12 ᠰᠠᠷ᠎ᠠ ᠶᠢᠨ 5 ᠤ ᠡᠳᠦᠷ᠂ ᠪᠠᠶᠠᠨᠳᠤᠬᠠᠢ ᠪᠠᠯᠭᠠᠰᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠢ ᠬᠤᠷᠠᠯᠳᠤᠵᠦ᠂ ᠪᠦᠬᠦ ᠪᠠᠯᠭᠠᠰᠤᠨ ᠤ 56 ᠲᠥᠯᠥᠭᠡᠯᠡᠭᠴᠢ ᠬᠤᠷᠠᠯ ᠳᠤ ᠣᠷᠣᠯᠴᠠᠵᠤ᠂ ᠬᠡᠰᠡᠭ ᠬᠤᠲᠠ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ᠂ | ᠬᠡᠰᠡᠭ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠰᠢ | ᠲᠣᠰᠬᠤᠨ ᠤ ᠨᠠᠮ ᠤᠨ ᠡᠭᠦᠷ ᠤᠨ ᠱᠦᠵᠢ ᠵᠢᠴᠢ ᠬᠡᠰᠡᠭ ᠪᠠᠯᠭᠠᠰᠤᠨ ᠤ ᠤᠳᠤᠷᠢᠳᠬᠤ ᠺᠠᠳ᠋ᠷ ᠬᠤᠷᠠᠯ ᠳᠤ ᠰᠤᠯᠠ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠬᠤ ᠬᠥᠮᠦᠨ ᠮᠦᠩᠬᠡᠴᠢᠯᠠᠭᠤ ᠬᠤᠷᠠᠯ ᠳᠤ ᠣᠷᠣᠯᠴᠠᠵᠤ ᠵᠢᠭᠠᠨ | ᠵᠢᠯᠣᠭᠤᠳᠪᠠ᠃ | ᠬᠤᠷᠠᠯ ᠠᠴᠠ ᠪᠠᠶᠠᠨᠳᠤᠬᠠᠢ ᠪᠠᠯᠭᠠᠰᠤᠨ ᠤ ᠥᠩᠭᠡᠷᠡᠭᠰᠡᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠢ ᠡᠷᠭᠢᠴᠡᠭᠦᠯᠬᠦ ᠶᠢᠨ ᠬᠠᠮᠲᠤ ᠬᠤᠶᠢᠰᠢᠳᠠ ᠶᠢᠨ | ᠲᠠᠪᠤᠨ ᠵᠢᠯ ᠤᠨ ᠭᠤᠣᠯ ᠡᠭᠦᠷᠭᠡ ᠵᠢᠴᠢ 2022 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠥᠩᠭᠡᠷᠡᠭᠰᠡᠨ ᠲᠠᠪᠤᠨ ᠵᠢᠯ ᠳᠤ᠂ | ᠪᠠᠶᠠᠨᠳᠤᠬᠠᠢ ᠪᠠᠯᠭᠠᠰᠤ ᠶᠢᠨ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠲᠡᠦᠬᠡᠲᠦ ᠴᠢᠨᠠᠷᠲᠠᠢ | ᠳᠠᠪᠠᠯᠲᠠ ᠶᠢ ᠪᠡᠶᠡᠯᠡᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠳᠡᠭᠡᠷ᠎ᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠪᠣᠯ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ | ᠦᠵᠡᠯᠲᠡ ᠶᠢ ᠪᠠᠳᠠᠷᠠᠭᠤᠯᠵᠤ᠂ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠶᠠᠪᠤᠳᠠᠯ ᠪᠣᠯᠤᠨ᠎ᠠ᠃ 2022 ᠣᠨ ᠤ | ᠭᠤᠣᠯᠳᠠᠯᠭ᠎ᠠ ᠲᠠᠢ ᠠᠵᠢᠯ ᠪᠣᠯ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠠᠪᠤᠳᠠᠯ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠴᠠᠭᠰᠠᠨ | ᠦᠢᠯᠡᠴᠢᠯᠡᠭᠡ ᠶᠢ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ | ᠪᠠᠲᠤᠳᠬᠠᠬᠤ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠵᠠᠰᠠᠭ ᠤᠨ ᠣᠷᠳᠣᠨ ᠤ | ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠪᠡ᠃ | ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ | ︽2021 ᠣᠨ ᠤ ᠪᠠᠶᠠᠨᠳᠤᠬᠠᠢ ᠪᠠᠯᠭᠠᠰᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ | ᠪᠠᠶᠢᠳᠠᠯ ᠤᠨ ᠮᠡᠳᠡᠭᠦᠯᠦᠯᠲᠡ︾ ᠪᠠ ︽2022 ᠣᠨ ᠤ ᠪᠠᠶᠠᠨᠳᠤᠬᠠᠢ ᠪᠠᠯᠭᠠᠰᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ᠃ ᠡᠭᠦᠨ ᠤ ᠬᠠᠮᠲᠤ ᠨᠢᠭᠤᠴᠠ | ᠰᠣᠩᠭᠤᠭᠤᠯᠢ ᠶᠢᠨ ᠠᠷᠭ᠎ᠠ ᠪᠠᠷ ᠰᠢᠨ᠎ᠡ ᠨᠢᠭᠡ ᠬᠤᠭᠤᠴᠠᠭᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠠᠰᠠᠭ ᠤᠨ | ᠣᠷᠳᠣᠨ ᠤ ᠪᠠᠯᠭᠠᠰᠤᠨ ᠤ ᠳᠠᠷᠤᠭ᠎ᠠ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠤ ᠳᠠᠷᠤᠭ᠎ᠠ ᠶᠢ ᠰᠣᠩᠭᠤᠨ ᠭᠠᠷᠭᠠᠪᠠ᠃ ᠬᠤᠷᠠᠯ ᠠᠴᠠ ᠪᠠᠰᠠ ᠪᠠᠶᠠᠨᠳᠤᠬᠠᠢ | ᠪᠠᠯᠭᠠᠰᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶ᠎ᠡ ᠶᠢᠨ | ᠦᠨᠡᠯᠡᠯᠲᠡ ᠬᠢᠵᠡᠢ᠃ ᠡᠭᠦᠨ ᠤ ᠬᠠᠮᠲᠤ ᠫᠢᠶᠣᠣ ᠪᠠᠷ ᠪᠠᠶᠠᠨᠳᠤᠬᠠᠢ ᠪᠠᠯᠭᠠᠰᠤᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ | ᠵᠦᠢᠯ ᠢ ᠪᠠᠲᠤᠯᠠᠪᠠ᠃ |