ᠪᠠᠭᠰᠢ ᠶᠢᠨ ᠬᠢᠷᠢ ᠬᠡᠮ ᠤᠨ ᠰᠢᠯᠭᠠᠯᠳᠠ ᠳᠤ ᠰᠢᠨ᠎ᠡ ᠬᠤᠪᠢᠷᠠᠯᠳᠠ ᠲᠠᠢ
ᠨᠡᠶᠢᠲᠡᠯᠡᠭᠰᠡᠨ ᠴᠠᠭ᠄
2021/3/17
     ᠰᠤᠷᠪᠤᠯᠵᠢᠯᠠᠭᠴᠢ ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ ᠤᠶᠢᠢᠯᠠᠭᠠᠭᠰᠠᠨ ᠢᠶᠠᠷ᠂ ᠪᠠᠭᠰᠢ ᠶᠢᠨ ᠬᠢᠷᠢ ᠬᠡᠮ ᠤᠨ ᠰᠢᠯᠭᠠᠯᠳᠠ ᠳᠤ 3 ᠰᠠᠷ᠎ᠠ ᠶᠢᠨ 22 ᠠᠴᠠ 29 ᠤ ᠡᠳᠦᠷ ᠪᠤᠯᠳᠠᠯ᠎ᠠ᠂ ︽ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠳᠠ ᠶᠢᠨ ᠮᠡᠳᠡᠭᠡ ᠵᠠᠩᠬᠢ ᠶᠢᠨ ᠰᠦᠯᠵᠢᠶ᠎ᠠ︾ ᠳᠤ ᠭᠠᠷᠴᠤ ᠨᠡᠷ᠎ᠡ ᠮᠡᠳᠡᠬᠦᠯᠦᠨ᠎ᠡ᠃      4 ᠰᠠᠷ᠎ᠠ ᠶᠢᠨ 24 ᠤ ᠡᠳᠦᠷ ᠤᠨ 9᠄ 00 — 11᠄ 00 ᠪᠤᠯᠳᠠᠯ᠎ᠠ ᠰᠤᠷᠭᠠᠨ ᠬᠦᠮᠦᠵᠢᠯ ᠤᠨ ᠤᠬᠠᠭᠠᠨ ᠤ ᠰᠢᠯᠭᠠᠯᠳᠠ ᠶᠠᠪᠤᠭᠳᠠᠨ᠎ᠠ᠃ ᠦᠳᠡ ᠶᠢᠨ ᠬᠤᠶᠢᠨᠠᠬᠢ 14᠄ 30 — 16᠄ 30 ᠪᠤᠯᠳᠠᠯ᠎ᠠ ᠰᠤᠷᠭᠠᠨ ᠬᠦᠮᠦᠵᠢᠯ ᠤᠨ ᠰᠡᠳᠬᠢᠴᠡ ᠵᠦᠢ ᠶᠢᠨ ᠰᠢᠯᠭᠠᠯᠳᠠ ᠶᠠᠪᠤᠭᠳᠠᠨ᠎ᠠ᠃      ᠠᠩᠬᠠᠷᠬᠤ ᠴᠢᠬᠤᠯᠠ ᠲᠠᠢ ᠵᠦᠢᠯ ᠬᠡᠪᠡᠯ᠂ 2021 ᠤᠨ ᠤ ᠨᠠᠮᠤᠷ ᠠᠴᠠ ᠡᠬᠢᠯᠡᠨ᠂ ᠮᠠᠨ ᠤ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠳᠠ ᠶᠢ ᠤᠯᠤᠰ ᠠᠴᠠ ᠨᠢᠬᠡᠳᠦᠯᠳᠡᠢ ᠵᠤᠬᠢᠶᠠᠨ ᠪᠠᠶᠢᠭᠤᠯᠬᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠳᠠ ᠳᠤ ᠤᠷᠤᠭᠤᠯᠤᠨ᠎ᠠ᠃ ᠲᠦᠷᠦ ᠶᠢᠨ ᠪᠤᠳᠤᠯᠭ᠎ᠠ ᠶᠢ ᠰᠠᠶᠢᠳᠤᠷ ᠵᠤᠯᠭᠠᠯᠴᠠᠭᠤᠯᠬᠤ ᠶᠢᠨ ᠲᠦᠯᠦᠬᠡ᠂ 2021 ᠤᠨ ᠤ ᠬᠠᠪᠤᠷ ᠤᠨ ᠤᠯᠠᠷᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠳᠠ ᠶᠢᠨ ᠰᠠᠭᠤᠷᠢᠨ ᠳᠡᠬᠡᠷ᠎ᠡ᠂ 2021 ᠤᠨ ᠤ ᠨᠠᠮᠤᠷ ᠳᠠᠬᠢᠵᠤ ᠨᠢᠬᠡ ᠤᠳᠠᠭᠠᠨ ᠤ ︽ᠤᠷᠤᠨ ᠤ ᠰᠢᠯᠭᠠᠯᠳᠠ︾ ᠶᠢ ᠨᠡᠮᠡᠵᠦ ᠰᠢᠯᠭᠠᠨ᠎ᠠ᠃ ᠡᠬᠦᠨ ᠳᠤ ᠵᠦᠪᠬᠡᠨ 2020 ᠤᠨ ᠪᠤᠯᠤᠨ 2021 ᠤᠨ ᠤ ᠬᠠᠪᠤᠷ ᠤᠨ ᠤᠯᠠᠷᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ︽ᠤᠷᠤᠨ ᠤ ᠰᠢᠯᠭᠠᠯᠳᠠ︾ ᠶᠢᠨ ︽ᠰᠤᠷᠭᠠᠨ ᠬᠦᠮᠦᠵᠢᠯ ᠤᠨ ᠤᠬᠠᠭᠠᠨ︾᠂ ︽ᠰᠤᠷᠭᠠᠨ ᠬᠦᠮᠦᠵᠢᠯ ᠤᠨ ᠰᠡᠳᠬᠢᠴᠡ ᠵᠦᠢ︾ ᠶᠢᠨ ᠨᠢᠬᠡ ᠲᠦᠷᠦᠯ ᠳᠤ ᠬᠢᠷᠢ ᠳᠡᠩᠴᠡᠭᠰᠡᠨ ᠬᠦᠮᠦᠰ ᠢ ᠨᠦᠬᠦᠵᠦ ᠰᠢᠯᠭᠠᠭᠤᠯᠤᠨ᠎ᠠ᠃ 2021 ᠤᠨ ᠤ ᠬᠠᠪᠤᠷ ᠤᠨ ᠤᠯᠠᠷᠢᠯ ᠤᠨ ︽ᠤᠷᠤᠨ ᠤ ᠰᠢᠯᠭᠠᠯᠳᠠ︾ ᠳᠤ ᠠᠩᠬ᠎ᠠ ᠤᠳᠠᠭ᠎ᠠ ᠨᠡᠷ᠎ᠡ ᠮᠡᠳᠡᠬᠦᠯᠦᠭᠰᠡᠳ ᠴᠦᠮ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠪᠢᠷ ᠤᠨ ᠰᠢᠯᠭᠠᠯᠳᠠ ᠪᠠ ᠨᠢᠭᠤᠷᠳᠠᠨ ᠰᠢᠯᠭᠠᠯᠳᠠ ᠬᠢᠨ᠎ᠡ᠃ 2019 ᠤᠨ᠂ 2020 ᠤᠨ ᠳᠤ ᠨᠢᠬᠡ ᠲᠦᠷᠦᠯ ᠤᠨ ᠰᠢᠯᠭᠠᠯᠳᠠ ᠳᠤ ᠬᠢᠷᠢ ᠳᠡᠩᠴᠡᠭᠰᠡᠨ ᠦᠨᠡᠮᠯᠡᠯ ᠤᠯᠤᠭᠰᠠᠨ ᠬᠦᠮᠦᠰ ᠪᠢᠷ ᠤᠨ ᠰᠢᠯᠭᠠᠯᠳᠠ ᠳᠤ ᠤᠷᠤᠯᠴᠠᠪᠠᠯ ᠤᠤᠯ ᠤᠨ ᠪᠢᠷ ᠤᠨ ᠰᠢᠯᠭᠠᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠨᠢᠭᠤᠷᠳᠠᠨ ᠰᠢᠯᠭᠠᠨ᠎ᠠ᠃ 2021 ᠤᠨ ᠤ ᠬᠠᠪᠤᠷ ᠤᠨ ᠤᠯᠠᠷᠢᠯ ᠤᠨ ᠪᠢᠷ ᠤᠨ ᠰᠢᠯᠭᠠᠯᠳᠠ ᠳᠤ ᠭᠠᠭᠴᠠ ᠲᠦᠷᠦᠯ ᠨᠢ ᠬᠢᠷᠢ ᠳᠡᠩᠴᠡᠭᠰᠡᠨ ᠦᠨᠡᠮᠯᠡᠯ ᠤᠯᠤᠭᠰᠠᠳ ᠨᠠᠮᠤᠷ ᠤᠨ ᠤᠯᠠᠷᠢᠯ ᠤᠨ ᠨᠦᠬᠦᠨ ᠰᠢᠯᠭᠠᠭᠤᠯᠬᠤ ᠳᠤ ᠤᠷᠤᠯᠴᠠᠪᠠᠯ᠂ ᠮᠦᠨ ᠤᠯᠤᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢᠶᠠᠷ ᠪᠢᠷ ᠤᠨ ᠰᠢᠯᠭᠠᠯᠳᠠ ᠪᠠ ᠨᠢᠭᠤᠷᠳᠠᠨ ᠰᠢᠯᠭᠠᠯᠳᠠ ᠬᠢᠨ᠎ᠡ᠃ 2022 ᠤᠨ ᠠᠴᠠ ᠮᠠᠨ ᠤ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ︽ᠤᠷᠤᠨ ᠤ ᠰᠢᠯᠭᠠᠯᠳᠠ︾ ᠶᠢ ᠳᠠᠬᠢᠵᠤ ᠵᠤᠬᠢᠶᠠᠨ ᠪᠠᠶᠢᠭᠤᠯᠬᠤ ᠦᠬᠡᠢ᠃ ᠶᠡᠭᠡ ᠳᠡᠬᠡᠳᠤ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠳᠠ ᠳᠤ ᠮᠦᠨ ᠬᠦ ︽ᠤᠷᠤᠨ ᠤ ᠰᠢᠯᠭᠠᠯᠳᠠ︾ ᠶᠢ ᠬᠡᠷᠡᠭᠵᠢᠬᠦᠯᠦᠨ᠎ᠡ᠃ 2021 ᠤᠨ ᠳᠤ ︽ᠤᠷᠤᠨ ᠤ ᠰᠢᠯᠭᠠᠯᠳᠠ︾ ᠳᠤ ᠤᠷᠤᠯᠴᠠᠭᠠᠳ ᠬᠤᠶᠠᠷ ᠲᠦᠷᠦᠯ ᠨᠢ ᠬᠢᠷᠢ ᠳᠡᠩᠴᠡᠭᠰᠡᠨ ᠦᠨᠡᠮᠯᠡᠯ ᠤᠯᠤᠭᠰᠠᠨ ᠪᠤᠯ 2022 ᠤᠨ ᠤ ᠡᠴᠦᠰ ᠪᠤᠯᠳᠠᠯ᠎ᠠ ᠬᠦᠴᠦᠨ ᠲᠠᠢ᠂ ᠬᠦᠴᠦᠨ ᠲᠠᠢ ᠬᠤᠭᠤᠴᠠᠭᠠᠨ ᠳᠤ ᠪᠠᠭᠰᠢ ᠶᠢᠨ ᠬᠢᠷᠢ ᠬᠡᠮ ᠤᠨ ᠦᠨᠡᠮᠯᠡᠯ ᠢᠶᠠᠨ ᠡᠷᠡᠮᠡᠯᠵᠡᠵᠦ ᠪᠤᠯᠤᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ