ᠲᠠᠷᠬᠤ ᠪᠠᠯᠭᠠᠰᠤ ᠠᠷᠪᠠ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2021/12/17
      12 ᠰᠠᠷ᠎ᠠ ᠶᠢᠨ 8 ᠤ ᠡᠳᠦᠷ᠂ ᠲᠠᠷᠬᠤ ᠪᠠᠯᠭᠠᠰᠤ ᠠᠷᠪᠠ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ ᠬᠤᠷᠠᠯᠳᠤᠵᠦ᠂ ᠪᠦᠬᠦ ᠪᠠᠯᠭᠠᠰᠤᠨ ᠤ 62 ᠲᠥᠯᠥᠭᠡᠯᠡᠭᠴᠢ ᠬᠤᠷᠠᠯ ᠳᠤ ᠣᠷᠣᠯᠴᠠᠵᠤ᠂ ᠡᠯ᠎ᠡ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠵᠢᠴᠢ ᠲᠥᠯᠥᠭᠡᠯᠡᠭᠴᠢ ᠠᠴᠠ ᠪᠤᠰᠤᠳ ᠬᠤᠲᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ᠂ ᠲᠠᠷᠬᠤ ᠪᠠᠯᠭᠠᠰᠤ᠂ ᠹᠧᠩ ᠢᠦᠢ ᠬᠡᠷᠡᠭ ᠡᠷᠬᠢᠯᠡᠬᠦ ᠭᠠᠵᠠᠷ ᠤᠨ ᠵᠠᠩᠭᠢᠯᠠᠭ᠎ᠠ ᠶᠢᠨ ᠺᠠᠳ᠋ᠷ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠬᠤᠷᠠᠯ ᠳᠤ ᠰᠤᠯᠠ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠡᠷᠡᠯᠲᠦ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠠᠴᠠ ᠲᠠᠷᠬᠤ ᠪᠠᠯᠭᠠᠰᠤ ᠶᠢᠨ ᠥᠩᠭᠡᠷᠡᠭᠰᠡᠨ ᠲᠠᠪᠤᠨ ᠵᠢᠯ ᠤᠨ ᠠᠵᠢᠯ ᠢ ᠡᠷᠭᠢᠴᠡᠭᠦᠯᠵᠦ᠂ ᠬᠤᠶᠢᠰᠢᠳᠠ ᠶᠢᠨ ᠲᠠᠪᠤᠨ ᠵᠢᠯ ᠤᠨ ᠪᠦᠬᠦ ᠪᠠᠯᠭᠠᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ ᠵᠢᠴᠢ ᠲᠡᠮᠡᠴᠡᠬᠦ ᠬᠠᠷᠠᠯᠲᠠ ᠶᠢ ᠲᠣᠳᠣᠷᠬᠠᠶᠢᠯᠠᠪᠠ᠃ ᠲᠠᠪᠤᠨ ᠵᠢᠯ ᠤᠨ ᠲᠤᠷᠰᠢ᠂ ᠲᠠᠷᠬᠤ ᠪᠠᠯᠭᠠᠰᠤ ᠤᠳᠤ ᠦᠶ᠎ᠡ ᠶᠢᠨ ᠬᠥᠳᠡᠭᠡ ᠠᠵᠤ ᠠᠬᠤᠢ ᠳᠤ ᠰᠠᠭᠤᠷᠢᠯᠠᠵᠤ᠂ ᠬᠥᠭᠵᠢᠯᠲᠡ ᠶᠢ ᠲᠦᠷᠭᠡᠳᠬᠡᠬᠦ ᠰᠢᠨ᠎ᠡ ᠬᠠᠭᠤᠳᠠᠰᠤ ᠶᠢ ᠪᠢᠴᠢᠭᠯᠡᠪᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠰᠠᠭᠤᠷᠢᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠡᠶᠡᠯᠡᠭᠦᠯᠪᠡ᠃ ᠠᠮᠤᠷ ᠠᠮᠤᠭᠤᠯᠠᠩ ᠤᠨ ᠪᠠᠶᠢᠭᠤᠯᠤᠯᠲᠠ ᠳᠤ ᠰᠠᠭᠤᠷᠢᠯᠠᠵᠤ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠪᠠ᠃ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠪᠣᠯ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠪᠣᠯᠤᠨ ᠪᠠᠯᠭᠠᠰᠤ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠶᠡᠬᠡᠪᠡᠷ ᠬᠡᠷᠡᠭᠵᠢᠭᠦᠯᠵᠦ᠂ ᠬᠥᠳᠡᠭᠡ ᠲᠣᠰᠬᠤᠨ ᠤ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠴᠢᠩᠭᠠᠳᠬᠠᠬᠤ ᠶᠠᠪᠤᠳᠠᠯ ᠪᠣᠯᠤᠨ᠎ᠠ᠃ 2022 ᠣᠨ ᠤ ᠲᠠᠷᠬᠤ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠪᠣᠯ ᠠᠵᠤ ᠦᠢᠯᠡᠰ ᠢ ᠳᠡᠭᠡᠭᠰᠢᠯᠡᠭᠦᠯᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠰᠠᠶᠢᠲᠤᠷ ᠠᠳᠬᠤᠵᠤ᠂ ᠣᠷᠣᠭᠤᠯᠤᠨ ᠠᠪᠴᠢᠷᠠᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠳᠡᠯᠭᠡᠷᠡᠭᠦᠯᠵᠦ᠂ ᠰᠤᠪᠠᠭ ᠤᠨ ᠳᠣᠲᠣᠷ ᠢ ᠴᠣᠭᠴᠠᠯᠠᠬᠤ᠂ ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠬᠤᠭ ᠨᠣᠪᠰᠢ ᠶᠢ ᠬᠤᠷᠢᠶᠠᠨ ᠠᠪᠬᠤ ᠶᠢ ᠲᠦᠷᠦᠯ ᠬᠤᠪᠢᠶᠠᠨ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠦᠷᠦᠯ ᠵᠦᠢᠯ ᠢ ᠢᠳᠡᠪᠬᠢᠲᠡᠢ ᠲᠡᠮᠡᠴᠡᠨ ᠤᠯᠬᠤ ᠶᠠᠪᠤᠳᠠᠯ ᠪᠣᠯᠤᠨ᠎ᠠ᠃      ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ ︽ᠲᠠᠷᠬᠤ ᠪᠠᠯᠭᠠᠰᠤ ᠶᠢᠨ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠪᠣᠯᠤᠨ ︽ᠲᠠᠷᠬᠤ ᠪᠠᠯᠭᠠᠰᠤ ᠶᠢᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠣᠳᠣᠷᠬᠠᠶᠢᠯᠠᠯᠲᠠ︾ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠨᠢᠭᠤᠴᠠ ᠰᠣᠩᠭᠤᠭᠤᠯᠢ ᠶᠢᠨ ᠠᠷᠭ᠎ᠠ ᠪᠠᠷ ᠰᠢᠨ᠎ᠡ ᠨᠢᠭᠡ ᠬᠤᠭᠤᠴᠠᠭᠠᠨ ᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠠᠰᠠᠭ ᠤᠨ ᠣᠷᠳᠣᠨ ᠤ ᠳᠠᠷᠤᠭ᠎ᠠ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢ ᠰᠣᠩᠭᠤᠨ ᠭᠠᠷᠭᠠᠪᠠ᠃ ᠬᠤᠷᠠᠯ ᠠᠴᠠ ᠪᠠᠰᠠ ᠲᠠᠷᠬᠤ ᠪᠠᠯᠭᠠᠰᠤ ᠶᠢᠨ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠶᠢᠨ ᠬᠠᠮᠲᠤ ᠲᠠᠷᠬᠤ ᠪᠠᠯᠭᠠᠰᠤ ᠶᠢᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠠᠲᠤᠯᠠᠬᠤ ᠪᠠᠷ ᠲᠣᠭᠲᠠᠪᠠ᠃
ᠢᠷᠡᠯᠲᠡ᠄ ᠲᠤᠰ ᠰᠦᠯᠵᠢᠶ᠎ᠡ