︽ᠦᠶᠤᠸᠠᠨ ᠰᠢᠶᠠᠨ ᠤ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/2
︽ᠦᠶᠤᠸᠠᠨ ᠰᠢᠶᠠᠨ ᠤ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ      ᠡᠯ᠎ᠡ ᠰᠤᠮᠤ ᠪᠠᠯᠭᠠᠰᠤᠨ ᠤ ᠬᠡᠷᠡᠭ ᠡᠷᠬᠢᠯᠡᠬᠦ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠵᠢᠶᠠᠨ ᠹᠸᠡᠭ ᠲᠠᠷᠢᠶᠠᠯᠠᠩ ᠤᠨ ᠲᠠᠯᠠᠪᠠᠢ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠰᠢᠶᠠᠨ ᠤ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ︽ᠦᠶᠤᠸᠠᠨ ᠰᠢᠶᠠᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃      ᠳᠠᠭᠠᠯᠳᠤᠭᠤᠯᠤᠯ᠄ ᠦᠶᠤᠸᠠᠨ ᠰᠢᠶᠠᠨ ᠤ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ                                                              ᠦᠶᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ                                                              2021 ᠣᠨ ᠤ 11 ᠰᠠᠷ᠎ᠠ ᠶᠢᠨ 10 ᠤ ᠡᠳᠦᠷᠦᠶᠤᠸᠠᠨ ᠰᠢᠶᠠᠨ ᠤ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ      ᠣᠶᠢᠷ᠎ᠠ ᠶᠢᠨ ᠵᠢᠯ ᠤᠳ ᠲᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠷᠢᠶᠠᠯᠠᠩ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠪᠦᠲᠦᠮᠵᠢᠲᠡᠶ ᠲᠠᠷᠢᠶᠠᠯᠠᠩ ᠤᠨ ︽ᠭᠤᠷᠪᠠᠨ ᠵᠦᠢᠯ ᠤᠨ ᠨᠥᠬᠦᠪᠥᠷᠢ︾ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠪᠠᠰᠠ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠲᠠᠢ ᠬᠤᠯᠪᠣᠭᠳᠠᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠬᠤ ᠶᠢᠨ ᠬᠠᠮᠲᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠨᠥᠬᠦᠪᠥᠷᠢ ᠥᠭᠬᠦ ᠠᠷᠭ᠎ᠠ ᠶᠢ ᠰᠠᠶᠢᠵᠢᠷᠠᠭᠤᠯᠵᠤ᠂ ᠨᠥᠬᠦᠪᠥᠷᠢ ᠥᠭᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ︽2021 ᠣᠨ ᠤ ᠥᠪᠥᠷ ᠮᠣᠩᠭᠤᠯ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠡᠳ᠋ ᠤᠨ ᠵᠠᠰᠠᠭ ᠲᠠᠷᠢᠶᠠᠯᠠᠩ ︹ 2021 ︺ 735 ᠳ᠋ᠤᠭᠠᠷ ᠲᠣᠭᠠᠲᠤ︶ ᠪᠣᠯᠤᠨ ︽︿ᠪᠠᠶᠠᠨᠨᠠᠭᠤᠷ ᠬᠤᠲᠠ ᠶᠢᠨ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ︹ 2021 ︺ 510 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠮᠠᠨ ᠤ ᠰᠢᠶᠠᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃      ᠨᠢᠭᠡ᠂ ᠶᠡᠷᠦᠩᠬᠡᠶ ᠰᠡᠳᠬᠢᠴᠡ      ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠡᠷᠡᠭᠯᠡᠬᠦ ᠪᠠ ᠠᠷᠠᠴᠢᠯᠠᠬᠤ ᠶᠢ ᠤᠶᠠᠯᠳᠤᠭᠤᠯᠬᠤ᠂ ᠬᠠᠮᠠᠭᠠᠯᠠᠨ ᠠᠰᠢᠭᠯᠠᠬᠤ᠂ ᠭᠤᠣᠯᠳᠠᠯᠭ᠎ᠠ ᠶᠢ ᠲᠤᠪᠤᠶᠢᠯᠭᠠᠬᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠨᠡᠶᠢᠭᠡᠮ ᠤᠨ ᠬᠢᠨ ᠣᠷᠣᠯᠴᠠᠬᠤ ᠵᠠᠷᠴᠢᠮ ᠶᠣᠰᠣᠭᠠᠷ᠂ ᠲᠠᠷᠢᠶᠠᠯᠠᠩ ᠤᠨ ︽ᠭᠤᠷᠪᠠᠨ ᠵᠦᠢᠯ ᠤᠨ ᠨᠥᠬᠦᠪᠥᠷᠢ︾ ᠶᠢ ᠤᠷᠮᠠᠰᠢᠭᠤᠯᠬᠤ ᠴᠢᠨᠠᠷᠲᠠᠶ ᠨᠥᠬᠦᠪᠥᠷᠢ ᠠᠴᠠ ᠴᠢᠳᠠᠮᠵᠢ ᠶᠢᠨ ᠴᠢᠨᠠᠷᠲᠠᠶ ᠨᠥᠬᠦᠪᠥᠷᠢ ᠪᠣᠯᠭᠠᠨ ᠬᠤᠪᠢᠷᠠᠭᠤᠯᠬᠤ᠂ ᠬᠠᠮᠤᠷᠬᠤ ᠴᠢᠨᠠᠷᠲᠠᠶ ᠨᠥᠬᠦᠪᠥᠷᠢ ᠠᠴᠠ ᠵᠠᠩᠭᠢᠯᠠᠭ᠎ᠠ ᠶᠢᠨ ᠴᠢᠨᠠᠷᠲᠠᠶ ᠨᠥᠬᠦᠪᠥᠷᠢ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢᠨ ᠬᠠᠨᠳᠤᠯᠭᠠᠲᠤ ᠴᠢᠨᠠᠷ᠂ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠲᠤᠬᠠᠶ ᠶᠢᠨ ᠭᠠᠵᠠᠷ ᠤᠨ ᠡᠬᠢ ᠪᠠᠶᠠᠯᠢᠭ ᠤᠨ ᠡᠬᠢ ᠪᠠᠶᠠᠯᠢᠭ ᠲᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠲᠠᠷᠢᠶᠠᠴᠢᠳ ᠤᠨ ᠰᠠᠨᠠᠭᠠᠴᠢᠯᠠᠭ᠎ᠠ ᠠᠴᠠ ᠪᠠᠨ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠶᠢ ᠵᠣᠷᠢᠭᠵᠢᠭᠤᠯᠵᠤ᠂ ᠲᠠᠷᠢᠶᠠᠴᠢᠳ ᠤᠨ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠭᠠᠵᠠᠷ ᠰᠢᠷᠣᠶ ᠶᠢ ᠭᠦᠨ ᠰᠤᠯᠠᠷᠠᠭᠤᠯᠤᠨ ᠲᠡᠭᠰᠢᠯᠡᠬᠦ᠂ ᠣᠷᠭᠠᠨᠢᠭ ᠪᠤᠷᠳᠤᠭᠤᠷ ᠨᠡᠮᠡᠵᠦ ᠣᠷᠣᠭᠤᠯᠬᠤ᠂ ᠬᠢᠮᠢ ᠶᠢᠨ ᠪᠤᠷᠳᠤᠭᠤᠷ ᠲᠠᠷᠢᠶᠠᠨ ᠡᠮ ᠤᠨ ᠣᠷᠣᠭᠤᠯᠤᠯᠲᠠ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠬᠦ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ ᠠᠮᠢ ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠤ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠲᠠᠰᠤᠷᠠᠯᠳᠠ ᠦᠭᠡᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠪᠠᠲᠤᠳᠬᠠᠨ᠂ ᠮᠠᠨ ᠤ ᠰᠢᠶᠠᠨ ᠤ ᠤᠳᠤ ᠦᠶ᠎ᠡ ᠶᠢᠨ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠠᠮᠤ ᠪᠤᠳᠠᠭ᠎ᠠ ᠶᠢ ᠲᠠᠷᠢᠶᠠᠨ ᠭᠠᠵᠠᠷ ᠲᠤ ᠬᠠᠳᠠᠭᠠᠯᠠᠬᠤ︾ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠪᠡᠶᠡᠯᠡᠭᠦᠯᠦᠨ᠎ᠡ᠃ ᠡᠯ᠎ᠡ ᠰᠤᠮᠤ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠬᠢᠨ ᠲᠠᠷᠢᠶᠠᠯᠠᠩ ᠤᠨ ︽ᠭᠤᠷᠪᠠᠨ ᠵᠦᠢᠯ ᠤᠨ ᠨᠥᠬᠦᠪᠥᠷᠢ︾ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠨᠢᠭᠲᠠ ᠬᠠᠮᠵᠢᠯᠴᠠᠵᠤ᠂ ᠥᠭᠡᠷᠡᠴᠢᠯᠡᠯᠲᠡ ᠶᠢᠨ ᠠᠵᠢᠯ ᠤᠨ ᠲᠣᠭᠲᠠᠭᠤᠨ ᠪᠥᠭᠡᠳ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠶᠠᠷ᠂ ᠬᠡᠷᠡᠭᠵᠢᠭᠦᠯᠬᠦ ᠭᠤᠣᠯ ᠠᠭᠤᠯᠭ᠎ᠠ      ︵ᠨᠢᠭᠡ︶ ᠨᠥᠬᠦᠪᠥᠷᠢ ᠥᠭᠬᠦ ᠦᠨᠳᠦᠰᠦ ᠪᠠᠷᠢᠮᠲᠠ᠃ 2021 ᠣᠨ ᠳᠤ ᠮᠠᠨ ᠤ ᠰᠢᠶᠠᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠳᠤ ᠪᠥᠬᠦ ᠰᠢᠶᠠᠨ ᠤ ᠨᠢᠭᠡᠳᠦᠯᠲᠡᠶ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠨᠥᠬᠦᠪᠥᠷᠢ ᠶᠢᠨ ᠪᠠᠷᠢᠮᠵᠢᠶ᠎ᠠ ᠶᠢ ᠤᠤᠯ ᠤᠨ ᠭᠠᠶᠢᠯᠢ ᠪᠤᠳᠤᠵᠤ ᠪᠠᠶᠢᠭᠰᠠᠨ ᠲᠠᠷᠢᠶᠠᠨ ᠭᠠᠵᠠᠷ ᠤᠨ ᠲᠠᠯᠠᠪᠠᠶ ᠪᠠᠷ ᠮᠥ ᠪᠠᠷ ᠨᠢᠭᠡᠴᠢ ᠪᠣᠯᠭᠠᠨ ᠪᠤᠳᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠨᠥᠬᠦᠪᠥᠷᠢ ᠥᠭᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠲᠠᠲᠠᠪᠤᠷᠢᠯᠠᠨ ᠬᠡᠷᠡᠭᠯᠡᠬᠦ ᠵᠡᠷᠭᠡ ᠰᠢᠯᠲᠠᠭᠠᠨ ᠠᠴᠠ ᠪᠣᠯᠤᠭᠰᠠᠨ ᠡᠯ᠎ᠡ ᠵᠦᠢᠯ ᠤᠨ ᠮᠠᠷᠭᠤᠯᠳᠤᠭᠠᠨ ᠵᠢᠴᠢ ᠪᠤᠰᠤᠳ ᠰᠢᠨ᠎ᠡ ᠪᠠᠶᠢᠳᠠᠯ ᠳᠤ ︽ᠠᠰᠠᠭᠤᠳᠠᠯ ᠢ ᠰᠢᠶ᠋ᠳᠪᠦᠷᠢᠯᠡᠬᠦ᠂ ᠤᠯᠬᠤ ᠳᠤ ᠲᠥᠬᠦᠮ ᠪᠠᠶᠢᠯᠭᠠᠬᠤ᠂ ᠬᠠᠷᠢᠶ᠎ᠠ ᠭᠠᠵᠠᠷ ᠲᠤᠨᠢ ᠬᠠᠷᠢᠭᠤᠴᠠᠭᠤᠯᠬᠤ︾ ᠵᠠᠷᠴᠢᠮ ᠶᠣᠰᠣᠭᠠᠷ᠂ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ᠂ ᠬᠡᠷᠡᠭ ᠤᠨ ᠳᠠᠷᠠᠭ᠎ᠠ ᠬᠢᠨᠠᠯᠲᠠ ᠲᠠᠯᠪᠢᠬᠤ ᠶᠢ ᠪᠡᠶᠡᠯᠡᠭᠦᠯᠵᠦ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ ᠪᠠᠶᠢᠭᠠᠳ 2021 ᠣᠨ ᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠰ ᠤᠨ ᠱᠠᠭᠠᠷᠳᠠᠯᠭ᠎ᠠ ᠶᠣᠰᠣᠭᠠᠷ᠂ ᠨᠢᠭᠡᠨᠲᠡ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠤᠪᠢ ᠪᠠᠷ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠠᠷᠢᠶᠠᠨ ᠭᠠᠵᠠᠷ᠂ ᠣᠶᠢᠲᠤ ᠭᠠᠵᠠᠷ᠂ ᠵᠠᠯᠭᠠᠯᠳᠤᠭᠰᠠᠨ ᠲᠠᠷᠢᠶᠠᠨ ᠭᠠᠵᠠᠷ ᠢ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠤᠭᠰᠠᠨ᠂ ᠲᠠᠷᠢᠶᠠᠯᠠᠩ ᠤᠨ ᠪᠤᠰᠤ ᠲᠠᠲᠠᠪᠤᠷᠢᠯᠠᠨ ︵ᠡᠵᠡᠯᠡᠨ ᠬᠡᠷᠡᠭᠯᠡᠬᠦ︶ ᠬᠡᠷᠡᠭᠯᠡᠬᠦ ᠲᠠᠷᠢᠶᠠᠨ ᠭᠠᠵᠠᠷ ᠵᠡᠷᠭᠡ ᠨᠢᠭᠡᠨᠲᠡ ᠬᠡᠷᠡᠭᠴᠡᠭᠡ ᠶᠢ ᠨᠢ ᠬᠤᠪᠢᠷᠠᠭᠤᠯᠤᠭᠰᠠᠨ ᠲᠠᠷᠢᠶᠠᠨ ᠭᠠᠵᠠᠷ ᠵᠢᠴᠢ ᠣᠷᠳᠣ ᠬᠤᠭᠤᠴᠠᠭ᠎ᠠ ᠪᠠᠷ ᠠᠲᠠᠷᠰᠢᠭᠤᠯᠤᠭᠰᠠᠨ ᠲᠠᠷᠢᠶᠠᠨ ᠭᠠᠵᠠᠷ᠂ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠳᠤᠮᠳᠠᠬᠢ ︽ᠨᠥᠬᠦᠪᠥᠷᠢᠯᠡᠭᠰᠡᠨ︾ ᠲᠠᠯᠠᠪᠠᠶ ᠪᠠ ᠶᠠᠰᠤ ᠴᠢᠨᠠᠷ ᠨᠢ ᠲᠠᠷᠢᠶᠠᠯᠠᠬᠤ ᠨᠥᠬᠦᠴᠡᠯ ᠳᠤ ᠬᠥᠷᠬᠦ ᠥᠬᠡᠶ ᠲᠠᠷᠢᠶᠠᠨ ᠭᠠᠵᠠᠷ᠂ 2021 ᠣᠨ ᠤ ᠲᠠᠷᠢᠶᠠᠯᠠᠬᠤ ᠶᠢ ᠵᠣᠭᠰᠣᠭᠠᠬᠤ ᠬᠡᠪᠴᠢᠶᠡᠨ ᠳᠤ ᠣᠷᠣᠭᠤᠯᠤᠭᠰᠠᠨ ᠲᠠᠷᠢᠶᠠᠨ ᠭᠠᠵᠠᠷ ᠵᠡᠷᠭᠡ ᠳᠤ ᠳᠠᠭᠢᠵᠤ ᠨᠥᠬᠦᠪᠥᠷᠢ ᠥᠭᠬᠦ ᠥᠬᠡᠶ᠃      ︵ᠬᠤᠶᠠᠷ︶ ᠨᠥᠬᠦᠪᠥᠷᠢ ᠥᠭᠬᠦ ᠠᠷᠭ᠎ᠠ ᠮᠠᠶ᠋ᠢᠭ᠃ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠥᠬᠦᠪᠥᠷᠢ ᠶᠢᠨ ᠪᠡᠯᠡ ᠮᠥᠩᠭᠦ ᠶᠢ ᠲᠠᠷᠢᠶᠠᠴᠢᠨ ᠤ ᠬᠤᠪᠢ ᠬᠥᠮᠦᠨ ᠤ ᠳᠠᠩᠰᠠᠨ ᠡᠷᠦᠬᠡ ᠳᠤ ᠭᠦᠢᠴᠡᠳ ᠲᠤᠭ᠎ᠠ ᠪᠠᠷ ᠰᠢᠭᠤᠳ ᠬᠦᠷᠭᠡᠬᠦ ᠶᠢ ᠪᠠᠲᠤᠯᠠᠵᠤ᠂ ᠡᠯ᠎ᠡ ᠲᠥᠷᠥᠯ ᠤᠨ ᠡᠳ᠋ ᠤᠨ ᠵᠠᠰᠠᠭ ᠠᠴᠠ ᠲᠠᠷᠢᠶᠠᠴᠢᠳ ᠲᠤ ᠨᠥᠬᠦᠪᠥᠷᠢ ᠥᠭᠬᠦ ᠪᠡᠯᠡ ᠮᠥᠩᠭᠦ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠡᠳ᠋ ᠤᠨ ᠵᠠᠰᠠᠭ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠪᠠᠯᠠ ᠮᠥᠩᠭᠦ ᠶᠢ ᠲᠥᠪᠯᠡᠷᠡᠭᠦᠯᠦᠨ ᠨᠢᠭᠡᠳᠦᠯᠲᠡᠶ ᠲᠠᠷᠬᠠᠭᠠᠬᠤ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠪᠠᠶᠠᠨᠨᠠᠭᠤᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ︽︿ᠪᠠᠶᠠᠨᠨᠠᠭᠤᠷ ᠬᠤᠲᠠ ᠶᠢᠨ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ᠶᠢᠨ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠶᠠᠨᠨᠠᠭᠤᠷ ᠬᠤᠲᠠ ︹ 2021 ︺ 510 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2021 ᠣᠨ ᠳᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢ ᠦᠷᠭᠦᠯᠵᠢᠯᠡᠨ ︽ᠪᠦᠬᠦᠨ ᠳᠤ ᠳᠣᠭᠢᠷᠠᠬᠤ ᠺᠠᠷᠲ︾ ᠢᠶᠠᠷ ᠲᠠᠷᠬᠠᠭᠠᠨ᠎ᠠ᠃      ︵ᠭᠤᠷᠪᠠ︶ ᠨᠥᠬᠦᠪᠥᠷᠢ ᠮᠥᠩᠭᠦ ᠶᠢᠨ ᠲᠤᠭ᠎ᠠ᠃ ᠳᠡᠭᠡᠳᠦ ᠱᠠᠲᠤᠨ ᠠᠴᠠ ᠮᠠᠨ ᠤ ᠰᠢᠶᠠᠨ ᠳᠤ 9207.1 ᠲᠦᠮᠡᠨ ᠲᠥᠭᠦᠷᠢᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠮᠥᠩᠭᠦ ᠥᠭᠴᠦ᠂ ᠡᠭᠦᠨ ᠤ ᠳᠣᠲᠣᠷᠠᠬᠢ 5807.1 ᠲᠦᠮᠡᠨ ᠲᠥᠭᠦᠷᠢᠭ ᠢ ᠲᠠᠷᠢᠶᠠᠴᠢᠨ ᠡᠷᠦᠬᠡ ᠳᠤ ᠥᠭᠴᠦ᠂ ᠦᠯᠡᠳᠡᠭᠰᠡᠨ 3400 ᠲᠦᠮᠡᠨ ᠲᠥᠭᠦᠷᠢᠭ ᠢ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠳᠤ ᠨᠢᠭᠡᠳᠦᠯᠲᠡᠶ ᠬᠡᠷᠡᠭᠯᠡᠨ᠎ᠡ᠃      ︵ᠳᠥᠷᠪᠡ︶ ᠨᠥᠬᠦᠪᠥᠷᠢ ᠥᠭᠬᠦ ᠠᠯᠬᠤᠮ ᠳᠠᠷᠠᠭ᠎ᠠ᠃ ᠡᠯ᠎ᠡ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ᠂ ᠲᠠᠷᠢᠶᠠᠯᠠᠩ ᠤᠨ ᠲᠠᠯᠠᠪᠠᠶ᠂ ᠲᠠᠯᠠᠪᠤᠷ ᠥᠷᠲᠡᠭᠡ ᠨᠦᠭᠦᠳ ᠭᠠᠶᠢᠯᠢ ᠪᠤᠳᠤᠬᠤ ᠲᠠᠯᠠᠪᠠᠶ ︵2020 ᠣᠨ ᠤ ᠳᠡᠭᠡᠭᠰᠢ ᠮᠡᠳᠡᠭᠦᠯᠬᠦ ᠲᠠᠯᠠᠪᠠᠶ ᠠᠴᠠ ᠬᠡᠲᠦᠷᠡᠭᠦᠯᠵᠦ ᠪᠣᠯᠬᠤ ᠥᠬᠡᠶ︶᠂ ᠨᠥᠬᠦᠪᠥᠷᠢ ᠭᠥᠷᠳᠡᠬᠦ ᠲᠣᠰᠬᠤᠨ ᠳᠤᠭᠤᠶᠢᠯᠠᠩ ᠤᠨ ᠲᠤᠭ᠎ᠠ᠂ ᠨᠥᠬᠦᠪᠥᠷᠢ ᠭᠥᠷᠳᠡᠬᠦ ᠬᠥᠮᠦᠨ ᠠᠮᠠ ᠶᠢᠨ ᠲᠤᠭ᠎ᠠ᠂ ᠨᠥᠬᠦᠪᠥᠷᠢ ᠭᠥᠷᠳᠡᠬᠦ ᠡᠷᠦᠬᠡ ᠶᠢᠨ ᠲᠤᠭ᠎ᠠ ᠶᠢ ᠤᠯᠠᠭᠠᠨ ᠲᠦᠷᠦᠭᠦᠲᠦ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠰᠲ᠋ᠣᠺ ᠲᠤ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠰᠤᠮᠤ ᠪᠠᠯᠭᠠᠰᠤ᠂ ᠲᠠᠯᠠᠪᠤᠷ ᠥᠷᠲᠡᠭᠡ ᠨᠦᠭᠦᠳ ᠨᠥᠬᠦᠪᠥᠷᠢ ᠭᠥᠷᠳᠡᠬᠦ ᠲᠠᠷᠢᠶᠠᠴᠢᠨ ᠡᠷᠦᠬᠡ ᠶᠢᠨ ᠪᠠᠶᠢᠳᠠᠯ ᠢ ᠡᠷᠦᠬᠡ ᠳᠠᠷᠠᠭᠠᠯᠠᠨ ᠨᠠᠷᠢᠨ ᠨᠢᠮᠪᠠᠶ ᠬᠠᠷᠭᠤᠭᠤᠯᠤᠨ ᠳᠣᠲᠣᠯᠠᠬᠤ ᠬᠡᠷᠡᠭᠲᠡᠶ᠄ ᠡᠷᠦᠬᠡ ᠶᠢᠨ ᠡᠵᠡᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ ᠤᠨ ᠳ᠋ᠤᠭᠠᠷ᠂ ᠨᠥᠬᠦᠪᠥᠷᠢ ᠥᠭᠬᠦ ᠲᠠᠯᠠᠪᠠᠶ᠂ ᠤᠲᠠᠰᠤᠨ ᠨᠣᠮᠧᠷ ᠵᠡᠷᠭᠡ᠂ ᠲᠤᠭ᠎ᠠ ᠪᠠᠷᠢᠮᠲᠠ ᠶᠢ ᠰᠢᠨᠡᠳᠬᠡᠬᠦ ᠳᠡᠭᠡᠨ ᠴᠠᠭ ᠲᠤᠬᠠᠶ ᠳᠤᠨᠢ᠂ ᠣᠨᠣᠪᠴᠢᠲᠠᠶ ᠪᠠᠶᠢᠵᠤ᠂ ᠬᠤᠶᠠᠷ ᠰᠦᠯᠵᠢᠶᠡᠨ ᠤ ᠲᠤᠭ᠎ᠠ ᠪᠠᠷᠢᠮᠲᠠ ᠶᠢ ᠣᠨᠣᠪᠴᠢᠲᠠᠶ ᠵᠣᠯᠭᠠᠭᠤᠯᠬᠤ ᠶᠢᠨ ᠬᠠᠮᠲᠤ ᠨᠥᠬᠦᠪᠥᠷᠢ ᠥᠭᠬᠦ ᠲᠣᠳᠣᠷᠬᠠᠶ ᠳᠡᠪᠲᠡᠷ ︵ᠳᠠᠷᠤᠶ ᠳᠠᠭᠠᠭᠤᠯᠤᠨ ᠭᠠᠷᠭᠠᠭᠰᠠᠨ ᠲᠤᠭ᠎ᠠ ᠪᠠᠷᠢᠮᠲᠠ︶ ᠢ ᠴᠠᠭᠠᠰᠤᠨ ᠪᠠ ᠡᠯᠧᠺᠲᠷᠣᠨ ᠬᠡᠪᠯᠡᠯ ᠤᠨ ᠬᠡᠯᠪᠡᠷᠢ ᠪᠠᠷ ᠡᠯ᠎ᠡ ᠲᠣᠰᠬᠤᠨ ᠳᠤᠭᠤᠶᠢᠯᠠᠩ ᠤᠨ ᠵᠠᠷᠯᠠᠨ ᠨᠡᠶᠢᠲᠡᠯᠡᠭᠰᠡᠨ ᠬᠡᠷᠡᠯ ᠵᠢᠷᠤᠭ ᠤᠨ ᠡᠯᠧᠺᠲᠷᠣᠨ ᠬᠡᠪᠯᠡᠯ ᠢ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠳᠤ ᠮᠡᠳᠡᠭᠦᠯᠬᠦ ᠬᠡᠷᠡᠭᠲᠡᠶ᠃      ᠦᠶᠤᠸᠠᠨ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ               0478 — 7960954      ᠦᠶᠤᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ   0478 — 5235020      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠬᠠᠮᠢᠶ᠎ᠠ ᠪᠥᠬᠦᠶ ᠱᠠᠭᠠᠷᠳᠠᠯᠭ᠎ᠠ      ᠲᠠᠷᠢᠶᠠᠨ ᠭᠠᠵᠠᠷ ᠪᠠ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠨᠢ ᠥᠷᠭᠡᠨ ᠣᠯᠠᠨ ᠲᠠᠷᠢᠶᠠᠴᠢᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠠ ᠣᠲᠣ ᠦᠶ᠎ᠡ ᠶᠢᠨ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠬᠤᠯᠪᠣᠭᠳᠠᠵᠤ᠂ ᠡᠯ᠎ᠡ ᠰᠤᠮᠤ ᠪᠠᠯᠭᠠᠰᠤᠨ ᠤ ᠬᠡᠷᠡᠭ ᠡᠷᠬᠢᠯᠡᠬᠦ ᠭᠠᠵᠠᠷ᠂ ᠵᠢᠶᠠᠨ ᠹᠤᠩ ᠲᠠᠷᠢᠶᠠᠯᠠᠩ ᠤᠨ ᠲᠠᠯᠠᠪᠠᠶ᠂ ᠲᠠᠯᠠᠪᠤᠷ ᠥᠷᠲᠡᠭᠡ ᠨᠦᠭᠦᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠬᠤᠯᠠᠴᠢᠯᠠᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠨᠥᠬᠦᠪᠥᠷᠢ ᠶᠢᠨ ᠨᠠᠷᠢᠯᠢᠭ ᠣᠨᠣᠴᠠᠲᠠᠶ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃      ︵ᠨᠢᠭᠡ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠰᠢᠶᠠᠨ ᠤ ᠵᠠᠰᠠᠭ ᠤᠨ ᠣᠷᠳᠣᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠳᠤ ᠬᠠᠷᠢᠭᠤᠴᠠᠯᠭ᠎ᠠ᠂ ᠡᠷᠬᠡ᠂ ᠪᠠᠯᠠ ᠮᠥᠩᠭᠦ᠂ ᠡᠭᠦᠷᠭᠡ ᠶᠢ ᠬᠡᠷᠡᠭᠵᠢᠭᠦᠯᠬᠦ ᠶᠢ ᠬᠠᠷᠢᠭᠤᠴᠠᠵᠤ᠂ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠶᠢᠨ ᠳᠣᠤᠷ᠎ᠠ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠪᠡᠯᠡ ᠮᠥᠩᠭᠦ ᠶᠢ ᠬᠠᠮᠢᠶᠠᠷᠬᠤ ᠪᠠ ᠰᠠᠯᠭᠠᠨ ᠥᠭᠬᠦ ᠠᠵᠢᠯ ᠢ ᠬᠠᠷᠢᠭᠤᠴᠠᠵᠤ᠂ ᠪᠣᠳᠠᠲᠠᠶ ᠪᠠᠶᠢᠳᠠᠯ ᠢ ᠦᠨᠳᠦᠰᠦᠯᠡᠨ ᠵᠣᠬᠢᠴᠠᠩᠭᠤᠶ ᠠᠵᠢᠯ ᠤᠨ ᠵᠠᠷᠤᠳᠠᠯ ᠢ ᠵᠣᠬᠢᠰᠲᠠᠶ ᠲᠣᠬᠢᠷᠠᠭᠤᠯᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠪᠠᠷ ᠶᠠᠪᠤᠭᠳᠠᠬᠤ ᠶᠢ ᠪᠠᠲᠤᠯᠠᠨ᠎ᠠ ᠃ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠮᠡᠷᠭᠡᠵᠢᠯ ᠤᠨ ᠳᠡᠮᠵᠢᠯᠭᠡ ᠦᠵᠡᠭᠦᠯᠬᠦ ᠶᠢ ᠬᠠᠷᠢᠭᠤᠴᠠᠵᠤ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢᠨ ᠮᠡᠷᠭᠡᠵᠢᠯ ᠤᠨ ᠪᠣᠯᠪᠠᠰᠤᠷᠠᠭᠤᠯᠤᠯ ᠪᠠ ᠵᠢᠯᠤᠭᠤᠳᠤᠯᠭ᠎ᠠ ᠶᠢ ᠴᠢᠩᠭᠠᠳᠬᠠᠵᠤ᠂ ᠨᠥᠬᠦᠪᠥᠷᠢ ᠥᠭᠬᠦ ᠵᠦᠢᠯᠡᠰ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠮᠠᠲ᠋ᠧᠷᠢᠶᠠᠯ ᠨᠢ ᠪᠦᠷᠢᠨ ᠭᠦᠢᠴᠡᠳ᠂ ᠪᠦᠷᠢᠨ ᠭᠦᠢᠴᠡᠳ ᠪᠠᠶᠢᠴᠠᠭᠠᠵᠤ ᠪᠣᠯᠬᠤ ᠶᠢ ᠪᠡᠶᠡᠯᠡᠭᠦᠯᠵᠦ᠂ ᠨᠥᠬᠦᠪᠥᠷᠢ ᠥᠭᠬᠦ ᠠᠷᠭ᠎ᠠ ᠬᠡᠮᠵᠢᠶ᠎ᠡ ᠶᠢᠨ ᠵᠢᠱᠢᠭᠰᠡᠨ ᠦᠷ᠎ᠡ ᠪᠦᠲᠦᠮᠵᠢ ᠳᠤ ᠬᠦᠷᠬᠦ ᠶᠢ ᠦᠨᠡᠨ ᠬᠦ ᠪᠠᠲᠤᠯᠠᠨ᠎ᠠ᠃ ᠡᠯ᠎ᠡ ᠰᠤᠮᠤ ᠪᠠᠯᠭᠠᠰᠤᠨ ᠤ ᠬᠡᠷᠡᠭ ᠡᠷᠬᠢᠯᠡᠬᠦ ᠭᠠᠵᠠᠷ᠂ ᠵᠢᠶᠠᠨ ᠹᠤᠩ ᠤᠨ ᠲᠠᠷᠢᠶᠠᠯᠠᠩ ᠤᠨ ᠲᠠᠯᠠᠪᠠᠶ᠂ ᠲᠠᠯᠠᠪᠤᠷ ᠥᠷᠲᠡᠭᠡ ᠨᠥᠬᠦᠪᠥᠷᠢ ᠶᠢᠨ ᠪᠡᠯᠡ ᠮᠥᠩᠭᠦ ᠶᠢᠨ ᠡᠳ᠋ ᠤᠨ ᠶᠠᠪᠤᠳᠠᠯ ᠢ ᠢᠯᠡ ᠪᠣᠯᠭᠠᠬᠤ ᠪᠠ ᠰᠠᠭᠤᠷᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠲᠠᠷᠢᠶᠠᠴᠢᠨ ᠡᠷᠦᠬᠡ ᠨᠢᠭᠡᠪᠦᠷᠢ ᠶᠢᠨ ᠨᠥᠬᠦᠪᠥᠷᠢ ᠶᠢᠨ ᠲᠠᠯᠠᠪᠠᠶ᠂ ᠨᠥᠬᠦᠪᠥᠷᠢ ᠶᠢᠨ ᠪᠠᠷᠢᠮᠵᠢᠶ᠎ᠠ᠂ ᠨᠥᠬᠦᠪᠥᠷᠢ ᠶᠢᠨ ᠵᠣᠭᠤᠰ ᠤᠨ ᠲᠤᠭ᠎ᠠ ᠶᠢ ᠡᠷᠬᠡᠪᠰᠢ ᠵᠠᠷᠯᠠᠨ ᠨᠡᠶᠢᠲᠡᠯᠡᠬᠦ ᠬᠡᠷᠡᠭᠲᠡᠶ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠠᠮᠤ ᠪᠤᠳᠠᠭ᠎ᠠ ᠳᠠᠷᠢᠬᠤ ᠲᠠᠷᠢᠶᠠᠴᠢᠨ ᠡᠷᠦᠬᠡ ᠶᠢᠨ ᠨᠥᠬᠦᠪᠥᠷᠢ ᠶᠢ ᠢᠯᠡ᠂ ᠡᠷᠬᠡ ᠲᠡᠭᠰᠢ᠂ ᠲᠥᠪ ᠭᠤᠤᠯᠴᠢ ᠪᠠᠶᠢᠯᠭᠠᠬᠤ ᠶᠢ ᠦᠨᠡᠨᠬᠦ ᠪᠠᠲᠤᠯᠠᠵᠤ᠂ ᠢᠯᠡ ᠨᠡᠶᠢᠲᠡᠯᠡᠬᠦ ᠠᠭᠤᠯᠭ᠎ᠠ ᠨᠢ ᠪᠣᠳᠠᠲᠠᠶ ᠨᠥᠬᠦᠪᠥᠷᠢ ᠣᠯᠭᠤᠬᠤ ᠲᠠᠢ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠵᠤ᠂ ᠲᠠᠷᠢᠶᠠᠴᠢᠨ ᠡᠷᠦᠬᠡ ᠨᠢᠭᠡᠪᠦᠷᠢ ᠶᠢᠨ ᠨᠥᠬᠦᠪᠥᠷᠢ ᠶᠢᠨ ᠪᠠᠶᠢᠳᠠᠯ ᠢ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ᠂ ᠵᠢᠶᠠᠨ ᠹᠤᠩ ᠲᠠᠷᠢᠶᠠᠯᠠᠩ ᠤᠨ ᠲᠠᠯᠠᠪᠠᠶ᠂ ᠲᠠᠯᠠᠪᠤᠷ ᠥᠷᠲᠡᠭᠡ ᠠᠴᠠ ᠲᠤᠰᠬᠠᠶ ᠬᠥᠮᠦᠨ ᠲᠣᠮᠢᠯᠠᠨ ᠲᠣᠰᠬᠤᠨ᠂ ᠳᠤᠭᠤᠶᠢᠯᠠᠩ ᠳᠤ ᠢᠯᠡ ᠨᠡᠶᠢᠲᠡᠯᠡᠬᠦ ᠶᠢᠨ ᠬᠠᠮᠲᠤ ᠬᠡᠷᠡᠯ ᠵᠢᠷᠤᠭ ᠠᠪᠴᠤ ᠲᠠᠩᠰᠠ ᠡᠪᠬᠡᠮᠡᠯ ᠳᠤ ᠣᠷᠣᠭᠤᠯᠤᠨ ᠪᠠᠶᠢᠴᠠᠭᠠᠬᠤ ᠳᠤ ᠪᠡᠯᠡᠳᠬᠡᠭᠰᠡᠨ ᠨᠥᠬᠦᠪᠥᠷᠢ ᠶᠢ ᠢᠯᠡ ᠨᠡᠶᠢᠲᠡᠯᠡᠬᠦ ᠲᠦᠷᠢᠮ ᠢ ᠪᠠᠶᠢᠭᠤᠯᠵᠤ᠂ 2021 ᠣᠨ ᠤ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃      ︵ᠬᠤᠶᠠᠷ︶ ᠲᠥᠰᠦᠯ ᠲᠠᠢ ᠬᠠᠷᠢᠴᠠᠭᠤᠯᠤᠨ ᠬᠡᠷᠡᠭᠵᠢᠭᠦᠯᠦᠨ᠎ᠡ᠃ ᠰᠢᠶᠠᠨ ᠤ ᠡᠳ᠋ ᠤᠨ ᠵᠠᠰᠠᠭ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ︽ᠦᠶᠤᠸᠠᠨ ᠰᠢᠶᠠᠨ ᠤ 2021 ᠣᠨ ᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠳᠤ ᠲᠣᠳᠣᠷᠬᠠᠶᠢᠯᠠᠭᠰᠠᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢᠨ ᠲᠤᠭ᠎ᠠ ᠬᠡᠮᠵᠢᠶ᠎ᠡ᠂ ᠦᠨᠳᠦᠰᠦᠯᠡᠯ ᠂ ᠠᠷᠭ᠎ᠠ ᠮᠠᠶ᠋ᠢᠭ᠂ ᠬᠦᠷᠢᠶ᠎ᠡ ᠬᠡᠪᠴᠢᠶ᠎ᠡ᠂ ᠨᠥᠬᠦᠪᠥᠷᠢ ᠶᠢᠨ ᠴᠤᠪᠤᠷᠠᠯ ᠵᠡᠷᠭᠡ ᠱᠠᠭᠠᠷᠳᠠᠯᠭ᠎ᠠ ᠶᠢ ᠦᠨᠳᠦᠰᠦᠯᠡᠨ ᠰᠠᠶᠢᠲᠤᠷ ᠬᠡᠷᠡᠭᠵᠢᠭᠦᠯᠬᠦ ᠬᠡᠷᠡᠭᠲᠡᠶ᠃ ᠨᠥᠬᠦᠪᠥᠷᠢ ᠶᠢᠨ ᠪᠠᠯᠠ ᠮᠥᠩᠭᠦ ᠶᠢ ᠣᠷᠣᠯᠠᠨ ᠲᠠᠷᠬᠠᠭᠠᠬᠤ ᠪᠠᠩᠬᠢ ᠠᠴᠠ ᠰᠢᠭᠤᠳ ᠺᠠᠷᠲ ᠪᠦᠷᠢᠳᠬᠡᠭᠦᠯᠵᠦ ᠲᠠᠷᠢᠶᠠᠴᠢᠨ ᠡᠷᠦᠬᠡ ᠳᠤ ︽ᠪᠦᠬᠦᠨ ᠳᠤ ᠳᠣᠭᠢᠷᠠᠬᠤ ᠺᠠᠷᠲ︾ ᠢ ᠲᠠᠷᠬᠠᠭᠠᠵᠤ᠂ ᠪᠡᠯᠡᠨ ᠵᠣᠭᠤᠰ ᠢᠶᠠᠷ ᠨᠥᠬᠦᠪᠥᠷᠢ ᠪᠠᠯᠠ ᠮᠥᠩᠭᠦ ᠰᠣᠯᠢᠵᠤ ᠥᠭᠬᠦ ᠶᠢ ᠴᠢᠩᠭ᠎ᠠ ᠴᠠᠭᠠᠵᠠᠯᠠᠨ᠎ᠠ᠃ ᠭᠠᠴᠠᠭᠠᠨ ᠤ ᠳᠤᠭᠤᠶᠢᠯᠠᠩ ᠤᠨ ᠬᠠᠮᠲᠤ ᠨᠡᠶᠢᠲᠡ᠂ ᠲᠠᠷᠢᠶᠠᠯᠠᠩ ᠤᠨ ᠲᠠᠯᠠᠪᠠᠢ ᠵᠡᠷᠭᠡ ᠨᠢᠭᠡᠴᠢ ᠳᠤ ᠥᠭᠬᠦ ᠶᠣᠰᠣᠲᠠᠶ ᠨᠥᠬᠦᠪᠥᠷᠢ ᠪᠡᠯᠡ ᠮᠥᠩᠭᠦ ᠶᠢ ᠡᠷᠬᠡᠪᠰᠢ ᠰᠢᠭᠤᠳ ᠠᠯᠪᠠᠨ ᠤ ᠳᠠᠩᠰᠠᠨ ᠳᠤ ᠣᠷᠣᠭᠤᠯᠬᠤ ᠬᠡᠷᠡᠭᠲᠡᠶ᠂ ᠭᠠᠴᠠᠭᠠᠨ ᠤ ᠺᠠᠳ᠋ᠷ ᠪᠤᠶᠤ ᠪᠤᠰᠤᠳ ᠬᠤᠪᠢ ᠬᠥᠮᠦᠨ ᠢᠶᠠᠷ ᠣᠷᠣᠯᠠᠨ ᠠᠪᠤᠭᠤᠯᠬᠤ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠪᠠᠯᠠ ᠮᠥᠩᠭᠦ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠰᠢᠶᠠᠨ ᠤ ᠡᠳ᠋ ᠤᠨ ᠵᠠᠰᠠᠭ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠨᠢ ᠪᠠᠯᠠ ᠮᠥᠩᠭᠦ ᠰᠢᠯᠵᠢᠭᠦᠯᠦᠨ ᠥᠭᠬᠦ ᠪᠠ ᠬᠢᠨᠠᠨ ᠬᠠᠮᠢᠶᠠᠷᠬᠤ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ᠂ ᠵᠢᠶᠠᠨ ᠹᠸᠡᠭ ᠤᠨ ᠲᠠᠷᠢᠶᠠᠯᠠᠩ ᠤᠨ ᠲᠠᠯᠠᠪᠠᠶ᠂ ᠲᠠᠯᠠᠪᠤᠷ ᠥᠷᠲᠡᠭᠡ ᠶᠢ ᠰᠢᠮᠳᠠᠭᠤᠯᠵᠤ ᠪᠠᠶᠢᠭᠠᠳ ᠰᠠᠭᠤᠷᠢ ᠲᠤᠭ᠎ᠠ ᠪᠠᠷᠢᠮᠲᠠ ᠶᠢ ᠴᠤᠭᠯᠠᠭᠤᠯᠵᠤ ᠬᠢᠨᠠᠨ ᠬᠠᠷᠭᠤᠭᠤᠯᠬᠤ᠂ ᠨᠥᠬᠦᠪᠥᠷᠢ ᠪᠠᠯᠠ ᠮᠥᠩᠭᠦ ᠲᠠᠷᠬᠠᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠲᠠᠷᠢᠶᠠᠨ ᠭᠠᠵᠠᠷ ᠪᠠ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠪᠣᠯ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠥᠬᠦᠪᠥᠷᠢ ᠮᠥᠨ ᠪᠣᠯᠬᠤᠷ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠨᠥᠬᠦᠪᠥᠷᠢ ᠶᠢᠨ ᠪᠠᠯᠠ ᠮᠥᠩᠭᠦ ᠶᠢ ᠮᠡᠬᠡᠯᠡᠨ ᠠᠪᠬᠤ᠂ ᠮᠡᠬᠡᠯᠡᠨ ᠠᠪᠬᠤ᠂ ᠱᠠᠮᠰᠢᠬᠤ ᠪᠤᠶᠤ ᠲᠣᠭᠲᠠᠭᠠᠯ ᠠᠴᠠ ᠵᠥᠷᠢᠴᠡᠨ ᠲᠠᠷᠬᠠᠭᠠᠭᠰᠠᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃      ︵ᠳᠥᠷᠪᠡ︶ ᠰᠢᠮᠳᠠᠭᠤᠯᠤᠨ ᠵᠢᠯᠣᠭᠤᠳᠴᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠶᠢᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠰᠢᠪᠠᠳᠠᠨ ᠱᠠᠭᠠᠷᠳᠠᠵᠤ᠂ ᠨᠢᠭᠲᠠ ᠮᠥᠷᠳᠡᠬᠦ ᠬᠡᠷᠡᠭᠲᠡᠶ᠃ ᠡᠯ᠎ᠡ ᠰᠤᠮᠤ ᠪᠠᠯᠭᠠᠰᠤ ᠶᠢᠨ ᠬᠡᠷᠡᠭ ᠡᠷᠬᠢᠯᠡᠬᠦ ᠭᠠᠵᠠᠷ᠂ ᠵᠢᠶᠠᠨ ᠹᠸᠡᠭ ᠤᠨ ᠲᠠᠷᠢᠶᠠᠯᠠᠩ ᠤᠨ ᠲᠠᠯᠠᠪᠠᠶ᠂ ᠲᠠᠯᠠᠪᠤᠷ ᠥᠷᠲᠡᠭᠡ ᠶᠢᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠠᠭ ᠲᠤᠨᠢ ᠳᠣᠭᠢᠷᠠᠭᠤᠯᠤᠨ ᠥᠷᠨᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ᠂ ᠵᠢᠯ ᠤᠨ ᠡᠴᠦᠰ ᠤᠨ ᠰᠢᠯᠭᠠᠨ ᠬᠢᠨᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠰᠢᠶᠠᠨ ᠤ ᠡᠳ᠋ ᠤᠨ ᠵᠠᠰᠠᠭ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 2021 ᠣᠨ ᠤ 12 ᠰᠠᠷ᠎ᠠ ᠶᠢᠨ 20 ᠤ ᠡᠳᠦᠷ ᠠᠴᠠ ᠡᠮᠦᠨ᠎ᠡ ᠳ᠋ᠦᠩᠨᠡᠯᠲᠡ ᠪᠠ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠮᠡᠳᠡᠭᠦᠯᠦᠯᠲᠡ ᠪᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠮᠡᠳᠡᠭᠦᠯᠦᠨ᠎ᠡ᠃      ︵ᠲᠠᠪᠤ︶ ᠤᠬᠠᠭᠤᠯᠭ᠎ᠠ ᠪᠣᠯᠪᠠᠰᠤᠷᠠᠭᠤᠯᠤᠯ ᠢ ᠥᠷᠨᠢᠭᠦᠯᠦᠨ᠎ᠡ᠃ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠵᠠᠷᠯᠠᠨ ᠨᠡᠶᠢᠲᠡᠯᠡᠬᠦ ᠲᠦᠷᠢᠮ ᠢ ᠪᠠᠶᠢᠭᠤᠯᠵᠤ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠢᠯᠡ ᠲᠣᠳᠣ ᠪᠠᠶᠢᠬᠤ ᠶᠢ ᠦᠨᠡᠨ ᠪᠥᠬᠦ ᠰᠢᠶᠠᠨ ᠤ ᠡᠯ᠎ᠡ ᠱᠠᠲᠤᠨ ᠤ ᠰᠠᠯᠠᠭ᠎ᠠ ᠮᠥᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠢᠨᠲ᠋ᠤᠷ ᠰᠦᠯᠵᠢᠶ᠎ᠡ᠂ ᠭᠠᠷ ᠤᠲᠠᠰᠤ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠪᠣᠳᠠᠲᠠᠶ ᠠᠭᠤᠯᠭ᠎ᠠ ᠶᠢ ᠲᠣᠰᠬᠤᠨ ᠡᠷᠦᠬᠡ ᠳᠤ ᠬᠦᠷᠲᠡᠯ᠎ᠡ ᠤᠬᠠᠭᠤᠯᠬᠤ ᠬᠡᠷᠡᠭᠲᠡᠶ᠃ ᠡᠭᠦᠨ ᠤ ᠬᠠᠮᠲᠤ ᠪᠠᠰᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠲᠠᠷᠢᠶᠠᠴᠢᠨ ᠲᠦᠮᠡᠨ ᠤ ᠠᠰᠠᠭᠤᠨ ᠯᠠᠪᠯᠠᠬᠤ ᠪᠠ ᠮᠠᠳᠠᠭ ᠲᠠᠢ ᠠᠰᠠᠭᠤᠳᠠᠯ ᠢ ᠴᠠᠭ ᠲᠤᠬᠠᠶ ᠳᠤᠨᠢ ᠰᠠᠶᠢᠲᠤᠷ ᠰᠢᠶ᠋ᠳᠪᠦᠷᠢᠯᠡᠵᠦ᠂ ᠲᠠᠷᠢᠶᠠᠨ ᠭᠠᠵᠠᠷ ᠤᠨ ᠬᠥᠷᠥᠰᠥ ᠶᠢᠨ ᠬᠦᠴᠦᠨ ᠤ ᠬᠠᠮᠠᠭᠠᠯᠠᠯᠲᠠ ᠶᠢᠨ ᠴᠢᠬᠤᠯᠠ ᠠᠴᠢ ᠬᠤᠯᠪᠣᠭᠳᠠᠯ ᠪᠠ ᠰᠠᠶᠢᠨ ᠨᠡᠶᠢᠲᠡᠯᠢᠭ ᠵᠢᠱᠢᠶ᠎ᠡ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠥᠷᠭᠡᠨ ᠢᠶᠠᠷ ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠲᠠᠷᠢᠶᠠᠨ ᠭᠠᠵᠠᠷ ᠤᠨ ᠬᠥᠷᠥᠰᠥ ᠶᠢᠨ ᠬᠦᠴᠦᠨ ᠤ ᠬᠠᠮᠠᠭᠠᠯᠠᠯᠲᠠ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ 
ᠢᠷᠡᠯᠲᠡ᠄ ᠲᠤᠰ ᠰᠦᠯᠵᠢᠶ᠎ᠡ