12 ᠰᠠᠷ᠎ᠠ ᠶᠢᠨ 7 ᠤ ᠡᠳᠦᠷ᠂ ᠾᠧ ᠱᠧᠩ ᠪᠠᠯᠭᠠᠰᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯᠳᠤᠭᠠᠨ ᠢ ᠬᠤᠷᠠᠯᠳᠤᠵᠦ᠂ ᠪᠦᠬᠦ ᠪᠠᠯᠭᠠᠰᠤ ᠶᠢᠨ 53 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠬᠤᠷᠠᠯᠳᠤᠭᠠᠨ ᠳᠤ ᠣᠷᠣᠯᠴᠠᠪᠠ᠃ ᠲᠥᠯᠥᠭᠡᠯᠡᠭᠴᠢ ᠪᠢᠰᠢ ᠤᠳᠤᠷᠢᠳᠬᠤ ᠺᠠᠳ᠋ᠷ᠂ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ᠂ ᠨᠠᠮ ᠤᠨ ᠭᠡᠰᠢᠭᠦᠨ | ᠲᠥᠯᠥᠭᠡᠯᠡᠭᠴᠢ ᠵᠡᠷᠭᠡ ᠬᠤᠷᠠᠯ ᠳᠤ ᠰᠤᠯᠠ ᠣᠷᠣᠯᠴᠠᠨ᠎ᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠶᠢᠰᠦᠳᠦᠭᠡᠷ ᠬᠢᠨᠠᠨ ᠵᠢᠯᠣᠭᠤᠳᠬᠤ ᠳᠤᠭᠤᠶᠢᠯᠠᠩ ᠤᠨ | ᠳᠠᠷᠤᠭ᠎ᠠ ᠵᠠᠩ ᠶᠦᠩ ᠯᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | ᠬᠤᠷᠠᠯ ᠠᠴᠠ ᠾᠧ ᠱᠧᠩ ᠪᠠᠯᠭᠠᠰᠤ ᠶᠢᠨ ᠥᠩᠭᠡᠷᠡᠭᠰᠡᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠢ ᠡᠷᠭᠢᠴᠡᠭᠦᠯᠬᠦ ᠶᠢᠨ ᠬᠠᠮᠲᠤ ᠬᠤᠶᠢᠰᠢᠳᠠ ᠶᠢᠨ | ᠲᠠᠪᠤᠨ ᠵᠢᠯ ᠤᠨ ᠭᠤᠣᠯ ᠡᠭᠦᠷᠭᠡ ᠵᠢᠴᠢ 2022 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠥᠩᠭᠡᠷᠡᠭᠰᠡᠨ ᠲᠠᠪᠤᠨ ᠵᠢᠯ ᠳᠤ᠂ | ᠡᡁᠧ ᠱᠧᠩ ᠪᠠᠯᠭᠠᠰᠤ ᠪᠦᠬᠦ ᠪᠠᠯᠭᠠᠰᠤ ᠶᠢᠨ ᠺᠠᠳ᠋ᠷᠴᠤᠳ ᠢ ᠳᠠᠶᠢᠴᠢᠯᠠᠨ ᠠᠵᠠ ᠲᠣᠬᠢᠶᠠᠯ ᠢ ᠠᠮᠵᠢᠵᠤ᠂ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠤᠷᠤᠭᠰᠢᠯᠠᠵᠤ᠂ | ᠪᠦᠬᠦ ᠪᠠᠯᠭᠠᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠢ ᠲᠣᠭᠲᠠᠭᠤᠨ ᠪᠠᠶᠢᠯᠭᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠤᠨ ᠡᠯ᠎ᠡ | ᠵᠦᠢᠯ ᠤᠨ ᠨᠡᠶᠢᠭᠡᠮ ᠤᠨ ᠦᠢᠯᠡᠰ ᠰᠢᠨ᠎ᠡ ᠳᠡᠭᠲᠡᠷ ᠲᠤ ᠭᠠᠷᠴᠠᠢ᠃ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠪᠣᠯ ᠰᠢᠨ᠎ᠡ ᠬᠥᠭᠵᠢᠯᠲᠡ ᠶᠢᠨ ᠱᠠᠲᠤᠨ ᠳᠤ | ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠠᠭᠤᠰᠤᠯᠴᠠᠵᠤ᠂ ᠪᠣᠬᠢᠷᠲᠤᠯ ᠦᠭᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ | ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ | ᠵᠣᠷᠢᠯᠭ᠎ᠠ ᠪᠣᠯᠭᠠᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭᠰᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ | ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠥᠭᠵᠢᠯᠲᠡ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠬᠡᠷᠡᠭᠲᠡᠢ᠃ | ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ | ︽2021 ᠣᠨ ᠤ ᠾᠧ ᠱᠧᠩ ᠪᠠᠯᠭᠠᠰᠤ ᠶᠢᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ | ᠪᠠᠶᠢᠳᠠᠯ ᠤᠨ ᠮᠡᠳᠡᠭᠦᠯᠦᠯᠲᠡ︾ ᠪᠣᠯᠤᠨ ︽2022 ᠣᠨ ᠤ ᠾᠧ ᠱᠧᠩ ᠪᠠᠯᠭᠠᠰᠤ ᠶᠢᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ᠃ ᠡᠭᠦᠨ ᠤ ᠬᠠᠮᠲᠤ | ᠨᠢᠭᠤᠴᠠ ᠰᠣᠩᠭᠤᠭᠤᠯᠢ ᠶᠢᠨ ᠠᠷᠭ᠎ᠠ ᠪᠠᠷ ᠰᠢᠨ᠎ᠡ ᠨᠢᠭᠡ ᠬᠤᠭᠤᠴᠠᠭᠠᠨ ᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ | ᠵᠠᠰᠠᠭ ᠤᠨ ᠣᠷᠳᠣᠨ ᠤ ᠰᠤᠮᠤ ᠶᠢᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠰᠤᠮᠤ ᠶᠢᠨ ᠳᠠᠷᠤᠭ᠎ᠠ ᠶᠢ ᠰᠣᠩᠭᠤᠨ ᠭᠠᠷᠭᠠᠪᠠ᠃ ᠬᠤᠷᠠᠯ ᠠᠴᠠ ᠪᠠᠰᠠ ᠾᠧ ᠱᠧᠩ | ᠪᠠᠯᠭᠠᠰᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠨᠤᠮᠵᠢ ᠶᠢᠨ | ᠬᠡᠮᠵᠢᠶ᠎ᠡ ᠶᠢ ᠰᠢᠯᠭᠠᠨ ᠦᠨᠡᠯᠡᠬᠦ ᠶᠢᠨ ᠬᠠᠮᠲᠤ ᠾᠧ ᠱᠧᠩ ᠪᠠᠯᠭᠠᠰᠤ ᠶᠢᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ | ᠪᠠᠲᠤᠯᠠᠬᠤ ᠪᠠᠷ ᠲᠣᠭᠲᠠᠪᠠ᠃ |