ᠮᠠᠨ ᠤ ᠣᠷᠣᠨ ᠪᠠᠭᠰᠢ ᠶᠢᠨ ᠮᠣᠷᠠᠯ ᠰᠤᠷᠲᠠᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠨ᠎ᠡ
ᠨᠡᠶᠢᠲᠡᠯᠡᠭᠰᠡᠨ ᠴᠠᠭ᠄
2021/1/25
     ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠠᠩᠬ᠎ᠠ ᠤᠳᠠᠭ᠎ᠠ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠤᠨ ᠬᠡᠯᠪᠡᠷᠢ ᠪᠠᠷ ᠪᠠᠭᠰᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠨᠠᠵᠠᠭᠠᠶ ᠲᠠᠯ᠎ᠠ ᠶᠢᠨ ᠲᠣᠳᠣᠷᠬᠠᠶ ᠳᠠᠩᠰᠠ ᠵᠢᠴᠢ ᠪᠣᠳᠠᠲᠠᠶ ᠰᠢᠢᠳᠪᠦᠷᠢᠯᠡᠬᠦ ᠠᠷᠭ᠎ᠠ ᠶᠢ ᠵᠢᠭᠰᠠᠭᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠭᠰᠢ ᠶᠢᠨ ᠲᠣᠭᠲᠠᠭᠠᠯ ᠠᠴᠠ ᠵᠥᠷᠢᠴᠡᠪᠠᠯ ᠵᠠᠯᠬᠠᠭᠠᠨ ᠰᠢᠳᠬᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠪᠠ᠃      ︽ᠠᠷᠭ᠎ᠠ︾ ᠳᠤ ᠪᠠᠭᠰᠢ ᠶᠢᠨ ᠮᠣᠷᠠᠯ ᠰᠤᠷᠲᠠᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠦᠢᠯᠡ ᠠᠵᠢᠯᠯᠠᠭ᠎ᠠ ᠶᠢ ᠬᠤᠷᠢᠬᠯᠠᠬᠤ ᠬᠤᠷᠢᠭ᠎ᠠ ᠱᠤᠭᠤᠮ᠂ ᠪᠠᠶᠢᠴᠠᠭᠠᠬᠤ ᠳᠡᠰ ᠲᠠᠷᠠᠭᠠᠯᠠᠯ᠂ ᠰᠢᠢᠳᠪᠦᠷᠢᠯᠡᠬᠦ ᠵᠠᠷᠴᠢᠮ᠂ ᠰᠢᠶᠳᠪᠦᠷᠢᠯᠡᠬᠦ ᠬᠡᠯᠪᠡᠷᠢ᠂ ᠰᠢᠶᠳᠪᠦᠷᠢᠯᠡᠭᠰᠡᠨ ᠦᠷ᠎ᠡ ᠳ᠋ᠦᠩ ᠢ ᠬᠡᠷᠡᠭᠯᠡᠬᠦ᠂ ᠭᠤᠮᠣᠳᠠᠯ ᠲᠣᠭᠠᠴᠢᠬᠤ ᠵᠢᠴᠢ ᠪᠠᠭᠰᠢ ᠶᠢᠨ ᠪᠠᠶᠢᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠪᠠ ᠰᠤᠷᠭᠠᠨ ᠬᠥᠮᠦᠵᠢᠯ ᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ ᠶᠢ ᠲᠣᠭᠲᠠᠭᠠᠵᠤ᠂ ᠳᠤᠮᠳᠠᠳᠤ ᠪᠠᠭ᠎ᠠ ᠰᠤᠷᠭᠠᠭᠤᠯᠢ ᠵᠢᠴᠢ ᠰᠤᠷᠭᠠᠨ ᠬᠥᠮᠦᠵᠢᠯ ᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠡᠷᠬᠢᠯᠡᠭᠰᠡᠳ ᠵᠢᠴᠢ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠥᠬᠡᠶ ᠪᠤᠶᠤ ᠵᠥᠪ ᠭᠦᠢᠴᠡᠳᠭᠡᠭᠰᠡᠨ ᠥᠬᠡᠶ ᠪᠠᠶᠢᠪᠠᠯ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠲᠣᠳᠣᠷᠬᠠᠶ ᠲᠣᠭᠲᠠᠭᠠᠪᠠ᠃      ︽ᠠᠷᠭ᠎ᠠ︾ ᠳᠤ᠂ ᠪᠠᠭᠰᠢ ᠶᠢᠨ ᠮᠣᠷᠠᠯ ᠰᠤᠷᠲᠠᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠵᠡᠵᠦ ᠪᠠᠶᠢᠭᠠᠳ ᠵᠣᠬᠢᠴᠠᠩᠭᠤᠶ ᠰᠢᠢᠳᠪᠦᠷᠢᠯᠡᠨ᠎ᠡ᠂ ᠡᠭᠦᠨ ᠳᠤ ᠳᠣᠩᠭᠤᠳᠬᠤ᠂ ᠣᠰᠣᠯ ᠲᠡᠮᠳᠡᠭᠯᠡᠬᠦ᠂ ᠠᠵᠢᠯ ᠤᠨ ᠪᠠᠶᠢᠷᠢ ᠶᠢᠨ ᠵᠡᠷᠭᠡ ᠳᠡᠰ ᠢ ᠨᠢ ᠪᠠᠭᠤᠷᠠᠭᠤᠯᠬᠤ ᠪᠤᠶᠤ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠰᠢᠳᠬᠡᠯ ᠪᠠᠭᠲᠠᠨ᠎ᠠ᠃ ᠪᠤᠰᠤᠳ ᠰᠢᠢᠳᠪᠦᠷᠢᠯᠡᠯᠲᠡ ᠳᠤ ᠰᠢᠭᠦᠮᠵᠢᠯᠡᠨ ᠬᠥᠮᠦᠵᠢᠭᠦᠯᠬᠦ᠂ ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ᠂ ᠵᠠᠷᠯᠢᠭᠳᠠᠨ ᠪᠠᠶᠢᠴᠠᠭᠠᠬᠤ᠂ ᠵᠠᠷᠯᠠᠨ ᠰᠢᠭᠦᠮᠵᠢᠯᠡᠬᠦ ᠵᠢᠴᠢ ᠱᠠᠩᠨᠠᠯ ᠰᠢᠯᠢᠳᠡᠭ ᠢ ᠰᠢᠯᠭᠠᠷᠠᠭᠤᠯᠬᠤ᠂ ᠲᠤᠰᠢᠶᠠᠯ ᠳᠡᠪᠰᠢᠭᠦᠯᠬᠦ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ᠂ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ᠂ ᠴᠠᠯᠢᠩ ᠤᠨ ᠲᠠᠰ ᠢ ᠳᠡᠪᠰᠢᠭᠦᠯᠬᠦ᠂ ᠴᠢᠳᠠᠪᠤᠷᠢᠲᠠᠨ ᠤ ᠲᠥᠯᠥᠪᠯᠡᠭᠡ ᠳᠤ ᠮᠡᠳᠡᠬᠦᠯᠬᠦ ᠵᠡᠷᠭᠡ ᠲᠠᠯ᠎ᠠ ᠶᠢᠨ ᠬᠢᠷᠢ ᠬᠡᠮ ᠢ ᠨᠢ ᠬᠠᠰᠤᠬᠤ᠂ ᠴᠢᠨᠠᠭᠰᠢᠯᠠᠪᠠᠯ ᠪᠠᠭᠰᠢ ᠶᠢᠨ ᠬᠢᠷᠢ ᠬᠡᠮ ᠢ ᠨᠢ ᠬᠠᠰᠤᠵᠤ᠂ ᠪᠠᠭᠰᠢ ᠶᠢᠨ ᠡᠩᠨᠡᠭᠡ ᠠᠴᠠ ᠴᠡᠪᠡᠷᠯᠡᠨ ᠭᠠᠷᠭᠠᠨ᠎ᠠ᠃ ᠪᠠᠭᠰᠢ ᠶᠢᠨ ᠮᠣᠷᠠᠯ ᠰᠤᠷᠲᠠᠯ ᠢᠶᠠᠨ ᠠᠯᠳᠠᠭᠰᠠᠨ ᠠᠴᠠ ᠪᠣᠯᠵᠣ ᠪᠠᠭᠰᠢ ᠶᠢᠨ ᠬᠢᠷᠢ ᠬᠡᠮ ᠢᠶᠠᠨ ᠬᠠᠤᠯᠢ ᠶᠣᠰᠣᠭᠠᠷ ᠬᠠᠰᠤᠭᠤᠯᠵᠤ᠂ ᠪᠠᠭᠰᠢ ᠶᠢᠨ ᠡᠩᠨᠡᠭᠡ ᠠᠴᠠ ᠴᠡᠪᠡᠷᠯᠡᠨ ᠭᠠᠷᠭᠠᠭᠰᠠᠨ ᠬᠥᠮᠦᠰ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠣᠲᠣᠷ᠎ᠠ ᠶᠠᠮᠠᠷᠪᠠ ᠰᠤᠷᠭᠠᠭᠤᠯᠢ ᠭᠡᠳ ᠳᠠᠭᠢᠵᠤ ᠤᠷᠢᠨ ᠬᠡᠷᠡᠭᠯᠡᠵᠦ ᠪᠣᠯᠬᠤ ᠥᠬᠡᠶ᠃ ᠪᠠᠭᠰᠢ ᠶᠢᠨ ᠮᠣᠷᠠᠯ ᠰᠤᠷᠲᠠᠯ ᠢᠶᠠᠨ ᠠᠯᠳᠠᠭᠰᠠᠨ ᠢ ᠰᠢᠢᠳᠪᠦᠷᠢᠯᠡᠭᠰᠡᠨ ᠦᠷ᠎ᠡ ᠳ᠋ᠦᠩ ᠢ ᠪᠦᠬᠦ ᠤᠯᠤᠰ ᠤᠨ ᠪᠠᠭᠰᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠤᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠨ ᠬᠢᠨ ᠪᠣᠳᠠᠲᠠᠶ ᠲᠠᠢ ᠪᠠᠨ ᠤᠶᠠᠯᠳ ᠤᠭᠤᠯᠤᠨ ᠪᠣᠳᠠᠲᠠᠶ ᠰᠢᠢᠳᠪᠦᠷᠢᠯᠡᠬᠦ ᠠᠷᠭ᠎ᠠ ᠶᠢ ᠲᠣᠭᠲᠠᠭᠠᠵᠤ᠂ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ ᠨᠠᠷᠢᠯᠢᠬᠵᠢᠭᠤᠯᠤᠨ᠂ ᠠᠷᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ