᠥᠰᠬᠡ ᠶᠢᠨ ᠲᠥᠷᠥᠯ ᠬᠡᠯᠪᠡᠷᠢ ᠶᠢᠨ ᠠᠶᠠᠯᠠᠬᠤ ᠶᠢ ᠬᠢᠵᠠᠭᠠᠷᠯᠠᠬᠤ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢᠨ ᠰᠢᠯᠵᠢᠮᠡᠯ ᠢᠷᠡᠯᠲᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠬᠦᠨᠳᠦ ᠬᠡᠯᠪᠡᠷᠢ ᠶᠢᠨ ᠪᠠᠷᠠᠭᠠᠨ ᠤ ᠲᠡᠷᠭᠡ᠂ ᠰᠤᠯᠠ ᠰᠠᠪᠠᠯᠠᠬᠤ ᠡᠳ᠋ ᠮᠠᠲ᠋ᠧᠷᠢᠶᠠᠯ ᠤᠨ ᠲᠡᠷᠭᠡ ᠪᠣᠯᠤᠨ ᠲᠣᠭᠲᠠᠭᠠᠯ ᠠᠴᠠ ᠵᠥᠷᠢᠴᠡᠨ ᠵᠠᠮ ᠳᠤ ᠭᠠᠷᠤᠭᠰᠠᠨ ᠬᠤᠭ ᠰᠢᠷᠣᠶ ᠶᠢᠨ ᠲᠡᠷᠭᠡ ᠵᠡᠷᠭᠡ ᠬᠠᠷ᠎ᠠ ᠣᠲᠤᠭ᠎ᠠ ᠪᠤᠷᠭᠢᠯᠤᠨ ᠭᠠᠳᠠᠭᠰᠢᠯᠠᠭᠤᠯᠵᠤ ᠪᠠᠶᠢᠭ᠎ᠠ ᠲᠡᠷᠭᠡ ᠬᠥᠰᠬᠡ ᠶᠢ ᠬᠠᠮᠢᠶᠠᠷᠤᠨ ᠡᠵᠡᠮᠳᠡᠬᠦ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃      ︵9︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠡᠪᠡᠷ ᠨᠡᠭᠦᠷᠡᠰᠦ ᠡᠵᠡᠩᠨᠡᠬᠦ ᠨᠢᠭᠡᠴᠡ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠴᠢᠬ ᠲᠣᠭᠲᠠᠭᠠᠭᠰᠠᠨ ᠨᠡᠭᠦᠷᠡᠰᠦᠨ ᠤ ᠡᠵᠡᠩᠨᠡᠯᠲᠡ ᠶᠢᠨ ᠲᠣᠤᠷ ᠴᠢᠬ ᠤᠨ ᠨᠡᠭᠦᠷᠡᠰᠦᠨ ᠤ ᠴᠢᠨᠠᠷ ᠢ ᠰᠤᠭᠤᠴᠢᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃      ︵10︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠡᠮᠴᠢᠯᠡᠭᠡᠨ ᠤ ᠠᠪᠤᠷᠠᠨ ᠵᠠᠰᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠠᠴᠠ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠬᠢᠨᠠᠨ ᠬᠡᠮᠵᠢᠵᠦ ᠰᠢᠢᠳᠪᠦᠷᠢᠯᠡᠨ᠎ᠡ᠃ ᠠᠭᠠᠷ ᠮᠠᠨᠳᠠᠯ ᠤᠨ ᠪᠣᠬᠢᠷᠲᠤᠯ ᠤᠨ ᠡᠪᠡᠳᠴᠢᠨ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠭᠤᠴᠠᠭᠠᠨ ᠳᠠᠬᠢ ᠠᠮᠢᠰᠬᠤᠯ ᠤᠨ ᠵᠠᠮ ᠵᠡᠷᠭᠡ ᠠᠭᠠᠷ ᠮᠠᠨᠳᠠᠯ ᠤᠨ ᠪᠣᠬᠢᠷᠲᠤᠯ ᠤᠨ ᠬᠠᠮᠢᠶ᠎ᠠ ᠪᠥᠬᠦᠶ ᠡᠪᠡᠳᠴᠢᠨ ᠡᠮᠭᠡᠭ ᠢ 24 ᠴᠠᠭ ᠢᠶᠠᠷ ᠲᠦᠷᠭᠡᠨ ︵ᠡᠭᠦᠳᠡ︶ ᠣᠨᠣᠰᠢᠯᠠᠬᠤ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃      ︵11︶ ᠵᠠᠮ ᠬᠠᠷᠢᠯᠴᠠᠭᠠᠨ ᠤ ᠲᠣᠪᠴᠢᠶ᠎ᠠ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠴᠦᠨ ᠢ ᠪᠠᠲᠤᠯᠠᠵᠤ᠂ ᠣᠯᠠᠨ ᠨᠡᠶᠢᠲᠡ ᠶᠢᠨ ᠪᠣᠬᠢᠷᠲᠤᠯ ᠥᠬᠡᠶ ᠶᠠᠪᠤᠵᠤ ᠰᠠᠭᠤᠬᠤ ᠶᠢ ᠬᠠᠷᠢᠶ᠎ᠠ ᠪᠥᠬᠦᠶ ᠪᠠᠷᠢᠯᠭ᠎ᠠ ᠶᠢᠨ ᠭᠠᠵᠠᠷ᠂ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠵᠢᠴᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠢ ᠰᠢᠮᠳᠠᠭᠤᠯᠤᠨ ᠵᠢᠯᠣᠭᠤᠳᠴᠤ ᠪᠠᠶᠢᠭᠠᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠠᠷᠭ᠎ᠠ ᠬᠡᠮᠵᠢᠶ᠎ᠡ ᠶᠢ      ︵12︶ ᠬᠠᠮ ᠵᠠᠭᠤᠴᠢᠯᠠᠭᠤᠷ ᠤᠨ ᠲᠥᠪ      ᠬᠦᠨᠳᠦ ᠪᠣᠬᠢᠷᠲᠤᠯ ᠲᠠᠢ ᠴᠠᠭ ᠠᠭᠤᠷ ᠤᠨ ᠡᠷᠡᠭᠦᠯ ᠮᠡᠨᠳᠤ ᠶᠢᠨ ᠬᠠᠮᠠᠭᠠᠯᠠᠯᠲᠠ᠂ ᠨᠢᠭᠡᠴᠢ ᠪᠠ ᠬᠤᠪᠢ ᠬᠥᠮᠦᠨ ᠤ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠲᠠᠯ᠎ᠠ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠨ᠎ᠠ᠃      ︵13︶ ᠰᠤᠷᠭᠠᠨ ᠬᠥᠮᠦᠵᠢᠯ ᠤᠨ ᠲᠣᠪᠴᠢᠶ᠎ᠠ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠵᠤ ᠪᠠᠶᠢᠭᠠᠳ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠭᠤᠴᠠᠭᠠᠨ ᠳᠠᠬᠢ ᠭᠡᠷ ᠤᠨ ᠭᠠᠳᠠᠨᠠᠬᠢ ᠠᠵᠢᠯᠯᠠᠭ᠎ᠠ ᠶᠢ ᠪᠠᠭᠠᠰᠬᠠᠬᠤ ᠪᠤᠶᠤ ᠵᠣᠭᠰᠣᠭᠠᠬᠤ᠂ ᠴᠢᠨᠠᠭᠰᠢᠯᠠᠪᠠᠯ ᠬᠢᠴᠢᠶᠡᠯ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ︵14︶ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ    ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠲᠠᠷᠢᠶᠠᠯᠠᠩ ᠤᠨ ᠲᠡᠵᠢᠭᠡᠨ ᠦᠷᠡᠵᠢᠭᠦᠯᠬᠦ᠂ ᠳᠠᠷᠢᠬᠤ ᠵᠡᠷᠭᠡ ᠶᠠᠪᠤᠴᠠ ᠳᠠᠬᠢ ᠪᠣᠷᠲᠣᠭᠤᠷ ᠪᠣᠯᠤᠨ ᠲᠠᠷᠠᠬᠠᠶ ᠨᠡᠭᠦᠷᠡᠰᠦᠨ ᠤ ᠬᠡᠷᠡᠭᠯᠡᠯᠲᠡ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠬᠠᠷᠢᠶ᠎ᠠ ᠪᠥᠬᠦᠶ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠢ ᠬᠢᠨᠠᠨ ᠵᠢᠯᠣᠭᠤᠳᠴᠤ ᠪᠠᠶᠢᠭᠠᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      ︵15︶ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠤᠷᠠᠬᠢ ᠡᠨᠧᠷᠭᠢ ᠶᠢᠨ ᠪᠠᠲᠤᠯᠠᠭ᠎ᠠ ᠶᠢᠨ ᠠᠵᠢᠯ ᠢ ᠵᠣᠬᠢᠴᠠᠭᠤᠯᠵᠤ᠂ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠵᠣᠯᠭᠠᠭᠤᠯᠤᠨ ᠵᠣᠬᠢᠴᠠᠭᠤᠯᠬᠤ ᠶᠢ ᠴᠢᠩᠭᠠᠳᠬᠠᠨ᠂ ᠪᠠᠶᠢᠭᠠᠯᠢ ᠶᠢᠨ ᠰᠢᠲᠠᠮᠠᠬᠠᠶ ᠬᠡᠶ᠂ ᠴᠠᠬᠢᠯᠭᠠᠨ ᠵᠡᠷᠭᠡ ᠴᠡᠪᠡᠷ ᠡᠨᠧᠷᠭᠢ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ᠃      ︵16︶ ᠬᠠᠤᠯᠢ ᠬᠡᠷᠡᠭᠵᠢᠭᠦᠯᠬᠦ ᠲᠣᠪᠴᠢᠶ᠎ᠠ      ᠵᠠᠳᠠᠭᠠᠶ ᠰᠢᠷᠠᠮᠠᠯ᠂ ᠢᠳᠡᠭᠡᠨ ᠤᠮᠳᠠᠭᠠᠨ ᠳᠤ ᠲᠣᠰᠣᠨ ᠣᠲᠤᠭ᠎ᠠ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠰᠠᠨ ᠥᠬᠡᠶ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠪᠥᠬᠦ ᠰᠢᠶᠠᠨ ᠤ ᠢᠳᠡᠭᠡᠨ ᠤᠮᠳᠠᠭᠠᠨ ᠤ ᠨᠢᠭᠡᠴᠡ ᠶᠢᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠤᠨ᠎ᠠ᠃ ᠪᠢᠲᠡᠭᠦᠮᠵᠢᠯᠡᠭᠰᠡᠨ ᠲᠣᠨᠤᠭ ᠲᠥᠬᠦᠭᠡᠷᠦᠮᠵᠢ ᠤᠭᠰᠠᠷᠠᠭᠰᠠᠨ ᠥᠬᠡᠶ ᠪᠠᠷ ᠠᠮᠠᠷᠬᠠᠨ ᠠᠰᠬᠠᠭᠰᠠᠨ ᠨᠡᠭᠦᠷᠡᠰᠦ᠂ ᠬᠤᠭ ᠰᠢᠷᠣᠶ᠂ ᠬᠠᠶᠢᠷ ᠴᠢᠯᠠᠭᠤᠨ ᠤ ᠮᠠᠲ᠋ᠧᠷᠢᠶᠠᠯ ᠵᠡᠷᠭᠡ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠶ᠃ ᠬᠤᠭ ᠨᠣᠪᠰᠢ᠂ ᠮᠣᠳᠣᠨ ᠨᠠᠪᠴᠢ᠂ ᠡᠯᠳᠡᠪ ᠪᠣᠳᠠᠰ ᠵᠡᠷᠭᠡ ᠶᠢ ᠵᠠᠳᠠᠭᠠᠶ ᠰᠢᠲᠠᠭᠠᠬᠤ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠨ᠎ᠠ᠃      ︵17︶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ      ᠲᠣᠰ ᠨᠢᠭᠡᠴᠡ ᠶᠢᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠠᠶᠢᠷ ᠴᠢᠯᠠᠭᠤᠨ ᠤ ᠲᠠᠯᠠᠪᠠᠶ᠂ ᠸᠠᠭᠠᠷ ᠲᠣᠭᠤᠰᠬ᠎ᠠ ᠶᠢᠨ ᠠᠭᠤᠷᠬᠠᠶ᠂ ᠴᠣᠬᠤᠶ ᠶᠢᠨ ᠲᠠᠯᠠᠪᠠᠶ᠂ ᠡᠯᠡᠰᠦ ᠮᠠᠯᠲᠠᠬᠤ ᠲᠠᠯᠠᠪᠠᠶ ᠵᠡᠷᠭᠡ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠭᠤᠴᠠᠭᠠᠨ ᠳᠠᠬᠢ ᠪᠣᠬᠢᠷᠲᠤᠯ ᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠠ ᠲᠡᠭᠡᠭᠡᠪᠦᠷᠢ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃      ︵18︶ ᠤᠬᠠᠭᠤᠯᠬᠤ ᠬᠡᠯᠲᠡᠰ      ᠬᠦᠨᠳᠦ ᠪᠣᠬᠢᠷᠲᠤᠯ ᠲᠠᠢ ᠴᠠᠭ ᠠᠭᠤᠷ ᠤᠨ ᠦᠶ᠎ᠡ ᠶᠢᠨ ᠰᠣᠨᠢᠨ ᠮᠡᠳᠡᠭᠡᠨ ᠤ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠵᠤ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ ᠬᠤᠷᠢᠶ᠎ᠠ᠂ ᠰᠣᠨᠢᠨ ᠮᠡᠳᠡᠭᠡᠨ ᠤ ᠰᠦᠯᠵᠢᠶ᠎ᠡ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠮᠡᠳᠡᠭᠡ ᠵᠠᠩᠭᠢ ᠨᠡᠶᠢᠲᠡᠯᠡᠬᠦ᠂ ᠰᠣᠨᠢᠨ ᠮᠡᠳᠡᠭᠡᠨ ᠤ ᠮᠡᠳᠡᠭᠡᠯᠡᠯ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠨ᠎ᠠ᠃      ︵19︶ ᠴᠠᠬᠢᠯᠭᠠᠨ ᠬᠠᠩᠭᠠᠬᠤ ᠲᠣᠪᠴᠢᠶ᠎ᠠ      ᠴᠠᠬᠢᠯᠭᠠᠨ ᠬᠦᠴᠦᠨ ᠤ ᠪᠠᠲᠤᠯᠠᠭ᠎ᠠ ᠪᠤᠶᠤ ᠡᠵᠡᠮᠰᠢᠯ ᠬᠠᠩᠭᠠᠬᠤ ᠶᠢ ᠬᠠᠷᠢᠭᠤᠴᠠᠨ᠎ᠠ᠃      ︵20︶ ᠡᠯ᠎ᠡ ᠰᠤᠮᠤ ᠪᠠᠯᠭᠠᠰᠤ      ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠲᠣᠰ ᠪᠡᠯᠡᠳᠬᠡᠯ ᠲᠥᠰᠦᠯ ᠳᠤ ᠲᠣᠭᠲᠠᠭᠠᠭᠰᠠᠨ ᠬᠤᠯᠪᠣᠭᠳᠠᠯ ᠪᠥᠬᠦᠶ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠬᠡᠷᠡᠭᠵᠢᠭᠦᠯᠦᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠱᠠᠲᠤ ᠬᠤᠪᠢᠶᠠᠨ ᠰᠡᠷᠡᠮᠵᠢᠯᠡᠭᠦᠯᠬᠦ ᠶᠢ ᠦᠨᠳᠦᠰᠦᠯᠡᠨ᠂ ᠬᠠᠮᠢᠶ᠎ᠠ ᠪᠥᠬᠦᠶ ᠰᠡᠷᠡᠮᠵᠢᠯᠡᠭᠦᠯᠬᠦ ᠮᠡᠳᠡᠭᠡ ᠵᠠᠩᠭᠢ᠂ ᠡᠷᠡᠭᠦᠯ ᠮᠡᠨᠳᠦ ᠶᠢᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠣᠯᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠠᠶᠢᠯ ᠲᠣᠰᠬᠤᠨ ᠪᠣᠯᠤᠨ ᠰᠠᠭᠤᠭᠠᠯᠢ ᠠᠷᠠᠳ ᠲᠤ ᠳᠠᠮᠵᠢᠭᠤᠯᠬᠤ ᠬᠡᠷᠡᠭᠲᠡᠶ᠃ ᠬᠤᠯᠪᠣᠭᠳᠠᠯ ᠪᠥᠬᠦᠶ ᠠᠵᠤ ᠠᠬᠤᠶᠢᠯᠠᠯ ᠢ ᠬᠠᠪᠰᠤᠷᠤᠨ ᠵᠢᠯᠣᠭᠤᠳᠴᠤ ᠪᠠᠶᠢᠭᠠᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠵᠢᠯᠯᠠᠭᠠᠨ ᠤ ᠲᠥᠰᠦᠯ ᠢ ᠲᠣᠭᠲᠠᠭᠠᠬᠤ ᠶᠢᠨ ᠬᠠᠮᠲᠤ᠂ ᠲᠣᠰ ᠪᠡᠯᠡᠳᠬᠡᠯ ᠲᠥᠰᠦᠯ ᠳᠤ ᠲᠣᠭᠲᠠᠭᠠᠭᠰᠠᠨ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ ᠬᠡᠷᠡᠭᠵᠢᠭᠦᠯᠬᠦ ᠬᠡᠷᠡᠭᠲᠡᠶ᠃      3 ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ      3.1 ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠦᠢᠯᠡᠰ ᠤᠨ      ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠡᠯ᠎ᠡ ᠲᠥᠷᠥᠯ ᠤᠨ ᠬᠡᠢ ᠳᠤ ᠬᠤᠯᠪᠣᠭᠳᠠᠬᠤ ᠪᠣᠬᠢᠷᠲᠤᠯ ᠤᠨ ᠡᠬᠢ ᠶᠢ ᠨᠢᠭᠡᠳ ᠨᠢᠭᠡ ᠪᠠᠷ ᠪᠠᠶᠢᠴᠠᠭᠠᠵᠤ᠂ ᠪᠣᠬᠢᠷᠲᠤᠯ ᠢ ᠭᠠᠳᠠᠭᠰᠢᠯᠠᠭᠤᠯᠬᠤ ᠪᠣᠳᠠᠲᠠᠶ ᠪᠠᠶᠢᠳᠠᠯ ᠢ ᠲᠣᠳᠣᠷᠬᠠᠶ ᠣᠶᠢᠯᠠᠭᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ‌ᠵᠦ᠋ᠢᠯ ᠤᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠲᠣᠳᠣᠷᠬᠠᠶ ᠬᠠᠭᠤᠳᠠᠰᠤ ᠶᠢ ᠲᠤᠬᠠᠶ ᠶᠢᠨ ᠭᠠᠵᠠᠷ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠳᠠᠭᠠᠯᠳᠤᠭᠤᠯᠤᠯ ᠪᠣᠯᠭᠠᠵᠤ᠂ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃ ᠲᠣᠳᠣᠷᠬᠠᠶ ᠬᠠᠭᠤᠳᠠᠰᠤᠨ ᠳᠤ ᠠᠵᠤ ᠦᠢᠯᠡᠳᠪᠦᠷᠢ ᠶᠢᠨ ᠡᠬᠢ ᠰᠤᠷᠪᠤᠯᠵᠢ᠂ ᠰᠢᠯᠵᠢᠮᠡᠯ ᠮᠡᠳᠡᠭᠡ ᠬᠤᠯᠪᠣᠭᠠᠨ ᠤ ᠡᠬᠢ ᠰᠤᠷᠪᠤᠯᠵᠢ᠂ ᠲᠣᠭᠤᠰᠣ ᠰᠢᠷᠣᠶ ᠶᠢᠨ ᠡᠬᠢ ᠰᠤᠷᠪᠤᠯᠵᠢ ᠵᠡᠷᠭᠡ ᠦᠨᠳᠦᠰᠦᠨ ᠮᠡᠳᠡᠭᠡ ᠵᠠᠩᠭᠢ ᠪᠣᠯᠤᠨ ᠵᠣᠬᠢᠴᠠᠩᠭᠤᠶ ᠤᠷᠢᠳᠴᠢᠯᠠᠨ ᠰᠡᠷᠡᠮᠵᠢᠯᠡᠭᠦᠯᠬᠦ ᠲᠡᠰ ᠤᠨ ᠳᠣᠣᠷᠠᠬᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠪᠠᠭᠲᠠᠨ᠎ᠠ᠃ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠶ᠋ᠯ ᠤᠨ ᠨᠠᠷᠢᠨ ᠬᠠᠭᠤᠳᠠᠰᠤ ᠶᠢ ᠱᠠᠭᠠᠷᠳᠠᠯᠭ᠎ᠠ ᠶᠣᠰᠣᠭᠠᠷ ᠵᠢᠯ ᠪᠦᠷᠢ ᠰᠢᠨᠡᠳᠬᠡᠬᠦ ᠶᠢᠨ ᠬᠠᠮᠲᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      3.2 ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯᠯᠠᠭᠠᠨ ᠤ ᠲᠥᠰᠦᠯ ᠢ ᠨᠠᠶᠢᠷᠠᠭᠤᠯᠤᠨ ᠵᠣᠬᠢᠶᠠᠨ᠎ᠠ      ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠠᠴᠠ ᠠᠵᠤ ᠦᠢᠯᠡᠳᠪᠦᠷᠢ ᠶᠢᠨ ᠡᠬᠢ ᠰᠤᠷᠪᠤᠯᠵᠢ ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠤᠨ ᠨᠠᠷᠢᠨ ᠳᠠᠩᠰᠠᠨ ᠳᠤ ᠬᠤᠯᠪᠣᠭᠳᠠᠭᠰᠠᠨ ᠠᠵᠤ ᠠᠬᠤᠶᠢᠯᠠᠯ ᠢ ᠵᠢᠯᠣᠭᠤᠳᠤᠨ ᠱᠠᠭᠠᠷᠳᠠᠯᠭ᠎ᠠ ᠶᠣᠰᠣᠭᠠᠷ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ︽ᠨᠢᠭᠡ ᠦᠢᠯᠡᠳᠪᠦᠷᠢ ᠨᠢᠭᠡ ᠠᠷᠭ᠎ᠠ ᠪᠣᠳᠣᠯᠭ᠎ᠠ︾ ᠶᠢᠨ ᠠᠵᠢᠯᠯᠠᠭᠠᠨ ᠤ ᠲᠥᠰᠦᠯ ᠢ ᠲᠣᠭᠲᠠᠭᠠᠬᠤ ᠬᠡᠷᠡᠭᠲᠡᠶ᠃ ᠲᠥᠰᠦᠯ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠭᠤᠤᠯ ᠪᠣᠯᠬᠤ ᠦᠢᠯᠡᠳᠪᠦᠷᠢᠯᠡᠯ ᠤᠨ ᠤᠷᠠᠯᠠᠯ ᠤᠨ ᠴᠤᠪᠤᠷᠠᠯ᠂ ᠭᠤᠤᠯ ᠪᠣᠯᠬᠤ ᠬᠡᠶ ᠳᠤ ᠬᠤᠯᠪᠣᠭᠳᠠᠬᠤ ᠪᠣᠬᠢᠷᠲᠤᠯ ᠡᠭᠦᠰᠭᠡᠬᠦ ᠭᠤᠭᠴᠤᠭ᠎ᠠ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠪᠠᠶᠢᠳᠠᠯ ᠵᠢᠴᠢ ᠠᠳᠠᠯᠢ ᠪᠤᠰᠤ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠳᠣᠤᠷᠠᠬᠢ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠵᠤ᠂ ᠪᠣᠳᠠᠲᠠᠶ ᠦᠢᠯᠡᠳᠪᠦᠷᠢᠯᠡᠯ ᠢ ᠵᠣᠭᠰᠣᠭᠠᠬᠤ ᠦᠢᠯᠡᠳᠪᠦᠷᠢᠯᠡᠯ ᠤᠨ ᠱᠤᠭᠤᠮ᠂ ᠤᠷᠠᠯᠠᠯ ᠤᠨ ᠭᠤᠭᠴᠤᠭ᠎ᠠ ᠪᠣᠯᠤᠨ ᠡᠯ᠎ᠡ ᠲᠥᠷᠥᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠵᠠᠩᠭᠢᠯᠠᠭ᠎ᠠ ᠶᠢᠨ ᠴᠢᠨᠠᠷᠲᠠᠶ ᠭᠦᠶ᠋ᠴᠡᠳᠬᠡᠯ ᠲᠤᠭ᠎ᠠ ︵ᠵᠢᠱᠢᠶᠡᠯᠡᠪᠡᠯ ᠪᠠᠶᠢᠭᠠᠯᠢ ᠶᠢᠨ ᠰᠢᠲᠠᠮᠠᠬᠠᠶ ᠬᠡᠶ ᠬᠡᠷᠡᠭᠯᠡᠬᠦ ᠬᠡᠮᠵᠢᠶ᠎ᠡ ᠂ ᠴᠠᠬᠢᠯᠭᠠᠨ ᠬᠡᠷᠡᠭᠯᠡᠬᠦ ᠬᠡᠮᠵᠢᠶ᠎ᠡ ᠵᠡᠷᠭᠡ︶ ᠶᠢ ᠲᠣᠳᠣᠷᠬᠠᠶᠢᠯᠠᠬᠤ ᠬᠡᠷᠡᠭᠲᠡᠶ᠃ ᠪᠣᠬᠢᠷᠲᠤᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠤ ᠠᠬᠤᠶᠢᠯᠠᠯ ᠪᠤᠶᠤ ᠤᠷᠠᠯᠠᠯ ᠤᠨ ᠭᠤᠭᠴᠤᠭ᠎ᠠ ᠳᠤ᠂ ᠬᠡᠷᠡᠭᠵᠢᠭᠦᠯᠵᠦ ᠪᠠᠶᠢᠭ᠎ᠠ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠵᠢᠴᠢ ᠠᠳᠠᠯᠢ ᠪᠤᠰᠤ ᠲᠠᠰ ᠤᠨ ᠰᠡᠷᠡᠮᠵᠢᠯᠡᠭᠦᠯᠦᠯ ᠤᠨ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠢ ᠲᠣᠳᠣᠷᠬᠠᠶ ᠲᠡᠮᠳᠡᠭᠯᠡᠬᠦ ᠬᠡᠷᠡᠭᠲᠡᠶ᠃ ᠲᠥᠬᠦᠮ ᠠᠵᠢᠯ ᠤᠨ ᠳᠠᠷᠠᠭᠠᠯᠠᠯ ᠪᠤᠶᠤ ᠬᠦᠨᠳᠦ ᠪᠣᠬᠢᠷᠲᠤᠯ ᠢ ᠳᠠᠭᠠᠬᠤ ᠬᠤᠭᠤᠴᠠᠭᠠᠨ ᠳᠤ ᠪᠥᠬᠦ ᠦᠶ᠋ᠯᠡᠳᠪᠦᠷᠢ᠂ ᠪᠦᠬᠦ᠋ᠢᠯᠡ ᠦᠶ᠋ᠯᠡᠳᠪᠦᠷᠢᠯᠡᠯ ᠤᠨ ᠱᠤᠭᠤᠮ ᠤᠨ ᠦᠢᠯᠡᠳᠪᠦᠷᠢᠯᠡᠯ ᠢ ᠵᠣᠭᠰᠣᠭᠠᠭᠰᠠᠨ ᠪᠠ ᠡᠭᠡᠯᠵᠢᠯᠡᠨ ᠦᠢᠯᠡᠳᠪᠦᠷᠢᠯᠡᠯ ᠢ ᠵᠣᠭᠰᠣᠭᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠵᠥᠪᠬᠡᠨ ︽ᠢᠯᠡ ᠨᠡᠶᠢᠲᠡᠯᠡᠬᠦ ᠫᠠᠶᠢᠰᠠ︾ ᠲᠣᠭᠲᠠᠭᠠᠵᠤ ᠪᠣᠯᠤᠨ᠎ᠠ᠃ ᠦᠢᠯᠡᠳᠪᠦᠷᠢᠯᠡᠯ ᠤᠨ ᠠᠵᠢᠯ ᠤᠨ ᠳᠠᠷᠠᠭᠠᠯᠠᠯ ᠢ ᠲᠠᠰᠤᠯᠳᠠᠭᠤᠯᠵᠤ ᠪᠣᠯᠬᠤ ᠥᠬᠡᠶ᠂ ᠪᠣᠬᠢᠷᠲᠤᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠦᠢᠯᠡᠳᠪᠦᠷᠢᠯᠡᠯ ᠤᠨ ᠳᠠᠭᠠᠭᠠᠴᠠ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠤᠤᠯᠳᠠᠯᠭ᠎ᠠ ᠲᠠᠢ ᠠᠵᠤ ᠠᠬᠤᠶᠢᠯᠠᠯ ᠳᠤ᠂ ᠤᠲᠤᠭ᠎ᠠ ᠬᠡᠶ ᠶᠢᠨ ᠭᠠᠳᠠᠭᠰᠢᠯᠠᠭᠤᠯᠤᠯᠲᠠ ᠶᠢᠨ ᠠᠦ᠋ᠲ᠋ᠣ᠋ ᠬᠢᠨᠠᠨ ᠡᠵᠡᠮᠳᠡᠬᠦ ᠪᠡᠯᠡᠳᠬᠡᠮᠵᠢ ︵CEMS︶ ᠶᠢ ᠤᠭᠰᠠᠷᠠᠬᠤ ᠶᠢᠨ ᠬᠠᠮᠲᠤ ᠲᠠᠷᠬᠠᠮᠠᠯ ᠡᠵᠡᠮᠰᠢᠯ ᠤᠨ ᠰᠢᠰᠲ᠋ᠧᠮ ︵DCS︶ ᠤᠨ ᠨᠢᠭᠡ ᠵᠢᠯ ᠠᠴᠠ ᠳᠡᠭᠡᠭᠰᠢ ᠲᠤᠭ᠎ᠠ ᠪᠠᠷᠢᠮᠲᠠ ᠶᠢᠨ ᠲᠡᠮᠳᠡᠭᠯᠡᠯ ᠬᠠᠩᠭᠠᠵᠤ᠂ ᠥᠪᠡᠷ ᠤᠨ ᠦᠨᠡᠮᠯᠡᠯ ᠢᠶᠠᠷ ᠢᠶᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠤᠨ ᠱᠠᠭᠠᠷᠳᠠᠯᠭ᠎ᠠ ᠳᠤ ᠬᠦᠷᠦᠭᠦᠯᠬᠦ ᠬᠡᠷᠡᠭᠲᠡᠶ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠤ ᠠᠬᠤᠶᠢᠯᠠᠯ ᠤᠳ ᠴᠥᠮ ᠠᠵᠢᠯᠯᠠᠭᠠᠨ ᠤ ᠲᠥᠰᠦᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ ᠲᠣᠭᠲᠠᠭᠠᠬᠤ︾ ᠢᠯᠡ ᠨᠡᠶᠢᠲᠡᠯᠡᠬᠦ ᠫᠠᠶᠢᠰᠠ ᠲᠣᠭᠲᠠᠭᠠᠵᠤ᠂ ᠦᠢᠯᠡᠳᠪᠦᠷᠢ ᠶᠢᠨ ᠲᠣᠭᠤᠷᠢᠭ ᠤᠨ ᠣᠷᠣᠬᠤ ᠡᠭᠦᠳᠡ ᠵᠡᠷᠭᠡ ᠴᠢᠬᠤᠯᠠ ᠪᠠᠶᠢᠷᠢᠨ ᠳᠤ ᠤᠭᠰᠠᠷᠠᠬᠤ ᠬᠡᠷᠡᠭᠲᠡᠶ᠃      3.3 ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠪᠠᠷ      ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠶᠢᠨ ᠲᠣᠭᠠᠴᠠᠭ᠎ᠠ ᠬᠢᠬᠦ ᠶᠢ ᠥᠷᠨᠢᠭᠦᠯᠬᠦ ᠪᠣᠯ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠨᠡᠯᠡᠨ ᠵᠢᠱᠢᠬᠦ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠶᠢ ᠵᠢᠯ ᠪᠦᠷᠢ ᠨᠢᠭᠡ ᠤᠳᠠᠭ᠎ᠠ ᠲᠣᠭᠠᠴᠠᠭ᠎ᠠ ᠬᠢᠬᠦ ᠬᠡᠷᠡᠭᠲᠡᠶ᠂ ᠡᠭᠦᠨ ᠳᠤ ᠭᠤᠣᠯᠳᠠᠭᠤ ᠰᠠᠭᠤᠷᠢ ᠭᠠᠳᠠᠭᠰᠢᠯᠠᠭᠤᠯᠤᠯᠲᠠ ᠶᠢᠨ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠪᠠᠭᠲᠠᠨ᠎ᠠ᠃ ᠰᠠᠭᠤᠷᠢ ᠭᠠᠳᠠᠭᠰᠢᠯᠠᠭᠤᠯᠤᠯᠲᠠ ᠶᠢᠨ ᠬᠡᠮᠵᠢᠶ᠎ᠡ ᠪᠣᠯ ᠪᠦᠬᠦ ᠨᠡᠶᠢᠭᠡᠮ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠳᠤ ᠲᠣᠭᠠᠴᠠᠭ᠎ᠠ ᠬᠢᠬᠦ ᠶᠠᠪᠤᠳᠠᠯ ᠪᠣᠯᠤᠨ᠎ᠠ᠃ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠪᠣᠯ ᠰᠠᠭᠤᠷᠢ ᠭᠠᠳᠠᠭᠰᠢᠯᠠᠭᠤᠯᠤᠯᠲᠠ ᠶᠢᠨ ᠬᠡᠮᠵᠢᠶ᠎ᠡ ᠠᠴᠠ ᠲᠤᠬᠠᠶ ᠶᠢᠨ ᠵᠢᠯ ᠤᠨ ᠬᠡᠪ ᠤᠨ ᠵᠠᠰᠠᠬᠤ ᠠᠷᠭ᠎ᠠ ᠬᠡᠮᠵᠢᠶ᠎ᠡ ᠶᠢᠨ ᠪᠣᠬᠢᠷᠲᠤᠯ ᠡᠭᠦᠨ ᠤ ᠬᠠᠮᠲᠤ ᠲᠤᠰ ᠵᠢᠯ ᠤᠨ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠬᠦ ᠴᠢᠳᠠᠪᠤᠷᠢ ᠠᠴᠠ ᠪᠣᠯᠤᠭᠰᠠᠨ ᠪᠣᠬᠢᠷᠲᠤᠯ ᠤᠨ ᠰᠢᠨ᠎ᠡ ᠪᠠᠷ ᠨᠡᠮᠡᠭᠳᠡᠬᠦ ᠬᠡᠮᠵᠢᠶ᠎ᠡ ᠶᠢ ᠳᠠᠪᠬᠤᠴᠠᠭᠤᠯᠤᠭᠠᠳ ᠡᠳᠦᠷ ᠪᠦᠷᠢ ᠶᠢᠨ ᠭᠠᠳᠠᠭᠰᠢᠯᠠᠭᠤᠯᠬᠤ ᠬᠡᠮᠵᠢᠶ᠎ᠡ ᠪᠠᠷ ᠨᠤᠭᠤᠯᠤᠨ ᠪᠤᠳᠤᠨ᠎ᠠ ︵ᠲᠤᠰ ᠵᠢᠯ ᠳᠤ ᠨᠢᠭᠡᠨᠲᠡ ᠴᠠᠭᠠᠵᠠᠯᠠᠭᠰᠠᠨ ᠪᠤᠶᠤ ᠴᠠᠭᠠᠵᠠᠯᠠᠬᠤ ᠪᠠᠷ ᠲᠥᠯᠥᠪᠯᠡᠭᠰᠡᠨ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠥᠭᠡᠢ ᠪᠣᠬᠢᠷᠲᠤᠯ︾ ᠲᠠᠢ ᠠᠵᠤ ᠠᠬᠤᠶᠢᠯᠠᠯ᠂ ᠨᠢᠭᠡᠨᠲᠡ ᠰᠢᠭᠰᠢᠭᠳᠡᠭᠦᠯᠦᠭᠰᠡᠨ ᠪᠤᠶᠤ ᠰᠢᠭᠰᠢᠭᠳᠡᠭᠦᠯᠬᠦ ᠪᠠᠷ ᠲᠥᠯᠥᠪᠯᠡᠭᠰᠡᠨ ᠨᠡᠭᠦᠷᠡᠰᠦ ᠰᠢᠲᠠᠭᠠᠬᠤ ᠭᠦᠤᠤᠯᠦ᠂ ᠰᠢᠷ᠎ᠠ ᠲᠡᠮᠳᠡᠭᠲᠦ ᠲᠡᠷᠭᠡ ᠵᠡᠷᠭᠡ ᠯᠦᠭᠡ ᠵᠣᠬᠢᠴᠠᠯᠳᠤᠭᠰᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠴᠥᠮ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠳᠤ ᠣᠷᠣᠭᠤᠯᠵᠤ ᠪᠣᠯᠬᠤ ᠥᠭᠡᠢ︶᠃ ᠡᠭᠦᠨ ᠳᠤ᠂ ᠠᠵᠤ ᠦᠢᠯᠡᠳᠪᠦᠷᠢ ᠶᠢᠨ ᠢᠷᠡᠯᠲᠡ ᠶᠢ ᠵᠠᠷᠴᠢᠮ ᠳᠡᠭᠡᠷ᠎ᠡ ᠪᠠᠨ ᠪᠥᠬᠦ ᠵᠢᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠪᠠᠷ 330 ᠡᠳᠦᠷ ᠢᠶᠠᠷ ᠬᠤᠪᠢᠶᠠᠵᠤ ᠨᠤᠭᠤᠯᠤᠨ ᠪᠤᠳᠤᠨ᠎ᠠ᠃ ᠳᠤᠯᠠᠭᠠᠯᠠᠭ᠎ᠠ ᠶᠢᠨ ᠭᠦᠤᠤᠯᠦ ᠪᠣᠯᠤᠨ ᠠᠷᠠᠳ ᠤᠨ ᠬᠡᠷᠡᠭᠯᠡᠭᠡᠨ ᠤ ᠰᠤᠯᠠ ᠨᠡᠭᠦᠷᠡᠰᠦ ᠶᠢ ᠲᠤᠬᠠᠶ ᠶᠢᠨ ᠭᠠᠵᠠᠷ ᠤᠨ ᠪᠣᠳᠠᠲᠠᠶ ᠳᠤᠯᠠᠭᠠᠯᠠᠭ᠎ᠠ ᠶᠢᠨ ᠡᠳᠦᠷ ᠤᠨ ᠲᠤᠭ᠎ᠠ ᠪᠠᠷ ᠨᠤᠭᠤᠯᠤᠨ ᠰᠢᠯᠵᠢᠮᠡᠯ ᠡᠬᠢ ᠰᠤᠷᠪᠤᠯᠵᠢ ᠪᠠ ᠲᠣᠭᠤᠰᠣ ᠳᠡᠭᠳᠡᠬᠦ ᠡᠬᠢ ᠰᠤᠷᠪᠤᠯᠵᠢ ᠶᠢ 365 ᠡᠳᠦᠷ ᠢᠶᠠᠷ ᠨᠤᠭᠤᠯᠤᠨ ᠪᠤᠳᠤᠨ᠎ᠠ᠃ ᠬᠤᠭ ᠲᠣᠭᠤᠰᠣ ᠭᠠᠳᠠᠭᠰᠢᠯᠠᠭᠤᠯᠬᠤ ᠬᠡᠮᠵᠢᠶ᠎ᠡ ᠶᠢ PM ᠭᠠᠳᠠᠭᠰᠢᠯᠠᠭᠤᠯᠬᠤ ᠬᠡᠮᠵᠢᠶ᠎ᠡ ᠶᠢᠨ ᠨᠢᠭᠡ ᠬᠡᠰᠡᠭ ᠪᠣᠯᠭᠠᠵᠤ ᠲᠤᠰᠠᠭᠠᠷ ᠪᠤᠳᠤᠨ᠎ᠠ᠂ ᠲᠡᠭᠦᠨ ᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠤᠨ ᠳᠡᠭᠡᠳᠦ ᠬᠢᠵᠠᠭᠠᠷ ᠢ ᠬᠤᠲᠠ ᠶᠢᠨ ᠤᠯᠠᠷᠢᠯ ᠬᠤᠪᠢᠶᠠᠭᠰᠠᠨ PM2.5 ᠡᠬᠢ ᠰᠤᠷᠪᠤᠯᠵᠢ ᠶᠢᠨ ᠵᠠᠳᠠᠯᠤᠯᠲᠠ ᠶᠢᠨ ᠦᠷ᠎ᠡ ᠳ᠋ᠦᠩ ᠢᠶᠠᠷ ᠲᠣᠭᠲᠠᠭᠠᠨ᠎ᠠ᠃ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠭᠡᠳᠡᠭ ᠨᠢ ᠵᠣᠬᠢᠴᠠᠩᠭᠤᠶ ᠲᠡᠰ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠡᠳᠦᠷ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠮᠵᠢᠶ᠎ᠡ ᠬᠢᠭᠡᠳ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠶᠢᠨ ᠬᠠᠷᠢᠴᠠᠯ ᠤᠨ ᠬᠡᠮᠵᠢᠭᠳᠡᠯ ᠢ ᠵᠢᠭᠠᠵᠤ ᠪᠤᠢ᠃ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠡᠷᠦᠩᠬᠡᠶ ᠬᠠᠷᠢᠴᠠᠯ ᠤᠨ ᠱᠠᠭᠠᠷᠳᠠᠯᠭ᠎ᠠ ᠳᠤ ᠬᠥᠷᠬᠦ ᠥᠬᠡᠶ ᠪᠠᠶᠢᠪᠠᠯ᠂ ᠪᠠᠴᠢᠮ ᠪᠠᠶᠢᠳᠠᠯ ᠢ ᠠᠷᠭᠠᠴᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠦᠷᠭᠦᠯᠵᠢᠯᠡᠨ ᠨᠡᠮᠡᠭᠳᠡᠭᠦᠯᠵᠦ᠂ ᠱᠠᠭᠠᠷᠳᠠᠯᠭ᠎ᠠ ᠳᠤ ᠬᠦᠷᠲᠡᠯ᠎ᠡ ᠦᠷᠭᠦᠯᠵᠢᠯᠡᠭᠦᠯᠦᠨ᠎ᠡ᠃      3.4 ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ      ᠠᠯᠪᠠᠳᠠᠯᠭ᠎ᠠ ᠶᠢᠨ ᠴᠢᠨᠠᠷᠲᠠᠶ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠳᠣᠲᠣᠷ᠎ᠠ᠂ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠮᠡᠭ᠂ ᠮᠥᠬᠦᠯᠢᠭᠲᠦ ᠪᠣᠳᠠᠰ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠰᠢᠷ᠎ᠠ ᠥᠩᠭᠡ᠂ ᠤᠯᠠᠪᠤᠷ ᠥᠩᠭᠡ ᠶᠢᠨ ᠪᠠ ᠤᠯᠠᠭᠠᠨ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠬᠤᠭᠤᠴᠠᠭᠠᠨ ᠳᠤ ᠲᠤᠰ ᠲᠤᠰ 10%᠂ 20% ᠪᠠ 30% ᠠᠴᠠ ᠳᠡᠭᠡᠭᠰᠢ ᠪᠠᠶᠢᠯᠭᠠᠬᠤ ᠬᠡᠷᠡᠭᠲᠡᠶ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ 10%᠂ 15% ᠪᠠ 20% ᠠᠴᠠ ᠳᠡᠭᠡᠭᠰᠢ ᠪᠠᠶᠢᠯᠭᠠᠬᠤ ᠬᠡᠷᠡᠭᠲᠡᠶ᠃      3.5 ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠢᠭᠡ ᠯᠡ ᠠᠳᠠᠯᠢ ᠪᠠᠷ ᠱᠠᠭᠠᠷᠳᠠᠬᠤ ᠠᠴᠠ ᠵᠠᠶᠢᠯᠠᠰᠬᠢᠨ᠎ᠡ      ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠦᠨᠡᠨᠬᠦ ᠪᠦᠲᠦᠮᠵᠢᠲᠡᠶ ᠪᠠᠶᠢᠯᠭᠠᠵᠤ᠂ ᠠᠵᠢᠯᠯᠠᠭᠤᠯᠬᠤ ᠳᠤ ᠲᠥᠬᠦᠮ ᠪᠠᠶᠢᠯᠭᠠᠵᠤ᠂ ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ︽ᠡᠭᠡᠭᠡ ᠠᠳᠠᠯᠢ ᠪᠠᠶᠢᠯᠭᠠᠬᠤ︾ ᠠᠷᠭ᠎ᠠ ᠮᠠᠶ᠋ᠢᠭ ᠠᠪᠬᠤ ᠠᠴᠠ ᠵᠠᠶᠢᠯᠠᠰᠬᠢᠵᠦ᠂ ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠬᠡᠷᠡᠭᠵᠢᠭᠦᠯᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠲᠠᠭᠠᠭᠰᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠣᠳᠠᠲᠠᠶ ᠪᠥᠭᠡᠳ ᠶᠠᠪᠤᠭᠳᠠᠭᠤᠰᠢᠲᠠᠶ ᠪᠠᠶᠢᠯᠭᠠᠵᠤ᠂ ᠬᠠᠮᠢᠶᠠᠷᠤᠯᠲᠠ ᠶᠢ ᠬᠡᠷᠡᠭᠵᠢᠭᠦᠯᠬᠦ ᠶᠠᠪᠤᠴᠠ ᠶᠢ ᠲᠣᠳᠣᠷᠬᠠᠶ ᠪᠣᠯᠭᠠᠵᠤ᠂ ︽ᠨᠢᠭᠡ ᠦᠢᠯᠡᠳᠪᠦᠷᠢ ᠨᠢᠭᠡ ᠠᠷᠭ᠎ᠠ ᠪᠤᠳᠤᠯᠭ᠎ᠠ︾ ᠶᠢ ᠪᠡᠶᠡᠯᠡᠭᠦᠯᠬᠦ ᠬᠡᠷᠡᠭᠲᠡᠶ᠃      3.6 ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠤᠣᠯ ᠵᠠᠮ      SO2 ︵ᠬᠦᠬᠦᠷ ᠤᠨ ᠳᠠᠪᠬᠤᠷ ᠢᠰᠦᠯ︶᠂ NOx ︵ᠠᠽᠣᠲ ᠤᠨ ᠢᠰᠦᠮᠡᠭ︶᠂ PM ︵ᠮᠥᠬᠦᠯᠢᠭᠲᠦ ᠪᠣᠳᠠᠰ︶ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠪᠤᠯᠤᠳ ᠲᠡᠮᠤᠷ᠂ ᠬᠠᠪᠲᠠᠭᠠᠶ ᠰᠢᠯ᠂ ᠥᠩᠭᠡᠲᠦ ᠲᠡᠮᠦᠷᠯᠢᠭ᠂ ᠱᠦᠢᠨᠢ᠂ ᠨᠡᠭᠦᠷᠡᠰᠦ ᠰᠢᠲᠠᠭᠠᠬᠤ ᠴᠠᠬᠢᠯᠭᠠᠨ ᠦᠢᠯᠡᠳᠪᠦᠷᠢ᠂ ᠨᠡᠭᠦᠷᠡᠰᠦ ᠰᠢᠲᠠᠭᠠᠬᠤ ᠭᠦᠤᠤᠯᠦ᠂ ᠠᠵᠤ ᠦᠢᠯᠡᠳᠪᠦᠷᠢ ᠶᠢᠨ ᠵᠤᠤᠬ᠎ᠠ ᠵᠡᠷᠭᠡ ᠠᠵᠤ ᠦᠢᠯᠡᠳᠪᠦᠷᠢ ᠶᠢᠨ ᠢᠷᠡᠯᠲᠡ ᠶᠢᠨ ᠲᠣᠳᠣᠷᠬᠠᠶ ᠬᠠᠭᠤᠳᠠᠰᠤ ᠶᠢᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠬᠤ ᠪᠠᠷ ᠳᠠᠮᠵᠢᠭᠤᠯᠤᠨ᠂ ᠬᠦᠨᠳᠦ ᠬᠡᠯᠪᠡᠷᠢ ᠶᠢᠨ ᠠᠴᠢᠶᠠᠨ ᠤ ᠲᠡᠷᠭᠡ ᠪᠠ ᠪᠠᠷᠢᠯᠭ᠎ᠠ ᠶᠢᠨ ᠠᠵᠢᠯ ᠢ ᠬᠢᠵᠠᠭᠠᠷᠯᠠᠵᠤ ᠪᠣᠯᠤᠨ᠎ᠠ᠃    ᠮᠧᠬᠠᠨᠢᠭ ᠢ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠶᠢ ᠪᠡᠶᠡᠯᠡᠭᠦᠯᠪᠡ᠃ ᠲᠣᠭᠤᠰᠣ ᠳᠡᠭᠳᠡᠬᠦ ᠮᠥᠬᠦᠯᠢᠭᠲᠦ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠪᠠᠷᠢᠯᠭ᠎ᠠ ᠶᠢᠨ ᠭᠠᠵᠠᠷ ᠤᠨ ᠰᠢᠷᠣᠶ ᠴᠢᠯᠠᠭᠤᠨ ᠤ ᠠᠵᠢᠯ ᠢ ᠵᠣᠭᠰᠣᠭᠠᠬᠤ᠂ ᠪᠠᠷᠢᠯᠭ᠎ᠠ ᠶᠢᠨ ᠬᠤᠭ ᠨᠣᠪᠰᠢ᠂ ᠬᠤᠭ ᠲᠣᠭᠤᠰᠣ᠂ ᠬᠠᠶᠢᠷ ᠴᠢᠯᠠᠭᠤ ᠲᠡᠭᠡᠭᠡᠪᠦᠷᠢᠯᠡᠬᠦ ᠲᠡᠷᠭᠡ ᠬᠥᠰᠬᠡ ᠶᠢᠨ ᠶᠠᠪᠤᠬᠤ ᠶᠢ ᠴᠠᠭᠠᠵᠠᠯᠠᠬᠤ᠂ ᠭᠤᠣᠯ ᠪᠣᠯᠬᠤ ᠵᠠᠮ ᠤᠨ ᠠᠷᠢᠭᠤᠨ ᠴᠡᠪᠡᠷ ᠤᠨ ᠤᠳᠠᠭ᠎ᠠ ᠶᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠪᠡᠶᠡᠯᠡᠭᠦᠯᠵᠦ ᠪᠣᠯᠤᠨ᠎ᠠ᠃ VOCs ︵ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ︶ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠳᠤ ᠭᠤᠤᠯᠳᠠᠭᠤ ᠬᠢᠮᠢ ᠶᠢᠨ ᠠᠵᠤ ᠦᠶ᠋ᠯᠡᠳᠪᠦᠷᠢ᠂ ᠠᠵᠤ ᠦᠢᠯᠡᠳᠪᠦᠷᠢ ᠶᠢᠨ ᠰᠢᠷᠳᠡᠨ ᠤᠭᠰᠠᠷᠠᠬᠤ᠂ ᠬᠡᠪᠯᠡᠬᠦ ᠵᠡᠷᠭᠡ ᠠᠵᠢᠯ ᠲᠥᠷᠥᠯ ᠤᠨ VOCs ︵ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ︶ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠬᠤ᠂ ᠪᠠᠷᠢᠯᠭ᠎ᠠ ᠶᠢᠨ ᠠᠵᠢᠯ ᠤᠨ ᠭᠠᠵᠠᠷ ᠤᠨ ᠰᠦᠷᠴᠢᠨ ᠰᠢᠷᠳᠡᠵᠦ ᠥᠩᠭᠡᠯᠡᠬᠦ ᠶᠢ ᠵᠣᠭᠰᠣᠭᠠᠬᠤ ᠵᠡᠷᠭᠡ ᠣᠷᠭᠠᠨᠢᠭ ᠠᠭᠤᠰᠬᠠᠭᠴᠢ ᠶᠢ ᠬᠡᠷᠡᠭᠯᠡᠬᠦ ᠠᠵᠢᠯ ᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠪᠠᠷ ᠪᠡᠶᠡᠯᠡᠭᠦᠯᠦᠨ᠎ᠡ᠃      3. 6.1 ᠠᠵᠤ ᠦᠢᠯᠡᠳᠪᠦᠷᠢ ᠶᠢᠨ ᠢᠷᠡᠯᠳᠡ ᠶᠢᠨ ᠲᠣᠳᠣᠷᠬᠠᠶ ᠬᠠᠭᠤᠳᠠᠰᠤ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ      ᠠᠵᠤ ᠦᠢᠯᠡᠳᠪᠦᠷᠢ ᠶᠢᠨ ᠢᠷᠡᠯᠲᠡ ᠶᠢᠨ ᠨᠠᠷᠢᠨ ᠬᠠᠭᠤᠳᠠᠰᠤ ᠶᠢ ᠭᠤᠤᠯᠳᠠᠭᠤ ᠦᠶ᠋ᠯᠡᠳᠪᠦᠷᠢᠯᠡᠯ ᠢ ᠵᠣᠭᠰᠣᠭᠠᠬᠤ ᠪᠤᠶᠤ ᠬᠡᠰᠡᠭ ᠦᠢᠯᠡᠳᠪᠦᠷᠢᠯᠡᠯ ᠤᠨ ᠱᠤᠭᠤᠮ ᠢ ᠵᠣᠭᠰᠣᠭᠠᠬᠤ ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠪᠡᠶᠡᠯᠡᠭᠦᠯᠵᠦ᠂ ᠡᠩ ᠲᠡᠷᠢᠭᠦᠨ ᠳᠤ ᠠᠵᠢᠯ ᠲᠥᠷᠥᠯ ᠤᠨ ᠳᠣᠲᠣᠷᠠᠬᠢ ᠠᠳᠠᠯᠢ ᠪᠤᠰᠤ ᠠᠵᠤ ᠠᠬᠤᠶᠢᠯᠠᠯ ᠤᠨ ᠡᠭᠡᠯᠵᠢᠯᠡᠨ ᠦᠢᠯᠡᠳᠪᠦᠷᠢᠯᠡᠯ ᠢ ᠵᠣᠭᠰᠣᠭᠠᠬᠤ᠂ ᠠᠵᠤ ᠠᠬᠤᠶᠢᠯᠠᠯ ᠤᠨ ᠳᠣᠲᠣᠷᠠᠬᠢ ᠦᠢᠯᠡᠳᠪᠦᠷᠢᠯᠡᠯ ᠤᠨ ᠱᠤᠭᠤᠮ ᠢ ᠡᠭᠡᠯᠵᠢᠯᠡᠨ ᠦᠢᠯᠡᠳᠪᠦᠷᠢᠯᠡᠯ ᠢ ᠵᠣᠭᠰᠣᠭᠠᠬᠤ ᠵᠡᠷᠭᠡ ᠠᠷᠭ᠎ᠠ ᠮᠠᠶ᠋ᠢᠭ ᠢᠶᠠᠷ ᠪᠡᠶᠡᠯᠡᠭᠦᠯᠦᠨ᠎ᠡ᠃ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠰᠢᠯ ᠵᠡᠷᠭᠡ ᠦᠢᠯᠡᠳᠪᠦᠷᠢᠯᠡᠯ ᠤᠨ ᠤᠷ᠎ᠠ ᠮᠡᠷᠭᠡᠵᠢᠯ ᠠᠴᠠ ᠪᠣᠯᠵᠤ ᠦᠢᠯᠡᠳᠪᠦᠷᠢᠯᠡᠯ ᠢ ᠨᠢ ᠵᠣᠭᠰᠣᠭᠠᠵᠤ ᠬᠢᠵᠠᠭᠠᠷᠯᠠᠬᠤ ᠶᠢ ᠲᠦᠷᠭᠡᠨ ᠪᠡᠶᠡᠯᠡᠭᠦᠯᠵᠦ ᠳᠡᠶᠢᠯᠬᠦ ᠦᠭᠡᠶ ᠠᠵᠢᠯ ᠲᠥᠷᠥᠯ᠂ ᠠᠴᠢᠶᠠᠯᠠᠵᠤ ᠪᠠᠭᠤᠯᠭᠠᠬᠤ ᠪᠠ ᠲᠡᠭᠡᠭᠡᠪᠦᠷᠢᠯᠡᠬᠦ ᠬᠡᠮᠵᠢᠶ᠎ᠡ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠬᠦ ᠶᠢᠨ ᠬᠠᠮᠲᠤ ᠤᠳᠤ ᠶᠢᠨ ᠪᠠᠶᠢᠭ᠎ᠠ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠡᠯ᠎ᠡ ᠤᠷᠢᠳᠴᠢᠯᠠᠨ ᠰᠡᠷᠡᠮᠵᠢᠯᠡᠭᠦᠯᠬᠦ ᠲᠡᠰ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢᠶᠠᠷ ᠯᠠᠪᠯᠠᠯᠲᠠ ᠪᠣᠯᠭᠠᠵᠤ᠂ ᠦᠷᠳᠡᠭ ᠢ ᠴᠢᠩᠭ᠎ᠠ ᠲᠠᠯᠪᠢᠬᠤ᠂ ᠭᠠᠷᠤᠯᠲᠠ ᠶᠢᠨ ᠬᠡᠮᠵᠢᠶ᠎ᠡ ᠪᠤᠶᠤ ᠮᠠᠲ᠋ᠧᠷᠢᠶᠠᠯ ᠣᠷᠣᠭᠤᠯᠬᠤ ᠬᠡᠮᠵᠢᠶ᠎ᠡ ᠶᠢ ᠬᠢᠵᠠᠭᠠᠷᠯᠠᠬᠤ ᠠᠷᠭ᠎ᠠ ᠮᠠᠶ᠋ᠢᠭ ᠢ ᠠᠪᠴᠤ ᠪᠠᠶᠢᠭᠠᠳ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠪᠠᠷ ᠳᠠᠮᠵᠢᠭᠤᠯᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠣᠬᠢᠷᠲᠤᠯ ᠶᠡᠬᠡᠲᠡᠶ ᠲᠦᠯᠡᠰᠢ ᠬᠡᠷᠡᠭᠯᠡᠬᠦ ᠠᠵᠤ ᠠᠬᠤᠶᠢᠯᠠᠯ ᠤᠨ ᠦᠢᠯᠡᠳᠪᠦᠷᠢᠯᠡᠯ ᠢ ᠵᠣᠭᠰᠣᠭᠠᠬᠤ᠂ ᠦᠢᠯᠡᠳᠪᠦᠷᠢᠯᠡᠯ ᠢ ᠠᠷᠭ᠎ᠠ ᠬᠡᠮᠵᠢᠶ᠎ᠡ ᠠᠪᠬᠤ ᠶᠢ ᠤᠷᠢᠳᠠᠪᠠᠷ ᠰᠣᠩᠭᠤᠬᠤ ᠶᠢ ᠵᠣᠷᠢᠭᠵᠢᠭᠤᠯᠤᠨ᠎ᠠ᠃ ᠤᠷᠳᠤ ᠬᠤᠭᠤᠴᠠᠭ᠎ᠠ ᠪᠠᠷ ᠦᠢᠯᠡᠳᠪᠦᠷᠢᠯᠡᠯ ᠵᠣᠭᠰᠣᠭᠰᠠᠨ ᠠᠵᠤ ᠠᠬᠤᠶᠢᠯᠠᠯ ᠢ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠪᠴᠢᠶᠡᠨ ᠳᠤ ᠣᠷᠣᠭᠤᠯᠵᠤ ᠪᠣᠯᠬᠤ ᠥᠭᠡᠢ᠃      3.6.2 ᠰᠢᠯᠵᠢᠮᠡᠯ ᠮᠡᠳᠡᠭᠡ ᠬᠤᠯᠪᠣᠭᠠᠨ ᠤ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ      ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠭᠤᠣᠯᠳᠠᠭᠤ ᠪᠣᠬᠢᠷᠲᠤᠯ ᠶᠡᠬᠡᠲᠡᠶ ᠲᠡᠷᠭᠡ ᠬᠥᠰᠬᠡ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠬᠡᠷᠡᠭᠯᠡᠯᠲᠡ ᠶᠢ ᠬᠢᠵᠠᠭᠠᠷᠯᠠᠬᠤ᠂ ᠬᠢᠯᠢ ᠪᠠᠷ ᠥᠩᠭᠡᠷᠡᠬᠦ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠶᠢ ᠲᠣᠭᠤᠷᠢᠵᠤ ᠵᠠᠯᠠᠵᠤ ᠵᠢᠯᠣᠭᠤᠳᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠤᠨ ᠪᠡᠶᠡᠯᠡᠭᠦᠯᠦᠨ᠎ᠡ᠃ ᠪᠣᠬᠢᠷᠲᠤᠯ ᠶᠡᠬᠡᠲᠡᠶ ᠲᠡᠷᠭᠡ ᠬᠥᠰᠬᠡ ᠶᠢᠨ ᠶᠠᠪᠤᠬᠤ ᠶᠢ ᠬᠢᠵᠠᠭᠠᠷᠯᠠᠬᠤ ᠬᠡᠪᠴᠢᠶ᠎ᠡ ᠶᠢ ᠭᠤᠤᠯ ᠬᠤᠲᠠ ᠶᠢᠨ ᠲᠣᠭᠤᠷᠢᠭ ᠪᠠ ᠪᠠᠶᠢᠭᠤᠯᠤᠭᠰᠠᠨ ᠲᠣᠭᠤᠷᠢᠭ ᠲᠤ ᠬᠢᠵᠠᠭᠠᠷᠯᠠᠵᠤ ᠪᠣᠯᠬᠤ ᠥᠬᠡᠶ᠃ ᠶᠡᠭᠡ ᠬᠡᠮᠵᠢᠶᠡᠨ ᠤ ᠲᠦᠭᠦᠬᠡᠶ ᠮᠠᠲ᠋ᠧᠷᠢᠶᠠᠯ ᠵᠢᠴᠢ ᠦᠢᠯᠡᠳᠬᠦᠨ ᠤ ᠲᠡᠭᠡᠭᠡᠪᠦᠷᠢ ᠳᠤ ᠬᠤᠯᠪᠣᠭᠳᠠᠬᠤ ᠭᠤᠣᠯᠳᠠᠯᠭ᠎ᠠ ᠲᠠᠢ ᠲᠡᠷᠭᠡ ᠬᠡᠷᠡᠭᠯᠡᠬᠦ ᠠᠵᠤ ᠠᠬᠤᠶᠢᠯᠠᠯ ᠤᠳ ᠤᠷᠬᠢᠯ ᠢ ᠵᠥᠷᠢᠭᠦᠯᠦᠨ ᠲᠡᠭᠡᠭᠡᠪᠦᠷᠢᠯᠡᠬᠦ ᠲᠥᠰᠦᠯ ᠲᠣᠭᠲᠠᠭᠠᠵᠤ᠂ ᠪᠣᠬᠢᠷᠲᠤᠯ ᠶᠡᠬᠡᠲᠡᠶ ᠲᠡᠷᠭᠡ ᠬᠥᠰᠬᠡ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠬᠡᠷᠡᠭᠲᠡᠶ᠃ ᠬᠦᠨᠳᠦ ᠪᠣᠬᠢᠷᠲᠤᠯ ᠲᠠᠢ ᠴᠠᠭ ᠠᠭᠤᠷ ᠤᠨ ᠤᠯᠠᠪᠤᠷ ᠥᠩᠭᠡ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠤᠨ ᠦᠶ᠎ᠡ ᠳᠤ᠂ ᠣᠨᠴᠠ ᠲᠣᠭᠲᠠᠭᠰᠠᠨ ᠣᠷᠣᠨ ᠪᠦᠰᠡ ᠳᠤ ᠴᠠᠶᠢᠶ᠋ᠢᠦ ᠲᠣᠰᠣᠨ ᠤ ᠲᠡᠷᠭᠡ ᠬᠥᠰᠬᠡ ᠶᠠᠪᠤᠭᠤᠯᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠃      3.6.3 ᠳᠡᠭᠳᠡᠮᠡᠯ ᠲᠣᠭᠤᠰᠣᠨ ᠤ ᠡᠬᠢ ᠰᠤᠷᠪᠤᠯᠵᠢ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠰᠤᠳ ᠠᠷᠭ᠎ᠠ ᠬᠡᠮᠵᠢᠶ᠎ᠡ      ᠲᠣᠭᠤᠰᠣ ᠳᠡᠭᠳᠡᠬᠦ ᠶᠢ ᠪᠠᠭᠠᠰᠬᠠᠬᠤ ᠳᠤ ᠭᠤᠣᠯᠳᠠᠭᠤ ᠪᠠᠷᠢᠯᠭ᠎ᠠ ᠶᠢᠨ ᠲᠣᠭᠤᠰᠣ ᠳᠡᠭᠳᠡᠬᠦ ᠶᠢ ᠬᠢᠵᠠᠭᠠᠷᠯᠠᠬᠤ ᠪᠠ ᠵᠠᠮ ᠤᠨ ᠲᠣᠭᠤᠰᠣ ᠳᠡᠭᠳᠡᠬᠦ ᠶᠢ ᠬᠢᠵᠠᠭᠠᠷᠯᠠᠬᠤ ᠶᠠᠪᠤᠳᠠᠯ ᠢᠶᠠᠷ ᠲᠠᠮᠵᠢᠨ ᠪᠡᠶᠡᠯᠡᠭᠦᠯᠦᠨ᠎ᠡ᠃ ᠪᠠᠷᠢᠯᠭ᠎ᠠ ᠶᠢᠨ ᠬᠤᠭ ᠲᠣᠭᠤᠰᠣ ᠶᠢ ᠡᠵᠡᠮᠳᠡᠬᠦ ᠳᠤ ᠪᠤᠲ᠋ᠣᠨ ᠵᠢᠭᠤᠷᠠᠬᠤ᠂ ᠪᠠᠷᠢᠯᠭ᠎ᠠ ᠶᠢ ᠨᠤᠷᠠᠭᠠᠬᠤ᠂ ᠰᠢᠷᠣᠶ ᠰᠢᠭᠠᠷᠤ ᠶᠢᠨ ᠲᠡᠷᠭᠡ ᠶᠢ ᠲᠡᠭᠡᠭᠡᠪᠦᠷᠢᠯᠡᠬᠦ᠂ ᠰᠢᠷᠣᠶ ᠴᠢᠯᠠᠭᠤ ᠪᠠᠷ ᠠᠵᠢᠯᠯᠠᠬᠤ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃ ᠵᠠᠮ ᠤᠨ ᠲᠣᠭᠤᠰᠣ ᠳᠡᠭᠳᠡᠬᠦ ᠶᠢ ᠡᠵᠡᠮᠳᠡᠬᠦ ᠳᠤ ᠭᠤᠣᠯ ᠵᠠᠮ ᠪᠠ ᠲᠣᠭᠤᠰᠣ ᠳᠡᠭᠳᠡᠬᠦ ᠳᠤ ᠠᠮᠠᠷᠬᠠᠨ ᠵᠠᠮ ᠤᠨ ᠬᠡᠰᠡᠭ ᠤᠨ ᠨᠢᠰᠬᠡᠯ ᠢᠶᠠᠷ ᠱᠦᠭᠦᠷᠳᠡᠬᠦ ᠪᠠ ᠤᠰᠤ ᠰᠦᠷᠴᠢᠬᠦ ᠤᠳᠠᠭ᠎ᠠ ᠶᠢ ᠵᠣᠬᠢᠰᠲᠠᠶ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ ᠪᠤᠰᠤᠳ ᠣᠯᠠᠨ ᠢᠷᠡᠯᠲᠡ ᠶᠢ ᠭᠤᠤᠯᠳᠠᠭᠤ ᠵᠠᠰᠠᠵᠤ ᠴᠢᠮᠡᠭᠯᠡᠬᠦ ᠶᠢᠨ ᠰᠦᠷᠴᠢᠨ ᠰᠢᠷᠲᠡᠬᠦ ᠪᠠ ᠪᠠᠷᠢᠯᠭ᠎ᠠ ᠶᠢᠨ ᠥᠩᠭᠡᠯᠡᠨ ᠰᠢᠷᠳᠡᠬᠦ ᠶᠢ ᠪᠠᠭᠤᠷᠠᠭᠤᠯᠬᠤ᠂ ᠳᠤᠯᠠᠭᠠᠯᠠᠭ᠎ᠠ ᠪᠠ ᠵᠠᠳᠠᠭᠠᠶ ᠨᠡᠭᠦᠷᠡᠰᠦ ᠶᠢ ᠴᠢᠩᠭ᠎ᠠ ᠬᠢᠵᠠᠭᠠᠷᠯᠠᠬᠤ ᠵᠡᠷᠭᠡ ᠪᠠᠷ ᠳᠠᠮᠵᠢᠭᠤᠯᠤᠨ ᠪᠡᠶᠡᠯᠡᠭᠦᠯᠦᠨ᠎ᠡ᠃ ᠰᠤᠪᠤᠷᠭᠠᠨ ᠡᠯᠭᠦᠭᠦᠷ ᠢᠶᠠᠷ ᠠᠵᠢᠯᠯᠠᠬᠤ ᠪᠤᠶᠤ ᠭᠠᠵᠠᠷ ᠳᠣᠤᠷ᠎ᠠ ᠪᠠᠷᠢᠯᠭ᠎ᠠ ᠪᠠᠷᠢᠬᠤ ᠵᠡᠷᠭᠡ ᠳᠤ ᠠᠵᠢᠯ ᠵᠣᠭᠰᠣᠭᠠᠬᠤ ᠠᠷᠭ᠎ᠠ ᠬᠡᠮᠵᠢᠶ᠎ᠡ ᠠᠪᠬᠤ ᠳᠤ ᠲᠣᠬᠢᠷᠠᠮᠵᠢ ᠥᠬᠡᠶ᠃ ᠵᠠᠳᠠᠭᠠᠶ ᠰᠢᠲᠠᠭᠠᠬᠤ ᠪᠠ ᠵᠠᠳᠠᠭᠠᠶ ᠰᠢᠷᠠᠬᠤ ᠶᠢ ᠴᠠᠭᠠᠵᠠᠯᠠᠬᠤ ᠵᠡᠷᠭᠡ ᠡᠳᠦᠷ ᠲᠤᠲᠤᠮ ᠤᠨ ᠠᠷᠭ᠎ᠠ ᠬᠡᠮᠵᠢᠶ᠎ᠡ ᠶᠢ ᠵᠣᠬᠢᠰᠲᠠᠶ ᠠᠷᠭ᠎ᠠ ᠬᠡᠮᠵᠢᠶ᠎ᠡ ᠳᠤ ᠣᠷᠣᠭᠤᠯᠵᠤ ᠪᠣᠯᠬᠤ ᠥᠬᠡᠶ᠃      3.6.4 ᠪᠤᠰᠤᠳ ᠢᠷᠡᠯᠲᠡ ᠲᠠᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ      ᠪᠤᠰᠤᠳ ᠠᠭᠠᠷ ᠮᠠᠨᠳᠠᠯ ᠤᠨ ᠪᠣᠬᠢᠷᠲᠤᠯ ᠤᠨ ᠡᠬᠢ ᠰᠤᠷᠪᠤᠯᠵᠢ᠂ ᠵᠢᠱᠢᠶᠡᠯᠡᠪᠡᠯ ᠠᠮᠢᠳᠤ ᠪᠣᠳᠠᠰ ᠤᠨ ᠪᠣᠳᠠᠰ ᠤᠨ ᠰᠢᠲᠠᠯᠲᠠ ᠶᠢᠨ ᠡᠬᠢ ᠰᠤᠷᠪᠤᠯᠵᠢ᠂ ᠲᠠᠷᠢᠶᠠᠯᠠᠩ ᠤᠨ ᠡᠬᠢ ᠰᠤᠷᠪᠤᠯᠵᠢ ᠵᠡᠷᠭᠡ ᠳᠤ ᠴᠢᠭᠯᠡᠭᠦᠯᠦᠨ᠂ ᠪᠣᠳᠠᠲᠠᠶ ᠪᠠᠶᠢᠳᠠᠯ ᠢ ᠦᠨᠳᠦᠰᠦᠯᠡᠨ ᠲᠡᠭᠦᠨ ᠤ ᠭᠠᠳᠠᠭᠰᠢᠯᠠᠭᠤᠯᠤᠯᠲᠠ ᠶᠢᠨ ᠲᠣᠳᠣᠷᠬᠠᠶ ᠬᠠᠭᠤᠳᠠᠰᠤ ᠶᠢ ᠪᠠᠶᠢᠴᠠᠭᠠᠬᠤ ᠪᠠ ᠨᠠᠶᠢᠷᠠᠭᠤᠯᠤᠨ ᠵᠣᠬᠢᠶᠠᠬᠤ ᠠᠵᠢᠯ ᠢ ᠠᠯᠬᠤᠮ ᠠᠯᠬᠤᠮ ᠢᠶᠠᠷ ᠥᠷᠨᠢᠭᠦᠯᠵᠦ᠂ ᠡᠭᠦᠨ ᠤ ᠤᠯᠠᠮ ᠠᠴᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠣᠬᠢᠴᠠᠩᠭᠤᠶ ᠠᠷᠭ᠎ᠠ ᠬᠡᠮᠵᠢᠶ᠎ᠡ ᠶᠢ ᠠᠪᠤᠨ᠎ᠠ᠃      4 ᠤᠷᠢᠳᠴᠢᠯᠠᠨ ᠰᠡᠷᠡᠮᠵᠢᠯᠡᠭᠦᠯᠬᠦ      4. 1 ᠰᠡᠷᠡᠮᠵᠢᠯᠡᠭᠦᠯᠦᠯ ᠢ ᠨᠡᠶᠢᠲᠡᠯᠡᠪᠡ      ᠬᠦᠨᠳᠦ ᠪᠣᠬᠢᠷᠲᠤᠯ ᠲᠠᠢ ᠴᠠᠭ ᠠᠭᠤᠷ ᠤᠨ ᠤᠷᠢᠳᠴᠢᠯᠠᠭᠰᠠᠨ ᠮᠡᠳᠡᠭᠡ᠂ ᠤᠷᠢᠳᠴᠢᠯᠠᠨ ᠰᠡᠷᠡᠮᠵᠢᠯᠡᠭᠦᠯᠬᠦ ᠶᠢ ᠲᠠᠰ ᠬᠤᠪᠢᠶᠠᠬᠤ᠂ ᠤᠷᠢᠳᠴᠢᠯᠠᠨ ᠰᠡᠷᠡᠮᠵᠢᠯᠡᠭᠦᠯᠵᠦ ᠵᠥᠪᠳᠡᠯᠴᠡᠬᠦ ᠪᠠ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ ᠵᠡᠷᠭᠡ ᠠᠵᠢᠯ ᠢ ᠪᠠᠶᠠᠨᠨᠠᠭᠤᠷ ᠬᠤᠲᠠ ᠠᠴᠠ ᠨᠢᠭᠡᠳᠦᠯᠲᠡᠶ ᠥᠷᠨᠢᠭᠦᠯᠦᠨ᠎ᠡ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠵᠤ᠂ ᠡᠯ᠎ᠡ ᠪᠦᠷᠢᠯᠳᠦᠬᠦᠨ ᠨᠢᠭᠡᠴᠡ ᠨᠦᠭᠦᠳ ᠲᠠᠶᠢᠨ ᠳᠤ ᠪᠡᠯᠡᠳᠬᠡᠬᠦ ᠪᠠᠶᠢᠳᠠᠯ ᠳᠤ ᠣᠷᠣᠵᠤ᠂ ᠵᠢᠯᠣᠭᠤᠳᠬᠤ ᠭᠠᠵᠠᠷ ᠠᠴᠠ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠪᠡ᠃      ᠤᠷᠢᠳᠴᠢᠯᠠᠨ ᠰᠡᠷᠡᠮᠵᠢᠯᠡᠭᠦᠯᠬᠦ ᠳᠡᠰ ᠲᠤ ᠲᠣᠬᠢᠷᠠᠭᠤᠯᠤᠯᠲᠠ ᠬᠢᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠨᠡᠶᠢᠲᠡᠯᠡᠭᠰᠡᠨ ᠳᠡᠰ ᠳᠡᠪᠰᠢᠭᠦᠯᠬᠦ ᠪᠤᠶᠤ ᠳᠡᠰ ᠪᠠᠭᠤᠷᠠᠭᠤᠯᠬᠤ ᠮᠡᠳᠡᠭᠳᠡᠯ ᠢ ᠦᠨᠳᠦᠰᠦᠯᠡᠨ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠬᠤᠸᠠᠩ᠂ ᠤᠯᠠᠪᠤᠷ᠂ ᠤᠯᠠᠭᠠᠨ ᠢᠶᠠᠷ ᠳᠡᠰ ᠢ ᠨᠢ ᠲᠣᠬᠢᠷᠠᠭᠤᠯᠤᠨ᠎ᠠ᠃ ᠡᠮᠦᠨ᠎ᠡ ᠬᠤᠶᠢᠨᠠᠬᠢ ᠬᠤᠶᠠᠷ ᠤᠳᠠᠭᠠᠨ ᠤ ᠬᠦᠨᠳᠦ ᠪᠣᠬᠢᠷᠲᠤᠯ ᠤᠨ ᠶᠠᠪᠤᠴᠠ ᠶᠢ ᠤᠷᠢᠳᠴᠢᠯᠠᠨ ᠲᠥᠰᠦᠭᠡᠯᠡᠭᠰᠡᠨ ᠪᠥᠭᠡᠳ ᠠᠯᠤᠰᠯᠠᠬᠤ ᠴᠠᠭ ᠨᠢ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠬᠤ ᠨᠥᠬᠦᠴᠡᠯ ᠳᠤ ᠭᠦᠷᠦᠭᠰᠡᠨ ᠥᠬᠡᠶ ᠦᠶ᠎ᠡ ᠳᠤ᠂ ᠨᠢᠭᠡ ᠤᠳᠠᠭᠠᠨ ᠤ ᠬᠦᠨᠳᠦ ᠪᠣᠬᠢᠷᠲᠤᠯ ᠤᠨ ᠶᠠᠪᠤᠴᠠ ᠪᠠᠷ ᠪᠤᠳᠤᠵᠤ᠂ ᠳᠡᠭᠡᠳᠦ ᠲᠠᠰ ᠠᠴᠠ ᠡᠬᠢᠯᠡᠨ ᠳᠠᠭᠠᠬᠤ ᠬᠡᠷᠡᠭᠲᠡᠶ᠃ ᠠᠭᠠᠷ ᠤᠨ ᠶᠠᠰᠤ ᠴᠢᠨᠠᠷ ᠢ ᠤᠷᠢᠳᠴᠢᠯᠠᠨ ᠵᠢᠱᠢᠬᠦ ᠪᠤᠶᠤ ᠬᠢᠨᠠᠨ ᠬᠡᠮᠵᠢᠭᠡᠳ ᠨᠠᠩ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠥᠷᠬᠦ ᠦᠶ᠎ᠡ ᠳᠤ᠂ ᠠᠯᠢ ᠲᠦᠷᠭᠡᠨ ᠢᠶᠠᠷ ᠲᠠᠰ ᠳᠡᠪᠰᠢᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃      4.2 ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠬᠤ      ᠬᠤᠳᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠦᠭᠡᠢ ᠪᠣᠯᠭᠠᠬᠤ ᠮᠡᠳᠡᠭᠳᠡᠯ ᠢ ᠣᠯᠤᠭᠰᠠᠨ ᠦᠶ᠎ᠡ ᠳᠤ᠂ ᠰᠢᠶᠠᠨ ᠤ ᠵᠢᠯᠣᠭᠤᠳᠬᠤ ᠭᠠᠵᠠᠷ ᠤᠨ ᠬᠢᠨ ᠳᠠᠭᠤᠰᠬᠠᠬᠤ ᠨᠥᠬᠦᠴᠡᠯ ᠢ ᠦᠨᠳᠦᠰᠦᠯᠡᠨ ᠤᠷᠢᠳᠴᠢᠯᠠᠨ ᠰᠡᠷᠡᠮᠵᠢᠯᠡᠭᠦᠯᠬᠦ ᠶᠢ ᠴᠤᠤᠷᠢᠶᠠᠲᠤᠨ ᠳᠠᠭᠠᠬᠤ ᠶᠢ ᠳᠠᠭᠤᠰᠬᠠᠬᠤ ᠪᠠᠷ ᠲᠣᠭᠲᠠᠪᠠ᠃ ᠤᠷᠢᠳᠴᠢᠯᠠᠨ ᠰᠡᠷᠡᠮᠵᠢᠯᠡᠭᠦᠯᠬᠦ ᠶᠢ ᠳᠠᠭᠠᠵᠤ ᠳᠠᠭᠤᠰᠬᠤ ᠠᠷᠭ᠎ᠠ ᠮᠠᠶ᠋ᠢᠭ ᠢ ᠰᠦᠯᠵᠢᠶ᠎ᠡ ᠪᠤᠶᠤ ᠬᠤᠷᠠᠯ ᠤᠨ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃      4.3 ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ      ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠤᠨ ᠲᠠᠰ ᠬᠤᠪᠢᠶᠠᠬᠤ ᠪᠠᠷᠢᠮᠵᠢᠶ᠎ᠠ ᠶᠢ ᠨᠢᠭᠡᠳᠦᠯᠲᠡᠶ ᠠᠭᠠᠷ ᠤᠨ ᠶᠠᠰᠤ ᠴᠢᠨᠠᠷ ᠤᠨ ᠢᠯᠡᠳᠬᠡᠭᠴᠢ ᠲᠤᠭ᠎ᠠ ︵AQI︶ ᠪᠠᠷ ᠭᠦᠢᠴᠡᠳᠭᠡᠯ ᠲᠤᠭ᠎ᠠ ᠪᠣᠯᠭᠠᠵᠤ᠂ AQI ᠶᠢᠨ ᠡᠳᠦᠷ ᠤᠨ ᠳᠤᠮᠳᠠᠴᠢ ᠬᠡᠮᠵᠢᠭᠳᠡᠯ ᠢ 24 ᠴᠠᠭ ︵ᠪᠠᠶᠢᠭᠠᠯᠢ ᠶᠢᠨ ᠡᠳᠦᠷ ᠢ ᠠᠯᠤᠰᠯᠠᠵᠤ ᠪᠣᠯᠤᠨ᠎ᠠ︶ ᠤᠨ ᠳᠤᠮᠳᠠᠴᠢ ᠬᠡᠮᠵᠢᠭᠳᠡᠯ ᠢᠶᠠᠷ ᠪᠤᠳᠤᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠤᠨ ᠳᠡᠰ ᠢ ᠳᠣᠣᠷ᠎ᠠ ᠠᠴᠠ ᠥᠨᠳᠥᠷ ᠲᠤ ᠬᠦᠷᠲᠡᠯ᠎ᠡ ᠰᠢᠷ᠎ᠠ ᠦᠩᠭᠡ᠂ ᠤᠯᠠᠪᠤᠷ ᠦᠩᠭᠡ᠂ ᠤᠯᠠᠭᠠᠨ ᠦᠩᠭᠡ ᠶᠢᠨ ᠰᠡᠷᠡᠮᠵᠢᠯᠡᠭᠦᠯᠦᠯ ᠤᠨ ᠳᠡᠰ ᠭᠡᠵᠦ ᠭᠤᠷᠪᠠᠨ ᠳᠡᠰ ᠬᠤᠪᠢᠶᠠᠵᠤ᠂ ᠤᠯᠠᠭᠠᠨ ᠦᠩᠭᠡ ᠶᠢ ᠬᠠᠮᠤᠭ ᠤᠨ ᠥᠨᠳᠥᠷ ᠳᠡᠰ ᠭᠡᠨ᠎ᠡ᠃ ᠡᠯ᠎ᠡ ᠱᠠᠲᠤᠨ ᠤ ᠲᠠᠰ ᠬᠤᠪᠢᠶᠠᠬᠤ ᠪᠠᠷᠢᠮᠵᠢᠶ᠎ᠠ ᠨᠢ᠄      ᠰᠢᠷ᠎ᠠ ᠥᠩᠭᠡ ᠶᠢᠨ ᠰᠡᠷᠡᠮᠵᠢᠯᠡᠭᠦᠯᠦᠯ᠄ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ ᠨᠢ 200 ᠡᠳᠦᠷ ︵48 ᠴᠠᠭ︶ ᠠᠴᠠ ᠳᠡᠭᠡᠭᠰᠢ ᠦᠷᠭᠦᠯᠵᠢᠯᠡᠬᠦ ᠪᠥᠭᠡᠳ ᠣᠬᠤᠷᠬᠠᠨ ᠬᠤᠭᠤᠴᠠᠭᠠᠨ ᠳᠤ ᠬᠦᠨᠳᠦ ᠪᠣᠬᠢᠷᠲᠤᠯ ᠭᠠᠷᠴᠤ᠂ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠭᠦᠷᠦᠭᠰᠡᠨ ᠥᠬᠡᠶ᠃      ᠤᠯᠠᠪᠤᠷ ᠥᠩᠭᠡ ᠶᠢᠨ ᠰᠡᠷᠡᠮᠵᠢᠯᠡᠭᠦᠯᠦᠯ᠄ ᠵᠢᠱᠢᠯᠲᠡ ᠪᠠᠷ AQI ᠶᠢᠨ ᠡᠳᠦᠷ ᠤᠨ ᠳᠤᠮᠳᠠᠴᠢ ᠬᠡᠮᠵᠢᠭᠳᠡᠯ > 200 ᠡᠳᠦᠷ ᠨᠢ 3 ᠡᠳᠦᠷ ︵72 ᠴᠠᠭ︶ ᠠᠴᠠ ᠳᠡᠭᠡᠭᠰᠢ ᠦᠷᠭᠦᠯᠵᠢᠯᠡᠬᠦ ᠪᠥᠭᠡᠳ ᠳᠡᠭᠡᠳᠦ ᠲᠠᠰ ᠤᠨ ᠰᠡᠷᠡᠮᠵᠢᠯᠡᠭᠦᠯᠬᠦ ᠨᠥᠬᠦᠴᠡᠯ ᠳᠤ ᠭᠦᠷᠦᠭᠰᠡᠨ ᠥᠬᠡᠶ᠃      ᠤᠯᠠᠭᠠᠨ ᠥᠩᠭᠡ ᠶᠢᠨ ᠰᠡᠷᠡᠮᠵᠢᠯᠡᠭᠦᠯᠦᠯ᠄ AQI ᠶᠢᠨ ᠡᠳᠦᠷ ᠤᠨ ᠳᠤᠮᠳᠠᠴᠢ ᠬᠡᠮᠵᠢᠭᠳᠡᠯ ᠢ ᠤᠷᠢᠳᠴᠢᠯᠠᠨ ᠵᠢᠱᠢᠬᠦ ᠳᠤ 200 ᠡᠳᠦᠷ ︵96 ᠴᠠᠭ︶ ᠠᠴᠠ ᠳᠡᠭᠡᠭᠰᠢ ᠦᠷᠭᠦᠯᠵᠢᠯᠡᠬᠦ ᠪᠥᠭᠡᠳ AQI ᠶᠢᠨ ᠡᠳᠦᠷ ᠤᠨ ᠳᠤᠮᠳᠠᠴᠢ ᠬᠡᠮᠵᠢᠭᠳᠡᠯ ᠢ ᠤᠷᠢᠳᠴᠢᠯᠠᠨ ᠵᠢᠱᠢᠬᠦ ᠳᠤ 300 ᠡᠳᠦᠷ ︵48 ᠴᠠᠭ︶ ᠠᠴᠠ ᠳᠡᠭᠡᠭᠰᠢ ᠦᠷᠭᠦᠯᠵᠢᠯᠡᠬᠦ ᠪᠣᠯᠤᠨ᠎ᠠ᠃ ᠡᠰᠡᠬᠦᠯ᠎ᠡ AQI ᠶᠢᠨ ᠡᠳᠦᠷ ᠤᠨ ᠳᠤᠮᠳᠠᠴᠢ ᠬᠡᠮᠵᠢᠭᠳᠡᠯ ᠨᠢ 500 ᠬᠦᠷᠬᠦ ᠪᠠᠷ ᠵᠢᠱᠢᠵᠦ ᠮᠡᠳᠡᠨ᠎ᠡ᠃      AQI ᠶᠢᠨ ᠡᠳᠦᠷ ᠤᠨ ᠳᠤᠮᠳᠠᠴᠢ ᠬᠡᠮᠵᠢᠭᠳᠡᠯ ᠭᠡᠳᠡᠭ ᠨᠢ 24 ᠴᠠᠭ ᠤᠨ ᠭᠤᠯᠭᠤᠯᠲᠠ ᠶᠢᠨ ᠳᠤᠮᠳᠠᠴᠢ ᠬᠡᠮᠵᠢᠭᠳᠡᠯ ᠢᠶᠠᠷ ᠪᠤᠳᠤᠭᠰᠠᠨ AQI ᠶᠢ ᠵᠢᠭᠠᠵᠤ ᠪᠠᠶᠢᠨ᠎ᠠ᠂ ᠦᠷᠭᠦᠯᠵᠢᠯᠡᠬᠦ ᠡᠳᠦᠷ ᠤᠨ ᠲᠤᠭ᠎ᠠ ᠭᠡᠳᠡᠭ ᠨᠢ ᠦᠷᠭᠦᠯᠵᠢᠯᠡᠬᠦ 24 ᠴᠠᠭ ᠤᠨ ᠲᠤᠭ᠎ᠠ ᠶᠢ ᠵᠢᠭᠠᠵᠤ ᠪᠠᠶᠢᠨ᠎ᠠ᠃      AQI ᠶᠢᠨ ᠡᠳᠦᠷ ᠤᠨ ᠳᠤᠮᠳᠠᠴᠢ ᠬᠡᠮᠵᠢᠭᠳᠡᠯ ᠨᠢ 200 ᠡᠳᠦᠷ ᠦᠷᠭᠦᠯᠵᠢᠯᠡᠭᠡᠳ 1 ᠡᠳᠦᠷ ᠪᠣᠯᠬᠤ ᠦᠶ᠎ᠡ ᠳᠤ᠂ ᠰᠢᠷ᠎ᠠ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠲᠠᠰ ᠲᠤ ᠬᠥᠷᠬᠦ ᠥᠬᠡᠶ ᠦᠶ᠎ᠡ ᠳᠤ᠂ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠳᠠᠭᠠᠯᠳᠤᠨ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠰᠠᠨᠠᠭᠤᠯᠤᠮᠵᠢ ᠶᠢᠨ ᠴᠢᠨᠠᠷᠲᠠᠶ ᠮᠡᠳᠡᠭᠡ ᠵᠠᠩᠭᠢ ᠶᠢ ᠨᠡᠶᠢᠲᠡᠯᠡᠨ᠎ᠡ᠃ ᠠᠭᠤᠯᠭ᠎ᠠ ᠳᠤ ᠪᠠᠭᠲᠠᠬᠤ ᠨᠢ᠄      1. ᠨᠠᠰᠤᠲᠠᠶᠢᠴᠤᠳ᠂ ᠬᠡᠦᠬᠡᠳ᠂ ᠵᠢᠷᠮᠦᠰᠦᠨ ᠡᠮᠡᠭᠲᠡᠶ ᠪᠠ ᠠᠮᠢᠰᠬᠤᠯ ᠤᠨ ᠵᠠᠮ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠲᠠᠢ ᠪᠤᠶᠤ ᠪᠤᠰᠤᠳ ᠤᠳᠠᠭᠠᠨ ᠴᠢᠨᠠᠷᠲᠠᠶ ᠡᠪᠡᠳᠴᠢᠨ ᠲᠠᠢ ᠡᠪᠡᠳᠴᠢᠲᠡᠨ ᠠᠯᠢ ᠴᠢᠳᠠᠬᠤ ᠪᠠᠷ ᠭᠠᠳᠠᠭᠰᠢ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠦᠨᠡᠬᠡᠷ ᠭᠠᠳᠠᠭᠰᠢ ᠭᠠᠷᠬᠤ ᠴᠢᠬᠤᠯᠠ ᠲᠠᠢ ᠦᠶ᠎ᠡ ᠳᠤ ᠠᠮᠠᠪᠴᠢ ᠵᠡᠭᠦᠬᠦ ᠵᠡᠷᠭᠡ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃      2. ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠵᠢᠴᠢ ᠠᠳᠠᠯᠢ ᠲᠠᠰ ᠤᠨ ᠰᠤᠷᠤᠯᠭ᠎ᠠ ᠶᠢᠨ ᠨᠠᠮᠲᠠᠷ ᠲᠠᠢ ᠰᠤᠷᠭᠠᠭᠤᠯᠢ ᠶᠢᠨ ᠬᠡᠷ ᠤᠨ ᠭᠠᠳᠠᠨᠠᠬᠢ ᠠᠵᠢᠯᠯᠠᠭ᠎ᠠ ᠶᠢ ᠪᠠᠭᠠᠰᠬᠠᠨ᠎ᠠ᠃      3. ᠢᠳᠡᠭᠡᠨ ᠤᠮᠳᠠᠭᠠᠨ ᠳᠤ ᠬᠥᠩᠭᠡᠨ ᠰᠢᠩᠭᠡᠭᠡᠬᠦ ᠳᠤ ᠬᠢᠯᠪᠠᠷ ᠢᠳᠡᠭᠡᠨ ᠢ ᠰᠣᠩᠭᠤᠵᠤ᠂ ᠰᠡᠳᠦᠯᠲᠡ ᠶᠢᠨ ᠴᠢᠨᠠᠷᠲᠠᠶ ᠢᠳᠡᠭᠡᠨ ᠢ ᠪᠠᠭᠠᠰᠬᠠᠨ᠎ᠠ᠃      4. ᠠᠯᠢ ᠴᠢᠳᠠᠬᠤ ᠪᠠᠷ ᠡᠭᠦᠳᠡ ᠴᠣᠩᠬᠤ ᠪᠠᠨ ᠬᠠᠭᠠᠵᠤ᠂ ᠬᠡᠷ ᠳᠣᠲᠣᠷ᠎ᠠ ᠲᠠᠮᠠᠬᠢ ᠲᠠᠲᠠᠵᠤ ᠪᠣᠯᠬᠤ ᠥᠬᠡᠶ᠃      5. ᠨᠦᠢᠲᠠᠨ ᠵᠦᠯᠭᠦᠭᠦᠷ ᠢᠶᠠᠷ ᠵᠦᠯᠭᠦᠬᠦ ᠵᠡᠷᠭᠡ ᠠᠷᠭ᠎ᠠ ᠪᠠᠷ ᠥᠷᠥᠭᠡᠨ ᠳᠣᠲᠣᠷᠠᠬᠢ ᠠᠷᠢᠭᠤᠨ ᠴᠡᠪᠡᠷ ᠢ ᠴᠡᠪᠡᠷᠯᠡᠵᠦ᠂ ᠥᠷᠥᠭᠡᠨ ᠳᠣᠲᠣᠷᠠᠬᠢ ᠬᠤᠭ ᠲᠣᠭᠤᠰᠣ ᠶᠢ ᠪᠠᠭᠠᠰᠬᠠᠨ᠎ᠠ᠃ ᠬᠠᠭᠠᠷᠢᠬᠤ᠂ ᠬᠠᠭᠤᠷᠬᠤ᠂ ᠲᠣᠰᠣᠨ ᠳᠤ ᠪᠤᠴᠠᠯᠭᠠᠬᠤ ᠵᠡᠷᠭᠡ ᠥᠨᠳᠥᠷ ᠬᠠᠯᠠᠭᠤᠨ ᠳᠤ ᠬᠠᠭᠤᠷᠴᠤ ᠬᠠᠭᠠᠷᠢᠬᠤ ᠠᠵᠢᠯᠯᠠᠭ᠎ᠠ ᠶᠢ ᠪᠠᠭᠠᠰᠬᠠᠨ᠎ᠠ᠃      4.4 ᠤᠷᠢᠳᠴᠢᠯᠠᠨ ᠰᠡᠷᠡᠮᠵᠢᠯᠡᠭᠦᠯᠵᠦ ᠬᠠᠮᠲᠤᠷᠠᠨ ᠬᠥᠳᠡᠯᠦᠯᠴᠡᠬᠦ      ᠳᠡᠭᠡᠳᠦ ᠱᠠᠲᠤᠨ ᠤ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠣᠷᠣᠨ ᠪᠦᠰᠡ ᠶᠢᠨ ᠰᠡᠷᠡᠮᠵᠢᠯᠡᠭᠦᠯᠦᠯ ᠤᠨ ᠮᠡᠳᠡᠭᠡᠯᠡᠯ ᠤᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠴᠠᠭ ᠲᠤᠬᠠᠶ ᠳᠤᠨᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠢᠨ ᠲᠣᠭᠤᠷᠢᠨ ᠤ ᠬᠤᠲᠠ ᠲᠠᠢ ᠬᠠᠮᠲᠤᠪᠠᠷ ᠣᠷᠣᠨ ᠪᠦᠰᠡ ᠶᠢᠨ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠬᠡᠷᠡᠭᠲᠡᠶ᠃      5 ᠪᠠᠴᠢᠮ ᠪᠠᠶᠢᠳᠠᠯ ᠢ ᠠᠷᠭᠠᠴᠠᠬᠤ ᠳᠠᠭᠠᠯ      5.1 ᠳᠠᠭᠠᠬᠤ ᠶᠢᠨ ᠳᠡᠰ      ᠬᠠᠷᠠᠭᠠᠯᠵᠠᠭᠰᠠᠨ ᠰᠡᠷᠡᠮᠵᠢᠯᠡᠭᠦᠯᠬᠦ ᠳᠡᠰ ᠲᠤ ᠭᠤᠷᠪᠠᠨ ᠱᠠᠲᠤ ᠪᠠᠷ ᠳᠠᠭᠠᠬᠤ ᠶᠢ ᠬᠡᠷᠡᠭᠵᠢᠭᠦᠯᠦᠨ᠎ᠡ᠃      ︵1︶ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠬᠦ ᠦᠶ᠎ᠡ ᠳᠤ᠂ Ⅲ ᠲᠠᠰ ᠤᠨ ᠳᠠᠭᠠᠬᠤ ᠶᠢ ᠡᠬᠢᠯᠡᠭᠦᠯᠦᠨ᠎ᠡ᠃      ︵2︶ ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠬᠦ ᠦᠶ᠎ᠡ ᠳᠤ᠂ Ⅱ ᠲᠠᠰ ᠤᠨ ᠳᠠᠭᠠᠬᠤ ᠶᠢ ᠡᠬᠢᠯᠡᠭᠦᠯᠦᠨ᠎ᠡ᠃      ︵3︶ ᠤᠯᠠᠭᠠᠨ ᠥᠩᠭᠡ ᠶᠢᠨ ᠰᠡᠷᠡᠮᠵᠢᠯᠡᠭᠦᠯᠦᠯ ᠨᠡᠶᠢᠲᠡᠯᠡᠬᠦ ᠦᠶ᠎ᠡ ᠳᠤ᠂ Ⅰ ᠲᠠᠰ ᠤᠨ ᠳᠠᠭᠠᠬᠤ ᠠᠷᠭ᠎ᠠ ᠶᠢ ᠡᠬᠢᠯᠡᠭᠦᠯᠦᠨ᠎ᠡ᠃ .      5.2 ᠳᠠᠭᠠᠬᠤ ᠫᠷᠤᠭ᠍ᠷᠠᠮ      ᠵᠢᠯᠣᠭᠤᠳᠬᠤ ᠭᠠᠵᠠᠷ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠨᠡᠶᠢᠲᠡᠯᠡᠭᠰᠡᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ ᠲᠣᠰ ᠪᠡᠯᠡᠳᠬᠡᠯ ᠲᠥᠰᠦᠯ ᠢ ᠲᠡᠷᠡ ᠳᠠᠷᠤᠶ ᠳᠤᠨᠢ ᠡᠬᠢᠯᠡᠭᠦᠯᠵᠦ᠂ ᠵᠣᠬᠢᠬᠤ ᠲᠠᠰ ᠤᠨ ᠳᠠᠭᠠᠬᠤ ᠠᠷᠭ᠎ᠠ ᠬᠡᠮᠵᠢᠶ᠎ᠡ ᠶᠢ ᠡᠬᠢᠯᠡᠭᠦᠯᠦᠨ᠎ᠡ᠂ ᠡᠰᠡᠬᠦᠯ᠎ᠡ ᠬᠢᠨᠠᠨ ᠬᠡᠮᠵᠢᠬᠦ ᠰᠠᠯᠠᠭ᠎ᠠ ᠮᠥᠴᠢᠷ ᠤᠨ ᠲᠤᠬᠠᠶ ᠶᠢᠨ ᠴᠠᠭ ᠲᠤᠨᠢ ᠬᠢᠨᠠᠨ ᠬᠡᠮᠵᠢᠭᠰᠡᠨ AQI ᠢᠯᠡᠳᠬᠡᠭᠴᠢ ᠶᠢᠨ ᠬᠡᠮᠵᠢᠭᠳᠡᠯ ᠢ ᠦᠨᠳᠦᠰᠦᠯᠡᠨ ᠲᠠᠰ ᠬᠤᠪᠢᠶᠠᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠲᠡᠷᠡ ᠳᠠᠷᠤᠶ ᠳᠤᠨᠢ ᠡᠬᠢᠯᠡᠭᠦᠯᠬᠦ ᠪᠠᠷ ᠲᠣᠭᠲᠠᠭᠠᠨ᠎ᠠ᠃      5.3 ᠳᠠᠭᠠᠬᠤ ᠠᠷᠭ᠎ᠠ ᠬᠡᠮᠵᠢᠶ᠎ᠡ      ᠠᠳᠠᠯᠢ ᠪᠤᠰᠤ ᠲᠡᠰ ᠤᠨ ᠠᠭᠠᠷ ᠮᠠᠨᠳᠠᠯ ᠤᠨ ᠬᠦᠨᠳᠦ ᠪᠣᠬᠢᠷᠲᠤᠯ ᠤᠨ ᠬᠡᠮᠵᠢᠶ᠎ᠡ ᠳᠤ ᠴᠢᠭᠯᠡᠭᠦᠯᠦᠨ᠂ ᠠᠳᠠᠯᠢ ᠪᠤᠰᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠠᠪᠬᠤ ᠪᠣᠳᠠᠲᠠᠶ ᠠᠭᠤᠯᠭ᠎ᠠ ᠨᠢ ᠳᠣᠣᠷᠠᠬᠢ ᠮᠡᠲᠦ᠄      5.3.1Ⅲ ᠳᠡᠰ ᠤᠨ ᠳᠠᠭᠠᠬᠤ ᠠᠷᠭ᠎ᠠ ᠬᠡᠮᠵᠢᠶ᠎ᠡ      1. ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ      ︵1︶ ᠬᠡᠦᠬᠡᠳ᠂ ᠨᠠᠰᠤᠲᠠᠶᠢᠴᠤᠳ ᠪᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠠᠮᠢᠰᠬᠤᠯ ᠤᠨ ᠵᠠᠮ ᠤᠨ ᠡᠪᠡᠳᠴᠢᠨ ᠲᠠᠢ ᠡᠪᠡᠳᠴᠢᠲᠡᠨ ᠵᠡᠷᠭᠡ ᠠᠮᠠᠷᠬᠠᠨ ᠬᠠᠯᠳᠠᠪᠤᠷᠢᠯᠠᠭᠳᠠᠬᠤ ᠬᠥᠮᠦᠰ ᠢ ᠭᠡᠷ ᠲᠡᠭᠡᠨ ᠪᠠᠶᠢᠯᠭᠠᠵᠤ᠂ ᠭᠡᠷ ᠤᠨ ᠭᠠᠳᠠᠨ᠎ᠠ ᠬᠥᠳᠡᠯᠭᠡᠭᠡᠨ ᠬᠢᠬᠦ ᠠᠴᠠ ᠵᠠᠶᠢᠯᠠᠰᠬᠢᠬᠦ ᠶᠢ ᠰᠠᠨᠠᠭᠤᠯᠤᠨ᠎ᠠ᠃ ᠡᠩ ᠤᠨ ᠬᠥᠮᠦᠰ ᠬᠡᠷ ᠤᠨ ᠭᠠᠳᠠᠨ᠎ᠠ ᠬᠥᠳᠡᠯᠭᠡᠭᠡᠨ ᠬᠢᠬᠦ ᠪᠠ ᠬᠡᠷ ᠤᠨ ᠭᠠᠳᠠᠨ᠎ᠠ ᠠᠵᠢᠯᠯᠠᠬᠤ ᠴᠠᠭ ᠢᠶᠠᠨ ᠪᠠᠭᠠᠰᠬᠠᠵᠤ᠂ ᠬᠡᠷ ᠤᠨ ᠭᠠᠳᠠᠨ᠎ᠠ ᠬᠥᠳᠡᠯᠭᠡᠭᠡᠨ ᠬᠢᠬᠦ ᠪᠤᠶᠤ ᠠᠵᠢᠯᠯᠠᠬᠤ ᠴᠢᠬᠤᠯᠠ ᠲᠠᠢ ᠪᠣᠯ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃     ︵2︶ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠬᠢᠴᠢᠶᠡᠯ᠂ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠵᠡᠷᠭᠡ ᠬᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ ᠵᠣᠭᠰᠣᠭᠠᠬᠤ ᠶᠢ ᠬᠢᠨᠠᠨ ᠵᠢᠯᠣᠭᠤᠳᠤᠨ᠎ᠠ᠃      ︵3︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠮᠴᠢᠯᠡᠭᠡᠨ ᠤ ᠪᠠᠶᠢᠭᠤᠯᠤᠮᠵᠢ ᠶᠢ ᠰᠢᠪᠠᠳᠠᠨ ᠵᠢᠯᠣᠭᠤᠳᠴᠤ ᠪᠠᠶᠢᠭᠠᠳ ᠬᠠᠮᠢᠶ᠎ᠠ ᠪᠥᠬᠦᠶ ᠡᠪᠡᠳᠴᠢᠨ ᠡᠮᠭᠡᠭ ᠤᠨ ᠲᠦᠷᠭᠡᠨ ᠡᠮᠴᠢᠯᠡᠭᠡ ᠶᠢ ᠨᠡᠮᠡᠨ ᠪᠠᠶᠢᠭᠤᠯᠵᠤ᠂ ᠡᠮᠴᠢ ᠰᠤᠪᠢᠯᠠᠭᠴᠢ ᠶᠢ ᠨᠡᠮᠡᠭᠳᠡᠭᠦᠯᠦᠨ᠂ ᠠᠵᠢᠯᠯᠠᠬᠤ ᠴᠠᠭ ᠢ ᠤᠷᠲᠤᠳᠬᠠᠨ᠎ᠠ᠃      2.ᠰᠠᠨᠠᠭᠤᠯᠭ᠎ᠠ ᠶᠢᠨ ᠴᠢᠨᠠᠷᠲᠠᠶ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ      ︵1︶ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠬᠤᠲᠠ ᠶᠢᠨ ᠠᠷᠠᠳ ᠤᠨ ᠪᠣᠬᠢᠷᠲᠤᠯ ᠥᠬᠡᠶ ᠶᠠᠪᠤᠵᠤ ᠰᠠᠭᠤᠬᠤ ᠶᠢ ᠵᠣᠷᠢᠭᠵᠢᠭᠤᠯᠤᠨ᠂ ᠮᠠᠰᠢᠨᠲᠤ ᠲᠡᠷᠭᠡ ᠶᠢᠨ ᠵᠠᠮ ᠳᠤ ᠭᠠᠷᠴᠤ ᠶᠠᠪᠤᠬᠤ ᠶᠢ ᠪᠠᠭᠠᠰᠬᠠᠨ᠎ᠠ᠃      ︵2︶ ᠮᠠᠰᠢᠨᠲᠤ ᠲᠡᠷᠭᠡ ᠵᠣᠭᠰᠣᠬᠤ ᠦᠶ᠎ᠡ ᠳᠤ ᠴᠠᠭ ᠲᠤᠬᠠᠶ ᠳᠤᠨᠢ ᠭᠠᠯ ᠢ ᠤᠨᠲᠠᠷᠠᠭᠠᠵᠤ᠂ ᠲᠡᠷᠭᠡ ᠬᠥᠰᠬᠡ ᠶᠢᠨ ᠤᠤᠯ ᠤᠨ ᠭᠠᠵᠠᠷ ᠲᠠᠭᠠᠨ ᠬᠤᠶᠢᠷᠭᠤ ᠬᠤᠷᠳᠤᠴᠠ ᠪᠠᠷ ᠠᠵᠢᠯᠯᠠᠬᠤ ᠶᠢ ᠪᠠᠭᠠᠰᠬᠠᠨ᠂ ᠮᠠᠰᠢᠨᠲᠤ ᠲᠡᠷᠭᠡ ᠶᠢᠨ ᠡᠳᠦᠷ ᠲᠤᠲᠤᠮ ᠤᠨ ᠲᠣᠰᠣ ᠨᠡᠮᠡᠬᠦ ᠶᠢ ᠪᠠᠭᠠᠰᠬᠠᠨ᠎ᠠ᠃      ︵3︶ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ᠂ ᠪᠣᠬᠢᠷᠲᠤᠯ ᠢ ᠵᠠᠰᠠᠬᠤ ᠲᠥᠬᠦᠭᠡᠷᠦᠮᠵᠢ ᠶᠢᠨ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠷᠡᠭᠲᠡᠶ᠃      ︵4︶ ᠰᠢᠷ᠂ ᠰᠢᠷ᠂ ᠠᠭᠤᠰᠬᠠᠭᠴᠢ ᠵᠡᠷᠭᠡ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠠᠭᠤᠯᠤᠭᠰᠠᠨ ᠲᠦᠭᠦᠬᠡᠶ ᠮᠠᠲ᠋ᠧᠷᠢᠶᠠᠯ ᠵᠢᠴᠢ ᠦᠢᠯᠡᠳᠬᠦᠨ ᠤ ᠬᠡᠷᠡᠭᠯᠡᠯᠲᠡ ᠶᠢ ᠤᠯᠠᠨ ᠨᠡᠶᠢᠲᠡ ᠪᠠᠷ ᠢᠶᠠᠨ ᠪᠠᠭᠠᠰᠬᠠᠨ᠎ᠠ᠃      3. ᠪᠣᠬᠢᠷᠲᠤᠯ ᠢ ᠰᠡᠷᠭᠡᠶᠢᠯᠡᠨ ᠵᠠᠰᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ      ︵1︶ ᠬᠦᠨᠳᠦ ᠪᠣᠬᠢᠷᠲᠤᠯ ᠲᠠᠢ ᠴᠠᠭ ᠠᠭᠤᠷ ᠤᠨ ᠰᠢᠷ᠎ᠠ ᠥᠩᠭᠡ ᠶᠢᠨ ᠰᠡᠷᠡᠮᠵᠢᠯᠡᠭᠦᠯᠦᠯ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠨᠠᠷᠢᠨ ᠬᠠᠭᠤᠳᠠᠰᠤ ᠳᠤ ᠣᠷᠣᠭᠤᠯᠤᠭᠰᠠᠨ ᠬᠠᠮᠢᠶ᠎ᠠ ᠪᠥᠬᠦᠶ ᠠᠵᠤ ᠠᠬᠤᠶᠢᠯᠠᠯ ᠤᠳ ᠦᠢᠯᠡᠳᠪᠦᠷᠢᠯᠡᠯ ᠢ ᠨᠢ ᠵᠣᠭᠰᠣᠭᠠᠬᠤ᠂ ᠦᠢᠯᠡᠳᠪᠦᠷᠢᠯᠡᠯ ᠢ ᠨᠢ ᠬᠢᠵᠠᠭᠠᠷᠯᠠᠬᠤ᠂ ᠵᠠᠰᠠᠬᠤ ᠪᠡᠯᠡᠳᠬᠡᠮᠵᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠬᠦᠨᠳᠦ ᠪᠣᠬᠢᠷᠲᠤᠯ ᠲᠠᠢ ᠴᠠᠭ ᠠᠭᠤᠷ ᠤᠨ Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠭᠤᠷᠬᠠᠶ᠂ ᠬᠠᠶᠢᠷ ᠴᠢᠯᠠᠭᠤᠨ ᠮᠠᠲ᠋ᠧᠷᠢᠶᠠᠯ ᠤᠨ ᠦᠶ᠋ᠯᠡᠳᠪᠦᠷᠢ᠂ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ ᠴᠢᠯᠠᠭᠤᠨ ᠬᠠᠪᠲᠠᠰᠤᠨ ᠤ ᠦᠢᠯᠡᠳᠪᠦᠷᠢ ᠵᠡᠷᠭᠡ ᠳᠤ ᠵᠠᠳᠠᠭᠠᠶ ᠠᠵᠢᠯᠯᠠᠬᠤ ᠶᠢ ᠵᠣᠭᠰᠣᠭᠠᠨ᠎ᠠ᠃    ︵2︶ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠣᠳᠣᠷᠬᠠᠶ ᠬᠠᠭᠤᠳᠠᠰᠤ ᠳᠤ ᠣᠷᠣᠭᠤᠯᠤᠭᠰᠠᠨ ᠪᠠᠷᠢᠯᠭ᠎ᠠ ᠶᠢᠨ ᠠᠵᠢᠯ ᠳᠤ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠪᠦᠬᠦ ᠰᠢᠶᠠᠨ ᠤ ᠬᠡᠪᠴᠢᠶᠡᠨ ᠳᠤ ᠵᠠᠪᠳᠤᠨ ᠰᠡᠯᠪᠢᠨ ᠵᠠᠰᠠᠵᠤ ᠠᠶᠤᠯ ᠠᠴᠠ ᠠᠪᠤᠷᠠᠬᠤ ᠪᠠ ᠣᠨᠴᠠᠭᠠᠶ ᠤᠷᠠᠨ ᠮᠡᠷᠭᠡᠰᠢᠯ ᠠᠴᠠ ᠪᠤᠯᠵᠤ ᠦᠷᠭᠦᠯᠵᠢᠯᠡᠨ ᠠᠵᠢᠯᠯᠠᠬᠤ ᠴᠢᠬᠤᠯᠠᠲᠠᠶ ᠪᠠᠷᠢᠯᠭ᠎ᠠ ᠶᠢ ᠭᠠᠷᠭᠠᠪᠠᠯ᠂ ᠰᠢᠷᠣᠶ ᠰᠢᠷᠣᠶ ᠶᠢᠨ ᠠᠵᠢᠯ ︵ᠰᠢᠷᠣᠶ ᠴᠢᠯᠠᠭᠤ ᠶᠢ ᠮᠠᠯᠲᠠᠬᠤ᠂ ᠡᠭᠡᠭᠦᠯᠦᠨ ᠪᠥᠭᠯᠡᠬᠦ᠂ ᠲᠠᠯᠠᠪᠠᠢ ᠳᠤ ᠪᠤᠴᠠᠭᠠᠨ ᠵᠥᠭᠡᠭᠡᠪᠦᠷᠢᠯᠡᠬᠦ᠂ ᠴᠤᠬᠤᠢ ᠬᠤᠯᠢᠬᠤ ᠵᠡᠷᠭᠡ︶ ᠢ ᠵᠣᠭᠰᠣᠭᠠᠵᠤ᠂ ᠭᠡᠷ ᠤᠨ ᠭᠠᠳᠠᠨᠠᠬᠢ ᠪᠠᠷᠢᠯᠭ᠎ᠠ ᠶᠢ ᠨᠤᠷᠠᠭᠠᠬᠤ᠂ ᠰᠦᠷᠴᠢᠨ ᠰᠢᠷᠳᠡᠵᠦ ᠥᠩᠭᠡᠯᠡᠬᠦ᠂ ᠨᠠᠯᠠᠤ ᠬᠠᠮᠠᠭᠠᠯᠠᠨ ᠡᠭᠡᠳᠡᠩ ᠰᠦᠷᠴᠢᠬᠦ᠂ ᠪᠤᠲ᠋ᠤᠨ ᠬᠤᠳᠬᠤᠬᠤ ᠵᠡᠷᠭᠡ ᠶᠢ ᠴᠠᠭᠠᠵᠠᠯᠠᠨ᠎ᠠ᠃      ︵3︶ ᠵᠠᠮ ᠤᠨ ᠤᠬᠢᠶᠠᠵᠤ ᠱᠦᠭᠦᠷᠳᠡᠬᠦ ᠶᠢᠨ ᠮᠠᠰᠢᠨᠴᠢᠯᠠᠬᠤ ᠠᠵᠢᠯ᠂ ᠤᠰᠤ ᠰᠦᠷᠴᠢᠵᠦ ᠲᠣᠭᠤᠰᠣ ᠪᠠᠭᠤᠷᠠᠭᠤᠯᠬᠤ ᠠᠵᠢᠯ ᠤᠨ ᠤᠳᠠᠭ᠎ᠠ ᠶᠢ ᠨᠡᠮᠡᠭᠳᠡᠭᠦᠯᠵᠦ᠂ ᠴᠢᠬᠤᠯᠠ ᠵᠠᠮ ᠤᠨ ᠬᠡᠰᠡᠭ᠂ ᠭᠤᠤᠯᠳᠠᠯᠭ᠎ᠠ ᠲᠠᠢ ᠣᠷᠣᠨ ᠪᠦᠰᠡ ᠪᠠ ᠲᠣᠭᠤᠰᠣ ᠳᠡᠭᠳᠡᠬᠦ ᠳᠤ ᠬᠢᠯᠪᠠᠷ ᠵᠠᠮ ᠤᠨ ᠬᠡᠰᠡᠭ ᠲᠤ ᠡᠳᠦᠷ ᠲᠤ 2 ᠤᠳᠠᠭ᠎ᠠ ᠠᠴᠠ ᠳᠡᠭᠡᠭᠰᠢ ᠮᠠᠰᠢᠨᠴᠢᠯᠠᠯᠲᠠ ᠪᠠᠷ ᠴᠡᠪᠡᠷᠯᠡᠨ᠎ᠡ᠃      ︵4︶ ᠨᠢᠭᠲᠠ ᠪᠢᠲᠡᠭᠦᠮᠵᠢᠯᠡᠬᠦ ᠲᠣᠨᠣᠭᠯᠠᠯ ᠤᠭᠰᠠᠷᠠᠭᠰᠠᠨ ᠦᠭᠡᠢ ᠪᠠᠷ ᠠᠮᠠᠷᠬᠠᠨ ᠠᠰᠬᠠᠷᠠᠳᠠᠭ ᠨᠡᠭᠦᠷᠡᠰᠦ᠂ ᠬᠤᠭ ᠰᠢᠷᠣᠶ᠂ ᠬᠠᠶᠢᠷ ᠴᠢᠯᠠᠭᠤ ᠶᠢᠨ ᠮᠠᠲ᠋ᠧᠷᠢᠶᠠᠯ ᠵᠡᠷᠭᠡ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠳᠤ ᠭᠠᠷᠭᠠᠵᠤ ᠶᠠᠪᠤᠭᠤᠯᠬᠤ ᠶᠢ ᠴᠠᠭᠠᠵᠠᠯᠠᠨ᠎ᠠ᠃      ︵5︶ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠶᠤᠯ ᠥᠬᠡᠶ ᠦᠢᠯᠡᠳᠪᠦᠷᠢᠯᠡᠯ ᠵᠢᠴᠢ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ ᠡᠭᠦᠷᠭᠡ ᠳᠤ ᠬᠤᠯᠪᠣᠭᠳᠠᠬᠤ ᠠᠴᠠ ᠭᠠᠳᠠᠨ᠎ᠠ᠂ ᠪᠣᠶ ᠪᠥᠬᠦᠶ ᠱᠦᠶ᠋ᠨᠢ ᠶᠢᠨ ᠨᠤᠨᠲᠠᠭ ᠤᠨ ᠥᠷᠲᠡᠭᠡ᠂ ᠬᠤᠭ ᠰᠢᠷᠣᠶ ᠬᠠᠳᠠᠭᠠᠯᠠᠬᠤ ᠭᠠᠵᠠᠷ ᠤᠨ ᠦᠢᠯᠡᠳᠪᠦᠷᠢᠯᠡᠯ᠂ ᠠᠵᠢᠯᠯᠠᠭᠠᠨ ᠢ ᠪᠥᠬᠦ ᠲᠠᠯ᠎ᠠ ᠪᠠᠷ ᠵᠣᠭᠰᠣᠭᠠᠨ᠎ᠠ᠃ ᠪᠥᠬᠦ ᠰᠢᠶᠠᠨ ᠤ ᠪᠤᠲ᠋ᠣᠨ ᠵᠢᠭᠤᠷᠠᠬᠤ ᠥᠷᠲᠡᠭᠡ ᠪᠠ ᠡᠯᠡᠰᠦᠨ ᠵᠢᠭᠤᠷᠠᠮᠠᠭ ᠵᠢᠭᠤᠷᠠᠬᠤ ᠥᠷᠲᠡᠭᠡ ᠦᠢᠯᠡᠳᠪᠦᠷᠢᠯᠡᠬᠦ ᠪᠠᠨ ᠵᠣᠭᠰᠣᠵᠤ᠂ ᠪᠢᠲᠡᠭᠦᠮᠵᠢᠯᠡᠬᠦ᠂ ᠪᠦᠲᠡᠭᠡᠬᠦ ᠵᠡᠷᠭᠡ ᠲᠣᠭᠤᠰᠣ ᠪᠠᠭᠤᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠤᠰᠤ ᠰᠦᠷᠴᠢᠵᠦ ᠲᠣᠭᠤᠰᠣ ᠪᠠᠭᠤᠷᠠᠭᠤᠯᠬᠤ ᠤᠳᠠᠭ᠎ᠠ ᠶᠢ ᠨᠡᠮᠡᠭᠳᠡᠭᠦᠯᠦᠨ᠎ᠡ᠃      ︵6︶ ᠪᠦᠬᠦ ᠰᠢᠶᠠᠨ ᠤ ᠬᠡᠪᠴᠢᠶᠡᠨ ᠳᠤ ᠡᠰᠢ ᠰᠦᠷᠡᠯ᠂ ᠬᠤᠭ ᠨᠣᠪᠰᠢ᠂ ᠤᠨᠠᠭᠰᠠᠨ ᠨᠠᠪᠴᠢ ᠶᠢ ᠵᠠᠳᠠᠭᠠᠶ ᠰᠢᠲᠠᠭᠠᠬᠤ ᠶᠢ ᠴᠠᠭᠠᠵᠠᠯᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠃      ︵7︶ ᠪᠠᠶᠢᠭᠤᠯᠤᠭᠰᠠᠨ ᠣᠷᠣᠨ ᠤ ᠳᠣᠲᠣᠷ᠎ᠠ ᠬᠦᠨᠳᠦ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ᠂ ᠭᠤᠷᠪᠠᠨ ᠬᠦᠷᠳᠦᠲᠦ ᠲᠡᠷᠭᠡ᠂ ᠳᠣᠤᠷ᠎ᠠ ᠬᠤᠷᠳᠤᠴᠠᠲᠤ ᠠᠴᠢᠶᠠᠨ ᠤ ᠮᠠᠰᠢᠨ ᠲᠡᠷᠭᠡ᠂ ᠪᠠᠷᠢᠯᠭ᠎ᠠ ᠶᠢᠨ ᠮᠠᠰᠢᠨ ᠮᠧᠬᠠᠨᠢᠭ ᠢᠶᠠᠷ ᠨᠡᠪᠲᠡᠷᠡᠬᠦ ᠶᠢ ᠪᠦᠬᠦᠯᠢ ᠡᠳᠦᠷ ᠢᠶᠠᠷ ᠴᠠᠭᠠᠵᠠᠯᠠᠨ᠎ᠠ᠃      5.3.2Ⅱ ᠳᠠᠭᠠᠬᠤ ᠠᠷᠭ᠎ᠠ ᠬᠡᠮᠵᠢᠶ᠎ᠡ      1. ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ      ︵1︶ ᠬᠡᠦᠬᠡᠳ᠂ ᠨᠠᠰᠤᠲᠠᠶᠢᠴᠤᠳ ᠪᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠠᠮᠢᠰᠬᠤᠯ ᠤᠨ ᠵᠠᠮ ᠤᠨ ᠡᠪᠡᠳᠴᠢᠨ ᠲᠠᠢ ᠡᠪᠡᠳᠴᠢᠲᠡᠨ ᠵᠡᠷᠭᠡ ᠠᠮᠠᠷᠬᠠᠨ ᠬᠠᠯᠳᠠᠪᠤᠷᠢᠯᠠᠭᠳᠠᠬᠤ ᠬᠥᠮᠦᠰ ᠢ ᠭᠡᠷ ᠲᠡᠭᠡᠨ ᠪᠠᠶᠢᠯᠭᠠᠵᠤ᠂ ᠭᠡᠷ ᠤᠨ ᠭᠠᠳᠠᠨ᠎ᠠ ᠬᠥᠳᠡᠯᠭᠡᠭᠡᠨ ᠬᠢᠬᠦ ᠠᠴᠠ ᠵᠠᠶᠢᠯᠠᠰᠬᠢᠬᠦ ᠶᠢ ᠰᠠᠨᠠᠭᠤᠯᠤᠨ᠎ᠠ᠃ ᠡᠩ ᠤᠨ ᠬᠥᠮᠦᠰ ᠬᠡᠷ ᠤᠨ ᠭᠠᠳᠠᠨ᠎ᠠ ᠬᠥᠳᠡᠯᠭᠡᠭᠡᠨ ᠬᠢᠬᠦ ᠪᠠ ᠬᠡᠷ ᠤᠨ ᠭᠠᠳᠠᠨ᠎ᠠ ᠠᠵᠢᠯᠯᠠᠬᠤ ᠴᠠᠭ ᠢᠶᠠᠨ ᠪᠠᠭᠠᠰᠬᠠᠵᠤ᠂ ᠬᠡᠷ ᠤᠨ ᠭᠠᠳᠠᠨ᠎ᠠ ᠬᠥᠳᠡᠯᠭᠡᠭᠡᠨ ᠬᠢᠬᠦ ᠪᠤᠶᠤ ᠠᠵᠢᠯᠯᠠᠬᠤ ᠴᠢᠬᠤᠯᠠ ᠲᠠᠢ ᠪᠣᠯ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃      ︵2︶ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠶᠢ ᠵᠢᠭᠠᠨ ᠵᠢᠯᠣᠭᠤᠳᠬᠤ ᠳᠠᠭᠠᠨ ᠤᠶᠠᠨ ᠬᠠᠲᠠᠨ ᠵᠢᠭᠠᠨ ᠰᠤᠷᠭᠠᠯᠲᠠ ᠶᠢ ᠬᠡᠷᠡᠭᠯᠡᠵᠦ᠂ ᠲᠠᠮᠢᠷ ᠤᠨ ᠬᠢᠴᠢᠶᠡᠯ᠂ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠵᠡᠷᠭᠡ ᠬᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ ᠵᠣᠭᠰᠣᠭᠠᠨ᠎ᠠ᠃      ︵3︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠮᠴᠢᠯᠡᠭᠡᠨ ᠤ ᠪᠠᠶᠢᠭᠤᠯᠤᠮᠵᠢ ᠶᠢ ᠰᠢᠪᠠᠳᠠᠨ ᠵᠢᠯᠣᠭᠤᠳᠴᠤ ᠪᠠᠶᠢᠭᠠᠳ ᠬᠠᠮᠢᠶ᠎ᠠ ᠪᠥᠬᠦᠶ ᠡᠪᠡᠳᠴᠢᠨ ᠡᠮᠭᠡᠭ ᠤᠨ ᠲᠦᠷᠭᠡᠨ ᠡᠮᠴᠢᠯᠡᠭᠡ ᠶᠢ ᠨᠡᠮᠡᠨ ᠪᠠᠶᠢᠭᠤᠯᠵᠤ᠂ ᠡᠮᠴᠢ ᠰᠤᠪᠢᠯᠠᠭᠴᠢ ᠶᠢ ᠨᠡᠮᠡᠭᠳᠡᠭᠦᠯᠦᠨ᠂ ᠠᠵᠢᠯᠯᠠᠬᠤ ᠴᠠᠭ ᠢ ᠤᠷᠲᠤᠳᠬᠠᠨ᠎ᠠ᠃      ︵4︶ ᠤᠯᠠᠨ ᠲᠦᠮᠡᠨᠴᠢ ᠴᠢᠨᠠᠷᠲᠠᠶ ᠭᠡᠷ ᠤᠨ ᠭᠠᠳᠠᠨᠠᠬᠢ ᠲᠤᠮᠤ ᠬᠡᠯᠪᠡᠷᠢ ᠶᠢᠨ ᠠᠵᠢᠯᠯᠠᠭ᠎ᠠ ᠬᠢᠬᠦ ᠶᠢ ᠵᠣᠭᠰᠣᠭᠠᠨ᠎ᠠ᠃      2.ᠰᠠᠨᠠᠭᠤᠯᠭ᠎ᠠ ᠶᠢᠨ ᠴᠢᠨᠠᠷᠲᠠᠶ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ      ︵1︶ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠬᠤᠲᠠ ᠶᠢᠨ ᠠᠷᠠᠳ ᠤᠨ ᠪᠣᠬᠢᠷᠲᠤᠯ ᠥᠬᠡᠶ ᠶᠠᠪᠤᠵᠤ ᠰᠠᠭᠤᠬᠤ ᠶᠢ ᠵᠣᠷᠢᠭᠵᠢᠭᠤᠯᠵᠤ᠂ ᠴᠥᠭᠡᠨ ᠲᠣᠭᠠᠨ ᠤ ᠮᠠᠰᠢᠨ ᠲᠡᠷᠭᠡ ᠵᠠᠮ ᠳᠤ ᠭᠠᠷᠴᠤ‌‍ᠶᠠᠪᠤᠬᠤ ᠶᠢ ᠪᠠᠭᠠᠰᠬᠠᠨ᠎ᠠ᠃      ︵2︶ ᠮᠠᠰᠢᠨᠲᠤ ᠲᠡᠷᠭᠡ ᠵᠣᠭᠰᠣᠬᠤ ᠦᠶ᠎ᠡ ᠳᠤ ᠴᠠᠭ ᠲᠤᠬᠠᠶ ᠳᠤᠨᠢ ᠭᠠᠯ ᠢ ᠤᠨᠲᠠᠷᠠᠭᠠᠵᠤ᠂ ᠲᠡᠷᠭᠡ ᠬᠥᠰᠬᠡ ᠶᠢᠨ ᠤᠤᠯ ᠤᠨ ᠭᠠᠵᠠᠷ ᠲᠠᠭᠠᠨ ᠬᠤᠶᠢᠷᠭᠤ ᠬᠤᠷᠳᠤᠴᠠ ᠪᠠᠷ ᠠᠵᠢᠯᠯᠠᠬᠤ ᠶᠢ ᠪᠠᠭᠠᠰᠬᠠᠨ᠂ ᠮᠠᠰᠢᠨᠲᠤ ᠲᠡᠷᠭᠡ ᠶᠢᠨ ᠡᠳᠦᠷ ᠲᠤᠲᠤᠮ ᠤᠨ ᠲᠣᠰᠣ ᠨᠡᠮᠡᠬᠦ ᠶᠢ ᠪᠠᠭᠠᠰᠬᠠᠨ᠎ᠠ᠃      ︵3︶ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ᠂ ᠪᠣᠬᠢᠷᠲᠤᠯ ᠢ ᠵᠠᠰᠠᠬᠤ ᠲᠥᠬᠦᠭᠡᠷᠦᠮᠵᠢ ᠶᠢᠨ ᠠᠰᠢᠭᠯᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠷᠡᠭᠲᠡᠶ᠃      ︵4︶ ᠰᠢᠷ᠂ ᠰᠢᠷ᠂ ᠠᠭᠤᠰᠬᠠᠭᠴᠢ ᠵᠡᠷᠭᠡ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠠᠭᠤᠯᠤᠭᠰᠠᠨ ᠲᠦᠭᠦᠬᠡᠶ ᠮᠠᠲ᠋ᠧᠷᠢᠶᠠᠯ ᠵᠢᠴᠢ ᠦᠢᠯᠡᠳᠬᠦᠨ ᠤ ᠬᠡᠷᠡᠭᠯᠡᠯᠲᠡ ᠶᠢ ᠤᠯᠠᠨ ᠨᠡᠶᠢᠲᠡ ᠪᠠᠷ ᠢᠶᠠᠨ ᠪᠠᠭᠠᠰᠬᠠᠨ᠎ᠠ᠃      ︵5︶ ᠡᠨᠧᠷᠭᠢ ᠶᠢᠨ ᠬᠤᠷᠣᠭᠳᠠᠯ ᠢ ᠠᠯᠢ ᠴᠢᠳᠠᠬᠤ ᠪᠠᠷ ᠪᠠᠭᠠᠰᠬᠠᠵᠤ᠂ ᠪᠣᠶ ᠪᠥᠬᠦᠶ ᠣᠯᠠᠨ ᠨᠡᠶᠢᠲᠡ ᠶᠢᠨ ᠪᠠᠷᠢᠯᠭ᠎ᠠ ᠶᠢᠨ ᠳᠣᠲᠣᠷᠠᠬᠢ ᠨᠢᠭᠡᠴᠢ᠂ ᠡᠮᠨᠡᠯᠭᠡ ᠶᠢᠨ ᠬᠤᠷᠢᠶ᠎ᠠ ᠵᠡᠷᠭᠡ ᠣᠨᠴᠠᠭᠠᠶ ᠨᠢᠭᠡᠴᠢ ᠵᠢᠴᠢ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠲᠠᠯ᠎ᠠ ᠪᠠᠷ ᠳᠤᠯᠠᠭᠠᠨ ᠤ ᠬᠡᠮᠵᠢᠶ᠎ᠡ ᠶᠢᠨ ᠲᠠᠯ᠎ᠠ ᠪᠠᠷ ᠣᠨᠴᠠᠭᠠᠶ ᠱᠠᠭᠠᠷᠳᠠᠯᠭ᠎ᠠ ᠲᠠᠢ ᠪᠥᠭᠡᠳ ᠵᠥᠪᠰᠢᠶᠡᠷᠡᠯ ᠣᠯᠤᠭᠰᠠᠨ ᠬᠡᠷᠡᠭᠯᠡᠭᠴᠢ ᠶᠢ ᠭᠠᠷᠭᠠᠪᠠᠯ᠂ ᠵᠣᠨ ᠤ ᠤᠯᠠᠷᠢᠯ ᠤᠨ ᠬᠡᠷ ᠳᠣᠲᠣᠷᠠᠬᠢ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ 26 ᠼᠧᠯᠰ ᠤᠨ ᠭᠷᠠᠳᠦ᠋ᠰ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠡᠪᠦᠯ ᠤᠨ ᠤᠯᠠᠷᠢᠯ ᠤᠨ ᠬᠡᠷ ᠳᠣᠲᠣᠷᠠᠬᠢ ᠠᠭᠠᠷ ᠲᠣᠬᠢᠷᠠᠭᠤᠯᠤᠭᠴᠢ ᠶᠢᠨ ᠳᠤᠯᠠᠭᠠᠨ ᠤ ᠬᠡᠮᠵᠢᠶ᠎ᠡ ᠶᠢ 20 ᠼᠧᠯᠰ ᠤᠨ ᠭᠷᠠᠳᠦ᠋ᠰ ᠠᠴᠠ ᠥᠨᠳᠥᠷ ᠪᠠᠶᠢᠯᠭᠠᠵᠤ ᠪᠣᠯᠬᠤ ᠥᠬᠡᠶ᠃      ︵6︶ ᠠᠵᠤ ᠠᠬᠤᠶᠢᠯᠠᠯ ᠠᠵᠢᠯ ᠦᠶ᠋ᠯᠡᠰ ᠤᠨ ᠨᠢᠭᠡᠴᠡ ᠨᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠣᠳᠠᠲᠠᠶ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠮᠠᠷᠠᠯᠲᠠ ᠶᠢ ᠲᠣᠬᠢᠷᠠᠭᠤᠯᠬᠤ᠂ ᠣᠷᠭᠢᠯ ᠦᠶ᠎ᠡ ᠶᠢ ᠵᠥᠷᠢᠭᠦᠯᠦᠨ ᠠᠵᠢᠯ ᠳᠤ ᠭᠠᠷᠬᠤ ᠪᠠ ᠠᠵᠢᠯ ᠠᠴᠠ ᠪᠠᠭᠤᠬᠤ᠂ ᠠᠯᠤᠰ ᠠᠴᠠ ᠠᠵᠢᠯᠯᠠᠬᠤ ᠵᠡᠷᠭᠡ ᠬᠠᠷᠢᠮᠠᠬᠠᠶ ᠴᠢᠨᠠᠷᠲᠠᠶ ᠠᠵᠢᠯ ᠤᠨ ᠲᠦᠷᠢᠮ ᠢ ᠬᠡᠷᠡᠭᠵᠢᠭᠦᠯᠬᠦ ᠶᠢ ᠰᠠᠨᠠᠭᠠᠴᠢᠯᠠᠨ᠎ᠠ᠃      3. ᠪᠣᠬᠢᠷᠲᠤᠯ ᠢ ᠰᠡᠷᠭᠡᠶᠢᠯᠡᠨ ᠵᠠᠰᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ      ︵1︶ ᠬᠦᠨᠳᠦ ᠪᠣᠬᠢᠷᠲᠤᠯ ᠲᠠᠢ ᠴᠠᠭ ᠠᠭᠤᠷ ᠤᠨ ᠤᠯᠠᠪᠤᠷ ᠥᠩᠭᠡ ᠶᠢᠨ ᠰᠡᠷᠡᠮᠵᠢᠯᠡᠭᠦᠯᠦᠯ ᠤᠨ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠨᠠᠷᠢᠨ ᠬᠠᠭᠤᠳᠠᠰᠤ ᠳᠤ ᠣᠷᠣᠭᠤᠯᠤᠭᠰᠠᠨ ᠬᠠᠮᠢᠶ᠎ᠠ ᠪᠥᠬᠦᠶ ᠠᠵᠤ ᠠᠬᠤᠶᠢᠯᠠᠯ ᠤᠳ᠂ ᠦᠢᠯᠡᠳᠪᠦᠷᠢᠯᠡᠯ ᠢ ᠵᠣᠭᠰᠣᠭᠠᠬᠤ᠂ ᠦᠢᠯᠡᠳᠪᠦᠷᠢᠯᠡᠯ ᠢ ᠬᠢᠵᠠᠭᠠᠷᠯᠠᠬᠤ᠂ ᠵᠠᠰᠠᠯᠲᠠ ᠶᠢᠨ ᠪᠡᠯᠡᠳᠬᠡᠮᠵᠢ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠬᠦᠨᠳᠦ ᠪᠣᠬᠢᠷᠲᠤᠯ ᠲᠠᠢ ᠴᠠᠭ ᠠᠭᠤᠷ ᠤᠨ Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ︵2︶ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠣᠳᠣᠷᠬᠠᠶ ᠬᠠᠭᠤᠳᠠᠰᠤ ᠳᠤ ᠣᠷᠣᠭᠤᠯᠤᠭᠰᠠᠨ ᠪᠠᠷᠢᠯᠭ᠎ᠠ ᠶᠢᠨ ᠠᠵᠢᠯ ᠳᠤ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠪᠦᠬᠦ ᠰᠢᠶᠠᠨ ᠤ ᠬᠡᠪᠴᠢᠶᠡᠨ ᠳᠤ ᠵᠠᠪᠳᠤᠨ ᠰᠡᠯᠪᠢᠨ ᠵᠠᠰᠠᠵᠤ ᠠᠶᠤᠯ ᠠᠴᠠ ᠠᠪᠤᠷᠠᠬᠤ ᠪᠠ ᠣᠨᠴᠠᠭᠠᠶ ᠤᠷᠠᠨ ᠮᠡᠷᠭᠡᠰᠢᠯ ᠠᠴᠠ ᠪᠤᠯᠵᠤ ᠦᠷᠭᠦᠯᠵᠢᠯᠡᠨ ᠠᠵᠢᠯᠯᠠᠬᠤ ᠴᠢᠬᠤᠯᠠᠲᠠᠶ ᠪᠠᠷᠢᠯᠭ᠎ᠠ ᠶᠢ ᠭᠠᠷᠭᠠᠪᠠᠯ᠂ ᠰᠢᠷᠣᠶ ᠰᠢᠷᠣᠶ ᠶᠢᠨ ᠠᠵᠢᠯ ︵ᠰᠢᠷᠣᠶ ᠴᠢᠯᠠᠭᠤ ᠶᠢ ᠮᠠᠯᠲᠠᠬᠤ᠂ ᠡᠭᠡᠭᠦᠯᠦᠨ ᠪᠥᠭᠯᠡᠬᠦ᠂ ᠲᠠᠯᠠᠪᠠᠢ ᠳᠤ ᠪᠤᠴᠠᠭᠠᠨ ᠵᠥᠭᠡᠭᠡᠪᠦᠷᠢᠯᠡᠬᠦ᠂ ᠴᠤᠬᠤᠢ ᠬᠤᠯᠢᠬᠤ ᠵᠡᠷᠭᠡ︶ ᠢ ᠵᠣᠭᠰᠣᠭᠠᠵᠤ᠂ ᠭᠡᠷ ᠤᠨ ᠭᠠᠳᠠᠨᠠᠬᠢ ᠪᠠᠷᠢᠯᠭ᠎ᠠ ᠶᠢ ᠨᠤᠷᠠᠭᠠᠬᠤ᠂ ᠰᠦᠷᠴᠢᠨ ᠰᠢᠷᠳᠡᠵᠦ ᠥᠩᠭᠡᠯᠡᠬᠦ᠂ ᠨᠠᠯᠠᠤ ᠬᠠᠮᠠᠭᠠᠯᠠᠨ ᠡᠭᠡᠳᠡᠩ ᠰᠦᠷᠴᠢᠬᠦ᠂ ᠪᠤᠲ᠋ᠤᠨ ᠬᠤᠳᠬᠤᠬᠤ ᠵᠡᠷᠭᠡ ᠶᠢ ᠴᠠᠭᠠᠵᠠᠯᠠᠨ᠎ᠠ᠃      ︵3︶ ᠵᠠᠮ ᠤᠨ ᠤᠬᠢᠶᠠᠵᠤ ᠱᠦᠭᠦᠷᠳᠡᠬᠦ ᠶᠢᠨ ᠮᠠᠰᠢᠨᠴᠢᠯᠠᠬᠤ ᠠᠵᠢᠯ᠂ ᠤᠰᠤ ᠰᠦᠷᠴᠢᠵᠦ ᠲᠣᠭᠤᠰᠣ ᠪᠠᠭᠤᠷᠠᠭᠤᠯᠬᠤ ᠠᠵᠢᠯ ᠤᠨ ᠤᠳᠠᠭ᠎ᠠ ᠶᠢ ᠨᠡᠮᠡᠭᠳᠡᠭᠦᠯᠵᠦ᠂ ᠴᠢᠬᠤᠯᠠ ᠵᠠᠮ ᠤᠨ ᠬᠡᠰᠡᠭ᠂ ᠭᠤᠤᠯᠳᠠᠯᠭ᠎ᠠ ᠲᠠᠢ ᠣᠷᠣᠨ ᠪᠦᠰᠡ ᠪᠠ ᠲᠣᠭᠤᠰᠣ ᠳᠡᠭᠳᠡᠬᠦ ᠳᠤ ᠬᠢᠯᠪᠠᠷ ᠵᠠᠮ ᠤᠨ ᠬᠡᠰᠡᠭ ᠲᠤ ᠡᠳᠦᠷ ᠲᠤ 2 ᠤᠳᠠᠭ᠎ᠠ ᠠᠴᠠ ᠳᠡᠭᠡᠭᠰᠢ ᠮᠠᠰᠢᠨᠴᠢᠯᠠᠯᠲᠠ ᠪᠠᠷ ᠴᠡᠪᠡᠷᠯᠡᠨ᠎ᠡ᠃      ︵4︶ ᠨᠢᠭᠲᠠ ᠪᠢᠲᠡᠭᠦᠮᠵᠢᠯᠡᠬᠦ ᠲᠣᠨᠣᠭᠯᠠᠯ ᠤᠭᠰᠠᠷᠠᠭᠰᠠᠨ ᠦᠭᠡᠢ ᠪᠠᠷ ᠠᠮᠠᠷᠬᠠᠨ ᠠᠰᠬᠠᠷᠠᠳᠠᠭ ᠨᠡᠭᠦᠷᠡᠰᠦ᠂ ᠬᠤᠭ ᠰᠢᠷᠣᠶ᠂ ᠬᠠᠶᠢᠷ ᠴᠢᠯᠠᠭᠤ ᠶᠢᠨ ᠮᠠᠲ᠋ᠧᠷᠢᠶᠠᠯ ᠵᠡᠷᠭᠡ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠳᠤ ᠭᠠᠷᠭᠠᠵᠤ ᠶᠠᠪᠤᠭᠤᠯᠬᠤ ᠶᠢ ᠴᠠᠭᠠᠵᠠᠯᠠᠨ᠎ᠠ᠃      ︵5︶ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠶᠤᠯ ᠥᠬᠡᠶ ᠦᠢᠯᠡᠳᠪᠦᠷᠢᠯᠡᠯ ᠵᠢᠴᠢ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠬᠠᠤ ᠡᠭᠦᠷᠭᠡ ᠳᠤ ᠬᠤᠯᠪᠣᠭᠳᠠᠬᠤ ᠠᠴᠠ ᠭᠠᠳᠠᠨ᠎ᠠ᠂ ᠪᠣᠶ ᠪᠥᠬᠦᠶ ᠱᠦᠶ᠋ᠨᠢ ᠶᠢᠨ ᠨᠤᠨᠲᠠᠭ ᠤᠨ ᠥᠷᠲᠡᠭᠡ᠂ ᠬᠤᠭ ᠰᠢᠷᠣᠶ ᠬᠠᠳᠠᠭᠠᠯᠠᠬᠤ ᠭᠠᠵᠠᠷ ᠤᠨ ᠦᠢᠯᠡᠳᠪᠦᠷᠢᠯᠡᠯ᠂ ᠠᠵᠢᠯᠯᠠᠭᠠᠨ ᠢ ᠪᠥᠬᠦ ᠲᠠᠯ᠎ᠠ ᠪᠠᠷ ᠵᠣᠭᠰᠣᠭᠠᠨ᠎ᠠ᠃ ᠪᠥᠬᠦ ᠬᠤᠲᠠ ᠶᠢᠨ ᠪᠤᠲ᠋ᠣᠨ ᠵᠢᠭᠤᠷᠠᠬᠤ ᠥᠷᠲᠡᠭᠡ ᠪᠠ ᠡᠯᠡᠰᠦᠨ ᠵᠢᠭᠤᠷᠠᠮᠠᠭ ᠵᠢᠭᠤᠷᠠᠬᠤ ᠥᠷᠲᠡᠭᠡ ᠦᠢᠯᠡᠳᠪᠦᠷᠢᠯᠡᠬᠦ ᠪᠠᠨ ᠵᠣᠭᠰᠣᠵᠤ᠂ ᠪᠢᠲᠡᠭᠦᠮᠵᠢᠯᠡᠬᠦ᠂ ᠪᠦᠲᠡᠭᠡᠬᠦ ᠵᠡᠷᠭᠡ ᠲᠣᠭᠤᠰᠣ ᠪᠠᠭᠤᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠤᠰᠤ ᠰᠦᠷᠴᠢᠵᠦ ᠲᠣᠭᠤᠰᠣ ᠪᠠᠭᠤᠷᠠᠭᠤᠯᠬᠤ ᠤᠳᠠᠭ᠎ᠠ ᠶᠢ ᠨᠡᠮᠡᠭᠳᠡᠭᠦᠯᠦᠨ᠎ᠡ᠃      ︵6︶ ᠪᠦᠬᠦ ᠰᠢᠶᠠᠨ ᠤ ᠬᠡᠪᠴᠢᠶᠡᠨ ᠳᠤ ᠡᠰᠢ ᠰᠦᠷᠡᠯ᠂ ᠬᠤᠭ ᠨᠣᠪᠰᠢ᠂ ᠤᠨᠠᠭᠰᠠᠨ ᠨᠠᠪᠴᠢ ᠶᠢ ᠵᠠᠳᠠᠭᠠᠶ ᠰᠢᠲᠠᠭᠠᠬᠤ ᠶᠢ ᠴᠠᠭᠠᠵᠠᠯᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠃      ︵7︶ ᠬᠤᠲᠠ ᠶᠢᠨ ᠠᠵᠢᠯᠯᠠᠭᠠᠨ ᠢ ᠪᠠᠲᠤᠯᠠᠬᠤ ᠲᠡᠷᠭᠡ ᠬᠥᠰᠬᠡ᠂ ᠡᠭᠦᠷᠭᠡ ᠭᠦᠢᠴᠡᠳᠭᠡᠬᠦ ᠣᠨᠴᠠ ᠲᠥᠷᠥᠯ ᠤᠨ ᠲᠡᠷᠭᠡ ᠬᠥᠰᠬᠡ᠂ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠪᠤᠰᠤᠳ ᠣᠨᠴᠠ ᠲᠣᠭᠲᠠᠭᠠᠭᠰᠠᠨ ᠲᠡᠷᠭᠡ ᠶᠢ ᠭᠠᠷᠭᠠᠪᠠᠯ᠂ ᠪᠠᠶᠢᠭᠤᠯᠤᠭᠰᠠᠨ ᠣᠷᠣᠨ ᠤ ᠳᠣᠲᠣᠷ᠎ᠠ ᠬᠦᠨᠳᠦ ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ᠂ ᠬᠥᠩᠭᠡᠨ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ᠂ ᠭᠤᠷᠪᠠᠨ ᠬᠦᠷᠳᠦᠲᠦ ᠮᠠᠰᠢᠨ ᠲᠡᠷᠭᠡ ᠂ ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠬᠦ ᠮᠠᠰᠢᠨ ᠲᠡᠷᠭᠡ᠂ ᠲᠷᠠᠺᠲ᠋ᠣᠷ᠂ ᠪᠠᠷᠢᠯᠭ᠎ᠠ ᠶᠢᠨ ᠮᠠᠰᠢᠨ ᠮᠧᠬᠠᠨᠢᠭ ᠢᠶᠠᠷ ᠨᠡᠪᠲᠡᠷᠡᠬᠦ ᠶᠢ ᠪᠦᠬᠦᠯᠢ ᠡᠳᠦᠷ ᠢᠶᠠᠷ ᠴᠠᠭᠠᠵᠠᠯᠠᠨ᠎ᠠ ᠃ ᠪᠠᠶᠢᠭᠤᠯᠤᠭᠰᠠᠨ ᠣᠷᠣᠨ ᠤ ᠳᠣᠲᠣᠷ᠎ᠠ ᠴᠠᠶᠢᠶ᠋ᠢᠦ ᠲᠤᠰᠤ ᠪᠠᠷ ᠲᠦᠯᠡᠰᠢ ᠪᠣᠯᠭᠠᠭᠰᠠᠨ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠪᠣᠯᠤᠨ ᠲᠡᠷᠭᠡ ᠬᠥᠰᠬᠡ ᠬᠡᠷᠡᠭᠯᠡᠬᠦ ᠪᠠᠨ ᠵᠣᠭᠰᠣᠭᠠᠨ᠎ᠠ᠃      5.4 ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠪᠠ      ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠠᠶᠠᠨᠳᠠᠭᠠᠨ ᠵᠣᠭᠰᠣᠭᠠᠵᠤ ᠂ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠦᠭᠦᠳ      6 ᠳ᠋ᠦᠡᠭᠨᠡᠵᠤ ᠦᠨᠡᠯᠡᠨ ᠵᠢᠱᠢᠬᠦ      ᠳᠠᠭᠠᠵᠤ ᠬᠢᠬᠦ ᠠᠵᠢᠯ ᠳᠠᠭᠤᠰᠤᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠳᠠᠭᠠᠵᠤ ᠬᠢᠬᠦ ᠶᠠᠪᠤᠴᠠ ᠪᠠ ᠳᠠᠭᠠᠵᠤ ᠬᠢᠬᠦ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠳᠤ ᠳ᠋ᠦᠩᠨᠡᠯᠲᠡ ᠪᠠ ᠦᠨᠡᠯᠡᠨ ᠵᠢᠱᠢᠯᠲᠡ ᠬᠢᠬᠦ ᠶᠢ ᠵᠣᠬᠢᠶᠠᠨ ᠪᠠᠶᠢᠭᠤᠯᠵᠤ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠪᠡᠶᠡᠯᠡᠭᠦᠯᠦᠭᠰᠡᠨ ᠤ ᠳᠠᠷᠠᠭ᠎ᠠ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃      7 ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ      7.1 ᠬᠥᠮᠦᠨ ᠤ ᠬᠦᠴᠦᠨ ᠤ ᠡᠬᠢ      ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠲᠤᠰᠬᠠᠶ ᠲᠤᠰᠢᠶᠠᠯᠲᠤ ᠠᠵᠢᠯᠲᠠᠨ ᠳᠣᠭᠢᠷᠠᠭᠤᠯᠵᠤ᠂ ᠡᠳᠦᠷ ᠲᠤᠲᠤᠮ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠨᠦᠭᠦᠳ ᠲᠤᠰᠬᠠᠶ ᠬᠥᠮᠦᠨ ᠳᠣᠭᠢᠷᠠᠭᠤᠯᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠶᠢᠳᠠᠯ ᠳᠣᠤᠷ᠎ᠠ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠲᠦᠷᠭᠡᠨ ᠣᠷᠣᠯᠴᠠᠬᠤ ᠶᠢᠨ ᠬᠠᠮᠲᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃      7.2 ᠪᠡᠯᠡ ᠮᠥᠩᠭᠦᠨ ᠤ ᠪᠠᠲᠤᠯᠠᠭ᠎ᠠ      ᠡᠳ᠋ ᠤᠨ ᠵᠠᠰᠠᠭ ᠤᠨ ᠲᠣᠪᠴᠢᠶ᠎ᠠ ᠨᠢ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠤᠨ ᠪᠠᠶᠢᠭᠤᠯᠤᠯᠲᠠ᠂ ᠠᠵᠢᠯᠯᠠᠭᠠᠨ ᠪᠠ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠵᠡᠷᠭᠡ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠰᠠᠶᠢᠲᠤᠷ ᠬᠢᠬᠦ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠬᠤ ᠬᠡᠷᠡᠭᠲᠡᠶ᠃      7.3 ᠡᠳ᠋ ᠪᠣᠳᠠᠰ ᠤᠨ ᠪᠠᠲᠤᠯᠠᠭ᠎ᠠ      ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠥᠪᠡᠷ ᠥᠪᠡᠷ ᠤᠨ ᠡᠭᠦᠷᠭᠡ ᠴᠢᠳᠠᠪᠬᠢ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠵᠦ᠂ ᠲᠦᠷᠦᠯ ᠵᠦᠢᠯ ᠪᠦᠷᠢᠨ᠂ ᠲᠤᠭ᠎ᠠ ᠬᠡᠮᠵᠢᠶ᠎ᠡ ᠭᠦᠢᠴᠡᠳ ᠪᠠᠴᠢᠮ ᠪᠠᠶᠢᠳᠠᠯ ᠢ ᠠᠷᠭᠠᠴᠠᠬᠤ ᠬᠡᠮᠵᠢᠭᠦᠷᠯᠢᠭ᠂ ᠲᠡᠷᠭᠡ ᠪᠣᠯᠤᠨ ᠬᠠᠮᠠᠭᠠᠯᠠᠯᠲᠠ ᠶᠢᠨ ᠬᠡᠷᠡᠭᠰᠡᠯ ᠵᠡᠷᠭᠡ ᠬᠠᠲᠠᠭᠤ ᠲᠣᠨᠣᠭᠯᠠᠯ ᠢ ᠲᠤᠬᠢᠷᠠᠭᠤᠯᠵᠤ᠂ ᠡᠳᠦᠷ ᠲᠤᠳᠤᠮ ᠤᠨ ᠬᠠᠮᠢᠶᠠᠷᠤᠯᠲᠠ ᠪᠣᠯᠤᠨ ᠠᠷᠠᠴᠢᠯᠠᠯᠲᠠ ᠬᠢᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ      7.4 ᠮᠡᠳᠡᠭᠡ ᠬᠤᠯᠪᠣᠭ᠎ᠠ ᠬᠢᠭᠡᠳ ᠮᠡᠳᠡᠭᠡ ᠵᠠᠩᠭᠢ ᠶᠢᠨ ᠪᠠᠲᠤᠯᠠᠭ᠎ᠠ      ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠵᠢᠴᠢ ᠲᠡᠭᠦᠨ ᠤ ᠠᠯᠪᠠᠨ ᠬᠡᠷ ᠤᠨ ᠡᠯ᠎ᠡ ᠪᠦᠷᠢᠯᠳᠦᠬᠦᠨ ᠡᠷᠬᠡᠪᠰᠢ 24 ᠴᠠᠭ ᠲᠤ ᠬᠤᠪᠢ ᠬᠥᠮᠦᠨ ᠤ ᠭᠠᠷ ᠤᠲᠠᠰᠤ ᠪᠠᠨ ᠨᠡᠪᠲᠡᠷᠡᠭᠦᠯᠵᠦ᠂ ᠲᠣᠪᠴᠢᠶ᠎ᠠ ᠶᠢᠨ 24 ᠴᠠᠭ ᠤᠨ ᠵᠢᠵᠢᠭᠦᠷᠯᠡᠬᠦ ᠳ᠋ᠢᠶᠠᠩᠬᠤᠸᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠲᠤ ᠡᠷᠬᠡᠪᠰᠢ ᠬᠥᠮᠦᠨ ᠲᠣᠬᠢᠷᠠᠭᠤᠯᠵᠤ ᠵᠢᠵᠢᠭᠦᠷᠯᠡᠭᠦᠯᠬᠦ ᠬᠡᠷᠡᠭᠲᠡᠶ᠃ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠦᠶ᠎ᠡ ᠳᠤ ᠬᠤᠯᠪᠣᠭᠳᠠᠯ ᠪᠦᠬᠦᠢ ᠬᠥᠮᠦᠰ ᠢ ᠨᠢᠭᠡᠳᠦᠯᠲᠡᠶ ᠲᠠᠶᠢᠴᠢᠯᠠᠵᠦ᠂ ᠡᠳ᠋ ᠪᠣᠳᠠᠰ ᠢ ᠦᠳᠲᠡᠷ ᠲᠦᠷᠭᠡᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      7.5 ᠡᠮ ᠡᠮᠨᠡᠯᠭᠡ ᠶᠢᠨ ᠪᠠᠲᠤᠯᠠᠭ᠎ᠠ      ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠪᠥᠬᠦ ᠰᠢᠶᠠᠨ ᠤ ᠠᠮᠢᠰᠬᠤᠯ ᠤᠨ ᠵᠠᠮ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠤ ᠲᠤᠰᠬᠠᠶ ᠡᠮᠨᠡᠯᠭᠡ ᠶᠢᠨ ᠠᠵᠢᠯᠲᠠᠨ ᠤ ᠡᠬᠢ ᠪᠠᠶᠠᠯᠢᠭ ᠤᠨ ᠬᠥᠮᠥᠷᠭᠡ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠲᠠᠰ ᠶᠣᠰᠣᠭᠠᠷ ᠡᠮᠨᠡᠯᠭᠡ ᠶᠢᠨ ᠠᠵᠢᠯᠲᠠᠨ ᠢ ᠰᠢᠯᠵᠢᠭᠦᠯᠦᠨ ᠲᠣᠬᠢᠷᠠᠭᠤᠯᠬᠤ ᠲᠥᠯᠥᠪᠯᠡᠭᠡ ᠶᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠤᠷ᠎ᠠ ᠬᠠᠮᠢᠶ᠎ᠠ ᠪᠥᠬᠦᠶ ᠡᠮᠨᠡᠯᠭᠡ ᠶᠢᠨ ᠠᠵᠢᠯᠲᠠᠨ ᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠦᠨᠡᠨ ᠠᠮᠢᠰᠬᠤᠯ ᠤᠨ ᠵᠠᠮ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠡᠮᠭᠡᠭ ᠢ ᠣᠨᠣᠰᠢᠯᠠᠨ ᠡᠮᠨᠡᠵᠦ ᠡᠮᠨᠡᠨ ᠵᠠᠰᠠᠬᠤ ᠡᠮᠴᠢᠯᠡᠭᠡᠨ ᠤ ᠡᠳ᠋ ᠪᠠᠷᠠᠭ᠎ᠠ ᠶᠢᠨ ᠨᠥᠭᠡᠴᠡᠯᠡᠬᠦ ᠬᠥᠮᠥᠷᠭᠡ ᠶᠢ ᠪᠠᠶᠢᠭᠤᠯᠬᠤ ᠶᠢᠨ ᠬᠠᠮᠲᠤ᠂ ᠪᠣᠯᠤᠯᠴᠠᠭ᠎ᠠ ᠲᠠᠢ ᠪᠣᠬᠢᠷᠲᠤᠯ ᠤᠨ ᠬᠡᠮᠵᠢᠶ᠎ᠡ ᠵᠢᠴᠢ ᠦᠷᠭᠦᠯᠵᠢᠯᠡᠭᠰᠡᠨ ᠴᠠᠭ ᠢ ᠦᠨᠳᠦᠰᠦᠯᠡᠨ ᠡᠮᠴᠢᠯᠡᠭᠡᠨ ᠤ ᠡᠳ᠋ ᠪᠠᠷᠠᠭ᠎ᠠ ᠶᠢᠨ ᠨᠥᠭᠡᠴᠡᠯᠡᠬᠦ ᠬᠡᠮᠵᠢᠶ᠎ᠡ ᠵᠢᠴᠢ ᠳᠣᠭᠢᠷᠠᠭᠤᠯᠬᠤ ᠬᠠᠷᠢᠴᠠᠯ ᠢ ᠲᠥᠰᠦᠭᠡᠯᠡᠨ ᠪᠤᠳᠤᠨ᠎ᠠ᠃      8 ᠳ᠋ᠠᠭᠠᠯᠳᠤᠭᠤᠯᠤᠭᠰᠠᠨ ᠳᠦᠷᠢᠮ      8.1 ᠪᠡᠯᠡᠳᠬᠡᠯ ᠲᠥᠰᠦᠯ ᠢ ᠬᠠᠮᠢᠶᠠᠷᠬᠤ ᠪᠠ ᠰᠢᠨᠡᠳᠬᠡᠬᠦ      ᠰᠢᠶᠠᠨ ᠤ ᠵᠢᠯᠣᠭᠤᠳᠬᠤ ᠭᠠᠵᠠᠷ ᠤᠨ ᠠᠯᠪᠠᠨ ᠬᠡᠷ ᠨᠢ ᠪᠣᠳᠠᠲᠠᠶ ᠪᠠᠶᠢᠳᠠᠯ ᠢᠶᠠᠨ ᠦᠨᠳᠦᠰᠦᠯᠡᠨ ᠲᠣᠰ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠢ ᠲᠣᠰ ᠲᠥᠰᠦᠯ ᠢ ᠦᠨᠳᠦᠰᠦᠯᠡᠨ ᠲᠣᠰ ᠰᠠᠯᠠᠭ᠎ᠠ ᠮᠥᠴᠢᠷ ᠤᠨ ᠢᠶᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠲᠣᠰ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠳᠤ ᠬᠤᠯᠪᠣᠭᠳᠠᠬᠤ ᠨᠢᠭᠡᠴᠡ ᠳᠤ ᠴᠠᠭ ᠲᠤᠬᠠᠶ ᠳᠤᠨᠢ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠲᠥᠷᠥᠯ ᠵᠦᠶ᠋ᠯ ᠤᠨ ᠨᠠᠷᠢᠨ ᠲᠠᠩᠰᠠ ᠶᠢ ᠰᠢᠨᠡᠳᠬᠡᠬᠦ ᠶᠢᠨ ᠬᠠᠮᠲᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠶᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠵᠢᠭᠦᠯᠬᠦ ᠲᠥᠰᠦᠯ ᠢ ᠴᠠᠭ ᠲᠤᠬᠠᠶ ᠳᠤᠨᠢ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠵᠤ᠂ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠪᠠᠷ ᠰᠢᠨᠡᠳᠬᠡᠭᠰᠡᠨ ᠤ ᠳᠠᠷᠠᠭᠠᠬᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      8.2 ᠪᠡᠯᠡᠳᠬᠡᠯ ᠲᠥᠰᠦᠯ ᠢ ᠬᠡᠷᠡᠭᠵᠢᠭᠦᠯᠬᠦ ᠴᠠᠭ      ᠲᠣᠰ ᠪᠡᠯᠡᠳᠬᠡᠯ ᠲᠥᠰᠦᠯ ᠢ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ︽ᠦᠶᠤᠸᠠᠨ ᠰᠢᠶᠠᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ᠢ 2015 ᠣᠨ ᠤ ᠬᠡᠪᠯᠡᠯ ᠳᠤ ᠳᠠᠭᠠᠤ ᠳᠤᠨᠢ ᠬᠦᠴᠦᠨ ᠥᠬᠡᠶ ᠪᠣᠯᠭᠠᠨ᠎ᠠ᠃                     ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ      ︽ᠦᠶᠤᠸᠠᠨ ᠰᠢᠶᠠᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠤᠨ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠠᠷᠭ᠎ᠠ︾ ᠶᠢ ᠨᠡᠶᠢᠲᠡᠯᠡᠬᠦ ᠮᠡᠳᠡᠭᠳᠡᠯᠡᠯ᠎ᠡ ᠰᠤᠮᠤ ᠪᠠᠯᠭᠠᠰᠤ ︵ᠲᠠᠷᠢᠶᠠᠯᠠᠩ ᠤᠨ ᠲᠠᠯᠠᠪᠠᠶ︶᠂ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ ᠨᠢᠭᠡᠴᠡ ᠳᠤ᠄      ᠰᠢᠶᠠᠨ ᠤ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠭᠠᠳ᠂ ᠡᠳᠦᠭᠡ ︽ᠦᠶᠤᠸᠠᠨ ᠰᠢᠶᠠᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠢ ᠶᠡᠷᠦᠩᠬᠡᠶᠢᠯᠡᠨ ᠮᠠᠭᠠᠳᠯᠠᠨ ᠲᠣᠭᠲᠠᠭᠠᠬᠤ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                              ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ                                  2020 ᠣᠨ ᠤ 9 ᠰᠠᠷ᠎ᠠ ᠶᠢᠨ 27 ᠤ ᠡᠳᠦᠷ      ᠦᠶᠤᠸᠠᠨ ᠰᠢᠶᠠᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠶᠡᠷᠦᠩᠬᠡᠶᠢᠯᠡᠨ ᠮᠠᠭᠠᠳᠯᠠᠬᠤ ᠠᠷᠭ᠎ᠠ      ᠨᠢᠭᠡᠳᠦᠭᠡᠷ ᠪᠦᠯᠦᠭ  ᠵᠡᠷᠦᠩᠬᠡᠶ ᠲᠦᠷᠢᠮ      ᠨᠢᠭᠡᠳᠦᠭᠡᠷ ᠵᠦᠢᠯ  ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ︵ᠳᠣᠷᠣᠭᠰᠢ ᠨᠠᠭᠠᠳᠤ ᠵᠠᠬ᠎ᠠ ᠶᠢᠨ ᠪᠠᠲᠤᠯᠠᠭ᠎ᠠ ᠭᠡᠵᠦ ᠲᠣᠪᠴᠢᠯᠠᠨ᠎ᠠ︶ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠦᠷᠢᠮ ᠤᠨ ᠢᠯᠡ᠂ ᠡᠷᠬᠡ ᠲᠡᠭᠰᠢ᠂ ᠲᠥᠪ ᠭᠤᠤᠯᠴᠢ ᠪᠠᠷ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠵᠤ᠂ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 649 ᠳ᠋ᠦ᠋ᠭᠡᠷ ᠲᠣᠭᠠᠲᠤ ᠵᠠᠷᠯᠢᠭ︶᠂ ︽ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ︹ 2012 ︺ 45 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠲᠤᠰ ᠠᠷᠭ᠎ᠠ ᠶᠢ ᠦᠨᠳᠦᠰᠦᠯᠡᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠮᠠᠭᠠᠳᠯᠠᠨ ᠲᠣᠭᠲᠠᠭᠠᠬᠤ ᠠᠵᠢᠯ ᠢ ᠥᠷᠨᠢᠭᠦᠯᠵᠦ᠂ ᠭᠠᠴᠠᠭ᠎ᠠ ︵ᠰᠠᠭᠤᠭᠠᠯᠢ ᠠᠷᠠᠳ︶ ᠶᠢᠨ ᠵᠥᠪᠯᠡᠯ ᠨᠢ ᠬᠤᠯᠪᠣᠭᠳᠠᠯ ᠪᠦᠬᠦᠢ ᠠᠵᠢᠯ ᠢ ᠬᠠᠮᠵᠢᠨ ᠰᠠᠶᠢᠲᠤᠷ ᠬᠢᠨ᠎ᠡ᠃      ᠭᠤᠷᠪᠠᠳᠤᠭᠠᠷ ᠵᠦᠢᠯ   ᠡᠷᠦᠬᠡ ᠠᠮᠠ ᠶᠢᠨ ᠲᠠᠩᠰᠠ᠂ ᠨᠠᠰᠤ ᠵᠢᠯ᠂ ᠡᠪᠡᠳᠴᠢᠨ ᠡᠮᠭᠡᠭ᠂ ᠵᠡᠮᠳᠡᠭ᠂ ᠠᠰᠠᠷᠠᠨ ᠲᠡᠵᠢᠭᠡᠭᠴᠢ ᠶᠢᠨ ᠪᠠᠶᠢᠳᠠᠯ᠂ ᠬᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ᠂ ᠡᠮ ᠡᠮᠨᠡᠯᠭᠡ ᠶᠢᠨ ᠵᠠᠷᠤᠳᠠᠯ ᠵᠡᠷᠭᠡ ᠵᠦᠶ ᠵᠣᠬᠢᠰᠲᠠᠶ ᠴᠢᠨᠠᠷᠲᠠᠶ ᠵᠠᠷᠤᠯᠭ᠎ᠠ ᠵᠢᠴᠢ ᠠᠷᠠᠳᠴᠢᠯᠠᠯ ᠢᠶᠠᠷ ᠦᠨᠡᠯᠡᠭᠰᠡᠨ ᠪᠠᠶᠢᠳᠠᠯ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠦᠨᠳᠦᠰᠦᠯᠡᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠡᠩᠬᠡᠷᠡᠭᠦᠯᠦᠨ ᠲᠤᠰᠠᠯᠠᠬᠤ ᠡᠲᠡᠭᠡᠳ ᠢ ᠮᠠᠭᠠᠳᠯᠠᠨ ᠲᠣᠭᠲᠠᠭᠠᠨ᠎ᠠ᠃      ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠬᠤ ᠡᠲᠡᠭᠡᠳ ᠢ ᠮᠠᠭᠠᠳᠯᠠᠨ ᠲᠣᠭᠲᠠᠭᠠᠬᠤ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠪᠠᠷᠢᠮᠵᠢᠶ᠎ᠠ ᠶᠢ ᠨᠢᠭᠡᠳᠬᠡᠵᠦ᠂ ᠬᠡᠷ ᠪᠦᠯᠢ ᠶᠢᠨ ᠣᠷᠣᠯᠭ᠎ᠠ ᠶᠢ ᠲᠣᠮᠢᠶ᠎ᠠ ᠪᠠᠷ ᠠᠷᠠᠳᠴᠢᠯᠠᠯ ᠢᠶᠠᠷ ᠦᠨᠡᠯᠡᠬᠦ ᠪᠠᠷ ᠳᠠᠮᠵᠢᠭᠤᠯᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠪᠠᠷ ᠭᠤᠶᠤᠴᠢᠯᠠᠭᠰᠠᠨ ᠬᠡᠷ ᠪᠦᠯᠢ ᠶᠢᠨ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠤᠨ ᠦᠨᠡᠨ ᠪᠣᠳᠠᠲᠤ ᠴᠢᠨᠠᠷ ᠤᠨ ᠵᠠᠷᠴᠢᠮ ᠢ ᠪᠠᠷᠢᠮᠲᠠᠯᠠᠨ᠎ᠠ᠃ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ ᠮᠥᠷᠲᠡᠭᠡᠨ ᠬᠡᠷ ᠪᠦᠯᠢ ᠶᠢᠨ ᠣᠷᠣᠯᠭ᠎ᠠ ᠪᠠ ᠡᠳ᠋ ᠬᠥᠷᠥᠩᠭᠡ ᠨᠢ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠣᠭᠲᠠᠭᠠᠯ ᠤᠨ ᠨᠥᠬᠦᠴᠡᠯ ᠳᠤ ᠨᠡᠶᠢᠴᠡᠬᠦ ᠵᠠᠷᠴᠢᠮ ᠢ ᠪᠠᠷᠢᠮᠲᠠᠯᠠᠨ᠎ᠠ᠃      ᠳᠥᠷᠪᠡᠳᠦᠭᠡᠷ ᠵᠦᠢᠯ  ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠡᠲᠡᠭᠡᠳ ᠲᠤ᠂ ᠬᠢᠨᠠᠨ ᠲᠣᠭᠲᠠᠭᠠᠭᠰᠠᠨ ᠬᠡᠷ ᠪᠦᠯᠢ ᠶᠢᠨ ᠣᠷᠣᠯᠭ᠎ᠠ ᠶᠢᠨ ᠶᠣᠰᠣᠭᠠᠷ ᠡᠷᠦᠬᠡ ᠪᠠᠷ ᠪᠠᠲᠤᠯᠠᠭ᠎ᠠ ᠣᠯᠭᠤᠵᠤ᠂ ᠵᠥᠷᠢᠶᠡᠲᠦ ᠲᠤᠭ᠎ᠠ ᠪᠠᠷ ᠲᠡᠩᠬᠡᠷᠡᠭᠦᠯᠦᠨ ᠲᠤᠰᠠᠯᠠᠬᠤ ᠶᠢ ᠬᠡᠷᠡᠭᠵᠢᠭᠦᠯᠦᠨ᠎ᠡ᠃ ᠬᠡᠷ ᠪᠦᠯᠢ ᠳᠤ ᠶᠠᠮᠠᠷ ᠴᠤ ᠣᠷᠣᠯᠭ᠎ᠠ ᠥᠬᠡᠶ᠂ ᠬᠡᠷ ᠪᠦᠯᠢ ᠶᠢᠨ ᠪᠦᠷᠢᠯᠳᠦᠬᠦᠨ ᠤ ᠳᠣᠲᠣᠷᠠᠬᠢ ᠬᠦᠨᠳᠦ ᠡᠪᠡᠳᠴᠢᠨ ᠲᠠᠢ ᠬᠦᠨᠳᠦ ᠵᠡᠮᠳᠡᠭ ᠲᠠᠢ ᠠᠮᠢᠳᠤᠷᠠᠯ ᠨᠢ ᠲᠦᠢᠯ ᠤᠨ ᠬᠦᠴᠢᠷᠲᠡᠶ ᠮᠥᠷᠲᠡᠭᠡᠨ ᠲᠣᠭᠠᠴᠠᠭ᠎ᠠ ᠬᠢᠭᠰᠡᠨ ᠤ ᠳᠠᠷᠠᠭ᠎ᠠ ᠠᠪᠤᠷᠠᠨ ᠲᠤᠰᠠᠯᠠᠬᠤ ᠴᠢᠬᠤᠯᠠᠲᠠᠶ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 90% — 100% ᠶᠢᠨ ᠬᠡᠷ ᠪᠦᠯᠢ ᠶᠢ A ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠬᠡᠷ ᠪᠦᠯᠢ ᠶᠢᠨ ᠣᠷᠣᠯᠭ᠎ᠠ ᠨᠢ ᠨᠡᠯᠢᠶᠡᠳ ᠳᠣᠤᠷ᠎ᠠ᠂ ᠬᠡᠷ ᠪᠦᠯᠢ ᠶᠢᠨ ᠪᠦᠷᠢᠯᠳᠦᠬᠦᠨ ᠤ ᠳᠣᠲᠣᠷᠠᠬᠢ ᠡᠪᠡᠳᠴᠢᠨ ᠡᠮᠭᠡᠭ ᠲᠠᠢ ᠠᠮᠢᠳᠤᠷᠠᠯ ᠨᠢ ᠨᠡᠯᠢᠶᠡᠳ ᠬᠦᠴᠢᠷᠲᠡᠶ ᠮᠥᠷᠲᠡᠭᠡᠨ ᠲᠣᠭᠠᠴᠠᠭ᠎ᠠ ᠬᠢᠭᠰᠡᠨ ᠤ ᠳᠠᠷᠠᠭ᠎ᠠ ᠠᠪᠤᠷᠠᠨ ᠲᠤᠰᠠᠯᠠᠬᠤ ᠴᠢᠬᠤᠯᠠᠲᠠᠶ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50% — 90% ︵ᠪᠠᠭᠲᠠᠨ᠎ᠠ︶ ᠲᠠᠢ ᠲᠡᠩᠴᠡᠭᠰᠡᠨ ᠬᠡᠷ ᠪᠦᠯᠢ ᠶᠢ B ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠬᠡᠷ ᠪᠦᠯᠢ ᠳᠤ ᠵᠣᠬᠢᠬᠤ ᠣᠷᠣᠯᠭ᠎ᠠ ᠲᠠᠢ ᠪᠣᠯᠪᠠᠴᠤ ᠣᠷᠣᠯᠭ᠎ᠠ ᠨᠢ ᠲᠣᠭᠲᠠᠭᠤᠨ ᠪᠤᠰᠤ ᠪᠠᠶᠢᠵᠤ᠂ ᠲᠦᠷ ᠴᠠᠭ ᠤᠨ ᠬᠦᠴᠢᠷᠳᠡᠯ ᠠᠴᠠ ᠪᠣᠯᠵᠣ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠮᠥᠷᠲᠡᠭᠡᠨ ᠲᠣᠭᠠᠴᠠᠭ᠎ᠠ ᠬᠢᠭᠰᠡᠨ ᠤ ᠳᠠᠷᠠᠭ᠎ᠠ ᠠᠪᠤᠷᠠᠨ ᠲᠤᠰᠠᠯᠠᠬᠤ ᠴᠢᠬᠤᠯᠠᠲᠠᠶ ᠵᠣᠭᠤᠰ ᠤᠨ ᠲᠤᠭ᠎ᠠ ᠨᠢ ᠪᠠᠲᠤᠯᠠᠭ᠎ᠠ ᠶᠢᠨ ᠪᠠᠷᠢᠮᠵᠢᠶ᠎ᠠ ᠶᠢᠨ 50% ︵ᠪᠠᠭᠲᠠᠨ᠎ᠠ︶ ᠵᠢᠴᠢ ᠲᠡᠭᠦᠨ ᠠᠴᠠ ᠳᠣᠭᠤᠭᠰᠢᠬᠢ ᠶᠢ C ᠲᠥᠷᠥᠯ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠡᠩᠬᠡᠷᠡᠭᠦᠯᠦᠨ ᠲᠤᠰᠠᠯᠠᠬᠤ ᠵᠣᠭᠤᠰ ᠤᠨ ᠲᠤᠭ᠎ᠠ ᠶᠢ ᠲᠣᠭᠠᠴᠠᠭ᠎ᠠ ᠬᠢᠭᠰᠡᠨ ᠤ ᠳᠠᠷᠠᠭ᠎ᠠ ᠰᠠᠷ᠎ᠠ ᠪᠦᠷᠢ 100 ᠲᠥᠭᠦᠷᠢᠭ ︵ᠪᠠᠭᠲᠠᠨ᠎ᠠ︶ ᠠᠴᠠ ᠳᠣᠤᠷ᠎ᠠ ᠪᠠᠶᠢᠪᠠᠯ 100 ᠲᠥᠭᠦᠷᠢᠭ ᠢᠶᠠᠷ ᠲᠡᠩᠬᠡᠷᠡᠭᠦᠯᠦᠨ ᠲᠤᠰᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠡᠩᠬᠡᠷᠡᠭᠦᠯᠦᠨ ᠲᠤᠰᠠᠯᠠᠬᠤ ᠵᠣᠭᠤᠰ ᠤᠨ ᠲᠤᠭ᠎ᠠ ᠶᠢ ᠲᠣᠭᠠᠴᠠᠭ᠎ᠠ ᠬᠢᠭᠰᠡᠨ ᠤ ᠳᠠᠷᠠᠭ᠎ᠠ ᠵᠢᠯ ᠪᠦᠷᠢ 500 ᠲᠥᠭᠦᠷᠢᠭ ︵ᠪᠠᠭᠲᠠᠨ᠎ᠠ︶ ᠠᠴᠠ ᠳᠣᠤᠷ᠎ᠠ ᠪᠠᠶᠢᠪᠠᠯ 500 ᠲᠥᠭᠦᠷᠢᠭ ᠢᠶᠠᠷ ᠲᠡᠩᠬᠡᠷᠡᠭᠦᠯᠦᠨ ᠲᠤᠰᠠᠯᠠᠨ᠎ᠠ᠃      ᠬᠤᠶᠠᠳᠤᠭᠠᠷ ᠪᠦᠯᠦᠭ  ᠬᠢᠷᠢ ᠬᠡᠮ ᠤᠨ ᠨᠥᠬᠦᠴᠡᠯ      ᠲᠠᠪᠤᠳᠤᠭᠠᠷ ᠵᠦᠢᠯ  ᠨᠠᠰᠤᠨ ᠳᠤ ᠬᠦᠷᠦᠭᠡᠳᠦᠢ ᠦᠷ᠎ᠡ ᠬᠡᠦᠬᠡᠳ ᠪᠠ ᠡᠴᠢᠭᠡ ᠡᠭᠡ᠃ ᠨᠢᠭᠡᠨᠲᠡ ᠨᠠᠰᠤᠨ ᠳᠤ ᠬᠦᠷᠦᠭᠰᠡᠨ ᠪᠣᠯᠪᠠᠴᠤ ᠪᠡᠶ᠎ᠡ ᠪᠠᠨ ᠳᠠᠭᠠᠭᠠᠵᠤ ᠠᠮᠢᠳᠤᠷᠠᠵᠤ ᠳᠡᠶᠢᠯᠬᠦ ᠥᠬᠡᠶ ᠬᠦᠨᠳᠦ ᠡᠪᠡᠳᠴᠢᠨ ᠲᠠᠢ᠂ ᠬᠦᠨᠳᠦ ᠵᠡᠮᠳᠡᠭ ᠦᠷ᠎ᠡ ᠬᠡᠤᠬᠡᠳ ︵ᠰᠤᠷᠭᠠᠭᠤᠯᠢ ᠳᠤ ᠵᠢᠩᠬᠢᠨᠢ ᠠᠩᠭᠢ ᠵᠢᠴᠢ ᠲᠡᠭᠦᠨ ᠠᠴᠠ ᠳᠣᠷᠣᠭᠰᠢᠬᠢ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠭᠥᠷᠳᠡᠵᠦ ᠪᠠᠶᠢᠭ᠎ᠠ ᠦᠷ᠎ᠡ ᠬᠡᠤᠬᠡᠳ ᠪᠠᠭᠲᠠᠨ᠎ᠠ︶᠃ ᠪᠤᠰᠤᠳ ᠬᠠᠤᠯᠢ ᠳᠤ ᠲᠣᠭᠲᠠᠭᠠᠭᠰᠠᠨ ᠠᠴᠢᠯᠠᠨ ᠲᠡᠵᠢᠭᠡᠬᠦ ᠂ ᠲᠡᠳᠬᠦᠨ ᠲᠡᠵᠢᠭᠡᠬᠦ᠂ ᠠᠰᠠᠷᠠᠨ ᠲᠡᠵᠢᠭᠡᠬᠦ ᠡᠭᠦᠷᠭᠡ ᠶᠢᠨ ᠬᠠᠷᠢᠴᠠᠭ᠎ᠠ ᠲᠠᠢ ᠪᠥᠭᠡᠳ ᠤᠷᠲᠤ ᠬᠤᠭᠤᠴᠠᠭ᠎ᠠ ᠬᠠᠮᠲᠤ ᠠᠮᠢᠳᠤᠷᠠᠵᠤ ᠪᠠᠶᠢᠭ᠎ᠠ ᠬᠥᠮᠦᠰ᠃      ᠵᠢᠷᠭᠤᠳᠤᠭᠠᠷ ᠵᠦᠢᠯ  ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠤ ᠡᠷᠦᠬᠡ ᠠᠮᠠ ᠶᠢᠨ ᠨᠥᠬᠦᠴᠡᠯ ᠨᠢ ᠡᠷᠬᠡᠪᠰᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄      ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ ᠵᠢᠴᠢ ᠲᠡᠭᠦᠨ ᠤ ᠬᠡᠷ ᠪᠦᠯᠢ ᠶᠢᠨ ᠪᠦᠷᠢᠯᠳᠦᠬᠦᠨ ᠨᠢ ᠡᠷᠬᠡᠪᠰᠢ ᠦᠶᠤᠸᠠᠨ ᠰᠢᠶᠠᠨ ᠤ ᠪᠠᠶᠢᠩᠭᠤ ᠰᠠᠭᠤᠭ᠎ᠠ ᠡᠷᠦᠬᠡ ᠠᠮᠠ ᠲᠠᠢ ᠪᠠᠶᠢᠬᠤ ᠬᠡᠷᠡᠭᠲᠡᠶ᠂ ᠭᠤᠶᠤᠴᠢᠯᠠᠭᠴᠢ ᠵᠢᠴᠢ ᠲᠡᠭᠦᠨ ᠤ ᠬᠡᠷ ᠪᠦᠯᠢ ᠶᠢᠨ ᠪᠦᠷᠢᠯᠳᠦᠬᠦᠨ ᠤ ᠰᠠᠭᠤᠭ᠎ᠠ ᠭᠠᠵᠠᠷ ᠨᠢ ᠡᠷᠦᠬᠡ ᠠᠮᠠ ᠶᠢᠨ ᠪᠠᠶᠢᠭ᠎ᠠ ᠭᠠᠵᠠᠷ ᠲᠠᠢ ᠪᠠᠨ ᠨᠢᠭᠡᠳᠦᠯᠲᠡᠶ ᠪᠥᠭᠡᠳ ᠦᠶᠤᠸᠠᠨ ᠰᠢᠶᠠᠨ ᠤ ᠬᠠᠷᠢᠶ᠎ᠠ ᠲᠣᠭᠤᠷᠢᠭ ᠤᠨ ᠬᠡᠪᠴᠢᠶᠡᠨ ᠳᠤ ᠣᠷᠳᠣ ᠬᠤᠭᠤᠴᠠᠭ᠎ᠠ ᠪᠠᠷ ᠰᠠᠭᠤᠷᠢᠰᠢᠭᠰᠠᠨ ᠰᠠᠭᠤᠭᠠᠯᠢ ᠠᠷᠠᠳ ᠪᠠᠶᠢᠬᠤ ᠬᠡᠷᠡᠭᠲᠡᠶ᠃      ᠦᠶᠤᠸᠠᠨ ᠰᠢᠶᠠᠨ ᠤ ᠬᠠᠷᠢᠶ᠎ᠠ ᠲᠣᠭᠤᠷᠢᠭ ᠲᠤ᠂ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ ᠤ ᠪᠠᠶᠢᠩᠭᠤ ᠰᠠᠭᠤᠭ᠎ᠠ ᠭᠠᠵᠠᠷ ᠪᠣᠯᠤᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠨᠢᠭᠡᠳᠦᠯ ᠥᠬᠡᠶ ᠪᠣᠯ ᠬᠥᠮᠦᠨ ᠡᠷᠦᠬᠡ ᠰᠠᠯᠤᠩᠭᠢ ᠬᠡᠷ ᠪᠦᠯᠢ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ ᠲᠠᠢ ᠬᠠᠮᠲᠤ ᠠᠮᠢᠳᠤᠷᠠᠵᠤ ᠪᠠᠶᠢᠪᠠᠴᠤ ᠡᠷᠦᠬᠡ ᠠᠮᠠ ᠶᠢᠨ ᠲᠠᠩᠰᠠ ᠨᠢ ᠬᠠᠮᠲᠤ ᠪᠠᠶᠢᠬᠤ ᠥᠬᠡᠶ ᠬᠡᠷ ᠪᠦᠯᠢ ᠶᠢᠨ ᠪᠦᠷᠢᠯᠳᠦᠬᠦᠨ ᠪᠣᠯ ᠬᠥᠮᠦᠨ ᠡᠷᠦᠬᠡ ᠰᠠᠯᠤᠩᠭᠢ ᠬᠡᠷ ᠪᠦᠯᠢ ᠪᠣᠯᠤᠨ᠎ᠠ᠃      ᠭᠤᠶᠤᠴᠢᠯᠠᠭᠴᠢ ᠪᠤᠶᠤ ᠲᠡᠭᠦᠨ ᠤ ᠭᠡᠷ ᠪᠦᠯᠢ ᠶᠢᠨ ᠪᠦᠷᠢᠯᠳᠦᠬᠦᠨ ᠤ ᠡᠷᠦᠭᠡ ᠠᠮᠠ ᠶᠢᠨ ᠲᠠᠩᠰᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠣᠣᠷᠠᠬᠢ ᠠᠷᠭ᠎ᠠ ᠮᠠᠶ᠋ᠢᠭ ᠢᠶᠠᠷ ᠭᠦᠢᠴᠡᠳᠬᠡᠨ᠎ᠡ᠄      1. ᠬᠥᠮᠦᠨ ᠪᠠ ᠡᠷᠦᠬᠡ ᠰᠠᠯᠤᠩᠭᠢ ᠬᠡᠷ ᠪᠦᠯᠢ ᠨᠢ ᠡᠷᠦᠬᠡ ᠠᠮᠠ ᠶᠢᠨ ᠳᠡᠩᠰᠡᠯᠡᠯᠲᠡ ᠶᠢᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠂ ᠲᠤᠬᠠᠶᠢᠯᠠᠪᠠᠯ ᠬᠡᠷ ᠪᠦᠯᠢ ᠨᠢ ᠪᠣᠳᠠᠲᠠᠶ ᠣᠷᠣᠰᠢᠨ ᠰᠠᠭᠤᠵᠤ ᠪᠠᠶᠢᠭ᠎ᠠ ᠭᠠᠵᠠᠷ ᠤᠨ ᠬᠡᠷ ᠪᠠᠶᠢᠰᠢᠩ ᠤᠨ ᠥᠮᠴᠢᠯᠡᠬᠦ ᠡᠷᠬᠡ ᠪᠤᠶᠤ ᠬᠡᠷᠡᠭᠯᠡᠬᠦ ᠡᠷᠬᠡ ᠲᠠᠢ ᠪᠠᠶᠢᠪᠠᠯ᠂ ᠡᠷᠦᠬᠡ ᠠᠮᠠ ᠶᠢᠨ ᠲᠠᠩᠰᠠ ᠪᠠᠨ ᠪᠣᠳᠠᠲᠠᠶ ᠣᠷᠣᠰᠢᠨ ᠰᠠᠭᠤᠵᠤ ᠪᠠᠶᠢᠭ᠎ᠠ ᠭᠠᠵᠠᠷ ᠲᠤ ᠰᠢᠯᠵᠢᠭᠦᠯᠦᠭᠰᠡᠨ ᠤ ᠳᠠᠷᠠᠭ᠎ᠠ ᠰᠠᠶ᠋ᠢ ᠭᠤᠶᠤᠴᠢᠯᠠᠯ ᠭᠠᠷᠭᠠᠵᠤ ᠪᠣᠯᠤᠨ᠎ᠠ᠃      2.ᠦᠶᠤᠸᠠᠨ ᠰᠢᠶᠠᠨ ᠤ ᠬᠠᠷᠢᠶ᠎ᠠ ᠲᠣᠭᠤᠷᠢᠭ ᠲᠤ᠂ ᠭᠤᠶᠤᠴᠢᠯᠠᠭᠴᠢ ᠶᠢᠨ ᠪᠠᠶᠢᠩᠭᠤ ᠰᠠᠭᠤᠭ᠎ᠠ ᠭᠠᠵᠠᠷ ᠪᠣᠯᠤᠨ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠨᠢ ᠨᠢᠭᠡᠳᠦᠯ ᠦᠭᠡᠶ ᠪᠣᠯ ᠬᠡᠷᠪᠡ ᠭᠤᠶᠤᠴᠢᠯᠠᠭᠴᠢ ᠨᠢ ᠬᠡᠷ ᠪᠦᠯᠢ ᠶᠢᠨ ᠪᠦᠷᠢᠯᠳᠦᠬᠦᠨ ᠲᠠᠢ ᠪᠠᠨ ᠪᠠᠶᠢᠩᠭᠤ ᠰᠠᠭᠤᠭ᠎ᠠ ᠭᠠᠵᠠᠷ ᠲᠠᠭᠠᠨ ᠬᠡᠷ ᠲᠦᠷᠢᠶᠡᠰᠦᠯᠡᠨ ᠰᠠᠭᠤᠵᠤ᠂ ᠦᠷᠭᠦᠯᠵᠢᠯᠡᠨ ᠰᠠᠭᠤᠭᠰᠠᠨ ᠴᠠᠭ ᠨᠢ 5 ᠵᠢᠯ ᠠᠴᠠ ᠳᠡᠭᠡᠭᠰᠢ ᠪᠣᠯᠤᠭᠰᠠᠨ ᠬᠡᠷ ᠪᠦᠯᠢ ᠨᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠠᠷᠠᠳ ᠤᠨ ᠶᠠᠪᠤᠳᠠᠯ ᠤᠨ ᠠᠯᠪᠠᠨ ᠬᠡᠷ ᠠᠴᠠ ᠭᠠᠷᠭᠠᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷᠡᠴᠢᠯᠡᠯ᠂ ᠬᠡᠷ ᠲᠦᠷᠢᠶᠡᠰᠦᠯᠡᠬᠦ ᠭᠡᠷ᠎ᠡ ᠵᠢᠴᠢ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠠᠩᠭᠠᠭᠰᠠᠨ ᠪᠠᠶᠢᠪᠠᠯ᠂ ᠪᠠᠶᠢᠩᠭᠤ ᠰᠠᠭᠤᠭ᠎ᠠ ᠭᠠᠵᠠᠷ ᠤᠨ ᠰᠢᠶᠠᠩ ᠪᠠᠯᠭᠠᠰᠤ᠂ ᠨᠡᠶᠢᠭᠡᠮ ᠤᠨ ᠠᠵᠢᠯ ᠤᠨ ᠦᠶ᠋ᠯᠡᠴᠢᠯᠡᠭᠡᠨ ᠤ ᠲᠥᠪ ᠲᠤ ᠭᠤᠶᠤᠴᠢᠯᠠᠯ ᠭᠠᠷᠭᠠᠵᠤ ᠪᠣᠯᠤᠨ᠎ᠠ᠃      3. ᠡᠷᠦᠬᠡ ᠠᠮᠠ ᠪᠠᠨ ᠰᠠᠯᠭᠠᠭᠰᠠᠨ ᠬᠥᠮᠦᠨ ᠲᠠᠢ ᠬᠡᠷ ᠪᠦᠯᠢ ᠡᠷᠦᠬᠡ ᠠᠮᠠ ᠪᠠᠨ ᠨᠢᠭᠡ ᠳᠣᠤᠷ᠎ᠠ ᠰᠢᠯᠵᠢᠭᠦᠯᠦᠭᠰᠡᠨ ᠤ ᠳᠠᠷᠠᠭ᠎ᠠ ᠭᠤᠶᠤᠴᠢᠯᠠᠯ ᠢᠶᠠᠨ ᠳᠤᠷᠠᠳᠬᠤ ᠬᠡᠷᠡᠭᠲᠡᠶ᠃ ᠠᠳᠠᠯᠢ ᠨᠢᠭᠡᠨ ᠬᠤᠰᠢᠭᠤ ᠰᠢᠶᠠᠨ ᠤ ᠬᠠᠷᠢᠶ᠎ᠠ ᠲᠣᠭᠤᠷᠢᠭ ᠲᠤ᠂ ᠬᠥᠮᠦᠨ ᠪᠠ ᠡᠷᠦᠬᠡ ᠶᠢ ᠨᠢᠭᠡᠳᠬᠡᠬᠦ ᠶᠢᠨ ᠠᠷᠭ᠎ᠠ ᠥᠬᠡᠶ ᠪᠣᠯ᠂ ᠬᠡᠷ ᠪᠦᠯᠢ ᠶᠢᠨ ᠪᠦᠷᠢᠯᠳᠦᠬᠦᠨ ᠤ ᠨᠢᠭᠡ ᠲᠠᠯ᠎ᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠮᠥᠷᠲᠡᠭᠡᠨ ᠬᠡᠷ ᠪᠦᠯᠢ ᠶᠢᠨ ᠣᠷᠳᠣ ᠬᠤᠭᠤᠴᠠᠭ᠎ᠠ ᠪᠠᠷ ᠣᠷᠣᠰᠢᠨ ᠰᠠᠭᠤᠭ᠎ᠠ ᠭᠠᠵᠠᠷ ᠲᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠵᠤ᠂ ᠬᠡᠷ ᠪᠦᠯᠢ ᠶᠢᠨ ᠪᠦᠷᠢᠯᠳᠦᠬᠦᠨ ᠲᠤᠬᠠᠶ ᠶᠢᠨ ᠭᠠᠵᠠᠷ ᠲᠠᠭᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠣᠯᠭᠤᠮᠵᠢ ᠶᠢ ᠬᠠᠮᠲᠤᠪᠠᠷ ᠭᠥᠷᠳᠡᠵᠦ ᠪᠣᠯᠤᠨ᠎ᠠ᠃ ᠠᠳᠠᠯᠢ ᠨᠢᠭᠡ ᠬᠤᠰᠢᠭᠤ ᠰᠢᠶᠠᠨ ᠤ ᠲᠣᠭᠤᠷᠢᠭ ᠤᠨ ᠳᠣᠲᠣᠷ᠎ᠠ ᠪᠠᠶᠢᠬᠤ ᠥᠬᠡᠶ ᠪᠣᠯ ᠬᠥᠮᠦᠨ ᠪᠠ ᠡᠷᠦᠬᠡ ᠶᠢ ᠨᠢᠭᠡᠳᠬᠡᠬᠦ ᠶᠢᠨ ᠠᠷᠭ᠎ᠠ ᠥᠬᠡᠶ ᠪᠣᠯ᠂ ᠡᠷᠦᠬᠡ ᠠᠮᠠ ᠶᠢᠨ ᠪᠠᠶᠢᠭ᠎ᠠ ᠭᠠᠵᠠᠷ ᠲᠤᠨᠢ ᠲᠣᠰ ᠲᠣᠰ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠨ᠎ᠠ᠃ ᠡᠯ᠎ᠡ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠬᠥᠮᠦᠨ ᠡᠷᠦᠬᠡ ᠶᠢ ᠰᠠᠯᠭᠠᠬᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠶᠢᠨ ᠬᠠᠮᠲᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠲᠦᠷᠢᠮ ᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃      4. ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠤᠶᠤ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠡᠷ ᠪᠠᠶᠢᠰᠢᠩ ᠳᠤ ᠨᠡᠭᠦᠨ ᠣᠷᠣᠬᠤ ᠳᠤ ᠬᠦᠴᠢᠷᠲᠡᠶ ᠡᠲᠡᠭᠡᠳ ᠨᠢ ᠨᠥᠬᠦᠴᠡᠯ ᠳᠤ ᠨᠡᠶᠢᠴᠡᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠦᠷᠭᠦᠯᠵᠢᠯᠡᠨ ᠭᠥᠷᠳᠡᠵᠦ ᠪᠠᠶᠢᠪᠠᠯ᠂ ᠤᠤᠯ ᠤᠨ ᠭᠤᠶᠤᠴᠢᠯᠠᠨ ᠭᠦᠶ᠋ᠴᠡᠳᠬᠡᠭᠰᠡᠨ ᠭᠠᠵᠠᠷ ᠲᠠᠭᠠᠨ ᠬᠦᠷᠴᠦ ᠦᠷᠭᠦᠯᠵᠢᠯᠡᠨ ᠳᠠᠭᠠᠳᠬᠠᠬᠤ ᠭᠠᠷᠳᠠᠮ ᠢ ᠭᠦᠢᠴᠡᠳᠭᠡᠵᠦ ᠪᠣᠯᠤᠨ᠎ᠠ᠃      5. ᠡᠷᠦᠬᠡ ᠠᠮᠠ ᠶᠢᠨ ᠬᠠᠷᠢᠶ᠎ᠠ ᠶᠢᠨ ᠥᠭᠡᠷᠡᠴᠢᠯᠡᠯᠲᠡ ᠶᠢᠨ ᠳᠠᠷᠠᠭ᠎ᠠ ᠡᠷᠦᠬᠡ ᠠᠮᠠ ᠶᠢᠨ ᠰᠢᠨᠵᠢ ᠴᠢᠨᠠᠷ ᠨᠢ ᠰᠠᠭᠤᠭᠠᠯᠢ ᠠᠷᠠᠳ ᠤᠨ ᠬᠡᠷ ᠪᠦᠯᠢ ᠪᠣᠯᠵᠣ ᠬᠤᠪᠢᠷᠬᠠᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠨᠢ ᠤᠤᠯ ᠤᠨ ᠡᠳ᠋ᠯᠡᠵᠦ ᠪᠠᠶᠢᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥᠯ ᠢᠯᠭᠠᠯ ︵ᠬᠤᠲᠠ ᠪᠤᠶᠤ ᠬᠥᠳᠡᠭᠡ ᠲᠣᠰᠬᠤᠨ︶ ᠢᠶᠠᠷ ᠡᠳ᠋ᠯᠡᠨ᠎ᠡ᠃ ᠬᠡᠷᠪᠡ ᠦᠷᠭᠦᠯᠵᠢ ᠬᠤᠲᠠ ᠶᠢᠨ ᠲᠣᠭᠤᠷᠢᠭ ᠲᠤ ᠰᠠᠭᠤᠷᠢᠰᠢᠳᠠᠭ ᠪᠥᠭᠡᠳ ᠬᠥᠳᠡᠭᠡ ᠲᠣᠰᠬᠤᠨ ᠳᠤ ᠭᠠᠵᠠᠷ ᠰᠢᠷᠣᠶ ᠥᠬᠡᠶ ᠪᠣᠯ ᠡᠷᠦᠬᠡ ᠠᠮᠠ ᠶᠢᠨ ᠬᠠᠷᠢᠶ᠎ᠠ ᠶᠢᠨ ᠰᠢᠨᠵᠢ ᠴᠢᠨᠠᠷ ᠢ ᠨᠢ ᠰᠠᠭᠤᠭᠠᠯᠢ ᠠᠷᠠᠳ ᠤᠨ ᠬᠡᠷ ᠪᠦᠯᠢ ᠶᠢᠨ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠪᠣᠯᠭᠠᠨ ᠬᠤᠪᠢᠷᠠᠭᠤᠯᠪᠠᠯ᠂ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠳᠠᠭᠢᠵᠤ ᠭᠤᠶᠤᠴᠢᠯᠠᠵᠤ ᠪᠣᠯᠤᠨ᠎ᠠ᠃      6. ᠡᠷᠦᠬᠡ ᠠᠮᠠ ᠶᠢᠨ ᠲᠠᠩᠰᠠ ᠶᠢᠨ ᠥᠭᠡᠷᠡᠴᠢᠯᠡᠯᠲᠡ ᠶᠢᠨ ᠳᠠᠷᠠᠭ᠎ᠠ ᠡᠷᠦᠬᠡ ᠠᠮᠠ ᠶᠢᠨ ᠰᠢᠨᠵᠢ ᠴᠢᠨᠠᠷ ᠨᠢ ᠰᠠᠭᠤᠭᠠᠯᠢ ᠠᠷᠠᠳ ᠤᠨ ᠬᠡᠷ ᠪᠦᠯᠢ ᠶᠢᠨ ᠰᠢᠨ᠎ᠡ ᠪᠠᠷ ᠭᠤᠶᠤᠴᠢᠯᠠᠭᠰᠠᠨ ᠬᠡᠷ ᠪᠦᠯᠢ ᠪᠣᠯᠵᠣ ᠬᠤᠪᠢᠷᠠᠪᠠᠯ᠂ ᠬᠥᠳᠡᠭᠡ ᠲᠣᠰᠬᠤᠨ ᠳᠤ ᠭᠠᠵᠠᠷ ᠰᠢᠷᠣᠶ ᠲᠠᠢ ᠪᠠᠶᠢᠪᠠᠯ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠨ᠎ᠠ ︵ᠦᠷ᠎ᠡ ᠬᠡᠤᠬᠡᠳ ᠢᠶᠠᠷ ᠢᠶᠠᠨ ᠳᠠᠷᠢᠭᠤᠯᠬᠤ ᠪᠤᠶᠤ ᠰᠢᠯᠵᠢᠭᠦᠯᠦᠨ ᠲᠦᠷᠢᠶᠡᠰᠦᠯᠡᠭᠦᠯᠦᠭᠰᠡᠨ ᠨᠠᠰᠤᠲᠠᠶᠢᠴᠤᠳ ᠤᠨ ᠬᠡᠷ ᠪᠦᠯᠢ ᠪᠠᠭᠲᠠᠨ᠎ᠠ︶᠃ ᠬᠥᠳᠡᠭᠡ ᠲᠣᠰᠬᠤᠨ ᠳᠤ ᠭᠠᠵᠠᠷ ᠰᠢᠷᠣᠶ ᠥᠬᠡᠶ ᠮᠥᠷᠲᠡᠭᠡᠨ ᠵᠢᠯ ᠲᠤᠷᠰᠢ ᠬᠤᠲᠠ ᠶᠢᠨ ᠲᠣᠭᠤᠷᠢᠭ ᠲᠤ ᠰᠠᠭᠤᠵᠤ ᠬᠤᠲᠠ ᠶᠢᠨ ᠠᠵᠢᠯ ᠬᠥᠳᠡᠯᠮᠦᠷᠢ ᠬᠢᠬᠦ ᠪᠠᠷ ᠭᠤᠤᠯ ᠣᠷᠣᠯᠭ᠎ᠠ ᠪᠠᠨ ᠪᠣᠯᠭᠠᠭᠰᠠᠨ ᠪᠠᠶᠢᠪᠠᠯ᠂ ᠬᠤᠲᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠵᠤ ᠪᠣᠯᠤᠨ᠎ᠠ᠃      7. ᠬᠦᠴᠢᠷᠳᠡᠯᠲᠡᠶ ᠬᠡᠷ ᠪᠦᠯᠢ ᠶᠢᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ᠂ ᠬᠡᠷ ᠪᠦᠯᠢ ᠪᠠᠷ ᠢᠶᠠᠨ ᠠᠰᠠᠷᠠᠨ ᠲᠡᠵᠢᠭᠡᠬᠦ ᠳᠤ ᠲᠦᠰᠢᠭᠯᠡᠭᠰᠡᠨ ᠮᠥᠷᠲᠡᠭᠡᠨ ᠲᠤᠰᠠᠭᠠᠷ ᠡᠷᠦᠬᠡ ᠪᠠᠶᠢᠭᠤᠯᠬᠤ ᠶᠢᠨ ᠠᠷᠭ᠎ᠠ ᠥᠬᠡᠶ ᠨᠠᠰᠤᠨ ᠳᠤ ᠬᠦᠷᠦᠭᠰᠡᠨ ᠠᠵᠢᠯ ᠥᠬᠡᠶ ᠬᠦᠨᠳᠦ ᠵᠡᠮᠳᠡᠭᠴᠦᠳ ᠢ ᠲᠤᠰᠠᠭᠠᠷ ᠡᠷᠦᠬᠡ ᠪᠠᠶᠢᠭᠤᠯᠤᠭᠰᠠᠨ ᠢᠶᠠᠷ ᠦᠵᠡᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠲᠤᠰᠠᠭᠠᠷ ᠭᠤᠶᠤᠴᠢᠯᠠᠵᠤ ᠪᠣᠯᠤᠨ᠎ᠠ᠃      ᠳᠣᠯᠣᠳᠤᠭᠠᠷ ᠵᠦᠢᠯ  ᠳᠤᠤᠷ᠎ᠠ ᠵᠢᠭᠰᠠᠭᠠᠭᠰᠠᠨ ᠬᠥᠮᠦᠰ ᠢ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠳᠤ ᠪᠤᠳᠤᠵᠤ ᠣᠷᠣᠭᠤᠯᠬᠤ ᠦᠭᠡᠢ      1. ᠵᠠᠯᠭᠠᠭ᠎ᠠ ᠪᠠᠷ ᠭᠤᠷᠪᠠᠨ ᠵᠢᠯ ᠠᠴᠠ ᠳᠡᠭᠡᠭᠰᠢ ︵ᠭᠤᠷᠪᠠᠨ ᠵᠢᠯ ᠪᠠᠭᠲᠠᠨ᠎ᠠ︶ ᠭᠡᠷ ᠪᠦᠯᠢ ᠠᠴᠠ ᠪᠠᠨ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠭᠰᠠᠨ ᠱᠠᠰᠢᠨ ᠰᠤᠷᠲᠠᠬᠤᠨ ᠤ ᠠᠵᠢᠯᠳᠠᠨ᠃      2.ᠭᠢᠨᠳᠠᠨ ᠳᠤ ᠡᠷᠡᠭᠦᠦ ᠰᠢᠳᠬᠡᠯ ᠭᠦᠢᠴᠡᠳᠬᠡᠵᠦ ᠪᠠᠶᠢᠭ᠎ᠠ ᠬᠥᠮᠦᠰ᠃      3. ᠵᠢᠩᠬᠢᠨᠢ ᠠᠯᠪᠠᠨ ᠤ ᠴᠡᠷᠢᠭ ᠤᠨ ᠳᠣᠲᠣᠷᠠᠬᠢ ᠠᠯᠪᠠᠨ ᠵᠢᠷᠤᠮ ᠤᠨ ᠴᠡᠷᠢᠭ᠃      4. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠦᠨᠡᠮᠰᠢᠭᠰᠡᠨ ᠪᠤᠰᠤᠳ ᠬᠥᠮᠦᠰ᠃      ᠨᠠᠢᠮᠠᠳᠤᠭᠠᠷ ᠵᠦᠢᠯ  ᠬᠦᠨᠳᠦ ᠣᠨᠴᠠ ᠶᠡᠭᠡ ᠡᠪᠡᠳᠴᠢᠨ ᠭᠡᠳᠡᠭ ᠨᠢ ︽ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠠᠷᠭ᠎ᠠ︾ ︵ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠲᠠᠷᠬᠠᠭᠠᠭᠰᠠᠨ ︹ 2015 ︺ 27 ᠳ᠋ᠤᠭᠠᠷ ᠲᠣᠭᠠᠲᠤ︶ ᠳᠤ ᠲᠣᠭᠲᠠᠭᠠᠭᠰᠠᠨ 24 ᠵᠦᠢᠯ ᠤᠨ ᠬᠦᠨᠳᠦ ᠣᠨᠴᠠ ᠶᠡᠭᠡ ᠡᠪᠡᠳᠴᠢᠨ ᠵᠢᠴᠢ ᠪᠤᠰᠤᠳ ᠬᠤᠤᠷᠲᠤ ᠬᠠᠪᠤᠳᠠᠷ ᠢ ᠵᠢᠭᠠᠵᠤ ᠪᠣᠶ᠃      ᠶᠢᠰᠦᠳᠦᠭᠡᠷ ᠵᠦᠢᠯ  ᠤᠳᠠᠭᠠᠨ ᠴᠢᠨᠠᠷᠲᠠᠶ ᠡᠪᠡᠳᠴᠢᠨ ᠭᠡᠳᠡᠭ ᠨᠢ ︽︿ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠨᠡᠶᠢᠭᠡᠮ ᠲᠠᠷᠬᠠᠭᠠᠭᠰᠠᠨ ︹ 2017 ︺ 40 ᠳ᠋ᠦ᠋ᠭᠡᠷ ᠲᠣᠭᠠᠲᠤ︶ ᠳᠤ ᠲᠣᠭᠲᠠᠭᠠᠭᠰᠠᠨ 21 ᠵᠦᠢᠯ ᠤᠨ ᠤᠳᠠᠭᠠᠨ ᠴᠢᠨᠠᠷᠲᠠᠶ ᠡᠪᠡᠳᠴᠢᠨ ᠤ ᠲᠥᠷᠥᠯ ᠢ ᠵᠢᠭᠠᠵᠤ ᠪᠣᠶ᠃      ᠠᠷᠪᠠᠳᠤᠭᠠᠷ ᠵᠦᠢᠯ  ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠡᠩᠬᠡᠷᠡᠭᠦᠯᠦᠨ ᠲᠤᠰᠠᠯᠠᠬᠤ ᠶᠢ ᠭᠤᠶᠤᠴᠢᠯᠠᠭᠰᠠᠨ ᠵᠡᠮᠳᠡᠭᠴᠦᠳ ᠢ ᠦᠨᠡᠮᠰᠢᠬᠦ ᠦᠨᠳᠦᠰᠦᠯᠡᠯ ᠨᠢ ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠬᠤᠶᠠᠳᠤᠭᠠᠷ ᠦᠶ᠎ᠡ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠪᠣᠯᠤᠨ᠎ᠠ᠃      ᠠᠷᠪᠠᠨ ᠨᠢᠭᠡᠳᠦᠭᠡᠷ ᠵᠦᠢᠯ  ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠡᠩᠬᠡᠷᠡᠭᠦᠯᠦᠨ ᠲᠤᠰᠠᠯᠠᠬᠤ ᠶᠢ ᠭᠤᠶᠤᠴᠢᠯᠠᠭᠰᠠᠨ ᠬᠡᠷ ᠪᠦᠯᠢ ᠶᠢᠨ ᠬᠠᠩᠭᠠᠬᠤ ᠶᠣᠰᠣᠲᠠᠶ ᠮᠠᠲ᠋ᠧᠷᠢᠶᠠᠯ᠄      ︵ᠨᠢᠭᠡ︶ ᠪᠢᠴᠢᠭ ᠤᠨ ᠭᠤᠶᠤᠴᠢᠯᠠᠯ ᠤᠨ ᠪᠢᠴᠢᠭ᠃      ︵ᠬᠤᠶᠠᠷ︶ ᠬᠡᠷ ᠪᠦᠯᠢ ᠶᠢᠨ ᠡᠷᠦᠬᠡ ᠠᠮᠠ ᠶᠢᠨ ᠳᠡᠪᠲᠡᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠣᠭ ᠮᠠᠲ᠋ᠧᠷᠢᠶᠠᠯ᠂ ᠬᠠᠭᠤᠯᠪᠤᠷᠢ ᠮᠠᠲ᠋ᠧᠷᠢᠶᠠᠯ᠃      ︵ᠭᠤᠷᠪᠠ︶ ᠬᠡᠷ ᠪᠦᠯᠢ ᠶᠢᠨ ᠣᠷᠣᠯᠭ᠎ᠠ ᠶᠢᠨ ᠭᠡᠷᠡᠴᠢᠯᠡᠬᠦ ᠮᠠᠲ᠋ᠧᠷᠢᠶᠠᠯ ︵ᠡᠭᠦᠨ ᠳᠤ ︽ᠪᠦᠬᠦᠨ ᠳᠤ ᠳᠣᠭᠢᠷᠠᠬᠤ ᠺᠠᠷᠲ︾ ᠢᠶᠠᠷ ᠳᠡᠮᠵᠢᠨ ᠲᠠᠷᠬᠠᠭᠠᠭᠰᠠᠨ ᠤᠯᠤᠰ ᠤᠨ ᠡᠯ᠎ᠡ ᠵᠦᠢᠯ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠵᠡᠷᠭᠡ ᠣᠷᠣᠯᠭ᠎ᠠ ᠳᠤ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠠᠴᠠ ᠨᠢᠭᠡᠳᠦᠯᠲᠡᠶ ᠭᠡᠷᠡᠴᠢ ᠭᠠᠷᠭᠠᠨ᠎ᠠ︶᠃      ︵ᠳᠥᠷᠪᠡ︶ ᠲᠦᠷᠦᠭᠦᠤ ᠵᠢᠯ ᠠᠴᠠ ᠨᠠᠰᠢ᠂ ᠬᠦᠨᠳᠦ ᠣᠨᠴᠠ ᠶᠡᠭᠡ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠳ ᠵᠢᠴᠢ ᠨᠢᠭᠡ ᠬᠡᠷ ᠪᠦᠯᠢ ᠶᠢᠨ ᠪᠦᠷᠢᠯᠳᠦᠬᠦᠨ ᠨᠢ ᠬᠤᠶᠠᠷ ᠤᠳᠠᠭ᠎ᠠ ᠪᠤᠶᠤ ᠬᠤᠶᠠᠷ ᠠᠴᠠ ᠳᠡᠭᠡᠭᠰᠢ ᠪᠤᠰᠤᠳ ᠡᠪᠡᠳᠴᠢᠨ ᠳᠤ ᠨᠡᠷᠪᠡᠭᠳᠡᠵᠦ᠂ ᠡᠮᠨᠡᠯᠭᠡ ᠳᠤ ᠰᠠᠭᠤᠵᠤ ᠥᠪᠡᠷ ᠢᠶᠠᠨ ᠳᠥᠯᠥᠭᠰᠡᠨ ᠬᠡᠰᠡᠭ ᠤᠨ ᠡᠮ ᠡᠮᠨᠡᠯᠭᠡ ᠶᠢᠨ ᠵᠠᠷᠤᠳᠠᠯ ᠨᠢ 5000 ᠲᠥᠭᠦᠷᠢᠭ ︵ᠪᠠᠭᠲᠠᠨ᠎ᠠ︶ ᠠᠴᠠ ᠬᠡᠲᠦᠷᠡᠭᠰᠡᠨ ᠬᠥᠮᠦᠰ ᠲᠤ ᠳᠣᠤᠷᠠᠬᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠄      1. ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠬᠤᠰᠢᠭᠤ ᠰᠢᠶᠠᠨ ᠤ ᠱᠠᠲᠤ ︵ᠪᠠᠭᠲᠠᠨ᠎ᠠ︶ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠣᠨᠣᠰᠢᠯᠠᠭᠰᠠᠨ ᠭᠡᠷᠡᠴᠢ᠂ ᠡᠪᠡᠳᠴᠢᠨ ᠤ ᠲᠡᠤᠬᠡ ᠶᠢᠨ ᠲᠦᠷᠦᠭᠦᠤ ᠨᠢᠭᠤᠷ ᠤᠨ ᠬᠠᠭᠤᠯᠪᠤᠷᠢ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠨ᠎ᠠ︶ ᠵᠢᠴᠢ ᠡᠮ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ ᠬᠠᠭᠤᠳᠠᠰᠤ ᠵᠡᠷᠭᠡ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃      2.ᠤᠳᠠᠭᠠᠨ ᠴᠢᠨᠠᠷᠲᠠᠶ ᠡᠪᠡᠳᠴᠢᠨ ᠤ ᠬᠠᠩᠭᠠᠬᠤ ᠶᠣᠰᠣᠲᠠᠶ ᠭᠡᠷᠡᠴᠢᠯᠡᠬᠦ ᠮᠠᠲ᠋ᠧᠷᠢᠶᠠᠯ ︵ᠳᠣᠣᠷᠠᠬᠢ ᠳᠤᠷ᠎ᠠ ᠶᠢᠨ ᠨᠢᠭᠡ ᠬᠡᠯᠪᠡᠷᠢ︶᠃      ︵1︶ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠡᠳ ᠤᠳᠠᠭᠠᠨ ᠴᠢᠨᠠᠷᠲᠠᠶ ᠡᠪᠡᠳᠴᠢᠨ ᠤ ᠨᠥᠬᠦᠪᠥᠷᠢ ᠶᠢᠨ ᠣᠯᠭᠤᠮᠵᠢ ᠭᠥᠷᠳᠡᠵᠦ ᠪᠠᠶᠢᠭ᠎ᠠ ᠬᠥᠮᠦᠰ ᠨᠡᠶᠢᠭᠡᠮ ᠤᠨ ᠳᠠᠭᠠᠳᠬᠠᠯ ᠤᠨ ᠰᠠᠯᠠᠭ᠎ᠠ ᠮᠥᠴᠢᠷ ᠤᠨ ᠤᠳᠠᠭᠠᠨ ᠴᠢᠨᠠᠷᠲᠠᠶ ᠡᠪᠡᠳᠴᠢᠨ ᠤ ᠨᠥᠬᠦᠪᠥᠷᠢ ᠶᠢᠨ ᠭᠠᠷ ᠳᠡᠪᠲᠡᠷ ᠢ ᠬᠠᠩᠭᠠᠬᠤ ᠪᠤᠶᠤ ᠬᠠᠮᠢᠶ᠎ᠠ ᠪᠥᠬᠦᠶ ᠭᠡᠷᠡᠴᠢ ᠶᠢ ᠭᠠᠷᠭᠠᠵᠤ ᠥᠭᠬᠦ ᠬᠡᠷᠡᠭᠲᠡᠶ᠃      ︵2︶ ᠡᠮᠨᠡᠯᠭᠡ ᠳᠤ ᠰᠠᠭᠤᠭᠠᠳ ᠤᠳᠠᠭᠠᠨ ᠴᠢᠨᠠᠷᠲᠠᠶ ᠡᠪᠡᠳᠴᠢᠨ ᠢᠶᠠᠷ ᠣᠨᠣᠰᠢᠯᠠᠭᠳᠠᠭᠰᠠᠨ ᠪᠣᠯᠪᠠᠴᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠯ ᠢ ᠣᠯᠤᠭᠰᠠᠨ ᠦᠭᠡᠢ ᠬᠥᠮᠦᠨ ︵ᠬᠤᠣᠷ ᠲᠠᠲᠠᠭᠰᠠᠨ᠂ ᠲᠡᠷᠭᠡᠨ ᠠᠳᠡᠯ ᠵᠡᠷᠭᠡ ᠰᠢᠯᠲᠠᠭᠠᠨ ᠠᠴᠠ ᠪᠣᠯᠤᠭᠰᠠᠨ ᠤᠳᠠᠭᠠᠨ ᠴᠢᠨᠠᠷᠲᠠᠶ ᠡᠪᠡᠳᠴᠢᠨ ᠡᠭᠦᠨ ᠳᠤ ᠪᠠᠭᠲᠠᠬᠤ ᠦᠭᠡᠢ︶ ᠨᠢ ᠡᠪᠡᠳᠴᠢᠨ ᠤ ᠥᠩᠭᠡᠷᠡᠯᠲᠡ ᠶᠢᠨ ᠡᠬᠢᠨ ᠤ ᠨᠢᠭᠤᠷ ᠤᠨ ᠬᠠᠭᠤᠯᠪᠤᠷᠢ ︵ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠨ᠎ᠠ︶᠂ ᠣᠨᠣᠰᠢᠯᠠᠭᠰᠠᠨ ᠭᠡᠷᠡᠴᠢ ᠵᠢᠴᠢ ᠡᠮ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠬᠤ ᠬᠠᠭᠤᠳᠠᠰᠤ ᠶᠢ ᠬᠠᠩᠭᠠᠬᠤ ᠬᠡᠷᠡᠭᠲᠡᠶ᠃      ︵3︶ ᠤᠳᠠᠭᠠᠨ ᠴᠢᠨᠠᠷᠲᠠᠶ ᠡᠪᠡᠳᠴᠢᠨ ᠳᠤ ᠨᠡᠷᠪᠡᠭᠳᠡᠭᠰᠡᠨ ᠪᠣᠯᠪᠠᠴᠤ ᠡᠮᠨᠡᠯᠭᠡ ᠳᠤ ᠰᠠᠭᠤᠵᠤ ᠡᠮᠨᠡᠭᠦᠯᠦᠭᠰᠡᠨ ᠦᠭᠡᠢ ᠪᠠᠶᠢᠪᠠᠯ᠂ ᠬᠤᠲᠠ ᠶᠢᠨ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠲᠤᠬᠠᠶ ᠶᠢᠨ ᠵᠢᠯ ᠤᠨ ᠣᠨᠣᠰᠢᠯᠠᠯᠲᠠ ᠶᠢᠨ ᠭᠡᠷᠡᠴᠢ ᠶᠢ ᠬᠠᠩᠭᠠᠬᠤ ᠬᠡᠷᠡᠭᠲᠡᠶ᠃      ︵ᠲᠠᠪᠤ︶ ᠵᠡᠮᠳᠡᠭᠴᠦᠳ ᠲᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠠᠯᠠᠭ᠎ᠠ ᠮᠥᠴᠢᠷ ᠠᠴᠠ ᠬᠢᠨᠠᠨ ᠣᠯᠭᠤᠭᠰᠠᠨ ᠬᠤᠶᠠᠳᠤᠭᠠᠷ ᠦᠶ᠎ᠡ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠢ ᠬᠠᠩᠭᠠᠬᠤ ᠬᠡᠷᠡᠭᠲᠡᠶ᠃      ︵ᠵᠢᠷᠭᠤᠭ᠎ᠠ︶ ᠨᠢᠭᠡ ᠬᠡᠷ ᠪᠦᠯᠢ ᠳᠤ ᠰᠤᠷᠭᠠᠭᠤᠯᠢ ᠳᠤ ᠪᠠᠶᠢᠭ᠎ᠠ ᠥᠨᠳᠥᠷ ᠳᠤᠮᠳᠠᠳᠤ ᠶᠢᠨ ᠰᠣᠷᠣᠭᠴᠢ ᠪᠠ ᠶᠡᠭᠡ ᠰᠤᠷᠭᠠᠭᠤᠯᠢ ᠶᠢᠨ ᠰᠣᠷᠣᠭᠴᠢ ᠪᠤᠶᠤ ᠬᠤᠶᠠᠷ ᠠᠴᠠ ᠳᠡᠭᠡᠭᠰᠢ ᠶᠡᠭᠡ ᠰᠤᠷᠭᠠᠭᠤᠯᠢ ᠶᠢᠨ ᠰᠣᠷᠣᠭᠴᠢ ᠲᠠᠢ ᠪᠠᠶᠢᠪᠠᠯ᠂ ᠰᠣᠷᠣᠭᠴᠢ ᠶᠢᠨ ᠰᠤᠷᠭᠠᠭᠤᠯᠢ ᠳᠤ ᠪᠠᠶᠢᠬᠤ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠶ      ︵ᠳᠣᠯᠤᠭ᠎ᠠ︶ ᠦᠶᠤᠸᠠᠨ ᠰᠢᠶᠠᠨ ᠤ ᠳᠣᠲᠣᠷᠠᠬᠢ ᠬᠥᠮᠦᠨ ᠪᠠ ᠡᠷᠦᠬᠡ ᠰᠠᠯᠤᠩᠭᠢ ᠬᠡᠷ ᠪᠦᠯᠢ ᠳᠤ᠂ ᠣᠲᠣ ᠶᠢᠨ ᠰᠠᠭᠤᠭ᠎ᠠ ᠭᠠᠵᠠᠷ ᠤᠨ ᠭᠠᠴᠠᠭ᠎ᠠ ︵ᠰᠠᠭᠤᠭᠠᠯᠢ ᠠᠷᠠᠳ︶ ᠶᠢᠨ ᠵᠥᠪᠯᠡᠯ ᠤᠨ ᠭᠡᠷᠡᠴᠢ ︵ᠣᠲᠣ ᠶᠢᠨ ᠰᠠᠭᠤᠵᠤ ᠪᠠᠶᠢᠭ᠎ᠠ ᠪᠣᠳᠠᠲᠠᠶ ᠬᠠᠶ᠋ᠢᠭ᠂ ᠠᠮᠢᠳᠤᠷᠠᠯ ᠤᠨ ᠪᠠᠶᠢᠳᠠᠯ᠂ ᠣᠷᠣᠨ ᠰᠠᠭᠤᠴᠠ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠪᠠᠶᠢᠳᠠᠯ ᠢ ᠲᠣᠳᠣᠷᠬᠠᠶᠢᠯᠠᠨ᠎ᠠ︶ ᠶᠢ ᠬᠠᠩᠭᠠᠬᠤ ᠬᠡᠷᠡᠭᠲᠡᠶ᠃ ᠰᠢᠶᠠᠨ ᠤ ᠭᠠᠳᠠᠨᠠᠬᠢ ᠬᠥᠮᠦᠨ ᠡᠷᠦᠬᠡ ᠰᠠᠯᠤᠩᠭᠢ ᠭᠡᠷ ᠪᠦᠯᠢ᠂ ᠤᠷᠲᠤ ᠬᠤᠭᠤᠴᠠᠭ᠎ᠠ ᠪᠠᠷ ᠰᠠᠭᠤᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ᠂ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ᠤ ︵ᠰᠠᠭᠤᠭᠠᠯᠢ ᠠᠷᠠᠳ ᠤᠨ ᠵᠥᠪᠯᠡᠯ︶ ᠤᠨ ᠭᠡᠷᠡᠴᠢᠯᠡᠯ ︵ᠠᠮᠢᠳᠤᠷᠠᠯ ᠤᠨ ᠪᠠᠶᠢᠳᠠᠯ᠂ ᠣᠷᠣᠨ ᠰᠠᠭᠤᠴᠠ ᠶᠢᠨ ᠪᠠᠶᠢᠳᠠᠯ ᠵᠢᠴᠢ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠪᠠᠭᠲᠠᠭᠠᠨ᠎ᠠ︶ ᠢ ᠬᠠᠩᠭᠠᠵᠤ᠂ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠨᠳᠣᠤ ᠭᠠᠵᠠᠷ ᠲᠤ ᠬᠠᠮᠵᠢᠨ ᠪᠠᠶᠢᠴᠠᠭᠠᠬᠤ ᠵᠠᠬᠢᠳᠠᠯ ᠭᠠᠷᠭᠠᠵᠤ᠂ ᠲᠣᠰ ᠬᠥᠮᠦᠨ ᠨᠢ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠰᠠᠭᠤᠭ᠎ᠠ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠲᠤᠰᠢᠶᠠᠵᠤ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ ᠤᠴᠢᠷ ᠶᠠᠪᠤᠳᠠᠯ ᠢ ᠭᠦᠶ᠋ᠴᠡᠳᠬᠡᠨ᠂ ᠰᠠᠭᠤᠭ᠎ᠠ ᠭᠠᠵᠠᠷ ᠤᠨ ᠡᠷᠦᠬᠡ ᠳᠤ ᠬᠦᠷᠴᠦ ᠪᠠᠶᠢᠴᠠᠭᠠᠭᠰᠠᠨ ᠬᠠᠷᠢᠭᠤ ᠵᠠᠬᠢᠳᠠᠯ ᠤᠨ ᠠᠭᠤᠯᠭ᠎ᠠ ᠶᠢ ᠦᠨᠳᠦᠰᠦᠯᠡᠨ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠰᠤᠮᠤ ᠪᠠᠯᠭᠠᠰᠤ ᠲᠠᠰ ᠳᠠᠷᠠᠭᠠᠯᠠᠯ ᠶᠣᠰᠣᠭᠠᠷ ᠭᠤᠶᠤᠴᠢᠯᠠᠨ‌‍ᠭᠦ᠋ᠢᠴᠡᠳᠭᠡᠬᠦ ᠠᠵᠢᠯ ᠢ ᠥᠷᠨᠢᠭᠦᠯᠦᠨ᠎ᠡ᠃      ︵ᠨᠠᠢᠮᠠ︶ ᠬᠠᠩᠭᠠᠬᠤ ᠶᠣᠰᠣᠲᠠᠶ ᠪᠤᠰᠤᠳ ᠮᠠᠲ᠋ᠧᠷᠢᠶᠠᠯ᠃      ᠠᠷᠪᠠᠨ ᠬᠤᠶᠠᠳᠤᠭᠠᠷ ᠵᠦᠢᠯ  ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠬᠤ ᠭᠡᠷ ᠪᠦᠯᠢ ᠶᠢ ᠮᠠᠭᠠᠳᠯᠠᠨ ᠲᠣᠭᠲᠠᠭᠠᠬᠤ ᠦᠭᠡᠢ᠄      ︵ᠨᠢᠭᠡ︶ ᠭᠤᠶᠤᠴᠢᠯᠠᠬᠤ ᠲᠠᠯ᠎ᠠ ᠪᠠᠷ᠄      1. ᠲᠣᠭᠲᠠᠭᠠᠯ ᠶᠣᠰᠣᠭᠠᠷ ᠭᠤᠶᠤᠴᠢᠯᠠᠯ ᠭᠠᠷᠭᠠᠭᠰᠠᠨ ᠦᠭᠡᠢ᠂ ᠬᠤᠯᠪᠣᠭᠳᠠᠯ ᠪᠦᠬᠦᠢ ᠭᠡᠷᠡᠴᠢ ᠦᠨᠡᠮᠯᠡᠯ᠂ ᠭᠡᠷᠡᠴᠢ ᠪᠢᠴᠢᠭ ᠪᠤᠶᠤ ᠭᠡᠷᠡᠴᠢ ᠪᠢᠴᠢᠭ᠂ ᠭᠡᠷᠡᠴᠢ ᠪᠢᠴᠢᠭ ᠢ ᠪᠦᠷᠢᠨ ᠭᠦᠢᠴᠡᠳ ᠬᠠᠩᠭᠠᠭᠰᠠᠨ ᠦᠭᠡᠢ᠃      2. ᠡᠷᠬᠡ ᠣᠯᠭᠤᠭᠰᠠᠨ ᠠᠵᠢᠯᠳᠠᠨ ᠳᠤ ᠬᠠᠮᠵᠢᠯᠴᠠᠬᠤ ᠦᠭᠡᠢ ᠪᠤᠶᠤ ᠨᠠᠶᠢᠳᠠᠵᠤ ᠬᠠᠤᠯᠢ ᠶᠣᠰᠣᠭᠠᠷ ᠲᠡᠭᠦᠨ ᠤ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠭᠤᠯᠤᠭᠰᠠᠨ᠂ ᠭᠡᠷ ᠪᠦᠯᠢ ᠶᠢᠨ ᠦᠨᠡᠨ ᠪᠣᠳᠠᠲᠠᠶ ᠣᠷᠣᠯᠭ᠎ᠠ ᠪᠠ ᠡᠳ᠋ ᠬᠦᠷᠦᠩᠭᠡ ᠵᠢᠴᠢ ᠦᠷ᠎ᠡ ᠬᠡᠦᠬᠡᠳ ᠤᠨ ᠪᠠᠶᠢᠳᠠᠯ ᠢᠶᠠᠨ ᠨᠢᠭᠤᠨ ᠳᠠᠯᠳᠠᠯᠠᠭᠰᠠᠨ᠂ ᠬᠤᠳᠠᠯ ᠬᠠᠭᠤᠷᠮᠠᠭ ᠭᠡᠷᠡᠴᠢ ᠬᠠᠩᠭᠠᠭᠰᠠᠨ ᠪᠤᠶᠤ ᠡᠳ᠋ ᠬᠦᠷᠦᠩᠭᠡ ᠪᠠᠨ ᠰᠢᠯᠵᠢᠭᠦᠯᠦᠭᠰᠡᠨ᠃      ︵ᠬᠤᠶᠠᠷ︶ ᠡᠷᠦᠬᠡ ᠠᠮᠠ ᠶᠢᠨ ᠬᠠᠷᠢᠶ᠎ᠠ ᠶᠢᠨ ᠲᠠᠯ᠎ᠠ ᠪᠠᠷ᠄      1. ᠬᠥᠮᠦᠨ ᠪᠠ ᠡᠷᠦᠭᠡ ᠰᠠᠯᠤᠭᠠᠳ ᠵᠦᠢ ᠶᠣᠰᠣᠨ ᠤ ᠤᠴᠢᠷ ᠰᠢᠯᠲᠠᠭᠠᠨ ᠤᠢᠭᠡᠢ ᠪᠠᠷ ᠡᠷᠦᠭᠡ ᠨᠡᠶᠢᠯᠡᠬᠦ ᠤᠢᠭᠡᠢ ᠪᠠᠶᠢᠬᠤ᠃      2. ᠲᠤᠰ ᠰᠢᠶᠠᠨ ᠠᠴᠠ ᠭᠠᠳᠠᠨᠠᠬᠢ ᠭᠠᠵᠠᠷ ᠣᠷᠣᠨ ᠳᠤ ᠤᠷᠳᠤ ᠬᠤᠭᠤᠴᠠᠭ᠎ᠠ ᠪᠠᠷ ᠣᠷᠣᠰᠢᠨ ᠰᠠᠭᠤᠭᠰᠠᠨ ᠪᠥᠭᠡᠳ ᠣᠷᠣᠰᠢᠨ ᠰᠠᠭᠤᠵᠤ ᠪᠠᠶᠢᠭ᠎ᠠ ᠭᠠᠵᠠᠷ ‍ᠤᠨ‌‍ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭᠠᠨ ᠤ ︵ᠰᠠᠭᠤᠭᠠᠯᠢ︶ ᠠᠷᠠᠳ ᠤᠨ ᠵᠥᠪᠯᠡᠯ ᠤᠨ ᠬᠤᠯᠪᠣᠭᠳᠠᠯ ᠪᠦᠬᠦᠢ ᠣᠷᠣᠯᠭ᠎ᠠ᠂ ᠡᠳ᠋ ᠬᠦᠷᠦᠩᠭᠡ ᠵᠡᠷᠭᠡ ᠬᠦᠴᠦᠨ ᠪᠦᠬᠦᠢ ᠭᠡᠷᠡᠴᠢᠯᠡᠬᠦ ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠢ ᠪᠠᠶᠢᠬᠤ᠃      ︵ᠭᠤᠷᠪᠠ︶ ᠬᠡᠷ ᠪᠦᠯᠢ ᠶᠢᠨ ᠣᠷᠣᠯᠭ᠎ᠠ ᠶᠢᠨ ᠲᠠᠯ᠎ᠠ ᠪᠠᠷ᠄      1. ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠤᠶᠤ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠣᠯᠪᠠᠴᠤ ᠪᠣᠳᠠᠲᠠᠶ ᠠᠮᠢᠳᠤᠷᠠᠯ ᠤᠨ ᠬᠢᠷᠢ ᠬᠡᠮᠵᠢᠶ᠎ᠡ ᠨᠢ ᠪᠠᠲᠤᠯᠠᠭ᠎ᠠ ᠶᠢᠨ ᠪᠠᠷᠢᠮᠵᠢᠶ᠎ᠠ ᠠᠴᠠ ᠢᠯᠡᠷᠬᠡᠶ ᠥᠨᠳᠥᠷ ᠪᠠᠶᠢᠬᠤ᠃      2. ᠬᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠲᠠᠢ ᠮᠥᠷᠲᠡᠭᠡᠨ ᠬᠡᠷ ᠪᠦᠯᠢ ᠶᠢᠨ ᠪᠦᠷᠢᠯᠳᠦᠬᠦᠨ ᠤ ᠬᠥᠳᠡᠯᠮᠦᠷᠢᠯᠡᠬᠦ ᠴᠢᠳᠠᠪᠤᠷᠢ ᠨᠢ ᠬᠡᠪ ᠤᠨ ᠬᠡᠷ ᠪᠦᠯᠢ ᠪᠣᠯᠤᠨ᠎ᠠ᠃      3. ᠬᠡᠷ ᠪᠦᠯᠢ ᠶᠢᠨ ᠪᠦᠷᠢᠯᠳᠦᠬᠦᠨ ᠨᠢ ᠨᠠᠰᠤᠵᠢᠯ ᠤᠨ ᠠᠰᠠᠷᠠᠮᠵᠢ ᠶᠢᠨ ᠮᠥᠩᠭᠦ᠂ ᠠᠵᠢᠯ ᠠᠴᠠ ᠪᠠᠨ ᠰᠠᠯᠵᠤ ᠠᠮᠠᠷᠠᠭᠰᠠᠨ ᠮᠥᠩᠭᠦ᠂ ᠠᠵᠢᠯ ᠠᠴᠠ ᠪᠠᠨ ᠪᠠᠭᠤᠭᠰᠠᠨ ᠠᠮᠢᠳᠤᠷᠠᠯ ᠤᠨ ᠵᠠᠷᠤᠳᠠᠯ᠂ ᠨᠥᠭᠴᠢᠭᠰᠡᠳ ᠤᠨ ᠬᠡᠷ ᠪᠦᠯᠢ ᠶᠢᠨ ᠲᠤᠰᠠᠯᠠᠮᠵᠢ ᠶᠢᠨ ᠮᠥᠩᠭᠦ᠂ ᠴᠠᠯᠢᠩ ᠤᠨ ᠴᠢᠨᠠᠷᠲᠠᠶ ᠣᠷᠣᠯᠭ᠎ᠠ ᠵᠡᠷᠭᠡ ᠲᠣᠭᠲᠠᠮᠠᠯ ᠣᠷᠣᠯᠭ᠎ᠠ ᠲᠠᠢ ᠮᠥᠷᠲᠡᠭᠡᠨ ᠬᠡᠷ ᠪᠦᠯᠢ ᠶᠢᠨ ᠰᠠᠷ᠎ᠠ ︵ᠣᠨ︶ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠲᠤᠬᠠᠶ ᠶᠢᠨ ᠭᠠᠵᠠᠷ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠥᠨᠳᠥᠷ ᠪᠠᠶᠢᠬᠤ᠃      4. ᠲᠤᠰ ᠬᠥᠮᠦᠨ ᠪᠤᠶᠤ ᠬᠤᠯᠪᠣᠰᠤ ᠶᠢᠨ ᠬᠢᠨᠢ ᠨᠢᠭᠡ ᠲᠠᠯ᠎ᠠ ᠨᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠠᠵᠢᠯᠳᠠᠨ ᠠᠵᠢᠯᠴᠢᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠢᠩᠬᠢᠨᠢ ᠠᠵᠢᠯᠳᠠᠨ ᠠᠵᠢᠯᠴᠢᠨ ᠪᠤᠶᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠤᠷᠳᠤ ᠬᠤᠭᠤᠴᠠᠭ᠎ᠠ ᠪᠠᠷ ᠬᠦᠯᠦᠰᠦᠨ᠎ᠡ᠃      5. ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠬᠤ ᠠᠴᠠ ᠡᠮᠦᠨ᠎ᠡ ᠤᠷᠤᠬ ᠰᠠᠯᠬᠤ᠂ ᠪᠡᠯᠡᠭᠯᠡᠬᠦ᠂ ᠰᠢᠯᠵᠢᠭᠦᠯᠦᠨ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ ᠥᠪᠡᠷ ᠤᠨ ᠤᠯᠬᠤ ᠶᠣᠰᠣᠲᠠᠶ ᠡᠳ᠋ ᠬᠦᠷᠦᠩᠭᠡ ᠪᠤᠶᠤ ᠤᠯᠬᠤ ᠶᠣᠰᠣᠲᠠᠶ ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠪᠣᠯᠤᠨ ᠬᠠᠤᠯᠢ ᠶᠣᠰᠣᠨ ᠤ ᠪᠤᠰᠤᠳ ᠣᠷᠣᠯᠭ᠎ᠠ ᠪᠠᠨ ᠵᠣᠷᠢᠭᠤᠳᠠ ᠬᠠᠶᠠᠭᠰᠠᠨ᠃      6. ᠭᠡᠷ ᠪᠠᠶᠢᠰᠢᠩ ᠢ ᠬᠤᠪᠢᠷᠠᠭᠤᠯᠤᠨ ᠬᠤᠳᠠᠯᠳᠤᠬᠤ᠂ ᠡᠳ᠋ ᠬᠦᠷᠦᠩᠭᠡ ᠪᠠᠨ ᠨᠢᠭᠤᠨ ᠳᠠᠯᠳᠠᠯᠠᠬᠤ ᠪᠤᠶᠤ ᠡᠷᠦᠭᠡ ᠪᠠᠨ ᠵᠣᠷᠢᠭᠤᠳᠠ ᠰᠠᠯᠭᠠᠬᠤ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠠᠶᠢᠯᠠᠭᠰᠠᠨ ᠠᠵᠢᠯᠯᠠᠭ᠎ᠠ ᠨᠢ ᠠᠵᠤ ᠠᠬᠤᠶ ᠶᠢᠨ ᠢᠷᠡᠯᠳᠠ ᠦᠭᠡᠢ ᠪᠠ ᠠᠮᠢᠳᠤᠷᠠᠯ ᠤᠨ ᠬᠦᠴᠢᠷᠳᠡᠯ ᠤᠨ ᠬᠠᠭᠤᠷᠮᠠᠭ ᠪᠠᠶᠢᠳᠠᠯ ᠢ ᠪᠤᠢ ᠪᠣᠯᠭᠠᠭᠰᠠᠨ᠃      7. ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ 6 ᠰᠠᠷ᠎ᠠ ᠳᠠᠷᠠᠭᠠᠯᠠᠨ ᠭᠠᠷᠭᠠᠵᠤ ᠠᠪᠤᠭᠰᠠᠨ ᠥᠬᠡᠶ᠃      ︵ᠲᠦᠷᠪᠡ︶ ᠭᠡᠷ ᠪᠦᠯᠢ ᠶᠢᠨ ᠡᠳ᠋ ᠬᠦᠷᠦᠩᠭᠡ ᠶᠢᠨ ᠲᠠᠯ᠎ᠠ ᠪᠠᠷ᠄      1. ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠪᠠᠷ ᠳᠡᠮᠵᠢᠨ᠂ ᠬᠡᠷ ᠪᠦᠯᠢ ᠶᠢᠨ ᠪᠠᠩᠬᠢ ᠶᠢᠨ ᠬᠠᠳᠠᠭᠠᠯᠠᠮᠵᠢ᠂ ᠦᠨᠡᠲᠦ ᠲᠡᠮᠳᠡᠭᠲᠦ᠂ ᠰᠲ᠋ᠣᠺ ᠵᠡᠷᠭᠡ ᠪᠠᠴᠢᠮ ᠪᠠᠶᠢᠳᠠᠯ ᠢ ᠠᠷᠭᠠᠴᠠᠬᠤ ᠮᠥᠩᠭᠦᠨ ᠭᠦᠶ᠋ᠯᠭᠡᠭᠡᠨ ᠤ ᠡᠳ᠋ ᠬᠥᠷᠥᠩᠭᠡ ᠶᠢᠨ ᠶᠡᠷᠦᠩᠬᠡᠶ ᠲᠤᠭ᠎ᠠ ᠶᠢ ᠭᠤᠶᠤᠴᠢᠯᠠᠵᠤ᠂ ᠬᠥᠮᠦᠨ ᠪᠦᠷᠢ ᠳᠤᠮᠳᠠᠴᠢ ᠪᠠᠷ 24 ᠰᠠᠷ᠎ᠠ ᠶᠢᠨ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠨᠡᠶᠢᠯᠡᠪᠦᠷᠢ ᠠᠴᠠ ᠳᠠᠪᠠᠭᠤᠯᠤᠨ᠎ᠠ᠃      2. ᠭᠡᠷ ᠪᠦᠯᠢ ᠨᠢ ᠬᠤᠶᠠᠷ ᠠᠴᠠ ᠳᠡᠭᠡᠭᠰᠢ ᠣᠷᠣᠨ ᠰᠠᠭᠤᠴᠠ ᠲᠠᠢ ᠪᠤᠶᠤ ᠲᠦᠷᠢᠶᠡᠰᠦᠯᠡᠭᠦᠯᠬᠦ ᠭᠡᠷ ᠪᠠᠶᠢᠰᠢᠩ ᠲᠠᠢ ᠪᠠᠶᠢᠬᠤ᠃ ᠭᠡᠷ ᠪᠦᠯᠢ ᠳᠤᠨᠢ ᠬᠤᠳᠠᠯᠳᠤᠭᠠᠨ ᠤ ᠬᠡᠷᠡᠭᠯᠡᠭᠡᠨ ᠤ ᠭᠡᠷ ᠪᠠᠶᠢᠰᠢᠩ ᠲᠠᠢ ᠪᠠᠶᠢᠬᠤ︔ ᠤᠳᠤ ᠪᠠᠶᠢᠭ᠎ᠠ ᠣᠷᠣᠨ ᠰᠠᠭᠤᠴᠠ ᠪᠠᠨ ᠥᠨᠳᠥᠷ ᠪᠠᠷᠢᠮᠵᠢᠶ᠎ᠠ ᠪᠠᠷ ᠵᠠᠰᠠᠵᠤ ᠴᠢᠮᠡᠭᠯᠡᠭᠰᠡᠨ᠃      3.ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠥᠭᠡᠳ ᠬᠡᠳᠦ᠋ᠢᠪᠡᠷ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠦᠭᠡᠢ ᠪᠣᠯᠪᠠᠴᠤ ᠦᠷᠭᠦᠯᠵᠢ ᠬᠥᠯᠥᠰᠥᠨ ᠠᠵᠢᠯᠴᠢᠨ ᠢ ᠬᠡᠷᠡᠭᠯᠡᠨ ᠡᠵᠡᠩᠨᠡᠯᠲᠡ ᠶᠢᠨ ᠠᠵᠢᠯᠯᠠᠭ᠎ᠠ ᠬᠢᠯᠭᠡᠭᠰᠡᠨ᠃      4. ᠠᠭᠠᠷ ᠲᠣᠬᠢᠷᠠᠭᠤᠯᠤᠭᠴᠢ ᠵᠡᠷᠭᠡ ᠳᠡᠭᠡᠳᠦ ᠲᠠᠰ ᠤᠨ ᠬᠡᠷᠡᠭᠯᠡᠭᠡᠨ ᠤ ᠵᠦᠶ᠋ᠯ᠂ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ᠂ ᠲᠣᠮᠣ ᠬᠡᠯᠪᠡᠷᠢ ᠶᠢᠨ ᠡᠪᠡᠰᠦ ᠬᠠᠳᠤᠬᠤ ᠮᠠᠰᠢᠨ ᠲᠠᠢ ᠬᠡᠷ ᠪᠦᠯᠢ᠃      5. ᠬᠡᠷ ᠪᠦᠯᠢ ᠶᠢᠨ ᠮᠠᠰᠢᠨ ᠲᠡᠷᠭᠡ ᠲᠠᠢ ᠪᠤᠶᠤ ᠬᠡᠷ ᠪᠦᠯᠢ ᠶᠢᠨ ᠪᠦᠷᠢᠯᠳᠦᠬᠦᠨ ᠤ ᠨᠡᠷ᠎ᠡ ᠳᠣᠤᠷ᠎ᠠ ᠮᠠᠰᠢᠨ ᠲᠡᠷᠭᠡ ᠥᠬᠡᠶ ᠪᠣᠯᠪᠠᠴᠤ ᠣᠷᠳᠣ ᠬᠤᠭᠤᠴᠠᠭ᠎ᠠ ᠪᠠᠷ ᠮᠠᠰᠢᠨ ᠲᠡᠷᠭᠡ ᠬᠡᠷᠡᠭᠯᠡᠭᠰᠡᠨ ︵ᠵᠡᠮᠳᠡᠭᠴᠦᠳ ᠤᠨ ᠴᠢᠳᠠᠮᠵᠢ ᠶᠢᠨ ᠴᠢᠨᠠᠷᠲᠠᠶ ᠨᠥᠬᠦᠪᠥᠷᠢᠯᠡᠬᠦ ᠮᠠᠰᠢᠨ ᠲᠡᠷᠭᠡ ᠨᠢ ᠡᠭᠦᠨ ᠳᠤ ᠪᠠᠭᠲᠠᠬᠤ ᠥᠬᠡᠶ︶᠃      ︵ᠲᠠᠪᠤ︶ ᠬᠡᠷ ᠪᠦᠯᠢ ᠶᠢᠨ ᠬᠡᠷᠡᠭᠯᠡᠭᠡᠨ ᠤ ᠲᠠᠯ᠎ᠠ ᠪᠠᠷ᠄      1. ᠦᠷ᠎ᠡ ᠬᠡᠦᠬᠡᠳ ᠢᠶᠠᠨ ᠰᠤᠷᠭᠠᠭᠤᠯᠢ ᠰᠣᠩᠭᠤᠨ ᠰᠤᠷᠤᠯᠴᠠᠭᠤᠯᠬᠤ ᠪᠠᠷ ᠲᠣᠬᠢᠷᠠᠭᠤᠯᠬᠤ ᠴᠢᠳᠠᠪᠤᠷᠢ ᠲᠠᠢ ᠪᠠᠶᠢᠬᠤ᠃      2. 1 ᠵᠢᠯ ᠤᠨ ᠳᠣᠲᠣᠷ᠎ᠠ᠂ ᠨᠤᠷᠠᠭᠠᠵᠤ ᠨᠡᠭᠦᠯᠭᠡᠬᠦ ᠰᠢᠯᠲᠠᠭᠠᠨ ᠠᠴᠠ ᠪᠤᠰᠤ ᠰᠢᠯᠲᠠᠭᠠᠨ ᠢᠶᠠᠷ ᠲᠠᠸᠠᠷ ᠤᠨ ᠭᠡᠷ ᠪᠠᠶᠢᠰᠢᠩ ᠬᠤᠳᠠᠯᠳᠤᠨ ᠠᠪᠤᠭᠰᠠᠨ᠃      3. ᠴᠢᠮᠡᠭᠡ ᠬᠤᠯᠪᠣᠭᠠᠨ ᠤ ᠵᠠᠷᠤᠳᠠᠯ ᠤᠨ ᠰᠠᠷ᠎ᠠ ᠪᠦᠷᠢ ᠶᠢᠨ ᠵᠠᠷᠤᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 20% ᠠᠴᠠ ᠳᠠᠪᠠᠭᠰᠠᠨ ᠪᠠᠶᠢᠬᠤ ᠬᠡᠷᠡᠭᠲᠡᠶ᠃      4. ᠬᠡᠷ ᠪᠦᠯᠢ ᠶᠢᠨ ᠪᠦᠷᠢᠯᠳᠦᠬᠦᠨ ᠨᠢ ᠳᠡᠭᠡᠳᠦ ᠲᠠᠰ ᠤᠨ ᠬᠡᠷᠡᠭᠯᠡᠭᠡᠨ ᠤ ᠵᠤᠭ᠎ᠠ ᠴᠡᠩᠭᠡᠯ ᠤᠨ ᠲᠠᠯᠠᠪᠤᠷ ᠲᠤ ᠣᠷᠳᠣ ᠬᠤᠭᠤᠴᠠᠭ᠎ᠠ ᠪᠠᠷ ᠣᠷᠣᠵᠤ ᠭᠠᠷᠴᠤ᠂ ᠦᠨᠡᠲᠦ ᠵᠠᠰᠠᠯ ᠵᠢᠮᠰᠡᠭ ᠬᠤᠳᠠᠯᠳᠤᠨ ᠠᠪᠤᠭᠰᠠᠨ ᠮᠥᠷᠲᠡᠭᠡᠨ ᠢᠯᠡᠴᠢᠯᠡᠨ ᠮᠡᠳᠡᠭᠦᠯᠦᠭᠰᠡᠨ ᠥᠨᠳᠥᠷ ᠪᠠᠷᠢᠮᠵᠢᠶᠠᠲᠤ ᠬᠡᠷᠡᠭᠯᠡᠭᠡᠨ ᠤ ᠦᠢᠯᠡ ᠠᠵᠢᠯᠯᠠᠭ᠎ᠠ ᠳᠤ ᠵᠦᠶ ᠵᠣᠬᠢᠰᠲᠠᠶ ᠲᠠᠶᠢᠯᠪᠤᠷᠢᠯᠠᠯᠲᠠ ᠬᠢᠬᠦ ᠶᠢᠨ ᠠᠷᠭ᠎ᠠ ᠥᠬᠡᠶ ᠪᠠᠶᠢᠬᠤ᠃      5. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠬᠤ ᠴᠢᠳᠠᠪᠤᠷᠢ ᠲᠠᠢ ᠪᠠᠶᠢᠬᠤ᠃      ︵ᠵᠢᠷᠭᠤᠭ᠎ᠠ︶ ᠬᠤᠪᠢ ᠬᠥᠮᠦᠨ ᠤ ᠢᠲᠡᠭᠡᠮᠵᠢ ᠵᠢᠴᠢ ᠨᠡᠶᠢᠭᠡᠮ ᠤᠨ ᠬᠠᠷᠢᠭᠤᠴᠠᠯᠭ᠎ᠠ ᠶᠢᠨ ᠲᠠᠯ᠎ᠠ ᠪᠠᠷ᠄      1. ᠭᠤᠶᠤᠴᠢᠯᠠᠭᠴᠢ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠬᠦᠨ ᠤ ᠭᠤᠶᠤᠴᠢᠯᠠᠬᠤ ᠠᠴᠠ ᠡᠮᠦᠨ᠎ᠡ ᠬᠤᠶᠠᠷ ᠵᠢᠯ ᠤᠨ ᠳᠣᠲᠣᠷ᠎ᠠ ᠦᠨᠡᠨᠴᠢ ᠢᠲᠡᠭᠡᠮᠵᠢ ᠶᠢᠨ ᠲᠡᠮᠳᠡᠭᠯᠡᠯ ᠨᠢ ᠲᠣᠭᠲᠠᠭᠠᠭᠰᠠᠨ ᠨᠥᠬᠦᠴᠡᠯ ᠳᠤ ᠦᠯᠦ ᠨᠡᠶᠢᠴᠡᠭᠰᠡᠨ᠃      2. ᠭᠤᠶᠤᠴᠢᠯᠠᠭᠴᠢ ᠪᠤᠶᠤ ᠲᠡᠭᠦᠨ ᠤ ᠭᠡᠷ ᠪᠦᠯᠢ ᠶᠢᠨ ᠪᠦᠷᠢᠯᠳᠦᠬᠦᠨ ᠨᠢ ᠢᠯᠡᠷᠬᠡᠶᠢᠯᠡᠯᠲᠡ ᠪᠤᠶᠤ ᠠᠮᠠᠯᠠᠯᠲᠠ ᠠᠴᠠ ᠪᠠᠨ ᠵᠥᠷᠢᠴᠡᠭᠰᠡᠨ᠃      3. ᠵᠣᠭᠤᠰ ᠨᠠᠭᠠᠳᠬᠤ᠂ ᠶᠠᠩᠬᠠᠨ ᠳᠤ ᠣᠷᠣᠬᠤ᠂ ᠬᠤᠣᠷ ᠲᠠᠲᠠᠬᠤ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠣᠷᠣᠯᠴᠠᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠶ᠋ᠳᠪᠦᠷᠢᠯᠡᠭᠳᠡᠭᠰᠡᠨ᠃      4. ᠵᠠᠰᠠᠭ ᠤᠨ ᠣᠷᠳᠣᠨ ᠤ ᠲᠣᠳᠣᠷᠬᠠᠶ ᠵᠠᠷᠯᠢᠭ ᠢᠶᠠᠷ ᠴᠠᠭᠠᠵᠠᠯᠠᠭᠰᠠᠨ ᠬᠠᠤᠯᠢ ᠪᠤᠰᠤ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠣᠷᠣᠯᠴᠠᠭᠰᠠᠨ ᠪᠤᠶᠤ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠵᠢᠯᠯᠠᠭ᠎ᠠ ᠬᠢᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠶ᠋ᠳᠪᠦᠷᠢᠯᠡᠯᠲᠡ ᠶᠢ ᠬᠦᠯᠢᠶᠡᠭᠰᠡᠨ᠃      5. ᠠᠵᠢᠯ ᠤᠯᠬᠤ ᠨᠠᠰᠤᠨ ᠳᠤ ︵ᠡᠷᠡᠭᠲᠡᠶ 16 — ᠪᠦᠬᠦᠯᠢ 60 ᠨᠠᠰᠤ᠂ ᠡᠮᠡᠭᠲᠡᠶ 16 — ᠪᠦᠬᠦᠯᠢ 50 ᠨᠠᠰᠤ︶ ᠬᠥᠳᠡᠯᠮᠦᠷᠢᠯᠡᠬᠦ ᠴᠢᠳᠠᠪᠤᠷᠢ ᠲᠠᠢ᠂ ᠰᠠᠨᠠᠭᠠᠴᠢᠯᠠᠭ᠎ᠠ ᠠᠴᠠ ᠪᠠᠨ ᠲᠤᠬᠠᠶ ᠶᠢᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠲᠤ ᠣᠴᠢᠵᠤ ᠠᠵᠢᠯ ᠡᠷᠢᠬᠦ ᠳᠡᠩᠰᠡᠯᠡᠯᠲᠡ ᠬᠢᠵᠦ᠂ ᠵᠦᠶ ᠶᠣᠰᠣᠨ ᠤ ᠰᠢᠯᠲᠠᠭᠠᠨ ᠥᠬᠡᠶ ᠪᠠᠷ ᠵᠠᠯᠭᠠᠭ᠎ᠠ ᠪᠠᠷ ᠭᠤᠷᠪᠠ ᠤᠳᠠᠭ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠠᠨᠢᠯᠴᠠᠭᠤᠯᠤᠭᠰᠠᠨ ᠲᠡᠭᠦᠨ ᠤ ᠡᠷᠡᠭᠦᠯ ᠮᠡᠨᠳᠦ ᠶᠢᠨ ᠪᠠᠶᠢᠳᠠᠯ᠂ ᠬᠥᠳᠡᠯᠮᠦᠷᠢᠯᠡᠬᠦ ᠴᠢᠳᠠᠪᠤᠷᠢ ᠲᠠᠢ ᠵᠣᠬᠢᠴᠠᠭᠰᠠᠨ ᠠᠵᠢᠯ ᠢ ᠭᠥᠯᠢᠶᠡᠨ ᠠᠪᠤᠭᠰᠠᠨ ᠥᠬᠡᠶ᠃      ︵ᠲᠤᠯᠤᠭ᠎ᠠ︶ ᠪᠤᠰᠤᠳ ᠲᠠᠯ᠎ᠠ ᠨᠤᠭᠤᠳ᠄      1. ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠵᠢᠴᠢ ᠥᠨᠥᠴᠢᠨ ᠬᠡᠤᠬᠡᠳ ᠢ ᠠᠰᠠᠷᠠᠨ ᠲᠡᠵᠢᠭᠡᠬᠦ ᠵᠡᠷᠭᠡ ᠨᠥᠬᠦᠴᠡᠯ ᠳᠤ ᠨᠡᠶᠢᠴᠡᠭᠰᠡᠨ ᠪᠠᠶᠢᠪᠠᠯ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠥᠨᠥᠴᠢᠨ ᠬᠡᠤᠬᠡᠳ ᠢ ᠠᠰᠠᠷᠠᠨ ᠲᠡᠵᠢᠭᠡᠬᠦ ᠵᠡᠷᠭᠡ ᠲᠤᠰᠬᠠᠶ ᠲᠥᠷᠥᠯ ᠤᠨ ᠲᠡᠩᠬᠡᠷᠡᠭᠦᠯᠦᠨ ᠲᠤᠰᠠᠯᠠᠬᠤ ᠶᠢ ᠲᠣᠰ ᠲᠣᠰ ᠭᠤᠶᠤᠴᠢᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠬᠠᠮᠲᠤ ᠳᠤᠨᠢ ᠭᠥᠷᠳᠡᠵᠦ ᠪᠣᠯᠬᠤ ᠥᠬᠡᠶ᠃      2. ᠵᠠᠰᠠᠭ ᠤᠨ ᠣᠷᠳᠣᠨ ᠠᠴᠠ ᠲᠣᠭᠲᠠᠭᠠᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠠᠷᠠᠭᠠᠯᠵᠠᠯ ᠢ ᠬᠦᠷᠳᠡᠵᠦ ᠪᠣᠯᠬᠤ ᠦᠭᠡᠢ ᠪᠤᠰᠤᠳ ᠪᠠᠶᠢᠳᠠᠯ ᠤᠳ᠃      ᠭᠤᠷᠪᠠᠳᠤᠭᠠᠷ ᠪᠦᠯᠦᠭ ᠤᠷᠤᠯᠭ᠎ᠠ ᠶᠢᠨ ᠲᠣᠭᠠᠴᠠᠭ᠎ᠠ      ᠠᠷᠪᠠᠨ ᠭᠤᠷᠪᠠᠳᠤᠭᠠᠷ ᠵᠦᠢᠯ  ᠨᠠᠰᠤᠨ ᠤ ᠱᠠᠲᠤ᠂ ᠵᠡᠮᠳᠡᠭ ᠤᠨ ᠬᠡᠮᠵᠢᠶ᠎ᠡ᠂ ᠬᠦᠨᠳᠦ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠦᠨᠳᠦᠰᠦᠯᠡᠨ ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠬᠢᠨᠠᠨ ᠲᠣᠭᠲᠠᠭᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠡᠶᠢᠲᠡᠯᠡᠭᠰᠡᠨ ᠲᠣᠰ ᠭᠠᠵᠠᠷ ᠣᠷᠣᠨ ᠤ ᠳᠡᠭᠡᠷ᠎ᠡ ᠵᠢᠯ ᠤᠨ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠪᠠ ᠬᠤᠲᠠ ᠪᠠᠯᠭᠠᠰᠤ ᠶᠢᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠣᠷᠣᠯᠭ᠎ᠠ ᠪᠠ ᠬᠤᠲᠠ ᠪᠠᠯᠭᠠᠰᠤ ᠶᠢᠨ ᠠᠵᠢᠯ ᠬᠥᠳᠡᠯᠮᠦᠷᠢ ᠬᠢᠬᠦ ᠬᠤᠶᠠᠷ ᠵᠦᠶ᠋ᠯ ᠤᠨ ᠣᠷᠣᠯᠭ᠎ᠠ ᠶᠢ ᠲᠥᠰᠦᠭᠡᠯᠡᠨ ᠪᠤᠳᠤᠨ᠎ᠠ ︵ᠬᠥᠳᠡᠯᠮᠦᠷᠢ ᠬᠦᠴᠦᠨ ᠤ ᠢᠯᠡᠳᠬᠡᠮᠵᠢ ᠶᠢ ᠲᠥᠰᠦᠭᠡᠯᠡᠨ ᠪᠤᠳᠤᠬᠤ ᠪᠠᠷᠢᠮᠵᠢᠶ᠎ᠠ ᠵᠢᠴᠢ ᠣᠷᠣᠯᠠᠬᠤ ᠨᠣᠮᠧᠷ ᠤᠨ ᠬᠦᠰᠦᠨᠦᠭᠲᠦ ᠶᠢ ᠠᠷᠤ ᠳᠤ ᠳᠠᠭᠠᠯᠳᠤᠭᠤᠯᠪᠠ︶᠃      ᠠᠷᠪᠠᠨ ᠳᠥᠷᠪᠡᠳᠦᠭᠡᠷ ᠵᠦᠢᠯ ᠡᠩ ᠤᠨ ᠬᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠬᠡᠷᠡᠭᠲᠡᠶ᠃      ︵ᠨᠢᠭᠡ︶ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢᠨ ᠲᠣᠭᠠᠴᠠᠭ᠎ᠠ ᠬᠢᠬᠦ᠃      1. ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠣᠷᠣᠯᠭ᠎ᠠ ᠶᠢᠨ ᠲᠣᠭᠠᠴᠠᠭ᠎ᠠ ᠬᠢᠬᠦ᠄      ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠣᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 60% ︵ᠭᠠᠵᠠᠷ ᠰᠢᠷᠣᠶ ᠶᠢᠨ ᠳᠠᠷᠢᠬᠤ ᠲᠠᠯᠠᠪᠠᠶ ᠶᠢᠨ ᠬᠥᠮᠦᠨ ᠳᠤᠮᠳᠠᠴᠢ ᠶᠢᠨ 10 ᠮᠥ ᠶᠢᠨ ᠳᠣᠲᠣᠷ᠎ᠠ ᠪᠠᠶᠢᠪᠠᠯ᠂ 10 ᠮᠥ ᠶᠢ ᠪᠠᠭᠲᠠᠭᠠᠨ᠎ᠠ︶᠃ ᠭᠠᠵᠠᠷ ᠰᠢᠷᠣᠶ ᠶᠢᠨ ᠳᠠᠷᠢᠬᠤ ᠲᠠᠯᠠᠪᠠᠶ ᠨᠢ ᠬᠥᠮᠦᠨ ᠳᠤᠮᠳᠠᠴᠢ ᠪᠠᠷ 10 ᠮᠥ ᠠᠴᠠ ᠬᠡᠲᠦᠷᠡᠭᠰᠡᠨ ᠪᠠᠶᠢᠪᠠᠯ᠂ ᠬᠡᠲᠦᠷᠡᠭᠰᠡᠨ ᠬᠡᠰᠡᠭ ᠤᠨ ᠮᠥ ᠪᠦᠷᠢ ᠶᠢᠨ 500 ᠲᠥᠭᠦᠷᠢᠭ ᠤᠨ ᠣᠷᠣᠯᠭ᠎ᠠ ᠪᠠᠷ ᠪᠤᠳᠤᠨ᠎ᠠ᠃ ᠪᠤᠰᠤᠳ ᠤᠨ ᠭᠠᠵᠠᠷ ᠰᠢᠷᠣᠶ ᠶᠢ ᠳᠠᠭᠠᠭᠠᠴᠢᠯᠠᠭᠰᠠᠨ ᠪᠠᠶᠢᠪᠠᠯ᠂ ᠬᠡᠲᠦᠷᠡᠭᠰᠡᠨ ᠬᠡᠰᠡᠭ ᠤᠨ ᠮᠤ᠋ ᠪᠦᠷᠢ ᠶᠢᠨ 200 ᠲᠥᠭᠦᠷᠢᠭ ᠤᠨ ᠣᠷᠣᠯᠭ᠎ᠠ ᠪᠠᠷ ᠪᠤᠳᠤᠨ᠎ᠠ᠃ ᠭᠠᠵᠠᠷ ᠰᠢᠷᠣᠶ ᠶᠢ ᠭᠠᠳᠠᠭᠰᠢ ᠳᠠᠭᠠᠭᠠᠴᠢᠯᠠᠬᠤ ᠳᠤ ᠬᠦᠷᠪᠡᠯ᠂ ᠬᠡᠲᠦᠷᠡᠭᠰᠡᠨ ᠬᠡᠰᠡᠭ ᠤᠨ ᠮᠤ᠋ ᠪᠦᠷᠢ ᠶᠢᠨ 300 ᠲᠥᠭᠦᠷᠢᠭ ᠤᠨ ᠣᠷᠣᠯᠭ᠎ᠠ ᠪᠠᠷ ᠪᠤᠳᠤᠵᠤ᠂ ᠲᠠᠷᠢᠶᠠᠯᠠᠩ ᠤᠨ ᠡᠵᠡᠩᠨᠡᠯᠲᠡ ᠶᠢᠨ ᠣᠷᠣᠯᠭ᠎ᠠ ᠶᠢ ᠨᠡᠶᠢᠯᠡᠭᠦᠯᠦᠨ ᠪᠤᠳᠤᠨ᠎ᠠ᠃      2. ᠮᠠᠯᠵᠢᠬᠤ ᠲᠠᠷᠢᠶᠠᠯᠠᠬᠤ ᠣᠷᠣᠨ ᠤ ᠲᠡᠵᠢᠭᠡᠨ ᠦᠷᠡᠵᠢᠭᠦᠯᠬᠦ ᠦᠢᠯᠡᠰ ᠤᠨ ᠣᠨ ᠤ ᠣᠷᠣᠯᠭ᠎ᠠ ᠶᠢᠨ ᠲᠣᠭᠠᠴᠠᠭ᠎ᠠ᠄      ᠬᠥᠳᠡᠭᠡ ᠲᠣᠰᠬᠤᠨ ᠤ ᠬᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠤᠨ ᠵᠢᠯ ᠤᠨ ᠣᠷᠣᠯᠭ᠎ᠠ = ᠦᠬᠡᠷ ᠬᠤᠨᠢ ᠵᠡᠷᠭᠡ ᠮᠠᠯ ᠤᠨ ᠵᠢᠯ ᠤᠨ ᠳᠤᠮᠳᠠᠴᠢ ᠣᠷᠣᠯᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ × ᠣᠲᠣ ᠶᠢᠨ ᠪᠠᠶᠢᠭ᠎ᠠ ᠦᠬᠡᠷ ᠪᠤᠶᠤ ᠬᠤᠨᠢ ᠵᠡᠷᠭᠡ ᠮᠠᠯ ᠤᠨ ᠲᠤᠭ᠎ᠠ ᠬᠡᠮᠵᠢᠶ᠎ᠡ᠃      ︵1︶ ᠮᠠᠯ ᠤᠨ ᠭᠠᠷᠭᠠᠯᠲᠠ ᠶᠢᠨ ᠨᠣᠷᠮ᠎ᠠ ᠶᠢ ᠦᠨᠳᠦᠰᠦᠯᠡᠨ᠂ ᠲᠡᠵᠢᠭᠡᠨ ᠦᠷᠡᠵᠢᠭᠦᠯᠬᠦ ᠳᠤᠮᠳᠠᠬᠢ ᠡᠯ᠎ᠡ ᠵᠦᠢᠯ ᠤᠨ ᠣᠷᠣᠭᠤᠯᠤᠯᠲᠠ ᠶᠢ ᠬᠠᠰᠤᠭᠰᠠᠨ ᠤ ᠳᠠᠷᠠᠭ᠎ᠠ᠂ ᠦᠬᠡᠷ ᠬᠤᠨᠢᠨ ᠤ ᠵᠢᠯ ᠤᠨ ᠴᠡᠪᠡᠷ ᠣᠷᠣᠯᠭ᠎ᠠ ᠶᠢᠨ ᠲᠣᠭᠠᠴᠠᠭ᠎ᠠ ᠬᠢᠬᠦ ᠪᠠᠷᠢᠮᠵᠢᠶ᠎ᠠ ᠶᠢ ᠬᠢᠨᠠᠨ ᠲᠣᠭᠲᠠᠭᠠᠨ᠎ᠠ᠄ ᠦᠬᠡᠷ 1500 ᠲᠥᠭᠦᠷᠢᠭ᠂ ᠬᠤᠨᠢ 100 ᠲᠥᠭᠦᠷᠢᠭ ︵ᠦᠬᠡᠷ 1 ᠲᠣᠯᠣᠭᠠᠶ ᠠᠴᠠ ᠡᠬᠢᠯᠡᠵᠦ᠂ ᠬᠤᠨᠢ 10 ᠲᠣᠯᠣᠭᠠᠶ ᠠᠴᠠ ᠡᠬᠢᠯᠡᠵᠦ ᠪᠤᠳᠤᠨ᠎ᠠ︶᠃      ︵2︶ ᠬᠡᠷ ᠪᠦᠯᠢ ᠶᠢᠨ ᠦᠨᠳᠦᠰᠦᠨ ᠦᠢᠯᠡᠳᠪᠦᠷᠢᠯᠡᠯ ᠠᠮᠢᠳᠤᠷᠠᠯ ᠳᠤ ᠬᠡᠷᠡᠭᠰᠡᠬᠦ ᠬᠥᠯᠥᠰᠢᠨ ᠦᠬᠡᠷ ︵ᠮᠣᠷᠢ᠂ ᠯᠠᠭᠤᠰᠠ᠂ ᠡᠯᠵᠢᠭᠡ︶᠂ ᠭᠠᠭ᠋ᠠᠶ᠂ ᠲᠠᠬᠢᠶ᠎ᠠ᠂ ᠨᠤᠭᠤᠰᠤ ᠵᠡᠷᠭᠡ ᠶᠢ ᠬᠡᠷ ᠪᠦᠯᠢ ᠶᠢᠨ ᠣᠷᠣᠯᠭ᠎ᠠ ᠳᠤ ᠪᠤᠳᠤᠵᠤ ᠣᠷᠣᠭᠤᠯᠬᠤ ᠥᠬᠡᠶ᠃      ︵ᠬᠤᠶᠠᠷ︶ ᠴᠠᠯᠢᠩ ᠤᠨ ᠴᠢᠨᠠᠷᠲᠠᠶ ᠣᠷᠣᠯᠭ᠎ᠠ ᠶᠢᠨ ᠲᠣᠭᠠᠴᠠᠭ᠎ᠠ ᠬᠢᠬᠦ᠃      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠵᠢᠯ ᠬᠥᠳᠡᠯᠮᠦᠷᠢ ᠬᠢᠭᠰᠡᠨ ᠣᠷᠣᠯᠭ᠎ᠠ ᠶᠢᠨ ᠲᠣᠭᠠᠴᠠᠭ᠎ᠠ᠄      ᠬᠤᠪᠢ ᠬᠥᠮᠦᠨ ᠤ ᠵᠢᠯ ᠤᠨ ᠣᠷᠣᠯᠭ᠎ᠠ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠣᠰ ᠭᠠᠵᠠᠷ ᠣᠷᠣᠨ ᠤ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ × 8 ᠰᠠᠷ᠎ᠠ᠃      ︵ᠭᠤᠷᠪᠠ︶ ᠡᠳ᠋ ᠬᠥᠷᠥᠩᠭᠡ ᠶᠢᠨ ᠴᠢᠨᠠᠷᠲᠠᠶ ᠣᠷᠣᠯᠭ᠎ᠠ ᠶᠢᠨ ᠲᠣᠭᠠᠴᠠᠭ᠎ᠠ ᠬᠢᠬᠦ᠃      1. ᠭᠡᠷ ᠪᠠᠶᠢᠰᠢᠩ ᠢ ᠲᠦᠷᠢᠶᠡᠰᠦᠯᠡᠭᠦᠯᠬᠦ᠂ ᠬᠤᠳᠠᠯᠳᠤᠬᠤ᠂ ᠨᠤᠷᠠᠭᠠᠵᠤ ᠨᠡᠭᠦᠯᠭᠡᠬᠦ᠄ ᠪᠣᠳᠠᠲᠠᠶ ᠲᠤᠭ᠎ᠠ ᠬᠡᠮᠵᠢᠶ᠎ᠡ ᠪᠠᠷ ᠪᠤᠳᠤᠨ᠎ᠠ᠃      2. ᠭᠠᠵᠠᠷ ᠰᠢᠷᠣᠶ᠂ ᠬᠠᠳᠤᠯᠠᠩ ᠪᠡᠯᠴᠢᠭᠡᠷ ᠢ ᠰᠢᠯᠵᠢᠭᠦᠯᠦᠨ ᠲᠦᠷᠢᠶᠡᠰᠦᠯᠡᠭᠦᠯᠦᠭᠰᠡᠨ ᠣᠷᠣᠯᠭ᠎ᠠ᠄ ᠪᠣᠳᠠᠲᠠᠶ ᠲᠤᠭ᠎ᠠ ᠬᠡᠮᠵᠢᠶ᠎ᠡ ᠪᠠᠷ ᠪᠤᠳᠤᠨ᠎ᠠ᠃      3. ᠭᠠᠵᠠᠷ ᠰᠢᠷᠣᠶ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠭᠰᠡᠨ ᠨᠥᠬᠦᠪᠥᠷᠢ ᠵᠡᠷᠭᠡ᠄ ᠪᠣᠳᠠᠲᠠᠶ ᠲᠤᠭ᠎ᠠ ᠬᠡᠮᠵᠢᠶ᠎ᠡ ᠪᠠᠷ ᠪᠤᠳᠤᠨ᠎ᠠ᠃      4. ᠪᠡᠯᠡ ᠣᠷᠣᠭᠤᠯᠤᠯᠲᠠ ᠶᠢᠨ ᠣᠷᠣᠯᠭ᠎ᠠ᠄ ᠪᠣᠳᠠᠲᠠᠶ ᠲᠤᠭ᠎ᠠ ᠬᠡᠮᠵᠢᠶ᠎ᠡ ᠪᠠᠷ ᠪᠤᠳᠤᠨ᠎ᠠ᠃      ︵ᠳᠥᠷᠪᠡ︶ ᠰᠢᠯᠵᠢᠯᠲᠡ ᠶᠢᠨ ᠴᠢᠨᠠᠷᠲᠠᠶ ᠣᠷᠣᠯᠭ᠎ᠠ ᠶᠢᠨ ᠲᠣᠭᠠᠴᠠᠭ᠎ᠠ ᠬᠢᠬᠦ᠃      1. ᠨᠠᠰᠤᠵᠢᠯ ᠤᠨ ᠳᠠᠭᠠᠳᠬᠠᠯ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠮᠥᠩᠭᠦ᠂ ᠨᠥᠭᠴᠢᠭᠰᠡᠳ ᠤᠨ ᠭᠡᠷ ᠪᠦᠯᠢ ᠶᠢᠨ ᠲᠤᠰᠠᠯᠠᠮᠵᠢ ᠶᠢᠨ ᠮᠥᠩᠭᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠵᠡᠷᠭᠡ᠄ ᠪᠣᠳᠠᠲᠠᠶ ᠠᠪᠤᠭᠰᠠᠨ ᠲᠤᠭ᠎ᠠ ᠬᠡᠮᠵᠢᠶ᠎ᠡ ᠪᠠᠷ ᠪᠤᠳᠤᠨ᠎ᠠ᠃      2 . ᠤᠯᠤᠰ ᠠᠴᠠ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠥᠷᠢ᠄ ᠪᠣᠳᠠᠲᠠᠶ ᠠᠪᠤᠭᠰᠠᠨ ᠲᠤᠭ᠎ᠠ ᠬᠡᠮᠵᠢᠶ᠎ᠡ ᠪᠠᠷ ᠪᠤᠳᠤᠨ᠎ᠠ᠃      3. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ᠄ ᠪᠣᠳᠠᠲᠠᠶ ᠭᠠᠷᠭᠠᠨ ᠠᠪᠬᠤ ᠲᠤᠭ᠎ᠠ ᠬᠡᠮᠵᠢᠶ᠎ᠡ ᠪᠠᠷ ᠪᠤᠳᠤᠨ᠎ᠠ      4. ᠠᠴᠢᠯᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠤᠨ ᠲᠣᠭᠠᠴᠠᠭ᠎ᠠ ᠬᠢᠬᠦ᠃      ︵1︶ ᠦᠷ᠎ᠡ ᠬᠡᠤᠬᠡᠳ ᠨᠢ ᠮᠠᠯᠵᠢᠬᠤ ᠲᠠᠷᠢᠶᠠᠯᠠᠬᠤ ᠣᠷᠣᠨ ᠳᠤ ᠰᠠᠭᠤᠷᠢᠰᠢᠵᠤ᠂ ᠲᠠᠷᠢᠶᠠᠯᠠᠩ ᠤᠨ ᠦᠶ᠋ᠯᠡᠳᠪᠦᠷᠢᠯᠡᠯ ᠡᠵᠡᠩᠨᠡᠯᠲᠡ ᠡᠷᠭᠢᠯᠡᠵᠦ ᠪᠠᠶᠢᠭ᠎ᠠ ᠪᠤᠶᠤ ᠮᠠᠯᠵᠢᠬᠤ ᠣᠷᠣᠨ ᠳᠤ ᠮᠠᠯ ᠥᠬᠡᠶ ᠡᠷᠦᠬᠡ ᠪᠠᠶᠢᠪᠠᠯ᠂ ᠡᠴᠢᠭᠡ ᠪᠤᠶᠤ ᠡᠬᠡ ᠶᠢᠨ ᠨᠢᠭᠡ ᠲᠠᠯ᠎ᠠ ᠳᠤᠨᠢ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠣᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 7% ᠪᠣᠯᠤᠨ᠎ᠠ᠃      ︵2︶ ᠦᠷ᠎ᠡ ᠬᠡᠦᠬᠡᠳ ᠨᠢ ᠲᠣᠭᠲᠠᠪᠤᠷᠢᠲᠠᠶ ᠣᠷᠣᠯᠭ᠎ᠠ ᠦᠭᠡᠢ᠂ ᠬᠤᠲᠠ ᠪᠠᠯᠭᠠᠰᠤᠨ ᠳᠤ ᠬᠥᠯᠥᠰᠥᠨ ᠠᠵᠢᠯ ᠬᠢᠪᠡᠯ᠂ ᠡᠴᠢᠭᠡ ᠪᠤᠶᠤ ᠡᠬᠡ ᠶᠢᠨ ᠨᠢᠭᠡ ᠡᠲᠡᠭᠡᠳ ᠲᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠶᠢᠨ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠤᠰ ᠭᠠᠵᠠᠷ ᠣᠷᠣᠨ ᠤ ᠰᠠᠷ᠎ᠠ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ × 8 ᠰᠠᠷ᠎ᠠ × 7%᠃      ︵3︶ ᠦᠷ᠎ᠡ ᠬᠡᠦᠬᠡᠳ ᠨᠢ ᠲᠡᠵᠢᠭᠡᠨ ᠦᠷᠡᠵᠢᠭᠦᠯᠬᠦ ᠦᠢᠯᠡᠰ ᠡᠵᠡᠩᠨᠡᠵᠦ ᠪᠠᠶᠢᠪᠠᠯ᠂ ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠤᠨ ᠵᠢᠯ ᠤᠨ ᠴᠡᠪᠡᠷ ᠣᠷᠣᠯᠭ᠎ᠠ ᠶᠢᠨ 5% ᠪᠠᠷ ᠡᠴᠢᠭᠡ ᠪᠤᠶᠤ ᠡᠬᠡ ᠶᠢᠨ ᠨᠢᠭᠡ ᠡᠲᠡᠭᠡᠳ ᠲᠤ ᠵᠢᠯ ᠤᠨ ᠠᠰᠠᠷᠠᠨ ᠲᠡᠵᠢᠭᠡᠬᠦ ᠵᠠᠷᠤᠳᠠᠯ ᠥᠭᠭᠦᠨ᠎ᠡ᠃      ︵4︶ ᠦᠷ᠎ᠡ ᠬᠡᠤᠬᠡᠳ ᠨᠢ ᠮᠠᠯᠵᠢᠬᠤ ᠲᠠᠷᠢᠶᠠᠯᠠᠬᠤ ᠣᠷᠣᠨ ᠳᠤ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ ᠶᠢᠨ ᠡᠵᠡᠩᠨᠡᠯᠲᠡ ᠪᠤᠶᠤ ᠬᠤᠷᠰᠢᠶ᠎ᠠ ᠶᠢᠨ ᠡᠵᠡᠩᠨᠡᠯᠲᠡ ᠬᠢᠵᠦ ᠪᠠᠶᠢᠪᠠᠯ᠂ ᠡᠴᠢᠭᠡ ᠪᠤᠶᠤ ᠡᠬᠡ ᠶᠢᠨ ᠨᠢᠭᠡ ᠲᠠᠯ᠎ᠠ ᠳᠤᠨᠢ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠣᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ × 7%᠃ ᠦᠷ᠎ᠡ ᠬᠡᠦᠬᠡᠳ ᠨᠢ ᠬᠤᠲᠠ ᠪᠠᠯᠭᠠᠰᠤᠨ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠪᠤᠶᠤ ᠬᠤᠷᠰᠢᠶᠠᠵᠢᠯ ᠤᠨ ᠡᠵᠡᠩᠨᠡᠯᠲᠡ ᠬᠢᠭᠰᠡᠨ ᠪᠠᠶᠢᠪᠠᠯ᠂ ᠡᠴᠢᠭᠡ ᠡᠬᠡ ᠶᠢᠨ ᠢᠶᠠᠨ ᠨᠢᠭᠡ ᠡᠲᠡᠭᠡᠳ ᠲᠤ ᠥᠭᠬᠦ ᠵᠢᠯ ᠤᠨ ᠠᠰᠠᠷᠠᠨ ᠲᠡᠵᠢᠭᠡᠬᠦ ᠵᠠᠷᠤᠳᠠᠯ = ᠬᠤᠪᠢ ᠬᠥᠮᠦᠨ ᠤ ᠬᠥᠳᠡᠯᠮᠦᠷᠢ ᠶᠢᠨ ᠬᠦᠴᠦᠨ ᠤ ᠢᠯᠡᠳᠬᠡᠮᠵᠢ × ᠳᠡᠭᠡᠷ᠎ᠡ ᠵᠢᠯ ᠤᠨ ᠲᠤᠰ ᠭᠠᠵᠠᠷ ᠣᠷᠣᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ × 12 ᠰᠠᠷ᠎ᠠ × 7% ᠪᠣᠯᠤᠨ᠎ᠠ᠃      ︵5︶ ᠦᠷ᠎ᠡ ᠬᠡᠤᠬᠡᠳ ᠤᠨ ᠬᠡᠷ ᠪᠦᠯᠢ ᠳᠤ ᠶᠠᠭ ᠬᠡᠷᠡᠭᠯᠡᠵᠦ ᠪᠠᠶᠢᠭ᠎ᠠ ᠬᠡᠷ ᠪᠦᠯᠢ ᠶᠢᠨ ᠵᠢᠵᠢᠭ ᠰᠠᠭᠤᠳᠠᠯ ᠤᠨ ᠮᠠᠰᠢᠨ ︵ᠵᠡᠮᠳᠡᠭ ᠬᠥᠮᠦᠨ ᠤ ᠶᠠᠪᠠᠭᠠᠨ ᠶᠠᠪᠤᠬᠤ ᠲᠡᠷᠭᠡ ᠪᠠᠭᠲᠠᠬᠤ ᠥᠬᠡᠶ︶ ᠪᠤᠶᠤ ᠮᠠᠰᠢᠨ ᠬᠥᠳᠡᠯᠭᠡᠭᠦᠷᠲᠦ ᠲᠡᠭᠡᠭᠡᠪᠦᠷᠢ ᠶᠢᠨ ᠲᠡᠷᠭᠡ ᠲᠠᠢ ᠪᠠᠶᠢᠪᠠᠯ᠂ ᠲᠡᠷᠭᠡ ᠬᠤᠳᠠᠯᠳᠤᠨ ᠠᠪᠤᠭᠰᠠᠨ ᠦᠨ᠎ᠡ ᠨᠢ 10 ᠲᠦᠮᠡᠨ ᠲᠥᠭᠦᠷᠢᠭ ᠠᠴᠠ ᠳᠣᠷᠣᠭᠰᠢ ᠪᠠᠶᠢᠪᠠᠯ 1000 ᠲᠥᠭᠦᠷᠢᠭ ᠢᠶᠠᠷ ᠪᠤᠳᠤᠵᠤ᠂ ᠲᠡᠭᠦᠨ ᠠᠴᠠ ᠳᠡᠭᠡᠭᠰᠢ ᠪᠠᠶᠢᠪᠠᠯ 2000 ᠲᠥᠭᠦᠷᠢᠭ ᠢᠶᠠᠷ ᠡᠴᠢᠭᠡ ᠪᠤᠶᠤ ᠡᠬᠡ ᠶᠢᠨ ᠬᠢᠨᠢ ᠨᠢᠭᠡ ᠲᠠᠯ᠎ᠠ ᠳᠤ ᠵᠢᠯ ᠤᠨ ᠠᠰᠠᠷᠠᠨ ᠲᠡᠵᠢᠭᠡᠬᠦ ᠵᠠᠷᠤᠳᠠᠯ ᠢ ᠥᠭᠭᠦᠨ᠎ᠡ᠃      ︵6︶ ᠦᠷ᠎ᠡ ᠬᠡᠦᠬᠡᠳ ᠨᠢ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠪᠤᠶᠤ ᠤᠯᠤᠰ ᠤᠨ ᠥᠮᠴᠢᠯᠡᠯ ᠤᠨ ᠬᠠᠮᠲᠤ ᠶᠢᠨ ᠠᠵᠤ ᠠᠬᠤᠶᠢᠯᠠᠯ ᠤᠨ ᠵᠢᠩᠬᠢᠨᠢ ᠠᠵᠢᠯᠲᠠᠨ ᠠᠵᠢᠯᠴᠢᠨ ᠪᠠᠶᠢᠵᠤ᠂ ᠡᠴᠢᠭᠡ ᠪᠤᠶᠤ ᠡᠬᠡ ᠶᠢᠨ ᠨᠢᠭᠡ ᠡᠲᠡᠭᠡᠳ ᠲᠤ ᠥᠭᠭᠦᠭᠰᠡᠨ ᠵᠢᠯ ᠤᠨ ᠠᠰᠠᠷᠠᠨ ᠲᠡᠵᠢᠭᠡᠬᠦ ᠵᠠᠷᠤᠳᠠᠯ = ᠵᠢᠯ ᠤᠨ ᠴᠠᠯᠢᠩ ᠤᠨ ᠶᠡᠷᠦᠩᠬᠡᠶ ᠲᠤᠭ᠎ᠠ × 7%᠃ ᠵᠢᠯ ᠤᠨ ᠴᠠᠯᠢᠩ ᠢ ᠬᠢᠨᠠᠨ ᠲᠣᠭᠲᠠᠭᠠᠬᠤ ᠰᠠᠭᠤᠷᠢ ᠲᠤᠭ᠎ᠠ ᠶᠢ ᠵᠠᠰᠠᠭ ᠵᠠᠬᠢᠷᠭ᠎ᠠ ᠠᠵᠢᠯ ᠦᠶ᠋ᠯᠡᠰ ᠤᠨ ᠨᠢᠭᠡᠴᠡ ᠪᠤᠶᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ 36000 ᠲᠥᠭᠦᠷᠢᠭ ᠤᠨ ᠪᠠᠷᠢᠮᠵᠢᠶ᠎ᠠ ᠠᠴᠠ ᠳᠣᠤᠷ᠎ᠠ ᠪᠤᠰᠤᠳ ᠠᠵᠤ ᠠᠬᠤᠶᠢᠯᠠᠯ ᠳᠤ ᠣᠷᠳᠣ ᠬᠤᠭᠤᠴᠠᠭ᠎ᠠ ᠪᠠᠷ ᠲᠣᠭᠲᠠᠪᠤᠷᠢᠲᠠᠶ ᠴᠠᠯᠢᠩ ᠤᠨ ᠣᠷᠣᠯᠭ᠎ᠠ ᠲᠠᠢ ᠪᠠᠶᠢᠪᠠᠯ᠂ ᠵᠢᠯ ᠤᠨ ᠴᠠᠯᠢᠩ ᠢ ᠬᠢᠨᠠᠨ ᠲᠣᠭᠲᠠᠭᠠᠬᠤ ᠰᠠᠭᠤᠷᠢ ᠲᠤᠭ᠎ᠠ ᠶᠢ 24000 ᠲᠥᠭᠦᠷᠢᠭ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃      ︵7︶ ᠦᠷ᠎ᠡ ᠬᠡᠦᠬᠡᠳ ᠨᠢ ᠪᠤᠰᠤᠳ ᠠᠵᠢᠯ ᠲᠥᠷᠥᠯ ᠢ ᠡᠷᠬᠢᠯᠡᠵᠦ ᠪᠠᠶᠢᠪᠠᠯ᠂ ᠳᠡᠭᠡᠷ᠎ᠡ ᠳᠤᠷᠠᠳᠤᠭᠰᠠᠨ ᠠᠳᠠᠯᠢᠪᠲᠤᠷ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠠᠴᠢᠯᠠᠨ ᠲᠡᠵᠢᠭᠡᠬᠦ ᠵᠠᠷᠤᠳᠠᠯ ᠢ ᠬᠢᠨᠠᠨ ᠲᠣᠭᠲᠠᠭᠠᠨ᠎ᠠ᠃      ︵8︶ ᠠᠳᠠᠯᠢ ᠨᠢᠭᠡ ᠦᠷ᠎ᠡ ᠬᠡᠦᠬᠡᠳ᠂ ᠳᠡᠭᠡᠷ᠎ᠡ ᠳᠤᠷᠠᠳᠤᠭᠰᠠᠨ ᠣᠷᠣᠯᠭ᠎ᠠ ᠶᠢᠨ ᠵᠦᠢᠯᠡᠰ ᠳᠠᠪᠬᠤᠷᠳᠠᠬᠤ ᠦᠶ᠎ᠡ ᠳᠤ ᠣᠷᠣᠯᠭ᠎ᠠ ᠪᠠ ᠠᠴᠢᠯᠠᠨ ᠲᠡᠵᠢᠭᠡᠬᠦ ᠵᠠᠷᠤᠳᠠᠯ ᠢ ᠨᠡᠶᠢᠯᠡᠭᠦᠯᠦᠨ ᠪᠣᠳᠣᠨ᠎ᠠ᠃      ︵9︶ ᠤᠷᠤᠭ ᠰᠠᠯᠤᠭᠰᠠᠨ ᠭᠡᠷ ᠪᠦᠯᠢ ᠶᠢᠨ ᠦᠷ᠎ᠡ ᠬᠡᠦᠬᠡᠳ ᠢ ᠠᠰᠠᠷᠠᠨ ᠲᠡᠵᠢᠭᠡᠬᠦ ᠵᠠᠷᠤᠳᠠᠯ ᠤᠨ ᠲᠤᠬᠠᠶ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠳᠣᠷᠬᠠᠶ ᠲᠣᠭᠲᠠᠭᠠᠯ ᠲᠠᠢ ᠪᠠᠶᠢᠪᠠᠯ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠶᠣᠰᠣᠭᠠᠷ ᠭᠦᠢᠴᠡᠳᠬᠡᠨ᠎ᠡ᠃ ᠬᠠᠤᠯᠢ ᠴᠠᠭᠠᠵᠠ ᠶᠢᠨ ᠪᠢᠴᠢᠭ ᠬᠠᠷ᠎ᠠ ᠪᠠᠶᠢᠬᠤ ᠦᠭᠡᠢ ᠪᠠᠶᠢᠪᠠᠯ᠂ ᠠᠰᠠᠷᠠᠨ ᠲᠡᠵᠢᠭᠡᠬᠦ ᠵᠠᠷᠤᠳᠠᠯ ᠢ ᠲᠡᠭᠦᠨ ᠤ ᠬᠤᠪᠢ ᠬᠥᠮᠦᠨ ᠤ ᠰᠠᠷ᠎ᠠ ᠶᠢᠨ ᠪᠦᠬᠦ ᠣᠷᠣᠯᠭ᠎ᠠ ᠶᠢᠨ 20% ᠠᠴᠠ ᠳᠣᠣᠷ᠎ᠠ ᠦᠭᠡᠢ ᠪᠠᠷ ᠥᠭᠭᠦᠨ᠎ᠡ᠃ ᠬᠤᠶᠠᠷ ᠠᠴᠠ ᠳᠡᠭᠡᠭᠰᠢ ᠦᠷ᠎ᠡ ᠬᠡᠦᠬᠡᠳ ᠤᠨ ᠵᠠᠷᠤᠳᠠᠯ ᠢ ᠡᠭᠦᠷᠭᠡᠯᠡᠬᠦ ᠳᠤ ᠬᠦᠷᠪᠡᠯ᠂ ᠬᠠᠷᠢᠴᠠᠯ ᠢ ᠨᠢ ᠵᠣᠬᠢᠰᠲᠠᠶ ᠪᠠᠷ ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠰᠠᠷ᠎ᠠ ᠶᠢᠨ ᠪᠦᠬᠦ ᠣᠷᠣᠯᠭ᠎ᠠ ᠶᠢᠨ 50% ᠠᠴᠠ ᠬᠡᠲᠦᠷᠡᠭᠦᠯᠵᠦ ᠪᠣᠯᠬᠤ ᠦᠭᠡᠢ᠃ ᠨᠢᠭᠡᠨᠲᠡ ᠨᠠᠰᠤᠨ ᠳᠤ ᠬᠦᠷᠦᠭᠰᠡᠨ ᠪᠣᠯᠪᠠᠴᠤ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠵᠡᠮᠳᠡᠭ ᠦᠷ᠎ᠡ ᠬᠡᠦᠬᠡᠳ ᠢ ᠠᠰᠠᠷᠠᠨ ᠲᠡᠵᠢᠭᠡᠬᠦ ᠵᠠᠷᠤᠳᠠᠯ ᠢ ᠲᠤᠰ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃    ︵10︶ ᠲᠡᠳᠬᠦᠨ ᠲᠡᠵᠢᠭᠡᠬᠦ ᠵᠠᠷᠤᠳᠠᠯ ᠢ ᠪᠣᠳᠠᠲᠠᠶ ᠥᠭᠭᠦᠭᠰᠡᠨ ᠪᠠᠶᠢᠳᠠᠯ ᠢ ᠦᠨᠳᠦᠰᠦᠯᠡᠨ ᠲᠣᠭᠠᠴᠠᠭ᠎ᠠ ᠬᠢᠨ᠎ᠡ᠃    ︵11︶ ᠡᠴᠢᠭᠡ ᠡᠬᠡ᠂ ᠦᠷ᠎ᠡ ᠬᠡᠦᠬᠡᠳ ᠵᠢᠴᠢ ᠠᠰᠠᠷᠠᠨ ᠲᠡᠵᠢᠭᠡᠭᠴᠢ ᠳᠤ ᠳᠣᠣᠷ᠎ᠠ ᠵᠢᠭᠰᠠᠭᠠᠭᠰᠠᠨ ᠪᠠᠶᠢᠳᠠᠯ ᠲᠠᠢ ᠪᠠᠶᠢᠪᠠᠯ᠂ ᠠᠰᠠᠷᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ᠂ ᠠᠰᠠᠷᠠᠨ ᠲᠡᠵᠢᠭᠡᠬᠦ ᠵᠠᠷᠤᠳᠠᠯ ᠢ ᠪᠤᠳᠤᠬᠤ ᠦᠭᠡᠢ ᠪᠤᠶᠤ ᠳᠤᠲᠠᠭᠤ ᠲᠣᠭᠠᠴᠠᠭ᠎ᠠ ᠬᠢᠵᠦ ᠪᠣᠯᠤᠨ᠎ᠠ᠃      ᠡᠴᠢᠭᠡ ᠡᠬᠡ᠂ ᠦᠷ᠎ᠡ ᠬᠡᠦᠬᠡᠳ ᠵᠢᠴᠢ ᠠᠰᠠᠷᠠᠨ ᠲᠡᠵᠢᠭᠡᠭᠴᠢ ᠨᠢ ᠣᠳᠣᠬᠠᠨ ᠳᠠᠭᠠᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠪᠤᠷᠠᠨ ᠲᠤᠰᠠᠯᠠᠯᠲᠠ ᠶᠢ ᠬᠦᠷᠲᠡᠵᠦ ᠪᠠᠶᠢᠬᠤ︔ ᠡᠴᠢᠭᠡ ᠡᠭᠡ᠂ ᠦᠷ᠎ᠡ ᠬᠡᠦᠬᠡᠳ ᠵᠢᠴᠢ ᠠᠰᠠᠷᠠᠨ ᠲᠡᠵᠢᠭᠡᠭᠴᠢ ᠶᠢᠨ ᠤᠷᠳᠦ ᠬᠤᠭᠤᠴᠠᠭ᠎ᠠ ᠪᠠᠷ ᠬᠠᠮᠲᠤ ᠠᠮᠢᠳᠤᠷᠠᠵᠤ ᠪᠠᠶᠢᠭᠰᠠᠨ ᠭᠡᠷ ᠪᠦᠯᠢ ᠶᠢᠨ ᠪᠦᠷᠢᠯᠳᠦᠬᠦᠨ ᠤ ᠳᠣᠲᠣᠷ᠎ᠠ ᠬᠦᠨᠳᠦ ᠣᠨᠴᠠ ᠶᠡᠭᠡ ᠡᠪᠡᠳᠴᠢᠨ ᠣᠯᠤᠭᠰᠠᠨ᠃ ᠦᠷ᠎ᠡ ᠬᠡᠦᠬᠡᠳ ᠪᠣᠯ ᠠᠯᠪᠠ ᠬᠠᠭᠠᠵᠤ ᠪᠠᠶᠢᠭ᠎ᠠ ᠠᠯᠪᠠᠨ ᠵᠢᠷᠤᠮ ᠤᠨ ᠴᠡᠷᠢᠭ ᠮᠥᠨ᠃ ᠡᠴᠢᠭᠡ ᠡᠬᠡ᠂ ᠦᠷ᠎ᠡ ᠬᠡᠦᠬᠡᠳ ᠪᠣᠯ ᠵᠠᠯᠭᠠᠭ᠎ᠠ ᠪᠠᠷ ᠭᠤᠷᠪᠠᠨ ᠵᠢᠯ ᠠᠴᠠ ᠳᠡᠭᠡᠭᠰᠢ ︵ᠭᠤᠷᠪᠠᠨ ᠵᠢᠯ ᠪᠠᠭᠲᠠᠨ᠎ᠠ︶ ᠭᠡᠷ ᠪᠦᠯᠢ ᠠᠴᠠ ᠪᠠᠨ ᠰᠠᠯᠵᠤ ᠪᠡᠶ᠎ᠡ ᠪᠠᠨ ᠳᠠᠭᠠᠭᠠᠵᠤ ᠠᠮᠢᠳᠤᠷᠠᠭᠰᠠᠨ ᠱᠠᠰᠢᠨ ᠰᠤᠷᠲᠠᠬᠤᠨ ᠤ ᠪᠠᠭᠰᠢ ᠠᠵᠢᠯᠲᠠᠨ ᠮᠥᠨ᠃ ᠡᠴᠢᠭᠡ ᠡᠬᠡ᠂ ᠦᠷ᠎ᠡ ᠬᠡᠦᠬᠡᠳ ᠨᠢ ᠭᠢᠨᠳᠠᠨ ᠳᠤ ᠡᠷᠡᠭᠦᠦ ᠰᠢᠳᠬᠡᠯ ᠭᠦᠢᠴᠡᠳᠬᠡᠵᠦ ᠪᠠᠶᠢᠬᠤ᠃      ᠠᠷᠪᠠᠨ ᠲᠠᠪᠤᠳᠤᠭᠠᠷ ᠵᠦᠢᠯ  ᠬᠡᠷᠪᠡ ᠡᠰᠡᠷᠭᠦᠴᠡᠵᠦ ᠳᠡᠶᠢᠯᠦᠰᠢ ᠥᠭᠡᠢ ᠰᠢᠯᠲᠠᠭᠠᠨ ᠠᠴᠠ ᠪᠣᠯᠵᠦ ᠭᠡᠷ ᠪᠦᠯᠢ ᠶᠢᠨ ᠣᠷᠣᠯᠭ᠎ᠠ ᠨᠢ ᠪᠠᠷᠢᠮᠵᠢᠶ᠎ᠠ ᠳᠤ ᠬᠥᠷᠥᠭᠰᠡᠨ ᠥᠭᠡᠢ ᠵᠢᠴᠢ ᠳᠡᠭᠡᠷᠡᠬᠢ ᠲᠣᠭᠠᠴᠠᠭ᠎ᠠ ᠬᠢᠭᠰᠡᠨ ᠣᠷᠣᠯᠭ᠎ᠠ ᠳᠤ ᠵᠢᠭᠰᠠᠭᠠᠨ ᠣᠷᠣᠭᠤᠯᠤᠭᠰᠠᠨ ᠥᠭᠡᠢ ᠪᠤᠰᠤᠳ ᠣᠷᠣᠯᠭ᠎ᠠ ᠶᠢ ᠪᠣᠢ ᠪᠣᠯᠭᠠᠭᠰᠠᠨ ᠪᠠᠶᠢᠪᠠᠯ᠂ ᠭᠡᠷ ᠪᠦᠯᠢ ᠶᠢᠨ ᠣᠷᠣᠯᠭ᠎ᠠ ᠶᠢ ᠠᠷᠠᠳᠴᠢᠯᠠᠯ ᠢᠶᠠᠷ ᠦᠨᠡᠯᠡᠨ ᠲᠣᠭᠲᠠᠭᠠᠬᠤ ᠵᠥᠪᠯᠡᠯ ᠠᠴᠠ ᠪᠠᠶᠢᠳᠠᠯ ᠢ ᠨᠢ ᠦᠵᠡᠵᠦ ᠪᠠᠶᠢᠭᠠᠳ ᠦᠨᠡᠯᠡᠨ ᠵᠢᠱᠢᠵᠦ ᠮᠠᠭᠠᠳᠯᠠᠨ ᠲᠣᠭᠲᠠᠭᠠᠵᠤ ᠪᠣᠯᠤᠨ᠎ᠠ᠃      ᠠᠷᠪᠠᠨ ᠵᠢᠷᠭᠤᠳᠤᠭᠠᠷ ᠵᠦᠢᠯ ᠣᠨᠴᠣᠭᠤᠶ ᠬᠦᠴᠢᠷᠳᠡᠯᠲᠡᠶ ᠬᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠶᠢ ᠪᠠᠭᠤᠷᠠᠭᠤᠯᠤᠨ᠎ᠠ᠃      ︵ᠨᠢᠭᠡ︶ ᠬᠦᠨᠳᠦ ᠵᠡᠮᠳᠡᠭ᠂ ᠬᠦᠨᠳᠦ ᠡᠪᠡᠳᠴᠢᠨ ᠠᠴᠠ ᠪᠣᠯᠵᠣ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠬᠡᠷ ᠪᠦᠯᠢ᠂ ᠨᠠᠰᠤᠨ ᠳᠤ ᠥᠯᠥ ᠭᠦᠷᠦᠭᠰᠡᠳ ᠲᠠᠢ ᠬᠤᠯᠪᠣᠰᠤ ᠪᠠᠨ ᠠᠯᠳᠠᠭᠰᠠᠨ ᠥᠷᠥᠭᠡᠰᠦᠨ ᠥᠨᠥᠴᠢᠨ ᠬᠡᠷ ᠪᠦᠯᠢ᠂ ᠬᠥᠬᠦᠭᠦᠯ ᠬᠤᠭᠤᠴᠠᠭ᠎ᠠ ᠲᠠᠢ ᠡᠮᠡᠭᠲᠡᠶ ᠲᠠᠢ ᠬᠡᠷ ᠪᠦᠯᠢ᠂ ᠣᠯᠠᠨ ᠳᠠᠪᠬᠤᠷ ᠵᠡᠮᠳᠡᠭ ᠬᠡᠷ ᠪᠦᠯᠢ᠂ 70 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠬᠡᠷ ᠪᠦᠯᠢ ᠵᠡᠷᠭᠡ ᠣᠨᠴᠣᠭᠤᠶ ᠬᠦᠴᠢᠷᠳᠡᠯᠲᠡᠶ ᠬᠡᠷ ᠪᠦᠯᠢ ᠳᠤ ᠲᠣᠭᠠᠴᠠᠭ᠎ᠠ ᠬᠢᠵᠦ ᠣᠷᠣᠯᠭ᠎ᠠ ᠶᠢ ᠨᠢ ᠰᠠᠭᠤᠯᠭᠠᠨ ᠬᠠᠰᠤᠵᠤ᠂ ᠣᠨᠴᠣᠭᠤᠶ ᠬᠦᠴᠢᠷᠳᠡᠯᠲᠡᠶ ᠬᠡᠷ ᠪᠦᠯᠢ ᠶᠢᠨ ᠲᠡᠩᠬᠡᠷᠡᠭᠦᠯᠦᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠬᠤᠶᠠᠷ︶ ᠬᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠶᠢᠨ ᠪᠤᠳᠤᠬᠤ ᠠᠷᠭ᠎ᠠ ᠶᠢ ᠪᠠᠭᠤᠷᠠᠭᠤᠯᠤᠨ᠎ᠠ᠃      1. ᠣᠷᠳᠣ ᠬᠤᠭᠤᠴᠠᠭ᠎ᠠ ᠪᠠᠷ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠦᠨᠳᠦ ᠵᠡᠮᠳᠡᠭ ᠪᠤᠶᠤ ᠬᠦᠨᠳᠦ ᠡᠪᠡᠳᠴᠢᠨ ᠠᠴᠠ ᠪᠣᠯᠵᠣ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠵᠤ᠂ ᠬᠡᠷ ᠤᠨ ᠬᠥᠮᠦᠰ ᠤᠨ ᠢᠶᠠᠨ ᠬᠠᠷᠠᠭᠠᠯᠵᠠᠬᠤ ᠴᠢᠬᠤᠯᠠᠲᠠᠶ ᠣᠨᠴᠠ ᠬᠦᠴᠢᠷᠳᠡᠯᠲᠡᠶ ᠬᠡᠷ ᠪᠦᠯᠢ ︵ᠬᠡᠷ ᠪᠦᠯᠢ ᠶᠢᠨ ᠪᠦᠷᠢᠯᠳᠦᠬᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢᠨ ᠣᠷᠣᠯᠠᠬᠤ ᠨᠣᠮᠧᠷ ᠨᠢ E1᠂ E2᠂ E3᠂ E4᠂ E5 ᠪᠣᠯᠬᠤ ᠬᠦᠨᠳᠦ ᠵᠡᠮᠳᠡᠭ ᠬᠥᠮᠦᠰ ᠪᠤᠶᠤ ᠣᠷᠣᠯᠠᠬᠤ ᠨᠣᠮᠧᠷ ᠨᠢ F1᠂ F2᠂ F3᠂ F4᠂ F5 ᠪᠣᠯᠬᠤ ᠬᠦᠨᠳᠦ ᠡᠪᠡᠳᠴᠢᠲᠡᠨ︶᠄      ᠬᠥᠳᠡᠭᠡ ᠲᠣᠰᠬᠤᠨ ᠤ ᠬᠡᠷ ᠪᠦᠯᠢ ᠶᠢᠨ ᠵᠢᠯ ᠤᠨ ᠣᠷᠣᠯᠭ᠎ᠠ ᠶᠢᠨ ᠲᠣᠭᠠᠴᠠᠭ᠎ᠠ ᠬᠢᠭᠡᠳ ᠬᠠᠰᠤᠭᠰᠠᠨ ᠵᠣᠭᠤᠰ ᠤᠨ ᠲᠤᠭ᠎ᠠ = ᠳᠡᠭᠡᠷ᠎ᠡ ᠵᠢᠯ ᠤᠨ ᠲᠣᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ × 0.2 ︵ᠬᠡᠷ ᠪᠦᠯᠢ ᠶᠢᠨ ᠬᠠᠰᠤᠭᠰᠠᠨ ᠢᠯᠡᠳᠬᠡᠮᠵᠢ᠂ ᠳᠣᠷᠣᠭᠰᠢ ᠠᠳᠠᠯᠢ︶ × ᠬᠡᠷ ᠪᠦᠯᠢ ᠶᠢᠨ ᠪᠦᠷᠢᠯᠳᠦᠬᠦᠨ ᠤ ᠬᠦᠨᠳᠦ ᠵᠡᠮᠳᠡᠭ ᠪᠤᠶᠤ ᠬᠦᠨᠳᠦ ᠡᠪᠡᠳᠴᠢᠲᠡᠨ ᠤ ᠲᠤᠭ᠎ᠠ ᠪᠣᠯᠤᠨ᠎ᠠ᠃      ᠬᠤᠲᠠ ᠪᠠᠯᠭᠠᠰᠤ ᠶᠢᠨ ᠬᠡᠷ ᠪᠦᠯᠢ ︵ᠬᠤᠲᠠ ᠪᠠᠯᠭᠠᠰᠤᠨ ᠳᠤ ᠨᠡᠭᠦᠨ ᠰᠠᠭᠤᠷᠢᠰᠢᠭᠰᠠᠨ ᠬᠥᠳᠡᠭᠡ ᠲᠣᠰᠬᠤᠨ ᠤ ᠰᠠᠭᠤᠭᠠᠯᠢ ᠠᠷᠠᠳ ᠢ ᠪᠠᠭᠲᠠᠭᠠᠨ᠎ᠠ︶ ᠶᠢᠨ ᠰᠠᠷ᠎ᠠ ᠶᠢᠨ ᠣᠷᠣᠯᠭ᠎ᠠ ᠶᠢᠨ ᠲᠣᠭᠠᠴᠠᠭ᠎ᠠ ᠬᠢᠭᠡᠳ ᠬᠠᠰᠤᠭᠰᠠᠨ ᠵᠣᠭᠤᠰ ᠤᠨ ᠲᠤᠭ᠎ᠠ = ᠳᠡᠭᠡᠷ᠎ᠡ ᠵᠢᠯ ᠤᠨ ᠲᠣᠰ ᠭᠠᠵᠠᠷ ᠣᠷᠣᠨ ᠤ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ × 0.2 × ᠬᠡᠷ ᠪᠦᠯᠢ ᠶᠢᠨ ᠪᠦᠷᠢᠯᠳᠦᠬᠦᠨ ᠤ ᠬᠦᠨᠳᠦ ᠵᠡᠮᠳᠡᠭ ᠪᠤᠶᠤ ᠬᠦᠨᠳᠦ ᠡᠪᠡᠳᠴᠢᠲᠡᠶ ᠬᠥᠮᠦᠨ ᠤ ᠲᠤᠭ᠎ᠠ ᠪᠣᠯᠤᠨ᠎ᠠ᠃      2. ᠨᠠᠰᠤᠨ ᠳᠤ ᠥᠯᠥ ᠭᠦᠷᠦᠭᠰᠡᠳ ᠲᠠᠢ ᠬᠤᠯᠪᠣᠰᠤ ᠪᠠᠨ ᠠᠯᠳᠠᠭᠰᠠᠨ ᠥᠷᠥᠭᠡᠰᠦᠨ ᠥᠨᠥᠴᠢᠨ ᠬᠡᠷ ᠪᠦᠯᠢ᠂ ᠬᠥᠬᠦᠭᠦᠯ ᠬᠤᠭᠤᠴᠠᠭᠠᠨ ᠤ ᠡᠮᠡᠭᠲᠡᠶᠢᠴᠦᠳ ᠤᠨ ᠬᠡᠷ ᠪᠦᠯᠢ᠂ ᠣᠯᠠᠨ ᠳᠠᠪᠬᠤᠷ ᠵᠡᠮᠳᠡᠭ ᠬᠡᠷ ᠪᠦᠯᠢ᠂ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠬᠡᠷ ᠪᠦᠯᠢ᠄      ᠬᠥᠳᠡᠭᠡ ᠲᠣᠰᠬᠤᠨ ᠤ ᠬᠡᠷ ᠪᠦᠯᠢ ᠶᠢᠨ ᠵᠢᠯ ᠤᠨ ᠣᠷᠣᠯᠭ᠎ᠠ ᠶᠢᠨ ᠲᠣᠭᠠᠴᠠᠭ᠎ᠠ ᠬᠢᠭᠡᠳ ᠬᠠᠰᠤᠭᠳᠠᠭᠰᠠᠨ ᠵᠣᠭᠤᠰ ᠤᠨ ᠲᠤᠭ᠎ᠠ = ᠳᠡᠭᠡᠷ᠎ᠡ ᠵᠢᠯ ᠤᠨ ᠲᠣᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ × 0.15 ᠪᠣᠯᠤᠨ᠎ᠠ᠃      ᠬᠤᠲᠠ ᠪᠠᠯᠭᠠᠰᠤ ᠶᠢᠨ ᠬᠡᠷ ᠪᠦᠯᠢ ︵ᠬᠤᠲᠠ ᠪᠠᠯᠭᠠᠰᠤ ᠳᠤ ᠨᠡᠭᠦᠨ ᠰᠠᠭᠤᠷᠢᠰᠢᠭᠰᠠᠨ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠪᠠᠭᠲᠠᠨ᠎ᠠ︶ ᠶᠢᠨ ᠰᠠᠷ᠎ᠠ ᠶᠢᠨ ᠣᠷᠣᠯᠭ᠎ᠠ ᠶᠢᠨ ᠬᠠᠰᠤᠭᠳᠠᠭᠰᠠᠨ ᠵᠣᠭᠤᠰ ᠤᠨ ᠲᠤᠭ᠎ᠠ = ᠳᠡᠭᠡᠷ᠎ᠡ ᠵᠢᠯ ᠤᠨ ᠲᠣᠰ ᠭᠠᠵᠠᠷ ᠣᠷᠣᠨ ᠤ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ × 0.2 ᠪᠣᠯᠤᠨ᠎ᠠ᠃      ︵ᠭᠤᠷᠪᠠ︶ ᠳᠡᠭᠡᠷ᠎ᠡ ᠳᠤᠷᠠᠳᠤᠭᠰᠠᠨ 1 ᠬᠢᠭᠡᠳ 2 ᠳᠤᠮᠳᠠᠬᠢ ᠪᠠᠶᠢᠳᠠᠯ ᠳᠠᠪᠬᠤᠷᠳᠠᠭᠰᠠᠨ ᠪᠠᠶᠢᠪᠠᠯ᠂ ᠬᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠳᠠᠪᠬᠤᠷᠳᠠᠭᠤᠯᠤᠨ ᠬᠠᠰᠤᠬᠤ ᠬᠡᠷᠡᠭᠲᠡᠶ᠃ 2 ᠳᠤᠮᠳᠠᠬᠢ ᠬᠡᠳᠦᠨ ᠵᠦᠢᠯ ᠤᠨ ᠪᠠᠶᠢᠳᠠᠯ ᠨᠢ ᠳᠠᠪᠬᠤᠷᠳᠠᠭᠰᠠᠨ ᠬᠡᠷ ᠪᠦᠯᠢ ᠳᠤ ᠵᠥᠪᠬᠡᠨ ᠨᠢᠭᠡ ᠯᠡ ᠤᠳᠠᠭ᠎ᠠ ᠬᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠬᠠᠰᠤᠨ᠎ᠠ᠃      ︵ᠳᠥᠷᠪᠡ︶ ᠣᠯᠠᠨ ᠳᠠᠪᠬᠤᠷ ᠵᠡᠮᠳᠡᠭ ᠬᠥᠮᠦᠰ ᠲᠤ᠂ ᠤᠷᠢᠳᠠᠪᠠᠷ ᠣᠯᠠᠨ ᠳᠠᠪᠬᠤᠷ ᠵᠡᠮᠳᠡᠭ ᠤᠨ ᠳᠣᠲᠣᠷᠠᠬᠢ ᠵᠡᠮᠳᠡᠭ ᠤᠨ ᠬᠡᠮᠵᠢᠶ᠎ᠡ ᠨᠢ ᠨᠡᠯᠢᠶᠡᠳ ᠬᠦᠨᠳᠦ ᠬᠤᠪᠢ ᠬᠥᠮᠦᠨ ᠤ ᠬᠥᠳᠡᠯᠮᠦᠷᠢ ᠬᠦᠴᠦᠨ ᠤ ᠢᠯᠡᠳᠬᠡᠮᠵᠢ ᠶᠢ ᠬᠢᠨᠠᠨ ᠲᠣᠭᠲᠠᠭᠠᠵᠤ ᠣᠷᠣᠯᠭ᠎ᠠ ᠶᠢ ᠨᠢ ᠲᠣᠭᠠᠴᠠᠭ᠎ᠠ ᠬᠢᠵᠦ᠂ ᠳᠠᠷᠠᠭ᠎ᠠ ᠨᠢ ᠳᠡᠭᠡᠷ᠎ᠡ ᠳᠤᠷᠠᠳᠤᠭᠰᠠᠨ ᠬᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠵᠦ ᠰᠠᠭᠤᠳᠬᠠᠨ ᠪᠤᠳᠤᠨ᠎ᠠ᠃      ᠠᠷᠪᠠᠨ ᠳᠣᠯᠣᠳᠤᠭᠠᠷ ᠵᠦᠢᠯ   ᠬᠡᠷ ᠪᠦᠯᠢ ᠶᠢᠨ ᠵᠠᠷᠤᠯᠭ᠎ᠠ ᠶᠢᠨ ᠲᠣᠭᠠᠴᠠᠭ᠎ᠠ ᠬᠢᠬᠦ ᠶᠢ ᠬᠠᠰᠤᠨ᠎ᠠ᠃      ︵ᠨᠢᠭᠡ︶ ᠳᠣᠤᠷᠠᠬᠢ ᠮᠡᠲᠦ ᠵᠠᠷᠤᠯᠭ᠎ᠠ ᠶᠢ ᠬᠡᠷ ᠪᠦᠯᠢ ᠶᠢᠨ ᠣᠷᠣᠯᠭ᠎ᠠ ᠶᠢᠨ ᠲᠣᠭᠠᠴᠠᠭ᠎ᠠ ᠬᠢᠬᠦ ᠳᠤ ᠰᠠᠭᠤᠯᠭᠠᠨ ᠬᠠᠰᠤᠨ᠎ᠠ᠃      1. ᠡᠮ ᠡᠮᠨᠡᠯᠭᠡ ᠶᠢᠨ ᠵᠠᠷᠤᠳᠠᠯ ᠢ ᠬᠡᠷ ᠪᠦᠯᠢ ᠶᠢᠨ ᠵᠠᠪᠠᠯ ᠬᠡᠷᠡᠭᠰᠡᠬᠦ ᠴᠢᠨᠠᠷᠲᠠᠶ ᠵᠠᠷᠤᠯᠭ᠎ᠠ ᠶᠢᠨ ᠨᠥᠬᠦᠴᠡᠯ ᠪᠣᠯᠭᠠᠨ᠎ᠠ᠄      ︵1︶ ᠲᠦᠷᠦᠭᠦᠤ ᠵᠢᠯ ᠠᠴᠠ ᠨᠠᠰᠢ᠂ ᠬᠦᠨᠳᠦ ᠣᠨᠴᠠ ᠶᠡᠭᠡ ᠡᠪᠡᠳᠴᠢᠨ ᠳᠤ ᠨᠡᠷᠪᠡᠭᠳᠡᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠥᠪᠡᠷ ᠢᠶᠠᠨ ᠳᠥᠯᠥᠬᠦ ᠬᠡᠰᠡᠭ ᠤᠨ ᠡᠮ ᠡᠮᠨᠡᠯᠭᠡ ᠶᠢᠨ ᠵᠠᠷᠤᠳᠠᠯ ᠢ 30% ᠪᠠᠷ ᠬᠠᠰᠤᠵᠤ᠂ ᠬᠠᠮᠤᠭ ᠥᠨᠳᠥᠷ ᠲᠡᠭᠡᠨ 10000 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃      ︵2︶ ᠲᠦᠷᠦᠭᠦᠤ ᠵᠢᠯ ᠠᠴᠠ ᠨᠠᠰᠢ᠂ ᠠᠳᠠᠯᠢ ᠨᠢᠭᠡ ᠬᠡᠷ ᠪᠦᠯᠢ ᠶᠢᠨ ᠪᠦᠷᠢᠯᠳᠦᠬᠦᠨ ᠬᠤᠶᠠᠷ ᠤᠳᠠᠭ᠎ᠠ ᠪᠤᠶᠤ ᠬᠤᠶᠠᠷ ᠠᠴᠠ ᠳᠡᠭᠡᠭᠰᠢ ᠤᠵᠢᠭ ᠡᠪᠡᠳᠴᠢᠨ ᠳᠤ ᠨᠡᠷᠪᠡᠭᠳᠡᠵᠦ ᠡᠮᠨᠡᠯᠭᠡ ᠳᠤ ᠰᠠᠭᠤᠵᠤ ᠡᠮᠨᠡᠭᠦᠯᠦᠭᠰᠡᠨ ᠵᠢᠴᠢ ᠪᠤᠰᠤᠳ ᠡᠪᠡᠳᠴᠢᠨ ᠳᠤ ᠨᠡᠷᠪᠡᠭᠳᠡᠵᠦ ᠡᠮᠨᠡᠯᠭᠡ ᠳᠤ ᠰᠠᠭᠤᠵᠤ ᠡᠮᠨᠡᠭᠦᠯᠦᠭᠰᠡᠨ ᠪᠠᠶᠢᠪᠠᠯ᠂ ᠡᠮ ᠡᠮᠨᠡᠯᠭᠡ ᠶᠢᠨ ᠳᠠᠭᠠᠳᠬᠠᠯ ᠪᠠ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠨᠡᠶᠢᠲᠡ 10000 ᠲᠥᠭᠦᠷᠢᠭ ︵ᠪᠠᠭᠲᠠᠨ᠎ᠠ︶ ᠠᠴᠠ ᠳᠡᠭᠡᠭᠰᠢᠬᠢ ᠬᠤᠪᠢ ᠬᠥᠮᠦᠨ ᠤ ᠥᠪᠡᠷ ᠢᠶᠠᠨ ᠳᠥᠯᠥᠭᠰᠡᠨ ᠬᠡᠰᠡᠭ ᠤᠨ ᠡᠮ ᠡᠮᠨᠡᠯᠭᠡ ᠶᠢᠨ ᠵᠠᠷᠤᠳᠠᠯ ᠢ 20% ᠪᠠᠷ ᠬᠠᠰᠤᠵᠤ᠂ ᠬᠠᠰᠤᠪᠠᠯ ᠬᠠᠮᠤᠭ ᠥᠨᠳᠥᠷ ᠲᠡᠭᠡᠨ 5000 ᠲᠥᠭᠦᠷᠢᠭ ᠠᠴᠠ ᠬᠡᠲᠦᠷᠡᠭᠦᠯᠬᠦ ᠥᠬᠡᠶ᠃      ︵3︶ ᠬᠤᠪᠢ ᠬᠥᠮᠦᠨ ᠤ ᠡᠮᠨᠡᠯᠭᠡ ᠳᠤ ᠰᠠᠭᠤᠭᠰᠠᠨ ᠤ ᠳᠠᠷᠠᠭ᠎ᠠ ᠥᠪᠡᠷ ᠢᠶᠠᠨ ᠲᠤᠰᠢᠶᠠᠭᠰᠠᠨ ᠬᠡᠰᠡᠭ ᠡᠮ ᠡᠮᠨᠡᠯᠭᠡ ᠶᠢᠨ ᠵᠠᠷᠤᠳᠠᠯ ᠠᠴᠠ ᠡᠮᠴᠢᠯᠡᠭᠡᠨ ᠤ ᠠᠪᠤᠷᠠᠨ ᠲᠤᠰᠠᠯᠠᠯᠲᠠ ᠪᠤᠶᠤ ᠪᠤᠰᠤᠳ ᠰᠠᠯᠠᠭ᠎ᠠ ᠮᠥᠴᠢᠷ ᠤᠨ ᠳᠠᠬᠢᠨ ᠳᠠᠩᠰᠠᠨ ᠠᠴᠠ ᠲᠠᠶᠢᠯᠤᠭᠰᠠᠨ ᠵᠣᠭᠤᠰ ᠤᠨ ᠲᠤᠭ᠎ᠠ ᠶᠢ ᠬᠠᠰᠤᠬᠤ ᠬᠡᠷᠡᠭᠲᠡᠶ᠃      ︵4︶ ᠣᠨᠴᠠᠭᠠᠶ ᠰᠢᠯᠲᠠᠭᠠᠨ ᠠᠴᠠ ᠪᠣᠯᠵᠤ ᠡᠮ ᠡᠮᠨᠡᠯᠭᠡ ᠶᠢᠨ ᠵᠠᠷᠤᠳᠠᠯ ᠢᠶᠠᠨ ᠳᠠᠩᠰᠠᠨ ᠠᠴᠠ ᠲᠠᠶᠢᠯᠤᠭᠰᠠᠨ ᠦᠭᠡᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠡᠮ ᠡᠮᠨᠡᠯᠭᠡ ᠶᠢᠨ ᠪᠠᠶᠢᠭᠤᠯᠤᠮᠵᠢ ᠶᠢᠨ ᠭᠠᠷᠭᠠᠭᠰᠠᠨ ᠣᠨᠣᠰᠢᠯᠠᠯᠲᠠ ᠶᠢᠨ ᠭᠡᠷᠡᠴᠢ᠂ ᠡᠮᠨᠡᠯᠭᠡ ᠳᠤ ᠰᠠᠭᠤᠵᠤ ᠡᠮᠨᠡᠭᠦᠯᠦᠭᠰᠡᠨ ᠡᠪᠡᠳᠴᠢᠨ ᠤ ᠥᠩᠭᠡᠷᠡᠯᠲᠡ ᠶᠢᠨ ᠲᠦᠷᠦᠭᠦᠦ ᠨᠢᠭᠤᠷ ᠤᠨ ᠪᠠᠭᠤᠯᠭᠠᠪᠤᠷᠢ ︵ᠡᠮ ᠡᠮᠨᠡᠯᠭᠡ ᠶᠢᠨ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠨ᠎ᠠ︶ ᠵᠢᠴᠢ ᠡᠮ ᠡᠮᠨᠡᠯᠭᠡ ᠶᠢᠨ ᠵᠠᠷᠤᠳᠠᠯ ᠤᠨ ᠪᠠᠭᠤᠯᠭᠠᠪᠤᠷᠢ ᠶᠢ ᠬᠠᠩᠭᠠᠵᠤ᠂ ᠡᠮ ᠡᠮᠨᠡᠯᠭᠡ ᠶᠢᠨ ᠵᠠᠷᠤᠳᠠᠯ ᠤᠨ ᠶᠡᠷᠦᠩᠬᠡᠶ ᠲᠣᠭᠠᠨ ᠤ 20% ᠪᠠᠷ ᠭᠡᠷ ᠪᠦᠯᠢ ᠶᠢᠨ ᠵᠠᠷᠤᠯᠭ᠎ᠠ ᠶᠢᠨ ᠬᠠᠰᠤᠬᠤ ᠲᠤᠭ᠎ᠠ ᠪᠣᠯᠭᠠᠨ᠎ᠠ᠃      2. ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠢ ᠭᠡᠷ ᠪᠦᠯᠢ ᠶᠢᠨ ᠵᠠᠪᠠᠯ ᠬᠡᠷᠡᠭᠰᠡᠬᠦ ᠴᠢᠨᠠᠷᠲᠠᠶ ᠵᠠᠷᠤᠯᠭ᠎ᠠ ᠶᠢᠨ ᠨᠥᠬᠦᠴᠡᠯ ᠪᠣᠯᠭᠠᠨ᠎ᠠ᠄      ᠡᠭᠦᠨ ᠤ ᠬᠠᠮᠲᠤ ᠰᠤᠷᠭᠠᠭᠤᠯᠢ ᠳᠤ ᠪᠠᠶᠢᠭ᠎ᠠ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠪᠠ ᠣᠶᠤᠲᠠᠨ ᠪᠤᠶᠤ ᠬᠤᠶᠠᠷ ᠠᠴᠠ ᠳᠡᠭᠡᠭᠰᠢ ᠣᠶᠤᠲᠠᠨ ᠲᠠᠢ ᠬᠡᠷ ᠪᠦᠯᠢ ᠶᠢᠨ ᠬᠡᠷ ᠪᠦᠯᠢ ᠶᠢᠨ ᠲᠣᠭᠠᠴᠠᠭ᠎ᠠ ᠬᠢᠭᠰᠡᠨ ᠣᠷᠣᠯᠭ᠎ᠠ ᠶᠢ ᠵᠢᠯ ᠪᠦᠷᠢ 6000 ᠲᠥᠭᠦᠷᠢᠭ ᠢᠶᠠᠷ ᠬᠠᠰᠤᠨ᠎ᠠ᠃      ︵ᠬᠤᠶᠠᠷ︶ ᠲᠡᠷᠭᠡᠨ ᠠᠳᠡᠯ ︵ᠬᠠᠷᠢᠭᠤᠴᠠᠯᠭ᠎ᠠ ᠲᠠᠢ ᠬᠥᠮᠦᠨ︶᠂ ᠬᠤᠤᠷ ᠲᠠᠲᠠᠬᠤ᠂ ᠪᠡᠶ᠎ᠡ ᠪᠠᠨ ᠭᠡᠮᠲᠦᠭᠡᠬᠦ ᠵᠡᠷᠭᠡ ᠪᠠᠶᠢᠳᠠᠯ ᠢ ᠡᠮᠴᠢᠯᠡᠭᠡᠨ ᠤ ᠳᠠᠭᠠᠳᠬᠠᠯ ᠪᠤᠶᠤ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠠᠩᠰᠠ ᠲᠠᠶᠢᠯᠤᠭᠰᠠᠨ ᠥᠬᠡᠶ ᠡᠮ ᠡᠮᠨᠡᠯᠭᠡ ᠶᠢᠨ ᠵᠠᠷᠤᠳᠠᠯ ᠢ ᠬᠡᠷ ᠪᠦᠯᠢ ᠶᠢᠨ ᠬᠠᠰᠤᠬᠤ ᠬᠡᠪᠴᠢᠶᠡᠨ ᠳᠤ ᠣᠷᠣᠭᠤᠯᠬᠤ ᠥᠬᠡᠶ᠃      ᠠᠷᠪᠠᠨ ᠨᠠᠢᠮᠠᠳᠤᠭᠠᠷ ᠵᠦᠢᠯ ᠬᠦ᠋ᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠪᠤᠳᠤᠬᠤ᠃      ᠭᠡᠷ ᠪᠦᠯᠢ ᠶᠢᠨ ᠣᠷᠣᠯᠭ᠎ᠠ ᠨᠡᠶᠢᠯᠡᠭᠡᠳ = ᠡᠵᠡᠩᠨᠡᠯᠲᠡ ᠶᠢᠨ ᠴᠢᠨᠠᠷᠲᠠᠶ ᠣᠷᠣᠯᠭ᠎ᠠ + ᠴᠠᠯᠢᠩ ᠤᠨ ᠴᠢᠨᠠᠷᠲᠠᠶ ᠣᠷᠣᠯᠭ᠎ᠠ + ᠡᠳ᠋ ᠬᠥᠷᠤᠩᠭᠡ ᠶᠢᠨ ᠴᠢᠨᠠᠷᠲᠠᠶ ᠣᠷᠣᠯᠭ᠎ᠠ + ᠰᠢᠯᠵᠢᠯᠲᠡ ᠶᠢᠨ ᠴᠢᠨᠠᠷᠲᠠᠶ ᠣᠷᠣᠯᠭ᠎ᠠ ᠪᠣᠯᠤᠨ᠎ᠠ᠃      ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ = ︵ᠬᠡᠷ ᠪᠦᠯᠢ ᠶᠢᠨ ᠣᠷᠣᠯᠭ᠎ᠠ ᠶᠢᠨ ᠨᠡᠶᠢᠲᠡ — ᠬᠡᠷ ᠪᠦᠯᠢ ᠶᠢᠨ ᠲᠣᠭᠠᠴᠠᠭ᠎ᠠ ᠬᠢᠬᠦ ᠣᠷᠣᠯᠭ᠎ᠠ ᠶᠢᠨ ᠵᠣᠭᠤᠰ ᠤᠨ ᠲᠤᠭ᠎ᠠ — ᠬᠡᠷ ᠪᠦᠯᠢ ᠶᠢᠨ ᠵᠦᠶ ᠵᠣᠬᠢᠰᠲᠠᠶ ᠵᠠᠷᠤᠯᠭ᠎ᠠ ᠶᠢᠨ ᠵᠣᠭᠤᠰ ᠤᠨ ᠲᠤᠭ᠎ᠠ ᠶᠢ ᠪᠠᠭᠤᠷᠠᠭᠤᠯᠤᠨ᠎ᠠ︶ / ᠬᠡᠷ ᠪᠦᠯᠢ ᠶᠢᠨ ᠬᠥᠮᠦᠨ ᠠᠮᠠ ︵ᠬᠥᠳᠡᠭᠡ ᠲᠣᠰᠬᠤᠨ ᠤ ᠲᠣᠭᠠᠴᠠᠭ᠎ᠠ ᠬᠢᠬᠦ ᠪᠠᠷᠢᠮᠵᠢᠶ᠎ᠠ ᠶᠢ ᠣᠨ᠂ ᠬᠤᠲᠠ ᠪᠠᠯᠭᠠᠰᠤ ᠪᠠᠷ ᠰᠠᠷ᠎ᠠ ᠪᠠᠷ ᠪᠤᠳᠤᠨ᠎ᠠ︶᠃      ᠠᠷᠪᠠ ᠶᠢᠰᠦᠳᠦᠭᠡᠷ ᠵᠦᠢᠯ  ᠳᠣᠣᠷᠠᠬᠢ ᠠᠭᠤᠯᠭ᠎ᠠ ᠶᠢ ᠭᠡᠷ ᠪᠦᠯᠢ ᠶᠢᠨ ᠣᠷᠣᠯᠭ᠎ᠠ ᠳᠤ ᠪᠤᠳᠤᠵᠤ ᠣᠷᠣᠭᠤᠯᠬᠤ ᠦᠭᠡᠢ᠃      ︵ᠨᠢᠭᠡ︶ ᠬᠠᠷᠠᠭᠠᠯᠵᠠᠯ ᠬᠦᠷᠳᠡᠬᠦ ᠡᠲᠡᠭᠡᠳ ᠤᠨ ᠤᠯᠤᠰ ᠤᠨ ᠲᠣᠭᠲᠠᠭᠠᠯ ᠶᠣᠰᠣᠭᠠᠷ ᠡᠳ᠋ᠯᠡᠬᠦ ᠬᠠᠷᠠᠭᠠᠯᠵᠠᠯ ᠬᠠᠷᠠᠭᠠᠯᠵᠠᠯ᠂ ᠠᠯᠪᠠᠨ ᠵᠢᠷᠤᠮ ᠤᠨ ᠴᠡᠷᠢᠭ ᠤᠨ ᠴᠡᠷᠢᠭ ᠠᠴᠠ ᠪᠠᠭᠤᠭᠰᠠᠨ ᠵᠠᠷᠤᠳᠠᠯ᠃      ︵ᠬᠤᠶᠠᠷ︶ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠬᠥᠮᠦᠰ ᠤᠨ ᠣᠯᠤᠭᠰᠠᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ᠃ ᠮᠤᠵᠢ ᠶᠢᠨ ᠱᠠᠲᠤᠨ ᠠᠴᠠ ᠳᠡᠭᠡᠭᠰᠢᠬᠢ ᠬᠥᠳᠡᠯᠮᠦᠷᠢ ᠶᠢᠨ ᠵᠢᠱᠢᠶᠡᠴᠢ ᠶᠢᠨ ᠠᠵᠢᠯ ᠠᠴᠠ ᠪᠠᠨ ᠪᠠᠭᠤᠵᠤ ᠠᠮᠠᠷᠠᠭᠰᠠᠨ ᠤ ᠲᠡᠷᠠᠭ᠎ᠠ ᠬᠦᠷᠳᠡᠬᠦ ᠢᠷᠠᠭᠤ ᠬᠦᠷᠲᠡᠨ᠎ᠡ᠃      ︵ᠭᠤᠷᠪᠠ︶ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠣᠯᠤᠭᠰᠠᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠬᠦᠴᠢᠷᠳᠡᠯ ᠤᠨ ᠲᠤᠰᠠᠯᠠᠮᠵᠢ ᠶᠢᠨ ᠮᠥᠩᠭᠦ᠃      ︵ᠳᠥᠷᠪᠡ︶ ᠡᠯ᠎ᠡ ᠱᠠᠲᠤᠨ ᠤ ᠵᠠᠰᠠᠭ ᠤᠨ ᠣᠷᠳᠣᠨ᠂ ᠨᠡᠶᠢᠭᠡᠮ ᠤᠨ ᠡᠯ᠎ᠡ ᠡᠲᠡᠭᠡᠳ ᠤᠨ ᠣᠯᠭᠤᠭᠰᠠᠨ ᠲᠦᠷ ᠴᠠᠭ ᠤᠨ ᠴᠢᠨᠠᠷᠲᠠᠶ ᠠᠪᠤᠷᠠᠨ ᠲᠤᠰᠠᠯᠠᠬᠤ ᠵᠣᠭᠤᠰ ᠮᠥᠩᠭᠦ ᠡᠳ᠋ ᠪᠣᠳᠠᠰ᠃      ︵ᠲᠠᠪᠤ︶ ᠨᠢᠭᠡ ᠤᠳᠠᠭ᠎ᠠ ᠶᠢᠨ ᠴᠢᠨᠠᠷᠲᠠᠶ ᠠᠰᠠᠷᠠᠮᠵᠢ ᠶᠢᠨ ᠮᠥᠩᠭᠦ᠂ ᠣᠷᠣᠰᠢᠭᠤᠯᠭ᠎ᠠ ᠶᠢᠨ ᠵᠠᠷᠤᠳᠠᠯ᠃      ︵ᠵᠢᠷᠭᠤᠭ᠎ᠠ︶ ᠬᠥᠮᠦᠨ ᠤ ᠪᠡᠶ᠎ᠡ ᠶᠢᠨ ᠬᠤᠬᠢᠷᠠᠯ ᠤᠨ ᠲᠥᠯᠥᠪᠦᠷᠢ ᠶᠢᠨ ᠮᠥᠩᠭᠦ ᠳᠠᠬᠢ ᠡᠮᠨᠡᠯᠭᠡ ᠶᠢᠨ ᠵᠠᠷᠤᠳᠠᠯ᠂ ᠰᠤᠪᠢᠯᠠᠯᠲᠠ ᠶᠢᠨ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ᠂ ᠬᠤᠨᠤᠭ ᠤᠨ ᠵᠠᠷᠤᠳᠠᠯ᠂ ᠡᠮᠨᠡᠯᠭᠡ ᠳᠤ ᠰᠠᠭᠤᠭᠰᠠᠨ ᠬᠤᠭᠤᠯᠠᠨ ᠤ ᠨᠥᠬᠦᠪᠥᠷᠢ ᠶᠢᠨ ᠵᠠᠷᠤᠳᠠᠯ᠂ ᠰᠢᠮ᠎ᠡ ᠲᠡᠵᠢᠭᠡᠯ ᠤᠨ ᠵᠠᠷᠤᠳᠠᠯ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠵᠠᠷᠤᠳᠠᠯ᠂ ᠡᠷᠡᠭᠦᠯᠵᠢᠯ ᠤᠨ ᠵᠠᠷᠤᠳᠠᠯ᠂ ᠦᠷᠭᠦᠯᠵᠢᠯᠡᠨ ᠡᠮᠴᠢᠯᠡᠬᠦ ᠵᠠᠷᠤᠳᠠᠯ᠃      ︵ᠳᠣᠯᠤᠭ᠎ᠠ︶ ᠠᠵᠢᠯᠴᠢᠨ ︵ᠠᠯᠪᠠᠨ ᠤ︶ ᠰᠢᠷᠬᠠᠲᠤᠯ ᠲᠠᠢ ᠠᠵᠢᠯᠲᠠᠨ ᠠᠵᠢᠯᠴᠢᠨ ᠤ ᠰᠠᠷ᠎ᠠ ᠪᠠᠷ ᠠᠪᠬᠤ ᠠᠵᠢᠯ ᠢ ᠨᠢ ᠵᠣᠭᠰᠣᠭᠠᠵᠤ ᠴᠠᠯᠢᠩ ᠢ ᠨᠢ ᠦᠯᠡᠳᠡᠭᠡᠬᠦ ᠴᠠᠯᠢᠩ ᠠᠰᠠᠷᠠᠮᠵᠢ᠂ ᠵᠡᠮᠳᠡᠭᠴᠦᠳ ᠤᠨ ᠨᠥᠬᠦᠪᠥᠷᠢ ᠮᠥᠩᠭᠦ ᠠᠴᠠ ᠭᠠᠳᠠᠨᠠᠬᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠮᠥᠩᠭᠦ ᡽ ᠠᠵᠢᠯ ᠠᠴᠠ ᠪᠣᠯᠵᠤ ᠥᠭᠦᠭᠰᠡᠨ ᠠᠵᠢᠯᠲᠠᠨ ᠠᠵᠢᠯᠴᠢᠨ ᠤ ᠠᠰᠠᠷᠠᠨ ᠲᠡᠵᠢᠭᠡᠬᠦ ᠲᠥᠷᠥᠯ ᠰᠠᠳᠤᠨ ᠤ ᠠᠰᠠᠷᠠᠮᠵᠢ ᠶᠢᠨ ᠮᠥᠩᠭᠦ ᠠᠴᠠ ᠭᠠᠳᠠᠨᠠᠬᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ      ︵ᠨᠠᠢᠮᠠ︶ ᠡᠮᠴᠢᠯᠡᠭᠡᠨ ᠤ ᠳᠠᠭᠠᠳᠬᠠᠯ ᠤᠨ ᠣᠯᠭᠤᠮᠵᠢ ᠳᠠᠬᠢ ᠬᠤᠪᠢ ᠬᠥᠮᠦᠨ ᠤ ᠲᠠᠩᠰᠠᠨ ᠡᠷᠦᠬᠡ ᠶᠢᠨ ᠡᠮᠴᠢᠯᠡᠭᠡᠨ ᠤ ᠳᠠᠭᠠᠳᠬᠠᠯ ᠤᠨ ᠮᠥᠩᠭᠦ᠂ ᠡᠮᠨᠡᠯᠭᠡ ᠳᠤ ᠰᠠᠭᠤᠭᠰᠠᠨ ᠵᠢᠴᠢ ᠡᠭᠦᠳᠡᠨ ᠡᠮᠨᠡᠯᠭᠡ ᠶᠢᠨ ᠲᠠᠩᠰᠠ ᠲᠠᠶᠢᠯᠤᠭᠰᠠᠨ ᠡᠮᠴᠢᠯᠡᠭᠡᠨ ᠤ ᠵᠠᠷᠤᠳᠠᠯ᠂ ᠡᠮᠴᠢᠯᠡᠭᠡᠨ ᠤ ᠲᠤᠰᠠᠯᠠᠮᠵᠢ ᠶᠢᠨ ᠵᠠᠷᠤᠳᠠᠯ᠃      ︵ᠶᠢᠰᠦ︶ ᠲᠥᠯᠥᠪᠯᠡᠭᠡ ᠲᠠᠢ ᠪᠠᠷ ᠬᠡᠦᠬᠡᠳ ᠠᠪᠬᠤ ᠱᠠᠩᠨᠠᠯ ᠤᠨ ᠮᠥᠩᠭᠦ᠂ ᠰᠠᠷ᠎ᠠ ᠪᠠᠷ ᠠᠪᠬᠤ ᠦᠷᠡᠵᠢᠯ ᠤᠨ ᠳᠠᠭᠠᠳᠬᠠᠯ ᠤᠨ ᠨᠥᠬᠦᠪᠥᠷᠢ ᠮᠥᠩᠭᠦ ᠠᠴᠠ ᠭᠠᠳᠠᠨᠠᠬᠢ ᠦᠷᠡᠵᠢᠯ ᠤᠨ ᠡᠮ ᠡᠮᠨᠡᠯᠭᠡ ᠶᠢᠨ ᠵᠠᠷᠤᠳᠠᠯ᠃      ︵ᠠᠷᠪᠠ︶ ᠥᠨᠳᠥᠷ ᠨᠠᠰᠤᠲᠠᠶ ᠨᠠᠰᠤᠲᠠᠶᠢᠴᠤᠳ ᠤᠨ ᠬᠥᠷᠳᠡᠵᠤ ᠪᠠᠶᠢᠭ᠎ᠠ ᠨᠠᠰᠤᠲᠠᠶᠢᠴᠤᠳ ᠤᠨ ᠨᠡᠮᠡᠭᠦᠷᠢ ᠮᠥᠩᠭᠦ᠃      ︵ᠠᠷᠪᠠᠨ ᠨᠢᠭᠡ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ᠃      ︵ᠠᠷᠪᠠᠨ ᠬᠤᠶᠠᠷ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠡᠷ ᠪᠦᠯᠢ ᠶᠢᠨ ᠣᠷᠣᠯᠭ᠎ᠠ ᠳᠤ ᠪᠤᠳᠤᠵᠤ ᠣᠷᠣᠭᠤᠯᠵᠤ ᠪᠣᠯᠬᠤ ᠥᠬᠡᠶ ᠪᠤᠰᠤᠳ ᠲᠥᠷᠥᠯ ᠵᠦᠢᠯ᠃      ᠳᠥᠷᠪᠡᠳᠦᠭᠡᠷ ᠪᠦᠯᠦᠭ  ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠬᠤ    ᠬᠤᠷᠢᠳᠤᠭᠠᠷ ᠵᠦᠢᠯ  ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠬᠦᠷᠢᠶ᠎ᠡ ᠬᠡᠪᠴᠢᠶ᠎ᠡ ᠳᠤ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠡᠵᠡᠮᠰᠢᠵᠦ ᠪᠥᠬᠦᠶ ᠡᠵᠡᠮᠳᠡᠵᠦ ᠪᠣᠯᠬᠤ ᠪᠥᠬᠦ ᠣᠷᠣᠯᠭ᠎ᠠ ᠪᠠ ᠬᠡᠷ ᠪᠦᠯᠢ ᠶᠢᠨ ᠡᠳ᠋ ᠬᠥᠷᠥᠩᠭᠡ ᠵᠡᠷᠭᠡ ᠪᠠᠶᠢᠳᠠᠯ ᠢ ᠪᠠᠭᠲᠠᠭᠠᠨ᠎ᠠ᠃      ᠬᠤᠷᠢᠨ ᠨᠢᠭᠡᠳᠦᠭᠡᠷ ᠵᠦᠢᠯ  ᠭᠤᠶᠤᠴᠢᠯᠠᠭᠴᠢ᠂ ᠭᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢ ᠭᠤᠶᠤᠴᠢᠯᠠᠬᠤ ᠳᠤ ᠡᠷᠬᠡᠪᠰᠢ ᠳᠣᠣᠷᠠᠬᠢ ᠡᠭᠦᠷᠭᠡ ᠶᠢ ᠭᠦᠢᠴᠡᠳᠬᠡᠬᠦ ᠬᠡᠷᠡᠭᠲᠡᠶ᠄      ︵ᠨᠢᠭᠡ︶ ᠲᠣᠭᠲᠠᠭᠠᠯ ᠶᠣᠰᠣᠭᠠᠷ ᠬᠠᠮᠢᠶ᠎ᠠ ᠪᠥᠬᠦᠶ ᠮᠠᠲ᠋ᠧᠷᠢᠶᠠᠯ ᠢ ᠲᠤᠰᠢᠶᠠᠬᠤ ᠬᠡᠷᠡᠭᠲᠡᠶ᠃      ︵ᠬᠤᠶᠠᠷ︶ ᠬᠡᠷ ᠪᠦᠯᠢ ᠶᠢᠨ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠢᠶᠠᠨ ᠪᠢᠴᠢᠭ ᠢᠶᠠᠷ ᠢᠯᠡᠷᠬᠡᠶᠢᠯᠡᠬᠦ ᠶᠢᠨ ᠬᠠᠮᠲᠤ ᠭᠠᠷ ᠤᠨ ᠥᠰᠥᠭ ᠵᠢᠷᠤᠵᠤ ᠨᠤᠲᠠᠯᠠᠨ᠎ᠠ᠃      ︵ᠭᠤᠷᠪᠠ︶ ᠡᠷᠬᠡ ᠣᠯᠭᠤᠵᠤ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠬᠠᠮᠢᠶ᠎ᠠ ᠪᠥᠬᠦᠶ ᠭᠠᠷᠳᠠᠮ ᠢ ᠭᠦᠶ᠋ᠴᠡᠳᠬᠡᠨ᠎ᠡ᠃      ︵ᠲᠦᠷᠪᠡ︶ ᠠᠮᠠᠯᠠᠯᠲᠠ ᠶᠢᠨ ᠬᠠᠩᠭᠠᠭᠰᠠᠨ ᠮᠡᠳᠡᠭᠡ ᠵᠠᠩᠭᠢ ᠨᠢ ᠦᠨᠡᠨ ᠪᠣᠳᠠᠲᠠᠶ᠂ ᠪᠦᠷᠢᠨ ᠪᠦᠲᠦᠨ ᠪᠠᠶᠢᠬᠤ᠃      ︵ᠲᠠᠪᠤ︶ ᠬᠤᠪᠢ ᠬᠥᠮᠦᠨ ᠤ ᠢᠲᠡᠭᠡᠮᠵᠢ ᠵᠢᠴᠢ ᠦᠶ᠋ᠯᠡ ᠠᠵᠢᠯᠯᠠᠭ᠎ᠠ ᠶᠢᠨ ᠪᠠᠷᠢᠮᠵᠢᠶ᠎ᠠ ᠨᠢ ᠱᠠᠭᠠᠷᠳᠠᠯᠭ᠎ᠠ ᠳᠤ ᠨᠡᠶᠢᠴᠡᠬᠦ ᠶᠢ ᠠᠮᠠᠯᠠᠬᠤ᠃      ᠬᠤᠷᠢᠨ ᠬᠤᠶᠠᠳᠤᠭᠠᠷ ᠵᠦᠢᠯ  ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠤ ᠮᠡᠳᠡᠭᠦᠯᠬᠦ ᠠᠴᠠ ᠡᠮᠦᠨ᠎ᠡ 2 ᠵᠢᠯ ᠤᠨ ᠳᠣᠲᠣᠷᠠᠬᠢ ᠢᠲᠡᠭᠡᠮᠵᠢ ᠶᠢᠨ ᠲᠡᠮᠳᠡᠭᠯᠡᠯ ᠨᠢ ᠡᠷᠬᠡᠪᠰᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄      ︵ᠨᠢᠭᠡ︶ ᠳᠤᠮᠳᠠᠳᠤ ᠤᠯᠤᠰ ᠤᠨ ᠠᠷᠠᠳ ᠤᠨ ᠪᠠᠩᠬᠢ ᠳᠤ ᠢᠲᠡᠭᠡᠮᠵᠢ ᠶᠢᠨ ᠲᠠᠯ᠎ᠠ ᠪᠠᠷ ᠮᠠᠭᠤ ᠲᠡᠮᠳᠡᠭᠯᠡᠯ ᠪᠠᠶᠢᠬᠤ ᠦᠭᠡᠢ᠃      ︵ᠬᠤᠶᠠᠷ︶ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠭᠰᠡᠨ ᠥᠬᠡᠶ᠃      ︵ᠭᠤᠷᠪᠠ︶ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠰᠢᠰᠲ᠋ᠧᠮ ᠳᠤ ᠪᠠᠷᠢᠮᠵᠢᠶ᠎ᠠ ᠠᠴᠠ ᠬᠡᠲᠦᠷᠡᠭᠰᠡᠨ ᠲᠡᠮᠳᠡᠭᠯᠡᠯ ᠪᠠᠶᠢᠬᠤ ᠥᠬᠡᠶ᠃      ︵ᠲᠦᠷᠪᠡ︶ ᠡᠷᠦᠭᠡ ᠠᠮᠠ ᠶᠢᠨ ᠲᠡᠩᠰᠠ ᠶᠢᠨ ᠪᠠᠶᠢᠳᠠᠯ᠂ ᠭᠡᠷ ᠪᠦᠯᠢ ᠶᠢᠨ ᠣᠷᠣᠯᠭ᠎ᠠ᠂ ᠭᠡᠷ ᠪᠦᠯᠢ ᠶᠢᠨ ᠡᠳ᠋ ᠬᠦᠷᠦᠩᠭᠡ ᠪᠠᠨ ᠵᠣᠷᠢᠭᠤᠳᠠ ᠨᠢᠭᠤᠨ ᠳᠠᠯᠳᠠᠯᠠᠭᠰᠠᠨ ᠲᠡᠮᠳᠡᠭᠯᠡᠯ ᠤᠢᠭᠡᠢ ᠪᠠᠶᠢᠬᠤ᠃      ︵ᠲᠠᠪᠤ︶ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠪᠠᠶᠢᠳᠠᠯ ᠢ ᠵᠣᠷᠢᠭᠤᠳᠠ ᠨᠢᠭᠤᠨ ᠳᠠᠯᠳᠠᠯᠠᠭᠰᠠᠨ ᠥᠬᠡᠶ᠃      ᠬᠤᠷᠢᠨ ᠭᠤᠷᠪᠠᠳᠤᠭᠠᠷ ᠵᠦᠢᠯ  ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠬᠤ ᠪᠠᠷ ᠲᠠᠮᠵᠢᠨ᠂ ᠨᠥᠬᠦᠴᠡᠯ ᠳᠤ ᠨᠡᠶᠢᠴᠡᠬᠦ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠲᠡᠰ ᠳᠠᠷᠠᠭᠠᠯᠠᠯ ᠤᠨ ᠶᠣᠰᠣᠭᠠᠷ ᠡᠷᠥᠭᠡ ᠳᠤ ᠬᠦᠷᠴᠦ ᠪᠠᠶᠢᠴᠠᠭᠠᠯᠲᠠ ᠬᠢᠬᠦ ᠬᠡᠷᠡᠭᠲᠡᠶ᠃ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃      ᠬᠤᠷᠢᠨ ᠳᠥᠷᠪᠡᠳᠦᠭᠡᠷ ᠵᠦᠢᠯ  ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ᠂ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠬᠠᠪᠰᠤᠷᠤᠯᠭ᠎ᠠ ᠳᠣᠣᠷ᠎ᠠ᠂ ᠲᠣᠰᠬᠤᠨ ᠳᠤ ᠰᠠᠭᠤᠭ᠎ᠠ ᠺᠠᠳ᠋ᠷ᠂ ᠨᠡᠶᠢᠭᠡᠮ ᠲᠣᠭᠤᠷᠢᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠺᠠᠳ᠋ᠷ ᠵᠡᠷᠭᠡ ᠠᠵᠢᠯᠳᠠᠨ ᠢ ᠵᠣᠬᠢᠶᠠᠨ ᠪᠠᠶᠢᠭᠤᠯᠤᠨ ᠭᠤᠶᠤᠴᠢᠯᠠᠭᠴᠢ ᠶᠢᠨ ᠭᠡᠷ ᠪᠦᠯᠢ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠠᠵᠤ ᠠᠬᠤᠶ ᠶᠢᠨ ᠪᠠᠶᠢᠳᠠᠯ ᠪᠣᠯᠤᠨ ᠪᠣᠳᠠᠲᠤ ᠠᠮᠢᠳᠤᠷᠠᠯ ᠤᠨ ᠪᠠᠶᠢᠳᠠᠯ ᠢ ᠨᠢᠭᠡᠳ ᠨᠢᠭᠡ ᠪᠠᠷ ᠪᠠᠶᠢᠴᠠᠭᠠᠨ ᠬᠠᠷᠭᠤᠭᠤᠯᠬᠤ ᠬᠡᠷᠡᠭᠲᠡᠶ᠃ ᠳᠤᠭᠤᠶᠢᠯᠠᠩ ᠪᠦᠷᠢ ᠶᠢᠨ ᠪᠠᠶᠢᠴᠠᠭᠠᠬᠤ ᠠᠵᠢᠯᠲᠠᠨ ᠨᠢ 2 ᠬᠥᠮᠦᠨ ᠠᠴᠠ ᠳᠤᠲᠠᠭᠤ ᠪᠠᠶᠢᠵᠤ ᠪᠣᠯᠬᠤ ᠥᠬᠡᠶ᠂ ᠡᠭᠦᠨ ᠳᠤ ᠨᠠᠭᠠᠳᠤ ᠵᠠᠬ᠎ᠠ ᠳᠠᠭᠠᠨ ᠨᠢᠭᠡ ᠰᠢᠶᠠᠩ ᠪᠠᠯᠭᠠᠰᠤ᠂ ᠨᠡᠶᠢᠭᠡᠮ ᠤᠨ ᠠᠵᠢᠯ ᠤᠨ ᠦᠶ᠋ᠯᠡᠴᠢᠯᠡᠭᠡᠨ ᠤ ᠲᠥᠪ ᠤᠨ ᠠᠵᠢᠯᠲᠠᠨ ᠪᠠᠶᠢᠬᠤ ᠬᠡᠷᠡᠭᠲᠡᠶ᠃      ᠬᠤᠷᠢᠨ ᠲᠠᠪᠤᠳᠤᠭᠠᠷ ᠵᠦᠢᠯ  ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠪᠠ ᠪᠣᠳᠠᠲᠤ ᠠᠮᠢᠳᠤᠷᠠᠯ ᠤᠨ ᠪᠠᠶᠢᠳᠠᠯ ᠢ ᠪᠠᠶᠢᠴᠠᠭᠠᠬᠤ ᠳᠤ ᠳᠣᠣᠷᠠᠬᠢ ᠠᠷᠭ᠎ᠠ ᠮᠠᠶ᠋ᠢᠭ ᠢ ᠠᠪᠴᠤ ᠪᠣᠯᠤᠨ᠎ᠠ᠄      ︵ᠨᠢᠭᠡ︶ ᠮᠡᠳᠡᠭᠡ ᠵᠠᠩᠭᠢ ᠶᠢ ᠬᠠᠷᠭᠤᠭᠤᠯᠬᠤ᠃ ᠰᠢᠶᠠᠩ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠠᠴᠠ ᠭᠤᠶᠤᠴᠢᠯᠠᠭᠴᠢ᠂ ᠭᠤᠶᠤᠴᠢᠯᠠᠭᠴᠢ ᠶᠢᠨ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠰᠠᠭᠤᠷᠢ ᠮᠡᠳᠡᠭᠡ ᠵᠠᠩᠭᠢ ᠶᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠮᠡᠳᠡᠭᠦᠯᠵᠦ᠂ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠥᠪ ᠢᠶᠠᠷ ᠳᠠᠮᠵᠢᠭᠤᠯᠤᠨ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠣᠷᠣᠨ ᠲᠤᠭ᠎ᠠ ᠶᠢᠨ ᠠᠯᠪᠠᠨ ᠬᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠯᠦᠭᠡ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠡᠷᠦᠬᠡ ᠠᠮᠠ ᠶᠢᠨ ᠲᠠᠩᠰᠠ᠂ ᠲᠡᠷᠭᠡ ᠬᠥᠰᠬᠡ᠂ ᠨᠠᠰᠤᠵᠢᠯ ᠤᠨ ᠮᠥᠩᠭᠦ᠂ ᠣᠷᠣᠨ ᠰᠠᠭᠤᠴᠠ᠂ ᠬᠤᠪᠢ ᠶᠢᠨ ᠡᠵᠡᠩᠨᠡᠯᠲᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠣᠷᠣᠯᠭ᠎ᠠ ᠪᠠ ᠡᠳ᠋ ᠬᠥᠷᠥᠩᠭᠡ ᠶᠢᠨ ᠮᠡᠳᠡᠭᠡ ᠵᠠᠩᠭᠢ ᠶᠢ ᠬᠠᠷᠭᠤᠭᠤᠯᠬᠤ ᠶᠢᠨ ᠬᠠᠮᠲᠤ ᠮᠡᠳᠡᠭᠡ ᠵᠠᠩᠭᠢ ᠶᠢ ᠬᠠᠷᠭᠤᠭᠤᠯᠤᠭᠰᠠᠨ ᠪᠠᠶᠢᠳᠠᠯ ᠢ ᠦᠨᠳᠦᠰᠦᠯᠡᠨ ᠬᠠᠷᠭᠤᠭᠤᠯᠤᠭᠰᠠᠨ ᠮᠡᠳᠡᠭᠦᠯᠦᠯᠲᠡ ᠬᠢᠵᠦ ᠥᠭᠬᠦ ᠬᠡᠷᠡᠭᠲᠡᠶ᠃      ︵ᠬᠤᠶᠠᠷ︶ ᠡᠷᠦᠬᠡ ᠳᠤ ᠬᠦᠷᠴᠦ ᠪᠠᠶᠢᠴᠠᠭᠠᠯᠲᠠ ᠬᠢᠬᠦ᠃ ᠪᠠᠶᠢᠴᠠᠭᠠᠬᠤ ᠠᠵᠢᠯᠲᠠᠨ ᠭᠤᠶᠤᠴᠢᠯᠠᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠬᠡᠷ ᠲᠤ ᠬᠦᠷᠴᠦ ᠲᠡᠳᠡᠨ ᠤ ᠬᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢᠨ ᠪᠠᠶᠢᠳᠠᠯ ᠪᠠ ᠢᠳᠡᠬᠦ᠂ ᠡᠮᠦᠰᠬᠦ᠂ ᠰᠠᠭᠤᠬᠤ᠂ ᠬᠡᠷᠡᠭᠯᠡᠬᠦ ᠵᠡᠷᠭᠡ ᠪᠣᠳᠠᠲᠠᠶ ᠠᠮᠢᠳᠤᠷᠠᠯ ᠤᠨ ᠪᠠᠶᠢᠳᠠᠯ ᠢ ᠣᠶᠢᠯᠠᠭᠠᠪᠠ᠃ ᠭᠤᠶᠤᠴᠢᠯᠠᠭᠴᠢ ᠶᠢᠨ ᠢᠯᠡᠷᠬᠡᠶᠢᠯᠡᠭᠰᠡᠨ ᠬᠡᠷ ᠪᠦᠯᠢ ᠶᠢᠨ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠢ ᠦᠨᠳᠦᠰᠦᠯᠡᠨ᠂ ᠲᠡᠭᠦᠨ ᠤ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ ᠢ ᠣᠶᠢᠯᠠᠭᠠᠨ᠎ᠠ᠃ ᠡᠷᠦᠬᠡ ᠳᠤ ᠬᠦᠷᠴᠦ ᠪᠠᠶᠢᠴᠠᠭᠠᠯᠲᠠ ᠬᠢᠵᠦ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠠᠵᠢᠯᠲᠠᠨ ︽ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠪᠠᠷ ᠭᠤᠶᠤᠴᠢᠯᠠᠭᠰᠠᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠵᠤ ᠳᠠᠩᠰᠠᠯᠠᠬᠤ ᠬᠦᠰᠦᠨᠦᠭᠲᠦ︾ ᠶᠢ ᠲᠠᠭᠯᠠᠨ ᠪᠢᠴᠢᠬᠦ ᠶᠢᠨ ᠬᠠᠮᠲᠤ ᠪᠠᠶᠢᠴᠠᠭᠠᠬᠤ ᠠᠵᠢᠯᠲᠠᠨ ᠪᠣᠯᠤᠨ ᠭᠤᠶᠤᠴᠢᠯᠠᠭᠴᠢ ︵ᠪᠠᠶᠢᠴᠠᠭᠠᠭᠳᠠᠭᠴᠢ︶ ᠠᠴᠠ ᠲᠤᠰ ᠲᠤᠰ ᠭᠠᠷ ᠤᠨ ᠦᠰᠦᠭ ᠵᠢᠷᠤᠬᠤ ᠬᠡᠷᠡᠭᠲᠡᠶ᠃      ︵ᠭᠤᠷᠪᠠ︶ ᠬᠥᠷᠰᠢ ᠵᠡᠷᠭᠡᠯᠡᠳᠡᠭᠡ ᠪᠠᠷ ᠢᠶᠠᠨ ᠰᠤᠷᠪᠤᠯᠵᠢᠯᠠᠬᠤ᠃ ᠪᠠᠶᠢᠴᠠᠭᠠᠬᠤ ᠠᠵᠢᠯᠲᠠᠨ ᠭᠤᠶᠤᠴᠢᠯᠠᠭᠴᠢ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠪᠠᠶᠢᠭ᠎ᠠ ᠲᠣᠰᠬᠤᠨ ᠤ ︵ᠰᠠᠭᠤᠭᠠᠯᠢ︶ ᠠᠷᠠᠳ ᠤᠨ ᠵᠥᠪᠯᠡᠯ ᠪᠠ ᠨᠡᠶᠢᠭᠡᠮ ᠲᠣᠭᠤᠷᠢᠭ ᠲᠤ ᠬᠦᠷᠴᠦ᠂ ᠲᠡᠳᠡᠨ ᠤ ᠬᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠪᠠ ᠪᠣᠳᠠᠲᠠᠶ ᠠᠮᠢᠳᠤᠷᠠᠯ ᠤᠨ ᠪᠠᠶᠢᠳᠠᠯ ᠢ ᠰᠤᠷᠪᠤᠯᠵᠢᠯᠠᠨ ᠣᠶᠢᠯᠠᠭᠠᠪᠠ᠃      ︵ᠲᠦᠷᠪᠡ︶ ᠵᠠᠬᠢᠳᠠᠯ ᠢᠶᠠᠷ ᠭᠡᠷᠡᠴᠢ ᠠᠪᠬᠤ᠃ ᠪᠠᠶᠢᠴᠠᠭᠠᠬᠤ ᠠᠵᠢᠯᠲᠠᠨ ᠵᠠᠬᠢᠳᠠᠯ ᠤᠨ ᠠᠷᠭ᠎ᠠ ᠮᠠᠶ᠋ᠢᠭ ᠢᠶᠠᠷ ᠬᠤᠯᠪᠣᠭᠳᠠᠯ ᠪᠦᠬᠦᠢ ᠨᠢᠭᠡᠴᠢ ᠪᠠ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠠᠪᠬᠤ ᠬᠡᠷᠡᠭᠲᠡᠶ᠃      ︵ᠲᠠᠪᠤ︶ ᠪᠤᠰᠤᠳ ᠪᠠᠶᠢᠴᠠᠭᠠᠯᠲᠠ ᠶᠢᠨ ᠠᠷᠭ᠎ᠠ ᠬᠡᠯᠪᠡᠷᠢ᠃      ᠬᠤᠷᠢᠨ ᠵᠢᠷᠭᠤᠳᠤᠭᠠᠷ ᠵᠦᠢᠯ  ᠪᠤᠢ ᠪᠥᠬᠦᠢ ᠪᠠᠶᠢᠴᠠᠭᠠᠯᠲᠠ ᠶᠢᠨ ᠴᠠᠭᠠᠰᠤᠨ ᠮᠠᠲ᠋ᠧᠷᠢᠶᠠᠯ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠴᠥᠮ ᠲᠠᠩᠰᠠ ᠡᠪᠬᠡᠮᠡᠯ ᠳᠤ ᠣᠷᠣᠭᠤᠯᠤᠨ ᠳᠠᠩᠰᠠᠯᠠᠭᠤᠯᠵᠤ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠪᠠ ᠳᠡᠭᠡᠳᠦ ᠱᠠᠲᠤᠨ ᠠᠴᠠ ᠬᠢᠨᠠᠨ ᠵᠥᠪᠰᠢᠶᠡᠷᠡᠬᠦ᠂ ᠬᠠᠷᠢᠭᠤ ᠰᠤᠷᠪᠤᠯᠵᠢᠯᠠᠵᠤ ᠰᠤᠭᠤᠴᠢᠨ ᠪᠠᠶᠢᠴᠠᠭᠠᠬᠤ ᠳᠤ ᠬᠡᠷᠡᠭᠯᠡᠭᠦᠯᠬᠦ ᠬᠡᠷᠡᠭᠲᠡᠶ᠃      ᠬᠤᠷᠢᠨ ᠳᠣᠯᠣᠳᠤᠭᠠᠷ ᠵᠦᠢᠯ  ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠬᠠᠩᠭᠠᠭᠰᠠᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠭᠡᠷᠡᠴᠢᠯᠡᠬᠦ ᠮᠠᠲ᠋ᠧᠷᠢᠶᠠᠯ ᠢ ᠬᠢᠨᠠᠨ ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠳᠠᠬᠢᠨ ᠪᠠᠶᠢᠴᠠᠭᠠᠨ᠎ᠠ᠃      ᠬᠤᠷᠢᠨ ᠨᠠᠢᠮᠠᠳᠤᠭᠠᠷ ᠵᠦᠢᠯ  ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠭᠤᠶᠤᠴᠢᠯᠠᠭᠴᠢ᠂ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠬᠠᠩᠭᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠬᠦᠯᠢᠶᠡᠨ ᠠᠪᠤᠭᠰᠠᠨ 20 ᠠᠵᠢᠯ ᠤᠨ ᠡᠳᠦᠷ ᠤᠨ ᠳᠣᠲᠣᠷ᠎ᠠ᠂ ᠲᠣᠰᠬᠤᠨ ᠤ ︵ᠰᠠᠭᠤᠭᠠᠯᠢ︶ ᠠᠷᠠᠳ ᠤᠨ ᠵᠥᠪᠯᠡᠯ ᠤᠨ ᠬᠠᠪᠰᠤᠷᠤᠯᠭ᠎ᠠ ᠳᠣᠤᠷ᠎ᠠ᠂ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠪᠠᠶᠢᠴᠠᠭᠠᠯᠲᠠ ᠶᠢᠨ ᠦᠷ᠎ᠡ ᠳ᠋ᠦᠩ ᠳᠤ ᠣᠨᠳᠣᠤ ᠰᠠᠨᠠᠯ ᠲᠠᠢ ᠬᠡᠰᠡᠭ ᠵᠢᠴᠢ ᠳᠠᠬᠢᠨᠲᠠ ᠬᠠᠩᠭᠠᠭᠰᠠᠨ ᠮᠠᠲ᠋ᠧᠷᠢᠶᠠᠯ ᠢ ᠳᠠᠬᠢᠨ ᠪᠠᠶᠢᠴᠠᠭᠠᠨ᠎ᠠ᠃ ᠳᠠᠪᠲᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠳᠠᠷᠠᠭ᠎ᠠ ᠤᠳᠠᠭᠠᠨ ᠤ ᠭᠤᠶᠤᠴᠢᠯᠠᠭᠴᠢ ᠶᠢᠨ ᠬᠡᠪᠴᠢᠶᠡᠨ ᠳᠤ ᠣᠷᠣᠭᠤᠯᠤᠨ᠎ᠠ︔ ᠳᠠᠪᠲᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠬᠤᠯᠪᠣᠭᠳᠠᠯ ᠪᠦᠬᠦᠢ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃      ᠬᠤᠷᠢ ᠶᠢᠰᠦᠳᠦᠭᠡᠷ ᠵᠦᠢᠯ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠴᠠᠯᠢᠩ ᠵᠡᠷᠭᠡ ᠬᠡᠷ ᠪᠦᠯᠢ ᠶᠢᠨ ᠣᠷᠣᠯᠭ᠎ᠠ ᠶᠢᠨ ᠮᠡᠳᠡᠭᠡ ᠵᠠᠩᠭᠢ ᠨᠢ ᠲᠡᠭᠦᠨ ᠤ ᠢᠯᠡᠷᠬᠡᠶᠢᠯᠡᠯᠲᠡ ᠵᠢᠴᠢ ᠲᠠᠭᠯᠠᠨ ᠮᠡᠳᠡᠭᠦᠯᠦᠭᠰᠡᠨ ᠪᠠᠶᠢᠳᠠᠯ ᠯᠤᠭ᠎ᠠ ᠨᠡᠶᠢᠴᠡᠬᠦ ᠥᠬᠡᠶ ᠪᠠᠶᠢᠬᠤ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠳᠣᠤᠷᠠᠬᠢ ᠠᠳᠠᠯᠢ ᠪᠤᠰᠤ ᠪᠠᠶᠢᠳᠠᠯ ᠢᠶᠠᠷ ᠯᠠᠪᠯᠠᠯᠲᠠ ᠪᠣᠯᠭᠠᠵᠤ ᠰᠢᠶ᠋ᠳᠪᠦᠷᠢᠯᠡᠨ᠎ᠡ᠄      ︵ᠨᠢᠭᠡ︶ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠣᠷᠣᠯᠭ᠎ᠠ ᠪᠠᠨ ᠲᠠᠭᠯᠠᠭᠰᠠᠨ ᠥᠬᠡᠶ ᠪᠤᠶᠤ ᠲᠠᠭᠯᠠᠭᠰᠠᠨ ᠥᠬᠡᠶ ᠣᠷᠣᠯᠭ᠎ᠠ᠂ ᠨᠢᠭᠡᠴᠡ ᠶᠢᠨ ᠭᠡᠷᠡᠴᠢᠯᠡᠭᠰᠡᠨ ᠣᠷᠣᠯᠭ᠎ᠠ ᠨᠢ ᠬᠢᠨᠠᠨ ᠬᠠᠷᠭᠤᠭᠤᠯᠤᠭᠰᠠᠨ ᠣᠷᠣᠯᠭ᠎ᠠ ᠲᠠᠢ ᠪᠠᠨ ᠬᠦᠨᠳᠦ ᠨᠣᠴᠢᠲᠠᠶ ᠨᠡᠶᠢᠴᠡᠬᠦ ᠥᠬᠡᠶ ᠪᠠᠶᠢᠪᠠᠯ᠂ ᠬᠤᠪᠢ ᠬᠥᠮᠦᠨ ᠤ ᠪᠠᠶᠢᠳᠠᠯ ᠢᠶᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠭᠡᠷᠡᠴᠢ ᠭᠠᠷᠭᠠᠭᠰᠠᠨ ᠨᠢᠭᠡᠴᠡ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠨᠢᠭᠡᠴᠡ ᠶᠢᠨ ᠨᠡᠷᠡᠰ ᠲᠤ ᠲᠡᠮᠳᠡᠭᠯᠡᠨ ᠣᠷᠣᠭᠤᠯᠵᠤ᠂ ᠲᠣᠰ ᠭᠤᠶᠤᠴᠢᠯᠠᠭᠴᠢ ᠵᠢᠴᠢ ᠲᠡᠭᠦᠨ ᠤ ᠬᠡᠷ ᠪᠦᠯᠢ ᠶᠢᠨ ᠪᠦᠷᠢᠯᠳᠦᠬᠦᠨ 2 ᠵᠢᠯ ᠤᠨ ᠳᠣᠲᠣᠷ᠎ᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠵᠤ ᠪᠣᠯᠬᠤ ᠥᠬᠡᠶ᠃      ︵ᠬᠤᠶᠠᠷ︶ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠬᠡᠷ ᠪᠦᠯᠢ ᠶᠢᠨ ᠣᠷᠣᠯᠭ᠎ᠠ ᠶᠢ ᠪᠠᠶᠢᠴᠠᠭᠠᠨ ᠬᠠᠷᠭᠤᠭᠤᠯᠬᠤ ᠪᠠᠷ ᠳᠡᠮᠵᠢᠨ᠂ ᠴᠠᠯᠢᠩ ᠵᠢᠴᠢ ᠣᠷᠣᠯᠭ᠎ᠠ ᠶᠢᠨ ᠬᠡᠪ ᠤᠨ ᠨᠡᠮᠡᠭᠳᠡᠯ ᠳᠤ ᠬᠠᠷᠢᠶᠠᠯᠠᠭᠳᠠᠪᠠᠯ᠂ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠶᠢ ᠳᠠᠭᠢᠵᠤ ᠰᠢᠨ᠎ᠡ ᠪᠠᠷ ᠲᠣᠭᠠᠴᠠᠭ᠎ᠠ ᠬᠢᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠪᠡᠯ ᠦᠷᠭᠦᠯᠵᠢᠯᠡᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠨ᠎ᠡ᠃      ᠭᠤᠴᠢᠳᠤᠭᠠᠷ ᠵᠦᠢᠯ  ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠲᠡᠷᠭᠡ ᠬᠥᠰᠬᠡ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠳᠣᠤᠷᠠᠬᠢ ᠠᠳᠠᠯᠢ ᠪᠤᠰᠤ ᠪᠠᠶᠢᠳᠠᠯ ᠢᠶᠠᠷ ᠯᠠᠪᠯᠠᠯᠲᠠ ᠪᠣᠯᠭᠠᠵᠤ ᠰᠢᠢᠳᠪᠦᠷᠢᠯᠡᠨ᠎ᠡ᠄      ︵ᠨᠢᠭᠡ︶ ᠦᠨᠡᠨᠬᠦ ᠲᠡᠷᠭᠡ ᠬᠥᠰᠬᠡ ᠲᠠᠢ ᠭᠤᠶᠤᠴᠢᠯᠠᠭᠴᠢ ᠵᠢᠴᠢ ᠬᠡᠷ ᠪᠦᠯᠢ ᠶᠢᠨ ᠬᠢᠨ 2 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠬᠤ ᠥᠬᠡᠶ᠃ ᠬᠤᠪᠢ ᠬᠥᠮᠦᠨ ᠤ ᠪᠠᠶᠢᠳᠠᠯ ᠢᠶᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠬᠤ ᠬᠡᠷᠡᠭᠲᠠᠢ᠃      ︵ᠬᠤᠶᠠᠷ︶ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠤ ᠨᠡᠷ᠎ᠡ ᠳᠣᠤᠷᠠᠬᠢ ᠲᠡᠷᠭᠡ ᠬᠥᠰᠬᠡ ᠶᠢᠨ ᠪᠣᠳᠠᠲᠠᠶ ᠥᠮᠴᠢᠯᠡᠭᠴᠢ ᠨᠢ ᠰᠢᠭᠤᠳ ᠴᠢᠰᠤᠨ ᠲᠥᠷᠥᠯ ᠤᠨ ᠬᠥᠮᠦᠨ ᠪᠠᠶᠢᠪᠠᠯ᠂ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠠᠰᠠᠷᠠᠨ ᠲᠡᠵᠢᠭᠡᠬᠦ ᠬᠠᠤᠯᠢ ᠴᠠᠭᠠᠵᠠ ᠶᠢᠨ ᠬᠠᠷᠢᠴᠠᠭ᠎ᠠ ᠳᠤ ᠨᠡᠶᠢᠴᠡᠪᠡᠯ᠂ ᠬᠤᠪᠢ ᠬᠥᠮᠦᠨ ᠤ ᠪᠠᠶᠢᠳᠠᠯ ᠢᠶᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠲᠣᠰ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ 2 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠵᠤ ᠪᠣᠯᠬᠤ ᠥᠬᠡᠶ᠃      ︵ᠭᠤᠷᠪᠠ︶ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠤ ᠨᠡᠷ᠎ᠡ ᠳᠣᠤᠷᠠᠬᠢ ᠲᠡᠷᠭᠡ ᠬᠥᠰᠬᠡ ᠶᠢᠨ ᠪᠣᠳᠠᠲᠠᠶ ᠥᠮᠴᠢᠯᠡᠭᠴᠢ ᠨᠢ ᠰᠢᠭᠤᠳ ᠴᠢᠰᠤᠨ ᠲᠥᠷᠥᠯ ᠤᠨ ᠪᠤᠰᠤ ᠪᠠᠶᠢᠵᠤ᠂ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠠᠰᠠᠷᠠᠨ ᠲᠡᠵᠢᠭᠡᠬᠦ ᠬᠠᠤᠯᠢ ᠴᠠᠭᠠᠵᠠ ᠶᠢᠨ ᠬᠠᠷᠢᠴᠠᠭ᠎ᠠ ᠳᠤ ᠨᠡᠶᠢᠴᠡᠬᠦ ᠥᠬᠡᠶ ᠪᠥᠭᠡᠳ ᠱᠠᠭᠠᠷᠳᠠᠯᠭ᠎ᠠ ᠶᠣᠰᠣᠭᠠᠷ ᠲᠡᠷᠭᠡ ᠬᠥᠰᠬᠡ ᠶᠢ ᠪᠣᠳᠠᠲᠠᠶ ᠥᠮᠴᠢᠯᠡᠭᠴᠢ ᠳᠤ ᠴᠠᠭ ᠲᠤᠬᠠᠶ ᠳᠤᠨᠢ ᠡᠷᠦᠬᠡ ᠰᠢᠯᠵᠢᠭᠦᠯᠵᠦ ᠥᠭᠭᠦᠭᠰᠡᠨ ᠪᠠᠶᠢᠪᠠᠯ᠂ ᠬᠤᠪᠢ ᠬᠥᠮᠦᠨ ᠤ ᠪᠠᠶᠢᠳᠠᠯ ᠢᠶᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠲᠣᠰ ᠭᠤᠶᠤᠴᠢᠯᠠᠭᠴᠢ ᠵᠢᠴᠢ ᠬᠡᠷ ᠪᠦᠯᠢ ᠶᠢᠨ ᠪᠦᠷᠢᠯᠳᠦᠬᠦᠨ 1 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠵᠤ ᠪᠣᠯᠬᠤ ᠥᠬᠡᠶ᠃      ︵ᠳᠥᠷᠪᠡ︶ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠤ ᠨᠡᠷ᠎ᠡ ᠳᠣᠤᠷᠠᠬᠢ ᠲᠡᠷᠭᠡ ᠬᠥᠰᠬᠡ ᠨᠢ ᠬᠡᠷᠡᠭ ᠳᠡᠭᠡᠷ᠎ᠡ ᠪᠠᠨ ᠨᠢᠭᠡᠨᠲᠡ ᠭᠡᠭᠡᠭᠳᠡᠭᠰᠡᠨ᠂ ᠬᠡᠷᠡᠭᠴᠡᠭᠡ ᠠᠴᠠ ᠭᠠᠷᠤᠭᠰᠠᠨ᠂ ᠠᠷᠠᠯᠵᠢᠶᠠᠯᠠᠭᠰᠠᠨ ᠪᠣᠯᠪᠠᠴᠤ ᠡᠷᠦᠬᠡ ᠰᠣᠯᠢᠭᠰᠠᠨ ᠥᠬᠡᠶ ᠵᠡᠷᠭᠡ ᠪᠠᠶᠢᠳᠠᠯ ᠳᠤ᠂ ᠭᠤᠶᠤᠴᠢᠯᠠᠭᠴᠢ ᠪᠠ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠨᠢ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠡᠷᠡᠴᠢᠯᠡᠬᠦ ᠮᠠᠲ᠋ᠧᠷᠢᠶᠠᠯ ᠢ ᠬᠠᠩᠭᠠᠭᠰᠠᠨ ᠤ ᠳᠠᠷᠠᠭ᠎ᠠ ᠭᠤᠶᠤᠴᠢᠯᠠᠬᠤ ᠬᠡᠷᠡᠭᠲᠡᠶ᠃ ᠪᠣᠳᠠᠲᠠᠶ ᠬᠥᠮᠦᠨ ᠲᠠᠢ ᠪᠠᠨ ᠤᠶᠠᠯᠳᠤᠭᠤᠯᠬᠤ ᠶᠢᠨ ᠠᠷᠭ᠎ᠠ ᠥᠬᠡᠶ ᠪᠤᠶᠤ ᠳᠠᠩᠰᠠᠯᠠᠭᠤᠯᠤᠭᠰᠠᠨ ᠲᠡᠷᠭᠡ ᠪᠠᠨ ᠡᠷᠢᠵᠦ ᠤᠯᠬᠤ ᠶᠢᠨ ᠠᠷᠭ᠎ᠠ ᠥᠬᠡᠶ ᠪᠠᠶᠢᠪᠠᠯ᠂ ᠪᠠᠶᠠᠨᠨᠠᠭᠤᠷ ᠤᠨ ᠡᠳᠦᠷ ᠤᠨ ᠰᠣᠨᠢᠨ ᠤ ᠢᠯᠡ ᠪᠠᠷ ᠢᠯᠡᠷᠬᠡᠶᠢᠯᠡᠭᠰᠡᠨ ᠤ ᠳᠠᠷᠠᠭ᠎ᠠ ᠭᠤᠶᠤᠴᠢᠯᠠᠬᠤ ᠬᠡᠷᠡᠭᠲᠡᠶ᠃      ᠭᠤᠴᠢᠨ ᠨᠢᠭᠡᠳᠦᠭᠡᠷ ᠵᠦᠢᠯ  ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠥᠮᠴᠢᠯᠡᠵᠦ ᠪᠠᠶᠢᠭ᠎ᠠ ᠬᠡᠷ ᠬᠥᠷᠥᠩᠭᠡ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠳᠤ ᠲᠡᠭᠦᠨ ᠤ ᠢᠯᠡᠷᠬᠡᠶᠢᠯᠡᠯᠲᠡ ᠵᠢᠴᠢ ᠲᠠᠭᠯᠠᠨ ᠮᠡᠳᠡᠭᠦᠯᠦᠭᠰᠡᠨ ᠪᠠᠶᠢᠳᠠᠯ ᠲᠠᠢ ᠨᠡᠶᠢᠴᠡᠬᠦ ᠥᠬᠡᠶ ᠪᠠᠶᠢᠪᠠᠯ᠂ ᠳᠣᠤᠷᠠᠬᠢ ᠪᠠᠶᠢᠳᠠᠯ ᠢᠶᠠᠷ ᠯᠠᠪᠯᠠᠯᠲᠠ ᠪᠣᠯᠭᠠᠵᠤ ᠰᠢᠢᠳᠪᠦᠷᠢᠯᠡᠨ᠎ᠡ᠄      ︵ᠨᠢᠭᠡ︶ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠨᠢ ᠬᠤᠶᠠᠷ ᠠᠴᠠ ᠳᠡᠭᠡᠭᠰᠢ ᠬᠡᠷ ᠬᠥᠷᠥᠩᠭᠡ ᠪᠤᠶᠤ ᠬᠤᠳᠠᠯᠳᠤᠭᠠᠨ ᠳᠤ ᠬᠡᠷᠡᠭᠯᠡᠬᠦ ᠬᠡᠷ ᠪᠠᠶᠢᠰᠢᠩ ᠲᠠᠢ ᠪᠠᠶᠢᠪᠠᠯ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠳᠠᠭᠢᠵᠤ ᠭᠤᠶᠤᠴᠢᠯᠠᠵᠤ ᠪᠣᠯᠬᠤ ᠥᠬᠡᠶ᠃ ᠬᠤᠪᠢ ᠬᠥᠮᠦᠨ ᠤ ᠪᠠᠶᠢᠳᠠᠯ ᠢᠶᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠬᠤ ᠬᠡᠷᠡᠭᠲᠠᠢ᠃      ︵ᠬᠤᠶᠠᠷ︶ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠨᠢ ᠥᠪᠡᠷ ᠢᠶᠠᠨ ᠬᠤᠳᠠᠯᠳᠤᠨ ᠠᠪᠤᠭᠰᠠᠨ ᠬᠡᠷ ᠬᠥᠷᠥᠩᠭᠡ ᠶᠢᠨ ᠴᠠᠭ ᠲᠠᠢ ︵ᠨᠤᠷᠠᠭᠠᠵᠤ ᠨᠡᠭᠦᠯᠭᠡᠬᠦ ᠪᠠᠭᠲᠠᠬᠤ ᠥᠬᠡᠶ︶ ᠨᠢ ᠭᠤᠶᠤᠴᠢᠯᠠᠭᠰᠠᠨ ᠴᠠᠭ ᠠᠴᠠ ᠡᠮᠦᠨ᠎ᠡ 1 ᠵᠢᠯ ᠤᠨ ᠳᠣᠲᠣᠷ᠎ᠠ ᠪᠠᠶᠢᠪᠠᠯ᠂ ᠭᠤᠶᠤᠴᠢᠯᠠᠭᠰᠠᠨ ᠴᠠᠭ ᠠᠴᠠ ᠡᠬᠢᠯᠡᠨ 2 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠭᠤᠶᠤᠴᠢᠯᠠᠵᠤ ᠪᠣᠯᠬᠤ ᠥᠬᠡᠶ᠃      ᠭᠤᠴᠢᠨ ᠬᠤᠶᠠᠳᠤᠭᠠᠷ ᠵᠦᠢᠯ  ᠬᠢᠨᠠᠨ ᠬᠠᠷᠭᠤᠭᠤᠯᠤᠭᠠᠳ ᠭᠤᠶᠤᠴᠢᠯᠠᠭᠴᠢ᠂ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠵᠢᠴᠢ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠪᠤᠰᠤᠳ ᠮᠡᠳᠡᠭᠡ ᠵᠠᠩᠭᠢ ᠨᠢ ᠢᠯᠡᠷᠬᠡᠶᠢᠯᠡᠯᠲᠡ ᠵᠢᠴᠢ ᠲᠠᠭᠯᠠᠨ ᠮᠡᠳᠡᠭᠦᠯᠦᠭᠰᠡᠨ ᠪᠠᠶᠢᠳᠠᠯ ᠲᠠᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠭᠤᠶᠤᠴᠢᠯᠠᠭᠴᠢ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠦᠷᠲᠡᠬᠦ ᠭᠤᠶᠤᠴᠢᠯᠠᠯ ᠢ ᠲᠡᠪᠴᠢᠵᠦ ᠪᠣᠯᠤᠨ᠎ᠠ᠃ ᠬᠢᠨᠠᠨ ᠬᠠᠷᠭᠤᠭᠤᠯᠤᠭᠠᠳ ᠪᠠᠶᠢᠳᠠᠯ ᠨᠢ ᠬᠦᠨᠳᠦ ᠨᠣᠴᠢᠲᠠᠶ ᠨᠡᠶᠢᠴᠡᠬᠦ ᠥᠬᠡᠶ ᠪᠠᠶᠢᠪᠠᠯ᠂ ᠬᠤᠪᠢ ᠬᠥᠮᠦᠨ ᠤ ᠪᠠᠶᠢᠳᠠᠯ ᠢᠶᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠭᠡᠷᠡᠴᠢ ᠭᠠᠷᠭᠠᠭᠰᠠᠨ ᠨᠢᠭᠡᠴᠡ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠨᠢᠭᠡᠴᠡ ᠶᠢᠨ ᠨᠡᠷᠡᠰ ᠲᠤ ᠲᠡᠮᠳᠡᠭᠯᠡᠨ ᠣᠷᠣᠭᠤᠯᠵᠤ᠂ ᠲᠣᠰ ᠭᠤᠶᠤᠴᠢᠯᠠᠭᠴᠢ ᠵᠢᠴᠢ ᠲᠡᠭᠦᠨ ᠤ ᠬᠡᠷ ᠪᠦᠯᠢ ᠶᠢᠨ ᠪᠦᠷᠢᠯᠳᠦᠬᠦᠨ 2 ᠵᠢᠯ ᠤᠨ ᠳᠣᠲᠣᠷ᠎ᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠬᠤ ᠥᠬᠡᠶ᠃      ᠭᠤᠴᠢᠨ ᠭᠤᠷᠪᠠᠳᠤᠭᠠᠷ ᠵᠦᠢᠯ  ᠭᠤᠶᠤᠴᠢᠯᠠᠭᠴᠢ᠂ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠭᠠᠳ ᠪᠤᠷᠤᠭᠤ ᠦᠭᠡᠶ ᠪᠣᠯᠤᠭᠰᠠᠨ ᠤ ᠳᠠᠷᠠᠭ᠎ᠠ᠂ ᠭᠤᠶᠤᠴᠢᠯᠠᠭᠴᠢ᠂ ᠭᠤᠶᠤᠴᠢᠯᠠᠭᠰᠠᠨ ᠬᠡᠷ ᠪᠦᠯᠢ ᠶᠢᠨ ᠪᠦᠷᠢᠯᠳᠦᠬᠦᠨ ᠵᠢᠴᠢ ᠲᠡᠭᠦᠨ ᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠬᠠᠷᠭᠤᠭᠤᠯᠤᠭᠰᠠᠨ ᠦᠷ᠎ᠡ ᠳ᠋ᠦᠩ ᠢ ᠮᠡᠳᠡᠷᠡᠬᠦ ᠥᠬᠡᠶ ᠮᠥᠷᠲᠡᠭᠡᠨ ᠣᠯᠠᠨᠲᠠ ᠳᠡᠭᠡᠭᠰᠢ ᠰᠤᠷᠪᠤᠯᠵᠢᠯᠠᠵᠤ᠂ ᠣᠯᠠᠨ ᠨᠡᠶᠢᠲᠡ ᠶᠢᠨ ᠡᠮᠬᠢ ᠵᠢᠷᠤᠮ ᠢ ᠬᠦᠨᠳᠦ ᠨᠣᠴᠢᠲᠠᠶ ᠰᠠᠮᠠᠭᠤᠷᠠᠭᠤᠯᠤᠭᠰᠠᠨ ᠪᠠᠶᠢᠪᠠᠯ᠂ ᠬᠤᠪᠢ ᠬᠥᠮᠦᠨ ᠤ ᠪᠠᠶᠢᠳᠠᠯ ᠢᠶᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠤᠨ ᠢᠲᠡᠭᠡᠮᠵᠢ ᠥᠬᠡᠶ ᠬᠥᠮᠦᠰ ᠤᠨ ᠨᠡᠷᠡᠰ ᠲᠤ ᠲᠡᠮᠳᠡᠭᠯᠡᠨ ᠣᠷᠣᠭᠤᠯᠵᠤ᠂ ᠲᠣᠰ ᠭᠤᠶᠤᠴᠢᠯᠠᠭᠴᠢ ᠵᠢᠴᠢ ᠲᠡᠭᠦᠨ ᠤ ᠬᠡᠷ ᠪᠦᠯᠢ ᠶᠢᠨ ᠪᠦᠷᠢᠯᠳᠦᠬᠦᠨ 5 ᠵᠢᠯ ᠤᠨ ᠳᠣᠲᠣᠷ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠣᠯᠬᠤ ᠥᠬᠡᠶ᠃      ᠭᠤᠴᠢᠨ ᠳᠥᠷᠪᠡᠳᠦᠭᠡᠷ ᠵᠦᠢᠯ  ᠪᠤᠰᠤᠳ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠳᠡᠭᠡᠷᠡᠬᠢ ᠵᠦᠢᠯ ᠵᠤᠷᠪᠤᠰ ᠲᠠᠢ ᠬᠠᠷᠢᠴᠠᠭᠤᠯᠤᠨ ᠰᠢᠢᠳᠪᠦᠷᠢᠯᠡᠨ᠎ᠡ᠃ᠲᠠᠪᠤᠳᠤᠭᠠᠷ ᠪᠦᠯᠦᠭ ᠡᠷᠠᠳᠴᠢᠯᠠᠯ ᠢᠶᠠᠷ ᠦᠨᠡᠯᠡᠯᠲᠡ ᠬᠢᠬᠦ      ᠭᠤᠴᠢᠨ ᠲᠠᠪᠤᠳᠤᠭᠠᠷ ᠵᠦᠢᠯ  ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠪᠠᠷ ᠭᠤᠶᠤᠴᠢᠯᠠᠭᠰᠠᠨ ᠬᠡᠷ ᠪᠦᠯᠢ ᠶᠢᠨ ᠡᠷᠦᠬᠡ ᠶᠢᠨ ᠡᠵᠡᠨ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠬᠦ ᠳᠤ ᠣᠷᠣᠯᠴᠠᠬᠤ ᠴᠢᠬᠤᠯᠠᠲᠠᠶ᠂ ᠡᠷᠦᠬᠡ ᠶᠢᠨ ᠡᠵᠡᠨ ᠨᠢ ᠲᠤᠬᠠᠶ ᠶᠢᠨ ᠲᠠᠯᠠᠪᠤᠷ ᠲᠤ ᠬᠦᠷᠴᠦ ᠳᠡᠶᠢᠯᠬᠦ ᠥᠬᠡᠶ ᠪᠣᠯ ᠣᠷᠳᠣ ᠬᠤᠭᠤᠴᠠᠭ᠎ᠠ ᠪᠠᠷ ᠬᠠᠮᠲᠤ ᠠᠮᠢᠳᠤᠷᠠᠵᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠬᠡᠷ ᠪᠦᠯᠢ ᠶᠢᠨ ᠪᠤᠰᠤᠳ ᠪᠦᠷᠢᠯᠳᠦᠬᠦᠨ ᠠᠴᠠ ᠠᠷᠠᠳᠴᠢᠯᠠᠯ ᠢᠶᠠᠷ ᠦᠨᠡᠯᠡᠬᠦ ᠳᠤ ᠣᠷᠣᠯᠴᠠᠨ᠎ᠠ᠃      ᠣᠶᠣᠨ ᠤ ᠰᠠᠭᠠᠳ ᠲᠠᠢ᠂ ᠬᠦᠨᠳᠦ ᠵᠡᠮᠳᠡᠭ᠂ ᠬᠦᠨᠳᠦ ᠡᠪᠡᠳᠴᠢᠨ ᠲᠠᠢ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠠᠴᠠ ᠪᠣᠯᠵᠤ᠂ ᠠᠷᠠᠳᠴᠢᠯᠠᠯ ᠢᠶᠠᠷ ᠦᠨᠡᠯᠡᠬᠦ ᠳᠤ ᠦᠨᠡᠨ ᠬᠦ ᠣᠷᠣᠯᠴᠠᠵᠤ ᠳᠡᠶᠢᠯᠬᠦ ᠦᠭᠡᠢ ᠵᠢᠴᠢ ᠨᠠᠰᠤᠨ ᠳᠤ ᠦᠯᠦ ᠬᠦᠷᠦᠭᠰᠡᠳ ᠪᠤᠶᠤ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠬᠢᠨᠠᠨ ᠬᠠᠮᠠᠭᠠᠯᠠᠭᠴᠢ ᠪᠤᠶᠤ ᠪᠢᠴᠢᠭ ᠢᠶᠠᠷ ᠪᠤᠰᠤᠳ ᠲᠥᠷᠥᠯ ᠰᠠᠳᠤᠨ ᠳᠤᠨᠢ ᠨᠠᠶᠢᠳᠠᠵᠤ ᠠᠷᠠᠳᠴᠢᠯᠠᠯ ᠢᠶᠠᠷ ᠦᠨᠡᠯᠡᠬᠦ ᠳᠤ ᠣᠷᠣᠯᠴᠠᠭᠤᠯᠤᠨ᠎ᠠ᠃      ᠳᠡᠭᠡᠷ᠎ᠡ ᠳᠤᠷᠠᠳᠤᠭᠰᠠᠨ ᠣᠨᠴᠣᠭᠤᠶ ᠪᠠᠶᠢᠳᠠᠯ ᠠᠴᠠ ᠭᠠᠳᠠᠨ᠎ᠠ᠂ ᠭᠤᠶᠤᠴᠢᠯᠠᠭᠴᠢ ᠣᠨᠴᠣᠭᠤᠶ ᠰᠢᠯᠲᠠᠭᠠᠨ ᠥᠬᠡᠶ ᠪᠠᠷ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠬᠦ ᠳᠤ ᠴᠠᠭ ᠲᠤᠬᠠᠶ ᠳᠤᠨᠢ ᠣᠷᠣᠯᠴᠠᠭᠰᠠᠨ ᠥᠬᠡᠶ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃      ᠭᠤᠴᠢᠨ ᠵᠢᠷᠭᠤᠳᠤᠭᠠᠷ ᠵᠦᠢᠯ  ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠢᠨᠠᠨ ᠪᠠᠶᠢᠴᠠᠭᠠᠵᠤ ᠳᠠᠭᠤᠰᠤᠭᠰᠠᠨ ᠤ ᠲᠠᠷᠠᠭ᠎ᠠ᠂ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ 5 ᠠᠵᠢᠯᠯᠠᠬᠤ ᠡᠳᠦᠷ ᠤᠨ ᠳᠣᠲᠣᠷ᠎ᠠ᠂ ᠲᠣᠰᠬᠤᠨ ︵ᠰᠠᠭᠤᠭᠠᠯᠢ ᠠᠷᠠᠳ︶ ᠤ ᠺᠣᠮᠢᠰ ᠤᠨ ᠬᠠᠪᠰᠤᠷᠤᠯᠭ᠎ᠠ ᠳᠣᠣᠷ᠎ᠠ᠂ ᠲᠣᠰᠬᠤᠨ ︵ᠰᠠᠭᠤᠭᠠᠯᠢ ᠠᠷᠠᠳ︶ ᠤ ᠺᠣᠮᠢᠰ ᠢᠶᠠᠷ ᠨᠢᠭᠡᠴᠢ ᠪᠣᠯᠭᠠᠨ᠂ ᠭᠤᠶᠤᠴᠢᠯᠠᠭᠴᠢ ᠶᠢᠨ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠪᠠᠶᠢᠴᠠᠭᠠᠯᠲᠠ ᠶᠢᠨ ᠦᠷ᠎ᠡ ᠳ᠋ᠦᠡᠭ ᠳᠤ ᠠᠷᠠᠳᠴᠢᠯᠠᠯ ᠢᠶᠠᠷ ᠦᠨᠡᠯᠡᠯᠲᠡ ᠬᠢᠬᠦ ᠬᠡᠷᠡᠭᠲᠡᠶ᠃ ᠠᠷᠠᠳᠴᠢᠯᠠᠯ ᠢᠶᠠᠷ ᠦᠨᠡᠯᠡᠬᠦ ᠳᠤᠭᠤᠶᠢᠯᠠᠩ ᠤᠨ ᠪᠦᠷᠢᠯᠳᠦᠬᠦᠨ ︵ᠳᠣᠷᠣᠭᠰᠢ ᠰᠢᠯᠭᠠᠷᠠᠭᠤᠯᠬᠤ ᠺᠣᠮᠢᠰ ᠭᠡᠵᠦ ᠲᠣᠪᠴᠢᠯᠠᠨ᠎ᠠ︶ ᠢ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠲᠣᠰᠬᠤᠨ ᠤ ︵ᠰᠠᠭᠤᠭᠠᠯᠢ ᠠᠷᠠᠳ︶ ᠤ ᠨᠠᠮ ᠤᠨ ᠵᠣᠬᠢᠶᠠᠨ ᠪᠠᠶᠢᠭᠤᠯᠤᠯᠲᠠ ᠪᠠ ᠲᠣᠰᠬᠤᠨ ᠤ ︵ᠰᠠᠭᠤᠭᠠᠯᠢ ᠠᠷᠠᠳ︶ ᠤᠨ ᠵᠥᠪᠯᠡᠯ ᠤᠨ ᠪᠦᠷᠢᠯᠳᠦᠬᠦᠨ᠂ ᠲᠣᠰᠬᠤᠨ ᠤ ︵ᠰᠠᠭᠤᠭᠠᠯᠢ ᠠᠷᠠᠳ ︶ ᠤᠨ ᠪᠠᠶᠢᠳᠠᠯ ᠢ ᠰᠠᠶᠢᠨ ᠮᠡᠳᠡᠳᠡᠭ ᠨᠠᠮ ᠤᠨ ᠭᠡᠰᠢᠭᠦᠨ ᠲᠥᠯᠥᠭᠡᠯᠡᠭᠴᠢ᠂ ᠲᠣᠰᠬᠤᠨ ᠤ ︵ᠰᠠᠭᠤᠭᠠᠯᠢ ᠠᠷᠠᠳ︶ ᠤᠨ ᠲᠥᠯᠥᠭᠡᠯᠡᠭᠴᠢ ᠵᠡᠷᠭᠡ ᠬᠥᠮᠦᠰ ᠢᠶᠠᠷ ᠪᠦᠷᠢᠯᠳᠦᠭᠦᠯᠦᠨ᠎ᠡ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠵᠢᠯᠣᠭᠤᠳᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃      ᠭᠤᠴᠢᠨ ᠳᠣᠯᠣᠳᠤᠭᠠᠷ ᠵᠦᠢᠯ  ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠬᠦ ᠶᠢ ᠳᠣᠤᠷᠠᠬᠢ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃      ︵ᠨᠢᠭᠡ︶ ᠡᠯ᠎ᠡ‌‍ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠠᠷᠠᠳ ᠤᠨ ᠶᠠᠪᠤᠳᠠᠯ ᠤᠨ ᠠᠵᠢᠯ ᠢ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ᠂ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠢᠶᠠᠷ ᠳᠤᠭᠤᠶᠢᠯᠠᠩ ᠤᠨ ᠵᠢᠩᠬᠢᠨᠢ ᠳᠡᠳ᠋ ᠳᠠᠷᠤᠭ᠎ᠠ ᠪᠣᠯᠭᠠᠭᠰᠠᠨ᠂ ᠠᠷᠠᠳ ᠤᠨ ᠶᠠᠪᠤᠳᠠᠯ ᠤᠨ ᠠᠯᠪᠠᠨ ᠬᠡᠷ ᠤᠨ ᠠᠵᠢᠯᠲᠠᠨ᠂ ᠲᠣᠰᠬᠤᠨ ᠤ ︵ᠰᠠᠭᠤᠭᠠᠯᠢ ᠠᠷᠠᠳ︶ ᠤ ᠵᠥᠪᠯᠡᠯ ᠤᠨ ᠱᠦᠵᠢ᠂ ᠡᠷᠬᠢᠯᠡᠭᠴᠢ ᠪᠠᠷ ᠪᠦᠷᠢᠯᠳᠦᠬᠦᠨ ᠪᠣᠯᠭᠠᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠨᠳᠦᠰᠦᠨ ᠱᠠᠲᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ᠂ ᠠᠷᠠᠳᠴᠢᠯᠠᠯ ᠢᠶᠠᠷ ᠦᠨᠡᠯᠡᠬᠦ ᠪᠠ ᠬᠢᠨᠠᠨ ᠬᠠᠷᠭᠤᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠄      1. ᠲᠣᠰ ᠭᠠᠵᠠᠷ ᠣᠷᠣᠨ ᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠪᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃      2. ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠡᠩᠬᠡᠷᠡᠭᠦᠯᠦᠨ ᠲᠤᠰᠠᠯᠠᠬᠤ ᠭᠤᠶᠤᠴᠢᠯᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠢ ᠡᠷᠦᠬᠡ ᠳᠤ ᠬᠦᠷᠴᠦ ᠬᠢᠨᠠᠨ ᠪᠠᠶᠢᠴᠠᠭᠠᠬᠤ ᠶᠢᠨ ᠬᠠᠮᠲᠤ᠂ ᠬᠢᠨᠠᠨ ᠪᠠᠶᠢᠴᠠᠭᠠᠭᠰᠠᠨ ᠮᠠᠲ᠋ᠧᠷᠢᠶᠠᠯ ᠢᠶᠠᠨ ᠠᠷᠠᠳᠴᠢᠯᠠᠯ ᠢᠶᠠᠷ ᠦᠨᠡᠯᠡᠬᠦ ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠤᠨ᠎ᠠ᠃      3. ᠠᠷᠠᠳᠴᠢᠯᠠᠯ ᠢᠶᠠᠷ ᠦᠨᠡᠯᠡᠬᠦ ᠳᠤᠭᠤᠶᠢᠯᠠᠩ ᠤᠨ ᠪᠦᠷᠢᠯᠳᠦᠬᠦᠨ ᠤ ᠬᠦᠷᠢᠶ᠎ᠡ ᠬᠡᠪᠴᠢᠶ᠎ᠡ᠂ ᠲᠣᠰᠬᠤᠨ ᠤ ︵ᠰᠠᠭᠤᠭᠠᠯᠢ︶ ᠠᠷᠠᠳ ᠤᠨ ᠲᠥᠯᠥᠭᠡᠯᠡᠭᠴᠢ ᠶᠢᠨ ᠬᠥᠮᠦᠨ ᠤ ᠲᠤᠭ᠎ᠠ ᠶᠢ ᠬᠢᠨᠠᠨ ᠬᠠᠷᠭᠤᠭᠤᠯᠵᠤ ᠬᠢᠨᠠᠯᠲᠠ ᠲᠠᠯᠪᠢᠨ᠎ᠠ᠃      4. ᠨᠠᠭᠠᠳᠤ ᠵᠠᠬ᠎ᠠ ᠶᠢᠨ ᠪᠠᠲᠤᠯᠠᠭ᠎ᠠ ᠶᠢ ᠠᠷᠠᠳᠴᠢᠯᠠᠯ ᠢᠶᠠᠷ ᠦᠨᠡᠯᠡᠬᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠢᠯᠡ ᠪᠠᠷ ᠨᠡᠶᠢᠲᠡᠯᠡᠬᠦ᠂ ᠭᠥᠯᠢᠶᠡᠨ ᠠᠪᠴᠤ ᠭᠥᠯᠢᠶᠡᠨ ᠠᠪᠴᠤ ᠰᠢᠢᠳᠪᠦᠷᠢᠯᠡᠬᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠠᠩᠰᠠ ᠡᠪᠬᠡᠮᠡᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      5. ᠨᠠᠭᠠᠳᠤ ᠵᠠᠬ᠎ᠠ ᠶᠢᠨ ᠪᠠᠲᠤᠯᠠᠭ᠎ᠠ ᠶᠢᠨ ᠦᠨᠡᠯᠡᠨ ᠲᠣᠭᠲᠠᠭᠠᠬᠤ ᠠᠵᠢᠯᠲᠠᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠨ ᠲᠣᠭᠲᠠᠭᠠᠭᠰᠠᠨ ᠲᠣᠰᠬᠤᠨ ᠤ ︵ᠰᠠᠭᠤᠭᠠᠯᠢ︶ ᠠᠷᠠᠳ ᠤᠨ ᠲᠥᠯᠥᠭᠡᠯᠡᠭᠴᠢ ᠶᠢ ᠰᠣᠩᠭᠤᠨ ᠭᠠᠷᠭᠠᠬᠤ ᠬᠡᠪᠴᠢᠶ᠎ᠡ ᠪᠠ ᠰᠣᠩᠭᠤᠨ ᠭᠠᠷᠭᠠᠬᠤ ᠠᠷᠭ᠎ᠠ ᠮᠠᠶ᠋ᠢᠭ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠰᠣᠩᠭᠤᠵᠤ ᠭᠠᠷᠭᠠᠭᠰᠠᠨ ᠲᠣᠰᠬᠤᠨ ᠤ ︵ᠰᠠᠭᠤᠭᠠᠯᠢ ᠠᠷᠠᠳ︶ ᠠᠷᠠᠳ ᠤᠨ ᠲᠥᠯᠥᠭᠡᠯᠡᠭᠴᠢ ᠶᠢ ᠰᠢᠯᠭᠠᠷᠠᠭᠤᠯᠬᠤ ᠺᠣᠮᠢᠰ ᠤᠨ ᠭᠡᠰᠢᠭᠦᠨ ᠢᠶᠠᠷ ᠲᠣᠭᠲᠠᠭᠠᠬᠤ ᠶᠢᠨ ᠬᠠᠮᠲᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠯᠭᠠᠷᠠᠭᠤᠯᠬᠤ ᠺᠣᠮᠢᠰ ᠤᠨ ᠬᠥᠮᠥᠷᠭᠡ ᠶᠢ ᠪᠠᠶᠢᠭᠤᠯᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠬᠤ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠲᠣᠰᠬᠤᠨ ︵ᠰᠠᠭᠤᠭᠠᠯᠢ ᠠᠷᠠᠳ︶ ᠤ ᠲᠥᠯᠥᠭᠡᠯᠡᠭᠴᠢ ᠶᠢᠨ ᠬᠥᠮᠦᠨ ᠤ ᠲᠤᠭ᠎ᠠ ᠶᠢ ᠦᠨᠳᠦᠰᠦᠯᠡᠨ᠂ ᠠᠶᠢᠯ ᠲᠣᠰᠬᠤᠨ ᠢᠶᠠᠷ ᠨᠢᠭᠡᠴᠢ ᠪᠣᠯᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠰᠢᠯᠭᠠᠷᠠᠭᠤᠯᠬᠤ ᠺᠣᠮᠢᠰ ᠤᠨ ᠬᠥᠮᠥᠷᠭᠡ ᠠᠴᠠ ᠲᠣᠰ ᠤᠳᠠᠭᠠᠨ ᠤ ᠬᠢᠨᠠᠨ ᠵᠥᠪᠯᠡᠬᠦ ᠳᠤ ᠣᠷᠣᠯᠴᠠᠬᠤ ᠬᠢᠨᠠᠨ ᠰᠢᠯᠭᠠᠷᠠᠭᠤᠯᠬᠤ ᠺᠣᠮᠢᠰ ᠤᠨ ᠭᠡᠰᠢᠭᠦᠨ ᠢ ᠲᠣᠬᠢᠶᠠᠯᠳᠤᠯ ᠢᠶᠠᠷ ᠰᠣᠩᠭᠤᠨ ᠭᠠᠷᠭᠠᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠷᠠᠳᠴᠢᠯᠠᠯ ᠢᠶᠠᠷ ᠦᠨᠡᠯᠡᠨ ᠲᠣᠭᠲᠠᠭᠠᠬᠤ ᠳᠤ ᠣᠷᠣᠯᠴᠠᠬᠤ ᠬᠥᠮᠦᠨ ᠤ ᠲᠤᠭ᠎ᠠ ᠶᠢᠨ ᠳᠣᠲᠣᠷ᠎ᠠ ᠭᠠᠴᠠᠭᠠᠨ ᠤ ︵ᠰᠠᠭᠤᠭᠠᠯᠢ ᠠᠷᠠᠳ︶ ᠠᠷᠠᠳ ᠤᠨ ᠲᠥᠯᠥᠭᠡᠯᠡᠭᠴᠢ ᠶᠢᠨ ᠬᠥᠮᠦᠨ ᠤ ᠲᠤᠭ᠎ᠠ ᠨᠢ ᠪᠥᠬᠦ ᠬᠥᠮᠦᠨ ᠤ ᠲᠣᠭᠠᠨ ᠤ ᠭᠤᠷᠪᠠᠨ ᠤ ᠬᠤᠶᠠᠷ ᠬᠤᠪᠢ ᠠᠴᠠ ᠳᠡᠭᠡᠭᠰᠢᠬᠢ ᠶᠢ ᠡᠵᠡᠯᠡᠬᠦ ᠬᠡᠷᠡᠭᠲᠡᠶ᠃      ︵ᠭᠤᠷᠪᠠ︶ ᠠᠷᠠᠳᠴᠢᠯᠠᠯ ᠢᠶᠠᠷ ᠦᠨᠡᠯᠡᠬᠦ ᠲᠠᠰ ᠳᠠᠷᠠᠭᠠᠯᠠᠯ᠃ ᠠᠷᠠᠳᠴᠢᠯᠠᠯ ᠢᠶᠠᠷ ᠦᠨᠡᠯᠡᠬᠦ ᠬᠤᠷᠠᠯ ᠢ ᠬᠤᠷᠠᠯᠳᠤᠭᠤᠯᠬᠤ ᠠᠴᠠ ᠡᠮᠦᠨ᠎ᠡ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠦᠨᠡᠯᠡᠬᠦ ᠳᠤᠭᠤᠶᠢᠯᠠᠩ ᠤᠨ ᠪᠦᠷᠢᠯᠳᠦᠬᠦᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠰᠤᠷᠤᠯᠴᠠᠯᠭ᠎ᠠ ᠬᠢᠵᠦ᠂ ᠦᠨᠡᠯᠡᠬᠦ ᠲᠦᠷᠢᠮ ᠪᠠ ᠬᠤᠷᠠᠯ ᠤᠨ ᠰᠠᠬᠢᠯᠭ᠎ᠠ ᠪᠠᠲᠤ ᠶᠢ ᠨᠡᠶᠢᠲᠡᠯᠡᠨ᠎ᠡ᠃ ᠠᠷᠠᠳᠴᠢᠯᠠᠯ ᠢᠶᠠᠷ ᠦᠨᠡᠯᠡᠬᠦ ᠦᠶ᠎ᠡ ᠳᠤ᠂ ᠭᠤᠶᠤᠴᠢᠯᠠᠭᠴᠢ ᠪᠤᠶᠤ ᠣᠷᠣᠯᠠᠭᠴᠢ ᠭᠤᠶᠤᠴᠢᠯᠠᠭᠰᠠᠨ ᠤᠴᠢᠷ ᠰᠢᠯᠲᠠᠭᠠᠨ ᠵᠢᠴᠢ ᠭᠡᠷ ᠪᠦᠯᠢ ᠶᠢᠨ ᠦᠨᠳᠦᠰᠦᠨ ᠪᠠᠶᠢᠳᠠᠯ ᠢᠶᠠᠨ ᠲᠣᠭᠠᠴᠢᠵᠤ᠂ ᠡᠷᠦᠬᠡ ᠳᠤ ᠬᠦᠷᠴᠦ ᠪᠠᠶᠢᠴᠠᠭᠠᠬᠤ ᠠᠵᠢᠯᠲᠠᠨ ᠭᠤᠶᠤᠴᠢᠯᠠᠭᠴᠢ ᠶᠢᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠲᠠᠨᠢᠯᠴᠠᠭᠤᠯᠵᠤ᠂ ᠰᠢᠯᠭᠠᠷᠠᠭᠤᠯᠬᠤ ᠺᠣᠮᠢᠰ ᠨᠢ ︽ᠨᠠᠭᠠᠳᠤ ᠵᠠᠬ᠎ᠠ ᠶᠢᠨ ᠪᠠᠲᠤᠯᠠᠭ᠎ᠠ ᠭᠤᠶᠤᠴᠢᠯᠠᠭᠰᠠᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠭᠰᠠᠨ ᠳᠡᠩᠰᠡᠯᠡᠯᠲᠡ ᠶᠢᠨ ᠬᠦᠰᠦᠨᠦᠭᠲᠦ︾ ᠶᠢᠨ ᠠᠭᠤᠯᠭ᠎ᠠ ᠪᠠ ᠲᠡᠳᠡᠨ ᠤ ᠬᠡᠷ ᠪᠦᠯᠢ ᠶᠢᠨ ᠪᠣᠳᠠᠲᠠᠶ ᠠᠮᠢᠳᠤᠷᠠᠯ ᠤᠨ ᠪᠠᠶᠢᠳᠠᠯ ᠢ ᠦᠨᠳᠦᠰᠦᠯᠡᠨ ᠦᠨᠡᠯᠡᠨ ᠶᠠᠷᠢᠯᠴᠠᠬᠤ ᠶᠢᠨ ᠬᠠᠮᠲᠤ ᠦᠨᠡᠯᠡᠨ ᠶᠠᠷᠢᠯᠴᠠᠭᠰᠠᠨ ᠰᠠᠨᠠᠯ ᠢᠶᠠᠨ ᠳᠤᠷᠠᠳᠴᠤ᠂ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠲᠤᠬᠠᠶ ᠶᠢᠨ ᠲᠠᠯᠠᠪᠤᠷ ᠤᠨ ᠦᠨᠡᠯᠡᠨ ᠶᠠᠷᠢᠯᠴᠠᠭᠰᠠᠨ ᠪᠠᠶᠢᠳᠠᠯ ᠢ ᠦᠨᠳᠦᠰᠦᠯᠡᠨ ᠦᠨᠡᠯᠡᠨ ᠶᠠᠷᠢᠯᠴᠠᠭᠰᠠᠨ ᠳ᠋ᠦᠩᠨᠡᠯᠲᠡ ᠭᠠᠷᠭᠠᠨ᠎ᠠ᠃ ᠦᠨᠡᠯᠡᠨ ᠶᠠᠷᠢᠯᠴᠠᠵᠤ ᠳᠠᠭᠤᠰᠤᠭᠰᠠᠨ ᠤ ᠲᠠᠷᠠᠭ᠎ᠠ᠂ ᠦᠨᠡᠯᠡᠨ ᠶᠠᠷᠢᠯᠴᠠᠭᠰᠠᠨ ᠨᠠᠷᠢᠨ ᠨᠢᠮᠪᠠᠶ᠂ ᠪᠦᠷᠢᠨ ᠪᠦᠲᠦᠨ ᠲᠡᠮᠳᠡᠭᠯᠡᠯ ᠢ ᠪᠦᠷᠢᠯᠳᠦᠭᠦᠯᠬᠦ ᠬᠡᠷᠡᠭᠲᠡᠶ᠂ ᠦᠨᠡᠯᠡᠨ ᠶᠠᠷᠢᠯᠴᠠᠭᠰᠠᠨ ᠦᠷ᠎ᠡ ᠳ᠋ᠦᠩ ᠢ ᠦᠨᠡᠯᠡᠨ ᠶᠠᠷᠢᠯᠴᠠᠬᠤ ᠳᠤ ᠣᠷᠣᠯᠴᠠᠭᠰᠠᠨ ᠪᠤᠢ ᠪᠦᠬᠦᠢ ᠬᠥᠮᠦᠰ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠶ᠃      ᠭᠤᠴᠢᠨ ᠨᠠᠢᠮᠠᠳᠤᠭᠠᠷ ᠵᠦᠢᠯ  ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠬᠠᠩᠭᠠᠭᠰᠠᠨ ᠭᠤᠶᠤᠴᠢᠯᠠᠭᠴᠢ ᠶᠢᠨ ᠦᠨᠡᠯᠡᠨ ᠶᠠᠷᠢᠯᠴᠠᠬᠤ ᠳᠤ ᠣᠷᠣᠯᠴᠠᠬᠤ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ 2 ᠵᠢᠯ ᠤᠨ ᠳᠣᠲᠣᠷ᠎ᠠ ᠲᠡᠭᠦᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠨᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ 5 ᠵᠢᠯ ᠤᠨ ᠳᠣᠲᠣᠷ᠎ᠠ ᠲᠡᠭᠦᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠨᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠦᠭᠡᠢ᠃ ᠠᠷᠠᠳᠴᠢᠯᠠᠯ ᠢᠶᠠᠷ ᠦᠨᠡᠯᠡᠬᠦ ᠮᠠᠷᠭᠤᠯᠳᠤᠭᠠᠨ ᠢᠶᠠᠷ ᠨᠡᠯᠢᠶᠡᠳ ᠶᠡᠭᠡ ᠪᠠᠶᠢᠭ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠬᠤ ᠠᠵᠢᠯ ᠢ ᠲᠠᠬᠢᠨ ᠵᠣᠬᠢᠶᠠᠨ ᠪᠠᠶᠢᠭᠤᠯᠬᠤ ᠬᠡᠷᠡᠭᠲᠡᠶ᠃      ᠵᠢᠷᠭᠤᠳᠤᠭᠠᠷ ᠪᠦᠯᠦᠭ  ᠬᠦ᠋ᠳᠡᠯᠦᠩᠭᠦᠶ ᠬᠠᠮᠢᠶᠠᠷᠤᠯᠲᠠ ᠪᠠ ᠵᠠᠷᠯᠠᠨ ᠨᠡᠶᠢᠲᠡᠯᠡᠬᠦ      ᠭᠤᠴᠢ ᠶᠢᠰᠦᠳᠦᠭᠡᠷ ᠵᠦᠢᠯ  ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠲᠦᠷᠢᠮ ᠪᠠ ᠲᠣᠭᠲᠠᠮᠠᠯ ᠬᠤᠭᠤᠴᠠᠭ᠎ᠠ ᠲᠠᠢ ᠪᠠᠷ ᠲᠠᠬᠢᠨ ᠬᠢᠨᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠨᠢ ᠪᠠᠶᠢᠭ᠎ᠠ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠲᠤ ᠬᠡᠷ ᠪᠦᠯᠢ ᠶᠢᠨ ᠬᠥᠮᠦᠨ ᠠᠮᠠ᠂ ᠣᠷᠣᠯᠭ᠎ᠠ ᠪᠠ ᠡᠳ᠋ ᠬᠥᠷᠥᠩᠭᠡ ᠵᠡᠷᠭᠡ ᠮᠡᠳᠡᠭᠡ ᠵᠠᠩᠭᠢ ᠶᠢᠨ ᠪᠠᠶᠢᠳᠠᠯ ᠵᠢᠴᠢ ᠬᠤᠪᠢᠷᠠᠯᠲᠠ ᠶᠢᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠦᠨᠡᠨ ᠮᠥᠨ ᠢᠶᠠᠷ ᠨᠢ ᠮᠡᠳᠡᠭᠦᠯᠵᠦ᠂ ︽ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠵᠤ ᠪᠠᠶᠢᠭ᠎ᠠ ᠭᠡᠷ ᠪᠦᠯᠢ ᠶᠢᠨ ᠬᠦᠴᠢᠷᠳᠡᠯ ᠤᠨ ᠬᠡᠮᠵᠢᠶ᠎ᠡ ᠵᠢᠴᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠲᠠᠬᠢᠨ ᠬᠢᠨᠠᠵᠤ᠂ ︽ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠵᠤ ᠪᠠᠶᠢᠭ᠎ᠠ ᠭᠡᠷ ᠪᠦᠯᠢ ᠶᠢᠨ ᠲᠣᠭᠲᠠᠮᠠᠯ ᠬᠤᠭᠤᠴᠠᠭ᠎ᠠ ᠲᠠᠢ ᠪᠠᠷ ᠲᠠᠬᠢᠨ ᠬᠢᠨᠠᠬᠤ ᠬᠦᠰᠦᠨᠦᠭᠲᠦ︾ ᠶᠢ ᠴᠠᠭ ᠲᠤᠬᠠᠶ ᠳᠤᠨᠢ ᠲᠠᠭᠯᠠᠨ ᠪᠢᠴᠢᠬᠦ ᠬᠡᠷᠡᠭᠲᠡᠶ᠃      ᠳᠥᠴᠢᠳᠦᠭᠡᠷ ᠵᠦᠢᠯ  ᠰᠤᠮᠤ ᠪᠠᠯᠭᠠᠰᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ︽ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠬᠦ ᠡᠲᠡᠭᠡᠳ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠦᠰᠦᠨᠦᠭᠲᠦ︾ ᠪᠣᠯᠤᠨ ︽ᠲᠣᠭᠲᠠᠮᠠᠯ ᠬᠤᠭᠤᠴᠠᠭ᠎ᠠ ᠲᠠᠢ ᠪᠠᠷ ᠲᠠᠬᠢᠨ ᠬᠢᠨᠠᠬᠤ ᠬᠦᠰᠦᠨᠦᠭᠲᠦ ︾ ᠶᠢᠨ ᠪᠠᠶᠢᠳᠠᠯ ᠢ ᠦᠨᠳᠦᠰᠦᠯᠡᠨ᠂ ᠭᠡᠷ ᠪᠦᠯᠢ ᠶᠢᠨ ᠬᠥᠮᠦᠨ ᠠᠮᠠ᠂ ᠣᠷᠣᠯᠭ᠎ᠠ᠂ ᠡᠳ᠋ ᠬᠥᠷᠥᠩᠭᠡ ᠶᠢᠨ ᠬᠤᠪᠢᠷᠠᠯᠲᠠ ᠲᠠᠢ ᠪᠣᠯ ᠴᠠᠭ ᠲᠤᠬᠠᠶ ᠳᠤᠨᠢ ᠬᠥᠳᠡᠯᠦᠩᠭᠦᠶ ᠲᠤᠬᠢᠷᠠᠭᠤᠯᠤᠯᠳᠠ ᠬᠢᠵᠦ᠂ ︽ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠵᠤ ᠪᠠᠶᠢᠭ᠎ᠠ ᠭᠡᠷ ᠪᠦᠯᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠪᠠᠶᠢᠳᠠᠯ ᠤᠨ ᠳᠠᠩᠰᠠᠯᠠᠬᠤ ᠬᠦᠰᠦᠨᠦᠭᠲᠦ︾ ᠶᠢ ᠲᠠᠭᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠵᠤ ᠪᠠᠶᠢᠭ᠎ᠠ ᠭᠡᠷ ᠪᠦᠯᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠪᠠᠶᠢᠳᠠᠯ  ᠤᠨ ᠳᠠᠩᠰᠠᠯᠠᠬᠤ ᠬᠦᠰᠦᠨᠦᠭᠲᠦ︾ ᠶᠢ ᠲᠠᠭᠯᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠬᠦ ᠵᠣᠭᠤᠰ ᠤᠨ ᠲᠤᠭ᠎ᠠ ᠶᠢ ᠨᠡᠮᠡᠵᠦ ᠣᠯᠭᠤᠬᠤ᠂ ᠬᠠᠰᠤᠵᠤ ᠣᠯᠭᠤᠬᠤ ᠪᠤᠶᠤ ᠪᠠᠲᠤᠯᠠᠭ᠎ᠠ ᠬᠥᠷᠳᠡᠬᠦ ᠶᠢ ᠵᠣᠭᠰᠣᠭᠠᠬᠤ ᠲᠣᠭᠲᠠᠭᠠᠯ ᠭᠠᠷᠭᠠᠬᠤ ᠶᠢᠨ ᠬᠠᠮᠲᠤ ᠰᠢᠶᠠᠨ ᠤ ᠠᠷᠠᠳ  ᠤᠨ ᠶᠠᠪᠤᠳᠠᠯ ᠤᠨ ᠲᠤᠪᠴᠢᠶ᠎ᠠ ᠳᠤ ᠮᠡᠳᠡᠭᠦᠯᠵᠦ ᠬᠢᠨᠠᠭᠤᠯᠤᠨ᠎ᠠ᠃      ᠳᠥᠴᠢᠨ ᠨᠢᠭᠡᠳᠦᠭᠡᠷ ᠵᠦᠢᠯ  ᠲᠣᠭᠲᠠᠮᠠᠯ ᠬᠤᠭᠤᠴᠠᠭ᠎ᠠ ᠲᠠᠢ ᠪᠠᠷ ᠲᠠᠬᠢᠨ ᠬᠢᠨᠠᠬᠤ ᠳᠤ ︽ᠬᠡᠨ ᠲᠠᠬᠢᠨ ᠬᠢᠨᠠᠪᠠᠯ ᠲᠡᠷᠡ ᠭᠠᠷ ᠤᠨ ᠦᠰᠦᠭ ᠵᠢᠷᠤᠪᠠᠯ ᠲᠡᠷᠡ ᠬᠠᠷᠢᠭᠤᠴᠠᠬᠤ︾ ᠵᠠᠷᠴᠢᠮ ᠢ ᠬᠡᠷᠡᠭᠵᠢᠭᠦᠯᠦᠨ᠎ᠡ᠃ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠭᠰᠡᠨ ᠥᠬᠡᠶ᠂ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠬᠤ ᠠᠵᠢᠯ ᠢ ᠲᠣᠭᠲᠠᠭᠠᠯ ᠶᠣᠰᠣᠭᠠᠷ ᠥᠷᠨᠢᠭᠦᠯᠦᠭᠰᠡᠨ ᠥᠬᠡᠶ ᠪᠤᠶᠤ ᠠᠵᠢᠯ ᠤᠨ ᠬᠡᠯᠪᠡᠷᠢ ᠶᠢᠨ ᠲᠡᠳᠦᠶ ᠪᠠᠶᠢᠭ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠠᠷᠲᠠᠨ ᠭᠦᠶ᠋ᠴᠡᠳᠬᠡᠬᠦ ᠪᠠᠶᠢᠭᠤᠯᠤᠮᠵᠢ ᠶᠢᠨ ᠠᠵᠢᠯᠲᠠᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ︹ 2014 ︺ 107 ᠳ᠋ᠤᠭᠠᠷ ᠲᠣᠭᠠᠲᠤ︶ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠳᠥᠴᠢᠨ ᠬᠤᠶᠠᠳᠤᠭᠠᠷ ᠵᠦᠢᠯ ᠨᠠᠭᠠᠳᠤ ᠵᠠᠬ᠎ᠠ ᠶᠢᠨ ᠪᠠᠲᠤᠯᠠᠭ᠎ᠠ ᠶᠢ ᠢᠯᠡ ᠨᠡᠶᠢᠲᠡᠯᠡᠬᠦ ᠳᠤ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠤᠶᠠᠷ ᠰᠠᠮᠪᠠᠷ᠎ᠠ ᠪᠠᠷ ᠢᠯᠡ ᠨᠡᠶᠢᠲᠡᠯᠡᠬᠦ ᠪᠠ ᠣᠷᠳᠣ ᠬᠤᠭᠤᠴᠠᠭ᠎ᠠ ᠪᠠᠷ ᠢᠯᠡ ᠨᠡᠶᠢᠲᠡᠯᠡᠬᠦ ᠲᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠣᠯᠠᠨ ᠨᠡᠶᠢᠲᠡ ᠳᠤ ᠬᠠᠨᠳᠤᠭᠤᠯᠤᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠬᠤᠪᠢ ᠬᠥᠮᠦᠨ ᠤ ᠨᠢᠭᠤᠴᠠ ᠶᠢ ᠬᠠᠮᠠᠭᠠᠯᠠᠬᠤ ᠬᠡᠷᠡᠭᠲᠡᠶ᠂ ᠨᠠᠭᠠᠳᠤ ᠵᠠᠬ᠎ᠠ ᠶᠢᠨ ᠪᠠᠲᠤᠯᠠᠭ᠎ᠠ ᠲᠠᠢ ᠬᠠᠮᠢᠶ᠎ᠠ ᠥᠬᠡᠶ ᠮᠡᠳᠡᠭᠡ ᠵᠠᠩᠭᠢ ᠶᠢ ᠢᠯᠡ ᠪᠣᠯᠭᠠᠵᠤ ᠪᠣᠯᠬᠤ ᠥᠬᠡᠶ᠃      ᠳᠥᠴᠢᠨ ᠭᠤᠷᠪᠠᠳᠤᠭᠠᠷ ᠵᠦᠢᠯ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠵᠤ ᠪᠠᠶᠢᠭ᠎ᠠ ᠭᠡᠷ ᠪᠦᠯᠢ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠂ ᠬᠤᠳᠠᠯ ᠢᠶᠠᠷ ᠬᠢᠵᠦ ᠬᠠᠭᠤᠷᠮᠠᠭᠯᠠᠨ ᠦᠢᠯᠡᠳᠴᠦ ᠪᠣᠯᠬᠤ ᠦᠭᠡᠢ᠂ ᠰᠢᠯᠲᠠᠭᠯᠠᠨ ᠲᠦᠯᠬᠢᠵᠦ ᠪᠣᠯᠬᠤ ᠦᠭᠡᠢ᠂ ᠠᠵᠢᠯ ᠳᠤ ᠬᠠᠮᠵᠢᠯᠴᠠᠬᠤ ᠥᠭᠡᠢ ᠪᠠᠲᠤᠯᠠᠭ᠎ᠠ ᠬᠥᠷᠳᠡᠬᠦ ᠡᠲᠡᠭᠡᠳ ᠪᠥᠬᠦᠨ ᠳᠤ ᠪᠠᠶᠢᠳᠠᠯ ᠢ ᠨᠢ ᠦᠵᠡᠵᠦ ᠪᠠᠶᠢᠭᠠᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠭᠤᠷᠠᠭᠤᠯᠬᠤ ᠪᠤᠶᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠶᠢ ᠬᠦᠴᠦᠨ ᠥᠭᠡᠢ ᠪᠣᠯᠭᠠᠵᠤ ᠪᠣᠯᠤᠨ᠎ᠠ᠃ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ ᠪᠠᠶᠢᠪᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠮᠡᠬᠡᠯᠡᠨ ᠠᠪᠤᠭᠰᠠᠨ ᠢᠶᠠᠷ ᠰᠢᠢᠳᠪᠦᠷᠢᠯᠡᠨ᠎ᠡ᠃    ᠳᠣᠯᠣᠳᠤᠭᠠᠷ ᠪᠦᠯᠦᠭ  ᠳ᠋ᠠᠭᠠᠯᠳᠤᠭᠤᠯᠤᠭᠰᠠᠨ ᠲᠦᠷᠢᠮ    ᠳᠥᠴᠢᠨ ᠳᠥᠷᠪᠡᠳᠦᠭᠡᠷ ᠵᠦᠢᠯ ᠨᠠᠭᠠᠳᠤ ᠵᠠᠬ᠎ᠠ ᠶᠢᠨ ᠪᠠᠲᠤᠯᠠᠭ᠎ᠠ ᠬᠥᠷᠳᠡᠬᠦ ᠡᠲᠡᠭᠡᠳ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠠᠪᠤᠴᠠ ᠳᠤ᠂ ᠲᠤᠰ ᠠᠷᠭ᠎ᠠ ᠳᠤ ᠲᠣᠭᠲᠠᠭᠠᠯ ᠭᠠᠷᠭᠠᠭᠰᠠᠨ ᠥᠭᠡᠢ ᠪᠤᠶᠤ ᠨᠢᠭᠡᠨᠲᠡ ᠲᠣᠭᠲᠠᠭᠠᠭᠰᠠᠨ ᠵᠦᠢᠯᠡᠰ ᠨᠢ ᠳᠡᠭᠡᠳᠦ ᠱᠠᠳᠤ ᠲᠠᠢ ᠨᠢᠭᠡᠳᠦᠯ ᠥᠭᠡᠢ ᠲᠣᠭᠲᠠᠭᠠᠭᠰᠠᠨ ᠵᠦᠢᠯᠡᠰ ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠳᠥᠴᠢᠨ ᠲᠠᠪᠤᠳᠤᠭᠠᠷ ᠵᠦᠢᠯ ᠲᠣᠰ ᠠᠷᠭ᠎ᠠ ᠶᠢ 2020 ᠣᠨ ᠤ 9 ᠳ᠋ᠦᠭᠡᠷ ᠰᠠᠷ᠎ᠠ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠂ ᠪᠣᠳᠠᠲᠠᠶ ᠤᠴᠢᠷ ᠶᠠᠪᠤᠳᠠᠯ ᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃
ᠢᠷᠡᠯᠲᠡ᠄ ᠲᠣᠰ ᠰᠦᠯᠵᠢᠶ᠎ᠡ