ᠵᠠᠩ ᠢᠦᠢ
ᠨᠡᠶᠢᠲᠡᠯᠡᠭᠰᠡᠨ ᠴᠠᠭ᠄
2021/11/16
      ᠵᠠᠩ ᠢᠦᠢ᠂ ᠡᠷᠡᠭᠲᠡᠢ᠂ ᠬᠢᠲᠠᠳ ᠦᠨᠳᠦᠰᠦᠲᠡᠨ᠂ 1980 ᠣᠨ ᠤ 2 ᠰᠠᠷ᠎ᠠ ᠳᠤ ᠲᠦᠷᠦᠵᠠᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠦᠶᠤᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ( ᠵᠢᠩᠬᠢᠨᠢ ᠭᠠᠵᠠᠷ ᠤᠨ ᠳᠡᠰ )᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠲᠠᠢ᠃      ᠠᠵᠢᠯ ᠤᠨ ᠬᠤᠪᠢᠶᠠᠷᠢᠯᠠᠯ᠄ ᠸᠠᠩ ᠶᠦᠩ ᠵᠢᠶᠠ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ᠂ ᠰᠢᠶᠠᠨ ᠤ ᠨᠠᠮ ᠤᠨ ᠬᠤᠷᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠨᠠᠶᠢᠳᠠᠯᠭ᠎ᠠ ᠪᠠᠷ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠨᠠᠮ ᠤᠨ ᠶᠠᠪᠤᠳᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠷᠠᠯᠵᠢᠶ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠵᠦ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠬᠤᠯᠪᠤᠭᠠᠯᠠᠨ ᠴᠡᠭᠴᠡᠯᠡᠨ ᠰᠠᠶᠢᠵᠢᠷᠠᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠶᠠᠨ᠂ ᠬᠤᠲᠠ ᠬᠥᠳᠡᠭᠡ ᠨᠡᠶᠢᠭᠡᠮ ᠲᠣᠭᠤᠷᠢᠭ᠂ ᠬᠥᠳᠡᠭᠡ ᠲᠣᠰᠬᠤᠨ ᠤ ᠠᠵᠢᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ᠂ ᠣᠯᠠᠨ ᠲᠦᠮᠡᠨ ᠤ ᠪᠦᠯᠬᠦᠮ᠂ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠠᠵᠢᠯ ᠢ ᠭᠦᠨᠵᠡᠭᠡᠶᠢᠷᠡᠭᠦᠯᠦᠨ᠎ᠡ︔ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠢ ᠬᠤᠪᠢᠳᠠᠨ ᠬᠠᠮᠢᠶᠠᠷᠤᠨ᠎ᠠ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠡᠪᠰᠡᠭᠲᠦ ᠴᠠᠭᠳᠠᠭ᠎ᠠ᠂ ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠴᠠᠭᠳᠠᠭ᠎ᠠ ᠪᠠ ᠬᠤᠣᠷ ᠲᠠᠲᠠᠬᠤ ᠶᠢ ᠰᠡᠷᠭᠡᠶᠢᠯᠡᠬᠦ ᠭᠠᠵᠠᠷ ᠲᠠᠢ ᠬᠠᠷᠢᠯᠴᠠᠵᠤ ᠠᠵᠢᠯᠯᠠᠨ᠎ᠠ᠃ 
ᠢᠷᠡᠯᠲᠡ᠄ ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ ᠤ ᠮᠣᠡᠭᠭᠤᠯ ᠰᠦᠯᠵᠢᠶ᠎ᠡ