ᠰᠢᠨ ᠭᠦᠩ ᠵᠦᠩ ᠪᠠᠯᠭᠠᠰᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2021/12/17
      12 ᠰᠠᠷ᠎ᠠ ᠶᠢᠨ 8 ᠤ ᠡᠳᠦᠷ᠂ ᠰᠢᠨ ᠬᠥᠩ ᠵᠥᠩ ᠪᠠᠯᠭᠠᠰᠤᠨ ᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠵᠦ᠂ ᠪᠥᠬᠦ ᠪᠠᠯᠭᠠᠰᠤᠨ ᠤ 59 ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯᠳᠤᠭᠠᠨ ᠳᠤ ᠣᠷᠣᠯᠴᠠᠵᠤ᠂ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯᠳᠤᠭᠠᠨ ᠳᠤ ᠰᠤᠯᠠ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠳᠥᠷᠪᠡᠳᠦᠭᠡᠷ ᠰᠢᠪᠠᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠤ ᠢᠦᠶ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠠᠴᠠ ᠰᠢᠨ ᠬᠦᠩ ᠵᠦᠩ ᠪᠠᠯᠭᠠᠰᠤ ᠶᠢᠨ ᠥᠩᠭᠡᠷᠡᠭᠰᠡᠨ ᠲᠠᠪᠤᠨ ᠵᠢᠯ ᠤᠨ ᠠᠵᠢᠯ ᠢ ᠡᠷᠭᠢᠴᠡᠭᠦᠯᠵᠦ᠂ ᠬᠤᠶᠢᠰᠢᠳᠠ ᠶᠢᠨ ᠲᠠᠪᠤᠨ ᠵᠢᠯ ᠤᠨ ᠪᠦᠬᠦ ᠪᠠᠯᠭᠠᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ ᠵᠢᠴᠢ ᠲᠡᠮᠡᠴᠡᠬᠦ ᠬᠠᠷᠠᠯᠲᠠ ᠶᠢ ᠲᠣᠳᠣᠷᠬᠠᠶᠢᠯᠠᠵᠤ᠂ 2022 ᠣᠨ ᠤ ᠪᠦᠬᠦ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠠᠪᠤᠨ ᠵᠢᠯ ᠤᠨ ᠲᠤᠷᠰᠢ᠂ ᠰᠢᠨ ᠬᠦᠩ ᠵᠦᠩ ᠪᠠᠯᠭᠠᠰᠤ ᠶᠢᠨ ᠪᠣᠭᠤᠮᠲᠠ ᠰᠢᠪᠲᠤᠯᠤᠨ ᠬᠦᠴᠢᠷ ᠢ ᠳᠠᠪᠠᠵᠤ᠂ ᠵᠣᠷᠢᠭᠲᠠᠢ ᠪᠠᠷ ᠤᠷᠤᠭᠰᠢᠯᠠᠨ ᠲᠠᠪᠰᠢᠵᠥ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠢᠯᠡᠳᠲᠡ ᠪᠠᠶᠢᠵᠤ᠂ ᠪᠦᠬᠦ ᠤᠯᠤᠰ ᠤᠨ ᠬᠤᠵᠢᠷᠯᠢᠬ ᠭᠠᠵᠠᠷ ᠢ ᠰᠠᠶᠢᠵᠢᠷᠠᠭᠤᠯᠬᠤ ᠮᠡᠷᠭᠡᠵᠢᠯ ᠤᠨ ᠲᠦᠷᠦᠭᠦᠴᠦᠳ ᠤᠨ ᠶᠠᠷᠢᠶᠠᠨ ᠤ ᠲᠠᠪᠴᠠᠩ᠂ ᠪᠦᠬᠦ ᠤᠯᠤᠰ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠠᠢ ᠶᠢᠨ ᠬᠤᠷᠠᠯ᠂ ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠴᠢ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠤᠯᠤᠰ᠂ ᠲᠣᠭᠤᠷᠢᠭ᠂ ᠬᠤᠲᠠ᠂ ᠰᠢᠶᠠᠨ ᠤ 61 ᠲᠤᠬᠠᠢ ᠶᠢᠨ ᠲᠠᠯᠠᠪᠠᠢ ᠶᠢᠨ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠬᠢᠯᠡᠪᠡ᠃ ᠲᠣᠭᠤᠷᠢᠭ᠂ ᠬᠤᠲᠠ ᠬᠤᠶᠠᠷ ᠱᠠᠲᠤᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠢᠷᠠᠭᠤ ᠪᠠᠶᠠᠨᠨᠠᠭᠤᠷ ᠬᠤᠳᠠ ᠶᠢᠨ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠳᠤᠮᠳᠠ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠢ ᠥᠭᠡᠷᠡᠴᠢᠯᠡᠬᠦ ᠲᠦᠷᠦᠯ ᠵᠦᠢᠯ ᠤᠨ ᠰᠢᠯᠢᠳᠡᠭ ᠲᠦᠷᠦᠯ ᠵᠦᠢᠯ ᠤᠨ ᠲᠣᠭᠤᠷᠢᠭ᠂ ᠪᠠᠶᠠᠨᠨᠠᠭᠤᠷ ᠬᠤᠳᠠ ᠶᠢᠨ ᠴᠡᠷᠢᠭ ᠡᠯᠰᠡᠬᠦ ᠠᠵᠢᠯ ᠤᠨ ᠲᠡᠷᠢᠭᠦᠨ ᠤ ᠨᠢᠭᠡᠴᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠲᠡᠷᠢᠭᠦᠨ ᠤ ᠨᠢᠭᠡᠴᠡ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠲᠡᠷᠢᠭᠦᠨ ᠤ ᠨᠢᠭᠡᠴᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠲᠡᠷᠢᠭᠦᠨ ᠤ ᠬᠠᠮᠲᠤ᠂ ᠪᠦᠬᠦ ᠬᠤᠳᠠ ᠶᠢᠨ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ ᠵᠡᠷᠭᠡ 32 ᠵᠦᠢᠯ ᠤᠨ ᠣᠨᠴᠠ ᠢᠷᠠᠭᠤ ᠠᠯᠳᠠᠷ ᠢ ᠬᠦᠷᠳᠡᠵᠡᠢ᠃ ᠲᠠᠪᠤᠨ ᠵᠢᠯ ᠳᠠᠷᠠᠭᠠᠯᠠᠨ ᠪᠦᠬᠦ ᠰᠢᠶᠠᠨ ᠤ ᠣᠨ ᠤ ᠪᠣᠳᠠᠲᠤ ᠠᠮᠵᠢᠯᠲᠠ ᠶᠢᠨ ᠬᠢᠨᠠᠨ ᠰᠢᠯᠭᠠᠯᠲᠠ ᠳᠤ ᠡᠮᠦᠨ᠎ᠡ ᠭᠤᠷᠪᠠ ᠳᠤ ᠵᠢᠭᠰᠠᠭᠠᠭᠳᠠᠪᠠ᠃ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠢᠮᠠᠭᠲᠠ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ ᠰᠢᠰᠲᠧᠮ ᠢ ᠲᠠᠰᠤᠷᠠᠯᠲᠠ ᠦᠭᠡᠢ ᠪᠠᠬᠢᠵᠢᠭᠦᠯᠵᠦ᠂ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠶᠠᠪᠤᠳᠠᠯ ᠪᠣᠯᠤᠨ᠎ᠠ᠃ 2022 ᠣᠨ ᠤ ᠰᠢᠨ ᠬᠦᠩ ᠵᠦᠩ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠪᠣᠯ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠤᠣᠯᠳᠠᠯᠭ᠎ᠠ ᠲᠠᠢ ᠠᠳᠬᠤᠵᠤ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲᠧᠮ ᠢ ᠪᠠᠶᠢᠭᠤᠯᠬᠤ ᠶᠠᠪᠤᠳᠠᠯ ᠪᠣᠯᠤᠨ᠎ᠠ᠃ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠳᠬᠤᠵᠤ᠂ ᠴᠢᠳᠠᠪᠤᠷᠢᠲᠠᠨ ᠢ ᠴᠤᠭᠯᠠᠷᠠᠭᠤᠯᠬᠤ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠳᠬᠤᠵᠤ᠂ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ ᠬᠡᠷᠡᠭᠲᠡᠢ᠃ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠶᠢ ᠠᠳᠬᠤᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠢ ᠪᠦᠳᠦᠬᠡᠨ ᠪᠠᠶᠢᠭᠤᠯᠬᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠢ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠠᠳᠬᠤᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ      ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ ︽2021 ᠣᠨ ᠤ ᠰᠢᠨ ᠭᠦᠩ ᠵᠦᠩ ᠪᠠᠯᠭᠠᠰᠤ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠪᠣᠯᠤᠨ ︽2022 ᠣᠨ ᠤ ᠰᠢᠨ ᠭᠦᠩ ᠵᠦᠩ ᠪᠠᠯᠭᠠᠰᠤ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ᠃ ᠡᠭᠦᠨ ᠤ ᠬᠠᠮᠲᠤ ᠨᠢᠭᠤᠴᠠ ᠰᠣᠩᠭᠤᠭᠤᠯᠢ ᠶᠢᠨ ᠠᠷᠭ᠎ᠠ ᠪᠠᠷ ᠰᠢᠨ᠎ᠡ ᠨᠢᠭᠡ ᠬᠤᠭᠤᠴᠠᠭᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠤ ᠳᠠᠷᠤᠭ᠎ᠠ ᠶᠢ ᠰᠣᠩᠭᠤᠨ ᠭᠠᠷᠭᠠᠪᠠ᠃ ᠬᠤᠷᠠᠯ ᠠᠴᠠ ᠪᠠᠰᠠ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠳᠠᠭᠤᠰᠬᠠᠪᠠ᠃
ᠢᠷᠡᠯᠲᠡ᠄ ᠲᠤᠰ ᠰᠦᠯᠵᠢᠶ᠎ᠡ