ᠤᠢᠢᠷ᠎ᠠ ᠶᠢᠨ ᠵᠢᠯ ᠠᠴᠠ᠂ ᠡᡁᠧ ᠱᠧᠩ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ | ᠦᠨᠳᠦᠰᠦᠨ ᠱᠠᠲᠤᠨ ᠳᠤ ᠦᠨᠳᠦᠰᠦᠯᠡᠭᠦᠯᠵᠦ᠂ ᠤᠯᠠᠨ ᠲᠦᠮᠡᠨ ᠢ ᠲᠠᠶᠢᠴᠢᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ | ᠰᠠᠨᠠᠭᠠᠴᠢᠯᠠᠭ᠎ᠠ ᠲᠠᠢ ᠪᠠᠷ ᠣᠷᠣᠯᠴᠠᠭᠤᠯᠵᠤ᠂ ᠤᠯᠠᠨ ᠲᠦᠮᠡᠨ ᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠰᠢᠭ ᠬᠦᠷᠳᠡᠭᠴᠢ ᠪᠣᠯᠭᠠᠭᠰᠠᠨ | ᠪᠠᠶᠢᠨ᠎ᠠ᠃ | ᠡᡁᠧ ᠱᠧᠩ ᠪᠠᠯᠭᠠᠰᠤ ᠶᠢᠨ ᠡᡁᠧ ᠫᠢᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠤᠷᠪᠤᠯᠵᠢᠯᠠᠭᠴᠢ ᠶᠢᠨ | ᠣᠯᠵᠤ ᠬᠠᠷᠠᠭᠰᠠᠨ ᠢᠶᠠᠷ᠂ ᠰᠠᠶᠢᠨ ᠳᠤᠷ᠎ᠠ ᠶᠢᠨ ᠠᠵᠢᠯᠯᠠᠭᠴᠢᠳ ᠬᠤᠪᠢ ᠬᠤᠷᠠᠮᠳᠤᠭᠤᠯᠵᠤ ᠪᠡᠯᠡᠭ ᠰᠡᠯᠲᠡ ᠰᠣᠯᠢᠵᠤ᠂ ᠦᠢᠯᠡᠳᠦᠯᠭᠡ ᠶᠢᠨ ᠦᠷᠳᠡᠭᠡ ᠶᠢᠨ ᠠᠷᠢᠭᠤᠨ | ᠴᠡᠪᠡᠷ ᠢ ᠴᠡᠪᠡᠷᠯᠡᠵᠦ ᠪᠠᠶᠢᠨ᠎ᠠ᠃ ᠡᠩᠭᠡ ᠲᠠᠶᠢᠪᠤᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢ ᠲᠡᠰ ᠳᠡᠪᠰᠢᠭᠦᠯᠦᠨ | ᠥᠭᠡᠷᠡᠴᠢᠯᠡᠭᠰᠡᠨ ᠤ ᠲᠠᠷᠠᠭ᠎ᠠ᠂ ᠰᠠᠶᠢᠨ ᠳᠤᠷ᠎ᠠ ᠶᠢᠨ ᠠᠵᠢᠯᠯᠠᠭ᠎ᠠ ᠳᠤ ᠲᠣᠭᠲᠠᠮᠠᠯ ᠲᠠᠯᠠᠪᠤᠷ ᠪᠠᠶᠢᠬᠤ ᠦᠬᠡᠢ ᠠᠰᠠᠭᠤᠳᠠᠯ ᠢ ᠰᠢᠢᠳᠪᠦᠷᠢᠯᠡᠵᠦ᠂ ᠡᠩᠭᠡ ᠲᠠᠶᠢᠪᠤᠩ | ᠲᠣᠰᠬᠤᠨ ᠤ ᠰᠠᠶᠢᠨ ᠳᠤᠷ᠎ᠠ ᠶᠢᠨ ᠠᠵᠢᠯᠯᠠᠭ᠎ᠠ ᠶᠢ ᠨᠡᠩ ᠰᠠᠶᠢᠲᠤᠷ ᠥᠷᠨᠢᠭᠦᠯᠵᠦ ᠪᠣᠯᠤᠨ᠎ᠠ᠃ | ᠰᠠᠶᠢᠨ ᠳᠤᠷ᠎ᠠ ᠶᠢᠨ ᠠᠵᠢᠯᠯᠠᠭᠴᠢ ᠵᠠᠩ ᠼᠦᠢ ᠶᠢᠩ᠄ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠠᠶᠢᠭᠤᠯᠤᠭᠳᠠᠭᠰᠠᠨ ᠤ | ᠲᠠᠷᠠᠭ᠎ᠠ᠂ ᠮᠠᠨ ᠤ ᠰᠠᠶᠢᠨ ᠳᠤᠷ᠎ᠠ ᠶᠢᠨ ᠠᠵᠢᠯᠯᠠᠭᠴᠢ ᠠᠵᠢᠯᠯᠠᠭ᠎ᠠ ᠥᠷᠨᠢᠭᠦᠯᠬᠦ ᠵᠢᠭᠰᠠᠭᠠᠯ ᠤᠨ ᠭᠠᠵᠠᠷ ᠲᠠᠢ ᠪᠣᠯᠪᠠ᠂ ᠢᠩᠭᠢᠪᠡᠯ ᠪᠢᠳᠡ ᠡᠯ᠎ᠡ ᠵᠦᠢᠯ ᠤᠨ ᠰᠠᠶᠢᠨ | ᠳᠤᠷ᠎ᠠ ᠶᠢᠨ ᠦᠢᠯᠡᠴᠢᠯᠡᠭᠡ ᠶᠢ ᠨᠡᠩ ᠰᠠᠶᠢᠨ ᠥᠷᠨᠢᠭᠦᠯᠵᠦ᠂ ᠤᠯᠠᠨ ᠲᠦᠮᠡᠨ ᠳᠤ ᠦᠢᠯᠡᠴᠢᠯᠡᠬᠦ ᠳᠤ ᠨᠡᠩ ᠲᠦᠭᠦᠮ ᠪᠣᠯᠬᠤ ᠶᠤᠮ︾ ᠭᠡᠵᠦ ᠬᠡᠯᠡᠪᠡ᠃ | 2019 ᠣᠨ ᠳᠤ᠂ ᠡᠩᠭᠡ ᠲᠠᠶᠢᠪᠤᠩ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠠᠶᠢᠭᠤᠯᠤᠭᠳᠠᠵᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠬᠢ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ ᠳᠦᠷᠪᠡᠡ ᠲᠠᠪᠤᠬᠠᠨ ᠰᠠᠶᠢᠨ ᠳᠤᠷ᠎ᠠ ᠶᠢᠨ ᠠᠵᠢᠯᠯᠠᠭᠴᠢ ᠲᠠᠢ | ᠪᠠᠶᠢᠭᠰᠠᠨ ᠠᠴᠠ ᠪᠠᠨ ᠤᠳᠤ ᠤᠨᠤᠯ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ᠂ ᠰᠣᠶᠣᠯ | ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠪᠣᠯᠤᠨ | ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠪᠠᠭᠲᠠᠭᠠᠭᠰᠠᠨ 4 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠪᠤᠯᠵᠤ ᠬᠥᠭᠵᠢᠪᠡ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ︽ᠤᠯᠠᠨ ᠲᠦᠮᠡᠨ ᠤ ᠬᠡᠷᠡᠭᠴᠡᠭᠡ ᠬᠠᠮᠢᠭ᠎ᠠ ᠪᠠᠶᠢᠪᠠᠯ ᠰᠠᠶᠢᠨ ᠳᠤᠷ᠎ᠠ ᠶᠢᠨ ᠦᠢᠯᠡᠴᠢᠯᠡᠭᠡ ᠶᠢ ᠲᠡᠨᠳᠡ ᠬᠦᠷᠲᠡᠯ᠎ᠡ | ᠦᠷᠭᠦᠯᠵᠢᠯᠡᠭᠦᠯᠬᠦ︾ ᠶᠢ ᠪᠠᠷᠢᠮᠲᠠᠯᠠᠵᠤ᠂ ᠤᠯᠠᠨ ᠲᠦᠮᠡᠨ ᠤ ᠬᠡᠷᠡᠭᠴᠡᠭᠡ ᠶᠢ ᠦᠨᠳᠦᠰᠦᠯᠡᠨ ᠤᠨᠤᠯ ᠢ ᠤᠬᠠᠭᠤᠯᠤᠨ ᠲᠠᠶᠢᠯᠪᠤᠷᠢᠯᠠᠬᠤ᠂ ᠶᠠᠳᠠᠭᠤ ᠶᠢ ᠲᠡᠳᠬᠦᠵᠦ | ᠬᠦᠴᠢᠷᠳᠡᠯᠲᠡᠶ ᠶᠢ ᠲᠤᠰᠠᠯᠠᠬᠤ ᠵᠡᠷᠭᠡ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠬᠠᠨᠳᠤᠯᠭᠠᠲᠤ | ᠴᠢᠨᠠᠷᠲᠠᠶ ᠪᠠᠷ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠡᠷᠡᠭᠦᠯ ᠮᠡᠨᠳᠤ ᠶᠢᠨ ᠶᠡᠷᠦ ᠶᠢᠨ | ᠮᠡᠳᠡᠯᠭᠡ ᠵᠡᠷᠭᠡ ᠠᠭᠤᠯᠭ᠎ᠠ ᠶᠢ ᠴᠠᠭ ᠲᠤᠬᠠᠶ ᠳᠤᠨᠢ ᠤᠯᠠᠨ ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ | ᠢ ᠨᠡᠪᠲᠡᠷᠡᠭᠦᠯᠪᠡ᠃ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠠᠶᠢᠭᠤᠯᠤᠭᠳᠠᠭᠰᠠᠨ ᠨᠢ ᠪᠣᠯᠪᠠᠰᠤᠨ ᠤ ᠦᠢᠯᠡᠳᠦᠯᠭᠡ ᠶᠢᠨ ᠬᠠᠷᠠᠭᠠᠰᠤ ᠶᠢ ᠤᠯᠠᠨ | ᠲᠦᠮᠡᠨ ᠤ ᠳᠡᠷᠭᠡᠳᠡ ᠬᠦᠷᠭᠡᠪᠡ᠃ ᠣᠳᠣᠬᠠᠨ ᠳᠤ᠂ ᠡᡁᠧ ᠱᠧᠩ ᠪᠠᠯᠭᠠᠰᠤᠨ ᠳᠤ ᠨᠢᠭᠡᠨᠲᠡ 1 ᠦᠢᠯᠡᠳᠦᠯᠭᠡ ᠶᠢᠨ ᠭᠠᠵᠠᠷ᠂ 7 ᠦᠢᠯᠡᠳᠦᠯᠭᠡ ᠶᠢᠨ ᠦᠷᠳᠡᠭᠡ | ᠪᠠᠶᠢᠭᠤᠯᠪᠠ᠃ ᠳᠠᠩᠰᠠᠯᠠᠭᠤᠯᠤᠭᠰᠠᠨ ᠰᠠᠶᠢᠨ ᠳᠤᠷ᠎ᠠ ᠶᠢᠨ ᠠᠵᠢᠯᠯᠠᠭᠴᠢ ᠶᠢᠨ ᠪᠦᠯᠬᠦᠮ 30᠂ ᠰᠠᠶᠢᠨ ᠳᠤᠷ᠎ᠠ ᠶᠢᠨ ᠠᠵᠢᠯᠯᠠᠭᠴᠢ 238 ᠬᠥᠮᠦᠨ ᠪᠠᠶᠢᠵᠤ᠂ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 200 ᠭᠠᠷᠤᠢ ᠤᠳᠠᠭ᠎ᠠ ᠥᠷᠨᠢᠭᠦᠯᠵᠦ᠂ ᠣᠷᠣᠯᠴᠠᠭᠰᠠᠨ ᠰᠠᠶᠢᠨ ᠳᠤᠷ᠎ᠠ ᠶᠢᠨ ᠠᠵᠢᠯᠯᠠᠭᠴᠢ 3000 ᠭᠠᠷᠤᠢ | ᠬᠥᠮᠦᠨ ᠤᠳᠠᠭ᠎ᠠ ᠪᠠᠶᠢᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠴᠠᠭ ᠤᠨ ᠤᠷᠳᠤ ᠨᠢ ᠨᠡᠶᠢᠳᠡ 600 ᠴᠠᠭ ᠪᠠᠶᠢᠵᠤ᠂ ᠤᠯᠠᠨ ᠲᠦᠮᠡᠨ ᠳᠤ ᠨᠡᠶᠢᠳᠡ 3 | ᠲᠦᠮᠡ ᠭᠠᠷᠤᠢ ᠬᠥᠮᠦᠨ ᠤᠳᠠᠭ᠎ᠠ ᠦᠢᠯᠡᠴᠢᠯᠡᠵᠦ᠂ ᠰᠤᠮᠤ ︵ᠪᠠᠯᠭᠠᠰᠤ᠂ ᠵᠡᠭᠡᠯᠢ ᠭᠤᠳᠤᠮᠵᠢ︶ ᠤᠨ ᠭᠠᠵᠠᠷ᠂ ᠲᠣᠰᠬᠤᠨ ︵ᠰᠠᠭᠤᠭᠠᠯᠢ ᠠᠷᠠᠳ︶ ᠦᠷᠳᠡᠭᠡ ᠶᠢᠨ | ᠪᠦᠷᠬᠦᠴᠡ ᠶᠢᠨ ᠨᠤᠷᠮ᠎ᠠ ᠶᠢ 90% ᠤᠨ ᠡᠭᠦᠳᠦᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠣᠯᠪᠠᠰᠤᠨ ᠢ ᠬᠠᠮᠲᠤᠪᠠᠷ ᠪᠠᠶᠢᠭᠤᠯᠬᠤ᠂ ᠦᠷ᠎ᠡ | ᠪᠦᠲᠦᠭᠡᠯ ᠢ ᠬᠠᠮᠲᠤᠪᠠᠷ ᠡᠳ᠋ᠯᠡᠬᠦ ᠠᠮᠢᠳᠤᠯᠢᠭ ᠪᠠᠶᠢᠳᠠᠯ ᠢ ᠪᠤᠢ ᠪᠣᠯᠭᠠᠪᠠ᠃ | ᠡᡁᠧ ᠱᠧᠩ ᠪᠠᠯᠭᠠᠰᠤ ᠶᠢᠨ ᠤᠬᠠᠭᠤᠯᠬᠤ ᠭᠡᠰᠢᠭᠦᠨ ᠶᠤᠸᠠᠢ ᠷᠦᠩ᠂ ᠡᡁᠧ ᠱᠧᠩ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠤᠯᠠᠨ ᠲᠦᠮᠡᠨ ᠳᠤ ᠮᠡᠳᠡᠷᠡᠭᠳᠡᠭᠰᠡᠨ ᠪᠠᠶᠢᠨ᠎ᠠ᠃ ᠤᠳᠤ | ᠬᠥᠳᠡᠭᠡ ᠲᠣᠰᠬᠤᠨ ᠤ ᠬᠡᠪ ᠰᠤᠷᠲᠠᠯ ᠪᠣᠯᠪᠠᠰᠤᠨ᠂ ᠲᠣᠰᠬᠤᠨ ᠤ ᠳᠦᠷᠰᠦ ᠪᠠᠶᠢᠳᠠᠯ ᠴᠡᠪᠡᠷ ᠴᠡᠮᠴᠡᠭᠡᠷ ᠪᠤᠯᠵᠤ᠂ ᠬᠥᠳᠡᠭᠡ ᠲᠣᠰᠬᠤᠨ ᠤ ᠵᠠᠰᠠᠯᠲᠠ ᠶᠢ | ᠪᠦᠲᠦᠮᠵᠢᠲᠡᠢ ᠠᠬᠢᠭᠤᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠤᠷᠮᠠᠰᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠨᠠᠩ ᠣᠯᠠᠨ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠠᠵᠢᠯᠯᠠᠭ᠎ᠠ ᠳᠤ ᠣᠷᠣᠯᠴᠠᠭᠤᠯᠵᠤ᠂ | ᠣᠯᠠᠨ ᠲᠦᠮᠡᠨ ᠢ ᠢᠯᠡᠭᠦᠬᠡᠨ ᠣᠷᠣᠯᠴᠠᠭᠤᠯᠵᠤ᠂ ᠦᠨᠡᠨ ᠬᠦ ᠰᠠᠶᠢᠰᠢᠶᠠᠭᠤᠯᠬᠤ ᠬᠡᠷᠡᠭᠲᠡᠶ᠃ |