ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ | ᠵᠢᠯ ᠤᠨ ᠭᠠᠯ ᠰᠡᠷᠭᠡᠶᠢᠯᠡᠬᠦ ᠠᠶᠤᠯᠭᠦᠶ ᠶᠢᠨ ᠭᠤᠣᠯᠳᠠᠯᠭ᠎ᠠ ᠲᠠᠢ ᠨᠢᠭᠡᠴᠢ ᠳᠤ ᠳᠤᠬᠢᠷᠠᠭᠤᠯᠤᠯᠲᠠ ᠬᠢᠬᠦ ᠲᠤᠬᠠᠶ ᠮᠡᠳᠡᠭᠳᠡᠯ | ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠢ ᠶᠢᠨ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠨ ᠳᠤ ᠰᠠᠭᠤᠭ᠎ᠠ ᠡᠯ᠎ᠡ | ᠬᠤᠯᠪᠣᠭᠳᠠᠯ ᠪᠦᠬᠦᠢ ᠨᠢᠭᠡᠴᠢ ᠳᠤ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠶᠢᠨ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 61 | ᠳ᠋ᠦ᠋ᠭᠡᠷ ᠲᠣᠭᠠᠲᠤ ︽ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢᠨ ᠲᠣᠭᠲᠠᠭᠠᠯ︾᠂ ᠳᠣᠲᠣᠭᠠᠳᠤ ᠶᠢ ᠬᠠᠮᠠᠭᠠᠯᠠᠬᠤ ᠶᠠᠮᠤᠨ ᠤ ᠵᠠᠷᠯᠢᠭ 120 ᠳ᠋ᠤᠭᠠᠷ ᠲᠣᠭᠠᠲᠤ ︽ᠭᠠᠯ ᠤᠨᠲᠠᠷᠠᠭᠠᠬᠤ ᠬᠢᠨᠠᠯᠲᠠ | ᠪᠠᠶᠢᠴᠠᠭᠠᠯᠲᠠ ᠶᠢᠨ ᠲᠣᠭᠲᠠᠭᠠᠯ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ | ᠨᠢᠭᠡᠴᠢ ᠶᠢ ᠵᠠᠭᠠᠭᠯᠠᠨ ᠲᠣᠭᠲᠠᠭᠠᠬᠤ ᠪᠠᠷᠢᠮᠵᠢᠶ᠎ᠠ︾ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠣᠮᠢᠯᠠᠭᠰᠠᠨ ᠰᠠᠯᠪᠤᠷᠢ ᠶᠢᠨ ᠭᠠᠯ ᠤᠨᠲᠠᠷᠠᠭᠠᠬᠤ ᠠᠵᠢᠯ ᠳᠤ ᠬᠢᠨᠠᠯᠲᠠ ᠲᠠᠯᠪᠢᠬᠤ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠳᠤ᠂ ᠡᠳᠦᠭᠡ ᠪᠥᠬᠦ | ᠰᠢᠶᠠᠨ ᠤ 2021 ᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠨᠢᠭᠡᠴᠡ ᠨᠡᠶᠢᠲᠡ 99 ᠪᠠᠶᠢᠬᠤ ᠶᠢ ᠬᠢᠨᠠᠨ | ᠵᠥᠪᠰᠢᠶᠡᠷᠡᠵᠦ᠂ ᠬᠤᠶᠠᠳᠤᠭᠠᠷ ᠳᠡᠰ ᠤᠨ ᠭᠤᠤᠯᠳᠠᠯᠭ᠎ᠠ ᠲᠠᠢ ᠨᠢᠭᠡᠴᠡ ᠠᠴᠠ ᠪᠤᠰᠤᠳ ᠪᠣᠶ ᠪᠥᠬᠦᠶ ᠨᠢᠭᠡᠴᠡ ᠶᠢ ᠴᠥᠮ ᠬᠠᠷᠢᠶᠠᠲᠤ ᠣᠷᠣᠨ ᠤ ᠲᠣᠮᠢᠯᠠᠭᠰᠠᠨ | ᠰᠠᠯᠪᠤᠷᠢ ᠳᠤ ᠵᠢᠭᠰᠠᠭᠠᠨ ᠬᠠᠮᠢᠶᠠᠷᠤᠭᠤᠯᠤᠨ᠎ᠠ᠃ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠨᠢᠭᠡᠴᠡ ᠨᠦᠭᠦᠳ ︽ᠭᠠᠯ ᠤᠨᠲᠠᠷᠠᠭᠠᠵᠤ | ᠠᠶᠤᠯ ᠠᠴᠠ ᠬᠠᠮᠠᠭᠠᠯᠠᠬᠤ ᠬᠠᠷᠢᠭᠤᠴᠠᠯᠭ᠎ᠠ ᠶᠢᠨ ᠲᠥᠷᠢᠮ ᠢ ᠬᠡᠷᠡᠭᠵᠢᠭᠦᠯᠬᠦ ᠠᠷᠭ᠎ᠠ︾ ᠶᠢ ᠲᠤᠤᠱᠯᠠᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠣᠣᠷ᠎ᠠ ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | 1. ᠡᠯ᠎ᠡ ᠱᠠᠳᠤ᠂ ᠡᠯ᠎ᠡ ᠠᠵᠢᠯ ᠤᠨ ᠪᠠᠶᠢᠷᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠷᠢᠭᠤᠴᠠᠯᠭᠠᠲᠠᠨ ᠬᠢᠭᠡᠳ ᠲᠡᠭᠦᠨ ᠤ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠰ ᠨᠢᠭᠡᠴᠡ ᠶᠢᠨ ᠢᠶᠠᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠲᠥᠷᠢᠮ᠂ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠠᠵᠢᠯᠯᠠᠬᠤ ᠲᠥᠷᠢᠮ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠨ ᠶᠠᠪᠤᠭᠤᠯᠬᠤ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ | ᠃ ᠠᠵᠢᠯᠳᠠᠨ ᠠᠵᠢᠯᠴᠢᠳ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ | ᠪᠣᠯᠪᠠᠰᠤᠷᠠᠭᠤᠯᠤᠯ ᠬᠢᠯᠭᠡᠵᠦ᠂ ᠭᠠᠯ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠥᠷᠨᠢᠭᠦᠯᠵᠦ ᠡᠯ᠎ᠡ ᠵᠦᠢᠯ ᠤᠨ ᠲᠥᠷᠢᠮ ᠲᠣᠭᠲᠠᠭᠠᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠶ᠃ | 2. ᠭᠠᠯ ᠰᠡᠷᠭᠡᠶᠢᠯᠡᠯᠲᠡ ᠶᠢᠨ ᠪᠠᠶᠢᠴᠠᠭᠠᠯᠲᠠ ᠬᠢᠵᠦ ᠲᠣᠭᠤᠷᠢᠨ ᠪᠠᠶᠢᠴᠠᠭᠠᠬᠤ᠂ ᠭᠠᠯ ᠤᠨᠲᠠᠷᠠᠭᠠᠬᠤ ᠪᠡᠯᠡᠳᠬᠡᠮᠵᠢ ᠶᠢᠨ ᠪᠠᠭᠠᠵᠢ ᠬᠡᠷᠡᠭᠰᠡᠯ ᠢ ᠬᠠᠮᠠᠭᠠᠯᠠᠨ | ᠠᠷᠠᠴᠢᠯᠠᠬᠤ᠂ ᠪᠠᠷᠢᠯᠭ᠎ᠠ ᠶᠢᠨ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ᠂ ᠭᠠᠯ ᠤᠨ ᠠᠶᠤᠯ ᠤᠨ ᠲᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠶᠢ | ᠪᠠᠲᠤᠯᠠᠬᠤ ᠬᠡᠷᠡᠭᠲᠡᠶ᠃ | 3. ᠬᠠᠮᠢᠶ᠎ᠠ ᠪᠥᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠲᠣᠬᠢᠷᠠᠭᠤᠯᠵᠤ᠂ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠲᠡᠮᠳᠡᠭ ᠪᠠᠶᠢᠷᠢᠯᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ᠂ ᠪᠠᠷᠢᠯᠭ᠎ᠠ ᠶᠢᠨ ᠭᠠᠯ ᠤᠨᠲᠠᠷᠠᠭᠠᠬᠤ | ᠪᠡᠯᠡᠳᠬᠡᠮᠵᠢ ᠶᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠪᠥᠬᠦ ᠲᠠᠯ᠎ᠠ ᠪᠠᠷ ᠪᠠᠶᠢᠴᠠᠭᠠᠨ ᠬᠡᠮᠵᠢᠵᠦ᠂ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ᠃ ᠭᠠᠯ ᠤᠨᠲᠠᠷᠠᠭᠠᠬᠤ ᠡᠵᠡᠮᠳᠡᠯ ᠤᠨ ᠲᠠᠰᠤᠭ ᠲᠠᠢ ᠪᠣᠯ 24 ᠴᠠᠭ ᠢᠶᠠᠷ ᠵᠢᠵᠢᠭᠦᠷᠯᠡᠬᠦ ᠲᠦᠷᠢᠮ ᠢ ᠬᠡᠷᠡᠭᠵᠢᠭᠦᠯᠵᠦ᠂ ᠡᠭᠡᠯᠵᠢ ᠪᠦᠷᠢ ᠳᠤ 2 | ᠬᠥᠮᠦᠨ ᠠᠴᠠ ᠳᠤᠲᠠᠭᠤ ᠪᠠᠶᠢᠵᠤ ᠪᠣᠯᠬᠤ ᠥᠬᠡᠶ᠂ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠬᠡᠷᠡᠭᠲᠡᠶ᠃ | 4.ᠲᠠᠷᠬᠠᠭᠠᠨ ᠶᠠᠪᠤᠭᠤᠯᠬᠤ ᠨᠡᠪᠳᠡᠷᠡᠯ ᠵᠠᠮ᠂ ᠠᠶᠤᠯ ᠥᠭᠡᠢ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡᠨ ᠤ ᠨᠡᠪᠳᠡᠷᠡᠯ ᠵᠠᠮ ᠤᠨ ᠰᠠᠭᠠᠳ ᠥᠭᠡᠢ | ᠨᠡᠪᠲᠡᠷᠡᠬᠦ ᠶᠢ ᠪᠠᠲᠤᠯᠠᠵᠤ᠂ ᠭᠠᠯ ᠰᠡᠷᠭᠡᠶᠢᠯᠡᠬᠦ ᠤᠲᠤᠭ᠎ᠠ ᠰᠡᠷᠭᠡᠶᠢᠯᠡᠬᠦ ᠬᠤᠪᠢᠶᠠᠷᠢ ᠲᠣᠭᠤᠷᠢᠭ᠂ ᠭᠠᠯ ᠰᠡᠷᠭᠡᠶᠢᠯᠡᠬᠦ ᠵᠠᠶ ᠨᠢ ᠭᠠᠯ ᠤᠨᠲᠠᠷᠠᠭᠠᠬᠤ ᠮᠡᠷᠭᠡᠵᠢᠯ ᠤᠨ | ᠪᠠᠷᠢᠮᠵᠢᠶ᠎ᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ ᠡᠭᠦᠳᠡ ᠴᠣᠩᠬᠤᠨ ᠳᠤ ᠠᠮᠢ ᠵᠢᠭᠤᠲᠠᠬᠤ ᠪᠠ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠬᠦ ᠬᠠᠷᠰᠢ ᠰᠠᠭᠠᠳ ᠲᠠᠯᠪᠢᠵᠤ ᠪᠣᠯᠬᠤ ᠦᠭᠡᠢ᠃ ᠪᠠᠷᠢᠯᠭ᠎ᠠ ᠶᠢᠨ ᠲᠣᠨᠣᠭᠯᠠᠭᠠᠰᠤ᠂ ᠪᠠᠷᠢᠯᠭ᠎ᠠ ᠶᠢᠨ ᠮᠠᠲ᠋ᠧᠷᠢᠶᠠᠯ | ᠪᠣᠯᠤᠨ ᠭᠡᠷ ᠳᠣᠲᠣᠷᠠᠬᠢ ᠵᠠᠰᠠᠯ ᠴᠢᠮᠡᠭᠯᠡᠯ ᠤᠨ ᠮᠠᠲ᠋ᠧᠷᠢᠶᠠᠯ ᠵᠡᠷᠭᠡ ᠶᠢ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠶ᠃ | 5. ᠭᠠᠯ ᠤᠨᠲᠠᠷᠠᠭᠠᠬᠤ ᠳᠠᠩᠰᠠ ᠡᠪᠬᠡᠮᠡᠯ ᠪᠠᠶᠢᠭᠤᠯᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠭᠤᠣᠯᠳᠠᠯᠭ᠎ᠠ ᠲᠠᠢ ᠣᠷᠣᠨ ᠪᠠᠶᠢᠷᠢ ᠶᠢ | ᠲᠣᠭᠲᠠᠭᠠᠵᠤ᠂ ᠭᠠᠯ ᠰᠡᠷᠭᠡᠶᠢᠯᠡᠬᠦ ᠳᠡᠮᠳᠡᠭ ᠲᠠᠯᠪᠢᠵᠤ᠂ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | 6. ᠴᠠᠬᠢᠯᠭᠠᠨ ᠬᠡᠷᠡᠭᠰᠡᠯ ᠤᠨ ᠦᠶ᠋ᠯᠡᠳᠬᠦᠨ᠂ ᠰᠢᠲᠠᠮᠠᠬᠠᠶ ᠬᠡᠶ ᠶᠢᠨ ᠬᠡᠷᠡᠭᠰᠡᠯ ᠢ ᠤᠭᠰᠠᠷᠠᠬᠤ᠂ ᠬᠡᠷᠡᠭᠯᠡᠬᠦ ᠪᠠ ᠴᠠᠬᠢᠯᠭᠠᠨ ᠤ ᠱᠤᠭᠤᠮ᠂ ᠬᠤᠭᠤᠯᠠᠶ | ᠱᠤᠭᠤᠮ ᠢ ᠳᠡᠪᠢᠰᠬᠦ ᠳᠤ ᠡᠷᠬᠡᠪᠰᠢ ᠬᠠᠮᠢᠶ᠎ᠠ ᠪᠥᠬᠦᠶ ᠪᠠᠷᠢᠮᠵᠢᠶ᠎ᠠ ᠪᠠ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠳᠤ | ᠨᠡᠶᠢᠴᠡᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠵᠤ᠂ ᠪᠠᠶᠢᠴᠠᠭᠠᠨ ᠰᠢᠯᠭᠠᠬᠤ ᠬᠡᠷᠡᠭᠲᠡᠶ᠃ | 7. ︽ᠨᠡᠶᠢᠭᠡᠮ ᠤᠨ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠵᠦᠭᠯᠡᠭᠦᠷ︾ ︵ | DB33/T828 — 2011︶ ᠢ ᠦᠨᠳᠦᠰᠦᠯᠡᠨ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ︽ᠲᠥᠷᠪᠡᠨ ᠴᠢᠳᠠᠪᠤᠷᠢ︾ ᠶᠢᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠡᠭᠦᠨ ᠤ ᠵᠡᠷᠭᠡᠴᠡᠪᠡᠷ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ︽ᠡᠷᠥᠭᠡ | ᠠᠮᠠᠴᠢᠯᠠᠭᠰᠠᠨ︾ ᠬᠠᠮᠢᠶᠠᠷᠤᠯᠲᠠ ᠶᠢᠨ ᠲᠠᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ | ᠬᠠᠮᠢᠶᠠᠷᠤᠯᠲᠠ ᠶᠢᠨ ᠠᠵᠢᠯᠳᠠᠨ᠂ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢᠨ ᠥᠪᠡᠷ ᠢ ᠪᠠᠨ | ᠦᠨᠡᠯᠡᠨ ᠵᠢᠱᠢᠬᠦ ᠭᠤᠷᠪᠠᠨ ᠵᠦᠢᠯ ᠤᠨ ᠮᠡᠳᠡᠭᠦᠯᠵᠦ ᠳᠠᠩᠰᠠᠯᠠᠭᠤᠯᠬᠤ ᠲᠥᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠢᠭᠡᠴᠡ ᠶᠢᠨ ᠭᠠᠯ ᠤᠨᠲᠠᠷᠠᠭᠠᠵᠤ ᠠᠶᠤᠯ ᠠᠴᠠ | ᠬᠠᠮᠠᠭᠠᠯᠠᠬᠤ ᠶᠢᠨ ᠥᠪᠡᠷ ᠢ ᠪᠠᠨ ᠬᠠᠮᠢᠶᠠᠷᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ | 8. ᠭᠠᠯ ᠰᠡᠷᠭᠡᠶᠢᠯᠡᠨ ᠤᠨᠲᠠᠷᠠᠭᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠢᠴᠢ ᠲᠦᠷᠦ ᠶᠢᠨ ᠪᠤᠳᠦᠯᠭ᠎ᠠ ᠶᠢᠨ ᠪᠢᠴᠢᠭ | ᠮᠠᠲ᠋ᠧᠷᠢᠶᠠᠯ ᠳᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | ᠦᠶᠤᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ | 2021 ᠣᠨ ᠤ 2 ᠰᠠᠷ᠎ᠠ ᠶᠢᠨ 1 ᠤ ᠡᠳᠦᠷ |