ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠤᠯᠤᠰ ᠤᠨ ᠨᠢᠬᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠡᠷᠡᠭᠯᠡᠬᠦ ᠳᠤᠬᠠᠢ ︽ᠠᠰᠠᠭᠤᠯᠳᠠ ᠳᠤ ᠦᠭᠬᠦ ᠬᠠᠷᠢᠭᠤᠯᠳᠠ︾ ︵ᠨᠢᠬᠡᠳᠦᠬᠡᠷ ᠬᠤᠭᠤᠴᠠᠭ᠎ᠠ︶
ᠨᠡᠶᠢᠲᠡᠯᠡᠭᠰᠡᠨ ᠴᠠᠭ᠄
2020/9/7
     ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠶᠤᠰᠤᠭᠠᠷ᠂ ᠮᠠᠨ ᠤ ᠤᠷᠤᠨ 2020 ᠤᠨ ᠠᠴᠠ ᠡᠬᠢᠯᠡᠨ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠤᠨ ᠨᠢᠭᠡᠲᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾᠂ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤ︾᠂ ︽ᠲᠡᠤᠬᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠤᠯᠤᠨ᠎ᠠ᠃ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠠᠵᠢᠯ ᠢ ᠤᠯᠠᠮ ᠴᠢᠨᠠᠬᠰᠢᠳᠠ ᠰᠠᠶᠢᠳᠤᠷ ᠬᠢᠵᠤ᠂ ᠤᠯᠠᠨ ᠲᠦᠮᠡᠨ᠂ ᠭᠡᠷ ᠤᠨ ᠠᠬᠠᠮᠠᠳ ᠪᠠ ᠪᠠᠭᠰᠢ ᠰᠤᠷᠤᠭᠴᠢᠳ ᠤᠨ ᠰᠡᠵᠢᠭ ᠡᠷᠡᠭᠡᠯᠵᠡᠭᠡ ᠶᠢ ᠲᠠᠶᠢᠯᠬᠤ ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠢ ︽ᠠᠰᠠᠭᠤᠯᠲᠠ ᠳᠤ ᠥᠭᠬᠦ ᠬᠠᠷᠢᠭᠤᠯᠲᠠ︾ ᠭᠠᠷᠭᠠᠪᠠ᠃      1. ᠠᠰᠠᠭᠤᠯᠲᠠ᠄ ᠰᠤᠷᠤᠭᠴᠢ᠂ ᠪᠠᠭᠰᠢ ᠪᠤᠯᠤᠨ ᠭᠡᠷ ᠤᠨ ᠠᠬᠠᠮᠠᠳ ᠬᠡᠷᠪᠡ ᠡᠷᠡᠭᠡᠯᠵᠡᠭᠡ ᠲᠠᠢ ᠠᠰᠠᠭᠤᠳᠠᠯ ᠪᠠᠶᠢᠪᠠᠯ᠂ ᠶᠠᠮᠠᠷ ᠠᠷᠭ᠎ᠠ ᠵᠠᠮ ᠢᠶᠠᠷ ᠳᠠᠮᠵᠢᠭᠤᠯᠤᠨ ᠬᠡᠨ ᠳᠤ ᠲᠤᠰᠬᠠᠬᠤ ᠪᠣᠢ︖      ᠬᠠᠷᠢᠭᠤᠯᠲᠠ᠄ ᠪᠢᠳᠡ ᠤᠯᠠᠨ ᠲᠦᠮᠡᠨ ᠤ ᠬᠠᠤᠯᠢ ᠶᠣᠰᠣᠭᠠᠷ ᠰᠠᠨᠠᠯ ᠢᠶᠠᠨ ᠲᠤᠰᠬᠠᠬᠤ ᠶᠢ ᠳᠡᠮᠵᠢᠨ᠎ᠡ᠃ ᠤᠯᠣᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠡᠲ᠋ᠧᠷᠢᠶᠠᠯ ᠢ ᠬᠡᠷᠡᠭᠵᠢᠭᠦᠯᠬᠦ ᠶᠠᠪᠤᠴᠠ ᠳᠤ᠂ ᠬᠡᠷᠪᠡ ᠡᠷᠡᠭᠡᠯᠵᠡᠭᠡ ᠲᠠᠢ ᠠᠰᠠᠭᠤᠳᠠᠯ ᠲᠤᠬᠢᠶᠠᠯᠳᠣᠪᠠᠯ᠂ ᠬᠠᠤᠯᠢ ᠶᠣᠰᠤᠨ ᠤ ᠠᠷᠭ᠎ᠠ ᠵᠠᠮ ᠢᠶᠠᠷ ᠲᠤᠰᠬᠠᠬᠤ ᠬᠡᠷᠡᠭᠲᠡᠢ᠃ ᠵᠢᠱᠢᠶᠡᠯᠡᠪᠡᠯ᠂ ᠰᠤᠷᠤᠭᠴᠢᠳ ᠡᠷᠡᠭᠡᠯᠵᠡᠭᠡ ᠲᠠᠢ ᠠᠰᠠᠭᠤᠳᠠᠯ ᠢᠶᠠᠨ ᠪᠠᠭᠰᠢ ᠳᠠᠭᠠᠨ ᠲᠤᠰᠬᠠᠵᠤ᠂ ᠪᠠᠭᠰᠢ ᠠᠴᠠ ᠰᠤᠷᠭᠠᠭᠤᠯᠢ ᠳᠠᠭᠠᠨ ᠲᠤᠰᠬᠠᠨ᠎ᠠ︔ ᠪᠠᠭᠰᠢ ᠡᠷᠡᠭᠡᠯᠵᠡᠭᠡ ᠲᠠᠢ ᠠᠰᠠᠭᠤᠳᠠᠯ ᠢᠶᠠᠨ ᠰᠤᠷᠭᠠᠭᠤᠯᠢ ᠳᠤ ᠲᠤᠰᠬᠠᠵᠤ᠂ ᠰᠤᠷᠭᠠᠭᠤᠯᠢ ᠠᠴᠠ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠤ ᠲᠤᠰᠬᠠᠨ᠎ᠠ︔ ᠭᠡᠷ ᠤᠨ ᠠᠬᠠᠮᠠᠳ ᠡᠷᠡᠭᠡᠯᠵᠡᠭᠡ ᠲᠠᠢ ᠠᠰᠠᠭᠤᠳᠠᠯ ᠢᠶᠠᠨ ᠠᠵᠢᠯᠯᠠᠵᠤ ᠪᠠᠶᠢᠭ᠎ᠠ ᠪᠠᠶᠢᠭᠤᠯᠭ᠎ᠠ ᠪᠤᠶᠤ ᠭᠠᠴᠠᠭ᠎ᠠ ᠲᠣᠰᠬᠤᠨ ᠨᠡᠶᠢᠭᠡᠮ ᠲᠤᠭᠤᠷᠢᠭ ᠲᠤ ᠲᠤᠰᠬᠠᠵᠤ᠂ ᠪᠠᠶᠢᠭᠤᠯᠭ᠎ᠠ ᠪᠤᠶᠤ ᠭᠠᠴᠠᠭ᠎ᠠ ᠲᠤᠰᠬᠤᠨ ᠨᠡᠶᠢᠭᠡᠮ ᠲᠤᠭᠤᠷᠢᠭ ᠨᠢ ᠳᠡᠭᠡᠲᠦ ᠱᠠᠳᠤᠨ ᠳᠠᠭᠠᠨ ᠲᠤᠰᠬᠠᠨ᠎ᠠ︔ ᠨᠡᠶᠢᠭᠡᠮ ᠤᠨ ᠡᠯ᠎ᠡ ᠡᠳᠡᠭᠡᠳ ᠤᠨ ᠬᠢᠨ ᠡᠷᠡᠭᠡᠯᠵᠡᠭᠡ ᠲᠠᠢ ᠠᠰᠠᠭᠤᠳᠠᠯ ᠢᠶᠠᠨ ᠲᠢᠩᠬᠢᠮ ᠤᠨ ᠳᠠᠷᠤᠭ᠎ᠠ ᠶᠢᠨ ᠦᠭᠡ ᠦᠯᠡᠳᠡᠭᠡᠬᠦ ᠬᠠᠶᠢᠷᠴᠠᠭ ᠲᠤ ᠦᠭᠡ ᠦᠯᠡᠳᠡᠭᠡᠵᠦ ᠪᠤᠯᠤᠨ᠎ᠠ︔ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠬᠠᠤᠯᠢ ᠳᠤ ᠲᠤᠬᠳᠠᠭᠠᠬᠰᠠᠨ ᠠᠷᠭ᠎ᠠ ᠵᠠᠮ ᠢᠶᠠᠷ ᠰᠠᠨᠠᠯ ᠢᠶᠠᠨ ᠲᠤᠰᠬᠠᠵᠤ ᠰᠠᠨᠠᠭᠤᠯᠭ᠎ᠠ ᠭᠠᠷᠭᠠᠨ᠎ᠠ᠃ ᠪᠢᠳᠡ ᠬᠠᠤᠯᠢ ᠶᠤᠰᠤᠭᠠᠷ ᠴᠠᠭ ᠲᠤᠬᠠᠢ ᠳᠤᠨᠢ ᠬᠠᠷᠢᠭᠤᠯᠲᠠ ᠦᠭᠭᠦᠨ᠎ᠡ᠃      2. ᠠᠰᠠᠭᠤᠯᠲᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠡᠷᠡᠭᠯᠡᠯᠳᠡ ᠶᠢ ᠠᠬᠢᠭᠤᠯᠬᠤ ᠶᠢ ᠨᠠᠮ ᠤᠨ ᠲᠦᠪ ᠬᠤᠷᠢᠶ᠎ᠠ ᠠᠴᠠ ᠲᠤᠭᠲᠠᠭᠠᠭᠰᠠᠨ ᠤᠤ︖      ᠬᠠᠷᠢᠭᠤᠯᠲᠠ᠄ ᠵᠢᠭᠠᠬᠤ ᠮᠠᠲ᠋ᠧᠷᠢᠶᠠᠯ ᠤᠨ ᠪᠠᠶᠢᠭᠤᠯᠤᠯᠳᠠ ᠪᠤᠯ ᠲᠦᠷᠤ ᠶᠢᠨ ᠠᠵᠢᠯ ᠡᠷᠬᠡ ᠮᠦᠨ᠃ ᠤᠯᠤᠰ ᠤᠨ ᠨᠢᠭᠡᠲᠦᠯᠲᠡᠢ ᠨᠠᠶᠢᠷᠠᠭᠤᠯᠤᠬᠰᠠᠨ ᠵᠢᠭᠠᠬᠤ ᠮᠡᠲ᠋ᠧᠷᠢᠶᠠᠯ ᠤᠨ ᠭᠡᠷᠡᠭᠯᠡᠯᠲᠡ ᠶᠢ ᠠᠬᠢᠭᠤᠯᠬᠤ ᠪᠤᠯ ᠨᠠᠮ ᠪᠠ ᠤᠯᠤᠰ ᠠᠴᠠ ᠴᠦᠬᠡᠨ ᠲᠤᠭᠠᠲᠤ ᠦᠨᠳᠦᠰᠦᠲᠡᠨ ᠤ ᠭᠠᠵᠠᠷ ᠤᠷᠤᠨ ᠳᠠᠬᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠴᠢᠩᠭᠠᠳᠬᠠᠬᠤ ᠴᠢᠬᠤᠯᠠ ᠶᠡᠭᠡ ᠰᠢᠢᠳᠪᠦᠷᠢᠲᠤ ᠪᠤᠳᠤᠯᠭ᠎ᠠ ᠪᠤᠯᠤᠨ᠎ᠠ᠃ 2014 ᠤᠨ ᠤ 9 ᠰᠠᠷ᠎ᠠ ᠶᠢᠨ 28 ᠤ ᠡᠳᠦᠷ᠂ ᠲᠦᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠦᠭᠡ ᠬᠡᠯᠡ ᠨᠡᠪᠲᠡᠷᠡᠯᠴᠡᠬᠦ ᠪᠤᠯ ᠬᠦᠮᠦᠨ ᠬᠦᠮᠦᠨ ᠤ ᠬᠤᠭᠤᠷᠤᠨᠳᠤᠬᠢ ᠬᠠᠷᠢᠯᠴᠠᠭᠠᠨ ᠤ ᠴᠢᠬᠤᠯᠠ ᠭᠤᠭᠴᠤᠭ᠎ᠠ ᠮᠦᠨ᠂ ᠬᠡᠯᠡ ᠨᠡᠪᠳᠡᠷᠡᠯᠴᠡᠬᠦ ᠦᠭᠡᠢ ᠪᠤᠯ ᠬᠠᠷᠢᠯᠴᠠᠬᠤ ᠳᠤ ᠬᠦᠴᠢᠷᠳᠡᠨ᠎ᠡ᠃ ᠴᠦᠬᠡᠨ ᠲᠤᠭᠠᠲᠤ ᠦᠨᠳᠦᠰᠦᠲᠡᠨ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠤᠷᠬᠤ ᠪᠠᠷ ᠱᠠᠭᠠᠷᠳᠠᠬᠤ ᠮᠦᠷᠲᠡᠭᠡᠨ ᠦᠨᠳᠦᠰᠦᠲᠡᠨ ᠤ ᠤᠷᠤᠨ ᠳᠤ ᠠᠵᠢᠯᠯᠠᠵᠤ ᠠᠮᠢᠳᠣᠷᠠᠵᠤ ᠪᠠᠶᠢᠭ᠎ᠠ ᠬᠢᠲᠡᠳ ᠦᠨᠳᠦᠰᠦᠲᠡᠨ ᠤ ᠤᠯᠠᠨ ᠲᠦᠮᠡᠨ ᠴᠦ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ ᠶᠢ ᠰᠤᠷᠬᠤ ᠶᠢ ᠵᠤᠷᠢᠭᠵᠢᠭᠤᠯᠬᠤ ᠬᠡᠷᠡᠭᠲᠡᠢ᠃ ᠴᠦᠬᠡᠨ ᠲᠤᠭᠠᠲᠤ ᠦᠨᠳᠦᠰᠦᠲᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠶᠢ ᠰᠠᠶᠢᠳᠤᠷ ᠰᠤᠷᠪᠠᠯ ᠠᠵᠢᠯ ᠤᠯᠬᠤ᠂ ᠤᠳᠤ ᠦᠶ᠎ᠡ ᠶᠢᠨ ᠰᠢᠨᠵᠢᠯᠡᠬᠦ ᠤᠬᠠᠭᠠᠨ ᠰᠤᠶᠤᠯ ᠮᠡᠳᠡᠯᠭᠡ ᠶᠢ ᠬᠦᠯᠢᠶᠡᠨ ᠠᠪᠬᠤ᠂ ᠨᠡᠶᠢᠭᠡᠮ ᠳᠤ ᠠᠭᠤᠰᠤᠯᠴᠠᠬᠤ ᠳᠤ ᠪᠦᠷ ᠠᠰᠢᠭᠲᠠᠢ ᠶᠤᠮ︾ ᠭᠡᠵᠦ ᠵᠢᠭᠠᠵᠤ ᠭᠠᠷᠭᠠᠪᠠ᠃ 2019 ᠣᠨ ᠤ 9 ᠰᠠᠷ᠎ᠠ ᠶᠢᠨ 27 ᠤ ᠡᠳᠦᠷ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠰᠢᠶᠠᠨ ᠬᠦᠬᠢᠭᠦᠯᠬᠦ ᠶᠡᠭᠡ ᠬᠤᠷᠠᠯ ᠳᠡᠭᠡᠷ᠎ᠡ᠂ ᠶᠡᠷᠦᠩᠭᠡᠢ ᠱᠦᠵᠢ ᠰᠢ ᠶᠢᠨ ᠫᠢᠩ ︽ᠦᠨᠳᠦᠰᠦᠲᠡᠨ ᠤ ᠤᠷᠤᠨ ᠤ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠢ ᠰᠠᠶᠢᠳᠤᠷ ᠡᠷᠬᠢᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ ᠤᠬᠠᠭᠠᠨ ᠰᠤᠶᠤᠯ ᠤᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠬᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃ 2017-2018 ᠣᠨ ᠳᠤ᠂ ᠰᠢᠨᠵᠢᠶᠠᠩ᠂ ᠲᠦᠪᠡᠳ ᠵᠡᠷᠭᠡ ᠭᠠᠵᠠᠷ ᠤᠷᠤᠨ ᠳᠤ ᠨᠢᠭᠡᠨᠳᠡ ᠣᠯᠣᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠠᠯᠯᠡᠵᠦ ᠪᠠᠶᠢᠨ᠎ᠠ᠃ ᠮᠠᠨ ᠤ ᠤᠷᠤᠨ 2020 ᠣᠨ ᠠᠴᠠ ᠡᠬᠢᠯᠡᠵᠦ ᠭᠤᠷᠪᠠᠨ ᠵᠢᠯ ᠬᠤᠪᠢᠶᠠᠵᠤ ᠠᠯᠬᠤᠮ ᠠᠯᠬᠤᠮ ᠢᠶᠠᠷ ᠬᠡᠷᠡᠭᠵᠢᠭᠦᠯᠬᠦ ᠪᠤᠯᠤᠨ᠎ᠠ᠂ ᠡᠨᠡ ᠪᠤᠯ ᠨᠠᠮ ᠪᠠ ᠤᠯᠤᠰ ᠠᠴᠠ ᠦᠪᠦᠷ ᠮᠤᠩᠭᠤᠯ ᠢ ᠬᠠᠯᠠᠮᠵᠢᠯᠠᠵᠤ ᠪᠠᠶᠢᠭ᠎ᠠ ᠶᠠᠪᠤᠳᠠᠯ ᠪᠤᠯᠤᠨ᠎ᠠ᠃ ᠡᠨᠡᠬᠦ ᠦᠭᠡᠷᠡᠴᠢᠯᠡᠯᠲᠡ ᠪᠤᠯ ᠤᠯᠤᠰ ᠦᠨᠳᠦᠰᠦᠲᠡᠨ ᠤ ᠶᠡᠭᠡ ᠪᠤᠳᠤᠯᠭ᠎ᠠ ᠪᠤᠯᠬᠤ ᠪᠦᠭᠡᠳ ᠤᠳᠤᠬᠠᠨ ᠳᠤ ᠵᠢᠳᠭᠦᠯ ᠦᠵᠡᠬᠦᠯᠵᠦ ᠬᠤᠶᠢᠰᠢᠲᠠ ᠠᠰᠢᠭ ᠬᠦᠷᠲᠡᠬᠦ ᠶᠡᠪᠤᠳᠠᠯ ᠪᠤᠯᠤᠨ᠎ᠠ᠂ ᠪᠢᠳᠡᠨ ᠤ ᠡᠷᠬᠡᠪᠰᠢ ᠰᠠᠶᠢᠳᠤᠷ ᠪᠡᠶᠡᠯᠡᠭᠦᠯᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠤᠨ᠎ᠠ᠃      3. ᠠᠰᠠᠭᠤᠯᠲᠠ᠄ ᠤᠯᠤᠰ ᠠᠴᠠ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠤ ᠭᠤᠷᠪᠠᠨ ᠲᠦᠷᠦᠯ ᠤᠨ ᠬᠢᠴᠢᠶᠠᠯ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠤᠬᠠᠢ ᠲᠤᠳᠤᠷᠬᠠᠢ ᠱᠠᠭᠠᠷᠳᠠᠯᠭ᠎ᠠ ᠪᠠᠶᠢᠨ᠎ᠠ ᠤᠤ︖      ᠬᠠᠷᠢᠭᠤᠯᠳᠠ᠄ ᠪᠠᠶᠢᠨ᠎ᠠ᠃ 2019 ᠤᠨ ᠤ 12 ᠰᠠᠷ᠎ᠠ ᠳᠤ᠂ ᠰᠤᠷᠭᠠᠨ ᠬᠦᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠤᠪᠴᠢᠶ᠎ᠠ ᠠᠴᠠ ᠲᠠᠷᠤᠮᠠᠯᠯᠠᠨ ᠲᠠᠷᠬᠠᠭᠠᠭᠰᠠᠨ ︽ᠲᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︿ᠤᠶᠤᠨ ᠰᠦᠨᠡᠰᠦ ᠴᠤᠭᠴᠠᠯᠠᠬᠤ ᠢᠨᠵᠧᠨᠧᠷᠢᠩ﹀ ᠢ ᠲᠦᠯᠬᠢᠨ ᠠᠬᠢᠭᠤᠯᠬᠤ ᠲᠦᠰᠦᠯ︾ ᠳᠤ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠪᠠᠭᠤᠷᠠᠢ ᠪᠠᠶᠢᠭ᠎ᠠ ᠭᠠᠵᠠᠷ ᠤᠷᠤᠨ ᠳᠤ ᠭᠤᠷᠪᠠᠨ ᠲᠦᠷᠦᠯ ᠤᠨ ᠬᠢᠴᠢᠶᠡᠯ ᠢ ᠰᠠᠶᠢᠳᠤᠷ ᠵᠢᠭᠠᠵᠦ᠂ ᠵᠢᠭᠠᠬᠤ ᠮᠠᠲ᠋ᠧᠷᠢᠶᠠᠯ ᠢ ᠰᠠᠶᠢᠳᠤᠷ ᠬᠡᠷᠡᠭᠯᠡᠬᠦ ᠬᠡᠷᠡᠭᠳᠡᠢ᠃ 2022 ᠤᠨ ᠠᠴᠠ ᠡᠮᠦᠨ᠎ᠡ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠡᠶᠡᠯᠡᠭᠦᠯᠬᠦ ᠬᠡᠷᠡᠭᠳᠡᠢ᠃ 2025 ᠤᠨ ᠪᠤᠯᠳᠠᠯ᠎ᠠ ᠪᠦᠬᠦ ᠤᠯᠤᠰ ᠤᠨ ᠶᠡᠭᠡ ᠲᠤᠮᠳᠠᠳᠤ ᠪᠠᠭ᠎ᠠ ᠰᠤᠷᠭᠠᠭᠤᠯᠢ ᠶᠢᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠪᠦᠷᠬᠦᠭᠦᠯᠬᠦ ᠬᠡᠷᠡᠭᠳᠡᠢ︾ ᠭᠡᠵᠤ ᠲᠤᠷᠠᠳᠴᠠᠢ᠃ ᠰᠢᠨᠵᠢᠶᠠᠩ᠂ ᠲᠦᠪᠡᠳ ᠲᠤ 2017᠂ 2018 ᠤᠨ ᠳᠤ ᠨᠢᠭᠡᠨᠳᠡ ᠤᠯᠤᠰ ᠠᠴᠠ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠪᠡ᠂ ᠮᠠᠨ ᠤ ᠤᠷᠤᠨ ᠢ ᠪᠠᠭᠳᠠᠭᠠᠭᠰᠠᠨ 6 ᠮᠤᠵᠢ ᠤᠷᠤᠨ ᠳᠤ ᠡᠨᠡ ᠵᠢᠯ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ᠎ᠡ᠃ ᠡᠶᠢᠮᠦ ᠠᠴᠠ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠳᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠠᠪᠤᠳᠠᠯ ᠪᠣᠯ ᠤᠯᠤᠰ ᠤᠨ ᠪᠦᠬᠦ ᠤᠯᠤᠰ ᠤᠨ ᠬᠡᠪᠴᠢᠶᠡᠨ ᠳᠠᠬᠢ ᠨᠢᠭᠡᠳᠦᠯᠳᠡᠢ ᠪᠠᠶᠢᠷᠢᠯᠠᠭᠤᠯᠤᠯᠳᠠ ᠪᠤᠯᠤᠨ᠎ᠠ᠂ ᠦᠪᠦᠷ ᠮᠤᠩᠭᠤᠯ ᠳᠤ ᠯᠠ ᠴᠢᠭᠯᠡᠭᠦᠯᠦᠭᠰᠡᠨ ᠤᠨᠴᠠᠭᠠᠢ ᠱᠠᠭᠠᠷᠳᠠᠯᠭ᠎ᠠ ᠪᠢᠰᠢ ᠶᠤᠮ᠃      4. ᠠᠰᠠᠭᠤᠯᠲᠠ᠄ ᠭᠤᠷᠪᠠᠨ ᠲᠦᠷᠦᠯ ᠤᠨ ᠵᠢᠭᠠᠬᠤ ᠮᠠᠲ᠋ᠧᠷᠢᠶᠠᠯ ᠤᠨ ᠥᠭᠡᠷᠡᠴᠢᠯᠡᠯᠳᠡ ᠨᠢ ᠦᠨᠳᠦᠰᠦᠲᠡᠨ ᠤ ᠦᠪᠡᠷᠲᠡᠭᠡᠨ ᠵᠠᠰᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠦᠷᠢᠮ ᠯᠦᠭᠡ ᠵᠦᠷᠢᠴᠡᠯ ᠲᠠᠢ ᠤᠤ︖      ᠬᠠᠷᠢᠭᠤᠯᠲᠠ᠄ ᠤᠯᠤᠰ ᠠᠴᠠ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠵᠢᠭᠦᠯᠬᠦ ᠪᠤᠯ ᠲᠦᠷᠤ ᠶᠢᠨ ᠠᠵᠢᠯ ᠡᠷᠬᠡ ᠪᠤᠯᠤᠨ᠎ᠠ᠂ ᠲᠦᠪ ᠬᠤᠷᠢᠶ᠎ᠠ ᠠᠴᠠ ᠤᠯᠤᠰ ᠤᠨ ᠬᠠᠤᠯᠢ ᠴᠠᠭᠠᠵᠠ ᠬᠠᠤᠯᠢ ᠲᠦᠷᠢᠮ ᠢ ᠦᠨᠳᠦᠰᠦᠯᠡᠵᠦ ᠲᠤᠭᠲᠠᠭᠠᠭᠰᠠᠨ ᠲᠤᠬᠳᠠᠭᠠᠯ ᠪᠤᠯᠤᠨ᠎ᠠ᠃ ᠲᠦᠪ ᠬᠤᠷᠢᠶ᠎ᠡ ᠠᠴᠠ ᠲᠤᠬᠳᠠᠭᠠᠬᠰᠠᠨ ᠵᠦᠢᠯᠡᠰ ᠢ ᠦᠪᠡᠷᠲᠡᠭᠡᠨ ᠵᠠᠰᠠᠬᠤ ᠤᠷᠤᠨ ᠬᠡᠷᠡᠭᠵᠢᠭᠦᠯᠪᠡᠯ ᠵᠤᠬᠢᠨ᠎ᠠ᠂ ᠡᠨᠡ ᠨᠢ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ ᠲᠠᠢ ᠵᠦᠷᠢᠴᠡᠯᠳᠦᠬᠦ ᠦᠭᠡᠢ ᠶᠤᠮ᠃ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ︾ ᠶᠢᠨ ᠠᠷᠪᠠᠨ ᠲᠠᠪᠤᠳᠤᠭᠠᠷ ᠵᠦᠢᠯ ᠳᠤ ︽ᠦᠨᠳᠦᠰᠦᠳᠡᠨ ᠤ ᠦᠪᠡᠷᠳᠡᠭᠡᠨ ᠵᠠᠰᠠᠬᠤ ᠭᠠᠵᠠᠷ ᠤᠷᠤᠨ ᠤ ᠦᠪᠡᠷᠳᠡᠭᠡᠨ ᠵᠠᠰᠠᠬᠤ ᠪᠠᠶᠢᠭᠤᠯᠭ᠎ᠠ ᠪᠣᠯ ᠦᠪᠡᠷᠳᠡᠭᠡᠨ ᠵᠠᠰᠠᠬᠤ ᠤᠷᠤᠨ᠂ ᠦᠪᠡᠷᠳᠡᠭᠡᠨ ᠵᠠᠰᠠᠬᠤ ᠵᠸᠦ᠂ ᠦᠪᠡᠷᠳᠡᠭᠡᠨ ᠵᠠᠰᠠᠬᠤ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠠᠷᠠᠳ ᠤᠨ ᠵᠠᠰᠠᠭ ᠤᠨ ᠤᠷᠳᠤᠨ ᠪᠤᠯᠤᠨ᠎ᠠ︾ ᠭᠡᠵᠤ ᠲᠤᠭᠳᠠᠭᠠᠪᠠ᠃ ᠭᠤᠴᠢᠨ ᠵᠢᠷᠭᠤᠳᠤᠭᠠᠷ ᠵᠦᠢᠯ ᠳᠤ ︽ᠦᠨᠳᠦᠰᠦᠳᠡᠨ ᠤ ᠦᠪᠡᠷᠳᠡᠭᠡᠨ ᠵᠠᠰᠠᠬᠤ ᠭᠠᠵᠠᠷ ᠤᠷᠤᠨ ᠤ ᠦᠪᠡᠷᠳᠡᠭᠡᠨ ᠵᠠᠰᠠᠬᠤ ᠪᠠᠶᠢᠭᠤᠯᠭ᠎ᠠ ᠨᠢ ᠤᠯᠤᠰ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠦᠨᠳᠦᠰᠦᠯᠡᠵᠦ᠂ ᠬᠠᠤᠯᠢ ᠲᠦᠷᠢᠮ ᠶᠤᠰᠤᠭᠠᠷ ᠲᠤᠬᠠᠢ ᠶᠢᠨ ᠭᠠᠵᠠᠷ ᠤᠨ ᠢᠶᠠᠨ ᠰᠤᠷᠭᠠᠨ ᠬᠦᠮᠦᠵᠢᠯ ᠤᠨ ᠲᠦᠯᠦᠪᠵᠢᠭᠦᠯᠭᠡ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠪᠠᠶᠢᠭᠤᠯᠬᠤ᠂ ᠰᠤᠷᠭᠠᠭᠤᠯᠢ ᠶᠢᠨ ᠲᠦᠷᠢᠮ᠂ ᠰᠤᠷᠭᠠᠭᠤᠯᠢ ᠡᠷᠬᠢᠯᠡᠬᠦ ᠬᠡᠯᠪᠡᠷᠢ᠂ ᠵᠢᠭᠠᠨ ᠰᠤᠷᠭᠠᠬᠤ ᠠᠭᠤᠯᠭ᠎ᠠ᠂ ᠵᠢᠭᠠᠨ ᠰᠤᠷᠭᠠᠬᠤ ᠳᠤ ᠬᠡᠷᠡᠭᠯᠡᠬᠦ ᠬᠡᠯᠡ ᠪᠠ ᠰᠤᠷᠤᠭᠴᠢ ᠡᠯᠰᠡᠬᠦ ᠠᠷᠭ᠎ᠠ ᠶᠢ ᠲᠤᠭᠳᠠᠭᠠᠨ᠎ᠠ︾ ᠭᠡᠵᠤ ᠲᠤᠭᠳᠠᠭᠠᠪᠠ᠃      5. ᠠᠰᠠᠭᠤᠯᠲᠠ᠄ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ︽ᠶᠤᠰᠤ ᠮᠤᠷᠠᠯ ᠬᠢᠭᠡᠳ ᠬᠠᠣᠯᠢ ᠪᠠᠷ ᠵᠠᠰᠠᠬᠤ︾ ᠪᠤᠯᠤᠨ ︽ᠲᠡᠤᠬᠡ︾ ᠶᠢᠨ ᠬᠢᠴᠢᠶᠡᠯ ᠢ ᠰᠤᠷᠤᠭᠰᠠᠨ ᠤ ᠲᠠᠷᠠᠭ᠎ᠠ᠂ ᠤᠯᠤᠰ ᠤᠨ ᠨᠢᠭᠡᠳᠦᠯᠳᠠᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠬᠡᠷᠡᠭᠯᠡᠪᠡᠯ᠂ ᠬᠢᠲᠠᠳ ᠢᠶᠠᠷ ᠬᠢᠴᠢᠶᠡᠯᠯᠡᠬᠦ ᠰᠣᠷᠣᠭᠴᠢ ᠯᠤᠭ᠎ᠠ ᠨᠢᠭᠡᠲᠦᠯᠲᠡᠢ ᠰᠢᠯᠭᠠᠯᠳᠠ ᠶᠢᠨ ᠬᠠᠭᠤᠳᠠᠰᠤ ᠬᠡᠷᠡᠭᠯᠡᠬᠦ ᠤᠤ︖ ᠬᠡᠷᠪᠡ ᠲᠡᠶᠢᠮᠦ ᠪᠤᠯ ᠰᠤᠷᠤᠯᠴᠠᠯᠭ᠎ᠠ ᠶᠢᠨ ᠬᠦᠴᠢᠷᠳᠡᠯ ᠢ ᠨᠡᠮᠡᠭᠳᠡᠭᠦᠯᠵᠦ᠂ ᠰᠢᠯᠭᠠᠯᠲᠠ ᠶᠢᠨ ᠬᠢᠷᠢ ᠪᠦᠲᠦᠮᠵᠢ ᠶᠢ ᠳᠤᠷᠤᠭᠰᠢᠯᠠᠭᠤᠯᠵᠤ᠂ ᠰᠤᠷᠭᠠᠭᠤᠯᠢ ᠲᠠᠪᠰᠢᠬᠤ ᠶᠢ ᠨᠦᠯᠦᠭᠡᠯᠡᠬᠦ ᠤᠤ︖      ᠬᠠᠷᠢᠭᠤᠯᠲᠠ᠄ ᠤᠳᠤᠬᠠᠨ ᠳᠤ᠂ ᠤᠯᠤᠰ ᠠᠴᠠ ᠠᠬᠢᠭᠤᠯᠵᠦ ᠪᠠᠶᠢᠭ᠎ᠠ ᠰᠢᠨ᠎ᠡ ᠤᠯᠤᠰ ᠤᠨ ᠰᠢᠯᠭᠠᠯᠳᠠ ᠶᠢᠨ ᠥᠭᠡᠷᠡᠴᠢᠯᠡᠯᠳᠡ ᠳᠤ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠦᠷᠦᠯ ᠢ ᠳᠠᠬᠢᠵᠤ ᠰᠠᠯᠭᠠᠬᠤ ᠦᠭᠡᠢ ᠪᠤᠯᠵᠤ ᠤᠯᠤᠰ ᠤᠨ ᠰᠢᠯᠭᠠᠯᠳᠠ ᠳᠤ ︽3+3︾ ᠶᠢᠨ ᠰᠢᠯᠭᠠᠯᠲᠠ ᠶᠢᠨ ᠬᠡᠯᠪᠡᠷᠢ ᠶᠢ ᠬᠡᠷᠡᠭᠵᠢᠭᠦᠯᠬᠦ ᠪᠤᠯᠤᠨ᠎ᠠ᠂ ᠲᠤᠬᠠᠶᠢᠯᠠᠪᠠᠯ᠄ ᠬᠡᠯᠡ ᠪᠢᠴᠢᠭ ︵ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠬᠡᠯᠡ ᠪᠢᠴᠢᠭ ᠪᠤᠯᠤᠨ ᠮᠤᠩᠭᠤᠯ ᠬᠡᠯᠡ ᠪᠢᠴᠢᠭ︶᠂ ᠲᠤᠭᠠᠨ ᠤ ᠤᠬᠠᠭᠠᠨ᠂ ᠭᠠᠳᠠᠭᠠᠲᠣ ᠬᠡᠯᠡ ᠶᠢ ᠡᠷᠬᠡᠪᠰᠢ ᠰᠢᠯᠭᠠᠬᠤ ᠬᠢᠴᠢᠶᠠᠯ ᠲᠦᠷᠦᠯ ᠪᠤᠯᠭᠠᠵᠤ᠂ ᠪᠤᠰᠤᠳ 3 ᠬᠢᠴᠢᠶᠠᠯ ᠲᠦᠷᠦᠯ ᠢ ᠰᠢᠯᠭᠠᠭᠤᠯᠤᠭᠰᠠᠳ ᠮᠡᠳᠡᠭᠦᠯᠦᠭᠰᠡᠨ ᠳᠡᠭᠡᠲᠦ ᠰᠤᠷᠭᠠᠭᠤᠯᠢ ᠶᠢᠨ ᠱᠠᠭᠠᠷᠳᠠᠯᠭ᠎ᠠ ᠪᠠ ᠲᠤᠰ ᠪᠡᠶ᠎ᠡ ᠶᠢᠨ ᠤᠨᠴᠠᠯᠢᠭ ᠢᠶᠠᠨ ᠦᠨᠳᠦᠰᠦᠯᠡᠵᠦ᠂ ᠦᠵᠡᠯ ᠰᠠᠨᠠᠭ᠎ᠠ ᠤᠯᠤᠰ ᠲᠦᠷᠦ᠂ ᠲᠡᠤᠬᠡ᠂ ᠭᠠᠵᠠᠷ ᠵᠦᠢ᠂ ᠹᠢᠽᠢᠺ᠂ ᠬᠢᠮᠢ᠂ ᠠᠮᠢᠲᠤ ᠪᠤᠳᠠᠰ ᠵᠡᠷᠭᠡ ᠬᠢᠴᠢᠶᠡᠯ ᠲᠦᠷᠦᠯ ᠤᠨ ᠲᠤᠲᠤᠷ᠎ᠠ ᠠᠴᠠ ᠦᠪᠡᠷᠲᠡᠭᠡᠨ 3 ᠲᠦᠷᠦᠯ ᠢ ᠰᠤᠩᠭᠤᠵᠤ ᠤᠯᠤᠰ ᠤᠨ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠳᠤ ᠤᠷᠤᠭᠤᠯᠤᠨ᠎ᠠ᠂ ᠡᠭᠦᠨ ᠳᠤ᠂ ᠦᠵᠡᠯ ᠰᠠᠨᠠᠭ᠎ᠠ ᠤᠯᠤᠰ ᠲᠦᠷᠦ᠂ ᠲᠡᠤᠬᠡ ᠶᠢᠨ ᠬᠢᠴᠢᠶᠠᠯ ᠳᠤ ︽ᠶᠠᠭᠤ ᠶᠢ ᠰᠤᠷᠪᠠᠯ ᠲᠡᠭᠦᠨ ᠢ ᠰᠢᠯᠭᠠᠬᠤ︾ ᠵᠠᠷᠴᠢᠮ ᠶᠤᠰᠤᠭᠠᠷ᠂ ᠬᠢᠲᠠᠳ ᠢᠶᠠᠷ ᠬᠢᠴᠢᠶᠡᠯᠯᠡᠬᠦ ᠰᠢᠯᠭᠠᠭᠤᠯᠤᠭᠰᠠᠳ ᠤᠨ ᠨᠢᠭᠡᠲᠦᠯᠲᠡᠢ ᠰᠢᠯᠭᠠᠯᠲᠠ ᠶᠢᠨ ᠬᠠᠭᠤᠳᠠᠰᠤ ᠶᠢ ᠬᠡᠷᠡᠭᠯᠡᠬᠦ ᠪᠤᠯᠤᠨ᠎ᠠ᠃ ᠤᠳᠤᠬᠢ ᠬᠠᠮᠢᠶ᠎ᠠ ᠪᠦᠬᠦᠢ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠶᠤᠰᠤᠭᠠᠷ᠂ ᠦᠨᠳᠦᠰᠦᠲᠡᠨ ᠤ ᠰᠤᠷᠭᠠᠭᠤᠯᠢ ᠶᠢᠨ ᠬᠤᠪᠢ ᠶᠢ ᠲᠤᠰᠠᠭᠠᠷ ᠲᠤᠭᠲᠠᠭᠠᠵᠤ᠂ ᠰᠤᠷᠤᠭᠴᠢ ᠶᠢ ᠲᠤᠰᠠᠭᠠᠷ ᠡᠯᠰᠡᠵᠦ᠂ ᠬᠢᠲᠠᠳ ᠢᠶᠠᠷ ᠰᠢᠯᠭᠠᠭᠤᠯᠬᠤ ᠰᠤᠷᠤᠭᠴᠢ ᠲᠠᠢ ᠥᠷᠢᠰᠦᠯᠳᠤᠭᠦᠯᠬᠦ ᠦᠭᠡᠢ ᠮᠦᠷᠲᠡᠭᠡᠨ ᠰᠤᠷᠤᠭᠴᠢ ᠡᠯᠰᠡᠬᠦ ᠬᠠᠷᠢᠴᠠᠯ ᠢ ᠲᠤᠭᠳᠠᠭᠤᠨ ᠪᠠᠶᠢᠯᠭᠠᠬᠤ ᠶᠢ ᠪᠠᠳᠤᠯᠠᠬᠤ ᠲᠤᠯᠠ᠂ ᠰᠤᠷᠭᠠᠭᠤᠯᠢ ᠳᠠᠪᠰᠢᠬᠤ ᠨᠤᠷᠮ᠎ᠠ ᠶᠢ ᠨᠦᠯᠦᠭᠡᠯᠡᠬᠦ ᠦᠭᠡᠢ ᠶᠤᠮ᠃      6. ᠠᠰᠠᠭᠤᠯᠲᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠪᠡᠯ᠂ ᠮᠤᠩᠭᠤᠯ ᠬᠡᠯᠡᠨ ᠤ ᠵᠢᠭᠠᠨ ᠰᠤᠷᠭᠠᠯᠲᠠ ᠶᠢ ᠦᠭᠡᠶᠢᠰᠭᠡᠨ᠎ᠡ ᠤᠤ︖      ᠬᠠᠷᠢᠭᠤᠯᠲᠠ᠄ ᠦᠭᠡᠶᠢᠰᠭᠡᠬᠦ ᠦᠭᠡᠢ᠃ ᠮᠠᠨ ᠤ ᠤᠷᠤᠨ ᠤ ᠮᠤᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠠ ᠠᠩᠬ᠎ᠠ ᠵᠡᠷᠭᠡ ᠶᠢᠨ ᠲᠤᠮᠳᠠᠲᠤ ᠰᠤᠷᠭᠠᠭᠤᠯᠢ ᠶᠢᠨ ᠨᠢᠭᠡᠳᠦᠭᠡᠷ ᠤᠨ ᠳᠤ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠵᠦ᠂ ᠪᠤᠰᠤᠳ ᠬᠢᠴᠢᠶᠠᠯ ᠲᠦᠷᠦᠯ ᠢ ᠦᠷᠭᠦᠯᠵᠢᠯᠡᠨ ᠮᠤᠩᠭᠤᠯ ᠬᠡᠯᠡ ᠪᠠᠷ ᠵᠢᠭᠠᠨ ᠰᠤᠷᠭᠠᠨ᠎ᠠ᠂ ᠬᠤᠤᠰ ᠬᠡᠯᠡᠨ ᠤ ᠰᠤᠷᠭᠠᠨ ᠬᠦᠮᠦᠵᠢᠯ ᠢ ᠦᠭᠡᠶᠢᠰᠭᠡᠭᠰᠡᠨ ᠦᠭᠡᠢ ᠶᠤᠮ᠂ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠠᠴᠠ ᠴᠦ ᠮᠤᠩᠭᠤᠯ ᠬᠡᠯᠡᠨ ᠤ ᠵᠢᠭᠠᠨ ᠰᠤᠷᠭᠠᠯᠲᠠ ᠶᠢ ᠦᠭᠡᠶᠢᠰᠭᠡᠨ᠎ᠡ ᠭᠡᠵᠦ ᠶᠡᠷᠦ ᠶᠠᠷᠢᠵᠤ ᠦᠩᠭᠡᠷᠡᠭᠡ ᠦᠭᠡᠢ᠃      7. ᠠᠰᠠᠭᠤᠯᠲᠠ᠄ ᠤᠳᠤᠬᠢ ᠲᠦᠷᠦ ᠶᠢᠨ ᠪᠤᠳᠤᠯᠭ᠎ᠠ ᠶᠢ ᠭᠤᠷᠪᠠᠨ ᠵᠢᠯ ᠬᠤᠪᠢᠶᠠᠵᠤ ᠬᠢᠴᠢᠶᠠᠯ ᠲᠦᠷᠦᠯ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠭᠰᠠᠨ ᠤ ᠳᠠᠷᠠᠭ᠎ᠠ᠂ ᠳᠠᠬᠢᠵᠤ ᠪᠤᠰᠤᠳ ᠲᠦᠷᠦᠯ ᠤᠨ ᠬᠢᠴᠢᠶᠡᠯ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠵᠤ᠂ ᠮᠤᠩᠭᠤᠯ ᠬᠡᠯᠡᠨ ᠤ ᠵᠢᠭᠠᠨ ᠰᠤᠷᠭᠠᠯᠳᠠ ᠶᠢ ᠪᠠᠭᠠᠰᠬᠠᠨ᠎ᠠ ᠤᠤ︖      ᠬᠠᠷᠢᠭᠤᠯᠲᠠ᠄ ᠵᠢᠭᠠᠬᠤ ᠮᠠᠲ᠋ᠧᠷᠢᠶᠠᠯ ᠨᠢ ᠢᠷᠡᠭᠡᠳᠦᠢ ᠶᠢ ᠲᠤᠭᠳᠠᠭᠠᠬᠤ ᠴᠢᠳᠠᠪᠬᠢ ᠲᠠᠢ ᠪᠠᠶᠢᠵᠤ᠂ ᠰᠤᠷᠭᠠᠨ ᠬᠦᠮᠦᠵᠢᠯ ᠤᠨ ᠠᠵᠢᠯ ᠤᠨ ᠬᠠᠮᠤᠭ ᠤᠨ ᠦᠨᠳᠦᠰᠦᠨ ᠵᠢᠷᠤᠮᠯᠠᠯ ᠪᠤᠯᠬᠤ ᠲᠤᠯᠠ᠂ ᠡᠷᠬᠡᠪᠰᠢ ᠤᠯᠤᠰ ᠤᠨ ᠵᠤᠷᠢᠯᠲᠠ ᠶᠢ ᠢᠯᠡᠷᠡᠭᠦᠯᠬᠦ ᠬᠡᠷᠡᠭᠲᠡᠢ᠃ ︽ᠬᠡᠯᠡ ᠪᠢᠴᠢᠭ︾᠂ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤ︾᠂ ︽ᠲᠡᠤᠬᠡ︾ ᠭᠤᠷᠪᠠᠨ ᠬᠢᠴᠢᠶᠡᠯ ᠲᠦᠷᠦᠯ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠨᠢ ᠦᠵᠡᠯ ᠤᠬᠠᠮᠰᠠᠷ ᠤᠨ ᠬᠡᠯᠪᠡᠷᠢ ᠪᠠ ᠰᠤᠶᠤᠯ ᠤᠨ ᠤᠯᠠᠮᠵᠢᠯᠠᠯ ᠲᠠᠢ ᠨᠢᠭᠲᠠ ᠬᠤᠯᠪᠤᠭᠳᠠᠵᠦ ᠪᠠᠶᠢᠨ᠎ᠠ᠂ ᠤᠯᠤᠰ ᠤᠨ ᠭᠤᠤᠯ ᠵᠢᠭᠠᠬᠤ ᠮᠠᠲ᠋ᠧᠷᠢᠶᠠᠯ ᠪᠤᠯᠤᠨ᠎ᠠ᠂ ᠡᠨᠡ ᠨᠢ ᠤᠯᠤᠰ ᠠᠴᠠ ᠶᠠᠮᠠᠷ ᠬᠦᠮᠦᠨ ᠢ ᠬᠦᠮᠦᠵᠢᠭᠦᠯᠬᠦ ᠪᠠ ᠶᠠᠮᠠᠷ ᠬᠦᠮᠦᠨ ᠢ ᠬᠦᠮᠦᠵᠢᠭᠦᠯᠵᠦ ᠲᠡᠶᠢᠯᠬᠦ ᠲᠠᠢ ᠰᠢᠭᠤᠳ ᠬᠤᠯᠪᠤᠬᠳᠠᠵᠦ ᠪᠠᠶᠢᠨ᠎ᠠ᠂ ᠡᠶᠢᠮᠦ ᠠᠴᠠ ᠡᠷᠬᠡᠪᠰᠢ ᠨᠢᠭᠡᠲᠦᠯᠲᠡᠢ ᠴᠢᠨᠠᠷ ᠪᠠ ᠵᠤᠭᠰᠤᠯᠲᠠ ᠶᠢᠨ ᠦᠨᠳᠦᠰᠦᠨ ᠴᠢᠨᠠᠷ ᠢ ᠪᠠᠳᠤᠯᠠᠬᠤ ᠬᠡᠷᠡᠭᠲᠡᠢ᠃ ᠤᠯᠤᠰ ᠠᠴᠠ ︽ᠬᠡᠯᠡ ᠪᠢᠴᠢᠭ︾᠂ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤ︾᠂ ︽ᠲᠡᠤᠬᠡ︾ ᠭᠤᠷᠪᠠᠨ ᠬᠢᠴᠢᠶᠡᠯ ᠲᠦᠷᠦᠯ ᠤᠨ ᠵᠢᠭᠠᠬᠤ ᠮᠠᠲ᠋ᠧᠷᠢᠶᠠᠯ ᠢ ᠨᠢᠭᠡᠲᠦᠯᠲᠡᠢ ᠨᠠᠶᠢᠷᠠᠭᠤᠯᠤᠨ᠂ ᠨᠢᠭᠡᠲᠦᠯᠲᠡᠢ ᠬᠢᠨᠡᠨ ᠲᠤᠭᠲᠠᠭᠠᠵᠤ᠂ ᠨᠢᠭᠡᠲᠦᠯᠲᠡᠢ ᠬᠡᠷᠡᠭᠯᠡᠬᠦ ᠶᠢᠨ ᠬᠠᠮᠲᠤ ᠪᠦᠬᠦ ᠤᠯᠤᠰ ᠤᠨ ᠬᠡᠪᠴᠢᠶᠠᠨ ᠳᠤ ᠨᠢᠭᠡᠲᠦᠯᠲᠡᠢ ᠪᠠᠶᠢᠷᠢᠯᠠᠭᠤᠯᠤᠭᠰᠠᠨ ᠨᠢ ᠨᠠᠮ ᠪᠠ ᠤᠯᠤᠰ ᠤᠨ ᠴᠢᠬᠤᠯᠠ ᠪᠠᠶᠢᠷᠢᠯᠠᠭᠤᠯᠤᠯᠲᠠ ᠪᠤᠯᠤᠨ᠎ᠠ᠂ ᠪᠢᠳᠡ ᠡᠷᠬᠡᠪᠰᠢ ᠡᠷᠡᠰ ᠭᠤᠶᠢᠪᠢᠰᠢ ᠦᠭᠡᠢ ᠪᠠᠷ ᠠᠬᠢᠭᠤᠯᠤᠨ ᠨᠡᠶᠢᠳᠡᠪᠦᠷᠢᠵᠢᠭᠤᠯᠬᠤ ᠬᠡᠷᠡᠭᠲᠡᠢ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠳᠤ ᠤᠯᠤᠰ ᠠᠴᠠ ᠭᠤᠷᠪᠠᠨ ᠬᠢᠴᠢᠶᠡᠯ ᠲᠦᠷᠦᠯ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠠᠶᠢᠷᠢᠯᠠᠭᠤᠯᠤᠯᠲᠠ ᠬᠢᠭᠰᠡᠨ ᠠᠴᠠ ᠭᠠᠳᠠᠨ᠎ᠠ᠂ ᠪᠣᠰᠣᠳ ᠬᠢᠴᠢᠶᠡᠯ ᠲᠦᠷᠦᠯ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠶᠢᠷᠢᠯᠠᠭᠤᠯᠤᠯᠲᠠ ᠬᠢᠭᠰᠡᠨ ᠦᠭᠡᠢ ᠪᠦᠭᠡᠳ ᠤᠯᠤᠰ ᠠᠴᠠ ᠶᠡᠷᠦ ᠠᠴᠠ ᠡᠶᠢᠮᠦᠷᠬᠦᠦ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠪᠠᠶᠢᠬᠤ ᠦᠭᠡᠢ ᠶᠤᠮ᠃ ᠪᠤᠰᠤᠳ ᠬᠢᠴᠢᠶᠡᠯ ᠲᠦᠷᠦᠯ ᠢ ᠮᠦᠨ ᠬᠦ ᠦᠨᠳᠦᠰᠦᠲᠡᠨ ᠤ ᠬᠡᠯᠡ ᠪᠠᠷ ᠬᠢᠴᠢᠶᠡᠯᠯᠡᠵᠦ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠷ ᠭᠤᠤᠯ ᠪᠤᠯᠭᠠᠭᠰᠠᠨ ᠬᠤᠤᠰ ᠬᠡᠯᠡᠨ ᠤ ᠰᠤᠷᠭᠠᠨ ᠬᠦᠮᠦᠵᠢᠯ ᠤᠨ ᠰᠢᠰᠲ᠋ᠧᠮ ᠢ ᠬᠤᠪᠢᠷᠠᠭᠤᠯᠬᠤ ᠦᠭᠡᠢ᠃ ᠦᠪᠦᠷ ᠮᠤᠩᠭᠤᠯ ᠨᠢ ᠵᠢᠱᠢᠶᠡᠴᠢ ᠦᠪᠡᠷᠲᠡᠭᠡᠨ ᠵᠠᠰᠠᠬᠤ ᠤᠷᠤᠨ ᠪᠤᠯᠤᠭᠰᠠᠨ ᠤ ᠬᠤᠪᠢ ᠳᠤ᠂ ᠤᠯᠤᠰ ᠤᠨ ᠵᠢᠭᠠᠬᠤ ᠮᠠᠲ᠋ᠧᠷᠢᠶᠠᠯ ᠤᠨ ᠵᠦᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠷᠬᠡ ᠲᠡᠭᠰᠢ ᠪᠦᠭᠡᠳ ᠴᠢᠨᠠᠷ ᠰᠠᠶᠢᠲᠠᠢ ᠦᠨᠳᠦᠰᠦᠲᠡᠨ ᠤ ᠰᠤᠷᠭᠠᠨ ᠬᠦᠮᠦᠵᠢᠯ ᠢ ᠡᠷᠬᠢᠯᠡᠬᠦ ᠶᠠᠪᠤᠳᠠᠯ ᠳᠤ ᠳᠡᠭᠡᠲᠦ ᠬᠡᠮᠵᠢᠶ᠎ᠡ ᠪᠠᠷ ᠬᠠᠷᠢᠭᠤᠴᠠᠬᠤ ᠵᠤᠷᠢᠭ ᠰᠠᠨᠠᠭ᠎ᠠ ᠪᠠᠷ᠂ ᠤᠳᠤᠬᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠪᠠ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠪᠤᠳᠠᠳᠠᠢ ᠪᠠᠶᠢᠳᠠᠯ ᠢ ᠭᠦᠢᠴᠡᠳ ᠪᠤᠳᠤᠯᠬᠢᠯᠠᠵᠤ᠂ ᠰᠤᠷᠭᠠᠨ ᠬᠦᠮᠦᠵᠢᠯ ᠤᠨ ᠶᠠᠮᠤᠨ ᠤ ᠵᠦᠪᠰᠢᠶᠡᠷᠡᠯ ᠢᠶᠠᠷ ᠮᠠᠨ ᠤ ᠤᠷᠤᠨ ᠳᠤ ︽ᠬᠡᠯᠡ ᠪᠢᠴᠢᠭ︾᠂ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤ︾᠂ ︽ᠲᠡᠣᠭᠡ︾ ᠭᠤᠷᠪᠠᠨ ᠬᠢᠴᠢᠶᠡᠯ ᠲᠦᠷᠦᠯ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠤᠷᠪᠠᠨ ᠵᠢᠯ ᠬᠤᠪᠢᠶᠠᠵᠤ ᠠᠯᠬᠤᠮ ᠠᠯᠬᠤᠮ ᠢᠶᠠᠷ ᠬᠡᠷᠡᠭᠵᠢᠭᠦᠯᠬᠦ ᠪᠠᠷ ᠪᠠᠶᠢᠷᠢᠯᠠᠭᠤᠯᠤᠬᠰᠠᠨ ᠨᠢ ᠦᠪᠡᠷᠲᠡᠭᠡᠨ ᠵᠠᠰᠠᠬᠤ ᠤᠷᠤᠨ ᠤ ᠪᠤᠲᠠᠳᠤ ᠪᠠᠶᠢᠳᠠᠯ ᠲᠠᠢ ᠨᠡᠶᠢᠴᠡᠵᠦ ᠪᠠᠶᠢᠨ᠎ᠠ᠂ ᠡᠨᠡ ᠨᠢ ᠨᠠᠮ ᠪᠠ ᠤᠯᠤᠰ ᠠᠴᠠ ᠮᠠᠨ ᠤ ᠤᠷᠤᠨ ᠢ ᠬᠠᠯᠠᠮᠵᠢᠯᠠᠵᠤ ᠪᠠᠶᠢᠭ᠎ᠠ ᠶᠢ ᠬᠠᠷᠠᠭᠤᠯᠵᠤ ᠪᠠᠶᠢᠨ᠎ᠠ᠃      8. ᠠᠰᠠᠭᠤᠯᠲᠠ᠄ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠠᠴᠠ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠬᠡᠯᠡ ᠪᠢᠴᠢᠭ︾ ᠢ ᠡᠬᠢᠯᠡᠨ ᠰᠤᠷᠤᠯᠴᠠᠪᠠᠯ᠂ ︽ᠮᠤᠩᠭᠤᠯ ᠬᠡᠯᠡ ᠪᠢᠴᠢᠭ︾ ᠤᠨ ᠬᠢᠴᠢᠶᠡᠯ ᠲᠦᠷᠦᠯ ᠲᠠᠢ ᠬᠤᠳᠬᠤᠯᠲᠠᠵᠤ᠂ ᠰᠤᠷᠤᠭᠴᠢᠳ ᠤᠨ ᠰᠤᠷᠤᠯᠭ᠎ᠠ ᠶᠢᠨ ᠳᠠᠷᠤᠭᠠᠰᠤ ᠶᠢ ᠬᠦᠨᠳᠦᠷᠡᠭᠦᠯᠵᠦ᠂ ᠰᠤᠷᠤᠯᠭ᠎ᠠ ᠶᠢᠨ ᠦᠷ᠎ᠡ ᠪᠦᠲᠦᠮᠵᠢ ᠶᠢ ᠨᠦᠯᠦᠭᠡᠯᠡᠬᠦ ᠤᠤ︖      ᠬᠠᠷᠢᠭᠤᠯᠲᠠ᠄ ᠦᠪᠡᠷᠳᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ ᠲᠠᠰᠤᠬ ᠠᠴᠠ ᠨᠢᠭᠡᠨᠳᠡ ᠲᠤᠰᠬᠠᠢ ᠮᠡᠷᠭᠡᠵᠢᠯᠳᠡᠨ ᠤ ᠪᠦᠯᠬᠦᠮ ᠢ ᠵᠤᠬᠢᠶᠠᠨ ᠪᠠᠶᠢᠭᠤᠯᠵᠦ᠂ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠤᠨ ᠠᠭᠤᠯᠭ᠎ᠠ ᠪᠠ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠤᠭᠴᠢᠳ ᠤᠨ ᠰᠤᠷᠤᠯᠭ᠎ᠠ ᠶᠢᠨ ᠪᠠᠶᠢᠳᠠᠯ ᠢ ᠭᠦᠨᠵᠡᠭᠡᠢ ᠵᠠᠳᠠᠯᠣᠨ ᠰᠤᠳᠤᠯᠵᠤ᠂ ︽ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠤᠨ ᠵᠢᠭᠠᠨ ᠰᠣᠷᠭᠠᠯᠲᠠ ᠶᠢ ᠵᠢᠯᠤᠭᠤᠳᠬᠤ ᠰᠠᠨᠠᠭᠤᠯᠭ᠎ᠠ︾ ᠶᠢ ᠨᠠᠶᠢᠷᠠᠭᠤᠯᠤᠨ ᠵᠤᠬᠢᠶᠠᠵᠤ᠂ ᠪᠠᠭ᠎ᠠ ᠰᠣᠷᠭᠠᠭᠠᠤᠯᠢ ᠶᠢᠨ ᠵᠢᠷᠭᠤᠭᠠᠨ ᠵᠢᠯ ᠤᠨ ᠬᠢᠴᠢᠶᠡᠯ ᠢ ᠲᠡᠩᠴᠡᠭᠦᠷᠢᠳᠠᠢ ᠲᠤᠬᠢᠷᠠᠭᠤᠯᠬᠤ ᠶᠤᠰᠤᠭᠠᠷ᠂ ᠬᠠᠷᠢᠴᠠᠯ ᠢᠶᠠᠷ ᠬᠢᠴᠢᠶᠡᠯ ᠤᠨ ᠴᠠᠭ ᠢ ᠬᠤᠪᠢᠶᠠᠷᠢᠯᠠᠬᠤ ᠰᠡᠳᠬᠢᠴᠡ ᠪᠠᠷ ᠵᠢᠭᠠᠨ ᠰᠤᠷᠭᠠᠬᠤ ᠠᠬᠢᠴᠠ ᠪᠤᠯᠤᠨ ᠴᠠᠭ ᠤᠨ ᠳᠠᠷᠠᠭᠠᠯᠠᠯ ᠳᠤ ᠲᠤᠬᠢᠷᠠᠭᠤᠯᠤᠯᠲᠠ ᠬᠢᠵᠦ ᠪᠠᠶᠢᠨ᠎ᠠ᠃ ᠵᠢᠱᠢᠶᠡᠯᠡᠪᠡᠯ᠂ ᠴᠠᠭ ᠵᠦᠷᠢᠭᠦᠯᠦᠨ ᠵᠢᠭᠠᠨ ᠰᠤᠷᠭᠠᠬᠤ ᠠᠷᠭ᠎ᠠ ᠪᠤᠳᠤᠯᠭ᠎ᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ᠄ ᠮᠤᠩᠭᠤᠯ ᠢᠶᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠤ ᠳᠡᠭᠡᠷ᠎ᠡ ᠬᠤᠭᠤᠴᠠᠭᠠᠨ ᠤ ᠲᠦᠷᠦᠭᠦᠤ ᠬᠠᠭᠠᠰ ᠰᠤᠷᠤᠯᠭ᠎ᠠ ᠶᠢᠨ ᠬᠤᠭᠤᠴᠠᠭᠠᠨ ᠳᠤ ᠮᠤᠩᠭᠤᠯ ᠬᠡᠯᠡᠨ ᠤ ᠴᠠᠭᠠᠨ ᠲᠤᠯᠤᠭᠠᠢ ᠶᠢ ᠵᠢᠭᠠᠨ ᠰᠤᠷᠭᠠᠵᠤ᠂ ᠲᠤᠤᠷ᠎ᠠ ᠬᠠᠭᠠᠰ ᠰᠤᠷᠤᠯᠭ᠎ᠠ ᠶᠢᠨ ᠬᠤᠭᠤᠴᠠᠭᠠᠨ ᠳᠤ ᠨᠢᠭᠡᠲᠦᠯᠲᠡᠢ ᠨᠠᠶᠢᠷᠠᠭᠤᠯᠤᠭᠰᠠᠨ ᠬᠡᠯᠡ ᠪᠢᠴᠢᠭ ᠤᠨ ᠠᠪᠢᠶᠠᠨ ᠤ ᠦᠰᠦᠭ ᠢ ᠵᠢᠭᠠᠨ ᠰᠤᠷᠭᠠᠵᠦ᠂ ᠬᠢᠲᠠᠳ ᠬᠡᠯᠡᠨ ᠤ ᠠᠪᠢᠶ᠎ᠠ ᠪᠠ ᠮᠤᠩᠭᠤᠯ ᠬᠡᠯᠡᠨ ᠤ ᠴᠠᠭᠠᠨ ᠲᠤᠯᠤᠭᠠᠢ ᠠᠮᠠᠷᠬᠠᠨ ᠬᠤᠳᠬᠤᠯᠳᠠᠬᠤ ᠠᠰᠠᠭᠤᠳᠠᠯ ᠢ ᠰᠢᠢᠳᠪᠦᠷᠢᠯᠡᠨ᠎ᠡ᠃      9. ᠠᠰᠠᠭᠤᠯᠲᠠ᠄ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠠᠤᠯᠢ ᠳᠤ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤ︾ ᠪᠠ ︽ᠲᠡᠤᠬᠡ︾ ᠶᠢᠨ ᠬᠢᠴᠢᠶᠡᠯ ᠢ ᠶᠠᠭᠤᠨ ᠤ ᠤᠴᠢᠷ ᠠᠴᠠ ᠨᠡᠶᠢᠳᠡᠮ ᠬᠡᠷᠡᠭᠯᠡᠬᠦ ᠦᠭᠡ ᠬᠡᠯᠡ ᠪᠠᠷ ᠵᠢᠭᠠᠨ ᠰᠤᠷᠭᠠᠬᠤ ᠪᠤᠢ︖ ᠦᠨᠳᠦᠰᠦᠲᠡᠨ ᠤ ᠬᠡᠯᠡ ᠪᠠᠷ ᠤᠷᠴᠢᠭᠤᠯᠤᠨ ᠵᠢᠭᠠᠨ ᠰᠤᠷᠭᠠᠬᠤ ᠪᠠ ᠨᠡᠶᠢᠳᠡᠮ ᠬᠡᠷᠡᠭᠯᠡᠬᠦ ᠦᠭᠡ ᠬᠡᠯᠡ ᠪᠠᠷ ᠵᠢᠭᠠᠨ ᠰᠤᠷᠭᠠᠬᠤ ᠶᠢᠨ ᠢᠯᠭᠠᠭ᠎ᠠ ᠨᠢ ᠶᠠᠭᠤ ᠪᠤᠢ︖      ᠬᠠᠷᠢᠭᠤᠯᠲᠠ᠄ ᠶᠡᠷᠦᠩᠭᠡᠢ ᠱᠦᠵᠢ ᠰᠢ ᠶᠢᠨ ᠫᠢᠩ᠂ ᠦᠭᠡ ᠬᠡᠯᠡ ᠬᠠᠷᠢᠯᠴᠠᠨ ᠨᠡᠪᠲᠡᠷᠡᠯᠴᠡᠬᠦ ᠪᠤᠯ ᠬᠦᠮᠦᠨ ᠬᠦᠮᠦᠨ ᠤ ᠬᠤᠭᠤᠷᠤᠨᠳᠤᠬᠢ ᠬᠠᠷᠢᠯᠴᠠᠭᠠᠨ ᠤ ᠴᠢᠬᠤᠯᠠ ᠭᠤᠭᠴᠤᠭ᠎ᠠ ᠮᠦᠨ᠂ ᠦᠭᠡ ᠬᠡᠯᠡ ᠨᠡᠪᠳᠡᠷᠡᠯᠴᠡᠬᠦ ᠦᠬᠡᠢ ᠪᠤᠯ ᠬᠠᠷᠢᠯᠴᠠᠬᠤ ᠳᠤ ᠬᠦᠴᠢᠷᠳᠡᠨ᠎ᠡ᠂ ᠬᠠᠷᠢᠯᠴᠠᠨ ᠤᠶᠢᠯᠠᠭᠠᠯᠴᠠᠵᠤ ᠴᠢᠳᠠᠬᠤ ᠦᠭᠡᠢ ᠪᠤᠯ ᠡᠨᠡᠭᠰᠢᠵᠦ ᠴᠢᠳᠠᠬᠤ ᠦᠭᠡᠢ ᠶᠤᠮ ᠭᠡᠵᠦ ᠴᠢᠬᠤᠯᠠᠴᠢᠯᠠᠪᠠ᠃ ︽ᠶᠤᠰᠤ ᠮᠤᠷᠠᠯ ᠬᠢᠭᠡᠳ ᠬᠠᠤᠯᠢ ᠪᠠᠷ ᠵᠠᠰᠠᠬᠤ︾ ᠪᠠ ︽ᠲᠡᠤᠬᠡ︾ ᠪᠤᠯ ︽ᠬᠡᠯᠡ ᠪᠢᠴᠢᠭ︾ ᠤᠨ ᠬᠢᠴᠢᠶᠡᠯ ᠤᠨ ᠦᠷᠭᠦᠯᠵᠢᠯᠡᠯ ᠪᠠ ᠦᠷᠭᠡᠳᠭᠡᠯ ᠪᠤᠯᠤᠨ᠎ᠠ᠃ ᠭᠤᠷᠪᠠᠨ ᠲᠦᠷᠦᠯ ᠤᠨ ᠬᠢᠴᠢᠶᠡᠯ ᠢ ᠢᠵᠢᠯ ᠠᠯᠬᠤᠮ ᠢᠶᠠᠷ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠬᠤ ᠪᠤᠯ ᠲᠦᠪ ᠤᠨ ᠨᠢᠭᠡᠲᠦᠯᠲᠡᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠪᠤᠯᠤᠨ᠎ᠠ᠂ ᠵᠦᠪᠬᠡᠨ ᠦᠪᠦᠷ ᠮᠤᠩᠭᠤᠯ ᠳᠤ ᠲᠠᠯᠪᠢᠬᠰᠠᠨ ᠤᠨᠴᠠᠭᠠᠢ ᠱᠠᠭᠠᠷᠳᠠᠯᠭ᠎ᠠ ᠪᠢᠰᠢ᠃ ᠡᠨᠡ ᠨᠢ ᠦᠭᠡ ᠬᠡᠯᠡ ᠦᠰᠦᠭ ᠪᠢᠴᠢᠭ ᠤᠨ ᠬᠡᠷᠡᠭᠯᠡᠯᠳᠡ ᠶᠢ ᠤᠯᠠᠮ ᠴᠢᠩᠭᠠᠳᠬᠠᠬᠤ ᠳᠤ ᠠᠰᠢᠬᠳᠠᠢ᠂ ᠦᠨᠳᠦᠰᠦᠳᠡᠨ ᠤ ᠬᠡᠯᠡ ᠪᠠᠷ ᠬᠢᠴᠢᠶᠡᠯᠯᠡᠬᠦ ᠰᠤᠷᠤᠬᠴᠢ ᠪᠤᠯᠤᠨ ᠪᠤᠰᠤᠳ ᠦᠨᠳᠦᠰᠦᠲᠡᠨ ᠤ ᠰᠤᠷᠤᠭᠴᠢ ᠶᠢᠨ ᠬᠤᠭᠤᠷᠤᠨᠳᠤᠬᠢ ᠬᠠᠷᠢᠯᠴᠠᠭ᠎ᠠ ᠶᠠᠪᠤᠯᠴᠠᠭ᠎ᠠ ᠶᠢ ᠠᠬᠢᠭᠤᠯᠬᠤ ᠳᠤ ᠠᠰᠢᠭᠲᠠᠢ ᠪᠠᠶᠢᠵᠤ᠂ ᠰᠤᠷᠤᠭᠴᠢ ᠶᠢᠨ ᠬᠤᠶᠢᠰᠢᠲᠠ ᠶᠢᠨ ᠰᠤᠷᠭᠠᠭᠤᠯᠢ ᠲᠠᠪᠰᠢᠵᠤ ᠠᠵᠢᠯ ᠤᠯᠬᠤ ᠪᠠ ᠦᠰᠦᠨ ᠪᠤᠶᠢᠵᠢᠵᠤ ᠠᠯᠬᠤᠮ ᠲᠠᠪᠰᠢᠬᠤ ᠠᠷᠭ᠎ᠠ ᠵᠠᠮ ᠢ ᠦᠷᠭᠡᠳᠭᠡᠬᠦ ᠪᠤᠯᠤᠨ᠎ᠠ᠃ ᠣᠯᠣᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠣᠷᠢᠳᠠᠪᠡᠷ ᠦᠭᠡ ᠬᠡᠯᠡ ᠪᠠᠨ ᠬᠦᠴᠦᠷᠬᠡᠭᠵᠢᠭᠦᠯᠬᠦ ᠬᠡᠷᠡᠭᠳᠠᠢ᠂ ᠦᠭᠡ ᠬᠡᠯᠡ ᠬᠦᠴᠦᠷᠬᠡᠭᠵᠢᠪᠡᠯ ᠰᠠᠶ᠋ᠢ ᠣᠯᠣᠰ ᠢᠶᠠᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ ᠴᠢᠳᠠᠨ᠎ᠡ᠃ ᠦᠭᠡᠷᠡᠴᠢᠯᠡᠯᠲᠡ ᠨᠡᠭᠡᠭᠡᠯᠲᠡ ᠠᠴᠠ ᠨᠠᠰᠢ᠂ ᠬᠡᠳᠦ᠋ᠢᠪᠡᠷ ᠣᠯᠣᠰ ᠠᠴᠠ ᠬᠢᠯᠢ ᠬᠢᠵᠠᠭᠠᠷ ᠤᠨ ᠴᠦᠬᠡᠨ ᠲᠣᠭᠠᠲᠣ ᠦᠨᠳᠦᠰᠦᠲᠡᠨ ᠤ ᠭᠠᠵᠠᠷ ᠣᠷᠣᠨ ᠤ ᠠᠯᠪᠠᠨ ᠵᠢᠷᠦᠮ ᠤᠨ ᠰᠣᠷᠭᠠᠨ ᠬᠦᠮᠦᠵᠢᠯ ᠢ ᠬᠦᠴᠦᠯᠡᠨ ᠠᠬᠢᠭᠤᠯᠵᠣ᠂ ᠦᠨᠳᠦᠰᠦᠲᠡᠨ ᠨᠦᠭᠦᠳ ᠤᠨ ᠠᠷᠠᠳ ᠣᠯᠠᠨ ᠤ ᠰᠢᠨᠵᠢᠯᠡᠬᠦ ᠣᠬᠠᠭᠠᠨ ᠰᠣᠶᠣᠯ ᠮᠡᠳᠡᠯᠭᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠭᠰᠡᠨ ᠪᠠᠶᠢᠨ᠎ᠠ᠃ ᠭᠡᠪᠡᠴᠦ ᠪᠣᠰᠣᠳᠴᠢ ᠪᠠᠷ ᠬᠡᠯᠡᠪᠡᠯ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠢ ᠪᠠᠭᠲᠠᠭᠠᠭᠰᠠᠨ ᠳᠣᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠪᠠᠰᠠ ᠮᠠᠰᠢ ᠣᠯᠠᠨ ᠢᠳᠡᠷ ᠵᠠᠯᠠᠭᠤᠴᠣᠳ ᠪᠠ ᠮᠠᠯᠴᠢᠳ ᠣᠯᠣᠰ ᠤᠨ ᠨᠡᠶᠢᠳᠡᠮ ᠬᠡᠷᠡᠭᠯᠡᠬᠦ ᠬᠡᠯᠡ ᠪᠠᠷ ᠦᠨᠳᠦᠰᠦᠨ ᠬᠠᠷᠢᠯᠴᠠᠭ᠎ᠠ ᠬᠢᠵᠦ ᠲᠡᠶᠢᠯᠬᠦ ᠦᠭᠡᠢ ᠪᠠᠶᠢᠨ᠎ᠠ᠂ ᠡᠨᠡᠬᠦ ᠠᠰᠠᠭᠤᠳᠠᠯ ᠨᠢ ᠨᠢᠭᠡᠨᠲᠡ ᠬᠤᠪᠢ ᠬᠦᠮᠦᠨ ᠤ ᠶᠠᠳᠠᠭᠤ ᠠᠴᠠ ᠠᠩᠬᠢᠵᠢᠷᠠᠨ ᠪᠠᠶᠠᠵᠢᠬᠤ ᠶᠢ ᠬᠠᠷᠰᠢᠯᠠᠵᠦ᠂ ᠭᠠᠵᠠᠷ ᠣᠷᠣᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢ ᠨᠦᠯᠦᠭᠡᠯᠡᠵᠦ᠂ ᠦᠨᠳᠦᠰᠦᠲᠡᠨ ᠤ ᠭᠠᠵᠠᠷ ᠣᠷᠣᠨ ᠤ ᠪᠦᠯᠬᠦᠮᠳᠡᠯ ᠲᠠᠢ ᠡᠶ᠎ᠡ ᠵᠤᠬᠢᠴᠠᠩᠭᠤᠢ ᠪᠠᠷ ᠲᠠᠪᠰᠢᠬᠤ ᠶᠢ ᠬᠢᠵᠠᠭᠠᠷᠯᠠᠵᠦ ᠪᠦᠬᠦᠢ ᠴᠢᠬᠤᠯᠠ ᠡᠯᠧᠮᠧᠨ᠋ᠲ ᠪᠤᠯᠤᠭᠰᠠᠨ ᠪᠠᠶᠢᠨ᠎ᠠ᠃ ︽ᠶᠣᠰᠦ ᠮᠤᠷᠠᠯ ᠬᠢᠭᠡᠳ ᠬᠠᠤᠯᠢ ᠪᠠᠷ ᠵᠠᠰᠠᠬᠤ︾ ᠪᠤᠯᠤᠨ ︽ᠲᠡᠥᠬᠡ︾ ᠶᠢ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠣᠷᠭᠠᠬᠤ ᠠᠷᠭ᠎ᠠ ᠶᠢ ᠬᠡᠷᠡᠭᠵᠢᠭᠦᠯᠬᠦ ᠨᠢ ᠦᠨᠳᠦᠰᠦᠲᠡᠨ ᠤ ᠬᠡᠯᠡ ᠪᠠᠷ ᠤᠷᠴᠢᠭᠤᠯᠤᠨ ᠵᠢᠭᠠᠨ ᠰᠣᠷᠭᠠᠬᠤ ᠠᠷᠭ᠎ᠠ ᠶᠢ ᠪᠤᠳᠤᠪᠠᠯ ᠪᠠᠭᠰᠢ᠂ ᠵᠢᠭᠠᠨ ᠰᠣᠷᠭᠠᠬᠤ ᠮᠠᠲ᠋ᠧᠷᠢᠶᠠᠯ᠂ ᠮᠡᠳᠡᠭᠡ ᠵᠠᠩᠬᠢ ᠵᠡᠷᠭᠡ ᠲᠠᠯ᠎ᠠ ᠪᠠᠷ ᠬᠢ ᠡᠬᠢ ᠪᠠᠶᠠᠯᠢᠭ ᠢ ᠨᠡᠩ ᠪᠠᠶᠠᠯᠢᠬᠵᠢᠭᠤᠯᠵᠦ᠂ ᠡᠯᠪᠡᠭ ᠪᠠᠶᠠᠯᠢᠭ ᠵᠢᠭᠠᠨ ᠰᠣᠷᠭᠠᠯᠲᠠ ᠶᠢᠨ ᠡᠬᠢ ᠪᠠᠶᠠᠯᠢᠭ ᠨᠢ ᠰᠣᠷᠭᠠᠭᠤᠯᠢ ᠶᠢᠨ ᠵᠢᠭᠠᠨ ᠰᠣᠷᠭᠠᠬᠤ ᠶᠠᠰᠣ ᠴᠢᠨᠠᠷ ᠢᠶᠠᠨ ᠳᠡᠭᠡᠭᠰᠢᠯᠡᠭᠦᠯᠬᠦ ᠳᠤ ᠠᠰᠢᠭᠲᠠᠢ ᠪᠦᠭᠡᠳ ᠴᠦᠬᠡᠨ ᠲᠣᠭᠠᠲᠣ ᠦᠨᠳᠦᠰᠦᠲᠡᠨ ᠤ ᠰᠣᠷᠣᠭᠴᠢ ᠶᠢᠨ ᠨᠡᠩ ᠡᠷᠬᠡ ᠲᠡᠭᠰᠢ᠂ ᠨᠡᠩ ᠴᠢᠨᠠᠷ ᠰᠠᠶᠢᠲᠠᠢ ᠰᠣᠷᠭᠠᠨ ᠬᠦᠮᠦᠵᠢᠯ ᠬᠦᠷᠲᠡᠬᠦ ᠳᠤ ᠠᠰᠢᠭᠲᠠᠢ ᠶᠤᠮ᠃      10. ᠠᠰᠠᠭᠤᠯᠲᠠ᠄ ᠣᠯᠣᠰ ᠠᠴᠠ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ ᠤ ︽ᠬᠡᠯᠡ ᠪᠢᠴᠢᠭ︾ ᠢ ᠣᠯᠣᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠬᠤ ᠬᠡᠷᠡᠭᠲᠡᠢ ᠭᠡᠵᠦ ᠱᠠᠭᠠᠷᠳᠠᠵᠦ ᠪᠠᠶᠢᠨ᠎ᠠ᠂ ᠲᠡᠭᠡᠪᠡᠯ ᠮᠠᠯᠵᠢᠬᠤ ᠣᠷᠣᠨ ᠤ ᠬᠡᠥᠬᠡᠳ ᠪᠠᠭ᠎ᠠ ᠠᠴᠠ ᠪᠠᠨ ᠮᠣᠩᠭᠤᠯ ᠢᠶᠠᠷ ᠶᠠᠷᠢᠵᠦ ᠬᠢᠲᠠᠳ ᠬᠡᠯᠡᠨ ᠤ ᠰᠠᠭᠤᠷᠢ ᠦᠭᠡᠢ ᠲᠤᠯᠠ᠂ ᠪᠠᠭ᠎ᠠ ᠰᠣᠷᠭᠠᠭᠤᠯᠢ ᠳᠤ ᠣᠷᠣᠮᠠᠭᠴᠠ ᠬᠢᠲᠠᠳ ᠰᠣᠷᠣᠭᠴᠢᠳ ᠲᠠᠢ ᠠᠳᠠᠯᠢ ᠪᠠᠷ ᠬᠢᠲᠠᠳ ᠬᠡᠯᠡ ᠰᠣᠷᠴᠦ᠂ ᠰᠣᠷᠣᠯᠭ᠎ᠠ ᠳᠠᠭᠠᠨ ᠬᠦᠴᠢᠷᠳᠡᠵᠦ ᠬᠢᠴᠢᠶᠡᠯ ᠢᠶᠠᠨ ᠳᠠᠭᠠᠵᠤ ᠳᠡᠶᠢᠯᠬᠦ ᠦᠭᠡᠢ ᠪᠤᠯᠪᠠᠯ ᠶᠠᠭᠠᠬᠢᠬᠤ ᠪᠤᠢ︖      ᠬᠠᠷᠢᠭᠤᠯᠲᠠ᠄ ᠣᠳᠣᠬᠠᠨ ᠳᠤ᠂ ᠪᠠᠭ᠎ᠠ ᠰᠣᠷᠭᠠᠭᠤᠯᠢ ᠶᠢᠨ ᠨᠢᠭᠡᠳᠦᠭᠡᠷ ᠤᠨ ᠤ ︽ᠬᠡᠯᠡ ᠪᠢᠴᠢᠭ︾ ᠤᠨ ᠪᠠᠭᠰᠢ ᠶᠢ ᠪᠦᠷ ᠮᠣᠩᠭᠤᠯ ᠬᠢᠲᠠᠳ ᠬᠤᠥᠰ ᠬᠡᠯᠡ ᠶᠢ ᠵᠡᠷᠭᠡᠪᠡᠷ ᠡᠵᠡᠮᠰᠢᠭᠰᠡᠨ ᠪᠠᠭᠰᠢ ᠶᠢ ᠲᠣᠬᠢᠷᠠᠭᠤᠯᠵᠤ᠂ ᠬᠢᠲᠠᠳ ᠢᠶᠠᠷ ᠵᠢᠭᠠᠬᠰᠠᠨ ᠰᠠᠭᠤᠷᠢᠨ ᠳᠡᠭᠡᠷ᠎ᠡ ᠮᠣᠩᠭᠤᠯ ᠢᠶᠠᠷ ᠲᠠᠶᠢᠯᠪᠦᠷᠢᠯᠠᠬᠤ ᠪᠤᠯᠤᠨ᠎ᠠ᠃ ᠡᠭᠦᠨ ᠤ ᠬᠠᠮᠲᠦ ᠪᠠᠭᠰᠢ ᠰᠣᠷᠣᠭᠴᠢ ᠪᠣᠯᠣᠨ ᠭᠡᠷ ᠤᠨ ᠠᠬᠠᠮᠠᠳ ᠤᠨ ᠳᠤᠰᠬᠠᠯ ᠢ ᠦᠨᠳᠦᠰᠦᠯᠡᠨ᠂ ᠡᠯ᠎ᠡ ᠭᠠᠵᠠᠷ ᠤᠷᠤᠨ ᠡᠯ᠎ᠡ ᠰᠤᠷᠭᠠᠭᠤᠯᠢ ᠶᠢᠨ ᠬᠢᠨ ᠣᠳᠣ ᠪᠠᠶᠢᠭ᠎ᠠ ᠬᠤᠥᠰ ᠬᠡᠯᠡᠨ ᠤ ᠪᠠᠭᠰᠢ ᠶᠢ ᠬᠠᠪᠰᠣᠷᠣᠨ ᠵᠢᠯᠤᠭᠤᠳᠤᠭᠴᠢ ᠪᠠᠷ ᠲᠣᠬᠢᠷᠠᠭᠤᠯᠵᠤ᠂ ᠰᠣᠷᠣᠯᠭ᠎ᠠ ᠳᠠᠭᠠᠨ ᠬᠦᠴᠢᠷᠳᠡᠵᠦ ᠪᠠᠶᠢᠭ᠎ᠠ ᠰᠣᠷᠣᠭᠴᠢᠳ ᠢ ᠲᠣᠰᠬᠠᠢ ᠬᠠᠪᠰᠣᠷᠣᠨ ᠳᠠᠮᠵᠢᠵᠦ᠂ ᠰᠣᠷᠣᠭᠴᠢ ᠨᠢᠭᠡᠪᠦᠷᠢ ᠴᠦᠮ ᠰᠣᠷᠣᠯᠭ᠎ᠠ ᠪᠠᠨ ᠳᠠᠭᠠᠵᠤ ᠳᠡᠶᠢᠯᠬᠦ ᠶᠢ ᠪᠠᠲᠣᠯᠠᠨ᠎ᠠ᠃ ᠬᠠᠪᠰᠣᠷᠣᠨ ᠵᠢᠯᠣᠭᠤᠳᠣᠭᠰᠠᠨ ᠬᠢᠴᠢᠶᠡᠯ ᠤᠨ ᠴᠠᠭ ᠢ ᠪᠠᠭᠰᠢ ᠶᠢᠨ ᠵᠢᠭᠠᠨ ᠰᠣᠷᠭᠠᠯᠲᠠ ᠶᠢᠨ ᠬᠢᠨᠠᠨ ᠰᠢᠯᠭᠠᠯᠲᠠ ᠳᠤ ᠪᠤᠳᠤᠵᠦ ᠣᠷᠣᠭᠤᠯᠤᠨ᠎ᠠ᠃ ᠡᠭᠦᠨ ᠤ ᠵᠡᠷᠭᠡ ᠪᠠᠷ᠂ ᠦᠪᠡᠷᠲᠡᠭᠡᠨ ᠵᠠᠰᠠᠬᠤ ᠣᠷᠣᠨ ᠠᠴᠠ ︽ᠮᠣᠩᠭᠤᠯ ᠬᠢᠲᠠᠳ ᠬᠦᠨᠳᠤ ᠦᠭᠡᠰ ᠪᠣᠯᠣᠨ ᠬᠡᠪᠰᠢᠮᠡᠯ ᠬᠡᠯᠡᠯᠭᠡ ᠶᠢᠨ ᠬᠠᠪᠰᠤᠷᠭᠠᠭᠰᠠᠨ ᠬᠦᠰᠦᠨᠦᠭ︾ ᠢ ᠳᠠᠷᠣᠮᠠᠯᠯᠠᠨ ᠲᠠᠷᠬᠠᠭᠠᠵᠤ᠂ ᠰᠣᠷᠣᠭᠴᠢᠳ ᠤᠨ ᠰᠣᠷᠣᠯᠴᠠᠨ ᠤᠶᠢᠯᠠᠭᠠᠬᠤ ᠳᠤ ᠬᠡᠷᠡᠭᠯᠡᠭᠦᠯᠬᠦ ᠪᠠᠷ ᠪᠠᠶᠢᠨ᠎ᠠ᠃      11. ᠠᠰᠠᠭᠤᠯᠲᠠ᠄ ᠣᠳᠣᠬᠠᠨ ᠳᠤ ᠪᠠᠭ᠎ᠠ ᠰᠣᠷᠭᠠᠭᠤᠯᠢ ᠠᠴᠠ ᠠᠩᠬ᠎ᠠ ᠵᠡᠷᠭᠡ ᠶᠢᠨ ᠳᠣᠮᠳᠠᠲᠣ ᠰᠣᠷᠭᠠᠭᠤᠯᠢ ᠳᠤ ᠳᠠᠪᠰᠢᠭᠰᠠᠨ ᠰᠣᠷᠣᠭᠴᠢᠳ ᠤᠨ ᠰᠢᠨ᠎ᠡ ᠰᠣᠷᠣᠯᠭ᠎ᠠ ᠶᠢᠨ ᠬᠤᠭᠤᠴᠠᠭᠠᠨ ᠳᠤ ᠣᠯᠣᠰ ᠠᠴᠠ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠳᠤ᠂ ᠬᠡᠥᠬᠡᠳ ᠤᠳ ᠤᠨ ᠪᠠᠭ᠎ᠠ ᠰᠣᠷᠭᠠᠭᠤᠯᠢ ᠶᠢᠨ ᠰᠠᠭᠤᠷᠢ ᠨᠢ ᠨᠡᠯᠢᠶᠡᠳ ᠪᠠᠭᠤᠷᠠᠢ ᠪᠠᠶᠢᠪᠠᠯ᠂ ᠪᠠᠭ᠎ᠠ ᠰᠣᠷᠭᠠᠭᠤᠯᠢ ᠪᠠ ᠠᠩᠬ᠎ᠠ ᠳᠣᠮᠳᠠᠳᠣ ᠶᠢᠨ ᠵᠢᠭᠠᠨ ᠰᠣᠷᠭᠠᠯᠲᠠ ᠶᠢ ᠵᠤᠯᠭᠠᠭᠤᠯᠬᠤ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖      ᠬᠠᠷᠢᠭᠤᠯᠲᠠ᠄ ᠣᠳᠣᠬᠠᠨ ᠳᠤ᠂ ᠠᠩᠬ᠎ᠠ ᠵᠡᠷᠭᠡ ᠶᠢᠨ ᠳᠣᠮᠳᠠᠳᠣ ᠰᠣᠷᠭᠠᠭᠤᠯᠢ ᠶᠢᠨ ᠨᠢᠭᠡᠳᠦᠭᠡᠷ ᠣᠨ ᠤ ︽ᠬᠡᠯᠡ ᠪᠢᠴᠢᠭ︾ ᠵᠢᠭᠠᠬᠤ ᠪᠠᠭᠰᠢ ᠶᠢ ᠪᠦᠷ ᠮᠣᠩᠭᠤᠯ ᠬᠢᠲᠠᠳ ᠬᠤᠥᠰ ᠬᠡᠯᠡ ᠶᠢ ᠵᠡᠷᠭᠡᠪᠡᠷ ᠡᠵᠡᠮᠰᠢᠭᠰᠡᠨ ᠪᠠᠭᠰᠢ ᠲᠣᠬᠢᠷᠠᠭᠤᠯᠵᠦ ᠵᠢᠭᠠᠬᠤ ᠶᠢᠨ ᠬᠠᠮᠲᠦ᠂ ᠪᠠᠭᠰᠢ ᠰᠣᠷᠣᠭᠴᠢ ᠪᠣᠯᠣᠨ ᠭᠡᠷ ᠤᠨ ᠠᠬᠠᠮᠠᠳ ᠤᠨ ᠳᠣᠰᠬᠠᠯ ᠢ ᠦᠨᠳᠦᠰᠦᠯᠡᠵᠦ᠂ ᠡᠯ᠎ᠡ ᠭᠠᠵᠠᠷ ᠤᠷᠤᠨ ᠡᠯ᠎ᠡ ᠰᠤᠷᠭᠠᠭᠤᠯᠢ ᠶᠢᠨ ᠬᠢᠨ ᠤᠳᠤ ᠪᠠᠶᠢᠭ᠎ᠠ ᠬᠤᠥᠰ ᠬᠡᠯᠡᠨ ᠤ ᠪᠠᠭᠰᠢ ᠶᠢ ᠬᠠᠪᠰᠣᠷᠣᠨ ᠵᠢᠯᠤᠭᠤᠳᠤᠭᠴᠢ ᠪᠠᠷ ᠲᠣᠬᠢᠷᠠᠭᠤᠯᠵᠣ᠂ ᠰᠣᠷᠣᠯᠭ᠎ᠠ ᠳᠠᠭᠠᠨ ᠬᠦᠴᠢᠷᠳᠡᠵᠦ ᠪᠠᠶᠢᠭ᠎ᠠ ᠰᠣᠷᠣᠭᠴᠢᠳ ᠢ ᠲᠣᠰᠬᠠᠢ ᠬᠠᠪᠰᠣᠷᠣᠨ ᠵᠢᠯᠣᠭᠤᠳᠴᠣ᠂ ᠰᠣᠷᠣᠭᠴᠢ ᠨᠢᠭᠡᠪᠦᠷᠢ ᠴᠦᠮ ᠰᠣᠷᠣᠯᠭ᠎ᠠ ᠪᠠᠨ ᠳᠠᠭᠠᠵᠤ ᠳᠡᠶᠢᠯᠬᠦ ᠶᠢ ᠪᠠᠲᠣᠯᠠᠨ᠎ᠠ᠃ ᠬᠠᠪᠰᠣᠷᠣᠨ ᠵᠢᠯᠣᠭᠤᠳᠣᠭᠰᠠᠨ ᠬᠢᠴᠢᠶᠡᠯ ᠤᠨ ᠴᠠᠭ ᠢ ᠪᠠᠭᠰᠢ ᠶᠢᠨ ᠵᠢᠭᠠᠨ ᠰᠣᠷᠭᠠᠯᠲᠠ ᠶᠢᠨ ᠬᠢᠨᠠᠨ ᠰᠢᠯᠭᠠᠯᠲᠠ ᠳᠤ ᠪᠣᠳᠣᠵᠣ ᠣᠷᠣᠭᠤᠯᠣᠨ᠎ᠠ᠃ ᠡᠭᠦᠨ ᠤ ᠬᠠᠮᠲᠦ᠂ ᠦᠪᠡᠷᠲᠡᠭᠡᠨ ᠵᠠᠰᠠᠬᠤ ᠤᠷᠤᠨ ᠤ ᠰᠣᠷᠭᠠᠨ ᠬᠦᠮᠦᠵᠢᠯ ᠤᠨ ᠲᠢᠩᠬᠢᠮ ᠤᠨ ᠬᠢᠨ ᠵᠢᠭᠠᠨ ᠰᠣᠷᠭᠠᠬᠤ ᠶᠢ ᠵᠢᠯᠤᠭᠤᠳᠬᠤ ᠰᠠᠨᠠᠭᠤᠯᠭ᠎ᠠ ᠪᠠ ᠰᠣᠷᠣᠯᠭ᠎ᠠ ᠶᠢᠨ ᠦᠨᠡᠯᠠᠯᠲᠡ ᠶᠢᠨ ᠭᠤᠥᠯᠳᠠᠯᠭ᠎ᠠ ᠶᠢ ᠰᠣᠳᠣᠯᠣᠨ ᠲᠣᠭᠳᠠᠭᠠᠵᠤ᠂ ᠵᠢᠭᠠᠨ ᠰᠣᠷᠭᠠᠬᠤ ᠠᠭᠤᠯᠭ᠎ᠠ ᠶᠢ ᠦᠨᠡᠯᠡᠬᠦ ᠪᠠᠷᠢᠮᠵᠢᠶ᠎ᠠ ᠳᠤ ᠵᠤᠬᠢᠰᠲᠠᠢ ᠲᠣᠬᠢᠷᠠᠭᠤᠯᠤᠯᠲᠠ ᠬᠢᠬᠦ ᠲᠤᠯᠠ᠂ ᠬᠢᠲᠠᠳ ᠢᠶᠠᠷ ᠬᠢᠴᠢᠶᠡᠯᠯᠡᠬᠦ ᠰᠣᠷᠭᠠᠭᠤᠯᠢ ᠲᠠᠢ ᠬᠠᠷᠢᠴᠠᠭᠤᠯᠪᠠᠯ ᠨᠡᠯᠢᠶᠡᠳ ᠬᠢᠯᠪᠠᠷ ᠪᠤᠯᠬᠤ ᠶᠤᠮ᠃      12. ᠠᠰᠠᠭᠤᠯᠲᠠ᠄ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ ᠳᠤ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠬᠢᠴᠢᠶᠡᠯ ᠢ ᠰᠢᠨ᠎ᠡ ᠪᠠᠷ ᠨᠡᠮᠡᠭᠰᠡᠨ ᠤ ᠳᠠᠷᠠᠭ᠎ᠠ᠂ ᠵᠢᠭᠠᠨ ᠰᠣᠷᠭᠠᠯᠲᠠ ᠶᠢᠨ ᠰᠢᠯᠭᠠᠨ ᠦᠨᠡᠯᠡᠯᠳᠡ ᠶᠢ ᠬᠡᠷᠬᠢᠨ ᠲᠣᠬᠢᠷᠠᠭᠤᠯᠣᠭᠰᠠᠨ ᠪᠤᠢ︖ ᠬᠢᠲᠠᠳ ᠢᠶᠠᠷ ᠬᠢᠴᠢᠶᠡᠯᠯᠡᠬᠦ ᠰᠣᠷᠭᠠᠭᠤᠯᠢ ᠪᠠᠷ ᠯᠠᠪᠯᠠᠯᠲᠠ ᠪᠣᠯᠭᠠᠬᠤ ᠦᠦ︖      ᠬᠠᠷᠢᠭᠤᠯᠲᠠ᠄ ᠣᠯᠣᠰ ᠠᠴᠠ ᠬᠢᠲᠠᠳ ᠢᠶᠠᠷ ᠬᠢᠴᠢᠶᠡᠯᠯᠡᠬᠦ ᠡᠩ ᠤᠨ ᠰᠣᠷᠭᠠᠭᠤᠯᠢ ᠶᠢᠨ ︽ᠬᠡᠯᠡ ᠪᠢᠴᠢᠭ︾ ᠤᠨ ᠬᠢᠴᠢᠶᠡᠯ ᠢ ᠨᠢᠭᠡᠳᠦᠭᠡᠷ ᠣᠨ ᠳᠤ ᠭᠠᠷᠠᠭ ᠪᠦᠷᠢ 8 ᠬᠢᠴᠢᠶᠡᠯ ᠲᠣᠬᠢᠷᠠᠭᠤᠯᠬᠤ ᠪᠠᠷ ᠲᠣᠭᠲᠠᠵᠠᠢ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠣᠷᠣᠭᠴᠢ ᠶᠢᠨ ᠳᠠᠷᠣᠭᠠᠰᠣ ᠶᠢ ᠬᠦᠩᠭᠡᠯᠡᠬᠦ ᠶᠢᠨ ᠲᠣᠰᠠᠳᠠ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ᠠᠴᠠ ᠳᠠᠷᠣᠮᠠᠯᠯᠠᠨ ᠲᠠᠷᠬᠠᠭᠠᠭᠰᠠᠨ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠣᠷᠭᠠᠭᠤᠯᠢ ᠶᠢᠨ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠬᠢᠴᠢᠶᠡᠯ ᠤᠨ ᠲᠦᠯᠦᠪᠯᠡᠭᠡ ︾ ᠳᠤ᠂ ᠣᠯᠣᠰ ᠠᠴᠠ ᠲᠣᠭᠲᠠᠭᠠᠭᠰᠠᠨ ᠶᠡᠷᠦᠩᠬᠡᠢ ᠬᠢᠴᠢᠶᠡᠯ ᠤᠨ ᠴᠠᠭ ᠤᠨ ᠬᠡᠪᠴᠢᠶᠡᠨ ᠳᠣᠲᠣᠷ᠎ᠠ ᠂ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠣᠷᠭᠠᠭᠤᠯᠢ ᠶᠢᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠬᠢᠴᠢᠶᠡᠯ ᠢ ᠨᠢᠭᠡᠳᠦᠭᠡᠷ ᠣᠨ ᠳᠤ ᠭᠠᠷᠠᠭ ᠪᠦᠷᠢ ᠳᠤ 5 ᠬᠢᠴᠢᠶᠡᠯ ᠤᠨ ᠴᠠᠭ ᠲᠣᠬᠢᠷᠠᠭᠤᠯᠣᠨ᠎ᠠ ᠭᠡᠵᠦ ᠲᠣᠲᠣᠷᠬᠠᠶᠢᠯᠠᠪᠠ᠃ ᠮᠠᠨ ᠤ ᠣᠷᠣᠨ ᠤ ᠠᠶᠢᠮᠠᠭ ᠬᠤᠲᠠ ᠶᠢᠨ ᠬᠤᠭᠤᠷᠣᠨᠳᠣᠬᠢ᠂ ᠬᠤᠲᠠ ᠬᠦᠳᠡᠭᠡ ᠶᠢᠨ ᠬᠤᠭᠤᠷᠣᠨᠳᠣᠬᠢ᠂ ᠰᠣᠷᠭᠠᠭᠤᠯᠢ ᠨᠤᠭᠤᠳ ᠤᠨ ᠬᠤᠭᠤᠷᠣᠨᠳᠣᠬᠢ ᠪᠠᠭᠰᠢ ᠪᠠ ᠰᠣᠷᠣᠭᠴᠢ ᠶᠢᠨ ᠦᠭᠡ ᠬᠡᠯᠡᠨ ᠤ ᠰᠠᠭᠤᠷᠢ ᠲᠡᠩᠴᠡᠭᠦᠷᠢ ᠦᠭᠡᠢ ᠵᠡᠷᠭᠡ ᠬᠦᠴᠦᠨ ᠵᠦᠢᠯ ᠢ ᠪᠤᠳᠤᠯᠬᠢᠯᠠᠵᠤ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ᠠᠴᠠ ᠣᠳᠠᠯ ᠦᠭᠡᠢ ︽ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠰᠣᠷᠭᠠᠭᠤᠯᠢ ᠶᠢᠨ ᠨᠢᠭᠡᠳᠦᠯᠲᠡᠢ ᠨᠠᠶᠢᠷᠠᠭᠤᠯᠣᠭᠰᠠᠨ ︿ᠬᠡᠯᠡ ᠪᠢᠴᠢᠭ﹀ ᠢ ᠵᠢᠭᠠᠨ ᠰᠣᠷᠭᠠᠬᠤ ᠵᠢᠴᠢ ᠦᠨᠡᠯᠡᠬᠦ ᠭᠤᠥᠯᠳᠠᠯᠭ᠎ᠠ︾ ᠶᠢ ᠳᠠᠷᠣᠮᠠᠯᠯᠠᠨ ᠳᠠᠷᠬᠠᠭᠠᠵᠣ᠂ ᠡᠯ᠎ᠡ ᠭᠠᠵᠡᠷ ᠤᠨ ᠡᠯ᠎ᠡ ᠰᠣᠷᠭᠠᠭᠤᠯᠢ ᠵᠢᠭᠠᠨ ᠰᠣᠷᠭᠠᠯᠲᠠ ᠶᠢ ᠵᠤᠬᠢᠶᠠᠨ ᠪᠠᠶᠢᠭᠤᠯᠬᠤ ᠪᠠ ᠰᠣᠷᠣᠭᠴᠢ ᠶᠢᠨ ᠬᠢᠴᠢᠶᠡᠯ ᠢ ᠦᠨᠡᠯᠡᠬᠦ ᠦᠨᠳᠦᠰᠦᠨ ᠵᠢᠷᠦᠮᠯᠡᠯ ᠪᠣᠯᠭᠠᠬᠤ ᠪᠠᠷ ᠪᠣᠢ᠃ ᠡᠯ᠎ᠡ ᠭᠠᠵᠠᠷ ᠤᠨ ᠡᠯ᠎ᠡ ᠰᠣᠷᠭᠠᠭᠤᠯᠢ ᠴᠦ ᠲᠣᠰ ᠭᠠᠵᠠᠷ ᠲᠣᠰ ᠰᠣᠷᠭᠠᠭᠤᠯᠢ ᠶᠢᠨ ᠢᠶᠠᠨ ᠪᠣᠲᠠᠲᠣ ᠪᠠᠶᠢᠳᠠᠯ ᠢᠶᠠᠨ ᠦᠨᠳᠦᠰᠦᠯᠡᠵᠦ ᠠᠮᠢᠳᠣᠯᠢᠭ ᠢᠶᠠᠷ ᠲᠣᠬᠢᠷᠠᠭᠤᠯᠵᠣ ᠪᠣᠯᠣᠨ᠎ᠠ᠃ ᠶᠡᠷᠦᠩᠬᠡᠶ ᠳᠤ ᠨᠢ ᠬᠡᠯᠡᠪᠡᠯ᠂ ᠰᠣᠷᠣᠭᠴᠢ ᠶᠢᠨ ᠬᠢᠴᠢᠶᠡᠯ ᠰᠣᠷᠣᠯᠭ᠎ᠠ ᠶᠢᠨ ᠬᠢᠷᠢ ᠲᠦᠪᠰᠢᠨ ᠤ ᠦᠨᠡᠯᠡᠯᠲᠡ ᠶᠢ ᠬᠢᠲᠠᠳ ᠢᠶᠠᠷ ᠬᠢᠴᠢᠶᠡᠯᠯᠡᠬᠦ ᠡᠩ ᠤᠨ ᠰᠣᠷᠭᠠᠭᠤᠯᠢ ᠲᠠᠢ ᠬᠠᠷᠢᠴᠠᠭᠤᠯᠪᠠᠯ᠂ ᠮᠡᠳᠡᠯᠭᠡ ᠶᠢᠨ ᠠᠭᠤᠯᠭ᠎ᠠ ᠶᠢ ᠪᠦᠲᠦᠮᠵᠢᠲᠡᠢ ᠵᠤᠯᠭᠠᠭᠤᠯᠬᠤ ᠶᠢ ᠪᠣᠳᠣᠯᠬᠢᠯᠠᠬᠤ ᠶᠢᠨ ᠬᠠᠮᠲᠦ᠂ ᠦᠨᠳᠦᠰᠦᠲᠡᠨ ᠤ ᠰᠣᠷᠭᠠᠭᠤᠯᠢ ᠶᠢᠨ ᠪᠠᠭᠰᠢ ᠰᠣᠷᠣᠭᠴᠢ ᠶᠢᠨ ᠪᠤᠳᠠᠲᠣ ᠪᠠᠶᠢᠳᠠᠯ ᠢ ᠪᠣᠳᠣᠯᠬᠢᠯᠠᠭᠰᠠᠨ ᠣᠷᠢᠳᠠᠯ ᠲᠣᠥᠷ᠎ᠠ᠂ ᠵᠢᠭᠠᠨ ᠰᠣᠷᠭᠠᠬᠤ ᠱᠠᠭᠠᠷᠳᠠᠯᠭ᠎ᠠ᠂ ᠠᠭᠤᠯᠭ᠎ᠠ ᠬᠠᠷᠠᠯᠲᠠ ᠪᠠ ᠵᠢᠭᠠᠨ ᠰᠣᠷᠭᠠᠬᠤ ᠬᠦᠴᠢᠷᠳᠡᠯ ᠵᠡᠷᠭᠡ ᠳᠠᠯ᠎ᠠ ᠪᠠᠷ ᠬᠠᠷᠢᠴᠠᠩᠭᠤᠢ ᠪᠠᠷ ᠬᠦᠩᠭᠡᠷᠡᠭᠦᠯᠦᠭᠰᠡᠨ ᠲᠤᠯᠠ᠂ ᠬᠢᠲᠠᠳ ᠢᠶᠠᠷ ᠬᠢᠴᠢᠶᠡᠯᠯᠡᠬᠦ ᠰᠣᠷᠭᠠᠭᠤᠯᠢ ᠲᠠᠢ ᠠᠳᠠᠯᠢ ᠦᠭᠡᠢ᠃      13. ᠠᠰᠠᠭᠤᠯᠲᠠ᠄ ᠡᠨᠡ ᠵᠢᠯ ᠤᠨ ᠰᠢᠨ᠎ᠡ ᠢᠷᠡᠭᠰᠡᠨ ᠮᠣᠩᠭᠤᠯ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠦᠩᠭᠡᠷᠡᠭᠰᠡᠨ ᠵᠢᠯ ᠤᠨ ᠵᠢᠭᠠᠬᠤ ᠮᠠᠲ᠋ᠧᠷᠢᠶᠠᠯ ᠲᠠᠢ ᠬᠠᠷᠢᠴᠠᠭᠤᠯᠪᠠᠯ᠂ ᠵᠤᠬᠢᠬᠤ ᠬᠤᠪᠢᠷᠠᠯᠲᠠ ᠲᠠᠢ ᠪᠣᠯᠵᠣ᠂ ᠮᠣᠩᠭᠤᠯ ᠤᠨ ᠲᠡᠥᠬᠡ᠂ ᠵᠠᠩ ᠦᠢᠯᠡ᠂ ᠰᠢᠯᠦᠭ ᠳᠠᠭᠤᠯᠠᠯ᠂ ᠣᠯᠠᠮᠵᠢᠯᠠᠯᠲᠤ ᠰᠣᠶᠣᠯ ᠢ ᠳᠣᠰᠬᠠᠭᠰᠠᠨ ᠬᠢᠴᠢᠶᠡᠯ᠂ ᠵᠢᠭᠠᠬᠤ ᠮᠠᠲ᠋ᠧᠷᠢᠶᠠᠯ᠂ ᠭᠡᠷᠡᠯ ᠵᠢᠷᠤᠭ ᠤᠨ ᠬᠡᠰᠡᠭ ᠠᠭᠤᠯᠭ᠎ᠠ ᠶᠢ ᠬᠠᠰᠣᠭᠰᠠᠨ ᠭᠡᠵᠦ ᠳᠣᠰᠬᠠᠵᠤ ᠪᠤᠢ᠂ ᠡᠨᠡ ᠨᠢ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠲᠠᠢ ᠬᠤᠯᠪᠤᠭ᠎ᠠ ᠲᠠᠢ ᠦᠦ︖ ︽ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠳᠣᠮᠳᠠᠳᠣ ᠪᠠᠭ᠎ᠠ ᠰᠣᠷᠭᠠᠭᠤᠯᠢ ᠶᠢᠨ ᠪᠣᠰᠣᠳ ᠬᠢᠴᠢᠶᠡᠯ ᠲᠦᠷᠦᠯ ᠤᠨ ᠲᠣᠬᠢᠷᠠᠭᠤᠯᠤᠯᠲᠠ ᠶᠢ ᠬᠤᠪᠢᠷᠠᠭᠤᠯᠬᠤ ᠦᠭᠡᠢ︾ ᠭᠡᠰᠡᠨ ᠲᠠᠶᠢᠯᠤᠮᠵᠢ ᠲᠠᠢ ᠵᠦᠷᠢᠴᠡᠯ ᠲᠠᠢ ᠦᠦ︖      ᠬᠠᠷᠢᠭᠤᠯᠲᠠ᠄ ᠣᠯᠣᠰ ᠤᠨ ᠵᠢᠭᠠᠬᠤ ᠮᠠᠲ᠋ᠧᠷᠢᠶᠠᠯ ᠤᠨ ᠵᠦᠪᠯᠠᠯ ᠤᠨ 2019 ᠣᠨ ᠳᠤ ᠳᠠᠷᠣᠮᠠᠯᠯᠠᠨ ᠲᠠᠷᠬᠠᠭᠠᠭᠰᠠᠨ ︽ᠪᠦᠬᠦ ᠣᠯᠣᠰ ᠤᠨ ᠶᠡᠭᠡ ᠳᠡᠭᠡᠳᠦ ᠰᠣᠷᠭᠠᠭᠤᠯᠢ ᠳᠣᠮᠳᠠᠲᠣ ᠪᠠᠭ᠎ᠠ ᠰᠣᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠣᠯᠲᠠ ᠶᠢᠨ ᠲᠦᠯᠦᠪᠵᠢᠭᠦᠯᠭᠡ ︵2019 — 2022︶︾ ᠪᠣᠯᠣᠨ ︽ᠲᠣᠮᠳᠠᠲᠣ ᠪᠠᠭ᠎ᠠ ᠰᠣᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠬᠠᠮᠢᠶᠠᠷᠣᠯᠲᠠ ᠶᠢᠨ ᠠᠷᠭ᠎ᠠ︾ ᠶᠢ ᠦᠨᠳᠦᠰᠦᠯᠡᠵᠦ᠂ ᠮᠠᠨ ᠤ ᠣᠷᠣᠨ ᠡᠨᠡ ᠵᠢᠯ ᠤᠨ 4 ᠰᠠᠷ᠎ᠠ ᠳᠤ ᠲᠣᠰᠬᠠᠢ ᠮᠡᠷᠭᠡᠵᠢᠯᠲᠡᠨ ᠢ ᠵᠤᠬᠢᠶᠠᠨ ᠪᠠᠶᠢᠭᠤᠯᠵᠤ ᠮᠣᠩᠭᠤᠯ ᠬᠡᠯᠡ ᠪᠢᠴᠢᠭ ᠲᠤ ᠵᠠᠰᠠᠪᠣᠷᠢ ᠣᠷᠣᠭᠤᠯᠵᠣ᠂ ᠱᠠᠭᠠᠷᠳᠠᠯᠭ᠎ᠠ ᠶᠣᠰᠣᠭᠠᠷ ᠣᠯᠣᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠦᠮ ᠤᠨ ᠭᠤᠥᠯᠯᠠᠭᠴᠢ ᠦᠷᠳᠡᠭ ᠤᠨ ᠦᠵᠡᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ᠂ ᠬᠤᠪᠢᠰᠬᠠᠯ ᠤᠨ ᠣᠯᠠᠮᠵᠢᠯᠠᠯ ᠤᠨ ᠬᠦᠮᠦᠵᠢᠯ ᠵᠡᠷᠭᠡ ᠠᠭᠤᠯᠭ᠎ᠠ ᠪᠠ ᠵᠤᠬᠢᠶᠠᠯ ᠤᠨ ᠬᠠᠷᠢᠴᠠᠯ ᠢ ᠨᠡᠮᠡᠭᠳᠡᠭᠦᠯᠵᠦ᠂ ᠬᠡᠰᠡᠭ ᠵᠤᠬᠢᠶᠠᠯ ᠢ ᠬᠠᠰᠣᠭᠰᠠᠨ ᠪᠠᠶᠢᠨ᠎ᠠ᠃ ᠡᠨᠡᠬᠦ ᠠᠵᠢᠯ ᠪᠣᠯ ᠬᠡᠪ ᠤᠨ ᠲᠣᠬᠠᠶᠢᠯᠠᠭᠰᠠᠨ ᠠᠵᠢᠯ ᠳᠤ ᠲᠣᠭᠠᠴᠠᠭᠳᠠᠬᠤ ᠪᠦᠭᠡᠳ ᠵᠤᠷᠰᠢᠯ ᠶᠣᠰᠣᠭᠠᠷ ᠰᠣᠷᠣᠯᠭ᠎ᠠ ᠶᠢᠨ ᠬᠤᠭᠤᠴᠠᠭ᠎ᠠ ᠪᠦᠷᠢ ᠵᠢᠭᠠᠬᠤ ᠮᠠᠲ᠋ᠧᠷᠢᠶᠠᠯ ᠳᠤ ᠵᠠᠰᠠᠪᠣᠷᠢ ᠣᠷᠣᠭᠤᠯᠵᠣ᠂ ᠴᠠᠭ ᠦᠶ᠎ᠡ ᠲᠠᠢ ᠵᠡᠷᠭᠡᠪᠡᠷ ᠣᠷᠣᠭᠰᠢᠯᠠᠨ ᠨᠠᠷᠢᠨ ᠵᠦᠢᠯᠡᠰ ᠤᠨ ᠲᠠᠯ᠎ᠠ ᠪᠠᠷ ᠰᠢᠯᠢᠳᠡᠭᠵᠢᠭᠦᠯᠦᠭᠰᠡᠨ ᠶᠠᠪᠣᠳᠠᠯ ᠪᠣᠯᠣᠨ᠎ᠠ᠃ ᠡᠨᠡ ᠵᠢᠯ ᠤᠨ ᠵᠢᠭᠠᠬᠤ ᠮᠠᠲ᠋ᠧᠷᠢᠶᠠᠯ ᠳᠤ ᠵᠠᠰᠠᠪᠣᠷᠢ ᠣᠷᠣᠭᠤᠯᠣᠭᠰᠠᠨ ᠨᠢ ᠨᠢᠭᠡᠳᠣᠯᠲᠠᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠤᠯᠤᠨ ︽ᠲᠠᠪᠤ ᠶᠢ ᠬᠤᠪᠢᠷᠠᠭᠤᠯᠬᠤ ᠦᠭᠡᠢ︾ ᠪᠠᠶᠢᠬᠤ ᠲᠠᠢ ᠬᠤᠯᠪᠣᠭ᠎ᠠ ᠦᠭᠡᠢ᠃      14. ᠠᠰᠠᠭᠤᠯᠲᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠭᠰᠡᠨ ᠤ ᠳᠠᠷᠠᠭ᠎ᠠ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠣᠯᠣᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠲᠦᠭᠡᠷ ᠣᠨ ᠤ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠲᠠᠯ᠎ᠠ ᠪᠠᠷ ᠶᠠᠮᠠᠷ ᠬᠤᠪᠢᠷᠠᠯᠲᠠ ᠪᠠᠶᠢᠬᠤ ᠪᠤᠢ︖      ᠬᠠᠷᠢᠭᠤᠯᠲᠠ᠄ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ᠂ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠨᠢᠭᠡᠳᠦᠭᠡᠷ ᠤᠨ ᠪᠣᠯᠣᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ ᠨᠢᠭᠡᠲᠦᠯᠲᠡᠢ ᠨᠠᠶᠢᠷᠠᠭᠤᠯᠤᠭᠰᠠᠨ ︽ᠬᠡᠯᠡ ᠪᠢᠴᠢᠭ︾ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠴᠠ ᠭᠠᠳᠠᠨ᠎ᠠ᠂ ᠪᠤᠰᠤᠳ ᠬᠢᠴᠢᠶᠡᠯ ᠲᠦᠷᠦᠯ ᠤᠨ ᠲᠤᠬᠢᠷᠠᠭᠤᠯᠤᠯᠲᠠ᠂ ᠬᠡᠷᠡᠭᠯᠡᠬᠦ ᠵᠢᠭᠠᠬᠤ ᠮᠠᠲ᠋ᠧᠷᠢᠶᠠᠯ ᠪᠤᠯᠤᠨ ᠦᠭᠡ ᠬᠡᠯᠡ ᠦᠰᠦᠭ ᠪᠢᠴᠢᠭ ᠨᠢ ᠴᠦᠮ ᠬᠤᠪᠢᠷᠠᠬᠤ ᠦᠭᠡᠢ᠃      15. ᠠᠰᠠᠭᠤᠯᠲᠠ᠄ ᠤᠯᠤᠰ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠲᠠᠤᠬᠡ︾ ᠪᠠ ︽ᠶᠤᠰᠤ ᠰᠤᠷᠲᠠᠬᠤᠨ ᠬᠢᠭᠡᠳ ᠬᠠᠤᠯᠢ ᠪᠠᠷ ᠵᠠᠰᠠᠬᠤ︾ ᠳᠤ ᠴᠦᠬᠡᠨ ᠲᠤᠭᠠᠲᠤ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠤᠨ ᠵᠢᠭᠠᠬᠤ ᠮᠠᠲ᠋ᠧᠷᠢᠶᠠᠯ ᠢ ᠬᠡᠷᠡᠭᠯᠡᠵᠦ ᠪᠤᠯᠤᠨ᠎ᠠ ︵ᠳᠠᠷᠤᠢ ᠮᠤᠩᠭᠤᠯ ᠬᠡᠯᠡᠨ ᠤ ᠤᠷᠴᠢᠭᠤᠯᠭ᠎ᠠ ᠶᠢᠨ ᠬᠡᠪᠯᠡᠯ︶ ᠤᠤ︖      ᠬᠠᠷᠢᠭᠤᠯᠲᠠ᠄ ᠪᠤᠯᠬᠤ ᠦᠭᠡᠢ᠃ ᠭᠤᠷᠪᠠᠨ ᠬᠢᠴᠢᠶᠡᠯ ᠲᠦᠷᠦᠯ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠴᠦᠮ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠡᠪᠯᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠨ᠎ᠡ᠃ ᠮᠠᠨ ᠤ ᠤᠷᠤᠨ ᠪᠣᠯ ︽ᠵᠢᠱᠢᠶᠡᠴᠢ ᠦᠪᠡᠷᠲᠡᠭᠡᠨ ᠵᠠᠰᠠᠬᠤ ᠤᠷᠤᠨ︾ ᠪᠤᠯᠬᠤᠷ᠂ ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠡᠶᠢᠳᠠᠪᠤᠷᠢᠵᠢᠭᠤᠯᠬᠤ ᠪᠦᠭᠡᠳ ᠬᠤᠪᠢᠷᠠᠭᠤᠯᠬᠤ ᠦᠭᠡᠢ᠃      16. ᠠᠰᠠᠭᠤᠯᠲᠠ᠄ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠤ ᠳᠠᠷᠠᠭ᠎ᠠ᠂ ᠰᠣᠷᠭᠠᠨ ᠬᠦᠮᠦᠵᠢᠯ ᠢ ᠱᠠᠯᠠᠪᠳᠠᠭᠤᠯᠣᠨ ᠵᠢᠯᠤᠭᠤᠳᠴᠣ ᠦᠨᠡᠯᠡᠨ ᠵᠢᠱᠢᠬᠦ ᠶᠠᠪᠣᠴᠠ ᠳᠤ ᠪᠠᠭᠰᠢ ᠨᠠᠷ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠠᠴᠠ ᠪᠣᠯᠵᠣ ᠵᠢᠭᠠᠨ ᠰᠣᠷᠭᠠᠬᠤ ᠶᠠᠰᠣ ᠴᠢᠨᠠᠷ ᠲᠤ ᠨᠢ ᠬᠡᠯᠪᠡᠯᠵᠡᠯ ᠭᠠᠷᠬᠤ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠣᠢ︖      ᠬᠠᠷᠢᠭᠤᠯᠲᠠ᠄ ᠣᠯᠣᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢᠶᠠᠷ ᠵᠢᠭᠠᠨ ᠰᠣᠷᠭᠠᠵᠤ᠂ ᠲᠣᠰ ᠬᠢᠴᠢᠶᠡᠯ ᠲᠦᠷᠦᠯ ᠪᠣᠶᠣ ᠲᠣᠰ ᠣᠨ ᠤ ᠠᠶᠢᠮᠠᠭ ᠪᠣᠶᠣ ᠬᠤᠰᠢᠭᠤᠨ ︵ᠬᠤᠲᠠ᠂ ᠰᠢᠶᠠᠨ︶ ᠤ ᠱᠠᠲᠤᠨ ᠤ ᠨᠢᠭᠡᠳᠦᠯᠲᠡᠢ ᠰᠢᠯᠭᠠᠯᠲᠠ ᠳᠤ᠂ ᠳᠣᠮᠳᠠᠴᠢ ᠬᠤᠪᠢ ᠨᠢ ᠬᠢᠷᠢ ᠲᠡᠩᠴᠡᠭᠰᠡᠨ ︵ᠰᠢᠯᠭᠠᠯᠲᠠ ᠶᠢᠨ ᠬᠠᠭᠤᠳᠠᠰᠣᠨ ᠬᠤᠪᠢ ᠶᠢᠨ 60%︶ ᠪᠣᠯ᠂ ᠳᠠᠷᠣᠢ ᠪᠠᠷᠢᠮᠵᠢᠶ᠎ᠠ ᠳᠤ ᠬᠦᠷᠦᠭᠰᠡᠨ ᠢᠶᠠᠷ ᠲᠣᠭᠲᠠᠭᠠᠨ᠎ᠠ᠃ ᠳᠣᠮᠳᠠᠴᠢ ᠬᠤᠪᠢ ᠨᠢ ᠪᠠᠷᠢᠮᠵᠢᠶ᠎ᠠ ᠳᠤ ᠬᠦᠷᠦᠭᠰᠡᠨ ᠦᠭᠡᠢ ᠪᠣᠯ᠂ ᠲᠣᠰ ᠳᠣᠮᠳᠠᠴᠢ ᠬᠤᠪᠢ ᠶᠢ ᠪᠠᠷᠢᠮᠵᠢᠶ᠎ᠠ ᠬᠤᠪᠢ ᠪᠣᠯᠭᠠᠨ᠎ᠠ᠃ ᠬᠤᠰᠢᠭᠤᠨ ︵ᠬᠤᠲᠠ᠂ ᠰᠢᠶᠠᠨ︶ ᠤ ᠱᠠᠳᠣᠨ ᠤ ᠦᠨᠳᠦᠰᠦᠲᠡᠨ ᠤ ᠰᠣᠷᠭᠠᠭᠤᠯᠢ ᠳᠤ ᠬᠤᠭᠤᠴᠠᠭᠠᠨ ᠡᠴᠦᠰ ᠤᠨ ᠨᠢᠭᠡᠳᠦᠯᠲᠡᠢ ᠰᠢᠯᠭᠠᠯᠲᠠ ᠬᠢᠬᠦ ᠦᠭᠡᠢ᠂ ᠰᠣᠷᠣᠭᠴᠢ ᠶᠢᠨ ᠳᠣᠮᠳᠠᠴᠢ ᠬᠢᠷᠢ ᠪᠦᠲᠦᠮᠵᠢ ᠨᠢ ᠬᠢᠷᠢ ᠲᠡᠩᠴᠡᠭᠰᠡᠨ ︵ᠰᠢᠯᠭᠠᠯᠲᠠ ᠶᠢᠨ ᠬᠠᠭᠤᠳᠠᠰᠣ ᠶᠢᠨ 60 %︶ ᠦᠭᠡᠢ ᠪᠣᠯ᠂ ᠲᠣᠰ ᠰᠣᠷᠭᠠᠭᠤᠯᠢ ᠶᠢᠨ ᠲᠣᠰ ᠬᠢᠴᠢᠶᠡᠯ ᠲᠦᠷᠦᠯ ᠤᠨ ᠲᠤᠰ ᠣᠨ ᠤ ᠲᠡᠭᠰᠢᠳᠭᠡᠭᠰᠡᠨ ᠬᠤᠪᠢ ᠶᠢ ᠪᠠᠷᠢᠮᠵᠢᠶ᠎ᠠ ᠬᠤᠪᠢ ᠪᠣᠯᠭᠠᠨ᠎ᠠ᠃ ᠰᠣᠷᠭᠠᠭᠤᠯᠢ ᠳᠤ ᠵᠦᠪᠬᠡᠨ 1 ᠯᠠ ᠠᠩᠭᠢ ᠲᠠᠢ ᠪᠣᠯ ᠰᠣᠷᠭᠠᠭᠤᠯᠢ ᠶᠢᠨ ᠣᠳᠣᠷᠢᠳᠣᠯᠭ᠎ᠠ ᠪᠠ ᠪᠠᠭᠰᠢ ᠶᠢᠨ ᠲᠦᠯᠦᠭᠡᠯᠡᠭᠴᠢ ᠪᠠᠷ ᠪᠦᠷᠢᠯᠳᠦᠭᠰᠡᠨ ᠦᠨᠡᠯᠡᠬᠦ ᠳᠣᠭᠤᠶᠢᠯᠠᠩ ᠨᠢ ᠰᠢᠯᠭᠠᠯᠲᠠ ᠶᠢᠨ ᠰᠡᠳᠦᠪ ᠤᠨ ᠬᠦᠴᠢᠷ ᠤᠨ ᠬᠡᠮᠵᠢᠶ᠎ᠡ ᠵᠡᠷᠭᠡ ᠶᠢ ᠦᠨᠳᠦᠰᠦᠯᠡᠵᠦ ᠶᠡᠷᠦᠩᠬᠡᠶᠢᠯᠡᠨ ᠦᠨᠡᠯᠡᠵᠦ ᠲᠣᠭᠲᠠᠭᠠᠨ᠎ᠠ᠃      17. ᠠᠰᠠᠭᠤᠯᠲᠠ᠄ ᠰᠣᠷᠭᠠᠨ ᠬᠦᠮᠦᠵᠢᠯ ᠤᠨ ᠲᠢᠩᠬᠢᠮ ᠠᠴᠠ ᠪᠠᠭᠤᠯᠭᠠᠭᠰᠠᠨ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠣᠷᠣᠭᠴᠢ ᠶᠢᠨ ᠬᠢᠴᠢᠶᠡᠯ ᠤᠨ ᠳᠣᠬᠢᠷᠠᠭᠤᠯᠣᠯᠳᠠ ᠶᠣᠰᠣᠭᠠᠷ᠂ ᠣᠥᠯ ᠤᠨ ᠪᠠᠭ᠎ᠠ ᠰᠣᠷᠭᠠᠭᠤᠯᠢ ᠶᠢᠨ ᠨᠢᠭᠡᠳᠦᠭᠡᠷ ᠣᠨ ᠤ ᠬᠢᠴᠢᠶᠡᠯ ᠤᠨ ᠳᠣᠬᠢᠷᠠᠭᠤᠯᠣᠯᠳᠠ ᠳᠤ᠂ ᠣᠷᠣᠨ ᠨᠣᠲᠤᠭ ᠤᠨ ᠬᠢᠴᠢᠶᠡᠯ ᠲᠦᠷᠦᠯ ᠪᠣᠯᠬᠤ ︽ᠰᠢᠨᠵᠢᠯᠡᠬᠦ ᠣᠬᠠᠭᠠᠨ︾ ᠤ ᠬᠢᠴᠢᠶᠡᠯ ᠢ ᠬᠠᠰᠣᠭᠰᠠᠨ ᠨᠢ᠂ ︽ᠪᠣᠰᠣᠳ ᠬᠢᠴᠢᠶᠡᠯ ᠲᠦᠷᠦᠯ ᠪᠠ ᠪᠣᠰᠣᠳ ᠣᠨ ᠤ ᠬᠢᠴᠢᠶᠡᠯ ᠤᠨ ᠲᠣᠬᠢᠷᠠᠭᠤᠯᠣᠯᠲᠠ ᠶᠢ ᠬᠤᠪᠢᠷᠠᠭᠤᠯᠬᠤ ᠦᠭᠡᠢ︾ ᠭᠡᠰᠡᠨ ᠲᠠᠶᠢᠯᠣᠮᠵᠢ ᠲᠠᠢ ᠵᠦᠷᠢᠴᠡᠯ ᠲᠠᠢ ᠦᠦ︖      ᠬᠠᠷᠢᠭᠤᠯᠲᠠ᠄ 2020 ᠣᠨ ᠤ 8 ᠰᠠᠷ᠎ᠠ ᠶᠢᠨ 16 ᠤ ᠡᠳᠦᠷ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠰᠣᠷᠭᠠᠭᠤᠯᠢ ᠶᠢᠨ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠬᠢᠴᠢᠶᠡᠯ ᠤᠨ ᠲᠦᠯᠦᠪᠯᠡᠭᠡ︾ ᠶᠢ ᠳᠠᠷᠣᠮᠠᠯᠯᠠᠨ ᠲᠠᠷᠬᠠᠭᠠᠪᠠ᠂ ᠡᠭᠦᠨ ᠳᠤ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠰᠣᠷᠭᠠᠭᠤᠯᠢ ᠶᠢᠨ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠬᠢᠴᠢᠶᠡᠯ ᠤᠨ ᠳᠣᠬᠢᠷᠠᠭᠤᠯᠣᠯᠳᠠ ᠶᠢᠨ ᠬᠦᠰᠦᠨᠦᠭᠲᠦ︾ ᠳᠤ᠂ ᠪᠠᠭ᠎ᠠ ᠰᠣᠷᠭᠠᠭᠤᠯᠢ ᠶᠢᠨ ︽ᠰᠢᠨᠵᠢᠯᠡᠬᠦ ᠣᠬᠠᠭᠠᠨ︾ ᠤ ᠬᠢᠴᠢᠶᠡᠯ ᠢ ᠭᠤᠷᠪᠠᠳᠣᠭᠠᠷ ᠣᠨ ᠠᠴᠠ ᠡᠬᠢᠯᠡᠨ ᠨᠡᠭᠡᠭᠡᠵᠦ᠂ ᠭᠠᠷᠠᠭ ᠪᠦᠷᠢ 2 ᠬᠢᠴᠢᠶᠡᠯ ᠤᠨ ᠴᠠᠭ ᠲᠣᠬᠢᠷᠠᠭᠤᠯᠣᠨ᠎ᠠ ᠭᠡᠵᠦ ᠳᠣᠳᠣᠷᠬᠠᠶᠢᠢᠯᠠᠪᠠ᠃ ᠡᠨᠡ ᠨᠢ 2009 ᠣᠨ ᠤ 9 ᠰᠠᠷ᠎ᠠ ᠶᠢᠨ 3 ᠤ ᠡᠳᠦᠷ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ᠤᠨ ᠳᠠᠷᠣᠮᠠᠯᠯᠠᠨ ᠲᠠᠷᠬᠠᠭᠠᠭᠰᠠᠨ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠬᠢᠴᠢᠶᠡᠯ ᠤᠨ ᠲᠦᠯᠦᠪᠯᠡᠭᠡ︾ ᠳᠣᠳᠣᠷᠠᠬᠢ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠶᠢᠰᠦᠨ ᠵᠢᠯ ᠤᠨ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢᠨ ᠬᠢᠴᠢᠶᠡᠯ ᠤᠨ ᠳᠣᠬᠢᠷᠠᠭᠤᠯᠣᠯᠳᠠ ᠶᠢᠨ ᠬᠦᠰᠦᠨᠦᠭᠲᠦ︾ ᠲᠤᠳᠤᠷᠠᠬᠢ ᠪᠠᠭ᠎ᠠ ᠰᠣᠷᠭᠠᠭᠤᠯᠢ ᠶᠢᠨ ᠭᠤᠷᠪᠠᠳᠣᠭᠠᠷ ᠣᠨ ᠤ ︽ᠰᠢᠨᠵᠢᠯᠡᠬᠦ ᠣᠬᠠᠭᠠᠨ︾ ᠤ ᠬᠢᠴᠢᠶᠡᠯ ᠤᠨ ᠲᠣᠬᠢᠷᠠᠭᠤᠯᠣᠯᠲᠠ ᠪᠠ ᠬᠢᠴᠢᠶᠡᠯ ᠤᠨ ᠴᠠᠭ ᠤᠨ ᠲᠤᠭ᠎ᠠ ᠲᠠᠢ ᠨᠢᠭᠡᠳᠦᠯᠲᠡᠢ ᠶᠤᠮ᠃ 2017 ᠣᠨ ᠳᠤ᠂ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ︽ᠰᠣᠷᠭᠠᠨ ᠬᠦᠮᠦᠵᠢᠯ ᠤᠨ ᠶᠠᠮᠤᠨ ᠤ ︿ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠪᠠᠭ᠎ᠠ ᠰᠣᠷᠭᠠᠭᠤᠯᠢ ᠶᠢᠨ ᠰᠢᠨᠵᠢᠯᠡᠬᠦ ᠣᠬᠠᠭᠠᠨ ᠤ ᠬᠢᠴᠢᠶᠡᠯ ᠤᠨ ᠪᠠᠷᠢᠮᠵᠢᠶ᠎ᠠ﹀ ᠶᠢ ᠳᠠᠷᠣᠮᠠᠯᠯᠠᠨ ᠲᠠᠷᠬᠠᠭᠠᠬᠤ ᠲᠣᠬᠠᠢ ᠮᠡᠳᠡᠭᠳᠡᠯ︾ ︵ᠦᠪᠦᠷ ᠰᠣᠷᠭᠠᠨ ᠰᠠᠭᠤᠷᠢ ᠪᠢᠴᠢᠭ ︹2017︺ 27 ᠳ᠋ᠣᠭᠠᠷ ᠲᠣᠭᠠᠲᠣ︶ ᠢ ᠳᠠᠮᠵᠢᠭᠤᠯᠣᠨ ᠲᠠᠷᠬᠠᠭᠠᠭᠰᠠᠨ ᠤ ᠰᠠᠭᠤᠷᠢᠨ ᠳᠡᠭᠡᠷ᠎ᠡ᠂ ᠪᠠᠰᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠣᠩᠭᠤᠯ ᠬᠡᠯᠡ ᠪᠠᠷ ᠬᠢᠴᠢᠶᠡᠯᠯᠡᠬᠦ ︵ᠮᠣᠩᠭᠤᠯ ᠬᠡᠯᠡ ᠪᠢᠴᠢᠭ ᠨᠡᠮᠡᠵᠦ ᠵᠢᠭᠠᠬᠤ︶ ᠳᠣᠮᠳᠠᠳᠣ ᠪᠠᠭ᠎ᠠ ᠰᠣᠷᠭᠠᠭᠤᠯᠢ ᠶᠢᠨ ᠵᠢᠭᠠᠨ ᠰᠣᠷᠭᠠᠯᠲᠠ ᠳᠤ ᠬᠡᠷᠡᠭᠯᠡᠬᠦ ᠨᠣᠮ ᠤᠨ ᠭᠠᠷᠴᠠᠭ︾ ᠢ ᠲᠣᠭᠲᠠᠭᠠᠵᠣ᠂ ᠪᠠᠭ᠎ᠠ ᠰᠣᠷᠭᠠᠭᠤᠯᠢ ᠶᠢᠨ ᠨᠢᠭᠡᠳᠦᠭᠡᠷ᠂ ᠬᠤᠶᠠᠳᠣᠭᠠᠷ ᠣᠨ ᠳᠤ ︽ᠰᠢᠨᠵᠢᠯᠡᠬᠦ ᠣᠬᠠᠭᠠᠨ︾ ᠤ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠣᠩᠭᠤᠨ ᠵᠠᠬᠢᠶᠠᠯᠠᠵᠤ᠂ ᠰᠣᠷᠭᠠᠭᠤᠯᠢ ᠦᠪᠡᠷᠲᠡᠭᠡᠨ ᠬᠢᠴᠢᠶᠡᠯ ᠲᠣᠬᠢᠷᠠᠭᠤᠯᠬᠤ ᠪᠣᠯᠣᠨ᠎ᠠ᠂ ᠭᠡᠪᠠᠴᠣ ᠬᠢᠴᠢᠶᠡᠯ ᠤᠨ ᠲᠦᠯᠦᠪᠯᠡᠭᠡ ᠳᠤ ᠣᠷᠣᠭᠤᠯᠬᠤ ᠬᠠᠳᠠᠭᠤ ᠱᠠᠭᠠᠷᠳᠠᠯᠭ᠎ᠠ ᠦᠭᠡᠢ᠃ ᠣᠳᠣᠬᠠᠨ ᠳᠤ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ ᠨᠢᠭᠡᠨᠲᠡ ᠡᠯ᠎ᠡ ᠭᠠᠵᠠᠷ ᠤᠨ ᠡᠯ᠎ᠡ ᠰᠣᠷᠭᠠᠭᠤᠯᠢ ᠶᠢᠨ ᠵᠠᠬᠢᠶᠠᠯᠠᠭᠰᠠᠨ ᠲᠦᠯᠦᠪᠯᠡᠭᠡ ᠶᠣᠰᠣᠭᠠᠷ᠂ ᠬᠢᠴᠢᠶᠡᠯᠯᠡᠬᠦ ᠠᠴᠠ ᠡᠮᠦᠨ᠎ᠡ ᠬᠢᠴᠢᠶᠡᠯ ᠤᠨ ᠪᠢᠴᠢᠭ ᠢ ᠬᠦᠷᠭᠡᠵᠦ ᠦᠭᠬᠦᠭᠰᠡᠨ ᠪᠦᠭᠡᠳ ︽ᠰᠢᠨᠵᠢᠯᠡᠬᠦ ᠣᠬᠠᠭᠠᠨ︾ ᠤ ᠵᠢᠭᠠᠬᠤ ᠮᠠᠲ᠋ᠧᠷᠢᠶᠠᠯ ᠳᠤ ᠬᠤᠪᠢᠷᠠᠯᠲᠠ ᠦᠭᠡᠢ᠃      18. ᠠᠰᠠᠭᠤᠯᠲᠠ᠄ ᠰᠣᠷᠭᠠᠭᠤᠯᠢ ᠳᠤ ᠬᠤᠥᠰ ᠬᠡᠯᠡ ᠪᠠᠷ ᠬᠢᠴᠢᠶᠡᠯᠯᠡᠬᠦ ᠪᠠᠭᠰᠢ ᠳᠣᠲᠠᠭᠳᠠᠵᠤ ᠪᠠᠶᠢᠪᠠᠯ᠂ ᠣᠷᠣᠨ ᠲᠣᠭᠠᠨ ᠤ ᠠᠰᠠᠭᠤᠳᠠᠯ ᠢ ᠨᠢ ᠬᠡᠷᠬᠢᠨ ᠲᠦᠷᠭᠡᠬᠡᠨ ᠰᠢᠢᠳᠪᠦᠷᠢᠯᠡᠬᠦ ᠪᠣᠢ︖      ᠬᠠᠷᠢᠭᠤᠯᠲᠠ᠄ ᠰᠣᠷᠭᠠᠭᠤᠯᠢ ᠳᠤ ᠬᠤᠥᠰ ᠬᠡᠯᠡ ᠪᠠᠷ ᠬᠢᠴᠢᠶᠡᠯᠯᠡᠬᠦ ᠪᠠᠭᠰᠢ ᠳᠣᠲᠠᠭᠳᠠᠵᠣ ᠪᠠᠶᠢᠭ᠎ᠠ ᠠᠰᠠᠭᠤᠳᠠᠯ ᠢ᠂ ᠡᠯ᠎ᠡ ᠠᠶᠢᠮᠠᠭ ᠬᠤᠳᠠ ᠠᠵᠢᠯ ᠦᠢᠯᠡᠰ ᠤᠨ ᠣᠷᠣᠨ ᠲᠤᠭ᠎ᠠ ᠶᠢ ᠨᠢᠭᠡᠳᠦᠯᠲᠡᠢ ᠲᠦᠯᠦᠪᠵᠢᠭᠦᠯᠵᠦ᠂ ᠰᠢᠯᠭᠠᠵᠤ ᠡᠯᠰᠡᠬᠦ ᠬᠡᠯᠪᠡᠷᠢ ᠪᠠᠷ᠂ ᠬᠤᠥᠰ ᠬᠡᠯᠡ ᠪᠠᠷ ᠬᠢᠴᠢᠶᠡᠯᠯᠡᠬᠦ ᠪᠠᠭᠰᠢ ᠶᠢᠨ ᠣᠷᠣᠨ ᠲᠤᠭ᠎ᠠ ᠳᠣᠳᠠᠭᠳᠠᠵᠣ ᠪᠠᠶᠢᠭ᠎ᠠ ᠠᠰᠠᠭᠤᠳᠠᠯ ᠢ ᠲᠦᠷᠭᠡᠬᠡᠨ ᠰᠢᠢᠳᠪᠦᠷᠢᠯᠡᠬᠦ ᠪᠣᠯᠣᠨ᠎ᠡ᠃      19. ᠠᠰᠠᠭᠤᠯᠲᠠ᠄ ᠣᠳᠣᠬᠠᠨ ᠳᠤ᠂ ᠮᠠᠨ ᠤ ᠤᠷᠤᠨ ᠤ ᠬᠤᠥᠰ ᠬᠡᠯᠡᠨ ᠤ ᠬᠡᠯᠡ ᠪᠢᠴᠢᠭ ᠤᠨ ᠪᠠᠭᠰᠢ ᠶᠢᠨ ᠬᠢᠲᠠᠳ ᠬᠡᠯᠡᠨ ᠤ ᠬᠢᠷᠢ ᠬᠡᠮᠵᠢᠶ᠎ᠡ ᠨᠢ ᠨᠡᠶᠢᠳᠡᠮ ᠦᠨᠳᠦᠷ ᠪᠢᠰᠢ᠂ ᠬᠡᠳᠦ᠋ᠢᠪᠡᠷ ᠣᠬᠤᠷ ᠬᠤᠭᠤᠴᠠᠭᠠᠨ ᠤ ᠪᠣᠯᠪᠠᠰᠣᠷᠠᠯ ᠳᠤ ᠣᠷᠣᠯᠴᠠᠭᠰᠠᠨ ᠴᠤ᠂ ᠮᠦᠨ ᠯᠠ ᠵᠢᠭᠠᠨ ᠰᠣᠷᠭᠠᠬᠤ ᠬᠦᠴᠢᠷᠳᠡᠯ ᠶᠡᠭᠡ ᠭᠡᠮᠡᠨ ᠦᠵᠡᠵᠦ ᠪᠣᠢ᠂ ᠵᠢᠭᠠᠨ ᠰᠣᠷᠭᠠᠯᠲᠠ ᠶᠢᠨ ᠬᠢᠷᠢ ᠪᠦᠲᠦᠮᠵᠢ ᠨᠢ ᠰᠠᠶᠢᠨ ᠪᠣᠰᠣ ᠪᠣᠯ ᠴᠠᠯᠢᠩ ᠣᠯᠭᠤᠮᠵᠢ ᠶᠢ ᠨᠢ ᠨᠦᠯᠦᠭᠡᠯᠡᠬᠦ ᠦᠦ︖      ᠬᠠᠷᠢᠭᠤᠯᠲᠠ᠄ ᠣᠳᠣᠬᠠᠨ ᠳᠤ᠂ ᠦᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠲᠣᠰᠬᠠᠢ ᠮᠡᠷᠭᠡᠵᠢᠯᠲᠡᠨ ᠤ ᠡᠩᠨᠡᠭᠡ ᠵᠣᠬᠢᠶᠠᠨ ᠪᠠᠶᠢᠭᠤᠯᠵᠣ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ᠬᠡᠯᠡ ᠪᠢᠴᠢᠭ ᠤᠨ ᠵᠢᠭᠠᠬᠤ ᠮᠠᠲ᠋ᠧᠷᠢᠶᠠᠯ ᠢ ᠵᠠᠳᠠᠯᠬᠤ ᠠᠵᠢᠯ ᠢ ᠦᠷᠨᠢᠭᠦᠯᠦᠭᠰᠡᠨ ᠪᠦᠭᠡᠳ ᠵᠢᠭᠠᠬᠤ ᠮᠠᠲ᠋ᠧᠷᠢᠶᠠᠯ ᠢ ᠨᠠᠶᠢᠷᠠᠭᠤᠯᠣᠨ ᠪᠢᠴᠢᠬᠦ ᠰᠢᠰᠲ᠋ᠧᠮ ᠪᠣᠯᠣᠨ ᠪᠦᠲᠦᠴᠡ ᠠᠭᠤᠯᠭ᠎ᠠ ᠶᠢ ᠨᠢ ᠦᠨᠳᠦᠰᠦᠯᠡᠨ ᠬᠡᠰᠡᠭ ᠪᠦᠯᠦᠭ ᠬᠤᠪᠢᠶᠠᠵᠤ ᠵᠢᠭᠠᠨ ᠰᠣᠷᠭᠠᠯᠲᠠ ᠶᠢᠨ ᠵᠢᠯᠤᠭᠤᠳᠬᠤ ᠰᠠᠨᠠᠯ ᠲᠣᠭᠲᠠᠭᠠᠵᠣ᠂ ᠵᠢᠭᠠᠨ ᠰᠣᠷᠭᠠᠬᠤ ᠬᠠᠷᠠᠯᠲᠠ ᠶᠢ ᠰᠢᠨᠵᠢᠯᠡᠬᠦ ᠣᠬᠠᠭᠠᠨᠴᠢ ᠪᠠᠷ ᠲᠣᠭᠲᠠᠭᠠᠬᠤ ᠶᠢᠨ ᠬᠠᠮᠲᠣ᠂ ᠪᠠᠭᠰᠢ ᠶᠢᠨ ᠪᠣᠯᠪᠠᠰᠣᠷᠠᠯ ᠢ ᠪᠠᠶᠢᠩᠭᠤᠵᠢᠭᠤᠯᠣᠨ ᠴᠢᠩᠭᠠᠳᠬᠠᠵᠤ᠂ ᠵᠣᠩᠭᠢᠯᠠᠬᠤ ᠣᠯᠠᠩᠬᠢ ᠪᠠᠭᠰᠢ ᠶᠢᠨ ᠵᠢᠭᠠᠨ ᠰᠣᠷᠭᠠᠬᠤ ᠠᠵᠢᠯ ᠢᠶᠠᠨ ᠡᠭᠦᠷᠭᠡᠯᠡᠵᠦ ᠳᠡᠶᠢᠯᠬᠦ ᠶᠢ ᠦᠨᠡᠨᠬᠦ ᠪᠠᠲᠣᠯᠠᠬᠤ ᠪᠠᠷ ᠪᠠᠶᠢᠨ᠎ᠠ᠃ ᠪᠣᠯᠪᠠᠰᠣᠷᠠᠭᠤᠯᠣᠭᠰᠠᠨ ᠤ ᠳᠠᠷᠠᠭ᠎ᠠ ᠴᠦ ᠵᠢᠭᠠᠨ ᠰᠣᠷᠭᠠᠬᠤ ᠳᠤ ᠬᠦᠴᠢᠷᠳᠡᠵᠦ᠂ ᠣᠯᠣᠰ ᠤᠨ ᠨᠢᠭᠡᠳᠦᠯᠲᠡᠢ ᠨᠠᠶᠢᠷᠠᠭᠤᠯᠣᠭᠰᠠᠨ ︽ᠬᠡᠯᠡ ᠪᠢᠴᠢᠭ︾ ᠤᠨ ᠵᠢᠭᠠᠨ ᠰᠣᠷᠭᠠᠯᠲᠠ ᠶᠢᠨ ᠱᠠᠭᠠᠷᠳᠠᠯᠭ᠎ᠠ ᠶᠢ ᠲᠦᠷ ᠪᠡᠶᠡᠯᠡᠬᠦᠯᠵᠦ ᠳᠡᠶᠢᠯᠬᠦ ᠦᠭᠡᠢ ᠪᠠᠭᠰᠢ ᠶᠢ ᠦᠪᠡᠷ ᠤᠨ ᠬᠢᠨᠢ ᠬᠦᠰᠡᠯ ᠰᠤᠩᠭᠤᠯᠳᠠ ᠶᠢ ᠬᠦ᠋ᠨᠳᠦᠳᠭᠡᠵᠦ᠂ ᠰᠣᠷᠣᠯᠴᠠᠯᠭ᠎ᠠ ᠪᠣᠯᠪᠠᠰᠣᠷᠠᠯ ᠲᠣᠬᠢᠷᠠᠭᠤᠯᠣᠨ ᠦᠭᠴᠦ᠂ ᠪᠠᠭᠰᠢ ᠶᠢᠨ ᠠᠵᠢᠯᠲᠠᠨ ᠤ ᠶᠠᠪᠣᠳᠠᠯ ᠤᠨ ᠬᠢᠷᠢ ᠭᠡᠮ᠂ ᠲᠤᠰᠢᠶᠠᠯ ᠮᠡᠷᠭᠡᠵᠢᠯ ᠤᠨ ᠴᠣᠯᠠ᠂ ᠴᠠᠯᠢᠩ ᠣᠯᠭᠤᠮᠵᠢ ᠵᠡᠷᠭᠡ ︽ᠭᠤᠷᠪᠠ ᠶᠢ ᠬᠤᠪᠢᠷᠠᠭᠤᠯᠬᠤ ᠦᠭᠡᠢ︾ ᠪᠠᠶᠢᠬᠤ ᠶᠢ ᠦᠨᠡᠨᠬᠦ ᠪᠠᠲᠣᠯᠠᠵᠣ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠪᠠᠭᠰᠢ ᠶᠢᠨ ᠬᠠᠥᠯᠢ ᠶᠣᠰᠣᠨ ᠤ ᠡᠷᠬᠡ ᠠᠰᠢᠭ ᠢ ᠦᠨᠡᠨᠬᠦ ᠪᠠᠲᠣᠯᠠᠨ᠎ᠠ᠃        20. ᠠᠰᠠᠭᠤᠯᠲᠠ᠄ ᠰᠣᠨᠣᠰᠣᠯᠳᠠ ᠪᠠᠷ᠂ ᠦᠪᠡᠷᠲᠡᠭᠡᠨ ᠵᠠᠰᠠᠬᠤ ᠣᠷᠤᠨ ᠤ ᠰᠣᠷᠭᠠᠨ ᠬᠦᠮᠦᠵᠢᠯ ᠤᠨ ᠲᠢᠩᠬᠢᠮ ᠠᠴᠠ ᠮᠣᠩᠭᠤᠯ ᠬᠢᠲᠠᠳ ᠬᠤᠥᠰ ᠬᠡᠯᠡᠨ ᠤ ᠪᠠᠭᠰᠢ ᠶᠢ ᠬᠠᠪᠰᠣᠷᠣᠨ ᠵᠢᠯᠣᠭᠤᠳᠣᠭᠴᠢ ᠪᠤᠯᠭᠠᠬᠤ ᠭᠡᠵᠦ ᠪᠠᠶᠢᠨ᠎ᠠ ᠭᠡᠨ᠎ᠡ᠂ ᠢᠩᠬᠢᠬᠦ ᠳᠤ ᠬᠦᠷᠪᠡᠯ ᠵᠢᠭᠠᠨ ᠰᠤᠷᠭᠠᠬᠤ ᠠᠭᠤᠯᠭ᠎ᠠ ᠶᠢ ᠨᠡᠮᠡᠭᠳᠡᠭᠦᠯᠬᠦ ᠪᠣᠯᠣᠨ᠎ᠠ᠂ ᠪᠠᠭᠰᠢ ᠨᠠᠷ ᠤᠨ ᠤᠯᠭᠤᠮᠵᠢ ᠳᠤ ᠶᠠᠮᠠᠷ ᠬᠤᠪᠢᠷᠠᠯᠲᠠ ᠲᠠᠢ ᠪᠣᠢ︖      ᠬᠠᠷᠢᠭᠤᠯᠲᠠ᠄ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠡᠯ᠎ᠡ ᠠᠶᠢᠮᠠᠭ ᠬᠤᠲᠠ ᠶᠢᠨ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠢ ᠱᠠᠭᠠᠷᠳᠠᠭᠰᠠᠨ ᠨᠢ᠂ ᠲᠤᠰ ᠭᠠᠵᠠᠷ ᠤᠨ ᠢᠶᠠᠨ ᠪᠤᠳᠠᠳᠤ ᠪᠠᠶᠢᠳᠠᠯ ᠲᠠᠢ ᠪᠠᠨ ᠤᠶᠠᠯᠳᠣᠭᠤᠯᠵᠤ᠂ ᠬᠤᠤᠰ ᠬᠡᠯᠡᠨ ᠤ ᠪᠠᠭᠰᠢ ᠶᠢ ᠰᠢᠯᠭᠠᠨ ᠦᠨᠡᠯᠡᠵᠦ᠂ ᠭᠡᠷᠡᠴᠢᠯᠡᠵᠦ᠂ ᠮᠡᠷᠭᠡᠵᠢᠯ ᠤᠨ ᠴᠣᠯᠠ ᠬᠢᠨᠠᠨ ᠲᠤᠭᠳᠠᠭᠠᠬᠤ᠂ ᠠᠮᠵᠢᠯᠳᠠ ᠪᠦᠳᠦᠮᠵᠢ ᠶᠢᠨ ᠴᠠᠯᠢᠩ ᠬᠦᠯᠦᠰᠦ ᠶᠢ ᠲᠤᠭᠲᠠᠭᠠᠬᠤ ᠵᠡᠷᠭᠡ ᠲᠠᠯ᠎ᠠ ᠪᠠᠷ ᠵᠤᠷᠢᠭᠵᠢᠭᠤᠯᠬᠤ ᠲᠦᠷᠦ ᠶᠢᠨ ᠪᠤᠳᠤᠯᠭ᠎ᠠ ᠶᠢ ᠲᠤᠭᠲᠠᠭᠠᠵᠣ ᠪᠣᠯᠣᠨ᠎ᠠ᠃ ᠬᠢᠴᠢᠶᠡᠯ ᠤᠨ ᠭᠠᠳᠠᠭᠤᠷ ᠬᠠᠪᠰᠤᠷᠤᠨ ᠵᠢᠯᠤᠭᠤᠳᠬᠤ ᠠᠴᠠ ᠪᠤᠯᠵᠤ ᠨᠡᠮᠡᠭᠳᠡᠭᠰᠡᠨ ᠵᠢᠭᠠᠨ ᠰᠤᠷᠭᠠᠬᠤ ᠡᠭᠦᠷᠭᠡ ᠳᠤ᠂ ᠢᠯᠡᠭᠦᠦ ᠬᠦᠳᠡᠯᠮᠦᠷᠢᠯᠡᠪᠡᠯ ᠢᠯᠡᠭᠦᠦ ᠤᠯᠭᠤᠬᠤ ᠵᠠᠷᠴᠢᠮ ᠢ ᠪᠠᠷᠢᠮᠲᠠᠯᠠᠵᠤ᠂ ᠬᠠᠪᠰᠤᠷᠤᠨ ᠵᠢᠯᠤᠭᠤᠳᠤᠭᠰᠠᠨ ᠬᠢᠴᠢᠶᠡᠯ ᠤᠨ ᠴᠠᠭ ᠢ ᠪᠠᠭᠰᠢ ᠶᠢᠨ ᠵᠢᠭᠠᠨ ᠰᠤᠷᠭᠠᠬᠤ ᠠᠵᠢᠯ ᠤᠨ ᠠᠮᠵᠢᠯᠲᠠ ᠪᠦᠳᠦᠮᠵᠢ ᠶᠢ ᠬᠢᠨᠠᠨ ᠰᠢᠯᠭᠠᠬᠤ ᠬᠡᠮᠵᠢᠶ᠎ᠡ ᠳᠤ ᠪᠤᠳᠤᠵᠤ ᠤᠷᠤᠭᠤᠯᠤᠨ᠎ᠠ᠃ ᠪᠠᠭᠰᠢ ᠶᠢᠨ ᠰᠢᠪᠬᠠᠭᠰᠠᠨ ᠬᠦᠴᠦ ᠬᠦᠳᠡᠯᠮᠦᠷᠢ ᠪᠠ ᠬᠠᠶᠢᠷ᠎ᠠ ᠰᠡᠳᠬᠢᠯᠭᠡ ᠨᠢ᠂ ᠰᠤᠷᠤᠭᠴᠢᠳ ᠤᠨ ᠨᠢᠭᠡ ᠨᠠᠰᠤᠨ ᠤ ᠣᠷᠣᠭᠰᠢᠯᠠᠨ ᠲᠠᠪᠰᠢᠬᠤ ᠬᠦᠳᠡᠯᠭᠡᠭᠦ ᠬᠦᠴᠦᠨ ᠪᠤᠯᠳᠠᠭ ᠲᠤᠯᠠ᠂ ᠪᠢᠳᠡ ᠬᠠᠮᠳᠤᠪᠠᠷ ᠭᠠᠷ ᠭᠠᠷ ᠢᠶᠠᠨ ᠬᠤᠯᠪᠣᠯᠴᠠᠨ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠴᠢᠩᠭᠠᠳᠬᠠᠵᠤ᠂ ᠴᠦᠭᠡᠨ ᠲᠤᠭᠠᠳᠤ ᠦᠨᠳᠦᠰᠦᠳᠡᠨ ᠤ ᠰᠤᠷᠤᠭᠴᠢᠳ ᠲᠤ ︽ᠭᠠᠷᠴᠦ ᠣᠴᠢᠨ︾᠂ ᠤᠳᠤ ᠦᠶ᠎ᠡ ᠶᠢᠨ ᠪᠤᠯᠪᠠᠰᠤᠨ ᠤ ᠦᠷ᠎ᠡ ᠪᠦᠳᠦᠭᠡᠯ ᠢ ᠬᠠᠮᠳᠤᠪᠠᠷ ᠡᠳ᠋ᠯᠡᠬᠦ ᠳᠤᠬᠢᠶᠠᠯ ᠡᠭᠦᠳᠴᠦ ᠦᠭᠭᠦᠶ᠎ᠡ᠃      21. ᠠᠰᠠᠭᠤᠯᠲᠠ᠄ ᠦᠩᠭᠡᠷᠡᠭᠰᠡᠨ ᠤ ᠮᠠᠨ ᠤ ᠤᠷᠤᠨ ᠤ ᠦᠨᠳᠦᠰᠦᠳᠡᠨ ᠤ ᠬᠡᠯᠡ ᠪᠠᠷ ᠬᠢᠴᠢᠶᠡᠯᠯᠡᠵᠤ ᠪᠠᠶᠢᠭᠰᠠᠨ ︽ᠶᠤᠰᠤ ᠰᠤᠷᠳᠠᠬᠤᠨ ᠬᠢᠭᠡᠳ ᠬᠠᠥᠯᠢ ᠪᠠᠷ ᠵᠠᠰᠠᠬᠤ︾᠂ ︽ᠲᠡᠥᠭᠡ︾ ᠶᠢᠨ ᠵᠢᠭᠠᠬᠤ ᠮᠠᠲ᠋ᠧᠷᠢᠶᠠᠯ ᠨᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠮᠤᠩᠭᠤᠯ ᠬᠡᠯᠡᠨ ᠤ ᠤᠷᠴᠢᠭᠤᠯᠭ᠎ᠠ ᠶᠢᠨ ᠬᠡᠪᠯᠡᠯ ᠪᠤᠯᠣᠨ᠎ᠠ᠂ ᠲᠠᠷᠠᠭᠠᠴᠢ ᠶᠢᠨ ᠠᠯᠬᠤᠮ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠵᠢᠭᠠᠨ ᠰᠤᠷᠭᠠᠬᠤ ᠪᠣᠯᠬᠤᠷ᠂ ᠤᠳᠤ ᠪᠠᠶᠢᠭ᠎ᠠ ᠪᠠᠭᠰᠢ ᠶᠢᠨ ᠡᠩᠨᠡᠭᠡ ᠨᠢ ᠵᠢᠭᠠᠨ ᠰᠤᠷᠭᠠᠬᠤ ᠬᠦᠴᠢᠷᠳᠡᠯ ᠶᠡᠭᠡ ᠪᠣᠯᠵᠣ᠂ ᠵᠢᠭᠠᠨ ᠰᠤᠷᠭᠠᠬᠤ ᠶᠠᠰᠤ ᠴᠢᠨᠠᠷ ᠠᠨᠠᠢ ᠪᠣᠯᠵᠣ᠂ ᠠᠵᠢᠯ ᠤᠨ ᠪᠠᠶᠢᠷᠢ ᠶᠢᠨ ᠬᠡᠷᠡᠭᠴᠡᠭᠡ ᠳᠤ ᠪᠠᠨ ᠦᠯᠦ ᠨᠡᠶᠢᠴᠡᠵᠦ᠂ ᠵᠢᠭᠠᠨ ᠰᠤᠷᠭᠠᠬᠤ ᠲᠤᠬᠢᠶᠠᠯ ᠢᠶᠠᠨ ᠠᠯᠳᠠᠬᠤ ᠠᠴᠠ ᠰᠠᠨᠠᠭᠠᠰᠢᠷᠠᠵᠤ ᠪᠠᠶᠢᠨ᠎ᠠ᠃ ᠡᠨᠡ ᠠᠰᠠᠭᠤᠳᠠᠯ ᠢ ᠶᠠᠭᠠᠬᠢᠵᠤ ᠰᠢᠢᠳᠪᠦᠷᠢᠯᠡᠬᠦ ᠪᠤᠢ︖      ᠬᠠᠷᠢᠭᠤᠯᠲᠠ᠄ ᠪᠠᠭᠰᠢ ᠪᠤᠯ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠵᠠᠩᠬᠢᠯᠠᠭ᠎ᠠ ᠶᠢᠨ ᠪᠠᠲᠤᠯᠠᠭ᠎ᠠ ᠪᠣᠯᠣᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ︽ᠶᠤᠰᠤ ᠰᠤᠷᠳᠠᠬᠤᠨ ᠬᠢᠭᠡᠳ ᠬᠠᠥᠯᠢ ᠪᠠᠷ ᠵᠠᠰᠠᠬᠤ︾ ᠪᠠ ︽ᠲᠡᠥᠭᠡ︾ ᠶᠢᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢᠨ ᠬᠠᠮᠳᠣ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠭᠰᠡᠨ ᠤ ᠳᠠᠷᠠᠭ᠎ᠠ᠂ ᠨᠢᠭᠡ ᠪᠦᠯᠦᠭ ᠪᠠᠭᠰᠢ ᠬᠢᠴᠢᠶᠡᠯᠯᠡᠬᠦ ᠬᠡᠯᠡ ᠪᠠᠨ ᠬᠤᠪᠢᠷᠠᠭᠤᠯᠣᠭᠰᠠᠨ ᠠᠴᠠ ᠪᠣᠯᠵᠣ᠂ ᠵᠢᠭᠠᠨ ᠰᠤᠷᠭᠠᠯᠲᠠ ᠶᠢᠨ ᠦᠷ᠎ᠡ ᠪᠦᠳᠦᠮᠵᠢ ᠶᠢ ᠨᠢ ᠨᠦᠯᠦᠭᠡᠯᠡᠬᠦ ᠨᠢ ᠵᠠᠶᠢᠯᠠᠰᠢ ᠦᠭᠡᠢ᠂ ᠴᠢᠨᠠᠭᠰᠢᠯᠠᠪᠠᠯ ᠵᠠᠷᠢᠮ ᠪᠠᠭᠰᠢ ᠲᠦᠷ ᠴᠠᠭ ᠠᠵᠢᠯ ᠤᠨ ᠪᠠᠶᠢᠷᠢ ᠳᠤ ᠭᠠᠷᠴᠤ ᠵᠢᠭᠠᠨ ᠰᠣᠷᠭᠠᠬᠤ ᠠᠵᠢᠯ ᠢ ᠬᠢᠵᠦ ᠲᠡᠶᠢᠯᠬᠦ ᠦᠭᠡᠢ ᠦᠵᠡᠭᠳᠡᠯ ᠭᠠᠷᠬᠤ ᠨᠢ ᠵᠠᠶᠢᠯᠠᠰᠢ ᠦᠭᠡᠢ ᠶᠤᠮ᠃ ᠡᠨᠡᠬᠦ ᠠᠰᠠᠭᠤᠳᠠᠯ ᠢ ᠭᠤᠤᠯᠳᠠᠭᠤ ᠤᠳᠤ ᠪᠠᠶᠢᠭ᠎ᠠ ᠪᠠᠭᠰᠢ ᠨᠠᠷ ᠢ ᠪᠤᠯᠪᠠᠰᠤᠷᠠᠭᠤᠯᠵᠤ᠂ ᠰᠢᠨ᠎ᠡ ᠪᠠᠭᠰᠢ ᠨᠦᠬᠦᠪᠦᠷᠢᠯᠡᠬᠦ ᠪᠠ ᠬᠤᠤᠰ ᠬᠡᠯᠡᠨ ᠤ ᠪᠠᠭᠰᠢ ᠶᠢ ᠬᠦᠮᠦᠵᠢᠭᠦᠯᠭᠦ ᠶᠢ ᠴᠢᠩᠭᠠᠳᠬᠠᠬᠤ ᠵᠡᠷᠭᠡ ᠠᠷᠭ᠎ᠠ ᠪᠠᠷ ᠰᠢᠢᠳᠪᠦᠷᠢᠯᠡᠨ᠎ᠡ᠃ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠶᠠᠭ ᠭᠤᠷᠪᠠᠨ ᠬᠢᠴᠢᠶᠡᠯ ᠲᠦᠷᠦᠯ ᠤᠨ ᠨᠢᠭᠡᠲᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢ ᠪᠤᠯᠪᠠᠰᠤᠷᠠᠭᠤᠯᠬᠤ ︽ᠭᠤᠷᠪᠠᠨ ᠵᠢᠯ ᠤᠨ ᠲᠦᠯᠦᠪᠯᠡᠭᠡ︾ ᠶᠢ ᠲᠤᠭᠲᠠᠭᠠᠵᠤ ᠪᠤᠢ᠃ ᠨᠢᠭᠡ ᠨᠢ ᠡᠨᠡ ᠵᠢᠯ ᠠᠴᠠ ᠡᠬᠢᠯᠡᠨ᠂ ᠤᠳᠤ ᠪᠠᠶᠢᠭ᠎ᠠ ᠪᠠᠭᠰᠢ ᠨᠠᠷ ᠢ ᠰᠤᠷᠭᠠᠭᠤᠯᠢ ᠳᠠᠭᠠᠨ ᠦᠪᠡᠷ ᠢᠶᠠᠨ ᠪᠤᠯᠪᠠᠰᠤᠷᠠᠭᠤᠯᠬᠤ᠂ ᠲᠦᠪᠯᠡᠷᠡᠭᠦᠯᠦᠨ ᠪᠤᠯᠪᠠᠰᠤᠷᠠᠭᠤᠯᠬᠤ᠂ ᠭᠤᠤᠯᠯᠠᠭᠴᠢ ᠪᠠᠭᠰᠢ ᠶᠢ ᠪᠤᠯᠪᠠᠰᠤᠷᠠᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ ᠵᠢᠭᠠᠬᠤ ᠮᠠᠲ᠋ᠧᠷᠢᠶᠠᠯ᠂ ᠬᠢᠴᠢᠶᠡᠯ ᠤᠨ ᠪᠠᠷᠢᠮᠵᠢᠶ᠎ᠠ᠂ ᠵᠢᠭᠠᠨ ᠰᠤᠷᠭᠠᠬᠤ ᠠᠷᠭ᠎ᠠ ᠪᠠ ᠪᠠᠷᠢᠮᠵᠢᠶ᠎ᠠ ᠬᠡᠯᠡ ᠵᠡᠷᠭᠡ ᠪᠠᠷ ᠭᠤᠤᠯ ᠠᠭᠤᠯᠭ᠎ᠠ ᠪᠤᠯᠭᠠᠭᠰᠠᠨ ᠲᠤᠰᠬᠠᠢ ᠪᠤᠯᠪᠠᠰᠤᠷᠠᠯ ᠬᠦ᠋ᠷᠳᠡᠭᠡᠵᠦ᠂ ᠤᠳᠤ ᠪᠠᠶᠢᠭ᠎ᠠ ᠪᠠᠭᠰᠢ ᠨᠠᠷ ᠤᠨ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠬᠤ ᠴᠢᠳᠠᠪᠤᠷᠢ ᠪᠠ ᠬᠢᠷᠢ ᠲᠦᠪᠰᠢᠨ ᠤ ᠲᠡᠭᠡᠭᠰᠢᠯᠡᠯᠲᠡ ᠶᠢ ᠠᠬᠢᠭᠤᠯᠵᠤ᠂ ᠨᠡᠩ ᠤᠯᠠᠨ ᠪᠠᠭᠰᠢ ᠶᠢ ᠵᠢᠭᠠᠨ ᠰᠤᠷᠭᠠᠬᠤ ᠠᠵᠢᠯ ᠢᠶᠠᠨ ᠡᠭᠦᠷᠭᠡᠯᠡᠵᠤ ᠲᠡᠶᠢᠯᠭᠦ ᠪᠤᠯᠭᠠᠨ᠎ᠠ᠃ ᠬᠤᠶᠠᠷ ᠨᠢ ᠤᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢᠨ ᠲᠤᠰᠬᠠᠢ ᠲᠦᠯᠦᠪᠯᠡᠭᠡ ᠲᠤᠭᠲᠠᠭᠠᠬᠤ ᠪᠠ ᠭᠤᠷᠪᠠᠨ ᠬᠢᠴᠢᠶᠡᠯ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠪᠠᠭᠰᠢ ᠶᠢᠨ ︽ᠬᠦᠳᠡᠯᠦᠩᠬᠦᠢ ᠤᠷᠤᠨ ᠲᠤᠭ᠎ᠠ︾ ᠨᠡᠮᠡᠵᠤ ᠲᠤᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠤᠨ᠂ ᠭᠤᠷᠪᠠᠨ ᠬᠢᠴᠢᠶᠡᠯ ᠲᠦᠷᠦᠯ ᠤᠨ ᠬᠤᠤᠰ ᠬᠡᠯᠡᠨ ᠤ ᠪᠠᠭᠰᠢ ᠶᠢ ᠢᠯᠡ ᠪᠠᠷ ᠤᠷᠢᠨ ᠡᠯᠰᠡᠵᠤ᠂ ᠤᠳᠤ ᠪᠠᠶᠢᠭ᠎ᠠ ᠪᠠᠭᠰᠢ ᠶᠢᠨ ᠶᠡᠷᠦᠩᠭᠡᠢ ᠲᠤᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠭᠤᠷᠪᠠ ᠨᠢ 2021 ᠤᠨ ᠠᠴᠠ ᠡᠬᠢᠯᠡᠨ ᠭᠤᠷᠪᠠᠨ ᠬᠢᠴᠢᠶᠡᠯ ᠲᠦᠷᠦᠯ ᠤᠨ ᠪᠠᠭᠰᠢ ᠶᠢ ᠦᠪᠡᠷᠳᠡᠭᠡᠨ ᠵᠠᠰᠠᠬᠤ ᠤᠷᠤᠨ ᠤ ︽ᠠᠯᠪᠠᠨ ᠰᠦᠢᠳᠭᠡᠯ ᠤᠨ ᠪᠠᠭᠰᠢ ᠶᠢᠨ ᠰᠤᠷᠭᠠᠭᠤᠯᠢ ᠶᠢᠨ ᠰᠤᠷᠤᠭᠴᠢ︾ ᠶᠢᠨ ᠲᠤᠰᠬᠠᠢ ᠲᠦᠯᠦᠪᠯᠡᠭᠡ ᠶᠢ ᠬᠡᠷᠡᠭᠵᠢᠭᠦᠯᠵᠦ᠂ ᠭᠤᠷᠪᠠᠨ ᠬᠢᠴᠢᠶᠡᠯ ᠲᠦᠷᠦᠯ ᠤᠨ ᠬᠤᠤᠰ ᠬᠡᠯᠡᠨ ᠤ ᠪᠠᠭᠰᠢ ᠶᠢ ᠬᠦᠮᠦᠵᠢᠭᠦᠯᠭᠦ ᠡᠷᠴᠢᠮ ᠢᠶᠠᠨ ᠴᠢᠩᠭᠠᠷᠠᠭᠤᠯᠣᠨ᠎ᠠ᠃ ᠲᠦᠷᠪᠡ ᠨᠢ ᠪᠤᠯᠪᠠᠰᠤᠷᠠᠯ ᠬᠦᠷᠳᠡᠭᠰᠡᠨ ᠤ ᠲᠠᠷᠠᠭ᠎ᠠ ᠮᠦᠨ ᠯᠡ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠬᠤ ᠠᠵᠢᠯ ᠢ ᠡᠭᠦᠷᠭᠡᠯᠡᠵᠤ ᠲᠡᠶᠢᠯᠬᠦ ᠦᠭᠡᠢ ᠪᠤᠯ ᠪᠠᠭᠰᠢ ᠶᠢᠨ ᠲᠤᠰ ᠬᠦᠮᠦᠨ ᠤ ᠬᠦᠰᠡᠯ ᠰᠣᠩᠭᠤᠯᠳᠠ ᠶᠢ ᠨᠢ ᠬᠦᠨᠳᠦᠳᠭᠡᠵᠤ᠂ ᠲᠠᠬᠢᠨ ᠬᠤᠪᠢᠶᠠᠷᠢᠯᠠᠬᠤ ᠪᠤᠶᠤ ᠠᠵᠢᠯ ᠤᠨ ᠪᠠᠶᠢᠷᠢ ᠶᠢ ᠰᠤᠯᠢᠨ ᠦᠭᠴᠦ ᠪᠣᠯᠣᠨ᠎ᠠ᠂ ᠪᠠᠰᠠ ᠲᠤᠰ ᠰᠤᠷᠭᠠᠭᠤᠯᠢ ᠪᠤᠶᠤ ᠠᠬ᠎ᠠ ᠲᠡᠭᠦᠦ ᠰᠤᠷᠭᠠᠭᠤᠯᠢ ᠶᠢᠨ ᠠᠵᠢᠯ ᠤᠨ ᠪᠠᠶᠢᠷᠢ ᠳᠤ ᠤᠯᠤᠰ ᠤᠨ ᠨᠡᠶᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠵᠢᠭᠠᠨ ᠰᠤᠷᠭᠠᠬᠤ ᠠᠵᠢᠯ ᠢ ᠡᠭᠦᠷᠭᠡᠯᠡᠵᠤ ᠲᠡᠶᠢᠯᠬᠦ ᠪᠤᠯᠲᠠᠯ᠎ᠠ ᠪᠤᠯᠪᠠᠰᠤᠷᠠᠯ ᠬᠦᠷᠳᠡᠭᠡᠵᠤ ᠴᠦ ᠪᠣᠯᠣᠨ᠎ᠠ᠂ ᠡᠨᠡ ᠬᠤᠭᠤᠴᠠᠭᠠᠨ ᠳᠤ ᠬᠤᠪᠢ ᠬᠦᠮᠦᠨ ᠤ ᠬᠢᠷᠢ ᠬᠡᠮ᠂ ᠮᠡᠷᠭᠡᠵᠢᠯ ᠤᠨ ᠴᠤᠯᠠ᠂ ᠠᠰᠠᠷᠠᠮᠵᠢ ᠤᠯᠭᠤᠮᠵᠢ ︽ᠭᠤᠷᠪᠠ ᠶᠢ ᠬᠤᠪᠢᠷᠠᠭᠤᠯᠬᠤ ᠦᠭᠡᠢ︾ ᠪᠠᠶᠢᠬᠤ ᠶᠢ ᠪᠠᠳᠤᠯᠠᠨ᠎ᠠ᠃ ᠡᠨᠡᠬᠦ ︽ᠭᠤᠷᠪᠠ ᠶᠢ ᠬᠤᠪᠢᠷᠠᠭᠤᠯᠬᠤ ᠦᠭᠡᠢ︾ ᠲᠦᠷᠦ ᠶᠢᠨ ᠪᠤᠳᠤᠯᠭ᠎ᠠ ᠨᠢ ᠤᠬᠤᠷ ᠬᠤᠭᠤᠴᠠᠭᠠᠨ ᠳᠤ ᠳᠣᠭᠳᠠᠭᠤᠨ ᠢ ᠬᠠᠮᠠᠭᠠᠯᠠᠬᠤ ᠠᠵᠢᠯ ᠤᠨ ᠬᠡᠷᠡᠭᠴᠡᠭᠡ ᠪᠢᠰᠢ᠂ ᠬᠠᠷᠢᠨ ᠤᠯᠤᠰ ᠤᠨ ᠱᠠᠭᠠᠷᠳᠠᠯᠭ᠎ᠠ ᠪᠠ ᠳᠦᠷᠢᠮ ᠤᠨ ᠳᠣᠬᠢᠷᠠᠭᠤᠯᠣᠯᠳᠠ ᠪᠤᠯᠬᠤ ᠪᠦᠭᠡᠳ ᠢᠷᠡᠭᠡᠳᠦᠢ ᠳᠤ ᠬᠠᠨᠳᠤᠭᠤᠯᠤᠭᠰᠠᠨ ᠦᠨᠳᠦᠰᠦᠳᠡᠨ ᠤ ᠰᠤᠷᠭᠠᠨ ᠬᠦᠮᠦᠵᠢᠯ ᠤᠨ ᠴᠢᠨᠠᠷ ᠰᠠᠶᠢᠲᠡᠢ ᠬᠦᠭᠵᠢᠯᠲᠡ ᠶᠢ ᠠᠬᠢᠭᠤᠯᠬᠤ ᠪᠤᠳᠤᠯᠬᠢᠯᠠᠯ ᠪᠤᠯᠬᠤ ᠶᠤᠮ᠃ ᠮᠠᠨ ᠤ ᠤᠷᠤᠨ ᠡᠷᠭᠡᠪᠰᠢ ᠶᠡᠭᠡ ᠬᠡᠮᠵᠢᠶᠡᠨ ᠤ᠂ ᠴᠢᠨᠠᠷ ᠰᠠᠶᠢᠳᠠᠢ ᠮᠤᠩᠭᠤᠯ ᠬᠢᠲᠡᠳ ᠬᠤᠤᠰ ᠬᠡᠯᠡ ᠳᠤ ᠴᠠᠭᠠᠷᠠᠭᠰᠠᠨ ᠬᠤᠣᠰ ᠬᠡᠯᠡᠨ ᠤ ᠪᠠᠭᠰᠢ ᠶᠢ ᠬᠦᠮᠦᠵᠢᠭᠦᠯᠭᠦ ᠬᠡᠷᠡᠭᠲᠡᠢ᠃ ᠡᠷᠭᠡᠪᠰᠢ ᠦᠨᠡᠨ ᠠᠴᠠ ᠵᠦᠪ ᠢ ᠡᠷᠢᠵᠤ᠂ ᠪᠤᠯᠪᠠᠰᠤᠷᠠᠭᠤᠯᠣᠭᠰᠠᠨ ᠬᠡᠮᠵᠢᠶ᠎ᠡ ᠬᠦᠷᠬᠦ ᠦᠭᠡᠢ ᠠᠴᠠ ᠪᠤᠯᠵᠤ᠂ ᠪᠠᠭᠰᠢ ᠶᠢᠨ ᠵᠢᠭᠠᠨ ᠰᠤᠷᠭᠠᠬᠤ ᠪᠠᠷᠢᠮᠵᠢᠶ᠎ᠠ ᠶᠢ ᠶᠡᠭᠡ ᠬᠡᠪᠴᠢᠶ᠎ᠡ ᠪᠠᠷ ᠪᠠᠭᠤᠷᠠᠭᠤᠯᠵᠤ ᠪᠤᠯᠬᠤ ᠦᠭᠡᠢ᠃ ᠬᠡᠷᠪᠡ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠪᠠᠭᠰᠢ ᠨᠠᠷ ᠨᠠᠰᠤ ᠠᠬᠢᠴᠢᠬᠠᠯ᠎ᠠ᠂ ᠤᠯᠤᠰ ᠤᠨ ᠨᠡᠶᠢᠲᠡᠮ ᠬᠡᠷᠡᠭᠡᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠠᠵᠢᠯ ᠢ ᠡᠭᠦᠷᠭᠡᠯᠡᠵᠦ ᠲᠡᠶᠢᠯᠬᠦ ᠦᠭᠡᠢ ᠭᠡᠵᠦ ᠰᠠᠨᠠᠭᠠᠰᠢᠷᠠᠵᠣ ᠪᠠᠶᠢᠪᠠᠯ᠂ ᠰᠤᠷᠭᠠᠭᠤᠯᠢ ᠶᠢᠨ ᠢᠶᠠᠨ ᠲᠤᠳᠤᠷ᠎ᠠ ᠢᠳᠡᠪᠬᠢᠲᠡᠢ ᠪᠠᠷ ᠰᠢᠩᠭᠡᠭᠡᠬᠦ ᠪᠣᠶᠣ ᠬᠤᠰᠢᠭᠤ ᠰᠢᠶᠠᠨ ᠤ ᠬᠡᠪᠴᠢᠶᠡᠨ ᠳᠤ ᠪᠠᠨ ᠨᠢᠭᠡᠳᠦᠯᠲᠡᠢ ᠲᠦᠯᠦᠪᠵᠢᠭᠦᠯᠬᠦ᠂ ᠠᠶᠢᠮᠠᠭ ᠬᠤᠳᠠ ᠨᠢᠭᠡᠳᠦᠯᠲᠡᠢ ᠲᠦᠯᠦᠪᠵᠢᠭᠦᠯᠬᠦ ᠠᠷᠭ᠎ᠠ ᠪᠠᠷ ᠡᠨᠡ ᠬᠡᠰᠡᠭ ᠪᠠᠭᠰᠢ ᠶᠢᠨ ᠬᠠᠥᠯᠢ ᠶᠤᠰᠤᠨ ᠤ ᠡᠷᠬᠡ ᠠᠰᠢᠭ ᠢ ᠪᠠᠳᠤᠯᠠᠨ᠎ᠠ᠃      22. ᠠᠰᠠᠭᠤᠯᠲᠠ᠄ ᠤᠳᠤᠬᠠᠨ ᠳᠤ ᠬᠦᠮᠦᠰ ᠤᠨ ᠠᠩᠬᠠᠷᠤᠯ ᠲᠡᠭᠡᠳᠦ ᠬᠡᠮᠵᠢᠶ᠎ᠡ ᠪᠠᠷ ᠪᠠᠭᠰᠢ ᠨᠠᠷ ᠲᠤ ᠲᠦᠪᠯᠡᠷᠡᠵᠤ᠂ ᠪᠠᠭᠰᠢ ᠨᠠᠷ ᠤᠨ ᠠᠵᠢᠯ ᠪᠠ ᠰᠡᠳᠬᠢᠴᠡ ᠶᠢᠨ ᠲᠠᠷᠤᠯᠲᠠ ᠮᠠᠰᠢ ᠬᠦᠨᠳᠦᠷᠡᠵᠤ ᠪᠣᠢ᠂ ᠡᠨᠡᠬᠦ ᠠᠰᠠᠭᠤᠳᠠᠯ ᠢ ᠬᠡᠷᠬᠢᠨ ᠰᠢᠢᠳᠪᠦᠷᠢᠯᠡᠬᠦ ᠪᠤᠢ︖      ᠬᠠᠷᠢᠭᠤᠯᠲᠠ᠄ ᠪᠠᠭᠰᠢ ᠶᠢ ᠬᠦᠨᠳᠦᠯᠡᠵᠤ ᠰᠤᠷᠭᠠᠨ ᠬᠦᠮᠦᠵᠢᠯ ᠢ ᠴᠢᠬᠤᠯᠠᠴᠢᠯᠠᠬᠤ ᠪᠤᠯ ᠮᠠᠨ ᠤ ᠤᠯᠤᠰ ᠤᠨ ᠤᠯᠠᠮᠵᠢᠯᠠᠯᠲᠤ ᠰᠠᠶᠢᠬᠠᠨ ᠰᠤᠷᠲᠠᠯ ᠪᠣᠯᠣᠨ᠎ᠠ᠃ ᠤᠳᠤᠬᠠᠨ ᠤ ᠵᠠᠷᠢᠮ ᠭᠠᠵᠠᠷ ᠤᠨ ᠦᠨᠳᠦᠰᠦᠳᠡᠨ ᠤ ᠦᠭᠡ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠶᠢᠨ ᠰᠤᠷᠤᠭᠴᠢᠳ ᠪᠦᠬᠦᠨ ᠢᠶᠠᠷ ᠢᠶᠠᠨ ᠰᠣᠷᠭᠠᠭᠤᠯᠢ ᠳᠤ ᠪᠠᠨ ᠣᠴᠢᠭᠠᠳᠣᠢ ᠪᠠᠶᠢᠳᠠᠯ ᠳᠤ ᠴᠢᠭᠯᠡᠭᠦᠯᠦᠨ᠂ ᠦᠷᠭᠡᠨ ᠤᠯᠠᠨ ᠪᠠᠭᠰᠢ ᠨᠠᠷ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠦᠵᠡᠯ ᠰᠠᠨᠠᠭ᠎ᠠ ᠶᠢ ᠬᠦᠳᠦᠯᠦᠨ ᠵᠢᠯᠤᠭᠤᠳᠬᠤ ᠵᠡᠷᠭᠡ ᠶᠡᠭᠡ ᠬᠡᠮᠵᠢᠶᠡᠨ ᠤ ᠠᠵᠢᠯ ᠢ ᠭᠦᠨ ᠭᠦᠨᠵᠡᠭᠡᠢ ᠨᠠᠷᠢᠨ ᠨᠢᠮᠪᠠᠢ ᠬᠢᠭᠰᠡᠨ ᠪᠠᠶᠢᠨ᠎ᠠ᠃ ᠨᠡᠶᠢᠭᠡᠮ ᠤᠨ ᠡᠯ᠎ᠡ ᠡᠲᠡᠭᠡᠳ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠲᠡᠳᠡᠨᠠᠷ ᠤᠨ ᠠᠵᠢᠯ ᠢ ᠨᠡᠩ ᠰᠠᠶᠢᠳᠦᠷ ᠬᠠᠯᠠᠮᠵᠢᠯᠠᠵᠣ᠂ ᠣᠶᠢᠢᠯᠠᠭᠠᠵᠣ᠂ ᠲᠡᠮᠵᠢᠵᠤ᠂ ᠪᠠᠭᠰᠢ ᠨᠠᠷ ᠤᠨ ᠰᠡᠳᠬᠢᠴᠡ ᠶᠢ ᠰᠢᠯᠤᠭᠤᠳᠬᠠᠬᠤ ᠠᠵᠢᠯ ᠢ ᠴᠢᠨᠠᠭᠰᠢᠳᠠ ᠰᠠᠶᠢᠳᠣᠷ ᠬᠢᠵᠦ᠂ ᠲᠡᠳᠡᠨᠠᠷ ᠤᠨ ᠬᠦᠴᠢᠷᠳᠡᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠨ ᠦᠭᠴᠦ᠂ ᠦᠷᠭᠡᠨ ᠤᠯᠠᠨ ᠪᠠᠭᠰᠢ ᠨᠠᠷ ᠢ ᠨᠡᠩ ᠰᠠᠨᠠᠭ᠎ᠠ ᠠᠮᠤᠷ ᠪᠦᠭᠡᠳ ᠤᠷᠮ᠎ᠠ ᠵᠤᠷᠢᠭ ᠲᠠᠢ ᠪᠠᠷ ᠵᠢᠭᠠᠨ ᠰᠣᠷᠭᠠᠬᠤ ᠠᠵᠢᠯ ᠳᠠᠭᠠᠨ ᠣᠷᠣᠯᠴᠠᠬᠤ ᠪᠣᠯᠭᠠᠬᠤ ᠬᠡᠷᠡᠭᠳᠡᠢ᠃      23. ᠠᠰᠠᠭᠤᠯᠲᠠ᠄ ᠤᠳᠤ ᠶᠢᠨ ᠬᠡᠷᠡᠭᠵᠢᠬᠦᠯᠵᠦ ᠪᠠᠶᠢᠭ᠎ᠠ ᠲᠡᠭᠡᠳᠤ ᠲᠤᠮᠲᠠᠳᠤ ᠳᠤ ᠲᠠᠪᠰᠢᠬᠤ ᠰᠢᠯᠭᠠᠯᠲᠠ ᠪᠠ ᠶᠡᠭᠡ ᠲᠡᠭᠡᠳᠦ ᠰᠤᠷᠭᠠᠭᠤᠯᠢ ᠳᠤ ᠲᠠᠪᠰᠢᠬᠤ ᠰᠢᠯᠭᠠᠯᠲᠠ ᠶᠢᠨ ᠲᠦᠷᠦ ᠶᠢᠨ ᠪᠤᠳᠤᠯᠭ᠎ᠠ ᠶᠢ ᠦᠷᠭᠦᠯᠵᠢᠯᠡᠭᠦᠯᠬᠦ ᠤᠤ︖ ᠤᠳᠤ ᠶᠢᠨ ᠬᠡᠷᠡᠭᠵᠢᠭᠦᠯᠵᠦ ᠪᠠᠶᠢᠭ᠎ᠠ ︽ᠮᠤᠩᠭᠤᠯ ᠬᠡᠯᠡ ᠪᠢᠴᠢᠭ︾ ᠤᠨ ᠰᠢᠯᠭᠠᠯᠲᠠ ᠶᠢᠨ ᠬᠤᠪᠢ ᠨᠡᠮᠡᠬᠦ ᠬᠠᠷᠢᠴᠠᠯ ᠶᠡᠭᠡ ᠪᠠᠶᠢᠳᠠᠯ ᠢ ᠳᠣᠬᠢᠷᠠᠭᠤᠯᠣᠭᠠᠳ ᠬᠢᠳᠡᠳ ᠬᠡᠯᠡᠨ ᠤ ᠬᠢᠴᠢᠶᠡᠯ ᠲᠦᠷᠦᠯ ᠤᠨ ᠬᠤᠪᠢ ᠶᠢᠨ ᠬᠠᠷᠢᠴᠠᠯ ᠪᠣᠯᠭᠠᠨ ᠲᠡᠭᠡᠭᠰᠢᠯᠡᠭᠦᠯᠭᠦ ᠤᠤ︖      ᠬᠠᠷᠢᠭᠤᠯᠲᠠ᠄ ᠮᠠᠨ ᠤ ᠤᠷᠤᠨ ᠤ ᠦᠨᠳᠦᠰᠦᠳᠡᠨ ᠤ ᠦᠭᠡ ᠬᠡᠯᠡ ᠪᠠᠷ ᠬᠢᠴᠢᠶᠡᠯᠯᠡᠵᠤ ᠪᠠᠶᠢᠭ᠎ᠠ ᠰᠤᠷᠭᠠᠭᠤᠯᠢ ᠶᠢᠨ ᠰᠢᠯᠭᠠᠭᠤᠯᠤᠭᠰᠠᠳ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠶᠡᠭᠡ ᠰᠤᠷᠭᠠᠭᠤᠯᠢ ᠳᠤ ᠲᠠᠪᠰᠢᠬᠤ ᠰᠢᠯᠭᠠᠯᠲᠠ ᠶᠢᠨ ᠬᠤᠪᠢ ᠪᠤᠳᠤᠬᠤ ᠠᠷᠭ᠎ᠠ ᠪᠤᠯ ᠦᠨᠳᠦᠰᠦᠳᠡᠨ ᠤ ᠰᠣᠷᠭᠠᠭᠤᠯᠢ ᠶᠢᠨ ᠬᠢᠲᠡᠳ ᠬᠡᠯᠡᠨ ᠤ ᠰᠢᠯᠭᠠᠯᠲᠠ ᠶᠢᠨ ᠭᠤᠷᠪᠠᠳᠤᠭᠠᠷ ᠲᠡᠰ ︵ᠶᠡᠭᠡ ᠰᠤᠷᠭᠠᠭᠤᠯᠢ ᠳᠤ ᠲᠠᠪᠰᠢᠬᠤ ᠰᠢᠯᠭᠠᠯᠲᠠ ᠶᠢᠨ ᠬᠢᠲᠡᠳ ᠬᠡᠯᠡᠨ ᠤ ᠬᠤᠪᠢ ᠪᠣᠯᠭᠠᠨ ᠨᠤᠭᠤᠯᠤᠨ ᠪᠤᠳᠤᠨ᠎ᠠ︶ ᠪᠠ ᠭᠠᠳᠠᠭᠠᠳᠤ ᠬᠡᠯᠡᠨ ᠤ ᠬᠢᠴᠢᠶᠡᠯ ᠲᠦᠷᠦᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢ᠂ 7:3 ᠶᠢᠨ ᠬᠠᠷᠢᠴᠠᠯ ᠢᠶᠠᠷ 1 ᠬᠢᠴᠢᠶᠡᠯ ᠤᠨ ᠬᠢᠷᠢ ᠪᠦᠳᠦᠮᠵᠢ ᠪᠤᠯᠭᠠᠨ ᠨᠤᠭᠤᠯᠤᠨ ᠪᠤᠳᠤᠵᠤ ᠶᠡᠷᠦᠩᠭᠡᠢ ᠬᠤᠪᠢ ᠳᠤ ᠨᠢ ᠪᠣᠳᠣᠨ ᠤᠷᠤᠭᠤᠯᠵᠤ᠂ ︽ᠮᠤᠩᠭᠤᠯ ᠬᠡᠯᠡ ᠪᠢᠴᠢᠭ ︵ᠬᠦᠭᠡ︶︾ ᠪᠠ ᠪᠤᠰᠤᠳ ᠬᠢᠴᠢᠶᠡᠯ ᠲᠦᠷᠦᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠢ ᠴᠦᠮ 100% ᠪᠠᠷ ᠨᠢ ᠶᠡᠷᠦᠩᠭᠡᠢ ᠬᠤᠪᠢ ᠳᠤᠨᠢ ᠪᠤᠳᠤᠵᠤ ᠤᠷᠤᠭᠤᠯᠵᠣ ᠪᠣᠢ᠃ ᠤᠯᠤᠰ ᠠᠴᠠ ᠶᠡᠭᠡ ᠰᠤᠷᠭᠠᠭᠤᠯᠢ ᠳᠤ ᠲᠠᠪᠰᠢᠬᠤ ᠰᠢᠯᠭᠠᠯᠲᠠ ᠶᠢᠨ ᠬᠤᠪᠢ ᠪᠤᠳᠤᠬᠤ ᠰᠢᠨ᠎ᠡ ᠠᠷᠭ᠎ᠠ ᠨᠡᠶᠢᠲᠡᠯᠡᠬᠦ ᠠᠴᠠ ᠡᠮᠦᠨ᠎ᠡ᠂ ᠤᠳᠤ ᠶᠢᠨ ᠬᠡᠷᠡᠭᠵᠢᠬᠦᠯᠵᠦ ᠪᠠᠶᠢᠭ᠎ᠠ ᠬᠤᠪᠢ ᠪᠤᠳᠤᠬᠤ ᠠᠷᠭ᠎ᠠ ᠶᠢ ᠬᠤᠪᠢᠷᠠᠭᠤᠯᠬᠤ ᠦᠭᠡᠢ᠃      24. ᠠᠰᠠᠭᠤᠯᠲᠠ᠄ ᠵᠠᠷᠢᠮ ᠬᠦᠮᠦᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠦᠷᠭᠦᠯᠵᠢᠯᠡᠨ ᠬᠤᠷᠢᠬᠯᠠᠵᠤ᠂ ᠬᠡᠥᠭᠡᠳ ᠢᠶᠠᠨ ᠰᠤᠷᠭᠠᠭᠤᠯᠢ ᠳᠤ ᠨᠢ ᠬᠦᠷᠭᠡᠬᠦ ᠦᠭᠡᠢ ᠪᠤᠯ᠂ ᠦᠪᠡᠷᠳᠡᠭᠡᠨ ᠵᠠᠰᠠᠬᠤ ᠤᠷᠤᠨ ᠠᠴᠠ ᠤᠤᠯ ᠤᠨ ᠲᠦᠷᠦ ᠶᠢᠨ ᠪᠤᠳᠤᠯᠭ᠎ᠠ ᠪᠠᠨ ᠪᠠᠷᠢᠮᠲᠠᠯᠠᠵᠤ᠂ ᠲᠠᠬᠢᠭᠠᠳ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠨ ᠪᠤᠯᠢᠨ᠎ᠠ ᠭᠡᠵᠦ ᠪᠤᠢ᠂ ᠲᠡᠶᠢᠮᠦ ᠤᠤ︖      ᠬᠠᠷᠢᠭᠤᠯᠲᠠ᠄ ᠲᠡᠶᠢᠮᠦ ᠪᠢᠰᠢ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠪᠤᠯ ᠣᠯᠣᠰ ᠤᠨ ᠵᠤᠷᠢᠯᠲᠠ ᠪᠤᠯᠤᠨ᠎ᠠ᠃ ᠰᠢᠨᠵᠢᠶᠠᠩ ᠬᠢᠭᠡᠳ ᠲᠦᠪᠡᠳ ᠤᠨ ᠦᠪᠡᠷᠳᠡᠭᠡᠨ ᠵᠠᠰᠠᠬᠤ ᠤᠷᠤᠨ ᠳᠤ ᠨᠢᠭᠡᠨᠲᠡ ᠴᠦᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠭᠰᠡᠨ ᠪᠠᠶᠢᠨ᠎ᠠ᠃ ᠵᠢᠱᠢᠶᠡᠴᠢ ᠦᠪᠡᠷᠳᠡᠭᠡᠨ ᠵᠠᠰᠠᠬᠤ ᠣᠷᠣᠨ ᠪᠣᠯᠣᠭᠰᠠᠨ ᠤ ᠬᠤᠪᠢ ᠳᠤ᠂ ᠮᠠᠨ ᠤ ᠣᠷᠣᠨ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠪᠣᠯᠣᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠣᠯᠳᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠬᠤ ᠪᠣᠯᠣᠨ᠎ᠠ᠃ ᠬᠡᠥᠭᠡᠳ ᠢᠶᠠᠨ ᠰᠤᠷᠭᠠᠭᠤᠯᠢ ᠳᠤ ᠨᠢ ᠭᠦᠷᠭᠡᠭᠦ ᠦᠭᠡᠢ ᠨᠢ ᠬᠡᠥᠭᠡᠳ ᠤᠨ ᠰᠤᠷᠤᠯᠭ᠎ᠠ ᠶᠢᠨ ᠳᠠᠪᠰᠢᠯᠳᠠ ᠪᠤᠯᠤᠨ ᠡᠷᠡᠭᠦᠯ ᠢᠶᠠᠷ ᠦᠰᠦᠨ ᠪᠤᠶᠢᠵᠢᠬᠤ ᠶᠢ ᠨᠢ ᠨᠦᠯᠦᠭᠡᠯᠡᠬᠦ ᠶᠠᠪᠤᠳᠠᠯ ᠯᠠ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ