1᠂ ᠠᠰᠠᠭᠤᠯᠳᠠ᠄ ᠤᠳᠤ ᠶᠢᠨ ︽ᠮᠤᠩᠭᠤᠯ ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠤᠷᠴᠢᠭᠤᠯᠭ᠎ᠠ ᠶᠢᠨ ᠠᠭᠤᠯᠭ᠎ᠠ ᠤᠯᠠᠨ᠂ ᠨᠢᠭᠡᠳᠦᠯᠳᠡᠢ | ᠨᠠᠶᠢᠷᠠᠭᠤᠯᠤᠭᠰᠠᠨ ︽ᠬᠡᠯᠡ ᠪᠢᠴᠢᠭ︾ ᠲᠠᠢ ᠲᠠᠪᠬᠤᠴᠠᠭᠰᠠᠨ ᠠᠭᠤᠯᠭ᠎ᠠ ᠪᠤᠢ᠂ ᠪᠠᠰᠠ ᠵᠠᠷᠢᠮ ᠠᠭᠤᠯᠭ᠎ᠠ ᠨᠢ ᠬᠠᠭᠤᠴᠢᠷᠠᠵᠤ᠂ ᠵᠠᠰᠠᠪᠤᠷᠢ ᠤᠷᠤᠭᠤᠯᠬᠤ ᠳᠠᠭᠠᠨ | ᠦᠷᠭᠡᠨ ᠬᠡᠪᠴᠢᠶ᠎ᠡ ᠪᠠᠷ ᠰᠠᠨᠠᠯ ᠬᠤᠷᠢᠶᠠᠭᠰᠠᠨ ᠦᠭᠡᠢ᠃ ᠬᠡᠰᠡᠭ ᠭᠡᠷ ᠤᠨ ᠠᠬᠠᠮᠠᠳ᠂ ᠪᠠᠭᠰᠢ᠂ ᠮᠤᠩᠭᠤᠯ ᠦᠨᠳᠦᠰᠦᠳᠡᠨ ᠤ ᠤᠯᠠᠨ ᠲᠦᠮᠡᠨ ︽ᠮᠤᠩᠭᠤᠯ ᠬᠡᠯᠡ | ᠪᠢᠴᠢᠭ︾ ᠤᠨ ᠬᠢᠴᠢᠶᠡᠯ ᠤᠨ ᠲᠡᠪᠳᠡᠷ ᠤᠨ ᠠᠭᠤᠯᠭ᠎ᠠ ᠶᠡᠭᠡ ᠦᠭᠡᠷᠡᠳᠡᠭᠰᠡᠨ ᠭᠡᠵᠤ ᠲᠤᠰᠬᠠᠵᠤ ᠪᠠᠶᠢᠭ᠎ᠠ ᠪᠦᠭᠡᠳ ᠤᠤᠯ ᠤᠨ ᠰᠤᠩᠭᠤᠳᠠᠭ ᠵᠤᠬᠢᠶᠠᠯ ᠢ ᠦᠯᠡᠳᠡᠭᠡᠬᠦ | ᠪᠤᠯᠪᠠᠤ ᠭᠡᠵᠤ ᠰᠠᠨᠠᠭᠤᠯᠭ᠎ᠠ ᠭᠠᠷᠭᠠᠪᠠ᠃ ᠡᠨᠡ ᠠᠰᠠᠭᠤᠳᠠᠯ ᠢ ᠰᠢᠢᠳᠪᠦᠷᠢᠯᠡᠵᠦ ᠲᠡᠶᠢᠯᠦᠨ᠎ᠡ ᠤᠤ︖ | ᠬᠠᠷᠢᠭᠤᠯᠳᠠ᠄ ᠤᠯᠤᠰ ᠤᠨ ᠵᠢᠭᠠᠬᠤ ᠮᠠᠲ᠋ᠧᠷᠢᠶᠠᠯ ᠨᠠᠶᠢᠷᠠᠭᠤᠯᠬᠤ ᠵᠦᠪᠯᠡᠯ ᠠᠴᠠ 2019 ᠤᠨ ᠳᠤ ᠳᠠᠷᠤᠮᠠᠯᠯᠠᠨ ᠲᠠᠷᠬᠠᠭᠠᠭᠰᠠᠨ ︽ᠪᠦᠬᠦ ᠤᠯᠤᠰ ᠤᠨ ᠶᠡᠭᠡ | ᠲᠡᠭᠡᠳᠤ ᠰᠤᠷᠭᠠᠭᠤᠯᠢ ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠳᠠ ᠶᠢᠨ ᠲᠦᠯᠦᠪᠵᠢᠭᠦᠯᠭᠡ ︵2019 — 2022︶︾ | ᠬᠢᠭᠡᠳ ︽ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠳᠠ ᠶᠢᠨ ᠠᠷᠭ᠎ᠠ︾ ᠶᠢ ᠦᠨᠳᠦᠰᠦᠯᠡᠵᠦ᠂ ᠮᠠᠨ ᠤ ᠤᠷᠤᠨ ᠡᠨᠡ ᠵᠢᠯ ᠤᠨ 4 | ᠰᠠᠷ᠎ᠠ ᠳᠤ ᠳᠤᠰᠬᠠᠢ ᠮᠡᠷᠭᠡᠵᠢᠯᠳᠡᠳ ᠢ ᠵᠤᠬᠢᠶᠠᠨ ᠪᠠᠶᠢᠭᠤᠯᠵᠤ᠂ ︽ᠮᠤᠩᠭᠤᠯ ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠵᠠᠰᠠᠯᠳᠠ ᠤᠷᠤᠭᠤᠯᠵᠦ᠂ | ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ᠂ ᠦᠨᠳᠦᠰᠦᠳᠡᠨ ᠤ ᠪᠦᠯᠬᠦᠮᠳᠡᠯ ᠲᠠᠪᠰᠢᠯᠲᠠ ᠶᠢᠨ ᠬᠦᠮᠦᠵᠢᠯ᠂ | ᠬᠤᠪᠢᠰᠬᠠᠯ ᠤᠨ ᠤᠯᠠᠮᠵᠢᠯᠠᠯ ᠤᠨ ᠰᠤᠷᠭᠠᠨ ᠬᠦᠮᠦᠵᠢᠯ ᠵᠡᠷᠭᠡ ᠠᠭᠤᠯᠭ᠎ᠠ ᠪᠠ ᠵᠤᠬᠢᠶᠠᠯ ᠤᠨ ᠬᠠᠷᠢᠴᠠᠯ ᠢ ᠨᠡᠮᠡᠭᠳᠡᠭᠦᠯᠵᠦ᠂ ᠬᠡᠰᠡᠭ ᠵᠤᠬᠢᠶᠠᠯ ᠢ ᠬᠠᠰᠤᠪᠠ᠃ ᠡᠨᠡ | ᠠᠵᠢᠯ ᠪᠣᠯ ᠬᠡᠪ ᠤᠨ ᠲᠤᠬᠠᠶᠢᠯᠠᠭᠰᠠᠨ ᠠᠵᠢᠯ ᠪᠤᠯᠬᠤ ᠪᠦᠭᠡᠳ ᠰᠤᠷᠤᠯᠭ᠎ᠠ ᠶᠢᠨ ᠬᠤᠭᠤᠴᠠᠭ᠎ᠠ ᠪᠦᠷᠢ ᠵᠢᠭᠠᠬᠤ ᠮᠠᠲ᠋ᠧᠷᠢᠶᠠᠯ ᠳᠤ ᠵᠠᠰᠠᠯᠳᠠ ᠤᠷᠤᠭᠤᠯᠳᠠᠭ ᠶᠤᠮ᠃ ︽ | ᠲᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠤᠯᠳᠠ ᠶᠢᠨ ᠠᠷᠭ᠎ᠠ︾ ᠶᠢᠨ ᠲᠤᠭᠳᠠᠭᠠᠯ ᠶᠤᠰᠤᠭᠠᠷ᠂ ᠵᠢᠭᠠᠬᠤ ᠮᠠᠲ᠋ᠧᠷᠢᠶᠠᠯ ᠢ ᠨᠠᠶᠢᠷᠠᠭᠤᠯᠤᠨ | ᠪᠢᠴᠢᠬᠦ ᠪᠠ ᠵᠠᠰᠠᠯᠳᠠ ᠤᠷᠤᠭᠤᠯᠬᠤ ᠳᠤ ᠵᠤᠬᠢᠬᠤ ᠨᠦᠬᠦᠴᠡᠯ ᠪᠤᠯᠤᠨ ᠬᠢᠷᠢ ᠬᠡᠮ ᠲᠠᠢ ᠨᠠᠶᠢᠷᠠᠭᠤᠯᠤᠨ ᠪᠢᠴᠢᠬᠦ ᠪᠠᠶᠢᠭᠤᠯᠤᠮᠵᠢ ᠠᠴᠠ ᠬᠤᠯᠪᠤᠭᠳᠠᠯ ᠪᠦᠬᠦᠢ ᠬᠢᠴᠢᠶᠡᠯ | ᠲᠦᠷᠦᠯ ᠤᠨ ᠳᠤᠰᠬᠠᠢ ᠮᠡᠷᠭᠡᠵᠢᠯᠳᠡᠳ ᠢ ᠵᠤᠬᠢᠶᠠᠨ ᠪᠠᠶᠢᠭᠤᠯᠵᠤ ᠨᠠᠶᠢᠷᠠᠭᠤᠯᠤᠨ ᠪᠢᠴᠢᠪᠡ᠂ ᠨᠠᠶᠢᠷᠠᠭᠤᠯᠤᠨ ᠪᠢᠴᠢᠬᠦ ᠳᠡᠭᠡᠨ ᠭᠤᠤᠯ ᠨᠠᠶᠢᠷᠠᠭᠤᠯᠤᠭᠴᠢ ᠬᠠᠷᠢᠭᠤᠴᠠᠬᠤ | ᠲᠦᠷᠢᠮ ᠢ ᠬᠡᠷᠡᠭᠵᠢᠭᠦᠯᠵᠤ᠂ ᠵᠢᠭᠠᠬᠤ ᠮᠠᠲ᠋ᠧᠷᠢᠶᠠᠯ ᠢ ᠬᠢᠨᠠᠨ ᠪᠠᠶᠢᠴᠠᠭᠠᠬᠤ ᠳᠤ ᠲᠤᠰᠬᠠᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠵᠢᠭᠠᠬᠤ ᠮᠠᠲ᠋ᠧᠷᠢᠶᠠᠯ ᠢ ᠬᠢᠨᠠᠨ | ᠰᠢᠯᠭᠠᠬᠤ ᠬᠤᠷᠠᠯ ᠬᠤᠷᠠᠯᠳᠤᠭᠤᠯᠵᠤ᠂ ᠨᠡᠶᠢᠳᠡ ᠪᠠᠷ ᠢᠶᠠᠨ ᠶᠠᠷᠢᠯᠴᠠᠵᠤ ᠬᠢᠨᠠᠨ ᠪᠠᠲᠤᠯᠠᠭᠰᠠᠨ ᠤ ᠲᠠᠷᠠᠭ᠎ᠠ ᠬᠡᠷᠡᠭᠯᠡᠨ᠎ᠡ᠃ ᠵᠢᠭᠠᠬᠤ ᠮᠠᠲ᠋ᠧᠷᠢᠶᠠᠯ ᠤᠨ ᠠᠭᠤᠯᠭ᠎ᠠ ᠶᠢ | ᠰᠤᠩᠭᠤᠬᠤ ᠳᠠᠭᠠᠨ ᠬᠢᠴᠢᠶᠡᠯ ᠤᠨ ᠪᠠᠷᠢᠮᠵᠢᠶ᠎ᠡ ᠳᠤ ᠲᠤᠭᠳᠠᠭᠠᠭᠰᠠᠨ ᠮᠡᠳᠡᠯᠭᠡ ᠶᠢᠨ ᠲᠦᠷᠦᠯ ᠵᠦᠢᠯ᠂ ᠪᠦᠷᠬᠦᠴᠡ ᠶᠢᠨ ᠦᠷᠭᠡᠴᠡ ᠶᠢᠨ ᠬᠡᠮᠵᠢᠶ᠎ᠡ᠂ ᠬᠦᠴᠢᠷ | ᠬᠢᠯᠪᠡᠷ ᠤᠨ ᠬᠡᠮᠵᠢᠶ᠎ᠡ ᠵᠡᠷᠭᠡ ᠳᠤ ᠨᠡᠶᠢᠴᠡᠭᠰᠡᠨ ᠪᠠᠶᠢᠬᠤ ᠬᠡᠷᠡᠭᠳᠡᠢ ᠮᠦᠷᠳᠡᠭᠡᠨ ᠬᠠᠷᠢᠴᠠᠩᠭᠤᠢ ᠲᠤᠭᠳᠠᠭᠤᠨ᠂ ᠴᠠᠭ ᠦᠶ᠎ᠡ ᠶᠢ ᠲᠠᠭᠠᠨ ᠵᠡᠷᠬᠡ ᠪᠠᠷ ᠤᠷᠤᠭᠰᠢᠯᠠᠭᠰᠠᠨ᠂ | ᠠᠵᠤ ᠠᠬᠤᠢ ᠶᠢᠨ ᠨᠡᠶᠢᠭᠡᠮ ᠤᠨ ᠬᠦᠭᠵᠢᠯᠳᠡ ᠶᠢᠨ ᠰᠢᠨ᠎ᠡ ᠬᠤᠪᠢᠷᠠᠯᠳᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢᠨ ᠰᠢᠨ᠎ᠡ ᠦᠷ᠎ᠡ | ᠪᠦᠳᠦᠭᠡᠯ ᠢ ᠴᠠᠭ ᠲᠤᠬᠠᠢ ᠳᠤᠨᠢ ᠲᠤᠰᠬᠠᠵᠤ᠂ ᠰᠤᠷᠤᠭᠴᠢᠳ ᠤᠨ ᠪᠦᠬᠦ ᠲᠠᠯ᠎ᠠ ᠪᠠᠷ ᠬᠦᠭᠵᠢᠬᠦ ᠶᠢ ᠠᠩᠬᠠᠷᠴᠤ᠂ ᠭᠤᠤᠯᠯᠠᠭᠴᠢ ᠬᠡᠪ ᠪᠤᠯᠪᠠᠰᠤᠷᠠᠯ ᠢ | ᠬᠦᠮᠦᠵᠢᠭᠦᠯᠬᠦ ᠶᠢ ᠴᠢᠬᠤᠯᠠᠴᠢᠯᠠᠵᠤ᠂ ᠰᠤᠷᠤᠭᠴᠢᠳ ᠤᠨ ᠦᠰᠦᠨ ᠪᠤᠶᠢᠵᠢᠬᠤ ᠵᠢᠮ᠎ᠡ ᠶᠤᠰᠤ ᠶᠢ ᠵᠢᠷᠤᠮᠯᠠᠵᠤ᠂ ᠰᠤᠷᠤᠭᠴᠢᠳ ᠤᠨ ᠦᠵᠡᠯ ᠰᠠᠨᠠᠭ᠎ᠠ᠂ ᠠᠮᠢᠳᠤᠷᠠᠯ᠂ | ᠰᠤᠷᠤᠯᠴᠠᠯᠭ᠎ᠠ ᠵᠡᠷᠭᠡ ᠪᠤᠳᠠᠳᠤ ᠪᠠᠶᠢᠳᠠᠯ ᠲᠠᠢ ᠨᠢᠭᠳᠠ ᠬᠤᠯᠪᠤᠭᠳᠠᠭᠤᠯᠵᠤ᠂ ᠮᠡᠳᠡᠯᠭᠡ᠂ ᠴᠢᠳᠠᠪᠤᠷᠢ᠂ ᠰᠡᠳᠬᠢᠯᠭᠡ᠂ ᠦᠷᠳᠡᠭ ᠤᠨ ᠦᠵᠡᠯᠳᠡ ᠶᠢᠨ ᠬᠦᠮᠦᠵᠢᠯ ᠤᠨ | ᠤᠷᠭᠠᠨᠢᠭ ᠤᠶᠠᠯᠳᠤᠯ ᠢ ᠠᠬᠢᠭᠤᠯᠵᠤ᠂ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢᠨ ᠲᠡᠷᠢᠭᠦᠨ ᠤ ᠤᠶᠢᠯᠠᠭᠠᠭᠳᠠᠬᠤᠨ ᠢ ᠪᠦᠷᠢᠨ ᠭᠦᠢᠴᠡᠳ | ᠢᠯᠡᠷᠡᠭᠦᠯᠬᠦ ᠬᠡᠷᠡᠭᠳᠡᠢ᠃ | 2᠂ ᠠᠰᠠᠭᠤᠯᠳᠠ᠄ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠦᠭᠡᠷᠡᠴᠢᠯᠡᠯᠳᠡ ᠳᠤ ︽ | 3+3︾ ᠶᠢᠨ ᠵᠠᠭᠪᠤᠷ ᠢ ᠬᠡᠷᠡᠭᠵᠢᠭᠦᠯᠦᠭᠰᠡᠨ ᠤ ᠲᠠᠷᠠᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠬᠤ ᠦᠭᠡᠢ | ᠃ ᠤᠯᠤᠰ ᠤᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠮᠤᠩᠭᠤᠯ ᠢᠶᠠᠷ | ᠬᠢᠴᠢᠶᠡᠯᠯᠡᠬᠦ ᠰᠤᠷᠤᠭᠴᠢᠳ ᠤᠨ ︽ᠬᠡᠯᠡ ᠪᠢᠴᠢᠭ︾ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤ︾ ︽ᠲᠡᠦᠬᠡ︾ ᠶᠢᠨ ᠬᠢᠴᠢᠶᠡᠯ ᠳᠤ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠶᠢ ᠬᠡᠷᠡᠭᠵᠢᠬᠦᠯᠬᠦ ᠨᠢ ᠰᠤᠷᠤᠭᠴᠢᠳ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠦᠷᠦᠯ ᠤᠨ ᠬᠢᠴᠢᠶᠡᠯ ᠢ ᠰᠤᠩᠭᠤᠬᠤ ᠳᠤ ᠤᠯᠠᠮ ᠢᠯᠡᠭᠦᠦ | ᠬᠡᠯᠪᠠᠶᠢᠵᠦ᠂ ᠬᠢᠴᠢᠶᠡᠯ ᠬᠡᠯᠪᠠᠶᠢᠬᠦ ᠦᠵᠡᠭᠳᠡᠯ ᠭᠠᠷᠬᠤ ᠳᠤ ᠬᠦᠷᠦᠭᠦᠯᠦᠨ᠎ᠡ ᠤᠤ ᠦᠭᠡᠢ ᠤᠤ︖ | ᠬᠠᠷᠢᠭᠤᠯᠳᠠ᠄ ᠰᠢᠨ᠎ᠡ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠦᠨᠡᠯᠡᠯᠳᠡ ᠶᠢᠨ | ᠰᠢᠰᠲ᠋ᠧᠮ ᠨᠢ ︽ᠬᠦᠳᠦᠯᠬᠦ ᠵᠢᠭᠠᠨ ᠰᠤᠷᠭᠠᠯᠳᠠ︾ ᠶᠢ ᠲᠤᠭ ᠲᠡᠮᠳᠡᠭ ᠲᠤᠳᠤᠷᠬᠠᠢ ᠪᠠᠷ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ | ᠨᠢᠭᠡᠳᠤᠯᠳᠠᠢ ᠰᠢᠯᠭᠠᠯᠳᠠ ᠶᠢᠨ ᠠᠭᠤᠯᠭ᠎ᠠ ᠶᠢᠨ ᠦᠭᠡᠷᠡᠴᠢᠯᠡᠯᠳᠡ ᠶᠢᠨ ᠭᠤᠤᠯ ᠴᠢᠭᠯᠡᠯ ᠪᠤᠯᠭᠠᠵᠤ᠂ ᠵᠢᠭᠠᠬᠤ᠂ ᠰᠤᠷᠬᠤ᠂ ᠰᠢᠯᠭᠠᠬᠤ ᠶᠢᠨ ᠤᠷᠭᠠᠨᠢᠭ ᠨᠢᠭᠡᠳᠦᠯ ᠢ | ᠤᠯᠠᠮ ᠢᠶᠠᠷ ᠴᠢᠬᠤᠯᠠᠴᠢᠯᠠᠭᠰᠠᠨ ᠪᠠᠶᠢᠨ᠎ᠠ᠃ ᠡᠭᠦᠨ ᠤ ᠭᠤᠤᠯᠯᠠᠭᠴᠢ ᠤᠶᠢᠯᠡᠳᠦᠯ ᠨᠢ ᠶᠤᠰᠤ ᠮᠤᠷᠠᠯ ᠢᠶᠠᠷ ᠬᠦᠮᠦᠨ ᠬᠦᠮᠦᠵᠢᠭᠦᠯᠬᠦ᠂ ᠴᠢᠳᠠᠪᠤᠷᠢᠳᠠᠨ ᠰᠤᠩᠭᠤᠬᠤ ᠳᠤ | ᠦᠢᠯᠡᠴᠢᠯᠡᠬᠦ᠂ ᠬᠦᠳᠦᠯᠦᠨ ᠲᠠᠭᠠᠭᠤᠯᠵᠤ ᠵᠢᠭᠠᠨ ᠰᠤᠷᠭᠠᠬᠤ ᠳᠤ ᠤᠷᠤᠰᠢᠨ᠎ᠠ᠃ ᠤᠳᠤ ᠶᠢᠨ ᠮᠠᠨ ᠤ ᠤᠷᠤᠨ ᠤ ᠬᠡᠷᠡᠭᠵᠢᠭᠦᠯᠵᠦ ᠪᠠᠶᠢᠭ᠎ᠠ ᠶᠡᠭᠡ ᠲᠡᠭᠡᠳᠦ | ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠦᠨᠡᠯᠡᠯᠳᠠ ᠶᠢᠨ ᠰᠢᠰᠲ᠋ᠧᠮ ᠲᠠᠢ ᠬᠠᠷᠢᠴᠠᠭᠤᠯᠪᠠᠯ᠂ ᠰᠤᠷᠤᠭᠴᠢᠳ ᠤᠨ | ᠪᠡᠶ᠎ᠠ ᠪᠠᠨ ᠳᠠᠭᠠᠭᠠᠵᠤ ᠰᠤᠩᠭᠤᠬᠤ ᠡᠷᠬᠡ ᠶᠢ ᠤᠯᠠᠮ ᠢᠯᠡᠭᠦᠦ ᠴᠢᠩᠭᠠᠳᠬᠠᠵᠤ᠂ ᠳᠠᠪᠠᠭᠤᠯᠢᠭ ᠬᠢᠴᠢᠶᠡᠯ ᠲᠦᠷᠦᠯ ᠪᠤᠶᠤ ᠤᠨᠴᠠ ᠴᠢᠳᠠᠪᠤᠷᠢ ᠶᠢᠨ ᠳᠠᠯᠳᠠ | ᠬᠦᠴᠦᠨ ᠲᠠᠢ ᠰᠤᠷᠤᠭᠴᠢᠳ ᠲᠤ ᠠᠪᠴᠤ ᠬᠡᠯᠡᠪᠡᠯ᠂ ᠤᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ | ᠬᠤᠪᠢᠶᠠᠭᠰᠠᠨ ᠤ ︽ᠲᠠᠪᠠᠭᠤᠯᠢᠭ ᠲᠠᠯ᠎ᠠ ᠪᠠᠷ ᠢᠶᠠᠷ ᠲᠤᠳᠠᠭᠳᠠᠯ ᠲᠠᠢ ᠲᠠᠯ᠎ᠠ ᠶᠢ ᠪᠠᠨ ᠨᠦᠬᠦᠪᠦᠷᠢᠯᠡᠬᠦ︾ ᠶᠢ ᠦᠭᠡᠷᠡᠴᠢᠯᠡᠭᠰᠡᠨ ᠤ ᠲᠠᠷᠠᠭ᠎ᠠ ︽ᠳᠠᠪᠠᠭᠤᠯᠢᠭ ᠢᠶᠠᠨ | ᠪᠠᠳᠠᠷᠠᠭᠤᠯᠵᠤ ᠳᠤᠳᠠᠭᠳᠠᠯ ᠢᠶᠠᠨ ᠳᠡᠪᠴᠢᠬᠦ︾ ᠪᠤᠯᠭᠠᠵᠤ᠂ ᠲᠠᠪᠠᠭᠤᠯᠢᠭ ᠬᠢᠴᠢᠶᠡᠯ ᠲᠦᠷᠦᠯ ᠢᠶᠠᠷ ᠲᠤᠷᠠᠳᠠᠢ ᠬᠢᠴᠢᠶᠡᠯ ᠲᠦᠷᠦᠯ ᠢ ᠢᠵᠢᠯᠢᠰᠢᠭᠦᠯᠵᠤ ᠡᠩ ᠤᠨ | ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠳᠤ ᠤᠷᠤᠯᠴᠠᠬᠤ ᠪᠤᠯᠭᠠᠵᠤ᠂ ᠰᠤᠷᠤᠭᠴᠢᠳ ᠤᠨ ᠬᠤᠪᠢ ᠪᠡᠶ᠎ᠡ ᠶᠢᠨ | ᠲᠠᠪᠠᠭᠤᠯᠢᠭ ᠲᠠᠯ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠳᠤ ᠬᠦᠷᠦᠭᠦᠯᠦᠨ᠎ᠡ᠃ ᠡᠶᠢᠮᠦ ᠠᠴᠠ ᠰᠤᠷᠤᠭᠴᠢᠳ ᠦᠨᠳᠦᠷ ᠵᠡᠷᠭᠡ ᠶᠢᠨ ᠲᠤᠮᠳᠠᠳᠤ | ᠰᠤᠷᠭᠠᠭᠤᠯᠢ ᠶᠢᠨ ᠵᠠᠪᠠᠯ ᠰᠤᠷᠬᠤ ᠪᠦᠬᠦ ᠬᠢᠴᠢᠶᠡᠯ ᠢᠶᠠᠨ ᠰᠤᠷᠴᠤ ᠲᠠᠭᠤᠰᠬᠠᠭᠰᠠᠨ ᠤ ᠲᠠᠷᠠᠭ᠎ᠠ᠂ ᠶᠡᠭᠡ ᠲᠡᠭᠡᠳᠦ ᠰᠤᠷᠭᠠᠭᠤᠯᠢ ᠶᠢᠨ ᠱᠠᠭᠠᠷᠳᠠᠯᠭ᠎ᠠ ᠪᠠ ᠬᠤᠪᠢ | ᠬᠦᠮᠦᠨ ᠤ ᠲᠠᠪᠠᠭᠤᠯᠢᠭ ᠲᠠᠯ᠎ᠠ ᠪᠠᠨ ᠦᠨᠳᠦᠰᠦᠯᠡᠵᠦ᠂ ᠪᠡᠶ᠎ᠡ ᠪᠠᠨ ᠲᠠᠭᠠᠭᠠᠨ ᠲᠠᠪᠠᠭᠤᠯᠢᠭ ᠬᠢᠴᠢᠶᠡᠯ ᠲᠦᠷᠦᠯ ᠢ ᠰᠤᠩᠭᠤᠵᠤ ᠶᠡᠭᠡ ᠲᠡᠭᠡᠳᠦ ᠰᠤᠷᠭᠠᠭᠤᠯᠢ ᠶᠢᠨ | ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠳᠤ ᠤᠷᠤᠯᠴᠠᠨ᠎ᠠ᠂ ᠡᠨᠡ ᠨᠢ ᠰᠤᠷᠤᠭᠴᠢᠳ ᠤᠨ ᠪᠦᠬᠦ ᠳᠠᠯ᠎ᠠ ᠶᠢᠨ ᠬᠦᠭᠵᠢᠯᠳᠠ ᠳᠤ ᠠᠰᠢᠭᠳᠠᠢ | ᠪᠠᠶᠢᠳᠠᠭ᠃ | 3᠂ ᠠᠰᠠᠭᠤᠯᠳᠠ᠄ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢᠶᠠᠷ ᠬᠢᠴᠢᠶᠡᠯᠯᠡᠭᠰᠡᠨ ᠤ ᠲᠠᠷᠠᠭ᠎ᠠ᠂ ᠰᠤᠷᠤᠭᠴᠢᠳ ᠤᠨ ᠰᠤᠷᠤᠯᠭ᠎ᠠ ᠶᠢ ᠦᠨᠡᠯᠡᠬᠦ ᠪᠠᠷᠢᠮᠵᠢᠶ᠎ᠠ ᠶᠢ ᠬᠡᠷᠬᠢᠨ ᠲᠤᠭᠳᠠᠭᠠᠬᠤ ᠪᠤᠢ︖ | ᠬᠠᠷᠢᠭᠤᠯᠳᠠ᠄ ᠬᠢᠴᠢᠶᠡᠯ ᠤᠨ ᠪᠠᠷᠢᠮᠵᠢᠶ᠎ᠠ ᠪᠣᠯ ᠰᠤᠷᠤᠭᠴᠢᠳ ᠤᠨ ᠰᠤᠷᠤᠯᠭ᠎ᠠ ᠳᠤ ᠦᠨᠡᠯᠡᠯᠳᠡ ᠬᠢᠬᠦ ᠦᠨᠳᠦᠰᠦᠨ ᠵᠢᠷᠤᠮᠯᠠᠯ ᠪᠤᠯᠬᠤ ᠶᠤᠮ᠃ ᠤᠯᠤᠰ ᠤᠨ | ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠡᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠰᠤᠷᠤᠭᠴᠢᠳ ᠤᠨ ᠰᠤᠷᠤᠯᠭ᠎ᠠ ᠶᠢ ᠦᠨᠡᠯᠡᠬᠦ ᠳᠤ ᠤᠯᠤᠰ ᠤᠨ ᠬᠢᠴᠢᠶᠡᠯ ᠤᠨ | ᠪᠠᠷᠢᠮᠵᠢᠶ᠎ᠠ ᠶᠢ ᠵᠢᠷᠤᠮᠯᠠᠭᠰᠠᠨ ᠤᠷᠢᠳᠠᠯ ᠲᠤᠤᠷ᠎ᠠ᠂ ᠭᠠᠵᠠᠷ ᠤᠷᠤᠨ ᠤ ᠬᠤᠭᠤᠷᠤᠨᠳᠤᠬᠢ᠂ ᠬᠤᠳᠠ ᠬᠦᠳᠡᠭᠡ ᠶᠢᠨ ᠬᠤᠭᠤᠷᠤᠨᠳᠤᠬᠢ᠂ ᠰᠤᠷᠭᠠᠭᠤᠯᠢ ᠰᠤᠷᠭᠠᠭᠤᠯᠢ ᠶᠢᠨ | ᠬᠤᠭᠤᠷᠤᠨᠳᠤᠬᠢ ᠪᠠᠭᠰᠢ ᠪᠠ ᠰᠤᠷᠤᠭᠴᠢ ᠶᠢᠨ ᠬᠡᠯᠡᠨ ᠤ ᠰᠠᠭᠤᠷᠢ᠂ ᠤᠷᠴᠢᠨ ᠲᠤᠭᠤᠷᠢᠨ ᠤ ᠨᠦᠬᠦᠴᠡᠯ ᠲᠡᠩᠴᠡᠭᠦᠷᠢ ᠦᠭᠡᠢ ᠵᠡᠷᠭᠡ ᠬᠦᠴᠦᠨ ᠵᠦᠢᠯ ᠢ ᠭᠦᠢᠴᠡᠳ | ᠪᠤᠳᠤᠯᠬᠢᠯᠠᠵᠤ᠂ ᠠᠭᠤᠯᠭ᠎ᠠ ᠪᠠ ᠮᠡᠳᠡᠯᠭᠡ ᠶᠢᠨ ᠰᠢᠰᠲ᠋ᠧᠮ ᠤᠨ ᠵᠠᠯᠭᠠᠯᠳᠠ ᠶᠢ ᠬᠠᠷᠠᠭᠠᠯᠵᠠᠬᠤ ᠬᠡᠷᠡᠭᠳᠡᠢ ᠮᠦᠷᠳᠡᠭᠡᠨ ᠪᠠᠭᠰᠢ ᠪᠠ ᠰᠤᠷᠤᠭᠴᠢ ᠶᠢᠨ ᠪᠤᠳᠠᠳᠤ ᠪᠠᠶᠢᠳᠠᠯ ᠢ | ᠪᠤᠳᠤᠯᠬᠢᠯᠠᠵᠤ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠠᠴᠠ ᠦᠨᠳᠦᠰᠦᠨ ᠵᠦᠢᠯ ᠢ ᠪᠠᠳᠤᠯᠠᠬᠤ ᠦᠨᠡᠯᠡᠯᠳᠡ ᠶᠢᠨ ᠭᠤᠤᠯᠳᠠᠯᠭ᠎ᠠ ᠶᠢ | ᠲᠤᠭᠳᠠᠭᠠᠵᠤ᠂ ᠵᠢᠭᠠᠨ ᠰᠤᠷᠭᠠᠬᠤ ᠤᠶᠢᠯᠡᠳᠦᠯᠭᠡ ᠪᠠ ᠰᠤᠷᠤᠯᠭ᠎ᠠ ᠶᠢ ᠰᠢᠯᠭᠠᠨ ᠦᠨᠡᠯᠡᠬᠦ ᠳᠤ ᠰᠤᠷᠤᠭᠴᠢ ᠶᠢᠨ ᠰᠤᠷᠤᠯᠭ᠎ᠠ ᠶᠢ ᠦᠨᠡᠯᠡᠬᠦ ᠦᠨᠳᠦᠰᠦᠨ ᠱᠠᠭᠠᠷᠳᠠᠯᠭ᠎ᠠ | ᠪᠤᠯᠭᠠᠨ᠎ᠠ᠃ ᠡᠯ᠎ᠡ ᠭᠠᠵᠠᠷ ᠤᠷᠤᠨ ᠡᠯ᠎ᠡ ᠰᠤᠷᠭᠠᠭᠤᠯᠢ ᠨᠢ ᠲᠤᠬᠠᠢ ᠶᠢᠨ ᠭᠠᠵᠠᠷ ᠤᠷᠤᠨ ᠪᠠ ᠰᠤᠷᠭᠠᠭᠤᠯᠢ ᠶᠢᠨ ᠢᠶᠠᠨ ᠪᠤᠳᠠᠳᠤ ᠪᠠᠶᠢᠳᠠᠯ ᠢ ᠦᠨᠳᠦᠰᠦᠯᠡᠨ | ᠠᠮᠢᠳᠤᠯᠢᠭ ᠢᠶᠠᠷ ᠲᠤᠬᠢᠷᠠᠭᠤᠯᠵᠤ ᠪᠤᠯᠤᠨ᠎ᠠ᠃ | 4᠂ ᠠᠰᠠᠭᠤᠯᠳᠠ᠄ ᠰᠢᠨ᠎ᠡ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢᠨ ᠦᠭᠡᠷᠡᠴᠢᠯᠡᠯᠳᠡ | ᠬᠢᠬᠦ ᠶᠢ ᠬᠡᠵᠢᠶ᠎ᠠ ᠲᠤᠭᠳᠠᠭᠠᠬᠤ ᠪᠤᠢ︖ ᠤᠳᠤᠬᠠᠨ᠎ᠠ ᠪᠠᠭ᠎ᠠ ᠰᠤᠷᠭᠠᠭᠤᠯᠢ ᠶᠢᠨ ᠪᠤᠰᠤᠳ ᠤᠨ ᠤ ᠵᠢᠭᠠᠬᠤ ᠮᠠᠲ᠋ᠧᠷᠢᠶᠠᠯ ᠬᠤᠪᠢᠷᠠᠭ᠎ᠠ ᠦᠭᠡᠢ᠂ ᠪᠠᠭ᠎ᠠ | ᠰᠤᠷᠭᠠᠭᠤᠯᠢ ᠠᠴᠠ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠬᠦ ᠶᠢ ᠬᠡᠷᠬᠢᠨ ᠵᠠᠯᠭᠠᠭᠤᠯᠬᠤ ᠪᠤᠢ︖ ᠭᠤᠷᠪᠠᠨ ᠲᠦᠷᠦᠯ ᠤᠨ ᠬᠢᠴᠢᠶᠡᠯ ᠤᠨ | ᠨᠢᠭᠡᠳᠦᠯᠳᠡᠢ ᠨᠠᠶᠢᠷᠠᠭᠤᠯᠤᠭᠰᠨᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠬᠡᠷᠬᠢᠨ ᠰᠢᠯᠭᠠᠬᠤ ᠪᠠ ᠦᠨᠡᠯᠡᠬᠦ ᠪᠤᠢ︖ ᠪᠠᠭ᠎ᠠ ᠰᠤᠷᠭᠠᠭᠤᠯᠢ ᠠᠴᠠ ᠠᠩᠬ᠎ᠠ | ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠬᠦ᠂ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠠᠴᠠ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠳᠤ ᠲᠡᠪᠰᠢᠬᠦ | ᠪᠠ ᠰᠤᠷᠤᠭᠴᠢᠳ ᠤᠨ ᠶᠡᠭᠡ ᠲᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠤᠯᠳᠠᠢ ᠰᠢᠯᠭᠠᠯᠳᠠ ᠶᠢ ᠬᠡᠷᠬᠢᠨ ᠦᠨᠡᠯᠡᠬᠦ ᠪᠤᠢ︖ | ᠬᠠᠷᠢᠭᠤᠯᠳᠠ᠄ ᠤᠯᠤᠰ ᠠᠴᠠ ᠶᠠᠭ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠭᠡᠳᠤᠯᠳᠠᠢ ᠰᠢᠯᠭᠠᠯᠳᠠ ᠳᠤ ᠦᠭᠡᠷᠡᠴᠢᠯᠡᠯᠳᠡ | ᠬᠢᠵᠦ ᠪᠠᠶᠢᠨ᠎ᠠ᠃ ᠮᠠᠨ ᠤ ᠤᠷᠤᠨ ᠤᠯᠤᠰ ᠤᠨ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ 2022 ᠤᠨ ᠠᠴᠠ ᠡᠮᠦᠨ᠎ᠡ ᠡᠬᠢᠯᠡᠭᠦᠯᠦᠨ᠎ᠡ᠃ ᠡᠩ ᠤᠨ ᠶᠡᠭᠡ | ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠬᠡᠳᠤᠯᠳᠠᠢ ᠰᠢᠯᠭᠠᠯᠳᠠ ᠶᠢᠨ ᠰᠢᠨ᠎ᠠ ᠲᠦᠷᠢᠮ ᠢ ᠬᠡᠷᠡᠭᠵᠢᠭᠦᠯᠦᠭᠰᠡᠨ ᠤ ᠲᠠᠷᠠᠭ᠎ᠠ ᠨᠡᠶᠢᠭᠡᠮ ᠤᠨ ᠰᠢᠨᠵᠢᠯᠡᠬᠦ | ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠬᠤ ᠦᠭᠡᠢ᠂ ᠲᠤᠬᠠᠢ ᠶᠢᠨ ᠦᠶ᠎ᠡ ᠳᠤ ︽ᠨᠡᠶᠢᠭᠡᠮ ᠤᠨ ᠰᠢᠨᠵᠢᠯᠡᠬᠦ ᠤᠬᠠᠭᠠᠨ ᠤ | ᠶᠡᠷᠦᠩᠭᠡᠶᠢᠯᠡᠭᠰᠡᠨ ᠰᠢᠯᠭᠠᠯᠳᠠ︾ ᠪᠠ ︽ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠰᠢᠯᠭᠠᠯᠳᠠ︾ ᠶᠢᠨ ᠡᠩ ᠤᠨ ᠶᠡᠭᠡ ᠲᠡᠭᠡᠳᠦ ᠰᠤᠷᠭᠠᠭᠤᠯᠢ ᠳᠤ | ᠰᠢᠯᠭᠠᠭᠤᠯᠬᠤ ᠤᠯᠤᠰ ᠤᠨ ᠨᠢᠬᠡᠯᠳᠤᠳᠠᠢ ᠰᠢᠯᠭᠠᠯᠳᠠ ᠶᠢᠨ ᠬᠢᠴᠢᠶᠡᠯ ᠤᠷᠤᠰᠢᠬᠤ ᠪᠠᠨ ᠪᠤᠯᠢᠨ᠎ᠠ᠃ ᠤᠳᠤᠬᠠᠨ ᠳᠤ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ | ᠪᠤᠯᠤᠨ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠳᠤ ᠤᠯᠤᠰ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠴᠠ | ᠭᠠᠳᠠᠨ᠎ᠠ᠂ ᠪᠤᠰᠤᠳ ᠰᠤᠷᠤᠯᠭ᠎ᠠ ᠶᠢᠨ ᠱᠠᠳᠤ ᠪᠤᠯᠤᠨ ᠤᠨ ᠤ ᠬᠢᠴᠢᠶᠡᠯ ᠤᠨ ᠵᠢᠭᠠᠬᠤ ᠮᠠᠲ᠋ᠧᠷᠢᠶᠠᠯ᠂ ᠬᠢᠴᠢᠶᠡᠯᠯᠡᠬᠦ ᠦᠬᠡ ᠬᠡᠯᠡᠨ ᠳᠤ ᠴᠦᠮ ᠬᠤᠪᠢᠷᠠᠯᠳᠠ ᠦᠭᠡᠢ | ᠶᠤᠮ᠃ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠦᠭᠰᠡᠨ ᠤ ᠲᠠᠷᠠᠭ᠎ᠠ᠂ ᠰᠤᠷᠤᠭᠴᠢ ᠶᠢᠨ | ᠰᠤᠷᠭᠠᠭᠤᠯᠢ ᠲᠡᠪᠰᠢᠬᠦ ᠳᠤ ︽ᠬᠠᠭᠤᠴᠢᠨ ᠬᠦᠮᠦᠨ ᠳᠤ ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠠᠷᠭ᠎ᠠ︾ ᠶᠢᠨ ᠵᠠᠷᠴᠢᠮ ᠢᠶᠠᠷ ᠦᠨᠡᠯᠡᠯᠳᠡ ᠬᠢᠨ᠎ᠡ᠂ | ᠲᠤᠬᠠᠶᠢᠯᠠᠪᠠᠯ ︽ᠶᠠᠭᠤ ᠰᠤᠷᠤᠭᠰᠠᠨ ᠪᠣᠯ ᠶᠠᠭᠤ ᠶᠢ ᠰᠢᠯᠭᠠᠨ᠎ᠠ︾᠃ | 5᠂ ᠠᠰᠠᠭᠤᠯᠳᠠ᠄ ︽ᠮᠤᠩᠭᠤᠯ ᠬᠡᠯᠡ ᠪᠢᠴᠢᠭ︾ ᠪᠣᠯ ᠰᠤᠩᠭᠤᠨ ᠰᠤᠷᠬᠤ ᠬᠢᠴᠢᠶᠡᠯ ᠮᠦᠨ ᠭᠡᠵᠤ ᠵᠠᠷᠢᠮ ᠬᠦᠮᠦᠨ ᠬᠡᠯᠡᠵᠦ ᠪᠠᠶᠢᠨ᠎ᠠ᠂ ᠡᠨᠡ ᠦᠨᠡᠨ ᠤᠤ︖ | | ᠬᠠᠷᠢᠭᠤᠯᠳᠠ᠄ ᠮᠠᠨ ᠤ ᠤᠷᠤᠨ ᠤ ᠦᠨᠳᠦᠰᠦᠳᠡᠨ ᠤ ᠦᠬᠡ ᠬᠡᠯᠡ ᠪᠠᠷ ᠬᠢᠴᠢᠶᠡᠯᠯᠡᠵᠦ ᠪᠠᠶᠢᠭ᠎ᠠ ᠲᠤᠮᠳᠠᠳᠤ ᠪᠠᠭ᠎ᠠ ᠰᠤᠷᠭᠠᠭᠤᠯᠢ ᠶᠢᠨ ︽ᠮᠤᠩᠭᠤᠯ ᠬᠡᠯᠡ | ᠪᠢᠴᠢᠭ︾ ᠪᠣᠯ ᠶᠡᠷᠤ ᠠᠴᠠ ᠪᠠᠨ ᠵᠠᠪᠠᠯ ᠰᠤᠷᠬᠤ ᠬᠢᠴᠢᠶᠡᠯ ᠮᠦᠨ᠂ ︽ᠮᠤᠩᠭᠤᠯ ᠬᠡᠯᠡ ᠪᠢᠴᠢᠭ︾ ᠤᠨ ᠬᠢᠴᠢᠶᠡᠯ ᠤᠨ ᠴᠠᠭ ᠤᠨ ᠲᠤᠬᠢᠷᠠᠭᠤᠯᠤᠯᠳᠠ ᠴᠦ | ᠶᠡᠷᠤ ᠠᠴᠠ ᠪᠠᠨ ᠬᠤᠪᠢᠷᠠᠯᠳᠠ ᠦᠭᠡᠢ ᠶᠤᠮ᠃ | 6᠂ ᠠᠰᠠᠭᠤᠯᠳᠠ᠄ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢᠶᠠᠷ ᠬᠢᠴᠢᠶᠡᠯᠯᠡᠭᠰᠡᠨ ᠤ ᠲᠠᠷᠠᠭ᠎ᠠ᠂ ᠮᠤᠩᠭᠤᠯ ᠬᠡᠯᠡ ᠪᠠᠷ ᠤᠷᠴᠢᠭᠤᠯᠤᠭᠰᠠᠨ ᠮᠠᠲ᠋ᠧᠷᠢᠶᠠᠯ ᠪᠤᠯᠤᠨ ᠬᠤᠤᠰ ᠬᠡᠯᠡᠨ ᠤ ᠲᠤᠯᠢ ᠪᠢᠴᠢᠭ ᠵᠡᠷᠭᠡ ᠬᠡᠷᠡᠭᠯᠡᠭᠡᠨ ᠤ | ᠮᠠᠲ᠋ᠧᠷᠢᠶᠠᠯ ᠤᠨ ᠲᠠᠯ᠎ᠠ ᠪᠠᠷ ᠶᠠᠮᠠᠷᠰᠢᠤ ᠬᠠᠪᠰᠤᠷᠤᠯᠭ᠎ᠠ ᠦᠵᠡᠭᠦᠯᠬᠦ ᠪᠤᠢ︖ | ᠬᠠᠷᠢᠭᠤᠯᠳᠠ᠄ ᠵᠢᠯ ᠪᠦᠷᠢ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠳᠤ ᠤᠷᠤᠭᠰᠠᠨ ᠰᠢᠨ᠎ᠡ ᠰᠤᠷᠤᠭᠴᠢᠳ ᠲᠤ ︽ᠰᠢᠨᠬᠤᠸᠠ ᠦᠰᠦᠭ ᠤᠨ ᠲᠤᠯᠢ︾ | ᠪᠠ ︽ᠰᠤᠷᠤᠭᠴᠢ ᠶᠢᠨ ᠮᠤᠩᠭᠤᠯ ᠬᠡᠯᠡᠨ ᠤ ᠲᠤᠯᠢ︾ ᠬᠠᠩᠭᠠᠵᠦ᠂ ᠰᠤᠷᠤᠭᠴᠢᠳ ᠤᠨ ᠰᠤᠷᠤᠯᠭ᠎ᠠ ᠶᠢᠨ ᠶᠠᠪᠤᠴᠠ ᠳᠤ ᠯᠠᠪᠯᠠᠯᠲᠠ ᠪᠤᠯᠭᠠᠨ᠎ᠠ᠃ ᠡᠭᠦᠨ ᠤ ᠬᠠᠮᠲᠦ | ᠦᠪᠡᠷᠲᠡᠭᠡᠨ ᠵᠠᠰᠠᠬᠤ ᠤᠷᠤᠨ ᠠᠴᠠ ᠦᠨᠳᠤᠰᠤᠲᠡᠨ ᠤ ᠦᠬᠡ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠨᠢᠭᠡᠳᠦᠭᠡᠷ ᠤᠨ ᠪᠠ ᠠᠩᠬ᠎ᠠ ᠵᠡᠷᠭᠡ ᠶᠢᠨ ᠲᠤᠮᠳᠠᠳᠤ | ᠰᠤᠷᠭᠠᠭᠤᠯᠢ ᠶᠢᠨ ᠨᠢᠭᠡᠳᠦᠭᠡᠷ ᠤᠨ ᠤ ᠨᠢᠭᠡᠲᠦᠯᠲᠠᠢ ᠨᠠᠶᠢᠷᠠᠭᠤᠯᠤᠭᠰᠠᠨ ᠬᠡᠯᠡ ᠪᠢᠴᠢᠭ ᠤᠨ ︽ᠮᠤᠩᠭᠤᠯ ᠬᠢᠲᠠᠳ ᠬᠦᠨᠳᠦ ᠦᠭᠡᠰ ᠪᠠ ᠬᠡᠪᠰᠢᠮᠡᠯ ᠬᠡᠯᠡᠯᠭᠡ ᠶᠢᠨ | ᠬᠠᠷᠢᠴᠠᠭᠤᠯᠤᠯ ᠬᠦᠰᠦᠨᠦᠭ︾ ᠢ ᠲᠤᠭᠲᠠᠭᠠᠨ ᠲᠠᠷᠤᠮᠠᠯᠯᠠᠨ ᠲᠠᠷᠬᠠᠭᠠᠵᠤ᠂ ᠰᠤᠷᠤᠭᠴᠢᠳ ᠤᠨ ᠰᠤᠷᠤᠯᠴᠠᠵᠤ ᠤᠶᠢᠢᠯᠠᠭᠠᠬᠤ ᠳᠤ ᠬᠡᠷᠡᠭᠯᠡᠬᠦᠯᠦᠨ᠎ᠠ᠃ ︽ᠶᠤᠰᠤ ᠮᠤᠷᠠᠯ | ᠬᠢᠭᠡᠳ ᠬᠠᠤᠯᠢ ᠪᠠᠷ ᠵᠠᠰᠠᠬᠤᠢ︾ ︽ᠲᠡᠤᠬᠡ︾ ᠶᠢᠨ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠬᠠᠮᠲᠤ ᠳᠤᠨᠢ | ᠮᠤᠩᠭᠤᠯ ᠦᠬᠡ ᠬᠡᠯᠡ ᠪᠠᠷ ᠤᠷᠴᠢᠭᠤᠯᠤᠭᠰᠠᠨ ᠬᠡᠪᠯᠡᠯ ᠤᠨ ᠵᠢᠭᠠᠬᠤ ᠮᠠᠲ᠋ᠧᠷᠢᠶᠠᠯ ᠢ ᠲᠠᠷᠬᠠᠭᠠᠵᠤ᠂ ᠰᠤᠷᠤᠭᠴᠢᠳ ᠤᠨ ᠯᠠᠪᠯᠠᠨ ᠤᠶᠢᠯᠠᠭᠠᠬᠤ ᠳᠤ ᠬᠠᠪᠰᠤᠷᠤᠯᠭ᠎ᠠ | ᠪᠤᠯᠭᠠᠬᠤ ᠶᠢᠨ ᠬᠠᠮᠲᠤ ᠪᠤᠲᠠᠲᠠᠢ ᠪᠠᠶᠢᠳᠠᠯ ᠢ ᠦᠨᠳᠤᠰᠤᠯᠡᠨ ᠬᠤᠯᠪᠤᠭᠳᠠᠯ ᠪᠦᠬᠦᠢ ᠲᠤᠰᠠᠯᠠᠬᠤ ᠵᠢᠭᠠᠨ ᠰᠤᠷᠭᠠᠯᠳᠠ ᠶᠢᠨ ᠯᠠᠪᠯᠠᠯᠲᠠ ᠶᠢᠨ ᠮᠠᠲ᠋ᠧᠷᠢᠶᠠᠯ ᠢ ᠢᠵᠢ | ᠪᠦᠷᠢᠳᠦᠭᠦᠯᠦᠨ ᠨᠠᠶᠢᠷᠠᠭᠤᠯᠵᠤ ᠳᠠᠷᠤᠮᠠᠯᠯᠠᠨ᠎ᠠ᠃ 7᠂ ᠠᠰᠠᠭᠤᠯᠳᠠ᠄ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠵᠢᠬᠦᠯᠦᠭᠰᠡᠨ ᠤ ᠲᠠᠷᠠᠭ᠎ᠠ᠂ ᠶᠡᠭᠡ ᠲᠡᠭᠡᠳᠦ ᠰᠤᠷᠭᠠᠭᠤᠯᠢ ᠶᠢᠨ ᠲᠡᠤᠬᠡ᠂ ᠤᠯᠤᠰ ᠲᠦᠷᠦ ᠶᠢᠨ ᠲᠤᠰᠬᠠᠢ ᠮᠡᠷᠭᠡᠵᠢᠯ ᠤᠨ ᠮᠤᠩᠭᠤᠯ ᠬᠡᠯᠡ ᠪᠠᠷ ᠬᠢᠴᠢᠶᠡᠯᠯᠡᠵᠤ | ᠲᠡᠭᠦᠰᠦᠭᠰᠡᠨ ᠤᠶᠤᠳᠠᠳ ᠤᠨ ᠠᠵᠢᠯ ᠤᠯᠬᠤ ᠳᠤ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | ᠬᠠᠷᠢᠭᠤᠯᠳᠠ᠄ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠤᠯ ᠠᠴᠠ ᠪᠠᠨ ᠮᠤᠩᠭᠤᠯ ᠬᠡᠯᠡ ᠪᠠᠷ ᠬᠢᠴᠢᠶᠡᠯᠯᠡᠭᠰᠡᠨ ᠶᠡᠭᠡ | ᠲᠠᠬᠡᠳᠤ ᠰᠤᠷᠭᠠᠭᠤᠯᠢ ᠠᠴᠠ ᠲᠠᠬᠦᠰᠦᠭᠰᠡᠨ ᠤᠶᠤᠲᠠᠳ ᠤᠨ ᠠᠵᠢᠯ ᠤᠯᠵᠦ ᠦᠢᠯᠡᠰ ᠪᠤᠰᠬᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ | ᠤᠯᠠᠨ ᠲᠦᠷᠦ ᠶᠢᠨ ᠪᠤᠳᠤᠯᠭ᠎ᠠ ᠪᠠ ᠠᠷᠭ᠎ᠠ ᠠᠪᠴᠠᠯ ᠢ ᠲᠤᠭᠲᠠᠭᠠᠵᠤ᠂ ᠮᠤᠩᠭᠤᠯ ᠬᠡᠯᠡ ᠪᠠᠷ ᠬᠢᠴᠢᠶᠡᠯᠯᠡᠭᠰᠡᠨ ᠤᠶᠤᠲᠠᠳ ᠤᠨ ᠠᠵᠢᠯ ᠤᠯᠵᠦ ᠦᠢᠯᠡᠰ | ᠪᠤᠰᠬᠠᠬᠤ ᠶᠢ ᠬᠦᠴᠦᠲᠡᠢ ᠪᠠᠳᠤᠯᠠᠭᠰᠠᠭᠠᠷ ᠢᠷᠡᠵᠠᠢ᠃ ᠲᠠᠷᠠᠭᠠᠴᠢ ᠶᠢᠨ ᠠᠯᠬᠤᠮ ᠳᠤ ᠦᠪᠡᠷᠲᠡᠭᠡᠨ ᠵᠠᠰᠠᠬᠤ ᠤᠷᠤᠨ ᠠᠴᠠ ᠠᠷᠭ᠎ᠠ ᠠᠪᠴᠠᠯ ᠢᠶᠠᠨ ᠦᠷᠭᠦᠯᠵᠢᠯᠡᠨ | ᠲᠡᠭᠦᠯᠳᠡᠷᠵᠢᠭᠦᠯᠦᠨ ᠨᠠᠶᠢᠳᠠᠪᠦᠷᠢᠵᠢᠭᠤᠯᠵᠦ᠂ ᠮᠤᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠲᠡᠬᠡᠳᠤ ᠰᠤᠷᠭᠠᠭᠤᠯᠢ ᠠᠴᠠ ᠲᠡᠭᠦᠰᠦᠭᠰᠡᠨ ᠤᠶᠤᠲᠠᠳ ᠤᠨ ᠠᠵᠢᠯ ᠤᠯᠵᠦ | ᠦᠢᠯᠡᠰ ᠪᠤᠰᠬᠠᠬᠤ ᠶᠢ ᠲᠡᠮᠵᠢᠬᠦ ᠡᠷᠴᠢᠮ ᠪᠠᠨ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠮᠤᠩᠭᠤᠯ ᠬᠡᠯᠡ ᠪᠠᠷ ᠬᠢᠴᠢᠶᠡᠯᠯᠡᠭᠰᠡᠨ ᠲᠡᠤᠬᠡ᠂ ᠤᠯᠤᠰ ᠲᠦᠷᠦ ᠵᠡᠷᠭᠡ | ᠲᠤᠰᠬᠠᠢ ᠮᠡᠷᠭᠡᠵᠢᠯ ᠠᠴᠠ ᠲᠡᠭᠦᠰᠦᠭᠰᠡᠨ ᠤᠶᠤᠲᠠᠳ ᠤᠨ ᠤᠯᠠᠩᠬᠢ ᠨᠢ ᠴᠦᠮ ᠶᠡᠭᠡ ᠲᠡᠭᠡᠳᠦ ᠰᠤᠷᠭᠠᠭᠤᠯᠢ ᠳᠤ ᠪᠠᠶᠢᠬᠤ ᠳᠠᠭᠠᠨ ᠰᠠᠶᠢᠨ ᠰᠠᠶᠢᠬᠠᠨ ᠤᠯᠤᠰ ᠤᠨ | ᠨᠢᠭᠡᠲᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠵᠡᠷᠭᠡ ᠳᠤᠨᠢ ᠬᠦᠷᠲᠡᠵᠤ᠂ ᠮᠠᠰᠢ ᠤᠯᠠᠨ ᠲᠡᠭᠦᠰᠬᠦ ᠤᠶᠤᠲᠠᠳ ᠤᠯᠤᠰ ᠤᠨ | ᠨᠢᠭᠡᠲᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠠᠭᠤᠷᠢ ᠪᠠ ᠴᠢᠳᠠᠪᠦᠷᠢ ᠶᠢ ᠪᠦᠷᠢᠯᠳᠦᠭᠦᠯᠦᠭᠰᠡᠨ ᠪᠠᠶᠢᠳᠠᠭ᠃ ᠤᠯᠤᠰ ᠤᠨ ᠨᠢᠭᠡᠲᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠡᠯ᠎ᠡ ᠭᠠᠵᠠᠷ ᠤᠷᠤᠨ ᠤ ᠬᠢᠨ ᠲᠡᠤᠬᠡ ᠪᠠ ᠤᠯᠤᠰ ᠲᠦᠷᠦ ᠶᠢᠨ ᠬᠤᠤᠰ ᠬᠡᠯᠡᠨ ᠤ ᠪᠠᠭᠰᠢ ᠶᠢ | ᠤᠷᠢᠬᠤ ᠡᠷᠴᠢᠮ ᠢᠶᠠᠨ ᠴᠢᠩᠭᠠᠷᠠᠭᠤᠯᠵᠤ᠂ ᠤᠯᠠᠮ ᠨᠢᠭᠡ ᠠᠯᠬᠤᠮ ᠪᠤᠯᠪᠠᠰᠤᠷᠠᠭᠤᠯᠤᠭᠰᠠᠨ ᠤ ᠲᠠᠷᠠᠭ᠎ᠠ ᠬᠤᠤᠰ ᠬᠡᠯᠡᠨ ᠤ ᠪᠠᠭᠰᠢ ᠶᠢ ᠨᠦᠬᠦᠪᠦᠷᠢᠯᠡᠨ | ᠲᠡᠭᠦᠯᠳᠡᠷᠵᠢᠭᠦᠯᠦᠨ᠎ᠡ᠃ ᠡᠶᠢᠮᠦ ᠠᠴᠠ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠭᠦᠯᠦᠨ ᠬᠡᠷᠡᠭᠵᠢᠭᠦᠯᠬᠦ ᠨᠢ ᠶᠡᠭᠡ | ᠰᠤᠷᠭᠠᠭᠤᠯᠢ ᠶᠢᠨ ᠤᠶᠤᠲᠠᠳ ᠤᠨ ᠠᠵᠢᠯ ᠤᠯᠬᠤ ᠳᠤ ᠬᠠᠪᠰᠤᠷᠤᠯᠭ᠎ᠠ ᠪᠤᠯᠬᠤ ᠶᠤᠮ᠃ | 8᠂ ᠠᠰᠠᠭᠤᠯᠳᠠ᠄ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠬᠡᠳᠤᠯᠳᠠᠢ ᠰᠢᠯᠭᠠᠯᠲᠠ ᠶᠢᠨ ᠨᠡᠶᠢᠭᠡᠮ ᠤᠨ ᠰᠢᠨᠵᠢᠯᠡᠬᠦ | ᠤᠬᠠᠭᠠᠨ ᠤ ᠶᠡᠷᠦᠩᠬᠡᠶᠢᠯᠡᠭᠰᠡᠨ ᠰᠢᠯᠭᠠᠯᠲᠠ ᠶᠢᠨ ᠰᠡᠳᠦᠪ ᠢ ᠬᠤᠶᠠᠷ ᠵᠦᠢᠯ ᠤᠨ ᠦᠭᠡ ᠬᠡᠯᠡ ᠦᠰᠦᠭ ᠪᠢᠴᠢᠭ ᠢᠶᠠᠷ ᠭᠠᠷᠭᠠᠬᠤ ᠤᠤ︖ | ᠬᠠᠷᠢᠭᠤᠯᠳᠠ᠄ ᠤᠳᠤᠬᠠᠨ ᠳᠤ ᠤᠯᠤᠰ ᠠᠴᠠ ᠶᠠᠭ ᠡᠩ ᠤᠨ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠤᠯᠤᠰ ᠤᠨ ᠨᠢᠬᠡᠳᠤᠯᠳᠠᠢ ᠰᠢᠯᠭᠠᠯᠲᠠ ᠶᠢᠨ | ᠰᠢᠨ᠎ᠡ ᠦᠭᠡᠷᠡᠴᠢᠯᠡᠯᠲᠡ ᠶᠢ ᠠᠬᠢᠭᠤᠯᠵᠦ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠤ ᠬᠤᠪᠢᠶᠠᠬᠤ ᠦᠭᠡᠢ᠂ ︽ | ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠰᠢᠯᠭᠠᠯᠳᠠ︾ ᠶᠢᠨ ᠬᠠᠭᠤᠳᠠᠰᠤ ᠪᠠ ︽ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ | ᠰᠢᠯᠭᠠᠯᠳᠠ︾ ᠶᠢᠨ ᠬᠠᠭᠤᠳᠠᠰᠤ ᠭᠡᠵᠦ ᠤᠷᠤᠰᠢᠬᠤ ᠦᠭᠡᠢ ᠪᠤᠯᠤᠨ᠎ᠠ᠂ ᠠᠶᠠᠨᠳᠠᠭᠠᠨ ᠬᠤᠶᠠᠷ ᠵᠦᠢᠯ ᠤᠨ ᠦᠭᠡ ᠬᠡᠯᠡ ᠦᠰᠦᠭ ᠪᠢᠴᠢᠭ ᠤᠨ ᠰᠢᠯᠭᠠᠯᠲᠠ ᠶᠢᠨ | ᠬᠠᠭᠤᠳᠠᠰᠤ ᠬᠡᠵᠤ ᠪᠠᠶᠢᠬᠤ ᠦᠬᠡᠢ ᠶᠤᠮ᠃ | 9᠂ ᠠᠰᠠᠭᠤᠯᠳᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠭᠤᠷᠪᠠᠨ ᠲᠦᠷᠦᠯ ᠤᠨ ᠵᠢᠭᠠᠬᠤ ᠮᠠᠲ᠋ᠧᠷᠢᠶᠠᠯ ᠢ ᠬᠡᠷᠡᠭᠵᠢᠬᠦᠯᠦᠭᠰᠡᠨ ᠤ ᠲᠠᠷᠠᠭ᠎ᠠ᠂ | ᠬᠢᠴᠢᠶᠡᠯ ᠤᠨ ᠪᠢᠴᠢᠭ ᠤᠨ ᠲᠤᠲᠤᠷᠠᠬᠢ ᠶᠡᠭᠡ ᠬᠡᠮᠵᠢᠶᠡᠨ ᠤ ᠲᠤᠰᠬᠠᠢ ᠮᠡᠷᠭᠡᠵᠢᠯ ᠤᠨ ᠨᠡᠷ᠎ᠡ ᠲᠤᠮᠢᠶ᠎ᠠ᠂ ᠨᠠᠷᠠ ᠦᠬᠡ ᠶᠢ ᠬᠢᠴᠢᠶᠡᠯ ᠲᠡᠭᠡᠷ᠎ᠡ ᠨᠠᠷᠢᠯᠢᠭ ᠤᠨᠤᠴᠠᠲᠠᠢ ᠪᠠᠷ | ᠤᠷᠴᠢᠭᠤᠯᠬᠤ ᠶᠢᠨ ᠠᠷᠭ᠎ᠠ ᠦᠭᠡᠢ ᠶᠤᠮ᠂ ᠡᠨᠡ ᠬᠦ ᠠᠰᠠᠭᠤᠳᠠᠯ ᠢ ᠬᠡᠷᠭᠢᠨ ᠰᠢᠢᠳᠪᠦᠷᠢᠯᠡᠬᠦ ᠪᠤᠢ︖ | ᠬᠠᠷᠢᠭᠤᠯᠳᠠ᠄ ᠡᠨᠡ ᠵᠢᠯ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠳᠤ ᠴᠢᠭᠯᠡᠭᠦᠯᠵᠤ᠂ ᠦᠪᠡᠷᠲᠡᠭᠡᠨ ᠵᠠᠰᠠᠬᠤ | ᠤᠷᠤᠨ ᠠᠴᠠ ᠨᠢᠭᠡᠨᠲᠡ ᠦᠨᠳᠦᠰᠦᠲᠡᠨ ᠤ ᠦᠬᠡ ᠬᠡᠯᠡ ᠪᠠᠷ ᠬᠢᠴᠢᠶᠡᠯᠯᠡᠳᠡᠭ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠤᠯᠤᠨ ᠠᠩᠬ᠎ᠠ | ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠤᠨ ᠤ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ︽ | ᠮᠤᠩᠭᠤᠯ ᠬᠢᠲᠠᠳ ᠬᠦᠨᠳᠤ ᠦᠭᠡᠰ ᠪᠠ ᠬᠡᠪᠰᠢᠮᠡᠯ ᠬᠡᠯᠡᠯᠬᠡ ᠶᠢᠨ ᠬᠠᠷᠢᠴᠠᠭᠤᠯᠤᠯ ᠬᠦᠰᠦᠨᠦᠭ︾ ᠢ ᠲᠠᠷᠤᠮᠠᠯᠯᠠᠨ ᠲᠠᠷᠬᠠᠭᠠᠵᠤ᠂ ︽ᠶᠤᠰᠤ ᠮᠤᠷᠠᠯ ᠬᠢᠭᠡᠳ | ᠬᠠᠤᠯᠢ ᠪᠠᠷ ᠵᠠᠰᠠᠬᠤᠢ︾ ᠪᠤᠯᠤᠨ ︽ᠲᠡᠤᠬᠡ︾ ᠶᠢᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠲᠠᠷᠠᠭ᠎ᠠ᠂ ᠤᠷᠴᠢᠭᠤᠯᠤᠭᠰᠠᠨ | ᠬᠡᠪᠯᠡᠯ ᠤᠨ ᠵᠢᠭᠠᠬᠤ ᠮᠠᠲ᠋ᠧᠷᠢᠶᠠᠯ ᠪᠠ ᠴᠢᠬᠤᠯᠠ ᠪᠦᠬᠦᠢ ᠵᠢᠭᠠᠨ ᠰᠤᠷᠭᠠᠯᠳᠠ ᠶᠢᠨ ᠬᠠᠪᠰᠤᠷᠤᠮᠵᠢ ᠮᠠᠲ᠋ᠧᠷᠢᠶᠠᠯ ᠢ ᠬᠠᠮᠲᠤ ᠳᠤᠨᠢ ᠲᠠᠷᠬᠠᠭᠠᠨ᠎ᠠ᠃ ᠡᠭᠦᠨ ᠤ ᠬᠠᠮᠲᠦ ᠵᠢᠯ | ᠪᠦᠷᠢ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ᠰᠢᠨ᠎ᠡ ᠰᠤᠷᠤᠭᠴᠢᠳ ᠲᠤ ︽ᠰᠢᠨᠬᠤᠸᠠ ᠦᠰᠦᠭ ᠤᠨ ᠲᠤᠯᠢ︾ ᠪᠠ ︽ᠰᠤᠷᠤᠭᠴᠢ ᠶᠢᠨ ᠮᠤᠩᠭᠤᠯ ᠬᠡᠯᠡᠨ ᠤ | ᠲᠤᠯᠢ︾ ᠶᠢ ᠦᠨ᠎ᠠ ᠲᠦᠯᠦᠪᠦᠷᠢ ᠦᠭᠡᠢ ᠪᠠᠷ ᠬᠠᠩᠭᠠᠵᠦ᠂ ᠰᠤᠷᠤᠭᠴᠢᠳ ᠤᠨ ᠰᠤᠷᠤᠯᠴᠠᠵᠤ ᠤᠶᠢᠢᠯᠠᠭᠠᠬᠤ ᠳᠤ ᠬᠡᠷᠡᠭᠯᠡᠭᠦᠯᠦᠨ᠎ᠡ᠃ | 10᠂ ᠠᠰᠠᠭᠤᠯᠳᠠ᠄ ᠬᠡᠷᠪᠡ ᠤᠯᠤᠰ ᠤᠨ ᠨᠢᠭᠡᠲᠦᠯᠲᠠᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠬᠦᠯᠬᠦ ᠶᠠᠪᠤᠴᠠ ᠳᠤ ᠵᠢᠭᠠᠬᠤ ᠠᠬᠢᠴᠠ ᠶᠢ | ᠤᠳᠠᠭᠠᠰᠢᠷᠠᠭᠰᠠᠨ ᠠᠴᠠ ᠪᠤᠯᠵᠦ᠂ ᠲᠤᠭᠲᠠᠭᠰᠠᠨ ᠵᠢᠭᠠᠨ ᠰᠤᠷᠭᠠᠯᠲᠠ ᠶᠢᠨ ᠬᠤᠭᠤᠴᠠᠭᠠᠨ ᠲᠤᠲᠤᠷ᠎ᠠ ᠵᠢᠭᠠᠨ ᠰᠤᠷᠭᠠᠬᠤ ᠠᠭᠤᠯᠭ᠎ᠠ ᠪᠠᠨ ᠲᠤᠭᠲᠠᠭᠠᠯ ᠶᠤᠰᠤᠭᠠᠷ | ᠪᠡᠶᠡᠯᠡᠭᠦᠯᠵᠦ ᠲᠡᠶᠢᠯᠬᠦ ᠦᠭᠡᠢ ᠪᠠᠶᠢᠳᠠᠯ ᠭᠠᠷᠤᠨ᠎ᠠ ᠤᠤ ᠦᠭᠡᠢ ᠤᠤ᠂ ᠡᠨᠡ ᠬᠦ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖ | ᠬᠠᠷᠢᠭᠤᠯᠳᠠ᠄ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠨᠢᠭᠡᠨᠲᠡ ᠦᠪᠡᠷᠲᠡᠭᠡᠨ ᠵᠠᠰᠠᠬᠤ ᠤᠷᠤᠨ ᠤ ᠵᠢᠭᠠᠬᠤ ᠶᠢ | ᠰᠤᠳᠤᠯᠬᠤ ᠲᠠᠰᠤᠭ ᠤᠨ ᠵᠤᠬᠢᠶᠠᠨ ᠪᠠᠶᠢᠭᠤᠯᠤᠭᠰᠠᠨ ᠲᠤᠰᠬᠠᠢ ᠮᠡᠷᠭᠡᠵᠢᠯᠲᠡᠨ ᠤ ᠪᠦᠯᠬᠦᠮ ᠢ ᠲᠤᠬᠢᠷᠠᠭᠤᠯᠵᠦ᠂ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ | ᠪᠢᠴᠢᠭ︾ ᠤᠨ ᠵᠢᠭᠠᠬᠤ ᠮᠠᠲ᠋ᠧᠷᠢᠶᠠᠯ ᠤᠨ ᠠᠭᠤᠯᠭ᠎ᠠ ᠪᠠ ᠦᠨᠳᠤᠰᠤᠳᠡᠨ ᠤ ᠦᠬᠡ ᠬᠡᠯᠡ ᠪᠠᠷ ᠬᠢᠴᠢᠶᠡᠯᠯᠡᠬᠦ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ | ᠬᠦᠨᠵᠡᠬᠡᠢ ᠵᠠᠳᠠᠯᠤᠨ ᠰᠤᠳᠤᠯᠤᠯᠳᠠ ᠬᠢᠵᠤ᠂ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠵᠢᠭᠠᠨ | ᠰᠤᠷᠭᠠᠯᠳᠠ ᠶᠢᠨ ᠵᠢᠯᠤᠭᠤᠳᠬᠤ ᠰᠠᠨᠠᠭᠤᠯᠭ᠎ᠠ ᠪᠠ ᠦᠨᠡᠯᠡᠯᠲᠡ ᠶᠢᠨ ᠭᠤᠤᠯᠳᠠᠯᠭ᠎ᠠ ᠶᠢ ᠨᠠᠶᠢᠷᠠᠭᠤᠯᠤᠨ ᠵᠤᠬᠢᠶᠠᠵᠦ᠂ ᠪᠠᠭ᠎ᠠ ᠰᠤᠷᠭᠠᠭᠤᠯᠢ ᠶᠢᠨ ᠵᠢᠷᠭᠤᠭᠠᠨ ᠤᠨ | ᠬᠦᠷᠲᠡᠯ᠎ᠡ ᠲᠡᠩᠴᠡᠭᠦᠷᠢᠲᠠᠢ ᠪᠠᠷ ᠬᠢᠴᠢᠶᠡᠯ ᠲᠤᠬᠢᠷᠠᠭᠤᠯᠤᠨ᠂ ᠬᠠᠷᠢᠴᠠᠯ ᠲᠠᠢ ᠪᠠᠷ ᠬᠢᠴᠢᠶᠡᠯᠯᠡᠬᠦ ᠴᠠᠭ ᠢ ᠬᠤᠪᠢᠶᠠᠷᠢᠯᠠᠬᠤ ᠰᠡᠳᠬᠢᠮᠵᠢ ᠶᠤᠰᠤᠭᠠᠷ᠂ ᠵᠢᠭᠠᠨ | ᠰᠤᠷᠭᠠᠯᠳᠠ ᠶᠢᠨ ᠠᠬᠢᠴᠠ ᠪᠠ ᠴᠠᠭ ᠤᠨ ᠲᠠᠷᠠᠭᠠᠯᠠᠯ ᠢ ᠲᠤᠬᠢᠷᠠᠭᠤᠯᠬᠤ ᠶᠢᠨ ᠬᠠᠮᠲᠦ ︽ᠬᠢᠴᠢᠶᠡᠯ ᠤᠨ ᠪᠠᠷᠢᠮᠵᠢᠶ᠎ᠠ︾ ᠪᠠᠷ ᠦᠨᠳᠦᠰᠦᠯᠡᠯ ᠪᠤᠯᠭᠠᠨ᠂ ᠵᠢᠭᠠᠨ | ᠰᠤᠷᠭᠠᠯᠳᠠ ᠶᠢᠨ ᠠᠭᠤᠯᠭ᠎ᠠ ᠪᠠ ᠮᠡᠳᠡᠯᠭᠡ ᠶᠢᠨ ᠰᠢᠰᠲ᠋ᠧᠮ ᠤᠨ ᠵᠤᠯᠭᠠᠯᠲᠠ ᠶᠢ ᠪᠠᠲᠤᠯᠠᠭᠰᠠᠨ ᠤᠷᠢᠳᠠᠯ ᠲᠤᠤᠷ᠎ᠠ᠂ ᠵᠢᠭᠠᠨ ᠰᠤᠷᠭᠠᠯᠳᠠ ᠶᠢᠨ ᠠᠭᠤᠯᠭ᠎ᠠ ᠪᠠ ᠵᠢᠭᠠᠨ | ᠰᠤᠷᠭᠠᠬᠤ ᠬᠦᠴᠢᠷᠳᠡᠯ ᠳᠤ ᠵᠤᠬᠢᠰᠲᠠᠢ ᠪᠠᠷ ᠵᠤᠬᠢᠴᠠᠭᠤᠯᠤᠯᠲᠠ ᠬᠢᠪᠡ᠃ ᠢᠩᠬᠢᠵᠤ ᠲᠤᠬᠢᠷᠠᠭᠤᠯᠤᠨ ᠵᠤᠬᠢᠴᠠᠭᠤᠯᠤᠭᠰᠠᠨ ᠤ ᠲᠠᠷᠠᠭ᠎ᠠ᠂ ᠬᠢᠴᠢᠶᠡᠯᠯᠡᠬᠦ ᠴᠠᠭ ᠤᠨ | ᠶᠡᠷᠦᠩᠬᠡᠢ ᠬᠡᠪᠴᠢᠶᠡᠨ ᠲᠤᠲᠤᠷ᠎ᠠ᠂ ᠲᠤᠭᠲᠠᠭᠰᠠᠨ ᠵᠢᠭᠠᠨ ᠰᠤᠷᠭᠠᠯᠲᠠ ᠶᠢᠨ ᠬᠤᠭᠤᠴᠠᠭᠠᠨ ᠳᠤ ᠲᠤᠭᠲᠠᠭᠰᠠᠨ ᠵᠢᠭᠠᠨ ᠰᠤᠷᠭᠠᠯᠲᠠ ᠶᠢᠨ ᠡᠭᠦᠷᠭᠡ ᠪᠠᠨ ᠪᠡᠶᠡᠯᠡᠭᠦᠯᠵᠦ | ᠲᠡᠶᠢᠯᠬᠦ ᠦᠭᠡᠢ ᠪᠠᠶᠢᠳᠠᠯ ᠭᠠᠷᠬᠤ ᠦᠭᠡᠢ ᠶᠤᠮ᠃ | |