ᠰᠤᠷᠭᠠᠨ ᠬᠦᠮᠦᠵᠢᠯ ᠤᠨ ᠶᠠᠮᠤᠨ ᠡᠪᠦᠯ ᠤᠨ ᠠᠮᠠᠷᠠᠯᠲᠠ ᠶᠢᠨ ᠡᠮᠦᠨ᠎ᠡ ᠬᠤᠶᠢᠨᠠᠬᠢ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠪᠡ
ᠨᠡᠶᠢᠲᠡᠯᠡᠭᠰᠡᠨ ᠴᠠᠭ᠄
2021/1/4
     ᠣᠶᠢᠷ᠎ᠠ ᠶᠢᠨ ᠡᠳᠦᠷ᠂ ᠰᠤᠷᠭᠠᠨ ᠬᠦᠮᠦᠵᠢᠯ ᠤᠨ ᠶᠠᠮᠤᠨ ︽ᠡᠪᠦᠯ ᠤᠨ ᠠᠮᠠᠷᠠᠯᠲᠠ ᠶᠢᠨ ᠡᠮᠦᠨ᠎ᠡ ᠬᠤᠶᠢᠨᠠᠬᠢ ᠶᠡᠭᠡ ᠳᠡᠭᠡᠳᠦ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠨᠡ ᠡᠪᠦᠯ ᠢᠷᠡᠬᠦ ᠬᠠᠪᠤᠷ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠴᠦᠬᠡᠨ ᠴᠤ ᠰᠤᠯᠠᠷᠠᠭᠤᠯᠤᠯ  ᠦᠭᠡᠢ ᠪᠠᠷ ᠰᠠᠶᠢᠲᠤᠷ ᠠᠳᠬᠤᠨ᠂ ᠶᠡᠭᠡ ᠳᠡᠭᠡᠳᠦ ᠰᠤᠷᠭᠠᠭᠤᠯᠢ ᠶᠢᠨ ᠡᠪᠦᠯ ᠤᠨ ᠠᠮᠠᠷᠠᠯᠲᠠ ᠶᠢᠨ ᠬᠤᠭᠤᠴᠠᠭ᠎ᠠ ᠪᠠ ᠢᠷᠡᠬᠦ  ᠬᠠᠪᠤᠷ ᠤᠨ ᠰᠤᠷᠤᠯᠭ᠎ᠠ ᠡᠬᠢᠯᠡᠬᠦ ᠠᠵᠢᠯ ᠢ ᠨᠢᠭᠡᠲᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃              ︽ᠮᠡᠳᠡᠭᠳᠡᠯ︾ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠭᠦᠨᠵᠡᠭᠡᠢ ᠲᠠᠨᠢᠬᠤ ᠬᠡᠷᠡᠭᠲᠡᠢ᠃ ᠡᠯ᠎ᠡ ᠭᠠᠵᠠᠷ ᠤᠨ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠬᠠᠷᠢᠶ᠎ᠠ ᠭᠠᠵᠠᠷ ᠤᠨ ᠢᠶᠠᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠴᠠᠭ ᠲᠤᠬᠠᠢ ᠳᠤ ᠨᠢ ᠰᠤᠳᠤᠯᠤᠨ ᠮᠠᠭᠠᠳᠯᠠᠬᠤ᠂ ᠴᠠᠭ ᠲᠤᠬᠠᠢ ᠳᠤ ᠨᠢ ᠪᠠᠶᠢᠷᠢᠯᠠᠭᠤᠯᠤᠯᠲᠠ ᠬᠢᠬᠦ᠂ ᠴᠠᠭ ᠲᠤᠬᠠᠢ ᠳᠤ ᠨᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠦᠴᠦᠬᠡᠨ ᠴᠤ ᠰᠤᠯᠠᠷᠠᠭᠤᠯᠤᠯ ᠦᠭᠡᠢ ᠬᠢᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ︽ᠶᠡᠭᠡ ᠳᠡᠭᠡᠳᠦ ᠰᠤᠷᠭᠠᠭᠤᠯᠢ ᠶᠢᠨ ᠨᠠᠮᠤᠷ ᠡᠪᠦᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠲᠦᠰᠦᠯ ︵ᠰᠢᠨᠡᠳᠬᠡᠭᠰᠡᠨ ᠬᠡᠪᠯᠡᠯ︶︾ ᠢ ᠴᠢᠩᠭ᠎ᠠ ᠨᠠᠶᠢᠳᠠᠪᠤᠷᠢᠵᠢᠭᠤᠯᠵᠤ᠂ ᠬᠦᠮᠦᠨ ᠪᠤᠳᠠᠰ ᠢ ᠬᠠᠮᠲᠤ ᠳᠤ ᠨᠢ ᠰᠡᠷᠭᠡᠶᠢᠯᠡᠬᠦ ᠣᠯᠠᠨ ᠡᠪᠡᠳᠴᠢᠨ ᠢ ᠬᠠᠮᠲᠤ ᠳᠤ ᠨᠢ ᠰᠡᠷᠭᠡᠶᠢᠯᠡᠬᠦ ᠶᠢ ᠪᠠᠷᠢᠮᠲᠠᠯᠠᠨ ᠂ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ︽ᠳᠦᠷᠪᠡᠨ ᠡᠷᠲᠡ︾ ᠪᠠᠶᠢᠬᠤ ᠱᠠᠭᠠᠷᠳᠠᠯᠭ᠎ᠠ ᠶᠢ ᠨᠢᠭᠲᠠ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠲᠦᠪᠯᠡᠷᠡᠩᠭᠦᠢ ᠴᠢᠨᠠᠷᠲᠠᠢ ᠬᠢᠵᠢᠭ ᠤᠨ ᠪᠠᠶᠢᠳᠠᠯ ᠢ ᠠᠷᠭᠠᠴᠠᠬᠤ ᠪᠡᠯᠡᠳᠬᠡᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠪᠠᠶᠢᠩᠭᠤ ᠶᠢᠨ ᠴᠢᠨᠠᠷᠲᠠᠢ ᠨᠠᠷᠢᠯᠢᠭ ᠣᠨᠣᠪᠴᠢᠲᠠᠢ ᠰᠡᠷᠭᠡᠶᠢᠯᠡᠨ ᠬᠢᠵᠠᠭᠠᠷᠯᠠᠬᠤ ᠪᠠ ᠬᠡᠰᠡᠭ ᠲᠠᠯ᠎ᠠ ᠶᠢᠨ  ᠪᠠᠴᠢᠮ ᠪᠠᠶᠢᠳᠠᠯ ᠢ ᠰᠢᠢᠳᠪᠦᠷᠢᠯᠡᠬᠦ ᠶᠢ ᠤᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠰᠤᠷᠢᠯᠲᠠ ᠶᠢ ᠴᠢᠩᠭᠠᠳᠬᠠᠨ᠂ ᠡᠳ᠋ ᠪᠤᠳᠠᠰ ᠤᠨ ᠨᠥᠭᠡᠴᠡ ᠶᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃              ︽ᠮᠡᠳᠡᠭᠳᠡᠯ︾ ᠱᠠᠭᠠᠷᠲᠠᠬᠤ ᠳᠠᠭᠠᠨ᠂ ᠡᠪᠦᠯ ᠤᠨ ᠠᠮᠠᠷᠠᠯᠲᠠ ᠲᠠᠯᠪᠢᠬᠤ ᠴᠠᠭ ᠢᠶᠠᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠪᠠ ᠶᠡᠭᠡ ᠳᠡᠭᠡᠳᠦ ᠰᠤᠷᠭᠠᠭᠤᠯᠢ ᠨᠤᠭᠤᠳ ᠤᠨ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠲᠦᠯᠲᠡᠢ ᠲᠣᠬᠢᠷᠠᠭᠤᠯᠤᠯᠲᠠ ᠶᠣᠰᠣᠭᠠᠷ ᠮᠤᠵᠢ ᠶᠢᠨ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠨᠢᠭᠡᠲᠦᠯᠲᠡᠢ ᠲᠦᠯᠦᠪᠵᠢᠬᠦᠯᠭᠡ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠪᠣᠯᠣᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠠᠬᠢᠴᠠ ᠶᠢ ᠦᠨᠳᠦᠰᠦᠯᠡᠨ ᠲᠤᠬᠠᠢ ᠶᠢᠨ ᠭᠠᠵᠠᠷ ᠣᠷᠣᠨ ᠤ ᠪᠠᠶᠢᠳᠠᠯ ᠪᠠ ᠰᠤᠷᠭᠠᠭᠤᠯᠢ ᠶᠢᠨ ᠪᠠᠶᠢᠳᠠᠯ ᠳᠤ ᠨᠢ ᠲᠣᠬᠢᠷᠠᠭᠤᠯᠤᠨ ᠡᠪᠦᠯ ᠤᠨ ᠠᠮᠠᠷᠠᠯᠲᠠ ᠲᠠᠯᠪᠢᠬᠤ ᠴᠠᠭ ᠢ ᠰᠢᠯᠢᠳᠡᠭᠵᠢᠭᠦᠯᠦᠨ ᠲᠣᠬᠢᠷᠠᠭᠤᠯᠵᠤ᠂ ᠰᠤᠷᠤᠭᠴᠢᠳ ᠢ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠰᠤᠷᠭᠠᠭᠤᠯᠢ ᠠᠴᠠ ᠰᠠᠯᠭᠠᠨ ᠠᠮᠠᠷᠠᠯᠲᠠ ᠲᠠᠯᠪᠢᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠨᠡᠪᠲᠡᠷᠡᠯᠴᠡᠬᠦ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠢᠯᠡ ᠨᠡᠶᠢᠲᠡᠯᠡᠬᠦ ᠬᠡᠷᠡᠭᠲᠡᠢ᠃ ᠠᠮᠤᠷ ᠲᠦᠪᠰᠢᠨ ᠢ ᠪᠠᠲᠤᠯᠠᠭᠰᠠᠨ ᠤᠷᠢᠳᠠᠯ ᠳᠣᠣᠷ᠎ᠠ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠳᠠᠳᠤᠯᠭ᠎ᠠ ᠪᠣᠯᠪᠠᠰᠤᠷᠠᠯ ᠬᠢᠬᠦ ᠶᠢ ᠲᠣᠬᠢᠲᠠᠢ ᠰᠠᠶᠢᠲᠤᠷ ᠲᠣᠬᠢᠷᠠᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠠᠳᠠᠭᠰᠢ ᠭᠠᠷᠴᠤ ᠠᠵᠢᠯ ᠣᠯᠬᠤ ᠳᠠᠳᠤᠯᠭ᠎ᠠ ᠪᠣᠯᠣᠨ ᠬᠦᠮᠦᠨ ᠬᠡᠷᠡᠭᠯᠡᠬᠦ ᠨᠢᠭᠡᠴᠡ ᠶᠢᠨ ᠰᠤᠷᠭᠠᠭᠤᠯᠢ ᠳᠤ ᠣᠷᠣᠵᠤ ᠣᠷᠢᠨ ᠡᠯᠰᠡᠬᠦ ᠠᠵᠢᠯᠯᠠᠭ᠎ᠠ ᠶᠢ ᠵᠦᠢᠯ ᠵᠣᠬᠢᠰᠲᠠᠢ ᠲᠣᠬᠢᠷᠠᠭᠤᠯᠬᠤ  ᠬᠡᠷᠡᠭᠲᠡᠢ ᠭᠡᠵᠡᠢ᠃              ︽ᠮᠡᠳᠡᠭᠳᠡᠯ︾ ᠳᠤ᠂ ᠪᠠᠭᠰᠢ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠨᠤᠲᠤᠭ ᠲᠤ ᠪᠠᠨ ᠪᠤᠴᠠᠬᠤ ᠪᠠ ᠭᠡᠷ ᠲᠤ ᠪᠠᠨ ᠰᠠᠭᠤᠬᠤ ᠬᠤᠭᠤᠴᠠᠭᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠮᠡᠳᠡᠭᠳᠡᠯ ᠳᠠᠷᠤᠮᠠᠯᠯᠠᠨ ᠲᠠᠷᠬᠠᠭᠠᠬᠤ᠂ ᠠᠩᠭᠢ ︵ᠪᠦᠯᠬᠦᠮ᠂ ᠳᠤᠭᠤᠶᠢᠯᠠᠩ︶ ᠶᠢᠨ ᠬᠤᠷᠠᠯ ᠬᠢᠬᠦ᠂ ᠰᠠᠨᠠᠭᠤᠯᠭ᠎ᠠ ᠨᠡᠶᠢᠲᠡᠯᠡᠬᠦ ᠵᠡᠷᠭᠡ ᠬᠡᠯᠪᠡᠷᠢ ᠮᠠᠶ᠋ᠢᠭ ᠢᠶᠠᠷ ᠳᠠᠮᠵᠢᠭᠤᠯᠤᠨ ᠪᠠᠭᠰᠢ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠠᠴᠠ ᠪᠠᠨ ᠰᠠᠯᠵᠤ ᠨᠤᠲᠤᠭ ᠲᠠᠭᠠᠨ ᠪᠤᠴᠠᠬᠤ ᠵᠠᠮ ᠵᠠᠭᠤᠷ᠎ᠠ ᠶᠢᠨ ᠰᠡᠷᠭᠡᠶᠢᠯᠡᠨ ᠬᠠᠮᠠᠭᠠᠯᠠᠬᠤ ᠠᠵᠢᠯ ᠢ ᠴᠢᠩᠭᠠᠳᠬᠠᠬᠤ ᠬᠡᠷᠡᠭᠲᠡᠢ᠃ ᠪᠠᠭᠰᠢ ᠰᠤᠷᠤᠭᠴᠢᠳ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠠᠢ᠃ ᠠᠮᠠᠷᠠᠯᠲᠠ ᠲᠠᠯᠪᠢᠭᠰᠠᠨ ᠤ ᠳᠠᠷᠠᠭᠠᠬᠢ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠠᠷᠤ ᠲᠠᠯ᠎ᠠ ᠶᠢᠨ ᠬᠠᠮᠢᠶᠠᠷᠤᠯᠲᠠ ᠶᠢᠨ ᠠᠷᠭ᠎ᠠ ᠠᠪᠴᠠᠯ ᠢ ᠴᠠᠭ ᠲᠤᠬᠠᠢ ᠳᠤ ᠨᠢ ᠲᠣᠬᠢᠷᠠᠭᠤᠯᠤᠨ ᠰᠢᠯᠢᠳᠡᠭᠵᠢᠭᠦᠯᠵᠦ᠂ ᠰᠤᠷᠭᠠᠭᠤᠯᠢ ᠳᠤ ᠪᠠᠨ ᠬᠤᠴᠣᠷᠣᠭᠰᠠᠨ ᠪᠠᠭᠰᠢ ᠰᠤᠷᠤᠭᠴᠢᠳ ᠤᠨ ᠡᠪᠦᠯ ᠤᠨ ᠠᠮᠠᠷᠠᠯᠲᠠ ᠶᠢᠨ ᠰᠤᠷᠤᠯᠴᠠᠯᠭ᠎ᠠ ᠪᠠ ᠠᠮᠢᠳᠤᠷᠠᠯ ᠢ ᠬᠦᠴᠦᠲᠡᠢ ᠪᠠᠲᠤᠯᠠᠬᠤ ᠬᠡᠷᠡᠭᠲᠡᠢ ᠭᠡᠵᠦ ᠴᠢᠩᠲᠠᠯᠠᠨ ᠲᠤᠷᠠᠳᠪᠠ᠃              ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠵᠦ ᠰᠤᠷᠭᠠᠭᠤᠯᠢ ᠳᠤ ᠪᠠᠨ ᠪᠤᠴᠠᠬᠤ ᠠᠵᠢᠯ ᠢ ᠣᠷᠬᠢᠯ ᠵᠦᠷᠢᠭᠦᠯᠦᠨ ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠪᠣᠯᠣᠨ ᠶᠡᠭᠡ ᠳᠡᠭᠡᠳᠦ ᠰᠤᠷᠭᠠᠭᠤᠯᠢ ᠨᠤᠭᠤᠳ ᠲᠤᠰ ᠭᠠᠵᠠᠷ ᠣᠷᠣᠨ ᠤ ᠪᠠᠨ ᠬᠢᠵᠢᠭ ᠤᠨ ᠪᠠᠶᠢᠳᠠᠯ ᠢ ᠦᠨᠳᠦᠰᠦᠯᠡᠨ᠂ ᠣᠷᠬᠢᠯ ᠵᠦᠷᠢᠭᠦᠯᠬᠦ ᠵᠠᠷᠴᠢᠮ ᠶᠣᠰᠣᠭᠠᠷ᠂ ᠲᠥᠪᠯᠡᠷᠡᠭᠦᠯᠬᠦ ᠠᠴᠠ ᠴᠢᠳᠠᠬᠤ ᠶᠢᠨ ᠳᠣᠲᠣᠷ᠎ᠠ ᠵᠠᠶᠢᠯᠠᠰᠬᠢᠵᠤ᠂ 2021 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠠᠵᠢᠯ ᠢ ᠨᠠᠷᠢᠯᠢᠭ ᠲᠣᠬᠢᠷᠠᠭᠤᠯᠤᠨ᠂ ᠰᠤᠷᠭᠠᠭᠤᠯᠢ ᠡᠬᠢᠯᠡᠬᠦ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠰᠤᠷᠤᠭᠴᠢᠳ ᠢ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠰᠤᠷᠭᠠᠭᠤᠯᠢ ᠳᠤ ᠪᠤᠴᠠᠭᠤᠯᠬᠤ ᠪᠠᠷ ᠲᠣᠬᠢᠷᠠᠭᠤᠯᠬᠤ ᠬᠡᠷᠡᠭᠲᠡᠢ᠃ ᠡᠯ᠎ᠡ ᠮᠤᠵᠢ ᠶᠢᠨ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠣᠷᠣᠨ ᠪᠦᠰᠡ ᠶᠢᠨ ᠲᠣᠲᠣᠷᠠᠬᠢ ᠨᠢᠭᠡᠲᠦᠯᠲᠡᠢ ᠲᠥᠯᠥᠪᠯᠡᠬᠦ ᠠᠵᠢᠯ ᠢᠶᠠᠨ ᠴᠢᠩᠭᠠᠳᠬᠠᠵᠤ᠂ ᠦᠢᠯᠡᠴᠢᠯᠡᠬᠡᠨ ᠪᠠ ᠬᠦᠲᠦᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠦᠯᠦᠨ ᠬᠦᠷᠭᠡᠵᠦ᠂ ᠡᠯ᠎ᠡ ᠭᠠᠵᠠᠷ ᠣᠷᠣᠨ ᠪᠠ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠪᠠᠭᠰᠢ ᠰᠤᠷᠤᠭᠴᠢᠳ ᠤᠨ ᠳᠣᠲᠣᠷ᠎ᠠ ᠭᠡᠨᠡᠳᠲᠡ ᠶᠢᠨ ᠬᠢᠵᠢᠭ ᠭᠠᠷᠤᠭᠰᠠᠨ ᠢ ᠮᠡᠳᠡᠮᠡᠭᠴᠡ ᠴᠠᠭ ᠲᠤᠬᠠᠢ ᠳᠤ ᠨᠢ ᠮᠡᠳᠡᠬᠦᠯᠬᠦ ᠬᠡᠷᠡᠭᠲᠡᠢ ᠭᠡᠵᠦ ︽ᠮᠡᠳᠡᠭᠳᠡᠯ︾ ᠳᠤ ᠱᠠᠭᠠᠷᠳᠠᠵᠠᠢ ᠃
ᠢᠷᠡᠯᠲᠡ᠄ ᠠᠷᠠᠳ ᠤᠨ ᠰᠦᠯᠵᠢᠶ᠎ᠡ