ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠤ ᠰᠦᠢᠳᠬᠡᠯ ᠢᠶᠠᠷ ᠰᠤᠷᠤᠯᠴᠠᠬᠤ ᠪᠠᠭᠰᠢ ᠶᠢᠨ ᠰᠤᠷᠭᠠᠭᠤᠯᠢ ᠲᠡᠭᠦᠰᠦᠭᠰᠡᠳ ᠢ ᠪᠦᠬᠦᠨ ᠢ ᠳᠤᠮᠳᠠᠳᠤ ᠪᠠᠭ᠎ᠠ ᠰᠤᠷᠭᠠᠭᠤᠯᠢ ᠳᠤ ᠤᠴᠢᠭᠤᠯᠵᠤ ᠪᠠᠭᠰᠢᠯᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/1/19
     ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 1 ᠰᠠᠷ᠎ᠠ ᠶᠢᠨ 17 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠠᠩ ᠱᠦᠸᠧ︶ ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ 2021 ᠣᠨ ᠤ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠤ ᠰᠦᠢᠳᠬᠡᠯ ᠢᠶᠠᠷ ᠰᠤᠷᠤᠯᠴᠠᠬᠤ ᠪᠠᠭᠰᠢ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠦ᠂ 2021 ᠣᠨ ᠤ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠤ ᠰᠦᠢᠳᠬᠡᠯ ᠢᠶᠠᠷ ᠰᠤᠷᠤᠯᠴᠠᠬᠤ  ᠪᠠᠭᠰᠢ ᠶᠢᠨ ᠰᠤᠷᠭᠠᠭᠤᠯᠢ ᠲᠡᠭᠦᠰᠦᠭᠰᠡᠳ ᠢ ᠪᠦᠬᠦᠨ ᠢ ᠳᠤᠮᠳᠠᠳᠤ ᠪᠠᠭ᠎ᠠ ᠰᠤᠷᠭᠠᠭᠤᠯᠢ ᠳᠤ ᠪᠠᠭᠰᠢᠯᠠᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃              ᠮᠡᠳᠡᠭᠳᠡᠯ ᠳᠤ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠲᠤᠰᠬᠠᠢ ᠮᠡᠷᠭᠡᠵᠢᠯ ᠤᠨ ᠤᠶᠤᠲᠠᠳ ᠤᠨ ᠲᠤᠰᠬᠠᠶ ᠲᠠᠯᠠᠪᠠᠢ ᠤᠷᠢᠵᠤ ᠡᠯᠰᠡᠬᠦ  ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠬᠤᠭᠤᠰᠣᠨ ᠣᠷᠣᠨ ᠲᠤᠭ᠎ᠠ ᠶᠢ ᠤᠷᠢᠳ ᠢᠶᠠᠷ ᠠᠰᠢᠬᠯᠠᠨ ᠭᠥᠯᠢᠶᠡᠨ ᠠᠪᠬᠤ ᠵᠡᠷᠭᠡ ᠠᠷᠭ᠎ᠠ ᠪᠠᠷ ᠲᠠᠮᠵᠢᠭᠤᠯᠤᠨ ᠠᠵᠢᠯ ᠤᠯᠬᠤ ᠨᠥᠬᠦᠴᠡᠯ ᠳᠤ ᠨᠡᠶᠢᠴᠡᠬᠦ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠲᠤᠰᠬᠠᠢ ᠮᠡᠷᠭᠡᠵᠢᠯ ᠤᠨ ᠤᠶᠤᠲᠠᠳ ᠤᠨ ᠣᠷᠣᠨ ᠲᠤᠭ᠎ᠠ ᠪᠠ ᠠᠵᠢᠯ ᠤᠨ ᠪᠠᠶᠢᠷᠢ ᠲᠠᠢ ᠪᠤᠯᠬᠤ ᠶᠢ ᠪᠠᠲᠤᠯᠠᠵᠤ᠂ ︽ᠣᠷᠣᠨ ᠲᠤᠭ᠎ᠠ ᠲᠠᠢ ᠪᠠᠶᠢᠲᠠᠯ᠎ᠠ ᠨᠥᠬᠦᠪᠥᠷᠢᠯᠡᠬᠦ ᠥᠬᠡᠶ︾ ᠪᠠᠶᠢᠬᠤ ᠶᠢ ᠴᠢᠩᠭ᠎ᠠ ᠴᠠᠭᠠᠵᠠᠯᠠᠵᠤ᠂ ᠪᠠᠭᠰᠢᠯᠠᠬᠤ ᠰᠤᠷᠭᠠᠭᠤᠯᠢ ᠶᠢ ᠪᠦᠬᠦᠨ ᠢ ᠨᠠᠶᠢᠳᠠᠪᠤᠷᠢᠵᠢᠭᠤᠯᠬᠤ ᠬᠡᠷᠡᠭᠲᠡᠶ᠃ 2021 ᠣᠨ ᠤ 5 ᠰᠠᠷ᠎ᠠ ᠶᠢᠨ ᠰᠡᠭᠦᠯᠴᠢ ᠠᠴᠠ ᠡᠮᠦᠨ᠎ᠡ᠂ ᠠᠯᠪᠠᠨ ᠰᠦᠢᠳᠬᠡᠯ ᠢᠶᠠᠷ ᠰᠤᠷᠤᠯᠴᠠᠬᠰᠠᠨ 90 % ᠶᠢᠨ ᠪᠠᠭᠰᠢ ᠶᠢᠨ ᠲᠤᠰᠬᠠᠢ ᠮᠡᠷᠭᠡᠵᠢᠯ ᠤᠨ ᠤᠶᠤᠲᠠᠳ ᠤᠨ ᠬᠤᠤᠰ ᠴᠢᠭᠯᠡᠯᠲᠦ  ᠰᠣᠩᠭᠤᠯᠲᠠ ᠪᠠᠷ ᠳᠡᠮᠵᠢᠨ ᠪᠠᠭᠰᠢᠯᠠᠬᠤ ᠰᠤᠷᠭᠠᠭᠤᠯᠢ ᠪᠠᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ 2021 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ ᠮᠥᠨ ᠬᠦ ᠭᠡᠷ᠎ᠡ ᠲᠣᠭᠲᠠᠭᠠᠳᠤᠶ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠲᠤᠰᠬᠠᠢ ᠮᠡᠷᠭᠡᠵᠢᠯ ᠤᠨ ᠤᠶᠤᠲᠠᠳ ᠤᠨ ᠲᠠᠩᠰᠠ ᠡᠪᠬᠡᠮᠡᠯ᠂ ᠡᠷᠦᠬᠡ ᠠᠮᠠ ᠵᠡᠷᠭᠡ ᠶᠢ ᠨᠢ ᠰᠣᠷᠣᠭᠴᠢ ᠶᠢᠨ ᠢᠷᠡᠯᠲᠡ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠯᠵᠢᠭᠦᠯᠦᠨ ᠠᠪᠠᠴᠢᠵᠤ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠭᠰᠢ ᠳᠤᠲᠠᠭᠳᠠᠵᠤ ᠪᠠᠶᠢᠭ᠎ᠠ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠠᠭᠰᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃              ᠮᠡᠳᠡᠭᠳᠡᠯ ᠳᠤ᠂ ᠡᠯ᠎ᠡ ᠭᠠᠵᠠᠷ ᠤᠷᠤᠨ᠂ ᠡᠯ᠎ᠡ ᠬᠤᠯᠪᠣᠭᠳᠠᠯ ᠪᠥᠬᠦᠶ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠣᠷᠣᠨ ᠲᠤᠭ᠎ᠠ ᠪᠠ ᠠᠵᠢᠯ ᠤᠨ ᠪᠠᠶᠢᠷᠢ ᠳᠤ ᠤᠷᠤᠭᠤᠯᠬᠤ᠂ ᠴᠠᠯᠢᠩ ᠥᠭᠬᠦ᠂ ᠣᠯᠭᠤᠮᠵᠢ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠠᠲᠤᠯᠠᠭ᠎ᠠ ᠪᠠᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠭᠠᠵᠠᠷ ᠤᠨ ᠬᠢᠨ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠲᠤᠰᠬᠠᠢ ᠮᠡᠷᠭᠡᠵᠢᠯ ᠤᠨ ᠤᠶᠤᠲᠠᠳ ᠤᠨ ᠭᠡᠷ᠎ᠡ ᠭᠦᠢᠴᠡᠳᠬᠡᠨ ᠪᠠᠭᠰᠢᠯᠠᠭᠰᠠᠨ ᠤ ᠳᠠᠷᠠᠭᠠᠬᠢ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ︽ᠤᠯᠤᠰ ᠤᠨ  ᠪᠣᠯᠪᠠᠰᠤᠷᠠᠭᠤᠯᠤᠯ ᠤᠨ ᠲᠥᠯᠥᠪᠯᠡᠭᠡ︾᠂ ︽ᠮᠤᠵᠢ ᠶᠢᠨ ᠪᠣᠯᠪᠠᠰᠤᠷᠠᠭᠤᠯᠤᠯ ᠤᠨ ᠲᠥᠯᠥᠪᠯᠡᠭᠡ︾ ᠳᠤ ᠣᠷᠣᠭᠤᠯᠵᠤ᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ᠂ ᠬᠠᠲᠠᠭᠤ ᠪᠡᠷᠬᠡᠰᠢᠶᠡᠯᠲᠡᠶ ᠪᠤᠶᠢᠳᠠ ᠪᠥᠭᠯᠡᠭᠦᠤ ᠭᠠᠵᠠᠷ ᠣᠷᠣᠨ ᠤ ᠨᠡᠮᠡᠭᠦᠷᠢ ᠮᠥᠩᠭᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠲᠤᠰᠬᠠᠢ ᠮᠡᠷᠭᠡᠵᠢᠯ ᠤᠨ ᠤᠶᠤᠲᠠᠳ ᠤᠨ ᠬᠥᠳᠡᠭᠡ ᠲᠣᠰᠬᠤᠨ ᠳᠤ ᠣᠴᠢᠵᠤ ᠪᠠᠭᠰᠢᠯᠠᠬᠤ ᠳᠤ ᠠᠵᠢᠯᠯᠠᠬᠤ ᠲᠠᠯᠠᠪᠤᠷ ᠭᠠᠵᠠᠷ᠂ ᠡᠷᠭᠢᠯᠲᠡ ᠶᠢᠨ ᠪᠠᠶᠢᠷᠢ ᠶᠢᠨ ᠬᠡᠷ ᠵᠡᠷᠭᠡ ᠴᠢᠬᠤᠯᠠ ᠪᠥᠬᠦᠶ ᠠᠵᠢᠯ ᠠᠮᠢᠳᠤᠷᠠᠯ ᠤᠨ ᠨᠥᠬᠦᠴᠡᠯ ᠬᠠᠩᠭᠠᠵᠤ᠂ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠲᠤᠰᠬᠠᠢ ᠮᠡᠷᠭᠡᠵᠢᠯ ᠤᠨ ᠤᠶᠤᠲᠠᠳ ᠤᠨ ᠲᠡᠭᠦᠰᠦᠭᠰᠡᠨ ᠤ ᠳᠠᠷᠠᠭ᠎ᠠ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠬᠤ ᠶᠢ ᠤᠷᠮᠠᠰᠢᠭᠤᠯᠤᠨ ᠲᠠᠲᠠᠬᠤ ᠬᠡᠷᠡᠭᠲᠡᠶ ᠭᠡᠵᠦ ᠴᠢᠬᠤᠯᠠᠴᠢᠯᠠᠪᠠ᠃              ᠣᠶᠢᠯᠠᠭᠠᠭᠰᠠᠨ ᠢᠶᠠᠷ᠂ ᠰᠤᠷᠭᠠᠨ ᠬᠥᠮᠦᠵᠢᠯ ᠤᠨ ᠶᠠᠮᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠲᠤᠰᠬᠠᠢ ᠮᠡᠷᠭᠡᠵᠢᠯ ᠤᠨ ᠤᠶᠤᠲᠠᠳ ᠲᠤ ᠠᠵᠢᠯ ᠣᠯᠭᠤᠬᠤ ᠶᠢ ᠰᠢᠪᠠᠳᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠠᠯᠪᠠᠨ ᠤ ᠰᠦᠢᠳᠬᠡᠯ ᠢᠶᠠᠷ ᠰᠤᠷᠤᠯᠴᠠᠬᠰᠠᠨ ᠪᠠᠭᠰᠢ ᠶᠢᠨ ᠲᠤᠰᠬᠠᠢ ᠮᠡᠷᠭᠡᠵᠢᠯ ᠤᠨ ᠤᠶᠤᠲᠠᠳ ᠲᠤ ᠠᠵᠢᠯ ᠣᠯᠭᠤᠬᠤ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠭᠠᠵᠠᠷ ᠣᠷᠣᠨ ᠳᠤ ᠪᠠᠶᠢᠳᠠᠯ ᠢ ᠨᠢ ᠦᠵᠡᠵᠦ ᠪᠠᠶᠢᠭᠠᠳ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠲᠤᠬᠠᠶ ᠶᠢᠨ ᠭᠠᠵᠠᠷ ᠠᠴᠠ ᠰᠣᠷᠣᠭᠴᠢ ᠡᠯᠰᠡᠬᠦ ᠲᠥᠯᠥᠪᠯᠡᠭᠡ ᠶᠢ ᠪᠠᠭᠠᠰᠬᠠᠨ᠎ᠠ᠃
ᠢᠷᠡᠯᠲᠡ᠄ ᠠᠷᠠᠳ ᠤᠨ ᠰᠦᠯᠵᠢᠶ᠎ᠡ