ᠱᠧᠩ ᠹᠧᠩ ᠪᠠᠯᠭᠠᠰᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ ᠬᠤᠷᠠᠯᠳᠤᠪᠠ
ᠨᠡᠶᠢᠲᠡᠯᠡᠭᠰᠡᠨ ᠴᠠᠭ᠄
2021/12/8
      12 ᠰᠠᠷ᠎ᠠ ᠶᠢᠨ 7 ᠤ ᠡᠳᠦᠷ᠂ ᠱᠧᠩ ᠹᠤᠩ ᠪᠠᠯᠭᠠᠰᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠵᠦ᠂ ᠪᠥᠬᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 57 ᠲᠥᠯᠥᠭᠡᠯᠡᠭᠴᠢ ᠬᠤᠷᠠᠯᠳᠤᠭᠠᠨ ᠳᠤ ᠣᠷᠣᠯᠴᠠᠵᠤ᠂ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠬᠤᠷᠠᠯᠳᠤᠭᠠᠨ ᠳᠤ ᠰᠤᠯᠠ ᠣᠷᠣᠯᠴᠠᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠬᠠᠤᠯᠢ ᠴᠠᠭᠠᠵᠠ ᠪᠠ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ᠂ ᠰᠢᠶᠠᠨ ᠤ ᠨᠡᠶᠢᠲᠡ ᠶᠢᠨ ᠪᠤᠰᠤ ᠨᠠᠮ ᠤᠨ ᠠᠵᠢᠯ ᠤᠨ ᠵᠥᠪᠯᠡᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠠᠴᠠ ᠱᠧᠩ ᠹᠧᠩ ᠪᠠᠯᠭᠠᠰᠤ ᠶᠢᠨ ᠥᠩᠭᠡᠷᠡᠭᠰᠡᠨ ᠲᠠᠪᠤᠨ ᠵᠢᠯ ᠤᠨ ᠠᠵᠢᠯ ᠢ ᠡᠷᠭᠢᠴᠡᠭᠦᠯᠵᠦ᠂ ᠬᠤᠶᠢᠰᠢᠳᠠ ᠶᠢᠨ ᠲᠠᠪᠤᠨ ᠵᠢᠯ ᠤᠨ ᠪᠦᠬᠦ ᠪᠠᠯᠭᠠᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠡᠭᠦᠷᠭᠡ ᠪᠣᠯᠤᠨ ᠲᠡᠮᠡᠴᠡᠬᠦ ᠬᠠᠷᠠᠯᠲᠠ ᠶᠢ ᠲᠣᠳᠣᠷᠬᠠᠶᠢᠯᠠᠭᠰᠠᠨ ᠤ ᠬᠠᠮᠲᠤ 2022 ᠣᠨ ᠤ ᠠᠵᠢᠯ ᠢ ᠭᠤᠣᠯᠳᠠᠯᠭ᠎ᠠ ᠲᠠᠢ ᠲᠤᠬᠢᠷᠠᠭᠤᠯᠪᠠ᠃ ᠥᠩᠭᠡᠷᠡᠭᠰᠡᠨ ᠲᠠᠪᠤᠨ ᠵᠢᠯ ᠳᠤ᠂ ᠱᠧᠩ ᠹᠧᠩ ᠪᠠᠯᠭᠠᠰᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠣ᠋ ᠰᠢᠨ᠎ᠡ ᠪᠠᠶᠢᠳᠠᠯ ᠢ ᠡᠭᠦᠳᠴᠦ᠂ ᠪᠦᠬᠦ ᠪᠠᠯᠭᠠᠰᠤ ᠪᠠᠷ ᠢᠶᠠᠨ ᠨᠡᠶᠢᠭᠡᠮ ᠲᠣᠭᠲᠠᠭᠤᠨ᠂ ᠠᠷᠠᠳ ᠲᠦᠮᠡᠨ ᠠᠮᠤᠷ ᠵᠢᠮᠦᠷ ᠠᠵᠤ ᠲᠦᠷᠦᠭᠦ᠂ ᠨᠡᠶᠢᠭᠡᠮ ᠤᠨ ᠡᠯ᠎ᠡ ᠲᠦᠷᠦᠯ ᠤᠨ ᠦᠢᠯᠡᠰ ᠡᠷᠡᠭᠦᠯ ᠢᠶᠠᠷ ᠵᠣᠬᠢᠴᠠᠩᠭᠤᠢ ᠪᠠᠷ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠵᠡᠢ᠃ ᠬᠤᠶᠢᠰᠢᠳᠠ ᠶᠢᠨ ᠲᠠᠪᠤᠨ ᠵᠢᠯ ᠤᠨ ᠭᠤᠣᠯ ᠡᠭᠦᠷᠭᠡ ᠪᠣᠯ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠥᠮᠦᠵᠢᠭᠦᠯᠬᠦ ᠪᠠ ᠣᠷᠣᠭᠤᠯᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠢ ᠦᠵᠡᠰᠬᠦᠯᠡᠩᠲᠦ ᠰᠠᠶᠢᠬᠠᠨ ᠠᠶᠢᠯ ᠲᠣᠰᠬᠤᠨ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠬᠥᠳᠡᠭᠡ ᠲᠣᠰᠬᠤᠨ ᠤ ᠠᠮᠢ ᠠᠬᠤᠢ ᠶᠢ ᠬᠥᠭᠵᠢᠭᠦᠯᠦᠨ ᠬᠥᠳᠡᠭᠡ ᠲᠣᠰᠬᠤᠨ ᠢ ᠵᠠᠰᠠᠬᠤ ᠪᠠᠶᠢᠭᠤᠯᠤᠯ ᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ 2022 ᠣᠨ ᠳᠤ᠂ ᠪᠦᠬᠦ ᠪᠠᠯᠭᠠᠰᠤ ᠪᠠᠷ ︽ᠨᠢᠭᠡ ᠬᠤᠶᠠᠷ ᠳᠦᠷᠪᠡ ᠳᠦᠷᠪᠡ︾ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠬᠦ ᠬᠡᠷᠡᠭᠲᠡᠢ᠂ ᠲᠤᠬᠠᠶᠢᠯᠠᠪᠠᠯ ︽ᠨᠢᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠬᠡᠷ ᠳᠠᠭᠤᠷᠢᠶᠠᠯ ᠤᠨ ᠲᠣᠭᠤᠷᠢᠭ ᠢ ᠪᠠᠶᠢᠭᠤᠯᠵᠤ᠂ ᠬᠤᠶᠠᠷ ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠪᠠᠲᠤᠯᠠᠵᠤ᠂ ᠳᠦᠷᠪᠡᠨ ᠭᠤᠣᠯᠳᠠᠯᠭ᠎ᠠ ᠲᠠᠢ ᠳᠦᠷᠦᠯ ᠵᠦᠢᠯ ᠢ ᠠᠬᠢᠭᠤᠯᠵᠤ᠂ ᠳᠦᠷᠪᠡᠨ ᠭᠤᠣᠯ ᠠᠵᠢᠯ ᠢ ᠪᠡᠶᠡᠯᠡᠭᠦᠯᠬᠦ︾ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠰᠠᠭᠤᠷᠢ ᠲᠠᠯᠪᠢᠬᠤ ᠬᠡᠷᠡᠭᠲᠡᠢ᠃      ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾ ᠵᠢᠴᠢ ︽2021 ᠣᠨ ᠤ ᠱᠧᠩ ᠹᠧᠩ ᠪᠠᠯᠭᠠᠰᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠦᠭᠰᠡᠨ ᠪᠠᠶᠢᠳᠠᠯ ᠪᠣᠯᠤᠨ 2022 ᠣᠨ ᠤ ᠱᠧᠩ ᠹᠧᠩ ᠪᠠᠯᠭᠠᠰᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠷᠢᠯᠳᠦᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠨᠢᠭᠤᠴᠠ ᠰᠣᠩᠭᠤᠭᠤᠯᠢ ᠶᠢᠨ ᠠᠷᠭ᠎ᠠ ᠪᠠᠷ ᠰᠢᠨ᠎ᠡ ᠨᠢᠭᠡ ᠬᠤᠭᠤᠴᠠᠭᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠪᠠᠯᠭᠠᠰᠤᠨ ᠤ ᠳᠠᠷᠤᠭ᠎ᠠ᠂ ᠳᠡᠳ᠋ ᠳᠠᠷᠤᠭ᠎ᠠ ᠶᠢ ᠰᠣᠩᠭᠤᠨ ᠭᠠᠷᠭᠠᠪᠠ᠃ ᠬᠤᠷᠠᠯ ᠠᠴᠠ ᠪᠠᠰᠠ ᠱᠧᠩ ᠹᠧᠩ ᠪᠠᠯᠭᠠᠰᠤ ᠶᠢᠨ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠵᠦ᠂ ᠪᠢᠯᠧᠲ ᠢ ᠨᠡᠶᠢᠯᠡᠭᠦᠯᠦᠨ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠤᠭᠲᠠᠭᠠᠪᠠ᠃
ᠢᠷᠡᠯᠲᠡ᠄ ᠲᠤᠰ ᠰᠦᠯᠵᠢᠶ᠎ᠡ