2021 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ 26 ᠤ ᠡᠳᠦᠷ ᠨᠡᠶᠢᠳᠡᠯᠡᠨ᠎ᠡ
ᠨᠡᠶᠢᠲᠡᠯᠡᠭᠰᠡᠨ ᠴᠠᠭ᠄
2021/2/25
     ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ 2 ᠰᠠᠷ᠎ᠠ ᠶᠢᠨ 26 ᠤ ᠡᠳᠦᠷ 2021 ᠣᠨ ᠤ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ︵ᠠᠩᠬᠠᠨ ᠤ ᠰᠢᠯᠭᠠᠯᠲᠠ︶ ᠶᠢᠨ ᠬᠢᠷᠢ ᠪᠦᠲᠦᠮᠵᠢ ᠶᠢ ᠨᠡᠶᠢᠳᠡᠯᠡᠬᠦ ᠪᠠᠷ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠥᠬᠦᠶ ᠰᠣᠷᠣᠭᠴᠢ ᠡᠯᠰᠡᠬᠦ ᠨᠢᠭᠡᠴᠢ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠲᠤᠬᠠᠶ ᠶᠢᠨ ᠴᠠᠭ ᠲᠤᠨᠢ ᠠᠰᠫᠢᠷᠠᠨᠲ ᠡᠯᠰᠡᠬᠦ ᠰᠦᠯᠵᠢᠶ᠎ᠡ ᠪᠣᠯᠤᠨ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠡᠮᠵᠢᠨ ᠬᠢᠷᠢ ᠪᠦᠲᠦᠮᠵᠢ ᠪᠠᠨ ᠪᠠᠶᠢᠴᠠᠭᠠᠨ ᠯᠠᠪᠯᠠᠵᠤ ᠪᠣᠯᠤᠨ᠎ᠠ᠃      ᠰᠢᠯᠭᠠᠭᠤᠯᠤᠭᠴᠢ ᠬᠡᠷᠪᠡ ᠰᠢᠯᠭᠠᠯᠲᠠ ᠶᠢᠨ ᠬᠢᠷᠢ ᠪᠦᠲᠦᠮᠵᠢ ᠳᠡᠭᠡᠨ ᠣᠨᠳᠣᠤ ᠰᠠᠨᠠᠯ ᠲᠠᠢ ᠪᠣᠯ᠂ 3 ᠰᠠᠷ᠎ᠠ ᠶᠢᠨ 3 ᠤ ᠡᠳᠦᠷ ᠠᠴᠠ ᠡᠮᠦᠨ᠎ᠡ᠂ ᠨᠡᠷ᠎ᠡ ᠮᠡᠳᠡᠭᠦᠯᠦᠭᠰᠡᠨ ᠰᠣᠷᠣᠭᠴᠢ ᠡᠯᠰᠡᠬᠦ ᠨᠢᠭᠡᠴᠢ ᠳᠤ ᠳᠠᠬᠢᠨ ᠬᠢᠨᠠᠭᠤᠯᠬᠤ ᠭᠤᠶᠤᠴᠢᠯᠠᠯ ᠳᠡᠪᠰᠢᠭᠦᠯᠵᠦ ᠪᠣᠯᠤᠨ᠎ᠠ᠃ ᠪᠣᠳᠠᠲᠠᠶ ᠱᠠᠭᠠᠷᠳᠠᠯᠭ᠎ᠠ ᠶᠢ ᠬᠤᠯᠪᠣᠭᠳᠠᠯ ᠪᠥᠬᠦᠶ ᠰᠣᠷᠣᠭᠴᠢ ᠡᠯᠰᠡᠬᠦ ᠨᠢᠭᠡᠴᠢ ᠶᠢᠨ ᠨᠡᠶᠢᠲᠡᠯᠡᠭᠰᠡᠨ ᠬᠢᠷᠢ ᠪᠦᠲᠦᠮᠵᠢ ᠪᠠᠨ ᠳᠠᠬᠢᠨ ᠬᠢᠨᠠᠬᠤ ᠠᠷᠭ᠎ᠠ ᠶᠢ ᠦᠵᠡᠬᠦ ᠪᠤᠶᠤ ᠨᠡᠷ᠎ᠡ ᠮᠡᠳᠡᠭᠦᠯᠦᠭᠰᠡᠨ ᠰᠣᠷᠣᠭᠴᠢ ᠡᠯᠰᠡᠬᠦ ᠨᠢᠭᠡᠴᠢ ᠲᠠᠢ ᠬᠠᠷᠢᠯᠴᠠᠵᠤ ᠪᠣᠯᠤᠨ᠎ᠠ᠂ ᠬᠤᠭᠤᠴᠠᠭ᠎ᠠ ᠬᠡᠲᠦᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠃ ᠡᠯ᠎ᠡ ᠰᠣᠷᠣᠭᠴᠢ ᠡᠯᠰᠡᠬᠦ ᠨᠢᠭᠡᠴᠢ ᠰᠢᠯᠭᠠᠭᠤᠯᠤᠭᠴᠢ ᠶᠢᠨ ᠳᠠᠬᠢᠨ ᠬᠢᠨᠠᠭᠤᠯᠬᠤ ᠭᠤᠶᠤᠴᠢᠯᠠᠯ ᠢ ᠲᠥᠪᠯᠡᠷᠡᠭᠦᠯᠦᠨ ᠭᠥᠯᠢᠶᠡᠨ ᠠᠪᠤᠭᠰᠠᠨ ᠤ ᠳᠠᠷᠠᠭ᠎ᠠ᠂ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠪᠤᠶᠤ ᠬᠠᠮᠲᠤᠷᠠᠨ ᠰᠢᠯᠭᠠᠬᠤ ᠬᠢᠴᠢᠶᠡᠯ ᠲᠥᠷᠥᠯ ᠳᠤ ᠬᠠᠷᠢᠶᠠᠯᠠᠭᠳᠠᠪᠠᠯ᠂ 3 ᠰᠠᠷ᠎ᠠ ᠶᠢᠨ 4 ᠤ ᠡᠳᠦᠷ ᠠᠴᠠ ᠡᠮᠦᠨ᠎ᠡ ᠰᠢᠯᠭᠠᠭᠤᠯᠤᠭᠴᠢ ᠶᠢᠨ ᠭᠤᠶᠤᠴᠢᠯᠠᠯ ᠤᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ ᠮᠡᠳᠡᠭᠦᠯᠦᠨ᠎ᠡ᠃ 3 ᠰᠠᠷ᠎ᠠ ᠶᠢᠨ 11 ᠤ ᠡᠳᠦᠷ ᠠᠴᠠ ᠡᠬᠢᠯᠡᠨ᠂ ᠰᠢᠯᠭᠠᠭᠤᠯᠤᠭᠴᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ᠨᠢᠭᠡᠳᠦᠯᠲᠡᠶ ᠰᠢᠯᠭᠠᠭᠰᠠᠨ ᠪᠤᠶᠤ ᠬᠠᠮᠲᠤᠷᠠᠨ ᠰᠢᠯᠭᠠᠭᠰᠠᠨ ᠬᠢᠴᠢᠶᠡᠯ ᠲᠥᠷᠥᠯ ᠤᠨ ᠳᠠᠬᠢᠨ ᠬᠢᠨᠠᠭᠰᠠᠨ ᠦᠷ᠎ᠡ ᠳ᠋ᠦᠩ ᠢ ᠪᠠᠶᠢᠴᠠᠭᠠᠨ ᠦᠵᠡᠵᠦ ᠪᠣᠯᠤᠨ᠎ᠠ︔ ᠰᠣᠷᠣᠭᠴᠢ ᠡᠯᠰᠡᠬᠦ ᠨᠢᠭᠡᠴᠢ ᠶᠢᠨ ᠥᠪᠡᠰᠦᠪᠡᠨ ᠰᠡᠳᠦᠪ ᠭᠠᠷᠭᠠᠭᠰᠠᠨ ᠬᠢᠴᠢᠶᠡᠯ ᠲᠥᠷᠥᠯ ᠳᠤ ᠬᠠᠷᠢᠶᠠᠯᠠᠭᠳᠠᠪᠠᠯ᠂ ᠰᠣᠷᠣᠭᠴᠢ ᠡᠯᠰᠡᠬᠦ ᠨᠢᠭᠡᠴᠢ ᠠᠴᠠ ᠳᠠᠬᠢᠨ ᠬᠢᠨᠠᠭᠰᠠᠨ ᠤ ᠳᠠᠷᠠᠭ᠎ᠠ ᠰᠢᠯᠭᠠᠭᠤᠯᠤᠭᠴᠢ ᠳᠤ ᠴᠠᠭ ᠲᠤᠬᠠᠶ ᠳᠤᠨᠢ ᠬᠠᠷᠢᠭᠤᠯᠲᠠ ᠥᠭᠭᠦᠨ᠎ᠡ᠃      ᠰᠢᠯᠭᠠᠯᠲᠠ ᠶᠢᠨ ᠰᠡᠳᠦᠪ ᠲᠤ ᠬᠤᠯᠪᠣᠭᠳᠠᠭᠰᠠᠨ ᠦᠨᠡᠯᠡᠬᠦ ᠶᠢ ᠣᠷᠬᠢᠭᠳᠠᠭᠤᠯᠤᠭᠰᠠᠨ᠂ ᠬᠢᠷᠢ ᠪᠦᠲᠦᠮᠵᠢ ᠶᠢ ᠨᠡᠶᠢᠯᠡᠭᠦᠯᠦᠨ ᠪᠣᠳᠣᠭᠰᠠᠨ ᠪᠤᠶᠤ ᠳᠠᠩᠰᠠᠯᠠᠭᠤᠯᠤᠭᠰᠠᠨ ᠨᠢ ᠪᠤᠷᠤᠭᠤᠳᠠᠭᠰᠠᠨ ᠪᠦᠬᠦᠨ ᠨᠢ ᠳᠠᠬᠢᠨ ᠬᠢᠨᠠᠬᠤ ᠬᠡᠪᠴᠢᠶᠡᠨ ᠳᠤ ᠬᠠᠷᠢᠶᠠᠯᠠᠭᠳᠠᠵᠤ᠂ ᠪᠤᠰᠤᠳ ᠪᠠᠶᠢᠳᠠᠯ ᠨᠢ ᠳᠠᠬᠢᠨ ᠬᠢᠨᠠᠬᠤ ᠬᠡᠪᠴᠢᠶᠡᠨ ᠳᠤ ᠬᠠᠷᠢᠶᠠᠯᠠᠭᠳᠠᠬᠤ ᠦᠭᠡᠶ᠃ ᠠᠳᠠᠯᠢ ᠨᠢᠭᠡᠨ ᠬᠢᠴᠢᠶᠡᠯ ᠲᠥᠷᠥᠯ ᠤᠨ ᠰᠢᠯᠭᠠᠭᠤᠯᠤᠭᠴᠢ ᠵᠥᠪᠬᠡᠨ ᠨᠢᠭᠡ ᠯᠡ ᠤᠳᠠᠭ᠎ᠠ ᠳᠠᠬᠢᠨ ᠬᠢᠨᠠᠭᠤᠯᠬᠤ ᠭᠤᠶᠤᠴᠢᠯᠠᠯ ᠲᠤᠰᠢᠶᠠᠵᠤ ᠪᠣᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ