ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ | ︽ᠦᠶᠤᠸᠠᠨ ᠰᠢᠶᠠᠨ ᠤ ᠲᠤᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ | ᠬᠤᠯᠪᠣᠭᠳᠠᠯ ᠪᠦᠬᠦᠢ ᠨᠢᠭᠡᠴᠢ ᠳᠤ᠄ | ᠰᠢᠶᠠᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠤᠳᠤ ︽ᠦᠶᠤᠸᠠᠨ ᠰᠢᠶᠠᠨ ᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ | ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ | 2021 ᠣᠨ ᠤ 10 ᠰᠠᠷ᠎ᠠ ᠶᠢᠨ 21 ᠤ ᠡᠳᠦᠷ | ᠦᠶᠤᠸᠠᠨ ᠰᠢᠶᠠᠨ ᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ | ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠦᠷ ᠴᠠᠭ ᠤᠨ ᠠᠪᠤᠷᠠᠨ ᠲᠤᠰᠠᠯᠠᠯᠲᠠ ᠶᠢᠨ ᠦᠨᠳᠦᠰᠦᠨ | ᠵᠦᠢᠯ ᠢ ᠪᠠᠲᠤᠯᠠᠬᠤ᠂ ᠪᠠᠴᠢᠮ ᠪᠠᠶᠢᠳᠠᠯ ᠢ ᠠᠷᠭᠠᠴᠠᠬᠤ᠂ ᠰᠢᠯᠵᠢᠯᠲᠡ ᠬᠢᠬᠦ᠂ ᠵᠣᠯᠭᠠᠭᠤᠯᠬᠤ᠂ ᠨᠥᠬᠦᠪᠥᠷᠢᠯᠡᠬᠦ ᠲᠦᠷᠢᠮ ᠤᠨ ᠬᠦᠴᠦᠨ ᠴᠢᠳᠠᠪᠤᠷᠢ ᠶᠢ ᠭᠦᠢᠴᠡᠳ | ᠪᠠᠳᠠᠷᠠᠭᠤᠯᠤᠨ᠂ ᠪᠠᠴᠢᠮ ᠪᠡᠷᠬᠡ ᠠᠪᠤᠷᠠᠨ ᠲᠤᠰᠠᠯᠠᠬᠤ ᠴᠢᠳᠠᠮᠵᠢ ᠶᠢ ᠴᠢᠩᠭᠠᠷᠠᠭᠤᠯᠬᠤ ᠶᠢᠨ ᠲᠤᠰᠠᠳᠠ᠂ ᠬᠤᠲᠠ ᠬᠥᠳᠡᠭᠡ ᠶᠢᠨ ᠣᠯᠠᠨ ᠲᠦᠮᠡᠨ ᠤ ᠭᠡᠨᠡᠳᠲᠡ ᠶᠢᠨ | ᠴᠢᠨᠠᠷᠲᠠᠶ᠂ ᠲᠤᠯᠭᠠᠮ᠎ᠠ ᠴᠢᠨᠠᠷᠲᠠᠶ᠂ ᠲᠦᠷ ᠴᠠᠭ ᠤᠨ ᠴᠢᠨᠠᠷᠲᠠᠶ ᠦᠨᠳᠦᠰᠦᠨ ᠠᠮᠢᠳᠤᠷᠠᠯ ᠤᠨ ᠬᠦᠴᠢᠷᠳᠡᠯ ᠢ ᠦᠨᠡᠨᠬᠦ ᠰᠢᠢᠳᠪᠦᠷᠢᠯᠡᠨ᠎ᠡ᠃ ᠨᠡᠶᠢᠭᠡᠮ ᠤᠨ | ᠲᠤᠰᠠᠯᠠᠮᠵᠢ ᠶᠢᠨ ᠲᠦᠷ ᠬᠡᠷᠡᠭᠵᠢᠭᠦᠯᠬᠦ ᠠᠷᠭ᠎ᠠ ᠶᠢ ᠦᠨᠳᠦᠰᠦᠯᠡᠪᠡᠯ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 649 ᠳ᠋ᠦ᠋ᠭᠡᠷ ᠲᠣᠭᠠᠲᠤ︶᠂ ︽ᠲᠦᠷ | ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ | ᠶᠠᠮᠤᠨ ᠤ ᠰᠠᠨᠠᠯ︾ ︵ᠮᠢᠨ ᠲᠠᠷᠬᠠᠭᠠᠭᠰᠠᠨ ︹ 2018 ︺ 23 ᠳ᠋ᠤᠭᠠᠷ ᠲᠣᠭᠠᠲᠤ︶᠂ ︽ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ | ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠡᠳ᠋ ᠤᠨ | ᠵᠠᠰᠠᠭ ᠤᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠠᠷᠠᠳ ᠤᠨ ᠶᠠᠪᠤᠳᠠᠯ ᠲᠠᠷᠬᠠᠭᠠᠭᠰᠠᠨ ︹ 2018 ︺ 69 ᠳ᠋ᠦ᠋ᠭᠡᠷ ᠲᠣᠭᠠᠲᠤ︶᠂ ︽ᠲᠦᠷ | ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠶ ᠪᠠᠶᠠᠨᠨᠠᠭᠤᠷ ᠤᠨ ᠬᠤᠲᠠ ᠶᠢᠨ ᠠᠷᠠᠳ ᠤᠨ ᠶᠠᠪᠤᠳᠠᠯ ᠤᠨ | ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠪᠠ ᠮᠢᠨ ᠲᠠᠷᠬᠠᠭᠠᠭᠰᠠᠨ ︹ 2018 ︺ 427 ᠳ᠋ᠤᠭᠠᠷ ᠲᠣᠭᠠᠲᠤ︶ ᠪᠠ ︽ᠲᠦᠷ | ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠪᠠ ᠮᠢᠨ ᠲᠠᠷᠬᠠᠭᠠᠭᠰᠠᠨ ︹ 2021 ︺ 93 ᠳ᠋ᠤᠭᠠᠷ | ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠪᠠᠴᠢᠮ ᠴᠢᠨᠠᠷᠲᠠᠶ᠂ ᠲᠦᠷ ᠴᠠᠭ ᠤᠨ | ᠴᠢᠨᠠᠷᠲᠠᠶ ᠦᠨᠳᠦᠰᠦᠨ ᠠᠮᠢᠳᠤᠷᠠᠯ ᠤᠨ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ ᠲᠦᠷ ᠴᠠᠭ ᠤᠨ ᠠᠪᠤᠷᠠᠨ ᠲᠤᠰᠠᠯᠠᠬᠤ ᠳᠦᠷᠢᠮ ᠤᠨ | ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠬᠤ ᠪᠠᠷ ᠭᠤᠣᠯ ᠰᠢᠵᠢᠮ ᠪᠣᠯᠭᠠᠵᠤ᠂ ︽ᠬᠤᠷᠢᠭ᠎ᠠ ᠱᠤᠭᠤᠮ ᠢ ᠪᠠᠲᠤᠯᠠᠬᠤ᠂ ᠲᠣᠣᠷ ᠰᠦᠯᠵᠢᠬᠦ᠂ ᠲᠣᠭᠲᠠᠴᠠ | ᠪᠠᠶᠢᠭᠤᠯᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠳᠦᠰᠦᠨ ᠵᠦᠢᠯ ᠢ ᠪᠠᠲᠤᠯᠠᠬᠤ᠂ ᠥᠨᠳᠥᠷ ᠪᠦᠲᠦᠮᠵᠢᠲᠡᠶ ᠪᠠᠶᠢᠯᠭᠠᠬᠤ᠂ ᠵᠣᠯᠭᠠᠭᠤᠯᠬᠤ ᠶᠢ | ᠪᠠᠷᠢᠮᠲᠠᠯᠠᠨ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠂ ᠠᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠴᠠᠭ ᠲᠤᠬᠠᠶ ᠳᠤᠨᠢ ᠠᠪᠤᠷᠠᠨ ᠲᠤᠰᠠᠯᠠᠬᠤ᠂ | ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠠᠷᠭ᠎ᠠ ᠮᠠᠶ᠋ᠢᠭ ᠨᠢ ᠤᠯᠠᠨ ᠶᠠᠩᠵᠤ ᠶᠢᠨ᠂ ᠬᠠᠮᠢᠶᠠᠷᠤᠯᠲᠠ ᠨᠢ ᠵᠢᠷᠤᠮᠵᠢᠭᠰᠠᠨ ᠲᠦᠷ ᠴᠠᠭ ᠤᠨ ᠠᠪᠤᠷᠠᠨ ᠲᠤᠰᠠᠯᠠᠬᠤ | ᠠᠵᠢᠯ ᠤᠨ ᠪᠠᠶᠢᠷᠢᠰᠢᠯ ᠢ ᠲᠦᠷᠭᠡᠪᠴᠢᠯᠡᠨ ᠪᠤᠢ ᠪᠣᠯᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ | ᠪᠠᠬᠢ ᠪᠠᠶᠢᠭᠤᠯᠵᠤ᠂ ᠠᠷᠠᠳ ᠤᠯᠠᠨ ᠤ ᠦᠨᠳᠦᠰᠦᠨ ᠠᠮᠢᠳᠤᠷᠠᠯ ᠤᠨ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ | ᠬᠤᠶᠠᠷ᠂ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠪᠣᠯᠤᠨ ᠲᠥᠷᠥᠯ ᠢᠯᠭᠠᠯ | ᠲᠦᠷ ᠴᠠᠭ ᠤᠨ ᠠᠪᠤᠷᠠᠨ ᠲᠤᠰᠠᠯᠠᠬᠤ ᠡᠲᠡᠭᠡᠳ ᠨᠢ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ | ᠬᠥᠮᠦᠰ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠡᠷ ᠪᠦᠯᠢ ᠵᠢᠴᠢ ᠪᠤᠰᠤᠳ ᠣᠨᠴᠠᠭᠠᠶ | ᠬᠦᠴᠢᠷᠳᠡᠯ ᠳᠤ ᠲᠤᠯᠭᠠᠷᠠᠭᠠᠳ ᠥᠪᠡᠷ ᠢᠶᠠᠨ ᠢᠯᠠᠨ ᠳᠠᠪᠠᠭ᠋ᠤᠶᠠ ᠪᠡᠷᠬᠡ ᠬᠡᠷ ᠪᠦᠯᠢ ᠪᠣᠯᠤᠨ᠎ᠠ᠃ ᠲᠤᠬᠠᠶ ᠶᠢᠨ ᠭᠠᠵᠠᠷ ᠤᠨ ᠣᠷᠣᠰᠢᠨ ᠰᠠᠭᠤᠬᠤ ᠦᠨᠡᠮᠯᠡᠯ ᠥᠬᠡᠶ | ᠲᠣᠰ ᠭᠠᠵᠠᠷ ᠤᠨ ᠡᠷᠦᠬᠡ ᠠᠮᠠ ᠶᠢᠨ ᠲᠠᠩᠰᠠ ᠥᠬᠡᠶ ᠬᠥᠮᠦᠰ ᠤᠨ ᠭᠤᠶᠤᠴᠢᠯᠠᠯ ᠢ ᠪᠠᠴᠢᠮ ᠪᠡᠷᠬᠡ ᠭᠠᠷᠤᠭᠰᠠᠨ ᠭᠠᠵᠠᠷ ᠲᠤ ᠭᠥᠯᠢᠶᠡᠨ ᠠᠪᠴᠤ ᠬᠢᠨᠠᠨ | ᠬᠠᠷᠭᠤᠭᠤᠯᠤᠨ᠎ᠠ᠃ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠥᠬᠡᠶ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠦᠰ ᠢ ᠠᠮᠢᠳᠤᠷᠠᠯ ᠤᠨ ᠠᠷᠭ᠎ᠠ ᠥᠬᠡᠶ | ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠢᠨᠠᠨ | ᠬᠠᠷᠭᠤᠭᠤᠯᠵᠤ ᠬᠢᠨᠠᠨ ᠵᠥᠪᠰᠢᠶᠡᠷᠡᠵᠦ᠂ ᠲᠡᠩᠬᠡᠷᠡᠭᠦᠯᠦᠨ ᠲᠤᠰᠠᠯᠠᠬᠤ ᠶᠢ ᠬᠠᠩᠭᠠᠬᠤ ᠬᠡᠷᠡᠭᠲᠡᠶ᠃ | ︵ᠨᠢᠭᠡ︶ ᠪᠠᠴᠢᠮ ᠬᠦᠴᠢᠷᠳᠡᠯᠲᠡᠶ ᠬᠡᠯᠪᠡᠷᠢ ᠶᠢᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ | ᠪᠠᠴᠢᠮ ᠪᠡᠷᠬᠡ ᠬᠡᠯᠪᠡᠷᠢ ᠶᠢᠨ ᠬᠦᠴᠢᠷᠳᠡᠯ ᠳᠤ ᠲᠤᠯᠭᠠᠷᠠᠭᠰᠠᠨ ᠠᠪᠤᠷᠠᠨ ᠲᠤᠰᠠᠯᠠᠯᠲᠠ ᠳᠤ ᠭᠤᠤᠯᠳᠠᠭᠤ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ | ᠵᠡᠷᠭᠡ ᠰᠠᠨᠠᠭᠠᠨ ᠳᠤ ᠥᠬᠡᠶ ᠬᠡᠷᠡᠭ᠂ ᠬᠡᠷ ᠪᠦᠯᠢ ᠶᠢᠨ ᠪᠦᠷᠢᠯᠳᠦᠬᠦᠨ ᠤ ᠭᠡᠨᠡᠳᠲᠡ ᠶᠢᠨ ᠬᠦᠨᠳᠦ ᠶᠡᠭᠡ ᠡᠪᠡᠳᠴᠢᠨ ᠵᠢᠴᠢ ᠪᠤᠰᠤᠳ ᠣᠨᠴᠣᠭᠤᠶ ᠬᠦᠴᠢᠷᠳᠡᠯ ᠳᠤ | ᠲᠤᠯᠭᠠᠷᠠᠭᠰᠠᠨ ᠵᠡᠷᠭᠡ ᠰᠢᠯᠲᠠᠭᠠᠨ ᠠᠴᠠ ᠪᠣᠯᠵᠣ᠂ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ᠂ ᠳᠠᠷᠦ᠋ᠢᠬᠠᠨ | ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ ᠬᠡᠷ ᠪᠦᠯᠢ ᠪᠠ ᠬᠤᠪᠢ ᠬᠥᠮᠦᠨ ᠪᠠᠭᠲᠠᠨ᠎ᠠ᠃ | 1. ᠪᠠᠶᠢᠭᠠᠯᠢ ᠶᠢᠨ ᠭᠠᠮᠰᠢᠭ᠂ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ᠂ ᠤᠰᠤᠨ ᠳᠤ ᠴᠠᠴᠠᠬᠤ ᠵᠡᠷᠭᠡ ᠰᠠᠨᠠᠭᠠᠨ ᠳᠤ ᠦᠭᠡᠶ ᠬᠡᠷᠡᠭ ᠠᠴᠠ ᠪᠣᠯᠵᠤ᠂ | ᠬᠥᠮᠦᠨ ᠬᠠᠷ᠎ᠠ ᠥᠭᠦᠵᠦ ᠰᠢᠷᠬᠠᠲᠤᠭᠠᠳ᠂ ᠣᠷᠣᠨ ᠰᠠᠭᠤᠴᠠ ᠬᠦᠨᠳᠦ ᠨᠣᠴᠢᠲᠠᠶ ᠡᠪᠳᠡᠭᠳᠡᠨ ᠰᠦᠢᠳᠴᠦ ᠰᠠᠭᠤᠵᠤ ᠴᠢᠳᠠᠬᠤ ᠦᠭᠡᠶ ᠪᠣᠯᠤᠭᠰᠠᠨ ᠡᠯ᠎ᠡ ᠵᠦᠢᠯ ᠤᠨ | ᠲᠥᠯᠥᠪᠦᠷᠢ᠂ ᠳᠠᠭᠠᠳᠬᠠᠯ᠂ ᠠᠪᠤᠷᠠᠨ ᠲᠤᠰᠠᠯᠠᠬᠤ ᠨᠥᠬᠦᠪᠥᠷᠢ ᠮᠥᠩᠭᠦ ᠠᠪᠤᠭᠰᠠᠨ ᠤ ᠳᠠᠷᠠᠭ᠎ᠠ᠂ ᠦᠨᠳᠦᠰᠦᠨ ᠠᠮᠢᠳᠤᠷᠠᠯ ᠳᠤ ᠮᠥᠨ ᠬᠦ ᠬᠦᠨᠳᠦ ᠨᠣᠴᠢᠲᠠᠶ | ᠬᠦᠴᠢᠷᠳᠡᠯ ᠣᠷᠣᠰᠢᠵᠤ ᠪᠠᠶᠢᠬᠤ᠂ ᠡᠰᠡᠬᠦᠯ᠎ᠡ ᠳᠡᠭᠡᠷ᠎ᠡ ᠳᠤᠷᠠᠳᠤᠭᠰᠠᠨ ᠵᠡᠷᠭᠡ ᠰᠠᠨᠠᠭᠠᠨ ᠳᠤ ᠥᠬᠡᠶ ᠬᠡᠷᠡᠭ ᠲᠤ ᠤᠴᠠᠷᠠᠭᠰᠠᠨ ᠠᠴᠠ ᠪᠣᠯᠵᠣ᠂ ᠬᠠᠷᠢᠭᠤᠴᠠᠯᠭ᠎ᠠ ᠶᠢᠨ | ᠭᠤᠤᠯ ᠴᠣᠭᠴᠠ ᠨᠢ ᠲᠣᠳᠣᠷᠬᠠᠶ ᠥᠬᠡᠶ᠂ ᠬᠠᠷᠢᠭᠤᠴᠠᠯᠭ᠎ᠠ ᠶᠢᠨ ᠭᠤᠤᠯ ᠴᠣᠭᠴᠠ ᠨᠢ ᠳᠥᠯᠥᠬᠦ ᠴᠢᠳᠠᠪᠤᠷᠢ ᠥᠬᠡᠶ ᠮᠥᠷᠲᠡᠭᠡᠨ ᠬᠡᠷ ᠪᠦᠯᠢ ᠶᠢᠨ ᠲᠣᠰ ᠪᠡᠶ᠎ᠡ ᠨᠢ | ᠬᠠᠮᠢᠶ᠎ᠠ ᠪᠥᠬᠦᠶ ᠵᠠᠷᠤᠳᠠᠯ ᠢ ᠡᠭᠦᠷᠭᠡᠯᠡᠬᠦ ᠳᠤ ᠬᠦᠴᠢᠷᠲᠡᠶ ᠪᠠᠶᠢᠬᠤ ᠠᠴᠠ ᠪᠣᠯᠵᠣ᠂ ᠦᠨᠳᠦᠰᠦᠨ ᠠᠮᠢᠳᠤᠷᠠᠯ ᠳᠤ ᠲᠦᠷ ᠴᠠᠭ ᠬᠦᠨᠳᠦ ᠨᠣᠴᠢᠲᠠᠶ ᠬᠦᠴᠢᠷᠳᠡᠯ | ᠤᠴᠠᠷᠠᠭᠤᠯᠵᠤ᠂ ᠳᠠᠷᠦ᠋ᠢᠬᠠᠨ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠠᠪᠬᠤ ᠴᠢᠬᠤᠯᠠᠲᠠᠶ ᠬᠡᠷ ᠪᠦᠯᠢ ᠪᠠ ᠬᠤᠪᠢ ᠬᠥᠮᠦᠨ᠃ | 2. ᠭᠡᠷ ᠪᠦᠯᠢ ᠶᠢᠨ ᠪᠦᠷᠢᠯᠳᠦᠬᠦᠨ ᠤ ᠭᠡᠨᠡᠳᠲᠡ ᠶᠢᠨ ᠬᠦᠨᠳᠦ ᠶᠡᠭᠡ ᠡᠪᠡᠳᠴᠢᠨ ︵ᠬᠦᠨᠳᠦ ᠴᠢᠨᠠᠷᠲᠠᠶ ᠮᠡᠳᠡᠷᠡᠯ ᠤᠨ ᠡᠪᠡᠳᠴᠢᠨ ᠪᠠᠭᠲᠠᠨ᠎ᠠ︶ ᠠᠴᠠ ᠪᠤᠯᠵᠦ | ᠡᠮᠨᠡᠯᠭᠡ ᠳᠤ ᠲᠦᠷᠭᠡᠨ ᠣᠷᠣᠵᠤ ᠲᠦᠷᠭᠡᠨ ᠠᠪᠤᠷᠠᠵᠤ ᠡᠮᠨᠡᠨ ᠵᠠᠰᠠᠬᠤ ᠴᠢᠬᠤᠯᠠᠲᠠᠶ ᠪᠣᠯᠤᠭᠰᠠᠨ ᠠᠴᠠ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠶ | ᠬᠦᠴᠢᠷᠳᠡᠯ ᠤᠴᠠᠷᠠᠭᠤᠯᠤᠭᠰᠠᠨ ᠭᠡᠷ ᠪᠦᠯᠢ ᠪᠠ ᠬᠤᠪᠢ ᠬᠥᠮᠦᠨ᠃ | ︵ᠬᠤᠶᠠᠷ︶ ᠵᠠᠷᠤᠯᠭ᠎ᠠ ᠶᠢᠨ ᠬᠡᠯᠪᠡᠷᠢ ᠶᠢᠨ ᠲᠡᠩᠬᠡᠷᠡᠭᠦᠯᠦᠨ ᠲᠤᠰᠠᠯᠠᠬᠤ ᠡᠲᠡᠭᠡᠳ | ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯ ᠳᠤ ᠲᠤᠯᠭᠠᠷᠠᠭᠰᠠᠨ ᠠᠪᠤᠷᠠᠨ ᠲᠤᠰᠠᠯᠠᠯᠲᠠ ᠡᠭᠦᠨ ᠳᠤ ᠭᠤᠣᠯᠳᠠᠭᠤ ᠰᠤᠷᠭᠠᠨ ᠬᠥᠮᠦᠵᠢᠯ᠂ ᠡᠮ ᠡᠮᠨᠡᠯᠭᠡ᠂ | ᠬᠢᠵᠢᠭ ᠤᠨ ᠪᠠᠶᠢᠳᠠᠯ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠠᠷᠤᠯᠭ᠎ᠠ ᠭᠡᠨᠡᠳᠲᠡ ᠨᠡᠮᠡᠭᠳᠡᠭᠰᠡᠨ ᠠᠴᠠ ᠪᠣᠯᠵᠤ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ | ᠳᠠᠪᠠᠭᠰᠠᠨ᠂ ᠠᠮᠢᠳᠤᠷᠠᠯ ᠨᠢ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠭᠡᠷ ᠪᠦᠯᠢ ᠵᠠᠷᠴᠢᠮ ᠳᠡᠭᠡᠷ᠎ᠡ ᠪᠠᠨ ᠲᠡᠳᠡᠨ ᠤ ᠬᠡᠷ | ᠪᠦᠯᠢ ᠶᠢᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠲᠣᠰ ᠰᠢᠶᠠᠨ ᠤ ᠳᠡᠭᠡᠷ᠎ᠡ ᠵᠢᠯ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠠᠴᠠ ᠳᠣᠤᠷ᠎ᠠ ᠪᠠᠶᠢᠬᠤ ᠬᠡᠷᠡᠭᠲᠡᠶ ᠪᠥᠭᠡᠳ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ︽ᠪᠠᠶᠠᠨᠨᠠᠭᠤᠷ ᠬᠤᠲᠠ ᠶᠢᠨ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠡᠲᠡᠭᠡᠳ ᠢ ᠶᠡᠷᠦᠩᠬᠡᠶᠢᠯᠡᠨ ᠦᠨᠡᠮᠰᠢᠬᠦ ᠠᠷᠭ᠎ᠠ︾ ︵ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠡᠷ | ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠠᠷᠭ᠎ᠠ︾ ︵ᠪᠠᠶᠠᠨᠨᠠᠭᠤᠷ ᠬᠤᠲᠠ ᠶᠢᠨ ᠬᠤᠲᠠ ᠬᠥᠳᠡᠭᠡ ᠶᠢᠨ ᠣᠷᠣᠯᠭ᠎ᠠ ᠪᠠᠭᠠᠲᠠᠶ ᠬᠡᠷ ᠪᠦᠯᠢ ᠶᠢᠨ ᠠᠵᠤ | ᠠᠬᠤᠶ ᠶᠢᠨ ᠪᠠᠶᠢᠳᠠᠯ ᠢ ᠬᠠᠷᠭᠤᠭᠤᠯᠬᠤ ᠠᠷᠭ᠎ᠠ︾ ︵ᠪᠠᠶᠠᠨᠨᠠᠭᠤᠷ ᠬᠤᠲᠠ ︹ 2014 ︺ 69 ᠳ᠋ᠦ᠋ᠭᠡᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | 1. ᠬᠡᠷ ᠪᠦᠯᠢ ᠶᠢᠨ ᠪᠦᠷᠢᠯᠳᠦᠬᠦᠨ ᠨᠢ ᠬᠦᠨᠳᠦ ᠣᠨᠴᠠ ᠶᠡᠭᠡ ᠡᠪᠡᠳᠴᠢᠨ᠂ ᠬᠤᠪᠣᠷ ᠲᠣᠬᠢᠶᠠᠯᠳᠤᠬᠤ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠳᠤ | ᠨᠡᠷᠪᠡᠭᠳᠡᠭᠡᠳ ᠡᠮᠨᠡᠭᠦᠯᠬᠦ ᠴᠢᠬᠤᠯᠠ ᠲᠠᠢ ᠠᠴᠠ ᠪᠣᠯᠵᠣ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠳᠤ ᠤᠴᠠᠷᠠᠭᠠᠳ᠂ | ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠬᠤᠳᠠᠯᠳᠤᠭᠠᠨ ᠤ ᠨᠥᠬᠦᠪᠥᠷᠢ ᠡᠮᠴᠢᠯᠡᠭᠡᠨ ᠤ ᠳᠠᠭᠠᠳᠬᠠᠯ᠂ ᠡᠮᠴᠢᠯᠡᠭᠡᠨ ᠤ ᠠᠪᠤᠷᠠᠨ | ᠲᠤᠰᠠᠯᠠᠯᠲᠠ ᠶᠢ ᠥᠩᠭᠡᠷᠡᠭᠡᠭᠰᠡᠨ ᠤ ᠳᠠᠷᠠᠭ᠎ᠠ᠂ ᠬᠤᠪᠢ ᠬᠥᠮᠦᠨ ᠤ ᠥᠪᠡᠷᠲᠡᠭᠡᠨ ᠬᠠᠷᠢᠭᠤᠴᠠᠬᠤ ᠡᠮᠴᠢᠯᠡᠭᠡᠨ ᠤ ᠵᠠᠷᠤᠳᠠᠯ ᠨᠢ ᠵᠣᠬᠢᠬᠤ ᠲᠣᠭᠲᠠᠭᠰᠠᠨ ᠲᠤᠭ᠎ᠠ | ᠬᠡᠮᠵᠢᠶ᠎ᠡ ᠠᠴᠠ ᠬᠡᠲᠦᠷᠡᠭᠰᠡᠨ ᠬᠡᠷ ᠪᠦᠯᠢ᠃ | 2. ᠦᠷ᠎ᠡ ᠬᠡᠦᠬᠡᠳ ᠨᠢ ᠰᠤᠷᠬᠤ ᠨᠠᠰᠤᠨ ᠠᠴᠠ ᠡᠮᠦᠨᠡᠬᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠪᠦᠬᠦᠯᠢ ᠡᠳᠦᠷ ᠤᠨ ᠳᠦᠷᠢᠮᠲᠦ ᠶᠡᠭᠡ | ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠬᠦᠷᠳᠡᠭᠰᠡᠨ ᠠᠴᠠ ᠪᠤᠯᠵᠦ ︵ᠬᠤᠪᠢ ᠶᠢᠨ ᠵᠠᠷᠤᠳᠠᠯ ᠢᠶᠠᠷ | ᠰᠤᠷᠭᠠᠭᠤᠯᠢ ᠰᠣᠩᠭᠤᠬᠤ ᠰᠤᠷᠦᠬᠴᠢ ᠪᠠᠭᠲᠠᠬᠤ ᠤᠢᠭᠡᠢ︶ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠠᠷᠤᠯᠭ᠎ᠠ ᠶᠢ ᠭᠡᠨᠡᠳᠲᠡ ᠨᠡᠮᠡᠭᠳᠡᠭᠦᠯᠵᠦ᠂ ᠭᠡᠷ ᠪᠦᠯᠢ ᠶᠢᠨ | ᠳᠠᠭᠠᠭᠠᠬᠤ ᠴᠢᠳᠠᠪᠤᠷᠢ ᠠᠴᠠ ᠳᠠᠪᠠᠭᠤᠯᠵᠤ᠂ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠭᠡᠷ | ᠪᠦᠯᠢ ᠶᠢ ᠪᠤᠢ ᠪᠣᠯᠭᠠᠭᠰᠠᠨ᠃ | 3. ᠭᠡᠷ ᠪᠦᠯᠢ ᠶᠢᠨ ᠳᠣᠲᠣᠷᠠᠬᠢ ᠬᠦᠨᠳᠦ ᠵᠡᠮᠳᠡᠭ ᠬᠥᠮᠦᠨ ᠢ ᠬᠠᠷᠠᠭᠠᠯᠵᠠᠬᠤ ᠴᠢᠬᠤᠯᠠ ᠲᠠᠢ ᠠᠴᠠ ᠪᠤᠯᠵᠤ᠂ ᠭᠡᠷ ᠪᠦᠯᠢ ᠶᠢᠨ ᠪᠦᠷᠢᠯᠳᠦᠬᠦᠨ ᠢ ᠭᠠᠳᠠᠭᠰᠢ | ᠭᠠᠷᠴᠤ ᠠᠵᠢᠯ ᠬᠢᠬᠦ ᠶᠢᠨ ᠠᠷᠭ᠎ᠠ ᠦᠭᠡᠢ ᠪᠣᠯᠭᠠᠵᠤ᠂ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠲᠠᠢ ᠭᠡᠷ ᠪᠦᠯᠢ ᠶᠢ | ᠪᠤᠢ ᠪᠣᠯᠭᠠᠭᠰᠠᠨ ᠪᠠᠶᠢᠬᠤ᠃ | 4. ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠠᠭᠠᠶ ᠬᠦᠴᠢᠷᠳᠡᠯ ᠳᠤ ᠲᠤᠯᠭᠠᠷᠠᠭᠰᠠᠨ ᠭᠡᠷ ᠪᠦᠯᠢ᠃ | ᠭᠤᠷᠪᠠ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ | ︵ᠨᠢᠭᠡ︶ ᠪᠠᠴᠢᠮ ᠬᠦᠴᠢᠷᠲᠡᠶ ᠬᠡᠯᠪᠡᠷᠢ ᠶᠢᠨ ᠠᠪᠤᠷᠠᠨ ᠲᠤᠰᠠᠯᠠᠬᠤ ᠶᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ᠃ ᠪᠠᠴᠢᠮ ᠬᠦᠴᠢᠷᠳᠡᠯ ᠲᠠᠢ ᠠᠪᠤᠷᠠᠨ | ᠲᠤᠰᠠᠯᠠᠬᠤ ᠡᠲᠡᠭᠡᠳ ᠪᠠᠴᠢᠮ ᠬᠦᠴᠢᠷᠳᠡᠯ ᠲᠠᠢ ᠭᠠᠵᠠᠷ ᠲᠤ ᠠᠪᠤᠷᠠᠨ ᠲᠤᠰᠠᠯᠠᠬᠤ ᠭᠤᠶᠤᠴᠢᠯᠠᠯ ᠭᠠᠷᠭᠠᠵᠤ᠂ ᠪᠠᠴᠢᠮ ᠪᠠᠶᠢᠳᠠᠯ ᠳᠤ ᠳᠠᠷᠤᠶ ᠲᠦᠷᠭᠡᠨ ᠠᠪᠤᠷᠠᠨ | ᠲᠤᠰᠠᠯᠠᠬᠤ ᠠᠷᠭ᠎ᠠ ᠬᠡᠮᠵᠢᠶ᠎ᠡ ᠠᠪᠴᠤ ᠪᠠᠶᠢᠭᠠᠳ ᠡᠭᠡᠭᠦᠯᠦᠨ ᠠᠪᠴᠢᠷᠠᠬᠤ ᠶᠢᠨ ᠠᠷᠭ᠎ᠠ ᠦᠭᠡᠶ ᠬᠤᠬᠢᠷᠠᠯ ᠪᠤᠶᠤ ᠬᠤᠪᠢᠷᠠᠭᠤᠯᠬᠤ ᠶᠢᠨ ᠠᠷᠭ᠎ᠠ ᠦᠭᠡᠶ ᠬᠦᠨᠳᠦ | ᠨᠣᠴᠢᠲᠠᠶ ᠤᠷᠰᠢᠭ ᠲᠠᠲᠠᠬᠤ ᠠᠴᠠ ᠰᠡᠷᠭᠡᠶᠢᠯᠡᠬᠦ ᠬᠡᠷᠡᠭᠲᠡᠶ ᠪᠠᠶᠢᠪᠠᠯ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠰᠤᠮᠤ ᠪᠠᠯᠭᠠᠰᠤ ︵ᠬᠡᠷᠡᠭ ᠡᠷᠬᠢᠯᠡᠬᠦ | ᠭᠠᠵᠠᠷ︶᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠨᠢ ᠭᠤᠶᠤᠴᠢᠯᠠᠯ ᠢ ᠰᠢᠭᠤᠳ ᠬᠦᠯᠢᠶᠡᠨ ᠠᠪᠴᠤ ᠰᠢᠢᠳᠪᠦᠷᠢᠯᠡᠬᠦ᠂ ᠰᠢᠭᠤᠳ ᠬᠢᠨᠠᠨ ᠬᠠᠷᠭᠤᠭᠤᠯᠵᠤ | ᠨᠤᠲᠠᠯᠠᠬᠤ᠂ ᠴᠠᠭ ᠲᠤᠬᠠᠶ ᠳᠤᠨᠢ ᠣᠯᠭᠤᠬᠤ ᠬᠡᠯᠪᠡᠷᠢ ᠶᠢ ᠠᠪᠴᠤ ᠪᠣᠯᠤᠨ᠎ᠠ᠃ ︽ᠤᠷᠢᠳᠠᠪᠠᠷ ᠲᠡᠩᠬᠡᠷᠡᠭᠦᠯᠦᠨ ᠲᠤᠰᠠᠯᠠᠬᠤ︾᠂ ᠬᠡᠷ ᠪᠦᠯᠢ ᠶᠢᠨ ᠠᠵᠤ ᠠᠬᠤᠶ ᠶᠢᠨ | ᠪᠠᠶᠢᠳᠠᠯ ᠢ ᠬᠠᠷᠭᠤᠭᠤᠯᠬᠤ᠂ ᠢᠯᠡ ᠨᠡᠶᠢᠲᠡᠯᠡᠬᠦ ᠵᠡᠷᠭᠡ ᠭᠤᠭᠴᠤᠭ᠎ᠠ ᠶᠢ ᠬᠦᠴᠦᠨ ᠥᠬᠡᠶ ᠪᠣᠯᠭᠠᠵᠤ᠂ ᠰᠢᠭᠤᠳ ᠲᠡᠩᠬᠡᠷᠡᠭᠦᠯᠦᠨ ᠲᠤᠰᠠᠯᠠᠵᠤ᠂ ᠪᠠᠴᠢᠮ ᠬᠦᠴᠢᠷᠲᠡᠶ | ᠪᠠᠶᠢᠳᠠᠯ ᠢ ᠲᠠᠶᠢᠯᠤᠭᠰᠠᠨ ᠤ ᠳᠠᠷᠠᠭ᠎ᠠ᠂ ᠲᠡᠩᠬᠡᠷᠡᠭᠦᠯᠦᠨ ᠲᠤᠰᠠᠯᠠᠬᠤ ᠡᠲᠡᠭᠡᠳ᠂ ᠲᠡᠩᠬᠡᠷᠡᠭᠦᠯᠦᠨ ᠲᠤᠰᠠᠯᠠᠬᠤ ᠤᠴᠢᠷ ᠰᠢᠯᠲᠠᠭᠠᠨ᠂ ᠲᠡᠩᠬᠡᠷᠡᠭᠦᠯᠦᠨ ᠲᠤᠰᠠᠯᠠᠬᠤ | ᠵᠣᠭᠤᠰ ᠤᠨ ᠲᠤᠭ᠎ᠠ ᠵᠡᠷᠭᠡ ᠮᠡᠳᠡᠭᠡ ᠵᠠᠩᠭᠢ ᠶᠢ ᠪᠦᠷᠢᠳᠬᠡᠨ᠂ ᠭᠠᠷᠲᠠᠨ ᠭᠦᠶ᠋ᠴᠡᠳᠬᠡᠬᠦ ᠠᠵᠢᠯᠲᠠᠨ ᠤ ᠭᠠᠷ ᠤᠨ ᠥᠰᠥᠭ ᠵᠢᠷᠤᠬᠤ᠂ ᠲᠠᠮᠠᠭ᠎ᠠ ᠳᠠᠷᠤᠬᠤ ᠭᠠᠷᠳᠠᠮ ᠢ | ᠨᠥᠬᠦᠪᠥᠷᠢᠯᠡᠨ᠎ᠡ᠃ ︽ᠤᠷᠢᠳᠠᠪᠠᠷ ᠠᠪᠤᠷᠠᠨ ᠲᠤᠰᠠᠯᠠᠬᠤ︾ ᠨᠥᠬᠦᠴᠡᠯ ᠳᠤ ᠨᠡᠶᠢᠴᠡᠪᠡᠯ᠂ ᠬᠤᠲᠠ ᠲᠣᠭᠤᠷᠢᠭ ᠨᠢ 2 ᠠᠵᠢᠯᠯᠠᠬᠤ ᠡᠳᠦᠷ ᠤᠨ ᠳᠣᠲᠣᠷ᠎ᠠ ᠬᠢᠨᠠᠨ | ᠵᠥᠪᠰᠢᠶᠡᠷᠡᠬᠦ ᠠᠵᠢᠯ ᠢ ᠪᠡᠶᠡᠯᠡᠭᠦᠯᠵᠦ᠂ ᠬᠥᠳᠡᠭᠡ ᠲᠣᠰᠬᠤᠨ ᠨᠢ 4 ᠠᠵᠢᠯᠯᠠᠬᠤ ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠠᠵᠢᠯ ᠢ ᠪᠡᠶᠡᠯᠡᠭᠦᠯᠬᠦ ᠬᠡᠷᠡᠭᠲᠡᠶ᠃ | ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠤᠨ ᠲᠤᠰ ᠵᠢᠯ ᠤᠨ ᠰᠠᠷ᠎ᠠ ᠶᠢᠨ ᠬᠤᠳᠠ ᠶᠢᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢᠨ 3 ᠲᠡᠬᠢᠠ ᠠᠴᠠ ᠳᠣᠣᠷ᠎ᠠ ᠪᠠᠶᠢᠯᠭᠠᠬᠤ ᠥᠭᠡᠢ ᠶᠢᠨ ᠬᠠᠮᠲᠤ ᠪᠡᠯᠡ ᠮᠥᠩᠭᠦ ᠣᠯᠭᠤᠬᠤ ᠭᠠᠷᠳᠠᠮ ᠢ ᠲᠡᠭᠦᠯᠳᠡᠷᠵᠢᠭᠦᠯᠬᠦ ᠶᠢᠨ ᠬᠠᠮᠲᠤ | ᠠᠵᠢᠯ ᠣᠨ ᠡᠭᠡ ᠲᠡᠩᠰᠠ ᠪᠠᠶᠢᠭᠤᠯᠬᠤ | ︵ᠬᠤᠶᠠᠷ︶ ᠵᠠᠷᠤᠯᠭ᠎ᠠ ᠶᠢᠨ ᠬᠡᠯᠪᠡᠷᠢ ᠶᠢᠨ ᠲᠡᠩᠬᠡᠷᠡᠭᠦᠯᠦᠨ ᠲᠤᠰᠠᠯᠠᠬᠤ ᠶᠢ ᠬᠢᠨᠠᠨ ᠵᠥᠪᠰᠢᠶᠡᠷᠡᠬᠦ ᠲᠠᠰ ᠳᠠᠷᠠᠭᠠᠯᠠᠯ᠃ ᠵᠠᠷᠤᠯᠭ᠎ᠠ ᠶᠢᠨ ᠬᠡᠯᠪᠡᠷᠢ ᠶᠢᠨ ᠠᠪᠤᠷᠠᠨ | ᠲᠤᠰᠠᠯᠠᠬᠤ ᠡᠲᠡᠭᠡᠳ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠪᠤᠶᠤ ᠰᠠᠭᠤᠭ᠎ᠠ ᠭᠠᠵᠠᠷ ᠤᠨ ᠠᠷᠠᠳ ᠤᠨ ᠶᠠᠪᠤᠳᠠᠯ ᠤᠨ ᠨᠡᠶᠢᠭᠡᠮ ᠤᠨ ᠠᠪᠤᠷᠠᠨ ᠲᠤᠰᠠᠯᠠᠬᠤ | ᠴᠣᠩᠬᠤᠨ ᠳᠤ ᠠᠪᠤᠷᠠᠨ ᠲᠤᠰᠠᠯᠠᠬᠤ ᠭᠤᠶᠤᠴᠢᠯᠠᠯ ᠭᠠᠷᠭᠠᠵᠤ᠂ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ᠂ ᠡᠷᠦᠬᠡ ᠳᠤ ᠬᠦᠷᠴᠦ | ᠪᠠᠶᠢᠴᠠᠭᠠᠯᠲᠠ ᠬᠢᠬᠦ᠂ ᠠᠷᠠᠳᠴᠢᠯᠠᠯ ᠢᠶᠠᠷ ᠦᠨᠡᠯᠡᠬᠦ᠂ ᠢᠯᠡ ᠨᠡᠶᠢᠲᠡᠯᠡᠬᠦ ᠵᠡᠷᠭᠡ ᠬᠢᠨᠠᠨ ᠵᠥᠪᠰᠢᠶᠡᠷᠡᠬᠦ ᠳᠡᠰ ᠳᠠᠷᠠᠭ᠎ᠠ ᠶᠢ ᠴᠢᠩᠭ᠎ᠠ ᠵᠢᠷᠤᠮᠯᠠᠨ ᠭᠦᠢᠴᠡᠳᠬᠡᠵᠦ᠂ ᠲᠦᠷ | ᠴᠠᠭ ᠤᠨ ᠠᠪᠤᠷᠠᠨ ᠲᠤᠰᠠᠯᠠᠯᠲᠠ ᠭᠤᠶᠤᠴᠢᠯᠠᠬᠤ ᠳᠠᠭᠠᠨ ︽ᠲᠦᠷ ᠴᠠᠭ ᠤᠨ ᠠᠪᠤᠷᠠᠨ ᠲᠤᠰᠠᠯᠠᠯᠲᠠ ᠶᠢᠨ ᠭᠤᠶᠤᠴᠢᠯᠠᠯ ᠤᠨ ᠪᠢᠴᠢᠭ︾᠂ ᠪᠡᠶ᠎ᠡ ᠶᠢᠨ ᠦᠨᠡᠮᠯᠡᠯ᠂ | ᠬᠡᠷ ᠪᠦᠯᠢ ᠶᠢᠨ ᠦᠨᠳᠦᠰᠦᠨ ᠪᠠᠶᠢᠳᠠᠯ ᠪᠠ ᠲᠤᠯᠭᠠᠷᠠᠭᠰᠠᠨ ᠬᠦᠴᠢᠷᠳᠡᠯ ᠤᠨ ᠭᠡᠷᠡᠴᠢ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠬᠠᠩᠭᠠᠬᠤ ᠶᠢᠨ ᠬᠠᠮᠲᠤ ︽ᠬᠡᠷ | ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢ ᠬᠠᠷᠭᠤᠭᠤᠯᠤᠨ ᠡᠷᠬᠡ ᠣᠯᠭᠤᠬᠤ ᠪᠢᠴᠢᠭ︾ ᠲᠤ ᠭᠠᠷ ᠤᠨ ᠥᠰᠥᠭ ᠵᠢᠷᠤᠵᠤ᠂ ᠡᠯ᠎ᠡ ᠭᠠᠵᠠᠷ ᠤᠨ ᠬᠢᠨ ᠭᠡᠷᠡᠴᠢᠯᠡᠬᠦ | ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠲᠠᠪᠴᠠᠩ ᠢᠶᠠᠷ ᠳᠡᠮᠵᠢᠨ ᠪᠠᠶᠢᠴᠠᠭᠠᠨ | ᠯᠠᠪᠯᠠᠵᠤ ᠪᠣᠯᠬᠤ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠬᠡᠷᠡᠭᠲᠡᠶ᠃ ᠭᠤᠶᠤᠴᠢᠯᠠᠭᠳᠠᠭᠰᠠᠳ ᠤᠨ ᠳᠣᠲᠣᠷᠠᠬᠢ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠬᠡᠷ ᠪᠦᠯᠢ ᠵᠢᠴᠢ ᠲᠡᠭᠦᠨ ᠤ ᠪᠦᠷᠢᠯᠳᠦᠬᠦᠨ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ ᠤᠨ ᠠᠮᠢᠳᠤᠷᠠᠯ ᠤᠨ | ᠡᠷᠬᠡᠪᠰᠢ ᠵᠠᠷᠤᠴᠠᠭᠤᠯᠬᠤ ᠵᠠᠷᠤᠯᠭ᠎ᠠ ᠶᠢᠨ ᠪᠠᠶᠢᠳᠠᠯ ᠢ ᠭᠤᠤᠯᠳᠠᠯᠭ᠎ᠠ ᠲᠠᠢ ᠬᠢᠨᠠᠨ ᠬᠠᠷᠭᠤᠭᠤᠯᠵᠤ᠂ ᠭᠤᠶᠤᠴᠢᠯᠠᠬᠤ ᠠᠴᠠ ᠡᠮᠦᠨ᠎ᠡ 6 ᠰᠠᠷ᠎ᠠ ᠶᠢᠨ ᠳᠣᠲᠣᠷ᠎ᠠ ᠬᠡᠷ | ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠠᠪᠴᠠᠩ ᠢᠶᠠᠷ ᠳᠡᠮᠵᠢᠨ ᠬᠡᠷ ᠪᠦᠯᠢ ᠶᠢᠨ ᠣᠷᠣᠯᠭ᠎ᠠ᠂ ᠡᠳ᠋ ᠬᠥᠷᠥᠩᠭᠡ ᠶᠢ ᠬᠠᠷᠭᠤᠭᠤᠯᠤᠭᠰᠠᠨ ᠪᠠᠶᠢᠪᠠᠯ᠂ | ᠣᠶᠢᠷ᠎ᠠ ᠶᠢᠨ ᠬᠤᠭᠤᠴᠠᠭᠠᠨ ᠤ ᠬᠠᠷᠭᠤᠭᠤᠯᠤᠭᠰᠠᠨ ᠮᠡᠳᠡᠭᠦᠯᠦᠯᠲᠡ ᠶᠢ ᠲᠦᠷ ᠴᠠᠭ ᠤᠨ ᠠᠪᠤᠷᠠᠨ ᠲᠤᠰᠠᠯᠠᠬᠤ ᠶᠢᠨ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ | ᠦᠨᠳᠦᠰᠦᠯᠡᠯ ᠪᠣᠯᠭᠠᠵᠤ ᠪᠣᠯᠤᠨ᠎ᠠ᠃ | ᠵᠠᠷᠴᠢᠮ ᠳᠡᠭᠡᠷ᠎ᠡ ᠪᠠᠨ ᠭᠤᠶᠤᠴᠢᠯᠠᠭᠴᠢ ᠠᠳᠠᠯᠢ ᠤᠴᠢᠷ ᠰᠢᠯᠲᠠᠭᠠᠨ ᠢᠶᠠᠷ ᠨᠢᠭᠡ ᠵᠢᠯ ᠤᠨ ᠳᠣᠲᠣᠷ᠎ᠠ ᠲᠦᠷ ᠴᠠᠭ ᠤᠨ ᠠᠪᠤᠷᠠᠨ ᠲᠤᠰᠠᠯᠠᠯᠲᠠ | ᠭᠤᠶᠤᠴᠢᠯᠠᠬᠤ ᠳᠠᠭᠠᠨ ᠬᠤᠶᠠᠷ ᠤᠳᠠᠭ᠎ᠠ ᠠᠴᠠ ᠬᠡᠲᠦᠷᠡᠭᠦᠯᠵᠦ ᠪᠣᠯᠬᠤ ᠥᠬᠡᠶ᠃ ᠠᠪᠤᠷᠠᠨ ᠲᠤᠰᠠᠯᠠᠬᠤ ᠡᠲᠡᠭᠡᠳ ᠤᠨ ᠪᠠᠴᠢᠮ ᠬᠦᠴᠢᠷᠳᠡᠯ ᠳᠤ ᠲᠤᠯᠭᠠᠷᠠᠭᠰᠠᠨ | ᠪᠣᠳᠠᠲᠠᠶ ᠪᠠᠶᠢᠳᠠᠯ ᠢ ᠦᠨᠳᠦᠰᠦᠯᠡᠨ᠂ ︽ᠳᠠᠭᠠᠵᠤ ᠠᠪᠤᠷᠠᠨ ᠲᠤᠰᠠᠯᠠᠬᠤ︾᠂ ︽ᠨᠢᠭᠡ ᠯᠡ ᠤᠳᠠᠭ᠎ᠠ ᠳᠤ ᠬᠢᠨᠠᠨ ᠵᠥᠪᠰᠢᠶᠡᠷᠡᠬᠦ᠂ ᠱᠠᠲᠤ ᠬᠤᠪᠢᠶᠠᠨ ᠠᠪᠤᠷᠠᠨ | ᠲᠤᠰᠠᠯᠠᠬᠤ︾ ᠠᠷᠭ᠎ᠠ ᠮᠠᠶ᠋ᠢᠭ ᠢ ᠠᠪᠴᠤ᠂ ᠠᠪᠤᠷᠠᠨ ᠲᠤᠰᠠᠯᠠᠬᠤ ᠶᠢᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠳᠥᠷᠪᠡ᠂ ᠠᠪᠤᠷᠠᠨ ᠲᠤᠰᠠᠯᠠᠬᠤ ᠪᠠᠷᠢᠮᠵᠢᠶ᠎ᠠ | ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠮᠠᠨ ᠤ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠲᠠᠢ ᠬᠤᠯᠪᠣᠭᠳᠠᠭᠤᠯᠵᠤ᠂ ᠠᠪᠤᠷᠠᠨ ᠲᠤᠰᠠᠯᠠᠬᠤ ᠡᠲᠡᠭᠡᠳ ᠤᠨ ᠬᠡᠷ ᠪᠦᠯᠢ ᠶᠢᠨ ᠬᠥᠮᠦᠨ ᠠᠮᠠ᠂ ᠬᠦᠴᠢᠷᠳᠡᠯ ᠤᠨ ᠲᠥᠷᠥᠯ ᠬᠡᠯᠪᠡᠷᠢ᠂ | ᠬᠦᠴᠢᠷᠳᠡᠯ ᠤᠨ ᠬᠡᠮᠵᠢᠶ᠎ᠡ ᠪᠠ ᠬᠦᠴᠢᠷᠳᠡᠯ ᠤᠨ ᠦᠷᠭᠦᠯᠵᠢᠯᠡᠭᠰᠡᠨ ᠴᠠᠭ ᠵᠡᠷᠭᠡ ᠬᠦᠴᠦᠨ ᠵᠦᠢᠯ ᠢ ᠦᠨᠳᠦᠰᠦᠯᠡᠨ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠲᠥᠷᠥᠯ | ᠬᠤᠪᠢᠶᠠᠨ ᠪᠤᠳᠤᠨ᠎ᠠ᠃ ᠠᠪᠤᠷᠠᠨ ᠲᠤᠰᠠᠯᠠᠬᠤ ᠡᠲᠡᠭᠡᠳ ᠤᠨ ᠠᠳᠠᠯᠢ ᠪᠤᠰᠤ ᠬᠦᠴᠢᠷᠳᠡᠯ ᠲᠠᠢ ᠪᠠᠶᠢᠳᠠᠯ ᠢ ᠦᠨᠳᠦᠰᠦᠯᠡᠨ ᠠᠪᠤᠷᠠᠨ ᠲᠤᠰᠠᠯᠠᠬᠤ ᠲᠦᠷᠦᠯ ᠵᠦᠢᠯ ᠢ | ᠲᠣᠭᠲᠠᠭᠠᠨ᠎ᠠ᠃ ᠠᠳᠠᠯᠢ ᠨᠢᠭᠡ ᠲᠥᠷᠥᠯ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠨᠢ ᠠᠳᠠᠯᠢ ᠪᠤᠰᠤ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠠᠪᠤᠷᠠᠨ | ᠲᠤᠰᠠᠯᠠᠬᠤ ᠲᠠᠰ ᠢ ᠲᠣᠭᠲᠠᠭᠠᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠦᠷ ᠴᠠᠭ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ | ᠃ | ︵ᠨᠢᠭᠡ︶ ᠪᠠᠴᠢᠮ ᠬᠦᠴᠢᠷᠳᠡᠯᠲᠡᠶ ᠬᠡᠯᠪᠡᠷᠢ ᠶᠢᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ | 1. ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠯ᠂ ᠤᠰᠤᠨ ᠳᠤ ᠴᠠᠴᠠᠬᠤ ᠵᠡᠷᠭᠡ ᠭᠡᠨᠡᠳᠲᠡ ᠶᠢᠨ ᠠᠳᠡᠯ ᠳᠤ ᠤᠴᠠᠷᠠᠭᠰᠠᠨ ᠠᠴᠠ ᠪᠣᠯᠵᠣ ᠬᠥᠮᠦᠨ | ᠬᠠᠷ᠎ᠠ ᠬᠦᠨᠳᠦ ᠨᠣᠴᠢᠲᠠᠶ ᠥᠭᠦᠵᠦ ᠰᠢᠷᠬᠠᠲᠤᠭᠰᠠᠨ᠂ ᠣᠷᠣᠨ ᠰᠠᠭᠤᠴᠠ ᠨᠢ ᠬᠦᠨᠳᠦ ᠨᠣᠴᠢᠲᠠᠶ ᠡᠪᠳᠡᠷᠡᠵᠦ ᠬᠤᠬᠢᠷᠠᠭᠠᠳ ᠰᠠᠭᠤᠵᠤ ᠳᠡᠶᠢᠯᠬᠦ ᠥᠬᠡᠶ ᠪᠣᠯᠤᠭᠰᠠᠨ᠂ | ᠬᠠᠷᠢᠭᠤᠴᠠᠯᠭ᠎ᠠ ᠶᠢᠨ ᠲᠥᠯᠥᠪᠦᠷᠢ ᠶᠢ ᠴᠠᠭ ᠲᠤᠬᠠᠶ ᠳᠤᠨᠢ ᠪᠣᠳᠠᠲᠠᠶᠢᠵᠢᠭᠤᠯᠵᠤ ᠳᠡᠶᠢᠯᠬᠦ ᠥᠬᠡᠶ ᠪᠤᠶᠤ ᠬᠠᠷᠢᠭᠤᠴᠠᠯᠭ᠎ᠠ ᠶᠢᠨ ᠲᠥᠯᠥᠪᠦᠷᠢ ᠶᠢᠨ ᠲᠠᠯ᠎ᠠ ᠥᠬᠡᠶ ᠠᠴᠠ | ᠪᠣᠯᠵᠣ᠂ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠲᠠᠢ ᠪᠣᠯᠤᠭᠰᠠᠨ ᠬᠡᠷ ᠪᠦᠯᠢ ᠪᠤᠶᠤ ᠬᠤᠪᠢ ᠬᠥᠮᠦᠨ ᠳᠤ᠂ ᠬᠡᠷ ᠪᠦᠯᠢ ᠶᠢᠨ | ᠪᠣᠳᠠᠲᠠᠶ ᠤᠴᠠᠷᠠᠭᠰᠠᠨ ᠬᠥᠮᠦᠨ ᠤ ᠲᠤᠭ᠎ᠠ ᠶᠢ ᠦᠨᠳᠦᠰᠦᠯᠡᠨ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠶᠢᠨ 6 ᠳᠠᠬᠢᠨ ᠠᠴᠠ ᠬᠡᠲᠦᠷᠡᠭᠦᠯᠬᠦ ᠥᠬᠡᠶ ᠪᠠᠷ ᠦᠨᠳᠦᠰᠦᠨ ᠠᠮᠢᠳᠤᠷᠠᠯ ᠤᠨ ᠨᠢᠭᠡ ᠤᠳᠠᠭ᠎ᠠ ᠶᠢᠨ ᠴᠢᠨᠠᠷᠲᠠᠶ ᠠᠪᠤᠷᠠᠨ ᠲᠤᠰᠠᠯᠠᠯᠲᠠ ᠣᠯᠭᠤᠨ᠎ᠠ᠃ | 2. ᠬᠡᠷ ᠪᠦᠯᠢ ᠶᠢᠨ ᠪᠦᠷᠢᠯᠳᠦᠬᠦᠨ ᠤ ᠭᠡᠨᠡᠳᠲᠡ ᠶᠢᠨ ᠬᠦᠨᠳᠦ ᠶᠡᠭᠡ ᠡᠪᠡᠳᠴᠢᠨ ᠡᠮᠭᠡᠭ ᠠᠴᠠ ᠪᠣᠯᠵᠣ ᠡᠮᠨᠡᠯᠭᠡ ᠳᠤ ᠲᠦᠷᠭᠡᠨ ᠣᠷᠣᠵᠤ ᠲᠦᠷᠭᠡᠨ | ᠠᠪᠤᠷᠠᠵᠤ ᠡᠮᠨᠡᠨ ᠵᠠᠰᠠᠬᠤ ᠴᠢᠬᠤᠯᠠᠲᠠᠶ ᠪᠣᠯᠵᠣ᠂ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠪᠠ ᠣᠷᠣᠯᠭ᠎ᠠ ᠪᠠᠭᠠᠲᠠᠶ ᠬᠦᠴᠢᠷᠳᠡᠯᠲᠡᠶ ᠬᠡᠷ ᠪᠦᠯᠢ ᠳᠤ᠂ ᠡᠪᠡᠳᠴᠢᠯᠡᠭᠰᠡᠨ ᠪᠦᠷᠢᠯᠳᠦᠬᠦᠨ ᠨᠢ ᠬᠤᠲᠠ ᠪᠠᠯᠭᠠᠰᠤ ᠶᠢᠨ | ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 6 ᠳᠠᠬᠢᠨ ᠠᠴᠠ ᠬᠡᠲᠦᠷᠡᠬᠦ ᠥᠬᠡᠶ ᠪᠠᠷ ᠨᠢᠭᠡ ᠤᠳᠠᠭ᠎ᠠ ᠶᠢᠨ ᠴᠢᠨᠠᠷᠲᠠᠶ | ᠦᠨᠳᠦᠰᠦᠨ ᠠᠮᠢᠳᠤᠷᠠᠯ ᠤᠨ ᠪᠠᠴᠢᠮ ᠠᠪᠤᠷᠠᠨ ᠲᠤᠰᠠᠯᠠᠯᠲᠠ ᠣᠯᠭᠤᠨ᠎ᠠ᠃ | 3. ᠲᠤᠬᠠᠶ ᠶᠢᠨ ᠭᠠᠵᠠᠷ ᠤᠨ ᠣᠷᠣᠰᠢᠨ ᠰᠠᠭᠤᠬᠤ ᠦᠨᠡᠮᠯᠡᠯ ᠲᠠᠢ ᠥᠬᠡᠶ ᠲᠣᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠶᠢᠨ ᠪᠤᠰᠤ ᠬᠥᠮᠦᠰ ᠲᠤ ᠪᠠᠴᠢᠮ | ᠬᠦᠴᠢᠷᠲᠡᠶ ᠪᠠᠶᠢᠳᠠᠯ ᠲᠣᠬᠢᠶᠠᠯᠳᠤᠭᠰᠠᠨ ᠤ ᠳᠠᠷᠠᠭ᠎ᠠ᠂ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠵᠢᠯ ᠪᠦᠷᠢ ᠲᠤᠬᠠᠶ ᠶᠢᠨ ᠭᠠᠵᠠᠷ ᠤᠨ ᠲᠤᠬᠠᠶ ᠶᠢᠨ ᠵᠢᠯ ᠤᠨ | ᠰᠠᠷ᠎ᠠ ᠶᠢᠨ ᠬᠤᠲᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ ᠥᠯᠥ ᠬᠡᠲᠦᠷᠡᠬᠦ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ | ᠨᠢᠭᠡ ᠯᠡ ᠤᠳᠠᠭ᠎ᠠ ᠶᠢᠨ ᠴᠢᠨᠠᠷᠲᠠᠶ ᠪᠠᠷ ᠣᠯᠭᠤᠵᠤ᠂ ᠴᠢᠬᠤᠯᠠ ᠲᠠᠢ ᠦᠶ᠎ᠡ ᠳᠤ ᠪᠡᠯᠡᠨ ᠵᠣᠭᠤᠰ ᠤᠨ ᠠᠷᠭ᠎ᠠ ᠮᠠᠶ᠋ᠢᠭ ᠢᠶᠠᠷ ᠣᠯᠭᠤᠵᠤ ᠪᠣᠯᠤᠨ᠎ᠠ᠃ | ︵ᠬᠤᠶᠠᠷ︶ ᠵᠠᠷᠤᠯᠭ᠎ᠠ ᠶᠢᠨ ᠬᠡᠯᠪᠡᠷᠢ ᠶᠢᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ | 1. ᠬᠤᠤᠷᠲᠤ ᠬᠠᠪᠤᠳᠠᠷ ︵ᠴᠢᠰᠤ ᠴᠠᠶᠢᠬᠤ ᠡᠪᠡᠳᠴᠢᠨ ᠪᠠᠭᠲᠠᠨ᠎ᠠ︶ ᠵᠡᠷᠭᠡ ᠬᠦᠨᠳᠦ ᠶᠡᠭᠡ ᠡᠪᠡᠳᠴᠢᠨ ︵ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 24 ᠵᠦᠢᠯ ᠤᠨ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠲᠥᠷᠥᠯ ᠢ ᠵᠢᠭᠠᠵᠤ ᠪᠣᠶ︶ ᠠᠴᠠ ᠪᠣᠯᠵᠣ ᠦᠨᠳᠦᠰᠦᠨ ᠠᠮᠢᠳᠤᠷᠠᠯ ᠤᠨ ᠵᠣᠬᠢᠬᠤ | ᠬᠤᠭᠤᠴᠠᠭᠠᠨ ᠳᠤ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠡᠪᠡᠳᠴᠢᠯᠡᠭᠰᠡᠨ ᠪᠦᠷᠢᠯᠳᠦᠬᠦᠨ ᠨᠢ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 15 ᠳᠠᠬᠢᠨ ᠠᠴᠠ ᠬᠡᠲᠦᠷᠡᠭᠦᠯᠬᠦ ᠥᠬᠡᠶ ᠪᠠᠷ ᠨᠢᠭᠡ ᠤᠳᠠᠭ᠎ᠠ ᠶᠢᠨ ᠴᠢᠨᠠᠷᠲᠠᠶ ᠦᠨᠳᠦᠰᠦᠨ | ᠠᠮᠢᠳᠤᠷᠠᠯ ᠤᠨ ᠪᠠᠴᠢᠮ ᠠᠪᠤᠷᠠᠨ ᠲᠤᠰᠠᠯᠠᠯᠲᠠ ᠣᠯᠭᠤᠨ᠎ᠠ᠃ | ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ | ᠬᠠᠷᠢᠭᠤᠴᠠᠬᠤ ᠬᠡᠰᠡᠭ ᠨᠢ 1 ᠲᠦᠮᠡᠨ ᠲᠥᠭᠦᠷᠢᠭ ᠤᠨ ᠳᠣᠲᠣᠷ᠎ᠠ ᠪᠠᠶᠢᠪᠠᠯ ︵1 ᠲᠦᠮᠡᠨ ᠲᠥᠭᠦᠷᠢᠭ ᠢ ᠪᠠᠭᠲᠠᠭᠠᠨ᠎ᠠ︶ 3 ᠳᠠᠬᠢᠨ ᠠᠴᠠ ᠬᠡᠲᠦᠷᠡᠭᠦᠯᠬᠦ ᠥᠬᠡᠶ ᠪᠠᠷ | ᠠᠪᠤᠷᠠᠨ ᠲᠤᠰᠠᠯᠠᠨ᠎ᠠ᠃ | ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ | ᠬᠠᠷᠢᠭᠤᠴᠠᠬᠤ ᠬᠡᠰᠡᠭ ᠨᠢ 1 ᠲᠦᠮᠡᠨ ᠲᠥᠭᠦᠷᠢᠭ ᠠᠴᠠ 3 ᠲᠦᠮᠡᠨ ᠲᠥᠭᠦᠷᠢᠭ ︵3 ᠲᠦᠮᠡᠨ ᠲᠥᠭᠦᠷᠢᠭ ᠪᠠᠭᠲᠠᠨ᠎ᠠ︶ ᠲᠤ 6 ᠳᠠᠬᠢᠨ ᠠᠴᠠ ᠬᠡᠲᠦᠷᠡᠭᠦᠯᠬᠦ | ᠥᠬᠡᠶ ᠪᠠᠷ ᠠᠪᠤᠷᠠᠨ ᠲᠤᠰᠠᠯᠠᠨ᠎ᠠ᠃ | ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ | ᠬᠠᠷᠢᠭᠤᠴᠠᠬᠤ ᠬᠡᠰᠡᠭ ᠨᠢ 3 ᠲᠦᠮᠡᠨ ᠲᠥᠭᠦᠷᠢᠭ ᠠᠴᠠ 5 ᠲᠦᠮᠡᠨ ᠲᠥᠭᠦᠷᠢᠭ ︵5 ᠲᠦᠮᠡᠨ ᠲᠥᠭᠦᠷᠢᠭ ᠪᠠᠭᠲᠠᠨ᠎ᠠ︶ ᠲᠤ 10 ᠳᠠᠬᠢᠨ ᠠᠴᠠ ᠬᠡᠲᠦᠷᠡᠭᠦᠯᠬᠦ | ᠥᠬᠡᠶ ᠪᠠᠷ ᠠᠪᠤᠷᠠᠨ ᠲᠤᠰᠠᠯᠠᠨ᠎ᠠ᠃ | ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ | ᠬᠠᠷᠢᠭᠤᠴᠠᠬᠤ ᠬᠡᠰᠡᠭ ᠨᠢ 5 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 15 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃ | 2. ᠬᠤᠤᠷᠲᠤ ᠬᠠᠪᠤᠳᠠᠷ ︵ᠴᠢᠰᠤ ᠴᠠᠶᠢᠬᠤ ᠡᠪᠡᠳᠴᠢᠨ ᠪᠠᠭᠲᠠᠨ᠎ᠠ︶ ᠠᠴᠠ ᠭᠠᠳᠠᠨᠠᠬᠢ ᠪᠤᠰᠤᠳ ᠬᠦᠨᠳᠦ ᠶᠡᠭᠡ ᠡᠪᠡᠳᠴᠢᠨ᠂ ᠬᠤᠪᠣᠷ ᠲᠣᠬᠢᠶᠠᠯᠳᠤᠬᠤ | ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠢ ᠡᠮᠨᠡᠨ ᠵᠠᠰᠠᠬᠤ ᠴᠢᠬᠤᠯᠠᠲᠠᠶ ᠠᠴᠠ ᠪᠣᠯᠵᠣ ᠦᠨᠳᠦᠰᠦᠨ ᠠᠮᠢᠳᠤᠷᠠᠯ ᠤᠨ ᠵᠣᠬᠢᠬᠤ ᠬᠤᠭᠤᠴᠠᠭᠠᠨ ᠳᠤ ᠬᠦᠨᠳᠦ | ᠨᠣᠴᠢᠲᠠᠶ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠡᠪᠡᠳᠴᠢᠯᠡᠭᠰᠡᠨ ᠪᠦᠷᠢᠯᠳᠦᠬᠦᠨ ᠨᠢ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠢᠨ 12 ᠳᠠᠬᠢᠨ ᠠᠴᠠ ᠬᠡᠲᠦᠷᠡᠬᠦ ᠥᠬᠡᠶ ᠪᠠᠷ ᠨᠢᠭᠡ ᠤᠳᠠᠭ᠎ᠠ ᠶᠢᠨ ᠴᠢᠨᠠᠷᠲᠠᠶ ᠦᠨᠳᠦᠰᠦᠨ ᠠᠮᠢᠳᠤᠷᠠᠯ ᠤᠨ ᠪᠠᠴᠢᠮ ᠠᠪᠤᠷᠠᠨ | ᠲᠤᠰᠠᠯᠠᠯᠲᠠ ᠣᠯᠭᠤᠨ᠎ᠠ᠃ | ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ | ᠬᠠᠷᠢᠭᠤᠴᠠᠬᠤ ᠬᠡᠰᠡᠭ ᠨᠢ 1 ᠲᠦᠮᠡᠨ ᠲᠥᠭᠦᠷᠢᠭ ᠤᠨ ᠳᠣᠲᠣᠷ᠎ᠠ ᠪᠠᠶᠢᠪᠠᠯ ︵1 ᠲᠦᠮᠡᠨ ᠲᠥᠭᠦᠷᠢᠭ ᠢ ᠪᠠᠭᠲᠠᠭᠠᠨ᠎ᠠ︶ 3 ᠳᠠᠬᠢᠨ ᠠᠴᠠ ᠬᠡᠲᠦᠷᠡᠭᠦᠯᠬᠦ ᠥᠬᠡᠶ ᠪᠠᠷ | ᠠᠪᠤᠷᠠᠨ ᠲᠤᠰᠠᠯᠠᠨ᠎ᠠ᠃ | ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ | ᠬᠠᠷᠢᠭᠤᠴᠠᠬᠤ ᠬᠡᠰᠡᠭ ᠨᠢ 1 ᠲᠦᠮᠡᠨ ᠲᠥᠭᠦᠷᠢᠭ ᠠᠴᠠ 3 ᠲᠦᠮᠡᠨ ᠲᠥᠭᠦᠷᠢᠭ ︵3 ᠲᠦᠮᠡᠨ ᠲᠥᠭᠦᠷᠢᠭ ᠪᠠᠭᠲᠠᠨ᠎ᠠ︶ ᠲᠤ 6 ᠳᠠᠬᠢᠨ ᠠᠴᠠ ᠬᠡᠲᠦᠷᠡᠭᠦᠯᠬᠦ | ᠥᠬᠡᠶ ᠪᠠᠷ ᠠᠪᠤᠷᠠᠨ ᠲᠤᠰᠠᠯᠠᠨ᠎ᠠ᠃ | ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ | ᠬᠠᠷᠢᠭᠤᠴᠠᠬᠤ ᠬᠡᠰᠡᠭ ᠨᠢ 3 ᠲᠦᠮᠡᠨ ᠲᠥᠭᠦᠷᠢᠭ ᠠᠴᠠ 5 ᠲᠦᠮᠡᠨ ᠲᠥᠭᠦᠷᠢᠭ ︵5 ᠲᠦᠮᠡᠨ ᠲᠥᠭᠦᠷᠢᠭ ᠪᠠᠭᠲᠠᠨ᠎ᠠ︶ ᠲᠤ 10 ᠳᠠᠬᠢᠨ ᠠᠴᠠ ᠬᠡᠲᠦᠷᠡᠭᠦᠯᠬᠦ | ᠥᠬᠡᠶ ᠪᠠᠷ ᠠᠪᠤᠷᠠᠨ ᠲᠤᠰᠠᠯᠠᠨ᠎ᠠ᠃ | ᠡᠯ᠎ᠡ ᠵᠦᠢᠯ ᠤᠨ ᠳᠠᠭᠠᠳᠬᠠᠯ ᠵᠢᠴᠢ ᠠᠪᠤᠷᠠᠨ ᠲᠤᠰᠠᠯᠠᠯᠲᠠ ᠶᠢ ᠬᠠᠰᠤᠵᠤ ᠭᠠᠷᠭᠠᠪᠠᠯ᠂ ᠨᠥᠬᠦᠪᠥᠷᠢ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠥᠪᠡᠰᠦᠪᠡᠨ | ᠬᠠᠷᠢᠭᠤᠴᠠᠬᠤ ᠬᠡᠰᠡᠭ ᠨᠢ 5 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ 12 ᠳᠠᠬᠢᠨ ᠠᠴᠠ ᠬᠡᠲᠦᠷᠡᠭᠦᠯᠬᠦ ᠥᠬᠡᠶ ᠪᠠᠷ ᠠᠪᠤᠷᠠᠨ ᠲᠤᠰᠠᠯᠠᠨ᠎ᠠ᠃ | 3% ᠪᠠᠴᠢᠮ ᠠᠪᠤᠷᠠᠨ ᠵᠠᠰᠠᠬᠤ ᠴᠢᠬᠤᠯᠠ ᠲᠠᠢ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠵᠦ ᠪᠠᠶᠢᠭ᠎ᠠ ᠪᠠ ᠣᠷᠣᠯᠭ᠎ᠠ ᠪᠠᠭᠠᠲᠠᠶ ᠬᠦᠴᠢᠷᠳᠡᠯᠲᠡᠶ ᠭᠡᠷ | ᠪᠦᠯᠢ ᠶᠢᠨ ᠳᠣᠲᠣᠷᠠᠬᠢ ᠮᠡᠳᠡᠷᠡᠯ ᠤᠨ ᠡᠪᠡᠳᠴᠢᠲᠡᠨ ᠳᠤ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ | 6 ᠳᠠᠬᠢᠨ ᠠᠴᠠ ᠳᠠᠪᠠᠭᠤᠯᠬᠤ ᠦᠬᠡᠢ ᠪᠠᠷ ᠦᠨᠳᠦᠰᠦᠨ ᠠᠮᠢᠳᠤᠷᠠᠯ ᠤᠨ ᠨᠢᠭᠡ ᠤᠳᠠᠭ᠎ᠠ ᠶᠢᠨ ᠴᠢᠨᠠᠷᠲᠠᠶ ᠲᠡᠩᠬᠡᠷᠡᠭᠦᠯᠦᠨ ᠲᠤᠰᠠᠯᠠᠭ ᠬᠡᠷᠡᠭᠲᠡᠶ᠃ | 4. ᠦᠷ᠎ᠡ ᠬᠡᠦᠬᠡᠳ ᠨᠢ ᠰᠤᠷᠬᠤ ᠨᠠᠰᠤᠨ ᠠᠴᠠ ᠡᠮᠦᠨᠡᠬᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠪᠦᠬᠦᠯᠢ ᠡᠳᠦᠷ ᠤᠨ ᠳᠦᠷᠢᠮᠲᠦ ᠶᠡᠭᠡ | ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ︵ᠬᠤᠪᠢ ᠶᠢᠨ ᠵᠠᠷᠤᠳᠠᠯ ᠢᠶᠠᠷ ᠰᠤᠷᠭᠠᠭᠤᠯᠢ ᠰᠣᠩᠭᠤᠬᠤ | ᠰᠤᠷᠤᠭᠴᠢ ᠪᠠᠭᠲᠠᠬᠤ ᠦᠭᠡᠶ︶ ᠬᠦᠷᠲᠡᠬᠦ ᠵᠡᠷᠭᠡ ᠠᠮᠢᠳᠤᠷᠠᠯ ᠤᠨ ᠴᠢᠬᠤᠯᠠ ᠪᠦᠬᠦᠢ ᠵᠠᠷᠤᠯᠭ᠎ᠠ ᠭᠡᠨᠡᠳᠲᠡ ᠨᠡᠮᠡᠭᠳᠡᠭᠰᠡᠨ ᠠᠴᠠ ᠪᠣᠯᠵᠤ ᠭᠡᠷ ᠪᠦᠯᠢ ᠶᠢᠨ ᠳᠠᠭᠠᠭᠠᠬᠤ | ᠴᠢᠳᠠᠪᠤᠷᠢ ᠠᠴᠠ ᠳᠠᠪᠠᠭᠰᠠᠨ᠂ ᠦᠨᠳᠦᠰᠦᠨ ᠠᠮᠢᠳᠤᠷᠠᠯ ᠳᠤᠨᠢ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠬᠡᠷ ᠪᠦᠯᠢ᠂ ᠣᠷᠣᠯᠭ᠎ᠠ ᠪᠠᠭᠠᠲᠠᠶ ᠬᠦᠴᠢᠷᠳᠡᠯᠲᠡᠶ ᠬᠡᠷ ᠪᠦᠯᠢ ᠪᠣᠯᠤᠨ ᠡᠪᠡᠳᠴᠢᠨ ᠠᠴᠠ ᠪᠣᠯᠵᠣ ᠶᠠᠳᠠᠭᠤᠷᠠᠭᠰᠠᠨ ᠬᠡᠷ ᠪᠦᠯᠢ ᠳᠤ ᠬᠤᠲᠠ | ᠪᠠᠯᠭᠠᠰᠤ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ ᠶᠢᠨ 4 ᠳᠠᠬᠢᠨ ᠠᠴᠠ ᠬᠡᠲᠦᠷᠡᠭᠦᠯᠬᠦ ᠥᠬᠡᠶ ᠪᠠᠷ ᠦᠨᠳᠦᠰᠦᠨ | ᠠᠮᠢᠳᠤᠷᠠᠯ ᠤᠨ ᠠᠪᠤᠷᠠᠨ ᠲᠤᠰᠠᠯᠠᠯᠲᠠ ᠣᠯᠭᠤᠨ᠎ᠠ᠃ | 5. ᠬᠡᠷ ᠪᠦᠯᠢ ᠶᠢᠨ ᠳᠣᠲᠣᠷᠠᠬᠢ ᠬᠦᠨᠳᠦ ᠵᠡᠮᠳᠡᠭ ᠬᠥᠮᠦᠨ ᠢ ᠬᠠᠷᠠᠭᠠᠯᠵᠠᠬᠤ ᠴᠢᠬᠤᠯᠠᠲᠠᠶ ᠠᠴᠠ ᠪᠣᠯᠵᠣ᠂ ᠬᠡᠷ ᠪᠦᠯᠢ ᠶᠢᠨ ᠪᠦᠷᠢᠯᠳᠦᠬᠦᠨ ᠨᠢ ᠭᠠᠳᠠᠭᠰᠢ | ᠭᠠᠷᠴᠤ ᠠᠵᠢᠯ ᠬᠥᠳᠡᠯᠮᠦᠷᠢ ᠬᠢᠬᠦ ᠶᠢᠨ ᠠᠷᠭ᠎ᠠ ᠥᠬᠡᠶ ᠪᠣᠯᠵᠣ᠂ ᠦᠨᠳᠦᠰᠦᠨ ᠠᠮᠢᠳᠤᠷᠠᠯ ᠳᠤ ᠲᠦᠷ ᠴᠠᠭ ᠬᠦᠨᠳᠦ ᠨᠣᠴᠢᠲᠠᠶ ᠬᠦᠴᠢᠷᠳᠡᠯ ᠤᠴᠠᠷᠠᠭᠤᠯᠤᠭᠰᠠᠨ | ᠪᠠᠶᠢᠪᠠᠯ᠂ ᠬᠤᠲᠠ ᠪᠠᠯᠭᠠᠰᠤ ᠶᠢᠨ ᠰᠠᠷ᠎ᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 3 ᠳᠠᠬᠢᠨ ᠠᠴᠠ ᠬᠡᠲᠦᠷᠡᠭᠦᠯᠬᠦ ᠥᠬᠡᠶ ᠪᠠᠷ | ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠯᠲᠠ ᠣᠯᠭᠤᠨ᠎ᠠ᠃ | 6. ᠪᠤᠰᠤᠳ ᠣᠨᠴᠣᠭᠤᠶ ᠬᠦᠴᠢᠷᠳᠡᠯ ᠳᠤ ᠲᠤᠯᠭᠠᠷᠠᠭᠰᠠᠨ ᠬᠡᠷ ᠪᠦᠯᠢ ᠳᠤ᠂ ᠬᠦᠴᠢᠷᠳᠡᠯ ᠤᠨ ᠬᠡᠮᠵᠢᠶ᠎ᠡ ᠪᠠᠷ ᠨᠢ ᠲᠦᠷ ᠴᠠᠭ ᠤᠨ ᠠᠪᠤᠷᠠᠨ ᠲᠤᠰᠠᠯᠠᠯᠲᠠ | ᠣᠯᠭᠤᠨ᠎ᠠ᠃ | ︵ᠭᠤᠷᠪᠠ︶ ᠱᠠᠳᠤ ᠬᠤᠪᠢᠶᠠᠨ ᠬᠢᠨᠠᠨ ᠵᠥᠪᠰᠢᠶᠡᠷᠡᠬᠦ | ᠵᠠᠷᠴᠢᠮ ᠳᠡᠭᠡᠷ᠎ᠡ ᠪᠠᠨ ᠠᠪᠤᠷᠠᠨ ᠲᠤᠰᠠᠯᠠᠬᠤ ᠵᠣᠭᠤᠰ ᠤᠨ ᠲᠤᠭ᠎ᠠ ᠨᠢ ᠲᠤᠬᠠᠶ ᠶᠢᠨ ᠭᠠᠵᠠᠷ ᠤᠨ ᠲᠤᠬᠠᠶ ᠶᠢᠨ ᠵᠢᠯ ᠤᠨ ᠰᠠᠷ᠎ᠠ ᠶᠢᠨ ᠬᠤᠲᠠ ᠶᠢᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 5 ᠳᠠᠬᠢᠨ ︵ᠪᠠᠭᠲᠠᠨ᠎ᠠ︶ ᠤ ᠳᠣᠲᠣᠷ᠎ᠠ ᠪᠠᠶᠢᠪᠠᠯ᠂ ᠰᠤᠮᠤ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠨᠡᠶᠢᠭᠡᠮ ᠤᠨ | ᠠᠵᠢᠯ ᠤᠨ ᠦᠢᠯᠡᠴᠢᠯᠡᠭᠡᠨ ᠤ ᠲᠥᠪ ᠠᠴᠠ ᠬᠠᠷᠢᠭᠤᠴᠠᠵᠤ ᠬᠢᠨᠠᠨ ᠵᠥᠪᠰᠢᠶᠡᠷᠡᠨ᠎ᠡ᠃ ᠠᠪᠤᠷᠠᠨ ᠲᠤᠰᠠᠯᠠᠭᠰᠠᠨ ᠵᠣᠭᠤᠰ ᠤᠨ ᠲᠤᠭ᠎ᠠ ᠨᠢ 1.5 ᠲᠦᠮᠡᠨ ᠲᠥᠭᠦᠷᠢᠭ ︵ | ᠪᠠᠭᠲᠠᠨ᠎ᠠ︶ ᠤᠨ ᠳᠣᠲᠣᠷ᠎ᠠ ᠪᠠᠶᠢᠪᠠᠯ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠵᠤ ᠬᠢᠨᠠᠨ ᠵᠥᠪᠰᠢᠶᠡᠷᠡᠨ᠎ᠡ᠃ ᠠᠪᠤᠷᠠᠨ ᠲᠤᠰᠠᠯᠠᠬᠤ | ᠵᠣᠭᠤᠰ ᠤᠨ ᠲᠤᠭ᠎ᠠ ᠨᠢ 1.5 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ ᠣᠨᠴᠠᠭᠠᠶ ᠠᠪᠤᠷᠠᠨ ᠲᠤᠰᠠᠯᠠᠯᠲᠠ ᠶᠢ ᠬᠡᠷᠡᠭᠵᠢᠭᠦᠯᠬᠦ ᠳᠤ ᠰᠢᠶᠠᠨ ᠤ ᠬᠦᠴᠢᠷᠳᠡᠯᠲᠡᠶ | ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠠᠴᠠ ︽ᠨᠢᠭᠡ ᠬᠡᠷᠡᠭ ᠢ ᠨᠢᠭᠡ ᠵᠥᠪᠯᠡᠬᠦ︾ ᠶᠣᠰᠣᠭᠠᠷ | ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠲᠣᠭᠲᠠᠭᠠᠵᠤ᠂ ᠲᠤᠬᠠᠶ ᠶᠢᠨ ᠵᠢᠯ ᠤᠨ ᠬᠠᠮᠤᠭ ᠤᠨ ᠥᠨᠳᠥᠷ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠢᠵᠠᠭᠠᠷ | ᠲᠤᠭ᠎ᠠ ᠨᠢ 80000 ᠲᠥᠭᠦᠷᠢᠭ ᠪᠠᠶᠢᠵᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠯᠭᠤᠨ᠎ᠠ᠃ | ᠪᠠᠴᠢᠮ ᠬᠦᠴᠢᠷᠲᠡᠶ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠬᠦᠨᠳᠦ ᠶᠡᠭᠡ ᠠᠮᠢᠳᠤᠷᠠᠯ ᠤᠨ ᠬᠦᠴᠢᠷᠳᠡᠯ ᠳᠤ ᠲᠤᠯᠭᠠᠷᠠᠪᠠᠯ᠂ ᠠᠪᠤᠷᠠᠨ ᠲᠤᠰᠠᠯᠠᠬᠤ | ᠡᠷᠴᠢᠮ ᠢᠶᠠᠨ ᠴᠢᠩᠭᠠᠷᠠᠭᠤᠯᠵᠤ᠂ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠡᠩ ᠤᠨ ᠠᠪᠤᠷᠠᠨ ᠲᠤᠰᠠᠯᠠᠬᠤ ᠪᠠᠷᠢᠮᠵᠢᠶ᠎ᠠ ᠠᠴᠠ ᠳᠠᠪᠠᠭᠤᠯᠵᠤ᠂ ᠰᠢᠶᠠᠨ ᠤ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠠᠴᠠ ︽ᠨᠢᠭᠡ ᠬᠡᠷᠡᠭ ᠢ ᠨᠢᠭᠡ ᠵᠥᠪᠯᠡᠬᠦ︾ | ᠪᠠᠷ ᠳᠡᠮᠵᠢᠨ ᠰᠤᠳᠤᠯᠤᠨ ᠬᠢᠨᠠᠨ ᠲᠣᠭᠲᠠᠭᠠᠬᠤ ᠬᠡᠷᠡᠭᠲᠡᠶ᠃ ︽ᠨᠢᠭᠡ ᠬᠡᠷᠡᠭ ᠢ ᠨᠢᠭᠡ ᠵᠥᠪᠯᠡᠬᠦ︾ ᠬᠤᠭᠤᠴᠠᠭᠠᠨ ᠳᠤ᠂ ᠰᠤᠮᠤ ᠪᠠᠯᠭᠠᠰᠤ ︵ᠬᠡᠷᠡᠭ ᠡᠷᠬᠢᠯᠡᠬᠦ | ᠭᠠᠵᠠᠷ︶᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠪᠠᠴᠢᠮ ᠬᠦᠴᠢᠷᠲᠡᠶ ᠪᠠᠶᠢᠳᠠᠯ ᠢ | ᠦᠨᠳᠦᠰᠦᠯᠡᠨ ᠤᠷᠢᠳᠠᠪᠠᠷ ᠠᠪᠤᠷᠠᠨ ᠲᠤᠰᠠᠯᠠᠵᠤ ᠪᠣᠯᠤᠨ᠎ᠠ᠂ ᠵᠣᠭᠤᠰ ᠤᠨ ᠲᠤᠭ᠎ᠠ ᠶᠢ ᠡᠯ᠎ᠡ ᠱᠠᠲᠤᠨ ᠤ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠠᠴᠠ | ᠬᠡᠲᠦᠷᠡᠭᠦᠯᠵᠦ ᠪᠣᠯᠬᠤ ᠥᠬᠡᠶ᠃ | ᠵᠠᠷᠤᠯᠭ᠎ᠠ ᠶᠢᠨ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠬᠦᠨᠳᠦ ᠶᠡᠭᠡ ᠠᠮᠢᠳᠤᠷᠠᠯ ᠤᠨ ᠬᠦᠴᠢᠷᠳᠡᠯ ᠳᠤ ᠲᠤᠯᠭᠠᠷᠠᠵᠤ᠂ ᠬᠡᠷ ᠪᠦᠯᠢ ᠶᠢᠨ ᠴᠢᠬᠤᠯᠠ ᠶᠡᠭᠡ | ᠵᠠᠶᠢᠯᠠᠰᠢ ᠥᠬᠡᠶ ᠵᠠᠷᠤᠯᠭ᠎ᠠ ᠶᠢ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠬᠠᠪᠰᠤᠷᠤᠯᠭ᠎ᠠ ᠪᠠᠷ ᠳᠡᠮᠵᠢᠨ᠂ ᠥᠪᠡᠰᠦᠪᠡᠨ | ᠬᠠᠷᠢᠭᠤᠴᠠᠬᠤ ᠬᠡᠰᠡᠭ ᠨᠢ ᠬᠡᠷ ᠪᠦᠯᠢ ᠪᠤᠶᠤ ᠬᠤᠪᠢ ᠬᠥᠮᠦᠨ ᠤ ᠳᠠᠭᠠᠭᠠᠬᠤ ᠴᠢᠳᠠᠪᠤᠷᠢ ᠠᠴᠠ ᠬᠤᠯᠠ ᠳᠠᠪᠠᠭᠰᠠᠨ ᠬᠦᠴᠢᠷᠳᠡᠯᠲᠡᠶ ᠬᠡᠷ ᠪᠦᠯᠢ ᠳᠤ ᠴᠠᠭ | ᠲᠤᠬᠠᠶ ᠳᠤᠨᠢ ᠣᠨᠴᠣᠭᠤᠶ ᠠᠪᠤᠷᠠᠨ ᠲᠤᠰᠠᠯᠠᠯᠲᠠ ᠬᠢᠵᠦ᠂ ᠰᠢᠶᠠᠨ ᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠤᠨ | ᠵᠣᠬᠢᠴᠠᠭᠤᠯᠬᠤ ᠲᠣᠭᠲᠠᠴᠠ ᠪᠠᠷ ︽ᠨᠢᠭᠡ ᠬᠡᠷᠡᠭ ᠢ ᠨᠢᠭᠡ ᠵᠥᠪᠯᠡᠬᠦ︾ ᠠᠵᠢᠯᠯᠠᠭ᠎ᠠ ᠪᠠᠷ ᠳᠡᠮᠵᠢᠨ ᠠᠪᠤᠷᠠᠨ ᠲᠤᠰᠠᠯᠠᠬᠤ ᠵᠣᠭᠤᠰ ᠤᠨ ᠲᠤᠭ᠎ᠠ ᠶᠢ ᠰᠤᠳᠤᠯᠤᠨ | ᠲᠣᠭᠲᠠᠭᠠᠬᠤ ᠶᠢᠨ ᠬᠠᠮᠲᠤ ᠬᠤᠷᠠᠯ ᠤᠨ ᠲᠣᠪᠴᠢ ᠲᠡᠮᠳᠡᠭᠯᠡᠯ ᠢ ᠪᠦᠷᠢᠯᠳᠦᠭᠦᠯᠵᠦ ᠬᠢᠨᠠᠨ ᠵᠥᠪᠰᠢᠶᠡᠷᠡᠬᠦ ᠦᠨᠳᠦᠰᠦᠯᠡᠯ ᠪᠣᠯᠭᠠᠬᠤ ᠬᠡᠷᠡᠭᠲᠡᠶ᠃ | ᠲᠠᠪᠤ᠂ ᠲᠡᠩᠬᠡᠷᠡᠭᠦᠯᠦᠨ ᠲᠤᠰᠠᠯᠠᠬᠤ ᠠᠷᠭ᠎ᠠ ᠮᠠᠶ᠋ᠢᠭ ᠢ ᠥᠷᠭᠡᠳᠬᠡᠨ ᠲᠡᠭᠦᠯᠳᠡᠷᠵᠢᠭᠦᠯᠬᠦ ᠬᠡᠷᠡᠭᠲᠡᠶ | ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠡᠲᠡᠭᠡᠳ ᠲᠤ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠬᠤ᠂ ᠪᠣᠳᠠᠲᠤ ᠶᠠᠭᠤᠮ᠎ᠠ ᠪᠠᠷ ᠠᠪᠤᠷᠠᠨ | ᠲᠤᠰᠠᠯᠠᠬᠤ ᠪᠠ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠵᠡᠷᠭᠡ ᠭᠤᠷᠪᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠠᠪᠤᠷᠠᠨ ᠲᠤᠰᠠᠯᠠᠵᠤ ᠪᠣᠯᠤᠨ᠎ᠠ᠃ | ︵ᠨᠢᠭᠡ︶ ᠲᠥᠷ ᠴᠠᠭ ᠤᠨ ᠲᠡᠩᠬᠡᠷᠡᠭᠦᠯᠦᠨ ᠲᠤᠰᠠᠯᠠᠬᠤ ᠮᠥᠩᠭᠦ ᠣᠯᠭᠤᠨ᠎ᠠ᠃ ᠠᠪᠤᠷᠠᠨ ᠲᠤᠰᠠᠯᠠᠬᠤ ᠮᠥᠩᠭᠦ ᠣᠯᠭᠤᠬᠤ ᠪᠣᠯ ᠲᠦᠷ ᠴᠠᠭ ᠤᠨ ᠠᠪᠤᠷᠠᠨ | ᠲᠤᠰᠠᠯᠠᠬᠤ ᠶᠢᠨ ᠦᠨᠳᠦᠰᠦᠨ ᠬᠡᠯᠪᠡᠷᠢ ᠪᠣᠯᠤᠨ᠎ᠠ᠃ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠮᠥᠩᠭᠦ ᠶᠢ ᠨᠡᠶᠢᠭᠡᠮᠴᠢᠯᠡᠨ ᠣᠯᠭᠤᠬᠤ ᠶᠢ ᠬᠡᠷᠡᠭᠵᠢᠭᠦᠯᠵᠦ᠂ ᠡᠯ᠎ᠡ | ᠭᠠᠵᠠᠷ ᠨᠢ ᠵᠠᠷᠴᠢᠮ ᠳᠡᠭᠡᠷ᠎ᠡ ᠪᠠᠨ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠣᠯᠭᠤᠬᠤ ᠠᠷᠭ᠎ᠠ ᠮᠠᠶ᠋ᠢᠭ ᠢᠶᠠᠷ ᠳᠡᠮᠵᠢᠨ ᠲᠡᠩᠬᠡᠷᠡᠭᠦᠯᠦᠨ ᠲᠤᠰᠠᠯᠠᠬᠤ | ᠡᠲᠡᠭᠡᠳ ᠤᠨ ᠬᠤᠪᠢ ᠬᠥᠮᠦᠨ ᠤ ᠲᠠᠩᠰᠠᠨ ᠡᠷᠦᠬᠡ ᠳᠤ ᠣᠯᠭᠤᠵᠤ᠂ ᠲᠡᠩᠬᠡᠷᠡᠭᠦᠯᠦᠨ ᠲᠤᠰᠠᠯᠠᠬᠤ ᠮᠥᠩᠭᠦ ᠶᠢ ᠲᠤᠭ᠎ᠠ ᠶᠣᠰᠣᠭᠠᠷ᠂ ᠴᠠᠭ ᠲᠤᠬᠠᠶ ᠳᠤᠨᠢ | ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠭᠡᠮᠴᠢᠯᠡᠭᠰᠡᠨ ᠣᠯᠭᠤᠬᠤ ᠨᠥᠬᠦᠴᠡᠯ ᠢ ᠪᠦᠷᠢᠳᠦᠭᠦᠯᠦᠭᠰᠡᠨ ᠥᠭᠡᠢ ᠪᠤᠶᠤ ᠪᠠᠴᠢᠮ ᠪᠠᠶᠢᠳᠠᠯ ᠤᠨ ᠳᠣᠣᠷ᠎ᠠ ᠲᠤᠰ | ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ ᠪᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠰᠢᠭᠤᠳ ᠪᠡᠯᠡᠨ ᠵᠣᠭᠤᠰ ᠣᠯᠭᠤᠵᠤ᠂ ᠪᠡᠯᠡᠨ ᠵᠣᠭᠤᠰ ᠣᠯᠭᠤᠬᠤ | ᠭᠠᠷᠳᠠᠮ ᠢ ᠲᠡᠭᠦᠯᠳᠡᠷᠵᠢᠭᠦᠯᠬᠦ ᠶᠢᠨ ᠬᠠᠮᠲᠤ 10 ᠠᠵᠢᠯᠯᠠᠬᠤ ᠡᠳᠦᠷ ᠤᠨ ᠳᠣᠲᠣᠷ᠎ᠠ ᠬᠠᠮᠢᠶ᠎ᠠ ᠪᠥᠬᠦᠢ ᠮᠠᠲ᠋ᠧᠷᠢᠶᠠᠯ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠥᠷ ᠴᠠᠭ ᠤᠨ ᠲᠡᠩᠬᠡᠷᠡᠭᠦᠯᠦᠨ ᠲᠤᠰᠠᠯᠠᠬᠤ ᠬᠡᠰᠡᠭ ᠲᠤ ᠳᠠᠮᠵᠢᠭᠤᠯᠤᠨ ᠲᠠᠩᠰᠠ ᠡᠪᠬᠡᠮᠡᠯ ᠳᠤ ᠣᠷᠣᠭᠤᠯᠵᠤ | ᠳᠠᠩᠰᠠᠯᠠᠭᠤᠯᠤᠨ᠎ᠠ᠃ | ︵ᠬᠤᠶᠠᠷ︶ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ᠃ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ ᠪᠣᠯ ᠲᠦᠷ ᠴᠠᠭ ᠤᠨ ᠠᠪᠤᠷᠠᠨ ᠲᠤᠰᠠᠯᠠᠬᠤ ᠶᠢᠨ | ᠲᠤᠰᠠᠯᠠᠬᠤ ᠠᠷᠭ᠎ᠠ ᠮᠠᠶ᠋ᠢᠭ ᠮᠥᠨ᠂ ᠲᠡᠭᠦᠨ ᠢ ᠲᠤᠰᠠᠭᠠᠷ ᠨᠢ ᠬᠡᠷᠡᠭᠯᠡᠵᠦ ᠪᠣᠯᠬᠤ ᠮᠥᠷᠲᠡᠭᠡᠨ ᠠᠪᠤᠷᠠᠨ ᠲᠤᠰᠠᠯᠠᠬᠤ ᠮᠥᠩᠭᠦ ᠣᠯᠭᠤᠬᠤ ᠲᠠᠢ ᠵᠡᠷᠭᠡ ᠪᠠᠷ ᠬᠡᠷᠡᠭᠯᠡᠭᠰᠡᠨ | ᠴᠦ ᠪᠣᠯᠤᠨ᠎ᠠ᠃ ᠪᠠᠴᠢᠮ ᠬᠦᠴᠢᠷᠲᠡᠶ ᠬᠡᠯᠪᠡᠷᠢ ᠶᠢᠨ ᠠᠪᠤᠷᠠᠨ ᠲᠤᠰᠠᠯᠠᠬᠤ ᠡᠲᠡᠭᠡᠳ ᠲᠤ ᠪᠣᠯ ᠠᠪᠤᠷᠠᠨ ᠲᠤᠰᠠᠯᠠᠬᠤ ᠡᠲᠡᠭᠡᠳ ᠤᠨ ᠦᠨᠳᠦᠰᠦᠨ ᠠᠮᠢᠳᠤᠷᠠᠯ ᠤᠨ | ᠬᠡᠷᠡᠭᠴᠡᠭᠡ ᠶᠢ ᠦᠨᠳᠦᠰᠦᠯᠡᠨ᠂ ᠬᠤᠪᠴᠠᠰᠤ ᠬᠤᠨᠠᠷ᠂ ᠢᠳᠡᠭᠡᠨ ᠪᠠ ᠤᠤᠭᠤᠬᠤ ᠤᠰᠤ ᠲᠦᠭᠡᠭᠡᠬᠦ᠂ ᠲᠦᠷ ᠴᠠᠭ ᠤᠨ ᠣᠷᠣᠨ ᠰᠠᠭᠤᠴᠠ ᠬᠠᠩᠭᠠᠬᠤ ᠵᠡᠷᠭᠡ ᠠᠷᠭ᠎ᠠ | ᠮᠠᠶ᠋ᠢᠭ ᠢ ᠠᠪᠴᠤ ᠪᠠᠶᠢᠭᠠᠳ ᠠᠪᠤᠷᠠᠨ ᠲᠤᠰᠠᠯᠠᠵᠤ ᠪᠣᠯᠤᠨ᠎ᠠ᠂ ᠪᠣᠳᠠᠲᠤ ᠶᠠᠭᠤᠮ᠎ᠠ ᠪᠠᠷ ᠠᠪᠤᠷᠠᠨ ᠲᠤᠰᠠᠯᠠᠬᠤ ᠳᠤ ᠬᠡᠷᠡᠭᠰᠡᠬᠦ ᠪᠠᠯᠠ ᠮᠥᠩᠭᠦ ᠶᠢ ᠠᠪᠤᠷᠠᠨ ᠲᠤᠰᠠᠯᠠᠬᠤ | ᠡᠲᠡᠭᠡᠳ ᠤᠨ ᠬᠢᠨᠠᠨ ᠲᠣᠭᠲᠠᠭᠠᠭᠰᠠᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠳᠤ ᠪᠠᠭᠲᠠᠭᠠᠨ᠎ᠠ᠃ ᠲᠦᠭᠡᠭᠡᠵᠦ ᠥᠭᠭᠦᠭᠰᠡᠨ ᠬᠤᠪᠴᠠᠰᠤ ᠬᠤᠨᠠᠷ᠂ ᠢᠳᠡᠭᠡᠨ | ᠪᠠ ᠤᠤᠭᠤᠬᠤ ᠤᠰᠤ ᠵᠡᠷᠭᠡ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠵᠠᠰᠠᠭ ᠤᠨ ᠣᠷᠳᠣᠨ ᠤ | ᠬᠤᠳᠠᠯᠳᠤᠨ ᠠᠪᠬᠤ ᠲᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠤᠳᠠᠯᠳᠤᠨ ᠠᠪᠬᠤ ᠶᠢᠨ ᠬᠠᠮᠲᠤ ᠲᠡᠭᠦᠨ ᠢ ᠤᠯᠤᠰ ᠤᠨ ᠶᠠᠰᠤ | ᠴᠢᠨᠠᠷ ᠤᠨ ᠠᠶᠤᠯᠭᠦᠶ ᠪᠠ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠨ᠎ᠠ᠃ ᠪᠣᠳᠠᠲᠤ ᠶᠠᠭᠤᠮ᠎ᠠ ᠶᠢᠨ ᠲᠠᠷᠬᠠᠭᠠᠯᠲᠠ ᠶᠢᠨ ᠲᠤᠭ᠎ᠠ | ᠪᠦᠷᠢᠳᠬᠡᠯ ᠤᠨ ᠡᠬᠡ ᠲᠠᠩᠰᠠ ᠶᠢ ᠪᠠᠶᠢᠭᠤᠯᠵᠤ᠂ ᠲᠤᠰᠬᠠᠶ ᠬᠥᠮᠦᠨ ᠳᠣᠭᠢᠷᠠᠭᠤᠯᠤᠨ ᠳᠠᠩᠰᠠᠯᠠᠬᠤ᠂ ᠬᠠᠳᠠᠭᠠᠯᠠᠨ ᠬᠠᠮᠢᠶᠠᠷᠬᠤ ᠪᠠ ᠲᠠᠷᠬᠠᠭᠠᠬᠤ ᠶᠢ ᠬᠠᠷᠢᠭᠤᠴᠠᠭᠤᠯᠬᠤ | ᠬᠡᠷᠡᠭᠲᠡᠶ᠃ ᠲᠥᠭᠡᠷᠢᠭᠰᠡᠨ᠂ ᠬᠥᠯᠥᠰᠥᠨ ᠠᠵᠢᠯ ᠬᠢᠵᠦ ᠳᠡᠶᠢᠯᠬᠦ ᠥᠬᠡᠶ ᠵᠡᠷᠭᠡ ᠬᠡᠷ ᠠᠴᠠ ᠪᠠᠨ ᠰᠠᠯᠵᠤ ᠭᠠᠳᠠᠨ᠎ᠠ ᠲᠦᠷ ᠴᠠᠭ ᠬᠦᠴᠢᠷᠳᠡᠯ ᠳᠤ ᠲᠤᠯᠭᠠᠷᠠᠭᠰᠠᠨ | ᠬᠥᠮᠦᠰ ᠲᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠦᠷ ᠴᠠᠭ ᠤᠨ ᠬᠤᠭᠤᠯᠠ ᠬᠤᠨᠤᠭ | ᠵᠡᠷᠭᠡ ᠶᠢᠨ ᠠᠪᠤᠷᠠᠨ ᠲᠤᠰᠠᠯᠠᠯᠲᠠ ᠬᠠᠩᠭᠠᠨ᠎ᠠ᠃ | ︵ᠭᠤᠷᠪᠠ︶ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ᠃ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠪᠣᠯ ᠲᠦᠷ ᠴᠠᠭ ᠤᠨ ᠠᠪᠤᠷᠠᠨ | ᠲᠤᠰᠠᠯᠠᠯᠲᠠ ᠶᠢᠨ ᠨᠥᠬᠦᠪᠥᠷᠢ ᠬᠡᠯᠪᠡᠷᠢ ᠮᠥᠨ᠃ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠪᠠᠯᠠ ᠮᠥᠩᠭᠦ᠂ ᠪᠣᠳᠠᠲᠤ ᠶᠠᠭᠤᠮ᠎ᠠ ᠪᠠᠷ ᠲᠡᠩᠬᠡᠷᠡᠭᠦᠯᠦᠨ | ᠲᠤᠰᠠᠯᠠᠭᠰᠠᠨ ᠤ ᠳᠠᠷᠠᠭ᠎ᠠ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠡᠲᠡᠭᠡᠳ ᠤᠨ ᠬᠦᠴᠢᠷᠳᠡᠯ ᠢ ᠮᠥᠨ ᠬᠦ ᠰᠢᠢᠳᠪᠦᠷᠢᠯᠡᠵᠦ ᠳᠡᠶᠢᠯᠬᠦ ᠥᠬᠡᠶ ᠪᠠᠶᠢᠪᠠᠯ᠂ | ᠪᠠᠶᠢᠳᠠᠯ ᠢ ᠨᠢ ᠦᠵᠡᠵᠦ ᠪᠠᠶᠢᠭᠠᠳ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠬᠠᠩᠭᠠᠵᠤ ᠪᠣᠯᠤᠨ᠎ᠠ᠃ | ᠡᠮᠴᠢᠯᠡᠭᠡ᠂ ᠰᠤᠷᠭᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠤᠯᠲᠠ ᠵᠡᠷᠭᠡ ᠲᠤᠰᠬᠠᠶ ᠵᠦᠶ᠋ᠯ ᠤᠨ ᠲᠡᠩᠬᠡᠷᠡᠭᠦᠯᠦᠨ ᠲᠤᠰᠠᠯᠠᠬᠤ ᠨᠥᠬᠦᠴᠡᠯ ᠳᠤ | ᠨᠡᠶᠢᠴᠡᠪᠡᠯ᠂ ᠴᠠᠭ ᠲᠤᠬᠠᠶ ᠳᠤᠨᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠲᠠᠨᠢᠯᠴᠠᠭᠤᠯᠬᠤ ᠶᠢᠨ ᠬᠠᠮᠲᠤ ᠲᠡᠳᠡᠨ ᠢ | ᠬᠠᠪᠰᠤᠷᠤᠨ ᠭᠤᠶᠤᠴᠢᠯᠠᠭᠤᠯᠤᠨ᠎ᠠ᠃ | ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢ | ᠨᠢᠭᠦᠯᠡᠰᠦᠩᠭᠦᠶ ᠶᠢᠨ ᠵᠦᠢᠯᠡᠰ᠂ ᠨᠡᠶᠢᠭᠡᠮ ᠢ ᠳᠠᠶᠢᠴᠢᠯᠠᠨ ᠬᠠᠨᠳᠢᠪ ᠴᠤᠭᠯᠠᠭᠤᠯᠬᠤ᠂ ᠲᠤᠰᠬᠠᠶ ᠦᠢᠯᠡᠴᠢᠯᠡᠭᠡ ᠬᠠᠩᠭᠠᠬᠤ᠂ ᠰᠠᠶᠢᠨ ᠳᠤᠷ᠎ᠠ ᠶᠢᠨ ᠦᠢᠯᠡᠴᠢᠯᠡᠭᠡ | ᠬᠠᠩᠭᠠᠬᠤ ᠵᠡᠷᠭᠡ ᠬᠡᠯᠪᠡᠷᠢ ᠪᠠᠷ ᠳᠡᠮᠵᠢᠨ ᠬᠠᠪᠰᠤᠷᠤᠨ ᠲᠡᠳᠬᠦᠬᠦ ᠴᠢᠬᠤᠯᠠᠲᠠᠶ ᠪᠠᠶᠢᠪᠠᠯ᠂ ᠠᠪᠤᠷᠠᠨ ᠲᠤᠰᠠᠯᠠᠬᠤ ᠬᠦᠰᠡᠯ ᠰᠠᠨᠠᠭ᠎ᠠ ᠲᠠᠢ ᠬᠠᠮᠢᠶ᠎ᠠ ᠪᠥᠬᠦᠶ ᠨᠡᠶᠢᠭᠡᠮ ᠤᠨ | ᠬᠦᠴᠦᠨ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠶ ᠳᠤᠨᠢ ᠰᠢᠯᠵᠢᠭᠦᠯᠦᠨ ᠲᠠᠨᠢᠯᠴᠠᠭᠤᠯᠬᠤ ᠬᠡᠷᠡᠭᠲᠡᠶ᠃ | ᠵᠢᠷᠭᠤᠭ᠎ᠠ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠬᠦ ᠠᠵᠢᠯ ᠢ ᠵᠢᠷᠤᠮᠵᠢᠭᠤᠯᠬᠤ ᠬᠡᠷᠡᠭᠲᠡᠶ | ᠡᠯ᠎ᠡ ᠭᠠᠵᠠᠷ ᠤᠨ ᠬᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠰᠢᠰᠲ᠋ᠧᠮ ᠳᠠᠬᠢ ᠲᠦᠷ ᠴᠠᠭ ᠤᠨ ᠠᠪᠤᠷᠠᠨ ᠲᠤᠰᠠᠯᠠᠬᠤ ᠬᠡᠰᠡᠭ ᠢ ᠬᠡᠷᠡᠭᠯᠡᠬᠦ ᠠᠵᠢᠯ ᠢ ᠤᠯᠠᠮ | ᠨᠢᠭᠡ ᠠᠯᠬᠤᠮ ᠵᠢᠷᠤᠮᠵᠢᠭᠤᠯᠵᠤ᠂ ᠰᠢᠰᠲ᠋ᠧᠮ ᠤᠨ ᠲᠤᠭ᠎ᠠ ᠪᠠᠷᠢᠮᠲᠠ ᠶᠢᠨ ᠵᠦᠢᠯᠡᠰ ᠤᠨ ᠱᠠᠭᠠᠷᠳᠠᠯᠭ᠎ᠠ ᠶᠣᠰᠣᠭᠠᠷ᠂ ᠲᠦᠷ ᠴᠠᠭ ᠤᠨ ᠠᠪᠤᠷᠠᠨ ᠲᠤᠰᠠᠯᠠᠬᠤ ᠲᠤᠭ᠎ᠠ | ᠪᠠᠷᠢᠮᠲᠠ ᠶᠢᠨ ᠮᠡᠳᠡᠭᠡ ᠵᠠᠩᠭᠢ ᠶᠢ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶ ᠳᠤᠨᠢ ᠪᠢᠴᠢᠵᠦ ᠣᠷᠣᠭᠤᠯᠤᠨ᠂ ᠰᠢᠰᠲ᠋ᠧᠮ ᠤᠨ ᠲᠤᠭ᠎ᠠ ᠪᠠᠷᠢᠮᠲᠠ᠂ ᠴᠠᠭᠠᠰᠤᠨ | ᠮᠡᠳᠡᠭᠦᠯᠦᠯᠲᠡ ᠶᠢᠨ ᠬᠦᠰᠦᠨᠦᠭᠲᠦ᠂ ᠡᠳ᠋ ᠤᠨ ᠶᠠᠪᠤᠳᠠᠯ ᠤᠨ ᠲᠤᠭ᠎ᠠ ᠪᠦᠷᠢᠳᠬᠡᠯ ᠤᠨ ᠡᠬᠡ ᠲᠠᠩᠰᠠ ᠶᠢᠨ ᠨᠢᠭᠡᠳᠦᠯᠲᠡᠶ᠂ ᠦᠨᠡᠨ ᠪᠣᠳᠠᠲᠠᠶ ᠣᠨᠣᠪᠴᠢᠲᠠᠶ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠶ᠃ | ᠳᠣᠯᠤᠭ᠎ᠠ᠂ ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠯᠤᠭ᠎ᠠ ᠵᠣᠯᠭᠠᠭᠤᠯᠬᠤ ᠶᠢ | ᠲᠦᠷ ᠴᠠᠭ ᠤᠨ ᠠᠪᠤᠷᠠᠨ ᠲᠤᠰᠠᠯᠠᠯᠲᠠ ᠶᠢ ᠪᠤᠰᠤᠳ ᠨᠡᠶᠢᠭᠡᠮ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ ᠵᠡᠷᠭᠡ ᠯᠦᠭᠡ | ᠵᠣᠯᠭᠠᠭᠤᠯᠬᠤ ᠶᠢ ᠴᠢᠩᠭᠠᠳᠬᠠᠵᠤ᠂ ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠪᠠᠷ ᠳᠡᠮᠵᠢᠨ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠰᠤᠷᠭᠠᠨ ᠬᠥᠮᠦᠵᠢᠯ᠂ | ᠡᠮᠴᠢᠯᠡᠭᠡ ᠵᠡᠷᠭᠡ ᠬᠤᠪᠢ ᠬᠥᠮᠦᠨ ᠤ ᠥᠪᠡᠰᠦᠪᠡᠨ ᠬᠠᠷᠢᠭᠤᠴᠠᠬᠤ ᠵᠠᠷᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ | ᠳᠠᠶᠢᠴᠢᠯᠠᠨ ᠲᠦᠷ ᠴᠠᠭ ᠤᠨ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠵᠤ᠂ ᠬᠦᠴᠢᠷᠳᠡᠯᠲᠡᠶ ᠣᠯᠠᠨ ᠲᠦᠮᠡᠨ ᠳᠤ ᠰᠢᠯᠵᠢᠭᠦᠯᠦᠨ ᠲᠠᠨᠢᠯᠴᠠᠭᠤᠯᠬᠤ | ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠠᠪᠤᠷᠠᠨ ᠲᠤᠰᠠᠯᠠᠬᠤ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠲᠣᠰ ᠭᠠᠵᠠᠷ ᠣᠷᠣᠨ ᠤ ᠨᠥᠯᠥᠭᠡᠯᠡᠬᠦ | ᠬᠦᠴᠦᠨ ᠲᠠᠢ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ᠂ ᠰᠠᠭᠤᠭ᠎ᠠ ᠭᠠᠵᠠᠷ ᠤᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠵᠡᠷᠭᠡ ᠶᠢᠨ ᠲᠤᠰᠬᠠᠶ | ᠵᠦᠢᠯ ᠤᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ᠂ ᠠᠪᠤᠷᠠᠨ ᠲᠤᠰᠠᠯᠠᠬᠤ ᠲᠥᠷᠥᠯ | ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠭᠰᠠᠨ ᠤ ᠳᠠᠷᠠᠭᠠᠬᠢ ︽ᠰᠢᠯᠵᠢᠭᠦᠯᠦᠨ | ᠲᠠᠨᠢᠯᠴᠠᠭᠤᠯᠤᠭᠰᠠᠨ︾ ᠣᠨᠴᠠᠭᠠᠶ ᠬᠡᠷᠡᠭ ᠢ ᠵᠠᠯᠭᠠᠨ ᠠᠪᠴᠤ᠂ ᠵᠠᠰᠠᠭ ᠤᠨ ᠣᠷᠳᠣᠨ ᠤ ᠠᠪᠤᠷᠠᠨ ᠲᠤᠰᠠᠯᠠᠬᠤ ᠯᠤᠭ᠎ᠠ ᠪᠦᠲᠦᠮᠵᠢᠲᠡᠶ ᠵᠣᠯᠭᠠᠭᠤᠯᠵᠤ᠂ ᠵᠠᠯᠭᠠᠨ | ᠠᠪᠤᠷᠠᠨ ᠲᠤᠰᠠᠯᠠᠬᠤ ᠶᠢ ᠪᠣᠶ ᠪᠣᠯᠭᠠᠨ᠎ᠠ᠃ ᠣᠯᠠᠨ ᠡᠰᠢᠲᠦ ᠲᠦᠷ ᠴᠠᠭ ᠤᠨ ᠠᠪᠤᠷᠠᠨ ᠲᠤᠰᠠᠯᠠᠬᠤ ᠠᠷᠭ᠎ᠠ ᠮᠠᠶ᠋ᠢᠭ ᠢ ᠥᠷᠭᠡᠳᠬᠡᠨ᠂ ᠬᠦᠴᠢᠷᠳᠡᠯᠲᠡᠶ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠰᠦᠪᠡᠭᠴᠢᠯᠡᠵᠦ᠂ ᠠᠳᠠᠯᠢ ᠪᠤᠰᠤ ᠠᠪᠤᠷᠠᠨ ᠲᠤᠰᠠᠯᠠᠬᠤ ᠡᠲᠡᠭᠡᠳ ᠲᠤ ᠴᠢᠭᠯᠡᠭᠦᠯᠦᠨ | ᠠᠮᠢᠳᠤᠷᠠᠯ ᠢ ᠬᠠᠪᠰᠤᠷᠤᠨ ᠲᠡᠳᠬᠦᠬᠦ᠂ ᠰᠡᠳᠬᠢᠴᠡ ᠶᠢ ᠲᠠᠶᠢᠳᠬᠤᠷᠠᠭᠤᠯᠬᠤ᠂ ᠣᠶᠤᠨ ᠰᠠᠨᠠᠭ᠎ᠠ ᠶᠢ ᠲᠠᠶᠢᠳᠬᠤᠷᠠᠭᠤᠯᠬᠤ᠂ ᠡᠬᠢ ᠪᠠᠶᠠᠯᠢᠭ ᠢ ᠬᠤᠯᠪᠣᠬᠤ᠂ | ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠢ ᠠᠭᠤᠰᠤᠯᠴᠠᠭᠤᠯᠬᠤ ᠵᠡᠷᠭᠡ ᠣᠯᠠᠨ ᠶᠠᠩᠵᠤᠴᠢᠯᠠᠭᠰᠠᠨ᠂ ᠥᠪᠡᠷᠮᠢᠴᠡ ᠦᠢᠯᠡᠴᠢᠯᠡᠭᠡ ᠶᠢ ᠥᠷᠨᠢᠭᠦᠯᠦᠨ᠎ᠡ᠃ ︽ᠪᠠᠴᠢᠮ | ᠪᠠᠶᠢᠳᠠᠯ ᠠᠴᠠ ᠠᠪᠤᠷᠠᠬᠤ︾ ᠠᠵᠢᠯ ᠢ ᠭᠦᠨᠵᠡᠭᠡᠶ ᠥᠷᠨᠢᠭᠦᠯᠵᠦ᠂ ᠪᠠᠴᠢᠮ ᠬᠦᠴᠢᠷᠳᠡᠯ ᠲᠠᠢ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠪᠠ ᠪᠠᠴᠢᠮ | ᠬᠦᠴᠢᠷᠳᠡᠯ ᠲᠠᠢ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠲᠦᠷᠭᠡᠨ | ᠴᠤᠤᠷᠢᠶᠠᠲᠤᠨ ᠳᠠᠭᠠᠬᠤ᠂ ᠣᠨᠴᠠᠭᠠᠶ ᠬᠡᠷᠡᠭ ᠢ ᠵᠥᠪᠯᠡᠵᠦ ︽ᠪᠠᠴᠢᠮ ᠪᠠ ᠬᠦᠴᠢᠷ ᠠᠴᠠ ᠠᠪᠤᠷᠠᠬᠤ︾ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠰᠠᠯᠠᠭ᠎ᠠ | ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠲᠦᠯᠬᠢᠨ ᠠᠬᠢᠭᠤᠯᠵᠤ᠂ ᠶᠡᠷᠦᠩᠬᠡᠶᠢᠯᠡᠨ ᠠᠪᠤᠷᠠᠨ ᠲᠤᠰᠠᠯᠠᠬᠤ | ᠴᠢᠳᠠᠪᠤᠷᠢ ᠶᠢ ᠳᠡᠭᠡᠭᠰᠢᠯᠡᠭᠦᠯᠦᠨ᠂ ᠠᠷᠠᠳ ᠤᠯᠠᠨ ᠳᠤ ᠲᠤᠯᠭᠠᠷᠠᠭᠰᠠᠨ ᠡᠯ᠎ᠡ ᠵᠦᠢᠯ ᠤᠨ ᠴᠢᠬᠤᠯᠠ ᠶᠡᠭᠡ ᠪᠠᠴᠢᠮ ᠪᠠ ᠬᠦᠴᠢᠷ ᠲᠠᠢ ᠠᠰᠠᠭᠤᠳᠠᠯ ᠢ ᠴᠠᠭ | ᠲᠤᠬᠠᠶ ᠳᠤᠨᠢ ᠠᠷᠢᠯᠭᠠᠵᠤ᠂ ᠨᠡᠶᠢᠭᠡᠮ ᠤᠨ ᠶᠣᠰᠣ ᠮᠣᠷᠠᠯ ᠪᠠ ᠰᠡᠳᠬᠢᠴᠡ ᠶᠢᠨ ᠬᠢᠵᠠᠭᠠᠷ ᠱᠤᠭᠤᠮ ᠢ ᠳᠠᠭᠠᠷᠢᠭᠰᠠᠨ ᠬᠡᠷᠡᠭ ᠡᠭᠦᠰᠬᠦ ᠶᠢ ᠬᠠᠮᠤᠭ ᠤᠨ ᠶᠡᠭᠡ | ᠬᠡᠮᠵᠢᠶ᠎ᠡ ᠪᠠᠷ ᠰᠡᠷᠭᠡᠶᠢᠯᠡᠨ᠎ᠡ᠃ | ᠨᠠᠢᠮᠠ᠂ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ | ᠮᠠᠨ ᠤ ᠰᠢᠶᠠᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠲᠦᠷ ᠴᠠᠭ ᠤᠨ ᠠᠪᠤᠷᠠᠨ ᠲᠤᠰᠠᠯᠠᠬᠤ ᠬᠡᠷᠡᠭᠴᠡᠭᠡ ᠶᠢ ᠦᠨᠳᠦᠰᠦᠯᠡᠨ ᠲᠦᠷ ᠴᠠᠭ ᠤᠨ | ᠠᠪᠤᠷᠠᠨ ᠲᠤᠰᠠᠯᠠᠬᠤ ᠪᠡᠯᠡ ᠮᠥᠩᠭᠦ ᠶᠢ ᠤᠯᠠᠨ ᠲᠠᠯ᠎ᠠ ᠪᠠᠷ ᠴᠤᠭᠯᠠᠭᠤᠯᠵᠤ᠂ ᠬᠦᠴᠢᠷᠳᠡᠯ ᠲᠠᠢ ᠤᠯᠠᠨ ᠲᠦᠮᠡᠨ ᠤ ᠠᠪᠤᠷᠠᠨ ᠲᠤᠰᠠᠯᠠᠬᠤ ᠨᠥᠬᠦᠪᠥᠷᠢ ᠪᠡᠯᠡ | ᠮᠥᠩᠭᠦ ᠶᠢ ᠵᠦᠢ ᠵᠣᠬᠢᠰᠲᠠᠶ ᠲᠣᠬᠢᠷᠠᠭᠤᠯᠬᠤ ᠪᠠ ᠨᠢᠭᠡᠳᠦᠯᠲᠡᠶ ᠲᠥᠯᠥᠪᠯᠡᠨ ᠬᠡᠷᠡᠭᠯᠡᠵᠦ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ | ᠣᠷᠣᠭᠤᠯᠤᠯᠲᠠ ᠶᠢ ᠵᠠᠷᠴᠢᠮ ᠳᠡᠭᠡᠷ᠎ᠡ ᠪᠠᠨ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠶᠤᠮ᠃ ᠡᠯ᠎ᠡ ᠰᠤᠮᠤ ᠪᠠᠯᠭᠠᠰᠤ ᠵᠡᠷᠭᠡ ᠨᠢ ᠲᠦᠷ ᠴᠠᠭ ᠤᠨ ᠠᠪᠤᠷᠠᠨ | ᠲᠤᠰᠠᠯᠠᠬᠤ ᠪᠡᠯᠡᠳᠬᠡᠯ ᠮᠥᠩᠭᠦ ᠶᠢᠨ ᠲᠦᠷᠢᠮ ᠢ ᠦᠨᠡᠨ ᠬᠦ ᠪᠠᠶᠢᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠵᠢᠯ | ᠪᠦᠷᠢ ᠶᠢᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢ ᠰᠤᠮᠤ ᠪᠠᠯᠭᠠᠰᠤ ︵ᠬᠡᠷᠡᠭ ᠡᠷᠬᠢᠯᠡᠬᠦ | ᠭᠠᠵᠠᠷ︶ ᠳᠤ ᠤᠷᠢᠳᠴᠢᠯᠠᠨ ᠰᠠᠯᠭᠠᠨ ᠥᠭᠴᠦ᠂ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠬᠦᠷᠦᠯᠴᠡᠬᠦ ᠥᠬᠡᠶ ᠦᠶ᠎ᠡ ᠳᠤ᠂ ᠡᠯ᠎ᠡ | ᠭᠠᠵᠠᠷ ᠤᠨ ᠬᠢᠨ ᠴᠠᠭ ᠲᠤᠬᠠᠶ ᠳᠤᠨᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ ᠦᠷᠭᠦᠯᠵᠢᠯᠡᠨ ᠰᠠᠯᠭᠠᠨ ᠥᠭᠬᠦ ᠭᠤᠶᠤᠴᠢᠯᠠᠯ ᠭᠠᠷᠭᠠᠬᠤ ᠬᠡᠷᠡᠭᠲᠡᠶ᠃ | ᠡᠯ᠎ᠡ ᠭᠠᠵᠠᠷ ᠣᠷᠣᠨ ᠨᠤᠭᠤᠳ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢ ᠰᠠᠶᠢᠲᠤᠷ ᠬᠡᠷᠡᠭᠯᠡᠵᠦ ᠭᠦᠶ᠋ᠴᠡᠳ ᠬᠡᠷᠡᠭᠯᠡᠨ᠂ ᠰᠤᠮᠤ ᠪᠠᠯᠭᠠᠰᠤ ︵ | ᠬᠡᠷᠡᠭ ᠡᠷᠬᠢᠯᠡᠬᠦ ᠭᠠᠵᠠᠷ︶ ᠶᠢᠨ ᠲᠦᠷ ᠴᠠᠭ ᠤᠨ ᠠᠪᠤᠷᠠᠨ ᠲᠤᠰᠠᠯᠠᠬᠤ ᠶᠢ ᠬᠢᠨᠠᠨ ᠵᠥᠪᠰᠢᠶᠡᠷᠡᠬᠦ ᠲᠤᠭ᠎ᠠ ᠬᠡᠮᠵᠢᠶ᠎ᠡ ᠶᠢ ᠵᠣᠬᠢᠰᠲᠠᠶ ᠳᠡᠭᠡᠭᠰᠢᠯᠡᠭᠦᠯᠵᠦ᠂ ᠰᠤᠮᠤ | ᠪᠠᠯᠭᠠᠰᠤ ︵ᠬᠡᠷᠡᠭ ᠡᠷᠬᠢᠯᠡᠬᠦ ᠭᠠᠵᠠᠷ︶ ᠶᠢᠨ ᠲᠦᠷ ᠴᠠᠭ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠪᠣᠯᠤᠮᠵᠢᠲᠤ ᠴᠢᠨᠠᠷ ᠢ ᠪᠦᠲᠦᠮᠵᠢᠲᠡᠶ ᠨᠡᠮᠡᠭᠳᠡᠭᠦᠯᠬᠦ ᠬᠡᠷᠡᠭᠲᠡᠶ᠃ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠦᠷ | ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ ᠡᠳᠦᠷ ᠲᠤᠲᠤᠮ ᠤᠨ ᠬᠡᠷᠡᠭᠯᠡᠯᠲᠡ ᠪᠠ ᠬᠠᠮᠢᠶᠠᠷᠤᠯᠲᠠ ᠳᠤ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ | ᠶᠢᠰᠦ᠂ ᠪᠤᠰᠤᠳ ᠵᠦᠢᠯ ᠤᠳ | ᠲᠣᠰ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠤᠤᠯ ᠤᠨ ︽ᠦᠶᠤᠸᠠᠨ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠬᠡᠷ ᠤᠨ ︿ᠦᠶᠤᠸᠠᠨ ᠰᠢᠶᠠᠨ ᠤ ᠲᠦᠷ ᠴᠠᠭ ᠤᠨ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ | ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠠᠪᠤᠨ ᠵᠠᠰᠠᠭ ᠠᠯᠪᠠᠨ ᠲᠠᠷᠬᠠᠭᠠᠭᠰᠠᠨ ︹ 2020 ︺ 21 | ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠢ ᠳᠠᠭᠠᠤ ᠳᠤᠨᠢ ᠬᠦᠴᠦᠨ ᠥᠬᠡᠶ ᠪᠣᠯᠭᠠᠨ᠎ᠠ᠃ |