ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠨ ᠭᠠᠵᠠᠷ ᠢ ᠤᠷᠢᠳᠠᠪᠠᠷ ᠬᠥᠭᠵᠢᠭᠦᠯᠬᠦ᠂ ᠭᠠᠵᠠᠷ ᠰᠢᠷᠣᠢ ᠶᠢᠨ ᠦᠷ᠎ᠡ ᠠᠰᠢᠭ ᠢ | ᠳᠡᠭᠡᠭᠰᠢᠯᠡᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠪᠣᠯ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠴᠢᠬᠤᠯᠠ ᠰᠠᠭᠤᠷᠢ ᠪᠣᠯᠤᠨ᠎ᠠ᠃ ᠡᠨᠡ ᠵᠢᠯ᠂ ᠡᡁᠧ ᠱᠧᠩ ᠪᠠᠯᠭᠠᠰᠤ ᠨᠠᠮᠤᠷ ᠡᠪᠦᠯ ᠤᠨ ᠤᠯᠠᠷᠢᠯ ᠤᠨ ᠭᠠᠵᠠᠷ | ᠰᠢᠷᠣᠢ ᠶᠢ ᠰᠤᠯᠠ ᠪᠠᠶᠢᠯᠭᠠᠬᠤ ᠴᠠᠭ ᠢ ᠠᠰᠢᠭᠯᠠᠵᠤ᠂ 2.7 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠦᠷᠦᠯ ᠵᠦᠢᠯ ᠢ | ᠬᠡᠷᠡᠭᠵᠢᠭᠦᠯᠵᠦ᠂ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠪᠠ᠃ | ᠡᡁᠧ ᠱᠧᠩ ᠪᠠᠯᠭᠠᠰᠤ ᠶᠢᠨ ᠡᡁᠧ ᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠦᠷᠦᠯ ᠵᠦᠢᠯ ᠤᠨ ᠲᠣᠭᠤᠷᠢᠭ ᠤᠨ | ᠰᠤᠷᠪᠤᠯᠵᠢᠯᠠᠭᠴᠢ ᠶᠢᠨ ᠣᠯᠵᠤ ᠬᠠᠷᠠᠭᠰᠠᠨ ᠢᠶᠠᠷ᠂ ᠮᠠᠯᠲᠠᠭᠤᠷ ᠮᠠᠰᠢᠨ ᠶᠠᠭ ᠮᠠᠯᠲᠠᠵᠤ᠂ ᠬᠥᠷᠪᠡᠭᠦᠯᠬᠦ ᠲᠡᠷᠭᠡ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠴᠡᠪᠡᠷᠯᠡᠨ | ᠵᠥᠭᠡᠭᠡᠪᠦᠷᠢᠯᠡᠬᠦ ᠪᠠᠷ ᠶᠠᠭᠠᠷᠠᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠶᠢᠳᠠᠯ ᠢᠯᠡᠷᠡᠵᠡᠢ᠃ ᠣᠶᠢᠯᠠᠭᠠᠭᠰᠠᠨ ᠢᠶᠠᠷ᠂ ᠾᠧ ᠱᠧᠩ ᠪᠠᠯᠭᠠᠰᠤ ᠶᠢᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ ᠤᠨ ᠲᠣᠭᠤᠷᠢᠭ ᠲᠤ ᠾᠧ ᠢ ᠲᠣᠰᠬᠤᠨ ᠤ ᠵᠢᠷᠭᠤᠭᠠᠨ ᠲᠣᠰᠬᠤᠨ ᠤ ᠠᠷᠠᠳ ᠤᠨ | ᠳᠤᠭᠤᠶᠢᠯᠠᠩ ᠲᠠᠢ ᠬᠤᠯᠪᠣᠭᠳᠠᠵᠤ᠂ 2.7 ᠲᠦᠮᠡᠨ ᠮᠥ ᠲᠠᠷᠢᠶᠠᠨ ᠭᠠᠵᠠᠷ ᠢ ᠴᠡᠭᠴᠡᠯᠡᠨ ᠵᠠᠰᠠᠪᠠ᠃ 10 ᠰᠠᠷ᠎ᠠ ᠶᠢᠨ ᠰᠡᠭᠦᠯᠴᠢ ᠠᠴᠠ ᠡᠬᠢᠯᠡᠨ ᠪᠠᠷᠢᠯᠭ᠎ᠠ ᠪᠠᠷᠢᠵᠤ᠂ | ᠭᠠᠵᠠᠷ ᠰᠢᠷᠣᠶ ᠶᠢ ᠲᠡᠭᠰᠢᠯᠡᠨ ᠲᠡᠭᠰᠢᠯᠡᠬᠦ᠂ ᠭᠠᠵᠠᠷ ᠰᠢᠷᠣᠶ ᠶᠢ ᠬᠠᠶᠠᠵᠤ ᠵᠥᠭᠡᠭᠡᠪᠦᠷᠢᠯᠡᠬᠦ᠂ ᠵᠠᠮ ᠰᠤᠪᠠᠭ ᠮᠠᠯᠲᠠᠬᠤ᠂ ᠵᠠᠮ ᠵᠠᠰᠠᠬᠤ ᠵᠡᠷᠭᠡ ᠠᠭᠤᠯᠭ᠎ᠠ ᠶᠢ ᠴᠡᠭᠴᠡᠯᠡᠨ | ᠵᠠᠰᠠᠵᠤ᠂ ᠣᠳᠣᠬᠠᠨ ᠳᠤ ᠶᠠᠭ ᠪᠠᠴᠢᠮ ᠶᠠᠭᠠᠷᠠᠯᠲᠠᠶ ᠪᠥᠭᠡᠳ ᠡᠮᠬᠢ ᠳᠢᠭᠯᠢᠮ ᠲᠠᠢ ᠪᠠᠷ ᠶᠠᠪᠤᠭᠳᠠᠵᠤ ᠪᠠᠶᠢᠨ᠎ᠠ᠃ | ᠡᡁᠧ ᠱᠧᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠵᠠᠰᠠᠭ ᠤᠨ ᠣᠷᠳᠣᠨ ᠤ ᠲᠤᠰᠬᠤᠨ ᠤ ᠳᠡᠳ᠋ ᠳᠠᠷᠤᠭ᠎ᠠ ᠴᠧᠨ ᠷᠦᠢ ᠰᠤᠷᠪᠤᠯᠵᠢᠯᠠᠭᠴᠢ ᠳᠤ | ᠄ ︽ᠲᠦᠷᠦᠯ ᠵᠦᠢᠯ ᠤᠨ ᠲᠣᠭᠤᠷᠢᠭ ᠠᠴᠠ ᠡᠳᠦᠷ ᠪᠦᠷᠢ 200 ᠭᠠᠷᠤᠢ ᠮᠠᠰᠢᠨ ᠲᠡᠷᠭᠡ᠂ 300 ᠭᠠᠷᠤᠢ ᠬᠥᠮᠦᠨ ᠢ ᠬᠥᠳᠡᠯᠭᠡᠵᠦ᠂ ᠳᠤᠭᠤᠶᠢᠯᠠᠩ ᠪᠦᠷᠢ ᠳᠤ | 5 ᠠᠴᠠ 7 ᠲᠣᠰᠬᠤᠨ ᠤ ᠠᠷᠠᠳ ᠤᠨ ᠲᠥᠯᠥᠭᠡᠯᠡᠭᠴᠢ ᠪᠦᠬᠦ ᠶᠠᠪᠤᠴᠠ ᠳᠤ ᠪᠠᠷᠢᠯᠭ᠎ᠠ ᠶᠢᠨ ᠶᠠᠰᠤ ᠴᠢᠨᠠᠷ ᠢ ᠮᠥᠷᠳᠡᠨ ᠬᠢᠨᠠᠵᠤ᠂ ᠲᠦᠷᠦᠯ ᠵᠦᠢᠯ ᠢ ᠢᠷᠡᠬᠦ ᠵᠢᠯ ᠤᠨ | 4 ᠰᠠᠷ᠎ᠠ ᠳᠤ ᠪᠦᠬᠦᠨ ᠢ ᠳᠠᠭᠤᠰᠬᠠᠬᠤ ᠪᠠᠷ ᠵᠢᠱᠢᠵᠦ ᠪᠠᠶᠢᠨ᠎ᠠ︾ ᠭᠡᠵᠦ ᠲᠠᠨᠢᠯᠴᠠᠭᠤᠯᠪᠠ᠃ | ᠾᠧ ᠱᠧᠩ ᠪᠠᠯᠭᠠᠰᠤ ᠶᠢᠨ ᠾᠧ ᠢ ᠲᠤᠰᠬᠤᠨ ᠳᠤ ᠨᠡᠶᠢᠳᠡ 50000 ᠮᠦ ᠭᠠᠵᠠᠷ ᠰᠢᠷᠣᠶ ᠲᠠᠢ᠂ ᠦᠨᠳᠦᠰᠦᠨ ᠳᠡᠭᠡᠨ ᠴᠥᠮ ᠬᠤᠵᠢᠷᠯᠢᠬ ᠭᠠᠵᠠᠷ | ᠪᠠᠶᠢᠵᠦ᠂ ᠥᠩᠭᠡᠷᠡᠭᠰᠡᠨ ᠳᠤ ᠭᠠᠵᠠᠷ ᠰᠢᠷᠣᠶ ᠨᠢ ᠥᠨᠳᠥᠷ ᠪᠣᠭᠤᠨᠢ ᠨᠢ ᠲᠡᠭᠰᠢ ᠦᠭᠡᠢ᠂ ᠤᠰᠤ ᠵᠠᠯᠠᠬᠤ ᠳᠤ ᠰᠠᠭᠠᠳ ᠦᠭᠡᠢ᠂ ᠰᠢᠰᠲ᠋ᠧᠮ ᠬᠡᠰᠡᠭ ᠨᠢ ᠡᠷᠦᠶ | ᠬᠤᠷᠤᠶ ᠦᠭᠡᠢ ᠪᠠᠶᠢᠵᠤ᠂ ᠲᠠᠷᠢᠶᠠᠴᠢᠳ ᠤᠨ ᠡᠵᠡᠩᠨᠡᠬᠦ ᠳᠤ ᠲᠤᠩ ᠳᠥᠭᠦᠮ ᠦᠭᠡᠢ ᠪᠠᠶᠢᠪᠠ᠃ ᠭᠠᠵᠠᠷ ᠰᠢᠷᠣᠶ ᠶᠢᠨ ᠶᠠᠰᠤ ᠴᠢᠨᠠᠷ ᠢ ᠤᠯᠠᠮ ᠴᠢᠨᠠᠭᠰᠢᠳᠠ | ᠳᠡᠭᠡᠭᠰᠢᠯᠡᠭᠦᠯᠬᠦ ᠶᠢᠨ ᠲᠥᠯᠥᠭᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠡᠨᠡ ᠵᠢᠯ᠂ ᠾᠧ ᠱᠧᠩ ᠪᠠᠯᠭᠠᠰᠤ ᠳᠡᠭᠡᠳᠦ ᠱᠠᠲᠤᠨ ᠠᠴᠠ ᠪᠠᠨ | 2.7 ᠲᠦᠮᠡᠨ ᠮᠥ ᠲᠠᠷᠢᠶᠠᠨ ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ ᠢ ᠴᠢᠷᠮᠠᠶᠢᠨ ᠣᠯᠵᠤ᠂ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ | 3100 ᠭᠠᠷᠤᠶ ᠲᠦᠮᠡᠨ ᠲᠥᠭᠦᠷᠢᠭ ᠲᠤ ᠬᠦᠷᠴᠦ᠂ ︽ᠭᠤᠷᠪᠠ ᠶᠢ ᠡᠪᠳᠡᠬᠦ᠂ ᠲᠠᠪᠤ ᠶᠢ ᠨᠢᠭᠡᠳᠬᠡᠬᠦ᠂ ᠨᠢᠭᠡ ᠶᠢ ᠰᠢᠨᠡᠳᠬᠡᠬᠦ︾ ᠶᠡᠭᠡ ᠪᠠᠷ ᠡᠪᠳᠡᠬᠦ ᠶᠡᠭᠡ ᠪᠠᠷ | ᠪᠠᠶᠢᠭᠤᠯᠬᠤ ᠴᠡᠭᠴᠡᠯᠡᠨ ᠵᠠᠰᠠᠬᠤ ᠵᠠᠭᠪᠤᠷ ᠢ ᠪᠦᠬᠦᠨ ᠢᠶᠠᠷ ᠨᠢ ᠬᠡᠷᠡᠭᠵᠢᠭᠦᠯᠵᠦ᠂ ᠲᠤᠬᠠᠶᠢᠯᠠᠪᠠᠯ ᠲᠠᠷᠢᠶᠠᠴᠢᠨ ᠡᠷᠦᠬᠡ ᠶᠢᠨ ᠳᠠᠭᠠᠭᠠᠴᠢᠯᠠᠯᠲᠠ ᠶᠢᠨ ᠵᠠᠭᠠᠭ᠂ ᠡᠮᠬᠢ | ᠵᠠᠮᠪᠠᠷᠠᠭ᠎ᠠ ᠦᠭᠡᠢ ᠭᠠᠵᠠᠷ ᠰᠢᠷᠣᠶ ᠶᠢᠨ ᠵᠠᠭᠠᠭ᠂ ᠡᠮᠬᠢ ᠵᠠᠮᠪᠠᠷᠠᠭ᠎ᠠ ᠦᠭᠡᠢ ᠰᠤᠪᠠᠭ ᠭᠤᠤ ᠶᠢᠨ ᠵᠠᠮ ᠢ ᠡᠪᠳᠡᠵᠦ᠂ ᠨᠢᠭᠡᠳᠦᠯᠲᠡᠶ ᠰᠤᠪᠠᠭ ᠮᠠᠯᠲᠠᠬᠤ᠂ ᠵᠠᠮ ᠵᠠᠰᠠᠬᠤ᠂ | ᠮᠣᠳᠣ ᠲᠠᠷᠢᠵᠤ ᠣᠶᠢᠵᠢᠭᠤᠯᠬᠤ᠂ ᠭᠠᠵᠠᠷ ᠰᠢᠷᠣᠶ ᠶᠢ ᠲᠡᠭᠰᠢᠯᠡᠬᠦ᠂ ᠭᠠᠵᠠᠷ ᠰᠢᠷᠣᠶ ᠶᠢ ᠬᠤᠪᠢᠶᠠᠷᠢᠯᠠᠬᠤ᠂ ᠳᠠᠬᠢᠨ ᠬᠤᠪᠢᠶᠠᠷᠢᠯᠠᠬᠤ᠂ ᠭᠠᠵᠠᠷ ᠰᠢᠷᠣᠶ ᠶᠢ ᠬᠡᠰᠡᠭ | ᠪᠣᠯᠭᠠᠬᠤ᠂ ᠲᠠᠷᠠᠬᠠᠶ ᠪᠤᠲᠠᠷᠬᠠᠶ ᠪᠣᠯᠭᠠᠬᠤ᠂ ᠬᠥᠷᠥᠰᠥ ᠰᠢᠷᠣᠶ ᠶᠢ ᠠᠷᠪᠢᠨ ᠬᠤᠷᠠᠮᠳᠤᠭᠤᠯᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ︽ᠰᠤᠪᠠᠭ | ᠭᠤᠤ ᠶᠢᠨ ᠵᠠᠮ ᠤᠨ ᠤᠢ ᠰᠢᠭᠤᠶ ᠲᠠᠷᠢᠶᠠᠨ ᠭᠠᠵᠠᠷ ᠤᠰᠤᠨ ᠴᠠᠬᠢᠯᠭᠠᠨ ᠤ ᠮᠡᠷᠭᠡᠵᠢᠯ︾ ᠢ ᠪᠦᠷᠢᠨ ᠲᠥᠬᠦᠷᠵᠢᠭᠦᠯᠬᠦ ᠶᠢ ᠪᠡᠶᠡᠯᠡᠭᠦᠯᠦᠨ᠎ᠡ᠃ ᠲᠥᠷᠥᠯ ᠵᠦᠢᠯ ᠤᠨ | ᠠᠵᠢᠯ ᠳᠠᠭᠤᠰᠤᠭᠰᠠᠨ ᠤ ᠳᠠᠷᠠᠭ᠎ᠠ᠂ ᠵᠢᠱᠢᠯᠲᠡ ᠪᠠᠷ ᠪᠠᠷᠤᠭ 30 ᠲᠦᠮᠡᠨ ᠳᠥᠷᠪᠡᠯᠵᠢᠨ ᠮᠧᠲᠷ ᠰᠢᠷᠣᠶ ᠶᠢᠨ ᠵᠣᠷ ᠢ ᠰᠢᠯᠵᠢᠭᠦᠯᠦᠨ ᠵᠥᠭᠡᠭᠡᠪᠦᠷᠢᠯᠡᠵᠦ᠂ ᠡᠯ᠎ᠡ | ᠱᠠᠲᠤᠨ ᠤ ᠰᠤᠪᠠᠭ ᠤᠨ ᠰᠢᠰᠲ᠋ᠧᠮ ᠢ 113 ᠺᠢᠯᠣᠮᠧᠲᠷ ᠨᠡᠭᠡᠭᠡᠨ ᠮᠠᠯᠲᠠᠵᠤ ᠥᠭᠡᠷᠡᠴᠢᠯᠡᠨ ᠪᠠᠶᠢᠭᠤᠯᠵᠤ᠂ 464 ᠬᠥᠭᠦᠷᠭᠡ ᠶᠢᠨ ᠭᠤᠯᠳᠤᠩ ᠬᠠᠭᠠᠯᠲᠠ ᠶᠢ | ᠰᠢᠨ᠎ᠡ ᠪᠠᠷ ᠵᠠᠰᠠᠨ ᠪᠠᠶᠢᠭᠤᠯᠵᠤ᠂ ᠰᠢᠨ᠎ᠡ ᠪᠠᠷ ᠥᠭᠡᠷᠡᠴᠢᠯᠡᠨ ᠪᠠᠶᠢᠭᠤᠯᠵᠤ ᠪᠠᠶᠢᠭ᠎ᠠ ᠡᠯ᠎ᠡ ᠱᠠᠲᠤᠨ ᠤ ᠲᠠᠷᠢᠶᠠᠨ ᠭᠠᠵᠠᠷ ᠤᠨ ᠵᠠᠮ 110 ᠺᠢᠯᠣᠮᠧᠲᠷ᠂ ᠰᠢᠨ᠎ᠡ ᠪᠠᠷ | ᠵᠠᠰᠠᠵᠤ ᠪᠠᠶᠢᠭ᠎ᠠ ᠤᠰᠤ ᠵᠠᠯᠠᠬᠤ ᠰᠤᠪᠠᠭ 7 ᠺᠢᠯᠣᠮᠧᠲᠷ᠂ ᠰᠢᠨ᠎ᠡ ᠪᠠᠷ ᠵᠠᠰᠠᠵᠤ ᠪᠠᠶᠢᠭ᠎ᠠ ᠲᠠᠷᠢᠶᠠᠨ ᠭᠠᠵᠠᠷ ᠤᠨ ᠬᠠᠯᠬᠠᠪᠴᠢ ᠣᠶ 1000 ᠭᠠᠷᠤᠶ ᠮᠥ᠂ | ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ 2700 ᠭᠠᠷᠤᠶ ᠮᠥ ᠪᠠᠶᠢᠵᠤ᠂ ᠵᠢᠱᠢᠯᠲᠡ ᠪᠠᠷ ᠲᠠᠷᠢᠶᠠᠴᠢᠨ ᠡᠷᠦᠬᠡ ᠶᠢᠨ ᠳᠤᠮᠳᠠᠴᠢ ᠣᠷᠣᠯᠭ᠎ᠠ 300 — 400 | ᠲᠥᠭᠦᠷᠢᠭ ᠣᠷᠴᠢᠮ ᠨᠡᠮᠡᠭᠳᠡᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠬᠦᠴᠦᠲᠡᠶ ᠠᠬᠢᠭᠤᠯᠬᠤ | ᠪᠣᠯᠤᠨ᠎ᠠ᠃ |