ᠦᠶᠤᠸᠠᠨ ᠰᠢᠶᠠᠨ ᠤ ᠢᠨᠳᠡᠷᠲᠦ ᠪᠠᠯᠭᠠᠰᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠪᠠ
ᠨᠡᠶᠢᠲᠡᠯᠡᠭᠰᠡᠨ ᠴᠠᠭ᠄
2021/12/8
      12 ᠰᠠᠷ᠎ᠠ ᠶᠢᠨ 7 ᠤ ᠡᠳᠦᠷ᠂ ᠢᠨᠳᠡᠷᠲᠦ ᠪᠠᠯᠭᠠᠰᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠵᠦ᠂ ᠪᠥᠬᠦ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 50 ᠲᠥᠯᠥᠭᠡᠯᠡᠭᠴᠢ ᠬᠤᠷᠠᠯᠳᠤᠭᠠᠨ ᠳᠤ ᠣᠷᠣᠯᠴᠠᠪᠠ ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠳᠣᠯᠣᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠭᠦᠸᠧ ᠯᠢᠶᠠᠨ ᠶᠤᠸᠠᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠠᠴᠠ ᠢᠨᠳᠡᠷᠲᠦ ᠪᠠᠯᠭᠠᠰᠤ ᠶᠢᠨ ᠥᠩᠭᠡᠷᠡᠭᠰᠡᠨ ᠲᠠᠪᠤᠨ ᠵᠢᠯ ᠤᠨ ᠠᠵᠢᠯ ᠢ ᠡᠷᠭᠢᠴᠡᠭᠦᠯᠵᠦ᠂ ᠬᠤᠶᠢᠰᠢᠳᠠ ᠶᠢᠨ ᠲᠠᠪᠤᠨ ᠵᠢᠯ ᠤᠨ ᠪᠦᠬᠦ ᠪᠠᠯᠭᠠᠰᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ ᠵᠢᠴᠢ ᠲᠡᠮᠡᠴᠡᠬᠦ ᠬᠠᠷᠠᠯᠲᠠ ᠶᠢ ᠲᠣᠳᠣᠷᠬᠠᠶᠢᠯᠠᠵᠤ᠂ 2022 ᠣᠨ ᠤ ᠪᠦᠬᠦ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠲᠠᠪᠤᠨ ᠵᠢᠯ ᠤᠨ ᠲᠤᠷᠰᠢ᠂ ᠢᠨᠳᠡᠷᠲᠦ ᠪᠠᠯᠭᠠᠰᠤᠨ ᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠢᠯᠠᠯᠲᠠ ᠣᠯᠵᠤ᠂ ᠪᠠᠯᠭᠠᠰᠤᠨ ᠤ ᠠᠵᠤ ᠠᠬᠤᠢ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠦᠷᠭᠦᠯᠵᠢᠯᠡᠨ ᠳᠡᠭᠡᠭᠰᠢᠯᠡᠵᠦ᠂ ᠲᠤᠰ ᠪᠡᠶ᠎ᠡ ᠶᠢᠨ ᠪᠠᠶᠢᠭᠤᠯᠤᠯᠲᠠ ᠲᠠᠰᠤᠷᠠᠯᠳᠡ ᠦᠭᠡᠢ ᠴᠢᠩᠭᠠᠷᠠᠪᠠ᠃ ᠬᠤᠶᠢᠰᠢᠳᠠ ᠶᠢᠨ ᠲᠠᠪᠤᠨ ᠵᠢᠯ ᠳᠤ᠂ ᠢᠨᠳᠡᠷᠲᠦ ᠪᠠᠯᠭᠠᠰᠤ ᠴᠢᠨᠠᠷ ᠰᠠᠶᠢᠲᠠᠶ ᠬᠥᠭᠵᠢᠯᠲᠡ ᠪᠠᠷ ᠭᠤᠣᠯ ᠰᠡᠳᠦᠪ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ︽ᠴᠢᠳᠠᠪᠤᠷᠢᠲᠠᠨ ᠢᠶᠠᠷ ᠪᠠᠯᠭᠠᠰᠤ ᠶᠢ ᠬᠥᠭᠵᠢᠭᠦᠯᠬᠦ᠂ ᠠᠵᠤ ᠦᠢᠯᠡᠰ ᠢᠶᠠᠷ ᠪᠠᠯᠭᠠᠰᠤ ᠶᠢ ᠪᠠᠶᠠᠵᠢᠭᠤᠯᠬᠤ᠂ ᠰᠣᠶᠣᠯ ᠢᠶᠠᠷ ᠪᠠᠯᠭᠠᠰᠤ ᠶᠢ ᠬᠦᠴᠦᠷᠬᠡᠭᠵᠢᠭᠦᠯᠬᠦ᠂ ᠠᠮᠢ ᠠᠬᠤᠶ ᠪᠠᠷ ᠪᠠᠯᠭᠠᠰᠤ ᠶᠢ ᠪᠠᠶᠢᠭᠤᠯᠬᠤ᠂ ᠪᠡᠯᠡ ᠣᠷᠣᠭᠤᠯᠤᠨ ᠪᠠᠯᠭᠠᠰᠤ ᠶᠢ ᠪᠠᠶᠢᠭᠤᠯᠬᠤ᠂ ᠠᠮᠢᠳᠤᠯᠢᠭ ᠪᠠᠯᠭᠠᠰᠤ ᠶᠢ ᠵᠣᠬᠢᠶᠠᠨ ᠪᠠᠶᠢᠭᠤᠯᠬᠤ︾ ᠠᠵᠢᠯ ᠤᠨ ᠭᠤᠣᠯᠳᠠᠯᠭ᠎ᠠ ᠶᠢ ᠳᠣᠪᠤᠶᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠡᠷᠢᠭᠦᠨ ᠲᠣᠬᠢᠶᠠᠯ ᠢ ᠵᠠᠪᠳᠤᠨ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠨ᠂ ᠪᠥᠬᠦ ᠪᠠᠯᠭᠠᠰᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠵᠤ᠂ ᠠᠵᠤ ᠠᠬᠤᠶ ᠶᠢᠨ ᠪᠦᠲᠦᠴᠡ ᠶᠢ ᠢᠯᠡᠳᠲᠡ ᠰᠢᠯᠢᠳᠡᠭᠵᠢᠭᠦᠯᠦᠨ᠂ ᠨᠡᠶᠢᠭᠡᠮ ᠤᠨ ᠬᠥᠭᠵᠢᠯᠲᠡ ᠶᠢ ᠢᠯᠡᠳᠲᠡ ᠲᠦᠷᠭᠡᠳᠬᠡᠵᠦ᠂ ᠠᠮᠢ ᠠᠬᠤᠶ ᠶᠢᠨ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠵᠤ᠂ ᠠᠮᠢᠳᠤᠷᠠᠯ ᠤᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠣᠷᠣᠨ ᠰᠠᠭᠤᠴᠠ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠪᠠᠶᠠᠨ ᠴᠢᠨᠡᠭᠡᠯᠢᠭ᠂ ᠣᠶᠤᠨ ᠪᠢᠯᠢᠭ ᠲᠠᠢ᠂ ᠡᠶ᠎ᠡ ᠵᠣᠬᠢᠴᠠᠯ ᠲᠠᠢ᠂ ᠦᠵᠡᠰᠬᠦᠯᠡᠩᠲᠦ ᠰᠠᠶᠢᠬᠠᠨ᠂ ᠬᠤᠰᠢᠭᠤᠴᠢ ᠶᠢᠨ ᠳ᠋ᠢᠩ ᠵᠢᠷᠤᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ 2022 ᠣᠨ ᠤ ᠢᠨᠳᠡᠷᠲᠦ ᠪᠠᠯᠭᠠᠰᠤ ᠶᠢᠨ ᠭᠤᠣᠯᠳᠠᠯᠭ᠎ᠠ ᠲᠠᠢ ᠠᠵᠢᠯ ᠪᠣᠯ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠨ᠎ᠠ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠠᠨ ᠴᠢᠨᠡᠭᠡᠯᠢᠭ ᠪᠠᠩᠬᠢ ᠶᠢᠨ ᠲᠣᠭᠲᠠᠮᠠᠯ ᠵᠢᠷᠤᠭ ᠢ ᠪᠦᠳᠦᠬᠡᠨ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨᠲᠤ ᠮᠥᠩᠭᠦ ᠶᠢ ᠲᠣᠭᠲᠠᠭᠠᠬᠤ ᠵᠢᠷᠤᠭ ᠢ ᠪᠠᠶᠢᠭᠤᠯᠬᠤ ᠬᠡᠷᠡᠭᠲᠡᠢ᠃ ᠰᠣᠶᠣᠯ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠶ᠎ᠡ ᠵᠣᠬᠢᠴᠠᠩᠭᠤᠢ ᠪᠠᠩᠬᠢ ᠶᠢ ᠲᠣᠭᠲᠠᠭᠠᠬᠤ ᠵᠢᠷᠤᠭ ᠢ ᠪᠠᠶᠢᠭᠤᠯᠬᠤ ᠬᠡᠷᠡᠭᠲᠡᠢ᠃ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠰᠬᠦᠯᠡᠩᠲᠦ ᠰᠠᠶᠢᠬᠠᠨ ᠮᠥᠩᠭᠦᠨ ᠲᠣᠭᠲᠠᠮᠠᠯ ᠵᠢᠷᠤᠭ ᠢ ᠪᠦᠳᠦᠬᠡᠨ ᠪᠠᠶᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠰᠢᠭᠤᠴᠢ ᠪᠠᠩᠬᠢ ᠶᠢᠨ ᠵᠢᠷᠤᠭ ᠢ ᠲᠣᠭᠲᠠᠭᠠᠪᠠ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠭᠡᠷ ᠣᠷᠣᠨ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ᠎ᠡ᠃ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠢᠭᠤᠨ ᠴᠢᠬᠡᠴᠢ ᠵᠠᠰᠠᠭ ᠤᠨ ᠣᠷᠳᠣᠨ ᠤ ᠰᠢᠨ᠎ᠡ ᠲᠦᠷᠢ ᠲᠥᠷᠬᠦ ᠶᠢ ᠢᠯᠡᠷᠡᠭᠦᠯᠦᠨ᠎ᠡ᠃      ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠢᠯᠡᠳᠬᠡᠯ︾᠂ ︽2021 ᠣᠨ ᠤ ᠪᠠᠯᠭᠠᠰᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ︾ ᠪᠠ ︽2022 ᠣᠨ ᠤ ᠪᠠᠯᠭᠠᠰᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠣᠳᠣᠷᠬᠠᠶᠢᠯᠠᠯᠲᠠ︾ ᠶᠢ ᠬᠢᠨᠠᠨ ᠵᠥᠪᠯᠡᠵᠦ ᠪᠠᠲᠤᠯᠠᠪᠠ᠃ ᠡᠭᠦᠨ ᠤ ᠬᠠᠮᠲᠤ ᠨᠢᠭᠤᠴᠠ ᠰᠣᠩᠭᠤᠭᠤᠯᠢ ᠶᠢᠨ ᠠᠷᠭ᠎ᠠ ᠪᠠᠷ ᠰᠢᠨ᠎ᠡ ᠨᠢᠭᠡ ᠬᠤᠭᠤᠴᠠᠭᠠᠨ ᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠠᠰᠠᠭ ᠤᠨ ᠣᠷᠳᠣᠨ ᠤ ᠪᠠᠯᠭᠠᠰᠤᠨ ᠤ ᠳᠠᠷᠤᠭ᠎ᠠ᠂ ᠵᠠᠰᠠᠭ ᠤᠨ ᠣᠷᠳᠣᠨ ᠤ ᠪᠠᠯᠭᠠᠰᠤᠨ ᠤ ᠳᠡᠳ᠋ ᠳᠠᠷᠤᠭ᠎ᠠ ᠶᠢ ᠰᠣᠩᠭᠤᠨ ᠭᠠᠷᠭᠠᠪᠠ᠃ ᠬᠤᠷᠠᠯ ᠠᠴᠠ ᠪᠠᠰᠠ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ᠃ ᠡᠭᠦᠨ ᠤ ᠵᠡᠷᠭᠡ ᠳᠤ ᠢᠨᠳᠡᠷᠲᠦ ᠪᠠᠯᠭᠠᠰᠤᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠫᠢᠶᠣᠣ ᠥᠭᠴᠦ ᠪᠠᠲᠤᠯᠠᠪᠠ᠃
ᠢᠷᠡᠯᠲᠡ᠄ ᠲᠤᠰ ᠰᠦᠯᠵᠢᠶ᠎ᠡ