ᠯᠢᠦ ᠬᠤᠩ ᠬᠤᠤ
ᠨᠡᠶᠢᠲᠡᠯᠡᠭᠰᠡᠨ ᠴᠠᠭ᠄
2021/10/30
      ᠯᠢᠦ ᠬᠤᠩ ᠬᠤᠤ ᠂ ᠡᠷᠡᠭᠲᠡᠢ ᠂ ᠬᠢᠲᠠᠳ ᠦᠨᠳᠦᠰᠦᠲᠡᠨ ᠂ 1985 ᠣᠨ ᠤ 11 ᠰᠠᠷ᠎ᠠ ᠳᠤ ᠲᠦᠷᠦᠵᠠᠢ ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠃ ᠤᠳᠤ ᠦᠶᠤᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠂ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ ᠃      ᠠᠵᠢᠯ ᠤᠨ ᠬᠤᠪᠢᠶᠠᠷᠢᠯᠠᠯ᠄ ᠯᠢᠦ ᠬᠤᠩ ᠬᠤᠤ ᠨᠥᠬᠦᠷ ᠦᠶᠤᠸᠠᠨ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠦᠬᠦ ᠲᠠᠯ᠎ᠠ ᠶᠢᠨ ᠠᠵᠢᠯ ᠢ ᠡᠷᠬᠢᠯᠡᠪᠡ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠂ ᠴᠠᠭᠳᠠᠨ ᠪᠠᠶᠢᠴᠠᠭᠠᠬᠤ ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ ᠬᠠᠷᠢᠭᠤᠴᠠᠨ᠎ᠠ ᠃ ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠢ ᠬᠤᠪᠢᠳᠠᠨ ᠬᠠᠮᠢᠶᠠᠷᠤᠨ᠎ᠠ ᠃ 
ᠢᠷᠡᠯᠲᠡ᠄ ᠲᠤᠰ ᠰᠦᠯᠵᠢᠶ᠎ᠡ