ᠰᠤᠷᠭᠠᠨ ᠬᠥᠮᠦᠵᠢᠯ ᠤᠨ ᠲᠢᠩᠬᠢᠮ 2021 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠬᠤᠯᠪᠣᠭᠳᠠᠯ ᠪᠥᠬᠦᠶ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/1/25
     ᠥᠷᠭᠡᠨ ᠣᠯᠠᠨ ᠪᠠᠭᠰᠢ ᠰᠤᠷᠤᠭᠴᠢᠳ ᠢ ᠠᠮᠤᠷ ᠲᠦᠪᠰᠢᠨ᠂ ᠡᠷᠡᠭᠦᠯ ᠮᠡᠨᠳᠦ᠂ ᠪᠣᠯᠪᠠᠰᠤᠨ᠂ ᠪᠠᠶᠠᠷ ᠬᠥᠷ ᠲᠠᠢ ᠡᠪᠦᠯ ᠤᠨ ᠠᠮᠠᠷᠠᠯᠲᠠ ᠶᠢ ᠥᠩᠭᠡᠷᠡᠭᠦᠯᠬᠦ ᠶᠢᠨ ᠲᠥᠯᠥᠭᠡ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ 2021 ᠣᠨ ᠤ ᠮᠠᠨ ᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠬᠤᠯᠪᠣᠭᠳᠠᠯ ᠪᠥᠬᠦᠶ ᠠᠵᠢᠯ ᠢ ᠲᠣᠬᠢᠷᠠᠭᠤᠯᠪᠠ᠃      ᠮᠡᠳᠡᠭᠳᠡᠯ ᠳᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠡᠪᠦᠯ ᠤᠨ ᠠᠮᠠᠷᠠᠯᠲᠠ ᠪᠠ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠠᠵᠢᠯ ᠢ ᠤᠷᠢᠳᠴᠢᠯᠠᠨ ᠪᠠᠶᠢᠷᠢᠯᠠᠭᠤᠯᠵᠤ᠂ ᠬᠤᠭᠤᠴᠠᠭᠠᠨ ᠡᠴᠦᠰ ᠤᠨ ᠰᠢᠯᠭᠠᠯᠲᠠ ᠶᠢᠨ ᠬᠡᠪᠴᠢᠶ᠎ᠡ ᠶᠢ ᠵᠦᠶ ᠵᠣᠬᠢᠰᠲᠠᠶ ᠲᠣᠬᠢᠷᠠᠭᠤᠯᠵᠤ᠂ ᠰᠢᠯᠭᠠᠯᠲᠠ ᠶᠢᠨ ᠰᠡᠳᠦᠪ ᠤᠨ ᠬᠦᠴᠢᠷᠳᠡᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠯᠭᠠᠯᠲᠠ ᠶᠢᠨ ᠴᠠᠭ ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠨᠤᠭᠤᠳ ᠪᠠᠭᠰᠢ ᠨᠠᠷ ᠢ ᠬᠢᠨᠠᠮᠠᠭᠠᠶ ᠵᠣᠬᠢᠶᠠᠨ ᠪᠠᠶᠢᠭᠤᠯᠵᠤ᠂ ᠨᠡᠶᠢᠲᠡᠯᠢᠭ ᠬᠡᠯᠡᠨ ᠤ ᠬᠡᠷᠡᠭᠯᠡᠭᠡᠨ᠂ ᠬᠢᠴᠢᠶᠡᠯ ᠤᠨ ᠪᠠᠷᠢᠮᠵᠢᠶ᠎ᠠ ᠪᠣᠯᠤᠨ ᠵᠢᠭᠠᠬᠤ ᠮᠠᠲ᠋ᠧᠷᠢᠶᠠᠯ ᠬᠡᠷᠡᠭᠯᠡᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠳᠤ ᠣᠷᠣᠯᠴᠠᠭᠤᠯᠵᠤ᠂ ᠵᠢᠭᠠᠨ ᠰᠤᠷᠭᠠᠬᠤ ᠠᠷᠭ᠎ᠠ ᠬᠡᠮᠵᠢᠶ᠎ᠡ ᠶᠢ ᠡᠷᠲᠡᠬᠡᠨ ᠰᠦᠪᠡᠭᠴᠢᠯᠡᠨ ᠰᠠᠶᠢᠵᠢᠷᠠᠭᠤᠯᠬᠤ ᠬᠡᠷᠡᠭᠲᠡᠶ᠃ ᠴᠢᠯᠥᠭᠡ ᠲᠠᠯᠪᠢᠬᠤ ᠠᠴᠠ ᠡᠮᠦᠨ᠎ᠡ᠂ ᠡᠯ᠎ᠡ ᠭᠠᠵᠠᠷ ᠤᠨ ᠡᠯ᠎ᠡ ᠰᠤᠷᠭᠠᠭᠤᠯᠢ ᠭᠤᠤᠯ ᠰᠡᠳᠦᠪᠲᠦ ᠠᠩᠭᠢ ᠶᠢᠨ ᠬᠤᠷᠠᠯ᠂ ᠠᠩᠭᠢ ᠶᠢᠨ ᠨᠡᠶᠢᠲᠡ ᠶᠢᠨ ᠠᠵᠢᠯᠯᠠᠭ᠎ᠠ᠂ ᠠᠮᠤᠷ ᠲᠦᠪᠰᠢᠨ ᠤ ᠰᠠᠨᠠᠭᠤᠯᠤᠮᠵᠢ ᠶᠢᠨ ᠪᠢᠴᠢᠭ ᠪᠣᠯᠤᠨ ᠬᠡᠷ ᠤᠨ ᠠᠬᠠᠮᠠᠳ ᠲᠤ ᠥᠭᠬᠦ‍ ᠨᠢᠭᠡ ᠬᠤᠪᠢ ᠵᠠᠬᠢᠳᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠮᠤᠷ ᠲᠦᠪᠰᠢᠨ ᠤ ᠬᠥᠮᠦᠵᠢᠯ ᠤᠨ ᠲᠤᠰᠬᠠᠶ ᠠᠵᠢᠯᠯᠠᠭ᠎ᠠ ᠳᠤᠬᠢᠷᠠᠭᠤᠯᠬᠤ ᠬᠡᠷᠡᠭᠲᠡᠶ ᠬᠡᠪᠡ᠃      ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠴᠢᠯᠥᠭᠡ ᠲᠠᠯᠪᠢᠬᠤ ᠠᠴᠠ ᠡᠮᠦᠨ᠎ᠡ ᠪᠠ ᠰᠤᠷᠭᠠᠭᠤᠯᠢ ᠡᠬᠢᠯᠡᠬᠦ ᠠᠴᠠ ᠡᠮᠦᠨ᠎ᠡ ᠰᠤᠷᠭᠠᠭᠤᠯᠢ ᠶᠢᠨ ᠬᠦᠷᠢᠶᠡᠨ ᠤ ᠡᠷᠡᠭᠦᠯ ᠬᠠᠮᠠᠭᠠᠯᠠᠯ ᠢ ᠴᠡᠪᠡᠷᠯᠡᠬᠦ ᠪᠠ ᠠᠷᠢᠭᠤᠳᠬᠠᠵᠤ ᠰᠠᠯᠬᠢ ᠨᠡᠪᠲᠡᠷᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠬᠢᠴᠢᠶᠡᠯ ᠤᠨ ᠬᠡᠷ᠂ ᠬᠤᠭᠤᠯᠠᠨ ᠬᠡᠷ᠂ ᠪᠠᠶᠢᠷᠢ ᠶᠢᠨ ᠬᠡᠷ᠂ ᠲᠤᠷᠰᠢᠯᠲᠠ ᠶᠢᠨ ᠲᠠᠰᠤᠭ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠡᠨᠡ ᠡᠪᠦᠯ ᠢᠷᠡᠬᠦ ᠬᠠᠪᠤᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠪᠣᠯᠤᠨ ᠪᠤᠰᠤᠳ ᠪᠠᠶᠢᠩᠭᠤ ᠲᠣᠬᠢᠶᠠᠯᠳᠤᠳᠠᠭ ᠬᠠᠯᠳᠠᠪᠤᠷᠢᠲᠤ ᠡᠪᠡᠳᠴᠢᠨ ᠳᠠᠪᠬᠤᠴᠠᠬᠤ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠵᠦ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠪᠣᠯᠤᠨ ᠰᠤᠷᠭᠠᠭᠤᠯᠢ ᠶᠢᠨ ᠬᠦᠷᠢᠶᠡᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃      ︽ᠶᠣᠰᠣ ᠰᠤᠷᠳᠠᠬᠤᠨ ᠣᠶᠤᠨ ᠤᠬᠠᠭᠠᠨ ᠪᠡᠶ᠎ᠡ ᠶᠢᠨ ᠳᠠᠮᠢᠷ ᠭᠤᠸ᠎ᠠ ᠰᠠᠶᠢᠬᠠᠨ ᠬᠥᠳᠡᠯᠮᠦᠷᠢ︾ ᠪᠥᠬᠦ ᠲᠠᠯ᠎ᠠ ᠪᠠᠷ ᠬᠥᠭᠵᠢᠭᠰᠡᠨ ᠬᠥᠮᠦᠨ ᠪᠤᠯᠭᠠᠨ ᠬᠦᠮᠦᠵᠢᠬᠦᠯᠬᠦ ᠬᠠᠷᠠᠯᠲᠠ ᠶᠢ ᠨᠠᠶᠢᠳᠠᠪᠤᠷᠢᠵᠢᠭᠤᠯᠤᠨ᠂ ᠠᠮᠠᠷᠠᠯᠲᠠ ᠶᠢᠨ ᠬᠤᠭᠤᠴᠠᠭᠠᠨ ᠤ ᠳᠠᠰᠬᠠᠯ ᠢ ᠰᠢᠨᠵᠢᠯᠡᠬᠦ ᠤᠬᠠᠭᠠᠨᠴᠢ ᠪᠠᠷ ᠦᠯᠡᠳᠡᠬᠡᠵᠦ᠂ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠪᠢᠴᠢᠬᠦ ᠳᠠᠰᠬᠠᠯ ᠬᠢᠯᠬᠡᠬᠦ ᠶᠢ ᠴᠢᠩᠭ᠎ᠠ ᠴᠠᠭᠠᠵᠠᠯᠠᠵᠤ᠂ ᠪᠤᠰᠤᠳ ᠣᠨ ᠳᠤ ᠲᠠᠭᠢᠨ ᠲᠠᠪᠳᠠᠭᠰᠠᠨ᠂ ᠦᠭᠦᠮᠡᠯ ᠪᠢᠴᠢᠬᠦ ᠳᠠᠰᠬᠠᠯ ᠬᠢᠯᠬᠡᠬᠦ ᠶᠢ ᠬᠤᠷᠢᠬᠯᠠᠨ᠂ ᠬᠥᠳᠡᠯᠮᠦᠷᠢ ᠶᠢᠨ ᠦᠶᠯᠡᠳᠦᠯᠭᠡ᠂ ᠡᠭᠦᠳᠦᠨ ᠪᠦᠲᠦᠭᠡᠵᠦ ᠰᠢᠨ᠎ᠡ ᠶᠢ ᠡᠭᠦᠳᠬᠦ᠂ ᠭᠠᠷ ᠬᠥᠳᠡᠯᠬᠦ ᠴᠢᠳᠠᠪᠤᠷᠢ ᠶᠢᠨ ᠲᠥᠷᠥᠯ ᠤᠨ ᠳᠠᠰᠬᠠᠯ ᠢ ᠵᠣᠬᠢᠰᠲᠠᠶ ᠨᠡᠮᠡᠭᠳᠡᠭᠦᠯᠵᠦ᠂ ᠬᠡᠤᠬᠡᠳ ᠤᠨ ᠤᠬᠠᠮᠰᠠᠷ ᠠᠴᠠ ᠪᠠᠨ ᠣᠷᠣᠯᠴᠠᠬᠤ ᠶᠢ ᠵᠣᠷᠢᠭᠵᠢᠭᠤᠯᠤᠨ᠂ ᠬᠡᠦᠬᠡᠳ ᠢᠶᠠᠨ ᠬᠡᠷ ᠪᠦᠯᠢ ᠶᠢᠨ ᠬᠥᠳᠡᠯᠮᠦᠷᠢ ᠳᠤ ᠣᠷᠣᠯᠴᠠᠭᠤᠯᠵᠤ᠂ ᠬᠤᠪᠴᠠᠰᠤ ᠤᠬᠢᠶᠠᠵᠤ ᠬᠤᠭᠤᠯᠠ ᠬᠢᠬᠦ ᠵᠡᠷᠭᠡ ᠴᠢᠬᠤᠯᠠ ᠪᠥᠬᠦᠶ ᠬᠡᠷ ᠪᠦᠯᠢ ᠶᠢᠨ ᠬᠥᠳᠡᠯᠮᠦᠷᠢ ᠶᠢᠨ ᠴᠢᠳᠠᠪᠤᠷᠢ ᠶᠢ ᠡᠵᠡᠮᠰᠢᠬᠦᠯᠬᠦ ᠬᠡᠷᠡᠭᠳᠡᠢ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠨᠤᠭᠤᠳ ᠰᠤᠷᠤᠭᠴᠢᠳ ᠤᠨ ᠠᠮᠠᠷᠠᠯᠲᠠ ᠶᠢᠨ ᠬᠤᠭᠤᠴᠠᠭ᠎ᠠ ᠶᠢ ᠠᠰᠢᠬᠯᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡᠨ ‍ᠦᠰᠦᠭ ᠪᠢᠴᠢᠭ ᠢ ᠰᠣᠨᠣᠰᠬᠤ᠂ ᠬᠡᠯᠡᠬᠦ᠂ ᠤᠩᠰᠢᠬᠤ᠂ ᠪᠢᠴᠢᠬᠦ ᠲᠤᠰᠬᠠᠶ ᠰᠡᠳᠦᠪᠲᠦ ᠴᠢᠨᠠᠷᠲᠠᠶ᠂ ᠦᠶᠯᠡᠳᠦᠯᠭᠡ ᠶᠢᠨ ᠴᠢᠨᠠᠷᠲᠠᠶ ᠳᠠᠰᠬᠠᠯ ᠬᠢᠯᠭᠡᠬᠦ ᠪᠠᠷ ᠴᠢᠭᠯᠡᠭᠦᠯᠬᠦ ᠴᠢᠨᠠᠷᠲᠠᠶ ᠪᠠᠷ ᠲᠣᠬᠢᠷᠠᠭᠤᠯᠬᠤ ᠬᠡᠷᠡᠭᠲᠡᠶ᠃ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠠᠭᠰᠢ ᠶᠢᠨ ᠮᠣᠷᠠᠯ ᠰᠤᠷᠲᠠᠯ ᠤᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠡᠯ᠎ᠡ ᠭᠠᠵᠠᠷ ᠤᠨ ᠡᠯ᠎ᠡ ᠰᠤᠷᠭᠠᠭᠤᠯᠢ ᠠᠮᠠᠷᠠᠯᠲᠠ ᠶᠢᠨ ᠬᠤᠭᠤᠴᠠᠭᠠᠨ ᠳᠤ ᠰᠤᠷᠤᠭᠴᠢᠳ ᠢ ᠵᠣᠬᠢᠶᠠᠨ ᠪᠠᠶᠢᠭᠤᠯᠤᠨ ᠬᠠᠮᠲᠤ ᠪᠠᠷ ᠬᠢᠴᠢᠶᠡᠯ ᠨᠥᠬᠦᠬᠦ ᠪᠤᠶᠤ ᠰᠢᠨ᠎ᠡ ᠬᠢᠴᠢᠶᠡᠯ ᠣᠷᠣᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠭᠠᠵᠠᠷ ᠤᠷᠤᠨ ︽ᠱᠠᠲᠤ ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠵᠠᠷᠴᠢᠮ ᠶᠣᠰᠣᠭᠠᠷ᠂ ᠠᠵᠢᠯ ᠤᠨ ᠪᠠᠶᠢᠷᠢ ᠳᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠲᠥᠯᠥᠪᠦᠷᠢ ᠲᠠᠢ ᠭᠡᠷ ᠤᠨ ᠪᠠᠭᠰᠢ ᠪᠤᠶᠤ ᠨᠡᠶᠢᠭᠡᠮ ᠤᠨ ᠪᠣᠯᠪᠠᠰᠤᠷᠠᠯ ᠤᠨ ᠪᠠᠶᠢᠭᠤᠯᠤᠮᠵᠢ ᠳᠤ ᠬᠦᠷᠴᠦ ᠲᠤᠰᠢᠶᠠᠯ ᠬᠠᠪᠰᠤᠷᠭᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠬᠡᠵᠦ ᠱᠠᠭᠠᠷᠳᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ