ᠹᠦ᠋ ᠰᠢᠩ ᠪᠠᠯᠭᠠᠰᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2021/12/17
      12 ᠰᠠᠷ᠎ᠠ ᠶᠢᠨ 8 ᠤ ᠡᠳᠦᠷ᠂ ᠹᠦ᠋ ᠰᠢᠩ ᠪᠠᠯᠭᠠᠰᠤ ᠠᠷᠪᠠᠨ ᠨᠠᠶ᠋ᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠵᠦ᠂ ᠪᠥᠬᠦ ᠪᠠᠯᠭᠠᠰᠤᠨ ᠤ 49 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯᠳᠤᠭᠠᠨ ᠳᠤ ᠣᠷᠣᠯᠴᠠᠵᠤ᠂ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯᠳᠤᠭᠠᠨ ᠳᠤ ᠰᠤᠯᠠ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠨᠠᠢᠮᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠦ᠋ ᠭᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ       ᠬᠤᠷᠠᠯ ᠠᠴᠠ ᠹᠦ᠋ ᠰᠢᠩ ᠪᠠᠯᠭᠠᠰᠤ ᠶᠢᠨ ᠥᠩᠭᠡᠷᠡᠭᠰᠡᠨ ᠲᠠᠪᠤᠨ ᠵᠢᠯ ᠤᠨ ᠠᠵᠢᠯ ᠢ ᠡᠷᠭᠢᠴᠡᠭᠦᠯᠵᠦ᠂ ᠬᠤᠶᠢᠰᠢᠳᠠ ᠶᠢᠨ ᠲᠠᠪᠤᠨ ᠵᠢᠯ ᠤᠨ ᠪᠦᠬᠦ ᠪᠠᠯᠭᠠᠰᠤ ᠶᠢᠨ ᠭᠤᠣᠯ ᠡᠭᠦᠷᠭᠡ ᠵᠢᠴᠢ ᠲᠡᠮᠡᠴᠡᠬᠦ ᠬᠠᠷᠠᠯᠲᠠ ᠶᠢ ᠲᠣᠳᠣᠷᠬᠠᠶᠢᠯᠠᠵᠤ᠂ 2022 ᠣᠨ ᠤ ᠪᠦᠬᠦ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠠᠪᠤᠨ ᠵᠢᠯ ᠤᠨ ᠲᠤᠷᠰᠢ᠂ ᠹᠦ᠋ ᠰᠢᠩ ᠪᠠᠯᠭᠠᠰᠤ ᠶᠢᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠰᠢᠢᠳᠪᠦᠷᠢᠲᠦ ᠴᠢᠨᠠᠷᠲᠠᠢ ᠢᠯᠠᠯᠲᠠ ᠤᠯᠪᠠ᠃ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠣᠭᠲᠠᠭᠤᠨ ᠢᠶᠠᠷ ᠠᠬᠢᠭᠤᠯᠪᠠ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠥᠭᠡᠳ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠬᠤ ᠶᠢ ᠪᠠᠷᠢᠮᠲᠠᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠨᠡᠩ ᠰᠠᠶᠢᠨ ᠰᠠᠶᠢᠬᠠᠨ ᠪᠣᠯᠭᠠᠨ᠎ᠠ᠃ ᠠᠷᠠᠳ ᠤᠨ ᠠᠮᠢᠳᠤᠷᠠᠯ ᠢ ᠳᠡᠭᠡᠳᠦᠯᠡᠬᠦ ᠶᠢ ᠪᠠᠷᠢᠮᠲᠠᠯᠠᠵᠤ᠂ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠪᠣᠯ ᠠᠮᠢ ᠠᠬᠤᠢ ᠶᠢᠨ ᠪᠣᠯᠪᠠᠰᠤᠨ ᠤ ᠰᠢᠨ᠎ᠡ ᠥᠨᠳᠦᠷᠯᠢᠭ ᠢ ᠪᠦᠳᠦᠭᠡᠨ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠨᠡᠶᠢᠭᠡᠮ ᠤᠨ ᠪᠣᠯᠪᠠᠰᠤᠨ ᠤ ᠰᠢᠨ᠎ᠡ ᠳᠡᠭᠡᠭᠰᠢᠯᠡᠯᠲᠡ ᠶᠢ ᠠᠬᠢᠭᠤᠯᠵᠤ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠦᠨᠳᠦᠷᠴᠡ ᠶᠢ ᠢᠯᠡᠷᠡᠭᠦᠯᠬᠦ ᠶᠠᠪᠤᠳᠠᠯ ᠪᠣᠯᠤᠨ᠎ᠠ᠃ 2022 ᠣᠨ ᠤ ᠹᠦ᠋ ᠰᠢᠩ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠰᠢᠨ᠎ᠡ ᠬᠠᠯᠬᠠᠪᠴᠢ ᠶᠢ ᠲᠠᠰᠤᠷᠠᠯᠳᠡ ᠦᠭᠡᠢ ᠪᠠᠬᠢᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠵᠤ᠂ ᠪᠠᠯᠭᠠᠰᠤᠨ ᠤ ᠬᠡᠪᠴᠢᠶᠡᠨ ᠤ ᠠᠵᠤ ᠠᠬᠤᠢ ᠶᠢᠨ ᠳᠠᠬᠢᠵᠦ ᠳᠠᠩᠰᠠ ᠡᠪᠬᠡᠮᠡᠯ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠬᠦ ᠬᠡᠷᠡᠭᠲᠡᠢ᠃ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠪᠠᠲᠤᠯᠠᠬᠤ ᠬᠡᠷᠡᠭᠲᠡᠢ︔ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠤᠷᠳᠤᠨ ᠢ ᠪᠠᠶᠢᠭᠤᠯᠤᠨ᠎ᠠ᠃      ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ ︽2021 ᠣᠨ ᠤ ᠪᠠᠯᠭᠠᠰᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠪᠣᠯᠤᠨ ︽2022 ᠣᠨ ᠤ ᠪᠠᠯᠭᠠᠰᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠣᠳᠣᠷᠬᠠᠶᠢᠯᠠᠯᠲᠠ︾ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠨᠢᠭᠤᠴᠠ ᠰᠣᠩᠭᠤᠭᠤᠯᠢ ᠶᠢᠨ ᠠᠷᠭ᠎ᠠ ᠪᠠᠷ ᠰᠢᠨ᠎ᠡ ᠨᠢᠭᠡ ᠬᠤᠭᠤᠴᠠᠭᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠠᠰᠠᠭ ᠤᠨ ᠣᠷᠳᠣᠨ ᠤ ᠳᠠᠷᠤᠭ᠎ᠠ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢ ᠰᠣᠩᠭᠤᠨ ᠭᠠᠷᠭᠠᠪᠠ᠃ ᠬᠤᠷᠠᠯ ᠠᠴᠠ ᠪᠠᠰᠠ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠶᠢᠨ ᠬᠠᠮᠲᠤ ᠹᠦ᠋ ᠰᠢᠩ ᠪᠠᠯᠭᠠᠰᠤ ᠶᠢᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠢᠶᠠᠷ ᠪᠠᠲᠤᠯᠠᠪᠠ᠃
ᠢᠷᠡᠯᠲᠡ᠄ ᠲᠤᠰ ᠰᠦᠯᠵᠢᠶ᠎ᠡ