12 ᠰᠠᠷ᠎ᠠ ᠶᠢᠨ 5 ᠤ ᠡᠳᠦᠷ᠂ ᠲᠢᠶᠠᠨᠵᠢᠲᠠᠢ ᠪᠠᠯᠭᠠᠰᠤ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯᠳᠤᠭᠠᠨ ᠢ ᠬᠤᠷᠠᠯᠳᠤᠵᠦ᠂ ᠪᠥᠬᠦ ᠪᠠᠯᠭᠠᠰᠤᠨ ᠤ 53 ᠲᠥᠯᠥᠭᠡᠯᠡᠭᠴᠢ ᠬᠤᠷᠠᠯ ᠳᠤ ᠣᠷᠣᠯᠴᠠᠵᠤ᠂ ᠪᠠᠯᠭᠠᠰᠤᠨ ᠳᠤ ᠰᠠᠭᠤᠭ᠎ᠠ ᠨᠢᠭᠡᠴᠡ ᠶᠢᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠵᠢᠷᠭᠤᠳᠤᠭᠠᠷ | ᠰᠢᠪᠠᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠧᠶ | ᠵᠢᠶᠠ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠪᠠᠶᠠᠷ ᠤᠨ ᠦᠭᠡ ᠢᠯᠡᠭᠡᠪᠡ᠃ | ᠬᠤᠷᠠᠯ ᠠᠴᠠ ᠲᠢᠶᠠᠨᠵᠢᠲᠠᠢ ᠪᠠᠯᠭᠠᠰᠤᠨ ᠤ ᠥᠩᠭᠡᠷᠡᠭᠰᠡᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠢ ᠡᠷᠭᠢᠴᠡᠭᠦᠯᠬᠦ ᠶᠢᠨ ᠬᠠᠮᠲᠤ ᠬᠤᠶᠢᠰᠢᠳᠠ ᠶᠢᠨ | ᠲᠠᠪᠤᠨ ᠵᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠠᠪᠤᠨ ᠵᠢᠯ ᠤᠨ ᠲᠤᠷᠰᠢ᠂ ᠲᠢᠶᠠᠨᠵᠢᠲᠠᠢ ᠪᠠᠯᠭᠠᠰᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ | ᠮᠡᠳᠡᠭᠳᠡᠮ᠎ᠡ ᠳᠡᠭᠡᠭᠰᠢᠯᠡᠵᠦ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠦᠷᠭᠦᠯᠵᠢᠯᠡᠨ ᠲᠦᠷᠭᠡᠳᠴᠦ᠂ ᠠᠷᠠᠳ ᠤᠨ ᠠᠵᠤ ᠠᠬᠤᠢ ᠠᠷᠠᠳ ᠤᠨ ᠠᠮᠢᠳᠤᠷᠠᠯ | ᠮᠡᠳᠡᠭᠳᠡᠮ᠎ᠡ ᠰᠠᠶᠢᠵᠢᠷᠠᠵᠤ᠂ ᠵᠠᠰᠠᠭ ᠤᠨ ᠣᠷᠳᠣᠨ ᠤ ᠦᠷ᠎ᠡ ᠪᠦᠲᠦᠮᠵᠢ ᠪᠦᠬᠦ ᠲᠠᠯ᠎ᠠ ᠪᠠᠷ ᠳᠡᠭᠡᠭᠰᠢᠯᠡᠵᠦ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠡᠯ᠎ᠡ | ᠵᠦᠢᠯ ᠤᠨ ᠦᠢᠯᠡᠰ ᠡᠳᠦᠷ ᠠᠴᠠ ᠡᠳᠦᠷ ᠥᠭᠡᠳᠡᠯᠡᠨ ᠬᠥᠭᠵᠢᠵᠦ ᠪᠠᠶᠢᠨ᠎ᠠ᠃ ᠬᠤᠶᠢᠰᠢᠳᠠ ᠶᠢᠨ ᠲᠠᠪᠤᠨ ᠵᠢᠯ ᠳᠤ᠂ ᠪᠦᠬᠦ ᠪᠠᠯᠭᠠᠰᠤ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠶᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠵᠤ᠂ ︽ᠨᠢᠭᠡ | ᠬᠠᠷᠠᠯᠲᠠ︾ ᠶᠢ ᠲᠣᠭᠲᠠᠭᠠᠬᠤ ᠬᠡᠷᠡᠭᠲᠡᠢ᠂ ᠲᠤᠬᠠᠶᠢᠯᠠᠪᠠᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ ︽ᠨᠢᠭᠡ | ᠣᠶᠢᠯᠠᠭᠠᠭᠳᠠᠬᠤᠨ︾᠂ ᠳᠠᠷᠤᠢ ︽ᠨᠢᠭᠡᠳᠦᠭᠡᠷ ᠲᠤ ᠣᠷᠣᠬᠤ ᠪᠠᠷ ᠲᠡᠮᠡᠴᠡᠬᠦ ᠦᠭᠡᠢ ᠪᠠᠷ ᠶᠠᠭᠤ ᠬᠢᠬᠦ ᠪᠤᠢ︾ ᠭᠡᠬᠦ ᠣᠶᠢᠯᠠᠭᠠᠭᠳᠠᠬᠤᠨ ᠢ ᠪᠤᠢ ᠪᠣᠯᠭᠠᠨ᠎ᠠ᠃ ︽ | ᠳᠠᠷᠢᠵᠤ ᠲᠡᠵᠢᠭᠡᠨ ᠦᠷᠡᠵᠢᠭᠦᠯᠬᠦ ᠪᠠ ᠲᠠᠷᠢᠶᠠᠯᠠᠩ ᠣᠶ ᠰᠢᠭᠤᠶ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ︾ ᠭᠡᠬᠦ ᠬᠤᠶᠠᠷ ᠠᠵᠢᠯ ᠢ ᠰᠠᠶᠢᠲᠤᠷ | ᠬᠢᠨ᠎ᠠ᠃ ︽ᠳᠠᠷᠢᠵᠤ ᠲᠡᠵᠢᠭᠡᠨ ᠦᠷᠡᠵᠢᠭᠦᠯᠬᠦ ᠪᠠ ᠲᠠᠷᠢᠶᠠᠯᠠᠩ ᠣᠶ ᠰᠢᠭᠤᠶ ᠰᠣᠶᠣᠯ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ︾ ᠠᠵᠢᠯ ᠢ | ᠰᠠᠶᠢᠲᠤᠷ ᠬᠢᠨ᠎ᠠ᠃ ᠭᠤᠷᠪᠠᠨ ᠶᠡᠭᠡ ᠴᠢᠳᠠᠮᠵᠢᠳᠤ ᠣᠷᠣᠨ ᠢ ᠳᠡᠭᠡᠭᠰᠢᠯᠡᠭᠦᠯᠦᠨ᠎ᠡ᠂ ᠲᠤᠬᠠᠶᠢᠯᠠᠪᠠᠯ ︽ᠲᠩᠷᠢ ᠶᠢᠨ ᠣᠶᠣᠳᠠᠯ ᠤᠨ ᠱᠤᠭᠤᠮ ᠤᠨ ᠪᠣᠬᠢᠷᠲᠤᠯ ᠥᠬᠡᠶ | ᠠᠵᠤ ᠦᠢᠯᠡᠰ ᠤᠨ ᠲᠥᠪᠯᠡᠷᠡᠯ ᠤᠨ ᠣᠷᠣᠨ︾ ︽ᠨᠢᠰᠬᠡᠯ ᠤᠨ ᠪᠠᠭᠤᠳᠠᠯ ᠤᠨ ᠡᠷᠬᠢᠨ ᠲᠣᠭᠤᠷᠢᠨ ᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠣᠷᠣᠨ︾ | ︽ᠬᠠᠲᠤᠨ ᠭᠤᠤᠯ ᠤᠨ ᠬᠤᠩᠭᠢᠯ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ︾᠃ ᠳᠥᠷᠪᠡᠨ ᠵᠦᠢᠯ ᠤᠨ ᠭᠤᠤᠯᠳᠠᠯᠭ᠎ᠠ ᠲᠠᠢ ᠠᠵᠢᠯ ᠢ | ᠰᠠᠶᠢᠲᠤᠷ ᠠᠳᠬᠤᠵᠤ᠂ ᠲᠤᠬᠠᠶᠢᠯᠠᠪᠠᠯ ︽ᠨᠠᠮ ᠤᠨ ᠪᠠᠶᠢᠭᠤᠯᠤᠯᠲᠠ᠂ ᠭᠠᠵᠠᠷ ᠰᠢᠷᠣᠶ ᠶᠢᠨ ᠡᠷᠭᠢᠯᠲᠡ᠂ ᠠᠵᠤ ᠦᠢᠯᠡᠰ ᠤᠨ ᠲᠠᠰ ᠳᠠᠪᠰᠢᠯᠲᠠ᠂ ᠲᠠᠷᠢᠶᠠᠨ | ᠭᠠᠵᠠᠷ ᠤᠨ ᠶᠠᠰᠤ ᠴᠢᠨᠠᠷ ᠤᠨ ᠳᠡᠭᠡᠭᠰᠢᠯᠡᠯᠲᠡ︾ ᠶᠢ ᠰᠠᠶᠢᠲᠤᠷ ᠠᠳᠬᠤᠵᠤ᠂ ᠪᠥᠬᠦ ᠪᠠᠯᠭᠠᠰᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ | ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ | ︽ᠲᠢᠶᠠᠨᠵᠢᠲᠠᠢ ᠪᠠᠯᠭᠠᠰᠤ ᠶᠢᠨ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ | ᠮᠡᠳᠡᠭᠦᠯᠦᠯᠲᠡ︾ ᠪᠣᠯᠤᠨ ︽ᠲᠢᠶᠠᠨᠵᠢᠲᠠᠢ ᠪᠠᠯᠭᠠᠰᠤ ᠶᠢᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ | ᠵᠦᠢᠯ ᠤᠨ ᠪᠦᠷᠢᠯᠳᠦᠭᠰᠡᠨ ᠪᠠᠶᠢᠳᠠᠯ ᠤᠨ ᠲᠣᠳᠣᠷᠬᠠᠶᠢᠯᠠᠯᠲᠠ︾ ᠶᠢ ᠬᠢᠨᠠᠨ ᠵᠥᠪᠯᠡᠵᠦ ᠪᠠᠲᠤᠯᠠᠪᠠ᠃ ᠡᠭᠦᠨ ᠤ ᠬᠠᠮᠲᠤ ᠨᠢᠭᠤᠴᠠ ᠰᠣᠩᠭᠤᠭᠤᠯᠢ ᠶᠢᠨ ᠠᠷᠭ᠎ᠠ ᠪᠠᠷ | ᠰᠢᠨ᠎ᠡ ᠨᠢᠭᠡ ᠬᠤᠭᠤᠴᠠᠭᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠠᠰᠠᠭ ᠤᠨ ᠣᠷᠳᠣᠨ ᠤ ᠪᠠᠯᠭᠠᠰᠤᠨ ᠤ | ᠳᠠᠷᠤᠭ᠎ᠠ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠤ ᠳᠠᠷᠤᠭ᠎ᠠ ᠶᠢ ᠰᠣᠩᠭᠤᠨ ᠭᠠᠷᠭᠠᠪᠠ᠃ ᠬᠤᠷᠠᠯ ᠠᠴᠠ ᠪᠠᠰᠠ ᠲᠢᠶᠠᠨᠵᠢᠲᠠᠢ ᠪᠠᠯᠭᠠᠰᠤᠨ ᠤ 2021 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ᠃ | ᠡᠭᠦᠨ ᠤ ᠬᠠᠮᠲᠤ ᠫᠢᠶᠣᠣ ᠪᠠᠷ ᠲᠢᠶᠠᠨᠵᠢᠲᠠᠢ ᠪᠠᠯᠭᠠᠰᠤᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠠᠲᠤᠯᠠᠪᠠ᠃ |